ᠮᠠᠨ ᠤ ᠤᠷᠤᠨ ᠤ ᠲᠠᠮᠢᠷᠴᠢᠨ ᠾᠸᠦ ᠱᠦᠸᠧ ᠠᠯᠳᠠᠨ ᠮᠧᠳᠡᠯ ᠭᠠᠷᠳᠠᠪᠠ
ᠨᠡᠶᠢᠲᠡᠯᠡᠭᠰᠡᠨ ᠴᠠᠭ᠄
2023/12/18
    12 ᠰᠠᠷ᠎ᠠ ᠶᠢᠨ 16 ᠤ ᠡᠳᠦᠷ᠂ ︽ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠴᠢᠷᠭ᠎ᠠ ᠶᠢᠨ ᠲᠦᠷᠦᠯ ᠤᠨ ᠰᠢᠢᠳᠪᠦᠷᠢᠳᠦ ᠤᠷᠤᠯᠳᠤᠭᠠᠨ ᠪᠡᠭᠡᠵᠢᠩ ᠤᠨ ᠶᠠᠨᠴᠢᠩ ᠳᠠᠬᠢ ᠤᠯᠤᠰ ᠤᠨ ᠴᠠᠰᠤᠨ ᠲᠡᠷᠭᠡ ᠴᠢᠷᠭ᠎ᠠ ᠶᠢᠨ ᠲᠦᠪ ᠲᠤ ᠶᠠᠪᠤᠭᠳᠠᠯ᠎ᠠ᠃ ᠮᠠᠨ ᠤ ᠤᠷᠤᠨ ᠤ ᠲᠠᠮᠢᠷᠴᠢᠨ ᠾᠸᠦ ᠱᠦᠸᠧ ᠱᠠᠨᠰᠢ ᠮᠤᠵᠢ ᠶᠢᠨ ᠲᠠᠮᠢᠷᠴᠢᠨ ᠵᠢᠤᠶᠢᠪᠠᠶ᠋ᠢ· ᠰᠠᠶᠢᠺᠧᠶ᠋ᠢ ᠲᠠᠢ ᠨᠢᠭᠡᠴᠢ ᠠᠯᠤᠰᠯᠠᠨ ᠠᠩᠭᠢ ᠵᠤᠬᠢᠶᠠᠨ ᠪᠠᠶᠢᠭᠤᠯᠬᠤ ᠬᠡᠯᠪᠡᠷᠢ ᠪᠠᠷ ᠤᠷᠤᠯᠳᠤᠭᠠᠨ ᠳᠤ ᠤᠷᠤᠯᠴᠠᠵᠦ᠂ ᠡᠷᠡᠭᠳᠡᠢ ᠶᠢᠨ ᠬᠤᠤᠰ ᠬᠦᠮᠦᠨ ᠤ ᠤᠷᠤᠯᠳᠤᠭᠠᠨ ᠤ ᠠᠯᠳᠠᠨ ᠮᠧᠳᠡᠯ ᠢ ᠭᠠᠷᠳᠠᠪᠠ᠂ ᠡᠨᠡ ᠨᠢ ᠮᠦᠨ ᠴᠦ ︽ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠮᠠᠨ ᠤ ᠤᠷᠤᠨ ᠤ ᠲᠦᠯᠦᠭᠡᠯᠡᠭᠴᠢᠳ  ᠤᠨ ᠪᠦᠯᠬᠦᠮ ᠤᠨ 4 ᠳᠠᠬᠢ ᠠᠯᠳᠠᠨ ᠮᠧᠳᠡᠯ ᠪᠤᠯᠤᠨ᠎ᠡ᠃      ᠲᠤᠰ ᠤᠳᠠᠭᠠᠨ ᠤ ᠴᠢᠷᠭ᠎ᠠ ᠶᠢᠨ ᠤᠷᠤᠯᠳᠤᠭᠠᠨ ᠢ ᠡᠷᠡᠭᠳᠡᠢ ᠶᠢᠨ ᠭᠠᠭᠴᠠ ᠬᠦᠮᠦᠨ ᠤ ᠤᠷᠤᠯᠳᠤᠭᠠᠨ᠂ ᠡᠮᠡᠭᠳᠡᠢ ᠶᠢᠨ ᠭᠠᠭᠴᠠ ᠬᠦᠮᠦᠨ ᠤ ᠤᠷᠤᠯᠳᠤᠭᠠᠨ᠂ ᠡᠷᠡᠭᠳᠡᠢ ᠶᠢᠨ ᠬᠤᠤᠰ ᠬᠦᠮᠦᠨ ᠤ ᠤᠷᠤᠯᠳᠤᠭᠠᠨ᠂ ᠡᠮᠡᠭᠳᠡᠢ  ᠶᠢᠨ ᠬᠤᠤᠰ ᠬᠦᠮᠦᠨ ᠤ ᠤᠷᠤᠯᠳᠤᠭᠠᠨ᠂ ᠪᠦᠯᠬᠦᠮ ᠤᠨ ᠪᠤᠤᠬᠢᠶ᠎ᠡ ᠤᠷᠤᠯᠳᠤᠭᠠᠨ ᠵᠡᠷᠭᠡ 5 ᠲᠦᠷᠦᠯ ᠬᠤᠪᠢᠶᠠᠵᠦ᠂ ᠪᠡᠭᠡᠵᠢᠩ᠂ ᠬᠤᠨᠠᠨ᠂ ᠱᠠᠨᠰᠢ᠂ ᠦᠪᠦᠷ ᠮᠤᠩᠭᠤᠯ᠂ ᠰᠢᠨᠵᠢᠶᠡᠩ᠂ ᠱᠠᠨᠳᠦ᠋ᠩ ᠵᠡᠷᠭᠡ ᠭᠠᠵᠠᠷ ᠤᠨ ᠲᠠᠮᠢᠷᠴᠢᠳ ᠤᠷᠤᠯᠴᠠᠪᠠ᠃ ᠲᠤᠬᠠᠢ ᠶᠢᠨ ᠡᠳᠦᠷ ᠶᠠᠪᠤᠭᠳᠠᠭᠰᠠᠨ ᠡᠷᠡᠭᠳᠡᠢ ᠶᠢᠨ ᠬᠤᠤᠰ ᠬᠦᠮᠦᠨ ᠤ ᠤᠷᠤᠯᠳᠤᠭᠠᠨ ᠳᠤ᠂ ᠾᠸᠦ ᠱᠦᠸᠧ ᠪᠤᠯᠤᠨ ᠵᠢᠤᠶᠢᠪᠠᠶ᠋ᠢ· ᠰᠠᠶᠢᠺᠧᠶ᠋ᠢ ᠰᠠᠶᠢᠬᠠᠨ ᠬᠠᠮᠵᠢᠯᠴᠠᠨ᠂ 2 ᠮᠢᠨᠦ᠋ᠲ 01 ᠰᠧᠺᠦ᠋ᠨ᠋ᠳ᠋ 173 ᠶᠢᠨ ᠬᠢᠷᠢ ᠪᠦᠳᠦᠮᠵᠢ ᠪᠠᠷ ᠨᠢᠭᠡᠳᠦᠭᠡᠷ ᠲᠤ ᠤᠷᠤᠵᠠᠢ᠃ ᠤᠨᠴᠠᠯᠠᠨ ᠲᠤᠷᠠᠳᠤᠭᠤᠰᠢᠳᠠᠢ ᠨᠢ ᠾᠸᠦ ᠱᠦᠸᠧ ᠪᠤᠯᠤᠨ ᠵᠢᠤᠶᠢᠪᠠᠶ᠋ᠢ· ᠰᠠᠶᠢᠺᠧᠶ᠋ᠢ ᠪᠤᠯ ᠤᠷᠤᠯᠳᠤᠭᠠᠨ ᠤ ᠲᠠᠯᠠᠪᠤᠷ ᠤᠨ ︽ᠬᠠᠭᠤᠴᠢᠨ ᠠᠨᠳᠠ︾ ᠮᠦᠨ᠂ ᠲᠡᠳᠡ ᠬᠤᠶᠠᠭᠤᠯᠠ 2022  — 2023 ᠤᠨ ᠤ ᠤᠷᠤᠯᠳᠤᠭᠠᠨ ᠤ ᠤᠯᠠᠷᠢᠯ ᠤᠨ ᠪᠦᠬᠦ ᠤᠯᠤᠰ ᠤᠨ ᠴᠢᠷᠭ᠎ᠠ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠡᠷᠡᠭᠳᠡᠢ ᠶᠢᠨ ᠬᠤᠤᠰ ᠬᠦᠮᠦᠨ ᠤ ᠤᠷᠤᠯᠳᠤᠭᠠᠨ ᠪᠠ ᠬᠠᠮᠳᠦ ᠶᠢᠨ ᠪᠤᠤᠬᠢᠶ᠎ᠡ ᠤᠷᠤᠯᠳᠤᠭᠠᠨ ᠳᠤ ᠮᠠᠩᠯᠠᠶᠢᠯᠠᠵᠦ ᠦᠩᠭᠡᠷᠡᠪᠡ᠃      ᠾᠸᠦ ᠱᠦᠸᠧ ᠵᠠᠯᠭᠠᠭᠠᠳ ᠵᠢᠤᠶᠢᠪᠠᠶ᠋ᠢ· ᠰᠠᠶᠢᠺᠧᠶ᠋ᠢ᠂ ᠱᠠᠨᠰᠢ ᠮᠤᠵᠢ ᠶᠢᠨ ᠲᠠᠮᠢᠷᠴᠢᠨ ᠯᠢᠦ ᠱᠤᠤ ᠨᠠᠨ᠂ ᠪᠡᠭᠡᠵᠢᠩ ᠬᠤᠳᠠ ᠶᠢᠨ ᠲᠠᠮᠢᠷᠴᠢᠨ ᠵᠸᠦ ᠯᠢᠶᠠᠩ ᠽᠢ ᠲᠢᠩ ᠲᠠᠢ ᠪᠦᠯᠬᠦᠮ ᠪᠠᠶᠢᠭᠤᠯᠤᠨ ᠪᠦᠯᠬᠦᠮ ᠤᠨ ᠪᠤᠤᠬᠢᠶ᠎ᠠ ᠤᠷᠤᠯᠳᠤᠭᠠᠨ ᠳᠤ ᠤᠷᠤᠯᠴᠠᠨ᠎ᠠ᠃ ᠦᠪᠦᠷ ᠮᠤᠩᠭᠤᠯ ᠪᠤᠯᠤᠨ ᠱᠠᠨᠰᠢ ᠮᠤᠵᠢ ᠶᠢᠨ ᠬᠠᠮᠳᠤᠷᠠᠨ ᠬᠦᠮᠦᠵᠢᠭᠦᠯᠦᠭᠰᠡᠨ ᠲᠠᠮᠢᠷᠴᠢᠨ ᠬᠤ᠋ ᠾᠦᠢ ᠯᠠᠨ ᠡᠮᠡᠭᠳᠡᠢ ᠶᠢᠨ ᠭᠠᠭᠴᠠ ᠬᠦᠮᠦᠨ ᠤ ᠤᠷᠤᠯᠳᠤᠭᠠᠨ ᠳᠤ ᠤᠷᠤᠯᠴᠠᠬᠤ ᠪᠤᠯᠤᠨ᠎ᠡ᠃
 
ᠢᠷᠡᠯᠲᠡ᠄ ᠦᠪᠦᠷ ᠮᠣᠩᠭᠤᠯ ᠤᠨ ᠡᠳᠤᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号