ᠮᠦᠰᠦ ᠴᠠᠰᠤᠨ ᠤ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠲᠦᠭᠡᠮᠡᠯᠵᠢᠭᠦᠯᠦᠨ᠎ᠡ
ᠨᠡᠶᠢᠲᠡᠯᠡᠭᠰᠡᠨ ᠴᠠᠭ᠄
2023/12/27
    12 ᠰᠠᠷ᠎ᠠ ᠶᠢᠨ 25  ᠤ ᠡᠳᠦᠷ᠂ ᠰᠤᠷᠤᠭᠴᠢᠳ ᠬᠡᠭᠡᠷᠡᠯᠡᠨ ᠴᠡᠨᠠᠯᠠᠬᠤ ᠲᠤᠬᠠᠢ ᠣᠶᠢᠯᠠᠭᠠᠵᠤ ᠪᠠᠶᠢᠭ᠎ᠠ ᠨᠢ᠃ ᠲᠤᠬᠠᠢ ᠶᠢᠨ ᠡᠳᠦᠷ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠥᠪᠥᠷ ᠮᠣᠩᠭᠤᠯ ᠤᠨ ᠮᠥᠰᠥ ᠴᠠᠰᠤᠨ ᠤ ᠲᠠᠮᠢᠷ ᠤᠨ ᠨᠡᠶᠢᠭᠡᠮᠯᠢᠭ ᠤᠨ ᠬᠠᠮᠲᠤᠷᠠᠨ ᠡᠷᠭᠢᠯᠡᠭᠰᠡᠨ ᠮᠥᠰᠥ ᠴᠠᠰᠤᠨ ᠤ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠰᠢᠷᠢᠰ ᠠᠵᠢᠯᠯᠠᠭ᠎ᠠ ᠶᠢ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠦ᠋ ᠬᠤ᠋ ᠵᠡᠭᠡᠯᠢ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠦᠷᠨᠢᠭᠦᠯᠵᠦ᠂ ᠥᠪᠥᠷ ᠮᠣᠩᠭᠤᠯ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠨᠡᠶᠢᠭᠡᠮᠯᠢᠭ ᠤᠨ ᠲᠠᠰᠬᠠᠯᠵᠢᠭᠤᠯᠤᠭᠴᠢ ᠸᠠᠩ ᠬᠠᠢ ᠮᠧᠩ ᠰᠤᠷᠤᠭᠴᠢᠳ ᠲᠠᠢ ︽ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠤᠷᠤᠯᠳᠤᠭᠠᠨ ᠤ ᠰᠣᠶᠣᠯ ᠤᠨ ᠮᠡᠳᠡᠯᠭᠡ ᠶᠢ ᠬᠤᠪᠢᠶᠠᠯᠴᠠᠬᠤ ᠶᠢᠨ ᠬᠠᠮᠲᠤ ᠣᠯᠠᠨ ᠢ ᠳᠠᠭᠠᠭᠤᠯᠤᠨ ᠬᠡᠭᠡᠷᠡᠯᠡᠨ ᠴᠠᠨᠠᠯᠠᠵᠦ᠂  ᠰᠤᠷᠤᠭᠴᠢᠳ ᠲᠤ ︽ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠢ ᠭᠦᠨᠵᠡᠭᠡᠢ ᠣᠶᠢᠯᠠᠭᠠᠭᠤᠯᠪᠠ᠃
 
ᠢᠷᠡᠯᠲᠡ᠄ ᠦᠪᠦᠷ ᠮᠣᠩᠭᠤᠯ ᠤᠨ ᠡᠳᠤᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号