ᠪᠡᠶ᠎ᠡ ᠶᠢᠨ ᠲᠠᠮᠢᠷ ᠤᠨ ᠬᠡᠷᠡᠭᠯᠡᠭᠡᠨ ᠤ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠵᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠪᠡᠶ᠎ᠡ ᠶᠢᠨ ᠲᠠᠮᠢᠷ ᠤᠨ ᠬᠦᠴᠦᠨ ᠴᠢᠳᠠᠯ ᠢᠶᠠᠨ ᠡᠷᠭᠦᠨ᠎ᠡ —— ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠡᠳ᠋ ᠳᠠᠷᠤᠭ᠎ᠠ ᠵᠸᠦ ᠶᠢᠨ ᠴᠢᠶᠠᠩ ᠤᠨ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2023/3/9
     ᠪᠡᠶ᠎ᠡ ᠶᠢᠨ ᠲᠠᠮᠢᠷ ᠤᠨ ᠬᠡᠷᠡᠭᠯᠡᠭᠡ ᠨᠢ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠢᠯᠡᠷᠡᠭᠦᠯᠵᠦ ᠪᠠᠶᠢᠬᠤ ᠪᠥᠭᠡᠳ ᠠᠷᠠᠳ ᠲᠦᠮᠡᠨ ᠤ ᠵᠣᠯ ᠵᠢᠷᠭᠠᠯ ᠡᠷᠡᠬᠦᠯ ᠮᠡᠨᠳᠦ ᠲᠠᠢ ᠬᠤᠯᠪᠣᠭᠳᠠᠵᠤ ᠪᠠᠶᠢᠨ᠎ᠠ᠃ ᠪᠡᠶ᠎ᠡ ᠶᠢᠨ ᠲᠠᠮᠢᠷ ᠤᠨ ᠬᠡᠷᠡᠭᠯᠡᠭᠡ ᠶᠢᠨ ᠲᠠᠯᠳᠡ ᠬᠦᠴᠦᠨ ᠢ ᠬᠡᠷᠬᠢᠨ ᠤᠯᠠᠮ ᠴᠢᠨᠠᠭᠰᠢᠳᠠ ᠪᠠᠳᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠡᠷᠬᠢᠨ ᠪᠡᠶᠡᠯᠡᠭᠦᠯᠬᠦ ᠪᠤᠢ︖ ᠲᠤᠰ ᠰᠣᠨᠢᠨ ᠤ ᠰᠤᠷᠪᠤᠯᠵᠢᠯᠠᠭᠴᠢ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶᠠᠨ ᠤ ᠳᠡᠳ᠋ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠵᠧᠦ ᠶᠢᠨ ᠴᠢᠶᠠᠩ ᠢ ᠰᠤᠷᠪᠤᠯᠵᠢᠯᠠᠯ᠎ᠠ᠃     ︽ᠪᠡᠶ᠎ᠡ ᠶᠢᠨ ᠲᠠᠮᠢᠷ ᠤᠨ ᠬᠡᠷᠡᠭᠯᠡᠭᠡ ᠪᠣᠯ ᠪᠣᠬᠢᠷᠳᠤᠯ ᠦᠭᠡᠢ ᠬᠡᠷᠡᠭᠯᠡᠭᠡ᠂ ᠡᠷᠡᠭᠦᠯ ᠮᠡᠨᠳᠦ ᠶᠢᠨ ᠬᠡᠷᠡᠭᠯᠡᠭᠡ ᠮᠥᠨ ᠪᠣᠯᠬᠤᠷ ᠬᠥᠭᠵᠢᠯᠲᠡ ᠶᠢᠨ ᠯᠤᠲᠤ ᠶᠡᠭᠡ ᠳᠠᠯᠳᠠ ᠬᠦᠴᠦᠨ ᠲᠠᠢ ᠪᠠᠶᠢᠵᠤ᠂ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠬᠦ᠂ ᠠᠵᠢᠯ ᠣᠯᠭᠤᠯᠲᠠ ᠶᠢ ᠳᠠᠶᠢᠴᠢᠯᠠᠬᠤ᠂ ᠬᠦᠴᠦᠷᠬᠡᠭ ᠶᠡᠭᠡ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠢ ᠪᠤᠶ ᠪᠣᠯᠭᠠᠬᠤ᠂ ᠬᠢᠯᠢ ᠶᠢᠨ ᠭᠠᠳᠠᠨᠠᠬᠢ ᠬᠡᠷᠡᠭᠯᠡᠭᠡ ᠶᠢᠨ ᠪᠤᠴᠠᠵᠤ ᠢᠷᠡᠬᠦ ᠶᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠳᠠᠭ︾᠃ ᠵᠧᠦ ᠶᠢᠨ ᠴᠢᠶᠠᠩ ᠢᠯᠡᠷᠬᠡᠶᠢᠯᠡᠬᠦ ᠳᠡᠭᠡᠨ᠂ ᠡᠨᠡ ᠵᠢᠯ ᠠᠴᠠ ᠨᠠᠰᠢ᠂ ᠤᠯᠤᠰ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠳᠠᠭᠠᠯᠳᠤᠨ᠂ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠰᠡᠷᠭᠦᠯᠲᠡ ᠶᠢᠨ ᠪᠠᠶᠢᠳᠠᠯ ᠢᠯᠡᠷᠬᠡᠢ ᠪᠣᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠤ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ᠂ ᠴᠠᠰᠤᠨ ᠳᠤ ᠭᠤᠯᠭᠤᠬᠤ ᠬᠡᠷᠡᠭᠰᠡᠯ ᠤᠨ ᠬᠡᠷᠡᠭᠯᠡᠭᠡ ᠲᠦᠷᠭᠡᠨ ᠢᠶᠠᠷ ᠨᠡᠮᠡᠭᠳᠡᠪᠡ᠃ ᠭᠡᠪᠡᠴᠦ ᠣᠳᠣᠬᠠᠨ ᠳᠤ ᠮᠠᠨ ᠤ ᠤᠯᠤᠰ ᠤᠨ ᠪᠡᠶ᠎ᠡ ᠶᠢᠨ ᠲᠠᠮᠢᠷ ᠤᠨ ᠬᠡᠷᠡᠭᠯᠡᠭᠡ ᠳᠤ ᠪᠠᠰᠠ ᠳᠤᠲᠠᠭᠤᠳᠠᠯ ᠪᠠ ᠪᠠᠭᠤᠷᠠᠢ ᠲᠠᠯ᠎ᠠ ᠣᠷᠣᠰᠢᠵᠤ ᠪᠠᠶᠢᠨ᠎ᠠ᠃     ᠪᠡᠶ᠎ᠡ ᠶᠢᠨ ᠲᠠᠮᠢᠷ ᠤᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠬᠤ᠂ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠬᠡᠪᠴᠢᠶ᠎ᠡ ᠶᠢ ᠥᠷᠭᠡᠳᠬᠡᠬᠦ ᠳᠡᠭᠡᠷ᠎ᠡ ᠬᠦᠴᠦ ᠲᠠᠯᠪᠢᠬᠤ ᠬᠡᠷᠡᠭᠲᠡᠢ᠂ ᠵᠧᠦ ᠶᠢᠨ ᠴᠢᠶᠠᠩ ᠢᠯᠡᠷᠬᠡᠶᠢᠯᠡᠬᠦ ᠳᠡᠭᠡᠨ᠂ ᠡᠩ ᠲᠡᠷᠢᠭᠦᠨ ᠳᠤ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠡᠳ᠋ ᠤᠨ ᠵᠠᠰᠠᠭ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠲᠡᠭᠦᠯᠳᠡᠷᠵᠢᠭᠦᠯᠬᠦ ᠬᠡᠷᠡᠭᠲᠡᠢ᠃ ᠰᠦᠢᠳᠬᠡᠯ ᠬᠤᠷᠢᠶᠠᠬᠤ ᠦᠭᠡᠢ᠂ ᠬᠠᠷᠠᠭᠠᠯᠵᠠᠯ ᠲᠠᠢ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠪᠠ ᠦᠢᠯᠡᠴᠢᠯᠡᠭᠡᠨ ᠤ ᠬᠠᠩᠭᠠᠯᠭ᠎ᠠ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠢ ᠰᠢᠯᠢᠳᠡᠭᠵᠢᠭᠦᠯᠦᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠪᠡᠶ᠎ᠡ ᠶᠢᠨ ᠲᠠᠮᠢᠷ ᠤᠨ ᠠᠵᠤ ᠦᠢᠯᠡᠰ ᠲᠤ ᠬᠠᠨᠳᠤᠭᠤᠯᠤᠭᠰᠠᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠦᠯᠬᠦᠮ ᠨᠡᠶᠢᠲᠡ ᠪᠠᠶᠢᠭᠤᠯᠵᠤ᠂ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠤ ᠲᠠᠯ᠎ᠠ ᠪᠠᠷ  ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠨᠥᠬᠦᠴᠡᠯ ᠳᠤ ᠨᠡᠶᠢᠴᠡᠬᠦ ᠪᠡᠶ᠎ᠡ ᠶᠢᠨ ᠲᠠᠮᠢᠷ ᠤᠨ ᠠᠵᠤ ᠠᠬᠤᠶᠢᠯᠠᠯ ᠬᠥᠷᠥᠩᠭᠡ ᠶᠢᠨ ᠵᠠᠬ᠎ᠠ ᠳᠡᠯᠭᠡᠭᠦᠷ ᠲᠤ ᠤᠷᠤᠬᠤ ᠶᠢ ᠲᠡᠮᠵᠢᠨ᠎ᠡ᠃     ᠳᠠᠷᠠᠭᠠᠯᠠᠪᠠᠯ᠂ ᠪᠡᠶ᠎ᠡ ᠶᠢᠨ ᠲᠠᠮᠢᠷ ᠲᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢ ᠨᠡᠮᠡᠭᠳᠡᠭᠦᠯᠵᠦ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠨᠡᠭᠡᠭᠡᠯᠲᠡ ᠪᠠ ᠭᠠᠶᠢᠯᠢ ᠰᠦᠢᠳᠬᠡᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠪᠡᠶ᠎ᠡ ᠶᠢᠨ ᠲᠠᠮᠢᠷ ᠲᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢ ᠨᠡᠮᠡᠭᠳᠡᠭᠦᠯᠵᠦ᠂ ᠭᠠᠵᠠᠷ ᠰᠢᠷᠣᠢ ᠶᠢ ᠠᠰᠢᠭᠯᠠᠬᠤ ᠣᠨ ᠤ ᠲᠥᠯᠥᠪᠯᠡᠭᠡ ᠶᠢ ᠲᠣᠬᠢᠷᠠᠭᠤᠯᠬᠤ ᠳᠠᠭᠠᠨ ᠪᠡᠶ᠎ᠡ ᠶᠢᠨ ᠲᠠᠮᠢᠷ ᠤᠨ ᠰᠢᠨ᠎ᠡ ᠪᠠᠷ ᠨᠡᠮᠡᠭᠳᠡᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠲᠤ ᠦᠵᠡᠭᠦᠯᠬᠦ ᠳᠡᠮᠵᠢᠯᠭᠡ ᠶᠢ ᠨᠡᠮᠡᠭᠳᠡᠭᠦᠯᠦᠨ᠎ᠡ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠤᠷᠭᠠᠭᠤᠯᠢ ᠵᠡᠷᠭᠡ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠢ ᠴᠢᠯᠦᠭᠡᠲᠡᠢ ᠨᠡᠭᠡᠭᠡᠬᠦ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠪᠡᠶ᠎ᠡ ᠶᠢᠨ ᠲᠠᠮᠢᠷ ᠤᠨ ᠲᠠᠯᠠᠪᠠᠶ ᠣᠷᠳᠣᠨ ᠢ ᠴᠢᠯᠦᠭᠡᠲᠡᠢ ᠨᠡᠭᠡᠭᠡᠬᠦ ᠡᠷᠴᠢᠮ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠲᠣᠭᠠᠵᠢᠭᠤᠯᠬᠤ ᠠᠷᠭ᠎ᠠ ᠪᠠᠷᠢᠯ ᠢ ᠠᠰᠢᠭᠯᠠᠨ᠂ ᠲᠠᠯᠠᠪᠠᠶ ᠣᠷᠳᠣᠨ ᠤ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠲᠠᠯᠠᠪᠠᠶ ᠣᠷᠳᠣᠨ ᠤ ᠬᠡᠷᠡᠭᠯᠡᠭᠡᠨ ᠤ ᠠᠬᠤᠢ ᠲᠠᠯᠠᠪᠠᠶ ᠶᠢᠨ ᠥᠭᠡᠷᠡᠴᠢᠯᠡᠯᠲᠡ ᠪᠠ ᠬᠡᠷᠡᠭᠯᠡᠭᠡᠨ ᠤ ᠲᠣᠬᠢᠷᠠᠭᠤᠯᠤᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠨ᠎ᠡ᠃     ᠣᠳᠣᠬᠠᠨ ᠳᠤ ᠲᠠᠰᠤᠷᠠᠯᠲᠠ ᠦᠭᠡᠢ ᠲᠠᠰ ᠳᠠᠪᠰᠢᠵᠤ ᠪᠠᠶᠢᠭ᠎ᠠ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠨᠢ ᠣᠯᠠᠨ ᠶᠠᠩᠵᠤ ᠶᠢᠨ ᠪᠡᠶ᠎ᠡ ᠶᠢᠨ ᠲᠠᠮᠢᠷ ᠤᠨ ᠦᠢᠯᠡᠳᠬᠦᠨ ᠤ ᠬᠠᠩᠭᠠᠯᠭ᠎ᠠ ᠶᠢ ᠪᠣᠶ ᠪᠣᠯᠭᠠᠭᠰᠠᠨ ᠪᠥᠭᠡᠳ ᠣᠯᠠᠨ ᠡᠰᠢᠲᠦ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠪᠠᠶᠢᠳᠠᠯ ᠢ ᠪᠣᠶ ᠪᠣᠯᠭᠠᠭᠰᠠᠨ ᠪᠠᠶᠢᠨ᠎ᠠ᠃ ᠪᠡᠶ᠎ᠡ ᠶᠢᠨ ᠲᠠᠮᠢᠷ ᠤᠨ ᠵᠠᠭᠠᠭ ᠱᠤᠭᠤᠮ ᠢ ᠡᠪᠳᠡᠵᠦ᠂ ︽ᠶᠡᠭᠡ ᠪᠡᠶ᠎ᠡ ᠶᠢᠨ ᠲᠠᠮᠢᠷ ᠤᠨ ᠦᠵᠡᠯᠲᠡ︾ ᠶᠢ ᠪᠤᠢ ᠪᠣᠯᠭᠠᠬᠤ ᠪᠣᠯ ᠪᠠᠰᠠ ᠴᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠴᠢᠬᠤᠯᠠ ᠠᠭᠤᠯᠭ᠎ᠠ ᠪᠣᠯᠣᠨ᠎ᠠ᠃ ᠵᠧᠦ ᠶᠢᠨ ᠴᠢᠶᠠᠩ ᠢᠯᠡᠷᠬᠡᠶᠢᠯᠡᠬᠦ ᠳᠡᠭᠡᠨ᠂ ᠣᠯᠠᠨ ᠲᠦᠮᠡᠨ ᠭᠠᠳᠠᠭᠰᠢ ᠭᠠᠷᠴᠦ ᠰᠡᠯᠡᠬᠦᠴᠡᠬᠦ ᠨᠢ ᠤᠯᠠᠨ ᠪᠤᠯᠤᠭᠰᠠᠨ ᠢ ᠲᠠᠭᠠᠯᠳᠤᠨ᠂ ᠬᠡᠭᠡᠷ᠎ᠡ ᠭᠠᠳᠠᠭ᠎ᠠ ᠶᠢᠨ ᠬᠥᠳᠡᠯᠭᠡᠭᠡᠨ ᠤ ᠠᠵᠤ ᠦᠢᠯᠡᠰ ᠢ ᠶᠡᠬᠡᠪᠡᠷ ᠬᠥᠭᠵᠢᠭᠦᠯᠬᠦ  ᠶᠢ ᠣᠮᠲᠣᠭᠠᠶᠢᠯᠠᠵᠤ ᠪᠣᠯᠬᠤ ᠦᠭᠡᠢ᠂ ︽ᠬᠤᠶᠠᠷ ᠠᠭᠤᠯᠠ︾ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠪᠠ ᠬᠡᠭᠡᠷ᠎ᠡ ᠭᠠᠳᠠᠭ᠎ᠠ ᠶᠢᠨ ᠬᠥᠳᠡᠯᠭᠡᠭᠡᠨ ᠢ ᠬᠥᠭᠵᠢᠭᠦᠯᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠪᠠᠶᠢᠭᠠᠯᠢ ᠶᠢᠨ ᠡᠬᠢ ᠪᠠᠶᠠᠯᠢᠭ ᠢ ᠭᠡᠬᠡᠷ᠎ᠡ ᠭᠠᠳᠠᠭ᠎ᠠ ᠬᠥᠳᠡᠯᠭᠡᠭᠡᠨ ᠵᠦᠭ ᠨᠡᠭᠡᠭᠡᠯᠲᠡ ᠬᠢᠬᠦ ᠶᠢ ᠠᠬᠢᠭᠤᠯᠵᠦ ᠪᠠᠶᠢᠭᠠᠳ᠂ ᠬᠡᠭᠡᠷ᠎ᠡ ᠭᠠᠳᠠᠭ᠎ᠠ ᠶᠢᠨ ᠲᠠᠮᠢᠷ ᠤᠨ ᠬᠥᠳᠡᠯᠭᠡᠭᠡᠨ ᠤ ᠠᠵᠤ ᠦᠢᠯᠡᠰ ᠤᠨ ᠡᠵᠡᠩᠨᠡᠯᠲᠡ ᠶᠢᠨ ᠲᠦᠯᠦᠪ ᠪᠠᠶᠢᠳᠠᠯ ᠢ ᠡᠯᠪᠡᠭ ᠪᠤᠯᠭᠠᠨ᠎ᠠ᠃ ᠡᠯ᠎ᠡ ᠭᠠᠵᠠᠷ ᠤᠨ ᠬᠢᠨ ᠢ ᠬᠥᠲᠥᠯᠥᠨ ᠵᠢᠯᠤᠭᠤᠳᠴᠤ ᠪᠠᠶᠢᠭᠠᠳ ᠡᠬᠢ ᠪᠠᠶᠠᠯᠢᠭ ᠤᠨ ᠳᠠᠪᠠᠭᠤᠯᠢᠭ ᠢᠶᠠᠷ ᠢᠶᠠᠨ ᠲᠦᠰᠢᠭ ᠪᠣᠯᠭᠠᠵᠤ᠂ ᠣᠷᠣᠨ ᠪᠦᠰᠡ ᠶᠢᠨ ᠣᠨᠴᠠᠯᠢᠭᠲᠤ ᠠᠵᠤ ᠦᠢᠯᠡᠰ ᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠭᠵᠢᠭᠦᠯᠵᠦ᠂ ᠮᠥᠰᠥ ᠴᠠᠰᠤ᠂ ᠠᠭᠤᠯᠠᠷᠬᠠᠭ ᠬᠡᠭᠡᠷ᠎ᠡ ᠭᠠᠳᠠᠭ᠎ᠠ᠂ ᠤᠰᠤᠨ ᠳᠡᠭᠡᠷ᠎ᠡ᠂ ᠮᠠᠰᠢᠨ ᠲᠡᠷᠭᠡ ᠮᠣᠲ᠋ᠣᠷ ᠲᠡᠷᠭᠡ᠂ ᠠᠭᠠᠷ ᠤᠨ ᠠᠶᠠᠯᠠᠯ ᠵᠡᠷᠭᠡ ᠭᠤᠣᠯᠳᠠᠯᠭ᠎ᠠ ᠲᠠᠢ ᠬᠡᠭᠡᠷ᠎ᠡ ᠭᠠᠳᠠᠭ᠎ᠠ ᠶᠢᠨ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠵᠦᠷᠢᠶᠡᠴᠢᠯᠡᠭᠰᠡᠨ ᠬᠥᠭᠵᠢᠯᠲᠡ ᠶᠢ ᠠᠬᠢᠭᠤᠯᠵᠤ᠂  ᠬᠡᠭᠡᠷ᠎ᠡ ᠭᠠᠳᠠᠭ᠎ᠠ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ᠂ ᠤᠷᠤᠰᠬᠠᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠤᠨ ᠨᠠᠷᠠᠲᠤ ᠲᠥᠷᠥᠯ ᠲᠡᠮᠳᠡᠭᠲᠦ ᠶᠢ ᠲᠦᠷᠬᠡᠨ ᠪᠤᠢ ᠪᠤᠯᠭᠠᠵᠦ᠂ ᠠᠭᠠᠷ ᠤᠨ ᠠᠶᠠᠯᠠᠯ ᠤᠨ ᠨᠢᠰᠦᠯᠲᠡ ᠶᠢᠨ ᠬᠤᠸᠠᠷᠠᠨ᠂ ᠮᠠᠰᠢᠨ ᠲᠡᠷᠭᠡᠨ ᠤ ᠥᠪᠡᠷ ᠢᠶᠠᠨ ᠵᠢᠯᠤᠭᠤᠳᠬᠤ ᠪᠡᠶ᠎ᠡ ᠶᠢᠨ ᠲᠠᠮᠢᠷ ᠤᠨ ᠬᠤᠸᠠᠷᠠᠨ᠂ ᠠᠭᠤᠯᠠᠷᠬᠠᠭ ᠬᠡᠬᠡᠷ᠎ᠡ ᠭᠠᠳᠠᠭ᠎ᠠ  ᠶᠢᠨ ᠬᠤᠸᠠᠷᠠᠨ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠠᠬᠢᠭᠤᠯᠵᠤ᠂ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠴᠣᠭᠴᠠ ᠶᠢ ᠪᠣᠯᠭᠠᠨ᠎ᠠ᠃ ᠪᠡᠶ᠎ᠡ ᠶᠢᠨ ᠲᠠᠮᠢᠷ ᠪᠠ ᠵᠢᠭᠤᠯᠴᠢᠯᠠᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠬᠡᠭᠡᠷ᠎ᠡ ᠭᠠᠳᠠᠭ᠎ᠠ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠦᠷᠢᠯᠡᠵᠦ᠂ ᠬᠡᠭᠡᠷ᠎ᠡ ᠭᠠᠳᠠᠭ᠎ᠠ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠢᠶᠠᠷ ᠭᠤᠣᠯ ᠰᠡᠳᠦᠪ ᠪᠣᠯᠭᠠᠨ ᠨᠢᠭᠡ ᠪᠦᠯᠦᠭ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠰᠣᠳᠣᠨ ᠵᠠᠮ ᠱᠤᠭᠤᠮ᠂ ᠰᠣᠳᠣᠨ ᠤᠷᠤᠯᠳᠤᠭᠠᠨ ᠤ ᠵᠦᠢᠯᠡᠰ ᠢ ᠭᠠᠷᠭᠠᠵᠤ᠂ ᠪᠡᠶ᠎ᠡ ᠶᠢᠨ ᠲᠠᠮᠢᠷ ᠵᠢᠭᠤᠯᠴᠢᠯᠠᠯ ᠤᠨ ᠦᠢᠯᠡᠳᠬᠦᠨ ᠪᠠ ᠦᠢᠯᠡᠴᠢᠯᠡᠭᠡ ᠶᠢᠨ ᠬᠠᠩᠭᠠᠯᠭ᠎ᠠ ᠶᠢ ᠪᠠᠶᠠᠯᠢᠭᠵᠢᠭᠤᠯᠤᠨ᠎ᠡ᠃     ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠵᠠᠬ᠎ᠠ ᠳᠡᠯᠭᠡᠭᠦᠷ ᠴᠦ ᠲᠤᠳᠠᠭᠳᠠᠵᠦ ᠪᠤᠯᠬᠤ ᠦᠭᠡᠢ᠃ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠵᠤ᠂ ᠨᠡᠩ ᠤᠯᠠᠨ ᠨᠡᠶᠢᠭᠡᠮ ᠤᠨ ᠬᠦᠴᠦᠨ ᠢ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠠᠵᠢᠯ ᠲᠦᠷᠦᠯ ᠳᠤ ᠲᠠᠳᠠᠨ ᠣᠷᠣᠭᠤᠯᠵᠤ᠂ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠵᠠᠬ᠎ᠠ ᠳᠡᠯᠭᠡᠭᠦᠷ ᠤᠨ ᠪᠠᠭᠲᠠᠭᠠᠮᠵᠢ ᠶᠢ ᠦᠷᠭᠦᠯᠵᠢᠯᠡᠨ ᠥᠷᠭᠡᠳᠬᠡᠬᠦ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠬᠦᠷᠢᠶᠡᠨ ᠤ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠬᠤ ᠬᠡᠷᠡᠭᠲᠡᠢ᠃ ᠠᠷᠠᠳ ᠣᠯᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠤᠷ᠎ᠠ ᠴᠢᠳᠠᠪᠤᠷᠢ ᠬᠦᠷᠦᠯᠴᠡᠬᠦ ᠦᠭᠡᠢ ᠠᠴᠠ ᠪᠣᠯᠤᠭᠰᠠᠨ ᠪᠡᠶ᠎ᠡ ᠶᠢᠨ ᠲᠠᠮᠢᠷ  ᠤᠨ ᠬᠡᠷᠡᠭᠯᠡᠭᠡ ᠶᠢ ᠬᠢᠵᠠᠭᠠᠷᠯᠠᠵᠦ ᠪᠠᠶᠢᠭ᠎ᠠ ᠬᠦᠯᠢᠶᠠᠰᠤᠯᠠᠯ ᠢ ᠲᠠᠶᠢᠯᠠᠵᠦ᠂ ᠪᠡᠶ᠎ᠡ ᠶᠢᠨ ᠲᠠᠮᠢᠷ ᠤᠨ ᠬᠢᠷᠢ ᠬᠡᠮᠵᠢᠶ᠎ᠡ ᠶᠢᠨ ᠵᠡᠷᠭᠡ ᠳᠡᠰ ᠢ ᠦᠨᠡᠯᠡᠨ ᠲᠣᠭᠲᠠᠭᠠᠬᠤ ᠪᠠᠷᠢᠮᠵᠢᠶ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠤᠨ ᠴᠢᠯᠦᠭᠡᠨ ᠤ ᠪᠠ ᠲᠤᠰᠬᠠᠢ ᠮᠡᠷᠭᠡᠵᠢᠯ ᠤᠨ ᠪᠡᠶ᠎ᠡ ᠶᠢᠨ ᠲᠠᠮᠢᠷ ᠤᠨ ᠵᠡᠷᠭᠡ ᠳᠡᠰ ᠤᠨ ᠬᠠᠷᠢᠯᠴᠠᠨ ᠨᠡᠪᠲᠡᠷᠡᠯᠴᠡᠬᠦ ᠳᠦᠷᠢᠮ ᠢ ᠠᠬᠢᠭᠤᠯᠤᠨ᠂ ︽ᠭᠤᠷᠪᠠᠨ ᠶᠡᠭᠡ ᠪᠥᠮᠪᠦᠭᠡ︾᠂ ᠫᠢᠩᠫᠠᠩ ᠪᠥᠮᠪᠦᠭᠡ᠂ ᠥᠲᠥᠨ ᠪᠥᠮᠪᠦᠭᠡ᠂ ᠵᠣᠳᠣᠯᠳᠤᠭᠠᠨ ᠤ ᠲᠥᠷᠥᠯ᠂ ᠰᠡᠯᠡᠭᠦᠴᠡᠯ ᠤᠨ ᠲᠥᠷᠥᠯ ᠵᠡᠷᠭᠡ ᠪᠡᠶ᠎ᠡ ᠶᠢᠨ ᠲᠠᠮᠢᠷ ᠤᠨ ᠲᠥᠷᠥᠯ ᠵᠦᠢᠯ ᠢ ᠲᠦᠭᠡᠮᠡᠯᠵᠢᠭᠦᠯᠦᠨ ᠳᠡᠯᠭᠡᠷᠡᠭᠦᠯᠬᠦ ᠶᠢ ᠲᠦᠷᠭᠡᠳᠬᠡᠵᠦ᠂ ᠠᠷᠠᠳ ᠣᠯᠠᠨ ᠤ ᠪᠡᠶ᠎ᠡ ᠶᠢᠨ ᠲᠠᠮᠢᠷ ᠤᠨ ᠮᠡᠷᠭᠡᠵᠢᠯ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠷᠠᠳ ᠣᠯᠠᠨ ᠤ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠤᠯᠴᠠᠬᠤ ᠳᠤᠷ᠎ᠠ ᠰᠣᠨᠢᠷᠬᠠᠯ ᠪᠠ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠵᠦ᠂ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠨᠠᠭᠠᠯᠳᠤᠯ ᠢ ᠨᠡᠮᠡᠭᠳᠡᠭᠦᠯᠦᠨ᠎ᠡ᠃ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠭᠤᠯᠤᠯ ᠢ ᠶᠡᠬᠡᠪᠡᠷ ᠬᠥᠭᠵᠢᠭᠦᠯᠵᠦ᠂ ᠪᠡᠶ᠎ᠡ ᠶᠢᠨ ᠲᠠᠮᠢᠷ ᠤᠨ ᠠᠵᠢᠯ ᠲᠥᠷᠥᠯ ᠤᠨ ᠨᠡᠶᠢᠭᠡᠮᠯᠢᠭ ᠪᠠ ᠨᠡᠶᠢᠭᠡᠮ ᠤᠨ ᠬᠦᠴᠦᠨ ᠤ ᠰᠤᠷᠭᠠᠭᠤᠯᠢ ᠶᠢᠨ ᠬᠦᠷᠢᠶᠡᠨ ᠳᠤ ᠣᠷᠣᠬᠤ ᠶᠢ ᠵᠣᠷᠢᠭᠵᠢᠭᠤᠯᠤᠨ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠢᠴᠢᠶᠡᠯ ᠤᠨ ᠭᠠᠳᠠᠨᠠᠬᠢ ᠪᠣᠯᠪᠠᠰᠤᠷᠠᠯ ᠪᠠ ᠤᠷᠤᠯᠳᠤᠭᠠᠨ᠂ ᠬᠢᠴᠢᠶᠡᠯ ᠤᠨ ᠳᠠᠷᠠᠭᠠᠬᠢ ᠨᠠᠶᠢᠳᠠᠨ ᠬᠠᠮᠢᠶᠠᠷᠤᠭᠤᠯᠬᠤ᠂ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠵᠡᠷᠭᠡ ᠳᠤ ᠦᠢᠯᠡᠴᠢᠯᠡᠭᠡ ᠬᠠᠩᠭᠠᠨ᠎ᠠ᠃      ᠬᠠᠮᠤᠭ ᠤᠨ ᠰᠡᠬᠦᠯ ᠳᠤ᠂ ᠪᠡᠶ᠎ᠡ ᠶᠢᠨ ᠲᠠᠮᠢᠷ ᠤᠨ ᠬᠡᠷᠡᠭᠯᠡᠭᠡ ᠶᠢᠨ ᠰᠡᠷᠭᠦᠯᠲᠡ ᠨᠢ ᠤᠷᠤᠯᠳᠤᠭᠠᠨ ᠤ ᠦᠷ᠎ᠡ ᠠᠰᠢᠭ ᠤᠨ ᠳᠠᠶᠢᠴᠢᠯᠠᠯᠲᠠ ᠠᠴᠠ ᠰᠠᠯᠵᠤ ᠴᠢᠳᠠᠬᠤ ᠦᠭᠡᠢ᠃ ᠵᠧᠦ ᠶᠢᠨ ᠴᠢᠶᠠᠩ ᠠᠴᠠ ᠰᠠᠨᠠᠭᠤᠯᠬᠤ ᠳᠠᠭᠠᠨ᠂ ᠤᠷᠤᠯᠳᠤᠭᠠᠨ ᠤ ᠵᠦᠢᠯ ᠤᠨ ᠬᠠᠩᠭᠠᠯᠭ᠎ᠠ ᠶᠢ ᠨᠡᠮᠡᠭᠳᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠰᠢᠰᠲ᠋ᠧᠮ ᠢ ᠬᠥᠭᠵᠢᠭᠦᠯᠬᠦ ᠬᠡᠷᠡᠭᠲᠡᠢ᠃  ᠰᠤᠨᠢᠷᠬᠠᠯᠳᠦ ᠴᠢᠨᠠᠷ ᠢᠶᠠᠷ ᠥᠨᠳᠥᠷ᠂ ᠣᠷᠤᠯᠴᠠᠬᠤ ᠴᠢᠨᠠᠷ ᠢᠶᠠᠷ ᠴᠢᠩᠭ᠎ᠠ ᠠᠯᠢ ᠣᠯᠠᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠪᠣᠶ ᠪᠣᠯᠭᠠᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠤᠷᠤᠯᠳᠤᠭᠠᠨ ᠤ ᠠᠵᠢᠯᠯᠠᠭ᠎ᠠ ᠶᠢᠨ ᠨᠠᠷᠠᠲᠤ ᠲᠥᠷᠥᠯ ᠲᠡᠮᠳᠡᠭᠲᠦ ᠶᠢ ᠢᠳᠡᠪᠬᠢᠲᠡᠢ ᠪᠠᠷ ᠡᠭᠦᠳᠦᠨ ᠪᠠᠶᠢᠭᠤᠯᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠷᠤᠯᠳᠤᠭᠠᠨ ᠳᠤ ᠣᠷᠤᠯᠴᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠡᠭᠦᠨ ᠤ ᠬᠠᠮᠲᠤ᠂ ᠳᠡᠯᠡᠬᠡᠢ ᠶᠢ ᠠᠵᠢᠭᠯᠠᠨ ᠰᠢᠯᠢᠳᠡᠭ ᠪᠡᠶ᠎ᠡ ᠶᠢᠨ ᠲᠠᠮᠢᠷ ᠤᠨ ᠡᠬᠢ ᠪᠠᠶᠠᠯᠢᠭ ᠢ ᠣᠷᠣᠭᠤᠯᠤᠨ ᠠᠪᠴᠢᠷᠠᠨ᠂ ᠨᠥᠯᠥᠭᠡᠯᠡᠬᠦ ᠬᠦᠴᠦᠨ ᠪᠦᠬᠦᠢ ᠣᠯᠠᠨ ᠤᠯᠤᠰ ᠤᠨ ᠲᠡᠷᠢᠭᠦᠨ ᠲᠠᠰ ᠤᠨ ᠤᠷᠤᠯᠳᠤᠭᠠᠨ ᠤ ᠵᠦᠢᠯ ᠢ ᠦᠷᠭᠦᠯᠵᠢᠯᠡᠨ ᠡᠷᠡᠮᠡᠯᠵᠡᠯᠡᠨ ᠡᠷᠬᠢᠯᠡᠵᠦ᠂ ᠤᠯᠤᠰ ᠤᠨ ᠳᠣᠲᠣᠭᠠᠳᠤ ᠶᠢᠨ ᠤᠷᠤᠯᠳᠤᠭᠠᠨ ᠤ ᠵᠦᠢᠯ ᠤᠨ ᠬᠠᠩᠭᠠᠯᠭ᠎ᠠ ᠶᠢᠨ ᠪᠦᠬᠦᠯᠢ ᠴᠣᠭᠴᠠ ᠶᠢᠨ ᠴᠢᠨᠡᠷ ᠴᠢᠨᠰᠠᠭ᠎ᠠ ᠶᠢ ᠦᠷᠭᠦᠯᠵᠢᠯᠡᠨ ᠲᠡᠭᠡᠭᠰᠢᠯᠡᠭᠦᠯᠦᠨ᠎ᠡ᠃ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠤᠷᠤᠯᠳᠤᠭᠠᠨ ᠤ ᠠᠵᠢᠯᠯᠠᠭᠠᠨ᠂ ᠲᠠᠯᠠᠪᠠᠶ ᠣᠷᠳᠣᠨ ᠤ ᠡᠵᠡᠩᠨᠡᠯᠲᠡ᠂ ᠲᠧᠯᠸᠢᠰ ᠤᠨ ᠳᠠᠮᠵᠢᠭᠤᠯᠤᠨ ᠨᠡᠪᠲᠡᠷᠡᠭᠦᠯᠭᠡ ᠵᠡᠷᠭᠡ ᠶᠢ ᠨᠢᠭᠡ ᠴᠣᠭᠴᠠᠵᠢᠭᠤᠯᠤᠭᠰᠠᠨ ᠠᠵᠢᠯᠯᠠᠭᠠᠨ ᠪᠠ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠪᠡᠶ᠎ᠡ ᠶᠢᠨ ᠲᠠᠮᠢᠷ ᠤᠨ ᠣᠳᠣᠳ ᠤᠨ ᠵᠠᠬ᠎ᠠ ᠳᠡᠯᠭᠡᠭᠦᠷ ᠤᠨ ᠦᠨ᠎ᠡ ᠥᠷᠲᠡᠭ ᠢ ᠠᠭᠤᠳᠠᠯᠵᠤ᠂ ᠪᠡᠶ᠎ᠡ ᠶᠢᠨ ᠲᠠᠮᠢᠷ ᠤᠨ ᠤᠷᠤᠯᠳᠤᠭᠠᠨ ᠢ ᠨᠡᠩ ᠠᠩᠬᠠᠷᠠᠭᠤᠯᠬᠤ ᠪᠤᠯᠭᠠᠵᠦ᠂ ᠮᠠᠨ ᠤ ᠤᠯᠤᠰ ᠤᠨ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠥᠷᠢᠰᠦᠯᠳᠦᠬᠦ ᠬᠦᠴᠦᠨ ᠪᠠ ᠨᠦᠯᠦᠭᠡᠯᠡᠬᠦ ᠬᠦᠴᠦᠨ ᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ ᠭᠡᠪᠡ᠃
 
ᠢᠷᠡᠯᠲᠡ᠄ ᠲᠤᠮᠳᠠᠳᠦ ᠤᠯᠤᠰ ᠤᠨ ᠪᠡᠶ᠎ᠡ ᠶᠢᠨ ᠲᠠᠮᠢᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号