2 ᠰᠠᠷ᠎ᠠ ᠶᠢᠨ 14 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ | ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠢᠷᠠᠨ ᠤ | ᠶᠡᠷᠦᠩᠬᠡᠶᠢᠯᠡᠭᠴᠢ ᠯᠠᠶᠢᠰᠢ ᠲᠠᠢ ᠬᠡᠯᠡᠯᠴᠡᠭᠡ ᠬᠢᠪᠡ᠃ | | | 2 ᠰᠠᠷ᠎ᠠ ᠶᠢᠨ 14 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ | ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠢᠷᠠᠨ ᠤ | ᠶᠡᠷᠦᠩᠬᠡᠶᠢᠯᠡᠭᠴᠢ ᠯᠠᠶᠢᠰᠢ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ | ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠯᠠᠶᠢᠰᠢ ᠶᠢ ᠤᠭᠲᠤᠬᠤ ᠶᠣᠰᠣᠯᠠᠯ | ᠶᠠᠪᠤᠭᠳᠠᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | | | ᠰᠢ ᠶᠢᠨ ᠫᠢᠩ᠂ ᠳᠤᠮᠳᠠᠳᠤ ᠢᠷᠠᠨ ᠬᠤᠶᠠᠷ ᠤᠯᠤᠰ ᠨᠥᠭᠦᠷᠰᠡᠭ ᠤᠯᠠᠮᠵᠢᠯᠠᠯ ᠲᠠᠢ ᠪᠠᠶᠢᠵᠤ᠂ ᠬᠤᠶᠠᠷ ᠤᠯᠤᠰ ᠤᠨ | ᠬᠠᠷᠢᠯᠴᠠᠭ᠎ᠠ ᠡᠯ᠎ᠡ ᠵᠦᠢᠯ ᠤᠨ ᠳᠡᠯᠡᠬᠡᠢ ᠶᠢᠨ ᠤᠷᠪᠠᠭᠠᠨ ᠬᠥᠷᠪᠡᠭᠡᠨ ᠤ ᠰᠢᠯᠭᠠᠯᠲᠠ ᠶᠢ ᠳᠠᠭᠠᠭᠠᠵᠤ ᠴᠢᠳᠠᠬᠤ ᠶᠤᠮ᠃ | ᠣᠳᠣᠬᠠᠨ ᠤ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠢᠨ ᠪᠤᠳᠤᠯᠢᠶᠠᠨᠲᠠᠢ | ᠪᠠᠶᠢᠳᠠᠯ ᠤᠨ ᠡᠮᠦᠨ᠎ᠡ᠂ ᠳᠤᠮᠳᠠᠳᠤ ᠢᠷᠠᠨ ᠬᠠᠷᠢᠯᠴᠠᠨ ᠳᠡᠮᠵᠢᠵᠦ᠂ ᠪᠦᠯᠬᠦᠮᠳᠡᠨ ᠬᠠᠮᠵᠢᠯᠴᠠᠵᠤ᠂ ᠭᠠᠷ ᠬᠤᠯᠪᠣᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠵᠦ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠲᠠᠰᠤᠷᠠᠯᠲᠠ | ᠦᠭᠡᠢ ᠪᠠᠬᠢᠵᠢᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠯᠠᠪᠳᠠᠭᠤᠨ ᠢᠶᠠᠷ ᠠᠬᠢᠵᠤ᠂ ᠬᠠᠮᠲᠤ ᠶᠢᠨ ᠠᠰᠢᠭ | ᠲᠤᠰᠠ ᠶᠢ ᠠᠬᠢᠭᠤᠯᠵᠤ᠂ ᠳᠡᠯᠡᠬᠡᠢ ᠶᠢᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠵᠤ᠂ ᠳᠤᠮᠳᠠᠳᠤ ᠢᠷᠠᠨ ᠤ | ᠨᠥᠬᠦᠷᠯᠡᠯ ᠤᠨ ᠰᠢᠨ᠎ᠡ ᠬᠠᠭᠤᠳᠠᠰᠤ ᠶᠢ ᠪᠢᠴᠢᠭᠯᠡᠪᠡ᠃ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ | ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠨᠡᠭᠡᠭᠡᠯᠲᠡ ᠶᠢ ᠡᠷᠡᠰ ᠭᠤᠶᠢᠪᠢᠰᠢ ᠦᠭᠡᠢ | ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠢ ᠡᠷᠡᠰ ᠭᠤᠶᠢᠪᠢᠰᠢ ᠦᠭᠡᠢ ᠬᠠᠮᠠᠭᠠᠯᠠᠵᠤ᠂ ᠬᠠᠮᠲᠤ ᠶᠢᠨ ᠬᠥᠭᠵᠢᠯᠲᠡ ᠶᠢ | ᠠᠬᠢᠭᠤᠯᠵᠤ ᠪᠠᠶᠢᠨ᠎ᠠ᠃ ᠳᠤᠮᠳᠠᠳᠤ ᠤᠯᠤᠰ ᠢᠮᠠᠭᠲᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠳᠤᠮᠳᠠᠳᠤ ᠢᠷᠠᠨ ᠤ | ᠬᠠᠷᠢᠯᠴᠠᠭ᠎ᠠ ᠳᠤ ᠬᠠᠨᠳᠤᠬᠤ ᠪᠠ ᠬᠥᠭᠵᠢᠭᠦᠯᠵᠦ᠂ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠳᠤ ᠶᠠᠮᠠᠷ ᠬᠤᠪᠢᠷᠠᠯᠲᠠ | ᠭᠠᠷᠤᠭᠰᠠᠨ ᠴᠤ᠂ ᠳᠤᠮᠳᠠᠳᠤ ᠤᠯᠤᠰ ᠪᠦᠷ ᠢᠷᠠᠨ ᠯᠤᠭ᠎ᠠ ᠶᠢᠨ ᠨᠥᠭᠦᠷᠰᠡᠭ ᠬᠠᠮᠲᠤᠷᠠᠯᠴᠠᠭ᠎ᠠ ᠪᠠᠨ ᠡᠷᠡᠰ ᠭᠤᠶᠢᠪᠢᠰᠢ | ᠦᠭᠡᠢ ᠬᠥᠭᠵᠢᠭᠦᠯᠵᠦ᠂ ᠳᠤᠮᠳᠠᠳᠤ ᠢᠷᠠᠨ ᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ | ᠲᠠᠰᠤᠷᠠᠯᠳᠡ ᠦᠭᠡᠢ ᠰᠢᠨ᠎ᠡ ᠬᠥᠭᠵᠢᠯᠲᠡ ᠲᠠᠢ ᠪᠤᠯᠬᠤ ᠶᠢ ᠠᠬᠢᠭᠤᠯᠵᠤ᠂ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ | ᠬᠤᠪᠢᠰᠤᠯᠲᠠ ᠶᠢᠨ ᠳᠤᠮᠳᠠ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠮᠥᠨ ᠲᠥᠷᠥᠯᠬᠢᠲᠡᠨ ᠤ ᠲᠠᠪᠰᠢᠯᠳᠠ ᠳᠤ | ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠶᠢᠨ ᠲᠠᠯ᠎ᠠ ᠢᠷᠠᠠ ᠤ ᠲᠠᠯ᠎ᠠ ᠶᠢᠨ ᠬᠢᠨ ᠤ ᠤᠯᠤᠰ ᠤᠨ ᠡᠷᠬᠡ ᠮᠡᠲᠡᠯ ᠲᠤᠰᠠᠭᠠᠷ | ᠲᠣᠭᠲᠠᠨᠢᠯ᠂ ᠨᠤᠲᠤᠭ ᠳᠡᠪᠢᠰᠬᠡᠷ ᠤᠨ ᠪᠦᠷᠢᠨ ᠪᠦᠲᠦᠨ᠂ ᠦᠨᠳᠦᠰᠦᠲᠡᠨ ᠤ ᠨᠡᠷ᠎ᠡ ᠬᠦᠨᠳᠦ ᠪᠠᠨ ᠬᠠᠮᠠᠭᠠᠯᠠᠬᠤ ᠶᠢ ᠲᠡᠮᠵᠢᠵᠦ᠂ | ᠢᠷᠠᠠ ᠤ ᠲᠠᠯ᠎ᠠ ᠶᠢᠨ ᠬᠢᠨ ᠤ ᠭᠠᠭᠴᠠ ᠲᠠᠯᠠᠲᠤ ᠦᠵᠡᠯ᠂ ᠡᠵᠡᠷᠬᠡᠭ ᠦᠵᠡᠯ ᠢ ᠡᠰᠡᠷᠭᠦᠴᠡᠬᠦ ᠶᠢ ᠲᠡᠮᠵᠢᠵᠦ᠂ ᠭᠠᠳᠠᠭᠠᠳᠤ ᠶᠢᠨ | ᠬᠦᠴᠦᠨ ᠤ ᠢᠷᠠᠠ ᠤ ᠳᠣᠲᠣᠭᠠᠳᠤ ᠵᠠᠰᠠᠭ ᠲᠤ ᠭᠠᠷ ᠲᠦᠷᠦᠭᠦ᠂ ᠢᠷᠠᠠ ᠤ ᠠᠮᠤᠷ ᠲᠦᠪᠰᠢᠨ ᠲᠣᠭᠲᠠᠭᠤᠨ ᠢ ᠡᠪᠳᠡᠭᠦ ᠶᠢ | ᠡᠰᠡᠷᠭᠦᠴᠡᠵᠦ᠂ ᠳᠤᠷᠠᠲᠠᠶ᠎ᠠ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ | ᠳᠡᠭᠡᠷ᠎ᠡ ᠢᠷᠠᠠ ᠤ ᠲᠠᠯ᠎ᠠ ᠯᠤᠭ᠎ᠠ ᠬᠠᠷᠢᠯᠴᠠᠨ ᠡᠷᠡᠰ ᠲᠡᠮᠵᠢᠨ᠎ᠠ᠃ ᠳᠤᠮᠳᠠᠳᠤ ᠤᠯᠤᠰ ᠳᠤᠷᠠᠲᠠᠶ᠎ᠠ ᠢᠷᠠᠨ ᠯᠤᠭ᠎ᠠ ᠬᠤᠶᠠᠷ | ᠤᠯᠤᠰ ᠤᠨ ᠪᠦᠭᠦ ᠲᠠᠯ᠎ᠠ ᠶᠢᠨ ᠬᠠᠮᠲᠤᠷᠠᠯᠴᠠᠭᠠᠨ ᠤ ᠲᠥᠯᠥᠪᠯᠡᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠷᠠᠯᠵᠢᠶ᠎ᠠ᠂ | ᠬᠥᠳᠡᠭᠡ ᠠᠵᠤ ᠠᠬᠤᠢ᠂ ᠠᠵᠤ ᠦᠢᠯᠡᠳᠪᠦᠷᠢ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠳᠠᠬᠢ ᠪᠣᠳᠠᠲᠠᠢ ᠶᠢ | ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠢᠷᠠᠨ ᠤ ᠴᠢᠨᠠᠷ ᠰᠠᠶᠢᠲᠠᠢ ᠬᠥᠳᠡᠭᠡ ᠠᠵᠤ ᠠᠬᠤᠢ ᠶᠢᠨ | ᠪᠦᠲᠦᠭᠡᠭᠳᠡᠬᠦᠨ ᠢ ᠨᠡᠩ ᠤᠯᠠᠨ ᠣᠷᠣᠭᠤᠯᠤᠨ ᠠᠪᠴᠢᠷᠠᠨ᠎ᠠ᠃ ᠳᠤᠮᠳᠠᠳᠤ ᠤᠯᠤᠰ ᠳᠤᠷᠠᠲᠠᠶ᠎ᠠ ᠢᠷᠠᠨ ᠯᠤᠭ᠎ᠠ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠶᠢ ᠦᠷᠭᠦᠯᠵᠢᠯᠡᠨ ᠥᠷᠨᠢᠭᠦᠯᠵᠦ᠂ | ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠭᠡᠳᠬᠡᠨ᠎ᠡ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠳᠣᠷᠣᠨᠠᠲᠤ ᠶᠢᠨ ᠲᠣᠭᠲᠠᠭᠤᠨ ᠢ ᠬᠠᠮᠠᠭᠠᠯᠠᠬᠤ ᠨᠢ ᠭᠠᠵᠠᠷ ᠣᠷᠣᠨ ᠤ ᠤᠯᠤᠰ ᠪᠣᠯᠣᠨ | ᠠᠷᠠᠳ ᠲᠦᠮᠡᠨ ᠤ ᠪᠤᠶᠠᠨ ᠵᠢᠷᠭᠠᠯ ᠳᠤ ᠬᠤᠯᠪᠣᠭᠳᠠᠵᠤ᠂ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ᠂ ᠪᠦᠭᠦ | ᠪᠥᠮᠪᠥᠷᠴᠡᠭ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠡᠨᠧᠷᠭᠢ ᠶᠢᠨ ᠲᠣᠭᠲᠠᠭᠤᠨ ᠬᠠᠩᠭᠠᠯᠭ᠎ᠠ ᠶᠢ | ᠪᠠᠲᠤᠯᠠᠬᠤ ᠳᠤ ᠲᠦᠢᠯ ᠤᠨ ᠴᠢᠬᠤᠯᠠ ᠶᠤᠮ᠃ ᠢᠷᠠᠨ ᠤ ᠬᠢᠨ ᠤ ᠳᠤᠷᠠᠲᠠᠶ᠎ᠠ ᠡᠷᠭᠢᠨ ᠲᠣᠭᠤᠷᠢᠨ ᠤ ᠬᠥᠷᠰᠢ | ᠤᠯᠤᠰ ᠯᠤᠭ᠎ᠠ ᠶᠢᠨ ᠬᠠᠷᠢᠯᠴᠠᠭ᠎ᠠ ᠪᠠᠨ ᠢᠳᠡᠪᠬᠢᠲᠡᠢ ᠰᠠᠶᠢᠵᠢᠷᠠᠭᠤᠯᠵᠤ᠂ ᠭᠠᠵᠠᠷ ᠣᠷᠣᠨ ᠤ ᠤᠯᠤᠰ ᠤᠳ ᠤᠨ ᠶᠠᠷᠢᠯᠴᠠᠭ᠎ᠠ | ᠵᠥᠪᠳᠡᠯᠴᠡᠭᠡ ᠪᠠᠷ ᠳᠠᠮᠵᠢᠨ ᠵᠥᠷᠢᠴᠡᠯ ᠢ ᠰᠢᠢᠳᠪᠦᠷᠢᠯᠡᠵᠦ᠂ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠪᠠᠨ | ᠪᠡᠶᠡᠯᠡᠭᠦᠯᠬᠦ ᠶᠢ ᠳᠡᠮᠵᠢᠵᠦ᠂ ᠳᠤᠷᠠᠲᠠᠶ᠎ᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠠᠬᠢᠭᠤᠯᠬᠤ ᠳᠤ | ᠦᠷᠭᠦᠯᠵᠢᠯᠡᠨ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠭᠦ ᠶᠢ ᠲᠤᠮᠳᠠᠳᠤ ᠤᠯᠤᠰ ᠮᠠᠭᠲᠠᠨ ᠰᠠᠶᠢᠰᠢᠶᠠᠵᠤ ᠪᠠᠶᠢᠨ᠎ᠠ᠃ | ᠳᠤᠮᠳᠠᠳᠤ ᠤᠯᠤᠰ ᠳᠤᠷᠠᠲᠠᠶ᠎ᠠ ᠢᠷᠠᠨ ᠯᠤᠭ᠎ᠠ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯᠠᠲᠤ ᠲᠠᠪᠴᠠᠩ ᠳᠠᠬᠢ ᠣᠯᠣᠯᠴᠠᠭ᠎ᠠ ᠪᠠ ᠬᠠᠮᠵᠢᠯᠴᠠᠭ᠎ᠠ ᠪᠠᠨ | ᠴᠢᠩᠭᠠᠳᠬᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠬᠥᠭᠵᠢᠵᠦ ᠪᠠᠶᠢᠭ᠎ᠠ ᠤᠯᠤᠰ ᠤᠳ ᠤᠨ | ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ᠃ ᠳᠤᠮᠳᠠᠳᠤ ᠤᠯᠤᠰ ᠢᠷᠠᠨ ᠤ ᠴᠥᠮ᠎ᠡ ᠶᠢᠨ ᠠᠰᠠᠭᠤᠳᠠᠯ ᠤᠨ ᠪᠦᠭᠦ | ᠲᠠᠯ᠎ᠠ ᠶᠢᠨ ᠵᠥᠪᠯᠡᠯᠴᠡᠭᠡᠷ ᠢ ᠰᠡᠷᠭᠦᠭᠡᠨ ᠬᠡᠷᠡᠭᠵᠢᠭᠦᠯᠬᠦ ᠬᠡᠯᠡᠯᠴᠡᠭᠡ ᠳᠤ ᠦᠷᠭᠦᠯᠵᠢᠯᠡᠨ ᠪᠦᠲᠦᠭᠡᠯᠴᠢ ᠴᠢᠨᠠᠷᠲᠠᠢ ᠪᠠᠷ | ᠣᠷᠣᠯᠴᠠᠵᠤ᠂ ᠢᠷᠠᠨ ᠤ ᠵᠦᠢ ᠶᠣᠰᠣᠨ ᠤ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠳᠡᠮᠵᠢᠵᠦ᠂ ᠢᠷᠠᠨ ᠤ | ᠴᠥᠮ᠎ᠡ ᠶᠢᠨ ᠠᠰᠠᠭᠤᠳᠠᠯ ᠢ ᠡᠷᠲᠡᠬᠡᠨ ᠵᠣᠬᠢᠰᠲᠠᠢ ᠰᠢᠢᠳᠪᠦᠷᠢᠯᠡᠬᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠯᠠᠶᠢᠰᠢ᠂ ᠢᠷᠠᠨ ᠳᠤᠮᠳᠠᠳᠤ ᠶᠢᠨ ᠨᠥᠬᠦᠷᠯᠡᠯ ᠰᠢᠯᠭᠠᠯᠲᠠ ᠶᠢ ᠳᠠᠭᠠᠭᠠᠵᠤ᠂ ᠶᠠᠪᠤᠬᠤ ᠲᠤᠳᠤᠮ ᠪᠠᠬᠢᠵᠢᠪᠡ᠃ | ᠪᠡᠶ᠎ᠡ ᠪᠠᠨ ᠳᠠᠭᠠᠭᠠᠵᠤ ᠡᠵᠡᠨ ᠮᠡᠳᠡᠭᠰᠡᠨ ᠬᠤᠶᠠᠷ ᠲᠣᠮᠣ ᠤᠯᠤᠰ ᠪᠣᠯᠤᠭᠰᠠᠨ ᠤ ᠬᠤᠪᠢ ᠳᠤ᠂ ᠢᠷᠠᠨ ᠳᠤᠮᠳᠠᠳᠤ ᠶᠢᠨ | ᠬᠠᠷᠢᠯᠴᠠᠭ᠎ᠠ ᠨᠢ ᠬᠠᠷᠢᠯᠴᠠᠨ ᠬᠦᠨᠳᠦᠳᠬᠡᠬᠦ ᠵᠣᠷᠢᠭ ᠰᠠᠨᠠᠭ᠎ᠠ ᠳᠤ ᠰᠠᠭᠤᠷᠢᠯᠠᠵᠤ᠂ ᠬᠠᠷᠢᠯᠴᠠᠨ ᠢᠲᠡᠭᠡᠮᠵᠢᠲᠡᠢ ᠦᠨᠡᠨᠴᠢ | ᠰᠢᠳᠤᠷᠭᠤ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠣᠯᠣᠨ᠎ᠠ᠃ ᠢᠷᠠᠨ ᠤ ᠬᠢᠨ ᠤ ᠢᠷᠠᠨ ᠳᠤᠮᠳᠠᠳᠤ ᠶᠢᠨ ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠪᠠᠷ ᠬᠦᠴᠦᠯᠡᠨ ᠴᠢᠷᠮᠠᠶᠢᠬᠤ | ᠵᠣᠷᠢᠭ ᠡᠷᠡᠰ ᠭᠤᠶᠢᠪᠢᠰᠢ ᠦᠭᠡᠢ᠂ ᠶᠠᠮᠠᠷᠪᠠ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠤᠨ ᠬᠤᠪᠢᠷᠠᠯᠲᠠ ᠳᠤ | ᠨᠥᠯᠥᠭᠡᠯᠡᠭᠳᠡᠬᠦ ᠦᠭᠡᠢ ᠶᠤᠮ᠃ ᠢᠷᠠᠨ ᠤ ᠬᠢᠨ ᠳᠤᠮᠳᠠᠳᠤ ᠤᠯᠤᠰ ᠯᠤᠭ᠎ᠠ ᠡᠯ᠎ᠡ ᠲᠡᠰ ᠳᠠᠪᠬᠤᠷᠭ᠎ᠠ ᠶᠢᠨ ᠶᠠᠪᠤᠯᠴᠠᠭ᠎ᠠ ᠪᠠᠨ | ᠴᠢᠩᠭᠠᠳᠬᠠᠵᠤ᠂ ᠢᠷᠠᠨ ᠳᠤᠮᠳᠠᠳᠤ ᠶᠢᠨ ᠪᠦᠭᠦ ᠲᠠᠯ᠎ᠠ ᠶᠢᠨ ᠬᠠᠮᠲᠤᠷᠠᠯᠴᠠᠭᠠᠨ ᠤ ᠲᠥᠯᠥᠪᠯᠡᠭᠡ ᠶᠢ ᠰᠠᠶᠢᠲᠤᠷ | ᠨᠠᠶᠢᠳᠠᠪᠤᠷᠢᠵᠢᠭᠤᠯᠵᠤ᠂ ᠠᠷᠠᠯᠵᠢᠶ᠎ᠠ᠂ ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠢᠷᠠᠨ ᠳᠤ | ᠬᠦᠷᠴᠦ ᠪᠡᠯᠡ ᠣᠷᠣᠭᠤᠯᠬᠤ ᠶᠢ ᠪᠠᠶᠠᠷᠯᠠᠨ ᠤᠭᠲᠤᠵᠤ ᠪᠠᠶᠢᠨ᠎ᠠ᠂ ᠳᠤᠮᠳᠠᠳᠤ ᠤᠯᠤᠰ ᠤᠨ ᠨᠡᠩ ᠤᠯᠠᠨ | ᠵᠢᠭᠤᠯᠴᠢᠯᠠᠬᠰᠡᠳ ᠤᠨ ᠢᠷᠠᠨ ᠳᠤ ᠬᠦᠷᠴᠦ ᠵᠢᠭᠤᠯᠴᠢᠯᠠᠬᠤ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠤᠨ ᠢᠷᠡᠨ ᠤ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠡᠷᠬᠢᠮ ᠨᠠᠨᠳᠢᠨ ᠬᠠᠪᠰᠤᠷᠤᠯᠭ᠎ᠠ | ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠳᠤᠮᠳᠠᠳᠤ ᠤᠯᠤᠰ ᠤᠨ ᠢᠷᠡᠨ ᠤ ᠴᠥᠮ᠎ᠡ ᠶᠢᠨ ᠠᠰᠠᠭᠤᠳᠠᠯ ᠤᠨ ᠪᠦᠭᠦ | ᠲᠠᠯ᠎ᠠ ᠶᠢᠨ ᠵᠥᠪᠯᠡᠯᠴᠡᠭᠡᠷ ᠬᠡᠯᠡᠯᠴᠡᠭᠡ ᠬᠢᠬᠦ ᠵᠡᠷᠭᠡ ᠠᠰᠠᠭᠤᠳᠠᠯ ᠤᠨ ᠲᠠᠯ᠎ᠠ ᠪᠠᠷ ᠭᠤᠣᠯᠴᠢ ᠶᠢ ᠪᠠᠷᠢᠮᠲᠠᠯᠠᠭᠰᠠᠨ ᠳᠤ | ᠲᠠᠯᠠᠷᠬᠠᠵᠤ ᠪᠠᠶᠢᠨ᠎ᠠ᠃ ᠢᠷᠠᠨ ᠤ ᠬᠢᠨ ᠳᠤᠮᠳᠠᠳᠤ ᠤᠯᠤᠰ ᠤᠨ ᠳᠤᠷᠠᠳᠤᠭᠰᠠᠨ ︽ᠨᠢᠭᠡ ᠪᠦᠰᠡ ᠨᠢᠭᠡ ᠵᠠᠮ︾ ᠤᠨ | ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠬᠥᠭᠵᠢᠭᠦᠯᠦᠯᠲᠡ ᠶᠢᠨ ᠰᠠᠨᠠᠭᠠᠴᠢᠯᠠᠭ᠎ᠠ ᠪᠣᠯᠣᠨ ᠪᠦᠭᠦ ᠪᠥᠮᠪᠥᠷᠴᠡᠭ ᠤᠨ ᠠᠮᠤᠷ | ᠲᠦᠪᠰᠢᠨ ᠤ ᠰᠠᠨᠠᠭᠠᠴᠢᠯᠠᠭ᠎ᠠ ᠶᠢ ᠡᠷᠡᠰ ᠳᠡᠮᠵᠢᠵᠦ᠂ ᠢᠳᠡᠪᠬᠢᠲᠡᠢ ᠣᠷᠣᠯᠴᠠᠨ᠎ᠠ᠃ ᠢᠷᠠᠨ ᠳᠤᠮᠳᠠᠳᠤ ᠤᠯᠤᠰ ᠴᠥᠮ | ᠭᠠᠭᠴᠠ ᠲᠠᠯᠠᠲᠤ ᠦᠵᠡᠯ ᠪᠣᠯᠣᠨ ᠡᠵᠡᠷᠬᠡᠬᠦ ᠦᠵᠡᠯ ᠡᠵᠡᠷᠬᠡᠭᠯᠡᠯ ᠳᠠᠷᠤᠯᠠᠯ ᠢ ᠡᠷᠡᠰ ᠡᠰᠡᠷᠭᠦᠴᠡᠵᠦ᠂ ᠭᠠᠳᠠᠭᠠᠳᠤ ᠶᠢᠨ | ᠬᠦᠴᠦᠨ ᠤ ᠳᠣᠲᠣᠭᠠᠳᠤ ᠵᠠᠰᠠᠭ ᠲᠤ ᠭᠠᠷ ᠲᠦᠷᠦᠭᠦ ᠶᠢ ᠡᠷᠡᠰ ᠡᠰᠡᠷᠭᠦᠴᠡᠳᠡᠭ᠃ ᠢᠷᠠᠨ ᠤ ᠬᠢᠨ ᠳᠤᠮᠳᠠᠳᠤ ᠤᠯᠤᠰ ᠤᠨ | ᠤᠯᠤᠰ ᠤᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠬᠤ ᠶᠢ ᠡᠷᠡᠰ ᠳᠡᠮᠵᠢᠨ᠎ᠠ᠃ | ᠢᠷᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠤᠨ ᠲᠤᠬᠠᠢ | ᠣᠯᠣᠯᠴᠠᠭ᠎ᠠ ᠪᠠᠨ ᠴᠢᠩᠭᠠᠳᠬᠠᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠵᠡᠷᠭᠡ ᠤᠯᠠᠨ ᠲᠠᠯᠠᠲᠤ | ᠲᠠᠯᠠᠪᠤᠷ ᠲᠠᠬᠢ ᠰᠠᠶᠢᠨ ᠰᠠᠶᠢᠬᠠᠨ ᠬᠠᠮᠲᠤᠷᠠᠯᠴᠠᠭ᠎ᠠ ᠪᠠᠨ ᠪᠠᠲᠤᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ | ᠬᠠᠮᠲᠤ ᠪᠠᠷ ᠬᠠᠮᠠᠭᠠᠯᠠᠵᠤ᠂ ᠭᠠᠵᠠᠷ ᠣᠷᠣᠨ ᠪᠠ ᠳᠡᠯᠡᠬᠡᠢ ᠶᠢᠨ ᠡᠩᠬᠡ ᠲᠠᠶᠢᠪᠤᠩ ᠠᠮᠤᠷ ᠲᠦᠪᠰᠢᠨ ᠢ ᠬᠠᠮᠠᠭᠠᠯᠠᠨ᠎ᠠ ᠭᠡᠵᠦ | ᠢᠯᠡᠳᠬᠡᠪᠡ᠃ | ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ | ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ᠬᠥᠳᠡᠭᠡ ᠠᠵᠤ ᠠᠬᠤᠢ᠂ ᠠᠷᠠᠯᠵᠢᠶ᠎ᠠ᠂ | ᠵᠢᠭᠤᠯᠴᠢᠯᠠᠯ᠂ ᠣᠷᠴᠢᠨ ᠲᠣᠭᠤᠷᠢᠨ ᠤ ᠬᠠᠮᠠᠭᠠᠯᠠᠯᠲᠠ᠂ ᠡᠷᠡᠭᠦᠯ ᠬᠠᠮᠠᠭᠠᠯᠠᠯ᠂ ᠭᠠᠮᠰᠢᠭ ᠠᠴᠠ ᠠᠪᠤᠷᠠᠬᠤ᠂ ᠰᠣᠶᠣᠯ᠂ | ᠪᠡᠶ᠎ᠡ ᠶᠢᠨ ᠲᠠᠮᠢᠷ ᠵᠡᠷᠭᠡ ᠬᠦᠷᠢᠶᠡᠨ ᠳᠠᠬᠢ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ | ᠮᠠᠲ᠋ᠧᠷᠢᠶᠠᠯ ᠳᠤ ᠭᠠᠷ ᠤᠨ ᠦᠰᠦᠭ ᠵᠢᠷᠤᠭᠰᠠᠨ ᠢ ᠬᠠᠮᠲᠤ ᠪᠠᠷ ᠭᠡᠷᠡᠴᠢᠯᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ | ᠲᠢᠩᠬᠢᠮ ᠳᠤ ᠯᠠᠶᠢᠰᠢ ᠶᠢ ᠤᠭᠲᠤᠬᠤ ᠶᠣᠰᠣᠯᠠᠯ ᠶᠠᠪᠤᠭᠳᠠᠭᠤᠯᠪᠠ᠃ | ᠲᠢᠶᠠᠨ ᠠᠨ ᠮᠧᠨ ᠠᠭᠤᠳᠠᠮ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ | ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ | ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠢᠷᠠᠨ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ | ᠯᠠᠶᠢᠰᠢ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ | ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ | ᠸᠠᠩ ᠢ᠂ ᠾᠧ ᠯᠢ ᠹᠧᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | ᠯᠠᠶᠢᠰᠢ ᠳᠤᠮᠳᠠᠳᠤ ᠤᠯᠤᠰ ᠲᠤ ᠠᠶᠢᠯᠴᠢᠯᠠᠬᠤ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠢᠰᠯᠠᠮ ᠤᠨ ᠪᠦᠭᠦᠳᠡ ᠨᠠᠶᠢᠷᠠᠮᠳᠠᠬᠤ ᠢᠷᠠᠨ ᠤᠯᠤᠰ ᠤᠨ ᠬᠠᠮᠲᠤᠷᠠᠭᠰᠠᠨ | ᠢᠯᠡᠷᠬᠡᠶᠢᠯᠡᠯᠲᠡ︾ ᠶᠢ ᠨᠡᠶᠢᠲᠡᠯᠡᠬᠦ ᠪᠣᠯᠣᠨ᠎ᠠ᠃ | |