ᠲᠤᠤ ᠯᠦ ᠨᠠ ᠭᠡᠰᠢᠭᠦᠨ᠄ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠨ ᠫᠤᠤᠳᠠᠯᠭ᠎ᠠ ᠶᠢᠨ ᠬᠦᠳᠡᠯᠭᠡᠭᠡᠨ ᠢ ᠰᠤᠷᠭᠠᠭᠤᠯᠢ ᠶᠢᠨ ᠬᠦᠷᠢᠶᠡᠨ ᠳᠤ ᠲᠦᠭᠡᠮᠡᠯᠵᠢᠭᠦᠯᠦᠨ᠎ᠡ
ᠨᠡᠶᠢᠲᠡᠯᠡᠭᠰᠡᠨ ᠴᠠᠭ᠄
2023/3/7
    ᠰᠢᠳ᠋ᠨᠢ ᠶᠢᠨ ᠣᠯᠢᠮᠫᠢᠺ ᠤᠨ ᠲᠠᠮᠢᠷ ᠤᠨ ᠴᠤᠭᠯᠠᠭᠠᠨ ᠳᠤ ᠳᠤᠮᠳᠠᠳᠤ ᠤᠯᠤᠰ ᠤᠨ ᠠᠩᠬᠠᠨ ᠤ ᠠᠯᠲᠠᠨ ᠮᠧᠳᠠᠯ  ᠢ ᠤᠯᠤᠭᠰᠠᠨ ᠠᠴᠠ ᠠᠪᠤᠭᠠᠳ ᠱᠠᠩᠬᠠᠢ ᠬᠤᠲᠠ ᠶᠢᠨ ᠬᠠᠷᠪᠤᠯᠳᠠ ᠫᠤᠤᠳᠠᠯᠭ᠎ᠠ ᠶᠢᠨ ᠬᠥᠳᠡᠯᠭᠡᠭᠡᠨ ᠤ ᠲᠥᠪ ᠤᠨ ᠡᠷᠬᠢᠯᠡᠭᠴᠢ ᠪᠤᠯᠳᠠᠯ᠎ᠠ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠲᠤᠤ ᠯᠦ ᠨᠠ ᠫᠤᠤᠳᠠᠯᠭ᠎ᠠ ᠶᠢᠨ ᠲᠠᠯᠠᠪᠤᠷ ᠠᠴᠠ ᠶᠡᠷᠦ ᠬᠤᠯᠠᠳᠠᠭ᠎ᠠ ᠦᠭᠡᠢ᠃ ᠲᠡᠭᠦᠨ ᠤ ᠡᠨᠡ ᠵᠢᠯ ᠤᠨ ᠰᠠᠨᠠᠯ ᠳᠤᠷᠠᠳᠤᠯᠭ᠎ᠠ ᠨᠢ ᠪᠠᠰᠠ ᠫᠤᠤᠳᠠᠯᠭ᠎ᠠ ᠲᠠᠢ ᠬᠤᠯᠪᠣᠭ᠎ᠠ ᠲᠠᠢ᠂ ᠫᠤᠤᠳᠠᠯᠭ᠎ᠠ ᠶᠢᠨ ᠲᠦᠷᠦᠯ ᠵᠦᠢᠯ ᠳᠤ ᠵᠣᠬᠢᠶᠠᠮᠠᠯ ᠤᠶᠤᠨ ᠴᠢᠳᠠᠪᠤᠷᠢ ᠶᠢᠨ ᠲᠥᠬᠦᠭᠡᠷᠦᠮᠵᠢ ︵ᠯᠠᠶᠢᠰᠧᠷ ᠪᠣᠯᠪᠠᠰᠤᠷᠠᠯ ᠤᠨ ᠪᠠᠭᠠᠵᠢ︶ ᠶᠢ ᠰᠠᠶᠢᠲᠤᠷ ᠠᠰᠢᠭᠯᠠᠵᠤ᠂ ᠰᠤᠷᠭᠠᠭᠤᠯᠢ ᠶᠢᠨ ᠬᠦᠷᠢᠶᠡᠨ ᠳᠤ ᠲᠦᠭᠡᠮᠡᠯᠵᠢᠭᠦᠯᠦᠨ ᠳᠡᠯᠭᠡᠷᠡᠭᠦᠯᠵᠦ᠂ ᠨᠡᠩ ᠤᠯᠠᠨ ᠰᠢᠯᠢᠳᠡᠭ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠶᠢ ᠰᠠᠨᠠᠭᠤᠯᠪᠠ᠃     ᠲᠤᠤ ᠯᠦ ᠨᠠ ᠭᠡᠰᠢᠭᠦᠨ ᠠᠴᠠ᠄ ︽ᠰᠤᠷᠭᠠᠭᠤᠯᠢ ᠶᠢᠨ ᠬᠦᠷᠢᠶᠡᠨ ᠳᠤ ᠫᠤᠤᠳᠠᠯᠭ᠎ᠠ ᠶᠢᠨ ᠬᠥᠳᠡᠯᠭᠡᠭᠡᠨ ᠢ ᠥᠷᠨᠢᠭᠦᠯᠬᠦ ᠨᠢ ᠵᠦᠢ ᠵᠣᠬᠢᠰᠲᠠᠢ ᠪᠥᠭᠡᠳ ᠠᠴᠢ ᠲᠤᠰᠠ ᠲᠠᠢ ᠶᠤᠮ᠃ ᠫᠤᠤᠳᠠᠯᠭ᠎ᠠ ᠶᠢᠨ ᠬᠦᠳᠡᠯᠭᠡᠭᠡᠨ ᠨᠢ ᠲᠠᠯᠠᠪᠤᠷ  ᠶᠢᠨ ᠱᠠᠭᠠᠷᠳᠠᠯᠭ᠎ᠠ ᠦᠨᠳᠦᠷ ᠪᠢᠰᠢ ᠪᠣᠯᠬᠤᠷ ᠨᠢᠭᠡ ᠬᠢᠴᠢᠶᠡᠯ ᠤᠨ ᠭᠡᠷ ᠭᠦᠢᠴᠡᠴᠢᠬᠡᠨ᠎ᠡ᠂ ᠣᠨᠢᠯᠠᠬᠤ ᠦᠶ᠎ᠡ ᠳᠤ ᠬᠦᠮᠦᠨ ᠤ ᠨᠢᠳᠦᠨ ᠴᠡᠴᠡᠭᠡᠢ ᠶᠢᠨ ᠲᠥᠪᠯᠡᠷᠡᠯ ᠤᠨ ᠵᠠᠢ ᠨᠢ ᠦᠷᠭᠦᠯᠵᠢ ᠬᠤᠪᠢᠷᠠᠳᠠᠭ ᠲᠤᠯᠠ ᠪᠢᠴᠢᠬᠠᠨ ᠨᠠᠶᠢᠵᠠ ᠨᠡᠷ  ᠤᠨ ᠬᠠᠷᠠᠭ᠎ᠠ ᠶᠢ ᠬᠠᠮᠠᠭᠠᠯᠠᠵᠦ ᠪᠤᠯᠤᠨ᠎ᠡ︾  ᠭᠡᠵᠦ ᠪᠠᠶᠢᠯ᠎ᠡ᠃ ᠲᠡᠷᠡ ᠲᠠᠨᠢᠯᠴᠠᠭᠤᠯᠬᠤ ᠳᠠᠭᠠᠨ᠂ ᠣᠶᠢᠷ᠎ᠠ ᠶᠢᠨ ᠵᠢᠯ ᠤᠳ ᠲᠤ ᠯᠠᠶᠢᠰᠧᠷ ᠪᠣᠯᠪᠠᠰᠤᠷᠠᠯ ᠤᠨ ᠪᠠᠭᠠᠵᠢ ᠨᠢ ᠨᠢᠭᠡ ᠵᠦᠢᠯ ᠤᠨ ᠵᠣᠬᠢᠶᠠᠮᠠᠯ ᠣᠶᠤᠨᠯᠢᠭ ᠲᠥᠬᠦᠭᠡᠷᠦᠮᠵᠢ ᠶᠢᠨ ᠬᠤᠪᠢ ᠪᠠᠷ ᠢᠯᠡᠷᠡᠵᠦ᠂ ᠠᠯᠠᠵᠤ ᠰᠢᠷᠬᠠᠲᠤᠭᠤᠯᠬᠤ ᠴᠢᠳᠠᠪᠤᠷᠢ ᠦᠭᠡᠢ᠂ ᠪᠣᠯᠪᠠᠰᠤᠷᠠᠯ ᠤᠨ ᠦᠷ᠎ᠡ ᠳ᠋ᠦᠩ ᠨᠢ ᠬᠡᠶᠢᠲᠦ ᠫᠤᠤ ᠲᠠᠢ ᠣᠶᠢᠷᠠᠯᠴᠠᠭ᠎ᠠ ᠪᠠᠶᠢᠳᠠᠭ ᠪᠥᠭᠡᠳ ᠤᠳᠠᠭ᠎ᠠ ᠪᠤᠯᠭᠠᠨ ᠤ ᠫᠤᠤᠳᠠᠯᠭ᠎ᠠ ᠶᠢᠨ ᠬᠥᠳᠡᠯᠭᠡᠭᠡᠨ ᠤ ᠵᠠᠮ ᠮᠥᠷ ᠪᠠ ᠳᠠᠭᠤᠷᠢᠶᠠᠮᠠᠯ ᠬᠠᠷᠪᠤᠬᠤ ᠶᠠᠪᠤᠴᠠ ᠶᠢ ᠲᠤᠭ᠎ᠠ ᠪᠠᠷᠢᠮᠲᠠ ᠵᠢᠴᠢ ᠵᠢᠷᠤᠭ ᠳᠦᠷᠰᠦ ᠶᠢᠨ ᠠᠷᠭ᠎ᠠ ᠮᠠᠶ᠋ᠢᠭ ᠢᠶᠠᠷ ᠢᠯᠡᠷᠡᠭᠦᠯᠵᠦ ᠴᠢᠳᠠᠳᠠᠭ᠂ ᠲᠣᠮᠣ ᠳ᠋ᠠᠶᠢᠲ᠋ᠠ ᠶᠢᠨ ᠵᠠᠳᠠᠯᠤᠯᠲᠠ ᠪᠠᠷ ᠳᠠᠮᠵᠢᠭᠤᠯᠤᠨ ᠲᠠᠮᠢᠷᠴᠢᠨ ᠤ ᠠᠰᠠᠭᠤᠳᠠᠯ ᠢ ᠨᠠᠩ ᠣᠨᠣᠪᠴᠢᠲᠠᠶ ᠡᠷᠢᠨ ᠣᠯᠵᠤ᠂ ᠲᠠᠰᠬᠠᠯᠵᠢᠭᠤᠯᠤᠭᠴᠢ ᠶᠢ ᠬᠠᠪᠰᠤᠷᠤᠨ ᠰᠢᠢᠳᠪᠦᠷᠢᠲᠦ ᠪᠣᠳᠣᠯᠭ᠎ᠠ ᠲᠣᠭᠲᠠᠭᠠᠵᠤ ᠴᠢᠳᠠᠨ᠎ᠠ︔ ᠪᠢᠳᠡ ᠪᠠᠰᠠ ᠡᠭᠦᠨ ᠢ ᠠᠰᠢᠭᠯᠠᠨ ᠨᠡᠩ ᠥᠷᠭᠡᠨ ᠳᠡᠯᠭᠡᠷ᠂ ᠰᠢᠨᠵᠢᠯᠡᠬᠦ ᠤᠬᠠᠭᠠᠨᠴᠢ ᠪᠠᠷ ᠲᠠᠮᠢᠷᠴᠢᠨ ᠰᠤᠩᠭᠤᠵᠦ ᠪᠣᠯᠣᠨ᠎ᠠ᠃     ᠲᠤᠤ ᠯᠦ ᠨᠠ ᠤᠯᠠᠨ ᠤᠳᠠᠭ᠎ᠠ ᠤᠷᠤᠯᠳᠤᠭᠠᠨ ᠵᠣᠬᠢᠶᠠᠨ ᠪᠠᠶᠢᠭᠤᠯᠤᠭᠰᠠᠨ ᠲᠤᠷᠰᠢᠯᠭ᠎ᠠ ᠳᠠᠭᠠᠨ ᠰᠠᠭᠤᠷᠢᠯᠠᠨ᠂ ᠰᠤᠷᠭᠠᠭᠤᠯᠢ ᠶᠢᠨ ᠵᠠᠬᠢᠷᠤᠯ᠂ ᠰᠤᠷᠤᠭᠴᠢ᠂ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠵᠡᠷᠭᠡ ᠤᠯᠠᠨ ᠲᠠᠯ᠎ᠠ ᠶᠢᠨ ᠬᠢᠨ ᠲᠠᠢ ᠨᠡᠪᠲᠡᠷᠡᠯᠴᠡᠵᠦ᠂ ᠡᠴᠦᠰ ᠲᠡᠭᠡᠨ ᠯᠠᠶᠢᠰᠧᠷ ᠪᠣᠯᠪᠠᠰᠤᠷᠠᠯ ᠤᠨ ᠪᠠᠭᠠᠵᠢ ᠶᠢ ᠪᠡᠶ᠎ᠡ ᠲᠠᠮᠢᠷ ᠤᠨ ᠰᠤᠷᠭᠠᠨ ᠬᠥᠮᠦᠵᠢᠯ ᠤᠨ ᠪᠠᠭᠠᠵᠢ ᠬᠡᠷᠡᠭᠰᠡᠯ ᠳᠤ ᠣᠷᠣᠭᠤᠯᠵᠤ᠂ ᠪᠡᠶ᠎ᠡ ᠲᠠᠮᠢᠷ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠲᠤᠰᠠᠯᠠᠬᠤ ᠲᠥᠬᠦᠭᠡᠷᠦᠮᠵᠢ ᠪᠣᠯᠭᠠᠵᠤ᠂ ᠪᠡᠶ᠎ᠡ ᠲᠠᠮᠢᠷ ᠤᠨ ᠬᠢᠴᠢᠶᠡᠯ ᠪᠠ ᠪᠡᠶ᠎ᠡ ᠲᠠᠮᠢᠷ ᠤᠨ ᠪᠣᠯᠪᠠᠰᠤᠷᠠᠯ ᠳᠤ ᠦᠢᠯᠡᠴᠢᠯᠡᠭᠦᠯᠬᠦ ᠪᠠᠷ ᠰᠠᠨᠠᠭᠤᠯᠭ᠎ᠠ ᠭᠠᠷᠭᠠᠪᠠ︔ ᠪᠦᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠣᠯᠣᠨ ᠰᠤᠷᠤᠭᠴᠢᠳ ᠵᠠᠯᠠᠭᠤᠴᠤᠳ ᠤᠨ ᠲᠠᠮᠢᠷ ᠤᠨ ᠴᠤᠭᠯᠠᠭᠠᠨ ᠵᠡᠷᠭᠡ ᠴᠢᠬᠤᠯᠠ ᠤᠷᠤᠯᠳᠤᠭᠠᠨ ᠳᠤ ᠯᠠᠶᠢᠰᠧᠷ ᠪᠣᠯᠪᠠᠰᠤᠷᠠᠯ ᠤᠨ ᠬᠡᠮᠵᠢᠭᠦᠷᠯᠢᠭ ᠤᠨ ᠫᠤᠤᠳᠠᠯᠭ᠎ᠠ ᠶᠢᠨ ᠲᠦᠷᠦᠯ ᠵᠦᠢᠯ ᠢ ᠲᠣᠬᠢᠷᠠᠭᠤᠯᠵᠤ᠂ ᠬᠠᠮᠢᠶ᠎ᠠ ᠪᠦᠬᠦᠢ ᠤᠷᠤᠯᠳᠤᠭᠠᠨ ᠤ ᠰᠢᠰᠲ᠋ᠧᠮ ᠪᠣᠯᠣᠨ ᠪᠠᠷᠢᠮᠵᠢᠶ᠎ᠠ ᠶᠢ ᠲᠣᠭᠲᠠᠭᠠᠬᠤ ᠶᠢ ᠰᠠᠨᠠᠭᠤᠯᠪᠠ︔ ᠯᠠᠶᠢᠰᠧᠷ ᠪᠣᠯᠪᠠᠰᠤᠷᠠᠯ ᠤᠨ ᠬᠡᠮᠵᠢᠭᠦᠷᠯᠢᠭ ᠤᠨ ᠠᠵᠢᠯ ᠲᠦᠷᠦᠯ ᠤᠨ ᠪᠠᠷᠢᠮᠵᠢᠶ᠎ᠠ ᠶᠢ ᠲᠣᠭᠲᠠᠭᠠᠬᠤ ᠶᠢ ᠰᠠᠨᠠᠭᠤᠯᠪᠠ︔ ᠳᠤᠮᠳᠠᠳᠤ ᠪᠠᠭ᠎ᠠ ᠰᠤᠷᠭᠠᠭᠤᠯᠢ ᠪᠣᠯᠣᠨ ᠶᠡᠭᠡ ᠰᠤᠷᠭᠠᠭᠤᠯᠢ ᠳᠤ ᠯᠠᠶᠢᠰᠧᠷ ᠪᠣᠯᠪᠠᠰᠤᠷᠠᠯ ᠤᠨ ᠬᠡᠮᠵᠢᠭᠦᠷᠯᠢᠭ ᠤᠨ ᠫᠤᠤᠳᠠᠯᠭ᠎ᠠ ᠶᠢᠨ ᠬᠢᠴᠢᠶᠡᠯ ᠢ ᠲᠦᠭᠡᠮᠡᠯᠵᠢᠭᠦᠯᠦᠨ ᠲᠡᠯᠭᠡᠷᠡᠭᠦᠯᠬᠦ ᠶᠢ ᠰᠠᠨᠠᠭᠤᠯᠵᠦ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠭᠤᠯᠭ᠎ᠠ ᠶᠢ ᠪᠠᠶᠠᠯᠢᠭᠵᠢᠭᠤᠯᠵᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠰᠠᠭᠤᠷᠢ ᠶᠢ ᠪᠠᠲᠤᠳᠬᠠᠬᠤ  ᠶᠢ ᠵᠤᠷᠢᠪᠡ᠃     ᠲᠡᠭᠦᠨ ᠤ ᠦᠵᠡᠬᠦ ᠪᠠᠷ᠂ ᠫᠤᠤᠳᠠᠯᠭ᠎ᠠ ᠶᠢᠨ ᠲᠦᠷᠦᠯ ᠵᠦᠢᠯ ᠢ ᠰᠠᠶᠢᠲᠤᠷ ᠳᠡᠯᠭᠡᠷᠡᠭᠦᠯᠦᠨ ᠲᠦᠭᠡᠮᠡᠯᠵᠢᠭᠦᠯᠬᠦ ᠳᠤ ᠤᠷᠤᠯᠳᠤᠭᠠᠨ ᠢᠶᠠᠷ ᠬᠥᠰᠢᠭᠦᠷᠭᠡ ᠪᠣᠯᠭᠠᠬᠤ ᠬᠡᠷᠡᠭᠲᠡᠢ᠃ ᠵᠢᠱᠢᠶᠡᠯᠡᠪᠡᠯ᠂ ᠪᠥᠬᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠰᠤᠷᠤᠭᠴᠢᠳ ᠵᠠᠯᠠᠭᠤᠴᠤᠳ ᠤᠨ  ᠲᠠᠮᠢᠷ ᠤᠨ ᠴᠤᠭᠯᠠᠭᠠᠨ ᠪᠠ ᠮᠤᠵᠢ ᠬᠤᠲᠠ ᠶᠢᠨ ᠤᠷᠤᠯᠳᠤᠭᠠᠨ ᠳᠤ ᠯᠠᠶᠢᠰᠧᠷ ᠫᠤᠤᠳᠠᠯᠭ᠎ᠠ ᠶᠢᠨ ᠵᠦᠢᠯ ᠢ ᠣᠷᠣᠭᠤᠯᠬᠤ ᠨᠢ ᠠᠮᠤᠷ ᠲᠦᠪᠰᠢᠨ ᠮᠥᠷᠲᠡᠭᠡᠨ ᠰᠤᠨᠢᠷᠬᠠᠯᠳᠠᠢ ᠪᠠᠶᠢᠵᠤ᠂ ᠥᠨᠳᠥᠷ ᠪᠣᠭᠤᠨᠢ ᠲᠠᠷᠭᠤᠨ ᠲᠤᠷᠠᠩᠬᠠᠢ ᠬᠦᠮᠦᠰ ᠪᠦᠷ ᠣᠷᠣᠯᠴᠠᠵᠤ ᠪᠣᠯᠣᠨ᠎ᠠ᠂ ᠫᠤᠤ ᠶᠢᠨ ᠭᠤᠬ᠎ᠠ ᠶᠢ ᠭᠤᠬᠠᠳᠠᠬᠤ  ᠨᠢ ᠰᠣᠷᠣᠭᠴᠢ ᠨᠢᠭᠡᠪᠦᠷᠢ ᠳᠤ ᠠᠪᠴᠤ ᠬᠡᠯᠡᠪᠡᠯ ᠰᠤᠷᠬᠤ ᠳᠤ ᠪᠡᠷᠬᠡ ᠪᠢᠰᠢ ᠶᠤᠮ᠃ ᠡᠭᠦᠨ ᠠᠴᠠ ᠭᠠᠳᠠᠨ᠎ᠠ᠂ ᠵᠢᠭᠠᠨ ᠰᠤᠷᠭᠠᠯᠲᠠ ᠶᠢᠨ ᠲᠥᠰᠥᠯ ᠢ ᠲᠡᠭᠦᠯᠳᠡᠷᠵᠢᠭᠦᠯᠵᠦ᠂ ᠫᠤᠤᠳᠠᠯᠭ᠎ᠠ ᠶᠢᠨ ᠰᠠᠭᠤᠷᠢ ᠪᠣᠯᠪᠠᠰᠤᠷᠠᠯ ᠤᠨ ᠵᠠᠷᠢᠮ ᠠᠭᠤᠯᠭ᠎ᠠ ᠶᠢ ᠰᠤᠷᠭᠠᠭᠤᠯᠢ ᠶᠢᠨ ᠥᠪᠡᠷ ᠤᠨ ᠵᠢᠭᠠᠬᠤ ᠮᠠᠲ᠋ᠧᠷᠢᠶᠠᠯ ᠪᠤᠶᠤ ᠬᠤᠲᠠ ᠶᠢᠨ ᠥᠪᠡᠷ ᠤᠨ ᠵᠢᠭᠠᠬᠤ ᠮᠠᠲ᠋ᠧᠷᠢᠶᠠᠯ ᠳᠤ ᠣᠷᠣᠭᠤᠯᠵᠤ ᠪᠣᠯᠣᠨ᠎ᠠ᠃ ᠫᠤᠤᠳᠠᠯᠭ᠎ᠠ ᠶᠢᠨ ᠬᠢᠴᠢᠶᠡᠯ ᠢ ᠪᠠᠰᠠ ᠰᠤᠷᠭᠠᠭᠤᠯᠢ ᠶᠢᠨ ᠠᠮᠤᠷ ᠲᠦᠪᠰᠢᠨ ᠤ ᠬᠥᠮᠦᠵᠢᠯ ᠲᠠᠢ ᠤᠶᠠᠯᠳᠤᠭᠤᠯᠵᠤ ᠪᠣᠯᠣᠨ᠎ᠠ᠃
 
ᠢᠷᠡᠯᠲᠡ᠄ ᠰᠢᠨᠬᠤᠸᠠ ᠬᠤᠷᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号