4 ᠳ᠋ᠦ᠋ᠭᠡᠷ ᠰᠠᠷ᠎ᠠ ᠶᠢᠨ 1 ᠤ ᠡᠳᠦᠷ ᠡᠴᠠ 4 ᠳ᠋ᠦ᠋ᠭᠡᠷ ᠰᠠᠷ᠎ᠠ ᠶᠢᠨ 15 ᠤ ᠡᠳᠦᠷ

  4 ᠳ᠋ᠤᠭᠡᠷ ᠰᠠᠷ᠎ᠠ ᠶᠢᠨ 1 ᠤ ᠡᠳᠦᠷ   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠭᠦᠨᠵᠡᠭᠡᠶᠢᠷᠡᠨ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠪᠠ ᠰᠢᠨ᠎ᠡ ᠡᠨᠧᠷᠭᠢ ᠶᠢᠨ ᠲᠤᠨᠤᠭ ᠲᠦᠭᠦᠭᠡᠷᠦᠮᠵᠢ ᠦᠢᠯᠡᠳᠬᠦ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠢ ᠴᠢᠩ ᠶᠤᠸᠠᠨ ᠲᠤᠰ ᠠᠵᠢᠯᠯᠠᠭ᠎ᠠ ᠳᠤ ᠣᠷᠤᠯᠴᠠᠪᠠ᠃

  4 ᠳ᠋ᠤᠭᠡᠷ ᠰᠠᠷ᠎ᠠ ᠶᠢᠨ 1 ᠤ ᠡᠳᠦᠷ ᠡᠴᠠ 2 ᠤᠨ ᠡᠳᠦᠷ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠥᠬᠡᠬᠤᠲᠠ ᠪᠠ ᠤᠯᠠᠭᠠᠨᠴᠠᠪ ᠬᠤᠲᠠ ᠳᠤ ᠭᠦᠨᠵᠡᠭᠡᠶᠢᠷᠡᠨ ᠳ᠋ᠠᠶᠢᠲ᠋ᠠ ᠶᠢᠨ ᠲᠥᠪ ᠤᠨ ᠴᠠᠬᠢᠯᠭᠠᠨ ᠬᠦᠴᠦᠨ ᠤ ᠬᠠᠩᠭᠠᠯᠭ᠎ᠠ ᠶᠢᠨ ᠪᠠᠲᠤᠯᠠᠭ᠎ᠠ ᠶᠢᠨ ᠠᠵᠢᠯ ᠳᠤ ᠪᠠᠶᠢᠴᠠᠭᠠᠨ ᠰᠤᠳᠤᠯᠤᠯᠳᠠ ᠬᠢᠪᠡ᠃

  4 ᠳ᠋ᠤᠭᠡᠷ ᠰᠠᠷ᠎ᠠ ᠶᠢᠨ 3 ᠤ ᠡᠳᠦᠷ   ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠡᠨ ᠤ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭᠠᠨ ᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃

  4 ᠳ᠋ᠤᠭᠡᠷ ᠰᠠᠷ᠎ᠠ ᠶᠢᠨ 7 ᠤ ᠡᠳᠦᠷ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠭᠦᠨᠵᠡᠭᠡᠶᠢᠷᠡᠨ ᠰᠣᠶᠣᠯ ᠵᠢᠭᠤᠯᠴᠢᠯᠠᠯ ᠤᠨ ᠠᠵᠤ ᠦᠢᠯᠡᠰ ᠲᠤ ᠪᠠᠶᠢᠴᠠᠭᠠᠨ ᠰᠤᠳᠤᠯᠤᠯᠳᠠ ᠬᠢᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠲᠤᠰ ᠠᠵᠢᠯᠯᠠᠭ᠎ᠠ ᠳᠤ ᠣᠷᠣᠯᠴᠠᠪᠠ᠃

  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢ ᠶᠦᠨ ᠽᠧ ᠲᠠᠢ ᠠᠭᠤᠯᠵᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠲᠤᠰ ᠠᠭᠤᠯᠵᠠᠯᠲᠠ ᠳᠤ ᠣᠷᠤᠯᠴᠠᠪᠠ᠃

  4 ᠳ᠋ᠤᠭᠡᠷ ᠰᠠᠷ᠎ᠠ ᠶᠢᠨ 8 ᠤ ᠡᠳᠦᠷ ᠡᠴᠠ 9 ᠤ ᠡᠳᠦᠷ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠠᠶᠠᠨᠨᠠᠭᠤᠷ ᠬᠤᠲᠠ ᠳᠤ ᠭᠦᠨᠵᠡᠭᠡᠶᠢᠷᠡᠨ ᠬᠠᠪᠤᠷ ᠤᠨ ᠲᠠᠷᠢᠶᠠᠯᠠᠭ᠎ᠠ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠵᠢᠴᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠳᠠ ᠬᠢᠵᠦ᠂ ᠬᠢᠯᠢ ᠶᠢᠨ ᠲᠣᠮᠢᠯᠠᠭᠰᠠᠨ ᠰᠠᠯᠪᠤᠷᠢ ᠶᠢᠨ ᠺᠠᠳ᠋ᠷ ᠴᠠᠭᠳᠠᠭ᠎ᠠ ᠶᠢ ᠡᠷᠬᠢᠨ ᠦᠵᠡᠵᠦ ᠪᠣᠯᠭᠤᠭᠠᠨ ᠲᠣᠬᠤᠨᠢᠭᠤᠯᠪᠠ᠃

  4 ᠳ᠋ᠤᠭᠡᠷ ᠰᠠᠷ᠎ᠠ ᠶᠢᠨ 11 ᠤ ᠡᠳᠦᠷ   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠣᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠨᠢᠩᠰᠢᠶᠠ ᠶᠢᠨ ᠪᠦ᠋ᠦ ᠹᠧᠩ ᠡᠨᠧᠷᠭᠢ ᠶᠢᠨ ᠪᠦᠯᠦᠭᠯᠡᠯ ᠤᠨ ᠬᠤᠪᠢᠴᠠᠭᠠᠲᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠳ᠋ᠠᠩ ᠶᠠᠨ ᠪᠦ᠋ᠦ ᠲᠠᠢ ᠠᠭᠤᠯᠵᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠷᠢᠨ ᠪᠢᠴᠢᠭ᠌ ᠤᠨ ᠳᠠᠷᠤᠭ᠎ᠠ ᠢᠤᠢ ᠯᠢ ᠰᠢᠨ ᠲᠤᠰ ᠠᠭᠤᠯᠵᠠᠯᠲᠠ ᠳᠤ ᠣᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠶ ᠴᠢᠩ ᠶᠤᠸᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠨᠢᠩᠰᠢᠶᠠ ᠶᠢᠨ 8 ᠪᠣᠤ ᠹᠧᠩ ᠡᠨᠧᠷᠭᠢ ᠶᠢᠨ ᠪᠦᠯᠦᠭᠯᠡᠯ ᠤᠨ ᠬᠤᠪᠢᠴᠠᠭᠠᠲᠤ ᠬᠢᠵᠠᠭᠠᠷᠲᠤ ᠺᠣᠮᠫᠠᠨᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ᠃

  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠡᠴᠠ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠶᠢᠨ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠠᠵᠢᠯ ᠤᠨ ᠬᠠᠷᠢᠭᠤ ᠮᠡᠳᠡᠭᠦᠯᠦᠯᠲᠡ᠂ ᠲᠤᠭ᠎ᠠ ᠪᠦᠷᠢᠳᠬᠡᠯ ᠤᠨ ᠠᠵᠢᠯ ᠢ ᠰᠢᠮᠳᠠᠭᠤᠯᠤᠨ ᠪᠠᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠰᠠᠭᠤᠷᠢ ᠮᠦᠩᠭᠦᠨ ᠤ ᠠᠵᠢᠯ ᠤᠨ ᠲᠥᠰᠦᠯ᠂ ᠳᠡᠭᠡᠳᠦ ᠵᠡᠷᠭᠡ ᠶᠢᠨ ᠰᠤᠳᠤᠯᠤᠯ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠲᠥᠰᠦᠯ ᠢ ᠰᠤᠳᠤᠯᠪᠠ᠃ ᠬᠤᠷᠠᠯ ᠡᠴᠠ ᠪᠠᠰᠠ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠤ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠦᠯ ᠢ ᠬᠢᠨᠠᠨ ᠵᠥᠪᠯᠡᠵᠦ ᠪᠠᠲᠤᠯᠠᠪᠠ᠃

  ᠪᠦᠬᠦ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠴᠤᠭᠴᠠᠯᠠᠬᠤ ᠰᠤᠳᠤᠯᠤᠯ ᠤᠨ ᠰᠠᠭᠤᠷᠢᠨ ᠭᠠᠵᠠᠷ᠂ ᠰᠤᠷᠭᠠᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠵᠢᠴᠢ ᠵᠢᠭᠠᠬᠤ ᠮᠠᠲ᠋ᠧᠷᠢᠶᠠᠯ 《 ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠤᠢᠮᠤᠯᠠᠯ 》 ᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ  ᠴᠢ‍ ᠪᠠᠲᠤ ᠬᠤᠷᠠᠯ ᠳᠤ ᠣᠷᠣᠯᠴᠠᠪᠠ᠃ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠪᠣᠯᠤᠨ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠤ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠪᠡ᠃

  4 ᠳ᠋ᠤᠭᠡᠷ ᠰᠠᠷ᠎ᠠ ᠶᠢᠨ 12 ᠤᠨ ᠡᠳᠦᠷ   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠵᠢᠩ ᠤᠣ ᠨᠡᠷᠡᠨ ᠤ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠲᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠢᠨ  ᠪᠣᠤ ᠹᠠᠩ ᠲᠠᠢ ᠠᠭᠤᠯᠵᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠷᠢᠨ  ᠪᠢᠴᠢᠭ ᠦᠨ ᠳᠠᠷᠤᠭ᠎ᠠ ᠢᠤᠢ ᠯᠢ ᠰᠢᠨ ᠲᠤᠰ ᠠᠭᠤᠯᠵᠠᠯᠲᠠ ᠳᠤ ᠣᠷᠤᠯᠴᠠᠪᠠ᠃

  4 ᠳ᠋ᠤᠭᠡᠷ ᠰᠠᠷ᠎ᠠ ᠶᠢᠨ 15 ᠤ ᠡᠳᠦᠷ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠲᠥᠪ ᠤᠨ ᠨᠡᠶᠢᠭᠡᠮ ᠤᠨ ᠠᠵᠢᠯ ᠤᠨ ᠭᠡᠯᠲᠡᠰ ᠤᠨ ᠳᠠᠷᠤᠭ᠎ᠠ ᠦ᠋ ᠬᠠᠨ ᠱᠧᠩ ᠲᠠᠢ ᠠᠭᠤᠯᠵᠠᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢ ᠢᠤᠢ ᠭᠠᠩ᠂ ᠢᠤᠢ ᠯᠢ ᠰᠢᠨ ᠲᠤᠰ ᠠᠭᠤᠯᠵᠠᠯᠲᠠ ᠳᠤ ᠣᠷᠤᠯᠴᠠᠪᠠ᠃

  ᠪᠦᠬᠦ ᠣᠷᠣᠨ ᠤ ᠶᠠᠰᠤ ᠴᠢᠨᠠᠷ ᠤᠨ ᠠᠵᠢᠯ ᠤᠨ ᠬᠤᠷᠠᠯ ᠬᠦᠬᠡᠬᠤᠲᠠ ᠳᠤ ᠬᠤᠷᠠᠯᠳᠤᠪᠠ᠃ ᠬᠤᠷᠠᠯ ᠡᠴᠠ ᠶᠡᠷᠦᠩᠬᠡᠶ ᠱᠦᠵᠢ ᠰᠢ ᠶᠢᠨ ᠫᠢᠩ ᠤᠨ ᠶᠠᠰᠤ ᠴᠢᠨᠠᠷ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠦᠨ ᠪᠦᠲᠦᠭᠡᠨ ᠪᠠᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ  ᠴᠢ‍ ᠪᠠᠲᠤ ᠬᠤᠷᠠᠯ ᠢ ᠡᠷᠭᠢᠯᠡᠪᠡ᠃ ᠬᠤᠷᠠᠯ ᠳᠡᠭᠡᠷ᠎ᠡ᠂ 2023 ᠣᠨ ᠤ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠭᠥᠷᠳᠡᠭᠰᠡᠨ ᠠᠵᠤ ᠠᠬᠤᠶᠢᠯᠠᠯ ᠢ ᠬᠥᠬᠢᠭᠦᠯᠦᠨ ᠰᠠᠶᠢᠰᠢᠶᠠᠵᠤ᠂ ᠪᠤᠭᠤᠲᠤ ᠬᠤᠲᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠪᠣᠯᠤᠨ ᠪᠤᠭᠤᠲᠤ ᠬᠤᠲᠠ ᠶᠢᠨ ᠶᠢᠩ ᠰᠧ ᠲᠧ ᠬᠤᠪᠣᠷ ᠰᠢᠷᠤᠢ ᠶᠢᠨ ᠪᠠᠢᠩᠭᠤ ᠰᠣᠷᠢᠨᠵᠢᠨ ᠤ ᠰᠢᠨ᠎ᠡ ᠮᠠᠲ᠋ᠧᠷᠢᠶᠠᠯ ᠤᠨ ᠬᠤᠪᠢᠴᠠᠭᠠᠲᠤ ᠬᠢᠵᠠᠭᠠᠷᠲᠤ ᠺᠣᠮᠫᠠᠨᠢ ᠰᠠᠨᠠᠯ ᠢᠶᠠᠨ ᠰᠣᠯᠢᠯᠴᠠᠬᠤ ᠦᠭᠡ ᠬᠡᠯᠡᠵᠦ᠂ ᠥᠪᠥᠷ ᠮᠣᠩᠭᠤᠯ ᠤᠨ ᠢᠯᠢ ᠪᠤᠳᠠᠳᠤ ᠦᠶᠯᠡᠰ ᠤᠨ ᠪᠦᠯᠦᠭᠯᠡᠯ ᠤᠨ ᠬᠤᠪᠢᠴᠠᠭᠠᠲᠤ ᠬᠢᠵᠠᠭᠠᠷᠲᠤ ᠺᠣᠮᠫᠠᠨᠢ ᠶᠠᠰᠤ ᠴᠢᠨᠠᠷ ᠤᠨ ᠲᠠᠯ᠎ᠠ ᠪᠠᠷ ᠰᠠᠨᠠᠭᠠᠴᠢᠯᠠᠭ᠎ᠠ ᠭᠠᠷᠭᠠᠪᠠ᠃ ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠪᠠ᠃

  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠠᠵᠤ ᠠᠬᠤᠢᠯᠠᠯ ᠳᠤ ᠪᠠᠢᠴᠠᠭᠠᠨ ᠰᠤᠳᠤᠯᠤᠯᠲᠠ ᠬᠢᠵᠦ᠂ ᠨᠡᠢᠭᠡᠮ ᠲᠣᠭᠤᠷᠢᠭ ᠢᠶᠠᠷ ᠠᠢᠯᠴᠢᠯᠠᠨ ᠬᠦᠷᠴᠦ᠂ ᠳᠤᠯᠠᠭᠠᠯᠠᠭ᠎ᠠ ᠶᠢᠨ ᠢᠨᠵᠧᠨᠧᠷᠢᠩ ᠤᠨ ᠪᠠᠷᠢᠯᠭ᠎ᠠ ᠡᠬᠢᠯᠡᠭᠦᠯᠦᠭᠰᠡᠨ ᠪᠠᠢᠳᠠᠯ ᠢ ᠪᠤᠳᠠᠳᠤ ᠭᠠᠵᠠᠷ ᠲᠤ ᠨᠢ ᠣᠢᠯᠠᠭᠠᠪᠠ᠄ ᠳ᠋ᠠ ᠲᠠᠩ ᠺᠤᠮᠫᠠᠨᠢ ᠶᠢᠨ ᠢᠯᠴᠢ ᠡᠭᠦᠰᠭᠡᠭᠴᠢ ᠶᠢ ᠬᠥᠬᠡᠬᠤᠲᠠ ᠳᠤ ᠣᠷᠤᠭᠤᠯᠬᠤ ᠢᠨᠵᠧᠨᠧᠷᠢᠩ ᠤᠨ ᠪᠠᠨᠳᠢ ᠶᠢᠨ ᠠᠢᠯ ᠳᠠᠬᠢ ᠳᠠᠷᠤᠴᠠ ᠲᠣᠬᠢᠷᠠᠭᠤᠯᠬᠤ ᠥᠷᠲᠡᠭᠡᠨ ᠤ ᠦᠢᠯᠡᠳᠪᠦᠷᠢ ᠶᠢᠨ ᠲᠠᠰᠤᠭ ᠲᠤ ᠣᠷᠣᠵᠤ᠂ ᠳᠤᠯᠠᠭᠠᠯᠠᠭ᠎ᠠ ᠶᠢᠨ ᠢᠨᠵᠧᠨᠧᠷᠢᠩ ᠤᠨ ᠢᠯᠴᠢ ᠡᠭᠦᠰᠭᠡᠭᠴᠢ᠂ ᠢᠯᠴᠢ ᠬᠠᠩᠭᠠᠬᠤ ᠲᠣᠣᠷ ᠤᠨ ᠪᠦᠳᠦᠭᠡᠨ ᠪᠠᠶᠢᠭᠤᠯᠤᠯᠲᠠ ᠶᠢᠨ ᠲᠥᠯᠥᠪᠯᠡᠭᠡ ᠪᠣᠯᠤᠨ ᠲᠦᠯᠡᠰᠢᠨ ᠨᠡᠭᠦᠷᠡᠰᠦ ᠶᠢ ᠲᠠᠷᠠᠬᠠᠢ ᠰᠢᠲᠠᠭᠠᠬᠤ ᠶᠢ ᠵᠠᠰᠠᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ︔ ᠲᠢᠶᠠᠨ ᠢᠤᠢ ᠰᠢᠩ ᠶᠤᠸᠠᠨ ᠰᠠᠭᠤᠭᠠᠯᠢ ᠲᠣᠭᠤᠷᠢᠭ ᠤᠨ ᠥᠭᠡᠷᠡᠴᠢᠯᠡᠨ ᠰᠢᠨᠡᠳᠭᠡᠬᠦ ᠢᠨᠵᠧᠨᠧᠷᠢᠩ ᠤᠨ ᠲᠤᠬᠠᠢ ᠶᠢᠨ ᠲᠠᠯᠠᠪᠠᠢ ᠳᠤ ᠬᠦᠷᠴᠦ ᠬᠤᠭᠤᠯᠠᠢ ᠭᠤᠣᠷᠰᠤ ᠳᠡᠪᠢᠰᠴᠦ ᠪᠠᠢᠭ᠎ᠠ ᠠᠬᠢᠴᠠ ᠶᠢ ᠪᠠᠶᠢᠴᠠᠭᠠᠨ ᠦᠵᠡᠵᠦ᠂ ᠬᠤᠭᠤᠯᠠᠢ ᠭᠤᠣᠷᠰᠤ ᠶᠢᠨ ᠮᠠᠲ᠋ᠧᠷᠢᠶᠠᠯ ᠤᠭᠰᠠᠷᠠᠭ᠎ᠠ ᠲᠤᠨᠤᠭ ᠤᠨ ᠶᠠᠰᠤ ᠴᠢᠨᠠᠷ ᠢ ᠣᠶᠢᠯᠠᠭᠠᠪᠠ︔ ᠵᠡᠭᠦᠨ ᠲᠣᠭᠤᠷᠢᠭ ᠵᠠᠮ ᠤᠨ ᠢᠯᠴᠢ ᠬᠠᠩᠭᠠᠬᠤ ᠬᠤᠭᠤᠯᠠᠢ ᠲᠣᠣᠷ ᠤᠨ ᠲᠦᠷᠦᠯ ᠵᠦᠢᠯ ᠤᠨ ᠪᠠᠷᠢᠯᠭ᠎ᠠ ᠶᠢᠨ ᠭᠠᠵᠠᠷ ᠲᠤ ᠬᠦᠷᠴᠦ᠂ ᠪᠠᠷᠢᠯᠭ᠎ᠠ ᠶᠢᠨ ᠲᠦᠢᠮᠣ ᠪᠠᠶᠢᠳᠠᠯ᠂ ᠠᠬᠢᠴᠠ ᠶᠢᠨ ᠲᠤᠬᠢᠷᠠᠭᠤᠯᠤᠯᠳᠠ ᠪᠣᠯᠤᠨ ᠪᠠᠷᠢᠯᠭ᠎ᠠ ᠳᠠᠭᠤᠰᠬᠤ ᠴᠠᠭ ᠢ ᠨᠠᠷᠢᠨ ᠯᠠᠪᠯᠠᠨ ᠠᠰᠠᠭᠤᠪᠠ᠃ ᠸᠠᠩ ᠯᠢ ᠰᠢᠶᠠ ᠪᠠᠰᠠ ᠪᠥᠬᠦ ᠣᠷᠣᠨ ᠤ ᠳᠤᠯᠠᠭᠠᠯᠠᠭ᠎ᠠ ᠶᠢᠨ ᠢᠨᠵᠧᠨᠧᠷᠢᠩ ᠤᠨ ᠪᠠᠷᠢᠯᠭ᠎ᠠ ᠡᠬᠢᠯᠡᠭᠦᠯᠦᠭᠰᠡᠨ ᠪᠠᠶᠢᠳᠠᠯ ᠳᠤ ᠪᠠᠶᠢᠷᠢᠯᠠᠭᠤᠯᠤᠯᠲᠠ ᠬᠢᠪᠠ᠃

  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠥᠬᠡᠬᠤᠲᠠ ᠳᠤ ᠵᠢᠶᠠᠩᠰᠦ ᠮᠤᠵᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠮᠤᠵᠢ ᠶᠢᠨ ᠪᠠᠶᠢᠩᠭᠤ ᠶᠢᠨ ᠳᠡᠳ᠋ ᠳᠠᠷᠤᠭ᠎ᠠ ᠮᠠ ᠰᠢᠨ ᠲᠠᠢ ᠠᠭᠤᠯᠵᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠵᠢᠶᠠᠩᠰᠦ ᠮᠤᠵᠢ ᠶᠢᠨ ᠠᠷᠠᠳ ᠤᠨ ᠵᠠᠰᠠᠭ ᠤᠨ ᠣᠷᠳᠣᠨ ᠲᠠᠢ ᠡᠨᠧᠷᠭᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ᠃

  ᠪᠦᠬᠦ ᠣᠷᠣᠨ ᠤ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠵᠢᠴᠢ ᠬᠠᠤᠯᠢᠵᠢᠭᠰᠠᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠤᠬᠠᠢ ᠶᠢᠨ ᠲᠠᠯᠠᠪᠠᠢ ᠶᠢᠨ ᠬᠤᠷᠠᠯ ᠪᠤᠭᠤᠲᠤ ᠬᠤᠳᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠤᠤ ᠬᠤᠷᠠᠯ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠬᠤᠯᠪᠣᠭ᠎ᠠ ᠳᠤ ᠫᠠᠶᠢᠰᠠ ᠣᠯᠭᠤᠪᠠ᠃


ᠭᠠᠷ ᠤᠲᠠᠰᠤ ᠪᠠᠷ ᠦᠵᠡᠬᠦ