| ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠠᠴᠠ ᠰᠢ ᠶᠢᠨ ᠫᠢᠩ ᠤᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠪᠠᠷ ᠭᠤᠣᠯ ᠰᠡᠳᠦᠪ | ᠪᠣᠯᠭᠠᠨ ᠬᠠᠮᠲᠤ ᠶᠢᠨ ᠰᠤᠷᠤᠯᠴᠠᠯᠭ᠎ᠠ ᠦᠷᠨᠢᠭᠦᠯᠪᠡ᠃ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠤᠪᠴᠢᠶᠠᠨ ᠳᠠᠷᠤᠭ᠎ᠠ ᠶᠢᠨ ᠮᠠᠨᠰᠠᠩ ᠬᠤᠷᠠᠯ ᠢ ᠡᠷᠬᠢᠯᠡᠵᠦ᠂ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠰᠠᠨᠠᠯ ᠢᠶᠠᠨ ᠰᠣᠯᠢᠯᠴᠠᠬᠤ ᠦᠭᠡ | ᠬᠡᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠰᠢᠰᠲ᠋ᠧᠮ ᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠪᠣᠯᠣᠨ ᠥᠷᠭᠡᠨ ᠣᠯᠠᠨ ᠨᠠᠮ ᠤᠨ ᠭᠡᠰᠢᠭᠦᠨ | ᠺᠠᠳ᠋ᠷ ᠠᠵᠢᠯᠲᠠᠨ ᠠᠵᠢᠯᠴᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠶᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠬᠤ ᠲᠠᠢ ᠨᠢᠭᠲᠠ ᠤᠶᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ | ᠴᠢᠬᠤᠯᠠᠴᠢᠯᠠᠭᠰᠠᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠳᠡᠭᠡᠳᠦ ᠬᠡᠮᠵᠢᠶᠡᠨ ᠠᠴᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠣᠶᠢᠯᠠᠭᠠᠵᠤ᠂ ︽ᠬᠤᠶᠠᠷ ᠢ ᠲᠣᠭᠲᠠᠭᠠᠬᠤ︾ | ᠶᠢ ᠬᠦᠷᠢᠶᠡᠯᠡᠬᠦ᠂ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ ᠢ ᠦᠢᠯᠡᠳᠦᠯᠭᠡᠵᠢᠭᠦᠯᠬᠦ | ᠡᠭᠦᠳᠡᠨ ᠠᠴᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠢᠯᠡᠷᠡᠭᠦᠯᠦᠭᠰᠡᠨ ᠠᠭᠤᠤ | ᠶᠡᠭᠡ ᠬᠠᠶᠢᠷ᠎ᠠ ᠰᠡᠳᠬᠢᠯᠭᠡ ᠶᠢ ᠡᠵᠡᠮᠳᠡᠵᠦ᠂ ᠬᠥᠮᠥᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ | ᠣᠳᠣᠬᠢᠴᠢᠯᠠᠯᠲᠠ ᠶᠢ ᠪᠦᠲᠦᠭᠡᠨ ᠪᠠᠶᠢᠭᠤᠯᠬᠤ ᠳᠤ ᠢᠳᠡᠪᠬᠢᠲᠡᠢ ᠣᠷᠤᠯᠴᠠᠬᠤ ᠬᠠᠷᠠᠭᠠᠰᠤ ᠠᠴᠠ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠦᠢᠯᠡᠳᠦᠯᠭᠡᠵᠢᠭᠦᠯᠦᠭᠴᠢ᠂ ᠠᠬᠢᠭᠤᠯᠤᠭᠴᠢ ᠶᠢᠨ ᠤᠯᠤᠰ ᠲᠦᠷᠦ ᠶᠢᠨ | ᠬᠠᠷᠢᠭᠤᠴᠠᠯᠭ᠎ᠠ ᠶᠢ ᠭᠦᠢᠴᠡᠳᠬᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ | ᠵᠢᠯᠣᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠤᠬᠠᠮᠰᠠᠷ ᠠᠴᠠ ᠪᠠᠨ ᠰᠢ ᠶᠢᠨ | ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠡᠷᠡᠰ ᠪᠠᠲᠤ ᠰᠢᠲᠦᠭᠴᠢ ᠪᠠ ᠦᠨᠡᠨᠴᠢ ᠰᠢᠳᠤᠷᠭᠤ | ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠢ᠃ | ᠬᠤᠷᠠᠯ ᠠᠴᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ | ᠠᠮᠢᠳᠤᠷᠠᠯ ᠤᠨ ᠬᠤᠷᠠᠯ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠤᠯᠠᠮᠵᠢᠯᠠᠵᠤ᠂ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ | ᠲᠤᠬᠠᠢ ᠪᠠᠷᠢᠮᠵᠢᠶ᠎ᠠ ᠨᠤᠭᠤᠳ︾᠂︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ | ᠲᠠᠯᠪᠢᠬᠤ ᠳᠦᠷᠢᠮ︾ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠲᠠᠬᠢᠨ ᠡᠷᠭᠢᠴᠡᠭᠦᠯᠵᠦ᠂ 2022 | ᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ | ᠬᠤᠷᠠᠯ ᠢ ᠴᠢᠨᠠᠷ ᠰᠠᠶᠢᠲᠠᠢ ᠬᠤᠷᠠᠯᠳᠤᠭᠤᠯᠬᠤ ᠳᠤ ᠰᠠᠭᠤᠷᠢ ᠲᠠᠯᠪᠢᠭᠰᠠᠨ ᠪᠠᠶᠢᠨ᠎ᠡ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠪᠠᠶᠢᠭᠤᠯᠤᠯᠭ᠎ᠠ ᠶᠢᠨ ᠡᠯ᠎ᠡ ᠭᠠᠵᠠᠷ | ᠭᠡᠷ ᠤᠨ ᠭᠤᠣᠯ ᠬᠠᠷᠢᠭᠤᠴᠠᠯᠭᠠᠲᠠᠨ ᠰᠤᠷᠤᠯᠴᠠᠯᠭ᠎ᠠ ᠶᠢᠨ ᠬᠤᠷᠠᠯ ᠳᠤ ᠤᠷᠤᠯᠴᠠᠪᠠ᠃ |