12 ᠳ᠋ᠤᠭᠠᠷ ᠰᠠᠷ᠎ᠠ ᠶᠢᠨ 16 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠵᠠᠰᠠᠭ ᠤᠨ ᠣᠷᠳᠣᠨ ᠤ ᠲᠣᠮᠣ ᠠᠵᠢᠯ ᠤᠨ ᠲᠡᠮᠳᠡᠭᠯᠡᠯ

12 ᠳ᠋ᠤᠭᠠᠷ ᠰᠠᠷ᠎ᠠ ᠶᠢᠨ 14 ᠤ ᠡᠳᠦᠷ ᠠᠴᠠ 16 ᠤ ᠡᠳᠦᠷ  ᠦᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠢᠩᠭᠠᠨ ᠠᠶᠢᠮᠠᠭ ᠲᠤ ᠭᠦᠨᠵᠡᠭᠡᠶᠢᠷᠡᠵᠦ ᠪᠠᠶᠢᠴᠠᠭᠠᠨ ᠰᠤᠳᠤᠯᠤᠯᠲᠠ ᠬᠢᠬᠦ ᠳᠤ ᠪᠠᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠣᠶ ᠪᠣᠯᠭᠠᠨ᠂ ᠲᠣᠰ ᠪᠡᠶ᠎ᠡ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ᠂ ᠡᠬᠢ ᠪᠠᠶᠠᠯᠢᠭ ᠤᠨ ᠤᠭ ᠴᠢᠨᠠᠷ ᠪᠠ ᠬᠠᠷᠢᠴᠠᠭᠤᠯᠤᠭᠰᠠᠨ ᠳᠠᠪᠠᠭᠤᠯᠢᠭ ᠢ ᠣᠨᠣᠪᠴᠢᠲᠠᠶ ᠡᠵᠡᠮᠳᠡᠵᠦ᠂ ᠪᠣᠳᠠᠲᠤ ᠴᠣᠭᠴᠠ ᠶᠢᠨ ᠠᠵᠤ ᠠᠬᠤᠶ ᠳᠤ ᠮᠥᠩᠭᠦᠨ ᠭᠦᠢᠯᠭᠡᠭᠡᠨ ᠤ ᠦᠢᠯᠡᠴᠢᠯᠡᠬᠦ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠣᠷᠣᠨ ᠨᠤᠲᠤᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

12 ᠳ᠋ᠤᠭᠠᠷ ᠰᠠᠷ᠎ᠠ ᠶᠢᠨ 16 ᠤ ᠡᠳᠦᠷ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠠᠷᠪᠠᠨ ᠬᠤᠶᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠰᠤᠳᠤᠯᠵᠤ ᠬᠢᠨᠠᠨ ᠵᠦᠪᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠦᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠦ᠋ ᠲᠤᠸᠠᠨ ᠶᠢᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠢ ᠯᠢ ᠬᠤᠸᠠ ᠲᠤᠰ ᠬᠤᠷᠠᠯ ᠳᠤ ᠣᠷᠤᠯᠴᠠᠪᠠ᠃

12 ᠳ᠋ᠤᠭᠠᠷ ᠰᠠᠷ᠎ᠠ ᠶᠢᠨ 17 ᠤ ᠡᠳᠦᠷ  ᠬᠤᠶᠠᠳᠤᠭᠠᠷ ᠬᠤᠭᠤᠴᠠᠭᠠᠨ ᠤ ᠪᠡᠭᠡᠵᠢᠩ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠴᠠᠭᠳᠠᠭᠠᠨ ᠤ ᠶᠠᠪᠤᠳᠠᠯ ᠤᠨ ᠬᠠᠮᠲᠤᠷᠠᠯᠴᠠᠭᠠᠨ ᠤ ᠬᠠᠮᠲᠤᠷᠠᠭᠰᠠᠨ ᠬᠤᠷᠠᠯ ᠤᠯᠠᠭᠠᠨᠬᠠᠳᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠦᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠪᠡᠭᠡᠵᠢᠩ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠡ ᠶᠢᠨ ᠳᠡᠳ᠋ ᠳᠠᠷᠤᠭ᠎ᠠ ᠰᠦᠨ ᠯᠢᠶᠠᠨ ᠬᠤᠢ ᠲᠤᠰ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠪᠡᠭᠡᠵᠢᠩ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ︽ᠪᠡᠭᠡᠵᠢᠩ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠬᠡᠪ ᠴᠢᠨᠠᠷ ᠢᠶᠠᠷ ᠴᠠᠭᠳᠠᠭ᠎ᠠ ᠶᠢ ᠬᠦᠴᠦᠷᠬᠡᠭᠵᠢᠭᠦᠯᠬᠦ ᠰᠣᠯᠢᠯᠴᠠᠭ᠎ᠠ ᠬᠠᠮᠲᠤᠷᠠᠯᠴᠠᠭᠠᠨ ᠤ ᠵᠦᠪᠯᠡᠯᠴᠡᠭᠡᠷ︾ ︽ᠪᠡᠭᠡᠵᠢᠩ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠡᠷᠡᠭᠦᠤ ᠶᠢᠨ ᠬᠡᠷᠡᠭ ᠢ ᠣᠨᠳᠣᠤ ᠭᠠᠵᠠᠷ ᠲᠤ ᠲᠠᠩᠨᠠᠨ ᠪᠠᠶᠢᠴᠠᠭᠠᠵᠤ ᠰᠢᠢᠳᠪᠦᠷᠢᠯᠡᠬᠦ ᠬᠠᠮᠲᠤᠷᠠᠯᠴᠠᠭᠠᠨ ᠤ ᠵᠦᠪᠯᠡᠯᠴᠡᠭᠡᠷ︾ ︽ᠪᠡᠭᠡᠵᠢᠩ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠠᠶᠤᠯ ᠲᠠᠢ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠮᠲᠤᠷᠠᠯᠴᠠᠭᠠᠨ ᠤ ᠵᠦᠪᠯᠡᠯᠴᠡᠭᠡᠷ︾ ᠲᠤ ᠭᠠᠷ ᠤᠨ ᠥᠰᠥᠭ ᠵᠢᠷᠤᠪᠠ᠃

12 ᠳ᠋ᠤᠭᠠᠷ ᠰᠠᠷ᠎ᠠ ᠶᠢᠨ 19 ᠤ ᠡᠳᠦᠷ  ᠠᠮᠤᠭᠤᠯᠠᠩᠲᠤ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ 2020 ᠣᠨ ᠤ ᠠᠮᠤᠭᠤᠯᠠᠩᠲᠤ ᠥᠪᠥᠷ ᠮᠣᠩᠭᠤᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠳ᠋ᠦᠩᠨᠡᠵᠦ᠂ ᠪᠠᠶᠢᠳᠠᠯ ᠢ ᠵᠠᠳᠠᠯᠤᠨ᠂ ᠬᠠᠷᠠᠯᠲᠠ ᠶᠢ ᠲᠤᠳᠤᠷᠬᠠᠢ ᠲᠣᠭᠲᠠᠭᠠᠵᠤ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ ᠥᠪᠥᠷ ᠮᠣᠩᠭᠤᠯ ᠢ ᠪᠦᠳᠦᠭᠡᠨ ᠪᠠᠶᠢᠭᠤᠯᠬᠤ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠤ ᠴᠦᠨ ᠲᠤᠰ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠦᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠾᠧᠩ ᠰᠢᠶᠤᠤ ᠹᠠᠨ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠳᠠᠷᠤᠭ᠎ᠠ ᠯᠢ ᠴᠢ ᠯᠢᠨ ᠬᠤᠷᠠᠯ ᠳᠤ ᠣᠷᠣᠯᠴᠠᠪᠠ᠃ ᠲᠤᠰ ᠬᠤᠷᠠᠯ ᠢ ᠸᠢᠳᠢᠣ᠋ ᠶᠢᠨ ᠬᠡᠯᠪᠡᠷᠢ ᠪᠠᠷ ᠡᠯ᠎ᠡ ᠠᠶᠢᠮᠠᠭ ᠬᠤᠲᠠ ᠬᠦᠷᠲᠡᠯ᠎ᠡ ᠬᠤᠷᠠᠯᠳᠤᠭᠤᠯᠪᠠ᠃

12 ᠳ᠋ᠤᠭᠠᠷ ᠰᠠᠷ᠎ᠠ ᠶᠢᠨ 21 ᠤ ᠡᠳᠦᠷ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠨᠠᠮ ᠪᠦᠯᠦᠭ ᠤᠨ ᠪᠤᠰᠤ ᠬᠥᠮᠦᠰ ᠤᠨ ᠲᠥᠯᠥᠭᠡᠯᠡᠭᠴᠢ ᠶᠢᠨ 2020 ᠣᠨ ᠤ ᠭᠤᠣᠯᠳᠠᠯᠭ᠎ᠠ ᠲᠠᠢ ᠰᠤᠳᠤᠯᠭᠠᠨ ᠤ ᠰᠡᠳᠦᠪ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦ᠋ ᠰᠢᠶᠤᠤ ᠯᠢᠨ᠂ ᠯᠢ ᠰᠢᠤ ᠯᠢᠩ᠂ ᠯᠢᠨ ᠱᠤᠤ ᠴᠦᠨ᠂ ᠵᠠᠩ ᠱᠤᠤ ᠴᠦᠨ᠂ ᠳ᠋ᠤᠸᠠᠨ ᡁᠢ ᠴᠢᠶᠠᠩ᠂ ᠡᠦ ᠲᠤᠸᠠᠨ ᠶᠢᠩ᠂ ᠯᠢ ᠪᠢᠩ ᠷᠦᠩ᠂ ᠵᠧᠩ ᠬᠤᠩ ᠹᠠᠨ ᠨᠠᠷ ᠬᠤᠷᠠᠯ ᠳᠤ ᠣᠷᠣᠯᠴᠠᠪᠠ᠃ ᠦᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠲᠤᠰ ᠬᠤᠷᠠᠯ ᠳᠤ ᠣᠷᠤᠯᠴᠠᠪᠠ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠰᠠᠭᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2021 ᠣᠨ ᠤ ᠠᠵᠢᠯ ᠵᠢᠴᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠥᠭᠵᠢᠯᠲᠡ ᠶᠢᠨ ᠲᠠᠯ᠎ᠠ ᠳᠤ ᠬᠡᠰᠡᠭ ᠠᠵᠤ ᠠᠬᠤᠶᠢᠯᠠᠯ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠰᠠᠨᠠᠯ ᠰᠠᠨᠠᠭᠤᠯᠭ᠎ᠠ ᠶᠢ ᠰᠣᠨᠣᠰᠪᠠ᠃ ᠦᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠠᠩ ᠱᠣᠣ ᠴᠦᠨ᠂ ᠠᠢ ᠯᠢ ᠬᠤᠸᠠ᠂ ᠡᠸᠤ ᠶᠠᠩ ᠰᠢᠶᠤᠤ ᠬᠤᠢ᠂ ᠯᠢ ᠪᠢᠩ ᠷᠦᠩ᠂ ᠵᠧᠩ ᠬᠤᠩ ᠹᠠᠨ᠂ ᠬᠤᠸᠠᠩ ᡁᠢ ᠴᠢᠶᠠᠩ᠂ ᠾᠧᠩ ᠰᠢᠶᠤᠤ ᠹᠠᠨ ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠲᠤᠰ ᠰᠠᠭᠤᠳᠠᠯ ᠤᠨ ᠬᠤᠷᠠᠯ ᠳᠤ ᠣᠷᠤᠯᠴᠠᠪᠠ᠃

ᠪᠦᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠧᠯᠸᠢᠰ ᠤᠲᠠᠰᠤᠲᠤ ᠬᠤᠷᠠᠯ ᠬᠤᠷᠠᠯᠳᠤᠪᠠ᠃ ᠬᠤᠷᠠᠯ ᠠᠴᠠ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠ ᠲᠥᠪ ᠤᠨ ᠪᠦᠬᠦ ᠲᠠᠯ᠎ᠠ ᠪᠠᠷ ᠤᠯᠤᠰ ᠢᠶᠠᠨ ᠬᠠᠤᠯᠢ ᠪᠠᠷ ᠵᠠᠰᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠲᠦᠯᠦᠪᠵᠢᠭᠦᠯᠭᠡ ᠶᠢᠨ ᠬᠦᠲᠦᠯᠪᠦᠷᠢ ᠶᠢ ᠬᠡᠷᠡᠭᠵᠢᠭᠦᠯᠦᠭᠰᠡᠨ ᠪᠠᠶᠢᠳᠠᠯ ᠢᠶᠠᠨ ᠳ᠋ᠦᠩᠨᠡᠨ᠂ ᠪᠦᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠲᠤᠰ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠦᠪᠡᠷᠲᠡᠭᠡᠨ ᠵᠠᠰᠬᠠᠤ ᠣᠷᠣᠨ ᠤ ᠲᠤᠳᠤᠭᠠᠲᠤ ᠶᠢ ᠬᠠᠮᠠᠭᠠᠯᠠᠬᠤ ᠲᠢᠩᠭᠢᠮ ᠤᠨ ᠳᠠᠷᠤᠭ᠎ᠠ ᠾᠧᠩ ᠰᠢᠶᠤᠤ ᠹᠠᠨ ᠲᠤᠰ ᠬᠤᠷᠠᠯ ᠳᠤ ᠣᠷᠤᠯᠴᠠᠭᠰᠠᠨ ᠪᠦᠭᠡᠳ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠶ ᠪᠠᠶᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠬᠠᠷᠢᠭᠤᠴᠠᠯᠭᠠᠲᠠᠨ ᠪᠥᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠢ ᠨᠡᠪᠲᠡᠷᠡᠭᠦᠯᠦᠨ ᠮᠡᠳᠡᠭᠡᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ ᠪᠣᠯᠬᠤ ᠰᠠᠯᠠᠭ᠎ᠠ ᠮᠥᠴᠢᠷ᠂ ᠰᠢᠭᠤᠳ ᠬᠠᠷᠢᠶ᠎ᠠ ᠣᠨᠴᠠᠭᠠᠢ ᠪᠠᠶᠢᠭᠤᠯᠤᠮᠵᠢ᠂ ᠰᠢᠭᠤᠳ ᠬᠠᠷᠢᠶ᠎ᠠ ᠪᠠᠶᠢᠭᠤᠯᠤᠮᠵᠢ ᠪᠠ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠭᠤᠣᠯ ᠬᠠᠷᠢᠭᠤᠴᠠᠯᠭᠠᠲᠠᠨ ᠲᠤᠰ ᠬᠤᠷᠠᠯ ᠤᠨ ᠭᠤᠣᠯ ᠲᠠᠯᠠᠪᠠᠢ ᠶᠢᠨ ᠬᠤᠷᠠᠯ ᠳᠤ ᠣᠷᠣᠯᠴᠠᠪᠠ᠃ ᠲᠤᠰ ᠬᠤᠷᠠᠯ ᠢ ᠸᠢᠳᠢᠣ᠋ ᠶᠢᠨ ᠬᠡᠯᠪᠡᠷᠢ ᠪᠠᠷ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠬᠦᠷᠲᠡᠯ᠎ᠡ ᠬᠤᠷᠠᠯᠳᠤᠭᠤᠯᠪᠠ᠃

12 ᠳ᠋ᠤᠭᠠᠷ ᠰᠠᠷ᠎ᠠ ᠶᠢᠨ 22 ᠤᠨ ᠡᠳᠦᠷ  ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ︵ᠬᠤᠰᠢᠭᠤ ᠰᠢᠶᠠᠨ᠂ ᠬᠤᠲᠠ ᠲᠣᠭᠤᠷᠢᠭ︶ ᠶᠢ ᠨᠡᠷᠡᠶᠢᠳᠬᠦ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠠᠴᠠ ᠣᠳᠣᠬᠠᠨ ᠤ ᠬᠤᠶᠠᠷ ᠢ ᠬᠦᠷᠢᠶᠡᠯᠡᠬᠦ ᠠᠵᠢᠯ ᠤᠨ ᠪᠠᠶᠢᠳᠠᠯ ᠢ ᠵᠠᠳᠠᠯᠵᠤ᠂ ᠬᠤᠶᠢᠰᠢᠳᠠ ᠶᠢᠨ ᠨᠢᠭᠡ ᠬᠤᠭᠤᠴᠠᠭᠠᠨ ᠳᠠᠬᠢ ᠬᠤᠶᠠᠷ ᠢ ᠬᠦᠷᠢᠶᠡᠯᠡᠬᠦ ᠠᠵᠢᠯ ᠤᠨ ᠡᠭᠦᠷᠭᠡ ᠶᠢ ᠪᠠᠶᠢᠷᠢᠯᠠᠭᠤᠯᠤᠨ᠂ ᠰᠢᠨ᠎ᠡ ᠨᠢᠭᠡ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ︵ᠬᠤᠰᠢᠭᠤ ᠰᠢᠶᠠᠨ᠂ ᠬᠤᠲᠠ ᠲᠣᠭᠤᠷᠢᠭ︶ ᠶᠢ ᠨᠡᠷᠡᠶᠢᠳᠪᠡ᠃ ᠬᠤᠷᠠᠯ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠱᠢ ᠲᠠᠢ ᠹᠧᠩ᠂ ᠪᠦ᠋ ᠰᠢᠶᠤᠤ ᠯᠢᠨ᠂ ᠯᠢ ᠰᠢᠤ ᠯᠢᠩ᠂ ᠯᠢᠨ ᠱᠤᠤ ᠴᠦᠨ᠂ ᠵᠠᠩ ᠱᠤᠤ ᠴᠦᠨ᠂ ᠮᠠ ᠴᠢᠩ ᠯᠸᠢ᠂ ᠦ᠋ ᠲᠤᠸᠠᠨ ᠶᠢᠩ᠂ ᠡᠸᠤ ᠶᠠᠩ ᠰᠢᠶᠤᠤ ᠬᠤᠢ᠂ ᠯᠢ ᠱᠤᠤ ᠵᠢᠶᠦ᠋ᠨ᠂ ᠰᠢᠶᠤᠤ ᠹᠠᠩ ᠵᠢᠤᠢ ᠲᠤᠰ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠠᠢ ᠬᠠᠮᠲᠤ ᠪᠠᠷ ᠬᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠦᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠤᠶ ᠲᠤᠰ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠦᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠭᠡᠰᠢᠭᠦᠨ᠂ ᠦᠪᠦᠷ ᠮᠣᠩᠭᠤᠯ ᠤᠨ ᠴᠡᠷᠢᠭ ᠤᠨ ᠲᠣᠭᠤᠷᠢᠭ ᠤᠨ ᠳᠡᠳ᠋ ᠺᠣᠮᠢᠰᠰᠠᠷ ᠯᠢ ᠱᠣᠤ ᠵᠢᠶᠦ᠋ᠨ ᠬᠤᠷᠠᠯ ᠢ ᠡᠷᠭᠢᠯᠡᠪᠡ᠃ ᠬᠤᠷᠠᠯ ᠳᠡᠭᠡᠷ᠎ᠡ᠂ ︽ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ︵ᠬᠤᠰᠢᠭᠤ ᠰᠢᠶᠠᠨ᠂ ᠬᠤᠲᠠ ᠲᠣᠭᠤᠷᠢᠭ︶ ᠶᠢ ᠨᠡᠷᠡᠶᠢᠳᠬᠦ ᠲᠣᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠲᠣᠭᠲᠠᠭᠠᠯ︾ ᠢ ᠤᠩᠰᠢᠨ ᠨᠡᠶᠢᠲᠡᠯᠡᠪᠡ᠃ ᠬᠥᠬᠡᠬᠤᠲᠠ ᠪᠤᠭᠤᠲᠤ ᠬᠤᠲᠠ ᠵᠡᠷᠭᠡ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠭᠰᠡᠨ 67 ᠵᠢᠱᠢᠶᠡᠴᠢ ᠬᠤᠲᠠ ︵ᠬᠤᠰᠢᠭᠤ ᠰᠢᠶᠠᠨ᠂ ᠬᠤᠲᠠ ᠲᠣᠭᠤᠷᠢᠭ︶ ᠶᠢ ᠨᠡᠷᠡᠶᠢᠳᠴᠦ ᠬᠥᠬᠢᠭᠦᠯᠦᠨ ᠰᠠᠶᠢᠰᠢᠶᠠᠪᠠ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠬᠦᠷᠴᠦ᠂ ᠥᠷᠭᠡᠨ ᠤᠯᠠᠨ ᠪᠠᠭᠰᠢ ᠰᠤᠷᠤᠭᠴᠢᠳ ᠢ ᠪᠣᠯᠭᠤᠭᠠᠨ ᠲᠣᠬᠤᠨᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠴᠠᠭ ᠤᠨ ᠪᠠᠶᠢᠳᠠᠯ ᠲᠦᠷᠦ ᠶᠢᠨ ᠪᠤᠳᠤᠯᠭ᠎ᠠ ᠶᠢᠨ ᠮᠡᠳᠡᠭᠦᠯᠦᠯᠲᠡ ᠬᠢᠭᠰᠡᠨ ᠤ ᠬᠠᠮᠲᠤ ᠦᠵᠡᠯ ᠰᠠᠨᠠᠭ᠎ᠠ ᠤᠯᠤᠰ ᠲᠦᠷᠦ ᠶᠢᠨ ᠤᠨᠤᠯ ᠤᠨ ᠬᠢᠴᠢᠶᠡᠯ ᠢ ᠰᠤᠯᠠ ᠰᠣᠨᠣᠰᠴᠤ᠂ ᠤᠯᠠᠨ ᠢᠶᠠᠷ ᠢᠶᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢᠶᠠᠨ ᠪᠠᠲᠤ ᠪᠠᠬᠢ ᠪᠣᠯᠭᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠬᠥᠮᠦᠨ ᠤ ᠠᠮᠢᠳᠤᠷᠠᠯ ᠤᠨ ᠴᠤᠭ ᠵᠢᠪᠬᠤᠭ᠎ᠠ ᠪᠠᠨ ᠢᠯᠡᠷᠡᠭᠦᠯᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠶᠢᠨ ᠲᠥᠯᠥᠭᠡ ᠵᠠᠯᠠᠭᠤ ᠨᠠᠰᠤ ᠪᠠᠨ ᠵᠣᠷᠢᠭᠤᠯᠬᠤ ᠬᠡᠷᠡᠭᠲᠡᠢ ᠭᠡᠵᠦ ᠵᠣᠷᠢᠭᠵᠢᠭᠤᠯᠪᠠ᠃ ᠮᠡᠳᠡᠭᠦᠯᠦᠯᠲᠡ ᠶᠢᠨ ᠬᠤᠷᠠᠯ ᠠᠴᠠ ᠡᠮᠦᠨ᠎ᠡ᠂ ᠪᠦ᠋ ᠰᠢᠶᠤᠤ ᠯᠢᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠢᠶᠠᠨ ᠵᠢᠶᠠ ᠪᠢᠩ ᠰᠤᠷᠭᠠᠨ ᠬᠥᠮᠦᠵᠢᠯ ᠤᠨ ᠪᠢᠴᠢᠭ ᠤᠨ ᠬᠦᠷᠢᠶᠡᠯᠡᠩ ᠳᠤ ᠬᠦᠷᠴᠦ ᠵᠠᠩ ᠷᠦᠢ ᠵᠢᠶᠦ᠋ᠨ ᠪᠠᠭᠰᠢ ᠶᠢᠨ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ ᠠᠭᠤᠯᠭ᠎ᠠ︾ ᠭᠡᠬᠦ ᠭᠤᠣᠯ ᠰᠡᠳᠦᠪᠲᠦ ᠦᠵᠡᠯ ᠰᠠᠨᠠᠭ᠎ᠠ ᠤᠯᠤᠰ ᠲᠦᠷᠦ ᠶᠢᠨ ᠤᠨᠤᠯ ᠤᠨ ᠬᠢᠴᠢᠶᠡᠯ ᠢ ᠰᠤᠯᠠ ᠰᠣᠨᠣᠰᠪᠠ᠃ ᠬᠢᠴᠢᠶᠡᠯ ᠤᠨ ᠳᠠᠷᠠᠭ᠎ᠠ ᠪᠦ᠋ ᠰᠢᠶᠤᠤ ᠯᠢᠨ ᠰᠤᠷᠤᠭᠴᠢᠳ ᠲᠠᠢ ᠳᠣᠲᠣᠨᠣ ᠪᠠᠷ ᠶᠠᠷᠢᠯᠴᠠᠵᠤ᠂ ᠰᠤᠷᠤᠭᠴᠢᠳ ᠢ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠢ ᠬᠢᠨᠠᠮᠠᠭᠠᠶ ᠰᠤᠷᠤᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ ᠠᠪᠢᠶᠠᠰ ᠴᠢᠳᠠᠪᠤᠷᠢ ᠪᠠᠨ ᠪᠠᠳᠠᠷᠠᠭᠤᠯᠵᠤ ᠬᠥᠮᠦᠨ ᠤ ᠠᠮᠢᠳᠤᠷᠠᠯ ᠤᠨ ᠬᠦᠰᠡᠯᠡᠩ ᠢᠶᠠᠨ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ ᠭᠡᠵᠦ ᠬᠦᠰᠡᠨ ᠱᠠᠭᠠᠷᠳᠠᠪᠠ᠃ ᠮᠡᠳᠡᠭᠦᠯᠦᠯᠲᠡ ᠶᠢᠨ ᠬᠤᠷᠠᠯ ᠤᠨ ᠳᠠᠷᠠᠭ᠎ᠠ᠂ ᠪᠦ᠋ ᠰᠢᠶᠤᠤ ᠯᠢᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠳᠤ ᠭᠦᠨᠵᠡᠭᠡᠶᠢᠷᠡᠵᠦ ᠪᠠᠶᠢᠴᠠᠭᠠᠨ ᠰᠤᠳᠤᠯᠤᠯᠲᠠ ᠬᠢᠵᠦ᠂ ᠮᠠᠷᠺᠰ ᠤᠨ ᠦᠵᠡᠯ ᠤᠨ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂ ᠦᠵᠡᠯ ᠰᠠᠨᠠᠭ᠎ᠠ ᠤᠯᠤᠰ ᠲᠦᠷᠦ ᠤᠨᠤᠯ ᠤᠨ ᠬᠢᠴᠢᠶᠡᠯ ᠤᠨ ᠵᠢᠭᠠᠨ ᠰᠤᠷᠭᠠᠯᠲᠠ ᠵᠡᠷᠭᠡ ᠲᠠᠯ᠎ᠠ ᠶᠢᠨ ᠪᠠᠶᠢᠳᠠᠯ ᠢ ᠭᠦᠨᠵᠡᠭᠡᠢ ᠣᠶᠢᠯᠠᠭᠠᠪᠠ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠣᠤ ᠴᠦᠨ ᠳᠤᠮᠳᠠᠳᠤ ᠤᠯᠤᠰ ᠤᠨ ᠠᠷᠠᠳᠴᠢᠯᠠᠯ ᠢ ᠠᠬᠢᠭᠤᠯᠬᠤ ᠬᠤᠷᠠᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠳᠤ ᠬᠦᠷᠴᠦ ᠲᠣᠭᠤᠷᠢᠨ ᠦᠵᠡᠭᠰᠡᠨ ᠤ ᠬᠠᠮᠲᠤ ᠶᠠᠷᠢᠯᠴᠠᠭ᠎ᠠ ᠰᠤᠯᠢᠯᠴᠠᠭ᠎ᠠ ᠬᠢᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠠᠯ᠎ᠠ ᠳᠤ ᠳᠤᠮᠳᠠᠳᠤ ᠤᠯᠤᠰ ᠤᠨ ᠠᠷᠠᠳᠴᠢᠯᠠᠯ ᠢ ᠠᠬᠢᠭᠤᠯᠬᠤ ᠬᠤᠷᠠᠯ ᠤᠨ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠷᠢᠶᠠᠨ ᠤ ᠰᠠᠨᠠᠯ ᠰᠠᠨᠠᠭᠤᠯᠭ᠎ᠠ ᠶᠢ ᠬᠦᠯᠢᠶᠡᠨ ᠠᠪᠴᠤ ᠰᠤᠨᠤᠰᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠳᠤᠮᠳᠠᠳᠤ ᠤᠯᠤᠰ ᠤᠨ ᠠᠷᠠᠳᠴᠢᠯᠠᠯ ᠢ ᠠᠬᠢᠭᠤᠯᠬᠤ ᠬᠤᠷᠠᠯ ᠤᠨ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠷᠢᠶᠠᠨ ᠤ ᠡᠷᠬᠢᠯᠡᠭᠴᠢ ᠭᠡᠰᠢᠭᠦᠨ ᠵᠧᠩ ᠹᠦ᠋ ᠲᠢᠶᠠᠨ ᠲᠤᠰ ᠰᠠᠭᠤᠳᠠᠯ ᠤᠨ ᠬᠤᠷᠠᠯ ᠳᠤ ᠣᠷᠣᠯᠴᠠᠪᠠ᠃ ᠬᠤᠷᠠᠯ ᠤᠨ ᠳᠠᠷᠠᠭ᠎ᠠ᠂ ᠵᠠᠩ ᠱᠤᠤ ᠴᠦᠨ ᠳᠤᠮᠳᠠᠳᠤ ᠤᠯᠤᠰ ᠤᠨ ᠠᠷᠠᠳᠴᠢᠯᠠᠯ ᠢ ᠠᠬᠢᠭᠤᠯᠬᠤ ᠬᠤᠷᠠᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠲᠡᠦᠬᠡ ᠶᠢᠨ ᠦᠵᠡᠰᠭᠦᠯᠡᠩ ᠪᠠ ᠺᠠᠢ ᠮᠢᠩ ᠵᠢᠷᠤᠭ ᠤᠨ ᠬᠦᠷᠢᠶᠡᠯᠡᠩ ᠢᠶᠠᠷ ᠲᠣᠭᠤᠷᠢᠨ ᠦᠵᠡᠵᠦ᠂ ᠳᠤᠮᠳᠠᠳᠤ ᠤᠯᠤᠰ ᠤᠨ ᠠᠷᠠᠳᠴᠢᠯᠠᠯ ᠢ ᠠᠬᠢᠭᠤᠯᠬᠤ ᠬᠤᠷᠠᠯ ᠤᠨ ᠬᠥᠭᠵᠢᠭᠰᠡᠨ ᠶᠠᠪᠤᠴᠠ ᠵᠢᠴᠢ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ᠂ ᠨᠡᠶᠢᠭᠡᠮ ᠤᠨ ᠦᠢᠯᠡᠴᠢᠯᠡᠭᠡ᠂ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃

ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠬᠡᠷᠡᠭ ᠡᠷᠬᠢᠯᠡᠭᠴᠢᠳ ᠤᠨ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠢ ᠬᠦᠬᠡᠬᠤᠲᠠ ᠳᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨᠠᠭᠴᠢᠳ ᠤᠨ ᠳᠠᠷᠤᠭ᠎ᠠ ᠯᠢᠶᠠᠨ ᠰᠦ᠋ ᠲᠤᠰ ᠬᠤᠷᠠᠯ ᠳᠤ ᠣᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠠᠷᠤᠭ᠎ᠠ ᠡᠸᠤ ᠶᠠᠩ ᠰᠢᠶᠤᠤ ᠬᠤᠢ ᠲᠤᠰ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃

12 ᠳ᠋ᠤᠭᠠᠷ ᠰᠠᠷ᠎ᠠ ᠶᠢᠨ 23 ᠤ ᠡᠳᠦᠷ  ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠨᠠᠶᠢᠳᠠᠯᠭ᠎ᠠ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠡ ᠬᠥᠬᠡᠬᠤᠲᠠ ᠳᠤ ᠢᠤᠢ ᠬᠠᠢ ᠵᠢᠶᠦ᠋ᠨ ᠨᠥᠬᠦᠷ ᠲᠤ ︽ᠪᠦᠬᠦ ᠤᠯᠤᠰ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ︾ ᠭᠡᠬᠦ ᠴᠣᠯᠠ ᠨᠡᠬᠡᠮᠵᠢᠯᠡᠨ ᠣᠯᠭᠤᠬᠤ ᠶᠣᠰᠣᠯᠠᠯ ᠶᠠᠪᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠨᠥᠬᠦᠷ ᠢᠤᠶ ᠬᠠᠶ ᠵᠢᠶᠦ᠋ᠨ ᠤ ᠬᠡᠷ ᠪᠦᠯᠢ ᠶᠢᠨ ᠬᠢᠨ ᠳᠤ ᠱᠠᠩᠨᠠᠯ ᠤᠨ ᠲᠡᠮᠳᠡᠭ ᠪᠠ ᠦᠨᠡᠮᠯᠡᠯ ᠭᠠᠷᠳᠠᠭᠤᠯᠤᠭᠰᠠᠨ ᠪᠦᠭᠡᠳ ᠶᠠᠷᠢᠶ᠎ᠠ ᠲᠠᠯᠪᠢᠵᠤ᠂ ᠪᠦᠬᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠨᠥᠬᠦᠷ ᠢᠤᠢ ᠬᠠᠢ ᠵᠢᠶᠦ᠋ᠨ ᠤ ᠲᠡᠷᠢᠭᠦᠨ ᠤ ᠦᠢᠯᠡ ᠠᠵᠢᠯᠯᠠᠭ᠎ᠠ ᠶᠢ ᠭᠦᠨᠵᠡᠭᠡᠢ ᠰᠤᠷᠤᠯᠴᠠᠵᠦ᠂ ᠪᠠᠭᠠᠲᠤᠷ ᠢᠶᠠᠷ ᠲᠤᠯᠢ ᠪᠣᠯᠭᠠᠨ᠂ ᠵᠢᠱᠢᠶᠡᠴᠢ ᠪᠠᠷ ᠪᠠᠷᠢᠮᠵᠢᠶᠠᠯᠠᠵᠤ᠂ ᠠᠵᠢᠯ ᠤᠨ ᠪᠠᠶᠢᠷᠢᠨ ᠳᠡᠭᠡᠷ᠎ᠡ ᠪᠠᠨ ᠡᠪ ᠬᠠᠮᠲᠤᠴᠤᠳ ᠲᠤ ᠪᠠᠶᠢᠪᠠᠰᠤ ᠵᠣᠬᠢᠬᠤ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠵᠦ᠂ ᠣᠳᠣᠬᠢᠴᠢᠯᠠᠭᠰᠠᠨ ᠥᠪᠥᠷ ᠮᠣᠩᠭᠤᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠰᠦᠭᠡᠢ ᠭᠡᠵᠦ ᠤᠷᠢᠶᠠᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠠᠩ ᠸᠧᠶ ᠳ᠋ᠦᠩ ᠲᠤᠰ ᠶᠣᠰᠣᠯᠠᠯ ᠢ ᠡᠷᠭᠢᠯᠡᠭᠰᠡᠨ ᠪᠥᠭᠡᠳ ︽ᠵᠧᠤ ᠶᠦᠩ ᠺᠠᠶ᠂ ᠵᠠᠩ ᠬᠦᠶ ᠮᠧᠶ ᠨᠥᠬᠦᠷ ᠲᠤ ︿ᠪᠦᠬᠦ ᠤᠯᠤᠰ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ﹀ ᠤ ᠴᠤᠯᠠ ᠣᠯᠭᠤᠬᠤ ᠪᠠ ᠢᠤᠶ ᠬᠠᠶ ᠵᠢᠶᠦ᠋ᠨ᠂ ᠯᠢ ᠰᠢᠶᠠ᠂ ᠯᠦ ᠶᠦᠩ ᠭᠧᠨ᠂ ᠵᠠᠩ ᠰᠢᠶᠤᠤ ᠵᠢᠤᠸᠠᠨ᠂ ᠭᠠᠷᠰᠯᠠᠶᠢᠲ · ᠮᠠᠾᠰᠦ᠋ᠲ ᠨᠥᠬᠦᠷ ᠲᠤ ︿ᠪᠥᠬᠦ ᠤᠯᠤᠰ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ﹀ ᠤ ᠴᠣᠯᠠ ᠶᠢ ᠨᠡᠬᠡᠮᠵᠢᠯᠡᠨ ᠣᠯᠭᠤᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠤᠩᠰᠢᠨ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠲᠤᠰ ᠶᠤᠰᠤᠯᠠᠯ ᠳᠤ ᠣᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠨᠥᠬᠦᠷ ᠢᠤᠢ ᠬᠠᠢ ᠵᠢᠶᠦ᠋ᠨ ᠤ ᠠᠮᠢᠳᠤ ᠰᠡᠷᠡᠭᠦᠨ ᠪᠠᠶᠢᠬᠤ ᠳᠤ ᠪᠠᠨ ᠠᠵᠢᠯᠯᠠᠵᠤ ᠪᠠᠶᠢᠭᠰᠠᠨ ᠨᠢᠭᠡᠴᠢ ᠶᠢᠨ ᠨᠠᠮ ᠤᠨ ᠭᠡᠰᠢᠭᠦᠨ ᠺᠠᠳ᠋ᠷ ᠤᠨ ᠲᠦᠯᠦᠭᠡᠯᠡᠭᠴᠢ ᠶᠤᠰᠤᠯᠠᠯ ᠳᠤ ᠤᠷᠤᠯᠴᠠᠪᠠ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ 2020 ᠣᠨ ᠳᠠᠬᠢ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠪᠠ 2021 ᠣᠨ ᠤ ᠠᠵᠤ ᠠᠬᠤᠶ ᠶᠢᠨ ᠠᠵᠢᠯ ᠤᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠰᠣᠨᠣᠰᠴᠤ᠂ ᠰᠢᠨ᠎ᠡ ᠴᠠᠭ ᠦᠶ᠎ᠡ ᠳᠤ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠲᠦᠷᠭᠡᠪᠴᠢᠯᠡᠨ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠰᠠᠨᠠᠯ᠂ ᠣᠲᠣ ᠦᠶ᠎ᠡ ᠶᠢᠨ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢᠨ ᠲᠣᠭᠲᠠᠯᠴᠠᠭ᠎ᠠ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠲᠥᠰᠦᠯ ᠵᠡᠷᠭᠡ ᠵᠦᠢᠯᠡᠰ ᠢ ᠰᠤᠳᠤᠯᠪᠠ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠰᠠᠭᠤᠳᠠᠯ ᠤᠨ ᠬᠤᠷᠠᠯ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2021 ᠣᠨ ᠤ ᠠᠵᠢᠯ ᠵᠢᠴᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠥᠭᠵᠢᠯᠲᠡ ᠶᠢᠨ ᠲᠠᠯ᠎ᠠ ᠳᠤ ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠵᠠᠰᠠᠭ ᠤᠨ ᠣᠷᠳᠣᠨ ᠤ ᠵᠦᠪᠳᠡᠭᠴᠢ ᠪᠠ ᠲᠤᠰᠬᠠᠶ ᠮᠡᠷᠭᠡᠵᠢᠯᠲᠡᠨ ᠡᠷᠳᠡᠮᠲᠡᠳ ᠤᠨ ᠰᠠᠨᠠᠯ ᠰᠠᠨᠠᠭᠤᠯᠭ᠎ᠠ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠦᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ᠂ ᠦᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠢ ᠯᠢ ᠬᠤᠸᠠ᠂ ᠡᠸᠤ ᠶᠠᠩ ᠰᠢᠶᠤᠤ ᠬᠤᠢ᠂ ᠯᠢ ᠪᠢᠩ ᠷᠦᠩ᠂ ᠵᠧᠩ ᠬᠤᠩ ᠹᠠᠨ᠂ ᠦᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠦᠪᠡᠷᠲᠡᠭᠡᠨ ᠵᠠᠰᠠᠬᠤ ᠣᠷᠣᠨ ᠤ ᠳᠤᠲᠤᠭᠠᠳᠤ ᠶᠢ ᠬᠠᠮᠠᠭᠠᠯᠠᠬᠤ ᠲᠢᠩᠭᠢᠮ ᠤᠨ ᠳᠠᠷᠤᠭ᠎ᠠ ᠾᠧᠩ ᠰᠢᠶᠤᠤ ᠹᠠᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠤᠰ ᠰᠠᠭᠤᠳᠠᠯ ᠤᠨ ᠬᠤᠷᠠᠯ ᠳᠤ ᠣᠷᠣᠯᠴᠠᠪᠠ᠃

ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2020 ᠣᠨ ᠤ 16 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠦᠪᠡᠷᠲᠡᠭᠡᠨ ᠵᠠᠰᠬᠠᠤ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃ ᠦᠪᠡᠷᠲᠡᠭᠡᠨ ᠵᠠᠰᠬᠠᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠦᠪᠡᠷᠲᠡᠭᠡᠨ ᠵᠠᠰᠬᠠᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠥ᠋ ᠰᠢᠶᠤᠤ ᠯᠢᠨ ᠲᠤᠰ ᠬᠤᠷᠠᠯ ᠢ ᠡᠷᠬᠢᠯᠡᠪᠡ᠃ ᠬᠤᠷᠠᠯ ᠠᠴᠠ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠪᠠᠶᠢᠳᠠᠯ ᠢ ᠨᠡᠪᠲᠡᠷᠡᠭᠦᠯᠦᠨ ᠮᠡᠳᠡᠭᠡᠯᠡᠵᠦ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠤ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭᠠᠲᠤ ᠳᠦᠷᠢᠮ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭᠠᠲᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠪᠠ᠃ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠳ ᠲᠤᠰ ᠬᠤᠷᠠᠯ ᠳᠤ ᠰᠤᠯᠠ ᠣᠷᠤᠯᠴᠠᠪᠠ᠃

12 ᠳ᠋ᠤᠭᠠᠷ ᠰᠠᠷ᠎ᠠ ᠶᠢᠨ 24 ᠤ ᠡᠳᠦᠷ  ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ 2020 ᠣᠨ ᠤ 7 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠪᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠵᠠᠰᠠᠭ ᠤᠨ ᠣᠷᠳᠣᠨ ᠤ ᠠᠵᠢᠯ ᠲᠠᠢ ᠤᠶᠠᠯᠳᠤᠭᠤᠯᠵᠤ ᠰᠤᠳᠤᠯᠤᠨ ᠶᠠᠷᠢᠯᠴᠠᠵᠤ ᠰᠠᠨᠠᠯ ᠢᠶᠠᠨ ᠰᠤᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠦ᠋ ᠰᠢᠶᠤᠤ ᠯᠢᠨ ᠬᠠᠮᠲᠤ ᠶᠢᠨ ᠰᠤᠷᠤᠯᠴᠠᠯᠭ᠎ᠠ ᠶᠢ ᠡᠷᠭᠢᠯᠡᠵᠦ᠂ ᠣᠯᠠᠨ ᠲᠠᠢ ᠬᠠᠮᠲᠤ ᠪᠠᠷ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠭᠰᠠᠨ ᠪᠥᠭᠡᠳ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠥᠭᠵᠢᠯᠲᠡ ᠪᠠ ᠢᠷᠡᠬᠦ ᠵᠢᠯ ᠤᠨ ᠠᠵᠢᠯ ᠢ ᠰᠠᠶᠢᠲᠤᠷ ᠰᠦᠪᠡᠭᠴᠢᠯᠡᠬᠦ ᠲᠠᠯ᠎ᠠ ᠳᠤ ᠱᠠᠭᠠᠷᠳᠠᠯᠭ᠎ᠠ ᠶᠢ ᠳᠤᠷᠠᠳᠪᠠ᠃ ᠦᠪᠡᠷᠲᠡᠭᠡᠨ ᠵᠠᠰᠬᠠᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠵᠠᠩ ᠱᠤᠤ ᠴᠦᠨ᠂ ᠠᠢ ᠯᠢ ᠬᠤᠸᠠ᠂ ᠡᠸᠤ ᠶᠠᠩ ᠰᠢᠶᠤᠤ ᠬᠤᠢ᠂ ᠯᠢ ᠪᠢᠩ ᠷᠦᠩ᠂ ᠵᠧᠩ ᠬᠤᠩ ᠹᠠᠨ ᠲᠤᠰ ᠲᠤᠰ ᠤᠨ ᠠᠵᠢᠯ ᠤᠨ ᠪᠣᠲᠠᠲᠠᠢ ᠲᠠᠢ ᠪᠠᠨ ᠤᠶᠠᠯᠳᠤᠭᠤᠯᠤᠨ ᠶᠠᠷᠢᠶ᠎ᠠ ᠲᠠᠯᠪᠢᠵᠤ᠂ ᠰᠤᠷᠤᠯᠴᠠᠭᠰᠠᠨ ᠲᠦᠷᠦᠭᠳᠡᠯ ᠢᠶᠠᠨ ᠰᠣᠯᠢᠯᠴᠠᠨ᠂ ᠢᠷᠡᠬᠦ ᠵᠢᠯ ᠤᠨ ᠠᠵᠢᠯ ᠳᠤ ᠰᠠᠨᠠᠭᠤᠯᠭ᠎ᠠ ᠳᠤᠷᠠᠳᠪᠠ᠃ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠤᠰᠤᠳ ᠪᠦᠷᠢᠯᠳᠦᠭᠦᠨ ᠪᠢᠴᠢᠭ ᠢᠶᠠᠷ ᠶᠠᠷᠢᠶ᠎ᠠ ᠲᠠᠯᠪᠢᠪᠠ᠃

ᠪᠦᠬᠦ ᠣᠷᠣᠨ ᠤ ᠦᠭᠡ ᠬᠡᠯᠡ ᠦᠰᠦᠭ ᠪᠢᠴᠢᠭ ᠤᠨ ᠬᠤᠷᠠᠯ ᠢ ᠸᠢᠳᠢᠣ᠋ ᠶᠢᠨ ᠬᠡᠯᠪᠡᠷᠢ ᠪᠠᠷ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠦᠭᠡ ᠬᠡᠯᠡ ᠦᠰᠦᠭ ᠪᠢᠴᠢᠭ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠪᠥᠬᠦ ᠤᠯᠤᠰ ᠤᠨ ᠦᠭᠡ ᠬᠡᠯᠡ ᠥᠰᠥᠭ ᠪᠢᠴᠢᠭ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠪᠥᠬᠦ ᠣᠷᠣᠨ ᠤ ᠦᠭᠡ ᠬᠡᠯᠡ ᠥᠰᠥᠭ ᠪᠢᠴᠢᠭ ᠤᠨ ᠠᠵᠢᠯ ᠢ ᠬᠢᠨᠠᠮᠠᠭᠠᠶ ᠳ᠋ᠦᠩᠨᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ᠂ ᠦᠭᠡ ᠬᠡᠯᠡ ᠥᠰᠥᠭ ᠪᠢᠴᠢᠭ ᠤᠨ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠦᠭᠡ ᠬᠡᠯᠡ ᠥᠰᠥᠭ ᠪᠢᠴᠢᠭ ᠤᠨ ᠠᠵᠢᠯ ᠤᠨ ᠵᠥᠪᠯᠡᠯ ᠤᠨ ᠡᠷᠬᠢᠯᠡᠭᠴᠢ ᠵᠧᠩ ᠬᠤᠩ ᠹᠠᠨ ᠲᠤᠰ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠵᠥᠪᠯᠡᠯ ᠤᠨ ᠪᠦᠷᠢᠯᠳᠦᠭᠦᠨ ᠨᠢᠭᠡᠴᠢ ᠪᠠ ᠶᠡᠭᠡ ᠳᠡᠭᠡᠳᠦ ᠰᠤᠷᠭᠠᠭᠤᠯᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠡᠯ᠎ᠡ ᠠᠶᠢᠮᠠᠭ ᠬᠤᠳᠠ ᠶᠢᠨ ᠦᠭᠡ ᠬᠡᠯᠡ ᠦᠰᠦᠭ ᠪᠢᠴᠢᠭ ᠤᠨ ᠠᠵᠢᠯ ᠤᠨ ᠵᠥᠪᠯᠡᠯ ᠤᠨ ᠭᠡᠰᠢᠭᠦᠨ ᠪᠠ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠤᠰ ᠬᠤᠷᠠᠯ ᠳᠤ ᠣᠷᠣᠯᠴᠠᠪᠠ᠃

12 ᠳ᠋ᠤᠭᠠᠷ ᠰᠠᠷ᠎ᠠ ᠶᠢᠨ 25 ᠤ ᠡᠳᠦᠷ  ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠤᠨ ᠲᠣᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠤᠰᠬᠠᠢ ᠰᠡᠳᠦᠪ ᠢᠶᠠᠷ ᠰᠤᠨᠤᠰᠴᠤ᠂ ᠰᠤᠷᠤᠯᠴᠠᠨ ᠲᠤᠭᠤᠰᠢᠯᠠᠭᠤᠯᠬᠤ ᠶᠢ ᠭᠦᠨᠵᠡᠭᠡᠶᠢᠷᠡᠭᠦᠯᠬᠦ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠲᠤᠰ ᠬᠤᠷᠠᠯ ᠢ ᠡᠷᠬᠢᠯᠡᠪᠡ᠃ ᠬᠤᠷᠠᠯ ᠳᠡᠭᠡᠷ᠎ᠡ᠂ ᠦᠪᠡᠷᠲᠡᠭᠡᠨ ᠵᠠᠰᠬᠠᠤ ᠣᠷᠣᠨ ᠤ ᠤᠳᠤᠷᠢᠳᠤᠯᠭ᠎ᠠ ᠯᠢᠨ ᠱᠤᠤ ᠴᠦᠨ᠂ ᠯᠢᠦ ᠴᠢ ᠹᠠᠨ᠂ ᠶᠠᠩ ᠸᠧᠢ ᠳ᠋ᠦᠩ᠂ ᠵᠠᠩ ᠱᠤᠤ ᠴᠦᠨ᠂ ᠠᠢ ᠯᠢ ᠬᠤᠸᠠ᠂ ᠡᠸᠤ ᠶᠠᠩ ᠰᠢᠶᠤᠤ ᠬᠤᠢ᠂ ᠯᠢ ᠪᠢᠩ ᠷᠦᠩ᠂ ᠬᠤᠸᠠᠩ ᡁᠢ ᠴᠢᠶᠠᠩ ᠬᠠᠷᠢᠭᠤ ᠮᠡᠳᠡᠭᠦᠯᠦᠯᠲᠡ ᠶᠢᠨ ᠦᠭᠡ ᠬᠡᠯᠡᠵᠦ᠂ ᠯᠢ ᠰᠢᠦ ᠯᠢᠩ᠂ ᠸᠠᠩ ᠯᠢ ᠰᠢᠶᠠ᠂ ᠪᠠᠢ ᠢᠤᠢ ᠭᠠᠩ᠂ ᠮᠧᠩ ᠹᠠᠨ ᠯᠢ᠂ ᠳ᠋ᠤᠸᠠᠨ ᡁᠢ ᠴᠢᠶᠠᠩ᠂ ᠵᠠᠩ ᠡᠧᠨ ᠬᠤᠢ᠂ ᠨᠠᠰᠦᠨᠮᠦ᠋ᠩᠬᠡ᠂ ᠪᠣᠣ ᠭᠠᠩ᠂ ᠵᠧᠩ ᠬᠤᠩ ᠹᠠᠨ᠂ ᠾᠧᠩ ᠰᠢᠶᠤᠤ ᠹᠠᠨ ᠪᠢᠴᠢᠭ ᠤᠨ ᠬᠡᠯᠪᠡᠷᠢ ᠪᠠᠷ ᠬᠠᠷᠢᠭᠤ ᠮᠡᠳᠡᠭᠦᠯᠦᠯᠲᠡ ᠬᠢᠪᠡ᠃ ᠬᠤᠷᠠᠯ ᠠᠴᠠ 2020 ᠣᠨ ᠠᠴᠠ ᠨᠠᠭᠠᠰᠢᠬᠢ ᠦᠪᠡᠷᠲᠡᠭᠡᠨ ᠵᠠᠰᠬᠠᠤ ᠣᠷᠣᠨ ᠤ ᠮᠣᠵᠢ ᠶᠢᠨ ᠳᠡᠰ ᠤᠨ ᠤᠳᠤᠷᠢᠳᠬᠤ ᠨᠦᠬᠦᠳ ᠡᠭᠦᠷᠭᠡ ᠪᠠᠨ ᠲᠦᠷᠦᠭᠦᠯᠡᠨ ᠨᠠᠶᠢᠳᠠᠪᠤᠷᠢᠵᠢᠭᠤᠯᠤᠭᠠᠳ ᠤᠯᠤᠭᠰᠠᠨ ᠢᠳᠡᠪᠬᠢ ᠦᠷ᠎ᠡ ᠪᠦᠲᠦᠮᠵᠢ ᠶᠢ ᠨᠤᠲᠠᠯᠠᠵᠤ᠂ ᠣᠯᠠᠨ ᠤ ᠳᠤᠷᠠᠳᠤᠭᠰᠠᠨ ᠳᠠᠷᠠᠭᠠᠴᠢ ᠶᠢᠨ ᠠᠯᠬᠤᠮ ᠳᠠᠬᠢ ᠠᠵᠢᠯ ᠤᠨ ᠪᠤᠳᠤᠯᠬᠢᠯᠠᠯ ᠢ ᠨᠢ ᠵᠠᠷᠴᠢᠮ ᠤᠨ ᠲᠠᠯ᠎ᠠ ᠪᠠᠷ ᠵᠥᠪᠰᠢᠶᠡᠷᠡᠭᠰᠡᠨ ᠪᠠᠶᠢᠨ᠎ᠠ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ ᠬᠤᠷᠢᠶᠠᠨ ᠤ ᠳᠣᠯᠣᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠪᠠ ᠰᠠᠯᠠᠭ᠎ᠠ ᠮᠥᠴᠢᠷ ᠤᠨ ᠬᠠᠷᠢᠶ᠎ᠠ ᠪᠣᠯᠬᠤ ᠠᠵᠢᠯ ᠦᠢᠯᠡᠰ ᠤᠨ ᠨᠢᠭᠡᠴᠢ ᠨᠦᠭᠦᠳ ᠤᠨ ᠪᠠᠶᠢᠭᠤᠯᠤᠮᠵᠢ ᠶᠢᠨ ᠡᠭᠦᠷᠭᠡ ᠴᠢᠳᠠᠪᠬᠢ ᠣᠷᠣᠨ ᠲᠤᠭ᠎ᠠ ᠶᠢ ᠲᠣᠭᠲᠠᠭᠠᠬᠤ ᠪᠠᠷ ᠬᠢᠨᠠᠨ ᠵᠦᠪᠯᠡᠵᠦ᠂ ᠪᠠᠶᠢᠭᠤᠯᠤᠮᠵᠢ ᠣᠷᠣᠨ ᠲᠤᠭ᠎ᠠ ᠶᠢᠨ ᠬᠤᠯᠪᠣᠭᠳᠠᠯ ᠪᠦᠬᠦᠢ ᠵᠦᠢᠯᠡᠰ ᠢ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠲᠤᠰ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠦᠪᠡᠷᠲᠡᠭᠡᠨ ᠵᠠᠰᠬᠠᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ ᠬᠤᠷᠢᠶᠠᠨ ᠤ ᠳᠡᠳ᠋ ᠡᠷᠬᠢᠯᠡᠭᠴᠢ ᠪᠦ᠋ ᠰᠢᠶᠤᠤ ᠯᠢᠨ᠂ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠦᠪᠡᠷᠲᠡᠭᠡᠨ ᠵᠠᠰᠬᠠᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ ᠬᠤᠷᠢᠶᠠᠨ ᠤ ᠳᠡᠳ᠋ ᠡᠷᠬᠢᠯᠡᠭᠴᠢ ᠯᠢᠨ ᠱᠤᠤ ᠴᠦᠨ᠂ ᠦᠪᠡᠷᠲᠡᠭᠡᠨ ᠵᠠᠰᠬᠠᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠭᠡᠯᠲᠡᠰ ᠤᠨ ᠳᠠᠷᠤᠭ᠎ᠠ᠂ ᠦᠪᠡᠷᠲᠡᠭᠡᠨ ᠵᠠᠰᠬᠠᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ ᠬᠤᠷᠢᠶᠠᠨ ᠤ ᠭᠡᠰᠢᠭᠦᠨ ᠶᠠᠩ ᠸᠧᠢ ᠳ᠋ᠦᠩ ᠲᠤᠰ ᠬᠤᠷᠠᠯ ᠳᠤ ᠣᠷᠣᠯᠴᠠᠪᠠ᠃ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠤᠯᠴᠠᠵᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠤᠯᠴᠠᠪᠠ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠦᠪᠡᠷᠲᠡᠭᠡᠨ ᠵᠠᠰᠬᠠᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶᠢᠯᠠᠨ ᠴᠡᠭᠴᠡᠯᠡᠵᠦ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶᠢᠯᠠᠨ ᠴᠡᠭᠴᠡᠯᠡᠵᠦ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠲᠠᠪᠤᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶᠢᠯᠠᠨ ᠴᠡᠭᠴᠡᠯᠡᠵᠦ ᠵᠠᠰᠠᠬᠤ ᠲᠠᠯ᠎ᠠ ᠶᠢᠨ ᠵᠠᠰᠠᠯᠲᠠ ᠶᠢ ᠭᠦᠨᠵᠡᠭᠡᠶᠢᠷᠡᠭᠦᠯᠬᠦ ᠠᠵᠢᠯ ᠤᠨ ᠲᠥᠰᠦᠯ ᠢ ᠬᠢᠨᠠᠨ ᠵᠦᠪᠯᠡᠵᠦ᠂ ᠲᠠᠷᠠᠭᠠᠴᠢ ᠶᠢᠨ ᠠᠯᠬᠤᠮ ᠳᠠᠬᠢ ᠲᠤᠰᠬᠠᠶᠢᠯᠠᠨ ᠴᠡᠭᠴᠡᠯᠡᠵᠦ ᠵᠠᠰᠠᠬᠤ ᠠᠵᠢᠯ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠦᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶᠢᠯᠠᠨ ᠴᠡᠭᠴᠡᠯᠡᠵᠦ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠪᠦ᠋ ᠰᠢᠶᠤᠤ ᠯᠢᠨ᠂ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠦᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶᠢᠯᠠᠨ ᠴᠡᠭᠴᠡᠯᠡᠵᠦ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠯᠢᠨ ᠱᠤᠤ ᠴᠦᠨ᠂ ᠦᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶᠢᠯᠠᠨ ᠴᠡᠭᠴᠡᠯᠡᠵᠦ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠯᠢᠦ ᠴᠢ ᠹᠠᠨ᠂ ᠵᠠᠩ ᠱᠤᠤ ᠴᠦᠨ᠂ ᠠᠢ ᠯᠢ ᠬᠤᠸᠠ ᠲᠤᠰ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠠᠢ ᠢᠤᠢ ᠭᠠᠩ᠂ ᠡᠸᠤ ᠶᠠᠩ ᠰᠢᠶᠤᠤ ᠬᠤᠢ᠂ ᠬᠤᠸᠠᠩ ᡁᠢ ᠴᠢᠶᠠᠩ᠂ ᠾᠧᠩ ᠰᠢᠶᠤᠤ ᠹᠠᠨ ᠲᠤᠰ ᠬᠤᠷᠠᠯ ᠳᠤ ᠰᠤᠯᠠ ᠣᠷᠣᠯᠴᠠᠪᠠ᠃ ᠦᠪᠡᠷᠲᠡᠭᠡᠨ ᠵᠠᠰᠠᠬᠤ ᠣᠷᠣᠨ ᠤ ᠲᠤᠰᠬᠠᠶᠢᠯᠠᠨ ᠴᠡᠭᠴᠡᠯᠡᠵᠦ ᠵᠠᠰᠠᠬᠤ ᠭᠤᠣᠯ ᠴᠤᠭᠴᠠ ᠶᠢᠨ ᠬᠠᠷᠢᠭᠤᠴᠠᠯᠭ᠎ᠠ ᠶᠢᠨ ᠠᠯᠪᠠᠨ ᠭᠡᠷ᠂ ᠬᠢᠨᠠᠯᠲᠠ ᠲᠠᠯᠪᠢᠬᠤ ᠬᠠᠷᠢᠭᠤᠴᠠᠯᠭ᠎ᠠ ᠶᠢᠨ ᠠᠯᠪᠠᠨ ᠭᠡᠷ ᠤᠨ ᠬᠤᠯᠪᠣᠭᠳᠠᠯ ᠪᠦᠬᠦᠢ ᠭᠡᠰᠢᠭᠦᠨ᠂ ᠡᠯ᠎ᠡ ᠠᠵᠢᠯᠯᠠᠬᠤ ᠳᠤᠭᠤᠶᠢᠯᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠲᠤᠰ ᠬᠤᠷᠠᠯ ᠳᠤ ᠰᠤᠯᠠ ᠣᠷᠤᠯᠴᠠᠪᠠ᠃

ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠦᠬᠦ ᠣᠷᠣᠨ ᠤ ᠠᠵᠤ ᠦᠢᠯᠡᠳᠪᠦᠷᠢ ᠡᠨᠧᠷᠭᠢ ᠵᠠᠮ ᠬᠠᠷᠢᠯᠴᠠᠭᠠᠨ ᠤ ᠬᠦᠷᠢᠶᠡᠨ ᠳᠠᠬᠢ ᠭᠤᠣᠯᠳᠠᠯᠭ᠎ᠠ ᠪᠣᠯᠬᠤ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠢ ᠯᠢ ᠬᠤᠸᠠ ᠲᠤᠰ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠤᠯᠴᠠᠭᠰᠠᠨ ᠪᠦᠭᠡᠳ ᠭᠤᠣᠯ ᠰᠡᠳᠦᠪᠲᠦ ᠨᠡᠶᠢᠲᠡᠯᠡᠯ ᠬᠢᠪᠡ᠃ ᠥᠪᠡᠷᠲᠡᠭᠡᠨ ᠵᠠᠰᠠᠬᠤ ᠣᠷᠣᠨ ᠤ ᠠᠵᠤ ᠦᠶ᠋ᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠲᠣᠮᠣ ᠳ᠋ᠠᠶᠢᠲ᠋ᠠ ᠶᠢᠨ ᠬᠥᠭᠵᠢᠭᠦᠯᠦᠯᠲᠡ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠤᠰ ᠰᠣᠨᠢᠨ ᠮᠡᠳᠡᠭᠡ ᠨᠡᠶᠢᠲᠠᠯᠠᠬᠦ ᠬᠤᠷᠠᠯ ᠳᠤ ᠣᠷᠤᠯᠴᠠᠭᠰᠠᠨ ᠪᠦᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃

12 ᠳ᠋ᠤᠭᠠᠷ ᠰᠠᠷ᠎ᠠ ᠶᠢᠨ 26 ᠤ ᠡᠳᠦᠷ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠦᠪᠯᠡᠬᠦ ᠬᠤᠷᠠᠯ ᠬᠢᠭᠡᠳ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠢᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠱᠢ ᠲᠠᠢ ᠹᠧᠩ ᠲᠤᠰ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠡᠷᠬᠢᠯᠡᠭᠴᠢ ᠪᠦ᠋ ᠰᠢᠶᠤᠤ ᠯᠢᠨ ᠲᠤᠰ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠺᠣᠮᠢᠰᠰᠠᠷ ᠶᠠᠩ ᠰᠢᠶᠤᠤ ᠺᠠᠩ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠺᠤᠮᠠᠨᠳ᠋ᠯᠠᠭᠴᠢ ᠮᠠ ᠴᠢᠩ ᠯᠸᠢ 2020 ᠣᠨ ᠳᠠᠬᠢ ᠪᠦᠬᠦ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠪᠠᠶᠢᠳᠠᠯ ᠢ ᠬᠠᠷᠢᠭᠤ ᠮᠡᠳᠡᠭᠦᠯᠪᠡ᠃ ᠡᠯ᠎ᠡ ᠴᠡᠷᠢᠭ ᠤᠨ ᠬᠤᠪᠢᠶᠠᠷᠢ ᠲᠣᠭᠤᠷᠢᠭ ︵ᠰᠡᠷᠭᠡᠶᠢᠯᠡᠯᠲᠡ ᠶᠢᠨ ᠲᠣᠭᠤᠷᠢᠭ︶ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠨᠠᠷ ᠴᠦ ᠲᠤᠰᠢᠶᠠᠯ ᠤᠨ ᠮᠡᠳᠡᠭᠦᠯᠦᠯᠲᠡ ᠬᠢᠵᠦ᠂ ᠮᠠ ᠴᠢᠩ ᠯᠸᠢ ᠴᠡᠷᠢᠭ ᠤᠨ ᠲᠣᠭᠤᠷᠢᠭ ᠤᠨ ᠨᠠᠮ ᠤᠨ ᠬᠤᠷᠢᠶᠠᠨ ᠤ ᠡᠮᠦᠨ᠎ᠡ ᠠᠴᠠ ᠦᠨᠡᠯᠡᠯᠲᠡ ᠬᠢᠪᠡ᠃ ᠥᠪᠡᠷᠲᠡᠭᠡᠨ ᠵᠠᠰᠠᠬᠤ ᠣᠷᠣᠨ ᠤ ᠴᠡᠷᠢᠭ ᠠᠩᠭᠢ ᠪᠠ ᠣᠷᠣᠨ ᠨᠤᠲᠤᠭ ᠤᠨ ᠬᠠᠮᠢᠶ᠎ᠠ ᠪᠦᠬᠦᠢ ᠤᠳᠤᠷᠢᠳᠬᠤ ᠨᠥᠬᠦᠳ᠂ ᠡᠯ᠎ᠡ ᠠᠶᠢᠮᠠᠭ ᠬᠤᠳᠠ ᠶᠢᠨ ᠨᠠᠮ ᠤᠨ ᠬᠤᠷᠢᠶ᠎ᠡ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠤᠰ ᠬᠤᠷᠠᠯ ᠳᠤ ᠣᠷᠣᠯᠴᠠᠪᠠ᠃

12 ᠳ᠋ᠤᠭᠠᠷ ᠰᠠᠷ᠎ᠠ ᠶᠢᠨ 30 ᠤ ᠡᠳᠦᠷ  ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2020 ᠣᠨ ᠤ 17 ᠳ᠋ᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠢᠶᠠᠷ ᠴᠡᠭᠴᠡᠯᠡᠵᠦ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢ ᠰᠤᠳᠤᠯᠤᠨ ᠪᠠᠶᠢᠷᠢᠯᠠᠭᠤᠯᠪᠠ᠃ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠦᠪᠡᠷᠲᠡᠭᠡᠨ ᠵᠠᠰᠬᠠᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠥ᠋ ᠰᠢᠶᠤᠤ ᠯᠢᠨ ᠲᠤᠰ ᠬᠤᠷᠠᠯ ᠢ ᠡᠷᠬᠢᠯᠡᠭᠰᠡᠨ ᠪᠦᠭᠡᠳ ᠶᠡᠷᠢᠶ᠎ᠠ ᠲᠠᠯᠪᠢᠪᠠ᠃ ᠦᠪᠡᠷᠲᠡᠭᠡᠨ ᠵᠠᠰᠬᠠᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠵᠠᠩ ᠱᠤᠤ ᠴᠦᠨ᠂ ᠠᠢ ᠯᠢ ᠬᠤᠸᠠ᠂ ᠡᠸᠥ ᠶᠠᠩ ᠰᠢᠶᠤᠤ ᠬᠤᠢ᠂ ᠯᠢ ᠪᠢᠩ ᠷᠦᠩ᠂ ᠵᠧᠩ ᠬᠤᠩ ᠹᠠᠨ᠂ ᠬᠤᠸᠠᠩ ᡁᠢ ᠴᠢᠶᠠᠩ ᠬᠤᠷᠠᠯ ᠳᠤ ᠣᠷᠤᠯᠴᠠᠭᠰᠠᠨ ᠪᠦᠭᠡᠳ ᠡᠭᠦᠷᠭᠡ ᠶᠢ ᠲᠦᠷᠦᠭᠦᠯᠡᠨ ᠭᠦᠢᠴᠡᠳᠭᠡᠵᠦ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠲᠤᠰ ᠲᠤᠰ ᠬᠠᠷᠢᠭᠤ ᠮᠡᠳᠡᠭᠦᠯᠪᠡ᠃ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠤᠰᠤᠳ ᠪᠦᠷᠢᠯᠳᠦᠭᠦᠨ ᠨᠠᠷ ᠪᠢᠴᠢᠭ ᠤᠨ ᠬᠡᠯᠪᠡᠷᠢ ᠪᠠᠷ ᠬᠠᠷᠢᠭᠤ ᠮᠡᠳᠡᠭᠦᠯᠪᠡ᠃ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠷ ᠲᠤᠰ ᠬᠤᠷᠠᠯ ᠳᠤ ᠰᠤᠯᠠ ᠣᠷᠤᠯᠴᠠᠪᠠ᠃

ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠠᠯᠪᠠᠨ ᠬᠡᠷ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠤᠶ ᠨᠡᠶᠢᠭᠡᠮ ᠨᠡᠶᠢᠲᠡ ᠪᠠᠷ ᠢᠶᠠᠨ ᠠᠩᠬᠠᠷᠴᠤ ᠪᠠᠶᠢᠭ᠎ᠠ ᠪᠥᠬᠦ ᠣᠷᠣᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠴᠢᠳᠠᠪᠤᠷᠢ ᠶᠢᠨ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠪᠣᠳᠠᠲᠠᠶ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠰᠢᠤᠢ ᠬᠤᠩ ᡁᠢ᠂ ᠶᠡᠷᠦᠩᠬᠡᠶᠢᠯᠡᠭᠰᠡᠨ ᠡᠪᠡᠳᠴᠢᠨ ᠡᠮᠭᠡᠭ ᠰᠡᠷᠭᠡᠶᠢᠯᠡᠨ ᠬᠤᠷᠢᠭᠯᠠᠬᠤ ᠲᠥᠪ ᠤᠨ ᠡᠷᠬᠢᠯᠡᠭᠴᠢ ᠸᠠᠩ ᠸᠧᠨ ᠷᠦᠢ ᠲᠤᠰ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠤᠯᠴᠠᠭᠰᠠᠨ ᠪᠦᠭᠡᠳ ᠲᠤᠰ ᠲᠤᠰ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠤᠨ ᠪᠠᠶᠢᠩᠭᠤ ᠰᠡᠷᠭᠡᠶᠢᠯᠡᠨ ᠡᠵᠡᠮᠳᠡᠬᠦ ᠠᠵᠢᠯ ᠢ ᠠᠬᠢᠭᠤᠯᠤᠭᠰᠠᠨ ᠪᠠᠶᠢᠳᠠᠯ ᠪᠠ ᠬᠢᠵᠢᠭ ᠤᠨ ᠲᠦᠢᠮᠤ ᠪᠠᠶᠢᠳᠠᠯ ᠢ ᠨᠡᠪᠲᠡᠷᠡᠭᠦᠯᠦᠨ ᠮᠡᠳᠡᠭᠡᠯᠡᠵᠦ᠂ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠢᠷᠠᠭᠤᠯᠤᠯᠳᠠ ᠪᠠ ᠪᠣᠳᠠᠲᠠᠢ ᠠᠷᠭ᠎ᠠ ᠬᠡᠮᠵᠢᠶ᠎ᠡ ᠶᠢᠨ ᠲᠤᠬᠠᠢ ᠲᠠᠨᠢᠯᠴᠠᠭᠤᠯᠭ᠎ᠠ ᠬᠢᠪᠡ᠃

12 ᠳ᠋ᠤᠭᠠᠷ ᠰᠠᠷ᠎ᠠ ᠶᠢᠨ 31 ᠤ ᠡᠳᠦᠷ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠵᠦ᠂ ᠭᠠᠭᠴᠠᠮᠤᠳᠤ ᠬᠢᠯᠢ ᠶᠢᠨ ᠪᠣᠭᠤᠮᠲᠠ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠵᠦ ᠪᠠᠶᠢᠭ᠎ᠠ ᠠᠵᠢᠯ ᠢ ᠪᠠᠶᠢᠴᠠᠭᠠᠨ ᠰᠤᠳᠤᠯᠪᠠ᠃ ᠦᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠸᠥ ᠶᠠᠩ ᠰᠢᠶᠤᠤ ᠬᠤᠢ ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠳᠤ ᠣᠷᠤᠯᠴᠠᠪᠠ᠃

ᠦᠪᠡᠷᠲᠡᠭᠡᠨ ᠵᠠᠰᠠᠬᠤ ᠣᠷᠣᠨ ︽ᠰᠢᠨ᠎ᠡ ᠵᠢᠯ ᠴᠠᠭᠠᠨ ᠰᠠᠷ᠎ᠠ︾ ︽ᠬᠤᠶᠠᠷ ᠬᠤᠷᠠᠯ︾ ᠤᠨ ᠬᠤᠭᠤᠴᠠᠭᠠᠨ ᠳᠠᠬᠢ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠪᠠ ᠠᠮᠦᠷ ᠲᠦᠪᠰᠢᠨ ᠲᠣᠭᠲᠠᠭᠤᠨ ᠪᠠᠶᠢᠬᠤ ᠵᠡᠷᠭᠡ ᠠᠵᠢᠯ ᠤᠨ ᠲᠧᠯᠸᠢᠰ ᠤᠲᠠᠰᠤᠳᠤ ᠬᠤᠷᠠᠯ ᠢ ᠬᠤᠷᠠᠯᠳᠤᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯ ᠦᠭᠡᠢ ᠦᠢᠯᠡᠳᠪᠦᠷᠢᠯᠡᠯ᠂ ᠠᠷᠠᠳ ᠤᠨ ᠠᠮᠢᠳᠤᠷᠠᠯ ᠢ ᠪᠠᠲᠤᠯᠠᠬᠤ᠂ ᠵᠠᠬᠢᠳᠠᠯ ᠰᠤᠷᠪᠤᠯᠵᠢᠯᠠᠯ ᠪᠠ ᠲᠣᠭᠲᠠᠭᠤᠨ ᠢ ᠪᠠᠲᠤᠯᠠᠬᠤ᠂ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ᠂ ᠪᠠᠴᠢᠮ ᠪᠠᠶᠢᠳᠠᠯ ᠢ ᠠᠷᠭᠠᠴᠠᠭᠠᠬᠤ ᠪᠠ ᠵᠢᠵᠢᠭᠦᠷᠯᠡᠬᠦ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠦᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠲᠤᠰ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃

ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠦᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠰᠠᠭᠤᠳᠠᠯ ᠤᠨ ᠬᠤᠷᠠᠯ ᠬᠤᠷᠠᠯᠳᠤᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠭᠡᠯ︾ ᠳᠤ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠨᠠᠮ ᠪᠦᠯᠦᠭ ᠤᠨ ᠪᠤᠰᠤ ᠬᠦᠮᠦᠰ ᠪᠠ ᠵᠠᠰᠠᠭ ᠤᠨ ᠣᠷᠳᠣᠨ ᠤ ᠵᠦᠪᠳᠡᠭᠴᠢ᠂ ᠰᠤᠶᠤᠯ ᠲᠡᠦᠬᠡ ᠶᠢᠨ ᠣᠷᠳᠣᠨ ᠤ ᠠᠵᠢᠯᠲᠠᠨ ᠤ ᠰᠠᠨᠠᠯ ᠰᠠᠨᠠᠭᠤᠯᠭ᠎ᠠ ᠶᠢ ᠬᠤᠷᠢᠶᠠᠪᠠ᠃ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠲᠦᠮᠡᠯ ᠹᠷᠣᠨᠲ ᠤᠨ ᠭᠡᠯᠲᠡᠰ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ᠂ ᠰᠤᠳᠤᠯᠬᠤ ᠲᠠᠰᠤᠭ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠤᠰ ᠰᠠᠭᠤᠳᠠᠯ ᠤᠨ ᠬᠤᠷᠠᠯ ᠳᠤ ᠣᠷᠤᠯᠴᠠᠪᠠ᠃

ᠦᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠤᠷᠢᠳ ᠬᠤᠵᠢᠳ ᠳᠤᠮᠳᠠᠳᠤ ᠶᠢᠨ ᠡᠳ᠋ ᠬᠥᠷᠥᠩᠭᠡ ᠶᠢᠨ ᠬᠠᠮᠲᠤᠷᠠᠭᠰᠠᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠤᠮᠫᠠᠨᠢ᠂ ᠮᠧᠩ ᠱᠠᠩ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠬᠤᠪᠢᠶᠠᠷᠢ ᠪᠠᠩᠬᠢ ᠶᠢᠨ ᠠᠵᠢᠯ ᠡᠷᠬᠢᠯᠡᠬᠦ ᠭᠠᠵᠠᠷ᠂ ᠰᠢᠩ ᠶᠧ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠬᠤᠪᠢᠶᠠᠷᠢ ᠪᠠᠩᠬᠢ ᠶᠢᠨ ᠠᠵᠢᠯ ᠡᠷᠬᠢᠯᠡᠬᠦ ᠭᠠᠵᠠᠷ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠬᠤᠪᠢᠶᠠᠷᠢ ᠪᠠᠩᠭᠢ ᠶᠢᠨ ᠠᠷᠤ ᠲᠠᠯ᠎ᠠ ᠶᠢᠨ ᠠᠵᠢᠯᠯᠠᠭᠠᠨ ᠤ ᠲᠦᠪ ᠲᠤ ᠬᠦᠷᠴᠦ ᠪᠤᠯᠭᠤᠭᠠᠨ ᠲᠣᠬᠤᠨᠢᠭᠤᠯᠵᠤ ᠪᠠᠶᠢᠴᠠᠭᠠᠨ ᠰᠤᠳᠤᠯᠤᠯᠲᠠ ᠬᠢᠪᠡ᠃

ᠭᠠᠷ ᠤᠲᠠᠰᠤ ᠪᠠᠷ ᠦᠵᠡᠬᠦ