ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2024 ᠣᠨ ᠤ 5 ᠳ᠋ᠤᠭᠠᠷ ᠤᠳᠠᠭᠠᠨ ᠦ ᠪᠠᠶᠢᠩᠭᠤ ᠶᠢᠨ ᠬᠤᠷᠠᠯ

  2 ᠳ᠋ᠤᠭᠠᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠦ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2024 ᠣᠨ ᠤ 5 ᠳ᠋ᠤᠭᠠᠷ ᠤᠳᠠᠭᠠᠨ ᠦ ᠪᠠᠶᠢᠩᠭᠤ ᠶᠢᠨ ᠬᠤᠷᠠᠯ  ᠵᠢᠴᠢ ︽ ᠵᠢᠷᠭᠤᠭᠠᠨ ᠢᠨᠵᠧᠨᠧᠷᠢᠩ ︾ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃

  ᠬᠤᠷᠠᠯ ᠡᠴᠠ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ᠲᠠᠪᠤᠨ ᠶᠡᠭᠡ ᠡᠭᠦᠷᠭᠡ᠂ ︽ ᠵᠢᠷᠭᠤᠭᠠᠨ ᠢᠨᠵᠧᠨᠧᠷᠢᠩ ︾ ᠳᠤ ᠠᠩᠬᠠᠷᠤᠯ ᠢᠶᠠᠨ ᠲᠥᠪᠯᠡᠷᠡᠭᠦᠯᠦᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠵᠠᠰᠠᠭ ᠤᠨ ᠣᠷᠳᠣᠨ ᠤ ᠥᠷᠢ ᠥᠭᠴᠡᠭᠡ᠂ ᠭᠡᠷ ᠪᠠᠢᠢᠰᠢᠩ ᠭᠠᠵᠠᠷ ᠬᠥᠷᠥᠩᠭᠡ ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠠᠷᠢᠯᠭᠠᠵᠤ᠂ ︽ ᠮᠢᠨ᠎ᠡ ᠳᠡᠯᠪᠡᠷᠡᠬᠦ ︾ ᠪᠠᠶᠢᠳᠠᠯ ᠡᠭᠦᠰᠬᠦ ᠡᠴᠡ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

  ᠬᠤᠷᠠᠯ ᠡᠴᠠ ᠥᠪᠡᠷᠲᠡᠭᠡᠨ ᠵᠠᠰᠠᠬᠤ ᠣᠷᠣᠨ ᠤ ︽ ᠬᠤᠶᠠᠷ ᠬᠤᠷᠠᠯ ︾ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ ᠵᠠᠰᠠᠭ ᠤᠨ ᠣᠷᠳᠣᠨ ᠤ ᠠᠵᠢᠯ ᠤᠨ ᠢᠯᠡᠳᠬᠡᠯ ︾ ᠤᠨ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠬᠢᠨᠠᠨ ᠵᠥᠪᠯᠡᠵᠦ ᠪᠠᠲᠤᠯᠠᠨ᠂ 283 ᠵᠦᠢᠯ ᠤᠨ ᠭᠤᠣᠯᠳᠠᠯᠭ᠎ᠠ ᠲᠠᠢ ᠡᠭᠦᠷᠭᠡ ᠪᠣᠯᠣᠨ 33 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠴᠢᠩᠭ᠎ᠠ ᠠᠩᠬᠠᠷᠴᠤ᠂ ᠣᠨᠴᠠᠭᠠᠶᠢᠯᠠᠨ ︽ ᠵᠢᠷᠭᠤᠭᠠᠨ ᠢᠨᠵᠧᠨᠧᠷᠢᠩ ︾ ᠢ ᠴᠢᠩᠭ᠎ᠠ ᠠᠩᠬᠠᠷᠴᠤ᠂ ᠵᠦᠢᠯ ᠳᠠᠷᠠᠭᠠᠯᠠᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠠᠵᠢᠯ ᠤᠨ ᠭᠤᠭᠴᠤᠭ᠎ᠠ ᠶᠢ ᠲᠣᠩᠭᠤᠷᠠᠭᠤ ᠵᠢᠭᠰᠠᠭᠠᠵᠤ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠳᠡᠳ᠋ ᠲᠡᠷᠢᠭᠦᠯᠡᠭᠴᠢ ᠨᠠᠷ ᠪᠡᠶ᠎ᠡ ᠪᠠᠷ ᠢᠶᠠᠨ ᠣᠷᠣᠯᠴᠠᠵᠤ᠂ ᠪᠣᠳᠠᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠠᠵᠢᠯ ᠢᠶᠠᠨ ᠱᠠᠯᠠᠪᠳᠠᠨ ᠡᠬᠢᠯᠡᠭᠦᠯᠵᠦ᠂ ᠠᠵᠢᠯ ᠢᠶᠠᠨ ᠲᠦᠷᠭᠡᠳᠬᠡᠨ᠂ ᠴᠠᠭ ᠲᠠᠭᠠᠨ ᠳᠠᠭᠤᠰᠬᠠᠬᠤ ᠬᠡᠷᠡᠭᠲᠡᠢ︔ ᠡᠯ᠎ᠡ ᠲᠢᠩᠬᠢᠮ ᠲᠣᠪᠴᠢᠶ᠎ᠠ ᠰᠠᠨᠠᠭᠠᠴᠢᠯᠠᠭ᠎ᠠ ᠡᠴᠠ ᠪᠠᠨ ᠠᠵᠢᠯ ᠬᠢᠵᠦ᠂ ᠬᠤᠶᠢᠰᠢᠯᠠᠭᠤᠯᠬᠤ ᠦᠭᠡᠢ ᠤᠳᠠᠭᠠᠰᠢᠷᠠᠭᠤᠯᠬᠤ ᠦᠭᠡᠢ ᠪᠠᠶᠢᠵᠤ᠂ ᠲᠤᠳᠤᠷᠬᠠᠢ ᠬᠠᠭᠤᠳᠠᠰᠤ ᠵᠢᠨ ᠤᠬᠠᠮᠰᠠᠷ ᠵᠢᠨᠨ ᠴᠢᠩᠭᠠᠳᠬᠠᠵᠤ᠂ ᠴᠠᠭ ᠲᠤᠬᠠᠢ ᠳ᠋ᠤᠨᠢ ᠴᠢᠨᠠᠷ ᠢ ᠪᠠᠲᠤᠯᠠᠨ ᠠᠵᠢᠯ ᠵᠢᠨᠨ ᠪᠡᠶᠡᠯᠡᠬᠦᠯᠬᠦ ᠬᠡᠷᠡᠭᠲᠡᠢ ᠭᠡᠵᠦ ᠴᠢᠬᠤᠯᠠᠴᠢᠯᠠᠪᠠ᠃

  ᠬᠤᠷᠠᠯ ᠡᠴᠠ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠠᠬᠢᠭᠤᠯᠬᠤ ᠲᠥᠰᠥᠯ ᠢ ᠬᠢᠨᠠᠨ ᠵᠥᠪᠯᠡᠵᠦ ᠪᠠᠲᠤᠯᠠᠨ᠂ ᠡᠭᠦᠷᠭᠡ ᠪᠠᠨ ᠲᠣᠳᠣᠷᠬᠠᠶᠢᠯᠠᠵᠤ᠂ ᠭᠦᠢᠴᠡᠳ ᠪᠡᠯᠡᠳᠬᠡᠯ ᠬᠢᠵᠦ᠂ ᠬᠠᠪᠤᠷ ᠡᠬᠢᠯᠡᠮᠡᠭᠴᠡ ᠭᠠᠷᠳᠠᠨ ᠬᠢᠵᠦ᠂ ︽ ᠠᠩᠬᠠᠨ ᠤ ᠳᠠᠶᠢᠯᠠᠯᠳᠤᠭᠠᠨ ︾ ᠢ ᠰᠠᠶᠢᠲᠤᠷ ᠬᠢᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

  ᠬᠤᠷᠠᠯ ᠡᠴᠠ ᠰᠢᠨ᠎ᠡ ᠡᠨᠧᠷᠭᠢ ᠪᠠ ᠴᠠᠬᠢᠯᠭᠠᠨ ᠲᠣᠣᠷ ᠤᠨ ᠬᠢᠨᠠᠨ ᠵᠥᠪᠰᠢᠶᠡᠷᠡᠬᠦ ᠪᠦᠲᠦᠭᠡᠨ ᠪᠠᠶᠢᠭᠤᠯᠤᠯᠲᠠ ᠶᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠰᠤᠳᠤᠯᠵᠤ᠂ ᠲᠥᠷᠥᠯ ᠵᠦᠢᠯ ᠤᠨ ᠭᠠᠵᠠᠷ ᠰᠢᠷᠣᠢ ᠶᠢᠨ ᠭᠠᠷᠳᠠᠮ ᠢ ᠭᠦᠢᠴᠡᠳᠬᠡᠬᠦ ᠵᠡᠷᠭᠡ 13 ᠵᠤᠷᠪᠤᠰ ᠬᠠᠲᠠᠭᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠰᠠᠶᠢᠨ ᠳᠦᠷᠢᠮ᠂ ᠲᠦᠷᠭᠡᠨ ᠦᠢᠯᠡᠴᠢᠯᠡᠭᠡ ᠶᠢᠨ ᠪᠣᠳᠠᠲᠤ ᠦᠷ᠎ᠡ ᠪᠦᠲᠦᠮᠵᠢ ᠪᠠᠷ ᠨᠠᠮ ᠤᠨ ᠬᠤᠷᠢᠶᠠᠨ ᠦ ︽ ᠰᠢᠨ᠎ᠡ ᠡᠨᠧᠷᠭᠢ ᠶᠢ ᠴᠢᠩᠭ᠎ᠠ ᠠᠳᠬᠤᠨ ᠱᠠᠯᠠᠪᠳᠠᠨ ᠬᠢᠬᠦ ︾ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠲᠣᠳᠣᠷᠬᠠᠶᠢᠯᠠᠪᠠ᠃

  ᠬᠤᠷᠠᠯ ᠡᠴᠠ ᠥᠪᠡᠷᠲᠡᠭᠡᠨ ᠵᠠᠰᠠᠬᠤ ᠣᠷᠣᠨ ᠤ ︽ ᠨᠠᠮ ᠵᠠᠰᠠᠭ ᠦᠨ ᠪᠠᠢᠢᠭᠤᠯᠭ᠎ᠠ ᠢᠢᠨ ᠶᠡᠬᠡ ᠬᠦᠷᠢᠶᠡᠨ ᠳ᠋ᠤ ᠢᠨᠵᠧᠨᠧᠷᠢᠩ ᠦᠨ ᠲᠦᠷᠦᠯ ᠵᠦᠢᠯ ᠦᠭᠡᠢ ᠤᠨ ︾ ᠭᠡᠬᠦ ᠬᠡᠷᠡᠭᠵᠢᠭᠦᠯᠬᠦ ᠲᠥᠰᠥᠯ ᠢ ᠬᠢᠨᠠᠨ ᠵᠥᠪᠯᠡᠵᠦ ᠪᠠᠲᠤᠯᠠᠨ᠂ ᠡᠯ᠎ᠡ ᠱᠠᠲᠤᠨ ᠤ ᠨᠠᠮ ᠵᠠᠰᠠᠭ ᠤᠨ ᠶᠡᠭᠡ ᠬᠦᠷᠢᠶᠡᠨ ᠤ ᠢᠨᠵᠧᠨᠧᠷᠢᠩ ᠤᠨ ᠲᠥᠷᠥᠯ ᠵᠦᠢᠯ ᠢ ᠴᠢᠩᠭ᠎ᠠ ᠬᠠᠮᠢᠶᠠᠷᠴᠤ᠂ ᠪᠠᠭᠠᠰᠬᠠᠪᠠᠰᠤ ᠵᠣᠬᠢᠬᠤ ᠶᠢ ᠨᠢ ᠪᠥᠬᠦᠨ ᠢ ᠪᠠᠭᠠᠰᠬᠠᠵᠤ᠂ ᠬᠠᠰᠤᠪᠠᠰᠤ ᠵᠣᠬᠢᠬᠤ ᠶᠢ ᠨᠢ ᠪᠥᠬᠦᠨ ᠢ ᠬᠠᠰᠤᠵᠤ᠂ ᠴᠢᠬᠤᠯᠠ ᠦᠭᠡᠢ ᠪᠣᠯ ᠬᠡᠷᠡᠭᠵᠢᠭᠦᠯᠬᠦ ᠦᠭᠡᠢ ᠪᠠᠶᠢᠵᠤ᠂ ᠪᠥᠬᠦ ᠨᠡᠶᠢᠭᠡᠮ ᠤᠨ ᠡᠬᠢ ᠪᠠᠶᠠᠯᠢᠭ ᠢ ᠪᠥᠬᠦ ᠲᠠᠯ᠎ᠠ ᠪᠠᠷ ᠠᠷᠪᠢᠯᠠᠨ ᠡᠷᠴᠢᠮᠵᠢᠭᠦᠯᠦᠨ ᠠᠰᠢᠬᠯᠠᠬᠤ ᠶᠢ ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃

  ᠬᠤᠷᠠᠯ ᠡᠴᠠ ᠪᠥᠬᠦ ᠤᠯᠤᠰ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ︔ 2023 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃



ᠭᠠᠷ ᠤᠲᠠᠰᠤ ᠪᠠᠷ ᠦᠵᠡᠬᠦ