2023 ᠣᠨ ᠤ ᠪᠥᠬᠦ ᠤᠯᠤᠰ ᠤᠨ ᠴᠢᠯᠦᠭᠡᠲᠦ ᠲᠡᠮᠡᠴᠡᠭᠡᠨ ᠤ ᠰᠤᠷᠭᠠᠭᠴᠢ᠂ ᠬᠢᠨᠠᠭᠴᠢ ᠶᠢᠨ ᠪᠣᠯᠪᠠᠰᠤᠷᠠᠯ ᠤᠨ ᠠᠩᠭᠢ ︵ᠬᠥᠬᠡᠬᠤᠲᠠ ᠥᠷᠲᠡᠭᠡ︶ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2023/4/12
    4 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ 2023 ᠣᠨ ᠤ ᠪᠥᠬᠦ ᠤᠯᠤᠰ ᠤᠨ ᠴᠢᠯᠦᠭᠡᠲᠦ ᠲᠡᠮᠡᠴᠡᠭᠡᠨ ᠤ ᠰᠤᠷᠭᠠᠭᠴᠢ᠂ ᠬᠢᠨᠠᠭᠴᠢ ᠶᠢᠨ ᠪᠣᠯᠪᠠᠰᠤᠷᠠᠯ ᠤᠨ ᠠᠩᠭᠢ ︵ᠬᠥᠬᠡᠬᠤᠲᠠ ᠥᠷᠲᠡᠭᠡ︶ ᠬᠢᠴᠢᠶᠡᠯ ᠡᠬᠢᠯᠡᠪᠡ᠃     ᠪᠣᠯᠪᠠᠰᠤᠷᠠᠯ ᠤᠨ ᠬᠤᠭᠤᠴᠠᠭ᠎ᠠ ᠨᠢ 4 ᠡᠳᠦᠷ ᠪᠠᠶᠢᠵᠤ᠂ ᠪᠥᠬᠦ ᠤᠯᠤᠰ ᠤᠨ ᠡᠯ᠎ᠡ ᠭᠠᠵᠠᠷ ᠤᠨ 120 ᠬᠥᠮᠥᠨ ᠣᠷᠣᠯᠴᠠᠵᠠᠢ᠃  ᠪᠤᠯᠪᠠᠰᠤᠷᠠᠯ ᠳᠤ ᠣᠨᠣᠯ ᠤᠨ ᠰᠤᠷᠤᠯᠴᠠᠯᠭ᠎ᠠ ᠪᠠ ᠮᠡᠷᠭᠡᠵᠢᠯ ᠤᠨ ᠦᠢᠯᠡᠳᠦᠯᠭᠡ ᠶᠢ ᠤᠶᠠᠯᠳᠤᠭᠤᠯᠬᠤ ᠬᠡᠯᠪᠡᠷᠢ ᠶᠢ ᠠᠪᠴᠤ᠂ ᠴᠢᠯᠦᠭᠡᠲᠦ ᠲᠡᠮᠡᠴᠡᠭᠡᠨ ᠤ ᠬᠥᠭᠵᠢᠯᠲᠡ ᠶᠢᠨ ᠲᠡᠦᠬᠡ᠂ ᠴᠢᠯᠦᠭᠡᠲᠦ ᠲᠡᠮᠡᠴᠡᠭᠡᠨ ᠤ ᠨᠢᠳᠤᠷᠭᠠᠨ ᠡᠷᠳᠡᠮ᠂ ᠫᠠᠢ ᠪᠠᠷᠢᠬᠤ ᠵᠢᠭᠠᠨ ᠰᠤᠷᠭᠠᠯᠲᠠ᠂ ᠬᠥᠯ ᠤᠨ ᠡᠷᠳᠡᠮ᠂ ᠡᠪᠦᠳᠦᠭ ᠤᠨ ᠡᠷᠳᠡᠮ᠂ ᠴᠢᠯᠦᠭᠡᠲᠦ ᠲᠡᠮᠡᠴᠡᠭᠡᠨ ᠤ ᠳᠦᠷᠢᠮ ᠵᠢᠴᠢ ᠬᠢᠨᠠᠨ ᠰᠢᠭᠦᠬᠦ ᠠᠷᠭ᠎ᠠ᠂ ᠠᠮᠠᠨ ᠳᠣᠬᠢᠶ᠎ᠠ᠂  ᠸᠧᠳᠢᠤ᠋ ᠰᠤᠷᠤᠯᠴᠠᠯᠭ᠎ᠠ ᠵᠡᠷᠭᠡ ᠠᠭᠤᠯᠭ᠎ᠠ ᠶᠢ ᠰᠤᠷᠤᠯᠴᠠᠨ᠎ᠠ᠃ ᠪᠤᠯᠪᠠᠰᠤᠷᠠᠯ ᠳᠠᠭᠤᠰᠤᠭᠰᠠᠨ ᠤ ᠳᠠᠷᠠᠭ᠎ᠠ᠂ ᠪᠢᠷ ᠤᠨ ᠰᠢᠯᠭᠠᠯᠲᠠ᠂ ᠮᠡᠷᠭᠡᠵᠢᠯ ᠤᠨ ᠰᠢᠯᠭᠠᠯᠲᠠ᠂ ᠦᠢᠯᠡᠳᠦᠯᠭᠡ ᠶᠢᠨ ᠦᠨᠡᠯᠡᠯᠲᠡ ᠵᠡᠷᠭᠡ ᠠᠷᠭ᠎ᠠ ᠪᠠᠷ ᠬᠢᠨᠠᠨ ᠰᠢᠯᠭᠠᠯᠲᠠ ᠬᠢᠵᠦ᠂ ᠬᠢᠷᠢ ᠲᠡᠩᠴᠡᠭᠰᠡᠨ ᠰᠣᠷᠣᠭᠴᠢ ᠳᠤ ᠤᠯᠤᠰ ᠤᠨ ᠠᠩᠬ᠎ᠠ ᠵᠡᠷᠭᠡ ᠶᠢᠨ ᠰᠤᠷᠭᠠᠭᠴᠢ᠂ ᠤᠯᠤᠰ ᠤᠨ ᠨᠢᠭᠡᠳᠦᠭᠡᠷ ᠳᠡᠰ ᠤᠨ ᠬᠢᠨᠠᠭᠴᠢ ᠶᠢᠨ ᠦᠨᠡᠮᠯᠡᠯ ᠤᠯᠭᠤᠨ᠎ᠡ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号