2 ᠰᠠᠷ᠎ᠠ ᠶᠢᠨ 16 ᠤ ᠡᠳᠦᠷ ᠬᠡᠪᠯᠡᠭᠳᠡᠭᠰᠡᠨ 4 ᠳ᠋ᠦ᠋ᠭᠡᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠤᠨ 2022 ᠣᠨ ᠤ 12 ᠰᠠᠷ᠎ᠠ ᠶᠢᠨ 15 ᠤ ᠡᠳᠦᠷ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠨᠢᠭᠡ ᠬᠡᠰᠡᠭ ᠪᠤᠯᠬᠤ ︽ᠣᠳᠣᠬᠠᠨ ᠤ ᠠᠵᠤ ᠠᠬᠤᠢ ᠶᠢᠨ ᠠᠵᠢᠯ ᠤᠨ | ᠬᠡᠳᠦᠨ ᠴᠢᠬᠤᠯᠠ ᠶᠡᠭᠡ ᠠᠰᠠᠭᠤᠳᠠᠯ︾ ᠢ ᠨᠡᠶᠢᠲᠡᠯᠡᠪᠡ᠃ | ᠵᠣᠬᠢᠶᠠᠯ ᠳᠤ᠂ 2023 ᠣᠨ ᠤ ᠠᠵᠤ ᠠᠬᠤᠢ ᠶᠢᠨ ᠠᠵᠢᠯ ᠮᠢᠩᠭ᠎ᠠ ᠲᠦᠮᠡᠨ ᠵᠦᠢᠯ ᠪᠠᠶᠢᠵᠤ᠂ ᠪᠠᠶᠢᠯᠳᠤᠬᠤ | ᠪᠣᠳᠣᠯᠭ᠎ᠠ ᠶᠢᠨ ᠪᠦᠭᠦ ᠲᠠᠯ᠎ᠠ ᠠᠴᠠ ᠡᠭᠦᠰᠴᠦ᠂ ᠭᠤᠣᠯ ᠵᠥᠷᠢᠴᠡᠯ ᠢ ᠠᠳᠬᠤᠵᠤ᠂ ᠨᠡᠶᠢᠭᠡᠮ ᠤᠨ ᠰᠡᠳᠬᠢᠴᠡ ᠶᠢᠨ | ᠵᠢᠱᠢᠯᠲᠡ ᠶᠢ ᠰᠠᠶᠢᠵᠢᠷᠠᠭᠤᠯᠬᠤ᠂ ᠬᠥᠭᠵᠢᠯᠲᠡ ᠶᠢᠨ ᠢᠲᠡᠭᠡᠯ ᠢ ᠬᠥᠭᠵᠢᠭᠡᠬᠦ ᠠᠴᠠ ᠭᠠᠷᠳᠠᠵᠤ᠂ ᠴᠢᠬᠤᠯᠠ ᠶᠡᠭᠡ | ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠬᠥᠲᠥᠯᠪᠦᠷᠢ ᠶᠢ ᠠᠳᠬᠤᠪᠠᠯ ᠠᠯᠢᠪᠠ ᠪᠦᠭᠦᠨ ᠨᠢ ᠳᠠᠭᠠᠯᠳᠤᠨ | ᠰᠢᠢᠳᠪᠦᠷᠢᠯᠡᠭᠳᠡᠬᠦ ᠪᠣᠯᠣᠨ᠎ᠠ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠬᠦ ᠬᠡᠷᠡᠭᠲᠡᠢ᠃ ᠶᠡᠷᠦᠩᠬᠡᠢ | ᠬᠡᠷᠡᠭᠴᠡᠭᠡ ᠬᠦᠷᠦᠯᠴᠡᠬᠦ ᠦᠭᠡᠢ ᠪᠠᠶᠢᠬᠤ ᠪᠣᠯ ᠣᠳᠣᠬᠠᠨ ᠤ ᠠᠵᠤ ᠠᠬᠤᠢ ᠶᠢᠨ ᠠᠵᠢᠯᠯᠠᠭᠠᠨ ᠳᠤ ᠲᠤᠯᠭᠠᠷᠠᠵᠤ ᠪᠠᠶᠢᠭ᠎ᠠ | ᠲᠣᠪᠤᠶᠢᠮ᠎ᠠ ᠵᠥᠷᠢᠴᠡᠯ ᠮᠥᠨ᠃ ᠡᠷᠬᠡᠪᠰᠢ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠶᠡᠭᠡ ᠪᠠᠷ | ᠬᠡᠷᠡᠭᠵᠢᠭᠦᠯᠵᠦ᠂ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠨᠡᠶᠢᠭᠡᠮ ᠤᠨ ᠲᠠᠭᠢᠨ ᠦᠢᠯᠡᠳᠪᠦᠷᠢᠯᠡᠯ ᠤᠨ ᠰᠠᠶᠢᠨ | ᠣᠷᠴᠢᠯ ᠢ ᠪᠡᠶᠡᠯᠡᠭᠦᠯᠬᠦ ᠬᠡᠷᠡᠭᠲᠡᠢ᠃ ᠲᠦᠷᠤ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠬᠡᠷᠡᠭᠯᠡᠭᠡ ᠶᠢᠨ | ᠰᠠᠭᠤᠷᠢ ᠦᠢᠯᠡᠳᠦᠯ ᠪᠣᠯᠣᠨ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠭᠦᠢᠴᠡᠳ | ᠪᠠᠳᠠᠷᠠᠭᠤᠯᠬᠤ ᠬᠡᠷᠡᠭᠲᠡᠢ᠃ ᠨᠢᠭᠡ ᠳᠤ᠂ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠬᠤ | ᠬᠡᠷᠡᠭᠲᠡᠢ᠃ ᠬᠤᠶᠠᠷ ᠲᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠷ | ᠳᠠᠮᠵᠢᠭᠤᠯᠤᠨ ᠪᠦᠭᠦ ᠨᠡᠶᠢᠭᠡᠮ ᠤᠨ ᠪᠡᠯᠡ ᠣᠷᠣᠭᠤᠯᠤᠯᠲᠠ ᠶᠢ ᠪᠦᠲᠦᠮᠵᠢᠲᠡᠶ ᠳᠠᠶᠢᠴᠢᠯᠠᠬᠤ ᠬᠡᠷᠡᠭᠲᠡᠢ᠃ ᠭᠠᠳᠠᠭᠠᠳᠤ | ᠭᠠᠷᠭᠠᠯᠲᠠ ᠶᠢᠨ ᠠᠵᠤ ᠠᠬᠤᠢ ᠳᠤ ᠦᠵᠡᠭᠦᠯᠭᠦ ᠲᠤᠯᠭᠠᠭᠤᠷᠢᠯᠠᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ | ᠠᠷᠠᠯᠵᠢᠶᠠᠨ ᠤ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠪᠢᠳᠡ | ᠳᠣᠲᠣᠷ ᠲᠠᠮᠢᠷ ᠢᠶᠠᠨ ᠰᠠᠶᠢᠲᠤᠷ ᠪᠣᠯᠪᠠᠰᠤᠷᠠᠵᠤ᠂ ᠯᠠᠪᠳᠠᠭᠤᠨ ᠪᠠᠲᠤᠲᠠᠢ ᠵᠣᠬᠰᠣᠬᠤ ᠬᠡᠷᠡᠭᠲᠡᠢ᠃ ᠮᠠᠨ ᠤ ᠤᠯᠤᠰ ᠲᠤ | ᠳᠡᠯᠡᠬᠡᠢ ᠳᠡᠭᠡᠷᠡᠬᠢ ᠬᠠᠮᠤᠭ ᠤᠨ ᠪᠦᠷᠢᠨ ᠪᠦᠲᠦᠨ ᠠᠵᠤ ᠦᠢᠯᠡᠰ ᠤᠨ ᠰᠢᠰᠲ᠋ᠧᠮ ᠪᠠ ᠲᠠᠯᠳᠠ ᠬᠦᠴᠦᠨ ᠢᠶᠠᠷ ᠬᠠᠮᠤᠭ ᠤᠨ | ᠶᠡᠭᠡ ᠳᠣᠲᠣᠭᠠᠳᠤ ᠬᠡᠷᠡᠭᠴᠡᠭᠡ ᠶᠢᠨ ᠵᠠᠬ᠎ᠠ ᠳᠡᠯᠭᠡᠭᠦᠷ ᠪᠠᠶᠢᠨ᠎ᠠ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠠᠮᠤᠷ ᠲᠦᠪᠰᠢᠨ ᠤ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ | ᠳᠤᠲᠠᠭᠤᠳᠠᠯ ᠢᠶᠠᠨ ᠱᠠᠯᠠᠪᠳᠠᠨ ᠨᠥᠬᠦᠪᠦᠷᠢᠯᠡᠵᠦ᠂ ᠳᠠᠪᠠᠭᠤᠯᠢᠭ ᠲᠠᠯ᠎ᠠ ᠪᠠᠨ ᠪᠤᠯᠪᠠᠰᠤᠷᠠᠭᠤᠯᠬᠤ ᠬᠡᠷᠡᠭᠲᠡᠢ᠃ ᠨᠢᠭᠡ ᠳᠤ᠂ | ᠤᠯᠤᠰ ᠠᠷᠠᠳ ᠤᠨ ᠠᠵᠤ ᠠᠬᠤᠢ ᠶᠢᠨ ᠣᠷᠴᠢᠯ ᠤᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠮᠠᠨ ᠤ ᠤᠯᠤᠰ ᠤᠨ ᠠᠵᠤ ᠠᠬᠤᠢ ᠡᠷᠬᠡᠪᠰᠢ ᠤᠯᠤᠰ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠠᠷᠠᠳ ᠤᠨ | ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠵᠤ᠂ ᠰᠠᠭᠤᠷᠢ ᠲᠥᠬᠦᠭᠡᠷᠦᠮᠵᠢ᠂ ᠰᠠᠭᠤᠷᠢ ᠠᠵᠤ ᠦᠢᠯᠡᠰ ᠤᠨ ᠶᠡᠷᠦᠩᠬᠡᠢ | ᠴᠣᠭᠴᠠ ᠶᠢᠨ ᠬᠡᠪ ᠤᠨ ᠡᠷᠭᠢᠯᠲᠡ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠶᠠᠷ ᠲᠤ᠂ ᠠᠵᠤ ᠦᠢᠯᠡᠰ ᠤᠨ ᠰᠢᠰᠲ᠋ᠧᠮ ᠤᠨ | ᠲᠡᠰ ᠲᠡᠪᠰᠢᠨ ᠭᠦᠭᠵᠢᠭᠦ ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠳᠤ ᠤᠷᠢᠳᠴᠢᠯᠠᠨ | ᠪᠠᠶᠢᠷᠢᠯᠠᠭᠤᠯᠵᠤ᠂ ᠠᠵᠤ ᠦᠢᠯᠡᠰ ᠤᠨ ᠰᠢᠰᠲ᠋ᠧᠮ ᠤᠨ ᠣᠳᠣᠬᠢᠴᠢᠯᠠᠯᠲᠠ ᠶᠢᠨ ᠲᠦᠪᠰᠢᠨ ᠢ ᠪᠦᠭᠦ ᠲᠠᠯ᠎ᠠ ᠪᠠᠷ | ᠳᠡᠭᠡᠭᠰᠢᠯᠡᠭᠦᠯᠵᠦ᠂ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠤᠨ ᠲᠡᠷᠢᠭᠦᠨ ᠤ ᠪᠠᠶᠢᠷᠢ ᠰᠠᠭᠤᠷᠢ ᠶᠢ ᠪᠠᠬᠢᠵᠢᠭᠦᠯᠬᠦ ᠪᠠᠷ | ᠪᠠᠷᠠᠬᠤ ᠦᠭᠡᠢ ᠪᠠᠰᠠ ᠰᠢᠨ᠎ᠡ ᠥᠷᠢᠰᠦᠯᠳᠦᠭᠡᠨ ᠤ ᠳᠠᠪᠠᠭᠤᠯᠢᠭ ᠢ ᠡᠭᠦᠳᠭᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ︽ᠬᠤᠶᠠᠷ ᠡᠷᠡᠰ ᠭᠤᠶᠢᠪᠢᠰᠢ ᠦᠭᠡᠢ︾ ᠪᠠᠶᠢᠬᠤ ᠶᠢ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠢ᠃ | ᠪᠢᠳᠡ ᠡᠷᠬᠡᠪᠰᠢ ᠣᠪᠣᠷ ᠢᠶᠠᠨ ᠲᠣᠳᠣᠷᠬᠠᠢ ᠢᠯᠡᠳᠬᠡᠵᠦ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠥᠭᠡᠷᠡᠴᠢᠯᠡᠯᠲᠡ ᠶᠢᠨ ᠴᠢᠭᠯᠡᠯ ᠢ ᠢᠮᠠᠭᠲᠠ ᠪᠠᠷᠢᠮᠲᠠᠯᠠᠵᠤ᠂ ︽ᠬᠤᠶᠠᠷ ᠡᠷᠡᠰ ᠭᠤᠶᠢᠪᠢᠰᠢ ᠦᠭᠡᠢ︾ ᠪᠠᠶᠢᠬᠤ ᠶᠢ | ᠪᠠᠷᠢᠮᠲᠠᠯᠠᠬᠤ ᠬᠡᠷᠡᠭᠲᠡᠢ᠃ ᠨᠢᠭᠡ ᠳᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯᠯᠠᠬᠤ | ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠬᠤᠶᠠᠷ ᠲᠤ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠬᠥᠭᠵᠢᠯᠲᠡ ᠶᠢᠨ ᠣᠷᠴᠢᠨ ᠢ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠨ ᠪᠤᠵᠠᠭᠠᠶᠢᠷᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠨᠡᠩ ᠶᠡᠭᠡ ᠡᠷᠴᠢᠮ ᠢᠶᠠᠷ ᠭᠠᠳᠠᠭᠠᠳᠤ ᠪᠡᠯᠡ ᠶᠢ ᠲᠠᠲᠠᠨ ᠠᠪᠴᠢᠷᠠᠬᠤ ᠪᠠ ᠠᠰᠢᠭᠯᠠᠬᠤ ᠬᠡᠷᠡᠭᠲᠡᠢ᠃ | ᠪᠦᠭᠦ ᠪᠥᠮᠪᠥᠷᠴᠡᠭ ᠢ ᠠᠵᠢᠭᠯᠠᠪᠠᠯ᠂ ᠬᠥᠭᠵᠢᠭᠰᠡᠨ ᠤᠯᠤᠰ ᠪᠠ ᠰᠢᠨ᠎ᠡ ᠪᠠᠷ ᠮᠠᠨᠳᠤᠭᠰᠠᠨ ᠠᠵᠤ ᠠᠬᠤᠢ ᠶᠢᠨ ᠴᠣᠭᠴᠠ ᠴᠥᠮ | ᠭᠠᠳᠠᠭᠠᠳᠤ ᠪᠡᠯᠡ ᠶᠢ ᠲᠠᠳᠠᠨ ᠠᠪᠴᠢᠷᠠᠬᠤ ᠪᠠ ᠠᠰᠢᠭᠯᠠᠬᠤ ᠶᠢ ᠤᠯᠤᠰ ᠤᠨ ᠴᠢᠬᠤᠯᠠ ᠶᠡᠭᠡ ᠪᠣᠳᠣᠯᠭ᠎ᠠ ᠪᠤᠯᠭᠠᠵᠤ᠂ | ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠤᠯᠠᠨ ᠤᠯᠤᠰ ᠤᠨ ᠥᠷᠢᠰᠦᠯᠳᠦᠭᠡᠨ ᠨᠡᠩ | ᠰᠢᠷᠦᠭᠦᠰᠴᠦ ᠪᠠᠶᠢᠨ᠎ᠠ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠮᠠᠨ ᠤ ᠤᠯᠤᠰ ᠤᠨ ᠭᠡᠳᠦ | ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠪᠠᠭᠤᠯᠢᠭ ᠲᠤ ᠲᠦᠰᠢᠭᠯᠡᠨ᠂ ᠤᠯᠤᠰ ᠤᠨ ᠳᠣᠲᠣᠭᠠᠳᠤ ᠶᠢᠨ ᠶᠡᠭᠡ | ᠣᠷᠴᠢᠯ ᠢᠶᠠᠷ ᠪᠦᠭᠦ ᠪᠥᠮᠪᠥᠷᠴᠡᠭ ᠤᠨ ᠡᠬᠢ ᠪᠠᠶᠠᠯᠢᠭ ᠤᠨ ᠡᠯᠧᠮᠧᠨ᠋ᠲ ᠢ ᠲᠠᠲᠠᠵᠤ᠂ ᠴᠢᠨᠠᠷ ᠰᠠᠶᠢᠲᠠᠢ ᠨᠥᠭᠡᠴᠡ ᠭᠠᠳᠠᠭᠠᠳᠤ | ᠪᠡᠯᠡ ᠶᠢ ᠦᠯᠡᠳᠡᠭᠡᠬᠦ ᠪᠥᠭᠡᠳ ᠪᠠᠰᠠ ᠨᠡᠩ ᠤᠯᠠᠨ ᠴᠢᠨᠠᠷ ᠰᠠᠶᠢᠲᠠᠢ ᠭᠠᠳᠠᠭᠠᠳᠤ ᠪᠡᠯᠡ ᠶᠢ ᠲᠠᠲᠠᠨ ᠠᠪᠴᠢᠷᠠᠵᠤ᠂ | ᠠᠷᠠᠯᠵᠢᠶᠠᠨ ᠤ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠶᠠᠰᠤ ᠴᠢᠨᠠᠷ ᠪᠠ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ | ᠨᠢᠭᠡ ᠳᠤ᠂ ᠵᠠᠬ᠎ᠠ ᠳᠡᠯᠭᠡᠭᠦᠷ ᠲᠤ ᠣᠷᠣᠭᠤᠯᠬᠤ ᠵᠥᠪᠰᠢᠶᠡᠷᠡᠯ ᠤᠨ ᠬᠡᠪᠴᠢᠶ᠎ᠡ ᠶᠢ ᠥᠷᠭᠡᠳᠬᠡᠬᠦ ᠬᠡᠷᠡᠭᠲᠡᠢ᠃ ᠬᠤᠶᠠᠷ ᠲᠤ᠂ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠦᠭᠦ ᠲᠠᠯ᠎ᠠ ᠪᠠᠷ ᠰᠢᠯᠢᠳᠡᠭᠵᠢᠭᠦᠯᠬᠦ ᠬᠡᠷᠡᠭᠲᠡᠢ᠃ ᠭᠤᠷᠪᠠ ᠳᠤ᠂ ᠭᠠᠳᠠᠭᠠᠳᠤ | ᠪᠡᠯᠡ ᠶᠢᠨ ᠠᠵᠤ ᠠᠬᠤᠶᠢᠯᠠᠯ ᠳᠤ ᠦᠢᠯᠡᠴᠢᠯᠡᠬᠦ ᠠᠵᠢᠯ ᠢ ᠬᠠᠨᠳᠤᠯᠭᠠᠲᠤ ᠴᠢᠨᠠᠷᠲᠠᠢ ᠪᠠᠷ ᠰᠠᠶᠢᠲᠤᠷ ᠬᠢᠬᠦ ᠬᠡᠷᠡᠭᠲᠡᠢ ᠭᠡᠵᠦ | ᠵᠢᠭᠠᠵᠤ ᠭᠠᠷᠭᠠᠪᠠ᠃ | ᠵᠣᠬᠢᠶᠠᠯ ᠳᠤ᠂ ᠠᠵᠤ ᠠᠬᠤᠢ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ | ᠰᠡᠷᠭᠡᠶᠢᠯᠡᠨ ᠠᠷᠢᠯᠭᠠᠬᠤ ᠬᠡᠷᠡᠭᠲᠡᠢ᠃ ᠡᠷᠬᠡᠪᠰᠢ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ᠂ | ᠬᠤᠯᠠ ᠣᠶᠢᠷ᠎ᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠡᠭᠦᠰᠭᠦ ᠦᠭᠡᠢ | ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠨᠢᠭᠡ ᠳᠤ᠂ ᠭᠡᠷ ᠭᠠᠵᠠᠷ ᠤᠨ ᠬᠥᠷᠥᠩᠭᠡ ᠶᠢᠨ ᠦᠢᠯᠡᠰ ᠠᠴᠠ | ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠡᠭᠦᠰᠭᠦ ᠶᠢ ᠰᠡᠷᠭᠡᠶᠢᠯᠡᠬᠦ ᠬᠡᠷᠡᠭᠲᠡᠢ᠃ ᠬᠤᠶᠠᠷ ᠲᠤ᠂ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠢ᠃ ᠭᠤᠷᠪᠠ ᠳᠤ᠂ ᠣᠷᠣᠨ ᠨᠤᠲᠤᠭ ᠤᠨ | ᠵᠠᠰᠠᠭ ᠤᠨ ᠣᠷᠳᠣᠨ ᠤ ᠥᠷᠢ ᠥᠭᠴᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠵᠣᠬᠢᠶᠠᠯ ᠳᠤ᠂ 2023 ᠣᠨ ᠳᠤ ᠪᠠᠰᠠ ᠮᠠᠰᠢ ᠤᠯᠠᠨ ᠴᠢᠬᠤᠯᠠ ᠠᠵᠢᠯ ᠢ ᠬᠢᠬᠦ ᠬᠡᠷᠡᠭᠲᠡᠢ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ | ᠪᠠᠶᠢᠳᠠᠯ ᠢᠯᠡᠷᠡᠭᠦ ᠶᠢ ᠡᠷᠡᠰ ᠰᠡᠷᠭᠡᠶᠢᠯᠡᠬᠦ ᠬᠡᠷᠡᠭᠲᠡᠢ᠃ ᠰᠢᠨ᠎ᠡ ᠨᠢᠭᠡ ᠡᠭᠡᠯᠵᠢ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠶᠢ ᠲᠥᠯᠥᠪᠵᠢᠭᠦᠯᠬᠦ ᠬᠡᠷᠡᠭᠲᠡᠢ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠣᠷᠣᠨ | ᠪᠦᠰᠡ ᠶᠢ ᠵᠣᠬᠢᠴᠠᠩᠭᠤᠢ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠬᠡᠷᠡᠭᠲᠡᠢ᠃ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |