ᠬᠥᠩᠭᠡᠨ ᠪᠡᠶ᠎ᠡ ᠶᠢᠨ ᠲᠠᠮᠢᠷ ᠤᠨ ᠬᠥᠳᠡᠯᠭᠡᠭᠡᠨ ᠨᠢ ᠶᠡᠭᠡ ᠲᠡᠭᠡᠳᠦ ᠰᠤᠷᠭᠠᠭᠤᠯᠢ ᠳᠤ ᠰᠢᠯᠭᠠᠭᠤᠯᠬᠤ ᠰᠢᠯᠭᠠᠯᠳᠠ ᠶᠢᠨ ᠲᠠᠷᠤᠭᠠᠰᠦ ᠶᠢ ᠬᠦᠩᠭᠡᠷᠡᠭᠦᠯᠦᠨ᠎ᠡ
ᠨᠡᠶᠢᠲᠡᠯᠡᠭᠰᠡᠨ ᠴᠠᠭ᠄
2023/6/8
    ᠮᠠᠰᠢ ᠤᠯᠠᠨ ᠥᠨᠳᠥᠷ ᠳᠤᠮᠳᠠᠳᠤ ᠶᠢᠨ ᠰᠤᠷᠤᠭᠴᠢᠳ ᠪᠦᠷ ᠪᠡᠶ᠎ᠡ ᠶᠢᠨ ᠲᠠᠮᠢᠷ ᠤᠨ ᠪᠣᠯᠪᠠᠰᠤᠷᠠᠯ ᠢᠶᠠᠨ ᠪᠠᠷᠢᠮᠲᠠᠯᠠᠬᠤ ᠳᠠᠳᠬᠠᠯ ᠲᠠᠢ  ᠪᠠᠶᠢᠳᠠᠭ᠃ ᠵᠢᠮ᠎ᠡ ᠶᠣᠰᠣ ᠲᠠᠢ ᠬᠥᠳᠡᠯᠭᠡᠭᠡᠨ ᠬᠢᠬᠦ ᠨᠢ ᠰᠤᠷᠤᠭᠴᠢᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ᠂ ᠰᠤᠷᠤᠯᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠬᠦ᠂ ᠰᠠᠨᠳᠤᠷᠬᠤ ᠶᠢ ᠨᠠᠮᠳᠠᠭᠤᠯᠬᠤ ᠳᠤ ᠠᠰᠢᠭᠲᠠᠢ ᠪᠠᠶᠢᠳᠠᠭ᠃ ᠰᠢᠯᠭᠠᠯᠲᠠ ᠶᠢᠨ ᠡᠮᠦᠨ᠎ᠡ ᠬᠤᠶᠢᠨ᠎ᠠ ᠵᠣᠬᠢᠰᠲᠠᠢ ᠬᠥᠳᠡᠯᠭᠡᠭᠡᠨ ᠬᠢᠬᠦ ᠨᠢ ᠲᠠᠷᠤᠭᠠᠰᠦ ᠶᠢ ᠬᠥᠩᠭᠡᠷᠡᠭᠦᠯᠬᠦ ᠳᠤ ᠠᠰᠢᠭᠲᠠᠢ ᠶᠤᠮ᠃     ᠱᠠᠩᠬᠠᠢ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠵᠠᠩ ᠵᠢᠶᠦ᠋ᠨ ᠢᠯᠡᠷᠬᠡᠶᠢᠯᠡᠬᠦ ᠳᠡᠭᠡᠨ᠂ ᠰᠢᠯᠭᠠᠯᠲᠠ ᠠᠴᠠ ᠪᠣᠯᠤᠭᠰᠠᠨ ᠲᠠᠷᠤᠭᠠᠰᠦ ᠨᠢ ᠶᠡᠭᠡ ᠲᠠᠷᠢᠬᠢᠨ ᠤ ᠴᠢᠰᠤᠨ ᠤᠷᠤᠰᠬᠠᠯ ᠤᠨ ᠬᠡᠮᠵᠢᠶ᠎ᠡ ᠶᠢ ᠨᠡᠮᠡᠭᠳᠡᠭᠦᠯᠵᠦ᠂ ᠲᠠᠷᠢᠬᠢᠨ ᠳᠣᠲᠣᠷᠠᠬᠢ ᠰᠣᠯᠢᠯᠴᠠᠭᠠᠨ ᠤ ᠬᠠᠶᠠᠭᠳᠠᠮᠠᠯ ᠪᠣᠳᠠᠰ ᠢ ᠨᠡᠮᠡᠭᠳᠡᠭᠦᠯᠵᠦ ᠮᠡᠳᠡᠨ᠎ᠡ᠂ ᠬᠡᠷᠪᠡ ᠴᠠᠭ ᠲᠤᠬᠠᠢ ᠳᠤᠨᠢ ᠰᠢᠢᠳᠪᠦᠷᠢᠯᠡᠵᠦ ᠳᠡᠶᠢᠯᠬᠦ ᠦᠭᠡᠢ ᠪᠣᠯ ᠲᠠᠷᠢᠬᠢᠨ ᠤ ᠴᠢᠳᠠᠮᠵᠢ ᠪᠠᠭᠤᠷᠠᠵᠤ᠂ ᠴᠡᠭᠡᠵᠢᠯᠡᠬᠦ ᠴᠢᠳᠠᠪᠤᠷᠢ ᠪᠠᠭᠤᠷᠠᠬᠤ ᠪᠣᠯᠣᠨ᠎ᠠ ᠭᠡᠵᠡᠢ᠃ ᠲᠠᠮᠢᠷ ᠤᠨ ᠬᠥᠳᠡᠯᠭᠡᠭᠡᠨ ᠨᠢ ᠶᠠᠭ ᠰᠠᠶᠢᠬᠠᠨ ᠲᠠᠷᠢᠬᠢᠨ ᠤ ᠴᠢᠰᠤᠨ ᠤᠷᠤᠰᠬᠠᠯ ᠤᠨ ᠬᠤᠪᠢᠷᠠᠯᠲᠠ ᠶᠢ ᠪᠠᠭᠤᠷᠠᠭᠤᠯᠬᠤ ᠪᠠᠷ ᠳᠠᠮᠵᠢᠨ ᠲᠠᠷᠢᠬᠢᠨ ᠤ ᠴᠢᠳᠠᠪᠤᠷᠢ ᠶᠢ ᠰᠠᠶᠢᠵᠢᠷᠠᠭᠤᠯᠵᠤ᠂ ᠴᠡᠭᠡᠵᠢᠯᠡᠬᠦ ᠴᠢᠳᠠᠪᠤᠷᠢ ᠶᠢ ᠨᠡᠮᠡᠭᠳᠡᠭᠦᠯᠦᠨ᠂ ᠰᠢᠯᠭᠠᠯᠲᠠ ᠶᠢ ᠯᠠᠪᠳᠠᠭᠤᠨ ᠲᠣᠭᠲᠠᠭᠤᠨ ᠢᠶᠠᠷ ᠠᠷᠭᠠᠴᠠᠬᠤ ᠦᠢᠯᠡᠳᠦᠯ ᠲᠠᠢ ᠪᠠᠶᠢᠳᠠᠭ᠃     ᠲᠤᠰᠬᠠᠢ ᠮᠡᠷᠭᠡᠵᠢᠯᠲᠡᠨ ᠤ ᠰᠠᠨᠠᠭᠤᠯᠭ᠎ᠠ ᠪᠠᠷ᠂ ᠰᠢᠯᠭᠠᠯᠲᠠ ᠠᠴᠠ ᠡᠮᠦᠨ᠎ᠡ ᠪᠠᠭ᠎ᠠ ᠬᠡᠮᠵᠢᠶᠡᠨ ᠤ ᠬᠦᠴᠢᠯᠲᠥ᠋ᠷᠥᠭᠴᠢᠲᠦ ᠬᠥᠩᠭᠡᠨ ᠬᠥᠳᠡᠯᠭᠡᠭᠡᠨ ᠬᠢᠪᠡᠯ ᠵᠣᠬᠢᠨ᠎ᠠ᠃ ᠵᠢᠱᠢᠶᠡᠯᠡᠪᠡᠯ᠂ ᠥᠷᠯᠥᠭᠡ ᠡᠷᠲᠡ ᠠᠭᠠᠷ ᠴᠡᠪᠡᠷ ᠲᠤᠩᠭᠠᠯᠠᠭ ᠭᠠᠵᠠᠷ ᠲᠤ ᠰᠡᠯᠡᠭᠦᠴᠡᠨ ᠠᠯᠬᠤᠬᠤ᠂ ᠠᠯᠭᠤᠷ ᠭᠦᠶᠦᠬᠦ ᠵᠡᠷᠭᠡ ᠬᠦᠴᠢᠯᠲᠥ᠋ᠷᠥᠭᠴᠢᠲᠦ ᠬᠥᠳᠡᠯᠭᠡᠭᠡᠨ ᠬᠢᠵᠦ᠂ 10 ᠮᠢᠨᠦ᠋ᠲ ᠤᠨ ᠴᠠᠭ ᠢ ᠬᠡᠷᠡᠭᠯᠡᠵᠦ ᠪᠠᠶᠢᠭᠠᠳ ᠣᠷᠣᠨ ᠳᠠᠭᠠᠨ ᠨᠢᠷᠤᠭᠤ ᠪᠠᠨ ᠰᠤᠩᠭᠠᠵᠤ᠂ ᠬᠦᠵᠦᠭᠦᠦ ᠪᠠᠨ ᠡᠷᠭᠢᠭᠦᠯᠬᠦ ᠶᠢᠨ ᠬᠠᠮᠲᠤ ᠨᠡᠷᠡᠨ ᠳᠤ ᠡᠭᠡᠭᠡᠵᠦ᠂ ᠳᠥᠭᠦᠮᠬᠡᠨ ᠰᠤᠩᠭᠠᠬᠤ ᠬᠥᠳᠡᠯᠭᠡᠭᠡᠨ ᠬᠢᠵᠦ᠂ ᠤᠳᠠᠭᠠᠨ ᠰᠠᠭᠤᠭᠰᠠᠨ ᠠᠴᠠ ᠪᠣᠯᠵᠤ ᠬᠥᠰᠢᠵᠦ ᠬᠠᠲᠠᠭᠤᠷᠠᠭᠰᠠᠨ ᠮᠥᠷᠥ ᠬᠦᠵᠦᠭᠦᠦ ᠪᠠ ᠳᠥᠷᠪᠡᠨ ᠮᠥᠴᠢ ᠪᠠᠨ ᠰᠤᠯᠠᠳᠬᠠᠵᠤ᠂ ᠪᠠᠰᠠ ᠨᠢᠳᠦ᠂ ᠶᠡᠭᠡ ᠲᠠᠷᠢᠬᠢ ᠪᠠᠨ ᠲᠠᠶᠢᠪᠤᠰᠢᠷᠠᠭᠤᠯᠤᠨ᠎ᠠ᠃     ᠬᠥᠳᠡᠯᠭᠡᠭᠡᠨ ᠤ ᠬᠦᠴᠦᠯᠡᠴᠡ ᠪᠠ ᠴᠠᠭ ᠤᠨ ᠤᠷᠲᠤ ᠨᠢ ᠰᠤᠯᠠᠳᠬᠠᠬᠤ ᠵᠣᠷᠢᠯᠭ᠎ᠠ ᠳᠠᠭᠠᠨ ᠬᠦᠷᠪᠡᠯ ᠪᠣᠯᠴᠢᠬᠠᠨ᠎ᠠ᠃ ᠡᠩ ᠤᠨ ᠦᠶ᠎ᠡ ᠳᠤ ᠬᠥᠳᠡᠯᠭᠡᠭᠡᠨ ᠴᠥᠭᠡᠨ ᠰᠢᠭ ᠰᠤᠷᠤᠭᠴᠢᠳ ᠰᠢᠯᠭᠠᠯᠲᠠ ᠠᠴᠠ ᠡᠮᠦᠨ᠎ᠡ ᠬᠠᠷᠢᠴᠠᠩᠭᠤᠢ ᠨᠠᠮᠳᠠᠭᠤᠨ ᠬᠥᠳᠡᠯᠭᠡᠭᠡᠨ ᠤ ᠬᠡᠯᠪᠡᠷᠢ ᠶᠢ ᠰᠣᠩᠭᠤᠵᠤ᠂ ᠪᠠᠭ᠎ᠠ ᠰᠠᠭ᠎ᠠ ᠬᠥᠳᠡᠯᠭᠡᠭᠡᠨ ᠤ ᠬᠡᠮᠵᠢᠶ᠎ᠡ ᠪᠠᠨ ᠨᠡᠮᠡᠭᠳᠡᠭᠦᠯᠪᠡᠯ ᠪᠣᠯᠴᠢᠬᠠᠨ᠎ᠠ᠃ ᠡᠩ ᠤᠨ ᠦᠶ᠎ᠡ ᠳᠤ ᠬᠥᠳᠡᠯᠭᠡᠭᠡᠨ ᠬᠢᠬᠦ ᠳᠤᠷᠠᠲᠠᠢ ᠰᠤᠷᠤᠭᠴᠢᠳ ᠡᠨᠡ ᠬᠤᠭᠤᠴᠠᠭᠠᠨ ᠳᠤ ᠵᠥᠪᠬᠡᠨ ᠡᠩ ᠤᠨ ᠦᠶ᠎ᠡ ᠶᠢᠨ ᠬᠥᠳᠡᠯᠭᠡᠭᠡᠨ ᠤ ᠠᠷᠭ᠎ᠠ ᠮᠠᠶ᠋ᠢᠭ ᠪᠠ ᠬᠥᠳᠡᠯᠭᠡᠭᠡᠨ ᠤ ᠬᠡᠮᠵᠢᠶ᠎ᠡ ᠪᠠᠨ ᠪᠠᠷᠢᠮᠲᠠᠯᠠᠪᠠᠯ ᠪᠣᠯᠴᠢᠬᠠᠨ᠎ᠠ᠂ ᠰᠢᠨ᠎ᠡ ᠬᠥᠳᠡᠯᠭᠡᠭᠡᠨ ᠤ ᠠᠷᠭ᠎ᠠ ᠮᠠᠶ᠋ᠢᠭ ᠢ ᠲᠤᠷᠰᠢᠵᠤ ᠦᠵᠡᠬᠦ ᠶᠢ ᠰᠠᠨᠠᠭᠠᠴᠢᠯᠠᠬᠤ ᠦᠭᠡᠢ᠃ ᠡᠭᠦᠨ ᠠᠴᠠ ᠭᠠᠳᠠᠨ᠎ᠠ᠂ ᠰᠢᠯᠭᠠᠯᠲᠠ ᠠᠴᠠ ᠡᠮᠦᠨ᠎ᠡ ᠡᠰᠡᠷᠭᠦᠴᠡᠯᠳᠦᠬᠦ ᠴᠢᠨᠠᠷ ᠢᠶᠠᠷ ᠴᠢᠩᠭ᠎ᠠ ᠰᠠᠭᠰᠤᠨ ᠪᠥᠮᠪᠦᠭᠡ ᠶᠢᠨ ᠤᠷᠤᠯᠳᠤᠭᠠᠨ ᠪᠠ ᠬᠥᠯ ᠪᠥᠮᠪᠦᠭᠡ ᠶᠢᠨ ᠤᠷᠤᠯᠳᠤᠭᠠᠨ ᠵᠡᠷᠭᠡ ᠠᠴᠠ ᠵᠠᠶᠢᠯᠠᠰᠬᠢᠬᠦ ᠬᠡᠷᠡᠭᠲᠡᠢ᠃
 
ᠢᠷᠡᠯᠲᠡ᠄ ᠲᠤᠮᠳᠠᠳᠦ ᠤᠯᠤᠰ ᠤᠨ ᠪᠡᠶ᠎ᠡ ᠶᠢᠨ ᠲᠠᠮᠢᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号