ᠥᠪᠡᠷᠲᠡᠭᠡᠨ ᠵᠠᠰᠠᠬᠤ ᠣᠷᠣᠨ ᠤ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

  ᠡᠳᠦᠭᠡ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠤᠨ ᠲᠥᠰᠥᠯ ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠡᠢᠢᠳᠠᠪᠤᠷᠢᠵᠢᠭᠤᠯᠲᠤᠭᠠᠢ᠃

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ

ᠪᠣᠬᠢᠷᠲᠤᠯ   ᠪᠣᠳᠠᠰ ᠤᠨ  ᠵᠠᠰᠠᠯᠲᠠ ᠶᠢᠨ  ᠠᠵᠢᠯ ᠤᠨ   ᠲᠥᠰᠥᠯ

  ︽ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯᠯᠠᠭᠠᠨ ᠤ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ ︾ ︵ ᠲᠥᠷᠥ ᠠᠯᠪᠠᠨ ᠲᠠᠷᠬᠠᠭᠠᠭᠰᠠᠨ 〔 2022 〕 15 ᠳ᠋ᠤᠭᠠᠷ ᠲᠣᠭᠠᠲᠤ ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠡᠢᠢᠳᠠᠪᠤᠷᠢᠵᠢᠭᠤᠯᠵᠤ ᠂ ᠪᠥᠬᠦ ᠣᠷᠣᠨ ᠤ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠪᠠ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠵᠤ᠂ ᠪᠣᠬᠢᠷᠲᠤᠯ ᠢ ᠰᠡᠷᠭᠡᠢᠢᠯᠡᠨ ᠵᠠᠰᠠᠬᠤ ᠰᠢᠪᠲᠤᠯᠤᠯᠲᠠ ᠶᠢᠨ ᠳᠠᠢᠢᠯᠠᠯᠳᠤᠭᠠᠨ ᠢ ᠨᠡᠩ ᠥᠨᠳᠥᠷ ᠪᠠᠷᠢᠮᠵᠢᠶ᠎ᠠ ᠪᠠᠷ ᠭᠦᠨᠵᠡᠭᠡᠢ ᠰᠠᠢᠢᠲᠤᠷ ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃

  ᠨᠢᠭᠡ᠂ ᠭᠤᠣᠯ ᠬᠠᠷᠠᠯᠲᠠ

  2023 ᠣᠨ ᠪᠣᠯᠬᠤ ᠳᠤ᠂ ᠪᠥᠬᠦ ᠣᠷᠣᠨ ᠤ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠮᠡᠳᠡᠭᠡ ᠵᠠᠩᠬᠢ ᠶᠢᠨ ᠪᠠᠢᠢᠴᠠᠭᠠᠯᠲᠠ ᠶᠢ ᠪᠡᠶᠡᠯᠡᠭᠦᠯᠵᠦ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠵᠦ ᠪᠠᠢᠢᠭ᠎ᠠ ᠰᠢᠨ᠎ᠡ ᠪᠣᠬᠢᠷᠲᠤᠯ ᠪᠣᠳᠠᠰ ᠤᠨ ᠦᠢᠯᠡᠳᠪᠦᠷᠢᠯᠡᠯ᠂ ᠬᠡᠷᠡᠭᠯᠡᠯᠲᠡ᠂ ᠭᠠᠳᠠᠭᠰᠢᠯᠠᠭᠤᠯᠤᠯᠲᠠ ᠶᠢᠨ ᠪᠠᠢᠢᠳᠠᠯ ᠢ ᠦᠨᠳᠦᠰᠦᠨ ᠳᠤ ᠪᠠᠨ ᠣᠶᠢᠯᠠᠭᠠᠨ ᠲᠣᠳᠣᠯᠠᠵᠤ᠂ ᠬᠠᠮᠢᠶᠠᠷᠤᠨ ᠡᠵᠡᠮᠳᠡᠬᠦ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠠᠵᠤ ᠠᠬᠤᠢᠢᠯᠠᠯ ᠢ ᠲᠣᠳᠣᠷᠬᠠᠢ ᠲᠣᠭᠲᠠᠭᠠᠨ᠎ᠠ᠃ 2025 ᠣᠨ ᠪᠣᠯᠬᠤ ᠳᠤ᠂ ᠠᠩᠬᠠᠷᠤᠯ ᠳᠤ ᠶᠡᠬᠡᠳᠡ ᠬᠥᠷᠥᠭᠰᠡᠨ᠂ ᠦᠢᠯᠡᠳᠪᠦᠷᠢᠯᠡᠬᠦ ︵ ᠬᠡᠷᠡᠭᠯᠡᠭᠡ ︶ ᠬᠡᠮᠵᠢᠶ᠎ᠡ ᠶᠡᠬᠡᠲᠡᠢ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢᠨ ᠰᠢᠭᠰᠢᠨ ᠪᠠᠢᠢᠴᠠᠭᠠᠯᠲᠠ ᠵᠢᠴᠢ ᠨᠢᠭᠡ ᠪᠦᠯᠦᠭ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢ ᠪᠡᠶᠡᠯᠡᠭᠦᠯᠵᠦ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠵᠦ ᠪᠠᠶᠢᠭ᠎ᠠ ᠰᠢᠨ᠎ᠡ ᠪᠣᠬᠢᠷᠲᠤᠯ ᠪᠣᠳᠠᠰ ᠢ ᠴᠠᠭᠠᠵᠠᠯᠠᠬᠤ᠂ ᠬᠢᠵᠠᠭᠠᠷᠯᠠᠬᠤ᠂ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠵᠡᠷᠭᠡ ᠣᠷᠴᠢᠨ ᠲᠣᠭᠤᠷᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ︔ ᠬᠤᠣᠷ ᠬᠥᠨᠥᠭᠡᠯ ᠲᠠᠢ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠢᠢᠯᠡᠨ ᠡᠵᠡᠮᠳᠡᠬᠦ ᠲᠣᠭᠲᠠᠯᠴᠠᠭ᠎ᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ᠂ ᠰᠠᠭᠤᠷᠢ ᠴᠢᠳᠠᠪᠤᠷᠢ ᠶᠢᠨ ᠪᠠᠢᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠨ᠎ᠡ ᠪᠣᠬᠢᠷᠲᠤᠯ ᠪᠣᠳᠠᠰ ᠢ ᠪᠠᠶᠢᠴᠠᠭᠠᠬᠤ᠂ ᠬᠢᠨᠠᠨ ᠬᠡᠮᠵᠢᠬᠦ᠂ ᠰᠢᠭᠰᠢᠨ ᠪᠠᠶᠢᠴᠠᠭᠠᠬᠤ᠂ ᠦᠨᠡᠯᠡᠨ ᠵᠢᠱᠢᠬᠦ᠂ ᠬᠠᠮᠢᠶᠠᠷᠤᠨ ᠡᠵᠡᠮᠳᠡᠬᠦ᠂ ᠵᠠᠰᠠᠯᠲᠠ ᠬᠢᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃

  ᠬᠤᠶᠠᠷ᠂ ᠠᠵᠢᠯᠯᠠᠬᠤ ᠠᠷᠭ᠎᠎ᠠ ᠠᠪᠴᠠᠯ

  ︵ ᠨᠢᠭᠡ ︶ ᠰᠢᠨ᠎ᠡ ᠪᠣᠬᠢᠷᠲᠤᠯ ᠪᠣᠳᠠᠰ ᠤᠨ ᠪᠠᠶᠢᠴᠠᠭᠠᠯᠲᠠ ᠬᠢᠨᠠᠨ ᠬᠡᠮᠵᠢᠯᠲᠡ ᠪᠠ ᠣᠷᠴᠢᠨ ᠲᠣᠭᠤᠷᠢᠨ ᠤ ᠲᠦᠭᠰᠢᠭᠦᠷᠢ ᠶᠢᠨ ᠦᠨᠡᠯᠡᠨ ᠵᠢᠱᠢᠯᠲᠠ ᠶᠢ ᠥᠷᠨᠢᠭᠦᠯᠦᠨ᠎ᠡ᠃

  1. ᠤᠯᠤᠰ ᠤᠨ ᠠᠵᠢᠯ ᠤᠨ ᠪᠠᠢᠢᠷᠢᠯᠠᠭᠤᠯᠤᠯᠲᠠ ᠶᠢ ᠨᠡᠢᠢᠳᠠᠪᠤᠷᠢᠵᠢᠭᠤᠯᠵᠤ᠂ ᠣᠷᠴᠢᠨ ᠲᠣᠭᠤᠷᠢᠨ ᠤ ᠮᠡᠳᠡᠭᠡ ᠵᠠᠩᠬᠢ ᠶᠢᠨ ᠪᠠᠢᠢᠴᠠᠭᠠᠯᠲᠠ ᠶᠢ ᠥᠷᠨᠢᠭᠦᠯᠦᠨ᠎ᠡ᠃ ᠤᠯᠤᠰ ᠤᠨ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠦᠨᠳᠦᠰᠦᠨ ᠮᠡᠳᠡᠭᠡ ᠵᠠᠩᠬᠢ ᠶᠢᠨ ᠪᠠᠢᠢᠴᠠᠭᠠᠯᠲᠠ ᠶᠢᠨ ᠱᠠᠭᠠᠷᠳᠠᠯᠭ᠎ᠠ ᠶᠣᠰᠣᠭᠠᠷ᠂ ᠭᠤᠣᠯᠳᠠᠯᠭ᠎ᠠ ᠲᠠᠢ ᠠᠵᠢᠯ ᠲᠥᠷᠥᠯ ᠳᠠᠬᠢ ᠭᠤᠣᠯᠳᠠᠯᠭ᠎ᠠ ᠲᠠᠢ ᠬᠢᠮᠢ ᠶᠢᠨ ᠪᠣᠳᠠᠰ ᠤᠨ ᠦᠢᠯᠡᠳᠪᠦᠷᠢᠯᠡᠯ ᠬᠡᠷᠡᠭᠯᠡᠭᠡᠨ ᠤ ᠲᠥᠷᠥᠯ ᠵᠦᠢᠯ᠂ ᠲᠤᠭ᠎ᠠ ᠬᠡᠮᠵᠢᠶ᠎ᠡ᠂ ᠬᠡᠷᠡᠭᠴᠡᠭᠡ ᠵᠡᠷᠭᠡ ᠮᠡᠳᠡᠭᠡ ᠵᠠᠩᠬᠢ ᠶᠢᠨ ᠪᠠᠢᠢᠴᠠᠭᠠᠯᠲᠠ ᠶᠢ ᠱᠠᠲᠤ ᠬᠤᠪᠢᠶᠠᠨ ᠥᠷᠨᠢᠭᠦᠯᠦᠨ᠎ᠡ᠃ ᠪᠠᠢᠢᠴᠠᠭᠠᠯᠲᠠ ᠬᠢᠭᠰᠡᠨ ᠦᠷ᠎ᠡ ᠳ᠋ᠦᠩ ᠢ ᠦᠨᠳᠦᠰᠦᠯᠡᠨ᠂ ᠤᠯᠤᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠤᠷᠢᠳ ᠢᠶᠠᠷ ᠦᠨᠡᠯᠡᠨ ᠵᠢᠱᠢᠬᠦ ᠲᠥᠯᠥᠪᠯᠡᠭᠡ ᠳᠤ ᠵᠢᠭᠰᠠᠭᠠᠭᠳᠠᠭᠰᠠᠨ ᠬᠢᠮᠢ ᠶᠢᠨ ᠪᠣᠳᠠᠰ ᠲᠤ ᠬᠤᠯᠪᠣᠭᠳᠠᠯ ᠪᠦᠬᠦᠢ ᠦᠢᠯᠡᠳᠪᠦᠷᠢᠯᠡᠬᠦ᠂ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ᠂ ᠣᠷᠴᠢᠨ ᠲᠣᠭᠤᠷᠢᠨ ᠳᠤ ᠭᠠᠳᠠᠭᠰᠢᠯᠠᠭᠤᠯᠬᠤ ᠲᠤᠭ᠎ᠠ ᠬᠡᠮᠵᠢᠶ᠎ᠡ ᠵᠢᠴᠢ ᠠᠷᠭ᠎ᠠ ᠵᠠᠮ᠂ ᠬᠤᠣᠷ ᠬᠥᠨᠥᠭᠡᠯ ᠤᠨ ᠣᠨᠴᠠᠭᠠᠢ ᠰᠢᠨᠵᠢ᠂ ᠪᠣᠬᠢᠷᠲᠤᠯ ᠪᠣᠳᠠᠰ ᠭᠠᠳᠠᠭᠰᠢᠯᠠᠭᠤᠯᠬᠤ ᠠᠵᠤ ᠠᠬᠤᠢᠢᠯᠠᠯ ᠤᠨ ᠲᠠᠷᠬᠠᠯᠲᠠ ᠶᠢᠨ ᠪᠠᠢᠢᠳᠠᠯ ᠵᠡᠷᠭᠡ ᠨᠠᠷᠢᠨ ᠲᠣᠳᠣᠷᠬᠠᠢ ᠮᠡᠳᠡᠭᠡ ᠵᠠᠩᠬᠢ ᠶᠢᠨ ᠪᠠᠢᠢᠴᠠᠭᠠᠯᠲᠠ ᠶᠢ ᠤᠯᠠᠮ ᠨᠢᠭᠡ ᠠᠯᠬᠤᠮ ᠥᠷᠨᠢᠭᠦᠯᠦᠨ᠎ᠡ᠃ 2023 ᠣᠨ ᠤ ᠡᠴᠦᠰ ᠡᠴᠠ ᠡᠮᠦᠨ᠎ᠡ᠂ ᠬᠢᠮᠢ ᠶᠢᠨ ᠪᠣᠳᠠᠰ ᠤᠨ ᠦᠨᠳᠦᠰᠦᠨ ᠮᠡᠳᠡᠭᠡ ᠵᠠᠩᠬᠢ ᠶᠢᠨ ᠲᠡᠷᠢᠭᠦᠨ ᠡᠭᠡᠯᠵᠢ ᠶᠢᠨ ᠪᠠᠢᠢᠴᠠᠭᠠᠯᠲᠠ ᠶᠢ ᠪᠡᠶᠡᠯᠡᠭᠦᠯᠦᠨ᠎ᠡ︔ ᠠᠮᠢ ᠠᠬᠤᠢ ᠣᠷᠴᠢᠨ ᠲᠣᠭᠤᠷᠢᠨ ᠤ ᠶᠠᠮᠤᠨ᠂ ᠤᠯᠤᠰ ᠤᠨ ᠡᠪᠡᠳᠴᠢᠨ ᠡᠮᠬᠡᠭ ᠢ ᠰᠡᠷᠭᠡᠢᠢᠯᠡᠨ ᠡᠵᠡᠮᠳᠡᠬᠦ ᠲᠣᠪᠴᠢᠶᠠᠨ ᠤ ᠳᠠᠷᠤᠮᠠᠯᠯᠠᠨ ᠲᠠᠷᠬᠠᠭᠠᠭᠰᠠᠨ ︽ ᠨᠢᠭᠡᠳᠦᠭᠡᠷ ᠪᠦᠯᠦᠭ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠤᠷᠢᠳ ᠢᠶᠠᠷ ᠦᠨᠡᠯᠡᠨ ᠵᠢᠱᠢᠬᠦ ᠲᠥᠯᠥᠪᠯᠡᠭᠡ ︾ ᠳᠤ ᠵᠢᠭᠰᠠᠭᠠᠭᠳᠠᠭᠰᠠᠨ 20 ᠵᠦᠢᠯ ᠤᠨ ᠬᠢᠮᠢ ᠶᠢᠨ ᠪᠣᠳᠠᠰ ᠲᠤ ᠤᠯᠤᠰ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠨᠠᠷᠢᠨ ᠲᠣᠳᠣᠷᠬᠠᠢ ᠮᠡᠳᠡᠭᠡ ᠵᠠᠩᠬᠢ ᠶᠢᠨ ᠪᠠᠢᠢᠴᠠᠭᠠᠯᠲᠠ ᠶᠢ ᠪᠡᠶᠡᠯᠡᠭᠦᠯᠵᠦ᠂ ᠪᠥᠬᠦ ᠣᠷᠣᠨ ᠤ ᠭᠤᠣᠯᠳᠠᠯᠭ᠎ᠠ ᠲᠠᠢ ᠠᠵᠢᠯ ᠲᠥᠷᠥᠯ ᠳᠠᠬᠢ ᠬᠤᠣᠷ ᠬᠥᠨᠥᠭᠡᠯ ᠲᠠᠢ ᠬᠢᠮᠢ ᠶᠢᠨ ᠪᠣᠳᠠᠰ ᠤᠨ ᠦᠨᠳᠦᠰᠦᠨ ᠮᠡᠳᠡᠭᠡ ᠵᠠᠩᠬᠢ ᠶᠢᠨ ᠳ᠋ᠠᠶᠢᠲ᠋ᠠ ᠬᠥᠮᠥᠷᠭᠡ ᠶᠢ ᠪᠠᠢᠢᠭᠤᠯᠤᠨ᠎ᠠ᠃ ︵ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠬᠠᠷᠢᠭᠤᠴᠠᠵᠤ᠂ ᠡᠯ᠎ᠡ ᠠᠢᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ ᠨᠠᠶᠢᠳᠠᠪᠤᠷᠢᠵᠢᠭᠤᠯᠤᠨ᠎ᠠ᠃ ᠳᠣᠷᠣᠭᠰᠢ ᠪᠦᠷ ᠡᠯ᠎ᠡ ᠠᠢᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠴᠠ ᠬᠠᠷᠢᠭᠤᠴᠠᠨ ᠨᠠᠶᠢᠳᠠᠪᠤᠷᠢᠵᠢᠭᠤᠯᠬᠤ ᠴᠢᠬᠤᠯᠠᠲᠠᠢ ᠪᠣᠯᠬᠤᠷ ᠳᠠᠬᠢᠨ ᠵᠢᠭᠰᠠᠭᠠᠬᠤ ᠦᠭᠡᠢ ︶

  2. ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠲᠣᠭᠲᠠᠯᠴᠠᠭ᠎ᠠ ᠶᠢ ᠪᠦᠷᠢᠨᠰᠢᠭᠦᠯᠵᠦ᠂ ᠣᠷᠴᠢᠨ ᠲᠣᠭᠤᠷᠢᠨ ᠤ ᠪᠠᠢᠢᠴᠠᠭᠠᠯᠲᠠ ᠬᠢᠨᠠᠨ ᠬᠡᠮᠵᠢᠯᠲᠡ ᠶᠢ ᠥᠷᠨᠢᠭᠦᠯᠦᠨ᠎ᠡ᠃ ᠪᠥᠬᠦ ᠣᠷᠣᠨ ᠤ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠪᠠᠢᠢᠴᠠᠭᠠᠯᠲᠠ ᠬᠢᠨᠠᠨ ᠬᠡᠮᠵᠢᠯᠲᠡ ᠶᠢᠨ ᠲᠥᠰᠥᠯ ᠢ ᠨᠡᠢᠢᠷᠠᠭᠤᠯᠤᠨ ᠵᠣᠬᠢᠶᠠᠵᠤ᠂ ᠣᠳᠣ ᠪᠠᠢᠢᠭ᠎ᠠ ᠠᠮᠢ ᠠᠬᠤᠢ ᠣᠷᠴᠢᠨ ᠲᠣᠭᠤᠷᠢᠨ ᠤ ᠬᠢᠨᠠᠨ ᠬᠡᠮᠵᠢᠬᠦ ᠲᠣᠣᠷ ᠰᠦᠯᠵᠢᠶ᠎ᠡ ᠶᠢ ᠭᠦᠢᠴᠡᠳ ᠠᠰᠢᠬᠯᠠᠵᠤ᠂ ᠬᠠᠳᠤᠨ ᠭᠤᠣᠯ ᠤᠨ ᠰᠠᠪᠠ ᠭᠠᠵᠠᠷ᠂ ︽ ᠬᠦᠯᠦᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ ︾᠂ ᠲᠥᠪᠯᠡᠷᠡᠭᠰᠡᠨ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ᠂ ᠨᠡᠢᠢᠲᠡᠯᠢᠭ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ ᠭᠤᠣᠯᠳᠠᠯᠭ᠎ᠠ ᠲᠠᠢ ᠣᠷᠣᠨ ᠪᠦᠰᠡ᠂ ᠬᠢᠮᠢ ᠶᠢᠨ ᠠᠵᠤ ᠦᠢᠯᠡᠳᠪᠦᠷᠢ᠂ ᠡᠮ ᠡᠮᠨᠡᠯᠭᠡ ᠵᠡᠷᠭᠡ ᠭᠤᠣᠯᠳᠠᠯᠭ᠎ᠠ ᠲᠠᠢ ᠠᠵᠢᠯ ᠲᠥᠷᠥᠯ᠂ ᠪᠤᠵᠠᠷ ᠤᠰᠤ ᠶᠢ ᠰᠢᠢᠳᠪᠦᠷᠢᠯᠡᠬᠦ᠂ ᠬᠤᠭ ᠨᠣᠪᠰᠢ ᠶᠢ ᠰᠢᠲᠠᠭᠠᠬᠤ᠂ ᠠᠶᠤᠯ ᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠨ ᠠᠰᠢᠬᠯᠠᠬᠤ ᠵᠡᠷᠭᠡ ᠭᠤᠣᠯᠳᠠᠯᠭ᠎ᠠ ᠲᠠᠢ ᠠᠵᠤ ᠠᠬᠤᠢᠢᠯᠠᠯ ᠳᠤ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠪᠠᠢᠢᠴᠠᠭᠠᠯᠲᠠ ᠬᠢᠨᠠᠨ ᠬᠡᠮᠵᠢᠯᠲᠡ ᠶᠢᠨ ᠲᠤᠷᠰᠢᠯᠲᠠ ᠥᠷᠨᠢᠭᠦᠯᠵᠦ᠂ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠪᠠᠢᠢᠴᠠᠭᠠᠯᠲᠠ ᠬᠢᠨᠠᠨ ᠬᠡᠮᠵᠢᠯᠲᠡ ᠶᠢᠨ ᠲᠣᠭᠲᠠᠯᠴᠠᠭ᠎ᠠ ᠶᠢ ᠠᠯᠬᠤᠮ ᠠᠯᠬᠤᠮ ᠢᠶᠠᠷ ᠪᠠᠢᠢᠭᠤᠯᠤᠨ᠎ᠠ᠃ ︵ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠬᠠᠷᠢᠭᠤᠴᠠᠨ᠎ᠠ ︶

  3. ᠭᠤᠣᠯᠳᠠᠯᠭ᠎ᠠ ᠲᠠᠢ ᠬᠢᠮᠢ ᠶᠢᠨ ᠪᠣᠳᠠᠰ ᠲᠤ ᠴᠢᠭᠯᠡᠭᠦᠯᠦᠨ᠂ ᠣᠷᠴᠢᠨ ᠲᠣᠭᠤᠷᠢᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢ ᠬᠡᠷᠡᠭᠵᠢᠭᠦᠯᠦᠨ᠎ᠡ᠃ ᠤᠯᠤᠰ ᠤᠨ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠤᠷᠢᠳ ᠢᠶᠠᠷ ᠦᠨᠡᠯᠡᠨ ᠵᠢᠱᠢᠬᠦ ᠲᠥᠯᠥᠪᠯᠡᠭᠡ ᠶᠣᠰᠣᠭᠠᠷ᠂ ᠪᠥᠬᠦ ᠣᠷᠣᠨ ᠤ ᠠᠵᠤ ᠦᠢᠯᠡᠰ ᠤᠨ ᠪᠦᠲᠦᠴᠡ ᠶᠢᠨ ᠣᠨᠴᠠᠯᠢᠭ ᠲᠠᠢ ᠤᠶᠠᠯᠳᠤᠭᠤᠯᠤᠨ᠂ ᠠᠩᠬᠠᠷᠤᠯ ᠳᠤ ᠶᠡᠬᠡᠳᠡ ᠬᠥᠷᠥᠭᠰᠡᠨ᠂ ᠦᠢᠯᠡᠳᠪᠦᠷᠢᠯᠡᠬᠦ ︵ ᠬᠡᠷᠡᠭᠯᠡᠭᠡ ︶ ᠬᠡᠮᠵᠢᠶ᠎ᠡ ᠶᠡᠬᠡᠲᠡᠢ᠂ ᠣᠷᠴᠢᠨ ᠲᠣᠭᠤᠷᠢᠨ ᠤ ᠪᠠᠢᠢᠴᠠᠭᠠᠨ ᠭᠠᠷᠭᠠᠬᠤ ᠲᠣᠬᠢᠶᠠᠯᠳᠤᠮᠵᠢ ᠥᠨᠳᠥᠷ᠂ ᠲᠠᠷᠠᠬᠠᠢ ᠮᠠᠶ᠋ᠢᠭ ᠤᠨ ᠬᠡᠷᠡᠭᠴᠡᠭᠡ ᠲᠠᠢ ᠬᠢᠮᠢ ᠶᠢᠨ ᠪᠣᠳᠠᠰ ᠢᠶᠠᠷ ᠭᠤᠣᠯᠳᠠᠯᠭ᠎ᠠ ᠪᠣᠯᠭᠠᠵᠤ᠂ ᠣᠷᠴᠢᠨ ᠲᠣᠭᠤᠷᠢᠨ ᠬᠢᠭᠡᠳ ᠡᠷᠡᠭᠦᠯ ᠮᠡᠨᠳᠦ ᠶᠢᠨ ᠬᠤᠣᠷ ᠬᠥᠨᠥᠭᠡᠯ ᠤᠨ ᠲᠤᠷᠰᠢᠯᠲᠠ ᠪᠠ ᠲᠦᠭᠰᠢᠭᠦᠷᠢ ᠶᠢᠨ ᠰᠢᠭᠰᠢᠨ ᠪᠠᠢᠢᠴᠠᠭᠠᠯᠲᠠ ᠶᠢ ᠥᠷᠨᠢᠭᠦᠯᠵᠦ᠂ ᠪᠥᠬᠦ ᠣᠷᠣᠨ ᠤ ᠠᠮᠢ ᠠᠬᠤᠢ ᠣᠷᠴᠢᠨ ᠲᠣᠭᠤᠷᠢᠨ ᠪᠠ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠬᠤᠬᠢᠷᠠᠭᠤᠯᠬᠤ᠂ ᠣᠷᠴᠢᠨ ᠲᠣᠭᠤᠷᠢᠨ ᠤ ᠲᠦᠭᠰᠢᠭᠦᠷᠢ ᠪᠠᠷ ᠨᠡᠯᠢᠶᠡᠳ ᠶᠡᠭᠡ ᠬᠤᠣᠷ ᠬᠥᠨᠥᠭᠡᠯᠳᠦ ᠬᠢᠮᠢ ᠶᠢᠨ ᠪᠣᠳᠠᠰ ᠢ ᠦᠨᠡᠯᠡᠨ ᠵᠢᠱᠢᠵᠦ ᠢᠯᠭᠠᠨ ᠭᠠᠷᠭᠠᠨ᠎ᠠ᠃ ︵ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  4. ᠰᠢᠨ᠎ᠡ ᠪᠣᠬᠢᠷᠲᠤᠯ ᠪᠣᠳᠠᠰ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠡᠢᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠥᠬᠦᠪᠦᠷᠢ ᠲᠣᠳᠣᠷᠬᠠᠢ ᠬᠠᠭᠤᠳᠠᠰᠤ ᠶᠢ ᠲᠣᠭᠲᠠᠭᠠᠨ᠎ᠠ᠃ ᠤᠷᠢᠳ ᠢᠶᠠᠷ ᠡᠵᠡᠮᠳᠡᠵᠦ ᠪᠦᠬᠦᠢ ᠬᠢᠮᠢ ᠶᠢᠨ ᠪᠣᠳᠠᠰ ᠵᠢᠴᠢ ᠨᠢᠶᠠᠨ ᠳᠠᠷᠤᠭᠴᠢ᠂ ᠪᠢᠴᠢᠯ ᠰᠦᠯᠢᠶᠣᠣ ᠵᠡᠷᠭᠡ ᠭᠤᠣᠯᠳᠠᠯᠭ᠎ᠠ ᠲᠠᠢ ᠰᠢᠨ᠎ᠡ ᠪᠣᠬᠢᠷᠲᠤᠯ ᠪᠣᠳᠠᠰ ᠲᠠᠬᠢ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠪᠠᠨ ᠴᠢᠩᠭᠠᠳᠬᠠᠵᠤ᠂ ︽ ᠨᠢᠭᠡ ᠪᠣᠳᠠᠰ ᠲᠤ ᠨᠢᠭᠡ ᠠᠷᠭ᠎ᠠ ᠪᠣᠳᠣᠯᠭ᠎ᠠ ︾ ᠵᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠨᠡᠢᠢᠳᠠᠪᠤᠷᠢᠵᠢᠭᠤᠯᠤᠨ᠎ᠠ᠃ ᠤᠯᠤᠰ ᠡᠴᠠ ᠨᠡᠢᠢᠲᠡᠯᠡᠭᠰᠡᠨ ︽ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠤᠨ ᠲᠣᠳᠣᠷᠬᠠᠢ ᠬᠠᠭᠤᠳᠠᠰᠤ ︾ ᠵᠢ ᠴᠢᠩᠭ᠎ᠠ ᠨᠡᠢᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠲᠣᠳᠣᠷᠬᠠᠢ ᠬᠠᠭᠤᠳᠠᠰᠤᠨ ᠳᠤ ᠵᠢᠭᠰᠠᠭᠠᠭᠳᠠᠭᠰᠠᠨ ᠰᠢᠨ᠎ᠡ ᠪᠣᠬᠢᠷᠲᠤᠯ ᠪᠣᠳᠠᠰ ᠲᠤ ᠴᠠᠭᠠᠵᠠᠯᠠᠬᠤ᠂ ᠬᠢᠵᠠᠭᠠᠷᠯᠠᠬᠤ᠂ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠵᠡᠷᠭᠡ ᠣᠷᠴᠢᠨ ᠲᠣᠭᠤᠷᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠮᠡᠳᠡᠭᠡ ᠵᠠᠩᠬᠢ ᠶᠢᠨ ᠪᠠᠢᠢᠴᠠᠭᠠᠯᠲᠠ ᠶᠢᠨ ᠪᠠᠢᠢᠳᠠᠯ ᠢ ᠦᠨᠳᠦᠰᠦᠯᠡᠨ᠂ ᠪᠥᠬᠦ ᠣᠷᠣᠨ ᠤ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠤᠨ ᠨᠥᠬᠦᠪᠦᠷᠢ ᠲᠣᠳᠣᠷᠬᠠᠢ ᠬᠠᠭᠤᠳᠠᠰᠤ ᠪᠣᠯᠣᠨ ᠬᠠᠮᠢᠶᠠᠷᠤᠨ ᠡᠵᠡᠮᠳᠡᠬᠦ ᠲᠥᠰᠥᠯ ᠢ ᠬᠥᠳᠡᠯᠦᠩᠭᠦᠢ ᠪᠠᠷ ᠲᠣᠭᠲᠠᠭᠠᠨ᠎ᠠ᠃ ︵ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠲᠦᠷᠦᠭᠦᠯᠡᠨ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  ︵ ᠬᠤᠶᠠᠷ ︶ ᠡᠬᠢ ᠡᠭᠦᠰᠦᠯ ᠡᠴᠠ ᠨᠢ ᠬᠠᠮᠢᠶᠠᠷᠤᠨ ᠡᠵᠡᠮᠳᠡᠬᠦ ᠶᠢ ᠴᠢᠩᠳᠠᠯᠠᠵᠤ᠂ ᠰᠢᠨ᠎ᠡ ᠪᠣᠬᠢᠷᠲᠤᠯ ᠪᠣᠳᠠᠰ ᠡᠭᠦᠰᠬᠦ ᠶᠢ ᠰᠡᠷᠡᠮᠵᠢᠯᠡᠨ ᠰᠡᠷᠭᠡᠢᠢᠯᠡᠨ᠎ᠡ᠃

  1. ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠪᠦᠷᠢᠳᠭᠡᠨ ᠳᠠᠩᠰᠠᠯᠠᠬᠤ ᠳᠦᠷᠢᠮ ᠢ ᠨᠡᠢᠢᠳᠠᠪᠤᠷᠢᠵᠢᠭᠤᠯᠤᠨ᠎ᠠ᠃ ︽ ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠪᠦᠷᠢᠳᠭᠡᠨ ᠳᠠᠩᠰᠠᠯᠠᠬᠤ ᠠᠷᠭ᠎ᠠ ︾ ᠶᠢ ᠴᠢᠩᠭ᠎ᠠ ᠬᠡᠷᠡᠭᠵᠢᠭᠦᠯᠵᠦ᠂ ᠰᠢᠨ᠎ᠡ ᠬᠢᠮᠢ ᠶᠢᠨ ᠪᠣᠳᠠᠰ ᠢ ᠰᠤᠳᠤᠯᠬᠤ᠂ ᠦᠢᠯᠡᠳᠪᠦᠷᠢᠯᠡᠬᠦ᠂ ᠭᠠᠳᠠᠭᠠᠳᠤ ᠡᠴᠠ ᠣᠷᠣᠭᠤᠯᠬᠤ ᠪᠠ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ ᠠᠵᠤ ᠠᠬᠤᠢᠢᠯᠠᠯ ᠠᠵᠢᠯ ᠦᠢᠯᠡᠰ ᠤᠨ ᠨᠢᠭᠡᠴᠢ ᠶᠢ ᠰᠢᠮᠳᠠᠭᠤᠯᠵᠤ ᠪᠠᠶᠢᠭᠠᠳ ᠰᠠᠨᠠᠭᠠᠴᠢᠯᠠᠭ᠎ᠠ ᠡᠴᠠ ᠪᠠᠨ ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠪᠦᠷᠢᠳᠭᠡᠨ ᠳᠠᠩᠰᠠᠯᠠᠯᠲᠠ ᠶᠢ ᠥᠷᠨᠢᠭᠦᠯᠵᠤ᠂ ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠡᠢᠢᠳᠠᠪᠤᠷᠢᠵᠢᠭᠤᠯᠤᠨ᠎ᠠ᠃ ︽ ᠬᠤᠶᠠᠷ ᠢ ᠰᠤᠭᠤᠴᠢᠨ᠂ ᠨᠢᠭᠡ ᠶᠢ ᠢᠯᠡ ᠪᠣᠯᠭᠠᠬᠤ ︾ ᠵᠠᠷᠴᠢᠮ ᠶᠣᠰᠣᠭᠠᠷ᠂ ᠰᠢᠨ᠎ᠡ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠵᠦᠢᠯᠡᠰ ᠢ ᠣᠷᠴᠢᠨ ᠲᠣᠭᠤᠷᠢᠨ ᠤ ᠬᠠᠥᠯᠢ ᠬᠡᠷᠡᠭᠵᠢᠭᠦᠯᠬᠦ ᠣᠨ ᠤ ᠠᠵᠢᠯ ᠤᠨ ᠲᠥᠯᠥᠪᠯᠡᠭᠡ ᠳᠤ ᠣᠷᠣᠭᠤᠯᠤᠨ᠂ ᠰᠢᠨ᠎ᠡ ᠬᠢᠮᠢ ᠶᠢᠨ ᠪᠣᠳᠠᠰ ᠤᠨ ᠦᠢᠯᠡᠳᠪᠦᠷᠢᠯᠡᠭᠴᠢ᠂ ᠭᠠᠳᠠᠭᠠᠳᠤ ᠡᠴᠠ ᠣᠷᠣᠭᠤᠯᠤᠭᠴᠢ ᠪᠠ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠭᠴᠢᠳ ᠲᠤ ᠬᠢᠨᠠᠯᠲᠠ ᠲᠠᠯᠪᠢᠵᠤ ᠬᠠᠥᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠬᠢᠮᠢ ᠶᠢᠨ ᠪᠣᠳᠠᠰ ᠲᠤ ᠬᠤᠯᠪᠣᠭᠳᠠᠬᠤ ᠣᠷᠴᠢᠨ ᠲᠣᠭᠤᠷᠢᠨ ᠤ ᠬᠠᠥᠯᠢ ᠡᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︵ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠬᠠᠷᠢᠭᠤᠴᠠᠨ᠎ᠠ ︶

  2. ᠰᠢᠭᠰᠢᠨ ᠬᠢᠵᠠᠭᠠᠷᠯᠠᠬᠤ ᠠᠷᠭ᠎ᠠ ᠬᠡᠮᠵᠢᠶ᠎ᠡ ᠵᠢᠴᠢ ᠠᠭᠤᠯᠤᠭᠳᠠᠴᠠ ᠶᠢ ᠬᠢᠵᠠᠭᠠᠷᠯᠠᠬᠤ ᠱᠠᠭᠠᠷᠳᠠᠯᠭ᠎ᠠ ᠶᠢ ᠴᠢᠩᠭ᠎ᠠ ᠨᠡᠢᠢᠳᠠᠪᠤᠷᠢᠵᠢᠭᠤᠯᠤᠨ᠎ᠠ᠃ ᠤᠯᠤᠰ ᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠱᠠᠭᠠᠷᠳᠠᠯᠭ᠎ᠠ ᠶᠢ ᠨᠡᠢᠢᠳᠠᠪᠤᠷᠢᠵᠢᠭᠤᠯᠵᠤ᠂ ︽ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠵᠢᠯᠣᠭᠤᠳᠬᠤ ᠭᠠᠷᠴᠠᠭ ︾ ᠲᠤ ᠣᠷᠣᠭᠤᠯᠤᠭᠰᠠᠨ ᠰᠢᠭᠰᠢᠭᠳᠡᠭᠦᠯᠬᠦ ᠲᠥᠷᠥᠯ ᠤᠨ ᠠᠵᠤ ᠦᠢᠯᠡᠳᠪᠦᠷᠢ ᠶᠢᠨ ᠬᠢᠮᠢ ᠶᠢᠨ ᠪᠣᠳᠠᠰ᠂ ᠲᠠᠷᠢᠶᠠᠨ ᠡᠮ᠂ ᠮᠠᠯ ᠤᠨ ᠡᠮ᠂ ᠵᠠᠰᠠᠯ ᠴᠢᠮᠡᠭᠯᠡᠯ ᠤᠨ ᠡᠳ᠋ ᠵᠡᠷᠭᠡ ᠶᠢ ᠪᠣᠯ᠂ ᠠᠵᠤ ᠠᠬᠤᠢᠢᠯᠠᠯ ᠠᠵᠢᠯ ᠦᠢᠯᠡᠰ ᠤᠨ ᠨᠢᠭᠡᠴᠢ ᠶᠢ ᠴᠠᠭ ᠲᠤᠬᠠᠢ ᠳᠤ ᠨᠢ ᠰᠢᠮᠳᠠᠭᠤᠯᠤᠨ ᠬᠦᠴᠦᠲᠡᠢ ᠠᠷᠭ᠎ᠠ ᠬᠡᠮᠵᠢᠶ᠎ᠡ ᠠᠪᠴᠤ ᠬᠤᠭᠤᠴᠠᠭ᠎ᠠ ᠬᠢᠵᠠᠭᠠᠷᠯᠠᠨ ᠰᠢᠭᠰᠢᠭᠳᠡᠭᠦᠯᠦᠨ᠎ᠡ᠂ ᠬᠤᠭᠤᠴᠠᠭ᠎ᠠ ᠶᠣᠰᠣᠭᠠᠷ ᠰᠢᠭᠰᠢᠭᠳᠡᠭᠦᠯᠦᠭᠰᠡᠨ ᠦᠭᠡᠢ ᠪᠣᠯ᠂ ᠲᠡᠭᠦᠨ ᠤ ᠦᠢᠯᠡᠳᠭᠦᠨ ᠤ ᠪᠦᠷᠢᠳᠭᠡᠨ ᠳᠠᠩᠰᠠᠯᠠᠯᠲᠠ ᠪᠤᠶᠤ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠨᠢ ᠬᠠᠷᠭᠤᠭᠤᠯᠤᠨ ᠲᠠᠷᠬᠠᠭᠠᠬᠤ ᠪᠠᠨ ᠬᠠᠥᠯᠢ ᠶᠣᠰᠣᠭᠠᠷ ᠵᠣᠭᠰᠣᠭᠠᠨ᠎ᠠ᠃ ᠣᠷᠴᠢᠨ ᠲᠣᠭᠤᠷᠢᠨ ᠤ ᠨᠥᠯᠥᠭᠡᠯᠡᠯ ᠳᠤ ᠦᠨᠡᠯᠡᠯᠲᠡ ᠬᠢᠬᠦ ᠬᠠᠮᠢᠶᠠᠷᠤᠯᠲᠠ ᠪᠠᠨ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠲᠤ ᠬᠤᠯᠪᠣᠭᠳᠠᠬᠤ ᠪᠦᠲᠦᠭᠡᠨ ᠪᠠᠢᠢᠭᠤᠯᠤᠯᠲᠠ ᠶᠢᠨ ᠲᠥᠷᠥᠯ ᠵᠦᠢᠯ ᠳᠤ ᠵᠥᠪᠰᠢᠶᠡᠷᠡᠨ ᠣᠷᠣᠭᠤᠯᠬᠤ ᠬᠠᠮᠢᠶᠠᠷᠤᠯᠲᠠ ᠪᠠᠨ ᠴᠢᠩᠳᠡᠯᠡᠨ᠎ᠡ᠃ ᠭᠠᠳᠠᠭᠠᠳᠤ ᠡᠴᠠ ᠣᠷᠣᠭᠤᠯᠬᠤ ︵ ᠭᠠᠳᠠᠭᠠᠳᠤ ᠳᠤ ᠭᠠᠷᠭᠠᠬᠤ ︶ ᠶᠢ ᠴᠠᠭᠠᠵᠠᠯᠠᠬᠤ ᠡᠳ᠋ ᠪᠠᠷᠠᠭ᠎ᠠ ᠶᠢᠨ ᠭᠠᠷᠴᠠᠭ ᠪᠣᠯᠣᠨ ︽ ᠳᠤᠮᠳᠠᠳᠤ ᠤᠯᠤᠰ ᠤᠨ ᠴᠢᠩᠭ᠎ᠠ ᠬᠢᠵᠠᠭᠠᠷᠯᠠᠵᠤ ᠪᠠᠢᠢᠭ᠎ᠠ ᠬᠤᠣᠷ ᠲᠠᠢ ᠬᠢᠮᠢ ᠶᠢᠨ ᠪᠣᠳᠠᠰ ᠤᠨ ᠨᠡᠷ᠎ᠡ ᠶᠢᠨ ᠵᠢᠭᠰᠠᠭᠠᠯᠲᠠ  ︾ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠡᠢᠢᠳᠠᠪᠤᠷᠢᠵᠢᠭᠤᠯᠵᠤ᠂ ᠭᠠᠳᠠᠭᠠᠳᠤ ᠡᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠨ᠎ᠠ᠃ ᠨᠢᠭᠡᠨᠲᠡ ᠰᠢᠭᠰᠢᠭᠳᠡᠭᠦᠯᠦᠭᠰᠡᠨ ᠳᠠᠭᠠᠭᠠᠮᠠᠭᠠᠢ ᠴᠢᠨᠠᠷᠲᠠᠢ ᠣᠷᠭᠠᠨᠢᠭ ᠪᠣᠬᠢᠷᠲᠤᠯ ᠪᠣᠳᠠᠰ ᠵᠡᠷᠭᠡ ᠰᠢᠨ᠎ᠡ ᠪᠣᠬᠢᠷᠲᠤᠯ ᠪᠣᠳᠠᠰ ᠢ ᠬᠠᠥᠯᠢ ᠪᠤᠰᠤ ᠪᠠᠷ ᠦᠢᠯᠡᠳᠪᠦᠷᠢᠯᠡᠬᠦ ᠪᠠ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ ᠳᠤ ᠴᠢᠩᠭ᠎ᠠ ᠴᠣᠬᠢᠯᠲᠠ ᠥᠭᠴᠦ᠂ ᠰᠢᠨ᠎ᠡ ᠪᠠᠷ ᠵᠢᠭᠰᠠᠭᠠᠭᠳᠠᠭᠰᠠᠨ ᠳᠠᠭᠠᠭᠠᠮᠠᠭᠠᠢ ᠴᠢᠨᠠᠷᠲᠠᠢ ᠣᠷᠭᠠᠨᠢᠭ ᠪᠣᠬᠢᠷᠲᠤᠯ ᠪᠣᠳᠠᠰ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠡᠢᠢᠳᠠᠪᠤᠷᠢᠵᠢᠭᠤᠯᠤᠨ᠎ᠠ᠃ ᠨᠠᠭᠠᠳᠤᠮ ᠤᠨ ᠵᠦᠢᠯ᠂ ᠰᠣᠷᠣᠭᠴᠢ ᠶᠢᠨ ᠬᠡᠷᠡᠭᠰᠡᠯ ᠵᠡᠷᠭᠡ ᠬᠠᠮᠢᠶ᠎ᠠ ᠪᠦᠬᠦᠢ ᠦᠢᠯᠡᠳᠭᠦᠨ ᠤ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠤᠨ ᠠᠭᠤᠯᠤᠭᠳᠠᠴᠠ ᠶᠢ ᠬᠢᠵᠠᠭᠠᠷᠯᠠᠬᠤ ᠠᠯᠪᠠᠳᠠᠯᠭ᠎ᠠ ᠶᠢᠨ ᠴᠢᠨᠠᠷ ᠲᠠᠢ ᠤᠯᠤᠰ ᠤᠨ ᠪᠠᠷᠢᠮᠵᠢᠶ᠎ᠠ ᠶᠢ ᠨᠡᠢᠢᠳᠠᠪᠤᠷᠢᠵᠢᠭᠤᠯᠬᠤ ᠳᠤ ᠪᠥᠬᠦ ᠲᠠᠯ᠎ᠠ ᠪᠠᠷ ᠬᠢᠨᠠᠯᠲᠠ ᠲᠠᠯᠪᠢᠵᠤ᠂ ᠦᠢᠯᠡᠳᠭᠦᠨ ᠤ ᠬᠡᠷᠡᠭᠯᠡᠭᠡᠨ ᠤ ᠶᠠᠪᠤᠴᠠ ᠳᠤ ᠪᠣᠢ ᠪᠣᠯᠭᠠᠭᠰᠠᠨ ᠰᠢᠨ᠎ᠡ ᠪᠣᠬᠢᠷᠲᠤᠯ ᠪᠣᠳᠠᠰ ᠢ ᠣᠷᠴᠢᠨ ᠲᠣᠭᠤᠷᠢᠨ ᠳᠤ ᠭᠠᠳᠠᠭᠰᠢᠯᠠᠭᠤᠯᠬᠤ ᠪᠠᠨ ᠪᠠᠭᠠᠰᠬᠠᠨ᠎ᠠ᠃ ︵ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  ︵ ᠭᠤᠷᠪᠠ ︶ ᠶᠠᠪᠤᠴᠠ ᠶᠢᠨ ᠡᠵᠡᠮᠰᠢᠯ ᠢ ᠴᠢᠩᠭᠠᠷᠠᠭᠤᠯᠵᠤ᠂ ᠰᠢᠨ᠎ᠡ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠨ᠎ᠠ᠃

  1. ᠴᠡᠪᠡᠷ ᠦᠢᠯᠡᠳᠪᠦᠷᠢᠯᠡᠯ ᠢ ᠴᠢᠩᠭᠠᠳᠬᠠᠵᠤ᠂ ᠪᠣᠬᠢᠷᠲᠤᠯ ᠦᠭᠡᠢ ᠪᠠᠷ ᠦᠢᠯᠡᠳᠬᠦ ᠪᠠᠷᠢᠮᠵᠢᠶ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠬᠤᠣᠷ ᠬᠥᠨᠥᠭᠡᠯ ᠲᠠᠢ ᠬᠢᠮᠢ ᠶᠢᠨ ᠪᠣᠳᠠᠰ ᠢ ᠬᠡᠷᠡᠭᠯᠡᠵᠦ ᠦᠢᠯᠡᠳᠪᠦᠷᠢᠯᠡᠬᠦ ᠪᠤᠶᠤ ᠦᠢᠯᠡᠳᠪᠦᠷᠢᠯᠡᠬᠦ ᠶᠠᠪᠤᠴᠠ ᠳᠤ ᠬᠤᠣᠷ ᠬᠥᠨᠥᠭᠡᠯ ᠲᠠᠢ ᠬᠢᠮᠢ ᠶᠢᠨ ᠪᠣᠳᠠᠰ ᠭᠠᠳᠠᠭᠰᠢᠯᠠᠭᠤᠯᠬᠤ ᠠᠵᠤ ᠠᠬᠤᠢᠢᠯᠠᠯ ᠳᠤ ᠴᠡᠪᠡᠷ ᠦᠢᠯᠡᠳᠪᠦᠷᠢᠯᠡᠯ ᠤᠨ ᠠᠯᠪᠠᠳᠠᠯᠭ᠎ᠠ ᠶᠢᠨ ᠴᠢᠨᠠᠷᠲᠠᠢ ᠬᠢᠨᠠᠨ ᠬᠠᠷᠭᠤᠭᠤᠯᠤᠯᠲᠠ ᠶᠢ ᠬᠠᠥᠯᠢ ᠶᠣᠰᠣᠭᠠᠷ ᠬᠡᠷᠡᠭᠵᠢᠭᠦᠯᠵᠦ᠂ ᠠᠵᠤ ᠠᠬᠤᠢᠢᠯᠠᠯ ᠢ ᠰᠢᠮᠳᠠᠭᠤᠯᠤᠨ ᠲᠦᠭᠦᠬᠡᠢ ᠲᠤᠰᠠᠯᠠᠬᠤ ᠮᠠᠲ᠋ᠧᠷᠢᠶᠠᠯ ᠢ ᠬᠥᠨᠥᠭᠡᠯ ᠦᠭᠡᠢ ᠪᠠᠷ ᠣᠷᠣᠯᠠᠭᠤᠯᠬᠤ᠂ ᠦᠢᠯᠡᠳᠪᠦᠷᠢᠯᠡᠬᠦ ᠤᠷ᠎ᠠ ᠮᠡᠷᠭᠡᠰᠢᠯ ᠢ ᠬᠥᠨᠥᠭᠡᠯ ᠦᠭᠡᠢ ᠪᠣᠯᠭᠠᠨ ᠰᠢᠯᠢᠳᠡᠭᠵᠢᠭᠦᠯᠬᠦ ᠵᠡᠷᠭᠡ ᠠᠷᠭ᠎ᠠ ᠬᠡᠮᠵᠢᠶ᠎ᠡ ᠬᠡᠷᠡᠭᠵᠢᠭᠦᠯᠤᠨ᠂ ᠴᠡᠪᠡᠷ ᠦᠢᠯᠡᠳᠪᠦᠷᠢᠯᠡᠯ ᠤᠨ ᠥᠭᠡᠷᠡᠴᠢᠯᠡᠨ ᠰᠢᠨᠡᠳᠬᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠠᠵᠤ ᠠᠬᠤᠢᠢᠯᠠᠯ ᠨᠢ ᠬᠤᠣᠷ ᠬᠥᠨᠥᠭᠡᠯ ᠲᠠᠢ ᠲᠦᠭᠦᠬᠡᠢ ᠲᠤᠰᠠᠯᠠᠬᠤ ᠮᠠᠲ᠋ᠧᠷᠢᠶᠠᠯ ᠬᠡᠷᠡᠭᠯᠡᠵᠦ ᠪᠠᠢᠢᠭ᠎ᠠ ᠪᠠᠢᠢᠳᠠᠯ ᠵᠢᠴᠢ ᠭᠠᠳᠠᠭᠰᠢᠯᠠᠭᠤᠯᠵᠤ ᠪᠠᠢᠢᠭ᠎ᠠ ᠬᠤᠣᠷ ᠬᠥᠨᠥᠭᠡᠯ ᠲᠠᠢ ᠬᠢᠮᠢ ᠶᠢᠨ ᠪᠣᠳᠠᠰ ᠤᠨ ᠨᠡᠷᠡᠢᠢᠳᠦᠯ᠂ ᠥᠳᠭᠡᠴᠡ ᠪᠣᠯᠣᠨ ᠲᠤᠭ᠎ᠠ ᠬᠡᠮᠵᠢᠶ᠎ᠡ ᠵᠡᠷᠭᠡ ᠬᠠᠮᠢᠶ᠎ᠠ ᠪᠦᠬᠦᠢ ᠮᠡᠳᠡᠭᠡ ᠵᠠᠩᠬᠢ ᠶᠢ ᠣᠯᠠᠨ ᠨᠡᠢᠢᠲᠡ ᠶᠢᠨ ᠣᠶᠢᠯᠠᠭᠠᠵᠤ ᠮᠡᠳᠡᠬᠦ ᠳᠤ ᠬᠢᠯᠪᠠᠷᠬᠠᠨ ᠠᠷᠭ᠎ᠠ ᠬᠡᠯᠪᠡᠷᠢ ᠪᠠᠷ ᠨᠡᠢᠢᠲᠡᠯᠡᠬᠦ ᠬᠡᠷᠡᠭᠲᠡᠢ᠃ ᠬᠤᠣᠷ ᠬᠥᠨᠥᠭᠡᠯ ᠲᠠᠢ ᠬᠢᠮᠢ ᠶᠢᠨ ᠪᠣᠳᠠᠰ ᠢ ᠣᠷᠣᠯᠠᠭᠤᠯᠬᠤ ᠪᠠ ᠭᠠᠳᠠᠭᠰᠢᠯᠠᠭᠤᠯᠬᠤ ᠡᠵᠡᠮᠰᠢᠯ ᠤᠨ ᠱᠠᠭᠠᠷᠳᠠᠯᠭ᠎ᠠ ᠶᠢ ᠪᠣᠬᠢᠷᠲᠤᠯ ᠦᠭᠡᠢ ᠦᠢᠯᠡᠳᠭᠦᠨ᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ ᠪᠣᠬᠢᠷᠲᠤᠯ ᠦᠭᠡᠢ ᠠᠵᠤ ᠦᠢᠯᠡᠳᠪᠦᠷᠢ ᠪᠣᠯᠣᠨ ᠪᠣᠬᠢᠷᠲᠤᠯ ᠦᠭᠡᠢ ᠬᠠᠩᠭᠠᠯᠭ᠎ᠠ ᠵᠢᠨ ᠬᠡᠯᠬᠢᠶ᠎ᠡ ᠵᠡᠷᠭᠡ ᠪᠣᠬᠢᠷᠲᠤᠯ ᠦᠭᠡᠢ ᠪᠠᠷ ᠦᠢᠯᠡᠳᠬᠦ ᠪᠠᠷᠢᠮᠵᠢᠶ᠎ᠠ ᠵᠢᠨ ᠲᠣᠭᠲᠠᠯᠴᠠᠭ᠎ᠠ ᠳ᠋ᠤ ᠣᠷᠣᠭᠤᠯᠬᠤ ᠵᠡᠷᠭᠡ ᠤᠯᠤᠰ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠡᠢᠢᠳᠠᠪᠤᠷᠢᠵᠢᠭᠤᠯᠤᠨ᠎ᠠ᠃ ︵ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠢᠭᠤᠯᠤᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  2. ᠨᠢᠶᠠᠨ ᠳᠠᠷᠤᠭᠴᠢ ᠶᠢᠨ ᠲᠥᠷᠥᠯ ᠤᠨ ᠡᠮ ᠤᠨ ᠵᠦᠢᠯ ᠢ ᠬᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠵᠤ᠂ ᠬᠡᠮᠵᠢᠶ᠎ᠡ ᠶᠢ ᠪᠠᠭᠠᠰᠬᠠᠬᠤ ᠠᠵᠢᠯᠯᠠᠭᠠᠨ ᠢ ᠥᠷᠨᠢᠭᠦᠯᠦᠨ᠎ᠡ᠃ ᠪᠠᠺᠲ᠋ᠧᠷᠢ ᠳᠠᠷᠤᠬᠤ ᠡᠮ ᠢ ᠡᠮᠴᠢᠯᠡᠭᠡᠨ ᠳᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠵᠤ᠂ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠵᠣᠷ ᠢᠶᠠᠷ ᠢᠶᠠᠨ ᠵᠣᠷ ᠤᠨ ᠡᠮ ᠤᠨ ᠲᠥᠷᠥᠯ ᠤᠨ ᠪᠠᠺᠲ᠋ᠧᠷᠢ ᠳᠠᠷᠤᠬᠤ ᠡᠮ ᠢ ᠪᠣᠷᠣᠯᠠᠭᠤᠯᠬᠤ ᠱᠠᠭᠠᠷᠳᠠᠯᠭ᠎ᠠ ᠶᠢ ᠴᠢᠩᠭ᠎ᠠ ᠨᠡᠢᠢᠳᠠᠪᠤᠷᠢᠵᠢᠭᠤᠯᠤᠨ᠎ᠠ᠃ ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠤᠨ ᠬᠡᠷᠡᠭᠯᠡᠬᠦ ᠬᠡᠮᠵᠢᠶ᠎ᠡ ᠶᠢ ᠪᠠᠭᠠᠰᠬᠠᠬᠤ ᠠᠵᠢᠯᠯᠠᠭᠠᠨ ᠢ ᠬᠡᠷᠡᠭᠵᠢᠭᠦᠯᠵᠦ᠂ ᠮᠢᠬ᠎ᠠ ᠥᠨᠳᠡᠭᠡ ᠰᠦᠨ ᠭᠠᠷᠤᠯᠲᠠ ᠲᠠᠢ ᠭᠤᠣᠯ ᠪᠣᠯᠬᠤ ᠮᠠᠯ ᠵᠢᠭᠦᠷᠲᠡᠨ ᠤ ᠲᠥᠷᠥᠯ ᠵᠦᠢᠯ ᠢᠶᠠᠷ ᠭᠤᠣᠯᠳᠠᠯᠭ᠎ᠠ ᠪᠣᠯᠭᠠᠵᠤ᠂ ᠮᠠᠯ ᠤᠨ ᠡᠮ ᠢ ᠬᠡᠷᠡᠭᠯᠡᠭᠰᠡᠨ ᠲᠡᠮᠳᠡᠭᠯᠡᠯ᠂ ᠮᠠᠯ ᠳᠤ ᠬᠡᠷᠡᠭᠯᠡᠬᠦ ᠵᠣᠷ ᠤᠨ ᠡᠮ ᠪᠣᠯᠣᠨ ᠮᠠᠯ ᠤᠨ ᠡᠮ ᠤᠨ ᠡᠮ ᠵᠣᠭᠰᠣᠬᠤ ᠬᠤᠭᠤᠴᠠᠭᠠᠨ ᠤ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠲᠡᠵᠢᠭᠡᠨ ᠦᠷᠡᠵᠢᠭᠦᠯᠬᠦ ᠲᠠᠯᠠᠪᠠᠢ ᠶᠢᠨ ᠡᠮ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠤᠨ᠂ ᠠᠮᠢᠳᠠᠨ ᠤ ᠠᠰᠢᠭ ᠰᠢᠮ᠎ᠡ ᠶᠢᠨ ᠨᠢᠭᠡᠴᠢ ᠭᠠᠷᠤᠯᠲᠠ ᠳᠤ ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠬᠡᠷᠡᠭᠯᠡᠬᠦ ᠶᠢ ᠳᠣᠷᠣᠭᠰᠢᠯᠠᠬᠤ ᠬᠠᠨᠳᠤᠰᠢ ᠲᠠᠢ ᠪᠠᠶᠢᠯᠭᠠᠬᠤ ᠶᠢ ᠪᠠᠷᠢᠮᠲᠠᠯᠠᠵᠤ᠂ ᠮᠠᠯ ᠵᠢᠭᠦᠷᠲᠡᠨ ᠤ ᠠᠰᠢᠭ ᠰᠢᠮ᠎ᠡ ᠳᠠᠬᠢ ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠤᠨ ᠦᠯᠡᠳᠡᠭᠳᠡᠯ ᠤᠨ ᠬᠡᠮᠵᠢᠶ᠎ᠡ ᠶᠢ ᠪᠠᠭᠤᠷᠠᠭᠤᠯᠤᠨ᠎ᠠ᠃ 2025 ᠣᠨ ᠪᠣᠯᠬᠤ ᠳᠤ᠂ 50% ᠡᠴᠠ ᠳᠡᠭᠡᠭᠰᠢᠬᠢ ᠲᠣᠭᠠᠨ ᠤ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠢ ᠳᠤ ᠲᠡᠵᠢᠭᠡᠨ ᠦᠷᠡᠵᠢᠭᠦᠯᠬᠦ ᠶᠢᠨ ᠪᠠᠺᠲ᠋ᠧᠷᠢ ᠳᠠᠷᠤᠬᠤ ᠡᠮ ᠬᠡᠷᠡᠭᠯᠡᠬᠦ ᠬᠡᠮᠵᠢᠶ᠎ᠡ ᠶᠢ ᠪᠠᠭᠠᠰᠬᠠᠬᠤ ᠠᠵᠢᠯᠯᠠᠭᠠᠨ ᠢ ᠬᠡᠷᠡᠭᠵᠢᠭᠦᠯᠦᠨ᠎ᠡ᠃ ︵ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  3. ᠲᠠᠷᠢᠶᠠᠨ ᠡᠮ ᠤᠨ ᠬᠡᠷᠡᠭᠯᠡᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠤᠨ ᠡᠭᠡᠭᠦᠯᠦᠨ ᠬᠤᠷᠢᠶᠠᠬᠤ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠡᠮ ᠬᠡᠷᠡᠭᠯᠡᠬᠦ ᠶᠢ ᠬᠢᠵᠠᠭᠠᠷᠯᠠᠵᠤ ᠬᠥᠨᠥᠭᠡᠯ ᠢ ᠪᠠᠭᠠᠰᠬᠠᠬᠤ ᠠᠵᠢᠯᠯᠠᠭᠠᠨ ᠢ ᠦᠷᠭᠦᠯᠵᠢᠯᠡᠨ ᠥᠷᠨᠢᠭᠦᠯᠵᠦ᠂ ᠥᠨᠳᠥᠷ ᠪᠦᠲᠦᠮᠵᠢᠲᠡᠢ ᠳᠣᠣᠷ᠎ᠠ ᠲᠦᠭᠰᠢᠭᠦᠷᠢᠲᠦ ᠲᠠᠷᠢᠶᠠᠨ ᠡᠮ ᠦᠢᠯᠡᠳᠦᠨ ᠬᠥᠭᠵᠢᠭᠦᠯᠬᠦ ᠶᠢ ᠵᠣᠷᠢᠬᠵᠢᠭᠤᠯᠵᠤ᠂ ᠥᠨᠳᠥᠷ ᠪᠦᠲᠦᠮᠵᠢᠲᠦ ᠤᠷᠭᠤᠮᠠᠯ ᠤᠨ ᠬᠠᠮᠠᠭᠠᠯᠠᠯ ᠤᠨ ᠮᠧᠬᠠᠨᠢᠭ ᠢ ᠳᠡᠯᠭᠡᠷᠡᠭᠦᠯᠦᠨ᠂ ᠨᠢᠭᠡᠳᠦᠯᠲᠡᠢ ᠰᠡᠷᠭᠡᠢᠢᠯᠡᠵᠦ ᠨᠢᠭᠡᠳᠦᠯᠲᠡᠢ ᠵᠠᠰᠠᠬᠤ ᠶᠢ ᠪᠣᠬᠢᠷᠲᠤᠯ ᠦᠭᠡᠢ ᠪᠠᠷ ᠰᠡᠷᠭᠡᠢᠢᠯᠡᠨ ᠡᠵᠡᠮᠳᠡᠬᠦ ᠯᠦᠭᠡ ᠠᠭᠤᠰᠤᠯᠴᠠᠭᠤᠯᠬᠤ ᠶᠢ ᠠᠬᠢᠭᠤᠯᠵᠤ᠂ ᠲᠠᠷᠢᠮᠠᠯ ᠤᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠢᠢᠯᠡᠵᠦ ᠡᠵᠡᠮᠳᠡᠬᠦ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠪᠠ ᠰᠢᠨᠵᠢᠯᠡᠬᠦ ᠤᠬᠠᠭᠠᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠠᠷᠢᠶᠠᠨ ᠡᠮ ᠬᠡᠷᠡᠭᠯᠡᠬᠦ ᠡᠷᠴᠢᠮ ᠢ ᠰᠤᠯᠠᠷᠠᠭᠤᠯᠤᠨ᠎ᠠ᠃ ᠲᠤᠬᠠᠢ ᠶᠢᠨ ᠭᠠᠵᠠᠷ ᠲᠤ ᠨᠢ ᠲᠣᠬᠢᠷᠠᠭᠤᠯᠤᠨ ᠠᠮᠢ ᠠᠬᠤᠢ ᠪᠠᠷ ᠲᠣᠬᠢᠷᠠᠭᠤᠯᠤᠨ ᠡᠵᠡᠮᠳᠡᠬᠦ᠂ ᠡᠭᠡᠯᠢᠯᠡᠭᠡ ᠶᠢᠨ ᠪᠠᠺᠲ᠋ᠧᠷᠢ ᠳᠠᠷᠤᠬᠤ ᠶᠢ ᠥᠳᠥᠭᠡᠬᠦ᠂ ᠠᠮᠢᠳᠤ ᠪᠣᠳᠠᠰ ᠢᠶᠠᠷ ᠰᠡᠷᠭᠡᠢᠢᠯᠡᠨ ᠵᠠᠰᠠᠬᠤ᠂ ᠹᠢᠽᠢᠺ ᠬᠢᠮᠢ ᠪᠠᠷ ᠥᠳᠥᠭᠡᠨ ᠡᠵᠡᠮᠳᠡᠬᠦ᠂ ᠰᠢᠨᠵᠢᠯᠡᠬᠦ ᠤᠬᠠᠭᠠᠨᠴᠢ ᠪᠠᠷ ᠡᠮ ᠬᠡᠷᠡᠭᠯᠡᠬᠦ ᠵᠡᠷᠭᠡ ᠪᠣᠬᠢᠷᠲᠤᠯ ᠦᠭᠡᠢ ᠰᠡᠷᠭᠡᠢᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠡᠮᠬᠢᠳᠭᠡᠨ ᠳᠡᠯᠭᠡᠷᠡᠭᠦᠯᠵᠦ᠂ ᠬᠢᠮᠢ ᠶᠢᠨ ᠲᠠᠷᠢᠶᠠᠨ ᠡᠮ ᠢ ᠬᠡᠷᠡᠭᠯᠡᠬᠦ ᠤᠳᠠᠭ᠎ᠠ ᠪᠠ ᠬᠡᠷᠡᠭᠯᠡᠬᠦ ᠬᠡᠮᠵᠢᠶ᠎ᠡ ᠶᠢ ᠪᠠᠭᠠᠰᠬᠠᠨ᠎ᠠ᠃ ᠲᠠᠷᠢᠶᠠᠨ ᠡᠮ ᠤᠨ ᠪᠣᠭᠤᠳᠠᠯ ᠪᠠᠭᠯᠠᠭᠠᠨ ᠤ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠶᠢ ᠦᠷᠭᠦᠯᠵᠢᠯᠡᠨ ᠠᠬᠢᠭᠤᠯᠵᠤ᠂ ᠲᠠᠷᠢᠶᠠᠨ ᠡᠮ ᠤᠨ ᠦᠢᠯᠡᠳᠪᠦᠷᠢᠯᠡᠬᠦ ᠭᠤᠭᠴᠤᠭ᠎ᠠ ᠳᠤ ᠡᠭᠡᠭᠦᠯᠦᠨ ᠬᠤᠷᠢᠶᠠᠬᠤ ᠳᠤ ᠳᠥᠭᠦᠮ ᠪᠦᠬᠦᠢ ᠪᠠᠭᠲᠠᠭᠠᠮᠵᠢ ᠶᠡᠬᠡᠲᠡᠢ ᠪᠣᠭᠤᠳᠠᠯ ᠪᠠᠭᠯᠠᠭ᠎ᠠ ᠬᠡᠷᠡᠭᠯᠡᠬᠦ ᠶᠢ ᠵᠣᠷᠢᠬᠵᠢᠭᠤᠯᠵᠤ᠂ ᠲᠠᠷᠢᠶᠠᠨ ᠡᠮ ᠤᠨ ᠦᠢᠯᠡᠳᠪᠦᠷᠢᠯᠡᠭᠴᠢ᠂ ᠡᠵᠡᠩᠨᠡᠭᠴᠢ ᠶᠢ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠡᠭᠦᠷᠭᠡ ᠪᠠᠨ ᠪᠡᠶᠡᠯᠡᠭᠦᠯᠬᠦ ᠲᠠᠯ᠎ᠠ ᠪᠠᠷ ᠰᠢᠮᠳᠠᠭᠤᠯᠤᠨ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠠᠵᠢᠯ ᠢ ᠴᠢᠩᠭᠠᠳᠬᠠᠨ᠎ᠠ᠃ 2025 ᠣᠨ ᠪᠣᠯᠬᠤ ᠳᠤ ᠲᠠᠷᠢᠶᠠᠨ ᠡᠮ ᠤᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠨᠣᠷᠮ᠎ᠠ ᠶᠢ 80% ᠡᠴᠠ ᠳᠡᠭᠡᠭᠰᠢ ᠳᠤ ᠬᠦᠷᠭᠡᠨ᠎ᠡ᠃ ︵ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  ︵ ᠳᠥᠷᠪᠡ ︶ ᠦᠵᠦᠭᠦᠷ ᠤᠨ ᠵᠠᠰᠠᠯᠲᠠ ᠶᠢ ᠭᠦᠨᠵᠡᠭᠡᠢᠢᠷᠡᠭᠦᠯᠵᠦ᠂ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢ ᠪᠠᠭᠤᠷᠠᠭᠤᠯᠤᠨ᠎ᠠ᠃

  1. ᠰᠢᠨ᠎ᠡ ᠪᠣᠬᠢᠷᠲᠤᠯ ᠪᠣᠳᠠᠰ ᠢ ᠣᠯᠠᠨ ᠣᠷᠴᠢᠨ ᠲᠣᠭᠤᠷᠢᠨ ᠤ ᠵᠠᠭᠤᠴᠢ ᠪᠠᠷ ᠬᠠᠮᠵᠢᠯᠴᠠᠨ ᠵᠠᠰᠠᠬᠤ ᠶᠢ ᠴᠢᠩᠭᠠᠳᠬᠠᠨ᠎ᠠ᠃ ︽ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠤᠨ ᠲᠣᠳᠣᠷᠬᠠᠢ ᠬᠠᠭᠤᠳᠠᠰᠤ ︾ ᠳᠤ ᠵᠢᠭᠰᠠᠭᠠᠭᠰᠠᠨ ᠬᠢᠮᠢ ᠶᠢᠨ ᠪᠣᠳᠠᠰ ᠢ ᠦᠢᠯᠡᠳᠪᠦᠷᠢᠯᠡᠬᠦ᠂ ᠡᠳ᠋ᠰᠢᠭᠦᠯᠦᠨ ᠪᠣᠯᠪᠠᠰᠤᠷᠠᠭᠤᠯᠬᠤ᠂ ᠬᠡᠷᠡᠭᠯᠡᠬᠦ ᠪᠤᠶᠤ ᠭᠠᠳᠠᠭᠰᠢᠯᠠᠭᠤᠯᠬᠤ ᠠᠵᠤ ᠠᠬᠤᠢᠢᠯᠠᠯ ᠠᠵᠢᠯ ᠦᠢᠯᠡᠰ ᠤᠨ ᠨᠢᠭᠡᠴᠢ ᠶᠢ ᠪᠣᠯ ᠭᠤᠣᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠳᠤ ᠣᠷᠣᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠠᠵᠤ ᠠᠬᠤᠢᠢᠯᠠᠯ ᠠᠵᠢᠯ ᠦᠢᠯᠡᠰ ᠤᠨ ᠨᠢᠭᠡᠴᠢ ᠶᠢ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠬᠠᠮᠢᠶᠠᠷᠤᠯᠲᠠ ᠳᠤ ᠣᠷᠣᠭᠤᠯᠵᠤ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠬᠠᠥᠯᠢ ᠶᠣᠰᠣᠭᠠᠷ ᠭᠤᠶᠤᠴᠢᠯᠠᠨ ᠠᠪᠬᠤ ᠪᠤᠶᠤ ᠪᠣᠬᠢᠷᠲᠤᠯ ᠭᠠᠳᠠᠭᠰᠢᠯᠠᠭᠤᠯᠬᠤ ᠳᠠᠩᠰᠠᠯᠠᠯᠲᠠ ᠶᠢᠨ ᠬᠦᠰᠦᠨᠦᠭᠲᠦ ᠶᠢ ᠲᠠᠭᠯᠠᠵᠤ᠂ ᠬᠡᠷᠡᠭᠵᠢᠭᠦᠯᠵᠦ ᠪᠠᠢᠢᠭ᠎ᠠ ᠪᠣᠬᠢᠷᠲᠤᠯ ᠢ ᠬᠢᠵᠠᠭᠠᠷᠯᠠᠬᠤ ᠪᠠᠷᠢᠮᠵᠢᠶ᠎ᠠ ᠱᠠᠭᠠᠷᠳᠠᠯᠭ᠎ᠠ ᠵᠢᠴᠢ ᠠᠪᠴᠤ ᠪᠠᠶᠢᠭ᠎ᠠ ᠪᠣᠬᠢᠷᠲᠤᠯ ᠢ ᠬᠢᠵᠠᠭᠠᠷᠯᠠᠬᠤ ᠠᠷᠭ᠎ᠠ ᠬᠡᠮᠵᠢᠶ᠎ᠡ ᠶᠢ ᠲᠣᠳᠣᠷᠬᠠᠢ ᠲᠡᠮᠳᠡᠭᠯᠡᠵᠦ᠂ ᠭᠠᠳᠠᠭᠰᠢᠯᠠᠭᠤᠯᠬᠤ ︵ ᠪᠣᠬᠢᠷᠲᠤᠯ ᠪᠣᠳᠠᠰ ᠭᠠᠳᠠᠭᠰᠢᠯᠠᠭᠤᠯᠬᠤ ︶ ᠠᠮᠠᠰᠠᠷ ᠵᠢᠴᠢ ᠡᠷᠭᠢᠨ ᠲᠣᠭᠤᠷᠢᠨ ᠤ ᠣᠷᠴᠢᠨ ᠠᠬᠤᠢ ᠳᠤ ᠣᠷᠴᠢᠨ ᠲᠣᠭᠤᠷᠢᠨ ᠤ ᠬᠢᠨᠠᠨ ᠰᠢᠨᠵᠢᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠣᠷᠴᠢᠨ ᠲᠣᠭᠤᠷᠢᠨ ᠤ ᠲᠦᠭᠰᠢᠭᠦᠷᠢ ᠶᠢ ᠦᠨᠡᠯᠡᠨ ᠵᠢᠱᠢᠵᠦ᠂ ᠣᠷᠴᠢᠨ ᠲᠣᠭᠤᠷᠢᠨ ᠤ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠢᠢᠴᠠᠭᠠᠵᠤ ᠴᠡᠭᠴᠡᠯᠡᠨ ᠵᠠᠰᠠᠵᠤ᠂ ᠰᠢᠨ᠎ᠡ ᠪᠣᠬᠢᠷᠲᠤᠯ ᠪᠣᠳᠠᠰ ᠤᠨ ᠮᠡᠳᠡᠭᠡ ᠵᠠᠩᠬᠢ ᠶᠢ ᠬᠠᠥᠯᠢ ᠶᠣᠰᠣᠭᠠᠷ ᠢᠯᠡ ᠪᠣᠯᠭᠠᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠢᠢᠯᠡᠬᠦ ᠬᠡᠷᠡᠭᠲᠡᠢ᠃ ᠬᠥᠷᠥᠰᠥ ᠰᠢᠷᠣᠢ ᠶᠢᠨ ᠪᠣᠬᠢᠷᠲᠤᠯ ᠢ ᠭᠤᠣᠯᠳᠠᠯᠭ᠎ᠠ ᠲᠠᠢ ᠬᠢᠨᠠᠨ ᠬᠠᠮᠢᠶᠠᠷᠬᠤ ᠨᠢᠭᠡᠴᠢ ᠨᠢ ᠬᠤᠣᠷ ᠬᠥᠨᠥᠭᠡᠯ ᠲᠠᠢ ᠪᠣᠳᠠᠰ ᠤᠨ ᠭᠠᠳᠠᠭᠰᠢᠯᠠᠭᠤᠯᠤᠯᠲᠠ ᠶᠢ ᠴᠢᠩᠭ᠎ᠠ ᠬᠢᠵᠠᠭᠠᠷᠯᠠᠵᠤ᠂ ᠬᠥᠷᠥᠰᠥ ᠰᠢᠷᠣᠢ ᠶᠢᠨ ᠪᠣᠬᠢᠷᠲᠤᠯ ᠤᠨ ᠭᠡᠮ ᠰᠣᠭᠤᠭ ᠢ ᠵᠢᠭᠰᠠᠭᠠᠨ ᠪᠠᠢᠢᠴᠠᠭᠠᠬᠤ ᠳᠦᠷᠢᠮ ᠢ ᠪᠠᠶᠢᠭᠤᠯᠤᠨ᠂ ᠬᠤᠣᠷ ᠬᠥᠨᠥᠭᠡᠯ ᠲᠠᠢ ᠪᠣᠳᠠᠰ ᠤᠨ ᠨᠡᠪᠴᠢᠬᠦ᠂ ᠤᠷᠤᠰᠬᠤ᠂ ᠰᠠᠷᠨᠢᠬᠤ ᠡᠴᠠ ᠰᠡᠷᠭᠡᠶᠢᠯᠡᠬᠦ ᠬᠡᠷᠡᠭᠲᠡᠢ᠃ ᠬᠤᠣᠷ ᠬᠥᠨᠥᠭᠡᠯ ᠲᠠᠢ ᠠᠭᠠᠷ ᠮᠠᠨᠳᠠᠯ ᠤᠨ ᠪᠣᠬᠢᠷᠲᠤᠯ ᠪᠣᠳᠠᠰ᠂ ᠤᠰᠤᠨ ᠤ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠵᠠᠰᠠᠯᠲᠠ ᠶᠢ ᠦᠨᠡᠨ ᠬᠦ ᠴᠢᠩᠭᠠᠳᠬᠠᠵᠤ᠂ ᠬᠠᠮᠢᠶ᠎ᠠ ᠪᠦᠬᠦᠢ ᠪᠣᠬᠢᠷᠲᠤᠯ ᠢ ᠬᠢᠵᠠᠭᠠᠷᠯᠠᠬᠤ ᠱᠠᠭᠠᠷᠳᠠᠯᠭ᠎ᠠ ᠶᠢ ᠨᠡᠢᠢᠳᠠᠪᠤᠷᠢᠵᠢᠭᠤᠯᠤᠨ᠎ᠠ᠃ ︵ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠬᠠᠷᠢᠭᠤᠴᠠᠨ᠎ᠠ ︶

  2. ᠣᠨᠴᠠ ᠲᠣᠭᠲᠠᠭᠰᠠᠨ ᠰᠢᠨ᠎ᠡ ᠪᠣᠬᠢᠷᠲᠤᠯ ᠪᠣᠳᠠᠰ ᠢ ᠠᠭᠤᠯᠬᠤ ᠬᠠᠶᠠᠭᠳᠠᠮᠠᠯ ᠪᠣᠳᠠᠰ ᠢ ᠴᠤᠭᠯᠠᠭᠤᠯᠤᠨ ᠠᠰᠢᠬᠯᠠᠵᠤ ᠰᠢᠢᠳᠪᠦᠷᠢᠯᠡᠬᠦ ᠶᠢ ᠴᠢᠩᠭᠠᠷᠠᠭᠤᠯᠤᠨ᠎ᠠ᠃ ᠬᠠᠶᠠᠭᠳᠠᠮᠠᠯ ᠡᠮ ᠤᠨ ᠵᠦᠢᠯ᠂ ᠬᠠᠶᠠᠭᠳᠠᠮᠠᠯ ᠲᠠᠷᠢᠶᠠᠨ ᠡᠮ ᠵᠢᠴᠢ ᠨᠢᠶᠠᠨ ᠳᠠᠷᠤᠭᠴᠢ ᠶᠢ ᠦᠢᠯᠡᠳᠪᠦᠷᠢᠯᠡᠬᠦ ᠶᠠᠪᠤᠴᠠ ᠳᠤ ᠡᠭᠦᠰᠦᠭᠰᠡᠨ ᠬᠠᠶᠠᠭᠳᠠᠮᠠᠯ ᠡᠬᠡ ᠰᠢᠩᠭᠡᠨ᠂ ᠬᠠᠶᠠᠭᠳᠠᠮᠠᠯ ᠤᠷᠪᠠᠯ ᠤᠨ ᠪᠦᠯᠦᠭ ᠪᠠ ᠬᠠᠶᠠᠭᠳᠠᠮᠠᠯ ᠬᠥᠮᠥᠵᠢᠭᠦᠯᠦᠭᠴᠢ ᠵᠡᠷᠭᠡ ᠬᠠᠶᠠᠭᠳᠠᠮᠠᠯ ᠪᠣᠳᠠᠰ ᠢ ᠴᠤᠭᠯᠠᠭᠤᠯᠤᠨ ᠠᠰᠢᠬᠯᠠᠵᠤ ᠰᠢᠢᠳᠪᠦᠷᠢᠯᠡᠬᠦ ᠱᠠᠭᠠᠷᠳᠠᠯᠭ᠎ᠠ ᠶᠢ ᠴᠢᠩᠭ᠎ᠠ ᠨᠡᠢᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠣᠳᠣ ᠪᠠᠢᠢᠭ᠎ᠠ ᠱᠦᠢᠨᠢ ᠶᠢᠨ ᠤᠭᠤᠷᠭᠠᠢ ᠵᠡᠷᠭᠡ ᠰᠢᠲᠠᠭᠠᠵᠤ ᠰᠢᠢᠳᠪᠦᠷᠢᠯᠡᠬᠦ ᠪᠡᠯᠡᠳᠭᠡᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠶᠠᠭᠳᠠᠮᠠᠯ ᠡᠮ ᠤᠨ ᠵᠦᠢᠯ᠂ ᠬᠠᠶᠠᠭᠳᠠᠮᠠᠯ ᠲᠠᠷᠢᠶᠠᠨ ᠡᠮ ᠢ ᠬᠠᠮᠵᠢᠯᠴᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠥᠬᠡᠬᠤᠲᠠ ᠪᠠᠶᠠᠨᠨᠠᠭᠤᠷ ᠬᠤᠲᠠ ᠶᠢᠨ ᠨᠢᠶᠠᠨ ᠳᠠᠷᠤᠭᠴᠢ ᠪᠠᠺᠲ᠋ᠧᠷᠢ ᠶᠢᠨ ᠰᠢᠭᠠᠷᠤ ᠶᠢ ᠬᠤᠣᠷ ᠦᠭᠡᠶᠢᠳᠡᠭᠦᠯᠦᠨ ᠶᠡᠷᠥᠩᠬᠡᠢᠢᠯᠡᠨ ᠠᠰᠢᠬᠯᠠᠬᠤ ᠢᠨᠵᠧᠨᠧᠷᠢᠩ ᠢ ᠶᠡᠭᠡ ᠪᠠᠷ ᠳᠡᠯᠭᠡᠷᠡᠭᠦᠯᠦᠨ᠎ᠡ᠃ ︵ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  3. ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠲᠤᠷᠰᠢᠯᠲᠠ ᠶᠢᠨ ᠴᠡᠭ ᠤᠨ ᠢᠨᠵᠧᠨᠧᠷᠢᠩ ᠢ ᠥᠷᠨᠢᠭᠦᠯᠵᠦ᠂ ᠪᠣᠬᠢᠷᠲᠤᠯ ᠢ ᠵᠠᠰᠠᠬᠤ ᠶᠢ ᠠᠬᠢᠭᠤᠯᠤᠨ᠎ᠠ᠃ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠪᠠᠢᠢᠴᠠᠭᠠᠯᠲᠠ ᠬᠢᠨᠠᠨ ᠬᠡᠮᠵᠢᠯᠲᠡ ᠶᠢᠨ ᠲᠤᠷᠰᠢᠯᠲᠠ ᠶᠢᠨ ᠴᠡᠭ ᠤᠨ ᠦᠷ᠎ᠡ ᠳ᠋ᠦᠩ ᠢ ᠦᠨᠳᠦᠰᠦᠯᠡᠨ᠂ ᠬᠢᠮᠢ ᠶᠢᠨ ᠠᠵᠤ ᠦᠢᠯᠡᠳᠪᠦᠷᠢ᠂ ᠡᠮ ᠡᠮᠨᠡᠯᠭᠡ ᠵᠡᠷᠭᠡ ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠠᠵᠤ ᠠᠬᠤᠢᠢᠯᠠᠯ ᠢ ᠰᠣᠩᠭᠤᠨ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠲᠤᠷᠰᠢᠯᠲᠠ ᠶᠢᠨ ᠴᠡᠭ ᠤᠨ ᠢᠨᠵᠧᠨᠧᠷᠢᠩ ᠢ ᠥᠷᠨᠢᠭᠦᠯᠦᠨ᠎ᠡ᠃ ᠤᠯᠤᠰ ᠤᠨ ᠬᠤᠣᠷ ᠬᠥᠨᠥᠭᠡᠯ ᠲᠠᠢ ᠬᠢᠮᠢ ᠶᠢᠨ ᠪᠣᠳᠠᠰ ᠢ ᠪᠣᠬᠢᠷᠲᠤᠯ ᠦᠭᠡᠢ ᠪᠠᠷ ᠣᠷᠣᠯᠠᠭᠤᠯᠬᠤ᠂ ᠰᠢᠨ᠎ᠡ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠵᠢᠴᠢ ᠪᠣᠬᠢᠷ ᠤᠰᠤ ᠪᠤᠵᠠᠷ ᠰᠢᠪᠠᠷ᠂ ᠬᠠᠶᠠᠭᠳᠠᠮᠠᠯ ᠰᠢᠩᠭᠡᠨ ᠬᠠᠶᠠᠭᠳᠠᠮᠠᠯ ᠰᠢᠭᠠᠷᠤ ᠶᠢᠨ ᠳᠤᠮᠳᠠᠬᠢ ᠰᠢᠨ᠎ᠡ ᠪᠣᠬᠢᠷᠲᠤᠯ ᠪᠣᠳᠠᠰ ᠢ ᠵᠠᠰᠠᠬᠤ ᠵᠢᠱᠢᠶ᠎ᠡ ᠦᠵᠡᠭᠦᠯᠬᠦ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠨᠦᠭᠦᠴᠡᠯ ᠲᠠᠢ ᠠᠵᠤ ᠠᠬᠤᠢᠢᠯᠠᠯ ᠤᠨ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠶᠢ ᠵᠣᠷᠢᠬᠵᠢᠭᠤᠯᠵᠤ᠂ ᠰᠢᠨ᠎ᠡ ᠪᠣᠬᠢᠷᠲᠤᠯ ᠪᠣᠳᠠᠰ ᠡᠭᠦᠰᠭᠡᠬᠦ ᠪᠠ ᠭᠠᠳᠠᠭᠰᠢᠯᠠᠭᠤᠯᠬᠤ ᠶᠢ ᠪᠠᠭᠠᠰᠬᠠᠨ᠎ᠠ᠃ ︵ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  ︵ ᠲᠠᠪᠤ ︶ ᠴᠢᠳᠠᠪᠤᠷᠢ ᠶᠢᠨ ᠪᠠᠢᠢᠭᠤᠯᠤᠯᠲᠠ ᠶᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠢ ᠵᠠᠰᠠᠬᠤ ᠰᠠᠭᠤᠷᠢ ᠪᠠᠨ ᠪᠠᠬᠢᠵᠢᠭᠦᠯᠦᠨ᠎ᠡ᠃

  1. ᠰᠢᠨ᠎ᠡ ᠪᠣᠬᠢᠷᠲᠤᠯ ᠪᠣᠳᠠᠰ ᠤᠨ ᠮᠡᠷᠭᠡᠵᠢᠯ ᠤᠨ ᠰᠤᠳᠤᠯᠭᠠᠨ ᠢ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠲᠥᠯᠥᠪᠯᠡᠭᠡ ᠳᠤ ᠲᠦᠰᠢᠭᠯᠡᠨ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠮᠡᠷᠭᠡᠵᠢᠯ ᠤᠨ ᠰᠤᠳᠤᠯᠭᠠᠨ ᠢ ᠥᠷᠨᠢᠭᠦᠯᠵᠦ᠂ ᠬᠤᠣᠷ ᠬᠥᠨᠥᠭᠡᠯ ᠲᠠᠢ ᠰᠢᠨ᠎ᠡ ᠪᠣᠬᠢᠷᠲᠤᠯ ᠪᠣᠳᠠᠰ ᠢ ᠬᠢᠨᠠᠨ ᠬᠡᠮᠵᠢᠵᠦ ᠵᠠᠳᠠᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠭᠠᠳᠠᠭᠰᠢᠯᠠᠭᠤᠯᠤᠯᠲᠠ ᠶᠢᠨ ᠤᠭ ᠦᠨᠳᠦᠰᠦ ᠶᠢ ᠨᠢ ᠡᠷᠢᠬᠦ᠂ ᠪᠦᠲᠦᠮᠵᠢᠲᠡᠢ ᠠᠷᠢᠯᠭᠠᠬᠤ ᠵᠡᠷᠭᠡ ᠮᠡᠷᠭᠡᠵᠢᠯ ᠢ ᠰᠤᠳᠤᠯᠤᠨ ᠨᠡᠭᠡᠭᠡᠬᠦ ᠬᠢᠭᠡᠳ ᠦᠨᠡᠯᠡᠬᠦ ᠳᠤ ᠳᠡᠮᠵᠢᠯᠭᠡ ᠦᠵᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠬᠦᠴᠦᠯᠡᠴᠡ ᠶᠢ ᠨᠡᠮᠡᠭᠳᠡᠭᠦᠯᠦᠨ᠎ᠡ᠃ ︵ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  2. ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠰᠠᠭᠤᠷᠢ ᠶᠢ ᠪᠠᠲᠤᠯᠠᠬᠤ ᠴᠢᠳᠠᠪᠤᠷᠢ ᠶᠢᠨ ᠪᠠᠢᠢᠭᠤᠯᠤᠯᠲᠠ ᠶᠢ ᠳᠡᠭᠡᠭᠰᠢᠯᠡᠭᠦᠯᠦᠨ᠎ᠡ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠳᠤ ᠬᠢᠨᠠᠯᠲᠠ ᠲᠠᠯᠪᠢᠬᠤ᠂ ᠬᠠᠥᠯᠢ ᠬᠡᠷᠡᠭᠵᠢᠭᠦᠯᠬᠦ᠂ ᠬᠢᠨᠠᠨ ᠬᠡᠮᠵᠢᠬᠦ ᠴᠢᠳᠠᠪᠤᠷᠢ ᠶᠢᠨ ᠪᠠᠢᠢᠭᠤᠯᠤᠯᠲᠠ ᠶᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠬᠢᠷᠢ ᠭᠡᠮ ᠪᠣᠯᠣᠨ ᠲᠥᠬᠦᠭᠡᠷᠦᠮᠵᠢ ᠶᠢᠨ ᠪᠠᠢᠢᠭᠤᠯᠤᠯᠲᠠ ᠶᠢ ᠲᠡᠭᠦᠯᠳᠡᠷᠵᠢᠭᠦᠯᠵᠦ᠂ ᠰᠢᠨ᠎ᠡ ᠪᠣᠬᠢᠷᠲᠤᠯ ᠪᠣᠳᠠᠰ ᠤᠨ ᠨᠡᠢᠢᠭᠡᠮᠴᠢᠯᠡᠭᠰᠡᠨ ᠬᠢᠨᠠᠨ ᠬᠡᠮᠵᠢᠯᠲᠡ ᠶᠢ ᠵᠣᠷᠢᠬᠵᠢᠭᠤᠯᠵᠤ᠂ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠢᠢᠭᠤᠯᠤᠯᠲᠠ ᠪᠠ ᠲᠤᠰᠬᠠᠢ ᠵᠦᠢᠯ ᠤᠨ ᠪᠣᠯᠪᠠᠰᠤᠷᠠᠯ ᠢ ᠥᠷᠨᠢᠭᠦᠯᠵᠦ᠂ ᠪᠥᠬᠦ ᠣᠷᠣᠨ ᠤ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠬᠢᠨᠠᠨ ᠬᠡᠮᠵᠢᠯᠲᠡ ᠬᠢᠬᠦ ᠪᠠ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢᠨ ᠮᠡᠷᠭᠡᠵᠢᠯ ᠤᠨ ᠲᠤᠯᠭᠠᠭᠤᠷᠢᠯᠠᠨ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠮᠡᠳᠡᠭᠡ ᠵᠠᠩᠭᠢᠴᠢᠯᠠᠯᠲᠠ ᠶᠢᠨ ᠬᠢᠷᠢ ᠲᠦᠪᠰᠢᠨ ᠢ ᠴᠢᠩᠭᠠᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠤ ᠬᠠᠮᠢᠶᠠᠷᠤᠯᠲᠠ ᠵᠢᠨ ᠮᠡᠳᠡᠭᠡ ᠵᠠᠩᠬᠢ ᠵᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠠᠢᠢᠭᠤᠯᠵᠤ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ ︵ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  ᠭᠤᠷᠪᠠ᠂ ᠪᠠᠲᠤᠯᠠᠭ᠎᠎ᠠ ᠶᠢᠨ ᠠᠷᠭ᠎᠎ᠠ ᠬᠡᠮᠵᠢᠶ᠎ᠡ

  ︵ ᠨᠢᠭᠡ ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠶᠡᠷᠦᠩᠬᠡᠢ ᠬᠠᠷᠢᠭᠤᠴᠠᠯᠭ᠎ᠠ ᠶᠢ ᠡᠭᠦᠷᠬᠡᠯᠡᠵᠦ᠂ ᠠᠢᠢᠮᠠᠭ ᠬᠤᠲᠠ᠂ ᠬᠤᠰᠢᠭᠤ ᠰᠢᠶᠠᠨ ︵ ᠬᠤᠲᠠ᠂ ᠲᠣᠭᠤᠷᠢᠭ ︶ ᠪᠣᠳᠠᠲᠠᠢ ᠨᠡᠢᠢᠳᠠᠪᠤᠷᠢᠵᠢᠭᠤᠯᠬᠤ ᠵᠠᠷᠴᠢᠮ ᠶᠣᠰᠣᠭᠠᠷ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠬᠠᠷᠢᠶᠠᠲᠤ ᠭᠠᠵᠠᠷ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠡᠢᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠨᠢ ᠲᠦᠷᠦᠭᠦᠯᠡᠨ ᠬᠠᠷᠢᠭᠤᠴᠠᠵᠤ ᠶᠡᠷᠦᠩᠬᠡᠢᠢᠯᠡᠨ ᠠᠳᠬᠤᠬᠤ ᠦᠢᠯᠡᠳᠦᠯ ᠢ ᠦᠨᠡᠨ ᠬᠦ ᠪᠠᠳᠠᠷᠠᠭᠤᠯᠵᠤ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠳ᠋ ᠤᠨ ᠵᠠᠰᠠᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠢᠭᠤᠯᠤᠯᠲᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠭᠠᠢᠢᠯᠢ ᠶᠢᠨ ᠶᠠᠪᠤᠳᠠᠯ᠂ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ᠂ ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠢ ᠶᠢ ᠲᠣᠭᠲᠠᠭᠰᠠᠨ ᠬᠤᠭᠤᠴᠠᠭ᠎ᠠ ᠲᠠᠢ ᠪᠠᠷ ᠵᠣᠬᠢᠶᠠᠨ ᠪᠠᠢᠢᠭᠤᠯᠵᠤ ᠵᠥᠪᠳᠡᠯᠴᠡᠨ᠂ ᠪᠥᠬᠦ ᠣᠷᠣᠨ ᠤ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠵᠢᠯ ᠤᠨ ᠳᠤᠮᠳᠠ ᠲᠤᠯᠭᠠᠷᠠᠭᠰᠠᠨ ᠬᠦᠴᠢᠷ ᠪᠡᠷᠬᠡᠰᠢᠶᠡᠯ ᠪᠣᠯᠣᠨ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠡᠯ᠎ᠡ ᠠᠢᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ 2023 ᠣᠨ ᠤ 6 ᠳ᠋ᠤᠭᠠᠷ ᠰᠠᠷ᠎ᠠ ᠶᠢᠨ ᠰᠡᠭᠦᠯᠴᠢ ᠡᠴᠠ ᠡᠮᠦᠨ᠎ᠡ ᠲᠣᠰ ᠭᠠᠵᠠᠷ ᠣᠷᠣᠨ ᠤ ᠪᠠᠨ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠬᠡᠷᠡᠭᠵᠢᠭᠦᠯᠬᠦ ᠲᠥᠰᠥᠯ ᠢ ᠲᠣᠭᠲᠠᠭᠠᠨ ᠨᠡᠢᠢᠲᠡᠯᠡᠵᠦ᠂ ᠬᠠᠷᠠᠯᠲᠠ ᠡᠭᠦᠷᠭᠡ ᠶᠢ ᠨᠠᠷᠢᠯᠢᠬᠵᠢᠭᠤᠯᠤᠨ ᠵᠠᠳᠠᠯᠵᠤ᠂ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠢᠢᠲᠤᠷ ᠠᠳᠬᠤᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠬᠤᠯᠪᠣᠭᠠᠯᠠᠨ ᠪᠠᠢᠢᠴᠠᠭᠠᠵᠤ ᠬᠠᠥᠯᠢ ᠬᠡᠷᠡᠭᠵᠢᠭᠦᠯᠬᠦ ᠶᠢ ᠥᠷᠨᠢᠭᠦᠯᠵᠦ᠂ ᠮᠡᠳᠡᠭᠡ ᠵᠠᠩᠬᠢ ᠶᠢ ᠬᠠᠮᠲᠤ ᠪᠠᠷ ᠬᠦᠷᠲᠡᠬᠦ ᠶᠢ ᠪᠡᠶᠡᠯᠡᠭᠦᠯᠵᠦ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠡᠯ᠎ᠡ ᠵᠦᠢᠯ ᠤᠨ ᠠᠵᠢᠯ ᠢ ᠬᠦᠴᠦ ᠪᠠᠨ ᠬᠠᠮᠲᠤᠳᠬᠠᠨ ᠰᠠᠢᠢᠲᠤᠷ ᠬᠢᠵᠦ᠂ 2025 ᠣᠨ ᠳᠤ ᠲᠣᠰ ᠲᠥᠰᠥᠯ ᠢ ᠬᠡᠷᠡᠭᠵᠢᠭᠦᠯᠦᠭᠰᠡᠨ ᠪᠠᠢᠢᠳᠠᠯ ᠳᠤ ᠪᠥᠬᠦ ᠲᠠᠯ᠎ᠠ ᠶᠢᠨ ᠦᠨᠡᠯᠡᠨ ᠵᠢᠱᠢᠯᠲᠡ ᠬᠢᠬᠦ ᠬᠡᠷᠡᠭᠲᠡᠢ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠳᠤᠮᠳᠠ ᠣᠷᠣᠰᠢᠵᠤ ᠪᠠᠢᠢᠭ᠎ᠠ ᠠᠮᠢ ᠠᠬᠤᠢ ᠣᠷᠴᠢᠨ ᠲᠣᠭᠤᠷᠢᠨ ᠤ ᠲᠣᠪᠦᠢᠮ᠎ᠠ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠢᠢᠴᠠᠭᠠᠯᠲᠠ ᠳᠤ ᠣᠷᠣᠭᠤᠯᠤᠨ᠎ᠠ᠃ ︵ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  ︵ ᠬᠤᠶᠠᠷ ︶ ᠬᠢᠨᠠᠨ ᠬᠠᠮᠢᠶᠠᠷᠴᠤ ᠬᠠᠥᠯᠢ ᠬᠡᠷᠡᠭᠵᠢᠭᠦᠯᠬᠦ ᠶᠢ ᠴᠢᠩᠭᠠᠳᠬᠠᠨ᠎ᠠ᠃ ᠠᠵᠤ ᠠᠬᠤᠢᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠡᠢᠢᠳᠠᠪᠤᠷᠢᠵᠢᠭᠤᠯᠬᠤ ᠶᠢ ᠰᠢᠮᠳᠠᠭᠤᠯᠤᠨ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠱᠠᠭᠠᠷᠳᠠᠯᠭ᠎ᠠ ᠶᠢ ᠴᠢᠩᠭ᠎ᠠ ᠨᠡᠢᠢᠳᠠᠪᠤᠷᠢᠵᠢᠭᠤᠯᠤᠨ᠎ᠠ᠃ ᠡᠯ᠎ᠡ ᠰᠠᠯᠠᠭ᠎ᠠ ᠮᠥᠴᠢᠷ ᠨᠢᠭᠡᠴᠢ ᠨᠢ ᠬᠢᠨᠠᠨ ᠬᠠᠮᠢᠶᠠᠷᠴᠤ ᠬᠠᠥᠯᠢ ᠬᠡᠷᠡᠭᠵᠢᠭᠦᠯᠬᠦ ᠮᠡᠳᠡᠭᠡ ᠵᠠᠩᠬᠢ ᠶᠢᠨ ᠨᠡᠪᠲᠡᠷᠡᠭᠦᠯᠦᠨ ᠮᠡᠳᠡᠭᠡᠯᠡᠬᠦ ᠲᠣᠭᠲᠠᠴᠠ ᠶᠢ ᠪᠠᠢᠢᠭᠤᠯᠵᠤ᠂ ᠮᠡᠳᠡᠭᠡ ᠵᠠᠩᠬᠢ ᠶᠢᠨ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠬᠦᠷᠲᠡᠬᠦ ᠶᠢ ᠴᠢᠩᠭᠠᠷᠠᠭᠤᠯᠵᠤ᠂ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠬᠠᠤᠯᠢ ᠬᠡᠷᠡᠭᠵᠢᠭᠦᠯᠬᠦ ᠬᠢᠨᠡᠨ ᠬᠡᠮᠵᠢᠯᠲᠡ ᠪᠣᠯᠣᠨ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢ ᠴᠢᠩᠭᠠᠳᠬᠠᠬᠤ ᠬᠡᠷᠡᠭᠲᠡᠢ᠃ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠰᠢᠨ᠎ᠡ ᠪᠣᠬᠢᠷᠲᠤᠯ ᠪᠣᠳᠠᠰ ᠲᠤ ᠬᠤᠯᠪᠣᠭᠳᠠᠬᠤ ᠠᠵᠤ ᠠᠬᠤᠢᠢᠯᠠᠯ ᠠᠵᠢᠯ ᠦᠢᠯᠡᠰ ᠤᠨ ᠨᠢᠭᠡᠴᠢ ᠳᠤ ᠬᠠᠤᠯᠢ ᠶᠣᠰᠣᠭᠠᠷ ᠲᠤᠬᠠᠢ ᠶᠢᠨ ᠲᠠᠯᠠᠪᠤᠷ ᠤᠨ ᠪᠠᠢᠢᠴᠠᠭᠠᠯᠲᠠ ᠶᠢ ᠥᠷᠨᠢᠭᠦᠯᠵᠦ᠂ ᠣᠷᠴᠢᠨ ᠲᠣᠭᠤᠷᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠯ ᠶᠣᠰᠣᠭᠠᠷ ᠨᠡᠢᠢᠳᠠᠪᠤᠷᠢᠵᠢᠭᠤᠯᠤᠭᠰᠠᠨ ᠦᠭᠡᠢ ᠠᠵᠤ ᠠᠬᠤᠢᠢᠯᠠᠯ ᠳᠤ ᠬᠢᠨᠠᠯᠲᠠ ᠲᠠᠯᠪᠢᠵᠤ ᠬᠠᠥᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠴᠠᠭᠠᠵᠠᠯᠠᠬᠤ ᠪᠤᠶᠤ ᠬᠢᠵᠠᠭᠠᠷᠯᠠᠬᠤ ᠲᠥᠷᠥᠯ ᠤᠨ ᠬᠤᠣᠷ ᠬᠥᠨᠥᠭᠡᠯ ᠲᠠᠢ ᠬᠢᠮᠢ ᠶᠢᠨ ᠪᠣᠳᠠᠰ ᠵᠢᠴᠢ ᠬᠠᠮᠢᠶ᠎ᠠ ᠪᠦᠬᠦᠢ ᠦᠢᠯᠡᠳᠭᠦᠨ ᠢ ᠦᠢᠯᠡᠳᠪᠦᠷᠢᠯᠡᠬᠦ᠂ ᠡᠳ᠋ᠰᠢᠭᠦᠯᠦᠨ ᠪᠣᠯᠪᠠᠰᠤᠷᠠᠭᠤᠯᠵᠤ ᠬᠡᠷᠡᠭᠯᠡᠬᠦ᠂ ᠭᠠᠳᠠᠭᠠᠳᠤ ᠡᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠤ ᠬᠢᠨᠠᠯᠲᠠ ᠲᠠᠯᠪᠢᠵᠤ ᠬᠠᠥᠯᠢ ᠬᠡᠷᠡᠭᠵᠢᠭᠦᠯᠬᠦ ᠶᠢ ᠴᠢᠩᠭᠠᠳᠬᠠᠨ᠎ᠠ᠃ ︵ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  ︵ ᠭᠤᠷᠪᠠ ︶ ᠪᠡᠯᠡ ᠮᠥᠩᠭᠦᠨ ᠤ ᠣᠷᠤᠭᠤᠯᠤᠯᠲᠠ ᠶᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠠ ᠡᠯ᠎ᠡ ᠠᠢᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠡᠳ᠋ ᠤᠨ ᠵᠠᠰᠠᠭ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠵᠦ᠂ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠵᠤ᠂ ᠰᠢᠨ᠎ᠡ ᠪᠣᠬᠢᠷᠲᠤᠯ ᠪᠣᠳᠠᠰ ᠤᠨ ᠪᠠᠶᠢᠴᠠᠭᠠᠵᠤ ᠬᠢᠨᠠᠨ ᠬᠡᠮᠵᠢᠬᠦ᠂ ᠰᠢᠭᠰᠢᠨ ᠪᠠᠢᠢᠴᠠᠭᠠᠵᠤ ᠦᠨᠡᠯᠡᠨ ᠵᠢᠱᠢᠬᠦ᠂ ᠲᠤᠷᠰᠢᠯᠲᠠ ᠶᠢᠨ ᠴᠡᠭ ᠪᠠᠢᠢᠭᠤᠯᠵᠤ ᠵᠢᠱᠢᠶ᠎ᠡ ᠦᠵᠡᠭᠦᠯᠬᠦ᠂ ᠬᠠᠮᠢᠶᠠᠷᠤᠨ ᠡᠵᠡᠮᠳᠡᠵᠦ ᠵᠠᠰᠠᠬᠤ ᠵᠡᠷᠭᠡ ᠠᠵᠢᠯ ᠥᠷᠨᠢᠭᠦᠯᠬᠦ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠲᠤᠰᠬᠠᠢ ᠵᠦᠢᠯ ᠤᠨ ᠪᠡᠯᠡ ᠮᠥᠩᠭᠦ᠂ ᠣᠷᠣᠨ ᠨᠤᠲᠤᠭ ᠤᠨ ᠡᠳ᠋ ᠤᠨ ᠵᠠᠰᠠᠭ ᠤᠨ ᠣᠷᠤᠭᠤᠯᠤᠯᠲᠠ ᠪᠠᠷ ᠬᠦᠲᠦᠯᠦᠮᠵᠢ ᠪᠣᠯᠭᠠᠭᠰᠠᠨ ᠣᠯᠠᠨ ᠡᠰᠢᠵᠢᠭᠰᠡᠨ ᠪᠡᠯᠡ ᠮᠥᠩᠭᠦᠨ ᠤ ᠪᠠᠲᠤᠯᠠᠭ᠎ᠠ ᠶᠢᠨ ᠳᠦᠷᠢᠮ ᠢ ᠪᠠᠶᠢᠭᠤᠯᠬᠤ ᠬᠡᠷᠡᠭᠲᠡᠢ᠃ ᠪᠡᠯᠡ ᠮᠥᠩᠭᠦᠨ ᠤ ᠣᠷᠤᠭᠤᠯᠤᠯᠲᠠ ᠶᠢᠨ ᠠᠷᠭ᠎ᠠ ᠵᠠᠮ ᠢ ᠥᠷᠭᠡᠳᠬᠡᠵᠦ᠂ ᠨᠡᠩ ᠣᠯᠠᠨ ᠨᠡᠢᠢᠭᠡᠮ᠂ ᠮᠥᠩᠭᠦᠨ ᠭᠦᠢᠯᠭᠡᠭᠡᠨ ᠤ ᠬᠥᠷᠥᠩᠭᠡ ᠶᠢ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠬᠦᠷᠢᠶᠡᠨ ᠳᠤ ᠣᠷᠣᠭᠤᠯᠬᠤ ᠪᠠᠷ ᠵᠢᠯᠣᠭᠤᠳᠬᠤ ᠪᠠ ᠵᠣᠷᠢᠬᠵᠢᠭᠤᠯᠤᠨ᠎ᠠ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠨᠢ ᠲᠣᠭᠲᠠᠭᠠᠯ ᠶᠣᠰᠣᠭᠠᠷ ᠭᠠᠢᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠨ᠎ᠡ᠃ ︵ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠭᠠᠢᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  ︵ ᠳᠥᠷᠪᠡ ︶ ᠤᠬᠠᠭᠤᠯᠤᠨ ᠵᠢᠯᠣᠭᠤᠳᠬᠤ ᠶᠢ ᠴᠢᠩᠭᠠᠳᠬᠠᠨ᠎ᠠ᠃ ᠬᠠᠥᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠢᠢᠯᠪᠤᠷᠢᠯᠠᠬᠤ ᠶᠢ ᠴᠢᠩᠭᠠᠳᠬᠠᠨ᠎ᠠ᠃ ᠰᠢᠨ᠎ᠡ ᠪᠣᠬᠢᠷᠲᠤᠯ ᠪᠣᠳᠠᠰ ᠤᠨ ᠵᠠᠰᠠᠯᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠥᠵᠢᠯ ᠢ ᠥᠷᠭᠡᠨ ᠢᠶᠠᠷ ᠥᠷᠨᠢᠭᠦᠯᠵᠦ᠂ ᠣᠯᠠᠨ ᠨᠡᠢᠢᠲᠡ ᠶᠢᠨ ᠰᠢᠨ᠎ᠡ ᠪᠣᠬᠢᠷᠲᠤᠯ ᠪᠣᠳᠠᠰ ᠤᠨ ᠣᠷᠴᠢᠨ ᠲᠣᠭᠤᠷᠢᠨ ᠢ ᠮᠠᠭᠤᠳᠠᠭᠤᠯᠬᠤ ᠪᠠ ᠡᠷᠡᠭᠦᠯ ᠮᠡᠨᠳᠦ ᠶᠢ ᠬᠤᠬᠢᠷᠠᠭᠤᠯᠬᠤ ᠲᠤᠬᠠᠢ ᠰᠢᠨᠵᠢᠯᠡᠬᠦ ᠤᠬᠠᠭᠠᠨᠴᠢ ᠲᠠᠨᠢᠯᠲᠠ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠬᠢᠷᠲᠤᠯ ᠦᠭᠡᠢ ᠬᠡᠷᠡᠭᠯᠡᠭᠡᠨ ᠤ ᠣᠨᠣᠯᠵᠢᠬᠤᠨ ᠢ ᠨᠢ ᠴᠢᠩᠭᠠᠷᠠᠭᠤᠯᠤᠨ᠎ᠠ᠃ ᠣᠯᠠᠨ ᠨᠡᠢᠢᠲᠡ ᠶᠢᠨ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠰᠢᠨ᠎ᠡ ᠪᠣᠬᠢᠷᠲᠤᠯ ᠪᠣᠳᠠᠰ ᠲᠤ ᠬᠤᠯᠪᠣᠭᠳᠠᠬᠤ ᠣᠷᠴᠢᠨ ᠲᠣᠭᠤᠷᠢᠨ ᠤ ᠬᠠᠤᠯᠢ ᠡᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠨᠢ ᠵᠣᠷᠢᠬᠵᠢᠭᠤᠯᠵᠤ᠂ ᠨᠡᠢᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠬᠢᠮᠢ ᠶᠢᠨ ᠪᠣᠳᠠᠰ ᠤᠨ ᠣᠷᠴᠢᠨ ᠲᠣᠭᠤᠷᠢᠨ ᠤ ᠣᠯᠠᠨ ᠤᠯᠤᠰ ᠤᠨ ᠨᠡᠢᠢᠲᠡ ᠶᠢᠨ ᠭᠡᠷ᠎ᠡ ᠭᠦᠢᠴᠡᠳᠭᠡᠬᠦ ᠠᠵᠢᠯᠯᠠᠭ᠎ᠠ ᠪᠠ ᠤᠬᠠᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠨ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠡᠷ᠎ᠡ ᠭᠦᠢᠴᠠᠳᠭᠡᠬᠦ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ︵ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶


ᠭᠠᠷ ᠤᠲᠠᠰᠤ ᠪᠠᠷ ᠦᠵᠡᠬᠦ