| 2 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ ᠸᠠᠩ ᠵᠧᠩ ᠢᠦᠢ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠠᠢ᠃ | ᠥᠪᠡᠷᠲᠡᠭᠡᠨ ᠵᠠᠰᠠᠬᠤ ᠣᠷᠣᠨ ᠤ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠨᠢᠭᠡᠳᠦᠭᠡᠷ | ᠬᠢᠨᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠵᠢᠶᠠᠩ ᠶᠠᠨ ᠸᠧᠨ ᠪᠣᠯᠣᠨ ᠬᠢᠨᠠᠨ ᠵᠢᠯᠤᠭᠤᠳᠬᠤ | ᠳᠤᠭᠤᠶᠢᠯᠠᠩ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠳᠤᠭᠤᠶᠢᠯᠠᠩ ᠤᠨ ᠳᠠᠷᠤᠭ᠎ᠠ ᠮᠠ ᠸᠠᠨ ᠲᠢᠶᠠᠨ ᠨᠠᠷ ᠬᠤᠷᠠᠯ ᠳᠤ ᠵᠢᠭᠠᠨ ᠵᠢᠯᠤᠭᠤᠳᠴᠤ ᠦᠨᠡᠯᠡᠯᠲᠡ ᠬᠢᠵᠡᠢ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ | ᠲᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠤᠷᠠᠯ ᠠᠴᠠ ᠡᠮᠦᠨ᠎ᠡ᠂ ᠨᠢᠭᠡᠳᠦᠭᠡᠷ ᠬᠢᠨᠠᠨ ᠵᠢᠯᠤᠭᠤᠳᠬᠤ | ᠳᠤᠭᠤᠶᠢᠯᠠᠩ ᠤᠨ ᠬᠦᠴᠦᠲᠡᠢ ᠵᠢᠯᠣᠭᠤᠳᠤᠯᠭ᠎ᠠ ᠳᠣᠣᠷ᠎ᠠ᠂ ᠲᠥᠰᠥᠯ ᠲᠣᠭᠲᠠᠭᠠᠬᠤ᠂ ᠰᠤᠷᠤᠯᠴᠠᠵᠤ ᠰᠤᠳᠤᠯᠤᠨ | ᠶᠠᠷᠢᠯᠴᠠᠬᠤ᠂ ᠰᠠᠨᠠᠯ ᠬᠤᠷᠢᠶᠠᠬᠤ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ᠂ ᠬᠠᠷᠢᠴᠠᠭᠤᠯᠤᠭᠰᠠᠨ | ᠪᠠᠶᠢᠴᠠᠭᠠᠯᠲᠠ ᠶᠢᠨ ᠮᠠᠲ᠋ᠧᠷᠢᠶᠠᠯ ᠪᠢᠴᠢᠬᠦ ᠵᠡᠷᠭᠡ ᠡᠯ᠎ᠡ ᠵᠦᠢᠯ ᠤᠨ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠲᠣᠰ | ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ | ᠬᠤᠷᠠᠯᠳᠤᠭᠤᠯᠬᠤ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | ᠬᠤᠷᠠᠯ ᠠᠴᠠ ᠡᠩ ᠲᠡᠷᠢᠭᠦᠨ ᠳᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ | ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠣᠨ ᠲᠤᠰ | ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠨᠡᠶᠢᠲᠡᠯᠡᠵᠡᠢ᠃ ᠸᠠᠩ | ᠵᠧᠩ ᠢᠦᠢ ᠨᠥᠬᠦᠷ ᠨᠠᠮ ᠤᠨ ᠤᠳᠤᠷᠢᠳᠬᠤ ᠳᠤᠭᠤᠶᠢᠯᠠᠩ ᠤᠨ ᠪᠠᠭ ᠢ ᠲᠥᠯᠥᠭᠡᠯᠡᠨ ᠬᠠᠷᠢᠴᠠᠭᠤᠯᠤᠨ | ᠪᠠᠶᠢᠴᠠᠭᠠᠬᠤ ᠶᠢᠨ ᠬᠠᠮᠲᠤ ᠪᠡᠶ᠎ᠡ ᠪᠠᠷ ᠢᠶᠠᠨ ᠲᠦᠷᠦᠭᠦᠯᠡᠨ ᠬᠤᠪᠢ ᠬᠥᠮᠥᠨ ᠤ ᠬᠠᠷᠢᠴᠠᠭᠤᠯᠤᠨ ᠪᠠᠶᠢᠴᠠᠭᠠᠯᠳᠠ ᠬᠢᠪᠡ᠃ | ᠨᠠᠮ ᠤᠨ ᠤᠳᠤᠷᠢᠳᠬᠤ ᠳᠤᠭᠤᠶᠢᠯᠠᠩ ᠤᠨ ᠪᠤᠰᠤᠳ ᠭᠡᠰᠢᠭᠦᠳ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠯᠳᠠ | ᠬᠢᠪᠡ᠃ | ᠬᠤᠷᠠᠯ ᠠᠴᠠ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠣᠨ᠎ᠠ᠂ ᠡᠯ᠎ᠡ ᠵᠦᠢᠯ ᠤᠨ ᠠᠵᠢᠯ ᠢ ᠰᠠᠶᠢᠲᠤᠷ ᠬᠢᠬᠦ | ᠨᠢ ᠲᠤᠶᠢᠯ ᠤᠨ ᠴᠢᠬᠤᠯᠠ ᠶᠤᠮ᠃ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠤᠨᠤᠯ ᠢᠶᠠᠷ ᠵᠡᠪᠰᠡᠭᠯᠡᠬᠦ ᠶᠢ | ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠴᠢᠩᠭᠠᠳᠬᠠᠵᠤ᠂ | ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ | ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠳ᠋ᠦ᠋ ᠪᠥᠸᠧ ᠵᠢᠶᠦ᠋ᠨ᠂ | ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠠᠩ ᠠᠢ ᠮᠢᠨ᠂ ᠠᠯᠪᠠᠨ ᠭᠡᠷ᠂ ᠠᠵᠢᠯᠲᠠᠨ ᠤ ᠶᠠᠪᠤᠳᠠᠯ ᠤᠨ | ᠭᠠᠵᠠᠷ᠂ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ | |