3 ᠳ᠋ᠤᠭᠠᠷ ᠰᠠᠷ᠎ᠠ ᠶᠢᠨ 1 ᠤ ᠡᠳᠦᠷ ᠡᠴᠠ 3 ᠳ᠋ᠤᠭᠠᠷ ᠰᠠᠷ᠎ᠠ ᠶᠢᠨ 15 ᠤ ᠡᠳᠦᠷ

  3 ᠳ᠋ᠤᠭᠠᠷ ᠰᠠᠷ᠎ᠠ ᠶᠢᠨ 1 ᠤ ᠡᠳᠦᠷ    ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠢᠭᠤᠯᠭ᠎ᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠸᠢᠳᠢᠣ᠋ ᠬᠤᠷᠠᠯ ᠬᠤᠷᠠᠯᠳᠤᠪᠠ᠃ ᠬᠤᠷᠠᠯ ᠡᠴᠠ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ᠂ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠢᠭᠤᠯᠭ᠎ᠠ ᠶᠢᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠤᠤ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃

  3 ᠳ᠋ᠤᠭᠠᠷ ᠰᠠᠷ᠎ᠠ ᠶᠢᠨ 3 ᠤ ᠡᠳᠦᠷ   ᠶᠡᠭᠡ ᠬᠤᠷᠠᠯ ᠤᠨ ᠨᠢᠭᠡᠳᠦᠯᠲᠡᠢ ᠲᠤᠬᠢᠷᠠᠭᠤᠯᠭ᠎ᠠ ᠪᠠᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠣᠷᠤᠯᠴᠠᠬᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠤ ᠪᠠᠨ ᠪᠦᠬᠦᠳᠡ ᠬᠤᠷᠠᠯ ᠬᠤᠷᠠᠯᠳᠤᠭᠤᠯᠪᠠ᠃ ᠬᠤᠷᠠᠯ ᠡᠴᠠ ᠰᠦᠨ ᠱᠣᠤ ᠴᠧᠩ ᠢ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠬᠦ ᠪᠠᠷ ᠳᠡᠪᠰᠢᠭᠦᠯᠦᠨ ᠰᠤᠩᠭᠤᠵᠤ᠂ ᠸᠠᠩ ᠯᠢ ᠰᠢᠶᠠ᠂ ᠯᠢᠦ ᠱᠤᠸᠠᠩ᠂ ᠵᠧᠩ ᠬᠤᠩ ᠹᠠᠨ᠂ ᠢᠤᠶ ᠯᠢ ᠰᠢᠨ᠂ ᠯᠢᠨ ᠱᠣᠤ ᠴᠦᠨ᠂ ᠵᠠᠩ ᠱᠣᠤ ᠴᠦᠨ᠂ ᠶᠠᠩ ᠶᠢᠨ ᠢ ᠪᠦᠯᠬᠦᠮ ᠤᠨ ᠳᠡᠳ᠋ ᠳᠠᠷᠤᠭ᠎ᠠ ᠶᠢ ᠡᠭᠦᠷᠭᠡᠯᠡᠭᠦᠯᠬᠦ ᠪᠠᠷ ᠳᠡᠪᠰᠢᠭᠦᠯᠦᠨ ᠰᠣᠩᠭᠤᠪᠠ᠃ ᠬᠤᠷᠠᠯ ᠡᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠪᠣᠯᠤᠨ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ᠤᠨ ᠲᠥᠰᠦᠯ᠂ ᠶᠡᠭᠡ ᠬᠤᠷᠠᠯ ᠤᠨ ᠵᠥᠪᠯᠡᠬᠦ ᠵᠦᠢᠯ ᠤᠨ ᠲᠦᠰᠦᠯ ᠢ ᠬᠢᠨᠠᠨ ᠵᠦᠪᠯᠡᠪᠡ᠃ ᠬᠤᠷᠠᠯ ᠡᠴᠠ ᠥᠪᠥᠷ ᠮᠣᠩᠭᠤᠯ ᠢ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢᠨ ᠠᠵᠢᠬᠯᠠᠭᠴᠢ ᠪᠣᠯᠭᠠᠬᠤ ᠶᠢ ᠠᠬᠢᠭᠤᠯᠬᠤ ᠲᠤᠬᠠᠢ ᠰᠠᠨᠠᠭᠤᠯᠭ᠎ᠠ ᠶᠢ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠪᠦᠬᠦ ᠪᠦᠯᠬᠦᠮ ᠤᠨ ᠰᠠᠨᠠᠭᠤᠯᠭ᠎ᠠ ᠪᠣᠯᠭᠠᠨ ᠳᠤᠷᠠᠳᠬᠤ ᠪᠠᠷ ᠲᠣᠭᠲᠠᠪᠠ᠃

  3 ᠳ᠋ᠤᠭᠠᠷ ᠰᠠᠷ᠎ᠠ ᠶᠢᠨ 4 ᠤ ᠡᠳᠦᠷ    ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠤ ᠪᠠᠨ ᠪᠦᠬᠦᠳᠡ ᠬᠤᠷᠠᠯ ᠬᠤᠷᠠᠯᠳᠤᠭᠤᠯᠵᠤ᠂ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠡᠴᠠ ᠬᠤᠷᠠᠯᠳᠤᠭᠤᠯᠤᠭᠰᠠᠨ ᠲᠥᠯᠥᠭᠡᠯᠡᠭᠴᠢᠳ ᠤᠨ ᠪᠦᠯᠬᠦᠮ ᠤᠨ ᠬᠤᠷᠠᠯᠳᠤᠭᠤᠯᠤᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠤᠤ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ ᠸᠠᠩ ᠯᠢ ᠰᠢᠶᠠ ᠲᠤᠰ ᠬᠤᠷᠠᠯ ᠳᠤ ᠣᠷᠣᠯᠴᠠᠪᠠ᠃

  3 ᠳ᠋ᠤᠭᠠᠷ ᠰᠠᠷ᠎ᠠ ᠶᠢᠨ 5 ᠤ ᠡᠳᠦᠷ   ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠤ ᠪᠠᠨ ᠪᠥᠬᠦᠳᠡ ᠬᠤᠷᠠᠯ ᠬᠤᠷᠠᠯᠳᠤᠭᠤᠯᠵᠤ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠬᠢᠨᠠᠨ ᠵᠦᠪᠯᠡᠪᠡ᠃ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠲᠥᠯᠥᠭᠡᠯᠡᠭᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠶ ᠰᠠᠶᠢᠳ ᠾᠧ ᠯᠢ ᠹᠧᠩ ᠬᠢᠨᠠᠨ ᠵᠦᠪᠯᠡᠬᠦ ᠠᠵᠢᠯ ᠳᠤ ᠣᠷᠤᠯᠴᠠᠭᠰᠠᠨ ᠪᠦᠭᠡᠳ ᠦᠭᠡ ᠬᠡᠯᠡᠪᠡ᠃ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠤᠤ ᠴᠧᠩ ᠬᠤᠷᠠᠯ ᠢ ᠡᠷᠬᠢᠯᠡᠭᠰᠡᠨ ᠪᠥᠭᠡᠳ ᠦᠭᠡ ᠬᠡᠯᠡᠪᠡ᠃ ᠸᠠᠩ ᠯᠢ ᠰᠢᠶᠠ᠂ ᠶᠠᠩ ᠵᠧᠨ ᠦ᠋ ᠵᠡᠷᠭᠡ ᠲᠥᠯᠥᠭᠡᠯᠡᠭᠴᠢ ᠦᠭᠡ ᠬᠡᠯᠡᠪᠡ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠦᠨ ᠤ ᠰᠠᠶᠢᠳ ᠨᠢ ᠬᠤᠩ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠲᠤᠭᠤᠷᠪᠢᠬᠤ ᠳᠤᠭᠤᠶᠢᠯᠠᠩ᠂ ᠶᠡᠭᠡ ᠬᠤᠷᠠᠯ ᠤᠨ ᠬᠠᠤᠯᠢ ᠶᠢᠨ ᠲᠥᠰᠦᠯ ᠤᠨ ᠳᠤᠭᠤᠶᠢᠯᠠᠩ᠂ ᠪᠢᠴᠢᠭ ᠮᠠᠲ᠋ᠧᠷᠢᠶᠠᠯ ᠲᠣᠪᠴᠢ ᠮᠡᠳᠡᠭᠡᠨ ᠤ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠬᠢᠨᠠᠨ ᠵᠥᠪᠯᠡᠭᠰᠡᠨ ᠰᠠᠨᠠᠯ ᠢ ᠰᠤᠨᠤᠰᠪᠠ᠃ ᠶᠠᠩ ᠶᠢᠨ᠂ ᠬ᠌ᠣ ᠬᠠᠶ ᠵᠢᠦᠸᠠᠨ᠂ ᠸᠠᠩ ᡁᠢ ᠫᠢᠩ᠂ ᠵᠢᠤᠢ ᠱ᠌ᠣ ᠸᠧᠨ᠂ ᠶᠢᠨ ᡁᠢ ᠵᠢᠶᠦ᠋ᠨ᠂ ᠭᠦᠸᠧ ᠢᠤᠶ ᠹᠧᠩ᠂ ᠶᠠᠨ ᠬᠤᠩ ᠭᠤᠸᠠᠩ᠂ ᠵᠠᠩ ᠷᠦᠢ᠂ ᠯᠦ ᠬᠤᠩ ᠪᠥᠸᠧ᠂ ᠭᠦᠸᠧ ᠳ᠋ᠡ ᠶᠦᠩ᠂ ᠸᠠᠩ ᠵᠧᠨ ᠵᠡᠷᠭᠡ ᠲᠥᠯᠥᠭᠡᠯᠡᠭᠴᠢ ᠥᠪᠡᠷ ᠥᠪᠡᠷ ᠤᠨ ᠠᠵᠢᠯ ᠤᠨ ᠪᠤᠲᠠᠲᠠᠢ ᠲᠠᠢ ᠪᠠᠨ ᠤᠶᠠᠯᠳᠤᠭᠤᠯᠤᠨ ᠦᠭᠡ ᠬᠡᠯᠡᠪᠡ᠂ ᠠᠬᠤᠶ ᠲᠠᠯᠠᠪᠠᠶ ᠶᠢᠨ ᠠᠭᠤᠷ ᠠᠮᠢᠰᠬᠤᠯ ᠬᠦᠷ ᠬᠥᠭᠵᠢᠶᠡᠨ ᠢᠶᠠᠷ ᠪᠢᠯᠬᠠᠵᠤ᠂ ᠣᠯᠠᠨ ᠢᠶᠠᠷ ᠢᠶᠠᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠪᠦᠷᠢᠮᠦᠰᠦᠨ ᠵᠥᠪᠰᠢᠶᠡᠷᠡᠵᠦ ᠪᠠᠢᠬᠤ ᠪᠠᠨ ᠰᠠᠨᠠᠯ ᠨᠢᠭᠡᠲᠡᠢ ᠢᠯᠡᠷᠬᠡᠢᠯᠡᠭᠰᠡᠨ ᠤ ᠬᠠᠮᠲᠤ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ᠂ ᠲᠦᠷᠦ ᠶᠢᠨ ᠪᠤᠳᠤᠯᠭ᠎ᠠ ᠶᠢ ᠪᠣᠲᠠᠲᠠᠢᠵᠢᠭᠤᠯᠬᠤ ᠢᠨᠵᠧᠨᠧᠷᠢᠩ᠂ ᠳᠤᠯᠠᠭᠠᠯᠠᠭ᠎ᠠ ᠶᠢᠨ ᠢᠨᠵᠧᠨᠧᠷᠢᠩ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠵᠢᠭᠰᠠᠭᠠᠯ ᠤᠨ ᠭᠠᠵᠠᠷ ᠢ ᠰᠠᠶᠢᠲᠤᠷ ᠰᠠᠬᠢᠨ ᠪᠠᠬᠢᠵᠢᠭᠦᠯᠬᠦ᠂ 《 ᠤᠮᠠᠷᠠᠲᠤ ᠶᠢᠨ ᠭᠤᠷᠪᠠᠨ ᠣᠷᠣᠨ 》 ᠤ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠪᠦᠬᠦ ᠤᠯᠤᠰ ᠢᠶᠠᠷ ᠢᠶᠠᠨ ᠨᠢᠭᠡ ᠬᠥᠯᠭᠡ ᠰᠢᠳᠠᠷ᠎ᠠ ᠰᠢᠬ ᠵᠢᠨᠷ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠡᠴᠠ ᠨᠢ ᠪᠠᠭᠤᠷᠠᠭᠤᠯᠬᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠲᠣᠭᠲᠠᠯᠴᠠᠭ᠎ᠠ ᠶᠢᠨ ᠲᠣᠭᠠᠵᠢᠭᠤᠯᠤᠭᠰᠠᠨ ᠲᠡᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠵᠡᠷᠭᠡ ᠶᠢᠨ ᠲᠠᠯ᠎ᠠ ᠶᠢᠨ ᠲᠣᠭᠤᠷᠢᠨ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠰᠠᠨᠠᠯ ᠰᠠᠨᠠᠭᠤᠯᠭ᠎ᠠ ᠪᠠᠨ ᠶᠠᠷᠢᠪᠠ᠃

  ᠥᠪᠥᠷ ᠮᠣᠩᠭᠤᠯ ᠤᠨ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ( ᠪᠦᠯᠦᠭᠯᠡᠯ ) ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠫᠠᠶᠢᠰᠠ ᠰᠡᠬᠦᠬᠦ ᠶᠣᠰᠣᠯᠠᠯ ᠶᠠᠪᠤᠭᠳᠠᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠤᠤ ᠶᠦᠩ ᠪᠥᠸᠧ ᠶᠣᠰᠣᠯᠠᠯ ᠳᠤ ᠣᠷᠣᠯᠴᠠᠭᠰᠠᠨ ᠪᠥᠭᠡᠳ ᠫᠠᠶᠢᠰᠠ ᠰᠡᠬᠦᠪᠡ᠃

  ᠥᠪᠥᠷ ᠮᠣᠩᠭᠤᠯ ᠳᠤ ᠰᠠᠭᠤᠭ᠎ᠠ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠥᠪᠡᠷ ᠥᠪᠡᠷ ᠤᠨ ᠡᠲᠡᠭᠡᠳ ᠤᠨ ᠢᠯᠭᠠᠯ ᠤᠨ ᠳᠤᠭᠤᠶᠢᠯᠠᠩ ᠳᠤ ᠪᠠᠨ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠪᠠᠢᠳᠠᠯ ᠤᠨ ᠮᠡᠳᠡᠭᠦᠯᠦᠯᠲᠡ ᠶᠢ ᠬᠢᠨᠠᠨ ᠵᠦᠪᠯᠡᠪᠡ᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠢᠨᠠᠨ ᠵᠥᠪᠯᠡᠬᠦ ᠳᠤ ᠣᠷᠤᠯᠴᠠᠭᠰᠠᠨ ᠪᠦᠭᠡᠳ ᠦᠭᠡ ᠬᠡᠯᠡᠪᠡ᠃ ᠥᠪᠥᠷ ᠮᠣᠩᠭᠤᠯ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠬᠦᠦᠳᠠᠭᠤᠯᠠ᠂ ᠪᠠᠢ ᠴᠢᠩ ᠶᠤᠸᠠᠨ᠂ ᠠᠨ ᠷᠦᠨ ᠱᠧᠩ᠂ ᠰᠦᠨ ᠵᠢᠶᠦ᠋ᠨ ᠴᠢᠩ ᠲᠤᠰ ᠲᠤᠰ ᠥᠪᠡᠷ ᠥᠪᠡᠷ ᠤᠨ ᠪᠠᠶᠢᠭ᠎ᠠ ᠳᠤᠭᠤᠶᠢᠯᠠᠩ ᠤᠨ ᠢᠶᠠᠨ ᠬᠢᠨᠠᠨ ᠵᠥᠪᠯᠡᠬᠦ ᠳᠤ ᠣᠷᠣᠯᠴᠠᠪᠠ᠃

  3 ᠳ᠋ᠤᠭᠠᠷ ᠰᠠᠷ᠎ᠠ ᠶᠢᠨ 6 ᠤ ᠡᠳᠦᠷ    ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠤ ᠪᠠᠨ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠬᠤᠷᠠᠯᠳᠤᠭᠤᠯᠵᠤ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠦᠷᠭᠦᠯᠵᠢᠯᠡᠨ ᠬᠢᠨᠠᠨ ᠵᠦᠪᠯᠡᠪᠡ᠃ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠤᠤ ᠴᠧᠩ᠂ ᠪᠦᠯᠬᠦᠮ ᠤᠨ ᠳᠡᠳ᠋ ᠳᠠᠷᠤᠭ᠎ᠠ ᠸᠠᠩ ᠯᠢ ᠰᠢᠶᠠ ᠬᠢᠨᠠᠨ ᠵᠥᠪᠯᠡᠬᠦ ᠳᠤ ᠣᠷᠣᠯᠴᠠᠪᠠ᠃ ᠯᠢᠦ ᠱᠤᠸᠠᠩ᠂ ᠵᠧᠩ ᠬᠤᠩ ᠹᠠᠨ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠢ ᠡᠷᠬᠢᠯᠡᠭᠰᠡᠨ ᠪᠥᠭᠡᠳ ᠦᠭᠡ ᠬᠡᠯᠡᠪᠡ᠃ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠬ᠌ᠣ ᠵᠢᠩ ᠯᠢᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠶᠠᠮᠤᠨ ᠤ ᠬᠤᠯᠪᠣᠭᠳᠠᠯ ᠪᠦᠬᠦᠢ ᠨᠥᠬᠦᠳ ᠬᠤᠷᠠᠯ ᠳᠤ ᠰᠠᠭᠠᠲᠠᠵᠤ ᠬᠢᠨᠠᠨ ᠵᠥᠪᠯᠡᠭᠰᠡᠨ ᠰᠠᠨᠠᠯ ᠢ ᠰᠣᠨᠣᠰᠪᠠ᠃ ᠲᠠᠩ ᠴᠤᠤ᠂ ᠯᠢ ᠪᠢᠨ᠂ ᠢᠤᠢ ᠯᠢ ᠰᠢᠨ᠂ ᠯᠢᠨ ᠱᠤᠤ ᠴᠦᠨ᠂ ᠵᠠᠩ ᠱᠤᠤ ᠴᠦᠨ᠂ ᠶᠠᠩ ᠽᠦᠩ ᠷᠧᠨ᠂ ᠯᠢ ᠶᠦᠩ ᠵᠢᠶᠦ᠋ᠨ᠂ ᠯᠢ ᠵᠦᠩ ᠽᠧᠩ᠂ ᠸᠠᠩ ᠵᠤᠤ ᠮᠢᠩ᠂ ᠮᠧᠩ ᠹᠠᠨ ᠶᠢᠩ᠂ ᠰᠢᠩ ᠵᠢᠶᠧ ᠬᠤᠩ᠂ ᠴᠢ ᠢᠤᠢ ᠴᠢᠨ᠂ ᠵᠤᠤ ᠾᠦᠢ ᠵᠢᠶᠧ᠂ ᠶᠠᠨ ᠬᠤᠩ ᠸᠧᠢ᠂ ᠣᠣ ᠾᠦᠢ ᠷᠠᠨ᠂ ᠵᠠᠩ ᠵᠢᠢ ᠰᠢᠨ᠂ ᠴᠧᠨ ᠠᠢ ᠰᠢᠦᠸᠠᠢ᠂ ᠯᠢ ᠸᠧᠨ ᠯᠢᠩ᠂ ᠳ᠋ᠦ᠋ ᠾᠦᠢ ᠯᠢᠶᠠᠩ᠂ ᠯᠦᠸᠧ ᠴᠢᠩ᠂ ᠭᠦᠩ ᠰᠢᠦᠸᠠᠢ ᠹᠧᠩ᠂ ᠾᠧ ᠮᠠᠢᠯᠠᠰᠤ᠂ ᠸᠠᠩ ᠸᠠᠩ ᠱᠧᠩ᠂ ᠦ᠋ ᠬᠠᠢ ᠵᠢᠶᠦ᠋ᠨ᠂ ᠰᠦᠨ ᠶᠢᠩ᠂ ᠦ᠋ ᠶᠢᠩ᠂ ᠯᠢᠦ ᠶᠠᠨ ᠪᠢᠩ᠂ ᠰᠦᠬᠡ᠂ ᠵᠤᠸᠠᠩ ᠾᠧ ᠵᠡᠷᠭᠡ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠤᠯᠠᠨ ᠢᠶᠠᠷ ᠢᠶᠠᠨ ᠦᠪᠡᠷ ᠦᠪᠡᠷ ᠤᠨ ᠢᠶᠠᠨ ᠠᠵᠢᠯ ᠤᠨ ᠪᠣᠲᠠᠲᠠᠢ ᠲᠠᠢ ᠪᠠᠨ ᠤᠶᠠᠯᠳᠤᠭᠤᠯᠤᠨ᠂ ᠰᠠᠨᠠᠯ ᠰᠠᠨᠠᠭᠤᠯᠭ᠎ᠠ ᠳᠤᠷᠠᠳᠪᠠ᠃

  ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠤ ᠪᠠᠨ ᠪᠥᠬᠦᠳᠡ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠣᠷᠤᠯᠴᠠᠭᠰᠠᠨ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ᠂ ᠲᠥᠯᠥᠪᠯᠡᠭᠡ ᠶᠢᠨ ᠮᠡᠳᠡᠭᠦᠯᠦᠯᠲᠡ ᠪᠣᠯᠣᠨ ᠲᠥᠰᠦᠯ᠂ ᠲᠥᠰᠦᠪ ᠤᠨ ᠮᠡᠳᠡᠭᠦᠯᠦᠯᠲᠡ ᠪᠣᠯᠣᠨ ᠲᠥᠰᠦᠯ ᠢ ᠬᠢᠨᠠᠨ ᠪᠠᠶᠢᠴᠠᠭᠠᠪᠠ᠃ ᠲᠣᠰ ᠤᠳᠠᠭᠠᠨ ᠤ ᠪᠥᠬᠦᠳᠡ ᠬᠤᠷᠠᠯ ᠢ ᠪᠥᠬᠦ ᠤᠯᠤᠰ ᠤᠨ ᠬᠤᠶᠠᠷ ᠬᠤᠷᠠᠯ ᠤᠨ ᠮᠡᠳᠡᠭᠡᠯᠡᠯ ᠳᠤ ᠣᠷᠣᠯᠴᠠᠭᠰᠠᠨ ᠳᠤᠮᠳᠠᠳᠤ ᠭᠠᠳᠠᠭᠠᠳᠤ ᠶᠢᠨ ᠵᠠᠭᠤᠴᠢᠯᠠᠭᠤᠷ ᠲᠤ ᠨᠡᠭᠡᠭᠡᠯᠲᠡ ᠬᠢᠪᠡ᠃ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠤᠤ ᠴᠧᠩ ᠬᠤᠷᠠᠯ ᠳᠤ ᠣᠷᠤᠯᠴᠠᠭᠰᠠᠨ ᠪᠦᠭᠡᠳ ᠦᠭᠡ ᠬᠡᠯᠡᠪᠡ᠃ ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ ᠵᠧᠩ ᠬᠤᠩ ᠹᠠᠨ ᠬᠠᠮᠲᠤ ᠵᠢᠨ ᠰᠤᠷᠪᠤᠯᠵᠢᠯᠠᠭ᠎ᠠ ᠵᠢᠨ ᠠᠵᠢᠯᠯᠠᠭ᠎ᠠ ᠵᠢ ᠡᠷᠬᠢᠯᠡᠪᠡ᠃ ᠤᠯᠤᠰ ᠤᠨ ᠡᠮᠴᠢᠯᠡᠭᠡᠨ ᠤ ᠪᠠᠲᠤᠯᠠᠭ᠎ᠠ ᠵᠢᠨ ᠲᠣᠪᠴᠢᠶᠠᠨ ᠤ ᠭᠤᠣᠯ ᠬᠠᠷᠢᠭᠤᠴᠠᠯᠭᠠᠲᠠᠨ ᠨᠥᠬᠦᠳ᠂ ᠲᠦᠷᠦ ᠵᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ᠂ ᠶᠡᠭᠡ ᠬᠤᠷᠠᠯ ᠤᠨ ᠲᠣᠪᠴᠢ ᠮᠡᠳᠡᠭᠡᠨ ᠤ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠤᠯᠴᠠᠵᠤ ᠬᠢᠨᠠᠨ ᠵᠦᠪᠯᠡᠭᠰᠡᠨ ᠰᠠᠨᠠᠯ ᠢ ᠰᠤᠨᠤᠰᠪᠠ᠃ ᠮᠧᠩ ᠳ᠋ᠠ ᠶᠢᠩ᠂ ᠬᠦᠩ ᠮᠢᠩ ᠵᠦ᠂ ᠵᠠᠩ ᠷᠦᠢ᠂ ᠵᠢᠢ ᠶᠦᠩ ᠴᠢᠶᠠᠨ᠂ ᠸᠠᠩ ᠸᠠᠩ ᠱᠧᠩ᠂ ᠰᠢᠤᠢ ᠵᠢᠶᠠᠨ ᠰᠢᠩ᠂ ᠯᠦᠸᠧ ᠴᠢᠩ ᠵᠡᠷᠭᠡ ᠲᠥᠯᠥᠭᠡᠯᠡᠭᠴᠢ ᠤᠷᠢᠳ ᠬᠤᠵᠢᠳ ᠬᠢᠨᠠᠨ ᠵᠥᠪᠯᠡᠬᠦ ᠦᠭᠡ ᠬᠡᠯᠡᠵᠦ᠂ ᠲᠥᠯᠥᠪᠯᠡᠭᠡ ᠶᠢᠨ ᠮᠡᠳᠡᠭᠦᠯᠦᠯᠲᠡ ᠪᠣᠯᠤᠨ ᠲᠥᠰᠦᠯ᠂ ᠲᠥᠰᠦᠪ ᠤᠨ ᠮᠡᠳᠡᠭᠦᠯᠦᠯᠲᠡ ᠪᠣᠯᠤᠨ ᠲᠥᠰᠦᠯ ᠢ ᠵᠥᠪᠰᠢᠶᠡᠷᠡᠵᠦ ᠪᠠᠶᠢᠬᠤ ᠪᠠᠨ ᠰᠠᠨᠠᠯ ᠨᠢᠭᠡᠲᠡᠢ ᠢᠯᠡᠳᠬᠡᠪᠡ᠃ ᠠᠷᠠᠳ ᠤᠨ ᠡᠳᠦᠷ ᠤᠨ ᠰᠣᠨᠢᠨ ᠤ ᠬᠤᠷᠢᠶ᠎ᠠ᠂ ᠰᠢᠨᠬᠤᠸᠠ ᠬᠤᠷᠢᠶ᠎ᠠ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ᠂ ᠰᠢᠶᠠᠩᠭᠠᠩ ᠤᠨ ᠳ᠋ᠠ ᠭᠦᠩ ᠪᠤᠤ ᠰᠣᠨᠢᠨ᠂ ᠫᠧᠩ ᠪᠥᠸᠧ ᠰᠣᠨᠢᠨ ᠮᠡᠳᠡᠭᠡᠨ ᠤ ᠬᠤᠷᠢᠶ᠎ᠠ᠂ ᠠᠰᠠᠭᠢ ᠰᠣᠨᠢᠨ ᠮᠡᠳᠡᠭᠡ᠂ ᠭᠧᠷᠮᠠᠨ ᠤ ᠬᠤᠳᠠᠯᠳᠤᠭᠠᠨ ᠤ ᠰᠣᠨᠢᠨ᠂ ᠮᠣᠩᠭᠤᠯ ᠤᠯᠤᠰ ᠤᠨ ᠤᠯᠤᠰ ᠤᠨ ᠣᠯᠠᠨ ᠨᠡᠶᠢᠲᠡ ᠶᠢᠨ ᠷᠠᠳᠢᠣ᠋ ᠲᠧᠯᠸᠢᠰ ᠬᠤᠷᠢᠶ᠎ᠠ ᠵᠡᠷᠭᠡ ᠳᠤᠮᠳᠠᠳᠤ ᠭᠠᠳᠠᠭᠠᠳᠤ ᠶᠢᠨ 23 ᠵᠠᠭᠤᠴᠢᠯᠠᠭᠤᠷ ᠤᠨ 43 ᠰᠤᠷᠪᠤᠯᠵᠢᠯᠠᠭᠴᠢ ᠲᠣᠬᠠᠢ ᠶᠢᠨ ᠲᠠᠯᠠᠪᠠᠢ ᠳᠤ ᠬᠦᠷᠴᠦ ᠰᠤᠷᠪᠤᠯᠵᠢᠯᠠᠨ᠂ ᠥᠪᠥᠷ ᠮᠣᠩᠭᠤᠯ ᠤᠨ ᠰᠠᠢᠨ ᠦᠯᠢᠬᠡᠷ᠂ ᠰᠠᠢᠨ ᠳᠠᠭᠤᠨ ᠢ ᠰᠣᠨᠣᠰᠴᠤ᠂ ᠪᠦᠬᠦ ᠣᠷᠣᠨ ᠤ ᠳᠡᠭᠡᠳᠦ ᠳᠤᠤᠷᠠᠲᠤ ᠱᠠᠲᠤ ᠪᠠᠷ ᠢᠶᠠᠨ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠲᠡᠰᠪᠦᠷᠢ ᠬᠠᠲᠠᠭᠤᠵᠢᠯᠲᠠᠢ ᠪᠠᠷ ᠰᠢᠨ᠎ᠡ ᠵᠠᠮ ᠨᠡᠭᠡᠭᠡᠵᠦ᠂ ᠴᠤᠴᠠᠯᠲᠠ ᠦᠭᠡᠢ ᠣᠷᠤᠭᠰᠢᠯᠠᠨ ᠪᠠᠢᠵᠤ ᠳᠤᠮᠳᠠ ᠲᠦᠪᠰᠢᠨ ᠳᠤ ᠣᠷᠤᠬᠤ ᠪᠠᠷ ᠴᠢᠷᠮᠠᠢᠵᠤ ᠪᠠᠢᠭ᠎ᠠ ᠰᠦᠷ ᠳᠠᠯᠠᠶᠢᠴᠠᠲᠠᠢ ᠬᠦᠴᠦᠨ ᠢ ᠭᠦᠨᠵᠡᠭᠡᠢ ᠣᠢᠯᠠᠭᠠᠨ ᠮᠡᠳᠡᠷᠡᠪᠡ᠃

  ᠥᠪᠥᠷ ᠮᠣᠩᠭᠤᠯ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠢ ᠶᠠᠷᠢᠯᠴᠠᠪᠠ᠃ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠶ ᠴᠢᠩ ᠶᠤᠸᠠᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠠᠨ ᠷᠦᠨ ᠱᠧᠩ᠂ ᠰᠦᠨ ᠵᠢᠶᠦ᠋ᠨ ᠴᠢᠩ ᠲᠣᠰ ᠲᠣᠰ ᠦᠪᠡᠷ ᠦᠪᠡᠷ ᠤᠨ ᠪᠠᠶᠢᠭ᠎ᠠ ᠡᠲᠡᠭᠡᠳ ᠤᠨ ᠢᠯᠭᠠᠯ ᠤᠨ ᠳᠤᠭᠤᠶᠢᠯᠠᠩ ᠤᠨ ᠢᠶᠠᠨ ᠶᠠᠷᠢᠯᠴᠠᠬᠤ ᠳᠤ ᠣᠷᠣᠯᠴᠠᠪᠠ᠃

  ᠥᠪᠥᠷ ᠮᠣᠩᠭᠤᠯ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ ᠳᠤ ᠣᠷᠣᠯᠴᠠᠭᠰᠠᠨ ᠳᠤᠮᠳᠠᠳᠤ ᠤᠯᠤᠰ ᠤᠨ ᠭᠤᠮᠢᠨᠳᠠᠩ ᠨᠠᠮ ᠤᠨ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠢ ᠡᠷᠬᠢᠨ ᠦᠵᠡᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠪᠠ᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠤᠷᠠᠯ ᠢ ᠡᠷᠬᠢᠯᠡᠪᠡ᠃ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠢ ᠴᠢᠩ ᠶᠤᠸᠠᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠠᠨ ᠷᠦᠨ ᠱᠧᠩ᠂ ᠰᠦᠨ ᠵᠢᠶᠦ᠋ᠨ ᠴᠢᠩ ᠵᠡᠷᠭᠡ ᠥᠪᠥᠷ ᠮᠣᠩᠭᠤᠯ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤᠰ ᠬᠤᠷᠠᠯ ᠳᠤ ᠣᠷᠣᠯᠴᠠᠪᠠ᠃

  3 ᠳ᠋ᠤᠭᠠᠷ ᠰᠠᠷ᠎ᠠ ᠶᠢᠨ 7 ᠤ ᠡᠳᠦᠷ   ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠤ ᠪᠠᠨ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠬᠤᠷᠠᠯᠳᠤᠭᠤᠯᠵᠤ᠂ ᠲᠥᠯᠥᠪᠯᠡᠭᠡ ᠶᠢᠨ ᠮᠡᠳᠡᠭᠦᠯᠦᠯᠲᠡ ᠪᠣᠯᠣᠨ ᠲᠥᠰᠦᠯ᠂ ᠲᠥᠰᠦᠪ ᠤᠨ ᠮᠡᠳᠡᠭᠦᠯᠦᠯᠲᠡ ᠪᠣᠯᠣᠨ ᠲᠥᠰᠦᠯ ᠢ ᠦᠷᠭᠦᠯᠵᠢᠯᠡᠨ ᠬᠢᠨᠠᠨ ᠪᠠᠶᠢᠴᠠᠭᠠᠪᠠ᠃ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠤᠤ ᠴᠧᠩ ᠬᠢᠨᠠᠨ ᠵᠥᠪᠯᠡᠬᠦ ᠳᠤ ᠣᠷᠣᠯᠴᠠᠪᠠ᠃ ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ ᠸᠠᠩ ᠯᠢ ᠰᠢᠶᠠ ᠬᠢᠨᠠᠨ ᠵᠥᠪᠯᠡᠬᠦ ᠳᠤ ᠣᠷᠤᠯᠴᠠᠭᠰᠠᠨ ᠪᠦᠭᠡᠳ ᠦᠭᠡ ᠬᠡᠯᠡᠪᠡ᠃ ᠯᠢᠨ ᠱᠤᠤ ᠴᠦᠨ᠂ ᠶᠠᠩ ᠶᠢᠨ ᠲᠤᠰ ᠲᠤᠰ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠢ ᠡᠷᠬᠢᠯᠡᠪᠡ᠃ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠪᠢᠴᠢᠭ ᠮᠠᠲ᠋ᠧᠷᠢᠶᠠᠯ ᠲᠣᠪᠴᠢ ᠮᠡᠳᠡᠭᠡᠨ ᠤ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠬᠢᠨᠠᠨ ᠵᠥᠪᠯᠡᠭᠰᠡᠨ ᠰᠠᠨᠠᠯ ᠢ ᠰᠣᠨᠣᠰᠪᠠ᠃ ᠶᠠᠩ ᠶᠢᠨ᠂ ᠱᠢ ᠢᠤᠶ ᠳ᠋ᠦᠩ᠂ ᠴᠢ ᠹᠸᠢ ᠶᠦᠨ᠂ ᠳ᠋ᠦ᠋ ᠭᠠᠩ᠂ ᠰᠢᠦᠸᠠᠢ ᡁᠢ ᠯᠦᠩ᠂ ᠵᠢᠢ ᠶᠦᠩ ᠴᠢᠶᠠᠨ᠂ ᠴᠧᠨ ᠠᠶ ᠰᠢᠦᠸᠠᠢ᠂ ᠵᠣᠣ ᠾᠦᠢ ᠵᠢᠶᠧ᠂ ᠣᠣ ᠾᠦᠢ ᠷᠠᠨ᠂ ᠰᠢᠩ ᠵᠢᠶᠧ ᠬᠤᠩ᠂ ᠶᠠᠨ ᠬᠤᠩ ᠸᠧᠶ᠂ ᠮᠧᠩ ᠹᠠᠨ ᠶᠢᠩ᠂ ᠭᠦᠸᠧ ᠳ᠋ᠡ ᠶᠦᠩ᠂ ᠳ᠋ᠦ᠋ ᠾᠦᠢ ᠯᠢᠶᠠᠩ᠂ ᠾᠧ ᠬᠠᠶ ᠳ᠋ᠦᠩ᠂ ᠯᠦᠸᠧ ᠴᠢᠩ᠂ ᠵᠢᠦᠢ ᠱ᠌ᠤ ᠸᠧᠨ᠂ ᠸᠠᠩ ᠵᠧᠨ ᠵᠡᠷᠭᠡ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠣᠯᠠᠨ ᠢᠶᠠᠷ ᠢᠶᠠᠨ ᠲᠥᠯᠥᠪᠯᠡᠭᠡ ᠶᠢᠨ ᠮᠡᠳᠡᠭᠦᠯᠦᠯᠲᠡ ᠪᠣᠯᠣᠨ ᠲᠥᠰᠦᠯ᠂ ᠲᠥᠰᠦᠪ ᠤᠨ ᠮᠡᠳᠡᠭᠦᠯᠦᠯᠲᠡ ᠪᠣᠯᠣᠨ ᠲᠥᠰᠦᠯ ᠢ ᠵᠥᠪᠰᠢᠶᠡᠷᠡᠵᠦ ᠪᠠᠶᠢᠬᠤ ᠪᠠᠨ ᠢᠯᠡᠷᠬᠡᠶᠢᠯᠡᠭᠰᠡᠨ ᠤ ᠬᠠᠮᠲᠤ ᠲᠣᠰ ᠪᠡᠶ᠎ᠡ ᠶᠢᠨ ᠠᠵᠢᠯ ᠤᠨ ᠪᠣᠲᠠᠲᠠᠢ ᠲᠠᠢ ᠪᠠᠨ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠪᠠ᠃

  ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠣᠷᠣᠯᠴᠠᠭᠰᠠᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠤ ᠪᠠᠨ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠬᠤᠷᠠᠯᠳᠤᠭᠤᠯᠵᠤ᠂ 《 ᠲᠥᠷᠥ ᠶᠢᠨ ᠶᠠᠪᠤᠳᠠᠯ ᠤᠨ ᠬᠤᠷᠢᠶᠠᠨ ᠤ ᠵᠣᠬᠢᠶᠠᠨ ᠪᠠᠶᠢᠭᠤᠯᠬᠤ ᠬᠠᠤᠯᠢ ( ᠵᠠᠰᠠᠪᠤᠷᠢ ᠣᠷᠣᠭᠤᠯᠤᠭᠰᠠᠨ ᠲᠥᠰᠦᠯ ) 》 ᠶᠢ ᠬᠢᠨᠠᠨ ᠵᠥᠪᠯᠡᠪᠡ᠃ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠤᠤ ᠴᠧᠩ ᠬᠤᠷᠠᠯ ᠳᠤ ᠣᠷᠤᠯᠴᠠᠭᠰᠠᠨ ᠪᠦᠭᠡᠳ ᠦᠭᠡ ᠬᠡᠯᠡᠪᠡ᠃ ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ ᠯᠢᠦ ᠱᠤᠸᠠᠩ᠂ ᠵᠧᠩ ᠬᠤᠩ ᠹᠠᠨ ᠲᠤᠰ ᠲᠤᠰ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠢ ᠡᠷᠬᠢᠯᠡᠭᠰᠡᠨ ᠪᠥᠭᠡᠳ ᠦᠭᠡ ᠬᠡᠯᠡᠪᠡ᠃ ᠶᠡᠭᠡ ᠬᠤᠷᠠᠯ ᠤᠨ ᠬᠠᠤᠯᠢ ᠶᠢᠨ ᠲᠥᠰᠦᠯ ᠤᠨ ᠳᠤᠭᠤᠶᠢᠯᠠᠩ᠂ ᠲᠣᠪᠴᠢ ᠮᠡᠳᠡᠭᠡᠨ ᠤ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠰᠠᠨᠠᠯ ᠰᠣᠨᠣᠰᠪᠠ᠃ ᠲᠠᠩ ᠴᠤᠤ᠂ ᠯᠢ ᠪᠢᠨ᠂ ᠢᠤᠶ ᠯᠢ ᠰᠢᠨ᠂ ᠯᠢᠨ ᠱᠣᠣ ᠴᠦᠨ᠂ ᠵᠠᠩ ᠱᠤᠤ ᠴᠦᠨ᠂ ᠶᠠᠩ ᠶᠢᠨ᠂ ᠶᠠᠩ ᠽᠦᠩ ᠷᠧᠨ᠂ ᠯᠢ ᠶᠦᠩ ᠵᠢᠶᠦ᠋ᠨ᠂ ᠯᠦ ᠬᠤᠩ ᠪᠥᠸᠧ᠂ ᠵᠢᠢ ᠶᠦᠩ ᠴᠢᠶᠠᠨ᠂ ᠸᠠᠩ ᡁᠢ ᠫᠢᠩ᠂ ᠵᠠᠩ ᠷᠦᠢ᠂ ᠴᠢ ᠹᠸᠢ ᠶᠦᠨ᠂ ᠬᠥᠩ ᠮᠢᠩ ᠵ᠌ᠤ᠂ ᠶᠠᠨ ᠬᠤᠩ ᠭᠤᠸᠠᠩ᠂ ᠯᠢ ᠵᠥᠩ ᠽᠧᠩ᠂ ᠭᠦᠸᠧ ᠢᠤᠶ ᠹᠧᠩ᠂ ᠰᠢᠩ ᠵᠢᠶᠧ ᠬᠤᠩ᠂ ᠶᠠᠨ ᠬᠤᠩ ᠸᠧᠶ᠂ ᠴᠧᠨ ᠠᠶ ᠰᠢᠦᠸᠠᠢ᠂ ᠮᠧᠩ ᠹᠠᠨ ᠶᠢᠩ᠂ ᠭᠦᠸᠧ ᠳ᠋ᠡ ᠶᠦᠩ᠂ ᠶᠢᠨ ᡁᠢ ᠵᠢᠶᠦ᠋ᠨ᠂ ᠱᠢ ᠢᠤᠶ ᠳ᠋ᠦᠩ᠂ ᠸᠠᠩ ᠵᠣᠣ ᠮᠢᠩ᠂ ᠬ᠌ᠣ ᠬᠠᠶ ᠵᠢᠦᠸᠠᠨ᠂ ᠵᠠᠩ ᠵᠢᠶ ᠰᠢᠨ᠂ ᠣᠣ ᠾᠦᠢ ᠷᠠᠨ᠂ ᠰᠢᠤᠢ ᠵᠢᠶᠠᠨ ᠰᠢᠩ᠂ ᠰᠢᠦᠸᠠᠢ ᡁᠢ ᠯᠦᠩ᠂ ᠳ᠋ᠦ᠋ ᠭᠠᠩ᠂ ᠴᠢ ᠢᠤᠶ ᠴᠢᠨ᠂ ᠵᠣᠣ ᠾᠦᠢ ᠵᠢᠶᠧ᠂ ᠰᠦᠬᠡ᠂ ᠯᠦᠸᠧ ᠴᠢᠩ᠂ ᠸᠠᠩ ᠸᠠᠩ ᠱᠧᠩ᠂ ᠾᠧ ᠬᠠᠶ ᠳ᠋ᠦᠩ᠂ ᠵᠤᠸᠠᠩ ᠾᠧ᠂ ᠮᠧᠩ ᠳ᠋ᠡ ᠶᠢᠩ᠂ ᠰᠦᠨ ᠶᠢᠩ᠂ ᠡᠤ ᠶᠢᠩ᠂ ᠬᠥᠩ ᠰᠢᠦᠸᠠᠢ ᠹᠧᠩ᠂ ᠯᠢ ᠸᠧᠨ ᠯᠢᠩ᠂ ᠯᠢᠦ ᠶᠠᠨ ᠪᠢᠩ᠂ ᠡᠤ ᠬᠠᠶ ᠵᠢᠶᠦ᠋ᠨ ᠵᠡᠷᠭᠡ ᠲᠥᠯᠥᠭᠡᠯᠡᠭᠴᠢ ᠤᠷᠢᠳ ᠬᠤᠵᠢᠳ ᠦᠭᠡ ᠬᠡᠯᠡᠪᠡ᠃

  3 ᠳ᠋ᠤᠭᠠᠷ ᠰᠠᠷ᠎ᠠ ᠶᠢᠨ 8 ᠤ ᠡᠳᠦᠷ    ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠣᠷᠣᠯᠴᠠᠭᠰᠠᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠤ ᠪᠠᠨ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠦᠪᠯᠡᠪᠡ᠃ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠤᠤ ᠴᠧᠩ ᠬᠢᠨᠠᠨ ᠵᠥᠪᠯᠡᠬᠦ ᠳᠤ ᠣᠷᠤᠯᠴᠠᠭᠰᠠᠨ ᠪᠦᠭᠡᠳ ᠦᠭᠡ ᠬᠡᠯᠡᠪᠡ᠃ ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ ᠸᠠᠩ ᠯᠢ ᠰᠢᠶᠠ ᠬᠢᠨᠠᠨ ᠵᠥᠪᠯᠡᠬᠦ ᠳᠤ ᠣᠷᠣᠯᠴᠠᠪᠠ᠃ ᠶᠠᠩ ᠵᠧᠨ ᠡᠦ᠂ ᠪᠦ᠋ ᠰᠢᠶᠤᠤ ᠯᠢᠨ ᠵᠡᠷᠭᠡ ᠲᠥᠯᠥᠭᠡᠯᠡᠭᠴᠢ ᠦᠭᠡ ᠬᠡᠯᠡᠪᠡ᠃ ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ ᠢᠤᠢ ᠯᠢ ᠰᠢᠨ᠂ ᠵᠠᠩ ᠱᠤᠤ ᠴᠦᠨ ᠲᠤᠰ ᠲᠤᠰ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠢ ᠡᠷᠬᠢᠯᠡᠭᠰᠡᠨ ᠪᠥᠭᠡᠳ ᠦᠭᠡ ᠬᠡᠯᠡᠪᠡ᠃ ᠶᠡᠭᠡ ᠬᠤᠷᠠᠯ ᠤᠨ ᠪᠢᠴᠢᠭ ᠮᠠᠲ᠋ᠧᠷᠢᠶᠠᠯ ᠲᠣᠪᠴᠢ ᠮᠡᠳᠡᠭᠡᠨ ᠤ ᠳᠤᠭᠤᠶᠢᠯᠠᠩ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠦᠬᠦᠳ ᠬᠤᠷᠠᠯ ᠳᠤ ᠣᠷᠣᠯᠴᠠᠵᠤ ᠬᠢᠨᠠᠨ ᠵᠥᠪᠯᠡᠭᠰᠡᠨ ᠰᠠᠨᠠᠯ ᠢ ᠰᠣᠨᠣᠰᠪᠠ᠃ ᠲᠠᠩ ᠴᠤᠤ᠂ ᠯᠢ ᠪᠢᠨ᠂ ᠯᠢᠦ ᠱᠤᠸᠠᠩ᠂ ᠵᠧᠩ ᠬᠤᠩ ᠹᠠᠨ᠂ ᠯᠢᠨ ᠱᠤᠤ ᠴᠦᠨ᠂ ᠶᠠᠩ ᠶᠢᠨ᠂ ᠶᠠᠩ ᠽᠦᠩ ᠷᠧᠨ᠂ ᠯᠢ ᠶᠦᠩ ᠵᠢᠶᠦ᠋ᠨ᠂ ᠯᠦ ᠬᠤᠩ ᠪᠥᠸᠧ᠂ ᠵᠢᠢ ᠶᠦᠩ ᠴᠢᠶᠠᠨ᠂ ᠸᠠᠩ ᡁᠢ ᠫᠢᠩ᠂ ᠵᠠᠩ ᠷᠦᠢ᠂ ᠴᠢ ᠹᠸᠢ ᠶᠦᠨ᠂ ᠬᠦᠩ ᠮᠢᠩ ᠵᠦ᠂ ᠶᠠᠨ ᠬᠤᠩ ᠭᠤᠸᠠᠩ᠂ ᠸᠠᠩ ᠵᠤᠤ ᠮᠢᠩ᠂ ᠯᠦᠸᠧ ᠴᠢᠩ᠂ ᠰᠦᠬᠡ᠂ ᠸᠠᠩ ᠵᠧᠨ᠂ ᠸᠠᠩ ᠸᠠᠩ ᠱᠧᠩ᠂ ᠾᠧ ᠬᠠᠢ ᠳ᠋ᠦᠩ᠂ ᠳ᠋ᠦ᠋ ᠾᠦᠢ ᠯᠢᠶᠠᠩ ᠵᠡᠷᠭᠡ ᠲᠥᠯᠥᠭᠡᠯᠡᠭᠴᠢ ᠦᠭᠡ ᠬᠡᠯᠡᠪᠡ᠃

  ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ ᠳᠤ ᠣᠷᠣᠯᠴᠠᠭᠰᠠᠨ ᠥᠪᠥᠷ ᠮᠣᠩᠭᠤᠯ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠳᠤᠭᠤᠶᠢᠯᠠᠩ ᠬᠤᠪᠢᠶᠠᠨ ᠠᠷᠠᠳ ᠤᠨ ᠳᠡᠭᠡᠳᠦ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠪᠠ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠶᠠᠷᠢᠯᠴᠠᠪᠠ᠃ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠶ ᠴᠢᠩ ᠶᠤᠸᠠᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠠᠨ ᠷᠦᠨ ᠱᠧᠩ᠂ ᠰᠦᠨ ᠵᠢᠶᠦ᠋ᠨ ᠴᠢᠩ ᠲᠣᠰ ᠲᠣᠰ ᠦᠪᠡᠷ ᠦᠪᠡᠷ ᠤᠨ ᠪᠠᠶᠢᠭ᠎ᠠ ᠡᠲᠡᠭᠡᠳ ᠤᠨ ᠢᠯᠭᠠᠯ ᠤᠨ ᠳᠤᠭᠤᠶᠢᠯᠠᠩ ᠤᠨ ᠢᠶᠠᠨ ᠶᠠᠷᠢᠯᠴᠠᠬᠤ ᠳᠤ ᠣᠷᠣᠯᠴᠠᠪᠠ᠃

  3 ᠳ᠋ᠤᠭᠠᠷ ᠰᠠᠷ᠎ᠠ ᠶᠢᠨ 9 ᠤ ᠡᠳᠦᠷ    ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠣᠷᠤᠯᠴᠠᠵᠤ ᠪᠠᠢᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠤ ᠪᠠᠨ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠬᠤᠷᠠᠯᠳᠤᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠤᠭᠤᠯᠬᠤ ᠲᠥᠰᠦᠯ ᠤᠨ ᠵᠠᠰᠠᠪᠤᠷᠢ ᠣᠷᠣᠭᠤᠯᠤᠭᠰᠠᠨ ᠨᠤᠤᠷᠠᠭ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠪᠠ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠦᠪᠯᠡᠪᠡ᠃ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠤᠤ ᠴᠧᠩ ᠬᠢᠨᠠᠨ ᠵᠥᠪᠯᠡᠬᠦ ᠳᠤ ᠣᠷᠤᠯᠴᠠᠭᠰᠠᠨ ᠪᠦᠭᠡᠳ ᠦᠭᠡ ᠬᠡᠯᠡᠪᠡ᠃ ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ ᠸᠠᠩ ᠯᠢ ᠰᠢᠶᠠ ᠬᠢᠨᠠᠨ ᠵᠥᠪᠯᠡᠬᠦ ᠳᠤ ᠣᠷᠣᠯᠴᠠᠪᠠ᠃ ᠪᠦ᠋ ᠰᠢᠶᠤᠤ ᠯᠢᠨ ᠲᠥᠯᠥᠭᠡᠯᠡᠭᠴᠢ ᠦᠭᠡ ᠬᠡᠯᠡᠪᠡ᠃ ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ ᠯᠢᠨ ᠱᠣᠣ ᠴᠦᠨ᠂ ᠶᠠᠩ ᠶᠢᠨ᠂ ᠯᠢᠦ ᠱᠤᠸᠠᠩ᠂ ᠵᠧᠩ ᠬᠤᠩ ᠹᠠᠨ ᠲᠣᠰ ᠲᠣᠰ ᠦᠳᠡ ᠶᠢᠨ ᠡᠮᠦᠨᠡᠬᠢ ᠪᠠ ᠦᠳᠡ ᠶᠢᠨ ᠬᠤᠶᠢᠨᠠᠬᠢ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠢ ᠡᠷᠬᠢᠯᠡᠭᠰᠡᠨ ᠪᠦᠭᠡᠳ ᠦᠭᠡ ᠬᠡᠯᠡᠪᠡ᠃ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠪᠠ ᠶᠡᠭᠡ ᠬᠤᠷᠠᠯ ᠤᠨ ᠬᠠᠤᠯᠢ ᠶᠢᠨ ᠲᠥᠰᠦᠯ ᠤᠨ ᠳᠤᠭᠤᠶᠢᠯᠠᠩ᠂ ᠪᠢᠴᠢᠭ ᠮᠠᠲ᠋ᠧᠷᠢᠶᠠᠯ ᠲᠣᠪᠴᠢ ᠮᠡᠳᠡᠭᠡᠨ ᠤ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠬᠢᠨᠠᠨ ᠵᠥᠪᠯᠡᠭᠰᠡᠨ ᠰᠠᠨᠠᠯ ᠢ ᠰᠣᠨᠣᠰᠪᠠ᠃ ᠲᠠᠩ ᠴᠤᠤ᠂ ᠯᠢ ᠪᠢᠨ᠂ ᠵᠠᠩ ᠱᠤᠤ ᠴᠦᠨ᠂ ᠶᠠᠩ ᠽᠦᠩ ᠷᠧᠨ᠂ ᠯᠢ ᠶᠦᠩ ᠵᠢᠶᠦ᠋ᠨ᠂ ᠯᠦ ᠬᠤᠩ ᠪᠥᠸᠧ᠂ ᠵᠢᠢ ᠶᠦᠩ ᠴᠢᠶᠠᠨ᠂ ᠸᠠᠩ ᡁᠢ ᠫᠢᠩ᠂ ᠵᠠᠩ ᠷᠦᠢ᠂ ᠴᠢ ᠹᠸᠢ ᠶᠦᠨ᠂ ᠭᠦᠸᠧ ᠢᠤᠶ ᠹᠧᠩ᠂ ᠶᠠᠨ ᠬᠤᠩ ᠭᠤᠸᠠᠩ᠂ ᠸᠠᠩ ᠵᠧᠨ᠂ ᠯᠦᠸᠧ ᠴᠢᠩ᠂ ᠰᠦᠨ ᠶᠢᠩ᠂ ᠵᠢᠤᠢ ᠱ᠌ᠤ ᠸᠧᠨ᠂ ᠬᠥᠩ ᠰᠢᠦᠸᠠᠢ ᠹᠧᠩ᠂ ᠯᠢᠦ ᠶᠠᠨ ᠪᠢᠩ᠂ ᠡᠤ ᠬᠠᠶ ᠵᠢᠶᠦ᠋ᠨ᠂ ᠡᠤ ᠶᠢᠩ᠂ ᠾᠧ ᠬᠠᠶ ᠳ᠋ᠦᠩ᠂ ᠬᠥᠩ ᠮᠢᠩ ᠵ᠌ᠤ᠂ ᠮᠧᠩ ᠹᠠᠨ ᠶᠢᠩ᠂ ᠶᠢᠨ ᡁᠢ ᠵᠢᠶᠦ᠋ᠨ᠂ ᠭᠦᠸᠧ ᠳ᠋ᠡ ᠶᠦᠩ᠂ ᠵᠠᠩ ᠵᠢᠶ ᠰᠢᠨ᠂ ᠴᠧᠨ ᠠᠶ ᠰᠢᠥᠸᠠᠢ᠂ ᠵᠣᠣ ᠾᠦᠢ ᠵᠢᠶᠧ᠂ ᠰᠢᠤᠢ ᠵᠢᠶᠠᠨ ᠰᠢᠩ᠂ ᠸᠠᠩ ᠵᠣᠣ ᠮᠢᠩ᠂ ᠬ᠌ᠣ ᠬᠠᠶ ᠵᠢᠤᠸᠠᠨ᠂ ᠳ᠋ᠦ᠋ ᠭᠠᠩ᠂ ᠰᠢᠤᠸᠠᠢ ᡁᠢ ᠯᠦᠩ᠂ ᠣᠣ ᠾᠦᠢ ᠷᠠᠨ᠂ ᠸᠠᠩ ᠼᠠᠢ ᠶᠦᠨ᠂ ᠾᠧ ᠮᠠᠢᠯᠠᠰᠤ᠂ ᠯᠢ ᠸᠧᠨ ᠯᠢᠩ᠂ ᠸᠠᠩ ᠸᠠᠩ ᠱᠧᠩ᠂ ᠮᠧᠩ ᠳ᠋ᠡ ᠶᠢᠩ᠂ ᠰᠦᠬᠡ ᠵᠡᠷᠭᠡ ᠲᠥᠯᠥᠭᠡᠯᠡᠭᠴᠢ ᠦᠭᠡ ᠬᠡᠯᠡᠪᠡ᠃

  3 ᠳ᠋ᠤᠭᠠᠷ ᠰᠠᠷ᠎ᠠ ᠶᠢᠨ 10 ᠤ ᠡᠳᠦᠷ    ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠣᠷᠣᠯᠴᠠᠭᠰᠠᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠤ ᠪᠠᠨ ᠪᠥᠬᠦᠳᠡ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠪᠠ ᠠᠷᠠᠳ ᠤᠨ ᠲᠡᠭᠡᠳᠦ ᠪᠠᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠦᠷᠭᠦᠯᠵᠢᠯᠡᠨ ᠬᠢᠨᠠᠨ ᠵᠦᠪᠯᠡᠪᠡ᠃ ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠤᠤ ᠴᠧᠩ ᠬᠢᠨᠠᠨ ᠵᠥᠪᠯᠡᠬᠦ ᠳᠤ ᠣᠷᠣᠯᠴᠠᠪᠠ᠃ ᠲᠥᠯᠥᠭᠡᠯᠡᠭᠴᠢᠳ ᠤᠨ ᠪᠦᠯᠬᠦᠮ ᠤᠨ ᠳᠡᠳ᠋ ᠳᠠᠷᠤᠭ᠎ᠠ ᠸᠠᠩ ᠯᠢ ᠰᠢᠶᠠ ᠬᠤᠷᠠᠯ ᠢ ᠡᠷᠬᠢᠯᠡᠭᠰᠡᠨ ᠪᠦᠭᠡᠳ ᠦᠭᠡ ᠬᠡᠯᠡᠪᠡ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠪᠠ ᠶᠡᠭᠡ ᠬᠤᠷᠠᠯ ᠤᠨ ᠬᠠᠤᠯᠢ ᠶᠢᠨ ᠲᠥᠰᠦᠯ ᠤᠨ ᠳᠤᠭᠤᠶᠢᠯᠠᠩ᠂ ᠪᠢᠴᠢᠭ ᠮᠠᠲ᠋ᠧᠷᠢᠶᠠᠯ ᠲᠣᠪᠴᠢ ᠮᠡᠳᠡᠭᠡᠨ ᠤ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠬᠢᠨᠠᠨ ᠵᠥᠪᠯᠡᠭᠰᠡᠨ ᠰᠠᠨᠠᠯ ᠢ ᠰᠤᠨᠤᠰᠪᠠ᠃ ᠯᠢ ᠵᠦᠩ ᠽᠧᠩ᠂ ᠵᠤᠸᠠᠩ ᠾᠧ᠂ ᠱᠢ ᠢᠤᠢ ᠳ᠋ᠦᠩ᠂ ᠳ᠋ᠦ᠋ ᠾᠦᠢ ᠯᠢᠶᠠᠩ᠂ ᠶᠠᠨ ᠬᠤᠩ ᠸᠧᠢ᠂ ᠰᠢᠩ ᠵᠢᠶᠧ ᠬᠤᠩ᠂ ᠴᠢ ᠢᠤᠢ ᠴᠢᠨ᠂ ᠶᠢᠨ ᡁᠢ ᠵᠢᠶᠦ᠋ᠨ ᠵᠡᠷᠭᠡ ᠲᠥᠯᠥᠭᠡᠯᠡᠭᠴᠢ ᠦᠭᠡ ᠬᠡᠯᠡᠪᠡ᠃

  3 ᠳ᠋ᠤᠭᠠᠷ ᠰᠠᠷ᠎ᠠ ᠶᠢᠨ 11 ᠤ ᠡᠳᠦᠷ   ᠪᠥᠬᠦ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠵᠢᠯ ᠤᠨ ᠲᠧᠯᠸᠢᠰ ᠤᠲᠠᠰᠤᠲᠤ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠢᠴᠢᠨ ᠬᠤᠷᠠᠯ ᠢ ᠡᠷᠬᠢᠯᠡᠪᠡ᠃

  3 ᠳ᠋ᠤᠭᠠᠷ ᠰᠠᠷ᠎ᠠ ᠶᠢᠨ 12 ᠤᠨ ᠡᠳᠦᠷ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠠ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠠᠷᠠᠳ ᠤᠨ ᠪᠠᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠶ ᠠᠩᠭᠢ ᠶᠢᠨ ᠺᠣᠮᠢᠰᠰᠠᠷ᠂ ᠬᠡᠰᠡᠭ ᠮᠤᠵᠢ ᠶᠢᠨ ᠳᠡᠰ ᠤᠨ ᠠᠵᠢᠯ ᠡᠴᠠ ᠪᠠᠨ ᠠᠮᠠᠷᠠᠭᠰᠠᠨ ᠠᠬᠠᠮᠠᠳ ᠨᠥᠬᠦᠳ ᠬᠤᠷᠠᠯ ᠳᠤ ᠣᠷᠤᠯᠴᠠᠪᠠ᠃ ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠲᠠ ᠪᠣᠯᠤᠨ ᠮᠠᠨᠵᠦᠦᠷ ᠬᠤᠲᠠ᠂ ᠡᠷᠢᠶᠡᠨ ᠬᠤᠲᠠ᠂ ᠡᠯ᠎ᠡ ᠬᠤᠰᠢᠭᠤ ᠰᠢᠶᠠᠨ ( ᠬᠤᠲᠠ᠂ ᠲᠣᠭᠤᠷᠢᠭ ) ᠳᠤ ᠬᠤᠷᠠᠯ ᠤᠨ ᠬᠤᠪᠢᠶᠠᠷᠢ ᠲᠠᠯᠠᠪᠠᠶ ᠲᠣᠬᠢᠷᠠᠭᠤᠯᠪᠠ᠃

  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠣᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠶᠤᠸᠠᠨ ᠵᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ CEO ᠵᠠᠩ ᠯᠸᠢ ᠨᠠᠷ ᠲᠠᠢ ᠠᠭᠤᠯᠵᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠢᠤᠢ ᠯᠢ ᠰᠢᠨ ᠲᠤᠰ ᠠᠭᠤᠯᠵᠠᠯᠲᠠ ᠳᠤ ᠣᠷᠤᠯᠴᠠᠪᠠ᠃

  3 ᠳ᠋ᠤᠭᠠᠷ ᠰᠠᠷ᠎ᠠ ᠶᠢᠨ 13 ᠤ ᠡᠳᠦᠷ    ᠮᠠᠨ ᠤ ᠣᠷᠣᠨ ᠤ 2024 ᠣᠨ ᠳᠤ ᠴᠡᠷᠢᠭ ᠲᠤ ᠣᠷᠤᠭᠰᠠᠨ ᠰᠢᠨ᠎ᠡ ᠴᠡᠷᠢᠭ ᠢ ᠦᠳᠡᠨ ᠮᠣᠷᠳᠠᠭᠤᠯᠬᠤ ᠶᠣᠰᠣᠯᠠᠯ ᠵᠢᠴᠢ ᠬᠥᠬᠡᠬᠤᠲᠠ ᠶᠢᠨ 2024 ᠣᠨ ᠤ ᠳᠡᠭᠡᠷ᠎ᠡ ᠬᠠᠭᠠᠰ ᠵᠢᠯ ᠳᠤ ᠴᠡᠷᠢᠭ ᠲᠤ ᠣᠷᠤᠭᠰᠠᠨ ᠰᠢᠨ᠎ᠡ ᠴᠡᠷᠢᠭ ᠢ ᠮᠣᠷᠳᠠᠭᠤᠯᠬᠤ ᠶᠤᠰᠤᠯᠠᠯ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ‍ ᠪᠠᠲᠤ᠂ ᠥᠪᠡᠷᠲᠡᠭᠡᠨ ᠵᠠᠰᠠᠬᠤ ᠣᠷᠣᠨ ᠤ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠬᠤᠰᠢᠭᠤᠴᠢ ᠭᠧᠨᠧᠷᠡᠯ ᠳᠡᠳ᠋ ᠺᠣᠮᠢᠰᠰᠠᠷ ᠵᠠᠩ ᠸᠧᠨ ᠾᠦᠢ ᠦᠳᠡᠨ ᠮᠣᠷᠳᠠᠭᠤᠯᠬᠤ ᠶᠤᠰᠤᠯᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃

  3 ᠳ᠋ᠤᠭᠠᠷ ᠰᠠᠷ᠎ᠠ ᠶᠢᠨ 13 ᠤ ᠡᠳᠦᠷ ᠡᠴᠠ 20 ᠤ ᠡᠳᠦᠷ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠣᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠤᠷᠢᠳ ᠬᠤᠵᠢᠳ 12 ᠠᠶᠢᠮᠠᠭ ᠬᠤᠲᠠ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠤᠭᠴᠠᠵᠢᠭᠤᠯᠬᠤ ᠢᠨᠵᠧᠨᠧᠷᠢᠩ ᠤᠨ ᠲᠤᠬᠠᠶ ᠶᠢᠨ ᠲᠠᠯᠠᠪᠠᠢ ᠳᠤ ᠭᠦᠨᠵᠡᠭᠡᠶᠢᠷᠡᠵᠦ᠂ ᠡᠮᠦᠨ᠎ᠡ ᠹᠷᠣᠨᠲ ᠲᠤ ᠭᠦᠨᠵᠡᠭᠡᠢᠷᠡᠨ ᠳᠠᠢᠯᠠᠯᠳᠤᠭᠠᠨ ᠢ ᠰᠢᠮᠳᠠᠭᠤᠯᠤᠨ ᠵᠢᠯᠤᠭᠤᠳᠪᠠ᠃

  3 ᠳ᠋ᠤᠭᠠᠷ ᠰᠠᠷ᠎ᠠ ᠶᠢᠨ 14 ᠤ ᠡᠳᠦᠷ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠬᠦᠷᠴᠦ᠂ ᠴᠢᠬᠤᠯᠠ ᠶᠡᠭᠡ ᠲᠦᠷᠦᠯ ᠵᠦᠢᠯ ᠢ ᠠᠬᠢᠭᠤᠯᠬᠤ ᠪᠠ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠠᠰᠠᠭᠤᠳᠠᠯ ᠢ ᠲᠤᠬᠠᠢ ᠶᠢᠨ ᠲᠠᠯᠠᠪᠠᠢ ᠳᠤ ᠠᠯᠪᠠᠯᠠᠨ ᠰᠢᠢᠳᠪᠦᠷᠢᠯᠡᠪᠡ᠃ ᠸᠠᠩ ᠯᠢ ᠰᠢᠶᠠ ᠪᠠᠰᠠ ᠮᠢᠩ ᠶᠤᠸᠠᠢ ᠺᠣᠮᠫᠠᠨᠢ ᠶᠢᠨ ᠳᠡᠭᠡᠳᠦ ᠲᠡᠰ ᠤᠨ ᠹᠯᠣᠷ ᠤᠨ ᠰᠢᠨ᠎ᠡ ᠮᠠᠲ᠋ᠧᠷᠢᠶᠠᠯ ᠤᠨ ᠲᠦᠷᠦᠯ ᠵᠦᠢᠯ᠂ ᠰᠢᠩ ᠶᠣᠣ ᠸᠣᠯᠹᠷᠠᠮ ᠮᠣᠯᠢᠪᠳᠧᠨ ᠤ ᠳᠡᠭᠡᠳᠦ ᠲᠡᠰ ᠤᠨ ᠬᠠᠶᠢᠯᠤᠰᠢ ᠶᠢᠨ ᠮᠠᠲ᠋ᠧᠷᠢᠶᠠᠯ ᠦᠢᠯᠡᠳᠬᠦ ᠰᠠᠭᠤᠷᠢᠨ ᠭᠠᠵᠠᠷ ᠤᠨ ᠲᠦᠷᠦᠯ ᠵᠦᠢᠯ ᠤᠨ ᠦᠢᠯᠡᠳᠪᠦᠷᠢ ᠶᠢᠨ ᠲᠠᠰᠤᠭ ᠤᠨ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠲᠤᠬᠠᠢ ᠶᠢᠨ ᠲᠠᠯᠠᠪᠠᠢ ᠳᠤ ᠦᠢᠯᠡᠳᠬᠦᠨ ᠢ ᠰᠤᠳᠤᠯᠤᠨ ᠨᠡᠭᠡᠭᠡᠬᠦ᠂ ᠦᠢᠯᠡᠳᠪᠦᠷᠢᠯᠡᠯ ᠤᠨ ᠤᠷ᠎ᠠ ᠮᠡᠷᠭᠡᠰᠢᠯ᠂ ᠬᠡᠷᠡᠭᠯᠡᠭᠡᠨ ᠤ ᠦᠵᠡᠭᠳᠡᠯ ᠲᠠᠯᠠᠪᠤᠷ ᠵᠡᠷᠭᠡ ᠪᠠᠶᠢᠳᠠᠯ ᠢ ᠣᠶᠢᠯᠠᠭᠠᠪᠠ᠃

  ᠭᠤᠮᠢᠨᠳᠠᠩ ᠨᠠᠮ ᠤᠨ ᠬᠤᠪᠢᠰᠬᠠᠯᠲᠤ ᠬᠤᠷᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠬᠤᠷᠠᠯ ᠬᠤᠷᠠᠯᠳᠤᠭᠤᠯᠵᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠭᠤᠮᠢᠨᠳᠠᠩ ᠨᠠᠮ ᠤᠨ ᠬᠤᠪᠢᠰᠬᠠᠯᠲᠤ ᠬᠤᠷᠢᠶᠠᠨ ᠤ ᠥᠪᠥᠷ ᠮᠣᠩᠭᠤᠯ ᠤᠨ ᠬᠤᠷᠢᠶᠠᠨ ᠤ ᠡᠷᠬᠢᠯᠡᠭᠴᠢ ᠭᠡᠰᠢᠭᠦᠨ ᠪᠠᠶ ᠴᠢᠩ ᠶᠤᠸᠠᠨ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃

  3 ᠳ᠋ᠤᠭᠠᠷ ᠰᠠᠷ᠎ᠠ ᠶᠢᠨ 15 ᠤ ᠡᠳᠦᠷ   ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠪᠦᠬᠦᠳᠡ ᠬᠤᠷᠠᠯ ᠬᠤᠷᠠᠯᠳᠤᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠦᠨᠳᠦᠰᠦ ᠡᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠢ ᠳᠠᠢᠴᠢᠯᠠᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠤᠯᠴᠠᠪᠠ᠃ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠠᠶᠤᠯ ᠦᠭᠡᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠬᠠᠮᠲᠤ ᠪᠠᠷ ᠦᠵᠡᠵᠦ᠂ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠡᠴᠠ ᠪᠦᠬᠦ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠦᠨᠳᠦᠰᠦ ᠡᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠨᠡᠪᠲᠡᠷᠡᠭᠦᠯᠦᠨ ᠮᠡᠳᠡᠭᠡᠯᠡᠪᠡ᠃

  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ 2 ᠳ᠋ᠤᠭᠠᠷ ᠰᠠᠷ᠎ᠠ ᠶᠢᠨ 29 ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ᠂ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠳᠥᠷᠪᠡᠳᠦᠭᠡᠷ ᠬᠤᠷᠠᠯ ᠳᠡᠭᠡᠷᠡᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ᠂ 《 ᠴᠢᠨᠠᠷ ᠰᠠᠶᠢᠲᠠᠶ ᠥᠨᠳᠥᠷ ᠪᠦᠲᠦᠮᠵᠢᠲᠡᠶ ᠦᠶᠯᠡᠴᠢᠯᠡᠭᠡᠨ ᠤ ᠦᠶᠯᠡᠰ ᠤᠨ ᠰᠢᠨ᠎ᠡ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠬᠤ ᠠᠵᠢᠯᠯᠠᠭᠠᠨ ᠤ ᠲᠥᠰᠦᠯ 》᠂ 《 ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠰᠠᠭᠤᠷᠢ ᠮᠦᠩᠭᠦᠨ ᠤ ᠬᠠᠮᠢᠶᠠᠷᠤᠯᠲᠠ ᠶᠢᠨ ᠠᠷᠭ᠎ᠠ 》 ᠶᠢ ᠬᠢᠨᠠᠨ ᠵᠥᠪᠯᠡᠵᠦ ᠪᠠᠲᠤᠯᠠᠪᠠ᠃ ᠬᠤᠷᠠᠯ ᠡᠴᠠ ᠪᠠᠰᠠ ᠪᠤᠰᠤᠳ ᠵᠦᠢᠯᠡᠰ ᠢ ᠰᠤᠳᠤᠯᠪᠠ᠃


ᠭᠠᠷ ᠤᠲᠠᠰᠤ ᠪᠠᠷ ᠦᠵᠡᠬᠦ