ᠦᠰᠦᠭ ᠪᠢᠴᠢᠭ ᠤᠨ ᠲᠡᠶᠢᠯᠦᠮᠵᠢ᠄ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠲᠠᠩᠰᠠ
ᠨᠡᠶᠢᠲᠡᠯᠡᠭᠰᠡᠨ ᠴᠠᠭ᠄
2023/2/17
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠤᠨ ᠪᠡᠶ᠎ᠡ ᠶᠢᠨ ᠲᠠᠮᠢᠷ ᠤᠨ ᠲᠤᠬᠠᠢ ᠴᠢᠬᠤᠯᠠ ᠥᠭᠦᠯᠡᠯᠲᠡ ᠪᠣᠯᠣᠨ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠠᠵᠢᠯ ᠤᠨ ᠲᠤᠬᠠᠢ ᠴᠢᠬᠤᠯᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠲᠤᠪᠴᠢᠶᠠᠨ ᠳᠠᠷᠤᠭ᠎ᠠ ᠨᠠᠷ ᠤᠨ ᠠᠵᠢᠯ ᠤᠨ ᠬᠤᠷᠠᠯ ᠪᠣᠯᠣᠨ ᠪᠥᠬᠦ ᠣᠷᠣᠨ ᠤ ᠪᠡᠶ᠎ᠡ ᠶᠢᠨ ᠲᠠᠮᠢᠷ ᠤᠨ ᠰᠢᠰᠲ᠋ᠧᠮ ᠤᠨ ᠠᠮᠤᠷ ᠲᠦᠪᠰᠢᠨ ᠲᠣᠭᠲᠠᠭᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ 2023 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠲᠠᠩᠰᠠ ᠶᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠵᠦ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠦᠨ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠬᠥᠲᠥᠯᠥᠨ ᠵᠢᠯᠤᠭᠤᠳᠬᠤ ᠦᠢᠯᠡᠳᠦᠯ ᠢ ᠪᠠᠳᠠᠷᠠᠭᠤᠯᠵᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ ᠰᠠᠭᠤᠷᠢ ᠶᠢ ᠪᠠᠬᠢᠵᠢᠭᠦᠯᠵᠦ᠂ ᠥᠪᠥᠷ ᠮᠤᠩᠭᠤᠯ  ᠤᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠰᠢᠨ᠎ᠡ ᠲᠡᠭᠳᠡᠷ ᠲᠤ ᠬᠦᠷᠭᠡᠨ᠎ᠡ᠃     ᠤᠯᠤᠰ ᠤᠨ ᠲᠠᠯ᠎ᠠ ᠬᠢ᠄     1. ᠪᠥᠬᠦ ᠤᠯᠤᠰ ᠤᠨ 6 ᠮᠤᠵᠢ ᠬᠤᠲᠠ ᠶᠢᠨ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠢ ᠳᠡᠮᠵᠢᠬᠦ ᠲᠤᠷᠰᠢᠯᠲᠠ ᠶᠢᠨ ᠴᠢᠭ᠋ ᠤᠨ ᠢᠨᠵᠧᠨᠧᠷᠢᠩ ᠤᠨ ᠲᠤᠬᠠᠢ ᠶᠢᠨ ᠲᠠᠯᠠᠪᠤᠷ ᠤᠨ ᠬᠤᠷᠠᠯ ᠤᠨ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠡᠷᠭᠢᠯᠡᠬᠦ ᠶᠢᠨ ᠬᠠᠮᠲᠤ ᠥᠪᠥᠷ ᠮᠣᠩᠭᠤᠯ ᠤᠨ 100 ᠳᠤᠮᠳᠠᠳᠤ ᠪᠠᠭ᠎ᠠ ᠰᠤᠷᠭᠠᠭᠤᠯᠢ ᠳᠤ ᠪᠡᠶ᠎ᠡ ᠶᠢᠨ ᠲᠠᠮᠢᠷ ᠤᠨ ᠰᠤᠷᠭᠠᠨ ᠬᠥᠮᠦᠵᠢᠯ ᠢ ᠳᠡᠮᠵᠢᠬᠦ ᠠᠵᠢᠯᠯᠠᠭ᠎ᠠ ᠥᠷᠨᠢᠭᠦᠯᠦᠨ᠎ᠡ᠃     2. 60 ᠨᠡᠷᠡᠰ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠭᠠᠵᠠᠷ ᠤᠨ ᠺᠠᠳ᠋ᠷ ᠪᠣᠯᠣᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ ᠤᠨ ᠬᠠᠮᠢᠶᠠᠷᠤᠯᠲᠠ ᠶᠢᠨ ᠠᠵᠢᠯᠲᠠᠨ ᠤ ᠪᠤᠯᠪᠠᠰᠤᠷᠠᠯ ᠤᠨ ᠠᠩᠭᠢ ᠶᠢ ᠰᠠᠶᠢᠳᠤᠷ ᠡᠷᠬᠢᠯᠡᠨ᠎ᠡ᠃     3. 100 ᠨᠡᠷᠡᠰ ᠪᠥᠬᠦ ᠤᠯᠤᠰ ᠤᠨ ᠲᠠᠮᠢᠷ ᠤᠨ ᠰᠤᠷᠭᠠᠭᠤᠯᠢ ᠶᠢᠨ ᠰᠤᠷᠭᠠᠭᠤᠯᠢ ᠶᠢᠨ ᠵᠠᠬᠢᠷᠤᠯ ᠤᠨ ᠪᠤᠯᠪᠠᠰᠤᠷᠠᠯ ᠤᠨ ᠠᠩᠭᠢ ᠶᠢ ᠲᠠᠭᠠᠭᠠᠴᠢᠯᠠᠨ ᠡᠷᠭᠢᠯᠡᠨ᠎ᠡ᠃     4. ︽ᠤᠷᠤᠭᠰᠢᠯᠠᠭᠠᠷᠠᠢ ᠪᠠᠭᠠᠴᠤᠳ ᠡ︾  ᠪᠠᠭᠠᠴᠤᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠰᠠᠶᠢᠲᠤᠷ ᠡᠷᠭᠢᠯᠡᠵᠦ᠂ 100 ᠲᠦᠮᠡᠨ ᠬᠥᠮᠥᠨ ᠤᠳᠠᠭ᠎ᠠ ᠣᠷᠤᠯᠴᠠᠬᠤ ᠶᠢ ᠪᠡᠶᠡᠯᠡᠭᠦᠯᠦᠨ᠎ᠡ᠃     5. ︽ᠵᠠᠯᠠᠭᠤᠴᠤᠳ ᠪᠠᠭᠠᠴᠤᠳ ᠤᠨ ᠤᠷᠤᠯᠳᠤᠭᠠᠨ ᠤ ᠰᠤᠷᠲᠠᠯ ᠰᠠᠬᠢᠯᠭ᠎ᠠ ᠪᠠᠲᠤ ᠬᠦᠭᠡᠷᠦᠭᠦᠯᠬᠦ ᠡᠮ ᠢ ᠡᠰᠡᠷᠭᠦᠴᠡᠬᠦ ᠤᠬᠠᠭᠤᠯᠭ᠎ᠠ ᠬᠥᠮᠦᠵᠢᠯ︾ ᠤᠨ ᠲᠤᠷᠰᠢᠯᠲᠠ ᠶᠢᠨ ᠠᠵᠢᠯᠯᠠᠭ᠎ᠠ ᠶᠢ ᠰᠠᠶᠢᠲᠤᠷ ᠡᠷᠭᠢᠯᠡᠵᠦ᠂ 20 ᠲᠦᠮᠡᠨ ᠵᠠᠯᠠᠭᠤᠴᠤᠳ ᠪᠠᠭᠠᠴᠤᠳ ᠲᠤ ᠬᠦᠮᠦᠵᠢᠯ ᠬᠦᠷᠳᠡᠭᠡᠨ᠎ᠡ᠃     6. ᠪᠥᠬᠦ ᠤᠯᠤᠰ ᠤᠨ ᠡᠯ᠎ᠡ ᠱᠠᠲᠤᠨ ᠤ ᠡᠯ᠎ᠡ ᠲᠥᠷᠥᠯ ᠤᠨ ᠲᠠᠮᠢᠷ ᠤᠨ ᠰᠤᠷᠭᠠᠭᠤᠯᠢ ᠶᠢᠨ 110 ᠨᠡᠷᠡᠰ ᠲᠠᠰᠬᠠᠯᠵᠢᠭᠤᠯᠤᠭᠴᠢ ᠶᠢᠨ ᠶᠡᠷᠦᠩᠬᠡᠶᠢᠯᠡᠭᠰᠡᠨ ᠮᠡᠳᠡᠯᠭᠡ ᠶᠢᠨ ᠰᠢᠨᠡᠴᠢᠯᠡᠯᠲᠡ ᠶᠢᠨ ᠡᠭᠡᠯᠵᠢᠯᠡᠬᠦ ᠪᠤᠯᠪᠠᠰᠤᠷᠠᠯ ᠤᠨ ᠠᠩᠭᠢ ᠶᠢ ᠡᠷᠭᠢᠯᠡᠨ᠎ᠡ᠃     7. ᠰᠤᠷ ᠬᠠᠷᠪᠤᠬᠤ᠂ ᠤᠮᠪᠠᠭ᠋ᠤ᠂  ᠲᠠᠶᠢᠺᠢᠨᠳᠤᠤ᠂ ᠪᠥᠬᠡ ᠪᠠᠷᠢᠯᠳᠤᠬᠤ᠂ ᠠᠷᠤᠷ᠎ᠠ ᠪᠥᠮᠪᠦᠭᠡ ᠵᠡᠷᠭᠡ 5 ᠲᠥᠷᠥᠯ ᠤᠨ ᠵᠠᠯᠠᠭᠤᠴᠤᠳ ᠪᠠᠭᠠᠴᠤᠳ ᠤᠨ U ᠰᠢᠷᠢᠰ ᠤᠷᠤᠯᠳᠤᠭᠠᠨ ᠢ ᠰᠠᠶᠢᠲᠤᠷ ᠡᠷᠭᠢᠯᠡᠨ᠎ᠡ᠃     8. ᠮᠥᠰᠥ ᠴᠠᠰᠤᠨ ᠤ ᠪᠡᠯᠡᠳᠬᠡᠯ ᠴᠢᠳᠠᠪᠤᠷᠢᠲᠠᠨ ᠤ 4 ᠰᠠᠭᠤᠷᠢᠨ ᠭᠠᠵᠠᠷ ᠢ ᠰᠠᠶᠢᠲᠤᠷ ᠪᠦᠲᠦᠭᠡᠨ ᠪᠠᠶᠢᠭᠤᠯᠤᠨ᠎ᠠ ︵ᠬᠥᠬᠡᠬᠤᠲᠠ᠂ ᠬᠥᠯᠥᠨ ᠪᠤᠶᠢᠷ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ ᠶᠢᠨ ᠯᠢᠶᠡᠩᠴᠧᠩ ᠰᠢᠶᠠᠨ︶᠃      ᠦᠪᠡᠷᠳᠡᠭᠡᠨ ᠵᠠᠰᠠᠬᠤ ᠤᠷᠤᠨ ᠤ ᠲᠠᠯ᠎ᠠ ᠶᠢᠨ ᠬᠢ᠄     1. ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠵᠦ᠂ ︽ᠨᠠᠮ ᠤᠨ ᠪᠠᠶᠢᠭᠤᠯᠤᠯᠲᠠ ᠪᠠᠷ ᠲᠤᠬᠠᠶᠢᠯᠠᠭᠰᠠᠨ ᠠᠵᠢᠯ ᠢ ᠠᠬᠢᠭᠤᠯᠵᠤ᠂ ᠲᠤᠬᠠᠶᠢᠯᠠᠭᠰᠠᠨ ᠠᠵᠢᠯ ᠢᠶᠠᠷ ᠨᠠᠮ ᠤᠨ ᠪᠠᠶᠢᠭᠤᠯᠤᠯᠲᠠ ᠶᠢ ᠬᠦᠴᠦᠷᠬᠡᠭᠵᠢᠭᠦᠯᠬᠦ︾ ᠣᠶᠢᠯᠠᠭᠠᠭᠳᠠᠬᠤᠨ ᠢ ᠪᠠᠷᠢᠮᠲᠠᠯᠠᠨ᠂ ᠨᠠᠮ ᠤᠨ ᠪᠠᠶᠢᠭᠤᠯᠤᠯᠲᠠ  ᠶᠢᠨ ᠨᠡᠷᠡᠲᠦ ᠲᠡᠮᠳᠡᠭ ᠢ ᠦᠷᠭᠦᠯᠵᠢᠯᠡᠨ ᠪᠤᠶ ᠪᠣᠯᠭᠠᠨ᠎ᠠ᠃     2. ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ  ᠪᠤᠯᠪᠠᠰᠤᠷᠠᠯ ᠢ ᠰᠠᠶᠢᠳᠤᠷ ᠬᠢᠨ᠎ᠡ᠃ ᠪᠥᠬᠦ ᠣᠷᠣᠨ ᠤ 65 ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠤᠷᠭᠠᠭᠤᠯᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ︽ᠰᠠᠭᠤᠷᠢ ᠶᠢ ᠪᠠᠬᠢᠵᠢᠭᠦᠯᠬᠦ ᠲᠥᠯᠥᠪᠯᠡᠭᠡ︾ ᠶᠢ ᠬᠡᠷᠡᠭᠵᠢᠭᠦᠯᠦᠨ᠂ 5 ᠵᠠᠯᠠᠭᠤᠴᠤᠳ ᠪᠠᠭᠠᠴᠤᠳ ᠤᠨ ᠪᠣᠯᠪᠠᠰᠤᠷᠠᠯ ᠤᠨ ᠲᠥᠪ ᠢ ᠰᠢᠨ᠎ᠡ ᠪᠠᠷ ᠨᠡᠮᠡᠵᠦ ᠪᠠᠶᠢᠭᠤᠯᠤᠨ᠎ᠠ᠃     3. ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠵᠣᠬᠢᠶᠠᠨ ᠪᠠᠶᠢᠭᠤᠯᠬᠤ ᠠᠵᠢᠯ ᠢ ᠰᠠᠶᠢᠳᠤᠷ ᠬᠢᠨ᠎ᠡ᠃ ︽ᠤᠷᠤᠯᠳᠤᠭᠠᠨ ᠢᠶᠠᠷ ᠪᠣᠯᠪᠠᠰᠤᠷᠠᠯ ᠢ ᠠᠬᠢᠭᠤᠯᠬᠤ︾ ᠶᠢ ᠪᠠᠷᠢᠮᠲᠠᠯᠠᠵᠤ᠂ ᠬᠥᠯ ᠪᠥᠮᠪᠦᠭᠡ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠪᠤᠶᠢᠺᠤ ᠪᠥᠮᠪᠦᠭᠡ᠂ ᠠᠷᠤᠷ᠎ᠠ ᠪᠥᠮᠪᠦᠭᠡ ᠵᠡᠷᠭᠡ 12 ᠲᠥᠷᠥᠯ ᠵᠦᠢᠯ ᠤᠨ ᠬᠡᠦᠬᠡᠳ ᠤᠨ ᠰᠣᠨᠢᠷᠬᠠᠯᠳᠤ ᠤᠷᠤᠯᠳᠤᠭᠠᠨ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ ᠤᠨ ᠬᠤᠯᠪᠣᠭᠠᠲᠤ ᠤᠷᠤᠯᠳᠤᠭᠠᠨ ᠪᠠ ᠰᠤᠷᠭᠠᠭᠤᠯᠢ ᠶᠢᠨ ᠬᠤᠭᠤᠷᠣᠨᠳᠣᠬᠢ ᠬᠤᠯᠪᠣᠭᠠᠲᠤ ᠤᠷᠤᠯᠳᠤᠭᠠᠨ ᠢ ᠶᠡᠬᠡᠪᠡᠷ ᠥᠷᠨᠢᠭᠦᠯᠵᠦ᠂ 5 ᠲᠦᠮᠡᠨ ᠬᠡᠦᠬᠡᠳ ᠪᠠᠭᠠᠴᠤᠳ ᠢ ᠣᠷᠣᠯᠴᠠᠭᠤᠯᠤᠨ᠎ᠠ᠃ ᠪᠦᠬᠦ ᠤᠯᠤᠰ ᠤᠨ ᠠᠩᠬᠠᠳᠤᠭᠠᠷ ᠬᠤᠭᠤᠴᠠᠭᠠᠨ ᠤ ᠰᠤᠷᠤᠭᠴᠢᠳ ︵ᠵᠠᠯᠠᠭᠤᠴᠤᠳ︶ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠤᠯᠴᠠᠬᠤ ᠪᠠᠷ ᠪᠡᠯᠡᠳᠬᠡᠵᠦ᠂ ᠤᠶᠤᠨ ᠤ ᠪᠣᠯᠪᠠᠰᠤᠨ ᠪᠠ ᠪᠡᠶ᠎ᠡ ᠶᠢᠨ ᠲᠠᠮᠢᠷ ᠤᠨ ᠬᠤᠣᠰ ᠡᠯᠪᠡᠭ ᠬᠤᠷᠢᠶᠠᠯᠲᠠ ᠣᠯᠬᠤ ᠪᠠᠷ ᠴᠢᠷᠮᠠᠶᠢᠨ᠎ᠠ᠃     4. ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠰᠢᠷᠢᠰ ᠠᠵᠢᠯᠯᠠᠭ᠎ᠠ ᠶᠢ ᠰᠠᠶᠢᠲᠤᠷ ᠡᠷᠬᠢᠯᠡᠨ᠎ᠡ᠃ ᠬᠡᠦᠬᠡᠳ ᠤᠨ ᠪᠡᠶ᠎ᠡ ᠶᠢᠨ ᠲᠠᠮᠢᠷ ᠤᠨ ᠶᠡᠭᠡ ᠬᠤᠷᠠᠯ ᠵᠢᠴᠢ ᠡᠴᠢᠭᠡ ᠡᠬᠡ ᠦᠷ᠎ᠡ ᠬᠡᠦᠬᠡᠳ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠯᠵᠦ᠂  ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠨᠠᠶᠢᠷ ︵13 ᠲᠠᠯᠠᠪᠤᠷ ᠪᠡᠶ᠎ᠡ ᠶᠢᠨ ᠲᠠᠮᠢᠷ ᠤᠨ ᠮᠡᠷᠭᠡᠵᠢᠯ ᠴᠢᠳᠠᠪᠤᠷᠢ ᠶᠢᠨ ᠦᠵᠡᠭᠦᠯᠦᠯᠭᠡ ᠶᠢᠨ ᠶᠡᠭᠡ ᠬᠤᠷᠠᠯ᠂ 10 ᠬᠤᠭᠤᠴᠠᠭᠠᠨ ᠤ ᠵᠤᠰᠠᠯᠠᠩ ᠤᠨ ᠠᠵᠢᠯᠯᠠᠭ᠎ᠠ᠂ 10 ᠬᠤᠭᠤᠴᠠᠭᠠᠨ ᠤ ᠡᠪᠦᠯ ᠤᠨ ᠠᠮᠠᠷᠠᠯᠲᠠ ᠶᠢᠨ ᠠᠵᠢᠯᠯᠠᠭ᠎ᠠ︶  ᠡᠷᠬᠢᠯᠡᠨ᠂ 2 ᠲᠦᠮᠡᠨ ᠬᠡᠦᠬᠡᠳ ᠪᠠᠭᠠᠴᠤᠳ ᠤᠨ ᠣᠷᠤᠯᠴᠠᠬᠤ ᠶᠢ ᠪᠡᠶᠡᠯᠡᠭᠦᠯᠦᠨ᠎ᠡ᠃     5. ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯᠲᠠᠳ ᠤᠨ ᠪᠤᠯᠪᠠᠰᠤᠷᠠᠯ ᠤᠨ ᠠᠩᠭᠢ ᠶᠢ ᠰᠠᠶᠢᠳᠤᠷ ᠡᠷᠬᠢᠯᠡᠨ᠎ᠡ᠃ ᠡᠯ᠎ᠡ ᠱᠠᠲᠤᠨ ᠤ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠵᠠᠬᠢᠷᠤᠯ᠂ ᠲᠠᠰᠬᠠᠯᠵᠢᠭᠤᠯᠤᠭᠴᠢ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ ᠤᠨ ᠬᠠᠮᠢᠶᠠᠷᠤᠯᠲᠠ ᠶᠢᠨ ᠠᠵᠢᠯᠲᠠᠨ᠂ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ᠪᠣᠯᠪᠠᠰᠤᠷᠠᠯ ᠤᠨ ᠠᠩᠭᠢ ᠶᠢ 10 ᠬᠤᠭᠤᠴᠠᠭ᠎ᠠ ᠡᠷᠬᠢᠯᠡᠵᠦ᠂ 1000 ᠬᠦᠮᠦᠨ ᠢ ᠤᠷᠤᠯᠴᠠᠭᠤᠯᠤᠨ᠎ᠡ᠃     6. ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠬᠠᠭᠤᠯᠭ᠎ᠠ ᠶᠢᠨ ᠠᠵᠢᠯ ᠢ ᠰᠠᠶᠢᠳᠤᠷ ᠦᠷᠨᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠪᠠ ᠡᠯ᠎ᠡ ᠭᠠᠵᠠᠷ ᠣᠷᠣᠨ ᠤ ᠰᠣᠨᠢᠨ ᠮᠡᠳᠡᠭᠡᠨ ᠤ ᠵᠠᠭᠤᠴᠢᠯᠠᠭᠤᠷ ᠵᠢᠴᠢ ᠬᠤᠪᠢ ᠶᠢᠨ ᠵᠠᠭᠤᠴᠢᠯᠠᠭᠤᠷ   ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠠᠭᠤᠴᠢᠯᠠᠭᠤᠷ ᠤᠨ ᠠᠭᠤᠯᠵᠠᠯᠲᠠ ᠶᠢᠨ ᠬᠤᠷᠠᠯ᠂ ᠰᠣᠨᠢᠨ ᠮᠡᠳᠡᠭᠡᠯᠡᠯ᠂ ᠸᠧᠳᠢᠤ᠋ ᠳᠠᠮᠵᠢᠭᠤᠯᠭ᠎ᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠤᠨ ᠦᠷᠨᠢᠭᠦᠨ ᠬᠦᠭᠵᠢᠭᠦᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠣᠷᠣᠨ ᠳᠤ ᠡᠯ᠎ᠡ ᠲᠥᠷᠥᠯ ᠤᠨ ᠰᠣᠨᠢᠨ ᠮᠡᠳᠡᠭᠡ ᠳᠤ 500 ᠵᠤᠷᠪᠤᠰ ᠮᠡᠳᠡᠭᠡ ᠤᠬᠠᠭᠤᠯᠤᠨ ᠮᠡᠳᠡᠭᠡᠯᠡᠬᠦ ᠶᠢ ᠪᠡᠶᠡᠯᠡᠭᠦᠯᠦᠨ᠎ᠡ᠃     7. ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠢ ᠦᠷᠭᠦᠯᠵᠢᠯᠡᠨ ᠠᠬᠢᠭᠤᠯᠤᠨ᠎ᠡ᠃ ᠪᠡᠶ᠎ᠡ ᠶᠢᠨ ᠲᠠᠮᠢᠷ ᠤᠨ ᠲᠥᠷᠥᠯ ᠵᠦᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠠᠬᠢᠭᠤᠯᠵᠤ᠂ 500 ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠶᠢ ᠪᠠᠶᠢᠭᠤᠯᠵᠤ᠂ ︽ᠨᠢᠭᠡ ᠰᠤᠷᠭᠠᠭᠤᠯᠢ ᠨᠢᠭᠡ ᠲᠥᠷᠥᠯ ᠵᠦᠢᠯ︾ ︽ᠨᠢᠭᠡ ᠰᠤᠷᠭᠠᠭᠤᠯᠢ ᠣᠯᠠᠨ ᠲᠥᠷᠥᠯ ᠵᠦᠢᠯ︾ ᠤᠨ ᠣᠨᠴᠠᠯᠢᠭᠲᠤ ᠦᠷ᠎ᠡ ᠪᠦᠲᠦᠭᠡᠯ ᠢ ᠪᠠᠬᠢᠵᠢᠭᠦᠯᠦᠨ᠎ᠡ᠃ ᠪᠡᠶ᠎ᠡ ᠶᠢᠨ ᠲᠠᠮᠢᠷ ᠤᠨ ᠪᠠᠭᠰᠢ᠂ ᠲᠠᠰᠬᠠᠯᠵᠢᠭᠤᠯᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠨ ᠲᠠᠮᠢᠷᠴᠢᠳ ᠤᠨ ᠪᠡᠶ᠎ᠡ ᠶᠢᠨ ᠲᠠᠮᠢᠷ ᠤᠨ ᠪᠠᠭᠰᠢ ᠪᠠ ᠲᠠᠰᠬᠠᠯᠵᠢᠭᠤᠯᠤᠭᠴᠢ ᠶᠢᠨ ᠲᠤᠰᠢᠶᠠᠯ ᠢ ᠡᠭᠦᠷᠭᠡᠯᠡᠬᠦ ᠶᠢ ᠳᠡᠮᠵᠢᠨ᠎ᠡ᠃     8. ᠡᠯ᠎ᠡ ᠪᠦᠷᠢᠯᠳᠦᠭᠦᠨ ᠨᠢᠭᠡᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠰᠠᠶᠢᠲᠤᠷ ᠭᠦᠢᠴᠡᠳᠬᠡᠨ᠎ᠡ᠃ ︽ᠬᠤᠶᠠᠷ ᠢ ᠪᠠᠭᠠᠰᠬᠠᠬᠤ︾ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢ ᠴᠢᠩᠭᠠᠳᠬᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠬᠥᠭᠵᠢᠯᠲᠡ ᠶᠢᠨ ᠬᠥᠲᠥᠯᠪᠦᠷᠢ︾ ᠶᠢᠨ ᠬᠠᠷᠠᠯᠲᠠᠲᠤ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠪᠡᠶᠡᠯᠡᠭᠦᠯᠵᠦ᠂ ︽ᠤᠮᠠᠷᠠᠲᠤ ᠬᠢᠯᠢ ᠪᠠᠨ ᠶᠡᠭᠡ ᠪᠠᠷ ᠬᠠᠶᠢᠷᠠᠯᠠᠬᠤ︾ ᠰᠢᠷᠢᠰ ᠠᠵᠢᠯᠯᠠᠭ᠎ᠠ ᠶᠢ ᠥᠷᠨᠢᠭᠦᠯᠦᠨ᠎ᠡ᠃     ᠨᠡᠶᠢᠭᠡᠮ ᠤᠨ ᠡᠯ᠎ᠡ ᠡᠲᠡᠭᠡᠳ ᠤᠨ ᠬᠢᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠬᠠᠯᠠᠮᠵᠢᠯᠠᠨ ᠠᠩᠬᠠᠷᠴᠤ ᠪᠠᠶᠢᠭ᠎ᠠ ᠳᠤ ᠲᠠᠯᠠᠷᠬᠠᠵᠤ ᠪᠠᠶᠢᠨ᠎ᠠ᠂ 2023 ᠣᠨ ᠳᠤ᠂ ᠪᠢᠳᠡ ᠨᠢᠭᠡ ᠰᠡᠳᠬᠢᠯ ᠨᠢᠭᠡ ᠵᠣᠷᠢᠭ ᠢᠶᠠᠷ ᠰᠢᠷᠭᠠᠭᠤ ᠬᠠᠲᠠᠭᠤᠵᠢᠯᠲᠠᠢ ᠠᠵᠢᠯᠯᠠᠵᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠥᠭᠡ ᠬᠠᠮᠲᠤᠪᠠᠷ ᠴᠢᠷᠮᠠᠶᠢᠬᠤ ᠪᠤᠯᠤᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号