ᠡᠨᠡ ᠬᠥᠳᠡᠯᠭᠡᠭᠡᠨ ᠢ ᠡᠳᠦᠷ ᠪᠦᠷᠢ ᠪᠠᠷᠢᠮᠳᠠᠯᠠᠵᠦ ᠪᠠᠢ
ᠨᠡᠶᠢᠲᠡᠯᠡᠭᠰᠡᠨ ᠴᠠᠭ᠄
2023/10/11
    1. ᠬᠤᠭᠤᠯᠠ ᠢᠳᠡᠭᠰᠡᠨ ᠤ ᠳᠠᠷᠠᠭ᠎ᠠ ᠬᠡᠷᠡᠮ ᠲᠠᠢ ᠨᠠᠭᠠᠯᠳᠣᠵᠦ ᠵᠤᠬᠰᠣᠬᠤ ᠨᠢ᠂ ᠮᠠᠷᠢᠶ᠎ᠠ ᠰᠢᠭᠤᠷᠠᠭᠤᠯᠵᠤ ᠰᠢᠩᠭᠡᠭᠡᠯᠲᠡ ᠶᠢ ᠰᠠᠶᠢᠵᠢᠷᠠᠭᠤᠯᠤᠨ᠎ᠠ᠃ ᠡᠬᠢᠯᠡᠬᠡᠳ 5 ᠮᠢᠨᠦ᠋ᠲ᠂ ᠤᠳᠠᠭᠠᠨ ᠳᠠᠭᠠᠨ 10 ᠠᠴᠠ 15 ᠮᠢᠨᠦ᠋ᠲ ᠵᠤᠬᠰᠣᠨ᠎ᠠ᠃ ᠵᠣᠭᠰᠣᠬᠤ ᠳᠠᠭᠠᠨ ᠲᠡᠭᠰᠢ ᠤᠯᠠ ᠲᠠᠢ ᠱᠠᠬᠠᠢ ᠡᠮᠦᠰᠬᠦ ᠶᠢ ᠠᠩᠬᠠᠷᠬᠤ ᠬᠡᠷᠡᠭᠲᠡᠢ᠃     2. ᠬᠡᠷᠡᠮ ᠲᠠᠢ ᠨᠠᠭᠠᠯᠳᠣᠵᠦ ᠵᠤᠬᠰᠣᠬᠤ ᠨᠢ ᠨᠢᠷᠣᠭᠤ ᠰᠡᠭᠡᠷ ᠢ ᠠᠮᠠᠷᠠᠭᠤᠯᠳᠠᠭ᠃ ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶᠠᠨ ᠤ ᠰᠢᠮ᠎ᠡ ᠲᠡᠵᠢᠭᠡᠯ ᠤᠨ ᠰᠠᠯᠠᠭᠠᠨ ᠤ ᠡᠷᠬᠢᠯᠡᠭᠴᠢ ᠡᠮᠴᠢ ᠴᠧᠨ ᠸᠧᠢ ᠶᠢᠨ ᠲᠠᠨᠢᠯᠴᠠᠭᠤᠯᠤᠭᠰᠠᠨ ᠢᠶᠠᠷ᠂ ᠬᠡᠷᠡᠮ ᠲᠠᠢ ᠨᠠᠭᠠᠯᠳᠣᠵᠦ ᠵᠣᠭᠰᠣᠪᠠᠯ ᠬᠦᠵᠦᠭᠦᠦ ᠰᠡᠭᠡᠷ ᠪᠣᠯᠣᠨ ᠪᠦᠰᠡᠯᠡᠭᠦᠷ ᠨᠢᠷᠤᠭᠤ ᠶᠢ ᠭᠦᠢᠴᠡᠳ ᠠᠮᠠᠷᠠᠭᠤᠯᠵᠦ ᠴᠢᠳᠠᠳᠠᠭ ᠶᠤᠮ ᠪᠠᠶᠢᠨ᠎ᠠ᠃     3. ᠬᠡᠷᠡᠮ ᠲᠠᠢ ᠨᠠᠭᠠᠯᠳᠣᠵᠦ ᠵᠤᠬᠰᠣᠬᠤ ᠳᠠᠭᠠᠨ᠂ ᠨᠢᠷᠤᠭᠤ ᠪᠠᠨ ᠰᠠᠨᠠᠭᠠᠴᠢᠯᠠᠭ᠎ᠠ ᠠᠴᠠ ᠪᠠᠨ ᠳᠡᠭᠰᠢᠯᠡᠬᠦ ᠭᠡᠷᠡᠭᠳᠡᠢ᠃ ᠡᠮᠴᠢ ᠶᠢᠨ ᠲᠠᠨᠢᠯᠴᠠᠭᠤᠯᠤᠭᠰᠠᠨ ᠢᠶᠠᠷ᠂ ᠬᠡᠷᠡᠮ ᠲᠠᠢ ᠨᠠᠭᠠᠯᠳᠣᠵᠦ ᠵᠣᠭᠰᠣᠬᠤ ᠦᠶ᠎ᠡ ᠰᠠᠨᠠᠭᠠᠴᠢᠯᠠᠭ᠎ᠠ ᠠᠴᠠ ᠪᠠᠨ ᠰᠡᠭᠡᠷ ᠢᠶᠠᠨ ᠵᠠᠰᠠᠵᠤ ᠪᠤᠯᠳᠠᠭ᠂ ᠤᠴᠢᠷ ᠨᠢ ᠬᠦᠮᠦᠰ ᠰᠡᠭᠡᠷ ᠨᠢᠷᠤᠭᠤ ᠪᠠᠨ ᠬᠠᠵᠠᠶᠢᠯᠭᠠᠵᠦ ᠵᠤᠬᠰᠣᠬᠤ ᠳᠣᠷᠠᠳᠠᠢ ᠪᠠᠶᠢᠵᠤ᠂ ᠬᠡᠷᠡᠮ ᠲᠠᠢ ᠨᠠᠭᠠᠯᠳᠣᠵᠦ ᠵᠣᠭᠰᠣᠬᠤ ᠨᠢ ᠰᠡᠭᠡᠷ ᠨᠢᠷᠤᠭᠤ ᠶᠢ ᠵᠣᠬᠢᠬᠤ ᠬᠡᠮᠵᠢᠶ᠎ᠡ ᠪᠠᠷ ᠳᠡᠭᠰᠢᠯᠡᠬᠦ ᠪᠠ ᠵᠠᠰᠠᠬᠤ ᠦᠢᠯᠡᠳᠦᠯ ᠲᠠᠢ ᠪᠠᠶᠢᠳᠠᠭ ᠶᠤᠮ ᠪᠠᠶᠢᠨ᠎ᠠ᠃     4. ᠬᠡᠷᠡᠮ ᠲᠠᠢ ᠨᠠᠭᠠᠯᠳᠣᠵᠦ ᠵᠤᠬᠰᠣᠬᠤ ᠨᠢ ᠪᠥᠭᠲᠥᠷ ᠪᠥᠭᠴᠥᠭᠡᠷ ᠢ ᠵᠠᠰᠠᠨ᠎ᠠ᠃ ᠪᠠᠭ᠎ᠠ ᠰᠠᠭ᠎ᠠ ᠪᠥᠭᠲᠥᠷ ᠢ ᠬᠡᠷᠡᠮ  ᠲᠠᠢ ᠨᠠᠭᠠᠯᠳᠣᠵᠦ ᠵᠤᠬᠰᠣᠭᠠᠳ ᠵᠠᠰᠠᠵᠦ ᠪᠤᠯᠳᠠᠭ ᠮᠦᠷᠳᠡᠬᠡᠨ ᠦᠷ᠎ᠡ ᠳ᠋ᠦᠩ ᠨᠢ ᠨᠡᠯᠢᠶᠡᠳ ᠵᠦᠭᠡᠷ ᠪᠠᠶᠢᠳᠠᠭ ᠶᠤᠮ᠃     5. ᠬᠡᠷᠡᠮ ᠲᠠᠢ ᠨᠠᠭᠠᠯᠳᠣᠵᠦ ᠵᠣᠭᠰᠣᠪᠠᠯ ᠠᠯᠬᠤᠭ᠎ᠠ ᠭᠢᠰᠬᠢᠭᠡ ᠪᠠᠨ ᠵᠠᠰᠠᠵᠦ ᠪᠤᠯᠳᠠᠭ᠃ ᠣᠳᠣᠬᠠᠨ ᠳᠤ ᠣᠯᠠᠨ ᠬᠦᠮᠦᠰ ᠤᠨ ᠠᠯᠬᠤᠵᠦ ᠬᠢᠰᠬᠢᠬᠦ ᠨᠢ ᠡᠪ ᠦᠬᠡᠢ ᠪᠠᠶᠢᠵᠦ᠂ ᠦᠷᠭᠦᠯᠵᠢ ᠬᠡᠷᠡᠮ ᠲᠠᠢ ᠨᠠᠭᠠᠯᠳᠣᠵᠦ ᠵᠤᠬᠰᠣᠪᠠᠯ ᠲᠡᠭᠦᠨ ᠢ ᠵᠠᠰᠠᠵᠦ ᠪᠤᠯᠳᠠᠭ ᠶᠤᠮ ᠪᠠᠶᠢᠨ᠎ᠠ᠃
 
ᠢᠷᠡᠯᠲᠡ᠄ ᠲᠤᠮᠳᠠᠳᠦ ᠤᠯᠤᠰ ᠤᠨ ᠮᠤᠩᠭᠤᠯ ᠷᠠᠳᠢᠤ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号