ᠵᠣᠣ ᠳ᠋ᠠᠨ ᠥᠪᠥᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠠᠩᠬᠠᠳᠠᠭᠴᠢ ᠠᠯᠳᠠᠨ ᠮᠧᠳᠡᠯ ᠢ ᠭᠠᠷᠳᠠᠵᠠᠢ
ᠨᠡᠶᠢᠲᠡᠯᠡᠭᠰᠡᠨ ᠴᠠᠭ᠄
2023/11/27
    11 ᠰᠠᠷ᠎ᠠ ᠶᠢᠨ 25 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ   ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠣᠯᠣᠳ ᠵᠢᠶᠠᠰᠠᠲᠤ ᠵᠠᠯᠠᠭᠤᠷᠳᠤ ᠴᠢᠷᠭ᠎ᠠ ᠶᠢᠨ ᠲᠥᠷᠥᠯ ᠤᠨ ᠤᠷᠤᠯᠳᠤᠭᠠᠨ ᠪᠡᠭᠡᠵᠢᠩ ᠤᠨ ᠶᠡᠨᠴᠢᠩ ᠤᠨ ᠤᠯᠤᠰ ᠤᠨ ᠴᠢᠷᠭ᠎ᠠ ᠶᠢᠨ ᠤᠷᠤᠯᠳᠤᠭᠠᠨ ᠤ ᠲᠦᠪ ᠲᠤ ᠶᠠᠪᠤᠭᠳᠠᠵᠦ᠂ ᠮᠠᠨ ᠤ ᠤᠷᠤᠨ  ᠤ ᠡᠮᠡᠭᠳᠡᠢ ᠲᠠᠮᠢᠷᠴᠢᠨ ᠵᠣᠣ ᠳ᠋ᠠᠨ ᠪᠣᠯᠣᠳ ᠵᠢᠶᠠᠰᠠᠲᠤ ᠵᠠᠯᠠᠭᠤᠷᠳᠤ ᠴᠢᠷᠭ᠎ᠠ ᠶᠢᠨ ᠲᠥᠷᠥᠯ ᠤᠨ ᠤᠷᠤᠯᠳᠤᠭᠠᠨ ᠳᠤ ᠠᠯᠲᠠᠨ ᠮᠧᠳᠠᠯ ᠭᠠᠷᠳᠠᠯ᠎ᠠ᠃ ᠡᠨᠡ ᠪᠣᠯ ᠥᠪᠥᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ   ᠤᠨ ᠤᠯᠠᠷᠢᠯ ᠤᠨ ᠲᠠᠮᠢᠷ ᠤᠨ ᠴᠤᠭᠯᠠᠭᠠᠨ ᠤ ᠠᠩᠬᠠᠳᠠᠭᠴᠢ ᠠᠯᠲᠠᠨ ᠮᠧᠳᠠᠯ ᠪᠣᠯᠬᠤ ᠶᠤᠮ᠃     11 ᠰᠠᠷ᠎ᠠ ᠶᠢᠨ 25 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ   ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠮᠡᠭᠳᠡᠢ ᠶᠢᠨ ᠪᠣᠯᠣᠳ ᠵᠢᠶᠠᠰᠠᠲᠤ ᠵᠠᠯᠠᠭᠤᠷᠳᠤ ᠴᠢᠷᠭ᠎ᠠ ᠶᠢᠨ ᠤᠷᠤᠯᠳᠤᠭᠠᠨ ᠪᠠ ᠡᠷᠡᠭᠳᠡᠢ ᠶᠢᠨ ᠪᠣᠯᠣᠳ ᠵᠢᠶᠠᠰᠠᠲᠤ ᠵᠠᠯᠠᠭᠤᠷᠳᠤ ᠴᠢᠷᠭ᠎ᠠ ᠶᠢᠨ ᠤᠷᠤᠯᠳᠤᠭᠠᠨ ᠴᠥᠮ 4 ᠡᠭᠡᠯᠵᠢ ᠶᠢᠨ ᠤᠷᠤᠯᠳᠤᠭᠠᠨ ᠶᠠᠪᠤᠭᠤᠯᠵᠤ᠂ ᠲᠦᠷᠦᠭᠦᠦ ᠬᠤᠶᠠᠷ ᠡᠭᠡᠯᠵᠢ ᠶᠢᠨ ᠤᠷᠤᠯᠳᠤᠭᠠᠨ ᠳᠤ᠂ ᠵᠣᠣ ᠳ᠋ᠠᠨ ᠡᠮᠡᠭᠳᠡᠢ ᠶᠢᠨ ᠪᠣᠯᠣᠳ ᠵᠢᠶᠠᠰᠠᠲᠤ ᠵᠠᠯᠠᠭᠤᠷᠳᠤ ᠴᠢᠷᠭ᠎ᠠ ᠶᠢᠨ ᠤᠷᠤᠯᠳᠤᠭᠠᠨ ᠳᠤ ᠤᠷᠤᠯᠴᠠᠭᠰᠠᠨ 8 ᠲᠠᠮᠢᠷᠴᠢᠨ ᠤ ᠳᠣᠲᠣᠷᠠᠬᠢ ᠬᠤᠶᠠᠷ ᠡᠭᠡᠯᠵᠢ ᠨᠢ ᠴᠥᠮ 1 ᠮᠢᠨᠦ᠋ᠲ 02 ᠰᠧᠺᠦ᠋ᠨ᠋ᠳ᠋ ᠤᠨ ᠳᠣᠲᠣᠷ᠎ᠠ ᠤᠷᠤᠯᠳᠤᠭᠠᠨ ᠢᠶᠠᠨ ᠪᠡᠶᠡᠯᠡᠭᠦᠯᠦᠭᠰᠡᠨ ᠴᠤᠷ ᠤᠨ ᠭᠠᠭᠴᠠ ᠲᠠᠮᠢᠷᠴᠢᠨ ᠪᠣᠯᠤᠨ᠎ᠠ᠃ ᠵᠣᠣ ᠳ᠋ᠠᠨ 4 ᠡᠭᠡᠯᠵᠢ ᠶᠢᠨ ᠤᠷᠤᠯᠳᠤᠭᠠᠨ ᠳᠤ 4 ᠮᠢᠨᠦ᠋ᠲ 07 ᠰᠧᠺᠦ᠋ᠨ᠋ᠳ᠋ 97 ᠤᠨ ᠶᠡᠷᠦᠩᠬᠡᠶ ᠬᠢᠷᠢ ᠪᠦᠲᠦᠮᠵᠢ ᠪᠠᠷ ᠨᠢᠭᠡᠳᠦᠭᠡᠷ ᠲᠤ ᠲᠤᠳᠤᠷᠠᠵᠦ ᠠᠯᠲᠠᠨ ᠮᠧᠳᠠᠯ ᠭᠠᠷᠳᠠᠯ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号