ᠬᠢᠨᠠᠨ ᠵᠥᠪᠰᠢᠶᠡᠷᠡᠬᠦ ᠦᠢᠯᠡᠴᠢᠯᠡᠭᠡ ᠶᠢᠨ ᠠᠷᠠᠳ ᠲᠤ ᠲᠥᠬᠦᠮ ᠦᠵᠡᠭᠦᠯᠬᠦ ᠶᠢ ᠭᠦᠨᠵᠡᠭᠡᠶᠢᠷᠡᠨ ᠠᠬᠢᠭᠤᠯᠵᠤ᠂ ᠮᠠᠨ ᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠮᠠᠨ ᠤ ᠣᠷᠣᠨ ᠤ ᠲᠤᠷᠰᠢᠯᠲᠠ ᠶᠢᠨ ᠴᠢᠭ ᠤᠨ ᠭᠠᠵᠠᠷ ᠣᠷᠣᠨ ᠳᠤ ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢ ᠠᠬᠢᠭᠤᠯᠬᠤ ᠳᠤ ᠲᠣᠬᠢᠶᠠᠯᠳᠤᠭᠰᠠᠨ ᠬᠠᠮᠢᠶ᠎ᠠ ᠪᠦᠬᠦᠢ ᠠᠰᠠᠭᠤᠳᠠᠯ ᠤᠳ ᠢ ᠵᠢᠷᠤᠮᠵᠢᠭᠤᠯᠬᠤ ᠪᠠ ᠰᠢᠢᠳᠪᠦᠷᠢᠯᠡᠨ᠎ᠠ᠃
※※※※※※※※※※※※※※※※※※※※※※
ᠨᠢᠭᠡ᠂ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠨ᠎ᠠ
★ 1. ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠶᠢ ᠰᠠᠯᠭᠠᠨ᠎ᠠ᠃
ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠡ︔
ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠨ᠎ᠠ᠃
★ 2. ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠰᠢᠯᠵᠢᠭᠦᠯᠦᠨ᠎ᠡ᠃
ᠡᠩ ᠲᠡᠷᠢᠭᠦᠨ ᠳᠤ ᠬᠤᠪᠢᠶᠠᠷᠢᠯᠠᠨ ᠰᠢᠯᠵᠢᠭᠦᠯᠬᠦ ᠵᠦᠢᠯᠡᠰ᠄ ᠦᠢᠯᠡᠳᠪᠦᠷᠢᠯᠡᠯ ᠠᠮᠢᠳᠤᠷᠠᠯ ᠯᠤᠭ᠎ᠠ ᠨᠢᠭᠲᠠ ᠬᠤᠯᠪᠣᠭᠳᠠᠬᠤ ᠪᠥᠭᠡᠳ ᠦᠷᠭᠦᠯᠵᠢ ᠡᠭᠦᠰᠭᠦ᠂ ᠭᠤᠶᠤᠴᠢᠯᠠᠬᠤ ᠬᠡᠮᠵᠢᠶ᠎ᠡ ᠶᠡᠭᠡ ᠵᠦᠢᠯᠡᠰ︔
ᠬᠤᠪᠢᠶᠠᠷᠢᠯᠠᠨ ᠰᠢᠯᠵᠢᠭᠦᠯᠬᠦ ᠲᠦᠷ ᠴᠠᠭ ᠬᠤᠶᠢᠰᠢᠯᠠᠭᠤᠯᠬᠤ ᠵᠦᠢᠯᠡᠰ᠄ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠨᠢ ᠪᠤᠳᠤᠯᠢᠶᠠᠨᠲᠠᠶ᠂ ᠲᠤᠰᠬᠠᠶ ᠮᠡᠷᠭᠡᠵᠢᠯ ᠤᠨ ᠱᠠᠭᠠᠷᠳᠠᠯᠭ᠎ᠠ ᠪᠠᠷ ᠦᠨᠳᠦᠷ᠂ ᠬᠦᠯᠢᠶᠡᠰᠦᠯᠡᠬᠦ ᠴᠢᠨᠠᠷ ᠪᠠ ᠬᠢᠵᠠᠭᠠᠷᠯᠠᠬᠤ ᠴᠢᠨᠠᠷ ᠲᠠᠢ᠂ ᠣᠯᠠᠨ ᠨᠡᠶᠢᠲᠡ ᠶᠢᠨ ᠠᠰᠢᠭ ᠲᠤᠰᠠ ᠪᠠ ᠣᠯᠠᠨ ᠨᠡᠶᠢᠲᠡ ᠶᠢᠨ ᠴᠢᠬᠤᠯᠠ ᠶᠡᠭᠡ ᠠᠮᠤᠷ ᠲᠦᠪᠰᠢᠨ ᠳᠤ ᠬᠤᠯᠪᠣᠭᠳᠠᠭᠰᠠᠨ ᠵᠦᠢᠯᠡᠰ᠃
★ 3. ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃
ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠨ᠎ᠠ︔
ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠢᠨᠠᠨ ᠬᠠᠮᠢᠶᠠᠷᠬᠤ ᠵᠦᠢᠯᠡᠰ ᠤᠨ ᠨᠠᠷᠢᠨ ᠬᠠᠭᠤᠳᠠᠰᠤ ᠶᠢ ᠲᠡᠭᠦᠯᠳᠡᠷᠵᠢᠭᠦᠯᠦᠨ᠎ᠡ᠃
ᠬᠤᠶᠠᠷ᠂ ᠬᠢᠨᠠᠬᠤ ᠬᠠᠮᠢᠶᠠᠷᠬᠤ ᠶᠢ ᠵᠣᠯᠭᠠᠭᠤᠯᠬᠤ ᠲᠣᠭᠲᠠᠴᠠ ᠪᠠᠨ ᠲᠡᠭᠦᠯᠳᠡᠷᠵᠢᠭᠦᠯᠦᠨ᠎ᠡ
1. ᠬᠤᠪᠢᠶᠠᠷᠢᠯᠠᠵᠣ ᠰᠢᠯᠵᠢᠭᠦᠯᠣᠭ᠍ᠰᠡᠨ ᠵᠦᠢᠯᠡᠰ ᠢ ᠲᠤᠰᠢᠶᠠᠵᠤ ᠥᠭᠬᠦ ᠪᠠ ᠭᠠᠷᠳᠠᠵᠤ ᠠᠪᠬᠤ ᠠᠵᠢᠯ ᠢ ᠰᠠᠶᠢᠲᠤᠷ ᠬᠢᠨ᠎ᠡ᠃
2. ᠬᠢᠨᠠᠬᠤ ᠬᠠᠮᠢᠶᠠᠷᠬᠤ ᠮᠡᠳᠡᠭᠡ ᠵᠠᠩᠭᠢ ᠶᠢᠨ ᠬᠠᠮᠲᠤᠷᠠᠯᠴᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃
3. ᠬᠢᠨᠠᠨ ᠵᠥᠪᠰᠢᠶᠡᠷᠡᠬᠦ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠢ ᠬᠦᠴᠦ ᠪᠠᠨ ᠬᠠᠮᠲᠤᠳᠬᠠᠨ ᠠᠬᠢᠭᠤᠯᠤᠨ᠎ᠠ᠃
4. ᠲᠤᠬᠠᠶᠢᠯᠠᠭᠰᠠᠨ ᠠᠵᠢᠯ᠂ ᠬᠤᠷᠠᠯ᠂ ᠪᠣᠯᠪᠠᠰᠤᠷᠠᠭᠤᠯᠤᠯ ᠵᠡᠷᠭᠡ ᠲᠠᠯ᠎ᠠ ᠶᠢᠨ ᠣᠶᠢᠯᠠᠭᠠᠨ ᠨᠡᠪᠲᠡᠷᠡᠯᠴᠡᠬᠦ ᠠᠵᠢᠯ ᠢ ᠴᠢᠩᠭᠠᠳᠬᠠᠨ᠎ᠠ᠃
5. ᠭᠡᠷᠡᠴᠢ ᠦᠨᠡᠮᠯᠡᠯ ᠪᠢᠴᠢᠭ ᠬᠠᠷ᠎ᠠ ᠶᠢ ᠭᠤᠶᠤᠴᠢᠯᠠᠨ ᠠᠪᠬᠤ ᠠᠵᠢᠯ ᠢ ᠵᠣᠬᠢᠴᠠᠭᠤᠯᠤᠨ ᠰᠠᠶᠢᠲᠤᠷ ᠬᠢᠨ᠎ᠡ᠃
6. ᠵᠠᠰᠠᠭ ᠵᠠᠬᠢᠷᠭᠠᠨ ᠤ ᠵᠥᠪᠰᠢᠶᠡᠷᠡᠯ ᠤᠨ ᠲᠤᠬᠠᠶᠢᠯᠠᠭᠰᠠᠨ ᠠᠵᠢᠯ ᠤᠨ ᠳ᠋ᠠᠶᠢᠲ᠋ᠠ ᠶᠢᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠠᠬᠢᠭᠤᠯᠤᠨ᠎ᠠ᠃
7. ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠲᠠᠮᠠᠭ᠎ᠠ ᠶᠢᠨ ᠬᠠᠤᠯᠢ ᠶᠢᠨ ᠬᠦᠴᠦᠨ ᠢ ᠲᠣᠳᠣᠷᠬᠠᠶᠢᠯᠠᠨ᠎ᠠ᠃
8. ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃
ᠭᠤᠷᠪᠠ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠎ᠡ
1. ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠶᠢ ᠴᠢᠩᠭᠠᠳᠬᠠᠨ᠎ᠠ᠃ᠠᠵᠢᠯᠯᠠᠬᠤ ᠲᠠᠯᠠᠪᠤᠷ ᠭᠠᠵᠠᠷ ᠤᠨ ᠬᠠᠮᠢᠶᠠᠷᠤᠯᠲᠠ᠂ ᠬᠢᠨᠠᠨ ᠵᠥᠪᠰᠢᠶᠡᠷᠡᠬᠦ ᠴᠤᠪᠤᠷᠠᠯ᠂ ᠦᠢᠯᠡᠴᠢᠯᠡᠬᠦ ᠠᠷᠭ᠎ᠠ ᠮᠠᠶ᠋ᠢᠭ ᠵᠡᠷᠭᠡ
2. ︽ᠭᠤᠷᠪᠠ ᠶᠢ ᠲᠥᠪᠯᠡᠷᠡᠭᠦᠯᠵᠦ᠂ ᠭᠤᠷᠪᠠ ᠶᠢ ᠪᠣᠳᠠᠲᠠᠶᠢᠵᠢᠭᠤᠯᠬᠤ︾ ᠠᠵᠢᠯ ᠢ ᠦᠷᠭᠦᠯᠵᠢᠯᠡᠨ ᠠᠬᠢᠭᠤᠯᠤᠨ᠎ᠠ᠃
︽ᠭᠤᠷᠪᠠ ᠶᠢ ᠲᠥᠪᠯᠡᠷᠡᠭᠦᠯᠬᠦ︾ ︵ᠰᠠᠯᠠᠭ᠎ᠠ ᠮᠥᠴᠢᠷ ᠤᠨ ᠵᠥᠪᠰᠢᠶᠡᠷᠡᠬᠦ ᠡᠭᠦᠷᠭᠡ ᠴᠢᠳᠠᠪᠤᠷᠢ ᠶᠢ ᠨᠢᠭᠡ ᠰᠠᠯᠠᠭ᠎ᠠ ᠲᠠᠰᠤᠭ ᠲᠤ ᠲᠥᠪᠯᠡᠷᠡᠭᠦᠯᠬᠦ᠂ ᠬᠢᠨᠠᠨ ᠵᠥᠪᠰᠢᠶᠡᠷᠡᠬᠦ ᠰᠠᠯᠠᠭ᠎ᠠ ᠲᠠᠰᠤᠭ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠲᠥᠪᠯᠡᠷᠡᠭᠦᠯᠬᠦ᠂ ᠬᠢᠨᠠᠨ ᠵᠥᠪᠰᠢᠶᠡᠷᠡᠬᠦ ᠵᠦᠢᠯᠡᠰ ᠢ ᠰᠦᠯᠵᠢᠶ᠎ᠡ ᠪᠠᠷ ᠭᠦᠢᠴᠡᠳᠭᠡᠬᠦ ᠲᠡᠶᠢᠰᠢ ᠲᠦᠪᠯᠡᠷᠡᠭᠦᠯᠦᠨ᠎ᠡ︶
︽ᠭᠤᠷᠪᠠ ᠶᠢ ᠪᠣᠳᠠᠲᠠᠶᠢᠵᠢᠭᠤᠯᠬᠤ︾ ︵ᠦᠢᠯᠡᠴᠢᠯᠡᠬᠦ ᠵᠦᠢᠯᠡᠰ ᠢ ᠦᠢᠯᠡᠴᠢᠯᠡᠬᠦ ᠲᠢᠩᠬᠢᠮ ᠳᠤ ᠣᠷᠣᠭᠤᠯᠬᠤ ᠶᠢ ᠪᠣᠳᠠᠲᠠᠶᠢᠵᠢᠭᠤᠯᠬᠤ᠂ ᠬᠢᠨᠠᠨ ᠵᠥᠪᠰᠢᠶᠡᠷᠡᠬᠦ ᠡᠷᠬᠡ ᠶᠢ ᠦᠢᠯᠡᠴᠢᠯᠡᠬᠦ ᠴᠣᠩᠬᠤᠪᠴᠢ ᠳᠤ ᠣᠯᠭᠤᠵᠤ ᠪᠣᠳᠠᠲᠠᠶᠢᠵᠢᠭᠤᠯᠬᠤ᠂ ᠡᠯᠧᠺᠲᠷᠣᠨ ᠢᠶᠠᠷ ᠬᠢᠨᠠᠨ ᠪᠠᠶᠢᠴᠠᠭᠠᠯᠲᠠ ᠬᠢᠬᠦ ᠶᠢ ᠪᠣᠳᠠᠲᠠᠶᠢᠵᠢᠭᠤᠯᠦᠨᠡ︶
3. ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃
︽ᠰᠠᠶᠢᠨ ᠪᠠ ᠠᠨᠠᠢ ᠶᠢ ᠦᠨᠡᠯᠡᠬᠦ︾ ᠳᠦᠷᠢᠮ ᠢ ᠪᠠᠶᠢᠭᠤᠯᠤᠨ᠎ᠠ᠃
ᠳᠥᠷᠪᠡ᠂ ᠳᠡᠭᠡᠳᠦ ᠳᠣᠤᠷᠠᠳᠤ ᠱᠠᠲᠤᠨ ᠤ ᠬᠤᠭᠤᠷᠣᠨᠳᠣᠬᠢ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ
1. ᠲᠥᠷᠥ ᠶᠢᠨ ᠪᠣᠳᠣᠯᠭ᠎ᠠ ᠪᠠᠷ ᠳᠡᠮᠵᠢᠬᠦ ᠪᠠ ᠲᠤᠬᠠᠶᠢᠯᠠᠭᠰᠠᠨ ᠠᠵᠢᠯ ᠤᠨ ᠵᠢᠭᠠᠨ ᠵᠢᠯᠣᠭᠤᠳᠬᠤ ᠶᠢ ᠴᠢᠩᠭᠠᠳᠬᠠᠨ᠎ᠠ᠃
2. ᠬᠢᠨᠠᠨ ᠪᠠᠶᠢᠴᠠᠭᠠᠬᠤ ᠪᠤᠶᠤ ᠡᠴᠦᠰ ᠤᠨ ᠬᠢᠨᠠᠯᠲᠠ ᠶᠢᠨ ᠮᠠᠲ᠋ᠧᠷᠢᠶᠠᠯ ᠢ ᠮᠡᠳᠡᠭᠦᠯᠦᠨ ᠬᠦᠷᠭᠡᠬᠦ ᠴᠤᠪᠤᠷᠠᠯ ᠢᠶᠠᠨ ᠳᠥᠭᠦᠮᠴᠢᠯᠡᠨ᠎ᠡ᠃
ᠰᠢᠭᠤᠳ ᠮᠡᠳᠡᠭᠦᠯᠦᠨ ᠬᠦᠷᠭᠡᠨ᠎ᠡ
3. ᠳᠡᠭᠡᠳᠦ ᠳᠣᠣᠷᠠᠳᠤ ᠱᠠᠲᠤᠨ ᠤ ᠲᠤᠬᠠᠶᠢᠯᠠᠭᠰᠠᠨ ᠠᠵᠢᠯ ᠤᠨ ᠵᠣᠯᠭᠠᠭᠤᠯᠬᠤ ᠲᠣᠭᠲᠠᠴᠠ ᠶᠢ ᠪᠠᠶᠢᠭᠤᠯᠤᠨ᠎ᠠ᠃
ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ
1. ᠬᠠᠷᠢᠴᠠᠩᠭᠤᠶ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠨ᠎ᠡ᠃
2. ᠭᠦᠮᠣᠨ ᠤ ᠬᠦᠴᠦᠨ᠂ ᠠᠵᠢᠯ ᠤᠨ ᠵᠠᠷᠤᠳᠠᠯ ᠵᠡᠷᠭᠡ ᠲᠠᠯ᠎ᠠ ᠶᠢᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃
3. ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠬᠤ ᠵᠡᠷᠭᠡ ᠠᠷᠭ᠎ᠠ ᠮᠠᠶ᠋ᠢᠭ ᠢ ᠬᠠᠶᠢᠨ ᠰᠦᠪᠡᠭᠴᠢᠯᠡᠬᠦ ᠪᠠᠷ ᠳᠠᠮᠵᠢᠵᠤ᠂ ᠥᠭᠡᠷᠡᠴᠢᠯᠡᠯᠲᠡ ᠶᠢ ᠤᠷᠤᠭᠰᠢᠲᠠᠶ ᠠᠬᠢᠭᠤᠯᠬᠤ ᠳᠤ ᠬᠠᠤᠯᠢ ᠲᠦᠷᠢᠮ ᠤᠨ ᠪᠠᠲᠤᠯᠠᠭ᠎ᠠ ᠬᠠᠩᠭᠠᠨ᠎ᠠ᠃
4. ᠣᠯᠠᠨ ᠠᠷᠭ᠎ᠠ ᠵᠠᠮ᠂ ᠣᠯᠠᠨ ᠬᠡᠯᠪᠡᠷᠢ ᠮᠠᠶ᠋ᠢᠭ ᠢᠶᠠᠷ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠤᠬᠠᠭᠤᠯᠤᠨ᠎ᠠ᠃