2 ᠳ᠋ᠤᠭᠠᠷ ᠰᠠᠷ᠎ᠠ ᠶᠢᠨ 16 ᠤ ᠡᠳᠦᠷ ᠡᠴᠠ 2 ᠳ᠋ᠤᠭᠠᠷ ᠰᠠᠷ᠎ᠠ ᠶᠢᠨ 29 ᠤ ᠡᠳᠣᠷ

  2 ᠳ᠋ᠤᠭᠠᠷ ᠰᠠᠷ᠎ᠠ ᠶᠢᠨ 17 ᠤ ᠡᠳᠦᠷ    ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠬᠥᠯᠥᠨ ᠪᠦᠢᠷ ᠬᠤᠳᠡ ᠳᠤ ᠡᠬᠢᠯᠡᠪᠡ᠃ ᠲᠦᠷᠦ ᠶᠢᠨ ᠶᠠᠪᠤᠳᠠᠯ ᠤᠨ ᠭᠡᠰᠢᠭᠦᠨ ᠱᠧᠨ ᠢ ᠴᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠦᠭᠡᠣᠨ ᠴᠣᠭᠯᠠᠭᠠᠨ ᠡᠬᠢᠯᠡᠭᠰᠡᠨ ᠢ ᠵᠠᠷᠯᠡᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠦᠭᠡᠣᠨ ᠤᠭᠳᠣᠯᠭ᠎ᠠ ᠶᠢᠨ ᠦᠭᠡ ᠬᠡᠯᠡᠵᠦ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶᠠᠨ ᠤ ᠳᠠᠷᠤᠭ᠎ᠠ ᠭᠤᠤ ᡁᠢ ᠳ᠋ᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠦᠭᠡᠣᠨ ᠡᠬᠢᠯᠡᠯᠲᠡ ᠶᠢᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠬᠢᠯᠡᠯᠲᠡ ᠶᠢᠨ ᠶᠣᠰᠣᠯᠠᠯ ᠢ ᠡᠷᠬᠢᠯᠡᠪᠡ᠃ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠨᠠᠷᠢᠨ ᠪᠢᠴᠢᠭ ᠤᠨ ᠳᠠᠷᠤᠭ᠎ᠠ ᠯᠢᠦ ᠢᠤᠢ ᠬᠤᠢ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶᠠᠨ ᠤ ᠳᠡᠳ᠋ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠧᠦ ᠶᠢᠨ ᠴᠢᠶᠠᠩ᠂ ᠵᠠᠩ ᠵᠢᠶᠠ ᠱᠧᠩ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠠᠩ ᠶᠠᠨ ᠺᠦᠨ᠂ ᠢᠤᠢ ᠯᠢ ᠰᠢᠨ᠂ ᠦ᠋ ᠶᠠᠨ ᠭᠠᠩ᠂ ᠶᠠᠩ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃

  2 ᠳ᠋ᠤᠭᠠᠷ ᠰᠠᠷ᠎ᠠ ᠶᠢᠨ 18 ᠤ ᠡᠳᠦᠷ    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠲᠠᠷᠢᠶᠠᠯᠠᠩ ᠮᠠᠯ ᠠᠵᠤ ᠠᠬᠤᠶ ᠣᠶ ᠰᠢᠭᠤᠶ ᠤᠰᠤᠨ ᠠᠰᠢᠬᠯᠠᠯᠳᠠ ᠶᠢᠨ ᠬᠦᠷᠢᠶ᠎ᠡ ᠴᠠᠷᠠᠭᠠᠨ ᠳᠤ ᠤᠯᠤᠰ ᠤᠨ ᠵᠢᠭᠡᠯᠡᠯᠭᠡ ᠶᠢ ᠨᠡᠮᠡᠵᠦ ᠲᠠᠷᠬᠠᠭᠠᠬᠤ ᠲᠥᠷᠥᠯ ᠵᠦᠶᠯ ᠢ ᠪᠠᠶᠢᠷᠢᠯᠠᠭᠤᠯᠤᠨ ᠠᠬᠢᠭᠤᠯᠬᠤ ᠸᠢᠳᠢᠣ᠋ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠲᠠᠢᠴᠢᠨ ᠬᠤᠷᠠᠯ ᠳᠤ ᠣᠷᠣᠯᠴᠠᠭᠰᠠᠨ ᠪᠦᠭᠡᠣᠨ ᠶᠠᠷᠢᠶ᠎ᠠ ᠲᠠᠯᠪᠢᠪᠠ᠃

  2 ᠳ᠋ᠤᠭᠠᠷ ᠰᠠᠷ᠎ᠠ ᠶᠢᠨ 19 ᠤ ᠡᠳᠦᠷ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠶᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠬᠢᠨᠠᠨ ᠪᠤᠳᠤᠬᠤ ᠲᠢᠩᠬᠢᠮ ᠪᠠ 《 ᠮᠧᠩ ᠺᠧ ᠵᠢᠣᠢ 》 ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠭᠰᠠᠨ ᠲᠠᠪᠴᠠᠩ ᠢᠶᠠᠷ ᠲᠣᠭᠤᠷᠢᠨ ᠦᠵᠡᠵᠣ᠂ ᠠᠵᠢᠯ ᠪᠠᠶᠢᠴᠠᠭᠠᠨ ᠰᠤᠳᠤᠯᠬᠤ ᠶᠢᠨ ᠬᠠᠮᠲᠤ ᠺᠠᠳ᠋ᠷ ᠠᠵᠢᠯᠲᠠᠳ ᠢ ᠲᠣᠬᠤᠨᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠤ ᠰᠢᠶᠠᠨ ᠬᠤᠸᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠳᠠᠷᠤᠭ᠎ᠠ ᠰᠦᠨ ᠵᠢᠶᠦ᠋ᠨ ᠴᠢᠩ ᠲᠣᠰ ᠲᠣᠰ ᠠᠵᠢᠯᠯᠠᠭ᠎ᠠ ᠳᠤ ᠣᠷᠣᠯᠴᠠᠪᠠ᠃

  2 ᠳ᠋ᠤᠭᠠᠷ ᠰᠠᠷ᠎ᠠ ᠶᠢᠨ 21 ᠤ ᠡᠳᠦᠷ    ᠪᠥᠬᠦ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠢᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠬᠤᠷᠠᠯ ᠳᠤ ᠣᠷᠣᠯᠴᠠᠭᠰᠠᠨ ᠪᠦᠭᠡᠣᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠥᠬᠦᠶ ᠤᠳᠤᠷᠢᠳᠬᠤ ᠨᠥᠬᠦᠳ ᠪᠣᠯᠤᠨ ᠰᠢᠭᠦᠬᠦ ᠬᠤᠷᠢᠶᠠᠨ ᠤ ᠬᠤᠷᠢᠶᠠᠨ ᠲᠠᠷᠤᠭ᠎ᠠ ᠪᠠᠶᠢᠴᠠᠭᠠᠬᠤ ᠬᠤᠷᠢᠶᠠᠨ ᠤ ᠪᠠᠢᠴᠠᠭᠠᠬᠤ ᠳᠠᠷᠤᠭ᠎ᠠ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠲᠦᠪᠯᠡᠷᠡᠨ ᠪᠦᠬᠦ ᠣᠷᠣᠨ ᠤ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠪᠣᠳᠠᠲᠤ ᠲᠡᠮᠳᠡᠭᠯᠡᠯ ᠤᠨ ᠹᠢᠯᠢᠮ ᠢ ᠦᠵᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠬᠤᠷᠠᠯ ᠳᠤ ᠣᠷᠣᠯᠴᠠᠭᠰᠠᠨ ᠪᠥᠭᠡᠳ 《 2023 ᠣᠨ ᠤ ᠪᠥᠬᠦ ᠣᠷᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠠᠮᠵᠢᠯᠲᠠ ᠪᠦᠲᠦᠮᠵᠢ ᠶᠢᠨ ᠰᠢᠯᠭᠠᠨ ᠬᠢᠨᠠᠯᠲᠠ ᠳᠠᠬᠢ ᠲᠡᠷᠢᠭᠦᠨ ᠤ ᠠᠶᠢᠮᠠᠭ ᠬᠤᠲᠠ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠣᠭᠰᠠᠨ ᠲᠡᠷᠢᠭᠦᠨ ᠤ ᠬᠠᠮᠲᠤ ᠲᠡᠷᠢᠭᠦᠨ ᠤ ᠬᠤᠪᠢ ᠬᠥᠮᠦᠨ ᠢ ᠱᠠᠩᠨᠠᠨ ᠬᠦᠬᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ 》 ᠢ ᠤᠩᠰᠢᠨ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ 2023 ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠰᠢᠯᠭᠠᠨ ᠬᠢᠨᠠᠯᠳᠡ ᠪᠠ ᠡᠵᠡᠩᠨᠡᠨ ᠬᠤᠳᠠᠯᠳᠣᠭᠠᠯᠠᠬᠤ ᠣᠷᠴᠢᠨ ᠨᠦᠭᠦᠴᠡᠯ ᠤᠨ ᠦᠨᠡᠯᠡᠨ ᠵᠢᠱᠢᠯᠲᠡ ᠳᠠᠬᠢ ᠲᠡᠷᠢᠭᠦᠨ ᠤ ᠠᠶᠢᠮᠠᠭ ᠬᠤᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠦᠨ ᠤ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠬᠤᠷᠠᠯ ᠳᠤ ᠣᠷᠣᠯᠴᠠᠭᠰᠠᠨ ᠪᠥᠭᠡᠳ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ᠂ ᠡᠭᠦᠷᠭᠡ ᠶᠢᠨ ᠲᠣᠳᠣᠷᠬᠠᠢ ᠬᠠᠭᠤᠳᠠᠰᠣ ᠵᠢᠴᠢ ᠪᠣᠳᠠᠲᠠᠶ ᠠᠷᠭ᠎ᠠ ᠬᠡᠮᠵᠢᠶ᠎ᠡ ᠲᠣᠭᠲᠠᠭᠠᠭᠰᠠᠨ ᠪᠠᠶᠢᠳᠠᠯ ᠢ ᠨᠡᠪᠳᠡᠷᠡᠭᠦᠯᠣᠨ ᠮᠡᠳᠡᠭᠡᠯᠡᠪᠡ᠃ ᠡᠯ᠎ᠡ ᠠᠶᠢᠮᠠᠭ ᠬᠤᠳᠠ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠦᠭᠦᠣᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠬᠤᠯᠪᠣᠭᠳᠠᠯ ᠪᠦᠬᠦᠢ ᠨᠢᠭᠡᠴᠢ ᠪᠣᠯᠤᠨ ᠬᠡᠰᠡᠭ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠦᠭᠦᠣᠨ᠂ ᠠᠷᠠᠳ ᠤᠨ ᠡᠵᠡᠩᠨᠡᠯᠳᠡ ᠵᠢᠨ ᠠᠵᠤ ᠠᠬᠤᠶᠢᠯᠠᠯ ᠪᠣᠯᠤᠨ ᠬᠤᠳᠠᠯᠳᠤᠭᠠᠴᠢᠳ ᠤᠨ ᠡᠪᠯᠡᠯ ᠤᠨ ᠲᠥᠯᠥᠭᠡᠯᠡᠭᠴᠢ᠂ ᠬᠤᠳᠠᠯᠳᠣᠭᠠᠴᠢᠨ ᠤᠷᠢᠵᠤ ᠪᠡᠯᠡ ᠣᠷᠣᠭᠤᠯᠤᠭᠰᠠᠨ ᠲᠡᠷᠢᠭᠦᠨ ᠤ ᠬᠠᠮᠲᠤ ᠪᠣᠯᠤᠨ ᠲᠡᠷᠢᠭᠦᠨ ᠤ ᠬᠤᠪᠢ ᠬᠥᠮᠦᠨ ᠤ ᠲᠥᠯᠥᠭᠡᠯᠡᠭᠴᠢ ᠬᠤᠷᠠᠯ ᠳᠤ ᠣᠷᠣᠯᠴᠠᠪᠠ᠃ ᠡᠯ᠎ᠡ ᠠᠶᠢᠮᠠᠭ ᠬᠤᠲᠠ ᠪᠠ ᠮᠠᠨᠵᠤᠤᠷ ᠬᠤᠲᠠ᠂ ᠡᠷᠢᠶᠡᠨ ᠬᠤᠲᠠ ᠳ᠋ᠤ ᠬᠤᠷᠠᠯ ᠤᠨ ᠬᠤᠪᠢᠶᠠᠷᠢ ᠲᠠᠯᠠᠪᠠᠶ ᠲᠣᠬᠢᠷᠠᠭᠤᠯᠪᠠ᠃

  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠡᠴᠠ ᠭᠤᠤᠯᠯᠠᠨ ᠡᠷᠭᠢᠯᠡᠭᠰᠡᠨ 《 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ ᠮᠥᠩᠭᠦᠨ ᠭᠦᠶᠯᠭᠡᠭᠡᠨ ᠤ ᠬᠦᠴᠦᠨ ᠢ ᠬᠠᠮᠳᠣᠣᠡᠬᠠᠵᠣ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ﹀ ᠵᠠᠰᠠᠭ ᠤᠨ ᠣᠷᠳᠣᠨ ᠮᠦᠩᠭᠦᠨ ᠭᠦᠢᠯᠭᠡᠭᠡᠨ ᠤ ᠪᠠᠢᠭᠤᠯᠣᠮᠵᠢ ᠠᠵᠤ ᠠᠬᠤᠶᠢᠯᠠᠯ ᠢ ᠵᠣᠯᠭᠠᠭᠤᠯᠬᠤ ᠬᠤᠷᠠᠯ 》 ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠬᠤᠷᠠᠯ ᠳᠤ ᠣᠷᠣᠯᠴᠠᠭᠰᠠᠨ ᠪᠦᠭᠡᠣᠨ ᠪᠠᠶᠠᠷ ᠤᠨ ᠦᠭᠡ ᠬᠡᠯᠡᠪᠡ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠥᠩᠭᠦᠨ ᠭᠦᠶᠯᠭᠡᠭᠡᠨ ᠤ ᠠᠯᠪᠠᠨ ᠬᠡᠷ᠂ ᠠᠵᠤ ᠦᠶᠯᠡᠳᠪᠦᠷᠢ ᠪᠠ ᠮᠡᠳᠡᠭᠡ ᠵᠠᠩᠬᠢᠴᠢᠯᠠᠯᠳᠡ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠨᠧᠷᠭᠢ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠭᠰᠡᠨ ᠤ ᠬᠠᠮᠲᠤ ᠠᠵᠢᠯ ᠲᠥᠷᠥᠯ ᠤᠨ ᠬᠦᠷᠢᠶᠡᠨ ᠳᠠᠬᠢ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠨᠡᠶᠢᠲᠡᠯᠡᠪᠡ᠃ 4 ᠮᠥᠩᠭᠦᠨ ᠭᠦᠢᠯᠭᠡᠭᠡᠨ ᠤ ᠪᠠᠶᠢᠭᠤᠯᠤᠮᠵᠢ ᠡᠴᠠ 《 ᠲᠠᠪᠤᠨ ᠶᠡᠭᠡ ᠡᠭᠦᠷᠭᠡ 》 ᠶᠢᠨ ᠨᠠᠢᠳᠠᠪᠣᠷᠢᠵᠢᠭᠤᠯᠣᠯᠳᠡ ᠳᠤ ᠠᠩᠬᠠᠷᠤᠯ ᠢᠶᠠᠨ ᠲᠥᠪᠯᠡᠷᠡᠭᠦᠯᠵᠦ ᠮᠥᠩᠭᠦᠨ ᠭᠦᠢᠯᠭᠡᠭᠡᠨ ᠤ ᠳᠡᠮᠵᠢᠯᠭᠡ ᠦᠵᠡᠬᠦᠯᠬᠦ ᠠᠷᠭ᠎ᠠ ᠬᠡᠮᠵᠢᠶ᠎ᠡ ᠶᠢ ᠲᠣᠷᠠᠣᠡᠪᠠ᠃ ᠬᠤᠷᠠᠯ ᠡᠴᠠ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ 3567 ᠲᠦᠷᠣᠯ ᠵᠦᠢᠯ ᠢ ᠡᠮᠬᠢᠯᠡᠨ ᠬᠤᠷᠢᠶᠠᠩᠭᠤᠶᠢᠯᠠᠪᠠ᠃ ᠥᠪᠡᠷᠲᠡᠭᠡᠨ ᠵᠠᠰᠠᠬᠤ ᠣᠷᠣᠨ ᠤ 17 ᠰᠠᠯᠠᠭ᠎ᠠ ᠮᠥᠴᠢᠷ᠂ 38 ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠡᠯ᠎ᠡ ᠲᠦᠷᠦᠯ ᠤᠨ 95 ᠠᠵᠤ ᠠᠬᠤᠶᠢᠯᠠᠯ ᠬᠥᠬᠡᠬᠤᠲᠠ ᠶᠢᠨ ᠭᠤᠣᠯ ᠲᠠᠯᠠᠪᠠᠢ ᠶᠢᠨ ᠬᠤᠷᠠᠯ ᠳᠤ ᠣᠷᠣᠯᠴᠠᠪᠠ᠃ ᠡᠯ᠎ᠡ ᠠᠶᠢᠮᠠᠭ ᠬᠤᠲᠠ ᠳᠤ ᠬᠤᠷᠠᠯ ᠤᠨ ᠬᠤᠪᠢᠶᠠᠷᠢ ᠲᠠᠯᠠᠪᠠᠶ ᠲᠣᠬᠢᠷᠠᠭᠤᠯᠵᠣ᠂ ᠰᠦᠯᠵᠢᠶᠡᠨ ᠳᠡᠭᠡᠷ᠎ᠡ ᠬᠤᠯᠪᠣᠯᠴᠠᠬᠤ ᠬᠡᠯᠪᠡᠷᠢ ᠪᠠᠷ ᠬᠤᠷᠠᠯ ᠤᠨ ᠭᠤᠤᠯ ᠲᠠᠯᠠᠪᠠᠶ ᠯᠤᠭ᠎ᠠ ᠵᠡᠷᠭᠡ ᠪᠠᠷ ᠲᠥᠪᠯᠡᠷᠡᠭᠦᠯᠦᠨ ᠵᠦᠪᠯᠡᠯᠴᠡᠭᠡᠷ ᠲᠣᠭᠲᠠᠪᠠ᠃ ᠪᠥᠬᠦ ᠣᠷᠣᠨ ᠳᠤ ᠪᠠᠯᠠ ᠲᠣᠬᠢᠷᠠᠭᠤᠯᠭ᠎ᠠ ᠶᠢᠨ ᠰᠠᠨᠠᠮᠵᠢ ᠶᠢᠨ ᠲᠥᠷᠥᠯ ᠵᠦᠶᠯ ᠢ ᠨᠡᠶᠢᠲᠡ 1067 ᠲᠣᠭᠲᠠᠵᠣ᠂ ᠵᠣᠭᠤᠰ ᠤᠨ ᠲᠤᠭ᠎ᠠ ᠨᠢ 3478 ᠳ᠋ᠦᠩᠰᠢᠭᠤᠷ ᠲᠥᠭᠦᠷᠢᠭ ᠲᠤ ᠬᠦᠷᠪᠡ᠃ ᠬᠤᠷᠠᠯ ᠲᠡᠭᠡᠷ᠎ᠡ ᠪᠠᠰᠠ ᠲᠤᠬᠠᠢ ᠶᠢᠨ ᠲᠠᠯᠠᠪᠠᠢ ᠳᠠᠬᠢ ᠪᠠ ᠰᠦᠯᠵᠢᠶᠡᠨ ᠳᠡᠭᠡᠷᠡᠬᠢ 《 ᠮᠥᠩᠭᠦᠨ ᠭᠦᠢᠯᠭᠡᠭᠡᠨ ᠤ ᠬᠡᠳᠦ ᠳᠡᠯᠭᠡᠭᠦᠷ 》 ᠢ ᠵᠡᠷᠭᠡ ᠪᠠᠷ ᠪᠠᠢᠭᠤᠯᠪᠠ᠃

  2 ᠳ᠋ᠤᠭᠠᠷ ᠰᠠᠷ᠎ᠠ ᠶᠢᠨ 22 ᠤᠨ ᠡᠳᠦᠷ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠣᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠳᠤᠮᠳᠠᠳᠤ ᠤᠯᠤᠰ ᠤᠨ ᠳ᠋ᠠ ᠲᠠᠩ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠽᠸᠦ ᠯᠸᠢ ᠨᠠᠷ ᠲᠠᠢ ᠠᠭᠤᠯᠵᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠢᠤᠢ ᠯᠢ ᠰᠢᠨ ᠠᠭᠤᠯᠵᠠᠯᠳᠡ ᠳᠤ ᠣᠷᠣᠯᠴᠠᠪᠠ᠃

  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠭᠤᠯᠵᠤ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠲᠣᠬᠠᠢ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠬᠠᠮᠳᠣ ᠦᠵᠡᠵᠦ᠂ ᠵᠠᠰᠠᠭ ᠤᠨ ᠣᠷᠳᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠤᠨ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠭᠰᠠᠨ ᠪᠦᠭᠡᠣᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠱᠤᠸᠠᠩ ᠤᠷᠢᠯᠭ᠎ᠠ ᠪᠠᠷ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃

  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠡᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ 《 ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠦᠪᠯᠡᠭᠦ ᠬᠠᠤᠯᠢ 》 ᠶᠢ ᠬᠡᠷᠡᠭᠵᠢᠭᠦᠯᠬᠦ ᠠᠷᠭ᠎ᠠ ( ᠵᠠᠰᠠᠪᠤᠷᠢ ᠣᠷᠣᠭᠤᠯᠤᠭᠰᠠᠨ ᠲᠥᠰᠦᠯ ) ᠪᠣᠯᠤᠨ ᠥᠪᠡᠷᠲᠡᠭᠡᠨ ᠵᠠᠰᠠᠬᠤ ᠣᠷᠣᠨ ᠤ 2024 ᠣᠨ ᠤ ᠡᠨᠧᠷᠭᠢ ᠠᠷᠪᠢᠯᠠᠬᠤ ᠠᠵᠢᠯ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠣᠯᠳᠠ ᠶᠢ ᠣᠷᠬᠢᠯ ᠬᠡᠮᠵᠢᠭᠳᠡᠯ ᠡᠴᠠ ᠨᠢ ᠪᠠᠭᠤᠷᠠᠭᠤᠯᠬᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠤᠨ ᠭᠤᠣᠯᠳᠠᠯᠭ᠎ᠠ ᠶᠢ ᠰᠤᠳᠣᠯᠪᠠ᠃ ᠬᠤᠷᠠᠯ ᠡᠴᠠ ᠪᠠᠰᠠ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠦᠷᠢᠮ ᠵᠡᠷᠭᠡ ᠣᠷᠣᠨ ᠨᠤᠲᠤᠭ ᠤᠨ ᠴᠢᠨᠠᠷᠲᠠᠢ 7 ᠬᠤᠪᠢ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠥᠰᠦᠯ ᠵᠡᠷᠭᠡ ᠵᠦᠢᠯᠡᠰ ᠢ ᠰᠣᠳᠣᠯᠪᠡ᠃

  2 ᠳ᠋ᠤᠭᠠᠷ ᠰᠠᠷ᠎ᠠ ᠶᠢᠨ 23 ᠤ ᠡᠳᠦᠷ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠣᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠵᠡᠷᠭᠡ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠳᠡᠰ ᠤᠨ ᠤᠳᠤᠷᠢᠳᠤᠯᠭ᠎ᠠ ᠨᠠᠷ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠢᠷᠡᠵᠦ᠂ 《 ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠨᠠᠮ ᠤᠨ ᠠᠴᠢ ᠳᠤ ᠲᠠᠯᠠᠷᠬᠠᠵᠣ ᠡᠷᠡᠯᠬᠡᠭᠯᠡᠨ ᠣᠷᠣᠭᠰᠢᠯᠠᠨᠠᠮ 》 ᠭᠡᠬᠦ ᠭᠤᠤᠯ ᠰᠡᠳᠦᠪᠲᠦ ᠦᠵᠡᠭᠦᠯᠦᠯᠭᠡ ᠶᠢ ᠬᠠᠮᠲᠤ ᠪᠠᠷ ᠲᠣᠭᠤᠷᠢᠨ ᠦᠵᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠠ ᠰᠢᠭᠦᠬᠦ ᠬᠤᠷᠢᠶᠠᠨ ᠤ ᠬᠤᠷᠢᠶᠠᠨ ᠳᠠᠷᠤᠭ᠎ᠠ ᠪᠠᠶᠢᠴᠠᠭᠠᠬᠤ ᠬᠤᠷᠢᠶᠠᠨ ᠤ ᠪᠠᠢᠴᠠᠭᠠᠬᠤ ᠳᠠᠷᠤᠭ᠎ᠠ ᠲᠣᠰ ᠠᠵᠢᠯᠯᠠᠭ᠎ᠠ ᠳᠤ ᠣᠷᠣᠯᠴᠠᠪᠠ᠃ ᠲᠣᠰ ᠤᠳᠠᠭᠠᠨ ᠤ ᠦᠵᠡᠭᠦᠯᠦᠯᠭᠡ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠡᠴᠠ ᠭᠤᠣᠯᠯᠠᠨ ᠡᠷᠬᠢᠯᠡᠪᠡ᠃

  2 ᠳ᠋ᠤᠭᠠᠷ ᠰᠠᠷ᠎ᠠ ᠶᠢᠨ 26 ᠤ ᠡᠳᠦᠷ   ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠢᠨᠠᠷ ᠪᠦᠭᠦᠢ ᠦᠶᠯᠡᠳᠪᠦᠷᠢᠯᠡᠯ ᠤᠨ ᠬᠦᠴᠦᠨ ᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠤ ᠬᠠᠮᠲᠤ ᠶᠠᠷᠢᠶ᠎ᠠ ᠲᠠᠯᠪᠢᠪᠠ᠃ ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠵᠤ ᠠᠬᠤᠢ ᠰᠤᠳᠣᠯᠬᠤ ᠭᠠᠵᠠᠷ ᠤᠨ ᠳᠠᠷᠤᠭ᠎ᠠ ᠬᠤᠸᠠᠩ ᠴᠢᠶᠦ᠋ᠨ ᠬᠤᠢ ᠤᠷᠢᠯᠭ᠎ᠠ ᠪᠠᠷ 《 ᠰᠢᠨ᠎ᠡ ᠴᠢᠨᠠᠷ ᠪᠦᠭᠦᠢ ᠦᠢᠯᠡᠳᠪᠦᠷᠢᠯᠡᠯ ᠤᠨ ᠬᠦᠴᠦᠨ ᠢᠶᠠᠷ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠤᠶ᠎ᠠ 》 ᠭᠡᠬᠦ ᠰᠡᠳᠦᠪ ᠢᠶᠠᠷ ᠬᠠᠪᠰᠤᠷᠤᠨ ᠵᠢᠯᠣᠭᠤᠳᠬᠤ ᠮᠡᠳᠡᠭᠦᠯᠦᠯᠲᠡ ᠬᠢᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ᠂ ᠰᠢᠭᠤᠳ ᠬᠠᠷᠢᠶ᠎ᠠ ᠲᠣᠰᠬᠠᠢ ᠪᠠᠶᠢᠭᠤᠯᠤᠮᠵᠢ᠂ ᠰᠢᠭᠤᠳ ᠬᠠᠷᠢᠶ᠎ᠠ ᠪᠠᠶᠢᠭᠤᠯᠤᠮᠵᠢ ᠪᠣᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠰᠤᠷᠤᠯᠴᠠᠯᠭ᠎ᠠ ᠶᠢᠨ ᠬᠤᠷᠠᠯ ᠳᠤ ᠰᠤᠯᠠ ᠣᠷᠣᠯᠴᠠᠪᠠ᠃

  2 ᠳ᠋ᠤᠭᠠᠷ ᠰᠠᠷ᠎ᠠ ᠶᠢᠨ 27 ᠤ ᠡᠳᠦᠷ   ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠬᠥᠯᠥᠨ ᠪᠦᠢᠷ ᠬᠤᠳᠡ ᠳᠤ ᠲᠡᠭᠦᠰᠪᠡ᠃ ᠤᠷᠤᠯᠳᠤᠭᠠᠨ ᠳᠤ ᠣᠷᠣᠯᠴᠠᠭᠰᠠᠨ ᠲᠠᠮᠢᠷᠴᠢᠨ᠂ ᠳᠠᠰᠬᠠᠯᠵᠢᠭᠤᠯᠤᠭᠴᠢ᠂ ᠠᠵᠢᠯᠲᠠᠳ ᠪᠣᠯᠤᠨ ᠵᠣᠴᠢᠳ ᠦᠵᠡᠭᠴᠢᠳ ᠬᠥᠯᠥᠨ ᠪᠦᠢᠷ ᠵᠦᠴᠦᠭᠡ ᠶᠢᠨ ᠣᠷᠳᠣᠨ ᠳᠤ ᠬᠤᠷᠠᠨ ᠴᠤᠭᠯᠠᠷᠠᠵᠤ᠂ ᠲᠤᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠲᠡᠭᠦᠰ ᠠᠮᠵᠢᠯᠲᠠ ᠣᠯᠤᠭᠰᠠᠨ ᠢ ᠪᠡᠯᠭᠡᠯᠡᠪᠡ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠭᠤᠤ ᡁᠢ ᠳ᠋ᠠᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠡᠭᠦᠰᠬᠦ ᠶᠣᠰᠣᠯᠠᠯ ᠳᠤ ᠣᠷᠣᠯᠴᠠᠭᠰᠠᠨ ᠪᠦᠭᠡᠣᠨ ᠪᠠᠶᠠᠷ ᠤᠨ ᠦᠭᠡ ᠬᠡᠯᠡᠪᠡ᠃ ᠯᠢᠶᠣᠤᠨᠢᠩ ᠮᠤᠵᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠮᠤᠵᠢ ᠶᠢᠨ ᠳᠠᠷᠤᠭ᠎ᠠ ᠯᠢ ᠯᠧ ᠴᠧᠩ᠂ ᠮᠤᠵᠢ ᠶᠢᠨ ᠳᠡᠳ᠋ ᠳᠠᠷᠤᠭ᠎ᠠ ᠭᠦᠸᠧ ᠼᠠᠢ ᠶᠦᠨ ᠲᠡᠭᠦᠰᠬᠦ ᠶᠣᠰᠣᠯᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠥᠸᠧ ᠲᠡᠭᠦᠰᠬᠦ ᠶᠣᠰᠣᠯᠠᠯ ᠢ ᠡᠷᠭᠢᠯᠡᠪᠡ᠃

  2 ᠳ᠋ᠤᠭᠠᠷ ᠰᠠᠷ᠎ᠠ ᠶᠢᠨ 29 ᠤ ᠡᠳᠦᠷ   ᠥᠪᠥᠷ ᠮᠣᠩᠭᠤᠯ ᠤᠨ ᠨᠠᠮ ᠤᠨ ᠰᠤᠷᠭᠠᠭᠤᠯᠢ ( ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ) ᠶᠢᠨ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠲᠠᠰᠢᠷᠠᠮ ᠢᠶᠠᠷ᠂ ᠠᠶᠢᠮᠠᠭ ᠬᠤᠲᠠ ᠵᠢᠴᠢ ᠰᠠᠯᠠᠭ᠎ᠠ ᠮᠥᠴᠢᠷ ᠤᠨ ᠭᠤᠤᠯ ᠤᠳᠤᠷᠢᠳᠬᠤ ᠺᠠᠳ᠋ᠷᠴᠤᠳ ᠤᠨ ᠮᠥᠩᠭᠦᠨ ᠭᠦᠶᠯᠭᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠬᠢᠴᠢᠶᠠᠯ ᠡᠬᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠨᠣᠯ ᠰᠣᠷᠣᠯᠴᠠᠬᠤ ᠭᠤᠤᠯ ᠳᠤᠭᠤᠶᠢᠯᠠᠩ 2024 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ( ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ) ᠶᠢᠨ ᠵᠠᠬᠢᠷᠤᠯ ᠰᠦᠨ ᠱᠣᠤ ᠴᠧᠩ ᠬᠤᠷᠠᠯ ᠳᠤ ᠣᠷᠣᠯᠴᠠᠭᠰᠠᠨ ᠪᠦᠭᠡᠣᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠤᠨ ᠰᠢᠭᠦᠬᠦ ᠬᠤᠷᠢᠶᠠᠨ ᠤ ᠳᠠᠷᠤᠭ᠎ᠠ ᠪᠠᠶᠢᠴᠠᠭᠠᠬᠤ ᠬᠤᠷᠢᠶᠠᠨ ᠤ ᠪᠠᠢᠴᠠᠭᠠᠬᠤ ᠳᠠᠷᠤᠭ᠎ᠠ ᠬᠤᠷᠠᠯ ᠳᠤ ᠣᠷᠣᠯᠴᠠᠪᠠ᠃ ᠡᠯ᠎ᠡ ᠠᠶᠢᠮᠠᠭ ᠬᠤᠳᠠ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠦᠭᠦᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠨᠢᠭᠡᠴᠢ᠂ ᠠᠷᠠᠳ ᠤᠨ ᠪᠦᠯᠬᠦᠮ᠂ ᠵᠢᠩᠬᠢᠨᠢ ᠠᠩᠬᠢ ᠶᠢᠨ ᠶᠡᠭᠡ ᠳᠡᠭᠡᠳᠦ ᠰᠤᠷᠭᠠᠭᠤᠯᠢ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠪᠣᠯᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠦᠭᠦᠣᠨ᠂ ᠨᠠᠮ ᠤᠨ ᠰᠤᠷᠭᠠᠭᠤᠯᠢ ᠶᠢᠨ ᠬᠤᠯᠪᠣᠭᠳᠠᠯ ᠪᠦᠬᠦᠢ ᠠᠩᠬᠢ ᠶᠢᠨ ᠰᠣᠷᠣᠯᠭᠠᠳᠠᠣᠨ ᠬᠤᠷᠠᠯ ᠳᠤ ᠣᠷᠣᠯᠴᠠᠪᠠ᠃



ᠭᠠᠷ ᠤᠲᠠᠰᠤ ᠪᠠᠷ ᠦᠵᠡᠬᠦ