ᠬᠠᠪᠤᠷ ᠤᠨ ᠤᠯᠠᠷᠢᠯ ᠳᠤ ᠲᠤᠬᠢᠷᠠᠬᠤ ᠪᠡᠶ᠎ᠡ ᠶᠢᠨ ᠲᠠᠮᠷᠢ ᠤᠨ ᠬᠦᠳᠡᠯᠭᠡᠭᠡᠨ
ᠨᠡᠶᠢᠲᠡᠯᠡᠭᠰᠡᠨ ᠴᠠᠭ᠄
2023/3/3
    ᠨᠢᠭᠡ᠂ ᠰᠤᠯᠠ ᠠᠯᠬᠤᠬᠤ     ᠰᠤᠯᠠ ᠠᠯᠬᠤᠬᠤ ᠪᠣᠯ  ᠬᠠᠮᠤᠭ  ᠤᠨ  ᠠᠮᠤᠷ  ᠲᠦᠪᠰᠢᠨ᠂ ᠳᠥᠭᠦᠮ  ᠳᠥᠲᠡ  ᠲᠠᠮᠢᠷ ᠤᠨ ᠬᠥᠳᠡᠯᠭᠡᠭᠡᠨ ᠪᠣᠯᠣᠨ᠎ᠠ᠃     ᠪᠡᠶ᠎ᠡ ᠮᠠᠬᠠᠪᠤᠳ ᠨᠢ ᠨᠡᠯᠢᠶᠡᠳ ᠰᠠᠶᠢᠨ ᠢᠳᠡᠷ ᠦᠲᠡᠯ᠎ᠡ ᠨᠠᠰᠤᠨ ᠤ ᠬᠥᠮᠥᠰ ᠪᠠ ᠵᠠᠯᠠᠭᠤ ᠬᠥᠮᠥᠰ ᠬᠤᠷᠳᠤᠨ ᠠᠯᠬᠤᠬᠤ ᠳᠤ ᠲᠣᠬᠢᠷᠠᠮᠵᠢᠲᠠᠢ᠂ ᠴᠠᠭ ᠲᠤ 5~6 ᠺᠢᠯᠣᠮᠧᠲᠷ᠂ ᠮᠢᠨᠦ᠋ᠲ ᠪᠦᠷᠢ ᠪᠠᠷᠤᠭ 120 ᠠᠯᠬᠤᠮ ᠣᠷᠴᠢᠮ ᠠᠯᠬᠤᠨ᠎ᠡ᠃ ᠬᠤᠷᠳᠤᠨ ᠠᠯᠬᠤᠬᠤ ᠶᠢ ᠪᠠᠷᠢᠮᠲᠠᠯᠠᠪᠠᠯ ᠬᠥᠮᠥᠨ ᠤ ᠪᠡᠶ᠎ᠡ ᠶᠢᠨ ᠵᠢᠷᠦᠬᠡ ᠠᠭᠤᠰᠬᠢᠨ ᠤ ᠠᠵᠢᠯᠯᠠᠭ᠎ᠠ ᠶᠢ ᠳᠡᠭᠡᠭᠰᠢᠯᠡᠭᠦᠯᠵᠦ᠂ ᠪᠡᠶ᠎ᠡ ᠶᠢᠨ ᠥᠭᠡᠬᠦ ᠶᠢᠨ ᠨᠤᠷᠮ᠎ᠠ ᠶᠢ ᠪᠠᠭᠤᠷᠠᠭᠤᠯᠵᠤ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ ᠵᠡᠷᠭᠡ ᠤᠳᠠᠭᠠᠨ ᠴᠢᠨᠠᠷᠲᠠᠢ ᠡᠪᠡᠳᠴᠢᠨ ᠡᠭᠦᠰᠬᠦ ᠲᠣᠬᠢᠶᠠᠯᠳᠤᠮᠵᠢ ᠶᠢ ᠪᠠᠭᠠᠰᠬᠠᠨ᠎ᠠ᠃      ᠲᠠᠮᠢᠷ ᠲᠡᠩᠭᠡᠭᠡ ᠠᠨᠠᠢ ᠨᠠᠰᠤᠲᠠᠶᠢᠴᠤᠳ ᠮᠢᠨᠦ᠋ᠲ ᠪᠦᠷᠢ 80 ᠠᠯᠬᠤᠮ᠂ ᠴᠠᠭ ᠲᠤ 2~3 ᠺᠢᠯᠣᠮᠧᠲᠷ ᠠᠯᠬᠤᠪᠠᠯ᠂ ᠰᠡᠳᠬᠢᠯ ᠰᠠᠨᠠᠭ᠎ᠠ ᠶᠢ ᠲᠣᠭᠲᠠᠪᠤᠷᠢᠵᠢᠭᠤᠯᠵᠤ᠂ ᠶᠠᠳᠠᠷᠠᠭ᠎ᠠ ᠶᠢ ᠲᠠᠶᠢᠯᠠᠬᠤ ᠳᠤ ᠲᠤᠰᠠ ᠪᠣᠯᠬᠤ ᠪᠥᠭᠡᠳ ᠬᠤᠳᠣᠭᠤᠳᠤ ᠶᠢ ᠰᠠᠶᠢᠵᠢᠷᠠᠭᠤᠯᠵᠤ ᠰᠢᠩᠭᠡᠭᠡᠯᠲᠡ ᠶᠢ ᠰᠠᠶᠢᠵᠢᠷᠠᠭᠤᠯᠬᠤ ᠦᠢᠯᠡᠳᠦᠯ ᠲᠠᠢ ᠪᠠᠶᠢᠳᠠᠭ᠃     ᠬᠤᠶᠠᠷ᠂ ᠰᠤᠨᠢᠶᠠᠬᠤ     ᠰᠤᠨᠢᠶᠠᠬᠤ ᠨᠢ ᠪᠡᠶ᠎ᠡ ᠶᠢᠨ ᠬᠤᠶᠠᠷ ᠲᠠᠯ᠎ᠠ ᠪᠠ ᠠᠷᠤ ᠨᠢᠷᠤᠭᠤᠨ ᠤ ᠪᠤᠯᠴᠢᠩ ᠢ ᠰᠤᠩᠭᠠᠵᠤ᠂ ᠪᠦᠬᠦ ᠪᠡᠶ᠎ᠡ ᠶᠢᠨ ᠴᠢᠰᠤᠨ ᠤ ᠡᠷᠭᠢᠯᠲᠡ ᠶᠢ ᠠᠬᠢᠭᠤᠯᠤᠨ᠎ᠠ᠃ ᠶᠠᠳᠠᠷᠠᠬᠤ᠂ ᠪᠤᠯᠴᠢᠩ ᠮᠢᠬ᠎ᠠ ᠱᠠᠷᠬᠢᠷᠠᠨ ᠡᠪᠡᠳᠬᠦ ᠶᠢ ᠬᠥᠩᠭᠡᠷᠡᠭᠦᠯᠵᠦ᠂ ᠴᠡᠭᠡᠵᠢ ᠲᠡᠯᠡᠵᠦ ᠡᠪ ᠦᠭᠡᠶᠢᠷᠡᠬᠦ᠂ ᠨᠢᠷᠤᠭᠤ ᠬᠡᠪᠡᠯᠢ ᠡᠪᠡᠳᠬᠦ ᠵᠡᠷᠭᠡ ᠡᠪᠡᠳᠴᠢᠨ ᠤ ᠢᠯᠡᠷᠡᠯ ᠢ ᠰᠠᠶᠢᠵᠢᠷᠠᠭᠤᠯᠤᠨ᠎ᠠ᠃     ᠭᠤᠷᠪᠠ᠂ ᠠᠭᠠᠵᠢᠮ ᠭᠦᠶᠦᠬᠦ     ᠠᠭᠠᠵᠢᠮ ᠭᠦᠶᠦᠬᠦ ᠨᠢ ᠬᠦᠴᠢᠯᠲᠥ᠋ᠷᠥᠭᠴᠢ ᠰᠢᠩᠭᠡᠭᠡᠬᠦ ᠬᠡᠮᠵᠢᠶ᠎ᠡ ᠶᠢ ᠨᠡᠮᠡᠭᠳᠡᠭᠦᠯᠵᠦ᠂ ᠴᠢᠰᠤᠨ ᠳᠠᠷᠤᠯᠲᠠ ᠥᠨᠳᠥᠷᠵᠢᠬᠦ ᠶᠢ ᠪᠠᠭᠤᠷᠠᠭᠤᠯᠤᠨ᠂ ᠵᠢᠷᠦᠬᠡᠨ ᠤ ᠠᠵᠢᠯᠯᠠᠭ᠎ᠠ ᠶᠢ ᠰᠠᠶᠢᠵᠢᠷᠠᠭᠤᠯᠤᠨ᠎ᠠ᠃     ᠠᠭᠠᠵᠢᠮ ᠬᠦᠶᠦᠬᠦ ᠬᠦᠮᠦᠨ ᠪᠣᠯᠪᠠᠰᠤᠷᠠᠯ ᠤᠨ ᠬᠡᠮᠵᠢᠶ᠎ᠡ ᠪᠠᠨ ᠦᠵᠡᠵᠦ ᠪᠠᠶᠢᠭᠠᠳ᠂ ᠠᠭᠠᠵᠢᠮ ᠬᠦᠶᠦᠬᠦ ᠴᠠᠭ  ᠢᠶᠠᠨ ᠲᠤᠭᠳᠠᠭᠠᠨ᠎ᠠ᠃ ᠠᠩᠬ᠎ᠠ ᠡᠬᠢᠯᠡᠨ ᠪᠤᠯᠪᠠᠰᠤᠷᠠᠵᠦ ᠪᠠᠶᠢᠭ᠎ᠠ ᠬᠥᠮᠥᠨ ᠪᠤᠶᠤ ᠪᠡᠶ᠎ᠡ ᠶᠢᠨ ᠲᠠᠮᠢᠷ ᠤᠨ ᠬᠥᠳᠡᠯᠭᠡᠭᠡᠨ ᠢᠶᠠᠨ ᠨᠡᠯᠢᠶᠡᠳ ᠤᠷᠲᠤ ᠬᠤᠭᠤᠴᠠᠭ᠎ᠠ ᠵᠣᠭᠰᠣᠭᠰᠠᠨ ᠬᠥᠮᠥᠨ ᠳᠤ ᠠᠪᠴᠤ ᠬᠡᠯᠡᠪᠡᠯ᠂ ᠡᠬᠢᠯᠡᠬᠦ ᠳᠡᠭᠡᠨ 10~15 ᠮᠢᠨᠦ᠋ᠲ ᠠᠴᠠ ᠬᠡᠲᠦᠷᠡᠵᠦ ᠪᠣᠯᠬᠤ ᠦᠭᠡᠢ᠂ ᠬᠦᠶᠦᠬᠦ ᠳᠤᠮᠳᠠ ᠠᠯᠭᠤᠷ ᠠᠯᠬᠤᠪᠠᠯ ᠰᠠᠶᠢᠨ᠃ ᠠᠭᠠᠵᠢᠮ ᠭᠦᠶᠦᠬᠦ ᠴᠠᠭ ᠢ ᠨᠢᠭᠡ ᠰᠠᠷ᠎ᠠ ᠶᠢᠨ ᠳᠣᠲᠣᠷ᠎ᠠ ᠠᠭᠠᠵᠢᠮ ᠢᠶᠠᠷ 20 ᠮᠢᠨᠦ᠋ᠲ ᠪᠣᠯᠭᠠᠨ ᠳᠡᠭᠡᠭᠰᠢᠯᠡᠭᠦᠯᠵᠦ ᠪᠣᠯᠣᠨ᠎ᠠ᠃ ᠲᠡᠩᠳᠡᠬᠦᠦ ᠬᠤᠷᠳᠤᠨ  ᠬᠦᠶᠦᠵᠦ ᠪᠣᠯᠬᠤ ᠦᠭᠡᠢ᠃ ᠠᠮᠢᠰᠬᠤᠯ ᠵᠢᠭᠳᠡ ᠪᠠᠶᠢᠵᠤ ᠴᠢᠳᠠᠬᠤ ᠦᠭᠡᠢ ᠯᠡ ᠶᠤᠮ ᠪᠣᠯ ᠬᠤᠷᠳᠤᠴᠠ ᠪᠠᠨ  ᠤᠳᠠᠭᠠᠰᠢᠷᠠᠭᠤᠯᠨ᠎ᠡ᠃ ᠠᠭᠠᠵᠢᠮ ᠭᠦᠶᠦᠬᠦ ᠬᠥᠳᠡᠯᠭᠡᠭᠡᠨ ᠤ ᠵᠠᠩᠭᠢᠯᠠᠭ᠎ᠠ ᠨᠢ ᠪᠠᠷᠢᠮᠲᠠᠯᠠᠬᠤ ᠳᠤ ᠪᠤᠶ᠂ ᠳᠤᠮᠳᠠᠴᠢ ᠪᠠᠷ ᠨᠢᠭᠡ ᠭᠠᠷᠠᠭ ᠲᠤ 3 ᠤᠳᠠᠭ᠎ᠠ ᠪᠣᠯᠪᠠᠰᠤᠷᠠᠨ᠎ᠠ᠃     ᠲᠦᠷᠪᠡ᠂ ᠴᠠᠭᠠᠰᠤᠨ ᠰᠢᠪᠠᠭᠤ ᠨᠢᠰᠬᠡᠬᠦ     ᠴᠠᠭᠠᠰᠤᠨ ᠰᠢᠪᠠᠭᠤ ᠨᠢᠰᠬᠡᠬᠦ ᠦᠶ᠎ᠡ ᠶᠢᠨ ᠭᠦᠶᠦᠬᠦ᠂ ᠲᠠᠲᠠᠬᠤ ᠪᠠ ᠡᠵᠡᠮᠳᠡᠬᠦ ᠨᠢ ᠪᠡᠶ᠎ᠡ ᠶᠢᠨ ᠳᠥᠷᠪᠡᠨ ᠮᠥᠴᠢ᠂ ᠶᠡᠭᠡ ᠲᠠᠷᠢᠬᠢ ᠪᠠ ᠨᠢᠳᠦᠨ ᠤ ᠵᠣᠬᠢᠴᠠᠯᠳᠤᠯ ᠢ ᠠᠬᠢᠭᠤᠯᠳᠠᠭ᠃ ᠴᠠᠭᠠᠰᠤᠨ ᠰᠢᠪᠠᠭᠤ ᠥᠨᠳᠥᠷ ᠲᠤ ᠨᠢᠰᠬᠦ ᠦᠶᠡᠰ ᠠᠯᠤᠰ ᠢ ᠪᠠᠷᠠᠯᠠᠬᠤ ᠳᠤ ᠬᠤᠶᠠᠷ ᠨᠢᠳᠦᠨ ᠤ  ᠶᠠᠳᠠᠷᠠᠭ᠎ᠠ ᠶᠢ ᠲᠠᠶᠢᠯᠬᠤ ᠪᠠᠷ ᠪᠠᠷᠠᠬᠤ ᠦᠭᠡᠢ ᠪᠠᠰᠠ ᠡᠯᠢᠭᠡ ᠶᠢ ᠲᠡᠵᠢᠭᠡᠨ᠎ᠡ᠃ ᠬᠦᠵᠦᠭᠦᠦ ᠭᠡᠳᠡᠶᠢᠬᠦ ᠨᠢ ᠬᠦᠵᠦᠭᠦᠦ ᠰᠡᠭᠡᠷ᠂ ᠪᠠᠭᠠᠨ᠎ᠠ ᠨᠢᠷᠤᠭᠤᠨ ᠤ ᠪᠤᠯᠴᠢᠩ ᠤᠨ ᠲᠡᠯᠡᠬᠦ ᠬᠦᠴᠦᠨ ᠢ ᠪᠠᠲᠤᠯᠠᠬᠤ ᠳᠤ ᠬᠠᠪᠰᠤᠷᠤᠮᠵᠢ ᠪᠣᠯᠵᠤ᠂ ᠬᠦᠵᠦᠭᠦᠦ ᠰᠢᠯᠢ ᠶᠢᠨ ᠬᠡᠰᠡᠭ ᠤᠨ ᠪᠤᠯᠴᠢᠩ ᠢ ᠰᠤᠯᠠᠷᠠᠭᠤᠯᠵᠤ᠂ ᠬᠡᠰᠡᠭ ᠭᠠᠵᠠᠷ ᠤᠨ ᠴᠢᠰᠤᠨ ᠤ ᠡᠷᠭᠢᠯᠲᠡ ᠶᠢ ᠰᠠᠶᠢᠵᠢᠷᠠᠭᠤᠯᠬᠤ ᠳᠤ ᠠᠰᠢᠭᠲᠠᠢ ᠪᠠᠶᠢᠳᠠᠭ᠃     ᠴᠠᠭᠠᠰᠤᠨ ᠰᠢᠪᠠᠭᠤ ᠨᠢᠰᠬᠡᠬᠦ ᠦᠶ᠎ᠡ ᠳᠤ᠂ ᠢᠳᠡᠷ ᠦᠲᠡᠯ᠎ᠡ ᠨᠠᠰᠤᠨ ᠤ ᠬᠥᠮᠥᠨ ᠪᠠ ᠬᠦᠵᠦᠭᠦᠦ ᠰᠡᠭᠡᠷ ᠤᠨ ᠡᠪᠡᠳᠴᠢᠨ ᠲᠠᠢ ᠬᠥᠮᠥᠨ ᠭᠡᠳᠡᠶᠢᠵᠦ ᠤᠳᠠᠭᠠᠨ ᠰᠠᠭᠤᠬᠤ ᠦᠭᠡᠢ ᠪᠠᠶᠢᠬᠤ ᠶᠢ ᠠᠩᠬᠠᠷᠬᠤ ᠬᠡᠷᠡᠭᠲᠡᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号