︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠯᠠᠭᠴᠢ ᠡᠷᠦᠬᠡ ᠶᠢᠨ ᠴᠡᠷᠢᠭ ᠢ ᠬᠠᠷᠠᠭᠠᠯᠵᠠᠬᠤ ᠪᠠ ᠡᠷᠬᠡ ᠠᠰᠢᠭ ᠢ ᠨᠢ ᠪᠠᠲᠤᠯᠠᠬᠤ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠮᠡᠳᠡᠭᠳᠡᠯ

ᠥᠪᠥᠷ ᠵᠠᠰᠠᠭ ᠲᠣᠭᠲᠠᠭᠠᠭᠰᠠᠨ ﹇2020﹈ 15 ᠳ᠋ᠤᠭᠠᠷ ᠲᠣᠭᠠᠲᠤ

2020 ᠣᠨ ᠤ 8 ᠳ᠋ᠤᠭᠠᠷ ᠰᠠᠷ᠎ᠠ ᠶᠢᠨ 6 ᠤ ᠡᠳᠦᠷ
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠴᠡᠷᠢᠭ ᠤᠨ ᠡᠯ᠎ᠡ ᠬᠤᠪᠢᠶᠠᠷᠢ ᠲᠣᠭᠤᠷᠢᠭ᠂ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ᠂ ᠦᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠯᠠᠭᠴᠢ ᠡᠷᠦᠬᠡ ᠶᠢᠨ ᠴᠡᠷᠢᠭ ᠢ ᠬᠠᠷᠠᠭᠠᠯᠵᠠᠬᠤ ᠪᠠ ᠡᠷᠬᠡ ᠠᠰᠢᠭ ᠢ ᠨᠢ ᠪᠠᠲᠤᠯᠠᠬᠤ ᠠᠷᠭ᠎ᠠ︾ ᠶᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠵᠤ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠳᠤᠭᠠᠢ᠃

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠯᠠᠭᠴᠢ ᠡᠷᠦᠬᠡ ᠶᠢᠨ

ᠴᠡᠷᠢᠭ ᠢ ᠬᠠᠷᠠᠭᠠᠯᠵᠠᠬᠤ ᠪᠠ ᠡᠷᠬᠡ ᠠᠰᠢᠭ ᠢ ᠨᠢ ᠪᠠᠲᠤᠯᠠᠬᠤ ᠠᠷᠭ᠎ᠠ


ᠨᠢᠭᠡᠳᠦᠭᠡᠷ ᠵᠦᠢᠯ  ᠪᠥᠬᠦ ᠣᠷᠣᠨ ᠤ ᠡᠷᠦᠬᠡ ᠶᠢᠨ ᠴᠡᠷᠢᠭ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠢᠷᠤᠮ ᠡᠭᠦᠷᠭᠡ ᠶᠢ ᠭᠦᠢᠴᠡᠳᠭᠡᠬᠦ ᠳᠤ ᠬᠠᠷᠠᠭᠠᠯᠵᠠᠬᠤ ᠪᠠ ᠡᠷᠬᠡ ᠠᠰᠢᠭ ᠢ ᠨᠢ ᠪᠠᠲᠤᠯᠠᠬᠤ ᠠᠵᠢᠯ ᠢ ᠰᠠᠶᠢᠲᠤᠷ ᠬᠢᠵᠦ᠂ ᠡᠷᠦᠬᠡ ᠶᠢᠨ ᠴᠡᠷᠢᠭ ᠤᠨ ᠠᠵᠢᠯ ᠢ ᠳᠡᠮᠵᠢᠵᠦ ᠲᠡᠭᠦᠨ ᠳᠤ ᠣᠷᠣᠯᠴᠠᠬᠤ ᠠᠷᠠᠳ ᠣᠯᠠᠨ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠢᠨ ᠤ ᠢᠷᠠᠭᠤ ᠠᠯᠳᠠᠷᠲᠤ ᠰᠡᠳᠬᠢᠭᠳᠡᠯ ᠪᠠ ᠬᠦᠷᠲᠡᠭᠡᠮᠵᠢᠲᠦ ᠰᠡᠳᠬᠢᠭᠳᠡᠯ ᠢ ᠨᠢ ᠳᠡᠭᠡᠭᠰᠢᠯᠡᠭᠦᠯᠬᠦ ᠶᠢᠨ ᠲᠤᠰᠠᠳᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠢᠶᠠᠨ ᠤ ︽ᠰᠢᠨ᠎ᠡ ᠪᠠᠶᠢᠳᠠᠯ ᠳᠣᠣᠷᠠᠬᠢ ᠡᠷᠦᠬᠡ ᠶᠢᠨ ᠴᠡᠷᠢᠭ ᠤᠨ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠰᠠᠨᠠᠯ︾ ᠪᠠ ︽ᠮᠠᠨ ᠤ ᠴᠡᠷᠢᠭ ᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ︿ᠠᠷᠪᠠᠨ ᠭᠤᠷᠪᠠᠳᠤᠭᠠᠷ ᠲᠠᠪᠤᠨ ᠵᠢᠯ﹀ ᠤᠨ ᠲᠥᠯᠥᠪᠵᠢᠭᠦᠯᠭᠡ︾ ︽︿ᠠᠷᠪᠠᠨ ᠭᠤᠷᠪᠠᠳᠤᠭᠠᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠷᠦᠬᠡ ᠶᠢᠨ ᠴᠡᠷᠢᠭ ᠤᠨ ᠠᠵᠢᠯ ᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠰᠠᠨᠠᠯ︾ ︵ᠥᠪᠥᠷ ᠵᠠᠰᠠᠭ ᠲᠠᠷᠬᠠᠭᠠᠭᠰᠠᠨ ﹇2018﹈ 15 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃

ᠬᠤᠶᠠᠳᠤᠭᠠᠷ ᠵᠦᠢᠯ  ᠲᠤᠰ ᠠᠷᠭ᠎ᠠ ᠶᠢᠨ ᠬᠠᠷᠠᠭᠠᠯᠵᠠᠬᠤ ᠪᠠ ᠡᠷᠬᠡ ᠠᠰᠢᠭ ᠢ ᠨᠢ ᠪᠠᠲᠤᠯᠠᠬᠤ ᠡᠲᠡᠭᠡᠳ ᠪᠣᠯ ᠥᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠲᠠᠢ ᠭᠤᠣᠯᠯᠠᠭᠴᠢ ᠡᠷᠦᠬᠡ ᠶᠢᠨ ᠴᠡᠷᠢᠭ ᠪᠠ ᠳᠤᠭᠤᠶᠢᠯᠠᠩ ᠬᠤᠪᠢᠶᠠᠭᠰᠠᠨ ᠡᠷᠦᠬᠡ ᠶᠢᠨ ᠴᠡᠷᠢᠭ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠣᠨ᠎ᠠ᠂ ᠬᠤᠪᠢ ᠬᠥᠮᠥᠨ ᠤ ᠬᠦᠴᠦᠨ ᠪᠦᠬᠦᠢ ᠦᠨᠡᠮᠯᠡᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠪᠣᠯᠣᠨ᠎ᠠ᠃

ᠭᠤᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠲᠠᠷᠠᠭᠠᠬᠢ ᠨᠢᠭᠡᠴᠢ᠂ ᠪᠠᠶᠢᠭᠤᠯᠤᠮᠵᠢ᠂ ᠲᠠᠯᠠᠪᠤᠷ ᠭᠠᠵᠠᠷ ᠲᠤ ᠭᠤᠣᠯᠯᠠᠭᠴᠢ ᠡᠷᠦᠬᠡ ᠶᠢᠨ ᠴᠡᠷᠢᠭ ᠲᠤ ᠦᠢᠯᠡᠴᠢᠯᠡᠬᠦ ᠴᠣᠩᠬᠤᠪᠴᠢ ᠭᠠᠷᠭᠠᠬᠤ ᠪᠤᠶᠤ ᠢᠯᠡᠷᠬᠡᠢ ᠲᠡᠮᠳᠡᠭ ᠲᠠᠯᠪᠢᠵᠤ᠂ ᠤᠷᠢᠳ ᠢᠶᠠᠷ ᠦᠢᠯᠡᠴᠢᠯᠡᠭᠡ ᠬᠠᠩᠭᠠᠬᠤ ᠬᠡᠷᠡᠭᠲᠡᠢ᠄

︵ᠨᠢᠭᠡ︶ ᠡᠯ᠎ᠡ ᠱᠠᠲᠤᠨ ᠤ ᠥᠯᠥ ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠳᠣᠲᠣᠭᠠᠳᠤ ᠶᠢ ᠬᠠᠮᠠᠭᠠᠯᠠᠬᠤ ᠭᠠᠵᠠᠷ ᠤᠨ ᠡᠷᠦᠬᠡ ᠠᠮᠠ ᠶᠢᠨ ᠦᠢᠯᠡᠴᠢᠯᠡᠭᠡᠨ ᠤ ᠲᠢᠩᠬᠢᠮ᠂ ᠤᠷ᠎ᠠ ᠮᠡᠷᠭᠡᠰᠢᠯ ᠤᠨ ᠪᠣᠯᠪᠠᠰᠤᠷᠠᠯ ᠤᠨ ᠪᠠᠶᠢᠭᠤᠯᠤᠮᠵᠢ᠂ ᠠᠯᠪᠠᠨ ᠠᠴᠠ ᠪᠠᠶᠢᠭᠤᠯᠤᠭᠰᠠᠨ ᠵᠢᠴᠢ ᠠᠷᠠᠳ ᠠᠴᠠ ᠡᠵᠡᠩᠨᠡᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ︔

︵ᠬᠤᠶᠠᠷ︶ ᠪᠠᠩᠬᠢ ᠶᠢᠨ ᠦᠢᠯᠡᠴᠢᠯᠡᠭᠡᠨ ᠤ ᠲᠣᠣᠷ ᠴᠡᠭ᠂ ᠵᠠᠰᠠᠮᠠᠯ ᠵᠠᠮ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ︔

︵ᠭᠤᠷᠪᠠ︶ ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠭᠠᠵᠠᠷ᠂ ᠰᠣᠶᠣᠯ ᠤᠨ ᠲᠠᠯᠠᠪᠤᠷ ᠣᠷᠳᠣᠨ᠂ ᠬᠤᠲᠠ ᠶᠢᠨ ᠴᠡᠴᠡᠷᠯᠢᠭ ᠵᠡᠷᠭᠡ ᠪᠣᠯᠣᠨ᠎ᠠ᠃

ᠳᠥᠷᠪᠡᠳᠦᠭᠡᠷ ᠵᠦᠢᠯ  ᠭᠤᠣᠯᠯᠠᠭᠴᠢ ᠡᠷᠦᠬᠡ ᠶᠢᠨ ᠴᠡᠷᠢᠭ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠤ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠢᠶᠠᠷ ᠢᠶᠠᠨ ᠲᠠᠷᠠᠭᠠᠬᠢ ᠦᠢᠯᠡᠴᠢᠯᠡᠭᠡ ᠶᠢ ᠤᠷᠢᠳ ᠢᠶᠠᠷ ᠬᠦᠷᠲᠡᠨ᠎ᠠ᠄

︵ᠨᠢᠭᠡ︶ ᠡᠷᠦᠬᠡ ᠠᠮᠠ ᠪᠠ ᠤᠷᠤᠭ ᠤᠨ ᠳᠠᠩᠰᠠᠯᠠᠨ ᠲᠡᠮᠳᠡᠭᠯᠡᠬᠦ ᠭᠠᠷᠳᠠᠮ ᠢ ᠨᠢ ᠤᠷᠢᠳ ᠢᠶᠠᠷ ᠭᠦᠢᠴᠡᠳᠬᠡᠵᠦ ᠥᠭᠬᠦ︔

︵ᠬᠤᠶᠠᠷ︶ ᠠᠵᠢᠯ ᠣᠯᠵᠤ ᠦᠢᠯᠡᠰ ᠴᠣᠭᠴᠠᠯᠠᠬᠤ ᠶᠢ ᠨᠢ ᠲᠡᠳᠭᠦᠬᠦ ᠪᠠ ᠠᠵᠢᠯ ᠣᠯᠬᠤ ᠳᠤ ᠨᠢ ᠲᠤᠰᠠᠯᠠᠬᠤ ᠶᠢ ᠤᠷᠢᠳ ᠢᠶᠠᠷ ᠬᠦᠷᠲᠡᠬᠦ︔

︵ᠭᠤᠷᠪᠠ︶ ᠥᠯᠥ ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠤᠷᠢᠳ ᠢᠶᠠᠷ ᠭᠦᠢᠴᠡᠳᠬᠡᠵᠦ ᠥᠭᠬᠦ︔

︵ᠳᠥᠷᠪᠡ︶ ᠵᠠᠰᠠᠮᠠᠯ ᠵᠠᠮ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠯ᠎ᠡ ᠥᠷᠲᠡᠭᠡ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠳᠤ ᠤᠷᠢᠳ ᠢᠶᠠᠷ ᠪᠢᠯᠧᠲ ᠬᠤᠳᠠᠯᠳᠤᠨ ᠠᠪᠬᠤ᠂ ᠠᠮᠤᠷ ᠲᠦᠪᠰᠢᠨ ᠤ ᠪᠠᠶᠢᠴᠠᠭᠠᠯᠲᠠ ᠬᠢᠬᠦ ᠪᠠ ᠠᠶᠠᠨᠴᠢᠳ ᠤᠨ ᠮᠠᠰᠢᠨ ᠲᠡᠷᠭᠡ ᠭᠠᠯᠲᠤ ᠲᠡᠷᠭᠡᠨ ᠳᠤ ᠰᠠᠭᠤᠬᠤ ᠵᠡᠷᠭᠡ ᠲᠠᠯ᠎ᠠ ᠶᠢᠨ ᠦᠢᠯᠡᠴᠢᠯᠡᠭᠡ ᠬᠦᠷᠲᠡᠬᠦ︔

︵ᠲᠠᠪᠤ︶ ᠰᠤᠷᠭᠠᠭᠤᠯᠢᠯᠠᠯ ᠳᠤ ᠣᠷᠣᠯᠴᠠᠬᠤ ᠪᠠ ᠡᠭᠦᠷᠭᠡ ᠭᠦᠢᠴᠡᠳᠭᠡᠬᠦ ᠬᠤᠭᠤᠴᠠᠭᠠᠨ ᠳᠤ ᠠᠯᠪᠠᠨ ᠠᠵᠢᠯ ᠠᠴᠠ ᠪᠣᠯᠵᠤ ᠰᠢᠷᠬᠠᠲᠤᠭᠰᠠᠨ ᠪᠤᠶᠤ ᠭᠡᠨᠡᠳᠲᠡ ᠡᠪᠡᠳᠴᠢᠯᠡᠭᠰᠡᠨ ᠪᠠᠶᠢᠪᠠᠯ᠂ ᠡᠯ᠎ᠡ ᠱᠠᠲᠤᠨ ᠳᠠᠬᠢ ᠠᠯᠪᠠᠨ ᠠᠴᠠ ᠪᠠᠶᠢᠭᠤᠯᠤᠭᠰᠠᠨ ᠵᠢᠴᠢ ᠠᠷᠠᠳ ᠠᠴᠠ ᠡᠵᠡᠩᠨᠡᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠤᠷᠢᠳ ᠢᠶᠠᠷ ᠳ᠋ᠤᠭᠠᠷᠯᠠᠬᠤ᠂ ᠰᠢᠨᠵᠢᠯᠡᠨ ᠰᠢᠯᠭᠠᠬᠤ᠂ ᠪᠠᠶᠢᠴᠠᠭᠠᠯᠲᠠ ᠬᠢᠬᠦ᠂ ᠡᠮ ᠠᠪᠬᠤ᠂ ᠡᠮᠨᠡᠯᠭᠡ ᠳᠤ ᠰᠠᠭᠤᠵᠤ ᠡᠮᠨᠡᠭᠦᠯᠬᠦ ᠵᠡᠷᠭᠡ ᠣᠨᠣᠰᠢᠯᠠᠨ ᠡᠮᠴᠢᠯᠡᠬᠦ ᠦᠢᠯᠡᠴᠢᠯᠡᠭᠡ ᠬᠦᠷᠲᠡᠬᠦ︔

︵ᠵᠢᠷᠭᠤᠭ᠎ᠠ︶ ᠡᠯ᠎ᠡ ᠱᠠᠲᠤᠨ ᠤ ᠪᠠᠩᠬᠢ ᠶᠢᠨ ᠦᠢᠯᠡᠴᠢᠯᠡᠭᠡᠨ ᠤ ᠲᠣᠣᠷ ᠴᠡᠭ ᠲᠤ ᠳᠠᠩᠰᠠᠨ ᠡᠷᠦᠬᠡ ᠪᠠᠶᠢᠭᠤᠯᠬᠤ ᠪᠠ ᠦᠭᠡᠶᠢᠰᠬᠡᠬᠦ᠂ ᠵᠣᠭᠤᠰ ᠬᠠᠳᠠᠭᠠᠯᠠᠬᠤ ᠪᠠ ᠭᠠᠷᠭᠠᠵᠤ ᠠᠪᠬᠤ᠂ ᠳᠠᠩᠰᠠ ᠰᠢᠯᠵᠢᠭᠦᠯᠬᠦ ᠪᠠ ᠵᠣᠭᠤᠰ ᠭᠤᠪᠢᠭᠤᠯᠬᠤ ᠵᠡᠷᠭᠡ ᠲᠤᠬᠠᠶᠢᠯᠠᠭᠰᠠᠨ ᠠᠵᠢᠯ ᠢ ᠤᠷᠢᠳ ᠢᠶᠠᠷ ᠭᠦᠢᠴᠡᠳᠬᠡᠵᠦ ᠥᠭᠬᠦ︔

︵ᠳᠣᠯᠤᠭ᠎ᠠ︶ ᠡᠯ᠎ᠡ ᠲᠦᠷᠣᠯ ᠤᠨ ᠵᠢᠭᠤᠯᠴᠢᠯᠠᠯ ᠤᠨ ᠦᠵᠡᠮᠵᠢ ᠶᠢᠨ ᠭᠠᠵᠠᠷ ᠲᠤ ᠲᠠᠶᠢᠯᠪᠤᠷᠢᠯᠠᠭᠴᠢ᠂ ᠵᠠᠮᠴᠢᠯᠬᠠᠴᠢ ᠵᠡᠷᠭᠡ ᠶᠢ ᠤᠷᠢᠳ ᠢᠶᠠᠷ ᠵᠠᠯᠠᠬᠤ ᠦᠢᠯᠡᠴᠢᠯᠡᠭᠡ ᠬᠦᠷᠲᠡᠬᠦ᠃

ᠲᠠᠪᠤᠳᠤᠭᠠᠷ ᠵᠦᠢᠯ  ᠭᠤᠣᠯᠯᠠᠭᠴᠢ ᠡᠷᠦᠬᠡ ᠶᠢᠨ ᠴᠡᠷᠢᠭ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠤ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠢᠶᠠᠷ ᠢᠶᠠᠨ ᠡᠯ᠎ᠡ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ᠂ ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ᠂ ᠦᠵᠡᠰᠭᠦᠯᠡᠩ ᠤᠨ ᠣᠷᠳᠣᠨ᠂ ᠮᠥᠽᠸᠢ᠂ ᠳᠤᠷᠠᠰᠬᠠᠯ ᠤᠨ ᠣᠷᠳᠣᠨ᠂ ᠴᠡᠴᠡᠷᠯᠢᠭ᠂ ᠴᠢᠯᠦᠭᠡᠲᠡᠢ ᠦᠵᠡᠭᠦᠯᠬᠦ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ᠂ ᠠᠯᠳᠠᠷᠲᠠᠢ ᠬᠠᠭᠤᠴᠢᠳ ᠪᠠ ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠭᠠᠵᠠᠷ ᠢᠶᠠᠷ ᠵᠢᠭᠤᠯᠴᠢᠯᠠᠨ ᠲᠣᠭᠤᠷᠢᠬᠤ ᠵᠢᠴᠢ ᠨᠡᠶᠢᠲᠡ ᠶᠢᠨ ᠮᠠᠰᠢᠨ ᠲᠡᠷᠭᠡ᠂ ᠭᠠᠵᠠᠷ ᠳᠣᠣᠷᠠᠬᠢ ᠭᠠᠯᠳᠣ ᠲᠡᠷᠭᠡ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡ ᠬᠦᠰᠬᠡ ᠳᠤ ᠰᠠᠭᠤᠬᠤ ᠳᠤ ᠬᠠᠷᠠᠭᠠᠯᠵᠠᠯ ᠬᠦᠷᠲᠡᠵᠦ ᠪᠣᠯᠣᠨ᠎ᠠ᠂ ᠪᠣᠳᠠᠲᠠᠢ ᠬᠠᠷᠠᠭᠠᠯᠵᠠᠬᠤ ᠠᠷᠭ᠎ᠠ ᠬᠡᠮᠵᠢᠶ᠎ᠡ ᠶᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠲᠣᠭᠲᠠᠭᠠᠨ᠎ᠠ᠃

ᠵᠢᠷᠭᠤᠳᠤᠭᠠᠷ ᠵᠦᠢᠯ  ᠭᠤᠣᠯᠯᠠᠭᠴᠢ ᠡᠷᠦᠬᠡ ᠶᠢᠨ ᠴᠡᠷᠢᠭ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠤ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠢᠶᠠᠷ ᠢᠶᠠᠨ ᠳᠠᠷᠠᠭᠠᠬᠢ ᠬᠠᠷᠠᠭᠠᠯᠵᠠᠯ ᠢ ᠬᠦᠷᠲᠡᠨ᠎ᠠ᠄

︵ᠨᠢᠭᠡ︶ ᠳᠤᠮᠳᠠᠳᠤ ᠤᠯᠤᠰ ᠤᠨ ᠴᠢᠯᠠᠭᠤᠨ ᠲᠣᠰᠣ᠂ ᠳᠤᠮᠳᠠᠳᠤ ᠤᠯᠤᠰ ᠤᠨ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ ᠶᠢᠨ ᠲᠣᠰᠣ ︵ᠰᠢᠲᠠᠮᠠᠬᠠᠢ ᠬᠡᠢ︶ ᠨᠡᠮᠡᠬᠦ ᠥᠷᠲᠡᠭᠡᠨ ᠳᠤ ᠭᠡᠷ ᠪᠦᠯᠢ ᠶᠢᠨ ᠮᠠᠰᠢᠨ ᠲᠡᠷᠭᠡᠨ ᠳᠤ ᠪᠠᠨ ᠲᠣᠰᠣ ᠨᠡᠮᠡᠬᠦ ᠳᠤ ᠨᠤᠭᠤᠯᠤᠨ ᠪᠣᠳᠣᠬᠤ ᠬᠠᠷᠠᠭᠠᠯᠵᠠᠯ ᠬᠦᠷᠲᠡᠨ᠎ᠡ᠂ ᠪᠣᠳᠠᠲᠠᠢ ᠨᠤᠭᠤᠯᠬᠤ ᠬᠠᠷᠢᠴᠠᠯ ᠢ ᠨᠢ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠪᠣᠷᠣᠯᠠᠭᠤᠯᠬᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠪᠣᠷᠣᠯᠠᠭᠤᠯᠬᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠴᠢᠯᠠᠭᠤᠨ ᠲᠣᠰᠣᠨ ᠤ ᠬᠤᠪᠢᠶᠠᠷᠢ ᠺᠣᠮᠫᠠᠨᠢ ᠲᠣᠭᠲᠠᠭᠠᠨ᠎ᠠ︔

︵ᠬᠤᠶᠠᠷ︶ ᠳᠤᠮᠳᠠᠳᠤ ᠤᠯᠤᠰ ᠤᠨ ᠰᠢᠯᠵᠢᠭᠡ ᠴᠢᠮᠡᠭᠡ ᠬᠤᠯᠪᠣᠭ᠎ᠠ᠂ ᠳᠤᠮᠳᠠᠳᠤ ᠤᠯᠤᠰ ᠤᠨ ᠨᠢᠭᠡᠲᠦᠭᠰᠡᠨ ᠴᠢᠮᠡᠭᠡ ᠬᠤᠯᠪᠣᠭ᠎ᠠ᠂ ᠳᠤᠮᠳᠠᠳᠤ ᠤᠯᠤᠰ ᠤᠨ ᠴᠠᠬᠢᠯᠭᠠᠨ ᠴᠢᠮᠡᠭᠡ ᠬᠤᠯᠪᠣᠭ᠎ᠠ ᠶᠢᠨ ᠡᠵᠡᠩᠨᠡᠨ ᠠᠵᠢᠯᠯᠠᠬᠤ ᠲᠣᠣᠷ ᠲᠤ ᠬᠤᠪᠢ ᠬᠥᠮᠥᠨ ᠤ ᠭᠠᠷ ᠤᠲᠠᠰᠤᠨ ᠤ ᠴᠢᠮᠡᠭᠡ ᠬᠤᠯᠪᠣᠭ᠎ᠠ ᠨᠢ ᠨᠤᠭᠤᠯᠤᠨ ᠪᠣᠳᠣᠬᠤ ᠬᠠᠷᠠᠭᠠᠯᠵᠠᠯ ᠬᠦᠷᠲᠡᠨ᠎ᠠ᠂ ᠪᠣᠳᠠᠲᠠᠢ ᠨᠤᠭᠤᠯᠬᠤ ᠬᠠᠷᠢᠴᠠᠯ ᠢ ᠪᠣᠯ ᠳᠤᠮᠳᠠᠳᠤ ᠤᠯᠤᠰ ᠤᠨ ᠰᠢᠯᠵᠢᠭᠡ ᠴᠢᠮᠡᠭᠡ ᠬᠤᠯᠪᠣᠭᠠᠨ ᠤ ᠪᠦᠯᠦᠭᠯᠡᠯ ᠤᠨ ᠥᠪᠥᠷ ᠮᠣᠩᠭᠤᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠨᠢᠭᠡᠲᠦᠭᠰᠡᠨ ᠰᠦᠯᠵᠢᠶᠡᠨ ᠤ ᠴᠢᠮᠡᠭᠡ ᠬᠤᠯᠪᠣᠭᠠᠨ ᠤ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠴᠢᠮᠡᠭᠡ ᠬᠤᠯᠪᠣᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠲᠣᠭᠲᠠᠭᠠᠨ᠎ᠠ᠃

ᠳᠣᠯᠣᠳᠤᠭᠠᠷ ᠵᠦᠢᠯ  ᠭᠤᠣᠯᠯᠠᠭᠴᠢ ᠡᠷᠦᠬᠡ ᠶᠢᠨ ᠴᠡᠷᠢᠭ ᠨᠢ ᠲᠠᠶᠢᠨ ᠤ ᠪᠡᠯᠡᠳᠬᠡᠯ ᠳᠤ ᠵᠢᠵᠢᠭᠦᠷᠯᠡᠨ ᠠᠵᠢᠯᠯᠠᠬᠤ᠂ ᠠᠶᠤᠯ ᠭᠠᠮᠰᠢᠭ ᠠᠴᠠ ᠠᠪᠤᠷᠠᠬᠤ᠂ ᠴᠡᠷᠢᠭ ᠤᠨ ᠰᠣᠷᠭᠠᠭᠤᠯᠢᠯᠠᠯ ᠪᠠ ᠬᠠᠮᠢᠶ᠎ᠠ ᠪᠦᠬᠦᠢ ᠠᠵᠢᠯᠯᠠᠭᠠᠨ ᠳᠤ ᠣᠷᠣᠯᠴᠠᠬᠤ ᠳᠤ᠂ ᠳᠤᠭᠤᠶᠢᠯᠠᠩ ᠬᠤᠪᠢᠶᠠᠭᠰᠠᠨ ᠡᠷᠦᠬᠡ ᠶᠢᠨ ᠴᠡᠷᠢᠭ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠢ ᠴᠠᠯᠢᠩ᠂ ᠱᠠᠩᠨᠠᠯ ᠤᠨ ᠮᠥᠩᠭᠦ᠂ ᠠᠰᠠᠷᠠᠮᠵᠢ ᠣᠯᠭᠤᠮᠵᠢ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠢ᠂ ᠡᠭᠦᠨ ᠠᠴᠠ ᠰᠢᠯᠲᠠᠭᠠᠯᠠᠨ ᠬᠦᠳᠡᠯᠮᠥᠷᠢ ᠪᠤᠶᠤ ᠤᠷᠢᠵᠤ ᠬᠡᠷᠡᠭᠯᠡᠬᠦ ᠬᠠᠷᠢᠴᠠᠭ᠎ᠠ ᠶᠢ ᠨᠢ ᠬᠦᠴᠦᠨ ᠦᠭᠡᠢ ᠪᠣᠯᠭᠠᠵᠤ ᠪᠣᠯᠬᠤ ᠦᠭᠡᠢ᠃

ᠨᠠᠢᠮᠠᠳᠤᠭᠠᠷ ᠵᠦᠢᠯ  ᠳᠤᠭᠤᠶᠢᠯᠠᠩ ᠬᠤᠪᠢᠶᠠᠭᠰᠠᠨ ᠡᠷᠦᠬᠡ ᠶᠢᠨ ᠴᠡᠷᠢᠭ ᠲᠠᠢ ᠠᠵᠤ ᠠᠬᠤᠶᠢᠯᠠᠯ ᠠᠵᠢᠯ ᠦᠢᠯᠡᠰ ᠨᠢᠭᠡᠴᠢ ᠨᠢ ᠦᠢᠯᠡᠳᠪᠦᠷᠢᠯᠡᠵᠦ ᠡᠵᠡᠩᠨᠡᠬᠦ ᠳᠤ ᠪᠠᠨ ᠳᠠᠷᠠᠭᠠᠬᠢ ᠳᠡᠳᠬᠦᠬᠦ ᠲᠥᠷᠥ ᠶᠢᠨ ᠪᠣᠳᠣᠯᠭ᠎ᠠ ᠶᠢ ᠬᠦᠷᠲᠡᠨ᠎ᠡ᠄

︵ᠨᠢᠭᠡ︶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠵᠡᠪᠰᠡᠭᠲᠦ ᠬᠦᠴᠦᠨ ᠤ ᠠᠵᠢᠯ ᠥᠷᠨᠢᠭᠦᠯᠬᠦ ᠳᠤ ᠬᠡᠷᠡᠭᠰᠡᠬᠦ ᠵᠠᠷᠤᠳᠠᠯ ᠢ ᠨᠢ ᠦᠢᠯᠡᠳᠪᠦᠷᠢᠯᠡᠵᠦ ᠡᠵᠡᠩᠨᠡᠬᠦ ᠥᠪᠡᠷ ᠤᠨ ᠥᠷᠲᠡᠭ ᠲᠤ ᠣᠷᠣᠭᠤᠯᠵᠤ᠂ ᠬᠠᠮᠢᠶ᠎ᠠ ᠪᠦᠬᠦᠢ ᠵᠠᠷᠤᠳᠠᠯ ᠢ ᠨᠢ ᠭᠠᠶᠢᠯᠢ ᠲᠤᠰᠢᠶᠠᠬᠤ ᠠᠴᠠ ᠡᠮᠦᠨ᠎ᠡ ᠰᠠᠭᠤᠯᠭᠠᠨ ᠠᠪᠣᠨ᠎ᠠ︔

︵ᠬᠤᠶᠠᠷ︶ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠵᠡᠪᠰᠡᠭᠲᠦ ᠬᠦᠴᠦᠨ ᠤ ᠠᠵᠢᠯ ᠤᠨ ᠦᠷ᠎ᠡ ᠪᠦᠲᠦᠮᠵᠢ ᠨᠢ ᠳᠣᠪᠤᠶᠢᠮ᠎ᠠ ᠪᠠᠶᠢᠬᠤ ᠪᠠᠷ ᠮᠠᠭᠠᠳᠯᠠᠨ ᠲᠣᠭᠳᠠᠭᠠᠭᠰᠠᠨ ᠪᠠᠶᠢᠪᠡᠯ᠂ ᠲᠥᠷᠥᠯ ᠵᠦᠢᠯ᠂ ᠭᠠᠵᠠᠷ ᠬᠡᠷᠡᠭᠯᠡᠬᠦ ᠵᠡᠷᠭᠡ ᠳᠤ ᠤᠷᠢᠳ ᠢᠶᠠᠷ ᠬᠢᠨᠠᠨ ᠵᠥᠪᠰᠢᠶᠡᠷᠡᠬᠦ ᠪᠠ ᠳᠡᠰ ᠳᠠᠷᠠᠭᠠᠯᠠᠯ ᠢ ᠨᠢ ᠲᠦᠭᠦᠮᠴᠢᠯᠡᠭᠦ ᠲᠥᠷᠥ ᠶᠢᠨ ᠪᠣᠳᠣᠯᠭ᠎ᠠ ᠵᠢᠴᠢ ᠪᠤᠰᠤᠳ ᠲᠡᠳᠭᠦᠬᠦ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠬᠦᠷᠲᠡᠨ᠎ᠠ︔

︵ᠭᠤᠷᠪᠠ︶ ᠵᠢᠭᠠᠨ ᠵᠢᠯᠣᠭᠤᠳᠬᠤ ᠴᠢᠮᠡᠭᠡ ᠬᠤᠯᠪᠣᠭ᠎ᠠ᠂ ᠲᠠᠩᠨᠠᠨ ᠠᠵᠢᠭᠯᠠᠵᠤ ᠬᠤᠯᠪᠣᠭ᠎ᠠ ᠠᠪᠬᠤ᠂ ᠪᠠᠴᠢᠮ ᠪᠠᠶᠢᠳᠠᠯ ᠳᠤ ᠠᠪᠤᠷᠠᠨ ᠲᠤᠰᠠᠯᠠᠬᠤ᠂ ᠠᠶᠤᠯ ᠭᠠᠮᠰᠢᠭ ᠠᠴᠠ ᠠᠪᠤᠷᠠᠬᠤ ᠵᠡᠷᠭᠡ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠪᠤᠶᠤ ᠬᠠᠮᠢᠶ᠎ᠠ ᠪᠦᠬᠦᠢ ᠦᠢᠯᠡᠳᠬᠦᠨ ᠦᠢᠯᠡᠳᠪᠦᠷᠢᠯᠡᠵᠦ ᠡᠵᠡᠩᠨᠡᠵᠦ ᠪᠠᠶᠢᠬᠤ ᠪᠥᠭᠡᠳ ᠲᠡᠳᠡᠭᠡᠷ ᠨᠢ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠭᠠᠨ ᠬᠠᠮᠢᠶᠠᠷᠬᠤ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠢ ᠬᠤᠳᠠᠯᠳᠤᠨ ᠠᠪᠬᠤ ᠨᠥᠬᠦᠴᠡᠯ ᠳᠤ ᠨᠡᠶᠢᠴᠡᠵᠦ ᠪᠠᠶᠢᠪᠠᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠭᠠᠷᠴᠠᠭ ᠲᠤ ᠣᠷᠣᠭᠤᠯᠤᠨ᠎ᠠ᠃

ᠶᠢᠰᠦᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠵᠡᠪᠰᠡᠭᠲᠦ ᠬᠦᠴᠦᠨ ᠤ ᠠᠵᠢᠯ ᠤᠨ ᠦᠷ᠎ᠡ ᠪᠦᠲᠦᠮᠵᠢ ᠨᠢ ᠳᠣᠪᠤᠶᠢᠮ᠎ᠠ ᠪᠠᠶᠢᠬᠤ ᠪᠠᠷ ᠮᠠᠭᠠᠳᠯᠠᠨ ᠲᠣᠭᠳᠠᠭᠠᠭᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠬᠤᠪᠢ ᠬᠥᠮᠥᠨ ᠨᠢ ᠤᠯᠤᠰ ᠲᠥᠷᠥ ᠶᠢᠨ ᠲᠠᠯ᠎ᠠ ᠪᠠᠷ ᠬᠢ ᠲᠠᠷᠠᠭᠠᠬᠢ ᠬᠠᠷᠠᠭᠠᠯᠵᠠᠯ ᠢ ᠬᠦᠷᠲᠡᠨ᠎ᠡ᠄

︵ᠨᠢᠭᠡ︶ ᠥᠪᠡᠷᠲᠡᠭᠡᠨ ᠵᠠᠰᠠᠬᠤ ᠣᠷᠣᠨ ᠤ ᠴᠡᠷᠢᠭ ᠠᠷᠠᠳ ᠤᠨ ᠬᠡᠷᠡᠭᠴᠡᠭᠡ ᠶᠢ ᠠᠭᠤᠰᠤᠯᠴᠠᠭᠤᠯᠬᠤ ᠭᠤᠣᠯᠳᠠᠯᠭ᠎ᠠ ᠲᠠᠢ ᠠᠵᠤ ᠠᠬᠤᠶᠢᠯᠠᠯ ᠢᠶᠠᠷ ᠰᠢᠯᠭᠠᠷᠠᠭᠤᠯᠤᠨ ᠰᠣᠩᠭᠤᠬᠤ ᠳᠤ ᠬᠤᠪᠢ ᠨᠡᠮᠡᠵᠦ ᠤᠷᠮᠠᠰᠢᠭᠤᠯᠬᠤ︔

︵ᠬᠤᠶᠠᠷ︶ ᠠᠵᠤ ᠠᠬᠤᠶᠢᠯᠠᠯ ᠤᠨ ᠬᠥᠷᠥᠩᠭᠡ ᠮᠥᠩᠭᠦ ᠭᠠᠷᠭᠠᠭᠰᠠᠣᠨ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠢᠶᠠᠷ ᠰᠣᠩᠭᠤᠨ ᠲᠠᠨᠢᠯᠴᠠᠭᠤᠯᠬᠤ ᠳᠤ᠂ ᠵᠢᠱᠢᠭᠳᠡᠭᠰᠡᠳ ᠤᠨ ᠪᠠᠷᠢᠮᠵᠢᠶ᠎ᠠ ᠨᠥᠬᠦᠴᠡᠯ ᠪᠠ ᠪᠦᠲᠦᠴᠡ ᠬᠠᠷᠢᠴᠠᠯ ᠢ ᠨᠢ ᠦᠨᠳᠦᠰᠦᠯᠡᠨ ᠤᠷᠢᠳ ᠢᠶᠠᠷ ᠰᠣᠩᠭᠤᠨ ᠲᠠᠨᠢᠯᠴᠠᠭᠤᠯᠣᠨ᠎ᠠ᠃

ᠠᠷᠪᠠᠳᠤᠭᠠᠷ ᠵᠦᠢᠯ  ᠡᠷᠦᠬᠡ ᠶᠢᠨ ᠴᠡᠷᠢᠭ ᠢ ᠬᠠᠷᠠᠭᠠᠯᠵᠠᠬᠤ ᠪᠠ ᠡᠷᠬᠡ ᠠᠰᠢᠭ ᠢ ᠨᠢ ᠪᠠᠲᠤᠯᠠᠬᠤ ᠳᠤ ᠳᠠᠷᠠᠭᠠᠬᠢ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠬᠡᠷᠡᠭᠵᠢᠭᠦᠯᠣᠨ᠎ᠠ᠄

︵ᠨᠢᠭᠡ︶ ᠴᠡᠷᠢᠭ ᠤᠨ ᠡᠯ᠎ᠡ ᠬᠤᠪᠢᠶᠠᠷᠢ ᠲᠣᠭᠤᠷᠢᠭ᠂ ᠰᠡᠷᠭᠡᠶᠢᠯᠡᠯᠲᠡ ᠶᠢᠨ ᠲᠣᠭᠤᠷᠢᠭ ᠪᠠ ᠰᠢᠶᠠᠨ ᠤ ᠱᠠᠲᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶᠠᠨ ᠤ ᠪᠦᠯᠦᠭᠯᠡᠯᠲᠦ ᠺᠣᠮᠫᠠᠨᠢ ᠨᠢ ᠳᠤᠭᠤᠶᠢᠯᠠᠩ ᠤᠨ ᠡᠷᠦᠬᠡ ᠶᠢᠨ ᠴᠡᠷᠢᠭ ᠲᠤ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠣᠯᠭᠤᠬᠤ᠂ ᠬᠢᠨᠠᠨ ᠰᠢᠯᠭᠠᠬᠤ ᠪᠠ ᠰᠣᠯᠢᠬᠤ ᠠᠵᠢᠯ ᠢ ᠬᠠᠷᠢᠭᠤᠴᠠᠨ᠎ᠠ︔

︵ᠬᠤᠶᠠᠷ︶ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠢ ᠵᠢᠯ ᠪᠦᠷᠢ ᠨᠢᠭᠡ ᠤᠳᠠᠭ᠎ᠠ ᠬᠢᠨᠠᠨ ᠰᠢᠯᠭᠠᠵᠤ᠂ ᠤᠳᠠᠭ᠎ᠠ ᠪᠦᠷᠢ ᠶᠢᠨ ᠬᠢᠨᠠᠨ ᠰᠢᠯᠭᠠᠭᠰᠠᠨ ᠤ ᠳᠠᠷᠠᠭᠠᠬᠢ ᠬᠦᠴᠦᠨ ᠪᠦᠬᠦᠢ ᠬᠤᠭᠤᠴᠠᠭ᠎ᠠ ᠨᠢ ᠨᠢᠭᠡ ᠵᠢᠯ ᠪᠣᠯᠣᠨ᠎ᠠ᠂ ᠭᠤᠣᠯᠯᠠᠭᠴᠢ ᠡᠷᠦᠬᠡ ᠶᠢᠨ ᠴᠡᠷᠢᠭ ᠨᠢ ᠲᠤᠰ ᠦᠨᠡᠮᠯᠡᠯ ᠤᠨ ᠬᠦᠴᠦᠨ ᠪᠦᠬᠦᠢ ᠬᠤᠭᠤᠴᠠᠭᠠᠨ ᠳᠤ ᠬᠠᠮᠢᠶ᠎ᠠ ᠪᠦᠬᠦᠢ ᠡᠷᠬᠡ ᠠᠰᠢᠭ ᠢ ᠨᠢ ᠪᠠᠲᠤᠯᠠᠬᠤ ᠠᠭᠤᠯᠭ᠎ᠠ ᠶᠢ ᠬᠦᠷᠲᠡᠨ᠎ᠠ᠃ ᠦᠨᠡᠮᠯᠡᠯ ᠨᠢ ᠬᠤᠭᠤᠴᠠᠭ᠎ᠠ ᠲᠤᠯᠵᠣ ᠬᠢᠨᠠᠨ ᠰᠢᠯᠭᠠᠭᠤᠯᠤᠭᠰᠠᠨ ᠦᠭᠡᠢ ᠪᠤᠶᠤ ᠡᠷᠦᠬᠡ ᠶᠢᠨ ᠴᠡᠷᠢᠭ ᠠᠴᠠ ᠭᠠᠷᠬᠤ ᠳᠤ ᠲᠤᠰ ᠦᠨᠡᠮᠯᠡᠯ ᠨᠢ ᠠᠶᠠᠨᠳᠠᠭᠠᠨ ᠬᠦᠴᠦᠨ ᠦᠭᠡᠢ ᠪᠣᠯᠵᠣ᠂ ᠬᠠᠮᠢᠶ᠎ᠠ ᠪᠦᠬᠦᠢ ᠡᠷᠬᠡ ᠠᠰᠢᠭ ᠢ ᠳᠠᠬᠢᠵᠤ ᠬᠦᠷᠲᠡᠬᠦ ᠦᠭᠡᠢ ᠪᠣᠯᠣᠨ᠎ᠠ︔

︵ᠭᠤᠷᠪᠠ︶ ᠦᠨᠡᠮᠯᠡᠯ ᠲᠠᠢ ᠬᠥᠮᠥᠨ ᠨᠢ ᠬᠠᠤᠯᠢ ᠶᠢ ᠵᠥᠷᠢᠴᠡᠭᠰᠡᠨ᠂ ᠰᠠᠬᠢᠯᠭ᠎ᠠ ᠶᠢ ᠵᠥᠷᠢᠴᠡᠭᠰᠡᠨ ᠪᠠ ᠲᠣᠭᠲᠠᠭᠠᠯ ᠢ ᠵᠥᠷᠢᠴᠡᠭᠰᠡᠨ ᠵᠡᠷᠭᠡ ᠦᠢᠯᠨ ᠠᠵᠢᠯᠯᠠᠭ᠎ᠠ ᠲᠠᠢ ᠪᠣᠯ᠂ ᠲᠡᠭᠦᠨ ᠤ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠳᠤ ᠣᠨ ᠤ ᠰᠢᠯᠭᠠᠭᠤᠯᠣᠯᠳᠠ ᠬᠢᠵᠦ ᠥᠭᠬᠦ ᠦᠭᠡᠢ ᠪᠥᠭᠡᠳ ᠭᠤᠣᠯᠯᠠᠭᠴᠢ ᠡᠷᠦᠬᠡ ᠶᠢᠨ ᠴᠡᠷᠢᠭ ᠤᠨ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ︔ ᠨᠡᠶᠢᠭᠡᠮ ᠤᠨ ᠠᠮᠤᠷ ᠲᠦᠪᠰᠢᠨ ᠤ ᠬᠠᠮᠢᠶᠠᠷᠤᠯᠲᠠ ᠳᠤ ᠰᠢᠢᠳᠬᠡᠭᠳᠡᠨ ᠲᠣᠷᠭᠠᠭᠳᠠᠭᠰᠠᠨ᠂ ᠮᠠᠭᠤ ᠨᠥᠯᠥᠭᠡ ᠭᠠᠷᠭᠠᠭᠰᠠᠨ᠂ ᠶᠠᠯ᠎ᠠ ᠬᠢᠭᠰᠡᠨ ᠠᠴᠠ ᠡᠷᠡᠭᠦᠦ ᠶᠢᠨ ᠬᠡᠷᠡᠭ ᠢᠶᠠᠷ ᠰᠢᠢᠳᠬᠡᠭᠳᠡᠨ ᠲᠣᠷᠭᠠᠭᠳᠠᠭᠰᠠᠨ ᠪᠣᠯ ᠦᠨᠡᠮᠯᠡᠯ ᠣᠯᠭᠤᠭᠰᠠᠨ ᠨᠢᠭᠡᠴᠢ ᠠᠴᠠ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠢ ᠨᠢ ᠪᠤᠴᠠᠭᠠᠨ ᠠᠪᠬᠤ ᠬᠡᠷᠡᠭᠲᠡᠢ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠡᠶᠢᠭᠡᠮ ᠤᠨ ᠠᠮᠤᠷ ᠲᠦᠪᠰᠢᠨ ᠤ ᠬᠠᠮᠢᠶᠠᠷᠤᠯᠲᠠ ᠳᠤ ᠰᠢᠢᠳᠬᠡᠭᠳᠡᠨ ᠲᠣᠷᠭᠠᠭᠳᠠᠭᠰᠠᠨ ᠤ ᠳᠠᠷᠠᠭ᠎ᠠ ᠠᠯᠳᠠᠭ᠎ᠠ ᠪᠤᠷᠤᠭᠤ ᠪᠠᠨ ᠰᠠᠨᠠᠭᠠᠴᠢᠯᠠᠭ᠎ᠠ ᠠᠴᠠ ᠪᠠᠨ ᠬᠠᠯᠠᠨ ᠵᠠᠯᠠᠷᠠᠭᠤᠯᠵᠤ ᠮᠠᠭᠤ ᠨᠥᠯᠥᠭᠡ ᠪᠠᠨ ᠢᠳᠡᠪᠬᠢᠲᠡᠢ ᠠᠷᠢᠯᠭᠠᠭᠰᠠᠨ ᠪᠠᠶᠢᠪᠠᠯ ᠦᠨᠡᠮᠯᠡᠯ ᠣᠯᠭᠤᠭᠰᠠᠨ ᠨᠢᠭᠡᠴᠢ ᠪᠠᠷ ᠬᠢᠨᠠᠨ ᠬᠠᠷᠭᠤᠭᠤᠯᠵᠤ ᠵᠥᠪᠰᠢᠶᠡᠷᠡᠭᠦᠯᠦᠭᠡᠳ᠂ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠢ ᠨᠢ ᠪᠤᠴᠠᠭᠠᠨ ᠤᠯᠭᠤᠵᠦ ᠪᠣᠯᠣᠨ᠎ᠠ︔

︵ᠳᠥᠷᠪᠡ︶ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠢ ᠲᠤᠰ ᠬᠥᠮᠥᠨ ᠨᠢ ᠬᠡᠷᠩᠯᠡᠭᠦ ᠪᠠᠷ ᠬᠢᠵᠠᠭᠠᠷᠯᠠᠨ᠎ᠠ᠂ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠢ ᠪᠠᠯᠠᠯᠠᠵᠤ ᠥᠭᠡᠷᠡᠴᠢᠯᠡᠭᠰᠡᠨ᠂ ᠪᠤᠰᠤᠳ ᠲᠤ ᠵᠢᠭᠡᠯᠡᠭᠦᠯᠵᠦ ᠬᠡᠷᠡᠭᠯᠡᠭᠦᠯᠦᠭᠰᠡᠨ ᠬᠥᠮᠥᠰ ᠤᠨ ᠦᠨᠡᠮᠯᠡᠯ ᠢ ᠣᠯᠭᠤᠭᠰᠠᠨ ᠨᠢᠭᠡᠴᠢ ᠠᠴᠠ ᠬᠤᠷᠢᠶᠠᠮᠵᠢᠯᠠᠨ ᠠᠪᠬᠤ ᠬᠡᠷᠡᠭᠲᠡᠢ︔ ᠭᠡᠭᠡᠵᠦ ᠣᠷᠭᠢᠭᠰᠠᠨ ᠪᠤᠶᠤ ᠤᠷᠠᠵᠤ ᠰᠦᠢᠳᠬᠡᠭᠰᠡᠨ ᠪᠠᠶᠢᠪᠠᠯ ᠴᠠᠭ ᠲᠤᠬᠠᠢ ᠳᠤ ᠨᠢ ᠳᠡᠭᠡᠭᠰᠢ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ︔

︵ᠲᠠᠪᠤ︶ ︽ᠭᠤᠣᠯᠯᠠᠭᠴᠢ ᠡᠷᠦᠬᠡ ᠶᠢᠨ ᠴᠡᠷᠢᠭ ᠤᠨ ᠦᠨᠡᠮᠯᠡᠯ︾ ᠢ ᠬᠠᠭᠤᠷᠮᠠᠭᠯᠠᠨ ᠵᠣᠬᠢᠶᠠᠵᠤ᠂ ᠮᠡᠬᠡᠯᠡᠨ ᠠᠪᠤᠭᠰᠠᠨ ᠬᠥᠮᠥᠰ ᠢ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠰᠢᠢᠳᠭᠡᠬᠦ ᠬᠡᠷᠡᠭᠲᠡᠢ᠃

ᠠᠷᠪᠠᠨ ᠨᠢᠭᠡᠳᠦᠭᠡᠷ ᠵᠦᠢᠯ  ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠴᠡᠷᠢᠭ ᠤᠨ ᠶᠠᠪᠤᠳᠠᠯ ᠤᠨ ᠪᠠᠶᠢᠭᠤᠯᠭ᠎ᠠ ᠨᠢ ᠲᠤᠰ ᠬᠠᠷᠢᠶᠠᠳᠣ ᠲᠣᠭᠤᠷᠢᠭ ᠲᠠᠬᠢ ᠡᠷᠦᠬᠡ ᠶᠢᠨ ᠴᠡᠷᠢᠭ ᠢ ᠬᠠᠷᠠᠭᠠᠯᠵᠠᠬᠤ ᠪᠠ ᠡᠷᠬᠡ ᠠᠰᠢᠭ ᠢ ᠨᠢ ᠪᠠᠲᠤᠯᠠᠬᠤ ᠳᠤ ᠬᠢᠨᠠᠯᠲᠠ ᠲᠠᠯᠪᠢᠵᠤ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠤᠭᠰᠠᠨ ᠨᠢ ᠭᠦᠢᠴᠡᠳ ᠦᠭᠡᠢ ᠠᠴᠠ ᠪᠣᠯᠵᠤ ᠵᠠᠭᠠᠯᠳᠤᠯᠭ᠎ᠠ ᠡᠭᠦᠰᠬᠦ ᠪᠠ ᠮᠠᠭᠤ ᠨᠥᠯᠥᠭᠡ ᠭᠠᠷᠭᠠᠭᠰᠠᠨ ᠨᠢᠭᠡᠴᠢ ᠪᠠ ᠬᠤᠪᠢ ᠬᠥᠮᠥᠨ ᠢ ᠬᠠᠷᠢᠶᠠᠯᠠᠭᠳᠠᠬᠤ ᠭᠠᠵᠠᠷ ᠤᠨ ᠠᠷᠠᠳ ᠤᠨ ᠵᠠᠰᠠᠭ ᠤᠨ ᠣᠷᠳᠣᠨ ᠪᠠ ᠴᠡᠷᠢᠭ ᠤᠨ ᠶᠠᠪᠤᠳᠠᠯ ᠤᠨ ᠪᠠᠶᠢᠭᠤᠯᠭ᠎ᠠ ᠨᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠵᠠᠯᠠᠷᠠᠭᠤᠯᠬᠤ ᠪᠠᠷ ᠱᠠᠭᠠᠷᠳᠠᠵᠣ᠂ ᠪᠠᠶᠢᠳᠠᠯ ᠨᠢ ᠬᠦᠨᠳᠦ ᠨᠣᠴᠢᠲᠠᠢ ᠪᠣᠯ ᠬᠠᠤᠯᠢ ᠴᠠᠭᠠᠵᠨ ᠰᠠᠬᠢᠯᠭ᠎ᠠ ᠪᠠᠲᠤ ᠪᠠᠷ ᠬᠠᠷᠢᠭᠤᠴᠠᠯᠭ᠎ᠠ ᠨᠡᠬᠡᠮᠵᠢᠯᠡᠨ᠎ᠠ᠃

ᠠᠷᠪᠠᠨ ᠬᠤᠶᠠᠳᠤᠭᠠᠷ ᠵᠦᠢᠯ  ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠪᠠ ᠠᠳᠠᠯᠢ ᠱᠠᠲᠤᠨ ᠤ ᠴᠡᠷᠢᠭ ᠤᠨ ᠬᠤᠪᠢᠶᠠᠷᠢ ᠲᠣᠭᠤᠷᠢᠭ ︵ᠰᠡᠷᠭᠡᠶᠢᠯᠡᠯᠲᠡ ᠶᠢᠨ ᠲᠣᠭᠤᠷᠢᠭ︶᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠨᠢ ᠲᠤᠰ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠨᠠᠷᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠤᠯᠳᠠ ᠶᠢ ᠰᠠᠶᠢᠲᠤᠷ ᠠᠳᠬᠤᠬᠤ ᠬᠡᠷᠡᠭᠲᠡᠢ᠃

ᠠᠷᠪᠠᠨ ᠭᠤᠷᠪᠠᠳᠤᠭᠠᠷ ᠵᠦᠢᠯ  ᠲᠤᠰ ᠠᠷᠭ᠎ᠠ ᠶᠢ ᠬᠡᠷᠡᠭᠵᠢᠭᠦᠯᠬᠦ ᠶᠠᠪᠤᠴᠠ ᠳᠤ ᠠᠰᠠᠭᠤᠳᠠᠯ ᠲᠤᠯᠭᠠᠷᠠᠪᠠᠯ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠲᠠᠶᠢᠨ ᠤ ᠪᠡᠯᠡᠳᠬᠡᠯ ᠤᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠬᠠᠷᠢᠭᠤᠴᠠᠨ ᠲᠠᠶᠢᠯᠪᠤᠷᠢᠯᠠᠨ᠎ᠠ᠃

ᠠᠷᠪᠠᠨ ᠳᠥᠷᠪᠡᠳᠦᠭᠡᠷ ᠵᠦᠢᠯ  ᠲᠤᠰ ᠠᠷᠭ᠎ᠠ ᠶᠢ 2020 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠤ ᠬᠡᠷᠡᠭᠵᠢᠭᠦᠯᠦᠨ᠎ᠡ᠃

ᠭᠠᠷ ᠤᠲᠠᠰᠤ ᠪᠠᠷ ᠦᠵᠡᠬᠦ