ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠰᠣᠶᠣᠯ ᠪᠠ ᠵᠢᠭᠤᠯᠴᠢᠯᠠᠯ ᠤᠨ ᠲᠢᠩᠬᠢᠮ ᠬᠤᠳᠠᠯᠳᠤᠭᠠᠨ ᠤ ᠲᠢᠩᠬᠢᠮ ᠤᠨ ︽5.1︾ ᠤ ᠬᠤᠭᠤᠴᠠᠭᠠᠨ ᠳᠠᠬᠢ ᠪᠥᠬᠦ ᠣᠷᠣᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠭᠠᠷᠴᠠᠭᠯᠠᠯ ᠢ ᠨᠡᠶᠢᠲᠡᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2025/4/29
      ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠬᠦ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽︿ᠰᠢᠨ᠎ᠡ ᠨᠡᠮᠡᠭᠳᠡᠯ ᠤᠨ ᠴᠡᠭ ᠢ ᠤᠯᠠᠮ ᠨᠢᠭᠡ ᠠᠯᠬᠤᠮ ᠪᠣᠶᠢᠵᠢᠭᠤᠯᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢ ᠬᠦᠭᠵᠢᠭᠡᠬᠦ ᠠᠷᠭ᠎ᠠ ᠬᠡᠮᠵᠢᠶ᠎ᠡ ᠨᠦᠭᠦᠳ﹀ ᠤᠨ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠪᠣᠯᠤᠨ ︽ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠠᠯᠪᠠᠨ ᠲᠢᠩᠬᠢᠮ ᠬᠤᠳᠠᠯᠳᠤᠭᠠᠨ ᠤ ᠶᠠᠪᠤᠳᠠᠯ ᠤᠨ ᠶᠠᠮᠤᠨ ᠤ ᠠᠯᠪᠠᠨ ᠲᠢᠩᠬᠢᠮ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ ᠤᠨ ︿ᠪᠡᠶ᠎ᠡ ᠶᠢᠨ ᠲᠠᠮᠢᠷ ᠤᠨ ᠤᠷᠤᠯᠳᠤᠭᠠᠨ ᠢ ᠦᠵᠡᠮᠵᠢ ᠶᠢᠨ ᠣᠷᠣᠨ ᠳᠤ ᠣᠷᠣᠭᠤᠯᠬᠤ᠂ ᠵᠡᠭᠡᠯᠢ ᠲᠣᠭᠤᠷᠢᠭ ᠲᠤ ᠣᠷᠣᠭᠤᠯᠬᠤ᠂ ᠬᠤᠳᠠᠯᠳᠤᠭᠠᠨ ᠤ ᠲᠣᠭᠤᠷᠢᠭ ᠲᠤ ᠣᠷᠣᠭᠤᠯᠬᠤ﹀ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾ ︽ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠬᠤᠳᠠᠯᠳᠤᠭᠠᠨ ᠤ ᠶᠠᠪᠤᠳᠠᠯ ᠤᠨ ᠶᠠᠮᠤᠨ ᠤ ︿ᠭᠤᠶᠢᠳᠠ ᠰᠠᠶᠢᠬᠠᠨ ᠤᠷᠤᠯᠳᠤᠭᠠᠨ ᠢ ᠡᠳ᠋ᠯᠡᠵᠦ ᠳᠤᠮᠳᠠᠳᠤ ᠶᠢᠨ ᠠᠮᠲᠠᠲᠤ ᠢᠳᠡᠭᠡᠨ ᠢ ᠠᠮᠲᠠᠯᠠᠬᠤ﹀ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠲᠠᠮᠢᠷ ᠤᠨ ᠤᠷᠤᠯᠳᠤᠭᠠᠨ ᠤ ᠨᠡᠷᠡᠲᠦ ᠲᠡᠮᠳᠡᠭᠲᠦ ᠶᠢ ᠪᠦᠲᠦᠭᠡᠨ ᠪᠠᠶᠢᠭᠤᠯᠵᠤ᠂ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠬᠤᠳᠠᠯᠳᠤᠭᠠᠴᠢᠨ ᠤ ᠬᠡᠷᠡᠭᠯᠡᠭᠡ ᠶᠢ ᠬᠦᠴᠦᠯᠡᠨ ᠥᠷᠭᠡᠳᠬᠡᠵᠦ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠠᠷᠠᠳ ᠣᠯᠠᠨ ᠤ ᠣᠯᠠᠨ ᠡᠰᠢᠲᠦ ᠣᠶᠤᠨ ᠤ ᠰᠣᠶᠣᠯ ᠪᠠ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠶᠢᠨ ᠲᠦᠯᠦᠭᠡ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠮᠲᠤᠷᠠᠨ ︽5.1︾ ᠤ ᠬᠤᠭᠤᠴᠠᠭᠠᠨ ᠳᠠᠬᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢᠨ ᠭᠠᠷᠴᠠᠭᠯᠠᠯ ᠢ ᠨᠡᠶᠢᠲᠡᠯᠡᠵᠦ᠂ ᠪᠡᠶ᠎ᠡ ᠶᠢᠨ ᠲᠠᠮᠢᠷ ᠤᠨ ᠤᠷᠤᠯᠳᠤᠭᠠᠨ ᠵᠢᠴᠢ ᠬᠠᠮᠢᠶ᠎ᠠ ᠪᠦᠬᠦᠢ ᠠᠵᠢᠯᠯᠠᠭ᠎ᠠ ᠨᠡᠶᠢᠲᠡ 102 ᠵᠦᠢᠯ ᠪᠠᠶᠢᠵᠤ᠂ ᠭᠤᠣᠯ ᠨᠡᠷᠡᠰ ᠨᠢ ᠳᠣᠣᠷᠠᠬᠢ ᠮᠡᠲᠦ᠃
图片1.png
 
图片2.png
图片3.png
图片4.png
图片5.png
      ᠡᠯ᠎ᠡ ᠠᠶᠢᠮᠠᠭ ᠬᠤᠲᠠ ᠶᠢᠨ ᠪᠡᠶ᠎ᠡ ᠶᠢᠨ ᠲᠠᠮᠢᠷ᠂ ᠰᠣᠶᠣᠯ ᠪᠠ ᠵᠢᠭᠤᠯᠴᠢᠯᠠᠯ᠂ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ︽ᠤᠷᠤᠯᠳᠤᠭᠠᠨ ᠤ ᠶᠠᠪᠤᠳᠠᠯ ᠢ ᠳᠠᠭᠠᠵᠤ ᠵᠤᠭᠠᠴᠠᠬᠤ︾᠂ ︽ᠭᠤᠷᠪᠠ ᠳᠤ ᠣᠷᠣᠬᠤ︾ ︵ᠵᠡᠭᠡᠯᠢ ᠭᠤᠳᠤᠮᠵᠢ  ᠳᠤ ᠣᠷᠣᠬᠤ᠂ ᠦᠵᠡᠮᠵᠢ ᠶᠢᠨ ᠣᠷᠣᠨ ᠳᠤ ᠣᠷᠣᠬᠤ᠂ ᠬᠤᠳᠠᠯᠳᠤᠭᠠᠨ ᠤ ᠲᠣᠭᠤᠷᠢᠭ ᠲᠤ ᠣᠷᠣᠬᠤ︶ ᠪᠠ ︽ᠭᠤᠶᠢᠳᠠ ᠰᠠᠶᠢᠬᠠᠨ ᠤᠷᠤᠯᠳᠤᠭᠠᠨ ᠤ ᠶᠠᠪᠤᠳᠠᠯ ᠢ ᠡᠳ᠋ᠯᠡᠵᠦ ᠳᠤᠮᠳᠠᠳᠤ ᠶᠢᠨ ᠠᠮᠲᠠᠲᠤ ᠢᠳᠡᠭᠡᠨ ᠢ ᠠᠮᠲᠠᠯᠠᠬᠤ︾ ᠠᠵᠢᠯᠯᠠᠭ᠎ᠠ ᠶᠢᠨ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠦᠨ᠎ᠡ᠃ ᠤᠷᠤᠯᠳᠤᠭᠠᠨ ᠤ ᠶᠠᠪᠤᠳᠠᠯ ᠤᠨ ᠣᠨᠴᠠᠯᠢᠭ ᠲᠠᠢ ᠤᠶᠠᠯᠳᠤᠭᠤᠯᠤᠨ᠂ ᠰᠣᠶᠣᠯ ᠪᠡᠶ᠎ᠡ ᠶᠢᠨ ᠲᠠᠮᠢᠷ ᠪᠠ ᠵᠢᠭᠤᠯᠴᠢᠯᠠᠯ ᠬᠤᠳᠠᠯᠳᠤᠭᠠᠨ ᠤ ᠠᠭᠤᠰᠤᠯᠴᠠᠨ ᠬᠥᠭᠵᠢᠬᠦ ᠶᠢ ᠭᠦᠨᠵᠡᠭᠡᠢ ᠲᠦᠯᠬᠢᠨ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠠᠵᠤ ᠠᠬᠤᠶᠢᠯᠠᠯ ᠵᠢᠴᠢ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠭᠤᠯᠴᠢᠯᠠᠯ ᠠᠮᠠᠷᠠᠯᠲᠠ ᠶᠢᠨ ᠣᠷᠣᠨ᠂ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ᠂ ᠬᠤᠳᠠᠯᠳᠤᠭᠠᠨ ᠤ ᠲᠣᠭᠤᠷᠢᠭ ᠵᠡᠷᠭᠡ ᠰᠣᠶᠣᠯ ᠪᠠ ᠵᠢᠭᠤᠯᠴᠢᠯᠠᠯ ᠤᠨ ᠲᠠᠯᠠᠪᠤᠷ ᠤᠨ ᠪᠡᠶ᠎ᠡ ᠶᠢᠨ ᠲᠠᠮᠢᠷ ᠤᠨ ᠤᠷᠤᠯᠳᠤᠭᠠᠨ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠬᠠᠩᠭᠠᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠬᠤ ᠶᠢ ᠵᠣᠷᠢᠭᠵᠢᠭᠤᠯᠤᠨ᠎ᠠ᠃ ᠥᠷᠭᠡᠨ ᠤᠯᠠᠨ ᠪᠡᠶ᠎ᠡ ᠶᠢᠨ ᠲᠠᠮᠢᠷ ᠤᠨ ᠵᠤᠭᠠᠴᠠᠯ ᠳᠤ ᠪᠠᠭ᠋ᠠᠲᠠᠢ ᠬᠥᠮᠥᠰ ᠵᠤᠭᠠᠴᠠᠬᠤ ᠪᠠᠷ ᠭᠠᠷᠬᠤ ᠶᠢ ᠵᠣᠬᠢᠰᠲᠠᠢ ᠲᠣᠬᠢᠷᠠᠭᠤᠯᠵᠤ᠂ ᠤᠷᠤᠯᠳᠤᠭᠠᠨ ᠢ ᠲᠠᠭᠠᠵᠦ ᠵᠤᠭᠠᠴᠠᠬᠤ᠂ ᠤᠷᠤᠯᠳᠤᠭᠠᠨ ᠢ ᠲᠠᠭᠠᠵᠦ ᠠᠮᠲᠠᠲᠤ ᠢᠳᠡᠭᠡᠨ ᠢᠳᠡᠬᠦ ᠶᠠᠪᠤᠴᠠ ᠳᠤ᠂ ᠠᠶᠤᠯ ᠦᠭᠡᠢ ᠤᠬᠠᠮᠰᠠᠷ ᠢᠶᠠᠨ ᠳᠡᠭᠡᠭᠰᠢᠯᠡᠭᠦᠯᠵᠦ᠂ ᠰᠠᠶᠢᠨ ᠰᠠᠶᠢᠬᠠᠨ ᠠᠮᠢᠳᠤᠷᠠᠯ ᠢ ᠡᠳ᠋ᠯᠡᠵᠦ ᠪᠣᠯᠤᠨ᠎ᠠ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ᠃                     ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ                    ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ                    ᠦᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ                               2025 ᠣᠨ ᠤ 4 ᠰᠠᠷ᠎ᠠ ᠶᠢᠨ 27 ᠤ ᠡᠳᠦᠷ 
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号