ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠰᠢᠦᠢ ᠢᠦᠢ ᠬᠤᠸᠠ᠄ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠴᠢᠳᠠᠪᠤᠷᠢᠲᠠᠨ ᠤ ᠰᠢᠯᠵᠢᠯᠲᠡ ᠶᠢᠨ ᠲᠣᠭᠲᠠᠴᠠ ᠶᠢ ᠤᠯᠠᠮ ᠨᠢᠭᠡ ᠲᠡᠭᠦᠯᠳᠡᠷᠵᠢᠭᠦᠯᠬᠦ  ᠶᠢ ᠬᠦᠰᠡᠵᠦ ᠪᠠᠶᠢᠨ᠎ᠡ
ᠨᠡᠶᠢᠲᠡᠯᠡᠭᠰᠡᠨ ᠴᠠᠭ᠄
2023/3/15
    ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠰᠢᠲᠠᠷ᠎ᠠ ᠬᠦᠵᠦᠷ ᠤᠨ ᠬᠥᠳᠡᠯᠭᠡᠭᠡᠨ ᠤ ᠬᠠᠮᠢᠶᠠᠷᠤᠯᠲᠠ ᠶᠢᠨ ᠲᠥᠪ ᠤᠨ ᠣᠯᠠᠨ ᠤᠯᠤᠰ ᠤᠨ ᠰᠢᠲᠠᠷ᠎ᠠ ᠶᠢᠨ ᠬᠡᠯᠲᠡᠰ ᠤᠨ ᠳᠡᠳ᠋ ᠡᠷᠬᠢᠯᠡᠭᠴᠢ ᠰᠢᠦᠢ ᠢᠦᠢ ᠬᠤᠸᠠ ᠣᠶᠢᠷ᠎ᠠ ᠶᠢᠨ ᠵᠢᠯ ᠳᠤ ᠠᠵᠢᠯ  ᠠᠴᠠ ᠪᠠᠨ ᠬᠠᠯᠠᠭᠳᠠᠭᠰᠠᠨ ᠲᠠᠮᠢᠷᠴᠢᠳ ᠲᠤ ᠠᠵᠢᠯ ᠣᠯᠭᠤᠵᠤ ᠲᠥᠪᠬᠢᠨᠡᠭᠦᠯᠬᠦ ᠵᠢᠴᠢ ᠲᠥᠷᠥᠯ ᠵᠦᠢᠯ ᠤᠨ ᠬᠥᠭᠵᠢᠯᠲᠡ ᠶᠢᠨ ᠪᠤᠭᠤᠭᠳᠠᠯ ᠤᠨ ᠲᠤᠬᠠᠢ ᠠᠩᠬᠠᠷᠤᠭᠰᠠᠭᠠᠷ ᠢᠷᠡᠵᠡᠢ᠃ ᠭᠦᠨᠵᠡᠭᠡᠢ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠲᠡᠷᠡ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠳᠡᠭᠡᠷ᠎ᠡ ᠰᠢᠲᠠᠷ᠎ᠠ ᠬᠦᠵᠦᠷ ᠤᠨ ᠲᠦᠷᠦᠯ ᠵᠦᠢᠯ ᠪᠣᠯᠣᠨ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠤᠨ ᠭᠦᠨᠵᠡᠭᠡᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ ᠳᠤᠷᠠᠳᠤᠯᠭ᠎ᠠ ᠶᠢ ᠳᠡᠪᠰᠢᠭᠦᠯᠵᠡᠢ᠃ ᠰᠢᠦᠢ ᠢᠦᠢ ᠬᠤᠸᠠ ᠢᠯᠡᠷᠬᠡᠶᠢᠯᠡᠬᠦ  ᠳᠡᠭᠡᠨ᠄       ︽ᠰᠢᠲᠠᠷ᠎ᠠ ᠬᠦᠵᠦᠷ ᠤᠨ ᠲᠥᠷᠥᠯ ᠵᠦᠢᠯ ᠬᠢᠭᠡᠳ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠤᠯᠪᠤᠭᠠᠯᠠᠯ  ᠢᠶᠠᠷ ᠳᠠᠮᠵᠢᠭᠤᠯᠤᠨ᠂ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠠᠭᠤᠰᠤᠯᠴᠠᠯ ᠤᠨ ᠭᠦᠨᠵᠡᠭᠡᠢ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠬᠠᠮᠲᠤ ᠰᠢᠲᠠᠷ᠎ᠠ ᠬᠦᠵᠦᠷ ᠤᠨ ᠲᠥᠷᠥᠯ ᠵᠦᠢᠯ ᠤᠨ ᠬᠥᠭᠵᠢᠯᠲᠡ ᠶᠢ ᠳᠠᠶᠢᠴᠢᠯᠠᠬᠤ ᠶᠢ ᠬᠦᠰᠡᠵᠦ ᠪᠠᠶᠢᠨ᠎ᠠ︾ ᠭᠡᠵᠡᠢ᠃     ᠮᠠᠨ ᠤ ᠤᠯᠤᠰ ᠤᠨ ᠣᠯᠠᠨ ᠤᠯᠤᠰ ᠤᠨ ᠰᠢᠲᠠᠷ᠎ᠠ ᠶᠢᠨ  ᠰᠢᠯᠭᠠᠷᠠᠭᠰᠠᠨ ᠴᠢᠳᠠᠪᠤᠷᠢᠲᠠᠨ ᠤ ᠦᠰᠦᠨ ᠪᠤᠶᠢᠵᠢᠯᠲᠠ ᠶᠢᠨ ᠰᠣᠩᠭᠤᠯᠲᠠ ᠪᠠ ᠦᠰᠦᠨ ᠪᠤᠶᠢᠵᠢᠯᠲᠠ ᠶᠢᠨ ᠵᠠᠮ ᠠᠴᠠ ᠠᠪᠴᠤ ᠦᠵᠡᠪᠡᠯ᠂ ᠨᠢᠭᠡᠳᠦᠭᠡᠷ ᠹᠷᠣᠨᠲ ᠤᠨ ᠰᠢᠲᠠᠷᠠᠴᠢᠨ ᠠᠵᠢᠯ ᠮᠡᠷᠭᠡᠵᠢᠯ ᠤᠨ ᠣᠷᠭᠢᠯ ᠤᠨ ᠬᠤᠭᠤᠴᠠᠭᠠᠨ ᠳᠠᠭᠠᠨ ᠶᠡᠭᠡ ᠳᠡᠭᠡᠳᠦ ᠰᠤᠷᠭᠠᠭᠤᠯᠢ ᠳᠤ ᠣᠷᠣᠵᠤ ᠰᠤᠷᠤᠯᠴᠠᠬᠤ ᠨᠢ ᠨᠢᠭᠡᠨᠲᠡ ᠲᠦᠭᠡᠮᠡᠯ ᠦᠵᠡᠭᠳᠡᠯ ᠪᠣᠯᠵᠤ᠂ ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠨᠢ ᠰᠣᠩᠭᠤᠵᠤ ᠪᠣᠯᠬᠤ ᠵᠦᠢᠯ ᠠᠴᠠ ᠪᠠᠨ ᠡᠩ ᠤᠨ ᠵᠦᠢᠯ ᠪᠣᠯᠤᠭᠰᠠᠨ ᠪᠠᠶᠢᠨ᠎ᠠ᠃ ᠾᠧᠦ ᠢ ᠹᠠᠨ᠂ ᠳ᠋ᠢᠩ ᠯᠢ ᠷᠧᠨ ᠵᠡᠷᠭᠡ ᠣᠷᠣᠶᠢᠯᠠᠭᠰᠠᠨ ᠰᠢᠲᠠᠷᠠᠴᠢᠨ ᠶᠡᠭᠡ ᠰᠤᠷᠭᠠᠭᠤᠯᠢ ᠶᠢᠨ ᠬᠤᠭᠤᠴᠠᠭᠠᠨ ᠳᠤ᠂ ᠴᠢᠨᠠᠭᠰᠢᠯᠠᠪᠠᠯ ᠶᠡᠭᠡ ᠰᠤᠷᠭᠠᠭᠤᠯᠢ ᠪᠠᠨ ᠲᠡᠭᠦᠰᠦᠭᠰᠡᠨ ᠤ ᠳᠠᠷᠠᠭ᠎ᠠ ᠪᠦᠷ ᠦᠷᠭᠦᠯᠵᠢᠯᠡᠨ ᠠᠵᠢᠯ ᠮᠡᠷᠭᠡᠵᠢᠯ ᠤᠨ ᠲᠠᠯ᠎ᠠ ᠪᠠᠷ ᠴᠢᠬᠤᠯᠠ ᠶᠡᠭᠡ ᠰᠢᠪᠲᠤᠯᠤᠯᠲᠠ ᠲᠠᠢ ᠪᠣᠯᠤᠭᠰᠠᠨ ᠪᠠᠶᠢᠨ᠎ᠠ᠃      ᠰᠢᠤᠢ ᠢᠤᠢ ᠬᠤᠸᠠ ᠣᠳᠣᠬᠠᠨ ᠤ ᠮᠠᠨ ᠤ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠣᠯᠠᠨ ᠤᠯᠤᠰ ᠤᠨ ᠰᠢᠲᠠᠷ᠎ᠠ ᠶᠢᠨ ᠥᠨᠳᠥᠷ ᠬᠢᠷᠢ ᠲᠦᠪᠰᠢᠨ ᠲᠠᠢ ᠲᠠᠮᠢᠷ ᠤᠨ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠬᠥᠭᠵᠢᠯᠲᠡ ᠶᠢᠨ ᠣᠷᠣᠨ ᠵᠠᠢ ᠶᠢᠨ ᠲᠤᠬᠠᠢ ᠬᠡᠯᠡᠬᠦ ᠳᠡᠭᠡᠨ᠄ ︽ᠳᠡᠭᠡᠷ᠎ᠡ ᠵᠠᠭᠤᠨ ᠤ ᠶᠡᠷᠡᠭᠡᠳ ᠣᠨ ᠤ ᠦᠶ᠎ᠡ ᠳᠤ᠂ ᠣᠯᠠᠨ ᠤᠯᠤᠰ ᠤᠨ ᠣᠨᠴᠠ ᠲᠠᠰ ᠤᠨ ᠡᠮᠡᠭᠲᠡᠢ ᠶᠡᠭᠡ ᠪᠠᠭᠰᠢ ᠴᠢᠨ ᠺᠠᠨ ᠶᠢᠩ᠂ ᠸᠠᠩ ᠫᠢᠨ᠂ ᠸᠠᠩ ᠯᠧᠢ ᠨᠡᠷ ᠱᠠᠩᠬᠠᠢ ᠶᠢᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠳᠤ ᠪᠠᠲᠤᠯᠠᠨ ᠬᠦᠷᠭᠡᠭᠳᠡᠭᠰᠡᠨ ᠤ ᠳᠠᠷᠠᠭ᠎ᠠ᠂ ᠱᠠᠩᠬᠠᠢ ᠶᠢᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠬᠠᠮᠤᠭ ᠤᠨ ᠡᠷᠲᠡ ᠳᠡᠭᠡᠳᠦ ᠰᠤᠷᠭᠠᠭᠤᠯᠢ ᠶᠢᠨ ᠣᠯᠠᠨ ᠤᠯᠤᠰ ᠤᠨ ᠰᠢᠲᠠᠷ᠎ᠠ ᠶᠢᠨ ᠥᠨᠳᠥᠷ ᠬᠢᠷᠢ ᠲᠦᠪᠰᠢᠨ ᠤ ᠲᠠᠮᠢᠷ ᠤᠨ ᠠᠩᠭᠢ ᠶᠢ ᠪᠠᠶᠢᠭᠤᠯᠵᠤ᠂ ᠣᠲᠣ ᠪᠣᠯᠲᠠᠯ᠎ᠠ ᠨᠢᠭᠡᠨᠲᠡ ᠵᠠᠭᠤ ᠭᠠᠷᠤᠢ ᠣᠯᠠᠨ ᠤᠯᠤᠰ ᠤᠨ ᠰᠢᠲᠠᠷ᠎ᠠ ᠶᠢᠨ ᠣᠨᠴᠠ ᠴᠢᠳᠠᠪᠤᠷᠢᠲᠠᠢ ᠰᠣᠷᠣᠭᠴᠢ ᠶᠢ ᠡᠯᠰᠡᠭᠰᠡᠨ ᠪᠥᠭᠡᠳ ᠣᠯᠠᠨ ᠤᠳᠠᠭ᠎ᠠ ᠳᠡᠯᠡᠬᠡᠢ ᠶᠢᠨ ᠣᠶᠤᠲᠠᠳ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ ᠪᠦᠯᠬᠦᠮ ᠪᠠ ᠬᠤᠪᠢ ᠬᠥᠮᠥᠨ ᠤ ᠮᠠᠩᠯᠠᠢ ᠳᠤ ᠰᠢᠯᠭᠠᠷᠠᠵᠠᠢ᠃ ᠡᠭᠦᠨ ᠠᠴᠠ ᠰᠡᠭᠦᠯᠡᠷ ᠪᠡᠭᠡᠵᠢᠩ ᠶᠡᠭᠡ ᠰᠤᠷᠭᠠᠭᠤᠯᠢ᠂ ᠴᠢᠩᠬᠤᠸᠠ ᠶᠡᠭᠡ ᠰᠤᠷᠭᠠᠭᠤᠯᠢ᠂ ᠨᠠᠨᠺᠠᠢ ᠶᠡᠭᠡ ᠰᠤᠷᠭᠠᠭᠤᠯᠢ ᠳᠤ ᠪᠦᠷ ᠥᠨᠳᠥᠷ ᠬᠢᠷᠢ ᠲᠦᠪᠰᠢᠨ ᠲᠠᠢ ᠲᠤᠰᠬᠠᠢ ᠮᠡᠷᠭᠡᠵᠢᠯ ᠤᠨ ᠰᠢᠲᠠᠷᠠᠴᠢᠨ ᠰᠤᠷᠤᠯᠴᠠᠵᠤ᠂ ᠪᠠᠰᠠ ᠰᠤᠷᠭᠠᠭᠤᠯᠢ ᠶᠢᠨ ᠣᠯᠠᠨ ᠤᠯᠤᠰ ᠤᠨ ᠰᠢᠲᠠᠷ᠎ᠠ ᠶᠢᠨ ᠠᠩᠭᠢ  ᠶᠢ ᠪᠠᠶᠢᠭᠤᠯᠵᠠᠢ᠃ 2020 ᠣᠨ ᠳᠤ ᠾᠧᠦ ᠢ ᠹᠠᠨ ᠱᠧᠨᠵᠧᠨ ᠶᠡᠭᠡ ᠰᠤᠷᠭᠠᠭᠤᠯᠢ ᠳᠤ ᠤᠷᠢᠭᠳᠠᠨ ᠶᠡᠭᠡ ᠰᠤᠷᠭᠠᠭᠤᠯᠢ ᠶᠢᠨ ᠫᠷᠦᠹᠧᠰᠰᠤᠷ ᠪᠣᠯᠵᠤ᠂ ᠶᠡᠭᠡ ᠳᠡᠭᠡᠳᠦ ᠰᠤᠷᠭᠠᠭᠤᠯᠢ ᠳᠤ ᠤᠯᠠᠨ ᠤᠯᠤᠰ ᠤᠨ ᠰᠢᠲᠠᠷ᠎ᠠ ᠶᠢᠨ ᠬᠢᠴᠢᠶᠡᠯ ᠣᠷᠣᠵᠤ᠂ ᠤᠯᠠᠨ ᠤᠯᠤᠰ ᠤᠨ ᠰᠢᠲᠠᠷ᠎ᠠ ᠶᠢᠨ ᠬᠥᠭᠵᠢᠯᠲᠡ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠵᠡᠢ︾ ᠭᠡᠵᠦ ᠬᠡᠯᠡᠪᠡ᠃ ᠰᠢᠦᠢ ᠢᠦᠢ ᠬᠤᠸᠠ ᠢᠯᠡᠷᠬᠡᠶᠢᠯᠡᠬᠦ ᠳᠡᠭᠡᠨ᠄ ︽ᠳᠡᠭᠡᠳᠦ ᠰᠤᠷᠭᠠᠭᠤᠯᠢ ᠳᠤ ᠪᠡᠶ᠎ᠡ ᠶᠢᠨ ᠲᠠᠮᠢᠷ ᠤᠨ ᠵᠦᠢᠯᠡᠰ ᠤᠨ ᠥᠨᠳᠥᠷ ᠬᠢᠷᠢ ᠲᠦᠪᠰᠢᠨ ᠢᠶᠠᠷ ᠬᠥᠭᠵᠢᠬᠦ ᠶᠢ ᠲᠦᠯᠬᠢᠨ ᠠᠬᠢᠭᠤᠯᠬᠤ ᠶᠢᠨ ᠵᠠᠩᠭᠢᠯᠠᠭ᠎ᠠ ᠨᠢ ᠪᠡᠶ᠎ᠡ ᠶᠢᠨ ᠲᠠᠮᠢᠷ ᠤᠨ ᠰᠢᠯᠢᠳᠡᠭ ᠲᠤᠰᠬᠠᠢ ᠮᠡᠷᠭᠡᠵᠢᠯ ᠤᠨ ᠪᠠᠭᠰᠢ ᠳᠡᠭᠡᠳᠦ ᠰᠤᠷᠭᠠᠭᠤᠯᠢ ᠳᠤ ᠣᠷᠣᠵᠤ ᠪᠠᠭᠰᠢᠯᠠᠬᠤ ᠳᠤ ᠪᠣᠶ᠂ ᠴᠢᠳᠠᠪᠤᠷᠢᠲᠠᠨ ᠪᠣᠯ ᠬᠡᠵᠢᠶᠡᠳᠡ ᠭᠤᠣᠯᠳᠠᠯᠭ᠎ᠠ ᠪᠣᠯᠬᠤ ᠶᠤᠮ᠂ ᠣᠳᠣᠬᠠᠨ ᠤ ᠪᠠᠶᠢᠳᠠᠯ ᠠᠴᠠ ᠠᠪᠴᠤ ᠬᠡᠯᠡᠪᠡᠯ᠂ ᠳᠡᠭᠡᠳᠦ ᠰᠤᠷᠭᠠᠭᠤᠯᠢ ᠳᠤ ᠲᠤᠰᠬᠠᠢ ᠮᠡᠷᠭᠡᠵᠢᠯ ᠤᠨ ᠪᠠᠭᠰᠢ ᠪᠣᠯᠬᠤ ᠬᠥᠮᠥᠨ ᠤ ᠲᠤᠭ᠎ᠠ ᠪᠠᠰᠠ ᠮᠠᠰᠢ ᠬᠢᠵᠠᠭᠠᠷᠲᠠᠢ ᠪᠠᠶᠢᠭᠰᠠᠭᠠᠷ᠂ ᠢᠷᠡᠭᠡᠳᠦᠢ ᠳᠤ ᠴᠢᠳᠠᠪᠤᠷᠢᠲᠠᠨ ᠤ ᠰᠢᠯᠵᠢᠯᠲᠡ ᠶᠢᠨ ᠲᠣᠭᠲᠠᠴᠠ ᠶᠢ ᠨᠠᠩ ᠲᠡᠭᠦᠯᠳᠡᠷᠵᠢᠭᠦᠯᠬᠦ ᠶᠢ ᠬᠦᠰᠡᠵᠦ ᠪᠠᠶᠢᠨ᠎ᠠ︾ ᠭᠡᠵᠡᠢ᠃
 
ᠢᠷᠡᠯᠲᠡ᠄ ᠲᠤᠮᠳᠠᠳᠦ ᠤᠯᠤᠰ ᠤᠨ ᠪᠡᠶ᠎ᠡ ᠶᠢᠨ ᠲᠠᠮᠢᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号