ᠥᠪᠥᠷ ᠵᠠᠰᠠᠭ ᠠᠯᠪᠠᠨ ᠲᠠᠷᠬᠠᠭᠠᠭᠰᠠᠨ ﹇2020﹈ 32 ᠳ᠋ᠤᠭᠠᠷ ᠲᠣᠭᠠᠲᠤ
2020 ᠣᠨ ᠤ 9 ᠳ᠋ᠦ᠋ᠭᠡᠷ ᠰᠠᠷ᠎ᠠ ᠶᠢᠨ 30 ᠤ ᠡᠳᠦᠷ
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
ᠡᠳᠦᠭᠡ ︽ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ︾ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ︾ ︽ᠰᠤᠷᠭᠠᠨ ᠬᠥᠮᠦᠵᠢᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠳᠤᠭᠠᠢ᠃
ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ
ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ
ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ
︽ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠲᠥᠪ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2018﹈ 67 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ ᠢ ᠲᠠᠷᠤᠮᠠᠯᠯᠠᠨ ᠶᠠᠪᠤᠭᠤᠯᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2018﹈ 13 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2018﹈ 46 ᠳ᠋ᠤᠭᠠᠷ ᠲᠣᠭᠠᠲᠤ︶ ᠵᠡᠷᠭᠡ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠡᠳᠦᠭᠡ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠳᠤ ᠳᠣᠤᠷᠠᠬᠢ ᠮᠡᠲᠦ ᠲᠥᠰᠦᠯ ᠢ ᠲᠣᠭᠲᠠᠭᠠᠪᠠ᠃
ᠨᠢᠭᠡ᠂ ᠶᠡᠷᠦᠩᠬᠡᠶ ᠱᠠᠭᠠᠷᠳᠠᠯᠭ᠎ᠠ
ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠣᠳᠣ ᠦᠶ᠎ᠡ ᠶᠢᠨ ᠡᠳ᠋ ᠤᠨ ᠵᠠᠰᠠᠭ ᠤᠨ ᠳᠦᠷᠢᠮ ᠢ ᠲᠦᠷᠭᠡᠳᠬᠡᠨ ᠪᠠᠶᠢᠭᠤᠯᠬᠤ ᠶᠢ ᠪᠠᠷᠢᠮᠲᠠᠯᠠᠵᠤ᠂ ᠠᠷᠠᠳ ᠲᠦᠮᠡᠨ ᠤ ᠡᠷᠡᠭᠦᠯ ᠮᠡᠨᠳᠦ ᠶᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ᠂ ︽︿ᠡᠷᠡᠭᠦᠯ ᠡᠩᠬᠡ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ 2030﹀ ᠶᠢᠨ ᠬᠡᠷᠡᠭᠵᠢᠭᠦᠯᠬᠦ ᠲᠥᠰᠦᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠤ ᠲᠥᠯᠥᠪᠯᠡᠭᠡ ︵2017 — 2025 ᠣᠨ︶︾ ᠬᠡᠷᠡᠭᠵᠢᠭᠦᠯᠬᠦ ᠶᠢ ᠬᠦᠴᠦᠲᠡᠢ ᠳᠡᠮᠵᠢᠵᠦ᠂ ᠲᠥᠪ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠶᠡᠷᠦᠩᠬᠡᠶ ᠪᠠᠶᠢᠷᠢᠯᠠᠭᠤᠯᠤᠯᠲᠠ ᠶᠢᠨ ᠶᠣᠰᠣᠭᠠᠷ᠂ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠪᠠᠨ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠦᠷᠭᠦᠯᠵᠢᠯᠡᠬᠦ ᠡᠳ᠋ ᠤᠨ ᠵᠠᠰᠠᠭ ᠤᠨ ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠬᠤ ᠶᠢᠨ ᠬᠠᠮᠲᠤ ᠲᠣᠭᠲᠠᠭᠤᠨ ᠢᠶᠠᠷ ᠶᠠᠪᠤᠭᠳᠠᠬᠤ ᠶᠢ ᠨᠢ ᠠᠬᠢᠭᠤᠯᠤᠨ᠎ᠠ᠃ ᠥᠭᠡᠷᠡᠴᠢᠯᠡᠯᠲᠡ ᠪᠠᠷ ᠳᠠᠮᠵᠢᠭᠤᠯᠵᠤ᠂ ᠲᠥᠪ ᠠᠴᠠ ᠤᠳᠤᠷᠢᠳᠤᠭᠰᠠᠨ᠂ ᠡᠷᠬᠡ ᠬᠠᠷᠢᠭᠤᠴᠠᠯᠭ᠎ᠠ ᠨᠢ ᠲᠣᠳᠣᠷᠬᠠᠶ᠂ ᠬᠠᠤᠯᠢ ᠶᠣᠰᠣᠭᠠᠷ ᠵᠢᠷᠤᠮᠵᠢᠭᠤᠯᠤᠭᠰᠠᠨ᠂ ᠠᠵᠢᠯᠯᠠᠭᠠᠨ ᠨᠢ ᠥᠨᠳᠥᠷ ᠦᠷ᠎ᠡ ᠪᠦᠲᠦᠮᠵᠢᠲᠡᠶ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠬᠤᠪᠢᠶᠠᠷᠢᠯᠠᠬᠤ ᠵᠠᠭᠪᠤᠷ ᠢ ᠪᠦᠷᠢᠯᠳᠦᠭᠦᠯᠵᠦ᠂ ᠪᠦᠬᠦ ᠣᠷᠣᠨ ᠤ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠦᠷ᠎ᠡ ᠪᠦᠲᠦᠮᠵᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃
ᠬᠤᠶᠠᠷ᠂ ᠦᠨᠳᠦᠰᠦᠨ ᠵᠠᠷᠴᠢᠮ
ᠵᠠᠰᠠᠭ ᠤᠨ ᠣᠷᠳᠣᠨ ᠢᠶᠠᠷ ᠭᠤᠤᠯᠯᠠᠭᠤᠯᠬᠤ ᠶᠢ ᠪᠠᠷᠢᠮᠲᠠᠯᠠᠵᠤ᠂ ᠬᠥᠮᠦᠨ ᠪᠦᠬᠦᠨ ᠤ ᠡᠷᠬᠡ ᠲᠡᠭᠰᠢ ᠪᠠᠷ ᠬᠦᠷᠲᠡᠬᠦ ᠶᠢ ᠠᠬᠢᠭᠤᠯᠤᠨ᠎ᠠ᠃ ᠵᠠᠰᠠᠭ ᠤᠨ ᠣᠷᠳᠣᠨ᠂ ᠨᠡᠶᠢᠭᠡᠮ ᠪᠠ ᠬᠤᠪᠢ ᠬᠥᠮᠦᠨ ᠤ ᠣᠷᠣᠭᠤᠯᠤᠯᠲᠠ ᠶᠢᠨ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠬᠤ ᠠᠵᠢᠯ ᠳᠠᠬᠢ ᠵᠠᠰᠠᠭ ᠤᠨ ᠣᠷᠳᠣᠨ ᠤ ᠭᠤᠣᠯᠯᠠᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠵᠠᠰᠠᠭ ᠤᠨ ᠣᠷᠳᠣᠨ ᠠᠴᠠ ᠡᠷᠡᠭᠦᠯ ᠬᠠᠮᠠᠭᠠᠯᠠᠯ ᠤᠨ ᠲᠠᠯ᠎ᠠ ᠳᠤ ᠣᠷᠣᠭᠤᠯᠤᠯᠲᠠ ᠬᠢᠬᠦ ᠲᠣᠭᠲᠠᠴᠠ ᠶᠢ ᠲᠡᠭᠦᠯᠳᠡᠷᠵᠢᠭᠦᠯᠬᠦ ᠶᠢᠨ ᠬᠠᠮᠲᠤ ᠣᠷᠣᠭᠤᠯᠤᠯᠲᠠ ᠶᠢ ᠨᠢ ᠠᠯᠬᠤᠮ ᠠᠯᠬᠤᠮ ᠢᠶᠠᠷ ᠨᠡᠮᠡᠭᠳᠡᠭᠦᠯᠦᠨ᠎ᠡ᠃ ᠵᠠᠰᠠᠭ ᠤᠨ ᠣᠷᠳᠣᠨ ᠢᠶᠠᠷ ᠭᠤᠤᠯᠯᠠᠭᠤᠯᠬᠤ ᠶᠢ ᠪᠠᠷᠢᠮᠲᠠᠯᠠᠬᠤ ᠪᠠ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠬᠤ ᠪᠠᠨ ᠤᠶᠠᠯᠳᠤᠭᠤᠯᠵᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠵᠤ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢ ᠨᠢ ᠵᠣᠷᠢᠬᠵᠢᠭᠤᠯᠤᠨ᠎ᠠ᠃
ᠵᠢᠮ᠎ᠡ ᠶᠣᠰᠣ ᠶᠢ ᠨᠢ ᠵᠢᠷᠤᠮᠯᠠᠬᠤ ᠶᠢ ᠪᠠᠷᠢᠮᠲᠠᠯᠠᠵᠤ᠂ ᠡᠷᠬᠡ ᠪᠠ ᠬᠠᠷᠢᠭᠤᠴᠠᠯᠭ᠎ᠠ ᠪᠠᠨ ᠵᠤᠬᠢᠴᠠᠯᠳᠤᠭᠤᠯᠤᠨ ᠨᠢᠭᠡᠳᠬᠡᠬᠦ ᠶᠢ ᠪᠡᠶᠡᠯᠡᠭᠦᠯᠦᠨ᠎ᠡ᠃ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠡᠩ ᠤᠨ ᠵᠢᠮ᠎ᠡ ᠶᠣᠰᠣ ᠶᠢ ᠵᠢᠷᠤᠮᠯᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠵᠤ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠤᠪᠢᠳᠠᠨ ᠡᠭᠦᠷᠭᠡᠯᠡᠬᠦ ᠬᠠᠷᠢᠴᠠᠯ ᠢ ᠤᠯᠠᠮ ᠨᠢᠭᠡ ᠠᠯᠬᠤᠮ ᠲᠣᠳᠣᠷᠬᠠᠢ ᠲᠣᠭᠲᠠᠭᠠᠨ᠂ ᠡᠯ᠎ᠡ ᠱᠠᠲᠤᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠰᠢᠯᠤᠭᠤᠳᠬᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠬᠤᠭᠤᠷᠣᠨᠳᠣᠬᠢ ᠡᠷᠬᠡ᠂ ᠬᠠᠷᠢᠭᠤᠴᠠᠯᠭ᠎ᠠ᠂ ᠠᠰᠢᠭ ᠤᠨ ᠵᠣᠬᠢᠴᠠᠯᠳᠤᠩᠭᠤᠢ ᠪᠠᠶᠢᠬᠤ ᠶᠢ ᠪᠡᠶᠡᠯᠡᠭᠦᠯᠦᠨ᠎ᠡ᠃
ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠢᠭᠡᠳᠦᠯᠲᠡᠶ ᠲᠥᠯᠥᠪᠯᠡᠨ ᠨᠡᠶᠢᠲᠡ ᠳᠤ ᠨᠢ ᠬᠠᠷᠠᠭᠠᠯᠵᠠᠵᠤ ᠭᠤᠤᠯᠳᠠᠯᠭ᠎ᠠ ᠶᠢ ᠨᠢ ᠳᠣᠪᠤᠶᠢᠯᠭᠠᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠭᠤᠣᠯᠳᠠᠯᠭ᠎ᠠ ᠲᠠᠢ ᠬᠦᠴᠢᠷ ᠠᠰᠠᠭᠤᠳᠠᠯ ᠪᠠ ᠳᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠳ᠋ ᠤᠨ ᠵᠠᠰᠠᠭ ᠤᠨ ᠡᠷᠬᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠨᠡᠶᠢᠳᠡᠮ ᠬᠠᠮᠤᠷᠠᠭᠤᠯᠬᠤ ᠶᠢ ᠪᠠᠷᠢᠮᠲᠠᠯᠠᠨ᠂ ᠬᠤᠪᠢᠶᠠᠷᠢᠯᠠᠬᠤ ᠲᠣᠭᠲᠠᠯᠴᠠᠭ᠎ᠠ ᠶᠢᠨ ᠪᠦᠷᠢᠨ ᠪᠦᠲᠦᠨ ᠴᠢᠨᠠᠷ ᠢ ᠳᠡᠭᠡᠭᠰᠢᠯᠡᠭᠦᠯᠦᠨ᠎ᠡ︔ ᠡᠯ᠎ᠡ ᠵᠦᠢᠯ ᠤᠨ ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠨᠵᠢ ᠴᠢᠨᠠᠷ ᠪᠠ ᠣᠨᠴᠠᠯᠢᠭ ᠢ ᠭᠦᠨᠵᠡᠭᠡᠶ ᠵᠠᠳᠠᠯᠵᠤ᠂ ᠬᠤᠪᠢᠶᠠᠷᠢᠯᠠᠬᠤ ᠲᠣᠭᠲᠠᠯᠴᠠᠭ᠎ᠠ ᠶᠢᠨ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠦᠨ᠎ᠡ︔ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠳᠠᠨ ᠡᠭᠦᠷᠭᠡᠯᠡᠬᠦ ᠠᠷᠭ᠎ᠠ ᠬᠡᠯᠪᠡᠷᠢ ᠶᠢ ᠵᠣᠬᠢᠰᠲᠠᠶ ᠲᠣᠭᠲᠠᠭᠠᠵᠤ᠂ ᠬᠤᠪᠢᠶᠠᠷᠢᠯᠠᠬᠤ ᠲᠣᠭᠲᠠᠯᠴᠠᠭ᠎ᠠ ᠶᠢᠨ ᠵᠢᠷᠤᠮᠵᠢᠯᠠᠬᠤ ᠴᠢᠨᠠᠷ ᠢ ᠳᠡᠭᠡᠭᠰᠢᠯᠡᠭᠦᠯᠦᠨ᠎ᠡ︔ ᠲᠥᠷᠥᠯ ᠵᠦᠢᠯ ᠤᠨ ᠪᠡᠯᠡ ᠮᠥᠩᠭᠦ ᠶᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠬᠦ ᠪᠠᠨ ᠨᠢᠭᠡᠳᠦᠯᠲᠡᠶ ᠲᠥᠯᠥᠪᠯᠡᠨ ᠠᠬᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ ᠨᠢ ᠳᠡᠭᠡᠭᠰᠢᠯᠡᠭᠦᠯᠦᠨ᠎ᠡ᠃
ᠢᠳᠡᠪᠬᠢᠲᠡᠢ ᠪᠥᠭᠡᠳ ᠲᠣᠭᠲᠠᠭᠤᠨ ᠪᠠᠶᠢᠯᠭᠠᠬᠤ ᠶᠢ ᠪᠠᠷᠢᠮᠲᠠᠯᠠᠵᠤ᠂ ᠲᠦᠷᠦᠯ ᠬᠤᠪᠢᠶᠠᠨ ᠪᠤᠳᠤᠯᠭ᠎ᠠ ᠬᠡᠷᠡᠭᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠮᠠᠨ ᠤ ᠣᠷᠣᠨ ᠤ ᠣᠳᠣ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠪᠣᠷᠣ ᠲᠥᠯᠥᠪ ᠶᠡᠷᠦᠩᠬᠡᠶ ᠳᠤ ᠪᠠᠨ ᠲᠣᠭᠲᠠᠭᠤᠨ ᠪᠠᠶᠢᠬᠤ ᠶᠢ ᠪᠠᠲᠤᠯᠠᠵᠤ᠂ ᠢᠳᠡᠪᠬᠢᠲᠡᠶ ᠪᠥᠭᠡᠳ ᠲᠣᠭᠲᠠᠭᠤᠨ ᠪᠠᠶᠢᠯᠭᠠᠵᠤ᠂ ᠨᠠᠷᠢᠯᠢᠬ ᠣᠨᠣᠴᠠᠲᠠᠶ ᠪᠠᠷ ᠲᠦᠷᠦᠯ ᠬᠤᠪᠢᠶᠠᠨ᠂ ᠲᠥᠪ ᠠᠴᠠ ᠲᠣᠳᠣᠷᠬᠠᠶ ᠲᠣᠭᠲᠠᠭᠠᠭᠰᠠᠨ ᠠᠵᠢᠯ ᠶᠠᠪᠤᠳᠠᠯ ᠤᠨ ᠡᠷᠬᠡ ᠶᠢ ᠡᠷᠡᠰ ᠲᠤᠭᠤᠰᠢᠯᠠᠭᠤᠯᠤᠨ᠎ᠠ︔ ᠣᠲᠣ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯᠲᠠ ᠨᠢ ᠨᠡᠯᠢᠶᠡᠳ ᠰᠢᠨᠵᠢᠯᠡᠬᠦ ᠤᠬᠠᠭᠠᠨᠴᠢ ᠪᠥᠭᠡᠳ ᠵᠣᠬᠢᠰᠲᠠᠶ ᠪᠠᠶᠢᠭ᠎ᠠ ᠵᠦᠢᠯᠡᠰ ᠢ ᠨᠤᠲᠠᠯᠠᠨ ᠲᠣᠭᠲᠠᠭᠠᠨ᠎ᠠ︔ ᠣᠲᠣ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯᠲᠠ ᠨᠢ ᠰᠢᠨᠵᠢᠯᠡᠬᠦ ᠤᠬᠠᠭᠠᠨᠴᠢ ᠪᠤᠰᠤ ᠪᠣᠯᠪᠠᠴᠤ ᠥᠭᠡᠷᠡᠴᠢᠯᠡᠯᠲᠡ ᠬᠢᠬᠦ ᠨᠥᠬᠦᠴᠡᠯ ᠨᠢ ᠪᠦᠷᠢᠯᠳᠦᠭᠰᠡᠨ ᠵᠦᠢᠯᠡᠰ ᠲᠤ ᠲᠣᠬᠢᠷᠠᠭᠤᠯᠤᠯᠲᠠ ᠬᠢᠨ᠎ᠡ︔ ᠥᠭᠡᠷᠡᠴᠢᠯᠡᠯᠲᠡ ᠬᠢᠬᠦ ᠨᠥᠬᠦᠴᠡᠯ ᠨᠢ ᠬᠠᠷᠠᠬᠠᠨ ᠪᠦᠷᠢᠯᠳᠦᠭᠡᠳᠦᠶ ᠵᠦᠢᠯᠡᠰ ᠲᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯᠲᠠ ᠶᠢᠨ ᠪᠠᠶᠢᠳᠠᠯ ᠢ ᠨᠢ ᠲᠦᠷ ᠦᠷᠭᠦᠯᠵᠢᠯᠡᠭᠦᠯᠬᠦ ᠶᠢᠨ ᠬᠠᠮᠲᠤ᠂ ᠬᠠᠮᠢᠶ᠎ᠠ ᠪᠥᠬᠦᠶ ᠬᠦᠷᠢᠶᠡᠨ ᠳᠠᠬᠢ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠢ ᠦᠨᠳᠦᠰᠦᠯᠡᠨ ᠴᠠᠭ ᠲᠤᠬᠠᠶ ᠳᠤ ᠨᠢ ᠵᠣᠬᠢᠬᠤ ᠲᠣᠬᠢᠷᠠᠭᠤᠯᠤᠯᠲᠠ ᠬᠢᠨ᠎ᠠ᠃
ᠭᠤᠷᠪᠠ᠂ ᠭᠤᠤᠯ ᠠᠭᠤᠯᠭ᠎ᠠ
ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠡᠮᠴᠢᠯᠡᠭᠡᠨ ᠤ ᠪᠠᠲᠤᠯᠠᠭ᠎ᠠ᠂ ᠲᠥᠯᠥᠪᠯᠡᠭᠡᠲᠦ ᠦᠷᠡᠵᠢᠯ᠂ ᠴᠢᠳᠠᠪᠤᠷᠢ ᠶᠢᠨ ᠪᠠᠶᠢᠭᠤᠯᠤᠯᠲᠠ ᠵᠡᠷᠭᠡ ᠳᠥᠷᠪᠡᠨ ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠨ᠎ᠠ᠃
︵ᠨᠢᠭᠡ︶ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠯ᠎ᠠ ᠳᠤ᠃ ᠡᠭᠦᠨ ᠳᠤ ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠪᠠ ᠤᠯᠠᠨ ᠨᠡᠶᠢᠲᠡ ᠶᠢᠨ ᠭᠦᠨᠳᠦ ᠬᠡᠴᠡᠬᠦᠦ ᠡᠷᠡᠭᠦᠯ ᠬᠠᠮᠠᠭᠠᠯᠠᠯ ᠤᠨ ᠦᠢᠯᠡᠴᠢᠯᠡᠭᠡ ᠪᠠᠭᠲᠠᠨ᠎ᠠ᠃
1. ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ᠃ ᠡᠭᠦᠨ ᠳᠤ ᠡᠷᠡᠭᠦᠯ ᠮᠡᠨᠳᠦ ᠶᠢᠨ ᠬᠥᠮᠦᠵᠢᠯ᠂ ᠰᠡᠷᠭᠡᠶᠢᠯᠡᠬᠦ ᠲᠠᠷᠢᠯᠭ᠎ᠠ᠂ ᠭᠤᠤᠯᠳᠠᠯᠭ᠎ᠠ ᠲᠠᠢ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠤᠤᠯ ᠤᠨ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠭᠤᠯᠭ᠎ᠠ᠂ ᠵᠢᠴᠢ ᠤᠤᠯ ᠤᠨ ᠣᠯᠠᠨ ᠨᠡᠶᠢᠲᠡ ᠶᠢᠨ ᠭᠦᠨᠳᠦ ᠬᠡᠴᠡᠬᠦᠦ ᠡᠷᠡᠭᠦᠯ ᠬᠠᠮᠠᠭᠠᠯᠠᠯ ᠤᠨ ᠦᠢᠯᠡᠴᠢᠯᠡᠭᠡ ᠪᠠ ᠲᠥᠯᠥᠪᠯᠡᠭᠡᠲᠦ ᠦᠷᠡᠵᠢᠯ ᠤᠨ ᠲᠥᠷᠥᠯ ᠵᠦᠢᠯ ᠠᠴᠠ ᠬᠤᠪᠢᠶᠠᠵᠤ ᠣᠷᠣᠭᠤᠯᠤᠭᠰᠠᠨ ᠡᠪᠡᠳᠴᠢᠨ ᠡᠮᠭᠡᠭ ᠢ ᠰᠡᠷᠭᠡᠶᠢᠯᠡᠨ ᠳᠠᠷᠤᠬᠤ᠂ ᠡᠬᠡ ᠨᠢᠯᠬᠠᠰ ᠤᠨ ᠡᠷᠡᠭᠦᠯ ᠬᠠᠮᠠᠭᠠᠯᠠᠯ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡ᠂ ᠡᠮᠴᠢᠯᠡᠭᠡ ᠪᠠ ᠨᠠᠰᠤᠵᠢᠯ ᠢ ᠤᠶᠠᠯᠳᠤᠭᠤᠯᠬᠤ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ᠂ ᠵᠢᠷᠮᠦᠰᠦᠯᠡᠬᠦ ᠠᠴᠠ ᠡᠮᠦᠨᠡᠬᠢ ᠪᠠᠶᠢᠴᠠᠭᠠᠯᠲᠠ ᠵᠡᠷᠭᠡ ᠠᠭᠤᠯᠭ᠎ᠠ ᠪᠠᠭᠲᠠᠨ᠎ᠠ᠃ ᠡᠭᠦᠨ ᠳᠤ᠂ ᠤᠤᠯ ᠤᠨ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠤᠨ ᠠᠭᠤᠯᠭ᠎ᠠ᠂ ᠪᠠᠯᠠ ᠮᠥᠩᠭᠦ᠂ ᠬᠡᠷᠡᠭᠯᠡᠬᠦ ᠭᠤᠤᠯ ᠴᠣᠭᠴᠠ ᠵᠡᠷᠭᠡ ᠶᠢᠨ ᠬᠠᠷᠢᠴᠠᠩᠭᠤᠶ ᠪᠠᠷ ᠪᠡᠶ᠎ᠡ ᠪᠠᠨ ᠳᠠᠭᠠᠭᠠᠵᠤ ᠪᠠᠶᠢᠬᠤ ᠪᠠ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠵᠣᠬᠢᠬᠤ ᠦᠢᠯᠡᠴᠢᠯᠡᠭᠡᠨ ᠤ ᠵᠢᠷᠤᠮᠵᠢᠯ ᠶᠣᠰᠣᠭᠠᠷ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠳᠤ ᠰᠢᠨ᠎ᠡ ᠪᠠᠷ ᠬᠤᠪᠢᠶᠠᠵᠤ ᠣᠷᠣᠭᠤᠯᠤᠭᠰᠠᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠵᠢᠯᠣᠭᠤᠳᠤᠯᠭ᠎ᠠ ᠳᠣᠤᠷ᠎ᠠ ᠡᠯ᠎ᠡ ᠠᠶᠢᠮᠠᠭ ᠬᠤᠲᠠ ᠨᠢ ᠪᠣᠳᠠᠲᠠᠢ ᠲᠠᠢ ᠪᠠᠨ ᠤᠶᠠᠯᠳᠤᠭᠤᠯᠵᠤ ᠪᠠᠶᠢᠭᠠᠳ ᠪᠡᠶ᠎ᠡ ᠪᠠᠨ ᠳᠠᠭᠠᠭᠠᠨ ᠲᠣᠬᠢᠷᠠᠭᠤᠯᠵᠤ᠂ ᠪᠡᠯᠡ ᠮᠥᠩᠭᠦ ᠶᠢ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠡᠷᠡᠭᠯᠡᠭᠦᠯᠬᠦ ᠪᠠᠷ ᠬᠢᠵᠠᠭᠠᠷᠯᠠᠬᠤ ᠦᠭᠡᠢ᠃ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠨᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠳᠤ ᠪᠠᠭᠳᠠᠵᠦ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠳᠡᠰ ᠬᠤᠪᠢᠶᠠᠨ ᠨᠥᠬᠦᠪᠥᠷᠢ ᠥᠭᠬᠦ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ ᠪᠣᠳᠠᠲᠠᠶ ᠬᠡᠷᠡᠭᠵᠢᠭᠦᠯᠦᠨ᠎ᠡ᠃
2. ᠤᠯᠠᠨ ᠨᠡᠶᠢᠲᠡ ᠶᠢᠨ ᠭᠦᠨᠳᠦ ᠬᠡᠴᠡᠬᠦᠦ ᠡᠷᠡᠭᠦᠯ ᠬᠠᠮᠠᠭᠠᠯᠠᠯ ᠤᠨ ᠦᠢᠯᠡᠴᠢᠯᠡᠭᠡ᠃ ᠪᠦᠬᠦ ᠤᠯᠤᠰ ᠤᠨ ᠴᠢᠨᠠᠷᠲᠠᠶ ᠪᠤᠶᠤ ᠣᠷᠣᠨ ᠪᠦᠰᠡ ᠠᠯᠤᠰᠯᠠᠭᠰᠠᠨ ᠬᠦᠨᠳᠦ ᠬᠡᠴᠡᠭᠦᠦ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠳᠠᠷᠤᠬᠤ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠦᠢᠯᠡᠴᠢᠯᠡᠭᠡ᠂ ᠭᠤᠤᠯᠳᠠᠭᠤ ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ ᠳᠤ ᠣᠷᠣᠭᠤᠯᠤᠭᠰᠠᠨ ᠡᠩ ᠤᠨ ᠡᠭᠡᠯᠢᠯᠡᠭᠡ ᠵᠢᠴᠢ ᠤᠯᠤᠰ ᠤᠨ ᠲᠣᠭᠲᠠᠭᠠᠭᠰᠠᠨ ᠨᠡᠶᠢᠲᠡ ᠴᠣᠭᠴᠠ ᠶᠢᠨ ᠴᠢᠨᠠᠷᠲᠠᠶ ᠰᠡᠷᠭᠡᠶᠢᠯᠡᠬᠦ ᠲᠠᠷᠢᠯᠭ᠎ᠠ ᠪᠠ ᠭᠤᠤᠯᠳᠠᠯᠭ᠎ᠠ ᠲᠠᠢ ᠬᠥᠮᠦᠰ ᠤᠨ ᠪᠠᠴᠢᠮ ᠪᠠᠶᠢᠳᠠᠯ ᠢ ᠠᠷᠭᠠᠴᠠᠭᠠᠬᠤ ᠲᠠᠷᠢᠯᠭ᠎ᠠ ᠳᠤ ᠬᠡᠷᠡᠭᠰᠡᠬᠦ ᠸᠠᠺᠼᠢᠨ ᠪᠣᠯᠤᠨ ᠲᠠᠷᠢᠯᠭ᠎ᠠ ᠶᠢᠨ ᠪᠠᠭᠠᠵᠢ ᠬᠤᠳᠠᠯᠳᠤᠨ ᠠᠪᠬᠤ᠂ ᠠᠶᠢᠽ ᠡᠪᠡᠳᠴᠢᠨ᠂ ᠰᠦᠷᠢᠶ᠎ᠡ ᠡᠪᠡᠳᠴᠢᠨ᠂ ᠴᠢᠰᠤ ᠰᠤᠷᠤᠭᠴᠢ ᠬᠤᠷᠣᠬᠠᠶ ᠶᠢᠨ ᠡᠪᠡᠳᠴᠢᠨ᠂ ᠪᠡᠳᠡᠬᠢ ᠬᠤᠷᠤᠬᠠᠶᠢᠳᠤ ᠡᠪᠡᠳᠴᠢᠨ ᠢ ᠰᠡᠷᠭᠡᠶᠢᠯᠡᠨ ᠳᠠᠷᠤᠬᠤ ᠵᠡᠷᠭᠡ ᠶᠢ ᠪᠠᠭᠲᠠᠭᠠᠭᠰᠠᠨ᠂ ᠣᠶᠤᠨ ᠮᠡᠳᠡᠷᠡᠯ ᠰᠡᠳᠬᠢᠴᠡ ᠶᠢᠨ ᠡᠪᠡᠳᠴᠢᠨ ᠤ ᠶᠡᠷᠦᠩᠬᠡᠶᠢᠯᠡᠭᠰᠡᠨ ᠬᠠᠮᠢᠶᠠᠷᠤᠯᠲᠠ᠂ ᠬᠦᠨᠳᠦ ᠶᠡᠭᠡ ᠤᠵᠢᠭ ᠡᠪᠡᠳᠴᠢᠨ ᠢ ᠰᠡᠷᠭᠡᠶᠢᠯᠡᠨ ᠡᠮᠨᠡᠬᠦ ᠬᠠᠮᠢᠶᠠᠷᠤᠯᠲᠠ ᠶᠢᠨ ᠵᠠᠭᠪᠤᠷ ᠪᠠ ᠵᠤᠬᠢᠯᠳᠤᠬᠤ ᠮᠡᠷᠭᠡᠵᠢᠯ ᠤᠨ ᠰᠥᠪᠡᠭᠴᠢᠯᠡᠯᠲᠡ ᠵᠡᠷᠭᠡ ᠠᠭᠤᠯᠭ᠎ᠠ ᠨᠢ ᠲᠥᠪ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠵᠤ ᠬᠤᠪᠢᠶᠠᠷᠢᠯᠠᠭᠳᠠᠭᠰᠠᠨ ᠪᠠᠶᠢᠪᠠᠯ᠂ ᠲᠥᠪ ᠤᠨ ᠡᠳ᠋ ᠤᠨ ᠵᠠᠰᠠᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠤᠤᠯ ᠤᠨ ᠣᠯᠠᠨ ᠨᠡᠶᠢᠲᠡ ᠶᠢᠨ ᠭᠦᠨᠳᠦ ᠬᠡᠴᠡᠬᠦᠦ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠳᠠᠬᠢ ᠬᠢᠲᠠᠳ ᠡᠮ ᠡᠮᠨᠡᠯᠭᠡ ᠶᠢᠨ ᠦᠢᠯᠡᠰ ᠤᠨ ᠤᠯᠠᠮᠵᠢᠯᠠᠯ ᠬᠢᠭᠡᠳ ᠬᠥᠭᠵᠢᠯᠲᠡ ᠶᠢ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠳᠤ ᠬᠤᠪᠢᠶᠠᠷᠢᠯᠠᠨ ᠣᠷᠣᠭᠤᠯᠤᠨ᠎ᠠ᠃ ᠳᠡᠭᠡᠷ᠎ᠡ ᠳᠤᠷᠠᠳᠤᠭᠰᠠᠨ ᠲᠥᠷᠥᠯ ᠵᠦᠢᠯ ᠠᠴᠠ ᠭᠠᠳᠠᠨ᠎ᠠ ᠤᠤᠯ ᠤᠨ ᠣᠯᠠᠨ ᠨᠡᠶᠢᠲᠡ ᠶᠢᠨ ᠭᠦᠨᠳᠦ ᠬᠡᠴᠡᠬᠦᠦ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠨᠢᠭᠡᠳᠦᠯᠲᠡᠶ ᠲᠣᠬᠢᠷᠠᠭᠤᠯᠤᠯᠲᠠ ᠳᠤ ᠣᠷᠣᠭᠤᠯᠤᠨ᠎ᠠ᠃
︵ᠬᠤᠶᠠᠷ︶ ᠡᠮᠴᠢᠯᠡᠭᠡᠨ ᠤ ᠪᠠᠲᠤᠯᠠᠭ᠎ᠠ ᠶᠢᠨ ᠲᠠᠯ᠎ᠠ ᠳᠤ᠃ ᠡᠭᠦᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠦᠨᠳᠦᠰᠦᠨ ᠳᠠᠭᠠᠳᠬᠠᠯ ᠤᠨ ᠨᠥᠬᠦᠪᠥᠷᠢ ᠪᠠ ᠡᠮᠴᠢᠯᠡᠭᠡᠨ ᠤ ᠠᠪᠤᠷᠠᠨ ᠲᠤᠰᠠᠯᠠᠬᠤ ᠪᠠᠭᠲᠠᠨ᠎ᠠ᠃
1. ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠦᠨᠳᠦᠰᠦᠨ ᠳᠠᠭᠠᠳᠬᠠᠯ ᠤᠨ ᠨᠥᠬᠦᠪᠥᠷᠢ᠃ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠨᠢ ᠲᠣᠭᠲᠠᠭᠠᠯ ᠶᠣᠰᠣᠭᠠᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠦᠨᠳᠦᠰᠦᠨ ᠳᠠᠭᠠᠳᠬᠠᠯ ᠲᠤᠰᠢᠶᠠᠬᠤ ᠰᠦᠢᠳᠭᠡᠯ ᠤᠨ ᠨᠥᠬᠦᠪᠥᠷᠢ ᠣᠯᠭᠤᠨ᠎ᠠ᠃ 6 ᠲᠦᠮᠡᠨ ᠭᠦᠮᠦᠨ ᠠᠴᠠ ᠲᠤᠷᠤᠨᠨᠰᠢᠬᠢ ᠮᠠᠯᠵᠢᠬᠤ ᠬᠤᠰᠢᠭᠤ ᠰᠢᠶᠠᠨ ᠤ ᠳᠠᠭᠠᠳᠬᠠᠯ ᠳᠤ ᠣᠷᠣᠯᠴᠠᠭᠰᠠᠨ ᠮᠠᠯᠴᠢᠨ ᠲᠠᠷᠢᠶᠠᠴᠢᠳ ᠲᠤ ᠵᠢᠯ ᠪᠦᠷᠢ ᠬᠥᠮᠦᠨ ᠪᠦᠷᠢ ᠳᠤ ᠨᠥᠬᠦᠪᠥᠷᠢ ᠶᠢ ᠨᠢ 20 ᠲᠥᠭᠦᠷᠢᠭ ᠨᠡᠮᠡᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠳᠡᠰ ᠬᠤᠪᠢᠶᠠᠨ ᠨᠥᠬᠦᠪᠥᠷᠢᠯᠡᠬᠦ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ ᠪᠣᠳᠠᠲᠠᠶ ᠬᠡᠷᠡᠭᠵᠢᠭᠦᠯᠦᠨ᠎ᠡ᠃
2. ᠡᠮᠴᠢᠯᠡᠭᠡᠨ ᠤ ᠠᠪᠤᠷᠠᠨ ᠲᠤᠰᠠᠯᠠᠬᠤ᠃ ᠡᠭᠦᠨ ᠳᠤ ᠬᠤᠲᠠ ᠬᠥᠳᠡᠭᠡ ᠶᠢᠨ ᠡᠮᠴᠢᠯᠡᠭᠡᠨ ᠤ ᠠᠪᠤᠷᠠᠨ ᠲᠤᠰᠠᠯᠠᠬᠤ ᠪᠠ ᠡᠪᠡᠳᠴᠢᠨ ᠡᠮᠭᠡᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠠᠭᠲᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠠᠪᠤᠷᠠᠨ ᠲᠤᠰᠠᠯᠠᠬᠤ ᠬᠡᠷᠡᠭᠴᠡᠭᠡ ᠱᠠᠭᠠᠷᠳᠠᠯᠭ᠎ᠠ ᠪᠠ ᠡᠳ᠋ ᠤᠨ ᠬᠦᠴᠦᠨ ᠤ ᠪᠠᠶᠢᠳᠠᠯ ᠵᠡᠷᠭᠡ ᠡᠯᠧᠮᠧᠨ᠋ᠲ ᠢ ᠦᠨᠳᠦᠰᠦᠯᠡᠨ ᠪᠡᠯᠡ ᠮᠥᠩᠭᠦ ︵ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠪᠠᠭᠲᠠᠨ᠎ᠠ︶ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢᠨ ᠬᠠᠮᠲᠤ᠂ ᠲᠥᠪ ᠤᠨ ᠨᠥᠬᠦᠪᠥᠷᠢ ᠶᠢᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠵᠦ᠂ ᠡᠯ᠎ᠡ ᠭᠠᠵᠠᠷ ᠣᠷᠣᠨ ᠤ ᠡᠳ᠋ ᠤᠨ ᠬᠦᠴᠦᠨ ᠤ ᠪᠠᠶᠢᠳᠠᠯ᠂ ᠪᠠᠲᠤᠯᠠᠭ᠎ᠠ ᠬᠦᠷᠲᠡᠭᠰᠡᠳ ᠤᠨ ᠲᠤᠭ᠎ᠠ ᠵᠡᠷᠭᠡ ᠡᠯᠧᠮᠧᠨ᠋ᠲ ᠢ ᠦᠨᠳᠦᠰᠦᠯᠡᠨ ᠬᠤᠪᠢᠶᠠᠷᠢᠯᠠᠬᠤ ᠲᠤᠭ᠎ᠠ ᠬᠡᠮᠵᠢᠶ᠎ᠡ ᠶᠢ ᠲᠣᠭᠲᠠᠭᠠᠵᠤ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠲᠣᠭᠲᠠᠭᠠᠯ ᠶᠣᠰᠣᠭᠠᠷ ᠨᠥᠬᠦᠪᠥᠷᠢ ᠶᠢᠨ ᠪᠡᠯᠡ ᠮᠥᠩᠭᠦ ᠶᠢ ᠲᠣᠬᠢᠷᠠᠭᠤᠯᠤᠨ᠎ᠠ᠃
︵ᠭᠤᠷᠪᠠ︶ ᠲᠥᠯᠥᠪᠯᠡᠭᠡᠲᠦ ᠦᠷᠡᠵᠢᠯ ᠤᠨ ᠲᠠᠯ᠎ᠠ ᠳᠤ᠃ ᠡᠭᠦᠨ ᠳᠤ ᠬᠥᠳᠡᠭᠡ ᠲᠣᠰᠬᠤᠨ ᠤ ᠬᠡᠰᠡᠭ ᠲᠥᠯᠥᠪᠯᠡᠭᠡ ᠲᠠᠢ ᠪᠠᠷ ᠬᠡᠤᠬᠡᠳ ᠠᠪᠤᠭᠰᠠᠨ ᠭᠡᠷ ᠪᠦᠯᠢ ᠶᠢ ᠱᠠᠩᠨᠠᠨ ᠬᠦᠬᠢᠭᠦᠯᠵᠦ ᠲᠡᠳᠭᠦᠬᠦ᠂ ᠲᠥᠯᠥᠪᠯᠡᠭᠡ ᠲᠠᠢ ᠪᠠᠷ ᠬᠡᠤᠬᠡᠳ ᠠᠪᠤᠭᠰᠠᠨ ᠭᠡᠷ ᠪᠦᠯᠢ ᠶᠢ ᠣᠨᠴᠠᠭᠠᠶᠢᠯᠠᠨ ᠲᠡᠳᠬᠦᠬᠦ ᠪᠠ ᠲᠥᠯᠥᠪᠯᠡᠭᠡᠲᠦ ᠦᠷᠡᠵᠢᠯ ᠤᠨ ︽ᠴᠥᠭᠡᠨ ᠬᠡᠦᠬᠡᠳ ᠠᠪᠴᠤ ᠲᠦᠷᠭᠡᠨ ᠪᠠᠶᠠᠵᠢᠬᠤ︾ ᠢᠨᠵᠧᠨᠧᠷᠢᠩ ᠳᠠᠬᠢ ᠲᠥᠯᠥᠪᠯᠡᠭᠡ ᠲᠠᠢ ᠪᠠᠷ ᠬᠡᠤᠬᠡᠳ ᠠᠪᠬᠤ ᠶᠢ ᠲᠡᠳᠬᠦᠬᠦ 3 ᠪᠠᠲᠤᠯᠠᠭ᠎ᠠ ᠶᠢᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠳᠤ ᠪᠠᠭᠲᠠᠭᠠᠬᠤ ᠪᠠᠷ ᠲᠣᠳᠣᠷᠬᠠᠢ ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠳᠡᠰ ᠬᠤᠪᠢᠶᠠᠨ ᠨᠥᠬᠦᠪᠥᠷᠢ ᠥᠭᠬᠦ ᠶᠢ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ ᠪᠣᠳᠠᠲᠠᠶ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠵᠦ ᠪᠠᠶᠢᠭ᠎ᠠ ᠲᠥᠯᠥᠪᠯᠡᠭᠡ ᠲᠠᠢ ᠪᠠᠷ ᠬᠡᠦᠬᠡᠳ ᠠᠪᠤᠭᠰᠠᠨ ᠭᠡᠷ ᠪᠦᠯᠢ ᠶᠢᠨ ᠨᠥᠬᠦᠪᠦᠷᠢ ᠶᠢᠨ ᠲᠥᠷᠥᠯ ᠵᠦᠢᠯ ︵ᠭᠠᠭᠴᠠᠬᠠᠨ ᠦᠷ᠎ᠡ ᠬᠡᠦᠬᠡᠳ ᠲᠠᠢ ᠡᠴᠢᠭᠡ ᠡᠬᠡᠴᠦᠦᠯ ᠢ ᠱᠠᠩᠨᠠᠬᠤ ᠵᠠᠷᠤᠳᠠᠯ︶ ᠪᠤᠶᠤ ᠨᠡᠶᠢᠲᠡᠯᠡᠭᠰᠡᠨ ᠲᠥᠯᠥᠪᠯᠡᠭᠡᠲᠦ ᠦᠷᠡᠵᠢᠯ ᠤᠨ ᠲᠡᠳᠬᠦᠮᠵᠢ ᠶᠢᠨ ᠮᠥᠩᠭᠦᠨ ᠤ ᠪᠠᠷᠢᠮᠵᠢᠶ᠎ᠠ ᠳᠠᠬᠢ ᠤᠯᠤᠰ ᠤᠨ ᠲᠡᠳᠬᠦᠮᠵᠢ ᠶᠢᠨ ᠮᠥᠩᠭᠦᠨ ᠤ ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠲᠤ ᠬᠡᠷᠡᠭᠰᠡᠬᠦ ᠵᠠᠷᠤᠳᠠᠯ ᠢ ᠨᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠢᠶᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃
︵ᠳᠥᠷᠪᠡ︶ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠳᠤ᠃ ᠡᠭᠦᠨ ᠳᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠪᠠᠶᠢᠭᠤᠯᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢ ᠶᠢᠨ ᠳᠡᠭᠡᠭᠰᠢᠯᠡᠯᠲᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠶᠠᠪᠤᠳᠠᠯ᠂ ᠡᠮᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ᠂ ᠬᠢᠲᠠᠳ ᠡᠮ ᠡᠮᠨᠡᠯᠭᠡ ᠶᠢᠨ ᠦᠢᠯᠡᠰ ᠤᠨ ᠤᠯᠠᠮᠵᠢᠯᠠᠯ ᠬᠢᠭᠡᠳ ᠬᠥᠭᠵᠢᠯᠲᠡ ᠪᠠ ᠮᠣᠩᠭᠤᠯ ᠡᠮ ᠡᠮᠨᠡᠯᠭᠡ ᠶᠢᠨ ᠦᠢᠯᠡᠰ ᠢ ᠭᠦᠭᠵᠢᠬᠦᠯᠦᠨ ᠮᠠᠨᠳᠤᠭᠤᠯᠬᠤ ᠪᠠᠭᠲᠠᠨ᠎ᠠ᠃
1. ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠪᠠᠶᠢᠭᠤᠯᠤᠯᠲᠠ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠪᠠᠶᠢᠭᠤᠯᠤᠯᠲᠠ ᠶᠢᠨ ᠨᠥᠬᠦᠪᠥᠷᠢ ᠶᠢ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠤᠶᠤ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠲᠣᠰ ᠲᠣᠰ ᠲᠣᠳᠣᠷᠬᠠᠢ ᠲᠣᠭᠲᠠᠭᠠᠭᠰᠠᠨ ᠪᠠᠶᠢᠪᠠᠯ᠂ ᠠᠳᠠᠯᠢ ᠱᠠᠲᠤᠨ ᠤ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠲᠥᠯᠥᠪᠵᠢᠭᠦᠯᠭᠡ ᠳᠤ ᠨᠡᠶᠢᠴᠡᠭᠰᠡᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠪᠠᠶᠢᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠣᠯᠭᠠᠨ ᠲᠣᠳᠣᠷᠬᠠᠢ ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠶᠢᠳᠠᠭᠰᠠᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠪᠠᠴᠢᠮ ᠠᠪᠤᠷᠠᠨ ᠡᠮᠨᠡᠬᠦ᠂ ᠭᠠᠳᠠᠭᠰᠢ ᠲᠤᠰᠠᠯᠠᠬᠤ᠂ ᠲᠠᠷᠢᠶᠠᠯᠠᠩ ᠢ ᠳᠡᠮᠵᠢᠬᠦ᠂ ᠬᠢᠯᠢ ᠬᠢᠵᠠᠭᠠᠷ ᠣᠷᠣᠨ ᠢ ᠳᠡᠮᠵᠢᠬᠦ ᠵᠡᠷᠭᠡ ᠡᠭᠦᠷᠭᠡ ᠶᠢ ᠡᠭᠦᠷᠭᠡᠯᠡᠭᠰᠡᠨ ᠪᠠᠶᠢᠪᠠᠯ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠣᠬᠢᠰᠲᠠᠶ ᠨᠥᠬᠦᠪᠦᠷᠢ ᠣᠯᠭᠤᠨ᠎ᠠ᠃ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠲᠥᠯᠥᠪᠵᠢᠭᠦᠯᠭᠡ ᠳᠤ ᠨᠡᠶᠢᠴᠡᠭᠰᠡᠨ ᠠᠶᠢᠮᠠᠭ ᠬᠤᠲᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠪᠠᠶᠢᠭᠤᠯᠤᠯᠲᠠ ᠶᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠭᠰᠠᠨ ᠪᠠᠶᠢᠪᠠᠯ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠠᠶᠢᠮᠠᠭ ᠬᠤᠲᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠡᠭᠦᠷᠭᠡ ᠶᠢ ᠡᠭᠦᠷᠭᠡᠯᠡᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠵᠣᠬᠢᠰᠲᠠᠶ ᠨᠥᠬᠦᠪᠥᠷᠢ ᠣᠯᠭᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠠᠶᠢᠮᠠᠭ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ᠂ ᠤᠯᠤᠰ ᠤᠨ ᠦᠨᠳᠦᠰᠦᠨ ᠡᠮ ᠤᠨ ᠵᠦᠢᠯ ᠤᠨ ᠳᠦᠷᠢᠮ ᠢ ᠬᠡᠷᠡᠭᠵᠢᠭᠦᠯᠬᠦ᠂ ᠬᠦᠴᠢᠷᠳᠡᠯᠲᠡᠶ ᠭᠠᠵᠠᠷ ᠣᠷᠣᠨ ᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠳᠤ ᠲᠣᠭᠲᠠᠭᠠᠯ ᠶᠣᠰᠣᠭᠠᠷ ᠨᠥᠬᠦᠪᠦᠷᠢ ᠣᠯᠭᠤᠨ᠎ᠠ᠃ ᠨᠡᠶᠢᠭᠡᠮ ᠤᠨ ᠬᠦᠴᠦᠨ ᠤ ᠡᠮᠨᠡᠯᠭᠡ ᠡᠷᠬᠢᠯᠡᠬᠦ ᠶᠢ ᠵᠣᠷᠢᠬᠵᠢᠭᠤᠯᠬᠤ ᠪᠠ ᠬᠥᠲᠥᠯᠥᠨ ᠵᠢᠯᠣᠭᠤᠳᠴᠤ᠂ ᠡᠯ᠎ᠡ ᠱᠠᠲᠤᠨ ᠤ ᠡᠳ᠋ ᠤᠨ ᠵᠠᠰᠠᠭ ᠨᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃
2. ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢ ᠶᠢᠨ ᠳᠡᠭᠡᠭᠰᠢᠯᠡᠯᠲᠡ᠃ ᠡᠭᠦᠨ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠭᠤᠣᠯᠳᠠᠯᠭ᠎ᠠ ᠲᠠᠢ ᠰᠢᠨᠵᠢᠯᠡᠭᠡᠨ ᠤ ᠬᠥᠭᠵᠢᠯᠲᠡ ᠵᠡᠷᠭᠡ ᠪᠠᠭᠲᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠦᠨᠳᠦᠰᠦᠯᠡᠨ ᠨᠢᠭᠡᠳᠦᠯᠲᠡᠶ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠂ ᠭᠤᠤᠯᠳᠠᠯᠭ᠎ᠠ ᠲᠠᠢ ᠰᠢᠨᠵᠢᠯᠡᠭᠡᠨ ᠤ ᠬᠥᠭᠵᠢᠯᠲᠡ ᠵᠡᠷᠭᠡ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠲᠣᠳᠣᠷᠬᠠᠢ ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠠᠵᠢᠯ ᠤᠨ ᠡᠭᠦᠷᠭᠡ ᠶᠢᠨ ᠬᠡᠮᠵᠢᠶ᠎ᠡ᠂ ᠨᠥᠬᠦᠪᠥᠷᠢ ᠶᠢᠨ ᠪᠠᠷᠢᠮᠵᠢᠶ᠎ᠠ᠂ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠵᠡᠷᠭᠡ ᠪᠠᠶᠢᠳᠠᠯ ᠢ ᠦᠨᠳᠦᠰᠦᠯᠡᠵᠦ ᠰᠢᠯᠵᠢᠭᠦᠯᠦᠨ ᠦᠭᠬᠦ ᠪᠡᠯᠡ ᠮᠥᠩᠭᠦ ᠶᠢ ᠬᠤᠪᠢᠶᠠᠷᠢᠯᠠᠨ ᠲᠤᠬᠢᠷᠠᠭᠤᠯᠤᠨ᠎ᠠ᠃ ᠠᠶᠢᠮᠠᠭ ᠬᠤᠲᠠ ᠶᠢᠨ ᠪᠡᠶ᠎ᠡ ᠪᠠᠨ ᠳᠠᠭᠠᠭᠠᠨ ᠬᠡᠷᠡᠭᠵᠢᠭᠦᠯᠵᠦ ᠪᠠᠶᠢᠭ᠎ᠠ ᠴᠢᠳᠠᠪᠤᠷᠢ ᠶᠢᠨ ᠳᠡᠭᠡᠭᠰᠢᠯᠡᠭᠦᠯᠬᠦ ᠲᠥᠷᠥᠯ ᠵᠦᠢᠯ ᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠭᠰᠠᠨ ᠪᠠᠶᠢᠪᠠᠯ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃
3. ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠶᠠᠪᠤᠳᠠᠯ᠃ ᠡᠭᠦᠨ ᠳᠤ ᠪᠠᠶᠢᠯᠳᠤᠬᠤ ᠪᠣᠳᠣᠯᠭ᠎ᠠ ᠶᠢᠨ ᠲᠦᠯᠦᠪᠵᠢᠬᠦᠯᠬᠡ᠂ ᠶᠡᠷᠦᠩᠬᠡᠶᠢᠯᠡᠨ ᠬᠢᠨᠠᠵᠤ ᠬᠠᠮᠢᠶᠠᠷᠬᠤ᠂ ᠤᠬᠠᠭᠤᠯᠵᠤ ᠬᠦᠲᠦᠯᠦᠨ ᠵᠢᠯᠣᠭᠤᠳᠬᠤ᠂ ᠡᠷᠡᠭᠦᠯ ᠮᠡᠨᠳᠦ ᠶᠢ ᠠᠬᠢᠭᠤᠯᠬᠤ᠂ ᠦᠨᠳᠦᠰᠦᠨ ᠡᠮ ᠤᠨ ᠵᠦᠢᠯ ᠪᠠ ᠳᠤᠲᠠᠭᠳᠠᠵᠤ ᠪᠠᠶᠢᠭ᠎ᠠ ᠡᠮ ᠤᠨ ᠵᠦᠢᠯ ᠢ ᠬᠢᠨᠠᠨ ᠰᠢᠨᠵᠢᠬᠦ᠂ ᠡᠷᠡᠭᠦᠯ ᠮᠡᠨᠳᠦ ᠶᠢᠨ ᠬᠦᠨᠳᠦ ᠶᠡᠭᠡ ᠠᠶᠤᠯ ᠬᠤᠤᠷ ᠤᠨ ᠡᠯᠧᠮᠧᠨ᠋ᠲ ᠪᠠ ᠬᠦᠨᠳᠦ ᠶᠡᠭᠡ ᠡᠪᠡᠳᠴᠢᠨ ᠡᠮᠭᠡᠭ ᠢ ᠬᠢᠨᠠᠨ ᠰᠢᠨᠵᠢᠬᠦ᠂ ᠡᠬᠡ ᠨᠢᠯᠬᠠᠰ ᠤᠨ ᠡᠷᠡᠭᠦᠯ ᠬᠠᠮᠠᠭᠠᠯᠠᠯ ᠢ ᠬᠢᠨᠠᠨ ᠰᠢᠨᠵᠢᠬᠦ ᠵᠡᠷᠭᠡ ᠶᠢ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠤᠶᠤ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠳᠤ ᠪᠠᠭᠲᠠᠭᠠᠵᠤ ᠲᠤᠰ ᠲᠤᠰ ᠲᠣᠳᠣᠷᠬᠠᠢ ᠲᠣᠭᠲᠠᠭᠠᠭᠰᠠᠨ ᠪᠠᠶᠢᠪᠠᠯ᠂ ᠠᠳᠠᠯᠢ ᠱᠠᠲᠤᠨ ᠤ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃
4. ᠡᠮᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ᠃ ᠡᠭᠦᠨ ᠳᠤ ᠪᠠᠶᠢᠯᠳᠤᠬᠤ ᠪᠣᠳᠣᠯᠭ᠎ᠠ ᠶᠢᠨ ᠲᠦᠯᠦᠪᠵᠢᠭᠦᠯᠬᠡ᠂ ᠶᠡᠷᠦᠩᠬᠡᠶᠢᠯᠡᠨ ᠬᠢᠨᠠᠵᠤ ᠬᠠᠮᠢᠶᠠᠷᠬᠤ᠂ ᠤᠬᠠᠭᠤᠯᠵᠤ ᠬᠦᠲᠦᠯᠦᠨ ᠵᠢᠯᠣᠭᠤᠳᠬᠤ᠂ ᠭᠠᠷᠲᠠᠨ ᠭᠦᠢᠴᠡᠳᠬᠡᠵᠦ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ᠂ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠵᠡᠷᠭᠡ ᠶᠢ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠵᠢᠴᠢ ᠲᠡᠳᠡᠭᠡᠷ ᠤᠨ ᠬᠠᠷᠢᠶ᠎ᠠ ᠪᠠᠶᠢᠭᠤᠯᠤᠮᠵᠢ ᠶᠢᠨ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠤᠶᠤ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠳᠤ ᠲᠣᠰ ᠲᠣᠰ ᠪᠠᠭᠲᠠᠭᠠᠭᠰᠠᠨ ᠪᠠᠶᠢᠪᠠᠯ᠂ ᠠᠳᠠᠯᠢ ᠱᠠᠲᠤᠨ ᠤ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠳᠤ ᠲᠣᠭᠲᠠᠭᠠᠯ ᠶᠣᠰᠣᠭᠠᠷ ᠨᠥᠬᠦᠪᠦᠷᠢ ᠣᠯᠭᠤᠨ᠎ᠠ᠃
5. ᠬᠢᠲᠠᠳ ᠡᠮ ᠡᠮᠨᠡᠯᠭᠡ ᠶᠢᠨ ᠦᠢᠯᠡᠰ ᠤᠨ ᠤᠯᠠᠮᠵᠢᠯᠠᠯ ᠪᠠ ᠬᠥᠭᠵᠢᠯᠲᠡ᠃ ᠡᠭᠦᠨ ᠳᠤ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠳᠠᠪᠠᠭᠤᠯᠢᠭ ᠢ ᠪᠣᠢ ᠪᠣᠯᠭᠠᠬᠤ᠂ ᠬᠢᠲᠠᠳ ᠡᠮ ᠡᠮᠨᠡᠯᠭᠡ ᠶᠢ ᠤᠯᠠᠮᠵᠢᠯᠠᠬᠤ ᠬᠢᠬᠡᠳ ᠰᠢᠨ᠎ᠡ ᠶᠢ ᠡᠭᠦᠳᠬᠦ᠂ ᠬᠢᠲᠠᠳ ᠡᠮ ᠡᠮᠨᠡᠯᠭᠡ ᠶᠢᠨ ᠤᠯᠠᠮᠵᠢᠯᠠᠯᠲᠤ ᠮᠡᠳᠡᠯᠭᠡ ᠶᠢ ᠬᠠᠮᠠᠭᠠᠯᠠᠬᠤ ᠬᠢᠬᠡᠳ ᠠᠭᠤᠳᠠᠯᠬᠤ᠂ ᠬᠢᠲᠠᠳ ᠡᠮ ᠡᠮᠨᠡᠯᠭᠡ ᠶᠢᠨ ︽ᠡᠪᠡᠳᠴᠢᠯᠡᠬᠦ ᠠᠴᠠ ᠤᠷᠢᠳ ᠰᠡᠷᠭᠡᠶᠢᠯᠡᠨ ᠡᠮᠨᠡᠬᠦ︾ ᠮᠡᠷᠭᠡᠵᠢᠯ ᠤᠨ ᠵᠢᠷᠤᠮᠵᠢᠯ ᠬᠢᠭᠡᠳ ᠳᠡᠯᠭᠡᠷᠡᠭᠦᠯᠦᠯᠲᠡ᠂ ᠬᠢᠲᠠᠳ ᠡᠮᠨᠡᠯᠭᠡ ᠶᠢᠨ ᠬᠤᠷᠢᠶᠠᠨ ᠤ ᠴᠢᠳᠠᠪᠤᠷᠢ ᠶᠢᠨ ᠪᠠᠶᠢᠭᠤᠯᠤᠯᠲᠠ᠂ ᠬᠢᠲᠠᠳ ᠡᠮᠨᠡᠯᠭᠡ ᠶᠢᠨ ᠭᠤᠤᠯᠳᠠᠯᠭ᠎ᠠ ᠲᠠᠢ ᠲᠤᠰᠬᠠᠶ ᠡᠪᠡᠳᠴᠢᠨ ᠢ ᠡᠮᠨᠡᠬᠦ ᠲᠤᠰᠬᠠᠶ ᠰᠠᠯᠠᠭ᠎ᠠ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠦᠢᠯᠡᠴᠢᠯᠡᠬᠦ ᠴᠢᠳᠠᠪᠤᠷᠢ ᠶᠢᠨ ᠪᠠᠶᠢᠭᠤᠯᠤᠯᠲᠠ ᠵᠡᠷᠭᠡ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠳᠤ ᠪᠠᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠯ ᠶᠣᠰᠣᠭᠠᠷ ᠨᠢᠭᠡᠳᠦᠯᠲᠡᠶ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠬᠢᠲᠠᠳ ᠡᠮ ᠨᠠᠶᠢᠷᠠᠬᠤ ᠴᠢᠳᠠᠪᠤᠷᠢ ᠶᠢᠨ ᠪᠠᠶᠢᠭᠤᠯᠤᠯᠲᠠ᠂ ᠬᠢᠲᠠᠳ ᠡᠮ ᠡᠮᠨᠡᠯᠭᠡ ᠶᠢᠨ ᠲᠡᠷᠢᠭᠦᠨ ᠤ ᠭᠤᠤᠯᠳᠠᠯᠭ᠎ᠠ ᠲᠠᠢ ᠰᠢᠨᠵᠢᠯᠡᠭᠡᠨ᠂ ᠬᠢᠲᠠᠳ ᠡᠮᠨᠡᠯᠭᠡ ᠶᠢᠨ ᠣᠨᠴᠠᠯᠢᠭᠲᠤ ᠲᠤᠰᠬᠠᠶ ᠮᠡᠷᠭᠡᠵᠢᠯ᠂ ᠥᠪᠡᠷᠲᠡᠭᠡᠨ ᠵᠠᠰᠠᠬᠤ ᠣᠷᠣᠨ ᠤ ᠲᠡᠰ ᠤᠨ ᠨᠡᠷᠡᠲᠡᠢ ᠠᠬᠠᠮᠠᠳ ᠬᠢᠲᠠᠳ ᠡᠮ ᠤᠨ ᠲᠤᠰᠬᠠᠶ ᠮᠡᠷᠭᠡᠵᠢᠯᠲᠡᠨ ᠤ ᠡᠷᠳᠡᠮ ᠰᠢᠨᠵᠢᠯᠡᠭᠡᠨ ᠤ ᠲᠤᠷᠰᠢᠯᠭ᠎ᠠ ᠶᠢ ᠵᠠᠯᠭᠠᠮᠵᠢᠯᠠᠬᠤ ᠵᠡᠷᠭᠡ ᠨᠢ ᠥᠪᠡᠷᠲᠡᠭᠡᠨ ᠵᠠᠰᠠᠬᠤ ᠣᠷᠣᠨ ᠪᠤᠶᠤ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠷ ᠲᠣᠳᠣᠷᠬᠠᠢ ᠲᠣᠭᠲᠠᠭᠠᠭᠳᠠᠭᠰᠠᠨ ᠪᠠᠶᠢᠪᠠᠯ᠂ ᠠᠳᠠᠯᠢ ᠱᠠᠲᠤᠨ ᠤ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃
6. ᠮᠣᠩᠭᠤᠯ ᠡᠮ ᠡᠮᠨᠡᠯᠭᠡ ᠶᠢᠨ ᠦᠢᠯᠡᠰ ᠢ ᠭᠦᠭᠵᠢᠬᠦᠯᠦᠨ ᠮᠠᠨᠳᠤᠭᠤᠯᠤᠨ᠎ᠠ᠃ ᠳᠡᠭᠡᠷ᠎ᠡ ᠳᠤᠷᠠᠳᠤᠭᠰᠠᠨ ᠬᠢᠲᠠᠳ ᠡᠮ ᠡᠮᠨᠡᠯᠭᠡ ᠶᠢ ᠤᠯᠠᠮᠵᠢᠯᠠᠬᠤ ᠪᠠ ᠬᠥᠭᠵᠢᠭᠦᠯᠬᠦ ᠬᠠᠮᠢᠶ᠎ᠠ ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠳᠤ ᠮᠣᠩᠭᠤᠯ ᠡᠮ ᠡᠮᠨᠡᠯᠭᠡ ᠶᠢᠨ ᠠᠭᠤᠯᠭ᠎ᠠ ᠶᠢ ᠬᠠᠮᠲᠤ ᠳᠤ ᠨᠢ ᠪᠠᠭᠲᠠᠭᠠᠭᠰᠠᠨ ᠪᠣᠯᠬᠤᠷ ᠲᠡᠭᠦᠨ ᠢᠶᠠᠷ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠤ ᠲᠥᠯᠥᠪᠯᠡᠭᠡ ᠶᠢᠨ ᠶᠣᠰᠣᠭᠠᠷ ᠨᠢᠭᠡᠳᠦᠯᠲᠡᠶ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠮᠣᠩᠭᠤᠯ ᠡᠮ ᠡᠮᠨᠡᠯᠭᠡ ᠶᠢᠨ ᠪᠠᠷᠢᠮᠵᠢᠶᠠᠵᠢᠯᠳᠠ᠂ ᠮᠣᠩᠭᠤᠯ ᠡᠮ ᠢ ᠰᠤᠳᠤᠯᠤᠨ ᠨᠡᠭᠡᠭᠡᠬᠦ ᠴᠢᠬᠤᠯᠠ ᠶᠡᠭᠡ ᠲᠤᠰᠬᠠᠶ ᠵᠦᠢᠯ᠂ ᠮᠣᠩᠭᠤᠯ ᠡᠮ ᠡᠮᠨᠡᠯᠭᠡ ᠶᠢᠨ ᠡᠮᠴᠢᠯᠡᠭᠡᠨ ᠤ ᠰᠤᠳᠤᠯᠬᠤ ᠴᠢᠳᠠᠪᠤᠷᠢ ᠶᠢᠨ ᠪᠠᠶᠢᠭᠤᠯᠤᠯᠲᠠ᠂ ᠮᠣᠩᠭᠤᠯ ᠡᠮ ᠡᠮᠨᠡᠯᠭᠡ ᠶᠢᠨ ᠵᠤᠬᠢᠯᠳᠤᠬᠤ ᠮᠡᠷᠭᠡᠵᠢᠯ ᠢ ᠳᠡᠯᠭᠡᠷᠡᠭᠦᠯᠬᠦ ᠴᠢᠳᠠᠪᠤᠷᠢ ᠶᠢᠨ ᠪᠠᠶᠢᠭᠤᠯᠤᠯᠲᠠ᠂ ᠮᠣᠩᠭᠤᠯ ᠡᠮ ᠡᠮᠨᠡᠯᠭᠡ ᠶᠢᠨ ᠭᠠᠳᠠᠭᠠᠳᠤ ᠯᠤᠭ᠎ᠠ ᠶᠢᠨ ᠰᠣᠯᠢᠯᠴᠠᠭ᠎ᠠ ᠵᠡᠷᠭᠡ ᠶᠢ ᠥᠪᠡᠷᠲᠡᠭᠡᠨ ᠵᠠᠰᠠᠬᠤ ᠣᠷᠣᠨ ᠪᠤᠶᠤ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠲᠣᠳᠣᠷᠬᠠᠢ ᠲᠣᠭᠲᠠᠭᠠᠭᠰᠠᠨ ᠪᠠᠶᠢᠪᠠᠯ᠂ ᠠᠳᠠᠯᠢ ᠱᠠᠲᠤᠨ ᠤ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃
ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠵᠢᠭᠰᠠᠭᠠᠭᠰᠠᠨ ᠦᠭᠡᠢ ᠪᠤᠰᠤᠳ ᠵᠦᠢᠯᠡᠰ ᠢ ᠥᠭᠡᠷᠡᠴᠢᠯᠡᠯᠲᠡ ᠶᠢᠨ ᠶᠡᠷᠦᠩᠬᠡᠶ ᠱᠠᠭᠠᠷᠳᠠᠯᠭ᠎ᠠ ᠪᠠ ᠵᠦᠢᠯᠡᠰ ᠤᠨ ᠣᠨᠴᠠᠯᠢᠭ ᠶᠣᠰᠣᠭᠠᠷ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠪᠣᠳᠠᠲᠠᠶ ᠲᠣᠭᠲᠠᠭᠠᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠠᠮᠢᠶ᠎ᠠ ᠪᠥᠬᠦᠶ ᠣᠷᠣᠨ ᠪᠦᠰᠡ ᠶᠢᠨ ᠲᠥᠷᠥ ᠶᠢᠨ ᠪᠣᠳᠣᠯᠭ᠎ᠠ ᠶᠢ ᠯᠠᠪᠯᠠᠯᠲᠠ ᠪᠣᠯᠭᠠᠨ ᠬᠦᠷᠲᠡᠵᠦ ᠪᠣᠯᠬᠤ ᠪᠠᠷ ᠲᠣᠳᠣᠷᠬᠠᠶ ᠲᠣᠭᠲᠠᠭᠠᠭᠰᠠᠨ ᠭᠠᠵᠠᠷ ᠣᠷᠣᠨ ᠨᠢ ᠬᠠᠮᠢᠶ᠎ᠠ ᠪᠥᠬᠦᠶ ᠲᠣᠭᠲᠠᠭᠠᠯ ᠶᠣᠰᠣᠭᠠᠷ ᠦᠷᠭᠦᠯᠵᠢᠯᠡᠨ ᠬᠡᠷᠡᠭᠵᠢᠭᠦᠯᠦᠨ᠎ᠡ᠃ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠠᠷᠤᠯᠭ᠎ᠠ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠴᠡᠷᠢᠭ ᠠᠩᠭᠢ᠂ ᠤᠯᠤᠰ ᠤᠨ ᠥᠮᠴᠢᠯᠡᠯᠲᠦ ᠪᠠ ᠬᠠᠮᠲᠤ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠡᠷᠭᠡ ᠶᠢᠨ ᠡᠷᠬᠢᠯᠡᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠨᠢ ᠣᠳᠣ ᠶᠢᠨ ᠪᠠᠶᠢᠭᠤᠯᠤᠯ ᠪᠠ ᠬᠠᠮᠢᠶ᠎ᠠ ᠪᠦᠬᠦᠢ ᠬᠦᠷᠢᠶᠡᠨ ᠳᠠᠬᠢ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ ᠵᠠᠷᠤᠳᠠᠯ ᠢ ᠨᠢ ᠪᠠᠲᠤᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃
ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠲᠣᠳᠣᠷᠬᠠᠢ ᠲᠣᠭᠲᠠᠭᠠᠭᠰᠠᠨ ᠴᠤ ᠠᠶᠢᠮᠠᠭ ᠬᠤᠲᠠ ᠳᠤ ᠨᠠᠶᠢᠳᠠᠵᠤ ᠶᠠᠪᠤᠭᠳᠠᠭᠤᠯᠬᠤ ᠴᠢᠬᠤᠯᠠᠲᠠᠢ ᠵᠦᠢᠯᠡᠰ ᠢ ᠠᠶᠢᠮᠠᠭ ᠬᠤᠲᠠ ᠨᠢ ᠨᠠᠶᠢᠳᠠᠭᠰᠠᠨ ᠬᠡᠪᠴᠢᠶᠡᠨ ᠳᠤ᠂ ᠨᠠᠶᠢᠳᠠᠭᠰᠠᠨ ᠨᠢᠭᠡᠴᠢ ᠶᠢᠨ ᠨᠡᠷ᠎ᠡ ᠪᠠᠷ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ᠂ ᠨᠠᠶᠢᠳᠠᠭᠰᠠᠨ ᠨᠢᠭᠡᠴᠢ ᠶᠢᠨ ᠬᠢᠨᠠᠯᠲᠠ ᠲᠠᠯᠪᠢᠯᠳᠠ ᠶᠢ ᠬᠦᠯᠢᠶᠡᠨ᠎ᠡ᠃ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠲᠣᠳᠣᠷᠬᠠᠢ ᠲᠣᠭᠲᠠᠭᠠᠭᠰᠠᠨ ᠵᠦᠢᠯᠡᠰ ᠲᠤ᠂ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠲᠥᠯᠥᠪᠯᠡᠭᠡᠲᠦ ᠦᠷᠡᠵᠢᠯ ᠳᠤ ᠲᠡᠳᠬᠦᠬᠦ ᠪᠠᠲᠤᠯᠠᠭ᠎ᠠ ᠵᠡᠷᠭᠡ ᠲᠠᠯ᠎ᠠ ᠪᠠᠷ ᠬᠢ ᠪᠥᠬᠦ ᠣᠷᠣᠨ ᠤ ᠰᠠᠭᠤᠷᠢ ᠪᠠᠷᠢᠮᠵᠢᠶᠠᠨ ᠤ ᠵᠦᠢᠯᠡᠰ ᠢ ᠡᠯ᠎ᠡ ᠠᠶᠢᠮᠠᠭ ᠬᠤᠲᠠ ᠨᠢ ᠪᠥᠬᠦ ᠣᠷᠣᠨ ᠤ ᠰᠠᠭᠤᠷᠢ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠪᠠᠨ ᠦᠨᠡᠨ ᠬᠦ ᠪᠠᠲᠤᠯᠠᠭᠰᠠᠨ ᠤᠷᠢᠲᠠᠯ ᠳᠣᠤᠷ᠎ᠠ᠂ ᠪᠠᠲᠤᠯᠠᠭ᠎ᠠ ᠶᠢᠨ ᠠᠭᠤᠯᠭ᠎ᠠ ᠶᠢ ᠵᠣᠬᠢᠰᠲᠠᠶ ᠨᠡᠮᠡᠭᠳᠡᠭᠦᠯᠬᠦ ᠪᠤᠶᠤ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠪᠣᠯᠬᠤ ᠪᠥᠭᠡᠳ ᠬᠡᠲᠦᠷᠡᠵᠦ ᠭᠠᠷᠤᠭᠰᠠᠨ ᠬᠡᠰᠡᠭ ᠢ ᠨᠢ ᠠᠳᠠᠯᠢ ᠱᠠᠲᠤᠨ ᠤ ᠡᠳ᠋ ᠤᠨ ᠵᠠᠰᠠᠭ ᠨᠢ ᠲᠣᠭᠲᠠᠭᠠᠯ ᠶᠣᠰᠣᠭᠠᠷ ᠡᠭᠦᠷᠭᠡᠯᠡᠨ᠎ᠡ᠃ ᠡᠮᠴᠢᠯᠡᠭᠡᠨ ᠤ ᠠᠪᠤᠷᠠᠨ ᠲᠤᠰᠠᠯᠠᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ᠂ ᠭᠤᠤᠯᠳᠠᠯᠭ᠎ᠠ ᠲᠠᠢ ᠰᠢᠨᠵᠢᠯᠡᠭᠡᠨ ᠤ ᠬᠥᠭᠵᠢᠯᠲᠡ ᠵᠡᠷᠭᠡ ᠤᠯᠤᠰ ᠤᠨ ᠰᠠᠭᠤᠷᠢ ᠪᠠᠷᠢᠮᠵᠢᠶ᠎ᠠ ᠶᠢ ᠨᠢᠭᠡᠳᠦᠯᠲᠡᠶ ᠲᠣᠭᠲᠠᠭᠠᠬᠤ ᠨᠥᠬᠦᠴᠡᠯ ᠢ ᠪᠦᠷᠢᠯᠳᠦᠭᠦᠯᠬᠦ ᠳᠤ ᠬᠢᠯᠪᠠᠷ ᠪᠤᠰᠤ ᠪᠤᠶᠤ ᠲᠦᠷ ᠪᠦᠷᠢᠯᠳᠦᠭᠦᠯᠦᠭᠡᠳᠦᠶ ᠵᠦᠢᠯᠡᠰ ᠢ ᠪᠣᠯ᠂ ᠥᠪᠡᠷᠲᠡᠭᠡᠨ ᠵᠠᠰᠠᠬᠤ ᠣᠷᠣᠨ ᠠᠴᠠ ᠵᠠᠷᠴᠢᠮ ᠤᠨ ᠱᠠᠭᠠᠷᠳᠠᠯᠭ᠎ᠠ ᠳᠤᠷᠠᠳᠬᠤ ᠶᠢᠨ ᠬᠠᠮᠲᠤ ᠠᠮᠵᠢᠯᠲᠠ ᠪᠦᠲᠦᠮᠵᠢ ᠶᠢᠨ ᠬᠠᠷᠠᠯᠲᠠ ᠲᠣᠭᠲᠠᠭᠠᠨ᠂ ᠠᠶᠢᠮᠠᠭ ᠬᠤᠲᠠ ᠨᠢ ᠲᠡᠭᠦᠨ ᠢ ᠦᠨᠳᠦᠰᠦᠯᠡᠨ ᠲᠣᠰ ᠭᠠᠵᠠᠷ ᠣᠷᠣᠨ ᠤ ᠪᠠᠨ ᠪᠠᠷᠢᠮᠵᠢᠶ᠎ᠠ ᠶᠢ ᠪᠡᠶ᠎ᠡ ᠪᠠᠨ ᠳᠠᠭᠠᠭᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠵᠣᠬᠢᠬᠤ ᠨᠥᠬᠦᠪᠦᠷᠢ ᠣᠯᠭᠤᠨ᠎ᠠ᠃ ᠡᠯ᠎ᠡ ᠠᠶᠢᠮᠠᠭ ᠬᠤᠲᠠ ᠨᠢ ᠲᠤᠰ ᠭᠠᠵᠠᠷ ᠣᠷᠣᠨ ᠤ ᠪᠠᠷᠢᠮᠵᠢᠶ᠎ᠠ ᠶᠢ ᠲᠣᠭᠲᠠᠭᠠᠨ ᠨᠡᠶᠢᠲᠡᠯᠡᠬᠦ ᠳᠤ ᠪᠠᠨ ᠣᠷᠣᠨ ᠪᠦᠰᠡ ᠶᠢᠨ ᠬᠤᠭᠤᠷᠣᠨᠳᠣᠬᠢ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠡᠷᠬᠡ ᠲᠡᠭᠰᠢ ᠴᠢᠨᠠᠷ᠂ ᠲᠤᠰ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠪᠠ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠶᠢ ᠭᠦᠢᠴᠡᠳ ᠪᠣᠳᠣᠯᠬᠢᠯᠠᠵᠤ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠦᠷᠭᠦᠯᠵᠢᠯᠡᠬᠦ ᠶᠢ ᠦᠨᠡᠨ ᠬᠦ ᠪᠠᠲᠤᠯᠠᠨ᠎ᠠ᠃ ᠡᠯ᠎ᠡ ᠠᠶᠢᠮᠠᠭ ᠬᠤᠲᠠ ᠶᠢᠨ ᠪᠠᠷᠢᠮᠵᠢᠶ᠎ᠠ ᠨᠢ ᠥᠪᠡᠷᠲᠡᠭᠡᠨ ᠵᠠᠰᠠᠬᠤ ᠣᠷᠣᠨ ᠤ ᠰᠠᠭᠤᠷᠢ ᠪᠠᠷᠢᠮᠵᠢᠶ᠎ᠠ ᠠᠴᠠ ᠥᠨᠳᠥᠷ ᠪᠠᠶᠢᠪᠠᠯ᠂ ᠳᠡᠰ ᠳᠠᠷᠠᠭᠠᠯᠠᠯ ᠶᠣᠰᠣᠭᠠᠷ ᠤᠷᠢᠳ ᠢᠶᠠᠷ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠵᠦ ᠳᠠᠩᠰᠠᠯᠠᠭᠤᠯᠤᠭᠰᠠᠨ ᠤ ᠳᠠᠷᠠᠭ᠎ᠠ ᠬᠡᠷᠡᠭᠵᠢᠭᠦᠯᠦᠨ᠎ᠡ᠃ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠵᠡᠷᠬᠡ ᠳᠤ ᠬᠤᠯᠪᠣᠭᠳᠠᠭᠰᠠᠨ ᠵᠦᠢᠯᠡᠰ ᠢ ᠨᠡᠶᠢᠲᠡᠯᠡᠬᠦ ᠳᠤ᠂ ᠳᠡᠰ ᠳᠠᠷᠠᠭᠠᠯᠠᠯ ᠶᠣᠰᠣᠭᠠᠷ ᠤᠷᠢᠳ ᠢᠶᠠᠷ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠭᠰᠠᠨ ᠤ ᠳᠠᠷᠠᠭ᠎ᠠ ᠬᠡᠷᠡᠭᠵᠢᠭᠦᠯᠦᠨ᠎ᠡ᠃
ᠣᠳᠣ ᠶᠢᠨ ᠮᠤᠵᠢ ᠶᠢᠨ ᠱᠠᠲᠤᠨ ᠠᠴᠠ ᠳᠣᠷᠣᠭᠰᠢᠬᠢ ᠡᠳ᠋ ᠤᠨ ᠬᠦᠴᠦᠨ ᠤ ᠪᠠᠶᠢᠷᠢᠰᠢᠯ ᠢ ᠶᠡᠷᠦᠩᠬᠡᠶ ᠳᠤ ᠪᠠᠨ ᠲᠣᠭᠲᠠᠭᠤᠨ ᠪᠠᠶᠢᠯᠭᠠᠬᠤ ᠵᠠᠷᠴᠢᠮ ᠶᠣᠰᠣᠭᠠᠷ᠂ ᠳᠡᠭᠡᠷ᠎ᠡ ᠳᠤᠷᠠᠳᠤᠭᠰᠠᠨ ᠬᠤᠪᠢᠶᠠᠨ ᠡᠭᠦᠷᠭᠡᠯᠡᠬᠦ ᠬᠠᠷᠢᠴᠠᠯ ᠢ ᠲᠣᠬᠢᠷᠠᠭᠤᠯᠬᠤ ᠳᠤ ᠬᠤᠯᠪᠣᠭᠳᠠᠵᠤ ᠪᠠᠶᠢᠭ᠎ᠠ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠵᠠᠷᠤᠯᠭ᠎ᠠ ᠶᠢᠨ ᠰᠠᠭᠤᠷᠢ ᠲᠣᠭᠠᠨ ᠤ ᠬᠤᠪᠢᠶᠠᠷᠢᠯᠠᠨ ᠰᠢᠯᠵᠢᠭᠦᠯᠬᠦ ᠠᠵᠢᠯ ᠢ ᠲᠥᠰᠦᠪ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃
ᠳᠥᠷᠪᠡ᠂ ᠲᠦᠭᠦᠷ ᠠᠷᠭ᠎ᠠ ᠬᠡᠮᠵᠢᠶ᠎ᠡ
ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠪᠣᠯ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠴᠢᠬᠤᠯᠠ ᠠᠭᠤᠯᠭ᠎ᠠ ᠪᠣᠯᠤᠨ᠎ᠠ᠂ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠪᠣᠳᠠᠲᠠᠢ ᠲᠠᠢ ᠪᠠᠨ ᠤᠶᠠᠯᠳᠤᠭᠤᠯᠵᠤ ᠪᠠᠶᠢᠭᠠᠳ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ ᠬᠡᠷᠡᠭᠵᠢᠭᠦᠯᠦᠨ᠂ ᠥᠭᠡᠷᠡᠴᠢᠯᠡᠯᠲᠡ ᠶᠢᠨ ᠤᠷᠤᠭᠰᠢᠲᠠᠶ ᠠᠬᠢᠬᠤ ᠶᠢ ᠦᠨᠡᠨ ᠬᠦ ᠪᠠᠲᠤᠯᠠᠬᠤ ᠬᠡᠷᠡᠭᠲᠡᠶ᠃
︵ᠨᠢᠭᠡ︶ ᠬᠠᠮᠢᠶ᠎ᠠ ᠪᠥᠬᠦᠶ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠬᠤ ᠥᠭᠡᠷᠡᠴᠢᠯᠡᠯᠲᠡ ᠶᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠯᠦᠭᠡ ᠨᠢᠭᠲᠠ ᠤᠶᠠᠯᠳᠤᠭᠤᠯᠬᠤ ᠪᠠ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠤᠨ ᠪᠥᠭᠡᠳ ᠦᠷᠭᠦᠯᠵᠢᠯᠡᠭᠰᠡᠨ ᠪᠡᠯᠡ ᠮᠥᠩᠭᠦ ᠴᠤᠭᠯᠠᠭᠤᠯᠬᠤ ᠪᠠ ᠳᠠᠩᠰᠠ ᠲᠠᠶᠢᠯᠬᠤ ᠬᠠᠷᠢᠴᠠᠯ ᠤᠨ ᠲᠣᠬᠢᠷᠠᠭᠤᠯᠬᠤ ᠲᠣᠭᠲᠠᠴᠠ ᠶᠢ ᠭᠤᠤᠯᠳᠠᠯᠭ᠎ᠠ ᠲᠠᠢ ᠲᠡᠭᠦᠯᠳᠡᠷᠵᠢᠭᠦᠯᠦᠨ᠂ ᠵᠠᠰᠠᠭ ᠤᠨ ᠣᠷᠳᠣᠨ ᠬᠢᠭᠡᠳ ᠬᠤᠪᠢ ᠬᠥᠮᠦᠨ ᠤ ᠬᠤᠪᠢᠳᠠᠨ ᠡᠭᠦᠷᠭᠡᠯᠡᠬᠦ ᠬᠠᠷᠢᠴᠠᠯ ᠢ ᠵᠣᠬᠢᠰᠲᠠᠶ ᠲᠣᠭᠲᠠᠭᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠬᠤ᠂ ᠣᠷᠣᠨ ᠪᠦᠰᠡ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠡᠯ᠎ᠡ ᠵᠦᠢᠯ ᠤᠨ ᠥᠭᠡᠷᠡᠴᠢᠯᠡᠯᠲᠡ ᠶᠢᠨ ᠬᠠᠮᠵᠢᠯᠴᠠᠨ ᠬᠦᠳᠡᠯᠦᠯᠴᠡᠬᠦ᠂ ᠬᠠᠮᠵᠢᠯᠴᠠᠨ ᠠᠬᠢᠭᠤᠯᠬᠤ ᠶᠢ ᠴᠢᠩᠭᠠᠷᠠᠭᠤᠯᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠶ᠃
︵ᠬᠤᠶᠠᠷ︶ ᠬᠠᠷᠢᠭᠤᠴᠠᠯᠭ᠎ᠠ ᠶᠢ ᠬᠤᠪᠢᠳᠠᠨ ᠡᠭᠦᠷᠭᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠠᠶᠢᠮᠠᠭ ᠬᠤᠲᠠ ᠨᠢ ᠲᠣᠰ ᠲᠥᠰᠦᠯ ᠢ ᠦᠨᠳᠦᠰᠦᠯᠡᠨ᠂ ᠣᠳᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠪᠠᠶᠢᠭᠤᠯᠤᠯ ᠲᠠᠢ ᠤᠶᠠᠯᠳᠤᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠠᠶᠢᠮᠠᠭ ᠬᠤᠲᠠ ᠶᠢᠨ ᠱᠠᠲᠤᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠣᠬᠢᠰᠲᠠᠶ ᠬᠤᠪᠢᠶᠠᠷᠢᠯᠠᠬᠤ ᠬᠡᠷᠡᠭᠲᠡᠶ᠃ ᠣᠷᠣᠨ ᠪᠦᠰᠡ ᠳᠠᠬᠢ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠪᠠᠷ ᠠᠬᠢᠭᠤᠯᠬᠤ ᠠᠵᠢᠯ ᠳᠠᠬᠢ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠤ᠂ ᠣᠷᠣᠨ ᠪᠦᠰᠡ ᠶᠢᠨ ᠳᠣᠲᠣᠷᠠᠬᠢ ᠬᠦᠴᠢᠷᠳᠡᠯᠲᠡᠶ ᠭᠠᠵᠠᠷ ᠣᠷᠣᠨ ᠳᠠᠬᠢ ᠰᠢᠯᠵᠢᠭᠦᠯᠦᠨ ᠥᠭᠬᠦ ᠡᠷᠴᠢᠮ ᠢ ᠴᠢᠩᠭᠠᠷᠠᠭᠤᠯᠬᠤ ᠬᠡᠷᠡᠭᠲᠡᠶ᠃ ᠲᠡᠭᠦᠨ ᠠᠴᠠ ᠳᠡᠭᠡᠳᠦ ᠨᠢᠭᠡ ᠱᠠᠲᠤᠨ ᠤ ᠵᠠᠰᠠᠭ ᠤᠨ ᠣᠷᠳᠣᠨ ᠤ ᠡᠭᠦᠷᠭᠡᠯᠡᠬᠦ ᠳᠤ ᠵᠤᠬᠢᠯᠳᠤᠬᠤ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠳᠡᠭᠡᠳᠦ ᠱᠠᠲᠤ ᠲᠡᠶᠢᠰᠢ ᠰᠢᠯᠵᠢᠭᠦᠯᠵᠦ᠂ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠵᠠᠷᠤᠯᠭ᠎ᠠ ᠶᠢᠨ ᠳᠠᠷᠤᠭᠠᠰᠤ ᠬᠡᠲᠦᠷᠬᠡᠶ ᠶᠡᠭᠡ ᠨᠡᠮᠡᠭᠳᠡᠬᠦ ᠠᠴᠠ ᠵᠠᠶᠢᠯᠠᠰᠬᠢᠬᠦ ᠬᠡᠷᠡᠭᠲᠡᠢ᠃
︵ᠭᠤᠷᠪᠠ︶ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠨᠢ ᠲᠣᠭᠲᠠᠭᠠᠭᠰᠠᠨ ᠵᠠᠷᠤᠯᠭ᠎ᠠ ᠶᠢᠨ ᠬᠠᠷᠢᠭᠤᠴᠠᠯᠭ᠎ᠠ ᠶᠣᠰᠣᠭᠠᠷ ᠲᠥᠰᠦᠪ ᠢᠶᠠᠨ ᠵᠣᠬᠢᠰᠲᠠᠶ ᠲᠣᠬᠢᠷᠠᠭᠤᠯᠤᠨ᠂ ︽ᠬᠡᠨ ᠬᠡᠷᠡᠭᠯᠡᠪᠡᠯ ᠲᠡᠷᠡ ᠬᠠᠷᠢᠭᠤᠴᠠᠬᠤ︾ ᠵᠠᠷᠴᠢᠮ ᠢ ᠦᠨᠳᠦᠰᠦᠯᠡᠵᠦ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠦᠲᠦᠮᠵᠢᠲᠡᠢ ᠬᠠᠩᠭᠠᠯᠭ᠎ᠠ ᠶᠢ ᠪᠠᠲᠤᠯᠠᠬᠤ ᠬᠡᠷᠡᠭᠲᠡᠶ᠃ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠲᠤᠯᠠᠭ᠎ᠠ ᠶᠢᠨ ᠪᠠᠷᠢᠮᠵᠢᠶ᠎ᠠ ᠶᠢ ᠵᠣᠬᠢᠰᠲᠠᠶ ᠲᠣᠭᠲᠠᠭᠠᠵᠤ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠣᠷᠣᠰᠢᠵᠤ ᠪᠠᠶᠢᠬᠤ ᠣᠷᠣᠯᠭ᠎ᠠ ᠵᠠᠷᠤᠯᠭ᠎ᠠ ᠶᠢᠨ ᠳᠤᠲᠠᠭᠤᠳᠠᠯ ᠳᠤ ᠪᠣᠯ᠂ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠲᠥᠯᠥᠪᠵᠢᠭᠦᠯᠭᠡ ᠳᠤ ᠨᠡᠶᠢᠴᠡᠬᠦ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠵᠡᠷᠭᠡ ᠬᠥᠷᠥᠩᠭᠡ ᠶᠢᠨ ᠴᠢᠨᠠᠷᠲᠠᠶ ᠵᠠᠷᠤᠯᠭ᠎ᠠ ᠶᠢ ᠨᠢ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠬᠠᠤᠯᠢ ᠶᠣᠰᠣᠭᠠᠷ ᠲᠠᠷᠬᠠᠭᠠᠬᠤ ᠠᠷᠭ᠎ᠠ ᠮᠠᠶ᠋ᠢᠭ ᠢᠶᠠᠷ ᠲᠣᠬᠢᠷᠠᠭᠤᠯᠬᠤ ᠠᠴᠠ ᠭᠠᠳᠠᠨ᠎ᠠ᠂ ᠭᠤᠤᠯᠳᠠᠭᠤ ᠳᠡᠭᠡᠳᠦ ᠱᠠᠲᠤᠨ ᠤ ᠵᠠᠰᠠᠭ ᠤᠨ ᠣᠷᠳᠣᠨ ᠠᠴᠠ ᠣᠯᠭᠤᠭᠰᠠᠨ ᠡᠩ ᠤᠨ ᠴᠢᠨᠠᠷᠲᠠᠶ ᠰᠢᠯᠵᠢᠭᠦᠯᠦᠨ ᠥᠭᠬᠦ ᠪᠠᠷ ᠳᠠᠮᠵᠢᠭᠤᠯᠤᠨ ᠨᠥᠬᠦᠪᠥᠷᠢᠯᠡᠨ᠎ᠡ᠃ ᠡᠯ᠎ᠡ ᠠᠶᠢᠮᠠᠭ ᠬᠤᠲᠠ ᠶᠢᠨ ᠡᠳ᠋ ᠤᠨ ᠵᠠᠰᠠᠭ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠲᠥᠰᠦᠯ ᠢ ᠦᠨᠳᠦᠰᠦᠯᠡᠨ ᠰᠠᠯᠠᠭ᠎ᠠ ᠮᠥᠴᠢᠷ ᠤᠨ ᠲᠥᠰᠦᠪ ᠢ ᠵᠣᠬᠢᠰᠲᠠᠶ ᠲᠣᠬᠢᠷᠠᠭᠤᠯᠬᠤ ᠶᠢᠨ ᠬᠠᠮᠲᠤ᠂ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠤᠶᠤ ᠳᠦᠷᠢᠮ ᠲᠣᠭᠲᠠᠭᠠᠯ ᠢ ᠴᠠᠭ ᠲᠤᠬᠠᠶ ᠳᠤ ᠨᠢ ᠲᠣᠭᠲᠠᠭᠠᠨ ᠵᠠᠰᠠᠪᠤᠷᠢ ᠣᠷᠣᠭᠤᠯᠵᠤ᠂ ᠱᠠᠭᠠᠷᠳᠠᠯᠭ᠎ᠠ ᠶᠣᠰᠣᠭᠠᠷ ᠲᠣᠰ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠬᠤ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃
ᠲᠠᠪᠤ᠂ ᠬᠡᠷᠡᠭᠵᠢᠭᠦᠯᠬᠦ ᠴᠠᠭ
ᠲᠤᠰ ᠲᠥᠰᠦᠯ ᠢ 2020 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠳᠠᠭᠠᠯᠳᠤᠭᠤᠯᠤᠯ᠄ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠭᠰᠠᠨ ᠪᠠᠶᠢᠳᠠᠯ ᠤᠨ ᠬᠦᠰᠦᠨᠦᠭᠲᠦ
︵ᠲᠣᠪᠴᠢᠯᠠᠪᠠ︶
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ
︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠲᠥᠪ ᠬᠢᠭᠡᠳ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2019﹈ 26 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ ᠢ ᠲᠠᠷᠤᠮᠠᠯᠯᠠᠨ ᠶᠠᠪᠤᠭᠤᠯᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2018﹈ 13 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠡᠳᠦᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠳᠤ ᠳᠣᠤᠷᠠᠬᠢ ᠮᠡᠲᠦ ᠲᠥᠰᠦᠯ ᠢ ᠲᠣᠭᠲᠠᠭᠠᠪᠠ᠃
ᠨᠢᠭᠡ᠂ ᠶᠡᠷᠦᠩᠬᠡᠶ ᠱᠠᠭᠠᠷᠳᠠᠯᠭ᠎ᠠ
︵ᠨᠢᠭᠡ︶ ᠭᠤᠤᠯ ᠬᠠᠷᠠᠯᠲᠠ᠃
ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠨᠢᠭᠲᠠ ᠤᠶᠠᠯᠳᠤᠭᠤᠯᠤᠨ᠂ ᠲᠡᠷᠢᠭᠦᠨ ᠤ ᠲᠤᠷᠰᠢᠯᠭ᠎ᠠ ᠪᠠᠷ ᠲᠣᠯᠢ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠦᠷᠢᠨ ᠪᠦᠲᠦᠨ ᠪᠥᠭᠡᠳ ᠵᠢᠷᠤᠮᠵᠢᠭᠰᠠᠨ᠂ ᠠᠵᠢᠯ ᠤᠨ ᠬᠤᠪᠢᠶᠠᠷᠢᠯᠠᠯ ᠨᠢ ᠵᠦᠶ ᠵᠣᠬᠢᠰᠲᠠᠶ᠂ ᠥᠨᠳᠥᠷ ᠦᠷ᠎ᠡ ᠪᠦᠲᠦᠮᠵᠢᠲᠡᠶ ᠬᠠᠮᠵᠢᠯᠴᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠬᠤ ᠵᠠᠭᠪᠤᠷ ᠢ ᠱᠠᠯᠠᠪᠳᠠᠨ ᠪᠤᠢ ᠪᠣᠯᠭᠠᠵᠤ᠂ ᠡᠷᠬᠡ ᠪᠠ ᠬᠠᠷᠢᠭᠤᠴᠠᠯᠭ᠎ᠠ ᠨᠢ ᠲᠣᠳᠣᠷᠬᠠᠶ᠂ ᠡᠳ᠋ ᠤᠨ ᠬᠦᠴᠦᠨ ᠨᠢ ᠵᠣᠬᠢᠴᠠᠩᠭᠤᠶ᠂ ᠣᠷᠣᠨ ᠪᠦᠰᠡ ᠨᠢ ᠲᠡᠩᠴᠡᠭᠦᠷᠢᠲᠡᠶ ᠪᠠᠶᠢᠬᠤ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠤᠨ ᠬᠠᠷᠢᠴᠠᠭ᠎ᠠ ᠶᠢ ᠲᠦᠷᠭᠡᠳᠬᠡᠨ ᠪᠠᠶᠢᠭᠤᠯᠤᠨ᠎ᠠ᠃
︵ᠬᠤᠶᠠᠷ︶ ᠦᠨᠳᠦᠰᠦᠨ ᠵᠠᠷᠴᠢᠮ᠃
ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ ᠵᠠᠭᠠᠭ ᠱᠤᠭᠤᠮ ᠢ ᠰᠢᠨᠵᠢᠯᠡᠬᠦ ᠤᠬᠠᠭᠠᠨᠴᠢ ᠪᠠᠷ ᠲᠣᠳᠣᠷᠬᠠᠶᠢᠯᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠳᠡᠮᠵᠢᠬᠦ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠢ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠵᠠᠰᠠᠭ ᠤᠨ ᠣᠷᠳᠣᠨ ᠤ ᠣᠷᠣᠭᠤᠯᠤᠯᠲᠠ ᠬᠢᠬᠦ ᠵᠠᠭᠠᠭ ᠱᠤᠭᠤᠮ ᠪᠠ ᠠᠷᠭ᠎ᠠ ᠮᠠᠶ᠋ᠢᠭ ᠢ ᠰᠢᠨᠵᠢᠯᠡᠬᠦ ᠤᠬᠠᠭᠠᠨᠴᠢ ᠢᠶᠠᠷ ᠵᠣᠬᠢᠰᠲᠠᠶ ᠲᠣᠭᠲᠠᠭᠠᠨ᠎ᠠ᠃ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠴᠢᠷᠮᠠᠶᠢᠨ ᠳᠠᠶᠢᠴᠢᠯᠠᠵᠤ᠂ ᠠᠵᠤ ᠠᠬᠤᠶᠢᠯᠠᠯ ᠪᠠ ᠨᠡᠶᠢᠭᠡᠮ ᠤᠨ ᠬᠦᠴᠦᠨ ᠢ ᠬᠦᠲᠦᠯᠦᠨ ᠳᠠᠶᠢᠴᠢᠯᠠᠵᠤ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠠᠬᠢ ᠣᠷᠣᠭᠤᠯᠤᠯᠲᠠ ᠶᠢ ᠨᠢ ᠨᠡᠮᠡᠭᠳᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠣᠷᠣᠭᠤᠯᠤᠯᠲᠠ ᠬᠢᠬᠦ ᠣᠯᠠᠨ ᠡᠰᠢᠳᠦ ᠣᠯᠠᠨ ᠳᠡᠰ ᠳᠠᠪᠬᠤᠷᠭ᠎ᠠ ᠣᠯᠠᠨ ᠠᠷᠭ᠎ᠠ ᠵᠠᠮ ᠪᠦᠬᠦᠢ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠤᠢ ᠪᠣᠯᠭᠠᠨ᠎ᠠ᠃ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠵᠠᠬ᠎ᠠ ᠳᠡᠯᠭᠡᠭᠦᠷ ᠢᠶᠠᠷ ᠡᠬᠢ ᠪᠠᠶᠠᠯᠢᠭ ᠢ ᠪᠦᠲᠦᠮᠵᠢᠲᠡᠢ ᠲᠣᠬᠢᠷᠠᠭᠤᠯᠵᠤ ᠴᠢᠳᠠᠬᠤ ᠦᠭᠡᠢ ᠰᠠᠭᠤᠷᠢ ᠮᠥᠷᠲᠡᠭᠡᠨ ᠬᠤᠰᠢᠭᠤᠷᠠᠯ᠂ ᠨᠡᠶᠢᠭᠡᠮ ᠤᠨ ᠨᠡᠶᠢᠲᠡ ᠶᠢᠨ ᠠᠰᠠᠷᠠᠮᠵᠢ᠂ ᠴᠢᠬᠤᠯᠠ ᠶᠡᠭᠡ ᠨᠡᠶᠢᠲᠡᠯᠢᠭ ᠴᠢᠨᠠᠷᠲᠠᠶ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠵᠡᠷᠭᠡ ᠤᠯᠠᠨ ᠨᠡᠶᠢᠲᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠶᠢ ᠭᠤᠤᠯᠳᠠᠯᠭ᠎ᠠ ᠲᠠᠢ ᠲᠡᠮᠵᠢᠨ᠎ᠠ᠃
ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠷᠬᠡ ᠪᠠ ᠬᠠᠷᠢᠭᠤᠴᠠᠯᠭ᠎ᠠ ᠶᠢ ᠵᠣᠬᠢᠰᠲᠠᠶ ᠬᠤᠪᠢᠶᠠᠷᠢᠯᠠᠨ᠎ᠠ᠃ ᠪᠦᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢ ᠨᠤᠲᠠᠯᠠᠬᠤ ᠪᠠ ᠬᠤᠪᠢᠶᠠᠷᠢᠯᠠᠬᠤ ᠲᠠᠯ᠎ᠠ ᠪᠠᠷ ᠬᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠯᠡᠬᠦ ᠡᠷᠬᠡ ᠶᠢ ᠲᠣᠳᠣᠷᠬᠠᠢ ᠲᠣᠭᠲᠠᠭᠠᠵᠤ᠂ ︽ᠬᠡᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯ ᠲᠡᠷᠡ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠬᠦ︾ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠭᠲᠠᠭᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠦᠢᠯᠡᠰ ᠤᠨ ᠣᠯᠠᠨ ᠨᠡᠶᠢᠲᠡ ᠶᠢᠨ ᠴᠢᠨᠠᠷᠲᠠᠶ ᠳᠡᠰ ᠳᠠᠪᠬᠤᠷᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠠᠰᠢᠭ ᠬᠦᠷᠲᠡᠬᠦ ᠬᠡᠪᠴᠢᠶ᠎ᠡ ᠵᠡᠷᠭᠡ ᠰᠢᠨᠵᠢ ᠴᠢᠨᠠᠷ ᠢ ᠦᠨᠳᠦᠰᠦᠯᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠪᠠᠷ ᠵᠣᠬᠢᠰᠲᠠᠶ ᠬᠤᠪᠢᠶᠠᠷᠢᠯᠠᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠪᠦᠬᠦ ᠲᠠᠯ᠎ᠠ ᠶᠢᠨ ᠴᠢᠨᠠᠷᠲᠠᠶ᠂ ᠰᠠᠭᠤᠷᠢ ᠴᠢᠨᠠᠷᠲᠠᠶ᠂ ᠠᠯᠤᠰ ᠬᠡᠳᠦ ᠶᠢᠨ ᠴᠢᠨᠠᠷᠲᠠᠶ ᠠᠵᠢᠯ ᠵᠢᠴᠢ ᠤᠯᠤᠰ ᠤᠨ ᠳᠣᠲᠣᠭᠠᠳᠤ ᠭᠠᠳᠠᠭᠠᠳᠤ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠳᠤ ᠬᠠᠨᠳᠤᠭᠤᠯᠤᠭᠰᠠᠨ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠪᠠ ᠠᠵᠤ ᠠᠬᠤᠶ ᠶᠢᠨ ᠭᠤᠤᠯ ᠠᠵᠢᠯ ᠤᠨ ᠲᠠᠯᠠᠪᠤᠷ ᠲᠤ ᠬᠠᠨᠳᠤᠭᠤᠯᠵᠤ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠭᠦᠷᠭᠡ ᠶᠢ ᠭᠤᠤᠯᠴᠢᠯᠠᠨ ᠳᠡᠮᠵᠢᠨ᠎ᠡ᠃ ᠡᠭᠦᠨ ᠤ ᠳᠠᠭᠠᠤ ᠳᠤ᠂ ᠠᠶᠢᠮᠠᠭ ᠬᠤᠲᠠ ᠶᠢ ᠬᠥᠲᠥᠯᠥᠨ ᠵᠢᠯᠣᠭᠤᠳᠬᠤ ᠲᠠᠯ᠎ᠠ ᠪᠠᠷ ᠬᠢ ᠥᠪᠡᠷᠲᠡᠭᠡᠨ ᠵᠠᠰᠠᠬᠤ ᠣᠷᠣᠨ ᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠠᠶᠢᠮᠠᠭ ᠬᠤᠲᠠ ᠶᠢᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠎ᠠ᠃ ᠠᠶᠢᠮᠠᠭ ᠬᠤᠲᠠ ᠶᠢᠨ ᠡᠳ᠋ ᠤᠨ ᠵᠠᠰᠠᠭ ᠨᠢ ᠮᠡᠷᠭᠡᠵᠢᠯ ᠤᠨ ᠨᠡᠭᠡᠭᠡᠯᠲᠡ ᠪᠠ ᠤᠯᠠᠷᠢᠭᠤᠯᠤᠨ ᠬᠡᠷᠡᠭᠯᠡᠬᠦ ᠶᠢ ᠭᠤᠣᠯᠴᠢᠯᠠᠨ ᠳᠡᠮᠵᠢᠵᠦ᠂ ᠲᠣᠰ ᠲᠣᠰ ᠤᠨ ᠣᠨᠴᠠᠯᠢᠭ ᠪᠥᠬᠦᠶ ᠣᠷᠣᠨ ᠪᠦᠰᠡ ᠶᠢᠨ ᠰᠢᠨ᠎ᠡ ᠡᠭᠦᠳᠦᠯᠲᠡ ᠲᠠᠢ ᠬᠥᠭᠵᠢᠬᠦ ᠪᠠᠶᠢᠷᠢᠰᠢᠯ ᠢ ᠪᠠᠶᠢᠭᠤᠯᠤᠨ᠎ᠠ᠃
— ᠣᠳᠣᠬᠠᠨ ᠤ ᠪᠠ ᠠᠯᠤᠰ ᠬᠡᠳᠤ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠶᠡᠷᠦᠩᠬᠡᠶ ᠳᠤ ᠨᠢ ᠵᠢᠷᠤᠭᠯᠠᠨ ᠲᠥᠯᠥᠪᠯᠡᠬᠦ ᠶᠢ ᠪᠠᠷᠢᠮᠲᠠᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠡᠯ᠎ᠡ ᠲᠥᠷᠥᠯ ᠤᠨ ᠵᠦᠢᠯᠡᠰ ᠢ ᠪᠦᠬᠦ ᠲᠠᠯ᠎ᠠ ᠪᠠᠷ ᠰᠢᠰᠲ᠋ᠧᠮ ᠲᠠᠢ ᠡᠮᠬᠢᠯᠡᠨ ᠲᠢᠭᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠯᠦᠭᠡ ᠵᠤᠬᠢᠴᠠᠯᠳᠤᠵᠦ ᠬᠤᠯᠪᠤᠭᠠᠯᠠᠨ ᠬᠦᠳᠡᠯᠦᠯᠴᠡᠬᠦ ᠶᠢ ᠴᠢᠩᠭᠠᠳᠬᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠲᠠᠢ ᠬᠥᠭᠵᠢᠭᠦᠯᠬᠦ ᠡᠳ᠋ ᠤᠨ ᠵᠠᠰᠠᠭ ᠤᠨ ᠪᠠᠶᠢᠭᠤᠯᠤᠯ ᠪᠠ ᠲᠦᠷᠦ ᠶᠢᠨ ᠪᠤᠳᠤᠯᠭ᠎ᠠ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠬᠤ ᠶᠢ ᠪᠠᠷᠢᠮᠲᠠᠯᠠᠨ᠂ ᠬᠥᠳᠡᠯᠦᠩᠭᠦᠶ ᠲᠣᠬᠢᠷᠠᠭᠤᠯᠤᠯᠲᠠ ᠬᠢᠬᠦ ᠲᠣᠭᠲᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠤᠳᠤ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠲᠥᠷᠥ ᠶᠢᠨ ᠪᠤᠳᠤᠯᠭ᠎ᠠ ᠶᠢ ᠶᠡᠷᠦᠩᠬᠡᠶ ᠳᠤ ᠨᠢ ᠲᠣᠭᠲᠠᠭᠤᠨ ᠪᠠᠶᠢᠯᠭᠠᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠤᠳᠤ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯ ᠨᠢ ᠨᠡᠯᠢᠶᠡᠳ ᠰᠢᠨᠵᠢᠯᠡᠬᠦ ᠤᠬᠠᠭᠠᠨᠴᠢ ᠪᠥᠭᠡᠳ ᠵᠣᠬᠢᠰᠲᠠᠢ ᠪᠠᠶᠢᠬᠤ ᠪᠠ ᠪᠦᠲᠦᠮᠵᠢᠲᠡᠶ ᠶᠠᠪᠤᠭᠳᠠᠵᠤ ᠪᠠᠶᠢᠭ᠎ᠠ ᠵᠦᠢᠯᠡᠰ ᠢ ᠨᠤᠲᠠᠯᠠᠨ ᠲᠣᠭᠲᠠᠭᠠᠨ᠎ᠠ︔ ᠤᠳᠤ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯ ᠨᠢ ᠵᠤᠬᠢᠰ ᠦᠭᠡᠢ ᠪᠣᠯᠪᠠᠴᠤ ᠥᠭᠡᠷᠡᠴᠢᠯᠡᠯᠲᠡ ᠬᠢᠬᠦ ᠨᠥᠬᠦᠴᠡᠯ ᠨᠢ ᠬᠠᠷᠢᠴᠠᠩᠭᠤᠢ ᠪᠠᠷ ᠪᠣᠯᠪᠠᠰᠤᠷᠠᠩᠭᠤᠶ ᠪᠣᠯᠤᠭᠰᠠᠨ ᠵᠦᠢᠯᠡᠰ ᠲᠤ ᠲᠤᠬᠢᠷᠠᠭᠤᠯᠤᠯᠳᠠ ᠬᠢᠨ᠎ᠠ︔ ᠥᠭᠡᠷᠡᠴᠢᠯᠡᠯᠲᠡ ᠬᠢᠬᠦ ᠨᠥᠬᠦᠴᠡᠯ ᠢ ᠬᠠᠷᠠᠬᠠᠨ ᠪᠦᠷᠢᠯᠳᠦᠭᠦᠯᠦᠭᠡᠳᠦᠶ ᠵᠦᠢᠯᠡᠰ ᠲᠤ᠂ ᠥᠭᠡᠷᠡᠴᠢᠯᠡᠯᠲᠡ ᠶᠢᠨ ᠴᠢᠭᠯᠡᠯ ᠢ ᠲᠣᠳᠣᠷᠬᠠᠢ ᠲᠣᠭᠲᠠᠭᠠᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯᠲᠠ ᠶᠢᠨ ᠪᠠᠶᠢᠷᠢᠰᠢᠯ ᠢ ᠨᠢ ᠲᠦᠷ ᠴᠠᠭ ᠦᠷᠭᠦᠯᠵᠢᠯᠡᠭᠦᠯᠬᠦ ᠶᠢᠨ ᠬᠠᠮᠲᠤ᠂ ᠬᠠᠮᠢᠶ᠎ᠠ ᠪᠥᠬᠦᠶ ᠬᠦᠷᠢᠶᠡᠨ ᠳᠠᠬᠢ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠠᠬᠢᠴᠠ ᠵᠡᠷᠭᠡ ᠶᠢᠨ ᠪᠠᠶᠢᠳᠠᠯ ᠢ ᠦᠨᠳᠦᠰᠦᠯᠡᠨ ᠴᠠᠭ ᠲᠤ ᠨᠢ ᠳᠣᠭᠢᠷᠠᠭᠤᠯᠤᠨ ᠲᠣᠬᠢᠷᠠᠭᠤᠯᠤᠯᠲᠠ ᠬᠢᠨ᠎ᠠ᠃
ᠬᠤᠶᠠᠷ᠂ ᠭᠤᠤᠯ ᠠᠭᠤᠯᠭ᠎ᠠ
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠡᠷᠦᠩᠬᠡᠶ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠣᠨᠴᠠᠯᠢᠭ ᠶᠣᠰᠣᠭᠠᠷ᠂ ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠳᠣᠤᠷᠠᠬᠢ ᠨᠠᠢᠮᠠᠨ ᠵᠦᠢᠯ ᠤᠨ ᠠᠭᠤᠯᠭ᠎ᠠ ᠪᠣᠯᠭᠠᠨ ᠬᠤᠪᠢᠶᠠᠨ᠎ᠠ᠃
︵ᠨᠢᠭᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠨᠡᠭᠡᠭᠡᠯᠲᠡ᠃ ᠡᠳ᠋ ᠤᠨ ᠵᠠᠰᠠᠭ ᠤᠨ ᠪᠡᠯᠡ ᠮᠥᠩᠭᠦ ᠶᠢ ᠠᠰᠢᠭᠯᠠᠵᠤ ᠪᠠᠶᠢᠭᠤᠯᠤᠭᠠᠳ ᠰᠠᠭᠤᠷᠢ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠪᠠ ᠮᠡᠷᠭᠡᠵᠢᠯ ᠤᠨ ᠰᠤᠳᠤᠯᠭᠠᠨ ᠨᠡᠭᠡᠭᠡᠯᠲᠡ ᠵᠡᠷᠭᠡ ᠶᠢ ᠳᠡᠮᠵᠢᠬᠦ ᠳᠤ ᠬᠡᠷᠡᠭᠯᠡᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ︵ᠲᠤᠰᠬᠠᠶ ᠵᠦᠢᠯ᠂ ᠰᠠᠭᠤᠷᠢ ᠮᠥᠩᠭᠦ ᠵᠡᠷᠭᠡ︶ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠪᠠ ᠠᠶᠢᠮᠠᠭ ᠬᠤᠲᠠ ᠶᠢᠨ ᠡᠳ᠋ ᠤᠨ ᠵᠠᠰᠠᠭ ᠨᠢ ᠠᠳᠠᠯᠢ ᠪᠤᠰᠤ ᠪᠠᠶᠢᠳᠠᠯ ᠢᠶᠠᠷ ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃
1. ᠰᠠᠭᠤᠷᠢ ᠰᠤᠳᠤᠯᠭᠠᠨ᠃
︵1︶ ᠴᠢᠯᠥᠭᠡᠲᠡᠶ ᠬᠠᠶᠢᠨ ᠰᠦᠪᠡᠭᠴᠢᠯᠡᠬᠦ ᠲᠥᠷᠥᠯ ᠤᠨ ᠰᠠᠭᠤᠷᠢ ᠰᠤᠳᠤᠯᠭᠠᠨ ᠨᠢ ᠦᠯᠦ ᠮᠡᠳᠡᠬᠦ ᠰᠢᠨᠵᠢᠯᠡᠬᠦ ᠤᠬᠠᠭᠠᠨ ᠤ ᠠᠰᠠᠭᠤᠳᠠᠯ ᠢ ᠬᠠᠶᠢᠨ ᠰᠦᠪᠡᠭᠴᠢᠯᠡᠬᠦ ᠳᠤ ᠠᠩᠬᠠᠷᠤᠯ ᠲᠦᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠨᠢ ᠭᠤᠣᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠡᠭᠦᠰᠦᠯᠲᠡ ᠠᠴᠠ ᠨᠢ ᠰᠢᠨ᠎ᠡ ᠶᠢ ᠡᠭᠦᠳᠬᠦ ᠶᠢ ᠳᠡᠮᠵᠢᠬᠦ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠭᠤᠷᠢ ᠰᠤᠳᠤᠯᠭᠠᠨ ᠪᠠ ᠰᠢᠨᠵᠢᠯᠡᠬᠦ ᠤᠬᠠᠭᠠᠨ ᠤ ᠬᠤᠰᠢᠭᠤᠷᠠᠬᠤ ᠰᠦᠪᠡᠭᠴᠢᠯᠡᠯᠲᠡ ᠶᠢ ᠴᠢᠩᠭᠠᠳᠬᠠᠨ᠎ᠠ᠃ ᠰᠠᠭᠤᠷᠢ ᠰᠤᠳᠤᠯᠭᠠᠨ ᠤ ᠣᠷᠣᠨ ᠪᠦᠰᠡ ᠶᠢᠨ ᠪᠠᠶᠢᠷᠢᠯᠠᠭᠤᠯᠤᠯᠲᠠ ᠲᠠᠢ ᠤᠶᠠᠯᠳᠤᠭᠤᠯᠤᠨ ᠠᠶᠢᠮᠠᠭ ᠬᠤᠲᠠ ᠶᠢᠨ ᠪᠡᠶ᠎ᠡ ᠪᠠᠨ ᠳᠠᠭᠠᠭᠠᠵᠤ ᠪᠠᠶᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ︵ᠲᠤᠰᠬᠠᠶ ᠵᠦᠢᠯ᠂ ᠰᠠᠭᠤᠷᠢ ᠮᠥᠩᠭᠦ ᠵᠡᠷᠭᠡ︶ ᠳᠤ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠰᠢᠯᠵᠢᠭᠦᠯᠦᠨ ᠥᠭᠬᠦ ᠪᠠᠷ ᠳᠠᠮᠵᠢᠭᠤᠯᠤᠨ ᠨᠢᠭᠡᠳᠦᠯᠲᠡᠶ ᠲᠥᠯᠥᠪᠯᠡᠨ ᠳᠡᠮᠵᠢᠯᠭᠡ ᠦᠵᠡᠭᠦᠯᠦᠨ᠎ᠡ᠃
︵2︶ ᠬᠠᠷᠠᠯᠲᠠ ᠪᠠᠷ ᠤᠳᠤᠷᠢᠳᠤᠮᠵᠢ ᠪᠣᠯᠭᠠᠬᠤ ᠲᠥᠷᠥᠯ ᠤᠨ ᠰᠠᠭᠤᠷᠢ ᠰᠤᠳᠤᠯᠭᠠᠨ ᠨᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠯᠤᠭ᠎ᠠ ᠨᠢᠭᠲᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠪᠠ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ ᠲᠣᠰ ᠡᠭᠦᠷᠭᠡᠯᠡᠨ᠎ᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠠ ᠪᠥᠬᠦ ᠣᠷᠣᠨ ᠤ ᠪᠡᠶ᠎ᠡ ᠪᠠᠨ ᠳᠠᠭᠠᠭᠠᠭᠰᠠᠨ ᠰᠢᠨ᠎ᠡ ᠡᠭᠦᠳᠦᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠰᠠᠭᠤᠷᠢ ᠰᠤᠳᠤᠯᠭᠠᠨ ᠤ ᠵᠦᠢᠯᠡᠰ ᠲᠤ ᠠᠩᠬᠠᠷᠤᠯ ᠲᠥᠪᠯᠡᠷᠡᠭᠦᠯᠦᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠭᠤᠤᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠠᠢ ᠲᠠᠢ ᠤᠶᠠᠯᠳᠤᠭᠤᠯᠵᠤ᠂ ᠬᠠᠮᠢᠶ᠎ᠠ ᠪᠦᠬᠦᠢ ᠲᠥᠯᠥᠪᠵᠢᠭᠦᠯᠭᠡ ᠵᠡᠷᠭᠡ ᠶᠢ ᠦᠨᠳᠦᠰᠦᠯᠡᠨ ᠠᠶᠢᠮᠠᠭ ᠬᠤᠲᠠ ᠶᠢᠨ ᠪᠡᠶ᠎ᠡ ᠪᠠᠨ ᠳᠠᠭᠠᠭᠠᠵᠤ ᠪᠠᠶᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ︵ᠲᠤᠰᠬᠠᠶ ᠵᠦᠢᠯ᠂ ᠰᠠᠭᠤᠷᠢ ᠮᠥᠩᠭᠦ ᠵᠡᠷᠭᠡ︶ ᠳᠤ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃
2. ᠬᠡᠷᠡᠭᠯᠡᠭᠡᠨ ᠤ ᠰᠤᠳᠤᠯᠭᠠᠨ ᠪᠠ ᠮᠡᠷᠭᠡᠵᠢᠯ ᠤᠨ ᠰᠤᠳᠤᠯᠭᠠᠨ ᠨᠡᠭᠡᠭᠡᠯᠳᠠ᠃ ᠬᠡᠷᠡᠭᠯᠡᠭᠡᠨ ᠤ ᠰᠤᠳᠤᠯᠭᠠᠨ ᠪᠠ ᠮᠡᠷᠭᠡᠵᠢᠯ ᠤᠨ ᠰᠤᠳᠤᠯᠭᠠᠨ ᠨᠡᠭᠡᠭᠡᠯᠲᠡ ᠨᠢ ᠭᠤᠣᠯᠳᠠᠭᠤ ᠨᠡᠶᠢᠭᠡᠮ ᠤᠨ ᠬᠥᠭᠵᠢᠯᠲᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠬᠦ ᠪᠣᠯᠬᠤᠷ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠪᠠ ᠠᠶᠢᠮᠠᠭ ᠬᠤᠲᠠ ᠶᠢᠨ ᠡᠳ᠋ ᠤᠨ ᠵᠠᠰᠠᠭ ᠨᠢ ᠠᠳᠠᠯᠢ ᠪᠤᠰᠤ ᠪᠠᠶᠢᠳᠠᠯ ᠢᠶᠠᠷ ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠭᠦᠨ ᠳᠤ᠂ ᠪᠦᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠭᠤᠣᠯᠳᠠᠯᠭ᠎ᠠ ᠲᠠᠢ ᠠᠵᠤ ᠦᠢᠯᠡᠰ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠳᠡᠰ ᠳᠡᠪᠰᠢᠬᠦ ᠶᠢ ᠠᠬᠢᠭᠤᠯᠬᠤ᠂ ᠰᠢᠨ᠎ᠡ ᠪᠠᠷ ᠪᠤᠶ ᠪᠣᠯᠤᠭᠰᠠᠨ ᠠᠵᠤ ᠦᠢᠯᠡᠰ ᠢ ᠪᠤᠶᠢᠵᠢᠭᠤᠯᠬᠤ ᠨᠡᠶᠢᠲᠡᠯᠢᠭ ᠴᠢᠨᠠᠷᠲᠠᠶ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠪᠠ ᠦᠢᠯᠡᠳᠬᠦᠨ ᠤ ᠰᠤᠳᠤᠯᠭᠠᠨ ᠨᠡᠭᠡᠭᠡᠯᠲᠡ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠨᠢ ᠭᠤᠤᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠂ ᠭᠤᠤᠯᠳᠠᠭᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ᠂ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡᠨ ᠤ ᠰᠤᠳᠤᠯᠭᠠᠨ ᠬᠢᠭᠡᠳ ᠨᠡᠭᠡᠭᠡᠯᠲᠡ ᠶᠢᠨ ᠲᠤᠰᠬᠠᠶ ᠵᠦᠢᠯ ᠵᠡᠷᠭᠡ ᠪᠠᠷ ᠳᠠᠮᠵᠢᠭᠤᠯᠤᠨ ᠳᠡᠮᠵᠢᠯᠭᠡ ᠦᠵᠡᠭᠦᠯᠦᠨ᠎ᠡ︔ ᠠᠶᠢᠮᠠᠭ ᠬᠤᠲᠠ ᠶᠢᠨ ᠡᠳ᠋ ᠤᠨ ᠵᠠᠰᠠᠭ ᠨᠢ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠡᠭᠦᠷᠭᠡ ᠶᠢᠨ ᠪᠠᠶᠢᠷᠢᠯᠠᠭᠤᠯᠤᠯᠲᠠ ᠶᠢ ᠦᠨᠳᠦᠰᠦᠯᠡᠨ᠂ ᠲᠣᠰ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠠᠶᠢᠮᠠᠭ ᠬᠤᠲᠠ ᠶᠢᠨ ᠬᠠᠮᠢᠶ᠎ᠠ ᠪᠦᠬᠦᠢ ᠲᠥᠯᠥᠪᠵᠢᠭᠦᠯᠭᠡ ᠵᠡᠷᠭᠡ ᠶᠢ ᠦᠨᠳᠦᠰᠦᠯᠡᠨ ᠪᠡᠶ᠎ᠡ ᠪᠠᠨ ᠳᠠᠭᠠᠭᠠᠵᠤ ᠪᠠᠶᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ︵ᠲᠤᠰᠬᠠᠶ ᠵᠦᠢᠯ᠂ ᠰᠠᠭᠤᠷᠢ ᠮᠥᠩᠭᠦ ᠵᠡᠷᠭᠡ︶ ᠳᠤ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃
︵ᠬᠤᠶᠠᠷ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠬᠥᠭᠵᠢᠯᠲᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠳᠤ ᠥᠭᠬᠦ ᠨᠥᠬᠦᠪᠥᠷᠢ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠪᠠ ᠠᠶᠢᠮᠠᠭ ᠬᠤᠲᠠ ᠶᠢᠨ ᠡᠳ᠋ ᠤᠨ ᠵᠠᠰᠠᠭ ᠨᠢ ᠠᠳᠠᠯᠢ ᠪᠤᠰᠤ ᠪᠠᠶᠢᠳᠠᠯ ᠢᠶᠠᠷ ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠭᠦᠨ ᠳᠤ᠂ ᠪᠥᠬᠦ ᠣᠷᠣᠨ ᠤ ᠬᠠᠷᠠᠯᠲᠠ ᠶᠢ ᠪᠡᠶᠡᠯᠡᠭᠦᠯᠬᠦ ᠬᠡᠷᠡᠭᠴᠡᠭᠡ ᠱᠠᠭᠠᠷᠳᠠᠯᠭ᠎ᠠ ᠵᠢᠴᠢ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠬᠡᠷᠡᠭᠴᠡᠭᠡᠨ ᠤ ᠲᠣᠭᠤᠷᠢᠨ ᠳᠤ ᠪᠥᠲᠥᠭᠡᠨ ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠬᠥᠭᠵᠢᠯᠲᠡ ᠳᠤ᠂ ᠡᠳ᠋ ᠤᠨ ᠵᠠᠰᠠᠭ ᠤᠨ ᠡᠭᠦᠷᠭᠡᠯᠡᠬᠦ ᠪᠠᠯᠠ ᠮᠥᠩᠭᠦ ᠶᠢ ᠪᠣᠯ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠭᠤᠤᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠠᠶᠢᠮᠠᠭ ᠬᠤᠲᠠ ᠨᠢ ᠲᠣᠰ ᠭᠠᠵᠠᠷ ᠣᠷᠣᠨ ᠤ ᠬᠠᠮᠢᠶ᠎ᠠ ᠪᠦᠬᠦᠢ ᠲᠥᠯᠥᠪᠵᠢᠭᠦᠯᠭᠡ ᠵᠡᠷᠭᠡ ᠶᠢ ᠦᠨᠳᠦᠰᠦᠯᠡᠨ ᠪᠡᠶ᠎ᠡ ᠪᠠᠨ ᠳᠠᠭᠠᠭᠠᠵᠤ ᠪᠦᠲᠦᠭᠡᠨ ᠪᠠᠶᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠲᠤ᠂ ᠡᠳ᠋ ᠤᠨ ᠵᠠᠰᠠᠭ ᠤᠨ ᠡᠭᠦᠷᠭᠡᠯᠡᠬᠦ ᠪᠡᠯᠡ ᠮᠥᠩᠭᠦ ᠶᠢ ᠪᠣᠯ ᠠᠶᠢᠮᠠᠭ ᠬᠤᠲᠠ ᠶᠢᠨ ᠡᠳ᠋ ᠤᠨ ᠵᠠᠰᠠᠭ ᠨᠢ ᠭᠤᠤᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠨᠢ ᠰᠢᠯᠵᠢᠭᠦᠯᠦᠨ ᠥᠭᠬᠦ ᠪᠠᠷ ᠳᠠᠮᠵᠢᠭᠤᠯᠤᠨ ᠨᠢᠭᠡᠳᠦᠯᠲᠡᠶ ᠲᠥᠯᠥᠪᠯᠡᠨ ᠳᠡᠮᠵᠢᠯᠭᠡ ᠦᠵᠡᠭᠦᠯᠦᠨ᠎ᠡ᠃
︵ᠭᠤᠷᠪᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠲᠣᠭᠤᠷᠢᠨ ᠳᠤ᠂ ᠬᠠᠮᠢᠶ᠎ᠠ ᠪᠦᠬᠦᠢ ᠲᠥᠯᠥᠪᠵᠢᠭᠦᠯᠭᠡ ᠵᠡᠷᠭᠡ ᠶᠢ ᠦᠨᠳᠦᠰᠦᠯᠡᠨ ᠨᠢᠭᠡᠳᠦᠯᠲᠡᠶ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠲᠤᠰᠬᠠᠶ ᠵᠦᠢᠯ ᠢ ᠥᠪᠡᠷᠲᠡᠭᠡᠨ ᠵᠠᠰᠠᠬᠤ ᠣᠷᠣᠨ ᠪᠤᠶᠤ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠠᠳᠠᠯᠢ ᠱᠠᠲᠤᠨ ᠤ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠦᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠥᠮᠦᠵᠢᠭᠦᠯᠵᠦ ᠳᠡᠮᠵᠢᠬᠦ ᠵᠡᠷᠭᠡ ᠴᠢᠳᠠᠪᠤᠷᠢᠲᠠᠨ ᠳᠤ ᠬᠤᠯᠪᠣᠭᠳᠠᠭᠰᠠᠨ ᠲᠤᠰᠬᠠᠶ ᠵᠦᠢᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠠᠶᠢᠮᠠᠭ ᠬᠤᠲᠠ ᠶᠢᠨ ᠬᠠᠮᠢᠶ᠎ᠠ ᠪᠦᠬᠦᠢ ᠲᠥᠯᠥᠪᠵᠢᠭᠦᠯᠭᠡ ᠵᠡᠷᠭᠡ ᠪᠠᠷ ᠪᠡᠶ᠎ᠡ ᠪᠠᠨ ᠳᠠᠭᠠᠭᠠᠵᠤ ᠬᠡᠷᠡᠭᠵᠢᠭᠦᠯᠦᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠥᠮᠦᠵᠢᠭᠦᠯᠬᠦ ᠵᠡᠷᠭᠡ ᠴᠢᠳᠠᠪᠤᠷᠢᠲᠠᠨ ᠳᠤ ᠬᠤᠯᠪᠣᠭᠳᠠᠭᠰᠠᠨ ᠲᠤᠰᠬᠠᠶ ᠵᠦᠢᠯ ᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃
︵ᠳᠥᠷᠪᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠰᠢᠯᠵᠢᠭᠦᠯᠦᠨ ᠤᠯᠠᠷᠢᠭᠤᠯᠬᠤ᠃ ᠲᠦᠭᠰᠢᠭᠦᠷᠢ ᠶᠢᠨ ᠲᠦᠯᠦᠪᠦᠷᠢ᠂ ᠬᠤᠶᠢᠨᠠᠬᠢ ᠨᠥᠬᠦᠪᠥᠷᠢ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠵᠡᠷᠭᠡ ᠡᠳ᠋ ᠤᠨ ᠵᠠᠰᠠᠭ ᠤᠨ ᠣᠷᠣᠭᠤᠯᠤᠯᠲᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠵᠤ ᠳᠡᠮᠵᠢᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠰᠢᠯᠵᠢᠭᠦᠯᠦᠨ ᠤᠯᠠᠷᠢᠭᠤᠯᠬᠤ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠪᠠ ᠠᠶᠢᠮᠠᠭ ᠬᠤᠲᠠ ᠶᠢᠨ ᠡᠳ᠋ ᠤᠨ ᠵᠠᠰᠠᠭ ᠨᠢ ᠠᠳᠠᠯᠢ ᠪᠤᠰᠤ ᠪᠠᠶᠢᠳᠠᠯ ᠢᠶᠠᠷ ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠳᠤ ᠭᠤᠤᠯᠳᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠤᠰᠬᠠᠶ ᠵᠦᠢᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠵᠢᠯᠴᠠᠨ ᠰᠢᠨ᠎ᠡ ᠶᠢ ᠡᠭᠦᠳᠬᠦ ᠰᠠᠭᠤᠷᠢ ᠮᠥᠩᠭᠦᠨ ᠤ ᠬᠥᠲᠥᠯᠥᠨ ᠵᠢᠯᠣᠭᠤᠳᠬᠤ ᠪᠠ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠬᠤ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠲᠣᠭᠲᠠᠴᠠ ᠶᠢ ᠬᠡᠷᠡᠭᠯᠡᠵᠦ᠂ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ ᠲᠠᠲᠠᠵᠤ᠂ ᠪᠥᠬᠦ ᠣᠷᠣᠨ ᠤ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠠᠵᠤ ᠦᠢᠯᠡᠰ ᠯᠦᠭᠡ ᠬᠤᠯᠪᠣᠭ᠎ᠠ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠪᠠ ᠬᠥᠷᠥᠩᠭᠡᠵᠢᠭᠦᠯᠬᠦ᠂ ᠠᠵᠤ ᠦᠢᠯᠡᠰᠵᠢᠬᠦᠯᠬᠦ ᠶᠢ ᠠᠬᠢᠭᠤᠯᠬᠤ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠭᠤᠤᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠠᠶᠢᠮᠠᠭ ᠬᠤᠲᠠ ᠶᠢᠨ ᠡᠳ᠋ ᠤᠨ ᠵᠠᠰᠠᠭ ᠨᠢ ᠲᠤᠰ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠪᠡᠶ᠎ᠠ ᠪᠠᠨ ᠳᠠᠭᠠᠭᠠᠬᠤ ᠠᠷᠭ᠎ᠠ ᠪᠠᠷ ᠨᠡᠶᠢᠭᠡᠮ ᠤᠨ ᠬᠥᠷᠥᠩᠭᠡ ᠶᠢ ᠬᠥᠲᠥᠯᠥᠨ ᠵᠢᠯᠣᠭᠤᠳᠴᠤ ᠪᠠᠶᠢᠭᠠᠳ ᠣᠷᠣᠭᠤᠯᠤᠯᠲᠠ ᠶᠢ ᠨᠢ ᠨᠡᠮᠡᠭᠳᠡᠭᠦᠯᠵᠦ᠂ ᠲᠤᠰ ᠣᠷᠣᠨ ᠪᠦᠰᠡ ᠶᠢᠨ ᠭᠤᠤᠯᠳᠠᠯᠭ᠎ᠠ ᠲᠠᠢ ᠠᠵᠤ ᠦᠢᠯᠡᠰ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠳᠡᠮᠵᠢᠭᠰᠡᠨ ᠪᠠᠶᠢᠪᠠᠯ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠰᠢᠯᠵᠢᠭᠦᠯᠦᠨ ᠥᠭᠬᠦ ᠪᠠᠷ ᠳᠠᠮᠵᠢᠭᠤᠯᠤᠨ ᠨᠢᠭᠡᠳᠦᠯᠲᠡᠶ ᠲᠥᠯᠥᠪᠯᠡᠨ ᠳᠡᠮᠵᠢᠯᠭᠡ ᠦᠵᠡᠭᠦᠯᠦᠨ᠎ᠡ᠃
︵ᠲᠠᠪᠤ︶ ᠣᠷᠣᠨ ᠪᠦᠰᠡ ᠶᠢᠨ ᠰᠢᠨ᠎ᠡ ᠶᠢ ᠡᠭᠦᠳᠬᠦ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ᠃ ᠣᠷᠣᠨ ᠪᠦᠰᠡ ᠶᠢᠨ ᠰᠢᠨ᠎ᠡ ᠶᠢ ᠡᠭᠦᠳᠬᠦ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠡᠭᠦᠷᠭᠡᠯᠡᠬᠦ ᠡᠳ᠋ ᠤᠨ ᠵᠠᠰᠠᠭ ᠤᠨ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠪᠠ ᠠᠶᠢᠮᠠᠭ ᠬᠤᠲᠠ ᠶᠢᠨ ᠡᠳ᠋ ᠤᠨ ᠵᠠᠰᠠᠭ ᠨᠢ ᠠᠳᠠᠯᠢ ᠪᠤᠰᠤ ᠪᠠᠶᠢᠳᠠᠯ ᠢᠶᠠᠷ ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠪᠠᠶᠢᠷᠢᠯᠠᠭᠤᠯᠵᠤ ᠬᠡᠷᠡᠭᠵᠢᠭᠦᠯᠦᠭᠰᠡᠨ ᠣᠷᠣᠨ ᠪᠦᠰᠡ ᠶᠢᠨ ᠴᠢᠬᠤᠯᠠ ᠶᠡᠭᠡ ᠬᠠᠮᠲᠤᠷᠠᠯᠴᠠᠭ᠎ᠠ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠰᠢᠯᠵᠢᠭᠦᠯᠦᠨ ᠥᠭᠬᠦ ᠪᠠᠷ ᠳᠠᠮᠵᠢᠭᠤᠯᠤᠨ ᠨᠢᠭᠡᠳᠦᠯᠲᠡᠶ ᠲᠥᠯᠥᠪᠯᠡᠨ ᠳᠡᠮᠵᠢᠯᠭᠡ ᠦᠵᠡᠭᠦᠯᠦᠨ᠎ᠡ︔ ᠤᠯᠤᠰ ᠤᠨ ᠪᠡᠶ᠎ᠡ ᠪᠠᠨ ᠳᠠᠭᠠᠭᠠᠭᠰᠠᠨ ᠰᠢᠨ᠎ᠡ ᠡᠭᠦᠳᠦᠯᠲᠡ ᠶᠢᠨ ᠵᠢᠱᠢᠶ᠎ᠡ ᠦᠵᠡᠭᠦᠯᠬᠦ ᠣᠷᠣᠨ᠂ ᠤᠯᠤᠰ ᠤᠨ ᠦᠷᠭᠦᠯᠵᠢᠯᠡᠨ ᠭᠦᠭᠵᠢᠬᠦᠯᠬᠦ ᠶᠢᠨ ᠵᠥᠪᠯᠡᠬᠦ ᠳᠠᠷᠠᠭᠠᠯᠠᠯ ᠤᠨ ᠰᠢᠨ᠎ᠡ ᠡᠭᠦᠳᠦᠯᠲᠡ ᠶᠢᠨ ᠵᠢᠱᠢᠶ᠎ᠡ ᠦᠵᠡᠭᠦᠯᠬᠦ ᠣᠷᠣᠨ᠂ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠵᠡᠷᠭᠡ ᠣᠷᠣᠨ ᠪᠦᠰᠡ ᠶᠢᠨ ᠰᠢᠨ᠎ᠡ ᠶᠢ ᠡᠭᠦᠳᠬᠦ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠳᠤ ᠡᠭᠦᠷᠭᠡᠯᠡᠬᠦ ᠡᠳ᠋ ᠤᠨ ᠵᠠᠰᠠᠭ ᠤᠨ ᠪᠡᠯᠡ ᠮᠥᠩᠭᠦ ᠶᠢ ᠠᠶᠢᠮᠠᠭ ᠬᠤᠲᠠ ᠶᠢᠨ ᠡᠳ᠋ ᠤᠨ ᠵᠠᠰᠠᠭ ᠨᠢ ᠭᠤᠣᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠲᠥᠯᠥᠪᠵᠢᠭᠦᠯᠭᠡ᠂ ᠰᠠᠨᠠᠯ ᠵᠡᠷᠭᠡ ᠶᠢ ᠦᠨᠳᠦᠰᠦᠯᠡᠨ ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ᠂ ᠰᠢᠯᠵᠢᠭᠦᠯᠦᠨ ᠥᠭᠬᠦ ᠪᠠᠷ ᠳᠠᠮᠵᠢᠭᠤᠯᠤᠨ ᠨᠢᠭᠡᠳᠦᠯᠲᠡᠢ ᠲᠥᠯᠥᠪᠯᠡᠨ ᠳᠡᠮᠵᠢᠯᠭᠡ ᠦᠵᠡᠭᠦᠯᠦᠨ᠎ᠡ︔ ᠠᠶᠢᠮᠠᠭ ᠬᠤᠲᠠ ᠨᠢ ᠲᠤᠰ ᠭᠠᠵᠠᠷ ᠣᠷᠣᠨ ᠤ ᠬᠠᠮᠢᠶ᠎ᠠ ᠪᠦᠬᠦᠢ ᠲᠥᠯᠥᠪᠵᠢᠭᠦᠯᠭᠡ ᠵᠡᠷᠭᠡ ᠶᠢ ᠦᠨᠳᠦᠰᠦᠯᠡᠨ ᠪᠡᠶ᠎ᠡ ᠪᠠᠨ ᠳᠠᠭᠠᠭᠠᠵᠤ ᠥᠷᠨᠢᠭᠦᠯᠦᠭᠰᠡᠨ ᠣᠷᠣᠨ ᠪᠦᠰᠡ ᠶᠢᠨ ᠰᠢᠨ᠎ᠡ ᠶᠢ ᠡᠭᠦᠳᠬᠦ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠳᠤ ᠡᠭᠦᠷᠭᠡᠯᠡᠬᠦ ᠡᠳ᠋ ᠤᠨ ᠵᠠᠰᠠᠭ ᠤᠨ ᠪᠡᠯᠡ ᠮᠥᠩᠭᠦ ᠶᠢ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃
︵ᠵᠢᠷᠭᠤᠭ᠎ᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠮᠡᠳᠡᠯᠭᠡ ᠪᠣᠯᠪᠠᠰᠤᠷᠠᠯ ᠢ ᠳᠡᠭᠡᠭᠰᠢᠯᠡᠭᠦᠯᠬᠦ ᠵᠡᠷᠭᠡ ᠠᠵᠢᠯ ᠥᠷᠨᠢᠭᠦᠯᠬᠦ ᠪᠠᠲᠤᠯᠠᠭ᠎ᠠ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠪᠠ ᠠᠶᠢᠮᠠᠭ ᠬᠤᠲᠠ ᠶᠢᠨ ᠡᠳ᠋ ᠤᠨ ᠵᠠᠰᠠᠭ ᠨᠢ ᠠᠳᠠᠯᠢ ᠪᠤᠰᠤ ᠪᠠᠶᠢᠳᠠᠯ ᠢᠶᠠᠷ ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠲᠠᠰ ᠳᠠᠪᠬᠤᠷᠭ᠎ᠠ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠥᠭᠡᠮᠡᠯᠵᠢᠭᠦᠯᠬᠦ ᠠᠵᠢᠯ ᠥᠷᠨᠢᠭᠦᠯᠬᠦ ᠪᠠᠲᠤᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠭᠤᠤᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠠᠶᠢᠮᠠᠭ ᠬᠤᠲᠠ ᠶᠢᠨ ᠳᠡᠰ ᠳᠠᠪᠬᠤᠷᠭ᠎ᠠ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠥᠷᠨᠢᠭᠦᠯᠬᠦ ᠪᠠᠲᠤᠯᠠᠭ᠎ᠠ ᠳᠤ ᠠᠶᠢᠮᠠᠭ ᠬᠤᠲᠠ ᠶᠢᠨ ᠡᠳ᠋ ᠤᠨ ᠵᠠᠰᠠᠭ ᠨᠢ ᠭᠤᠤᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠰᠢᠯᠵᠢᠭᠦᠯᠦᠨ ᠥᠭᠬᠦ ᠪᠠᠷ ᠳᠠᠮᠵᠢᠭᠤᠯᠤᠨ ᠨᠢᠭᠡᠳᠦᠯᠲᠡᠢ ᠲᠥᠯᠥᠪᠯᠡᠨ ᠳᠡᠮᠵᠢᠯᠭᠡ ᠦᠵᠡᠭᠦᠯᠦᠨ᠎ᠡ᠃
︵ᠳᠣᠯᠤᠭ᠎ᠠ︶ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠶᠢᠨ ᠪᠦᠲᠦᠭᠡᠨ ᠪᠠᠶᠢᠭᠤᠯᠤᠯᠲᠠ᠃ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠶᠢ ᠠᠰᠢᠭᠯᠠᠵᠤ ᠪᠠᠶᠢᠭᠤᠯᠤᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠨᠥᠬᠦᠪᠥᠷᠢ ᠶᠢ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠪᠤᠶᠤ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠲᠣᠰ ᠲᠣᠰ ᠨᠤᠲᠠᠯᠠᠵᠤ ᠲᠣᠭᠲᠠᠭᠠᠭᠰᠠᠨ ᠪᠠᠶᠢᠪᠠᠯ᠂ ᠠᠳᠠᠯᠢ ᠱᠠᠲᠤᠨ ᠤ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠨᠥᠬᠦᠪᠥᠷᠢ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠨᠢ ᠠᠶᠢᠮᠠᠭ ᠬᠤᠲᠠ ᠶᠢᠨ ᠨᠠᠶᠢᠳᠠᠭᠰᠠᠨ ᠲᠤᠬᠠᠶᠢᠯᠠᠭᠰᠠᠨ ᠠᠵᠢᠯ ᠢ ᠡᠭᠦᠷᠭᠡᠯᠡᠵᠦ ᠪᠠᠶᠢᠪᠠᠯ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠣᠬᠢᠰᠲᠠᠶ ᠨᠥᠬᠦᠪᠥᠷᠢ ᠣᠯᠭᠤᠨ᠎ᠠ︔ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠨᠥᠬᠦᠪᠥᠷᠢ ᠶᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃
︵ᠨᠠᠢᠮᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠵᠢᠭᠰᠠᠭᠠᠭᠰᠠᠨ ᠦᠭᠡᠢ ᠪᠤᠰᠤᠳ ᠵᠦᠢᠯ᠃ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠪᠠ ᠬᠠᠮᠲᠤᠷᠠᠯᠴᠠᠭᠠᠨ ᠳᠤ ᠣᠷᠤᠯᠴᠠᠬᠤ ᠬᠤᠯᠪᠣᠭᠳᠠᠯ ᠪᠥᠬᠦᠢ ᠵᠦᠢᠯᠡᠰ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠭᠠᠳᠠᠭᠠᠳᠤ ᠬᠠᠷᠢᠯᠴᠠᠭ᠎ᠠ ᠭᠠᠳᠠᠭᠠᠳᠤ ᠶᠠᠪᠤᠳᠠᠯ ᠤᠨ ᠬᠦᠷᠢᠶᠡᠨ ᠤ ᠥᠭᠡᠷᠡᠴᠢᠯᠡᠯᠲᠡ ᠶᠢᠨ ᠲᠥᠰᠦᠯ ᠤᠨ ᠶᠣᠰᠣᠭᠠᠷ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠠᠷᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠵᠦ᠂ ᠭᠤᠤᠯᠳᠠᠭᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠤᠶᠤ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠵᠦᠢᠯᠡᠰ ᠲᠤ ᠬᠡᠷᠡᠭᠯᠡᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠬᠢᠭᠡᠳ ᠦᠢᠯᠡᠴᠢᠯᠡᠭᠡ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠪᠠ ᠨᠡᠶᠢᠭᠡᠮ ᠤᠨ ᠪᠤᠰᠤᠳ ᠬᠦᠴᠦᠨ ᠤ ᠪᠠᠶᠢᠭᠤᠯᠤᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠣᠳᠣ ᠶᠢᠨ ᠬᠡᠷᠡᠭᠵᠢᠭᠦᠯᠵᠦ ᠪᠠᠶᠢᠭ᠎ᠠ ᠬᠠᠮᠢᠶᠠᠷᠤᠯᠲᠠ ᠶᠢᠨ ᠪᠠᠶᠢᠭᠤᠯᠤᠯ ᠪᠠ ᠵᠠᠷᠤᠳᠠᠯ ᠤᠨ ᠠᠷᠭ᠎ᠠ ᠵᠠᠮ ᠢᠶᠠᠷ ᠪᠠᠲᠤᠯᠠᠬᠤ ᠪᠤᠶᠤ ᠳᠡᠮᠵᠢᠨ᠎ᠡ᠃ ᠵᠢᠭᠰᠠᠭᠠᠭᠰᠠᠨ ᠥᠬᠡᠶ ᠪᠤᠰᠤᠳ ᠵᠦᠢᠯᠡᠰ ᠲᠤ᠂ ᠥᠭᠡᠷᠡᠴᠢᠯᠡᠯᠲᠡ ᠶᠢᠨ ᠶᠡᠷᠦᠩᠬᠡᠶ ᠱᠠᠭᠠᠷᠳᠠᠯᠭ᠎ᠠ ᠪᠠ ᠵᠦᠢᠯᠡᠰ ᠤᠨ ᠣᠨᠴᠠᠯᠢᠭ ᠶᠣᠰᠣᠭᠠᠷ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠪᠣᠳᠠᠲᠠᠶ ᠲᠣᠭᠲᠠᠭᠠᠨ᠎ᠠ᠃
ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠨ ᠳᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠣᠨᠣᠯ ᠪᠠ ᠪᠣᠳᠠᠲᠤ ᠠᠰᠠᠭᠤᠳᠠᠯ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠴᠢᠬᠤᠯᠠ ᠶᠡᠭᠡ ᠰᠠᠭᠤᠷᠢ ᠣᠨᠣᠯ ᠤᠨ ᠠᠰᠠᠭᠤᠳᠠᠯ ᠤᠨ ᠲᠣᠭᠤᠷᠢᠨ ᠳᠤ ᠥᠷᠨᠢᠭᠦᠯᠦᠭᠰᠡᠨ ᠰᠤᠳᠤᠯᠭᠠᠨ ᠵᠢᠴᠢ ᠥᠪᠡᠷᠲᠡᠭᠡᠨ ᠵᠠᠰᠠᠬᠤ ᠣᠷᠣᠨ ᠤ ᠳᠡᠭᠡᠳᠦ ᠲᠠᠰ ᠤᠨ ᠣᠶᠤᠨ ᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠵᠦᠢᠯᠡᠰ ᠲᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠭᠤᠤᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠰᠤᠳᠤᠯᠭᠠᠨ ᠤ ᠡᠭᠦᠷᠭᠡ ᠶᠢᠨ ᠪᠠᠶᠢᠷᠢᠯᠠᠭᠤᠯᠤᠯᠲᠠ ᠪᠠ ᠣᠷᠣᠨ ᠨᠤᠲᠤᠭ ᠤᠨ ᠪᠣᠳᠠᠲᠠᠢ ᠪᠠᠨ ᠦᠨᠳᠦᠰᠦᠯᠡᠨ ᠢᠳᠡᠪᠬᠢᠲᠡᠶ ᠳᠡᠮᠵᠢᠯᠭᠡ ᠦᠵᠡᠭᠦᠯᠦᠨ᠎ᠡ︔ ᠠᠶᠢᠮᠠᠭ ᠬᠤᠲᠠ ᠨᠢ ᠲᠣᠰ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠬᠠᠮᠢᠶ᠎ᠠ ᠪᠦᠬᠦᠢ ᠲᠥᠯᠥᠪᠵᠢᠭᠦᠯᠪᠡ ᠵᠡᠷᠭᠡ ᠶᠢ ᠦᠨᠳᠦᠰᠦᠯᠡᠨ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠠᠯ᠎ᠠ ᠶᠢᠨ ᠲᠤᠰᠬᠠᠶ ᠵᠦᠢᠯ ︵ᠰᠠᠭᠤᠷᠢ ᠮᠥᠩᠭᠦ ᠵᠡᠷᠭᠡ︶ ᠢ ᠪᠡᠶ᠎ᠡ ᠪᠠᠨ ᠳᠠᠭᠠᠭᠠᠵᠤ ᠪᠠᠶᠢᠭᠤᠯᠤᠭᠰᠠᠨ ᠪᠣᠯ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃
ᠭᠤᠷᠪᠠ᠂ ᠲᠦᠭᠦᠷ ᠠᠷᠭ᠎ᠠ ᠬᠡᠮᠵᠢᠶ᠎ᠡ
︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠦᠨᠡᠨ ᠬᠦ ᠴᠢᠩᠭᠠᠳᠬᠠᠬᠤ ᠬᠡᠷᠡᠭᠲᠡᠶ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠶᠠᠪᠤᠳᠠᠯ ᠪᠣᠯ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ᠂ ᠣᠲᠣ ᠦᠶ᠎ᠡ ᠶᠢᠨ ᠡᠳ᠋ ᠤᠨ ᠵᠠᠰᠠᠭ ᠤᠨ ᠲᠦᠷᠢᠮ ᠢ ᠲᠦᠷᠭᠡᠳᠬᠡᠨ ᠪᠠᠶᠢᠭᠤᠯᠬᠤ ᠶᠢᠨ ᠴᠢᠬᠤᠯᠠ ᠠᠭᠤᠯᠭ᠎ᠠ ᠪᠣᠯᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ︽ᠳᠥᠷᠪᠡᠨ ᠦᠵᠡᠯ ᠤᠬᠠᠮᠰᠠᠷ︾ ᠢ ᠪᠠᠲᠤ ᠪᠠᠬᠢ ᠪᠤᠢ ᠪᠣᠯᠭᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ ᠬᠡᠷᠡᠭᠵᠢᠭᠦᠯᠦᠨ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠨᠢᠭᠲᠠ ᠵᠣᠬᠢᠴᠠᠭᠤᠯᠵᠤ ᠬᠠᠮᠵᠢᠯᠴᠠᠨ᠂ ᠥᠭᠡᠷᠡᠴᠢᠯᠡᠯᠲᠡ ᠶᠢᠨ ᠠᠵᠢᠯ ᠤᠨ ᠡᠮᠬᠢ ᠵᠢᠷᠤᠮ ᠲᠠᠢ ᠠᠬᠢᠬᠤ ᠶᠢ ᠦᠨᠡᠨ ᠬᠦ ᠪᠠᠲᠤᠯᠠᠬᠤ ᠬᠡᠷᠡᠭᠲᠡᠢ᠃
︵ᠬᠤᠶᠠᠷ︶ ᠡᠯ᠎ᠡ ᠱᠠᠲᠤᠨ ᠤ ᠡᠳ᠋ ᠤᠨ ᠬᠦᠴᠦᠨ ᠤ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠵᠠᠷᠤᠯᠭ᠎ᠠ ᠶᠢᠨ ᠭᠤᠤᠯᠳᠠᠯᠭ᠎ᠠ ᠲᠠᠢ ᠬᠦᠷᠢᠶ᠎ᠡ ᠪᠣᠯᠭᠠᠬᠤ ᠶᠢ ᠢᠮᠠᠭᠲᠠ ᠪᠠᠷᠢᠮᠲᠠᠯᠠᠨ᠂ ᠲᠤᠰ ᠲᠥᠰᠦᠯ ᠳᠤ ᠲᠣᠭᠲᠠᠭᠠᠭᠰᠠᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠣᠰᠣᠭᠠᠷ ᠲᠥᠰᠦᠪ ᠤᠨ ᠲᠤᠬᠢᠷᠠᠭᠤᠯᠤᠯᠳᠠ ᠶᠢ ᠰᠠᠶᠢᠲᠤᠷ ᠬᠢᠵᠦ᠂ ᠡᠳ᠋ ᠤᠨ ᠵᠠᠰᠠᠭ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠣᠷᠣᠭᠤᠯᠤᠯᠲᠠ ᠬᠢᠬᠦ ᠡᠷᠴᠢᠮ ᠢ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ᠃ ᠪᠦᠬᠦ ᠨᠡᠶᠢᠭᠡᠮ ᠤᠨ ᠬᠢᠨ ᠢ ᠬᠥᠲᠥᠯᠥᠨ ᠵᠢᠯᠣᠭᠤᠳᠴᠤ ᠪᠠᠶᠢᠭᠠᠳ ᠰᠤᠳᠤᠯᠤᠨ ᠨᠡᠭᠡᠭᠡᠬᠦ ᠲᠠᠯ᠎ᠠ ᠪᠠᠷ ᠬᠢ ᠣᠷᠣᠭᠤᠯᠤᠯᠲᠠ ᠶᠢ ᠨᠢ ᠨᠡᠮᠡᠭᠳᠡᠭᠦᠯᠦᠨ᠂ ᠰᠠᠭᠤᠷᠢ ᠰᠤᠳᠤᠯᠭᠠᠨ ᠵᠡᠷᠭᠡ ᠣᠯᠠᠨ ᠨᠡᠶᠢᠲᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠶᠢ ᠳᠡᠮᠵᠢᠬᠦ ᠡᠷᠴᠢᠮ ᠢ ᠨᠢ ᠴᠢᠩᠭᠠᠷᠠᠭᠤᠯᠵᠦ᠂ ᠲᠣᠭᠲᠠᠭᠤᠨ ᠢᠶᠠᠷ ᠳᠡᠮᠵᠢᠬᠦ ᠪᠠ ᠥᠷᠢᠰᠥᠯᠳᠦᠭᠡᠨ ᠤ ᠴᠢᠨᠠᠷᠲᠠᠶ ᠳᠡᠮᠵᠢᠬᠦ ᠶᠢ ᠵᠣᠬᠢᠴᠠᠭᠤᠯᠤᠭᠰᠠᠨ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠰᠢᠨᠵᠢᠯᠡᠬᠦ ᠤᠬᠠᠭᠠᠨ ᠤ ᠰᠤᠳᠤᠯᠭᠠᠨ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠬᠥᠮᠦᠵᠢᠭᠦᠯᠬᠦ ᠪᠠ ᠰᠠᠭᠤᠷᠢᠨ ᠭᠠᠵᠠᠷ ᠪᠥᠲᠥᠭᠡᠨ ᠪᠠᠶᠢᠭᠤᠯᠬᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃
︵ᠭᠤᠷᠪᠠ︶ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠶ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠱᠠᠭᠠᠷᠳᠠᠯᠭ᠎ᠠ ᠶᠣᠰᠣᠭᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠣᠨᠴᠠᠯᠢᠭ ᠲᠠᠢ ᠨᠢᠭᠲᠠ ᠤᠶᠠᠯᠳᠤᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠣᠭᠲᠠᠴᠠ ᠶᠢ ᠲᠦᠷᠭᠡᠪᠴᠢᠯᠡᠨ ᠪᠠᠶᠢᠭᠤᠯᠵᠦ ᠪᠦᠷᠢᠨᠰᠢᠭᠦᠯᠦᠨ᠂ ᠠᠮᠵᠢᠯᠲᠠ ᠪᠦᠲᠦᠮᠵᠢ ᠶᠢᠨ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠵᠤ᠂ ᠡᠳ᠋ ᠤᠨ ᠵᠠᠰᠠᠭ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠪᠡᠯᠡ ᠮᠥᠩᠭᠦ ᠲᠣᠬᠢᠷᠠᠭᠤᠯᠬᠤ ᠦᠷ᠎ᠡ ᠪᠦᠲᠦᠮᠵᠢ ᠪᠠ ᠬᠡᠷᠡᠭᠯᠡᠬᠦ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ︽ᠬᠡᠨ ᠬᠡᠷᠡᠭᠯᠡᠪᠡᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠳᠤ ᠬᠢᠨᠠᠯᠲᠠ ᠲᠠᠯᠪᠢᠵᠤ ᠬᠠᠷᠢᠭᠤᠴᠠᠯᠭ᠎ᠠ ᠬᠡᠯᠡᠯᠴᠡᠬᠦ ᠪᠠ ᠠᠵᠢᠯ ᠤᠨ ᠰᠢᠯᠭᠠᠨ ᠬᠢᠨᠠᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠲᠥᠰᠦᠪ ᠤᠨ ᠬᠠᠮᠢᠶᠠᠷᠤᠯᠲᠠ ᠶᠢᠨ ᠬᠢᠷᠢ ᠲᠦᠪᠰᠢᠨ ᠪᠠ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃
︵ᠳᠥᠷᠪᠡ︶ ᠬᠠᠮᠢᠶ᠎ᠠ ᠪᠥᠬᠦᠶ ᠥᠭᠡᠷᠡᠴᠢᠯᠡᠯᠲᠡ ᠶᠢ ᠬᠠᠮᠵᠢᠯᠴᠠᠨ ᠭᠦᠨᠵᠡᠭᠡᠶᠢᠷᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠯᠦᠪᠯᠡᠬᠡᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠢᠮ᠎ᠡ ᠶᠣᠰᠣᠨ ᠳᠤ ᠨᠠᠩ ᠢᠯᠡᠭᠦᠤ ᠨᠡᠶᠢᠴᠡᠭᠦᠯᠦᠭᠰᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠨᠠᠩ ᠥᠨᠳᠥᠷ ᠦᠷ᠎ᠡ ᠪᠦᠲᠦᠮᠵᠢᠲᠡᠶ ᠪᠠᠷ ᠲᠣᠬᠢᠷᠠᠭᠤᠯᠤᠭᠰᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠭᠡᠳ ᠠᠵᠤ ᠠᠬᠤᠶ ᠨᠡᠶᠢᠭᠡᠮ ᠤᠨ ᠨᠢᠭᠲᠠ ᠤᠶᠠᠯᠳᠤᠯ ᠢ ᠨᠠᠩ ᠴᠢᠩᠭᠠᠳᠬᠠᠭᠰᠠᠨ ᠪᠠᠶᠢᠬᠤ ᠬᠡᠷᠡᠭᠲᠡᠶ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠱᠠᠭᠠᠷᠳᠠᠯᠭ᠎ᠠ ᠶᠣᠰᠣᠭᠠᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠵᠠᠷᠤᠳᠠᠯ ᠢ ᠬᠥᠮᠦᠨ ᠤ ᠪᠦᠲᠦᠭᠡᠯᠴᠢ ᠴᠢᠨᠠᠷᠲᠠᠶ ᠠᠵᠢᠯᠯᠠᠭ᠎ᠠ ᠳᠤ ᠨᠠᠩ ᠰᠠᠶᠢᠨ ᠦᠢᠯᠡᠴᠢᠯᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠥᠮᠴᠢᠯᠡᠬᠦ ᠡᠷᠬᠡ ᠪᠤᠶᠤ ᠤᠷᠲᠤ ᠬᠤᠭᠤᠴᠠᠭ᠎ᠠ ᠪᠠᠷ ᠬᠡᠷᠡᠭᠯᠡᠬᠦ ᠡᠷᠬᠡ ᠣᠯᠭᠤᠬᠤ ᠶᠢ ᠰᠦᠪᠡᠭᠴᠢᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠢᠳᠡᠪᠬᠢᠵᠢᠯ ᠪᠠ ᠪᠦᠲᠦᠭᠡᠯᠴᠢ ᠴᠢᠨᠠᠷ ᠢ ᠳᠠᠶᠢᠴᠢᠯᠠᠬᠤ ᠬᠡᠷᠡᠭᠲᠡᠶ᠃
︵ᠲᠠᠪᠤ︶ ᠳᠦᠷᠢᠮ ᠤᠳ ᠢ ᠱᠠᠯᠠᠪᠳᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠤᠰ ᠲᠥᠰᠦᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠪᠥᠬᠦ ᠲᠠᠯ᠎ᠠ ᠪᠠᠷ ᠰᠢᠰᠲ᠋ᠧᠮ ᠲᠠᠢ ᠪᠠᠷ ᠳᠢᠭᠯᠡᠵᠦ ᠡᠮᠬᠢᠯᠡᠭᠰᠡᠨ ᠰᠠᠭᠤᠷᠢᠨ ᠳᠡᠭᠡᠷ᠎ᠡ᠂ ᠬᠠᠮᠢᠶ᠎ᠠ ᠪᠥᠬᠦᠶ ᠬᠠᠮᠢᠶᠠᠷᠤᠯᠲᠠ ᠶᠢᠨ ᠲᠦᠷᠢᠮ ᠢ ᠱᠠᠯᠠᠪᠳᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠦᠨᠳᠦᠰᠦᠨ ᠵᠢᠷᠤᠮᠵᠢᠯ ᠢᠶᠠᠨ ᠢᠯᠡᠷᠡᠭᠦᠯᠬᠦ ᠶᠢ ᠨᠢ ᠠᠬᠢᠭᠤᠯᠵᠤ᠂ ᠬᠠᠤᠯᠢᠵᠢᠭᠰᠠᠨ ᠪᠠ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃
ᠲᠣᠰ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
ᠰᠤᠷᠭᠠᠨ ᠬᠥᠮᠦᠵᠢᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ
︽ᠰᠤᠷᠭᠠᠨ ᠬᠥᠮᠦᠵᠢᠯ ᠤᠨ ᠬᠦᠷᠢᠶᠡᠨ ᠳᠠᠬᠢ ᠲᠥᠪ ᠬᠢᠭᠡᠳ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2019﹈ 27 ᠳ᠋ᠤᠭᠠᠷ ᠲᠣᠭᠠᠲᠤ︶᠂ ︽ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2018﹈ 46 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠡᠳᠦᠭᠡ ᠰᠤᠷᠭᠠᠨ ᠬᠥᠮᠦᠵᠢᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠳᠤ ᠳᠣᠤᠷᠠᠬᠢ ᠲᠥᠰᠦᠯ ᠢ ᠲᠣᠭᠲᠠᠭᠠᠪᠠ᠃
ᠨᠢᠭᠡ᠂ ᠶᠡᠷᠦᠩᠬᠡᠶ ᠱᠠᠭᠠᠷᠳᠠᠯᠭ᠎ᠠ
ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠣᠭᠴᠠᠵᠢᠭᠤᠯᠤᠭᠰᠠᠨ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠵᠦ ᠠᠬᠢᠭᠤᠯᠤᠨ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠠ ᠴᠢᠩᠭᠠᠳᠬᠠᠨ᠂ ᠲᠣᠭᠲᠠᠭᠤᠨ ᠪᠠᠶᠢᠯᠭᠠᠬᠤ ᠶᠢᠨ ᠳᠠᠭᠠᠤ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠴᠢᠨᠠᠷ ᠰᠠᠶᠢᠲᠠᠶ ᠬᠥᠭᠵᠢᠯᠲᠡ ᠶᠢ ᠪᠠᠷᠢᠮᠲᠠᠯᠠᠨ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠨ᠂ ᠰᠤᠷᠭᠠᠨ ᠬᠥᠮᠦᠵᠢᠯ ᠤᠨ ᠲᠤᠬᠠᠢ ᠨᠠᠮ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠤᠷᠭᠠᠨ ᠬᠥᠮᠦᠵᠢᠯ ᠤᠨ ᠦᠢᠯᠡᠰ ᠢ ᠲᠡᠷᠢᠭᠦᠨ ᠪᠠᠶᠢᠷᠢᠨ ᠳᠤ ᠲᠠᠯᠪᠢᠨ᠂ ᠣᠷᠣᠨ ᠤ ᠦᠨᠳᠦᠰᠦᠨ ᠪᠠᠶᠢᠳᠠᠯ ᠠᠴᠠ ᠭᠠᠷᠳᠠᠵᠤ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠣᠯᠠᠨ ᠨᠡᠶᠢᠲᠡ ᠶᠢᠨ ᠦᠢᠯᠡᠴᠢᠯᠡᠭᠡᠨ ᠤ ᠣᠨᠴᠠᠯᠢᠭ ᠢ ᠦᠨᠳᠦᠰᠦᠯᠡᠨ᠂ ᠰᠤᠷᠭᠠᠨ ᠬᠥᠮᠦᠵᠢᠯ ᠤᠨ ᠵᠢᠮ᠎ᠡ ᠶᠣᠰᠣ ᠶᠢ ᠵᠢᠷᠤᠮᠯᠠᠵᠤ᠂ ᠲᠥᠪ ᠠᠴᠠ ᠤᠳᠤᠷᠢᠳᠤᠭᠰᠠᠨ᠂ ᠵᠣᠬᠢᠰᠲᠠᠶ ᠡᠷᠬᠡ ᠣᠯᠭᠤᠭᠰᠠᠨ᠂ ᠰᠢᠰᠲ᠋ᠧᠮ ᠨᠢ ᠪᠦᠷᠢᠨ ᠲᠡᠭᠦᠯᠳᠡᠷ᠂ ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠰᠠᠨ᠂ ᠡᠷᠬᠡ ᠪᠠ ᠬᠠᠷᠢᠭᠤᠴᠠᠯᠭ᠎ᠠ ᠨᠢ ᠲᠣᠳᠣᠷᠬᠠᠶ᠂ ᠠᠵᠢᠯᠯᠠᠭᠠᠨ ᠨᠢ ᠥᠨᠳᠥᠷ ᠦᠷ᠎ᠡ ᠪᠦᠲᠦᠮᠵᠢᠲᠡᠢ ᠪᠠᠶᠢᠬᠤ ᠰᠤᠷᠭᠠᠨ ᠬᠥᠮᠦᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠬᠤᠪᠢᠶᠠᠷᠢᠯᠠᠬᠤ ᠵᠠᠭᠪᠤᠷ ᠢ ᠱᠠᠯᠠᠪᠳᠠᠨ ᠪᠤᠢ ᠪᠣᠯᠭᠠᠵᠤ᠂ ᠡᠷᠬᠡ ᠪᠠ ᠬᠠᠷᠢᠭᠤᠴᠠᠯᠭ᠎ᠠ ᠨᠢ ᠲᠣᠳᠣᠷᠬᠠᠶ᠂ ᠡᠳ᠋ ᠤᠨ ᠬᠦᠴᠦᠨ ᠨᠢ ᠵᠣᠬᠢᠴᠠᠩᠭᠤᠶ᠂ ᠣᠷᠣᠨ ᠪᠦᠰᠡ ᠨᠢ ᠲᠡᠩᠴᠡᠭᠦᠷᠢᠲᠡᠶ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠤᠨ ᠬᠠᠷᠢᠴᠠᠭ᠎ᠠ ᠶᠢ ᠲᠦᠷᠬᠡᠬᠡᠨ ᠪᠠᠶᠢᠭᠤᠯᠤᠨ᠎ᠠ᠃
ᠬᠤᠶᠠᠷ᠂ ᠦᠨᠳᠦᠰᠦᠨ ᠵᠠᠷᠴᠢᠮ
ᠨᠢᠭᠡᠳᠦᠯᠲᠡᠶ ᠤᠳᠤᠷᠢᠳᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠷᠠᠭᠤᠯᠤᠨ᠎ᠠ᠃ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢ ᠨᠤᠲᠠᠯᠠᠨ ᠲᠣᠭᠲᠠᠭᠠᠬᠤ ᠪᠠ ᠬᠤᠪᠢᠶᠠᠷᠢᠯᠠᠬᠤ ᠲᠠᠯ᠎ᠠ ᠪᠠᠷ ᠬᠢ ᠲᠥᠪ ᠬᠤᠷᠢᠶᠠᠨ ᠤ ᠰᠢᠢᠳᠪᠦᠷᠢᠯᠡᠬᠦ ᠡᠷᠬᠡ ᠶᠢ ᠲᠣᠳᠣᠷᠬᠠᠢ ᠲᠣᠭᠲᠠᠭᠠᠭᠰᠠᠨ ᠰᠠᠭᠤᠷᠢᠨ ᠳᠡᠭᠡᠷ᠎ᠡ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢ ᠲᠣᠭᠲᠠᠭᠠᠯ ᠶᠣᠰᠣᠭᠠᠷ ᠭᠦᠢᠴᠡᠳᠬᠡᠬᠦ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠶᠢᠮᠠᠭ ᠬᠤᠲᠠ ᠵᠢᠴᠢ ᠲᠡᠭᠦᠨ ᠠᠴᠠ ᠳᠣᠷᠣᠭᠰᠢᠬᠢ ᠵᠠᠰᠠᠭ ᠤᠨ ᠣᠷᠳᠣᠨ ᠤ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠣᠷᠣᠨ ᠪᠦᠰᠡ ᠳᠠᠬᠢ ᠰᠤᠷᠭᠠᠨ ᠬᠥᠮᠦᠵᠢᠯ ᠤᠨ ᠦᠢᠯᠡᠰ ᠢ ᠬᠥᠭᠵᠢᠭᠦᠯᠬᠦ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠎ᠠ᠃
ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠬᠤ ᠶᠢ ᠪᠠᠷᠢᠮᠲᠠᠯᠠᠵᠤ᠂ ᠡᠷᠬᠡ ᠪᠠ ᠬᠠᠷᠢᠭᠤᠴᠠᠯᠭ᠎ᠠ ᠶᠢ ᠲᠣᠳᠣᠷᠬᠠᠢ ᠢᠯᠭᠠᠨ ᠬᠤᠪᠢᠶᠠᠷᠢᠯᠠᠨ᠎ᠠ᠃ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠵᠥᠪ ᠢᠶᠠᠷ ᠰᠶᠢᠳᠪᠦᠷᠢᠯᠡᠵᠦ᠂ ᠰᠤᠷᠭᠠᠨ ᠬᠥᠮᠦᠵᠢᠯ ᠤᠨ ᠬᠦᠷᠢᠶᠡᠨ ᠳᠤ ᠵᠠᠰᠠᠭ ᠤᠨ ᠣᠷᠳᠣᠨ ᠠᠴᠠ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠬᠡᠪᠴᠢᠶ᠎ᠡ ᠪᠠ ᠠᠷᠭ᠎ᠠ ᠮᠠᠶ᠋ᠢᠭ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠬᠦᠷᠢᠶᠡᠨ ᠳᠠᠬᠢ ᠬᠠᠮᠢᠶ᠎ᠠ ᠪᠦᠬᠦᠢ ᠣᠯᠠᠨ ᠨᠡᠶᠢᠲᠡ ᠶᠢᠨ ᠦᠢᠯᠡᠴᠢᠯᠡᠭᠡᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠣᠬᠢᠰᠲᠠᠶ ᠬᠤᠪᠢᠶᠠᠷᠢᠯᠠᠨ᠎ᠠ᠃ ᠬᠡᠰᠡᠭ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠦᠷᠢᠶᠡᠨ ᠳᠠᠬᠢ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠠᠰᠢᠭ ᠬᠦᠷᠲᠡᠬᠦ ᠬᠡᠪᠴᠢᠶ᠎ᠡ᠂ ᠨᠥᠯᠥᠭᠡᠯᠡᠬᠦ ᠬᠡᠮᠵᠢᠶ᠎ᠡ ᠵᠡᠷᠭᠡ ᠶᠢ ᠨᠢ ᠦᠨᠳᠦᠰᠦᠯᠡᠨ᠂ ᠪᠣᠳᠠᠲᠠᠶ ᠵᠦᠢᠯᠡᠰ ᠢᠶᠠᠷ ᠨᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠵᠠᠭᠠᠭ ᠱᠤᠭᠤᠮ ᠢ ᠨᠢ ᠲᠣᠳᠣᠷᠬᠠᠶ ᠪᠥᠭᠡᠳ ᠵᠢᠷᠤᠮᠵᠢᠯ ᠲᠠᠢ ᠪᠣᠯᠭᠠᠨ᠎ᠠ᠃
ᠭᠤᠤᠯᠳᠠᠯᠭ᠎ᠠ ᠶᠢ ᠨᠢ ᠳᠣᠪᠤᠶᠢᠯᠭᠠᠬᠤ ᠶᠢ ᠪᠠᠷᠢᠮᠲᠠᠯᠠᠵᠤ᠂ ᠪᠠᠲᠤᠯᠠᠭ᠎ᠠ ᠶᠢᠨ ᠬᠢᠵᠠᠭᠠᠷ ᠱᠤᠭᠤᠮ ᠢ ᠪᠠᠲᠤ ᠰᠠᠬᠢᠨ᠎ᠠ᠃ ᠬᠢᠵᠠᠭᠠᠷ ᠱᠤᠭᠤᠮ ᠢ ᠪᠠᠲᠤ ᠰᠠᠬᠢᠬᠤ᠂ ᠭᠤᠤᠯᠳᠠᠯᠭ᠎ᠠ ᠶᠢ ᠳᠣᠪᠤᠶᠢᠯᠭᠠᠬᠤ᠂ ᠳᠦᠷᠢᠮ ᠢ ᠲᠡᠭᠦᠯᠳᠡᠷᠵᠢᠭᠦᠯᠬᠦ᠂ ᠵᠢᠱᠢᠯᠲᠡ ᠶᠢ ᠬᠥᠲᠥᠯᠥᠨ ᠵᠢᠯᠣᠭᠤᠳᠬᠤ ᠱᠠᠭᠠᠷᠳᠠᠯᠭ᠎ᠠ ᠶᠣᠰᠣᠭᠠᠷ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠰᠤᠷᠤᠭᠴᠢᠳ ᠢ ᠵᠣᠭᠤᠰ ᠢᠶᠠᠷ ᠲᠤᠰᠠᠯᠠᠬᠤ ᠵᠡᠷᠭᠡ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠭᠤᠤᠯᠳᠠᠯᠭ᠎ᠠ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠬᠢᠷᠠᠮᠵᠢᠲᠠᠢ ᠴᠢᠩᠭᠠᠳᠬᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠱᠠᠲᠤ ᠬᠤᠪᠢᠶᠠᠨ ᠬᠠᠷᠢᠭᠤᠴᠠᠬᠤ ᠲᠣᠭᠲᠠᠴᠠ ᠶᠢ ᠴᠢᠩᠭᠠᠷᠠᠭᠤᠯᠤᠨ᠂ ᠤᠯᠤᠰ ᠤᠨ ᠰᠠᠭᠤᠷᠢ ᠪᠠᠷᠢᠮᠵᠢᠶ᠎ᠠ ︵ᠰᠠᠭᠤᠷᠢ ᠪᠠᠷᠢᠮᠵᠢᠶᠠᠨ ᠤ ᠲᠣᠭᠲᠠᠮᠠᠯ ᠨᠣᠷᠮ᠎ᠠ ᠵᠡᠷᠭᠡ ᠪᠠᠭᠲᠠᠨ᠎ᠠ᠂ ᠳᠣᠷᠣᠭᠰᠢ ᠠᠳᠠᠯᠢ︶ ᠶᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠲᠦᠷᠭᠡᠳᠬᠡᠨ ᠠᠬᠢᠭᠤᠯᠤᠨ᠎ᠠ᠃
— ᠲᠥᠷᠥᠯ ᠬᠤᠪᠢᠶᠠᠨ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠯᠠᠪᠳᠠᠭᠤᠨ ᠠᠬᠢᠭᠤᠯᠤᠨ᠎ᠠ᠃ ᠣᠳᠣ ᠶᠢᠨ ᠬᠡᠷᠡᠭᠵᠢᠭᠦᠯᠵᠦ ᠪᠠᠶᠢᠭ᠎ᠠ ᠰᠤᠷᠭᠠᠨ ᠬᠥᠮᠦᠵᠢᠯ ᠤᠨ ᠲᠠᠯ᠎ᠠ ᠪᠠᠷ ᠬᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠶᠡᠷᠦᠩᠬᠡᠶ ᠳᠤ ᠪᠠᠨ ᠲᠣᠭᠲᠠᠭᠤᠨ ᠪᠠᠶᠢᠯᠭᠠᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠰᠤᠷᠭᠠᠨ ᠬᠥᠮᠦᠵᠢᠯ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠯᠦᠭᠡ ᠵᠣᠬᠢᠴᠠᠭᠤᠯᠬᠤ ᠶᠢ ᠴᠢᠩᠭᠠᠳᠬᠠᠵᠤ᠂ ᠣᠳᠣᠬᠠᠨ ᠤ ᠪᠠ ᠠᠯᠤᠰ ᠬᠡᠲᠦ ᠶᠢ ᠬᠠᠮᠲᠤ ᠳᠤ ᠨᠢ ᠬᠠᠷᠠᠭᠠᠯᠵᠠᠨ᠂ ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠵᠤ᠂ ᠥᠭᠡᠷᠡᠴᠢᠯᠡᠯᠲᠡ ᠶᠢᠨ ᠴᠠᠭ ᠲᠣᠬᠢᠶᠠᠯ᠂ ᠠᠬᠢᠴᠠ ᠪᠠ ᠡᠷᠴᠢᠮ ᠢ ᠵᠣᠬᠢᠰᠲᠠᠶ ᠡᠵᠡᠮᠰᠢᠨ᠎ᠡ᠃ ᠣᠲᠣ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯᠲᠠ ᠨᠢ ᠨᠡᠯᠢᠶᠡᠳ ᠰᠢᠨᠵᠢᠯᠡᠬᠦ ᠤᠬᠠᠭᠠᠨᠴᠢ ᠪᠥᠭᠡᠳ ᠵᠣᠬᠢᠰᠲᠠᠢ᠂ ᠪᠦᠲᠦᠮᠵᠢᠲᠡᠢ ᠶᠠᠪᠤᠭᠳᠠᠵᠤ ᠪᠠᠶᠢᠭ᠎ᠠ ᠵᠦᠢᠯᠡᠰ ᠢ ᠨᠤᠲᠠᠯᠠᠨ ᠲᠣᠭᠲᠠᠭᠠᠨ᠎ᠠ︔ ᠤᠳᠤ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯᠲᠠ ᠨᠢ ᠵᠦᠢ ᠵᠤᠬᠢᠰ ᠦᠭᠡᠢ ᠪᠣᠯᠪᠠᠴᠤ ᠥᠭᠡᠷᠡᠴᠢᠯᠡᠯᠲᠡ ᠬᠢᠬᠦ ᠨᠥᠬᠦᠴᠡᠯ ᠨᠢ ᠬᠠᠷᠢᠴᠠᠩᠭᠤᠢ ᠪᠠᠷ ᠪᠣᠯᠪᠠᠰᠤᠷᠠᠩᠭᠤᠶ ᠪᠣᠯᠤᠭᠰᠠᠨ ᠵᠦᠢᠯᠡᠰ ᠲᠤ ᠲᠤᠬᠢᠷᠠᠭᠤᠯᠤᠯᠳᠠ ᠬᠢᠨ᠎ᠠ︔ ᠥᠭᠡᠷᠡᠴᠢᠯᠡᠯᠲᠡ ᠬᠢᠬᠦ ᠨᠥᠬᠦᠴᠡᠯ ᠨᠢ ᠬᠠᠷᠠᠬᠠᠨ ᠪᠦᠷᠢᠯᠳᠦᠭᠡᠳᠦᠶ ᠵᠦᠢᠯᠡᠰ ᠲᠤ᠂ ᠥᠭᠡᠷᠡᠴᠢᠯᠡᠯᠲᠡ ᠶᠢᠨ ᠴᠢᠭᠯᠡᠯ ᠢ ᠨᠢ ᠲᠣᠳᠣᠷᠬᠠᠢ ᠲᠣᠭᠲᠠᠭᠠᠨ᠂ ᠤᠳᠤ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯᠲᠠ ᠶᠢᠨ ᠪᠠᠶᠢᠷᠢᠰᠢᠯ ᠢ ᠨᠢ ᠲᠦᠷ ᠦᠷᠭᠦᠯᠵᠢᠯᠡᠭᠦᠯᠵᠦ᠂ ᠴᠠᠭ ᠲᠤ ᠨᠢ ᠲᠣᠬᠢᠷᠠᠭᠤᠯᠵᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠦᠨ᠎ᠡ᠃
ᠭᠤᠷᠪᠠ᠂ ᠭᠤᠤᠯ ᠠᠭᠤᠯᠭ᠎ᠠ
ᠳᠡᠭᠡᠷ᠎ᠡ ᠳᠤᠷᠠᠳᠤᠭᠰᠠᠨ ᠶᠡᠷᠦᠩᠬᠡᠶ ᠱᠠᠭᠠᠷᠳᠠᠯᠭ᠎ᠠ ᠪᠠ ᠰᠤᠷᠭᠠᠨ ᠬᠥᠮᠦᠵᠢᠯ ᠤᠨ ᠠᠵᠢᠯ ᠤᠨ ᠣᠨᠴᠠᠯᠢᠭ ᠶᠣᠰᠣᠭᠠᠷ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠠᠯᠪᠠᠨ ᠵᠢᠷᠤᠮ ᠤᠨ ᠰᠤᠷᠭᠠᠨ ᠬᠥᠮᠦᠵᠢᠯ᠂ ᠰᠤᠷᠤᠭᠴᠢᠳ ᠢ ᠵᠣᠭᠤᠰ ᠢᠶᠠᠷ ᠲᠤᠰᠠᠯᠠᠬᠤ᠂ ᠪᠤᠰᠤᠳ ᠰᠤᠷᠭᠠᠨ ᠬᠥᠮᠦᠵᠢᠯ ︵ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠵᠡᠷᠭᠡ ᠪᠠᠭᠲᠠᠨ᠎ᠠ︶ ᠭᠤᠷᠪᠠᠨ ᠲᠠᠯ᠎ᠠ ᠪᠠᠷ ᠬᠤᠪᠢᠶᠠᠨ᠎ᠠ᠃
︵ᠨᠢᠭᠡ︶ ᠠᠯᠪᠠᠨ ᠵᠢᠷᠤᠮ ᠤᠨ ᠰᠤᠷᠭᠠᠨ ᠬᠥᠮᠦᠵᠢᠯ᠃
ᠠᠯᠪᠠᠨ ᠵᠢᠷᠤᠮ ᠤᠨ ᠰᠤᠷᠭᠠᠨ ᠬᠥᠮᠦᠵᠢᠯ ᠨᠢ ᠶᠡᠷᠦᠩᠬᠡᠶ ᠳᠤ ᠪᠠᠨ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠᠶᠢᠵᠤ᠂ ᠪᠣᠳᠠᠲᠠᠢ ᠵᠦᠢᠯᠡᠰ ᠢᠶᠠᠷ ᠨᠠᠷᠢᠯᠢᠬᠵᠢᠭᠤᠯᠤᠨ᠎ᠠ᠂ ᠡᠭᠦᠨ ᠳᠤ᠂ ᠰᠤᠷᠭᠠᠭᠤᠯᠢ ᠶᠢᠨ ᠡᠳᠦᠷ ᠲᠤᠲᠤᠮ ᠤᠨ ᠠᠵᠢᠯᠯᠠᠭᠠᠨ᠂ ᠰᠤᠷᠭᠠᠭᠤᠯᠢ ᠶᠢᠨ ᠠᠩᠬᠢ ᠶᠢᠨ ᠪᠠ ᠪᠠᠶᠢᠷᠢ ᠶᠢᠨ ᠠᠮᠤᠷ ᠲᠦᠪᠰᠢᠨ᠂ ᠰᠤᠷᠤᠭᠴᠢᠳ ᠤᠨ ᠰᠤᠷᠤᠯᠭ᠎ᠠ ᠠᠮᠢᠳᠤᠷᠠᠯ ᠵᠡᠷᠭᠡ ᠪᠠᠶᠢᠩᠭᠤ ᠶᠢᠨ ᠴᠢᠨᠠᠷᠲᠠᠶ ᠵᠦᠢᠯᠡᠰ ᠲᠤ ᠬᠤᠯᠪᠣᠭᠳᠠᠵᠤ ᠪᠠᠶᠢᠬᠤ ᠪᠣᠯᠬᠤᠷ᠂ ᠬᠡᠷᠡᠭᠰᠡᠬᠦ ᠵᠠᠷᠤᠳᠠᠯ ᠢ ᠨᠢ ᠶᠡᠷᠦ ᠶᠢᠨ ᠪᠠᠶᠢᠳᠠᠯ ᠳᠤ ᠤᠯᠤᠰ ᠤᠨ ᠰᠠᠭᠤᠷᠢ ᠪᠠᠷᠢᠮᠵᠢᠶ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠳᠡᠰ ᠬᠤᠪᠢᠶᠠᠨ ᠡᠭᠦᠷᠭᠡᠯᠡᠬᠦ ᠬᠠᠷᠢᠴᠠᠯ ᠢ ᠲᠣᠳᠣᠷᠬᠠᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠡᠭᠦᠷᠭᠡᠯᠡᠬᠦ ᠬᠡᠰᠡᠭ ᠢ ᠨᠢ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢ ᠰᠢᠯᠵᠢᠭᠦᠯᠦᠨ ᠥᠭᠬᠦ ᠪᠠᠷ ᠳᠠᠮᠵᠢᠭᠤᠯᠤᠨ ᠲᠣᠬᠢᠷᠠᠭᠤᠯᠤᠨ᠎ᠠ᠃ ᠱᠠᠲᠤ ᠦᠶᠡᠴᠢ ᠴᠢᠨᠠᠷᠲᠠᠶ ᠡᠭᠦᠷᠭᠡ ᠪᠠ ᠲᠤᠰᠬᠠᠶ ᠵᠦᠢᠯ ᠤᠨ ᠴᠢᠨᠠᠷᠲᠠᠶ ᠠᠵᠢᠯ ᠳᠤ ᠬᠤᠯᠪᠣᠭᠳᠠᠬᠤ ᠵᠦᠢᠯᠡᠰ ᠤᠨ ᠬᠡᠷᠡᠭᠰᠡᠬᠦ ᠵᠠᠷᠤᠳᠠᠯ ᠢ ᠣᠷᠣᠨ ᠨᠤᠲᠤᠭ ᠤᠨ ᠡᠳ᠋ ᠤᠨ ᠵᠠᠰᠠᠭ ᠨᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠰᠢᠯᠵᠢᠭᠦᠯᠦᠨ ᠥᠭᠬᠦ ᠪᠠᠷ ᠳᠠᠮᠵᠢᠭᠤᠯᠤᠨ ᠨᠢᠭᠡᠳᠦᠯᠲᠡᠶ ᠲᠥᠯᠥᠪᠯᠡᠨ ᠳᠠᠮᠵᠢᠨ᠎ᠠ᠃
ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠨᠢ ᠳᠡᠰ ᠬᠤᠪᠢᠶᠠᠨ ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ᠂ ᠡᠭᠦᠨ ᠳᠤ᠂ ᠨᠢᠭᠡᠳᠦᠭᠡᠷ ᠳᠡᠰ ᠲᠤ ᠬᠥᠬᠡᠬᠤᠲᠠ᠂ ᠣᠷᠳᠣᠰ ᠬᠤᠲᠠ᠂ ᠦᠬᠠᠶ ᠬᠤᠲᠠ᠂ ᠮᠠᠨᠵᠤᠤᠷ ᠬᠤᠲᠠ᠂ ᠡᠷᠢᠶᠡᠨ ᠬᠤᠲᠠ 5 ᠬᠤᠲᠠ ᠶᠢ ᠪᠠᠭᠲᠠᠭᠠᠨ᠂ ᠥᠪᠡᠷᠲᠡᠭᠡᠨ ᠵᠠᠰᠠᠬᠤ ᠣᠷᠣᠨ 30% ᠶᠢ ᠬᠤᠪᠢᠳᠠᠨ ᠡᠭᠦᠷᠭᠡᠯᠡᠵᠦ᠂ ᠡᠯ᠎ᠡ ᠬᠤᠲᠠ 70% ᠶᠢ ᠬᠤᠪᠢᠳᠠᠨ ᠡᠭᠦᠷᠭᠡᠯᠡᠨ᠎ᠡ︔ ᠬᠤᠶᠠᠳᠤᠭᠠᠷ ᠳᠡᠰ ᠲᠤ ᠪᠤᠭᠤᠲᠤ ᠬᠤᠲᠠ᠂ ᠬᠥᠯᠥᠨ ᠪᠤᠶᠢᠷ ᠬᠤᠲᠠ᠂ ᠰᠢᠯᠢ ᠶᠢᠨ ᠭᠤᠤᠯ ᠠᠶᠢᠮᠠᠭ᠂ ᠠᠯᠠᠱᠠ ᠠᠶᠢᠮᠠᠭ 4 ᠠᠶᠢᠮᠠᠭ ᠬᠤᠲᠠ ᠶᠢ ᠪᠠᠭᠲᠠᠭᠠᠨ᠂ ᠥᠪᠡᠷᠲᠡᠭᠡᠨ ᠵᠠᠰᠠᠬᠤ ᠣᠷᠣᠨ 50% ᠶᠢ ᠬᠤᠪᠢᠳᠠᠨ ᠡᠭᠦᠷᠭᠡᠯᠡᠵᠦ᠂ ᠡᠯ᠎ᠡ ᠠᠶᠢᠮᠠᠭ ᠬᠤᠲᠠ 50% ᠶᠢ ᠬᠤᠪᠢᠳᠠᠨ ᠡᠭᠦᠷᠭᠡᠯᠡᠨ᠎ᠡ︔ ᠭᠤᠷᠪᠠᠳᠤᠭᠠᠷ ᠳᠡᠰ ᠲᠤ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ 5 ᠠᠶᠢᠮᠠᠭ ᠬᠤᠲᠠ ᠶᠢ ᠪᠠᠭᠲᠠᠭᠠᠨ᠂ ᠥᠪᠡᠷᠲᠡᠭᠡᠨ ᠵᠠᠰᠠᠬᠤ ᠣᠷᠣᠨ 70% ᠶᠢ ᠬᠤᠪᠢᠳᠠᠨ ᠡᠭᠦᠷᠭᠡᠯᠡᠵᠦ᠂ ᠡᠯ᠎ᠡ ᠠᠶᠢᠮᠠᠭ ᠬᠤᠲᠠ 30% ᠶᠢ ᠬᠤᠪᠢᠳᠠᠨ ᠡᠭᠦᠷᠭᠡᠯᠡᠨ᠎ᠡ᠃
1. ᠠᠯᠪᠠᠨ ᠬᠡᠷᠡᠭᠯᠡᠭᠡᠨ ᠤ ᠵᠠᠷᠤᠳᠠᠯ ᠤᠨ ᠪᠠᠲᠤᠯᠠᠭ᠎ᠠ᠃ ᠤᠯᠤᠰ ᠤᠨ ᠲᠣᠭᠲᠠᠭᠠᠭᠰᠠᠨ ᠬᠡᠰᠡᠭ ᠲᠤ ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠡᠨᠡ ᠬᠦ ᠰᠠᠭᠤᠷᠢᠨ ᠳᠡᠭᠡᠷ᠎ᠡ ᠦᠨᠳᠦᠰᠦᠲᠡᠨ ᠤ ᠰᠤᠷᠭᠠᠭᠤᠯᠢ ᠵᠡᠷᠭᠡ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠬᠢᠷᠢ ᠲᠦᠪᠰᠢᠨ ᠢ ᠲᠣᠭᠲᠠᠭᠠᠯ ᠶᠣᠰᠣᠭᠠᠷ ᠳᠡᠭᠡᠭᠰᠢᠯᠡᠭᠦᠯᠦᠨ᠎ᠡ᠃ ᠤᠯᠤᠰ ᠤᠨ ᠰᠠᠭᠤᠷᠢ ᠪᠠᠷᠢᠮᠵᠢᠶᠠᠨ ᠳᠠᠬᠢ ᠬᠡᠷᠡᠭᠰᠡᠬᠦ ᠵᠠᠷᠤᠳᠠᠯ ᠢ ᠲᠥᠪ ᠪᠠ ᠣᠷᠣᠨ ᠨᠤᠲᠤᠭ ᠨᠢ 8᠄ 2 ᠢᠶᠠᠷ ᠬᠤᠪᠢᠳᠠᠨ ᠡᠭᠦᠷᠭᠡᠯᠡᠨ᠎ᠡ᠂ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 20% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠤ ᠨᠢᠭᠡᠨᠲᠡ ᠨᠡᠶᠢᠲᠡᠯᠡᠭᠰᠡᠨ ᠠᠯᠪᠠᠨ ᠬᠡᠷᠡᠭᠯᠡᠭᠡᠨ ᠤ ᠵᠠᠷᠤᠳᠠᠯ ᠢ ᠪᠠᠲᠤᠯᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃
2. ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠠᠮᠢᠳᠤᠷᠠᠯ ᠤᠨ ᠨᠥᠬᠦᠪᠥᠷᠢ᠃ ᠤᠯᠤᠰ ᠤᠨ ᠲᠣᠭᠲᠠᠭᠠᠭᠰᠠᠨ ᠬᠡᠰᠡᠭ ᠲᠤ ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ ᠵᠠᠷᠤᠳᠠᠯ ᠢ ᠲᠥᠪ ᠪᠠ ᠣᠷᠣᠨ ᠨᠤᠲᠤᠭ ᠨᠢ 5᠄ 5 ᠪᠠᠷ ᠬᠤᠪᠢᠳᠠᠨ ᠡᠭᠦᠷᠭᠡᠯᠡᠨ᠎ᠡ᠂ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 50% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠠᠮᠢᠳᠤᠷᠠᠯ ᠤᠨ ᠨᠦᠭᠦᠪᠦᠷᠢ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃ ᠬᠥᠮᠦᠨ ᠠᠮᠠ ᠪᠠᠷ ᠨᠡᠯᠢᠶᠡᠳ ᠴᠥᠭᠡᠨ ᠪᠠᠶᠢᠭ᠎ᠠ ᠦᠨᠳᠦᠰᠦᠲᠡᠨ ᠤ ᠪᠠᠶᠢᠷᠢ ᠳᠤ ᠰᠠᠭᠤᠭ᠎ᠠ ᠰᠤᠷᠤᠭᠴᠢᠳ ᠲᠤ ᠨᠡᠮᠡᠵᠦ ᠲᠣᠬᠢᠷᠠᠭᠤᠯᠤᠭᠰᠠᠨ ᠠᠮᠢᠳᠤᠷᠠᠯ ᠤᠨ ᠨᠥᠬᠦᠪᠥᠷᠢ ᠶᠢ ᠴᠥᠮ ᠲᠥᠪ ᠤᠨ ᠡᠳ᠋ ᠤᠨ ᠵᠠᠰᠠᠭ ᠠᠴᠠ ᠡᠭᠦᠷᠭᠡᠯᠡᠨ᠎ᠡ᠃ ᠬᠤᠤᠰ ᠬᠡᠯᠡ ᠪᠠᠷ ᠬᠢᠴᠢᠶᠡᠯᠯᠡᠬᠦ ᠪᠠᠶᠢᠷᠢ ᠳᠤ ᠰᠠᠭᠤᠭ᠎ᠠ ᠰᠤᠷᠤᠭᠴᠢᠳ ᠤᠨ ᠠᠮᠢᠳᠤᠷᠠᠯ ᠤᠨ ᠨᠥᠬᠦᠪᠥᠷᠢ ᠶᠢ ᠴᠦᠮ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠡᠭᠦᠷᠭᠡᠯᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠶᠢᠷᠢ ᠳᠤ ᠰᠠᠭᠤᠬᠤ ᠵᠠᠷᠤᠳᠠᠯ ᠤᠨ ᠨᠥᠬᠦᠪᠦᠷᠢ ᠳᠤ ᠬᠡᠷᠡᠭᠰᠡᠬᠦ ᠵᠠᠷᠤᠳᠠᠯ ᠢ ᠴᠦᠮ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠨᠢ ᠡᠭᠦᠷᠭᠡᠯᠡᠨ᠎ᠡ᠃
3. ᠰᠤᠷᠭᠠᠭᠤᠯᠢ ᠶᠢᠨ ᠠᠩᠬᠢ ᠶᠢᠨ ᠪᠠ ᠪᠠᠶᠢᠷᠢ ᠶᠢᠨ ᠠᠮᠤᠷ ᠲᠦᠪᠰᠢᠨ ᠤ ᠪᠠᠲᠤᠯᠠᠭ᠎ᠠ᠃ ᠮᠠᠯᠵᠢᠬᠤ ᠲᠠᠷᠢᠶᠠᠯᠠᠬᠤ ᠣᠷᠣᠨ ᠤ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠠᠩᠬᠢ ᠶᠢᠨ ᠪᠠ ᠪᠠᠶᠢᠷᠢ ᠶᠢᠨ ᠨᠢᠭᠡᠴᠢ ᠲᠠᠯᠠᠪᠠᠢ ᠶᠢᠨ ᠨᠥᠬᠦᠪᠥᠷᠢ ᠶᠢ ᠲᠥᠰᠦᠭᠡᠯᠡᠨ ᠪᠣᠳᠣᠬᠤ ᠪᠠᠷᠢᠮᠵᠢᠶ᠎ᠠ ᠶᠢ ᠪᠣᠯ ᠤᠯᠤᠰ ᠠᠴᠠ ᠨᠢᠭᠡᠳᠦᠯᠲᠡᠶ ᠲᠣᠭᠲᠠᠭᠠᠵᠤ᠂ ᠬᠡᠷᠡᠭᠰᠡᠬᠦ ᠵᠠᠷᠤᠳᠠᠯ ᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ 8᠄ 2 ᠢᠶᠠᠷ ᠬᠤᠪᠢᠳᠠᠨ ᠡᠭᠦᠷᠭᠡᠯᠡᠨ᠎ᠡ᠃ ᠡᠯ᠎ᠡ ᠠᠶᠢᠮᠠᠭ ᠬᠤᠲᠠ ᠨᠢ ᠬᠤᠲᠠ ᠶᠢᠨ ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠠᠩᠬᠢ ᠶᠢᠨ ᠪᠠ ᠪᠠᠶᠢᠷᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠬᠡᠷᠡᠭᠰᠡᠬᠦ ᠵᠠᠷᠤᠳᠠᠯ ᠢ ᠠᠶᠢᠮᠠᠭ ᠬᠤᠲᠠ ᠶᠢᠨ ᠡᠳ᠋ ᠤᠨ ᠵᠠᠰᠠᠭ ᠨᠢ ᠡᠭᠦᠷᠭᠡᠯᠡᠨ᠎ᠡ᠃
4. ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠤᠷᠤᠭᠴᠢᠳ ᠤᠨ ᠰᠢᠮ᠎ᠡ ᠲᠡᠵᠢᠭᠡᠯᠲᠦ ᠢᠳᠡᠭᠡᠨ ᠤᠮᠳᠠᠭᠠᠨ ᠤ ᠨᠥᠬᠦᠪᠥᠷᠢ᠃ ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠤᠯᠤᠰ ᠤᠨ ᠲᠤᠷᠰᠢᠯᠲᠠ ᠶᠢᠨ ᠴᠡᠭ ︵ᠮᠠᠨ ᠤ ᠣᠷᠣᠨ ᠳᠠᠬᠢ ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠡᠶ 8 ᠬᠤᠰᠢᠭᠤ ᠰᠢᠶᠠᠨ ᠪᠣᠯᠤᠨ᠎ᠠ︶ ᠤᠨ ᠬᠡᠷᠡᠭᠰᠡᠬᠦ ᠵᠠᠷᠤᠳᠠᠯ ᠢ ᠲᠥᠪ ᠤᠨ ᠡᠳ᠋ ᠤᠨ ᠵᠠᠰᠠᠭ ᠠᠴᠠ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠴᠡᠭ ︵ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠡᠶ 8 ᠬᠤᠰᠢᠭᠤ ᠰᠢᠶᠠᠨ ᠠᠴᠠ ᠭᠠᠳᠠᠨᠠᠬᠢ ᠤᠯᠤᠰ ᠤᠨ ᠲᠡᠰ ᠤᠨ ᠶᠠᠳᠠᠭᠤ ᠬᠦᠴᠢᠷᠳᠡᠯᠲᠡᠶ 23 ᠬᠤᠰᠢᠭᠤ ᠰᠢᠶᠠᠨ ᠪᠣᠯᠣᠨ᠎ᠠ︶ ᠤᠨ ᠬᠡᠷᠡᠭᠰᠡᠬᠦ ᠵᠠᠷᠤᠳᠠᠯ ᠳᠤ᠂ ᠲᠥᠪ ᠠᠴᠠ ᠨᠥᠬᠦᠪᠦᠷᠢᠯᠡᠭᠰᠡᠨ ᠤ ᠳᠠᠷᠠᠭ᠎ᠠ᠂ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃
5. ᠪᠠᠶᠢᠩᠭᠤ ᠶᠢᠨ ᠴᠢᠨᠠᠷᠲᠠᠶ ᠪᠤᠰᠤᠳ ᠵᠦᠢᠯᠡᠰ᠃ ᠤᠯᠤᠰ ᠠᠴᠠ ᠲᠣᠭᠲᠠᠭᠠᠭᠰᠠᠨ ᠬᠢᠴᠢᠶᠡᠯ ᠤᠨ ᠪᠢᠴᠢᠭ ᠢ ᠦᠨ᠎ᠡ ᠲᠥᠯᠥᠪᠦᠷᠢ ᠦᠭᠡᠢ ᠪᠠᠷ ᠬᠠᠩᠭᠠᠬᠤ ᠪᠠ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠢᠨ᠎ᠡ ᠰᠤᠷᠤᠭᠴᠢᠳ ᠲᠤ ᠵᠢᠩᠬᠢᠨᠢ ᠬᠡᠪᠯᠡᠯ ᠤᠨ ᠰᠤᠷᠤᠭᠴᠢ ᠶᠢᠨ ᠲᠣᠯᠢ ᠪᠢᠴᠢᠭ ᠢ ᠬᠠᠩᠭᠠᠬᠤ ᠳᠤ ᠬᠡᠷᠡᠭᠰᠡᠬᠦ ᠵᠠᠷᠤᠳᠠᠯ ᠢ ᠲᠥᠪ ᠤᠨ ᠡᠳ᠋ ᠤᠨ ᠵᠠᠰᠠᠭ ᠠᠴᠠ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠢᠴᠢᠶᠡᠯ ᠤᠨ ᠪᠢᠴᠢᠭ ᠢ ᠦᠨ᠎ᠡ ᠲᠥᠯᠥᠪᠦᠷᠢ ᠦᠭᠡᠢ ᠪᠠᠷ ᠬᠠᠩᠭᠠᠬᠤ ᠪᠠ ᠮᠣᠩᠭᠤᠯ ᠬᠡᠯᠡ ᠪᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠤᠷᠤᠭᠴᠢᠳ ᠲᠤ ᠵᠢᠩᠬᠢᠨᠢ ᠬᠡᠪᠯᠡᠯ ᠤᠨ ᠮᠣᠩᠭᠤᠯ ᠬᠡᠯᠡᠨ ᠤ ᠲᠣᠯᠢ ᠪᠢᠴᠢᠭ ᠢ ᠬᠠᠩᠭᠠᠬᠤ ᠳᠤ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠡᠭᠦᠷᠭᠡᠯᠡᠨ᠎ᠡ᠃ ᠠᠶᠢᠮᠠᠭ ᠬᠤᠲᠠ ᠶᠢᠨ ᠲᠣᠭᠲᠠᠭᠠᠭᠰᠠᠨ ᠬᠢᠴᠢᠶᠡᠯ ᠤᠨ ᠪᠢᠴᠢᠭ ᠢ ᠦᠨ᠎ᠡ ᠲᠦᠯᠦᠪᠦᠷᠢ ᠦᠭᠡᠢ ᠪᠠᠷ ᠬᠠᠩᠭᠠᠬᠤ ᠳᠤ ᠬᠡᠷᠡᠭᠰᠡᠬᠦ ᠵᠠᠷᠤᠳᠠᠯ ᠢ ᠠᠶᠢᠮᠠᠭ ᠬᠤᠲᠠ ᠶᠢᠨ ᠡᠳ᠋ ᠤᠨ ᠵᠠᠰᠠᠭ ᠨᠢ ᠡᠭᠦᠷᠭᠡᠯᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠪᠠᠭᠰᠢ ᠨᠠᠷ ᠤᠨ ᠣᠨᠴᠠᠭᠠᠢ ᠠᠵᠢᠯ ᠤᠨ ᠪᠠᠶᠢᠷᠢ ᠶᠢᠨ ᠲᠥᠯᠥᠪᠯᠡᠭᠡ ᠲᠠᠢ ᠪᠠᠭᠰᠢ ᠶᠢᠨ ᠨᠥᠬᠦᠪᠦᠷᠢ ᠳᠤ ᠬᠡᠷᠡᠭᠰᠡᠬᠦ ᠵᠠᠷᠤᠳᠠᠯ ᠢ ᠠᠶᠢᠮᠠᠭ ᠬᠤᠲᠠ ᠶᠢᠨ ᠡᠳ᠋ ᠤᠨ ᠵᠠᠰᠠᠭ ᠨᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠠᠴᠠ ᠴᠠᠯᠢᠩ ᠤᠨ ᠴᠢᠨᠠᠷᠲᠠᠶ ᠨᠥᠬᠦᠪᠥᠷᠢ ᠣᠯᠭᠤᠨ᠎ᠠ᠃ ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠡᠶ ᠭᠠᠵᠠᠷ ᠣᠷᠣᠨ ᠳᠠᠬᠢ ᠬᠥᠳᠡᠭᠡ ᠲᠣᠰᠬᠤᠨ ᠤ ᠪᠠᠭᠰᠢ ᠨᠠᠷ ᠤᠨ ᠠᠮᠢᠳᠤᠷᠠᠯ ᠤᠨ ᠨᠥᠬᠦᠪᠥᠷᠢ ᠶᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠡᠭᠦᠷᠭᠡᠯᠡᠨ᠎ᠡ᠃
6. ᠱᠠᠲᠤ ᠦᠶᠡᠴᠢ ᠴᠢᠨᠠᠷᠲᠠᠶ ᠡᠭᠦᠷᠭᠡ ᠪᠠ ᠲᠤᠰᠬᠠᠶ ᠵᠦᠢᠯ ᠤᠨ ᠴᠢᠨᠠᠷᠲᠠᠶ ᠠᠵᠢᠯ ᠳᠤ ᠬᠤᠯᠪᠣᠭᠳᠠᠬᠤ ᠵᠦᠢᠯᠡᠰ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠲᠠᠯ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠦᠨ᠂ ᠣᠳᠣᠬᠢ ᠱᠠᠲᠤᠨ ᠳᠤ ᠬᠤᠲᠠ ᠪᠠᠯᠭᠠᠰᠤᠨ ᠤ ᠰᠤᠷᠭᠠᠭᠤᠯᠢ ᠶᠢᠨ ᠰᠤᠷᠤᠭᠴᠢ ᠣᠯᠠᠨᠲᠠᠶ ᠠᠩᠭᠢ ᠶᠢ ᠰᠢᠢᠳᠪᠦᠷᠢᠯᠡᠬᠦ᠂ ᠬᠤᠶᠠᠷ ᠲᠥᠷᠥᠯ ᠤᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢ ᠨᠢ ᠭᠤᠤᠯᠳᠠᠯᠭ᠎ᠠ ᠲᠠᠢ ᠳᠡᠮᠵᠢᠬᠦ ᠳᠤ ᠬᠡᠷᠡᠭᠰᠡᠬᠦ ᠵᠠᠷᠤᠳᠠᠯ ᠢ ᠠᠶᠢᠮᠠᠭ ᠬᠤᠲᠠ ᠶᠢᠨ ᠡᠳ᠋ ᠤᠨ ᠵᠠᠰᠠᠭ ᠨᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠬᠠᠮᠢᠶ᠎ᠠ ᠪᠦᠬᠦᠢ ᠰᠢᠯᠵᠢᠭᠦᠯᠦᠨ ᠥᠭᠬᠦ ᠪᠠᠷ ᠳᠠᠮᠵᠢᠭᠤᠯᠵᠤ ᠨᠢᠭᠡᠳᠦᠯᠲᠡᠶ ᠲᠥᠯᠥᠪᠯᠡᠨ ᠳᠡᠮᠵᠢᠯᠭᠡ ᠦᠵᠡᠭᠦᠯᠦᠨ᠎ᠡ᠂ ᠬᠤᠶᠢᠰᠢᠳᠠ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠳᠡᠮᠵᠢᠬᠦ ᠠᠭᠤᠯᠭ᠎ᠠ᠂ ᠬᠡᠪᠴᠢᠶ᠎ᠡ ᠪᠠ ᠭᠤᠤᠯᠳᠠᠯᠭ᠎ᠠ ᠶᠢ ᠴᠠᠭ ᠲᠤ ᠨᠢ ᠲᠣᠬᠢᠷᠠᠭᠤᠯᠵᠤ ᠲᠣᠬᠢᠷᠠᠭᠤᠯᠤᠯᠲᠠ ᠬᠢᠨ᠎ᠡ᠃ ᠪᠠᠭᠰᠢ ᠨᠠᠷ ᠢ ᠪᠣᠯᠪᠠᠰᠤᠷᠠᠭᠤᠯᠬᠤ ᠠᠵᠢᠯ ᠤᠨ ᠨᠥᠬᠦᠪᠥᠷᠢ ᠳᠤ ᠬᠡᠷᠡᠭᠰᠡᠬᠦ ᠵᠠᠷᠤᠳᠠᠯ ᠢ ᠠᠶᠢᠮᠠᠭ ᠬᠤᠲᠠ ᠶᠢᠨ ᠡᠳ᠋ ᠤᠨ ᠵᠠᠰᠠᠭ ᠨᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠬᠠᠮᠢᠶ᠎ᠠ ᠪᠦᠬᠦᠢ ᠰᠢᠯᠵᠢᠭᠦᠯᠦᠨ ᠦᠭᠬᠦ ᠪᠠᠷ ᠳᠠᠮᠵᠢᠭᠤᠯᠵᠤ ᠨᠢᠭᠡᠳᠦᠯᠲᠡᠶ ᠲᠥᠯᠥᠪᠯᠡᠨ ᠳᠡᠮᠵᠢᠯᠭᠡ ᠦᠵᠡᠭᠦᠯᠦᠨ᠎ᠡ᠃ ᠵᠠᠬ᠎ᠠ ᠬᠢᠵᠠᠭᠠᠷ ᠤᠨ ᠶᠠᠳᠠᠭᠤ ᠬᠦᠴᠢᠷᠳᠡᠯᠲᠡᠶ ᠭᠠᠵᠠᠷ ᠣᠷᠣᠨ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠪᠠ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠴᠢᠳᠠᠪᠤᠷᠢᠲᠠᠨ ᠤ ᠲᠥᠯᠥᠪᠯᠡᠭᠡ ᠶᠢᠨ ᠪᠠᠭᠰᠢ ᠨᠠᠷ ᠢ ᠰᠣᠩᠭᠤᠨ ᠲᠣᠮᠢᠯᠠᠬᠤ ᠲᠤᠰᠬᠠᠶ ᠠᠵᠢᠯ ᠤᠨ ᠨᠥᠬᠦᠪᠥᠷᠢ ᠳᠤ᠂ ᠤᠯᠤᠰ ᠠᠴᠠ ᠨᠥᠬᠦᠪᠥᠷᠢ ᠶᠢᠨ ᠪᠠᠷᠢᠮᠵᠢᠶ᠎ᠠ ᠶᠢ ᠨᠢᠭᠡᠳᠦᠯᠲᠡᠶ ᠲᠣᠭᠲᠠᠭᠠᠵᠤ᠂ ᠬᠡᠷᠡᠭᠰᠡᠬᠦ ᠵᠠᠷᠤᠳᠠᠯ ᠢ ᠲᠥᠪ ᠤᠨ ᠡᠳ᠋ ᠤᠨ ᠵᠠᠰᠠᠭ ᠠᠴᠠ ᠡᠭᠦᠷᠭᠡᠯᠡᠨ᠎ᠡ᠃
ᠡᠭᠦᠨ ᠠᠴᠠ ᠭᠠᠳᠠᠨ᠎ᠠ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠨᠠᠷ ᠤᠨ ᠴᠠᠯᠢᠩ ᠤᠨ ᠲᠥᠷᠥ ᠶᠢᠨ ᠪᠣᠳᠣᠯᠭ᠎ᠠ ᠶᠢ ᠪᠠᠲᠤᠳᠬᠠᠨ ᠨᠠᠶᠢᠳᠠᠪᠤᠷᠢᠵᠢᠭᠤᠯᠬᠤ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠡᠩ ᠤᠨ ᠴᠢᠨᠠᠷᠲᠠᠶ ᠰᠢᠯᠵᠢᠭᠦᠯᠦᠨ ᠥᠭᠬᠦ ᠪᠠᠷ ᠳᠠᠮᠵᠢᠭᠤᠯᠤᠨ ᠠᠶᠢᠮᠠᠭ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠨᠠᠷ ᠤᠨ ᠴᠠᠯᠢᠩ ᠤᠨ ᠵᠠᠷᠤᠳᠠᠯ ᠢ ᠨᠢᠭᠡᠳᠦᠯᠲᠡᠶ ᠲᠥᠯᠥᠪᠯᠡᠬᠦ ᠳᠤ ᠦᠷᠭᠦᠯᠵᠢᠯᠡᠨ ᠳᠡᠮᠵᠢᠯᠭᠡ ᠦᠵᠡᠭᠦᠯᠵᠦ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠬᠠᠮᠢᠶ᠎ᠠ ᠪᠦᠬᠦᠢ ᠰᠢᠯᠵᠢᠭᠦᠯᠦᠨ ᠥᠭᠬᠦ ᠪᠠ ᠲᠤᠰ ᠱᠠᠲᠤᠨ ᠤ ᠡᠳ᠋ ᠤᠨ ᠬᠦᠴᠦᠨ ᠢ ᠲᠣᠭᠲᠠᠭᠠᠯ ᠶᠣᠰᠣᠭᠠᠷ ᠨᠢᠭᠡᠳᠦᠯᠲᠡᠢ ᠬᠡᠷᠡᠭᠯᠡᠵᠦ ᠴᠠᠭ ᠲᠤ ᠨᠢ ᠭᠦᠢᠴᠡᠳ ᠣᠯᠭᠤᠬᠤ ᠶᠢ ᠦᠨᠡᠨ ᠬᠦ ᠪᠠᠲᠤᠯᠠᠨ᠎ᠠ᠃
︵ᠬᠤᠶᠠᠷ︶ ᠰᠤᠷᠤᠭᠴᠢᠳ ᠢ ᠵᠣᠭᠤᠰ ᠢᠶᠠᠷ ᠲᠤᠰᠠᠯᠠᠬᠤ᠃
ᠰᠤᠷᠤᠭᠴᠢᠳ ᠢ ᠵᠣᠭᠤᠰ ᠢᠶᠠᠷ ᠲᠤᠰᠠᠯᠠᠬᠤ ᠪᠣᠯ ᠬᠠᠷᠢᠴᠠᠩᠭᠤᠶ ᠪᠡᠶ᠎ᠡ ᠪᠠᠨ ᠳᠠᠭᠠᠭᠠᠭᠰᠠᠨ ᠪᠦᠷᠢᠨ ᠪᠦᠲᠦᠨ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠪᠠᠶᠢᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠵᠡᠷᠭᠡ ᠶᠢ ᠬᠠᠮᠤᠷᠴᠤ᠂ ᠲᠡᠳᠡᠭᠡᠷ ᠢ ᠶᠡᠷᠦᠩᠬᠡᠶ ᠳᠤ ᠨᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠣᠯᠭᠠᠨ ᠨᠤᠲᠠᠯᠠᠵᠤ ᠲᠣᠭᠲᠠᠭᠠᠬᠤ ᠶᠢᠨ ᠬᠠᠮᠲᠤ᠂ ᠪᠣᠳᠠᠲᠠᠶ ᠵᠦᠢᠯᠡᠰ ᠢᠶᠠᠷ ᠨᠠᠷᠢᠯᠢᠬᠵᠢᠭᠤᠯᠤᠨ᠎ᠠ᠂ ᠡᠭᠦᠨ ᠳᠤ᠂ ᠤᠷᠮᠠᠰᠢᠭᠤᠯᠬᠤ ᠪᠠ ᠬᠥᠲᠥᠯᠦᠨ ᠵᠢᠯᠣᠭᠤᠳᠬᠤ ᠳᠤ ᠬᠡᠷᠡᠭᠯᠡᠬᠦ ᠵᠦᠢᠯᠡᠰ ᠤᠨ ᠬᠡᠷᠡᠭᠰᠡᠬᠦ ᠵᠠᠷᠤᠳᠠᠯ ᠢ ᠭᠤᠤᠯᠳᠠᠭᠤ ᠲᠥᠪ ᠬᠢᠭᠡᠳ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠡᠭᠦᠷᠭᠡᠯᠡᠬᠦ᠂ ᠡᠰᠡᠬᠦᠯ᠎ᠡ ᠬᠠᠷᠢᠶᠠᠯᠠᠭᠳᠠᠬᠤ ᠬᠠᠷᠢᠴᠠᠭ᠎ᠠ ᠵᠡᠷᠭᠡ ᠪᠠᠷ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠨᠢ ᠲᠣᠰ ᠲᠣᠰ ᠡᠭᠦᠷᠭᠡᠯᠡᠨ᠎ᠡ︔ ᠬᠦᠴᠢᠷᠲᠡᠢ ᠶᠢ ᠨᠢ ᠵᠣᠭᠤᠰ ᠢᠶᠠᠷ ᠲᠤᠰᠠᠯᠠᠬᠤ ᠲᠠᠯ᠎ᠠ ᠳᠤ ᠬᠡᠷᠡᠭᠯᠡᠬᠦ ᠵᠦᠢᠯᠡᠰ ᠤᠨ ᠬᠡᠷᠡᠭᠰᠡᠬᠦ ᠵᠠᠷᠤᠳᠠᠯ ᠢ ᠡᠩ ᠤᠨ ᠪᠠᠶᠢᠳᠠᠯ ᠳᠤ ᠤᠯᠤᠰ ᠤᠨ ᠰᠠᠭᠤᠷᠢ ᠪᠠᠷᠢᠮᠵᠢᠶ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠨᠢ ᠳᠡᠰ ᠬᠤᠪᠢᠶᠠᠨ ᠡᠭᠦᠷᠭᠡᠯᠡᠬᠦ ᠬᠠᠷᠢᠴᠠᠯ ᠢ ᠲᠣᠳᠣᠷᠬᠠᠢ ᠲᠣᠭᠲᠠᠭᠠᠨ᠎ᠠ᠃ ᠰᠤᠷᠤᠭᠴᠢᠳ ᠢ ᠵᠣᠭᠤᠰ ᠢᠶᠠᠷ ᠲᠤᠰᠠᠯᠠᠬᠤ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠡᠭᠦᠷᠭᠡᠯᠡᠬᠦ ᠬᠡᠰᠡᠭ ᠢ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠰᠢᠯᠵᠢᠭᠦᠯᠦᠨ ᠥᠭᠬᠦ ᠪᠠᠷ ᠳᠠᠮᠵᠢᠭᠤᠯᠤᠨ ᠲᠣᠬᠢᠷᠠᠭᠤᠯᠤᠨ᠎ᠠ᠃
1. ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠢᠯᠬ᠎ᠠ ᠬᠡᠤᠬᠡᠳ ᠢ ᠵᠣᠭᠤᠰ ᠢᠶᠠᠷ ᠲᠤᠰᠠᠯᠠᠬᠤ᠃ ᠣᠳᠣᠬᠢ ᠱᠠᠲᠤᠨ ᠳᠤ ᠠᠶᠢᠮᠠᠭ ᠬᠤᠲᠠ ᠨᠢ ᠨᠢᠯᠬ᠎ᠠ ᠬᠡᠤᠬᠡᠳ ᠢ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠬᠤ ᠶᠢᠨ ᠬᠠᠮᠲᠤ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠦᠭᠡᠮᠡᠯ ᠬᠠᠷᠠᠭᠠᠯᠵᠠᠬᠤ ᠴᠢᠨᠠᠷᠲᠠᠶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠬᠦᠷᠲᠡᠵᠦ ᠪᠠᠶᠢᠭ᠎ᠠ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠬᠡᠤᠬᠡᠳ᠂ ᠥᠨᠥᠴᠢᠨ ᠬᠡᠤᠬᠡᠳ ᠪᠠ ᠵᠡᠮᠳᠡᠭ ᠬᠡᠤᠬᠡᠳ ᠢ ᠵᠣᠭᠤᠰ ᠢᠶᠠᠷ ᠲᠤᠰᠠᠯᠠᠬᠤ ᠪᠠᠨ ᠦᠨᠡᠨ ᠬᠦ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠱᠠᠩᠨᠠᠵᠤ ᠲᠤᠰᠠᠯᠠᠬᠤ ᠳᠡᠮᠵᠢᠯᠭᠡ ᠦᠵᠡᠭᠦᠯᠦᠨ᠎ᠡ᠃
2. ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ᠂ ᠦᠨ᠎ᠡ ᠲᠦᠯᠦᠪᠦᠷᠢ ᠦᠭᠡᠶ ᠪᠠᠷ ᠬᠢᠴᠢᠶᠡᠯ ᠤᠨ ᠪᠢᠴᠢᠭ ᠢ ᠬᠠᠩᠭᠠᠬᠤ ︵ᠳᠣᠷᠣᠭᠰᠢ ︽ᠬᠤᠶᠠᠷ ᠢ ᠬᠡᠯᠲᠦᠷᠢᠭᠦᠯᠬᠦ︾ ᠭᠡᠵᠦ ᠲᠣᠪᠴᠢᠯᠠᠨ᠎ᠠ︶ ᠵᠢᠴᠢ ᠤᠯᠤᠰ ᠤᠨ ᠰᠤᠷᠤᠯᠭ᠎ᠠ ᠶᠢᠨ ᠲᠡᠳᠬᠦᠮᠵᠢ ᠮᠥᠩᠭᠦ᠂ ᠬᠤᠤᠰ ᠬᠡᠯᠡ ᠪᠠᠷ ᠬᠢᠴᠢᠶᠡᠯᠯᠡᠬᠦ ᠪᠠᠶᠢᠷᠢ ᠳᠤ ᠰᠠᠭᠤᠭᠰᠠᠨ ᠰᠤᠷᠤᠭᠴᠢᠳ ᠤᠨ ᠠᠮᠢᠳᠤᠷᠠᠯ ᠤᠨ ᠨᠥᠬᠦᠪᠦᠷᠢ᠃ ᠤᠯᠤᠰ ᠠᠴᠠ ᠲᠣᠭᠲᠠᠭᠠᠭᠰᠠᠨ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠨᠥᠬᠦᠪᠥᠷᠢ ᠥᠭᠬᠦ ᠬᠡᠰᠡᠭ ᠲᠤ᠂ ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ ᠵᠠᠷᠤᠳᠠᠯ ᠢ ᠲᠥᠪ ᠪᠠ ᠣᠷᠣᠨ ᠨᠤᠲᠤᠭ ᠨᠢ 8᠄ 2 ᠢᠶᠠᠷ ᠬᠤᠪᠢᠳᠠᠨ ᠡᠭᠦᠷᠭᠡᠯᠡᠵᠦ᠂ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 20% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠠᠴᠠ ᠨᠡᠶᠢᠲᠡᠯᠡᠭᠰᠡᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ︽ᠬᠤᠶᠠᠷ ᠢ ᠬᠡᠯᠲᠦᠷᠢᠭᠦᠯᠬᠦ︾ ᠲᠥᠷᠥ ᠶᠢᠨ ᠪᠣᠳᠣᠯᠭ᠎ᠠ᠂ ᠮᠣᠩᠭᠤᠯ ᠬᠡᠯᠡ ᠪᠠᠷ ᠬᠢᠴᠢᠶᠡᠯᠯᠡᠬᠦ ᠪᠠ ᠰᠣᠯᠣᠩᠭᠤᠰ ᠬᠡᠯᠡ ᠪᠠᠷ ᠬᠢᠴᠢᠶᠡᠯᠯᠡᠬᠦ ᠰᠤᠷᠤᠭᠴᠢᠳ ᠤᠨ ᠬᠡᠷᠡᠭᠰᠡᠬᠦ ᠵᠠᠷᠤᠳᠠᠯ ᠢ ᠴᠦᠮ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠡᠭᠦᠷᠭᠡᠯᠡᠨ᠎ᠡ᠂ ᠪᠤᠰᠤᠳ ᠰᠤᠷᠤᠭᠴᠢᠳ ᠤᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ ᠲᠡᠳᠭᠦᠮᠵᠢ ᠮᠦᠩᠭᠦ ᠶᠢᠨ ᠨᠦᠬᠦᠪᠦᠷᠢ ᠥᠭᠬᠦ ᠬᠡᠰᠡᠭ ᠲᠤ ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ ᠵᠠᠷᠤᠳᠠᠯ ᠢ ᠲᠥᠪ ᠪᠠ ᠣᠷᠣᠨ ᠨᠤᠲᠤᠭ ᠨᠢ 8᠄ 2 ᠢᠶᠠᠷ ᠬᠤᠪᠢᠳᠠᠨ ᠡᠭᠦᠷᠭᠡᠯᠡᠵᠦ᠂ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 20% ᠶᠢᠨ ᠬᠡᠰᠡᠭ ᠢ ᠦᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠤᠤᠰ ᠬᠡᠯᠡ ᠪᠠᠷ ᠬᠢᠴᠢᠶᠡᠯᠯᠡᠬᠦ ᠪᠠᠶᠢᠷᠢ ᠳᠤ ᠰᠠᠭᠤᠭᠰᠠᠨ ᠰᠤᠷᠤᠭᠴᠢᠳ ᠤᠨ ᠠᠮᠢᠳᠤᠷᠠᠯ ᠤᠨ ᠨᠥᠬᠦᠪᠥᠷᠢ ᠶᠢ ᠴᠦᠮ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠡᠭᠦᠷᠭᠡᠯᠡᠨ᠎ᠡ᠃
3. ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠰᠦᠢᠳᠬᠡᠯ ᠬᠡᠯᠲᠦᠷᠢᠭᠦᠯᠦᠭᠰᠡᠨ ᠨᠥᠬᠦᠪᠥᠷᠢ᠂ ᠤᠯᠤᠰ ᠤᠨ ᠰᠤᠷᠤᠯᠭ᠎ᠠ ᠶᠢᠨ ᠲᠡᠳᠬᠦᠮᠵᠢ ᠮᠥᠩᠭᠦ ᠪᠠ ᠤᠯᠤᠰ ᠤᠨ ᠰᠤᠷᠤᠯᠭ᠎ᠠ ᠶᠢᠨ ᠭᠦᠬᠢᠭᠦᠯᠦᠯ ᠤᠨ ᠮᠥᠩᠭᠦ᠂ ᠪᠠᠶᠢᠷᠢ ᠶᠢᠨ ᠰᠦᠢᠳᠬᠡᠯ ᠤᠨ ᠨᠥᠬᠦᠪᠥᠷᠢ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠰᠦᠢᠳᠬᠡᠯ ᠬᠡᠯᠲᠦᠷᠢᠭᠦᠯᠦᠭᠰᠡᠨ ᠨᠥᠬᠦᠪᠥᠷᠢ᠂ ᠤᠯᠤᠰ ᠤᠨ ᠰᠤᠷᠤᠯᠭ᠎ᠠ ᠶᠢᠨ ᠲᠡᠳᠬᠦᠮᠵᠢ ᠮᠥᠩᠭᠦᠨ ᠳᠠᠬᠢ ᠤᠯᠤᠰ ᠠᠴᠠ ᠲᠣᠭᠲᠠᠭᠠᠭᠰᠠᠨ ᠬᠡᠰᠡᠭ ᠲᠤ ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ ᠵᠠᠷᠤᠳᠠᠯ ᠢ ᠲᠥᠪ ᠪᠠ ᠣᠷᠣᠨ ᠨᠤᠲᠤᠭ ᠨᠢ 8᠄ 2 ᠢᠶᠠᠷ ᠬᠤᠪᠢᠳᠠᠨ ᠡᠭᠦᠷᠭᠡᠯᠡᠨ᠎ᠡ᠃ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 20% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠰᠦᠢᠳᠬᠡᠯ ᠬᠡᠯᠲᠦᠷᠢᠭᠦᠯᠦᠭᠰᠡᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠪᠠᠷ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠠᠬᠢ ᠤᠯᠤᠰ ᠤᠨ ᠰᠤᠷᠤᠯᠭ᠎ᠠ ᠶᠢᠨ ᠭᠦᠬᠢᠭᠦᠯᠦᠯ ᠤᠨ ᠮᠥᠩᠭᠦᠨ ᠤ ᠳᠦᠷᠢᠮ ᠢ ᠬᠡᠷᠡᠭᠵᠢᠭᠦᠯᠬᠦ ᠳᠤ ᠬᠡᠷᠡᠭᠰᠡᠬᠦ ᠵᠠᠷᠤᠳᠠᠯ ᠢ ᠲᠥᠪ ᠤᠨ ᠡᠳ᠋ ᠤᠨ ᠵᠠᠰᠠᠭ ᠡᠭᠦᠷᠭᠡᠯᠡᠨ᠎ᠡ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠦᠨ᠎ᠡ ᠲᠦᠯᠦᠪᠦᠷᠢ ᠦᠭᠡᠢ ᠪᠠᠷ ᠬᠢᠴᠢᠶᠡᠯ ᠤᠨ ᠪᠢᠴᠢᠭ ᠬᠠᠩᠭᠠᠬᠤ ᠳᠤ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠷᠢ ᠳᠤ ᠰᠠᠭᠤᠭᠰᠠᠨ ᠰᠤᠷᠤᠭᠴᠢᠳ ᠤᠨ ᠪᠠᠶᠢᠷᠢ ᠶᠢᠨ ᠰᠦᠢᠳᠬᠡᠯ ᠤᠨ ᠨᠥᠬᠦᠪᠥᠷᠢ ᠶᠢ ᠴᠦᠮ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠡᠭᠦᠷᠭᠡᠯᠡᠨ᠎ᠡ᠃
4. ᠶᠡᠭᠡ ᠳᠡᠭᠡᠳᠦ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢ ᠮᠥᠩᠭᠦ᠃ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ︵ᠳᠡᠭᠡᠳᠦ ᠵᠡᠷᠭᠡ ᠶᠢᠨ ᠠᠵᠢᠯ ᠮᠡᠷᠭᠡᠵᠢᠯ᠂ ᠬᠤᠶᠠᠳᠠᠬᠢ ᠪᠠᠺᠠᠯᠧᠷ ᠴᠣᠯᠠ ᠪᠠᠭᠲᠠᠨ᠎ᠠ︶ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢ ᠮᠥᠩᠭᠦ ᠳᠤ ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ ᠵᠠᠷᠤᠳᠠᠯ ᠢ ᠲᠥᠪ ᠪᠠ ᠣᠷᠣᠨ ᠨᠤᠲᠤᠭ ᠨᠢ 8᠄ 2 ᠢᠶᠠᠷ ᠬᠤᠪᠢᠳᠠᠨ ᠡᠭᠦᠷᠭᠡᠯᠡᠨ᠎ᠡ᠃ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 20% ᠶᠢᠨ ᠬᠡᠰᠡᠭ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠬᠢ ᠶᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠪᠦᠬᠦᠨ ᠢ ᠡᠭᠦᠷᠭᠡᠯᠡᠵᠦ᠂ ᠠᠶᠢᠮᠠᠭ ᠬᠤᠲᠠ ᠶᠢᠨ ᠬᠠᠷᠢᠶ᠎ᠠ ᠪᠦᠬᠦᠢ ᠶᠡᠭᠡ ᠳᠡᠭᠡᠳᠦ ᠰᠤᠷᠭᠠᠭᠤᠯᠢ ᠶᠢᠨ ᠬᠢ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃ ᠠᠰᠫᠢᠷᠠᠨᠲ ᠤᠨ ᠤᠯᠤᠰ ᠤᠨ ᠰᠤᠷᠤᠯᠭ᠎ᠠ ᠶᠢᠨ ᠲᠡᠳᠬᠦᠮᠵᠢ ᠮᠥᠩᠭᠦ ᠶᠢᠨ ᠤᠯᠤᠰ ᠠᠴᠠ ᠲᠣᠭᠲᠠᠭᠠᠭᠰᠠᠨ ᠬᠡᠰᠡᠭ ᠲᠤ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ ᠵᠠᠷᠤᠳᠠᠯ ᠢ ᠲᠥᠪ ᠬᠢᠭᠡᠳ ᠣᠷᠣᠨ ᠨᠤᠲᠤᠭ ᠨᠢ 8᠄ 2 ᠢᠶᠠᠷ ᠬᠤᠪᠢᠳᠠᠨ ᠡᠭᠦᠷᠭᠡᠯᠡᠨ᠎ᠡ᠃ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 20% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠠᠰᠫᠢᠷᠠᠨᠲ ᠤᠨ ᠬᠠᠮᠢᠶ᠎ᠠ ᠪᠦᠬᠦᠢ ᠤᠯᠤᠰ ᠤᠨ ᠰᠤᠷᠤᠯᠭ᠎ᠠ ᠶᠢᠨ ᠲᠡᠳᠬᠦᠮᠵᠢ ᠮᠥᠩᠭᠦᠨ ᠤ ᠲᠥᠷᠥ ᠶᠢᠨ ᠪᠣᠳᠣᠯᠭ᠎ᠠ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠬᠢ ᠶᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠡᠭᠦᠷᠭᠡᠯᠡᠵᠦ᠂ ᠠᠶᠢᠮᠠᠭ ᠬᠤᠲᠠ ᠶᠢᠨ ᠬᠠᠷᠢᠶ᠎ᠠ ᠪᠦᠬᠦᠢ ᠶᠡᠭᠡ ᠳᠡᠭᠡᠳᠦ ᠰᠤᠷᠭᠠᠭᠤᠯᠢ ᠶᠢᠨ ᠬᠢ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃
5. ᠶᠡᠭᠡ ᠳᠡᠭᠡᠳᠦ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ ᠭᠦᠬᠢᠭᠦᠯᠦᠯ ᠤᠨ ᠮᠥᠩᠭᠦ ᠵᠡᠷᠭᠡ ᠵᠣᠭᠤᠰ ᠢᠶᠠᠷ ᠲᠤᠰᠠᠯᠠᠬᠤ᠃ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠤᠯᠤᠰ ᠤᠨ ᠰᠤᠷᠤᠯᠭ᠎ᠠ ᠶᠢᠨ ᠭᠦᠬᠢᠭᠦᠯᠦᠯ ᠤᠨ ᠮᠥᠩᠭᠦ ︵ᠳᠡᠭᠡᠳᠦ ᠵᠡᠷᠭᠡ ᠶᠢᠨ ᠠᠵᠢᠯ ᠮᠡᠷᠭᠡᠵᠢᠯ᠂ ᠬᠤᠶᠠᠳᠠᠬᠢ ᠪᠠᠺᠠᠯᠧᠷ ᠴᠣᠯᠠ ᠪᠠᠭᠲᠠᠨ᠎ᠠ︶᠂ ᠤᠯᠤᠰ ᠠᠴᠠ ᠵᠣᠷᠢᠬᠵᠢᠭᠤᠯᠬᠤ ᠰᠤᠷᠤᠯᠭ᠎ᠠ ᠶᠢᠨ ᠭᠦᠬᠢᠭᠦᠯᠦᠯ ᠤᠨ ᠮᠥᠩᠭᠦ᠂ ᠠᠰᠫᠢᠷᠠᠨᠲ ᠤᠨ ᠤᠯᠤᠰ ᠤᠨ ᠰᠤᠷᠤᠯᠭ᠎ᠠ ᠶᠢᠨ ᠭᠥᠬᠢᠭᠦᠯᠦᠯ ᠤᠨ ᠮᠥᠩᠭᠦ᠂ ᠤᠶᠤᠲᠠᠳ ᠤᠨ ᠴᠡᠷᠢᠭ ᠤᠨ ᠠᠯᠪᠠ ᠬᠠᠭᠠᠬᠤ ᠲᠤᠰᠠᠯᠠᠮᠵᠢ ᠶᠢᠨ ᠮᠥᠩᠭᠦ᠂ ᠴᠡᠷᠢᠭ ᠤᠨ ᠠᠯᠪᠠ ᠠᠴᠠ ᠬᠠᠯᠬᠠᠳ᠋ᠬᠠᠰᠠᠨ ᠪᠠᠶᠢᠯᠳᠤᠭᠴᠢᠳ ᠤᠨ ᠰᠤᠷᠭᠠᠨ ᠬᠥᠮᠦᠵᠢᠯ ᠤᠨ ᠲᠤᠰᠠᠯᠠᠮᠵᠢ ᠶᠢᠨ ᠬᠡᠷᠡᠭᠰᠡᠬᠦ ᠵᠠᠷᠤᠳᠠᠯ ᠢ ᠲᠥᠪ ᠤᠨ ᠡᠳ᠋ ᠤᠨ ᠵᠠᠰᠠᠭ ᠡᠭᠦᠷᠭᠡᠯᠡᠨ᠎ᠡ᠃ ᠡᠩ ᠤᠨ ᠶᠡᠭᠡ ᠳᠡᠭᠡᠳᠦ ᠰᠤᠷᠭᠠᠭᠤᠯᠢ ᠳᠠᠬᠢ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠰᠤᠷᠭᠠᠭᠤᠯᠢ ᠳᠤ ᠣᠷᠣᠭᠰᠠᠨ ᠢ ᠨᠢ ᠵᠣᠭᠤᠰ ᠢᠶᠠᠷ ᠲᠤᠰᠠᠯᠠᠬᠤ᠂ ᠠᠰᠫᠢᠷᠠᠨᠲ ᠤᠨ ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢᠨ ᠭᠦᠬᠢᠭᠦᠯᠦᠯ ᠤᠨ ᠮᠥᠩᠭᠦ ᠶᠢᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠡᠭᠦᠷᠭᠡᠯᠡᠨ᠎ᠡ᠃ ᠠᠰᠫᠢᠷᠠᠨᠲ ᠤᠨ ᠰᠤᠷᠤᠯᠭ᠎ᠠ ᠶᠢᠨ ᠰᠤᠷᠤᠯᠭ᠎ᠠ ᠶᠢᠨ ᠭᠦᠬᠢᠭᠦᠯᠦᠯ ᠤᠨ ᠮᠥᠩᠭᠦ ᠶᠢᠨ ᠬᠡᠷᠡᠭᠰᠡᠬᠦ ᠵᠠᠷᠤᠳᠠᠯ ᠢ ᠶᠡᠭᠡ ᠳᠡᠭᠡᠳᠦ ᠰᠤᠷᠭᠠᠭᠤᠯᠢ ᠶᠢᠨ ᠬᠠᠷᠢᠶᠠᠯᠠᠭᠳᠠᠬᠤ ᠬᠠᠷᠢᠴᠠᠭ᠎ᠠ ᠪᠠᠷ ᠡᠯ᠎ᠡ ᠱᠠᠲᠤᠨ ᠤ ᠡᠳ᠋ ᠤᠨ ᠵᠠᠰᠠᠭ ᠨᠢ ᠲᠣᠰ ᠲᠣᠰ ᠡᠭᠦᠷᠭᠡᠯᠡᠨ᠎ᠡ᠃
6. ᠶᠡᠭᠡ ᠳᠡᠭᠡᠳᠦ ᠰᠤᠷᠭᠠᠭᠤᠯᠢ ᠶᠢᠨ ᠰᠤᠷᠤᠯᠭ᠎ᠠ ᠶᠢᠨ ᠲᠡᠳᠬᠦᠮᠵᠢᠲᠦ ᠵᠢᠭᠡᠯᠡᠯᠭᠡ ᠶᠢᠨ ᠳᠡᠮ ᠬᠦᠤ ᠪᠠ ᠲᠦᠭᠰᠢᠭᠦᠷᠢ ᠶᠢᠨ ᠲᠦᠯᠦᠪᠦᠷᠢ ᠮᠥᠩᠭᠦ᠃ ᠶᠡᠭᠡ ᠳᠡᠭᠡᠳᠦ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢᠲᠦ ᠵᠢᠭᠡᠯᠡᠯᠭᠡ ᠳᠠᠬᠢ ᠡᠳ᠋ ᠤᠨ ᠵᠠᠰᠠᠭ ᠤᠨ ᠳᠡᠮ ᠬᠦᠤ ᠶᠢᠨ ᠪᠡᠯᠡ ᠮᠥᠩᠭᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠠᠴᠠ ᠪᠤᠰᠤᠳ ᠣᠷᠣᠨ ᠨᠤᠲᠤᠭ ᠤᠨ ᠶᠡᠭᠡ ᠳᠡᠭᠡᠳᠦ ᠰᠤᠷᠭᠠᠭᠤᠯᠢ ᠳᠤ ᠰᠢᠯᠭᠠᠨ ᠤᠷᠤᠭᠰᠠᠨ ᠰᠤᠷᠤᠭᠴᠢᠳ ᠤᠨ ᠵᠢᠭᠡᠯᠡᠯᠭᠡ ᠶᠢᠨ ᠳᠠᠮ ᠬᠦᠦ ᠶᠢ ᠲᠥᠪ ᠤᠨ ᠡᠳ᠋ ᠤᠨ ᠵᠠᠰᠠᠭ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠤᠷᠤᠯᠴᠠᠵᠤ ᠪᠠᠶᠢᠪᠠᠯ᠂ ᠶᠡᠭᠡ ᠳᠡᠭᠡᠳᠦ ᠰᠤᠷᠭᠠᠭᠤᠯᠢ ᠶᠢᠨ ᠬᠠᠷᠢᠶᠠᠯᠠᠭᠳᠠᠬᠤ ᠬᠠᠷᠢᠴᠠᠭ᠎ᠠ ᠪᠠᠷ ᠠᠳᠠᠯᠢ ᠱᠠᠲᠤᠨ ᠤ ᠡᠳ᠋ ᠤᠨ ᠵᠠᠰᠠᠭ ᠨᠢ ᠡᠭᠦᠷᠭᠡᠯᠡᠨ᠎ᠡ᠃ ᠶᠡᠭᠡ ᠳᠡᠭᠡᠳᠦ ᠰᠤᠷᠭᠠᠭᠤᠯᠢ ᠶᠢᠨ ᠰᠤᠷᠤᠯᠭ᠎ᠠ ᠶᠢᠨ ᠲᠡᠳᠬᠦᠮᠵᠢᠲᠦ ᠵᠢᠭᠡᠯᠡᠯᠭᠡ ᠶᠢᠨ ᠲᠦᠭᠰᠢᠭᠦᠷᠢ ᠶᠢᠨ ᠲᠥᠯᠥᠪᠦᠷᠢ ᠶᠢᠨ ᠮᠥᠩᠭᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠠᠴᠠ ᠪᠤᠰᠤᠳ ᠭᠠᠵᠠᠷ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠢᠯᠭᠠᠨ ᠤᠷᠤᠭᠰᠠᠨ ᠰᠤᠷᠤᠭᠴᠢᠳ ᠤᠨ ᠵᠢᠭᠡᠯᠡᠯᠭᠡ ᠶᠢᠨ ᠲᠦᠭᠰᠢᠭᠦᠷᠢ ᠶᠢᠨ ᠲᠦᠯᠦᠪᠦᠷᠢ ᠶᠢᠨ ᠮᠥᠩᠭᠦ ᠶᠢ ᠲᠥᠪ ᠤᠨ ᠡᠳ᠋ ᠤᠨ ᠵᠠᠰᠠᠭ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠤᠷᠤᠯᠴᠠᠵᠤ ᠪᠠᠶᠢᠪᠠᠯ᠂ ᠲᠡᠳᠡᠨ ᠤ ᠵᠢᠭᠡᠯᠡᠯᠭᠡ ᠶᠢᠨ ᠲᠦᠭᠰᠢᠭᠦᠷᠢ ᠶᠢᠨ ᠲᠦᠯᠦᠪᠦᠷᠢ ᠶᠢᠨ ᠮᠥᠩᠭᠦ ᠶᠢ ᠲᠥᠪ ᠬᠢᠭᠡᠳ ᠥᠪᠡᠷᠲᠡᠭᠡᠨ ᠵᠠᠰᠠᠬᠤ ᠣᠷᠣᠨ ᠠᠴᠠ 5᠄ 5 ᠪᠠᠷ ᠬᠤᠪᠢᠳᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠬᠤᠪᠢᠳᠠᠨ ᠡᠭᠦᠷᠭᠡᠯᠡᠬᠦ 50% ᠶᠢ ᠶᠡᠭᠡ ᠳᠡᠭᠡᠳᠦ ᠰᠤᠷᠭᠠᠭᠤᠯᠢ ᠶᠢᠨ ᠬᠠᠷᠢᠶᠠᠯᠠᠭᠳᠠᠬᠤ ᠬᠠᠷᠢᠴᠠᠭ᠎ᠠ ᠪᠠᠷ ᠡᠯ᠎ᠡ ᠱᠠᠲᠤᠨ ᠤ ᠡᠳ᠋ ᠤᠨ ᠵᠠᠰᠠᠭ ᠬᠤᠪᠢᠶᠠᠨ ᠡᠭᠦᠷᠭᠡᠯᠡᠨ᠎ᠡ᠃ ᠭᠠᠴᠠᠭ᠎ᠠ ᠲᠣᠰᠬᠤᠨ ᠳᠤ ᠲᠤᠰᠢᠶᠠᠯ ᠡᠭᠦᠷᠭᠡᠯᠡᠭᠰᠡᠨ ᠶᠡᠭᠡ ᠳᠡᠭᠡᠳᠦ ᠰᠤᠷᠭᠠᠭᠤᠯᠢ ᠶᠢᠨ ᠲᠡᠭᠦᠰᠦᠭᠰᠡᠳ ᠤᠨ ᠤᠯᠤᠰ ᠤᠨ ᠰᠤᠷᠤᠯᠭ᠎ᠠ ᠶᠢᠨ ᠲᠡᠳᠬᠦᠮᠵᠢᠲᠦ ᠵᠢᠭᠡᠯᠡᠯᠭᠡ ᠶᠢ ᠣᠷᠣᠯᠠᠨ ᠲᠥᠯᠥᠵᠦ ᠵᠣᠭᠤᠰ ᠢᠶᠠᠷ ᠲᠤᠰᠠᠯᠠᠬᠤ ᠳᠤ ᠬᠡᠷᠡᠭᠰᠡᠬᠦ ᠵᠠᠷᠤᠳᠠᠯ ᠢ ᠶᠡᠭᠡ ᠳᠡᠭᠡᠳᠦ ᠰᠤᠷᠭᠠᠭᠤᠯᠢ ᠶᠢᠨ ᠬᠠᠷᠢᠶᠠᠯᠠᠭᠳᠠᠬᠤ ᠬᠠᠷᠢᠴᠠᠭ᠎ᠠ ᠪᠠᠷ ᠡᠯ᠎ᠡ ᠱᠠᠲᠤᠨ ᠤ ᠡᠳ᠋ ᠤᠨ ᠵᠠᠰᠠᠭ ᠨᠢ ᠲᠤᠰ ᠲᠤᠰ ᠡᠭᠦᠷᠭᠡᠯᠡᠨ᠎ᠡ᠃
︵ᠭᠤᠷᠪᠠ︶ ᠪᠤᠰᠤᠳ ᠰᠤᠷᠭᠠᠨ ᠬᠥᠮᠦᠵᠢᠯ᠃
ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠵᠡᠷᠭᠡ ᠪᠤᠰᠤᠳ ᠰᠤᠷᠭᠠᠨ ᠬᠥᠮᠦᠵᠢᠯ ᠳᠤ᠂ ᠵᠠᠰᠠᠭ ᠤᠨ ᠣᠷᠳᠣᠨ ᠤ ᠣᠷᠣᠭᠤᠯᠤᠯᠲᠠ ᠪᠠᠷ ᠭᠤᠤᠯ ᠪᠣᠯᠭᠠᠭᠰᠠᠨ᠂ ᠰᠤᠷᠭᠠᠨ ᠬᠥᠮᠦᠵᠢᠯ ᠬᠦᠷᠲᠡᠭᠰᠡᠳ ᠵᠣᠬᠢᠰᠲᠠᠶ ᠬᠤᠪᠢᠳᠠᠨ ᠡᠭᠦᠷᠭᠡᠯᠡᠬᠦ᠂ ᠪᠤᠰᠤᠳ ᠣᠯᠠᠨ ᠵᠦᠢᠯ ᠤᠨ ᠠᠷᠭ᠎ᠠ ᠵᠠᠮ ᠢᠶᠠᠷ ᠵᠠᠷᠤᠳᠠᠯ ᠴᠤᠭᠯᠠᠭᠤᠯᠬᠤ ᠣᠷᠣᠭᠤᠯᠤᠯᠲᠠ ᠶᠢᠨ ᠲᠣᠭᠲᠠᠴᠠ ᠶᠢ ᠬᠡᠷᠡᠭᠵᠢᠭᠦᠯᠵᠦ᠂ ᠶᠡᠷᠦᠩᠬᠡᠶ ᠳᠤ ᠪᠠᠨ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠣᠭᠰᠠᠨ ᠪᠠᠶᠢᠪᠠᠯ᠂ ᠬᠡᠷᠡᠭᠰᠡᠬᠦ ᠡᠳ᠋ ᠤᠨ ᠵᠠᠰᠠᠭ ᠤᠨ ᠨᠥᠬᠦᠪᠥᠷᠢ ᠵᠠᠷᠤᠳᠠᠯ ᠢ ᠭᠤᠤᠯᠳᠠᠭᠤ ᠬᠠᠷᠢᠶᠠᠯᠠᠭᠳᠠᠬᠤ ᠬᠠᠷᠢᠴᠠᠭ᠎ᠠ ᠵᠡᠷᠭᠡ ᠪᠠᠷ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠨᠢ ᠲᠣᠰ ᠲᠣᠰ ᠡᠭᠦᠷᠭᠡᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠰᠢᠯᠵᠢᠭᠦᠯᠦᠨ ᠥᠭᠬᠦ ᠪᠠᠷ ᠳᠠᠮᠵᠢᠭᠤᠯᠤᠨ ᠠᠶᠢᠮᠠᠭ ᠬᠤᠲᠠ ᠳᠤ ᠨᠢᠭᠡᠳᠦᠯᠲᠡᠶ ᠲᠥᠯᠥᠪᠯᠡᠨ ᠳᠡᠮᠵᠢᠯᠭᠡ ᠦᠵᠡᠭᠦᠯᠦᠨ᠎ᠡ᠃
1. ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠃ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠰᠤᠷᠤᠭᠴᠢ ᠨᠢᠭᠡᠪᠦᠷᠢ ᠳᠠᠬᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠪᠠᠷᠢᠮᠵᠢᠶᠠᠨ ᠤ ᠲᠣᠭᠲᠠᠮᠠᠯ ᠲᠤᠭ᠎ᠠ ᠪᠠ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠨᠥᠬᠦᠪᠥᠷᠢ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢ ᠳᠡᠮᠵᠢᠬᠦ ᠪᠡᠯᠡ ᠮᠥᠩᠭᠦ ᠶᠢ ᠦᠷᠭᠦᠯᠵᠢᠯᠡᠨ ᠲᠣᠬᠢᠷᠠᠭᠤᠯᠵᠤ᠂ ᠣᠷᠣᠨ ᠨᠤᠲᠤᠭ ᠤᠨ ᠬᠢᠨ ᠢ ᠳᠡᠮᠵᠢᠵᠦ ᠪᠠᠶᠢᠭᠠᠳ ᠤᠯᠠᠨ ᠵᠦᠢᠯ ᠤᠨ ᠬᠡᠯᠪᠡᠷᠢ ᠪᠠᠷ ᠲᠦᠭᠡᠮᠡᠯ ᠬᠠᠷᠠᠭᠠᠯᠵᠠᠯ ᠤᠨ ᠴᠢᠨᠠᠷᠲᠠᠶ ᠡᠬᠢ ᠪᠠᠶᠠᠯᠢᠭ ᠢ ᠥᠷᠭᠡᠳᠬᠡᠨ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠶᠠᠳᠠᠭᠤ ᠬᠦᠴᠢᠷᠳᠡᠯᠲᠡᠢ ᠭᠠᠵᠠᠷ ᠣᠷᠣᠨ ᠲᠡᠶᠢᠰᠢ ᠭᠤᠤᠯᠳᠠᠯᠭ᠎ᠠ ᠲᠠᠢ ᠬᠡᠯᠪᠠᠶᠢᠯᠭᠡᠨ᠎ᠡ᠃
2. ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠃ ᠠᠯᠪᠠᠨ ᠠᠴᠠ ᠡᠷᠬᠢᠯᠡᠭᠰᠡᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠨᠢᠭᠡᠪᠦᠷᠢ ᠳᠠᠬᠢ ᠠᠯᠪᠠᠨ ᠬᠡᠷᠡᠭᠯᠡᠭᠡᠨ ᠤ ᠵᠠᠷᠤᠳᠠᠯ ᠤᠨ ᠰᠠᠭᠤᠷᠢ ᠪᠠᠷᠢᠮᠵᠢᠶᠠᠨ ᠤ ᠲᠣᠭᠲᠠᠮᠠᠯ ᠲᠤᠭ᠎ᠠ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠳᠠ ᠶᠢᠨ ᠵᠠᠷᠤᠳᠠᠯ ᠤᠨ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠡᠯ᠎ᠡ ᠭᠠᠵᠠᠷ ᠣᠷᠣᠨ ᠤ ᠡᠳ᠋ ᠤᠨ ᠬᠦᠴᠦᠨ ᠤ ᠪᠠᠶᠢᠳᠠᠯ ᠢ ᠦᠨᠳᠦᠰᠦᠯᠡᠨ᠂ ᠣᠷᠣᠨ ᠨᠤᠲᠤᠭ ᠤᠨ ᠰᠤᠷᠭᠠᠭᠤᠯᠢ ᠶᠢᠨ ᠠᠩᠬᠢ ᠶᠢᠨ ᠪᠠ ᠪᠠᠶᠢᠷᠢ ᠶᠢᠨ ᠨᠥᠬᠦᠴᠡᠯ ᠢ ᠰᠠᠶᠢᠵᠢᠷᠠᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠵᠣᠬᠢᠰᠲᠠᠶ ᠨᠥᠬᠦᠪᠦᠷᠢ ᠣᠯᠭᠤᠨ᠎ᠠ᠃
ᠳᠡᠭᠡᠷ᠎ᠡ ᠳᠤᠷᠠᠳᠤᠭᠰᠠᠨ ᠠᠯᠪᠠᠨ ᠵᠢᠷᠤᠮ ᠤᠨ ᠰᠤᠷᠭᠠᠨ ᠬᠥᠮᠦᠵᠢᠯ᠂ ᠰᠤᠷᠤᠭᠴᠢᠳ ᠢ ᠵᠣᠭᠤᠰ ᠢᠶᠠᠷ ᠲᠤᠰᠠᠯᠠᠬᠤ ᠵᠡᠷᠭᠡ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠠᠮᠢᠶ᠎ᠠ ᠪᠥᠬᠦᠶ ᠪᠣᠳᠠᠲᠠᠶ ᠵᠦᠢᠯᠡᠰ ᠲᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠰᠠᠭᠤᠷᠢ ᠪᠠᠷᠢᠮᠵᠢᠶ᠎ᠠ ᠶᠢ ᠨᠢᠭᠡᠳᠦᠯᠲᠡᠶ ᠲᠣᠭᠲᠠᠭᠠᠬᠤ ᠪᠠ ᠳᠣᠭᠢᠷᠠᠭᠤᠯᠤᠨ᠎ᠠ︔ ᠠᠶᠢᠮᠠᠭ ᠬᠤᠲᠠ ᠨᠢ ᠤᠯᠤᠰ ᠤᠨ ᠰᠠᠭᠤᠷᠢ ᠪᠠᠷᠢᠮᠵᠢᠶ᠎ᠠ ᠪᠠ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠶᠢ ᠴᠦᠮ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠪᠠᠨ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠬᠡᠷᠪᠡ ᠤᠯᠤᠰ ᠤᠨ ᠰᠠᠭᠤᠷᠢ ᠪᠠᠷᠢᠮᠵᠢᠶ᠎ᠠ ᠪᠠ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠠᠴᠠ ᠥᠨᠳᠥᠷ ᠪᠠᠶᠢᠯᠭᠠᠬᠤ ᠭᠠᠵᠠᠷ ᠣᠷᠣᠨ ᠤ ᠪᠠᠷᠢᠮᠵᠢᠶ᠎ᠠ ᠶᠢ ᠲᠣᠭᠲᠠᠭᠠᠬᠤ ᠴᠢᠬᠤᠯᠠᠲᠠᠶ ᠪᠣᠯ᠂ ᠳᠡᠰ ᠳᠠᠷᠠᠭᠠᠯᠠᠯ ᠶᠣᠰᠣᠭᠠᠷ ᠳᠡᠭᠡᠳᠦ ᠱᠠᠲᠤᠨ ᠳᠤ ᠪᠠᠨ ᠤᠷᠢᠳ ᠢᠶᠠᠷ ᠮᠡᠳᠡᠭᠦᠯᠵᠦ ᠳᠠᠩᠰᠠᠯᠠᠭᠤᠯᠤᠭᠰᠠᠨ ᠤ ᠳᠠᠷᠠᠭ᠎ᠠ ᠬᠡᠷᠡᠭᠵᠢᠭᠦᠯᠬᠦ ᠪᠥᠭᠡᠳ ᠬᠡᠲᠦᠷᠡᠵᠦ ᠭᠠᠷᠤᠭᠰᠠᠨ ᠬᠡᠰᠡᠭ ᠲᠤ ᠬᠡᠷᠡᠭᠰᠡᠬᠦ ᠪᠡᠯᠡ ᠮᠥᠩᠭᠦ ᠶᠢ ᠥᠪᠡᠰᠦᠪᠡᠨ ᠡᠭᠦᠷᠭᠡᠯᠡᠨ᠎ᠡ︔ ᠬᠠᠤᠯᠢ ᠴᠠᠭᠠᠵᠠ ᠬᠠᠤᠯᠢ ᠲᠣᠭᠲᠠᠭᠠᠯ ᠪᠤᠶᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠠᠰᠲᠠᠭᠠᠨ ᠲᠣᠭᠲᠠᠭᠠᠯ ᠲᠠᠢ ᠪᠣᠯ᠂ ᠲᠡᠷᠡ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠠᠶᠢᠮᠠᠭ ᠬᠤᠲᠠ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠪᠣᠳᠠᠲᠠᠢ ᠲᠠᠢ ᠪᠠᠨ ᠪᠠ ᠡᠳ᠋ ᠤᠨ ᠬᠦᠴᠦᠨ ᠤ ᠪᠠᠶᠢᠳᠠᠯ ᠲᠠᠢ ᠪᠠᠨ ᠤᠶᠠᠯᠳᠤᠭᠤᠯᠤᠨ ᠰᠢᠨ᠎ᠡ ᠨᠡᠮᠡᠭᠰᠡᠨ ᠵᠦᠢᠯᠡᠰ ᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠭᠰᠠᠨ ᠪᠠᠶᠢᠪᠠᠯ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃
ᠦᠨᠳᠦᠰᠦᠲᠡᠨ ᠤ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ ᠬᠥᠮᠦᠵᠢᠯ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠵᠢᠴᠢ ᠶᠡᠭᠡ ᠳᠡᠭᠡᠳᠦ ᠰᠤᠷᠭᠠᠭᠤᠯᠢ᠂ ᠴᠡᠷᠢᠭ ᠠᠩᠭᠢ᠂ ᠠᠲᠠᠷ ᠬᠠᠭᠠᠯᠪᠤᠷᠢᠯᠠᠯᠲᠠ᠂ ᠣᠢ ᠰᠢᠭᠤᠶ ᠶᠢᠨ ᠲᠠᠯᠠᠪᠠᠢ ᠰᠢᠭᠤᠶᠢᠲᠤ ᠣᠷᠣᠨ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠬᠠᠷᠢᠶ᠎ᠠ ᠪᠣᠯᠬᠤ ᠰᠤᠷᠭᠠᠭᠤᠯᠢ ᠵᠡᠷᠭᠡ ᠶᠢᠨ ᠬᠠᠮᠢᠶᠠᠷᠤᠯᠳᠠ ᠪᠠ ᠡᠳ᠋ ᠤᠨ ᠵᠠᠰᠠᠭ ᠤᠨ ᠳᠡᠮᠵᠢᠬᠦ ᠠᠷᠭ᠎ᠠ ᠮᠠᠶ᠋ᠢᠭ ᠨᠢ ᠴᠥᠮ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠣᠳᠣ ᠶᠢᠨ ᠬᠡᠷᠡᠭᠵᠢᠭᠦᠯᠵᠦ ᠪᠠᠶᠢᠭ᠎ᠠ ᠪᠠᠶᠢᠭᠤᠯᠤᠯ ᠪᠠ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠠᠷᠤᠯᠭ᠎ᠠ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠵᠦ᠂ ᠭᠤᠤᠯᠳᠠᠭᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠤᠶᠤ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠵᠦᠢᠯᠡᠰ ᠲᠤ ᠬᠡᠷᠡᠭᠯᠡᠨ᠎ᠡ᠃
ᠳᠥᠷᠪᠡ᠂ ᠲᠦᠭᠦᠷ ᠠᠷᠭ᠎ᠠ ᠬᠡᠮᠵᠢᠶ᠎ᠡ
︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠵᠤ᠂ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ︽ᠳᠥᠷᠪᠡᠨ ᠦᠵᠡᠯ ᠤᠬᠠᠮᠰᠠᠷ︾ ᠢ ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠶᠢ ᠦᠨᠡᠨ ᠬᠦ ᠴᠢᠩᠭᠠᠳᠬᠠᠨ᠂ ᠨᠠᠷᠢᠨ ᠨᠢᠮᠪᠠᠶ ᠲᠣᠬᠢᠷᠠᠭᠤᠯᠤᠨ ᠪᠠᠶᠢᠷᠢᠯᠠᠭᠤᠯᠵᠦ᠂ ᠨᠢᠭᠲᠠ ᠵᠣᠬᠢᠴᠠᠭᠤᠯᠵᠤ ᠬᠠᠮᠵᠢᠯᠴᠠᠨ᠂ ᠲᠤᠰ ᠲᠥᠰᠦᠯ ᠳᠤ ᠲᠣᠭᠲᠠᠭᠠᠭᠰᠠᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠦᠨᠳᠦᠰᠦᠯᠡᠨ᠂ ᠲᠣᠭᠲᠠᠭᠠᠯ ᠶᠣᠰᠣᠭᠠᠷ ᠲᠥᠰᠦᠪ ᠤᠨ ᠲᠣᠬᠢᠷᠠᠭᠤᠯᠤᠯᠲᠠ ᠶᠢ ᠰᠠᠶᠢᠲᠤᠷ ᠬᠢᠵᠦ᠂ ᠵᠠᠷᠤᠯᠭ᠎ᠠ ᠶᠢᠨ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠤᠨ᠂ ᠰᠤᠷᠭᠠᠨ ᠬᠥᠮᠥᠵᠢᠯ ᠳᠠᠬᠢ ᠡᠳ᠋ ᠤᠨ ᠵᠠᠰᠠᠭ ᠤᠨ ᠣᠷᠣᠭᠤᠯᠤᠯᠲᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠪᠠᠨ ᠦᠨᠡᠨ ᠬᠦ ᠪᠠᠲᠤᠯᠠᠬᠤ ᠬᠡᠷᠡᠭᠲᠡᠢ᠃
︵ᠬᠤᠶᠠᠷ︶ ᠲᠥᠰᠦᠪ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠪᠡᠯᠡ ᠮᠥᠩᠭᠦᠨ ᠤ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠪᠡᠯᠡ ᠮᠥᠩᠭᠦ ᠲᠣᠬᠢᠷᠠᠭᠤᠯᠤᠭᠰᠠᠨ ᠦᠷ᠎ᠡ ᠪᠦᠲᠦᠮᠵᠢ᠂ ᠬᠡᠷᠡᠭᠯᠡᠭᠰᠡᠨ ᠦᠷ᠎ᠡ ᠠᠰᠢᠭ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠰᠢᠯᠵᠢᠭᠦᠯᠦᠨ ᠥᠭᠬᠦ ᠳᠦᠷᠢᠮ ᠢ ᠥᠭᠡᠷᠡᠴᠢᠯᠡᠬᠦ ᠪᠠ ᠲᠡᠭᠦᠯᠳᠡᠷᠵᠢᠭᠦᠯᠬᠦ ᠶᠡᠷᠦᠩᠬᠡᠶ ᠱᠠᠭᠠᠷᠳᠠᠯᠭ᠎ᠠ ᠶᠢ ᠦᠨᠳᠦᠰᠦᠯᠡᠨ᠂ ᠬᠠᠮᠢᠶ᠎ᠠ ᠪᠦᠬᠦᠢ ᠪᠡᠯᠡ ᠮᠥᠩᠭᠦᠨ ᠤ ᠠᠷᠭ᠎ᠠ ᠵᠠᠮ ᠢᠶᠠᠷ ᠳᠠᠮᠵᠢᠭᠤᠯᠤᠨ ᠰᠤᠷᠭᠠᠨ ᠬᠥᠮᠦᠵᠢᠯ ᠤᠨ ᠦᠢᠯᠡᠰ ᠲᠤ ᠦᠷᠭᠦᠯᠵᠢᠯᠡᠨ ᠳᠡᠮᠵᠢᠯᠭᠡ ᠦᠵᠡᠭᠦᠯᠬᠦ ᠬᠡᠷᠡᠭᠲᠡᠢ᠃ ᠡᠯ᠎ᠡ ᠠᠶᠢᠮᠠᠭ ᠬᠤᠲᠠ ᠨᠢ ᠴᠤ ᠭᠡᠳ ᠰᠤᠷᠭᠠᠨ ᠬᠥᠮᠦᠵᠢᠯ ᠤᠨ ᠰᠢᠯᠵᠢᠭᠦᠯᠦᠨ ᠥᠭᠬᠦ ᠳᠦᠷᠢᠮ ᠢ ᠵᠣᠬᠢᠴᠠᠩᠭᠤᠶ ᠪᠠᠷ ᠲᠡᠭᠦᠯᠳᠡᠷᠵᠢᠭᠦᠯᠬᠦ ᠬᠡᠷᠡᠭᠲᠡᠶ᠃
︵ᠭᠤᠷᠪᠠ︶ ᠣᠷᠣᠨ ᠨᠤᠲᠤᠭ ᠤᠨ ᠡᠷᠬᠡ ᠪᠠ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠤ᠂ ᠠᠶᠢᠮᠠᠭ ᠬᠤᠲᠠ ᠶᠢᠨ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠬᠤ ᠬᠡᠷᠡᠭᠲᠡᠶ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠣᠰ ᠲᠥᠰᠦᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠣᠳᠠᠲᠠᠶ ᠲᠠᠢ ᠪᠠᠨ ᠤᠶᠠᠯᠳᠤᠭᠤᠯᠤᠨ ᠠᠶᠢᠮᠠᠭ ᠬᠤᠲᠠ ᠶᠢᠨ ᠱᠠᠲᠤᠨ ᠠᠴᠠ ᠳᠣᠷᠣᠭᠰᠢᠬᠢ ᠰᠤᠷᠭᠠᠨ ᠬᠥᠮᠥᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠣᠬᠢᠰᠲᠠᠶ ᠬᠤᠪᠢᠶᠠᠷᠢᠯᠠᠬᠤ ᠬᠡᠷᠡᠭᠲᠡᠶ᠃ ᠠᠶᠢᠮᠠᠭ ᠬᠤᠲᠠ ᠶᠢᠨ ᠡᠭᠦᠷᠭᠡᠯᠡᠬᠦ ᠳᠤ ᠵᠤᠬᠢᠯᠳᠤᠬᠤ ᠰᠤᠷᠭᠠᠨ ᠬᠥᠮᠦᠵᠢᠯ ᠤᠨ ᠬᠦᠷᠢᠶᠡᠨ ᠳᠠᠬᠢ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠠᠶᠢᠮᠠᠭ ᠬᠤᠲᠠ ᠡᠭᠦᠷᠭᠡᠯᠡᠵᠦ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠡᠲᠦ ᠶᠡᠭᠡ ᠵᠠᠷᠤᠯᠭ᠎ᠠ ᠶᠢᠨ ᠬᠠᠷᠢᠭᠤᠴᠠᠯᠭ᠎ᠠ ᠡᠭᠦᠷᠭᠡᠯᠡᠬᠦ ᠠᠴᠠ ᠵᠠᠶᠢᠯᠠᠰᠬᠢᠬᠦ ᠬᠡᠷᠡᠭᠲᠡᠶ᠃ ᠠᠶᠢᠮᠠᠭ ᠬᠤᠲᠠ ᠶᠢᠨ ᠨᠢᠭᠡᠳᠦᠯᠲᠡᠶ ᠲᠥᠯᠥᠪᠯᠡᠨ ᠲᠡᠩᠴᠡᠭᠦᠯᠬᠦ ᠴᠢᠳᠠᠪᠤᠷᠢ ᠶᠢ ᠴᠢᠩᠭᠠᠳᠬᠠᠵᠤ᠂ ᠬᠦᠴᠢᠷᠳᠡᠯᠲᠡᠶ ᠭᠠᠵᠠᠷ ᠣᠷᠣᠨ ᠳᠤ ᠰᠢᠯᠵᠢᠭᠦᠯᠦᠨ ᠥᠭᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃
︵ᠳᠥᠷᠪᠡ︶ ᠳᠦᠷᠢᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠵᠢᠷᠤᠮᠵᠢᠭᠤᠯᠤᠨ ᠠᠵᠢᠯᠯᠠᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠤᠰ ᠲᠥᠰᠦᠯ ᠤᠨ ᠵᠣᠷᠢᠭ ᠰᠠᠨᠠᠭ᠎ᠠ ᠶᠣᠰᠣᠭᠠᠷ᠂ ᠪᠦᠬᠦ ᠲᠠᠯ᠎ᠠ ᠪᠠᠷ ᠰᠢᠰᠲ᠋ᠧᠮ ᠲᠠᠢ ᠡᠮᠬᠢᠯᠡᠭᠰᠡᠨ ᠰᠠᠭᠤᠷᠢᠨ ᠳᠡᠭᠡᠷ᠎ᠡ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠳᠤ ᠱᠠᠯᠠᠪᠳᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠴᠠᠭ ᠲᠤ ᠨᠢ ᠲᠣᠬᠢᠷᠠᠭᠤᠯᠤᠨ ᠳᠡᠰ ᠳᠠᠷᠠᠭᠠᠯᠠᠯ ᠶᠤᠰᠤᠭᠠᠷ ᠦᠨᠳᠦᠰᠦᠨ ᠳᠤ ᠪᠠᠨ ᠵᠢᠷᠤᠮᠵᠢᠭᠤᠯᠵᠤ᠂ ᠬᠠᠤᠯᠢ ᠲᠣᠭᠲᠠᠭᠠᠯ ᠪᠤᠶᠤ ᠵᠠᠰᠠᠭ ᠵᠠᠬᠢᠷᠭᠠᠨ ᠤ ᠲᠣᠭᠲᠠᠭᠠᠯ ᠳᠦᠷᠢᠮ ᠤᠨ ᠬᠡᠯᠪᠡᠷᠢ ᠪᠠᠷ ᠲᠣᠭᠲᠠᠭᠠᠨ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠡᠳ᠋ ᠮᠥᠩᠭᠦ ᠬᠠᠮᠢᠶᠠᠷᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃
︵ᠲᠠᠪᠤ︶ ᠥᠭᠡᠷᠡᠴᠢᠯᠡᠯᠲᠡ ᠶᠢ ᠵᠤᠬᠢᠴᠠᠯᠳᠤᠭᠤᠯᠤᠨ ᠠᠬᠢᠭᠤᠯᠵᠤ᠂ ᠰᠠᠶᠢᠨ ᠦᠢᠯᠡᠳᠦᠯᠴᠡᠯ ᠢ ᠪᠣᠢ ᠪᠣᠯᠭᠠᠬᠤ ᠬᠡᠷᠡᠭᠲᠡᠢ᠃ ᠰᠤᠷᠭᠠᠨ ᠬᠥᠮᠦᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠬᠤᠪᠢᠶᠠᠷᠢᠯᠠᠬᠤ ᠥᠭᠡᠷᠡᠴᠢᠯᠡᠯᠲᠡ ᠶᠢ ᠰᠤᠷᠭᠠᠨ ᠬᠥᠮᠦᠵᠢᠯ ᠤᠨ ᠬᠦᠷᠢᠶᠡᠨ ᠳᠠᠬᠢ ᠶᠡᠷᠦᠩᠬᠡᠶᠢᠯᠡᠭᠰᠡᠨ ᠥᠭᠡᠷᠡᠴᠢᠯᠡᠯᠲᠡ ᠲᠠᠢ ᠨᠢᠭᠲᠠ ᠤᠶᠠᠯᠳᠤᠭᠤᠯᠤᠨ᠂ ᠵᠤᠬᠢᠴᠠᠯᠳᠤᠭᠤᠯᠤᠨ ᠠᠬᠢᠭᠤᠯᠵᠤ᠂ ᠰᠠᠶᠢᠨ ᠦᠢᠯᠡᠳᠦᠯᠴᠡᠭᠦᠯᠦᠨ᠂ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢᠨ ᠬᠠᠮᠲᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠵᠡᠷᠭᠡ ᠪᠠᠶᠢᠳᠠᠯ ᠢ ᠦᠨᠳᠦᠰᠦᠯᠡᠨ᠂ ᠤᠳᠤ ᠦᠶ᠎ᠡ ᠶᠢᠨ ᠡᠳ᠋ ᠤᠨ ᠵᠠᠰᠠᠭ ᠤᠨ ᠲᠦᠷᠢᠮ ᠢ ᠲᠦᠷᠭᠡᠪᠴᠢᠯᠡᠨ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠬᠥᠳᠡᠯᠦᠩᠭᠦᠶ ᠪᠠᠷ ᠲᠣᠬᠢᠷᠠᠭᠤᠯᠤᠨ ᠰᠢᠯᠢᠳᠡᠭᠵᠢᠭᠦᠯᠬᠦ ᠬᠡᠷᠡᠭᠲᠡᠢ᠃
ᠲᠤᠰ ᠲᠥᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃