ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2024 ᠣᠨ ᠤ 7 ᠳ᠋ᠤᠭᠠᠷ ᠤᠳᠠᠭᠠᠨ ᠦ ᠪᠠᠶᠢᠩᠭᠤ ᠶᠢᠨ ᠬᠤᠷᠠᠯ

  3 ᠳ᠋ᠤᠭᠠᠷ ᠰᠠᠷ᠎ᠡ ᠢᠢᠨ 15 ᠦ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠦ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠤᠷᠤᠨ ᠦ ᠵᠠᠰᠠᠭ ᠤᠨ ᠣᠷᠳᠣᠨ ᠤ 2024 ᠣᠨ ᠤ 7 ᠳ᠋ᠤᠭᠠᠷ ᠤᠳᠠᠭᠠᠨ ᠦ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ 2 ᠳ᠋ᠤᠭᠠᠷ ᠰᠠᠷ᠎ᠠ ᠶᠢᠨ 29 ᠤ ᠲᠥᠪ ᠤᠨ ᠤᠯᠤᠰ ᠲᠦᠷᠦ ᠶᠢᠨ ᠲᠣᠪᠴᠢᠶᠠᠨ ᠦ ᠬᠤᠷᠠᠯ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠦ ᠳᠥᠷᠪᠡᠳᠦᠭᠡᠷ ᠤᠳᠠᠭᠠᠨ ᠦ ᠬᠤᠷᠠᠯ ᠳᠡᠭᠡᠷᠡᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ᠂ ︽ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡᠨ ᠤ ᠦᠢᠯᠡᠰ ᠤᠨ ᠰᠢᠨ᠎ᠡ ᠰᠢᠰᠲ᠋ᠧᠮ ᠢ ᠲᠦᠷᠭᠡᠳᠬᠡᠨ ᠪᠠᠶᠢᠭᠤᠯᠬᠤ ᠠᠵᠢᠯᠯᠠᠭᠠᠨ ᠤ ᠲᠥᠰᠥᠯ ︾᠂ ︽ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢᠨ ᠠᠷᠭ᠎ᠠ ︾ ᠶᠢ ᠬᠢᠨᠠᠨ ᠵᠥᠪᠯᠡᠵᠦ ᠪᠠᠲᠤᠯᠠᠨ᠂ ᠠᠷᠪᠢᠴᠢ ᠭᠠᠮᠲᠠᠢ ᠠᠮᠢᠳᠤᠷᠠᠵᠤ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ︽ ᠨᠢᠭᠡ ᠪᠦᠰᠡ ᠨᠢᠭᠡ ᠵᠠᠮ ︾ ᠤᠨ ᠨᠠᠢᠮᠠᠨ ᠵᠦᠢᠯ ᠤᠨ ᠠᠵᠢᠯᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠵᠡᠷᠭᠡ ᠵᠦᠢᠯ ᠢ ᠰᠤᠳᠤᠯᠪᠠ᠃

  ᠬᠤᠷᠠᠯ ᠡᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠡᠷᠡ ᠶᠣᠰᠣᠭᠠᠷ ᠨᠢ ᠰᠠᠶᠢᠲᠤᠷ ᠲᠤᠭᠤᠰᠢᠯᠠᠭᠤᠯᠵᠤ᠂ ᠠᠵᠢᠯ ᠢᠶᠠᠨ ᠱᠠᠯᠠᠪᠳᠠᠨ ᠪᠣᠳᠠᠲᠠᠢ ᠪᠠᠶᠢᠷᠢᠯᠠᠭᠤᠯᠵᠤ᠂ ︽ ᠵᠢᠷᠭᠤᠭᠠᠨ ᠢᠨᠵᠧᠨᠧᠷᠢᠩ ︾᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠵᠢᠷᠭᠤᠭᠠᠨ ︽ ᠳᠠᠭᠢᠨ ᠢᠶᠠᠷ ᠨᠡᠮᠡᠭᠳᠡᠭᠦᠯᠬᠦ ᠲᠥᠯᠥᠪᠯᠡᠭᠡ ︾᠂ ᠬᠠᠪᠤᠷ ᠤᠨ ᠲᠠᠷᠢᠶᠠᠯᠠᠭ᠎ᠠ᠂ ᠠᠵᠤ ᠦᠢᠯᠡᠳᠪᠦᠷᠢ ᠶᠢᠨ ᠵᠢᠱᠢᠭᠰᠡᠨ ᠦᠢᠯᠡᠳᠪᠦᠷᠢᠯᠡᠯ ᠤᠨ ᠬᠡᠮᠵᠢᠶ᠎ᠡ ᠳᠤ ᠬᠦᠷᠬᠦ ᠵᠡᠷᠭᠡ ᠭᠤᠣᠯᠳᠠᠯᠭ᠎ᠠ ᠲᠠᠢ ᠠᠵᠢᠯ ᠢ ᠴᠠᠭ ᠢᠮᠠᠭᠲᠠ ᠰᠤᠯᠠᠷᠠᠭᠤᠯᠤᠯ ᠦᠭᠡᠢ ᠠᠬᠢᠭᠤᠯᠵᠤ᠂ ᠨᠢᠭᠡᠳᠦᠭᠡᠷ ᠤᠯᠠᠷᠢᠯ ᠤᠨ ︽ ᠰᠠᠶᠢᠨ ᠡᠭᠢᠯᠡᠯᠲᠡ ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢᠨ ᠰᠢᠨᠡᠴᠢᠯᠡᠯᠲᠡ ᠪᠣᠯᠣᠨ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠲᠦᠷᠭᠡᠳᠬᠡᠨ ᠠᠬᠢᠭᠤᠯᠵᠤ᠂ ᠪᠠᠷᠠᠭᠠᠨ ᠤ ᠭᠦᠢᠯᠭᠡᠭᠡᠨ ᠤ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠦᠢᠯᠡᠰ ᠢ ᠪᠤᠵᠠᠭᠠᠶᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

  ᠬᠤᠷᠠᠯ ᠡᠴᠠ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡᠨ ᠤ ᠦᠢᠯᠡᠰ ᠤᠨ ᠰᠢᠨ᠎ᠡ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠠᠷᠠᠯᠲᠠ ᠪᠠᠨ ᠴᠢᠩᠭ᠎ᠠ ᠠᠩᠬᠠᠷᠴᠤ᠂ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ᠂ ᠪᠡᠶ᠎ᠡ ᠶᠢᠨ ᠲᠠᠮᠢᠷ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠨᠠᠶᠢᠳᠠᠨ ᠬᠥᠮᠥᠵᠢᠭᠦᠯᠬᠦ᠂ ᠮᠡᠳᠡᠭᠡ ᠵᠠᠩᠭᠢ ᠶᠢᠨ ᠮᠡᠷᠭᠡᠵᠢᠯ᠂ ᠰᠢᠨ᠎ᠡ ᠡᠨᠧᠷᠭᠢ ᠶᠢᠨ ᠠᠵᠢᠯᠯᠠᠭᠤᠯᠵᠤ ᠬᠠᠮᠠᠭᠠᠯᠠᠬᠤ ᠵᠡᠷᠭᠡ ᠦᠢᠯᠡᠴᠢᠯᠡᠭᠡᠨ ᠤ ᠡᠵᠡᠩᠨᠡᠯᠲᠡ ᠶᠢᠨ ᠭᠡᠯᠪᠡᠷᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠮᠥᠩᠭᠦᠨ ᠭᠦᠢᠯᠭᠡᠭᠡᠨ ᠤ ᠡᠷᠬᠡ ᠴᠢᠯᠦᠭᠡ ᠪᠠᠨ ᠣᠯᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃  ᠡᠷᠦᠭᠡ ᠠᠮᠠ ᠶᠢᠨ ᠲᠠᠩᠰᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠷᠦᠭᠡ ᠠᠮᠠ ᠶᠢᠨ ᠲᠠᠩᠰᠠ ᠲᠠᠢ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠲᠠ ᠢᠢᠨ ᠰᠢᠨ᠎ᠡ ᠠᠷᠠᠳ ᠤᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

  ᠬᠤᠷᠠᠯ ᠡᠴᠠ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶᠠᠷᠤᠯᠲᠠ ᠶᠢᠨ ᠠᠷᠭ᠎ᠠ ᠶᠢᠨ ᠤᠬᠠᠭᠤᠯᠭ᠎ᠠ ᠲᠠᠶᠢᠯᠤᠮᠵᠢ ᠶᠢ ᠰᠠᠶᠢᠲᠤᠷ ᠠᠳᠬᠤᠵᠤ᠂ ᠰᠠᠭᠤᠷᠢ ᠮᠥᠩᠭᠦᠨ ᠤ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠨᠡᠶᠢᠭᠡᠮ ᠤᠨ ᠪᠡᠯᠡ ᠣᠷᠣᠭᠤᠯᠤᠯᠲᠠ ᠶᠢ ᠬᠥᠰᠢᠵᠦ ᠬᠥᠳᠡᠯᠭᠡᠬᠦ᠂ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

  ᠬᠤᠷᠠᠯ ᠡᠴᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠦᠷᠦᠭᠦᠯᠡᠨ ᠠᠷᠪᠢᠴᠢ ᠭᠠᠮᠲᠠᠢ ᠠᠮᠢᠳᠤᠷᠠᠵᠤ᠂ ᠠᠷᠪᠢᠴᠢ ᠭᠠᠮᠲᠠᠢ ᠠᠮᠢᠳᠤᠷᠠᠯ ᠢ ᠨᠢᠭᠡ ᠵᠦᠢᠯ ᠤᠨ ᠳᠠᠳᠬᠠᠯ᠂ ᠨᠢᠭᠡ ᠵᠦᠢᠯ ᠤᠨ ᠵᠢᠷᠤᠮᠵᠢᠯ᠂ ᠨᠢᠭᠡ ᠵᠦᠢᠯ ᠤᠨ ᠪᠣᠯᠪᠠᠰᠤᠨ ᠪᠤᠯᠭᠠᠬᠤ ᠶᠢ ᠬᠥᠲᠥᠯᠥᠨ ᠳᠠᠭᠠᠭᠤᠯᠬᠤ ᠬᠡᠷᠡᠭᠲᠡᠢ᠃ ︽ ᠳᠥᠷᠪᠡᠨ ᠨᠢᠭᠡ ᠪᠦᠯᠦᠭ ︾ ᠵᠡᠷᠭᠡ ᠠᠷᠭ᠎ᠠ ᠬᠡᠮᠵᠢᠶ᠎ᠡ ᠶᠢ ᠶᠡᠭᠡ ᠪᠠᠷ ᠨᠠᠶᠢᠳᠠᠪᠤᠷᠢᠵᠢᠭᠤᠯᠤᠨ ᠤᠬᠠᠭᠤᠯᠵᠤ᠂ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠪᠦᠭᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠬᠤ ᠬᠡᠷᠡᠭᠲᠡᠢ ᠭᠡᠵᠦ ᠱᠠᠭᠠᠷᠳᠠᠪᠠ᠃

  ᠬᠤᠷᠠᠯ ᠡᠴᠠ᠂ ︽ ᠨᠢᠭᠡ ᠪᠦᠰᠡ ᠨᠢᠭᠡ ᠵᠠᠮ ︾ ᠤᠨ ᠨᠠᠢᠮᠠᠨ ᠵᠦᠢᠯ ᠤᠨ ᠠᠵᠢᠯᠯᠠᠭ᠎ᠠ ᠶᠢ ᠴᠢᠨᠠᠷ ᠰᠠᠶᠢᠲᠠᠢ ᠨᠠᠶᠢᠳᠠᠪᠤᠷᠢᠵᠢᠭᠤᠯᠵᠤ᠂ ︽ ᠭᠠᠷ ᠲᠠᠮᠵᠢᠪᠠᠴᠤ ᠠᠰᠢᠭ ᠭᠦᠷᠳᠡᠭᠦ ᠦᠭᠡᠢ ︾ ᠵᠡᠷᠭᠡ ᠠᠰᠠᠭᠤᠳᠠᠯ ᠢ ᠬᠦᠴᠦ ᠣᠷᠣᠭᠤᠯᠤᠨ ᠰᠢᠢᠳᠪᠦᠷᠢᠯᠡᠵᠦ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠠᠬᠢᠴᠠ ᠶᠢ ᠲᠦᠷᠭᠡᠳᠬᠡᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠰᠠᠶᠢᠲᠤᠷ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃

  


ᠭᠠᠷ ᠤᠲᠠᠰᠤ ᠪᠠᠷ ᠦᠵᠡᠬᠦ