ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠭᠡᠨᠡᠳᠡᠯ ᠤᠨ ᠪᠠᠴᠢᠮ ᠪᠠᠢᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ

ᠡᠯ᠎ᠡ ᠠᠢᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠢᠢᠯᠠᠯ᠂ ᠠᠵᠢᠯ ᠦᠢᠯᠡᠰ ᠤᠨ ᠨᠢᠭᠡᠴᠢ ᠳᠤ᠄

  ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠭᠡᠨᠡᠳᠡᠯ ᠤᠨ ᠪᠠᠴᠢᠮ ᠪᠠᠢᠢᠳᠠᠯ ᠢ ᠠᠷᠭᠠᠴᠠᠭᠠᠬᠤ ᠪᠡᠯᠡᠳᠬᠡᠯ ᠲᠥᠰᠥᠯ ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠢᠢᠳᠠᠪᠤᠷᠢᠵᠢᠭᠤᠯᠲᠤᠭᠠᠢ᠃

                    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ

                     ᠲᠣᠣᠷ ᠰᠦᠯᠵᠢᠶ᠎ᠡ ᠶᠢᠨ  ᠭᠡᠨᠡᠳᠡᠯ ᠤᠨ   ᠪᠠᠴᠢᠮ  ᠪᠠᠢᠢᠳᠠᠯ ᠢ  ᠠᠷᠭᠠᠴᠠᠭᠠᠬᠤ   ᠪᠡᠯᠡᠳᠬᠡᠯ  ᠲᠦᠰᠦᠯ

  ᠭᠠᠷᠴᠠᠭ

  1   ᠶᠡᠷᠦᠩᠬᠡᠢ ᠳᠦᠷᠢᠮ

  1.1   ᠲᠣᠭᠲᠠᠭᠠᠭᠰᠠᠨ ᠵᠣᠷᠢᠯᠭ᠎ᠠ

  1.2   ᠲᠣᠭᠲᠠᠭᠠᠭᠰᠠᠨ ᠦᠨᠳᠦᠰᠦᠯᠡᠯ

  1.3   ᠬᠡᠷᠡᠭᠯᠡᠭᠳᠡᠬᠦ ᠬᠦᠷᠢᠶ᠎ᠡ ᠬᠡᠪᠴᠢᠶ᠎ᠡ

  1.4   ᠠᠵᠢᠯᠯᠠᠬᠤ ᠵᠠᠷᠴᠢᠮ

  1.5   ᠪᠡᠯᠡᠳᠬᠡᠯ ᠲᠥᠰᠥᠯ ᠤᠨ ᠲᠣᠭᠲᠠᠯᠴᠠᠭ᠎ᠠ

  2   ᠪᠠᠴᠢᠮ ᠪᠠᠢᠢᠳᠠᠯ ᠢ ᠠᠷᠭᠠᠴᠠᠭᠠᠬᠤ ᠵᠢᠯᠣᠭᠤᠳᠤᠯᠭ᠎ᠠ

  2.1   ᠵᠢᠯᠤᠭᠤᠳᠬᠤ ᠭᠠᠵᠠᠷ ᠤᠨ ᠪᠦᠷᠢᠯᠳᠦᠯ

  2.2   ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠢᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠯᠪᠠᠨ ᠭᠡᠷ ᠤᠨ ᠪᠦᠷᠢᠯᠳᠦᠯ

  2.3   ᠵᠢᠯᠤᠭᠤᠳᠬᠤ ᠲᠣᠭᠲᠠᠯᠴᠠᠭ᠎ᠠ ᠶᠢᠨ ᠡᠭᠦᠷᠭᠡ ᠬᠠᠷᠢᠭᠤᠴᠠᠯᠭ᠎ᠠ

  2.3.1   ᠵᠢᠯᠤᠭᠤᠳᠬᠤ ᠭᠠᠵᠠᠷ ᠤᠨ ᠡᠭᠦᠷᠭᠡ ᠬᠠᠷᠢᠭᠤᠴᠠᠯᠭ᠎ᠠ

  2.3.2   ᠪᠠᠴᠢᠮ ᠪᠠᠢᠢᠳᠠᠯ ᠢ ᠠᠷᠭᠠᠴᠠᠭᠠᠬᠤ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ

  2.3.3   ᠪᠦᠷᠢᠯᠳᠦᠭᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ

  2.4   ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠢᠢᠳᠠᠯ ᠢ ᠠᠷᠭᠠᠴᠠᠭᠠᠬᠤ ᠪᠠᠲᠤᠯᠠᠭ᠎ᠠ ᠶᠢᠨ ᠲᠤᠰᠬᠠᠢ ᠮᠡᠷᠭᠡᠵᠢᠯᠲᠡᠨ ᠤ ᠳᠤᠭᠤᠢᠢᠯᠠᠩ ᠤᠨ ᠪᠦᠷᠢᠯᠳᠦᠯ ᠬᠢᠭᠡᠳ ᠡᠭᠦᠷᠭᠡ ᠬᠠᠷᠢᠭᠤᠴᠠᠯᠭ᠎ᠠ

  3   ᠤᠷᠢᠳᠴᠢᠯᠠᠨ ᠰᠡᠷᠭᠡᠢᠢᠯᠡᠬᠦ ᠬᠢᠭᠡᠳ ᠰᠡᠷᠡᠮᠵᠢᠯᠡᠭᠦᠯᠬᠦ

  3.1   ᠤᠷᠢᠳᠴᠢᠯᠠᠨ ᠰᠡᠷᠭᠡᠢᠢᠯᠡᠬᠦ ᠲᠣᠭᠲᠠᠴᠠ

  3.2   ᠰᠡᠷᠡᠮᠵᠢᠯᠡᠭᠦᠯᠬᠦ ᠳᠡᠰ ᠬᠤᠪᠢᠶᠠᠬᠤ

  3.3   ᠰᠡᠷᠡᠮᠵᠢᠯᠡᠭᠦᠯᠬᠦ ᠬᠢᠨᠠᠨ ᠰᠢᠨᠵᠢᠯᠲᠡ

  3.4   ᠰᠡᠷᠡᠮᠵᠢᠯᠡᠭᠦᠯᠬᠦ ᠨᠡᠪᠲᠡᠷᠡᠭᠦᠯᠭᠡ

  3.5   ᠰᠡᠷᠡᠮᠵᠢᠯᠡᠭᠦᠯᠬᠦ ᠶᠢ ᠳᠠᠭᠠᠬᠤ

  4   ᠪᠠᠴᠢᠮ ᠪᠠᠢᠢᠳᠠᠯ ᠤᠨ ᠠᠷᠭᠠᠴᠠᠭᠠᠯᠲᠠ ᠶᠢ ᠳᠠᠭᠠᠬᠤ

  4.1   ᠠᠵᠢᠯ ᠤᠨ ᠲᠣᠭᠲᠠᠴᠠ

  4.1.1   ᠳᠡᠰ ᠬᠤᠪᠢᠶᠠᠨ ᠤᠷᠢᠶᠠᠯᠠᠨ ᠳᠠᠭᠠᠬᠤ

  4.1.2   ᠵᠢᠯᠣᠭᠤᠳᠴᠤ ᠬᠤᠯᠪᠤᠭᠠᠯᠠᠨ ᠬᠦᠳᠡᠯᠦᠯᠴᠡᠬᠦ

  4.1.3   ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ

  4.1.4   ᠴᠡᠷᠢᠭ ᠠᠩᠭᠢ ᠪᠠ ᠣᠷᠣᠨ ᠨᠤᠲᠤᠭ ᠬᠤᠯᠪᠣᠭᠠᠯᠠᠨ ᠪᠠᠲᠤᠯᠠᠬᠤ

  4.2   ᠤᠷᠢᠳ ᠢᠶᠠᠷ ᠰᠢᠢᠳᠪᠦᠷᠢᠯᠡᠬᠦ ᠪᠠ ᠮᠡᠳᠡᠭᠡ ᠵᠠᠩᠭᠢ ᠶᠢ ᠠᠩᠬ᠎ᠠ ᠮᠡᠳᠡᠭᠦᠯᠬᠦ

  4.3   Ⅰ ᠳᠡᠰ ᠤᠨ ᠪᠠᠴᠢᠮ ᠪᠠᠢᠢᠳᠠᠯ ᠤᠨ ᠠᠷᠭᠠᠴᠠᠭᠠᠯᠲᠠ ᠶᠢ ᠳᠠᠭᠠᠬᠤ

  4.3.1   ᠡᠬᠢᠯᠡᠭᠦᠯᠬᠦ ᠨᠥᠬᠦᠴᠡᠯ

  4.3.2   Ⅰ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ

  4.3.3   Ⅰ ᠳᠡᠰ ᠤᠨ ᠤᠷᠢᠶᠠᠯᠠᠨ ᠳᠠᠭᠠᠬᠤ ᠠᠵᠢᠯᠯᠠᠭᠠᠨ

  4.4   Ⅱ ᠳᠡᠰ ᠤᠨ ᠪᠠᠴᠢᠮ ᠪᠠᠢᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ

  4.4.1   ᠡᠬᠢᠯᠡᠭᠦᠯᠬᠦ ᠨᠥᠬᠦᠴᠡᠯ

  4.4.2   Ⅱ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ

  4.4.3   Ⅱ ᠳᠡᠰ ᠤᠨ ᠤᠷᠢᠶᠠᠯᠠᠨ ᠳᠠᠭᠠᠬᠤ ᠠᠵᠢᠯᠯᠠᠭᠠᠨ

  4. 5   Ⅲ ᠲᠠᠰ ᠤᠨ ᠪᠠᠴᠢᠮ ᠪᠠᠢᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ

  4.5.1   ᠡᠬᠢᠯᠡᠭᠦᠯᠬᠦ ᠨᠥᠬᠦᠴᠡᠯ

  4.5.2   Ⅲ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ

  4.5.3   Ⅲ ᠳᠡᠰ ᠤᠨ ᠤᠷᠢᠶᠠᠯᠠᠨ ᠳᠠᠭᠠᠬᠤ ᠠᠵᠢᠯᠯᠠᠭᠠᠨ

  4. 6   Ⅳ ᠳᠡᠰ ᠤᠨ ᠪᠠᠴᠢᠮ ᠪᠠᠢᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ

  4.6.1   ᠡᠬᠢᠯᠡᠭᠦᠯᠬᠦ ᠨᠥᠬᠦᠴᠡᠯ

  4.6.2   Ⅳ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ

  4.6.3   Ⅳ ᠳᠡᠰ ᠤᠨ ᠤᠷᠢᠶᠠᠯᠠᠨ ᠳᠠᠭᠠᠬᠤ ᠠᠵᠢᠯᠯᠠᠭᠠᠨ

  4.7   ᠴᠢᠮᠡᠭᠡ ᠬᠤᠯᠪᠣᠭᠠᠨ ᠤ ᠪᠠᠲᠤᠯᠠᠭ᠎ᠠ ᠪᠠ ᠵᠠᠪᠳᠤᠨ ᠵᠠᠰᠠᠵᠤ ᠰᠡᠷᠭᠦᠭᠡᠬᠦ ᠠᠵᠢᠯ ᠤᠨ ᠵᠠᠷᠴᠢᠮ

  4.8   ᠲᠣᠣᠷ ᠰᠦᠯᠵᠢᠶ᠎ᠡ ᠶᠢᠨ ᠲᠦᠭᠵᠢᠷᠡᠯ ᠢ ᠰᠢᠢᠳᠪᠦᠷᠢᠯᠡᠬᠦ

  4.9   ᠮᠡᠳᠡᠭᠡ ᠵᠠᠩᠭᠢ ᠶᠢ ᠨᠡᠪᠲᠡᠷᠡᠭᠦᠯᠦᠨ ᠮᠡᠳᠡᠭᠡᠯᠡᠬᠦ ᠪᠠ ᠨᠡᠢᠢᠲᠡᠯᠡᠬᠦ

  4.10   ᠪᠠᠴᠢᠮ ᠪᠠᠢᠢᠳᠠᠯ ᠢ ᠠᠷᠭᠠᠴᠠᠭᠠᠬᠤ ᠠᠵᠢᠯᠯᠠᠭ᠎ᠠ ᠳᠠᠭᠤᠰᠬᠤ

  5   ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ

  5.1   ᠳ᠋ᠦᠩᠨᠡᠯᠲᠡ ᠬᠢᠵᠦ ᠦᠨᠡᠯᠡᠨ ᠵᠢᠱᠢᠬᠦ

  5.2   ᠲᠠᠲᠠᠪᠤᠷᠢᠯᠠᠨ ᠬᠡᠷᠡᠭᠯᠡᠭᠰᠡᠨ ᠲᠥᠯᠥᠪᠦᠷᠢ

  5.3   ᠰᠡᠷᠭᠦᠭᠡᠬᠦ ᠬᠢᠭᠡᠳ ᠲᠠᠬᠢᠨ ᠪᠠᠶᠢᠭᠤᠯᠬᠤ

  5.4   ᠱᠠᠩᠨᠠᠬᠤ ᠪᠠ ᠬᠠᠷᠢᠭᠤᠴᠠᠯᠭ᠎ᠠ ᠨᠡᠬᠡᠮᠵᠢᠯᠡᠬᠦ

  6   ᠪᠠᠲᠤᠯᠠᠭ᠎ᠠ ᠶᠢᠨ ᠠᠷᠭ᠎ᠠ ᠬᠡᠮᠵᠢᠶ᠎ᠡ

  6.1   ᠮᠡᠳᠡᠭᠡ ᠵᠠᠩᠭᠢ ᠶᠢᠨ ᠮᠡᠷᠭᠡᠵᠢᠯ ᠤᠨ ᠲᠤᠯᠭᠠᠭᠤᠷᠢᠯᠠᠯ ᠤᠨ ᠪᠠᠲᠤᠯᠠᠭ᠎ᠠ

  6.2   ᠪᠠᠴᠢᠮ ᠪᠠᠢᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠡᠩᠨᠡᠭᠡ ᠶᠢᠨ ᠪᠠᠲᠤᠯᠠᠭ᠎ᠠ

  6.3   ᠰᠠᠭᠤᠷᠢ ᠪᠡᠯᠡᠳᠬᠡᠮᠵᠢ ᠵᠢᠴᠢ ᠡᠳ᠋ ᠪᠠᠷᠠᠭᠠᠨ ᠤ ᠪᠠᠲᠤᠯᠠᠭ᠎ᠠ

  6.4   ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ

  6.5   ᠴᠠᠬᠢᠯᠭᠠᠨ ᠬᠦᠴᠦᠨ ᠡᠨᠧᠷᠭᠢ ᠶᠢᠨ ᠬᠠᠩᠭᠠᠯᠭ᠎ᠠ ᠶᠢᠨ ᠪᠠᠲᠤᠯᠠᠭ᠎ᠠ

  6.6   ᠣᠷᠣᠨ ᠨᠤᠲᠤᠭ ᠤᠨ ᠵᠠᠰᠠᠭ ᠤᠨ ᠣᠷᠳᠣᠨ ᠤ ᠳᠡᠮᠵᠢᠨ ᠲᠤᠰᠠᠯᠠᠬᠤ ᠪᠠᠲᠤᠯᠠᠭ᠎ᠠ

  6.7   ᠪᠡᠯᠡ ᠮᠦᠩᠭᠦ ᠶᠢᠨ ᠪᠠᠲᠤᠯᠠᠭ᠎ᠠ

  7   ᠳᠠᠭᠠᠯᠳᠤᠭᠤᠯᠤᠯ ᠳᠦᠷᠢᠮ

  7.1   ᠲᠠᠢᠢᠯᠪᠤᠷᠢ ᠬᠢᠭᠡᠳ ᠲᠣᠳᠣᠷᠬᠠᠢᠢᠯᠠᠯᠲᠠ

  7.2   ᠪᠡᠯᠡᠳᠬᠡᠯ ᠲᠥᠰᠦᠯ ᠢ ᠬᠠᠮᠢᠶᠠᠷᠬᠤ ᠪᠠ ᠰᠢᠨᠡᠳᠬᠡᠬᠦ

  7.3   ᠤᠬᠠᠭᠤᠯᠬᠤ᠂ ᠪᠣᠯᠪᠠᠰᠤᠷᠠᠯ ᠬᠥᠷᠲᠡᠭᠡᠬᠦ ᠪᠠ ᠰᠣᠷᠢᠯᠲᠠ ᠬᠢᠬᠦ

  7.4   ᠪᠡᠯᠡᠳᠬᠡᠯ ᠲᠥᠰᠥᠯ ᠢ ᠬᠡᠷᠡᠭᠵᠢᠭᠦᠯᠬᠦ

  1   ᠶᠡᠷᠦᠩᠬᠡᠢ ᠳᠦᠷᠢᠮ

  1.1   ᠲᠣᠭᠲᠠᠭᠠᠭᠰᠠᠨ ᠵᠣᠷᠢᠯᠭ᠎ᠠ

  ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠭᠡᠨᠡᠳᠡᠯ ᠢ ᠵᠠᠪᠳᠤᠨ ᠵᠠᠰᠠᠵᠤ ᠰᠡᠷᠭᠦᠭᠡᠬᠦ ᠴᠢᠮᠡᠭᠡ ᠬᠤᠯᠪᠣᠭᠠᠨ ᠤ ᠪᠠᠴᠢᠮ ᠪᠠᠢᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠤᠨ ᠲᠣᠭᠲᠠᠴᠠ ᠶᠢ ᠪᠠᠢᠢᠭᠤᠯᠤᠨ ᠪᠦᠷᠢᠨᠰᠢᠭᠦᠯᠵᠦ᠂ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠢᠢᠳᠠᠯ ᠢ ᠠᠷᠭᠠᠴᠠᠭᠠᠨ ᠰᠢᠢᠳᠪᠦᠷᠢᠯᠡᠬᠦ ᠪᠠᠲᠤᠯᠠᠭ᠎ᠠ ᠶᠢᠨ ᠬᠡᠷᠡᠭᠴᠡᠭᠡ ᠶᠢ ᠬᠠᠩᠭᠠᠵᠤ᠂ ᠪᠥᠬᠦ ᠣᠷᠣᠨ ᠤ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠠᠮᠤᠷ ᠲᠦᠪᠰᠢᠨ᠂ ᠲᠣᠭᠲᠠᠭᠤᠨ᠂ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠨ᠎ᠠ᠃

  1.2   ᠲᠣᠭᠲᠠᠭᠠᠭᠰᠠᠨ ᠦᠨᠳᠦᠰᠦᠯᠡᠯ

  ︽ ᠪᠥᠬᠦᠳᠡ ᠨᠠᠢᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ ︾ ︽ ᠪᠥᠬᠦᠳᠡ ᠨᠠᠢᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠠᠤᠯᠢ ︾ ︽ ᠪᠥᠬᠦᠳᠡ ᠨᠠᠢᠢᠷᠠᠮᠳᠠᠬᠤ ᠳᠤᠮᠳᠠᠳᠤ ᠠᠷᠠᠳ ᠤᠯᠤᠰ ᠤᠨ ᠴᠠᠬᠢᠯᠭᠠᠨ ᠬᠤᠯᠪᠣᠭᠠᠨ ᠤ ᠳᠦᠷᠢᠮ ︾ ︽ ᠪᠥᠬᠦᠳᠡ ᠨᠠᠢᠢᠷᠠᠮᠳᠠᠬᠤ ᠳᠤᠮᠳᠠᠳᠤ ᠠᠷᠠᠳ ᠤᠯᠤᠰ ᠤᠨ ᠷᠠᠳᠢᠣ᠋ ᠶᠢᠨ ᠬᠠᠮᠢᠶᠠᠷᠤᠯᠲᠠ ᠶᠢᠨ ᠳᠦᠷᠢᠮ ︾       ︽ ᠤᠯᠤᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠢᠢᠳᠠᠯ ᠢ ᠶᠡᠷᠦᠩᠬᠡᠢ ᠳᠤ ᠨᠢ ᠠᠷᠭᠠᠴᠠᠭᠠᠬᠤ ᠪᠡᠯᠡᠳᠬᠡᠯ ᠲᠥᠰᠥᠯ ︾ ︽ ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠵᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ︾ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠳᠦᠷᠢᠮ ︾ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠢᠢᠳᠠᠯ ᠢ ᠶᠡᠷᠦᠩᠬᠡᠢ ᠳᠤ ᠨᠢ ᠠᠷᠭᠠᠴᠠᠭᠠᠬᠤ ᠪᠡᠯᠡᠳᠬᠡᠯ ᠲᠥᠰᠥᠯ ︵ ᠲᠤᠷᠰᠢᠨ ᠬᠡᠷᠡᠭᠵᠢᠭᠦᠯᠬᠦ ︶ ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ᠃

  1.3   ᠬᠡᠷᠡᠭᠯᠡᠭᠳᠡᠬᠦ ᠬᠦᠷᠢᠶ᠎ᠡ ᠬᠡᠪᠴᠢᠶ᠎ᠡ

  ᠲᠣᠰ ᠪᠡᠯᠡᠳᠬᠡᠯ ᠲᠥᠰᠥᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠪᠠᠢᠢᠭᠠᠯᠢ ᠶᠢᠨ ᠭᠠᠢ ᠭᠠᠮᠰᠢᠭ᠂ ᠭᠡᠨᠡᠳᠡᠯ ᠤᠨ ᠭᠠᠢ ᠭᠠᠮᠰᠢᠭ᠂ ᠭᠡᠨᠡᠳᠲᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠂ ᠭᠡᠨᠡᠳᠲᠡ ᠶᠢᠨ ᠨᠡᠢᠢᠭᠡᠮ ᠤᠨ ᠠᠮᠤᠷ ᠲᠦᠪᠰᠢᠨ ᠤ ᠬᠡᠷᠡᠭ ᠵᠢᠴᠢ ᠲᠣᠰ ᠪᠡᠶ᠎ᠡ ᠶᠢᠨ ᠰᠠᠭᠠᠳ᠂ ᠬᠦᠮᠦᠨ ᠤ ᠰᠢᠯᠲᠠᠭᠠᠨ ᠡᠴᠠ ᠪᠣᠯᠤᠭᠰᠠᠨ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠪᠤᠶᠤ ᠲᠤᠬᠠᠢᠢᠯᠠᠭᠰᠠᠨ ᠠᠵᠢᠯ ᠤᠨ ᠲᠠᠰᠤᠯᠳᠠᠯ ᠵᠡᠷᠭᠡ ᠪᠠᠢᠢᠳᠠᠯ ᠡᠴᠠ ᠪᠣᠯᠵᠤ᠂ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢ ᠵᠠᠪᠳᠤᠨ ᠵᠠᠰᠠᠵᠤ ᠰᠡᠷᠭᠦᠭᠡᠬᠦ ᠴᠢᠬᠤᠯᠠᠲᠠᠢ ᠪᠠᠴᠢᠮ ᠪᠠᠢᠢᠳᠠᠯ ᠢ ᠠᠷᠭᠠᠴᠠᠭᠠᠬᠤ ᠠᠵᠢᠯ ᠳᠤ ᠲᠣᠬᠢᠷᠠᠭᠤᠯᠤᠨ ᠬᠡᠷᠡᠭᠯᠡᠭᠳᠡᠨ᠎ᠡ᠃

  1.4   ᠠᠵᠢᠯᠯᠠᠬᠤ ᠵᠠᠷᠴᠢᠮ

  ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠢᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠨᠢ ᠬᠥᠮᠥᠨ ᠢᠶᠠᠷ ᠦᠨᠳᠦᠰᠦ ᠪᠣᠯᠭᠠᠨ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠨᠢᠭᠡᠳᠦᠯᠲᠡᠢ ᠤᠳᠤᠷᠢᠳᠤᠨ ᠱᠠᠲᠤ ᠬᠤᠪᠢᠶᠠᠵᠤ ᠬᠠᠷᠢᠭᠤᠴᠠᠬᠤ᠂ ᠬᠠᠷᠢᠶ᠎ᠠ ᠭᠠᠵᠠᠷ ᠢᠶᠠᠷ ᠭᠤᠣᠯᠯᠠᠭᠤᠯᠤᠨ ᠲᠦᠷᠭᠡᠨ ᠲᠤᠰᠬᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠲᠦᠰᠢᠭᠯᠡᠨ ᠬᠦᠴᠦᠲᠡᠢ ᠪᠠᠲᠤᠯᠠᠬᠤ᠂ ᠤᠷᠢᠳᠴᠢᠯᠠᠨ ᠰᠡᠷᠭᠡᠢᠢᠯᠡᠬᠦ ᠪᠠᠷ ᠭᠤᠣᠯ ᠪᠣᠯᠭᠠᠨ ᠡᠩ ᠤᠨ ᠦᠶ᠎ᠡ ᠪᠠ ᠳᠠᠢᠢᠨ ᠤ ᠦᠶ᠎ᠡ ᠶᠢ ᠤᠶᠠᠯᠳᠤᠭᠤᠯᠬᠤ ᠵᠠᠷᠴᠢᠮ ᠢ ᠪᠠᠷᠢᠮᠲᠠᠯᠠᠨ᠎ᠠ᠃

  1.5   ᠪᠡᠯᠡᠳᠬᠡᠯ ᠲᠥᠰᠥᠯ ᠤᠨ ᠲᠣᠭᠲᠠᠯᠴᠠᠭ᠎ᠠ

  ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠢᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠪᠣᠯ ᠪᠥᠬᠦ ᠣᠷᠣᠨ ᠤ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠢᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠥᠯ ᠤᠨ ᠲᠣᠭᠲᠠᠯᠴᠠᠭ᠎ᠠ ᠶᠢᠨ ᠶᠡᠷᠦᠩᠬᠡᠢ ᠬᠥᠲᠥᠯᠪᠦᠷᠢ ᠪᠣᠯᠣᠨ᠎ᠠ᠂ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠡᠴᠠ ᠲᠦᠷᠦᠭᠦᠯᠡᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ ᠬᠡᠷᠡᠭᠵᠢᠭᠦᠯᠦᠨ᠎ᠡ᠃

  ᠥᠪᠡᠷᠲᠡᠭᠡᠨ ᠵᠠᠰᠠᠬᠤ ᠣᠷᠣᠨ ᠤ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠢᠢᠯᠠᠯ ︵ ᠳᠣᠷᠣᠭᠰᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠢᠢᠯᠠᠯ ᠭᠡᠵᠦ ᠲᠣᠪᠴᠢᠯᠠᠨ᠎ᠠ ︶ ᠤᠨ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠭᠡᠨᠡᠳᠡᠯ ᠤᠨ ᠪᠠᠴᠢᠮ ᠪᠠᠢᠢᠳᠠᠯ ᠢ ᠠᠷᠭᠠᠴᠠᠭᠠᠬᠤ ᠲᠤᠰᠬᠠᠢ ᠵᠦᠢᠯ ᠤᠨ ᠪᠡᠯᠡᠳᠬᠡᠯ ᠲᠥᠰᠥᠯ ᠪᠣᠯ ᠲᠣᠰ ᠠᠵᠤ ᠠᠬᠤᠢᠢᠯᠠᠯ ᠤᠨ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠭᠡᠨᠡᠳᠡᠯ ᠤᠨ ᠪᠠᠴᠢᠮ ᠪᠠᠢᠢᠳᠠᠯ ᠢ ᠠᠷᠭᠠᠴᠠᠭᠠᠬᠤ ᠠᠵᠢᠯ ᠢᠶᠠᠨ ᠰᠠᠢᠢᠲᠤᠷ ᠬᠢᠬᠦ ᠶᠢᠨ ᠲᠤᠰᠠᠳᠠ ᠲᠣᠭᠲᠠᠭᠠᠭᠰᠠᠨ ᠪᠡᠯᠡᠳᠬᠡᠯ ᠲᠥᠰᠥᠯ ᠪᠣᠯᠬᠤᠷ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠢ᠃

  2   ᠪᠠᠴᠢᠮ ᠪᠠᠢᠢᠳᠠᠯ ᠢ ᠠᠷᠭᠠᠴᠠᠭᠠᠬᠤ ᠵᠢᠯᠣᠭᠤᠳᠤᠯᠭ᠎᠎ᠠ

  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠡᠴᠠ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠢᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ ︵ ᠳᠣᠷᠣᠭᠰᠢ ᠵᠢᠯᠤᠭᠤᠳᠬᠤ ᠭᠠᠵᠠᠷ ᠭᠡᠵᠦ ᠲᠣᠪᠴᠢᠯᠠᠨ᠎ᠠ ︶ ᠢ ᠪᠠᠢᠢᠭᠤᠯᠵᠤ᠂ ᠪᠦᠬᠦ ᠣᠷᠣᠨ ᠤ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠢᠢᠳᠠᠯ ᠢ ᠠᠷᠭᠠᠴᠠᠭᠠᠵᠤ ᠪᠠᠲᠤᠯᠠᠨ ᠰᠢᠢᠳᠪᠦᠷᠢᠯᠡᠬᠦ ᠶᠢ ᠤᠳᠤᠷᠢᠳᠬᠤ᠂ ᠵᠣᠬᠢᠶᠠᠨ ᠪᠠᠶᠢᠭᠤᠯᠬᠤ᠂ ᠵᠣᠬᠢᠴᠠᠭᠤᠯᠬᠤ ᠠᠵᠢᠯ ᠢ ᠬᠠᠷᠢᠭᠤᠴᠠᠭᠤᠯᠤᠨ᠎ᠠ᠃ ᠴᠢᠬᠤᠯᠠ ᠲᠠᠢ ᠦᠶ᠎ᠡ ᠳ᠋ᠤ᠂ ᠵᠢᠯᠤᠭᠤᠳᠬᠤ ᠭᠠᠵᠠᠷ ᠨᠢ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ ᠪᠠᠷ ᠭᠤᠣᠯ ᠪᠣᠯᠭᠠᠭᠰᠠᠨ ᠲᠦᠷ ᠴᠠᠭ ᠤᠨ ᠲᠤᠬᠠᠢ ᠶᠢᠨ ᠲᠠᠯᠠᠪᠤᠷ ᠤᠨ ᠴᠢᠮᠡᠭᠡ ᠬᠤᠯᠪᠣᠭᠠᠨ ᠤ ᠪᠠᠴᠢᠮ ᠪᠠᠢᠢᠳᠠᠯ ᠢ ᠠᠷᠭᠠᠴᠠᠭᠠᠬᠤ ᠪᠠᠲᠤᠯᠠᠭ᠎ᠠ ᠶᠢᠨ ᠤᠳᠤᠷᠢᠳᠬᠤ ᠳᠤᠭᠤᠢᠢᠯᠠᠩ ︵ ᠳᠣᠷᠣᠭᠰᠢ ᠲᠦᠷ ᠴᠠᠭ ᠤᠨ ᠲᠤᠬᠠᠢ ᠶᠢᠨ ᠲᠠᠯᠠᠪᠤᠷ ᠤᠨ ᠤᠳᠤᠷᠢᠳᠬᠤ ᠳᠤᠭᠤᠢᠢᠯᠠᠩ ᠭᠡᠵᠦ ᠲᠣᠪᠴᠢᠯᠠᠨ᠎ᠠ ︶ ᠢ ᠪᠠᠢᠢᠭᠤᠯᠵᠤ᠂ ᠬᠡᠷᠡᠭ ᠭᠠᠷᠤᠭᠰᠠᠨ ᠲᠤᠬᠠᠢ ᠶᠢᠨ ᠲᠠᠯᠠᠪᠤᠷ ᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠵᠣᠬᠢᠶᠠᠨ ᠪᠠᠶᠢᠭᠤᠯᠬᠤ᠂ ᠵᠣᠬᠢᠴᠠᠭᠤᠯᠬᠤ ᠠᠵᠢᠯ ᠢ ᠪᠣᠳᠠᠲᠠᠢ ᠬᠠᠷᠢᠭᠤᠴᠠᠨ᠎ᠠ᠃

  2.1   ᠵᠢᠯᠤᠭᠤᠳᠬᠤ ᠭᠠᠵᠠᠷ ᠤᠨ ᠪᠦᠷᠢᠯᠳᠦᠯ

  ᠵᠢᠯᠤᠭᠤᠳᠬᠤ ᠭᠠᠵᠠᠷ ᠤᠨ ᠵᠢᠯᠤᠭᠤᠳᠬᠤ ᠳᠠᠷᠤᠭ᠎ᠠ ᠶᠢᠨ ᠲᠤᠰᠢᠶᠠᠯ ᠢ ᠥᠪᠡᠷᠲᠡᠭᠡᠨ ᠵᠠᠰᠠᠬᠤ ᠣᠷᠣᠨ ᠤ ᠬᠤᠪᠢᠳᠠᠨ ᠬᠠᠮᠢᠶᠠᠷᠴᠤ ᠪᠦᠬᠦᠢ ᠳᠡᠳ᠋ ᠲᠡᠷᠢᠭᠦᠯᠡᠭᠴᠢ ᠡᠴᠠ ᠡᠭᠦᠷᠭᠡᠯᠡᠵᠦ᠂ ᠳᠡᠳ᠋ ᠵᠢᠯᠤᠭᠤᠳᠬᠤ ᠳᠠᠷᠤᠭ᠎ᠠ ᠶᠢᠨ ᠲᠤᠰᠢᠶᠠᠯ ᠢ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠡᠴᠠ ᠡᠭᠦᠷᠭᠡᠯᠡᠨ᠎ᠡ᠃

  ᠭᠡᠰᠢᠭᠦᠨ᠄ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠤᠰᠤᠨ ᠠᠰᠢᠬᠯᠠᠯᠲᠠ ᠶᠢᠨ ᠲᠢᠩᠬᠢᠮ᠂ ᠪᠠᠴᠢᠮ ᠪᠠᠢᠢᠳᠠᠯ ᠢ ᠠᠷᠭᠠᠴᠠᠭᠠᠬᠤ ᠲᠢᠩᠬᠢᠮ᠂ ᠡᠨᠧᠷᠭᠢ ᠵᠢᠨ ᠲᠣᠪᠴᠢᠶ᠎ᠠ᠂ ᠥᠪᠥᠷ ᠮᠣᠩᠭᠤᠯ ᠤᠨ ᠭᠠᠵᠠᠷ ᠬᠥᠳᠡᠯᠦᠯᠲᠡ ᠵᠢᠨ ᠲᠣᠪᠴᠢᠶ᠎ᠠ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯᠲᠦ ᠬᠢᠵᠠᠭᠠᠷᠲᠤ ᠺᠣᠮᠫᠠᠨᠢ᠂ ᠠᠷᠠᠳ ᠤᠨ ᠠᠭᠠᠷ ᠤᠨ ᠲᠡᠭᠡᠭᠡᠪᠦᠷᠢ ᠶᠢᠨ ᠥᠪᠥᠷ ᠮᠣᠩᠭᠤᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠲᠡᠶᠢᠨ ᠤ ᠪᠡᠯᠡᠳᠬᠡᠯ ᠤᠨ ᠪᠦᠲᠦᠭᠡᠨ ᠪᠠᠢᠢᠭᠤᠯᠤᠯᠲᠠ ᠶᠢᠨ ᠲᠣᠪᠴᠢᠶ᠎ᠠ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠂ ᠥᠪᠥᠷ ᠮᠣᠩᠭᠤᠯ ᠤᠨ ᠬᠢᠯᠢ ᠪᠠᠷ ᠭᠠᠷᠴᠤ ᠣᠷᠣᠬᠤ ᠬᠢᠯᠢ ᠶᠢᠨ ᠬᠠᠮᠠᠭᠠᠯᠠᠯᠲᠠ ᠶᠢᠨ ᠪᠠᠢᠢᠴᠠᠭᠠᠬᠤ ᠶᠡᠷᠦᠩᠬᠡᠢ ᠥᠷᠲᠡᠭᠡ᠂ ᠥᠪᠥᠷ ᠮᠣᠩᠭᠤᠯ ᠤᠨ ᠭᠠᠯ ᠰᠡᠷᠭᠡᠢᠢᠯᠡᠨ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠥᠪᠥᠷ ᠮᠣᠩᠭᠤᠯ ᠤᠨ ᠣᠶ ᠰᠢᠭᠤᠢ ᠶᠢᠨ ᠭᠠᠯ ᠲᠦᠢᠮᠡᠷ ᠢ ᠰᠡᠷᠭᠡᠢᠢᠯᠡᠨ ᠤᠨᠲᠠᠷᠠᠭᠠᠬᠤ ᠶᠡᠷᠦᠩᠬᠡᠢ ᠠᠩᠭᠢ᠂ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠢᠢᠯᠠᠯ ᠵᠡᠷᠭᠡ ᠰᠠᠯᠠᠭ᠎ᠠ ᠮᠥᠴᠢᠷ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠃

  2.2   ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠢᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠯᠪᠠᠨ ᠭᠡᠷ ᠤᠨ ᠪᠦᠷᠢᠯᠳᠦᠯ

  ᠵᠢᠯᠤᠭᠤᠳᠬᠤ ᠭᠠᠵᠠᠷ ᠤᠨ ᠳᠣᠣᠷᠠᠬᠢ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠢᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠯᠪᠠᠨ ᠭᠡᠷ ︵ ᠳᠣᠷᠣᠭᠰᠢ ᠪᠠᠴᠢᠮ ᠪᠠᠢᠢᠳᠠᠯ ᠢ ᠠᠷᠭᠠᠴᠠᠭᠠᠬᠤ ᠠᠯᠪᠠᠨ ᠭᠡᠷ ᠭᠡᠵᠦ ᠲᠣᠪᠴᠢᠯᠠᠨ᠎ᠠ ︶ ᠢ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠳᠤ ᠲᠣᠬᠢᠷᠠᠭᠤᠯᠵᠤ᠂ ᠵᠢᠯᠤᠭᠤᠳᠬᠤ ᠭᠠᠵᠠᠷ ᠤᠨ ᠡᠳᠦᠷ ᠲᠤᠳᠤᠮ ᠤᠨ ᠠᠵᠢᠯ ᠢ ᠬᠠᠷᠢᠭᠤᠴᠠᠭᠤᠯᠤᠨ᠎ᠠ᠃ ᠪᠠᠴᠢᠮ ᠪᠠᠢᠢᠳᠠᠯ ᠢ ᠠᠷᠭᠠᠴᠠᠭᠠᠬᠤ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠲᠣᠪᠴᠢᠶᠠᠨ ᠤ ᠳᠠᠷᠤᠭ᠎ᠠ ᠡᠴᠠ ᠬᠠᠪᠰᠤᠷᠭᠠᠨ ᠡᠭᠦᠷᠭᠡᠯᠡᠵᠦ᠂ ᠳᠡᠳ᠋ ᠡᠷᠬᠢᠯᠡᠭᠴᠢ ᠶᠢᠨ ᠲᠤᠰᠢᠶᠠᠯ ᠢ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶᠠᠨ ᠤ ᠬᠤᠪᠢᠳᠠᠨ ᠬᠠᠮᠢᠶᠠᠷᠴᠤ ᠪᠠᠢᠢᠭ᠎ᠠ ᠳᠡᠳ᠋ ᠲᠣᠪᠴᠢᠶᠠᠨ ᠳᠠᠷᠤᠭ᠎ᠠ ᠡᠴᠠ ᠡᠭᠦᠷᠭᠡᠯᠡᠨ᠎ᠡ᠃

  2.3   ᠵᠢᠯᠤᠭᠤᠳᠬᠤ ᠲᠣᠭᠲᠠᠯᠴᠠᠭ᠎ᠠ ᠶᠢᠨ ᠡᠭᠦᠷᠭᠡ ᠬᠠᠷᠢᠭᠤᠴᠠᠯᠭ᠎ᠠ

  2.3.1   ᠵᠢᠯᠤᠭᠤᠳᠬᠤ ᠭᠠᠵᠠᠷ ᠤᠨ ᠡᠭᠦᠷᠭᠡ ᠬᠠᠷᠢᠭᠤᠴᠠᠯᠭ᠎ᠠ

  ᠴᠢᠮᠡᠭᠡ ᠬᠤᠯᠪᠣᠭᠠᠨ ᠤ ᠪᠠᠴᠢᠮ ᠪᠠᠢᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠢᠢᠷᠢᠯᠠᠭᠤᠯᠤᠯᠲᠠ ᠶᠢ ᠲᠤᠭᠤᠰᠢᠯᠠᠭᠤᠯᠤᠨ ᠨᠠᠢᠢᠳᠠᠪᠤᠷᠢᠵᠢᠭᠤᠯᠵᠤ᠂ ᠴᠢᠮᠡᠭᠡ ᠬᠤᠯᠪᠣᠭᠠᠨ ᠤ ᠪᠠᠴᠢᠮ ᠪᠠᠢᠢᠳᠠᠯ ᠢ ᠠᠷᠭᠠᠴᠠᠭᠠᠬᠤ ᠪᠠᠲᠤᠯᠠᠭ᠎ᠠ ᠵᠢᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠪᠥᠬᠦ ᠣᠷᠣᠨ ᠤ ᠴᠢᠮᠡᠭᠡ ᠬᠤᠯᠪᠣᠭᠠᠨ ᠤ ᠪᠠᠴᠢᠮ ᠪᠠᠢᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠢ ᠵᠢᠯᠣᠭᠤᠳᠤᠨ ᠵᠣᠬᠢᠴᠠᠭᠤᠯᠵᠤ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠬᠦᠴᠦᠨ ᠪᠠ ᠲᠣᠨᠤᠭ ᠲᠥᠬᠦᠭᠡᠷᠦᠮᠵᠢ ᠡᠳ᠋ ᠪᠠᠷᠠᠭ᠎ᠠ ᠶᠢ ᠰᠢᠯᠵᠢᠭᠦᠯᠦᠨ ᠴᠤᠭᠯᠠᠭᠤᠯᠵᠤ᠂ ᠣᠷᠣᠨ ᠳᠤ ᠰᠠᠭᠤᠭ᠎ᠠ ᠡᠯ᠎ᠡ ᠱᠠᠲᠤᠨ ᠤ ᠴᠡᠷᠢᠭ ᠠᠩᠭᠢ ᠶᠢ ᠵᠣᠬᠢᠴᠠᠭᠤᠯᠵᠤ ᠪᠠᠢᠢᠭᠠᠳ ᠣᠷᠣᠨ ᠨᠤᠲᠤᠭ ᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠥᠷᠨᠢᠭᠦᠯᠬᠦ ᠳᠤ ᠳᠡᠮᠵᠢᠯᠭᠡ ᠦᠵᠡᠭᠦᠯᠦᠨ᠎ᠡ᠃

  2.3.2   ᠪᠠᠴᠢᠮ ᠪᠠᠢᠢᠳᠠᠯ ᠢ ᠠᠷᠭᠠᠴᠠᠭᠠᠬᠤ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ

  ︵ 1 ︶ ᠵᠢᠯᠤᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠳᠠᠭᠠᠭᠠᠨ ᠡᠭᠦᠷᠭᠡᠯᠡᠵᠦ᠂ ᠵᠢᠯᠤᠭᠤᠳᠬᠤ ᠭᠠᠵᠠᠷ ᠤᠨ ᠪᠠᠭᠤᠯᠭᠠᠭᠰᠠᠨ ᠵᠠᠷᠯᠢᠭ ᠪᠠ ᠵᠢᠭᠠᠪᠤᠷᠢ ᠶᠣᠰᠣᠭᠠᠷ᠂ ᠮᠤᠵᠢ ︵ ᠣᠷᠣᠨ᠂ ᠬᠤᠲᠠ ︶ ᠠᠯᠤᠰᠯᠠᠭᠰᠠᠨ᠂ ᠠᠵᠤ ᠠᠬᠤᠢᠢᠯᠠᠯ ᠠᠯᠤᠰᠯᠠᠭᠰᠠᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠬᠤ᠂ ᠵᠢᠯᠤᠭᠤᠳᠬᠤ ᠪᠠ ᠵᠣᠬᠢᠴᠠᠭᠤᠯᠬᠤ ᠠᠵᠢᠯ ᠢ ᠬᠠᠷᠢᠭᠤᠴᠠᠵᠤ᠂ ᠴᠡᠷᠢᠭ ᠠᠩᠭᠢ ᠪᠠ ᠣᠷᠣᠨ ᠨᠤᠲᠤᠭ ᠬᠤᠯᠪᠣᠭᠠᠯᠠᠵᠤ ᠴᠢᠮᠡᠭᠡ ᠬᠤᠯᠪᠣᠭ᠎ᠠ ᠶᠢ ᠪᠠᠲᠤᠯᠠᠬᠤ ᠵᠡᠷᠭᠡ ᠪᠠᠴᠢᠮ ᠪᠠᠢᠢᠳᠠᠯ ᠢ ᠠᠷᠭᠠᠴᠠᠭᠠᠬᠤ ᠠᠵᠢᠯ ᠢ ᠵᠣᠬᠢᠴᠠᠭᠤᠯᠤᠨ᠎ᠠ᠃

  ︵ 2 ︶ ᠪᠦᠷᠢᠯᠳᠦᠭᠦᠨ ᠨᠢᠭᠡᠴᠢ ᠶᠢᠨ ᠬᠤᠭᠤᠷᠣᠨᠳᠣᠬᠢ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠵᠣᠬᠢᠴᠠᠭᠤᠯᠬᠤ ᠠᠵᠢᠯ ᠤᠨ ᠲᠣᠭᠲᠠᠴᠠ ᠶᠢ ᠬᠠᠷᠢᠭᠤᠴᠠᠨ ᠪᠠᠢᠢᠭᠤᠯᠵᠤ᠂ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠭᠡᠨᠡᠳᠡᠯ ᠤᠨ ᠪᠠᠴᠢᠮ ᠪᠠᠢᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠤᠨ ᠪᠠᠢᠢᠳᠠᠯ ᠳᠤ ᠵᠠᠳᠠᠯᠤᠯᠲᠠ ᠬᠢᠵᠦ ᠦᠨᠡᠯᠡᠨ ᠵᠢᠱᠢᠵᠦ᠂ ᠵᠢᠯᠤᠭᠤᠳᠬᠤ ᠭᠠᠵᠠᠷ ᠤᠨ ᠵᠥᠪᠯᠡᠨ ᠲᠣᠭᠲᠠᠭᠠᠭᠰᠠᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠤᠨ ᠲᠣᠬᠢᠷᠠᠭᠤᠯᠤᠯᠲᠠ ᠶᠢ ᠨᠠᠢᠢᠳᠠᠪᠤᠷᠢᠵᠢᠭᠤᠯᠤᠨ᠂ ᠪᠥᠬᠦ ᠣᠷᠣᠨ ᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠢ ᠵᠢᠯᠣᠭᠤᠳᠤᠨ᠎ᠠ᠃

  ︵ 3 ︶ ᠪᠠᠴᠢᠮ ᠪᠠᠢᠢᠳᠠᠯ ᠢ ᠠᠷᠭᠠᠴᠠᠭᠠᠬᠤ ᠮᠡᠳᠡᠭᠡ ᠵᠠᠩᠭᠢ ᠶᠢᠨ ᠵᠠᠳᠠᠯᠤᠯᠲᠠ ᠬᠢᠬᠦ᠂ ᠬᠤᠷᠢᠶᠠᠩᠭᠤᠶᠢᠯᠠᠨ ᠡᠮᠬᠢᠳᠬᠡᠬᠦ ᠵᠡᠷᠭᠡ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠰᠢᠢᠳᠪᠦᠷᠢᠯᠡᠬᠦ ᠲᠥᠰᠥᠯ ᠢ ᠵᠣᠬᠢᠶᠠᠨ ᠪᠠᠢᠢᠭᠤᠯᠤᠨ ᠲᠣᠭᠲᠠᠭᠠᠵᠤ᠂ ᠵᠢᠯᠤᠭᠤᠳᠬᠤ ᠭᠠᠵᠠᠷ ᠲᠤ ᠴᠢᠬᠤᠯᠠ ᠶᠡᠭᠡ ᠠᠰᠠᠭᠤᠳᠠᠯ ᠢ ᠮᠡᠳᠡᠭᠦᠯᠬᠦ ᠶᠢᠨ ᠬᠠᠮᠲᠤ ᠰᠢᠢᠳᠪᠦᠷᠢᠯᠡᠬᠦ ᠰᠠᠨᠠᠭᠤᠯᠭ᠎ᠠ ᠳᠤᠷᠠᠳᠤᠨ᠎ᠠ᠃

  ︵ 4 ︶ ᠵᠢᠯᠤᠭᠤᠳᠬᠤ ᠭᠠᠵᠠᠷ ᠢᠶᠠᠷ ᠵᠥᠪᠰᠢᠶᠡᠷᠡᠭᠦᠯᠦᠭᠡᠳ᠂ ᠪᠠᠴᠢᠮ ᠪᠠᠢᠢᠳᠠᠯ ᠤᠨ ᠠᠷᠭᠠᠴᠠᠭᠠᠯᠲᠠ ᠶᠢ ᠳᠠᠭᠠᠬᠤ ᠲᠠᠰ ᠢ ᠨᠡᠪᠲᠡᠷᠡᠭᠦᠯᠦᠨ ᠮᠡᠳᠡᠭᠡᠯᠡᠵᠦ ᠲᠣᠬᠢᠷᠠᠭᠤᠯᠤᠨ᠎ᠠ᠃

  2.3.3   ᠪᠦᠷᠢᠯᠳᠦᠭᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ

  ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ᠄ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠴᠢᠮᠡᠭᠡ ᠬᠤᠯᠪᠣᠭᠠᠨ ᠤ ᠪᠠᠴᠢᠮ ᠪᠠᠢᠢᠳᠠᠯ ᠢ ᠠᠷᠭᠠᠴᠠᠭᠠᠬᠤ ᠪᠠᠲᠤᠯᠠᠭ᠎ᠠ ᠶᠢᠨ ᠵᠢᠯᠤᠭᠤᠳᠬᠤ᠂ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠢᠢᠯᠠᠯ ᠵᠡᠷᠭᠡ ᠨᠢᠭᠡᠴᠢ ᠶᠢᠨ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠭᠡᠨᠡᠳᠡᠯ ᠤᠨ ᠪᠠᠴᠢᠮ ᠪᠠᠢᠢᠳᠠᠯ ᠢ ᠠᠷᠭᠠᠴᠠᠭᠠᠬᠤ ᠠᠵᠢᠯ ᠥᠷᠨᠢᠭᠦᠯᠬᠦ ᠶᠢ ᠨᠢ ᠵᠢᠯᠤᠭᠤᠳᠴᠤ᠂ ᠵᠢᠯᠤᠭᠤᠳᠬᠤ ᠭᠠᠵᠠᠷ ᠲᠤ ᠪᠠᠴᠢᠮ ᠪᠠᠢᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠤᠨ ᠠᠬᠢᠴᠠ ᠶᠢ ᠴᠠᠭ ᠲᠤᠬᠠᠢ ᠳᠤ ᠨᠢ ᠮᠡᠳᠡᠭᠦᠯᠦᠨ᠎ᠡ᠃

  ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ ᠤᠯᠤᠰ ᠤᠨ ᠭᠠᠢ ᠭᠠᠮᠰᠢᠭ ᠤᠨ ᠳᠠᠷᠠᠭ᠎ᠠ ᠳᠠᠬᠢᠨ ᠪᠠᠶᠢᠭᠤᠯᠬᠤ ᠲᠥᠪ ᠤᠨ ᠲᠥᠰᠥᠪ ᠤᠨ ᠳᠣᠲᠣᠷᠠᠬᠢ ᠲᠤᠰᠬᠠᠢ ᠪᠡᠯᠡ ᠮᠥᠩᠭᠦᠨ ᠤ ᠲᠥᠷᠥᠯ ᠵᠦᠢᠯ ᠢ ᠴᠢᠷᠮᠠᠢᠢᠨ ᠣᠯᠵᠤ᠂ ᠪᠠᠴᠢᠮ ᠪᠠᠢᠢᠳᠠᠯ ᠢ ᠠᠷᠭᠠᠴᠠᠭᠠᠨ ᠬᠠᠩᠭᠠᠯᠭ᠎ᠠ  ᠪᠠᠲᠤᠯᠠᠬᠤ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠲᠤ ᠦᠨ᠎ᠡ ᠬᠠᠩᠰᠢ ᠶᠢᠨ ᠬᠢᠨᠠᠨ ᠰᠢᠨᠵᠢᠯᠲᠡ ᠬᠢᠨ᠎ᠡ᠃

  ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠄ ᠠᠶᠤᠯ ᠭᠠᠮᠰᠢᠭ ᠡᠴᠠ ᠠᠪᠤᠷᠠᠬᠤ ᠳᠤ ᠬᠡᠷᠡᠭᠰᠡᠬᠦ ᠡᠮ ᠡᠮᠨᠡᠯᠭᠡ ᠪᠣᠯᠣᠨ ᠬᠠᠮᠠᠭᠠᠯᠠᠯᠲᠠ ᠶᠢᠨ ᠬᠡᠷᠡᠭᠰᠡᠯ ᠵᠡᠷᠭᠡ ᠡᠳ᠋ ᠪᠠᠷᠠᠭᠠᠨ ᠤ ᠦᠢᠯᠡᠳᠪᠦᠷᠢᠯᠡᠯ ᠢ ᠬᠠᠷᠢᠭᠤᠴᠠᠨ ᠵᠣᠬᠢᠴᠠᠭᠤᠯᠤᠨ᠎ᠠ᠃

  ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠄ ᠨᠡᠢᠢᠭᠡᠮ ᠤᠨ ᠠᠮᠤᠷ ᠲᠦᠪᠰᠢᠨ ᠤ ᠡᠮᠬᠢ ᠲᠢᠭᠯᠢᠮ ᠢ ᠬᠠᠷᠢᠭᠤᠴᠠᠨ ᠬᠠᠮᠠᠭᠠᠯᠠᠵᠤ᠂ ᠴᠤᠤᠷᠬᠠᠯ ᠲᠠᠯᠪᠢᠨ ᠣᠯᠠᠨ ᠢ ᠬᠠᠭᠤᠷᠠᠬᠤ ᠪᠠ ᠪᠠᠴᠢᠮ ᠪᠠᠢᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠡᠳ᠋ ᠪᠠᠷᠠᠭ᠎ᠠ ᠶᠢ ᠬᠤᠯᠠᠭᠠᠢᠢᠯᠠᠬᠤ᠂ ᠳᠦᠷᠭᠢᠯᠳᠦᠨ ᠪᠤᠯᠢᠶᠠᠬᠤ ᠵᠢᠴᠢ ᠴᠢᠮᠡᠭᠡ ᠬᠤᠯᠪᠣᠭᠠᠨ ᠤ ᠪᠡᠯᠡᠳᠬᠡᠮᠵᠢ ᠶᠢ ᠡᠪᠳᠡᠬᠦ ᠬᠠᠤᠯᠢ ᠡᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠴᠢᠮᠡᠭᠡ ᠬᠤᠯᠪᠣᠭ᠎ᠠ ᠲᠠᠰᠤᠷᠠᠭᠰᠠᠨ ᠡᠴᠠ ᠪᠣᠯᠵᠤ ᠡᠭᠦᠰᠦᠭᠰᠡᠨ ᠪᠦᠯᠦᠭᠵᠢᠯ ᠤᠨ ᠴᠢᠨᠠᠷᠲᠠᠢ ᠠᠮᠤᠷ ᠢ ᠬᠠᠮᠠᠭᠠᠯᠠᠬᠤ ᠬᠡᠷᠡᠭ ᠢ ᠲᠣᠬᠢᠲᠠᠢ ᠰᠢᠢᠳᠪᠦᠷᠢᠯᠡᠨ᠎ᠡ︔ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯᠯᠠᠭᠠᠨ ᠳᠤ ᠵᠠᠮ ᠨᠡᠪᠲᠡᠷᠡᠯᠭᠡ ᠶᠢᠨ ᠪᠠᠲᠤᠯᠠᠭ᠎ᠠ ᠬᠠᠩᠭᠠᠨ᠎ᠠ᠃

  ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠄ ᠴᠢᠮᠡᠭᠡ ᠬᠤᠯᠪᠣᠭᠠᠨ ᠤ ᠪᠠᠴᠢᠮ ᠪᠠᠢᠢᠳᠠᠯ ᠢ ᠠᠷᠭᠠᠴᠠᠭᠠᠬᠤ ᠪᠠᠲᠤᠯᠠᠭ᠎ᠠ ᠶᠢᠨ ᠬᠢᠨ ᠤ ᠴᠢᠬᠤᠯᠠ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠭᠦᠷᠭᠡ ᠶᠢ ᠰᠢᠢᠳᠪᠦᠷᠢᠯᠡᠬᠦ ᠪᠠ ᠬᠡᠷᠡᠭᠵᠢᠭᠦᠯᠬᠦ ᠳᠤ ᠴᠢᠬᠤᠯᠠ ᠪᠦᠬᠦᠢ ᠵᠠᠷᠤᠳᠠᠯ ᠤᠨ ᠳᠡᠮᠵᠢᠯᠭᠡ ᠬᠠᠩᠭᠠᠬᠤ ᠶᠢ ᠬᠠᠷᠢᠭᠤᠴᠠᠨ᠎ᠠ᠃

  ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠄ ᠪᠠᠴᠢᠮ ᠪᠠᠢᠢᠳᠠᠯ ᠢ ᠠᠷᠭᠠᠴᠠᠭᠠᠬᠤ ᠴᠢᠮᠡᠭᠡ ᠬᠤᠯᠪᠣᠭ᠎ᠠ ᠶᠢᠨ ᠡᠳ᠋ ᠪᠠᠷᠠᠭᠠᠨ ᠤ ᠬᠠᠭᠤᠷᠠᠢ ᠵᠠᠮ᠂ ᠤᠰᠤᠨ ᠵᠠᠮ ᠳᠠᠬᠢ ᠪᠠᠴᠢᠮ ᠲᠡᠭᠡᠭᠡᠪᠦᠷᠢ ᠪᠣᠯᠣᠨ ᠤᠷᠢᠳ ᠢᠶᠠᠷ ᠨᠡᠪᠲᠡᠷᠡᠬᠦ ᠠᠵᠢᠯ ᠢ ᠬᠠᠷᠢᠭᠤᠴᠠᠨ ᠵᠣᠬᠢᠴᠠᠭᠤᠯᠤᠨ᠎ᠠ︔ ᠪᠠᠴᠢᠮ ᠪᠠᠢᠢᠳᠠᠯ ᠢ ᠠᠷᠭᠠᠴᠠᠭᠠᠬᠤ ᠲᠡᠭᠡᠭᠡᠪᠦᠷᠢ ᠶᠢᠨ ᠲᠡᠷᠭᠡ ᠬᠥᠰᠬᠡ ᠶᠢ ᠬᠠᠪᠰᠤᠷᠤᠨ ᠲᠣᠬᠢᠷᠠᠭᠤᠯᠵᠤ᠂ ᠠᠶᠤᠯ ᠡᠴᠠ ᠠᠪᠤᠷᠠᠨ ᠲᠤᠰᠠᠯᠠᠬᠤ ᠬᠥᠮᠥᠰ᠂ ᠡᠳ᠋ ᠪᠠᠷᠠᠭ᠎ᠠ ᠪᠣᠯᠣᠨ ᠬᠦᠴᠢᠷᠳᠡᠯ ᠳᠤ ᠲᠤᠯᠭᠠᠷᠠᠭᠰᠠᠨ ᠬᠥᠮᠥᠰ ᠢ ᠲᠠᠷᠬᠠᠭᠠᠨ ᠵᠠᠶᠢᠯᠠᠭᠤᠯᠬᠤ ᠠᠵᠢᠯ ᠢ ᠬᠠᠮᠵᠢᠯᠴᠠᠨ ᠰᠠᠢᠢᠲᠤᠷ ᠬᠢᠨ᠎ᠡ᠃

  ᠥᠪᠡᠷᠲᠡᠭᠡᠨ ᠵᠠᠰᠠᠬᠤ ᠣᠷᠣᠨ ᠤ ᠤᠰᠤᠨ ᠠᠰᠢᠬᠯᠠᠯᠲᠠ ᠶᠢᠨ ᠲᠢᠩᠬᠢᠮ᠄ ᠦᠶᠡᠷ ᠤᠨ ᠪᠠᠢᠢᠳᠠᠯ᠂ ᠤᠰᠤᠨ ᠵᠦᠢ ᠶᠢᠨ ᠭᠠᠩ ᠬᠠᠭᠰᠠᠷᠠᠭᠠᠨ ᠤ ᠬᠢᠨᠠᠨ ᠰᠢᠨᠵᠢᠯᠲᠡ ᠶᠢ ᠬᠠᠷᠢᠭᠤᠴᠠᠬᠤ ᠶᠢᠨ ᠬᠠᠮᠲᠤ᠂ ᠵᠢᠯᠤᠭᠤᠳᠬᠤ ᠭᠠᠵᠠᠷ ᠵᠢᠴᠢ ᠪᠦᠷᠢᠯᠳᠦᠭᠦᠨ ᠨᠢᠭᠡᠴᠢ ᠳᠤ ᠤᠰᠤᠨ ᠠᠰᠢᠬᠯᠠᠯᠲᠠ ᠶᠢᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠪᠠ ᠬᠠᠮᠢᠶ᠎ᠠ ᠪᠦᠬᠦᠢ ᠬᠢᠨᠠᠨ ᠰᠢᠨᠵᠢᠯᠲᠡ ᠬᠢᠭᠰᠡᠨ ᠮᠡᠳᠡᠭᠡ ᠵᠠᠩᠭᠢ ᠶᠢ ᠬᠠᠩᠭᠠᠨ᠎ᠠ᠃

  ᠥᠪᠡᠷᠲᠡᠭᠡᠨ ᠵᠠᠰᠠᠬᠤ ᠣᠷᠣᠨ ᠤ ᠪᠠᠴᠢᠮ ᠪᠠᠢᠢᠳᠠᠯ ᠢ ᠠᠷᠭᠠᠴᠠᠭᠠᠬᠤ ᠲᠢᠩᠬᠢᠮ᠄ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠪᠠᠴᠢᠮ ᠪᠠᠢᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ ᠶᠢ ᠬᠠᠪᠰᠤᠷᠤᠨ ᠲᠣᠬᠢᠷᠠᠭᠤᠯᠵᠤ᠂ ᠪᠠᠴᠢᠮ ᠪᠠᠢᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠳᠤ ᠣᠷᠣᠯᠴᠠᠭᠤᠯᠤᠨ᠎ᠠ᠃

  ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠄ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠠᠬᠢᠯᠭᠠᠨ ᠬᠦᠴᠦᠨ᠂ ᠡᠨᠧᠷᠭᠢ ᠶᠢᠨ ᠠᠵᠤ ᠠᠬᠤᠢᠢᠯᠠᠯ ᠤᠳ ᠢ ᠵᠣᠬᠢᠴᠠᠭᠤᠯᠵᠤ ᠪᠠᠢᠢᠭᠠᠳ ᠴᠢᠮᠡᠭᠡ ᠬᠤᠯᠪᠣᠭᠠᠨ ᠤ ᠪᠠᠴᠢᠮ ᠪᠠᠢᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠳᠤ ᠴᠢᠬᠤᠯᠠ ᠪᠦᠬᠦᠢ ᠴᠠᠬᠢᠯᠭᠠᠨ ᠬᠦᠴᠦᠨ᠂ ᠲᠣᠰᠣᠯᠢᠭ ᠵᠦᠢᠯ ᠤᠨ ᠬᠠᠩᠭᠠᠯᠭ᠎ᠠ ᠶᠢ ᠡᠩ ᠲᠡᠷᠢᠭᠦᠨ ᠳᠤ ᠬᠠᠩᠭᠠᠨ᠎ᠠ᠃

  ᠥᠪᠥᠷ ᠮᠣᠩᠭᠤᠯ ᠤᠨ ᠭᠠᠵᠠᠷ ᠬᠥᠳᠡᠯᠦᠯᠲᠡ ᠶᠢᠨ ᠲᠣᠪᠴᠢᠶ᠎ᠠ᠄ ᠵᠢᠯᠤᠭᠤᠳᠬᠤ ᠭᠠᠵᠠᠷ ᠵᠢᠴᠢ ᠪᠦᠷᠢᠯᠳᠦᠭᠦᠨ ᠨᠢᠭᠡᠴᠢ ᠳᠤ ᠴᠢᠮᠡᠭᠡ ᠬᠤᠯᠪᠣᠭ᠎ᠠ ᠶᠢ ᠲᠠᠰᠤᠯᠳᠠᠭᠤᠯᠵᠤ ᠮᠡᠳᠡᠬᠦ ᠬᠦᠨᠳᠦ ᠨᠣᠴᠢᠲᠠᠢ ᠭᠠᠵᠠᠷ ᠬᠥᠳᠡᠯᠦᠯᠲᠡ ᠶᠢ ᠬᠢᠨᠠᠨ ᠰᠢᠨᠵᠢᠭᠰᠡᠨ ᠮᠡᠳᠡᠭᠡ ᠵᠠᠩᠭᠢ ᠵᠢᠴᠢ ᠪᠠᠴᠢᠮ ᠪᠠᠢᠢᠳᠠᠯ ᠢ ᠠᠷᠭᠠᠴᠠᠭᠠᠨ ᠰᠢᠢᠳᠪᠦᠷᠢᠯᠡᠬᠦ ᠬᠤᠭᠤᠴᠠᠭᠠᠨ ᠳᠠᠬᠢ ᠭᠠᠵᠠᠷ ᠬᠥᠳᠡᠯᠦᠯᠲᠡ ᠶᠢᠨ ᠪᠠᠢᠢᠳᠠᠯ᠂ ᠬᠠᠨᠳᠤᠰᠢ ᠶᠢᠨ ᠮᠠᠭᠠᠳᠯᠠᠯᠲᠠ ᠵᠡᠷᠭᠡ ᠮᠡᠳᠡᠭᠡ ᠵᠠᠩᠭᠢ ᠶᠢ ᠬᠠᠩᠭᠠᠬᠤ ᠠᠵᠢᠯ ᠢ ᠬᠠᠷᠢᠭᠤᠴᠠᠨ᠎ᠠ᠃

  ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ᠄ ᠴᠠᠭ ᠠᠭᠤᠷ ᠤᠨ ᠬᠢᠨᠠᠨ ᠠᠵᠢᠬᠯᠠᠯᠲᠠ ᠪᠠ ᠤᠷᠢᠳᠴᠢᠯᠠᠨ ᠰᠢᠨᠵᠢᠨ ᠮᠡᠳᠡᠭᠡᠯᠡᠬᠦ ᠶᠢ ᠬᠠᠷᠢᠭᠤᠴᠠᠬᠤ ᠶᠢᠨ ᠬᠠᠮᠲᠤ ᠵᠢᠯᠤᠭᠤᠳᠬᠤ ᠭᠠᠵᠠᠷ ᠵᠢᠴᠢ ᠪᠦᠷᠢᠯᠳᠦᠭᠦᠨ ᠨᠢᠭᠡᠴᠢ ᠳᠤ ᠬᠠᠮᠢᠶ᠎ᠠ ᠪᠦᠬᠦᠢ ᠬᠢᠨᠠᠨ ᠰᠢᠨᠵᠢᠭᠰᠡᠨ ᠮᠡᠳᠡᠭᠡ ᠵᠠᠩᠭᠢ ᠶᠢ ᠬᠠᠩᠭᠠᠨ᠎ᠠ᠃

  ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯᠲᠦ ᠬᠢᠵᠠᠭᠠᠷᠲᠤ ᠺᠣᠮᠫᠠᠨᠢ᠄ ᠪᠠᠴᠢᠮ ᠪᠠᠢᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠡᠳ᠋ ᠪᠠᠷᠠᠭᠠᠨ ᠤ ᠲᠠᠯ᠎ᠠ ᠪᠠᠷ ᠲᠡᠮᠦᠷ ᠵᠠᠮ ᠤᠨ ᠲᠡᠭᠡᠭᠡᠪᠦᠷᠢ ᠵᠢᠨ ᠳᠡᠮᠵᠢᠯᠭᠡ ᠵᠢᠴᠢ ᠲᠡᠭᠡᠭᠡᠪᠦᠷᠢ ᠨᠡᠪᠲᠡᠷᠡᠬᠦ ᠪᠠᠲᠤᠯᠠᠭ᠎ᠠ ᠬᠠᠩᠭᠠᠬᠤ ᠵᠢ ᠬᠠᠷᠢᠭᠤᠴᠠᠨ᠎ᠠ᠃

  ᠠᠷᠠᠳ ᠤᠨ ᠠᠭᠠᠷ ᠤᠨ ᠲᠡᠭᠡᠭᠡᠪᠦᠷᠢ ᠶᠢᠨ ᠥᠪᠥᠷ ᠮᠣᠩᠭᠤᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠠᠷᠠᠳ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠨᠢᠰᠦᠭᠦᠷ ᠢ ᠵᠣᠬᠢᠴᠠᠭᠤᠯᠤᠨ ᠪᠠᠴᠢᠮ ᠪᠠᠢᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠡᠳ᠋ ᠪᠤᠳᠠᠰ ᠢ ᠪᠠᠴᠢᠮ ᠵᠥᠭᠡᠭᠡᠪᠦᠷᠢᠯᠡᠨ ᠬᠦᠷᠭᠡᠬᠦ ᠶᠢ ᠬᠠᠷᠢᠭᠤᠴᠠᠨ᠎ᠠ᠃

  ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠳᠠᠢᠢᠨ ᠤ ᠪᠡᠯᠡᠳᠬᠡᠯ ᠤᠨ ᠪᠦᠲᠦᠭᠡᠨ ᠪᠠᠢᠢᠭᠤᠯᠤᠯᠲᠠ ᠶᠢᠨ ᠲᠣᠪᠴᠢᠶ᠎ᠠ᠄ ᠬᠠᠷᠢᠶ᠎ᠠ ᠪᠦᠬᠦᠢ ᠡᠷᠥᠭᠡ ᠶᠢᠨ ᠴᠡᠷᠢᠭ ᠤᠨ ᠬᠦᠴᠦᠨ ᠢ ᠵᠣᠬᠢᠶᠠᠨ ᠪᠠᠶᠢᠭᠤᠯᠬᠤ ᠶᠢ ᠬᠠᠷᠢᠭᠤᠴᠠᠵᠤ᠂ ᠴᠢᠬᠤᠯᠠ ᠲᠠᠢ ᠦᠶ᠎ᠡ ᠳᠤ ᠣᠷᠣᠨ ᠳᠤ ᠰᠠᠭᠤᠭ᠎ᠠ ᠡᠯ᠎ᠡ ᠱᠠᠲᠤᠨ ᠤ ᠴᠡᠷᠢᠭ ᠠᠩᠭᠢ ᠶᠢ ᠵᠣᠬᠢᠴᠠᠭᠤᠯᠤᠨ ᠴᠢᠮᠡᠭᠡ ᠬᠤᠯᠪᠣᠭᠠᠨ ᠤ ᠪᠠᠴᠢᠮ ᠪᠠᠢᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯᠯᠠᠭᠠᠨ ᠳᠤ ᠣᠷᠣᠯᠴᠠᠭᠤᠯᠤᠨ᠎ᠠ᠃

  ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠂ ᠥᠪᠥᠷ ᠮᠣᠩᠭᠤᠯ ᠤᠨ ᠬᠢᠯᠢ ᠪᠠᠷ ᠭᠠᠷᠴᠤ ᠣᠷᠣᠬᠤ ᠬᠢᠯᠢ ᠶᠢᠨ ᠬᠠᠮᠠᠭᠠᠯᠠᠯᠲᠠ ᠶᠢᠨ ᠪᠠᠢᠢᠴᠠᠭᠠᠬᠤ ᠶᠡᠷᠦᠩᠬᠡᠢ ᠥᠷᠲᠡᠭᠡ᠂ ᠥᠪᠥᠷ ᠮᠣᠩᠭᠤᠯ ᠤᠨ ᠭᠠᠯ ᠰᠡᠷᠭᠡᠢᠢᠯᠡᠨ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠥᠪᠥᠷ ᠮᠣᠩᠭᠤᠯ ᠤᠨ ᠣᠶ ᠰᠢᠭᠤᠢ ᠶᠢᠨ ᠭᠠᠯ ᠲᠦᠢᠮᠡᠷ ᠢ ᠰᠡᠷᠭᠡᠢᠢᠯᠡᠨ ᠤᠨᠲᠠᠷᠠᠭᠠᠬᠤ ᠶᠡᠷᠦᠩᠬᠡᠢ ᠠᠩᠭᠢ᠄ ᠬᠦᠴᠦᠨ ᠢᠶᠠᠨ ᠵᠣᠬᠢᠶᠠᠨ ᠪᠠᠢᠢᠭᠤᠯᠵᠤ ᠴᠢᠮᠡᠭᠡ ᠬᠤᠯᠪᠣᠭᠠᠨ ᠤ ᠵᠠᠪᠳᠤᠨ ᠵᠠᠰᠠᠬᠤ ᠳᠤ ᠬᠠᠮᠵᠢᠨ ᠣᠷᠣᠯᠴᠠᠬᠤ ᠶᠢ ᠬᠠᠷᠢᠭᠤᠴᠠᠨ᠎ᠠ︔ ᠳᠣᠲᠣᠭᠠᠳᠤ ᠶᠢ ᠬᠠᠮᠠᠭᠠᠯᠠᠬᠤ ᠪᠠᠢᠢᠭᠤᠯᠭ᠎ᠠ ᠳᠤ ᠬᠠᠮᠵᠢᠯᠴᠠᠨ ᠲᠤᠬᠠᠢ ᠶᠢᠨ ᠭᠠᠵᠠᠷ ᠤᠨ ᠡᠮᠬᠢ ᠲᠢᠭᠯᠢᠮ ᠢ ᠬᠠᠮᠠᠭᠠᠯᠠᠵᠤ᠂ ᠴᠢᠬᠤᠯᠠ ᠬᠠᠷᠠᠯᠲᠠ ᠶᠢ ᠬᠠᠮᠠᠭᠠᠯᠠᠨ᠎ᠠ᠃

  ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠢᠢᠯᠠᠯ᠄ ᠲᠣᠰ ᠠᠵᠤ ᠠᠬᠤᠢᠢᠯᠠᠯ ᠤᠨ ᠢᠶᠠᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠴᠢᠮᠡᠭᠡ ᠬᠤᠯᠪᠣᠭᠠᠨ ᠤ ᠪᠠᠴᠢᠮ ᠪᠠᠢᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠢ ᠵᠣᠬᠢᠶᠠᠨ ᠪᠠᠢᠢᠭᠤᠯᠤᠨ ᠨᠠᠢᠢᠳᠠᠪᠤᠷᠢᠵᠢᠭᠤᠯᠬᠤ ᠶᠢ ᠬᠠᠷᠢᠭᠤᠴᠠᠨ᠎ᠠ︔ ᠵᠢᠯᠤᠭᠤᠳᠬᠤ ᠭᠠᠵᠠᠷ ᠪᠣᠯᠣᠨ ᠪᠠᠴᠢᠮ ᠪᠠᠢᠢᠳᠠᠯ ᠢ ᠠᠷᠭᠠᠴᠠᠭᠠᠬᠤ ᠠᠯᠪᠠᠨ ᠭᠡᠷ ᠲᠤ ᠲᠣᠰ ᠠᠵᠤ ᠠᠬᠤᠢᠢᠯᠠᠯ ᠤᠨ ᠢᠶᠠᠨ ᠴᠢᠮᠡᠭᠡ ᠬᠤᠯᠪᠣᠭᠠᠨ ᠤ ᠪᠠᠴᠢᠮ ᠪᠠᠢᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠤᠨ ᠠᠬᠢᠴᠠ ᠶᠢᠨ ᠪᠠᠢᠢᠳᠠᠯ ᠢᠶᠠᠨ ᠴᠠᠭ ᠲᠤᠬᠠᠢ ᠳᠤ ᠨᠢ ᠮᠡᠳᠡᠭᠦᠯᠦᠨ᠎ᠡ︔ ᠪᠠᠴᠢᠮ ᠪᠠᠢᠢᠳᠠᠯ ᠢ ᠠᠷᠭᠠᠴᠠᠭᠠᠬᠤ ᠬᠡᠷᠡᠭᠴᠡᠭᠡ ᠶᠢ ᠦᠨᠳᠦᠰᠦᠯᠡᠨ᠂ ᠪᠤᠰᠤᠳ ᠴᠠᠬᠢᠯᠭᠠᠨ ᠬᠤᠯᠪᠣᠭᠠᠨ ᠤ ᠠᠵᠤ ᠠᠬᠤᠢᠢᠯᠠᠯ ᠤᠨ ᠳᠤᠷᠠᠳᠤᠭᠰᠠᠨ ᠬᠡᠷᠡᠭᠴᠡᠭᠡ ᠱᠠᠭᠠᠷᠳᠠᠯᠭ᠎ᠠ ᠳᠤ ᠴᠠᠭ ᠲᠤᠬᠠᠢ ᠳᠤ ᠨᠢ ᠳᠡᠮᠵᠢᠯᠭᠡ ᠦᠵᠡᠭᠦᠯᠦᠨ᠎ᠡ︔ ᠲᠤᠰ ᠠᠵᠤ ᠠᠬᠤᠢᠢᠯᠠᠯ ᠤᠨ ᠢᠶᠠᠨ ᠴᠢᠮᠡᠭᠡ ᠬᠤᠯᠪᠣᠭᠠᠨ ᠤ ᠪᠠᠴᠢᠮ ᠪᠠᠢᠢᠳᠠᠯ ᠢ ᠠᠷᠭᠠᠴᠠᠭᠠᠬᠤ ᠪᠠᠲᠤᠯᠠᠭ᠎ᠠ ᠶᠢᠨ ᠪᠡᠯᠡᠳᠬᠡᠯ ᠲᠥᠰᠥᠯ ᠤᠨ ᠲᠣᠭᠲᠠᠯᠴᠠᠭ᠎ᠠ ᠶᠢ ᠪᠠᠢᠢᠭᠤᠯᠵᠤ᠂ ᠵᠢᠯᠤᠭᠤᠳᠬᠤ ᠭᠠᠵᠠᠷ ᠪᠣᠯᠣᠨ ᠪᠠᠴᠢᠮ ᠪᠠᠢᠢᠳᠠᠯ ᠢ ᠠᠷᠭᠠᠴᠠᠭᠠᠬᠤ ᠠᠯᠪᠠᠨ ᠭᠡᠷ ᠤᠨ ᠬᠤᠯᠪᠣᠭᠳᠠᠯ ᠪᠦᠬᠦᠢ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠤᠨ ᠪᠠᠢᠢᠷᠢᠯᠠᠭᠤᠯᠤᠯᠲᠠ ᠶᠢ ᠨᠠᠢᠢᠳᠠᠪᠤᠷᠢᠵᠢᠭᠤᠯᠤᠨ᠎ᠠ᠃

  2.4   ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠢᠢᠳᠠᠯ ᠢ ᠠᠷᠭᠠᠴᠠᠭᠠᠬᠤ ᠪᠠᠲᠤᠯᠠᠭ᠎ᠠ ᠶᠢᠨ ᠲᠤᠰᠬᠠᠢ ᠮᠡᠷᠭᠡᠵᠢᠯᠲᠡᠨ ᠤ ᠳᠤᠭᠤᠢᠢᠯᠠᠩ ᠤᠨ ᠪᠦᠷᠢᠯᠳᠦᠯ ᠬᠢᠭᠡᠳ ᠡᠭᠦᠷᠭᠡ ᠬᠠᠷᠢᠭᠤᠴᠠᠯᠭ᠎ᠠ

  ᠪᠠᠴᠢᠮ ᠪᠠᠢᠢᠳᠠᠯ ᠢ ᠠᠷᠭᠠᠴᠠᠭᠠᠬᠤ ᠠᠯᠪᠠᠨ ᠭᠡᠷ ᠤᠨ ᠳᠣᠣᠷ᠎ᠠ ᠲᠠᠯ᠎ᠠ ᠳᠤ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠭᠡᠨᠡᠳᠡᠯ ᠤᠨ ᠪᠠᠴᠢᠮ ᠪᠠᠢᠢᠳᠠᠯ ᠢ ᠠᠷᠭᠠᠴᠠᠭᠠᠬᠤ ᠪᠠᠲᠤᠯᠠᠭ᠎ᠠ ᠶᠢᠨ ᠲᠤᠰᠬᠠᠢ ᠮᠡᠷᠭᠡᠵᠢᠯᠲᠡᠨ ᠤ ᠳᠤᠭᠤᠢᠢᠯᠠᠩ ︵ ᠳᠣᠷᠣᠭᠰᠢ ᠲᠤᠰᠬᠠᠢ ᠮᠡᠷᠭᠡᠵᠢᠯᠲᠡᠨ ᠤ ᠳᠤᠭᠤᠢᠢᠯᠠᠩ ᠭᠡᠵᠦ ᠲᠣᠪᠴᠢᠯᠠᠨ᠎ᠠ ︶ ᠪᠠᠢᠢᠭᠤᠯᠤᠨ᠎ᠠ᠃ ᠲᠤᠰᠬᠠᠢ ᠮᠡᠷᠭᠡᠵᠢᠯᠲᠡᠨ ᠤ ᠳᠤᠭᠤᠢᠢᠯᠠᠩ ᠨᠢ ᠴᠢᠮᠡᠭᠡ ᠬᠤᠯᠪᠣᠭ᠎ᠠ ᠪᠠ ᠲᠣᠣᠷ ᠰᠦᠯᠵᠢᠶᠡᠨ ᠤ ᠠᠵᠢᠯᠯᠠᠭᠠᠨ ᠤ ᠠᠮᠤᠷ ᠲᠦᠪᠰᠢᠨ ᠤ ᠮᠡᠷᠭᠡᠵᠢᠯ ᠵᠢᠴᠢ ᠪᠠᠴᠢᠮ ᠪᠠᠢᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠤᠷᠰᠢᠯᠭ᠎ᠠ ᠲᠠᠢ ᠬᠥᠮᠥᠰ ᠢᠶᠠᠷ ᠪᠦᠷᠢᠯᠳᠦᠵᠦ᠂ ᠭᠤᠣᠯ ᠡᠭᠦᠷᠭᠡ ᠬᠠᠷᠢᠭᠤᠴᠠᠯᠭ᠎ᠠ ᠨᠢ ᠪᠣᠯ᠄ ᠴᠢᠮᠡᠭᠡ ᠬᠤᠯᠪᠣᠭᠠᠨ ᠤ ᠪᠠᠴᠢᠮ ᠪᠠᠢᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠯᠠᠪᠯᠠᠭ᠎ᠠ ᠶᠢᠨ ᠡᠭᠦᠷᠭᠡ ᠶᠢ ᠳᠠᠭᠠᠭᠠᠨ ᠡᠭᠦᠷᠭᠡᠯᠡᠬᠦ᠂ ᠴᠢᠮᠡᠭᠡ ᠬᠤᠯᠪᠣᠭᠠᠨ ᠤ ᠪᠠᠴᠢᠮ ᠪᠠᠢᠢᠳᠠᠯ ᠢ ᠠᠷᠭᠠᠴᠠᠭᠠᠬᠤ ᠪᠠᠲᠤᠯᠠᠭ᠎ᠠ ᠶᠢᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠳᠤᠷᠠᠳᠬᠤ᠂ ᠵᠢᠯᠤᠭᠤᠳᠬᠤ ᠭᠠᠵᠠᠷ ᠪᠠ ᠪᠠᠴᠢᠮ ᠪᠠᠢᠢᠳᠠᠯ ᠢ ᠠᠷᠭᠠᠴᠠᠭᠠᠬᠤ ᠠᠯᠪᠠᠨ ᠭᠡᠷ ᠤᠨ ᠨᠠᠶᠢᠳᠠᠯᠭ᠎ᠠ ᠪᠠᠷ ᠬᠤᠯᠪᠣᠭᠳᠠᠯ ᠪᠦᠬᠦᠢ ᠰᠢᠢᠳᠪᠦᠷᠢᠯᠡᠬᠦ ᠲᠥᠰᠥᠯ ᠳᠤ ᠶᠡᠷᠦᠩᠬᠡᠢᠢᠯᠡᠭᠰᠡᠨ ᠦᠨᠡᠯᠡᠨ ᠵᠢᠱᠢᠯᠲᠡ ᠬᠢᠬᠦ ᠵᠡᠷᠭᠡ ᠪᠣᠯᠣᠨ᠎ᠠ᠃

  3   ᠤᠷᠢᠳᠴᠢᠯᠠᠨ ᠰᠡᠷᠭᠡᠢᠢᠯᠡᠬᠦ ᠬᠢᠭᠡᠳ ᠰᠡᠷᠡᠮᠵᠢᠯᠡᠭᠦᠯᠬᠦ

  3.1   ᠤᠷᠢᠳᠴᠢᠯᠠᠨ ᠰᠡᠷᠭᠡᠢᠢᠯᠡᠬᠦ ᠲᠣᠭᠲᠠᠴᠠ

  ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠢᠢᠯᠠᠯ ᠨᠢ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠲᠥᠯᠦᠪᠵᠢᠭᠦᠯᠭᠡ ᠪᠠ ᠪᠦᠲᠦᠭᠡᠨ ᠪᠠᠢᠢᠭᠤᠯᠤᠯᠲᠠ ᠶᠢᠨ ᠳᠤᠮᠳᠠ᠂ ᠲᠣᠣᠷ ᠰᠦᠯᠵᠢᠶᠡᠨ ᠤ ᠠᠵᠢᠯᠯᠠᠭᠠᠨ ᠤ ᠠᠮᠤᠷ ᠲᠦᠪᠰᠢᠨ ᠤ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠢᠢᠳᠠᠪᠤᠷᠢᠵᠢᠭᠤᠯᠵᠤ᠂ ᠲᠣᠣᠷ ᠰᠦᠯᠵᠢᠶᠡᠨ ᠤ ᠠᠵᠢᠯᠯᠠᠭᠠᠨ ᠤ ᠠᠮᠤᠷ ᠲᠦᠪᠰᠢᠨ ᠤ ᠰᠡᠷᠭᠡᠢᠢᠯᠡᠯᠲᠡ᠂ ᠬᠢᠨᠠᠨ ᠰᠢᠨᠵᠢᠵᠦ ᠰᠡᠷᠡᠮᠵᠢᠯᠡᠭᠦᠯᠬᠦ ᠪᠠ ᠪᠠᠴᠢᠮ ᠪᠠᠢᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠵᠦ᠂ ᠲᠣᠣᠷ ᠰᠦᠯᠵᠢᠶᠡᠨ ᠤ ᠡᠪᠳᠡᠯᠡᠭᠡ ᠶᠢ ᠡᠰᠡᠷᠭᠦᠴᠡᠬᠦ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ︔ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠢᠢᠴᠠᠭᠠᠬᠤ ᠵᠢ ᠴᠢᠩᠭᠠᠳᠬᠠᠵᠤ᠂ ᠪᠠᠴᠢᠮ ᠪᠠᠢᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠵᠢ ᠲᠡᠭᠦᠯᠳᠡᠷᠵᠢᠭᠦᠯᠦᠨ᠂ ᠡᠯ᠎ᠡ ᠱᠠᠲᠤᠨ ᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠢᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠳ᠋ᠤ ᠴᠠᠭ ᠲᠤᠬᠠᠢ ᠳ᠋ᠤ ᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠢᠢᠭᠤᠯᠤᠨ ᠰᠣᠷᠢᠯᠲᠠ ᠬᠢᠵᠦ᠂ ᠤᠬᠠᠭᠤᠯᠭ᠎ᠠ ᠬᠥᠮᠦᠵᠢᠯ ᠤᠨ ᠪᠣᠯᠪᠠᠰᠤᠷᠠᠯ ᠢ ᠴᠢᠩᠭᠠᠳᠬᠠᠨ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃

  3.2   ᠰᠡᠷᠡᠮᠵᠢᠯᠡᠭᠦᠯᠬᠦ ᠳᠡᠰ ᠬᠤᠪᠢᠶᠠᠬᠤ

  ᠨᠥᠯᠥᠭᠡᠯᠡᠵᠦ ᠮᠡᠳᠡᠬᠦ ᠬᠡᠪᠴᠢᠶ᠎ᠡ ᠶᠢ ᠨᠢ ᠦᠨᠳᠦᠰᠦᠯᠡᠨ᠂ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠰᠡᠷᠡᠮᠵᠢᠯᠡᠭᠦᠯᠦᠯ ᠢ ᠳᠦᠷᠪᠡᠨ ᠳᠡᠰ ᠬᠤᠪᠢᠶᠠᠵᠤ᠂ ᠳᠡᠰ ᠳᠠᠷᠠᠭ᠎ᠠ ᠪᠠᠷ ᠨᠢ Ⅰ ᠳᠡᠰ ︵ ᠣᠨᠴᠠᠭᠠᠶ ᠬᠦᠨᠳᠦ ᠨᠣᠴᠢᠲᠠᠢ ︶᠂ Ⅱ ᠳᠡᠰ ︵ ᠬᠦᠨᠳᠦ ᠨᠣᠴᠢᠲᠠᠢ ︶᠂ Ⅲ ᠳᠡᠰ ︵ ᠨᠡᠯᠢᠶᠡᠳ ᠬᠦᠨᠳᠦ ᠨᠣᠴᠢᠲᠠᠢ ︶ ᠪᠠ Ⅳ ᠳᠡᠰ ︵ ᠡᠩ ᠤᠨ ︶ ᠭᠡᠬᠦ ᠳᠦᠷᠪᠡᠨ ᠳᠡᠰ ᠬᠤᠪᠢᠶᠠᠪᠠ᠃

  Ⅰ ᠳᠡᠰ ᠤᠨ ᠰᠡᠷᠡᠮᠵᠢᠯᠡᠭᠦᠯᠦᠯ᠄ ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠳᠤ ᠰᠠᠭᠠᠳ ᠭᠠᠷᠬᠤ ᠪᠤᠶᠤ ᠪᠤᠰᠤᠳ ᠬᠡᠷᠡᠭ ᠶᠠᠪᠤᠳᠠᠯ ᠤᠨ ᠰᠢᠨᠵᠢ ᠲᠡᠮᠳᠡᠭ ᠢᠯᠡᠷᠡᠵᠦ᠂ ᠰᠤᠳᠤᠯᠤᠨ ᠮᠠᠭᠠᠳᠯᠠᠬᠤ ᠪᠠᠷ ᠳᠠᠮᠵᠢᠭᠠᠳ 2 ᠵᠢᠴᠢ ᠲᠡᠭᠦᠨ ᠡᠴᠠ ᠳᠡᠭᠡᠭᠰᠢᠬᠢ ᠮᠤᠵᠢ ︵ ᠣᠷᠣᠨ᠂ ᠬᠤᠲᠠ ︶ ᠶᠢᠨ ᠴᠢᠮᠡᠭᠡ ᠬᠤᠯᠪᠣᠭ᠎ᠠ ᠶᠢ ᠶᠡᠭᠡ ᠬᠡᠪᠴᠢᠶ᠎ᠡ ᠪᠠᠷ ᠲᠠᠰᠤᠯᠳᠠᠭᠤᠯᠬᠤ ᠪᠠᠢᠢᠳᠠᠯ ᠢ ᠡᠭᠦᠰᠬᠡᠵᠦ ᠮᠡᠳᠡᠬᠦ᠃

  Ⅱ ᠲᠠᠰ ᠤᠨ ᠰᠡᠷᠡᠮᠵᠢᠯᠡᠭᠦᠯᠦᠯ᠄ ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠳᠤ ᠰᠠᠭᠠᠳ ᠭᠠᠷᠬᠤ ᠪᠤᠶᠤ ᠪᠤᠰᠤᠳ ᠬᠡᠷᠡᠭ ᠶᠠᠪᠤᠳᠠᠯ ᠤᠨ ᠰᠢᠨᠵᠢ ᠲᠡᠮᠳᠡᠭ ᠢᠯᠡᠷᠡᠵᠦ᠂ ᠰᠤᠳᠤᠯᠤᠨ ᠮᠠᠭᠠᠳᠯᠠᠬᠤ ᠪᠠᠷ ᠳᠠᠮᠵᠢᠭᠠᠳ 1 ᠮᠤᠵᠢ ︵ ᠣᠷᠣᠨ᠂ ᠬᠤᠲᠠ ︶ ᠶᠢᠨ ᠳᠣᠲᠣᠷᠠᠬᠢ 2 ᠵᠢᠴᠢ ᠲᠡᠭᠦᠨ ᠡᠴᠠ ᠳᠡᠭᠡᠭᠰᠢᠬᠢ ᠠᠢᠢᠮᠠᠭ ᠬᠤᠲᠠ ᠶᠢᠨ ᠴᠢᠮᠡᠭᠡ ᠬᠤᠯᠪᠣᠭ᠎ᠠ ᠶᠢ ᠶᠡᠭᠡ ᠬᠡᠪᠴᠢᠶ᠎ᠡ ᠪᠠᠷ ᠲᠠᠰᠤᠯᠳᠠᠭᠤᠯᠬᠤ ᠪᠠᠢᠢᠳᠠᠯ ᠢ ᠡᠭᠦᠰᠬᠡᠵᠦ ᠮᠡᠳᠡᠬᠦ᠃

  Ⅲ ᠲᠠᠰ ᠤᠨ ᠰᠡᠷᠡᠮᠵᠢᠯᠡᠭᠦᠯᠦᠯ᠄ ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠳᠤ ᠰᠠᠭᠠᠳ ᠭᠠᠷᠬᠤ ᠪᠤᠶᠤ ᠪᠤᠰᠤᠳ ᠬᠡᠷᠡᠭ ᠶᠠᠪᠤᠳᠠᠯ ᠤᠨ ᠰᠢᠨᠵᠢ ᠲᠡᠮᠳᠡᠭ ᠢᠯᠡᠷᠡᠵᠦ᠂ ᠰᠤᠳᠤᠯᠤᠨ ᠮᠠᠭᠠᠳᠯᠠᠬᠤ ᠪᠠᠷ ᠳᠠᠮᠵᠢᠭᠠᠳ 1 ᠠᠢᠢᠮᠠᠭ ᠬᠤᠲᠠ ᠶᠢᠨ ᠳᠣᠲᠣᠷᠠᠬᠢ 2 ᠵᠢᠴᠢ ᠲᠡᠭᠦᠨ ᠡᠴᠠ ᠳᠡᠭᠡᠭᠰᠢᠬᠢ ᠬᠤᠰᠢᠭᠤ ᠰᠢᠶᠠᠨ ︵ ᠬᠤᠲᠠ᠂ ᠲᠣᠭᠤᠷᠢᠭ ︶ ᠤ ᠴᠢᠮᠡᠭᠡ ᠬᠤᠯᠪᠣᠭ᠎ᠠ ᠶᠢ ᠶᠡᠭᠡ ᠬᠡᠪᠴᠢᠶ᠎ᠡ ᠪᠠᠷ ᠲᠠᠰᠤᠯᠳᠠᠭᠤᠯᠬᠤ ᠪᠠᠢᠢᠳᠠᠯ ᠢ ᠡᠭᠦᠰᠬᠡᠵᠦ ᠮᠡᠳᠡᠬᠦ᠃

  Ⅳ ᠲᠠᠰ ᠤᠨ ᠰᠡᠷᠡᠮᠵᠢᠯᠡᠭᠦᠯᠦᠯ᠄ ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠳᠤ ᠰᠠᠭᠠᠳ ᠭᠠᠷᠬᠤ ᠪᠤᠶᠤ ᠪᠤᠰᠤᠳ ᠬᠡᠷᠡᠭ ᠶᠠᠪᠤᠳᠠᠯ ᠤᠨ ᠰᠢᠨᠵᠢ ᠲᠡᠮᠳᠡᠭ ᠢᠯᠡᠷᠡᠵᠦ᠂ ᠰᠤᠳᠤᠯᠤᠨ ᠮᠠᠭᠠᠳᠯᠠᠬᠤ ᠪᠠᠷ ᠳᠡᠮᠵᠢᠨ 1 ᠬᠤᠰᠢᠭᠤ ᠰᠢᠶᠠᠨ ︵ ᠬᠤᠲᠠ᠂ ᠲᠣᠭᠤᠷᠢᠭ ︶ ᠤ ᠴᠢᠮᠡᠭᠡ ᠬᠤᠯᠪᠣᠭ᠎ᠠ ᠶᠢ ᠲᠠᠰᠤᠯᠳᠠᠭᠤᠯᠬᠤ ᠪᠠᠢᠢᠳᠠᠯ ᠢ ᠡᠭᠦᠰᠬᠡᠵᠦ ᠮᠡᠳᠡᠬᠦ᠃

  ᠣᠨᠴᠠᠭᠠᠢ ᠪᠠᠢᠢᠳᠠᠯ ᠭᠠᠷᠪᠠᠯ᠂ ᠪᠣᠳᠠᠲᠠᠢ ᠲᠠᠢ ᠪᠠᠨ ᠤᠶᠠᠯᠳᠤᠭᠤᠯᠤᠨ᠂ ᠰᠡᠷᠡᠮᠵᠢᠯᠡᠭᠦᠯᠬᠦ ᠶᠢ ᠳᠠᠭᠠᠬᠤ ᠲᠠᠰ ᠲᠤ ᠵᠣᠬᠢᠰᠲᠠᠢ ᠲᠣᠬᠢᠷᠠᠭᠤᠯᠤᠯᠲᠠ ᠬᠢᠵᠦ ᠪᠣᠯᠣᠨ᠎ᠠ᠃

  3.3   ᠰᠡᠷᠡᠮᠵᠢᠯᠡᠭᠦᠯᠬᠦ ᠬᠢᠨᠠᠨ ᠰᠢᠨᠵᠢᠯᠲᠡ

  ᠥᠪᠥᠷ ᠮᠣᠩᠭᠤᠯ ᠤᠨ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠡᠴᠠ ᠴᠠᠭ ᠠᠭᠤᠷ᠂ ᠤᠰᠤᠨ ᠠᠰᠢᠬᠯᠠᠯᠲᠠ᠂ ᠭᠠᠵᠠᠷ ᠬᠥᠳᠡᠯᠦᠯᠲᠡ ᠵᠡᠷᠭᠡ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠢ ᠯᠦᠭᠡ ᠨᠢᠭᠲᠠ ᠬᠠᠮᠵᠢᠯᠴᠠᠨ᠂ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠪᠠᠨ ᠴᠢᠩᠭᠠᠳᠬᠠᠵᠤ᠂ ᠪᠣᠷᠣᠭᠠᠨ ᠤ ᠪᠠᠢᠢᠳᠠᠯ᠂ ᠤᠰᠤᠨ ᠤ ᠪᠠᠢᠢᠳᠠᠯ᠂ ᠲᠦᠭᠰᠢᠭᠦᠷᠢᠲᠦ ᠪᠠᠢᠢᠳᠠᠯ ᠵᠡᠷᠭᠡ ᠡᠯ᠎ᠡ ᠲᠥᠷᠥᠯ ᠤᠨ ᠪᠠᠢᠢᠭᠠᠯᠢ ᠵᠢᠨ ᠭᠠᠢ ᠭᠠᠮᠰᠢᠭ ᠢ ᠬᠢᠨᠠᠨ ᠰᠢᠨᠵᠢᠵᠦ ᠰᠡᠷᠡᠮᠵᠢᠯᠡᠭᠦᠯᠦᠭᠰᠡᠨ ᠮᠡᠳᠡᠭᠡ ᠵᠠᠩᠭᠢ ᠶᠢ ᠴᠠᠭ ᠲᠤᠬᠠᠢ ᠳ᠋ᠤ ᠨᠢ ᠤᠢᠢᠯᠠᠭᠠᠨ ᠮᠡᠳᠡᠵᠦ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠡᠮᠬᠢᠳᠬᠡᠨ ᠬᠤᠷᠢᠶᠠᠩᠭᠤᠢᠢᠯᠠᠬᠤ ᠶᠢᠨ ᠬᠠᠮᠲᠤ ᠵᠢᠯᠤᠭᠤᠳᠬᠤ ᠭᠠᠵᠠᠷ ᠲᠤ ᠨᠡᠪᠲᠡᠷᠡᠭᠦᠯᠦᠨ ᠮᠡᠳᠡᠭᠡᠯᠡᠨ᠎ᠡ᠃ ᠴᠢᠬᠤᠯᠠ ᠲᠠᠢ ᠦᠶ᠎ᠡ ᠳᠤ ᠵᠢᠯᠤᠭᠤᠳᠬᠤ ᠭᠠᠵᠠᠷ ᠡᠴᠠ ᠲᠤᠰᠬᠠᠢ ᠮᠡᠷᠭᠡᠵᠢᠯᠲᠡᠳ ᠢ ᠵᠣᠬᠢᠶᠠᠨ ᠪᠠᠢᠢᠭᠤᠯᠤᠨ ᠵᠥᠪᠳᠡᠯᠴᠡᠵᠦ ᠪᠠᠢᠢᠭᠠᠳ ᠰᠤᠳᠤᠯᠤᠨ ᠮᠠᠭᠠᠳᠯᠠᠬᠤ ᠪᠠ ᠲᠦᠭᠰᠢᠭᠦᠷᠢ ᠶᠢᠨ ᠦᠨᠡᠯᠡᠨ ᠵᠢᠱᠢᠯᠲᠡ ᠬᠢᠨ᠎ᠡ᠃

  ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠭᠤᠯᠭ᠎ᠠ ᠳᠤ᠄ ᠬᠢᠨᠠᠨ ᠰᠢᠨᠵᠢᠭᠰᠡᠨ ᠮᠡᠳᠡᠭᠡ ᠵᠠᠩᠭᠢ ᠶᠢᠨ ᠦᠨᠳᠦᠰᠦᠨ ᠪᠠᠢᠢᠳᠠᠯ ᠤᠨ ᠳᠦᠷᠰᠦᠯᠡᠯ᠂ ᠤᠴᠠᠷᠠᠭᠤᠯᠵᠤ ᠮᠡᠳᠡᠬᠦ ᠬᠤᠣᠷ ᠬᠥᠨᠥᠭᠡᠯ ᠵᠢᠴᠢ ᠬᠡᠮᠵᠢᠶ᠎ᠡ᠂ ᠨᠥᠯᠥᠭᠡᠯᠡᠵᠦ ᠮᠡᠳᠡᠬᠦ ᠬᠡᠷᠡᠭᠯᠡᠭᠴᠢᠳ ᠵᠢᠴᠢ ᠬᠦᠷᠢᠶ᠎ᠡ ᠬᠡᠪᠴᠢᠶ᠎ᠡ᠂ ᠰᠠᠨᠠᠭᠤᠯᠭ᠎ᠠ ᠪᠠ ᠠᠷᠭᠠᠴᠠᠭᠠᠬᠤ ᠠᠷᠭ᠎ᠠ ᠬᠡᠮᠵᠢᠶ᠎ᠡ ᠵᠡᠷᠭᠡ ᠪᠠᠭᠲᠠᠨ᠎ᠠ᠃

  3.4   ᠰᠡᠷᠡᠮᠵᠢᠯᠡᠭᠦᠯᠬᠦ ᠨᠡᠪᠲᠡᠷᠡᠭᠦᠯᠭᠡ

  ᠴᠢᠮᠡᠭᠡ ᠬᠤᠯᠪᠣᠭᠠᠨ ᠤ ᠰᠡᠷᠡᠮᠵᠢᠯᠡᠭᠦᠯᠦᠯ ᠢ ᠵᠢᠯᠤᠭᠤᠳᠬᠤ ᠭᠠᠵᠠᠷ ᠡᠴᠠ ᠨᠤᠲᠠᠯᠠᠬᠤ ᠶᠢᠨ ᠬᠠᠮᠲᠤ ᠨᠡᠪᠲᠡᠷᠡᠭᠦᠯᠦᠨ ᠮᠡᠳᠡᠭᠡᠯᠡᠨ᠎ᠡ᠃ ᠰᠡᠷᠡᠮᠵᠢᠯᠡᠭᠦᠯᠬᠦ ᠨᠡᠪᠲᠡᠷᠡᠭᠦᠯᠭᠡ ᠨᠢ ᠪᠢᠴᠢᠭ ᠮᠠᠲ᠋ᠧᠷᠢᠶᠠᠯ ᠤᠨ ᠳᠦᠷᠰᠦᠲᠦ ᠴᠠᠬᠢᠯᠭᠠᠨ ᠤ ᠬᠡᠯᠪᠡᠷᠢ ᠶᠢ ᠬᠡᠷᠡᠭᠯᠡᠵᠦ᠂ ᠪᠠᠴᠢᠮ ᠪᠠᠢᠢᠳᠠᠯ ᠲᠣᠬᠢᠶᠠᠯᠳᠤᠪᠠᠯ ᠤᠲᠠᠰᠤᠳᠠᠬᠤ ᠵᠡᠷᠭᠡ ᠠᠷᠭ᠎ᠠ ᠮᠠᠶ᠋ᠢᠭ ᠢ ᠬᠡᠷᠡᠭᠯᠡᠵᠦ ᠪᠣᠯᠣᠨ᠎ᠠ᠂ ᠬᠡᠷᠡᠭ ᠤᠨ ᠲᠠᠷᠠᠭ᠎ᠠ ᠵᠢᠩᠬᠢᠨᠢ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠨᠥᠬᠦᠵᠦ ᠮᠡᠳᠡᠭᠦᠯᠦᠨ᠎ᠡ᠃

  3.5   ᠰᠡᠷᠡᠮᠵᠢᠯᠡᠭᠦᠯᠬᠦ ᠶᠢ ᠳᠠᠭᠠᠬᠤ

  ︵ 1 ︶ Ⅳ ᠲᠠᠰ ᠤᠨ ᠰᠡᠷᠡᠮᠵᠢᠯᠡᠭᠦᠯᠬᠦ ᠶᠢ ᠳᠠᠭᠠᠬᠤ᠃ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠳ ᠴᠢᠮᠡᠭᠡ ᠬᠤᠯᠪᠣᠭᠠᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠰᠡᠷᠡᠮᠵᠢᠯᠡᠭᠦᠯᠬᠦ ᠣᠷᠣᠨ ᠪᠦᠰᠡ ᠶᠢᠨ ᠳᠣᠲᠣᠷᠠᠬᠢ ᠲᠣᠣᠷ ᠰᠦᠯᠵᠢᠶᠡᠨ ᠤ ᠠᠵᠢᠯᠯᠠᠭᠠᠨ ᠤ ᠪᠠᠶᠢᠳᠠᠯ ᠢ ᠬᠢᠨᠠᠨ ᠰᠢᠨᠵᠢᠬᠦ ᠪᠠ ᠪᠡᠯᠡᠳᠬᠡᠮᠵᠢ ᠶᠢ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠲᠤ ᠬᠤᠯᠪᠣᠭᠳᠠᠯ ᠪᠦᠬᠦᠢ ᠪᠠᠶᠢᠳᠠᠯ ᠢ ᠡᠳᠦᠷ ᠪᠦᠷᠢ ᠮᠡᠳᠡᠭᠦᠯᠦᠨ᠎ᠡ᠃

  ︵ 2 ︶ Ⅲ ᠲᠠᠰ ᠤᠨ ᠰᠡᠷᠡᠮᠵᠢᠯᠡᠭᠦᠯᠬᠦ ᠶᠢ ᠳᠠᠭᠠᠬᠤ᠃ Ⅳ ᠳᠡᠰ ᠤᠨ ᠰᠡᠷᠡᠮᠵᠢᠯᠡᠭᠦᠯᠬᠦ ᠶᠢ ᠳᠠᠭᠠᠭᠰᠠᠨ ᠰᠠᠭᠤᠷᠢᠨ ᠳᠡᠭᠡᠷ᠎ᠡ᠂ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠪᠣᠯᠤᠨ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ 24 ᠴᠠᠭ ᠢᠶᠠᠷ ᠵᠢᠵᠢᠭᠦᠷᠯᠡᠬᠦ ᠶᠢ ᠬᠡᠷᠡᠭᠵᠢᠭᠦᠯᠵᠦ᠂ ᠳᠠᠭᠠᠭᠤᠯᠢ ᠤᠳᠤᠨ ᠤ ᠤᠲᠠᠰᠤ᠂ ᠶᠠᠷᠢᠯᠴᠠᠭᠤᠷ ᠵᠡᠷᠭᠡ ᠲᠣᠨᠤᠭ ᠲᠥᠬᠦᠭᠡᠷᠦᠮᠵᠢ ᠶᠢ ᠠᠪᠴᠤ ᠭᠤᠣᠯᠳᠠᠯᠭ᠎ᠠ ᠲᠠᠢ ᠪᠠᠲᠤᠯᠠᠭ᠎ᠠ ᠶᠢᠨ ᠣᠷᠣᠨ ᠪᠦᠰᠡ ᠳᠤ ᠤᠷᠢᠳᠴᠢᠯᠠᠨ ᠪᠠᠶᠢᠷᠢᠯᠠᠭᠤᠯᠤᠨ᠎ᠠ᠃ ᠰᠡᠷᠡᠮᠵᠢᠯᠡᠭᠦᠯᠬᠦ ᠣᠷᠣᠨ ᠪᠦᠰᠡ ᠶᠢᠨ ᠪᠠᠲᠤᠯᠠᠭ᠎ᠠ ᠶᠢᠨ ᠡᠩᠨᠡᠭᠡ᠂ ᠲᠣᠨᠤᠭ ᠲᠥᠬᠦᠭᠡᠷᠦᠮᠵᠢ ᠪᠠ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠤᠳᠠᠰ ᠢ ᠳᠣᠭᠢᠷᠠᠭᠤᠯᠬᠤ ᠲᠥᠰᠦᠯ ᠢᠶᠠᠨ ᠲᠣᠭᠲᠠᠭᠠᠨ᠎ᠠ᠃

  ︵ 3 ︶ Ⅱ ᠲᠠᠰ ᠤᠨ ᠰᠡᠷᠡᠮᠵᠢᠯᠡᠭᠦᠯᠬᠦ ᠶᠢ ᠳᠠᠭᠠᠬᠤ᠃ Ⅲ ᠲᠠᠰ ᠤᠨ ᠰᠡᠷᠡᠮᠵᠢᠯᠡᠭᠦᠯᠬᠦ ᠶᠢ ᠳᠠᠭᠠᠭᠰᠠᠨ ᠰᠠᠭᠤᠷᠢᠨ ᠳᠡᠭᠡᠷ᠎ᠡ᠂ ᠵᠢᠯᠣᠭᠤᠳᠬᠤ ᠭᠠᠵᠠᠷ 24 ᠴᠠᠭ ᠢᠶᠠᠷ ᠠᠵᠢᠯ ᠤᠨ ᠪᠠᠶᠢᠷᠢ ᠳᠤ ᠪᠠᠨ ᠵᠢᠵᠢᠭᠦᠷᠯᠡᠬᠦ ᠶᠢ ᠬᠡᠷᠡᠭᠵᠢᠭᠦᠯᠵᠦ᠂ ᠠᠶᠢᠮᠠᠭ ᠬᠤᠲᠠ ᠠᠯᠤᠰᠯᠠᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡ ᠪᠠ ᠲᠣᠨᠤᠭ ᠲᠥᠬᠦᠭᠡᠷᠦᠮᠵᠢ ᠶᠢ ᠳᠣᠭᠢᠷᠠᠭᠤᠯᠬᠤ ᠠᠵᠢᠯ ᠤᠨ ᠲᠥᠰᠦᠯ ᠢ ᠲᠣᠭᠲᠠᠭᠠᠬᠤ ᠶᠢᠨ ᠬᠠᠮᠲᠤ᠂ ᠳᠡᠮᠵᠢᠨ ᠲᠤᠰᠠᠯᠠᠬᠤ ᠪᠡᠯᠡᠳᠬᠡᠯ ᠢ ᠰᠠᠶᠢᠲᠤᠷ ᠬᠢᠨ᠎ᠠ᠃

  ︵ 4 ︶ Ⅰ ᠳᠡᠰ ᠤᠨ ᠰᠡᠷᠡᠮᠵᠢᠯᠡᠭᠦᠯᠬᠦ ᠵᠢ ᠳᠠᠭᠠᠬᠤ᠃ ᠬᠤᠯᠪᠣᠭᠳᠠᠯ ᠪᠥᠬᠦᠶ ᠪᠠᠶᠢᠳᠠᠯ ᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳ᠋ᠤ ᠳᠠᠷᠦᠢᠬᠠᠨ ᠮᠡᠳᠡᠭᠦᠯᠦᠨ ᠬᠦᠷᠭᠡᠨ᠎ᠡ᠃ Ⅱ ᠲᠠᠰ ᠤᠨ ᠰᠡᠷᠡᠮᠵᠢᠯᠡᠭᠦᠯᠬᠦ ᠵᠢ ᠳᠠᠭᠠᠭᠰᠠᠨ ᠰᠠᠭᠤᠷᠢᠨ ᠳᠡᠭᠡᠷ᠎ᠡ᠂ ᠵᠢᠯᠣᠭᠤᠳᠬᠤ ᠭᠠᠵᠠᠷ ᠡᠴᠠ ᠵᠣᠬᠢᠶᠠᠨ ᠪᠠᠢᠢᠭᠤᠯᠵᠤ ᠪᠠᠢᠢᠭᠠᠳ ᠬᠠᠮᠲᠤᠷᠠᠨ ᠵᠦᠪᠳᠡᠯᠴᠡᠵᠦ ᠰᠣᠳᠣᠯᠤᠨ ᠮᠠᠭᠠᠳᠯᠠᠵᠤ᠂ ᠴᠢᠮᠡᠭᠡ ᠬᠤᠯᠪᠣᠭᠠᠨ ᠤ ᠪᠠᠲᠤᠯᠠᠭ᠎ᠠ ᠵᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠷᠭ᠎ᠠ ᠬᠡᠮᠵᠢᠶ᠎ᠡ ᠪᠠ ᠠᠵᠢᠯ ᠤᠨ ᠲᠥᠰᠦᠯ ᠢ ᠰᠤᠳᠤᠯᠤᠨ ᠲᠣᠭᠲᠠᠭᠠᠵᠤ᠂ ᠡᠬᠢ ᠪᠠᠶᠠᠯᠢᠭ ᠢ ᠳᠣᠭᠢᠷᠠᠭᠤᠯᠬᠤ᠂ ᠵᠣᠬᠢᠶᠠᠨ ᠪᠠᠶᠢᠭᠤᠯᠵᠤ ᠳᠠᠶᠢᠴᠢᠯᠠᠬᠤ ᠪᠠ ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠬᠦ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ ᠪᠠᠴᠢᠮ ᠪᠠᠶᠢᠷᠢᠯᠠᠭᠤᠯᠵᠤ᠂ ᠬᠠᠮᠵᠢᠯᠴᠠᠨ ᠠᠷᠭᠠᠴᠠᠭᠠᠨ᠎ᠠ᠃

  4   ᠪᠠᠴᠢᠮ ᠪᠠᠶᠢᠳᠠᠯ ᠤᠨ ᠠᠷᠭᠠᠴᠠᠭᠠᠯᠲᠠ ᠶᠢ ᠳᠠᠭᠠᠬᠤ

  4.1   ᠠᠵᠢᠯ ᠤᠨ ᠲᠣᠭᠲᠠᠴᠠ

  4.1.1   ᠳᠡᠰ ᠬᠤᠪᠢᠶᠠᠨ ᠤᠷᠢᠶᠠᠯᠠᠨ ᠳᠠᠭᠠᠬᠤ

  ᠭᠡᠨᠡᠳᠲᠡ ᠶᠢᠨ ᠬᠡᠷᠡᠭ ᠤᠨ ᠨᠥᠯᠥᠭᠡᠯᠡᠬᠦ ᠬᠡᠪᠴᠢᠶ᠎ᠡ᠂ ᠬᠥᠨᠥᠭᠡᠯ ᠤᠨ ᠬᠡᠮᠵᠢᠶ᠎ᠡ ᠵᠢᠴᠢ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠭᠦᠷᠭᠡ ᠶᠢᠨ ᠴᠢᠬᠤᠯᠠ ᠴᠢᠨᠠᠷ ᠵᠡᠷᠭᠡ ᠬᠦᠴᠦᠨ ᠵᠦᠢᠯ ᠢ ᠦᠨᠳᠦᠰᠦᠯᠡᠨ᠂ ᠥᠨᠳᠥᠷ ᠡᠴᠠ ᠳᠣᠤᠷ᠎ᠠ ᠲᠡᠢᠢᠰᠢ Ⅰ ︵ ᠣᠨᠴᠠ ᠬᠦᠨᠳᠦ ᠨᠣᠴᠢᠲᠠᠶ ︶᠂ Ⅱ ︵ ᠬᠦᠨᠳᠦ ᠨᠣᠴᠢᠲᠠᠶ ︶᠂ Ⅲ ︵ ᠨᠡᠯᠢᠶᠡᠳ ᠬᠦᠨᠳᠦ ᠨᠣᠴᠢᠲᠠᠶ ︶᠂ Ⅳ ︵ ᠡᠩ ᠤᠨ ︶ ᠳᠥᠷᠪᠡᠨ ᠳᠡᠰ ᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠤᠷᠢᠶᠠᠯᠠᠨ ᠳᠠᠭᠠᠬᠤ ᠵᠡᠷᠭᠡ ᠲᠠᠰ ᠢ ᠲᠣᠭᠲᠠᠭᠠᠵᠤ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠤᠷᠢᠶᠠᠯᠠᠨ ᠳᠠᠭᠠᠬᠤ ᠵᠡᠷᠭᠡ ᠳᠡᠰ ᠲᠤ ᠪᠣᠳᠠᠲᠤ ᠪᠠᠶᠢᠳᠠᠯ ᠢ ᠦᠨᠳᠦᠰᠦᠯᠡᠨ ᠲᠣᠬᠢᠷᠠᠭᠤᠯᠤᠯᠲᠠ ᠬᠢᠵᠦ ᠪᠣᠯᠤᠨ᠎ᠠ᠃

  4.1.2   ᠵᠢᠯᠣᠭᠤᠳᠴᠤ ᠬᠤᠯᠪᠣᠭᠠᠯᠠᠨ ᠬᠦᠳᠡᠯᠦᠯᠴᠡᠬᠦ

  ᠵᠢᠯᠣᠭᠤᠳᠬᠤ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠶᠢᠮᠠᠭ ᠬᠤᠲᠠ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠤ ᠠᠬᠤᠶᠢᠯᠠᠯ ᠠᠯᠤᠰᠯᠠᠭᠰᠠᠨ ᠡᠬᠢ ᠪᠠᠶᠠᠯᠢᠭ ᠤᠨ ᠲᠣᠬᠢᠷᠠᠭᠤᠯᠤᠯᠲᠠ᠂ ᠳᠡᠮᠵᠢᠨ ᠲᠤᠰᠠᠯᠠᠬᠤ ᠪᠠᠲᠤᠯᠠᠭ᠎ᠠ ᠵᠡᠷᠭᠡ ᠵᠣᠬᠢᠶᠠᠨ ᠪᠠᠶᠢᠭᠤᠯᠵᠤ ᠵᠣᠬᠢᠴᠠᠭᠤᠯᠬᠤ ᠠᠵᠢᠯ ᠢ ᠬᠠᠷᠢᠭᠤᠴᠠᠨ᠎ᠠ᠃

  ᠵᠢᠯᠣᠭᠤᠳᠬᠤ ᠭᠠᠵᠠᠷ ᠤᠨ ᠡᠯ᠎ᠡ ᠪᠦᠷᠢᠯᠳᠦᠭᠦᠨ ᠨᠢᠭᠡᠴᠢ ᠨᠢ ᠵᠢᠯᠣᠭᠤᠳᠬᠤ ᠭᠠᠵᠠᠷ ᠤᠨ ᠨᠢᠭᠡᠳᠦᠯᠲᠡᠶ ᠵᠢᠯᠣᠭᠤᠳᠤᠨ ᠲᠣᠬᠢᠷᠠᠭᠤᠯᠬᠤ ᠳᠣᠣᠷ᠎ᠠ᠂ ᠴᠢᠮᠡᠭᠡ ᠬᠤᠯᠪᠣᠭᠠᠨ ᠤ ᠪᠠᠲᠤᠯᠠᠭ᠎ᠠ ᠵᠢᠨ ᠬᠦᠳᠡᠯᠦᠩᠭᠦᠢ ᠡᠩᠨᠡᠭᠡ ᠵᠢ ᠪᠠᠢᠢᠭᠤᠯᠤᠨ᠎ᠠ᠃ ᠲᠤᠬᠠᠶ ᠵᠢᠨ ᠲᠠᠯᠠᠪᠤᠷ ᠤᠨ ᠲᠦᠷ ᠴᠠᠭ ᠤᠨ ᠤᠳᠤᠷᠢᠳᠬᠤ ᠳᠤᠭᠤᠶᠢᠯᠠᠩ ᠪᠠᠶᠢᠭᠤᠯᠤᠭᠳᠠᠭᠰᠠᠨ ᠤ ᠳᠠᠷᠠᠭ᠎ᠠ᠂ ᠬᠡᠷᠡᠭ ᠭᠠᠷᠤᠭᠰᠠᠨ ᠲᠤᠬᠠᠶ ᠵᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠵᠢᠨ ᠡᠯ᠎ᠡ ᠡᠩᠨᠡᠭᠡ ᠵᠢᠴᠢ ᠡᠳ᠋ ᠪᠠᠷᠠᠭ᠎ᠠ ᠵᠡᠷᠭᠡ ᠨᠢ ᠲᠤᠬᠠᠶ ᠵᠢᠨ ᠲᠠᠯᠠᠪᠤᠷ ᠤᠨ ᠲᠦᠷ ᠴᠠᠭ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠶ ᠵᠢᠯᠣᠭᠤᠳᠣᠯᠭ᠎ᠠ ᠪᠠ ᠲᠣᠬᠢᠷᠠᠭᠤᠯᠤᠯᠲᠠ ᠵᠢ ᠬᠦᠯᠢᠶᠡᠨ᠎ᠡ᠃

  4.1.3   ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ

  ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠤᠷᠢᠶᠠᠯᠠᠨ ᠳᠠᠭᠠᠬᠤ ᠵᠡᠷᠭᠡ ᠲᠠᠰ ᠢ ᠦᠨᠳᠦᠰᠦᠯᠡᠨ ᠮᠡᠳᠡᠭᠡ ᠵᠠᠩᠭᠢ ᠮᠡᠳᠡᠭᠦᠯᠦᠨ ᠬᠦᠷᠭᠡᠬᠦ ᠲᠦᠷᠢᠮ ᠢ ᠡᠬᠢᠯᠡᠭᠦᠯᠦᠨ᠎ᠡ᠃

  ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠨᠢ ᠬᠠᠮᠢᠶ᠎ᠠ ᠪᠥᠬᠦᠶ ᠠᠭᠤᠯᠭ᠎ᠠ᠂ ᠴᠠᠭ ᠤᠨ ᠬᠢᠵᠠᠭᠠᠷ᠂ ᠳᠠᠪᠲᠠᠮᠵᠢ ᠤᠳᠠᠭ᠎ᠠ ᠵᠡᠷᠭᠡ ᠱᠠᠭᠠᠷᠳᠠᠯᠭ᠎ᠠ ᠶᠢ ᠦᠨᠳᠦᠰᠦᠯᠡᠨ ᠴᠢᠮᠡᠭᠡ ᠬᠤᠯᠪᠣᠭᠠᠨ ᠤ ᠬᠤᠬᠢᠷᠠᠯ ᠵᠢᠴᠢ ᠪᠠᠲᠤᠯᠠᠭ᠎ᠠ᠂ ᠰᠡᠷᠭᠦᠭᠡᠯᠲᠡ ᠵᠡᠷᠭᠡ ᠪᠠᠶᠢᠳᠠᠯ ᠢᠶᠠᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠤᠷᠢᠶᠠᠯᠠᠨ ᠳᠠᠭᠠᠬᠤ ᠵᠡᠷᠭᠡ ᠲᠠᠰ ᠤᠨ ᠱᠠᠭᠠᠷᠳᠠᠯᠭ᠎ᠠ ᠶᠣᠰᠣᠭᠠᠷ ᠮᠡᠳᠡᠭᠦᠯᠦᠨ ᠬᠦᠷᠭᠡᠬᠦ ᠬᠡᠷᠡᠭᠲᠡᠶ᠃ ᠠᠭᠤᠯᠭ᠎ᠠ ᠳᠤ᠄ ᠬᠡᠷᠡᠭ ᠶᠠᠪᠤᠳᠠᠯ ᠤᠨ ᠦᠨᠳᠦᠰᠦᠨ ᠪᠠᠶᠢᠳᠠᠯ ᠤᠨ ᠳᠦᠷᠰᠦᠯᠡᠯ᠂ ᠠᠩᠬ᠎ᠠ ᠠᠯᠬᠤᠮ ᠵᠢᠱᠢᠭᠰᠡᠨ ᠬᠤᠤᠷ ᠬᠥᠨᠥᠭᠡᠯ ᠵᠢᠴᠢ ᠬᠡᠮᠵᠢᠶ᠎ᠡ᠂ ᠨᠥᠯᠥᠭᠡᠯᠡᠵᠦ ᠮᠡᠳᠡᠬᠦ ᠬᠡᠷᠡᠭᠯᠡᠭᠴᠢᠳ ᠵᠢᠴᠢ ᠬᠦᠷᠢᠶ᠎ᠡ ᠬᠡᠪᠴᠢᠶ᠎ᠡ᠂ ᠠᠷᠭᠠᠴᠠᠭᠠᠬᠤ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠵᠡᠷᠭᠡ ᠶᠢ ᠪᠠᠭᠲᠠᠭᠠᠬᠤ ᠬᠡᠷᠡᠭᠲᠡᠢ᠃

  ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠨᠢ ᠴᠢᠮᠡᠭᠡ ᠬᠤᠯᠪᠣᠭᠠᠨ ᠤ ᠬᠤᠬᠢᠷᠠᠯ ᠬᠢᠭᠡᠳ ᠪᠠᠲᠤᠯᠠᠭ᠎ᠠ ᠶᠢᠨ ᠰᠡᠷᠭᠦᠭᠡᠯᠲᠡ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠵᠠᠳᠠᠯᠬᠤ᠂ ᠡᠮᠬᠢᠳᠬᠡᠨ ᠬᠤᠷᠢᠶᠠᠩᠭᠤᠶᠢᠯᠠᠬᠤ ᠶᠢ ᠬᠠᠷᠢᠭᠤᠴᠠᠵᠤ᠂ ᠵᠢᠯᠣᠭᠤᠳᠬᠤ ᠭᠠᠵᠠᠷ ᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠯᠠᠪᠯᠠᠯᠲᠠ ᠪᠣᠯᠭᠠᠨ᠎ᠠ᠃

  4.1.4   ᠴᠡᠷᠢᠭ ᠠᠩᠬᠢ ᠪᠠ ᠣᠷᠣᠨ ᠨᠤᠲᠤᠭ ᠬᠤᠯᠪᠣᠭᠠᠯᠠᠨ ᠪᠠᠲᠤᠯᠠᠬᠤ

  ᠭᠡᠨᠡᠳᠲᠡ ᠶᠢᠨ ᠬᠡᠷᠡᠭ ᠡᠴᠠ ᠪᠤᠯᠵᠤ ᠴᠡᠷᠢᠭ ᠠᠩᠬᠢ ᠪᠠ ᠣᠷᠣᠨ ᠨᠤᠲᠤᠭ ᠤᠨ ᠠᠯᠢ ᠨᠢᠭᠡ ᠲᠠᠯ᠎ᠠ ᠳᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠴᠢᠳᠠᠪᠤᠷᠢ ᠬᠦᠷᠦᠯᠴᠡᠬᠦ ᠦᠭᠡᠢ ᠪᠠᠶᠢᠳᠠᠯ ᠭᠠᠷᠪᠠᠯ᠂ ᠨᠦᠬᠦᠭᠡ ᠲᠠᠯ᠎ᠠ ᠨᠢ ᠪᠠᠴᠢᠮ ᠲᠤᠰᠠᠯᠠᠮᠵᠢ ᠦᠵᠡᠭᠦᠯᠦᠨ᠎ᠡ᠃

  ᠴᠢᠬᠤᠯᠠ ᠲᠠᠢ ᠦᠶ᠎ᠡ ᠳᠤ᠂ ᠵᠢᠯᠣᠭᠤᠳᠬᠤ ᠭᠠᠵᠠᠷ ᠡᠴᠠ ᠴᠡᠷᠢᠭ ᠠᠩᠬᠢ ᠪᠠ ᠣᠷᠣᠨ ᠨᠤᠲᠤᠭ ᠤᠨ ᠬᠤᠯᠪᠣᠭᠠᠯᠠᠨ ᠪᠠᠲᠤᠯᠠᠬᠤ ᠲᠣᠭᠲᠠᠴᠠ ᠶᠢ ᠡᠬᠢᠯᠡᠭᠦᠯᠵᠦ᠂ ᠴᠡᠷᠢᠭ ᠠᠩᠬᠢ ᠪᠠ ᠣᠷᠣᠨ ᠨᠤᠲᠤᠭ ᠤᠨ ᠴᠢᠮᠡᠭᠡ ᠬᠤᠯᠪᠣᠭᠠᠨ ᠤ ᠡᠬᠢ ᠪᠠᠶᠠᠯᠢᠭ ᠪᠣᠯᠣᠨ ᠪᠠᠲᠤᠯᠠᠭ᠎ᠠ ᠶᠢᠨ ᠬᠦᠴᠦᠨ ᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ᠴᠡᠷᠢᠭ ᠠᠩᠬᠢ ᠪᠠ ᠣᠷᠣᠨ ᠨᠤᠲᠤᠭ ᠤᠨ ᠴᠢᠬᠤᠯᠠ ᠬᠡᠷᠡᠭᠯᠡᠭᠴᠢᠳ ᠤᠨ ᠴᠢᠮᠡᠭᠡ ᠬᠤᠯᠪᠣᠭ᠎ᠠ ᠶᠢ ᠪᠠᠲᠤᠯᠠᠬᠤ ᠪᠠ ᠵᠠᠮ ᠱᠤᠭᠤᠮ᠂ ᠪᠡᠯᠡᠳᠬᠡᠮᠵᠢ ᠶᠢ ᠵᠠᠪᠳᠤᠨ ᠵᠠᠰᠠᠵᠤ ᠰᠡᠷᠭᠦᠭᠡᠬᠦ ᠠᠵᠢᠯ ᠢ ᠨᠢᠭᠡᠳᠦᠯᠲᠡᠶ ᠵᠣᠬᠢᠶᠠᠨ ᠪᠠᠶᠢᠭᠤᠯᠤᠨ᠎ᠠ︔ ᠲᠤᠬᠠᠶ ᠵᠢᠨ ᠲᠠᠯᠠᠪᠤᠷ ᠤᠨ ᠲᠦᠷ ᠴᠠᠭ ᠤᠨ ᠤᠳᠤᠷᠢᠳᠬᠤ ᠳᠤᠭᠤᠶᠢᠯᠠᠩ ᠨᠢ ᠵᠢᠯᠣᠭᠤᠳᠬᠤ ᠭᠠᠵᠠᠷ ᠤᠨ ᠬᠤᠯᠪᠣᠭᠳᠠᠯ ᠪᠥᠬᠦᠶ ᠱᠠᠭᠠᠷᠳᠠᠯᠭ᠎ᠠ ᠵᠢ ᠨᠠᠶᠢᠳᠠᠪᠤᠷᠢᠵᠢᠭᠤᠯᠵᠤ᠂ ᠴᠢᠬᠤᠯᠠ ᠴᠢᠮᠡᠭᠡ ᠬᠤᠯᠪᠣᠭᠠᠨ ᠤ ᠪᠠᠲᠤᠯᠠᠭ᠎ᠠ ᠵᠢᠨ ᠳᠤᠮᠳᠠ ᠲᠤᠯᠭᠠᠷᠠᠭᠰᠠᠨ ᠪᠣᠳᠠᠲᠠᠶ ᠠᠰᠠᠭᠤᠳᠠᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠰᠢᠢᠳᠪᠦᠷᠢᠯᠡᠨ᠎ᠡ᠃

  4.2   ᠤᠷᠢᠳ ᠢᠶᠠᠷ ᠰᠢᠢᠳᠪᠦᠷᠢᠯᠡᠬᠦ ᠪᠠ ᠮᠡᠳᠡᠭᠡ ᠵᠠᠩᠭᠢ ᠶᠢ ᠠᠩᠬ᠎ᠠ ᠮᠡᠳᠡᠭᠦᠯᠬᠦ

  ᠭᠡᠨᠡᠳᠲᠡ ᠶᠢᠨ ᠬᠡᠷᠡᠭ ᠡᠭᠦᠰᠦᠭᠰᠡᠨ ᠤ ᠲᠠᠷᠠᠭ᠎ᠠ᠂ ᠬᠠᠮᠢᠶ᠎ᠠ ᠪᠦᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠨᠢ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠠᠵᠢᠯᠯᠠᠭᠠᠨ ᠤ ᠪᠠᠶᠢᠳᠠᠯ ᠢ ᠳᠠᠷᠦᠢᠬᠠᠨ ᠣᠶᠢᠯᠠᠭᠠᠵᠤ᠂ ᠴᠠᠭ ᠲᠤᠬᠠᠶ ᠳᠤ ᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠭᠡᠨᠡᠳᠲᠡ ᠶᠢᠨ ᠬᠡᠷᠡᠭ ᠡᠴᠠ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠳᠤ ᠦᠵᠡᠭᠦᠯᠬᠦ ᠨᠥᠯᠥᠭᠡᠯᠡᠯ ᠤᠨ ᠬᠡᠪᠴᠢᠶ᠎ᠡ ᠶᠢ ᠬᠢᠵᠠᠭᠠᠷᠯᠠᠬᠤ ᠬᠡᠷᠡᠭᠲᠡᠶ︔ 30 ᠮᠢᠨᠦ᠋ᠲ ᠤᠨ ᠳᠣᠲᠣᠷ᠎ᠠ ᠬᠡᠷᠡᠭ ᠶᠠᠪᠤᠳᠠᠯ ᠤᠨ ᠮᠡᠳᠡᠭᠡ ᠵᠠᠩᠭᠢ ᠶᠢ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠲᠤ ᠮᠡᠳᠡᠭᠦᠯᠦᠨ ᠬᠦᠷᠭᠡᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠨᠢ ᠬᠡᠷᠡᠭ ᠶᠠᠪᠤᠳᠠᠯ ᠤᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠲᠡᠷᠡ ᠳᠠᠷᠤᠶ ᠳᠤ ᠨᠢ ᠬᠢᠨᠠᠨ ᠬᠠᠷᠭᠤᠭᠤᠯᠬᠤ ᠶᠢᠨ ᠬᠠᠮᠲᠤ 1 ᠴᠠᠭ ᠤᠨ ᠳᠣᠲᠣᠷ᠎ᠠ ᠬᠠᠮᠢᠶ᠎ᠠ ᠪᠥᠬᠦᠶ ᠮᠡᠳᠡᠭᠡ ᠵᠠᠩᠭᠢ ᠶᠢ ᠵᠢᠯᠣᠭᠤᠳᠬᠤ ᠭᠠᠵᠠᠷ ᠲᠤ ᠮᠡᠳᠡᠭᠦᠯᠦᠨ ᠬᠦᠷᠭᠡᠬᠦ ᠬᠡᠷᠡᠭᠲᠡᠶ᠃

  4.3   Ⅰ ᠳᠡᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ

  4.3.1   ᠡᠬᠢᠯᠡᠭᠦᠯᠬᠦ ᠨᠥᠬᠦᠴᠡᠯ

  ᠳᠣᠤᠷᠠᠬᠢ ᠪᠠᠶᠢᠳᠠᠯ ᠤᠨ ᠨᠢᠭᠡ ᠨᠢ ᠡᠭᠦᠰᠪᠡᠯ᠂ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ Ⅰ ᠲᠠᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠦᠨ᠎ᠡ᠄

  ︵ 1 ︶ ᠨᠡᠢᠢᠲᠡ ᠣᠯᠠᠨ ᠤ ᠴᠢᠮᠡᠭᠡ ᠬᠤᠯᠪᠣᠭᠠᠨ ᠤ ᠰᠦᠯᠵᠢᠶ᠎ᠡ ᠶᠢᠨ ᠮᠤᠵᠢ ᠶᠢᠨ ᠬᠤᠭᠤᠷᠣᠨᠳᠣᠬᠢ ᠨᠢᠷᠤᠭᠤᠪᠴᠢ ᠲᠣᠣᠷ ᠰᠦᠯᠵᠢᠶ᠎ᠡ ᠲᠠᠰᠤᠯᠳᠠᠭᠰᠠᠨ᠂ ᠴᠢᠬᠤᠯᠠ ᠴᠢᠮᠡᠭᠡ ᠬᠤᠯᠪᠣᠭᠠᠨ ᠤ ᠬᠦᠢᠰᠦ ᠵᠠᠩᠭᠢᠯᠠᠭ᠎ᠠ ᠶᠢᠨ ᠠᠰᠠᠷ ᠡᠪᠳᠡᠭᠳᠡᠭᠰᠡᠨ ᠵᠡᠷᠭᠡ ᠡᠴᠠ ᠪᠣᠯᠵᠤ᠂ ᠡᠭᠦᠨ ᠤ ᠬᠠᠮᠲᠤ 2 ᠵᠢᠴᠢ ᠲᠡᠭᠦᠨ ᠡᠴᠠ ᠳᠡᠭᠡᠭᠰᠢᠬᠢ ᠮᠤᠵᠢ  ︵ ᠣᠷᠣᠨ᠂ ᠬᠤᠳᠠ ︶ ᠶᠢᠨ ᠬᠤᠭᠤᠷᠣᠨᠳᠣᠬᠢ ᠴᠢᠮᠡᠭᠡ ᠬᠤᠯᠪᠣᠭ᠎ᠠ ᠶᠡᠭᠡ ᠬᠡᠪᠴᠢᠶ᠎ᠡ ᠪᠠᠷ ᠲᠠᠰᠤᠯᠳᠠᠭᠰᠠᠨ᠃

  ︵ 2 ︶ ︽ ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠶᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ︾ ᠳᠠᠬᠢ ᠣᠨᠴᠠ ᠬᠦᠨᠳᠦ ᠶᠡᠭᠡ ᠭᠡᠨᠡᠳᠡᠯ ᠢ ᠬᠤᠪᠢᠶᠠᠷᠢᠯᠠᠬᠤ ᠨᠥᠬᠦᠴᠡᠯ ᠢ ᠬᠠᠩᠭᠠᠭᠰᠠᠨ᠃

  ︵ 3 ︶ ᠤᠯᠤᠰ ᠡᠴᠠ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ Ⅰ ᠳᠡᠰ ᠤᠨ ᠪᠠᠴᠢᠮ ᠪᠠᠢᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠦᠭᠰᠡᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠢ ᠬᠤᠯᠪᠣᠭᠳᠠᠭᠰᠠᠨ᠃

  4.3.2   Ⅰ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ

  ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠡᠴᠠ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ ᠵᠠᠳᠠᠯᠤᠯᠲᠠ ᠬᠢᠵᠦ ᠦᠨᠡᠯᠡᠨ ᠵᠢᠱᠢᠵᠦ᠂ ᠭᠠᠮᠰᠢᠭ ᠤᠨ ᠪᠠᠶᠢᠳᠠᠯ ᠪᠤᠶᠤ ᠬᠡᠷᠡᠭ ᠶᠠᠪᠤᠳᠠᠯ ᠨᠢ ᠡᠬᠢᠯᠡᠭᠦᠯᠬᠦ ᠪᠠᠷᠢᠮᠵᠢᠶ᠎ᠠ ᠳᠤ ᠬᠦᠷᠦᠭᠰᠡᠨ ᠢ ᠮᠠᠭᠠᠳᠯᠠᠨ ᠲᠣᠭᠲᠠᠭᠠᠵᠤ᠂ ᠵᠢᠯᠣᠭᠤᠳᠬᠤ ᠭᠠᠵᠠᠷ ᠲᠤ Ⅰ ᠲᠠᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ ᠰᠠᠨᠠᠭᠤᠯᠭ᠎ᠠ ᠳᠤᠷᠠᠳᠤᠨ᠎ᠠ᠃

  ᠵᠢᠯᠣᠭᠤᠳᠬᠤ ᠭᠠᠵᠠᠷ ᠡᠴᠠ Ⅰ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ ᠪᠠᠷ ᠲᠣᠭᠲᠠᠵᠤ᠂ ᠵᠢᠯᠣᠭᠤᠳᠬᠤ ᠳᠠᠷᠤᠭ᠎ᠠ ᠪᠠᠴᠢᠮ ᠪᠠᠶᠢᠳᠠᠯ ᠢ ᠠᠷᠭᠠᠴᠠᠭᠠᠬᠤ ᠶᠢ ᠤᠷᠢᠶᠠᠯᠠᠨ ᠳᠠᠭᠠᠬᠤ ᠵᠠᠷᠯᠢᠭ ᠲᠤ ᠭᠠᠷ ᠤᠨ ᠦᠰᠦᠭ ᠵᠢᠷᠤᠵᠤ ᠶᠠᠪᠤᠭᠤᠯᠬᠤ ᠶᠢᠨ ᠬᠠᠮᠲᠤ ᠡᠯ᠎ᠡ ᠪᠦᠷᠢᠯᠳᠦᠭᠦᠨ ᠨᠢᠭᠡᠴᠢ ᠳᠤ ᠮᠡᠳᠡᠭᠳᠡᠨ᠎ᠡ᠃

  4.3.3   Ⅰ ᠳᠡᠰ ᠤᠨ ᠤᠷᠢᠶᠠᠯᠠᠨ ᠳᠠᠭᠠᠬᠤ ᠠᠵᠢᠯᠯᠠᠭᠠᠨ

  ᠵᠢᠯᠣᠭᠤᠳᠬᠤ ᠭᠠᠵᠠᠷ᠂ ᠬᠠᠮᠢᠶ᠎ᠠ ᠪᠥᠬᠦᠶ ᠮᠤᠵᠢ ︵ ᠣᠷᠣᠨ᠂ ᠬᠤᠲᠠ ︶ ᠶᠢᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠵᠢᠯᠣᠭᠤᠳᠬᠤ ᠪᠠᠶᠢᠭᠤᠯᠤᠮᠵᠢ᠂ ᠬᠠᠮᠢᠶ᠎ᠠ ᠪᠥᠬᠦᠶ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠨᠢ 24 ᠴᠠᠭ ᠢᠶᠠᠷ ᠵᠢᠵᠢᠭᠦᠷᠯᠡᠬᠦ ᠠᠵᠢᠯ ᠢ ᠡᠬᠢᠯᠡᠭᠦᠯᠦᠨ᠎ᠡ᠃

  ᠵᠢᠯᠣᠭᠤᠳᠬᠤ ᠭᠠᠵᠠᠷ ᠡᠴᠠ ᠲᠡᠷᠡ ᠳᠠᠷᠤᠶ ᠳᠤ ᠨᠢ ᠵᠣᠬᠢᠶᠠᠨ ᠪᠠᠶᠢᠭᠤᠯᠤᠨ ᠵᠥᠪᠳᠡᠯᠴᠡᠵᠦ᠂ ᠬᠤᠯᠪᠣᠭᠳᠠᠯ ᠪᠦᠬᠦᠢ ᠪᠠᠶᠢᠳᠠᠯ ᠢ ᠣᠢᠢᠯᠠᠭᠠᠨ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠤᠨ ᠬᠠᠷᠠᠯᠲᠠ ᠪᠠ ᠲᠥᠰᠦᠯ ᠢ ᠲᠣᠭᠲᠠᠭᠠᠨ᠎ᠠ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠤ ᠠᠬᠤᠶᠢᠯᠠᠯ ᠠᠯᠤᠰᠯᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡ ᠵᠢᠴᠢ ᠪᠠᠴᠢᠮ ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ ᠶᠢ ᠰᠢᠯᠵᠢᠭᠦᠯᠦᠨ ᠬᠡᠷᠡᠭᠯᠡᠬᠦ ᠶᠢ ᠵᠣᠬᠢᠶᠠᠨ ᠪᠠᠢᠢᠭᠤᠯᠤᠨ ᠵᠣᠬᠢᠴᠠᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠡᠨᠧᠷᠭᠢ ᠵᠡᠷᠭᠡ ᠰᠠᠯᠠᠭ᠎ᠠ ᠮᠥᠴᠢᠷ ᠨᠢᠭᠡᠴᠢ ᠨᠦᠭᠦᠳ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭ᠎ᠠ ᠶᠢᠨ ᠵᠠᠮ ᠬᠠᠷᠢᠯᠴᠠᠭ᠎ᠠ᠂ ᠡᠨᠧᠷᠭᠢ ᠶᠢᠨ ᠬᠠᠩᠭᠠᠯᠭ᠎ᠠ ᠶᠢ ᠡᠩ ᠲᠡᠷᠢᠭᠦᠨ ᠳᠤ ᠪᠠᠲᠤᠯᠠᠬᠤ ᠶᠢ ᠵᠣᠬᠢᠴᠠᠭᠤᠯᠬᠤ ᠬᠡᠷᠡᠭᠲᠡᠶ᠃ ᠴᠡᠷᠢᠭ ᠠᠩᠬᠢ ᠪᠠ ᠣᠷᠣᠨ ᠨᠤᠲᠤᠭ ᠬᠤᠯᠪᠣᠭᠠᠯᠠᠨ ᠪᠠᠲᠤᠯᠠᠬᠤ ᠲᠣᠭᠲᠠᠴᠠ ᠶᠢ ᠡᠬᠢᠯᠡᠭᠦᠯᠦᠨ᠎ᠡ᠃ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠬᠤᠯᠪᠣᠭᠳᠠᠯ ᠪᠥᠬᠦᠶ ᠪᠠᠶᠢᠳᠠᠯ ᠢ ᠴᠠᠭ ᠲᠤᠬᠠᠶ ᠳᠤ ᠨᠢ ᠮᠡᠳᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠤᠬᠠᠭᠤᠯᠭ᠎ᠠ ᠶᠢᠨ ᠲᠦᠷᠦᠯᠵᠢᠯ ᠤᠨ ᠠᠭᠤᠯᠭ᠎ᠠ ᠶᠢ ᠨᠡᠢᠢᠲᠡᠯᠡᠨ᠎ᠡ᠃

  ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠡᠴᠠ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ ᠬᠠᠮᠢᠶ᠎ᠠ ᠪᠥᠬᠦᠶ ᠮᠡᠳᠡᠭᠡ ᠵᠠᠩᠭᠢ ᠳᠤ ᠵᠠᠳᠠᠯᠤᠯᠲᠠ ᠬᠢᠵᠦ ᠦᠨᠡᠯᠡᠨ ᠵᠢᠱᠢᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠪᠣᠳᠣᠯᠭ᠎ᠠ ᠪᠠ ᠲᠥᠰᠦᠯ ᠤᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ︔ ᠵᠢᠯᠣᠭᠤᠳᠬᠤ ᠭᠠᠵᠠᠷ ᠤᠨ ᠰᠢᠢᠳᠪᠦᠷᠢᠲᠦ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠳᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠭᠦᠷᠭᠡ ᠪᠠᠭᠤᠯᠭᠠᠬᠤ ᠶᠢᠨ ᠬᠠᠮᠲᠤ ᠰᠢᠮᠳᠠᠭᠤᠯᠤᠨ ᠨᠠᠢᠢᠳᠠᠪᠤᠷᠢᠵᠢᠭᠤᠯᠤᠨ᠎ᠠ᠃

  ᠬᠠᠮᠢᠶ᠎ᠠ ᠪᠥᠬᠦᠶ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠳ ᠪᠠᠴᠢᠮ ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ᠂ ᠴᠢᠮᠡᠭᠡ ᠬᠤᠯᠪᠣᠭᠠᠨ ᠤ ᠱᠤᠭᠤᠮ ᠵᠡᠷᠭᠡ ᠡᠬᠢ ᠪᠠᠶᠠᠯᠢᠭ ᠢ ᠬᠠᠮᠲᠤ ᠪᠠᠷ ᠭᠥᠷᠳᠡᠬᠦ ᠪᠠ ᠠᠵᠤ ᠠᠬᠤᠶᠢᠯᠠᠯ ᠠᠯᠤᠰᠯᠠᠭᠰᠠᠨ ᠳᠡᠮᠵᠢᠨ ᠲᠤᠰᠠᠯᠠᠬᠤ ᠲᠥᠰᠦᠯ ᠢ ᠰᠤᠳᠤᠯᠤᠨ ᠳᠤᠷᠠᠳᠴᠤ᠂ ᠵᠢᠯᠣᠭᠤᠳᠬᠤ ᠭᠠᠵᠠᠷ ᠵᠢᠨᠷ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ ᠪᠠᠲᠤᠯᠠᠭ᠎ᠠ ᠶᠢᠨ ᠡᠩᠨᠡᠭᠡ ᠲᠣᠮᠢᠯᠠᠵᠤ ᠠᠵᠤ ᠠᠬᠤᠶᠢᠯᠠᠯ ᠠᠯᠤᠰᠯᠠᠨ ᠳᠡᠮᠵᠢᠨ ᠲᠤᠰᠠᠯᠠᠨ᠎ᠠ᠃ 2 ᠴᠠᠭ ᠠᠯᠤᠰᠯᠠᠬᠤ ᠪᠦᠷᠢ ᠵᠢᠯᠣᠭᠤᠳᠬᠤ ᠭᠠᠵᠠᠷ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠲᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠶᠢᠳᠠᠯ ᠢᠶᠠᠨ ᠮᠡᠳᠡᠭᠦᠯᠦᠨ᠎ᠡ᠃

  ᠵᠢᠯᠣᠭᠤᠳᠬᠤ ᠭᠠᠵᠠᠷ ᠨᠢ ᠭᠡᠨᠡᠳᠡᠯ ᠤᠨ ᠬᠠᠮᠢᠶ᠎ᠠ ᠪᠥᠬᠦᠶ ᠮᠤᠵᠢ ︵ ᠣᠷᠣᠨ᠂ ᠬᠤᠲᠠ ︶ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠨᠡᠪᠲᠡᠷᠡᠯᠴᠡᠨ ᠬᠠᠷᠢᠯᠴᠠᠵᠤ᠂ ᠬᠥᠷᠰᠢ ᠵᠡᠷᠭᠡᠯᠡᠳᠡᠭᠡ ᠮᠤᠵᠢ ︵ ᠣᠷᠣᠨ᠂ ᠬᠤᠲᠠ ︶ ᠶᠢ ᠵᠣᠬᠢᠴᠠᠭᠤᠯᠤᠨ ᠬᠠᠷᠢᠶ᠎ᠠ ᠣᠷᠣᠨ ᠤ ᠪᠠᠨ ᠳᠣᠲᠣᠷᠠᠬᠢ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡ ᠶᠢ ᠵᠣᠬᠢᠶᠠᠨ ᠪᠠᠢᠢᠭᠤᠯᠬᠤ ᠪᠠ ᠲᠣᠨᠤᠭ ᠲᠥᠬᠦᠭᠡᠷᠦᠮᠵᠢ ᠶᠢ ᠴᠤᠭᠯᠠᠷᠠᠭᠤᠯᠤᠨ ᠵᠠᠷᠯᠢᠭ ᠬᠦᠯᠢᠶᠡᠯᠭᠡᠵᠦ᠂ ᠴᠢᠮᠡᠭᠡ ᠬᠤᠯᠪᠣᠭᠠᠨ ᠤ ᠵᠠᠪᠳᠤᠨ ᠵᠠᠰᠠᠬᠤ ᠶᠢ ᠪᠠᠲᠤᠯᠠᠬᠤ ᠪᠠ ᠮᠤᠵᠢ ︵ ᠣᠷᠣᠨ᠂ ᠬᠤᠲᠠ ︶ ᠠᠯᠤᠰᠯᠠᠨ ᠳᠡᠮᠵᠢᠨ ᠲᠤᠰᠠᠯᠠᠬᠤ ᠳᠤ ᠬᠠᠮᠵᠢᠯᠴᠠᠬᠤ ᠪᠠᠷ ᠪᠡᠯᠡᠳᠬᠡᠨ᠎ᠡ᠃

  ᠲᠤᠬᠠᠶ ᠶᠢᠨ ᠲᠠᠯᠠᠪᠤᠷ ᠤᠨ ᠲᠦᠷ ᠴᠠᠭ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠰᠠᠨᠠᠭᠠᠴᠢᠯᠠᠭ᠎ᠠ ᠡᠴᠠ ᠪᠠᠨ ᠣᠢᠢᠯᠠᠭᠠᠨ᠎ᠠ᠄

  ︵ 1 ︶ ᠲᠤᠬᠠᠶ ᠶᠢᠨ ᠲᠠᠯᠠᠪᠤᠷ ᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠤᠨ ᠲᠥᠰᠦᠯ ᠢ ᠰᠤᠳᠤᠯᠤᠨ ᠲᠣᠭᠲᠠᠭᠠᠵᠤ᠂ ᠵᠠᠮ ᠬᠠᠷᠢᠯᠴᠠᠭ᠎ᠠ ᠲᠡᠭᠡᠭᠡᠪᠦᠷᠢ᠂ ᠴᠠᠬᠢᠯᠭᠠᠨ ᠬᠦᠴᠦᠨ᠂ ᠡᠨᠧᠷᠭᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢᠭᠡᠴᠢ ᠯᠦᠭᠡ ᠶᠢᠨ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠡᠬᠢᠯᠡᠭᠦᠯᠵᠦ᠂ ᠬᠡᠷᠡᠭ ᠶᠠᠪᠤᠳᠠᠯ ᠭᠠᠷᠤᠭᠰᠠᠨ ᠲᠤᠬᠠᠶ ᠶᠢᠨ ᠲᠠᠯᠠᠪᠤᠷ ᠤᠨ ᠴᠢᠬᠤᠯᠠ ᠴᠢᠮᠡᠭᠡ ᠬᠤᠯᠪᠣᠭ᠎ᠠ ᠶᠢᠨ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠨ᠎ᠠ᠃

  ︵ 2 ︶ ᠠᠵᠤ ᠠᠬᠤᠶᠢᠯᠠᠯ ᠠᠯᠤᠰᠯᠠᠭᠰᠠᠨ ᠲᠤᠬᠠᠶ ᠶᠢᠨ ᠲᠠᠯᠠᠪᠤᠷ ᠤᠨ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠢ ᠵᠢᠯᠣᠭᠤᠳᠴᠤ ᠵᠣᠬᠢᠶᠠᠨ ᠪᠠᠶᠢᠭᠤᠯᠵᠤ ᠵᠣᠬᠢᠴᠠᠭᠤᠯᠤᠨ᠂ ᠲᠤᠬᠠᠶ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠡᠩᠨᠡᠭᠡ ᠪᠠ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠳᠣᠭᠢᠷᠠᠭᠤᠯᠤᠨ᠎ᠠ᠃

  ︵ 3 ︶ ᠲᠤᠬᠠᠶ ᠶᠢᠨ ᠲᠠᠯᠠᠪᠤᠷ ᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠤᠨ ᠬᠠᠮᠢᠶ᠎ᠠ ᠪᠥᠬᠦᠶ ᠪᠠᠶᠢᠳᠠᠯ ᠢ ᠴᠠᠭ ᠲᠤᠬᠠᠶ ᠳᠤ ᠨᠢ ᠴᠤᠭᠯᠠᠭᠤᠯᠤᠨ ᠬᠤᠷᠢᠶᠠᠩᠭᠤᠶᠢᠯᠠᠬᠤ ᠶᠢᠨ ᠬᠠᠮᠲᠤ ᠵᠢᠯᠣᠭᠤᠳᠬᠤ ᠭᠠᠵᠠᠷ ᠲᠤ ᠮᠡᠳᠡᠭᠦᠯᠦᠨ ᠬᠦᠷᠭᠡᠨ᠎ᠡ᠃

  ︵ 4 ︶ ᠬᠡᠷᠡᠭ ᠶᠠᠪᠤᠳᠠᠯ ᠤᠨ ᠬᠥᠭᠵᠢᠯᠲᠡ ᠪᠠ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠪᠠᠶᠢᠳᠠᠯ ᠢ ᠦᠨᠳᠦᠰᠦᠯᠡᠨ᠂ ᠵᠢᠯᠣᠭᠤᠳᠬᠤ ᠭᠠᠵᠠᠷ ᠲᠤ ᠴᠡᠷᠢᠭ ᠠᠩᠬᠢ ᠶᠢᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠬᠦᠴᠦᠨ ᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠪᠠᠨ ᠳᠤᠷᠠᠳᠤᠨ ᠭᠠᠷᠭᠠᠨ᠎ᠠ᠃

  4.4   Ⅱ ᠳᠡᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ

  4.4.1   ᠡᠬᠢᠯᠡᠭᠦᠯᠬᠦ ᠨᠥᠬᠦᠴᠡᠯ

  ᠳᠣᠤᠷᠠᠬᠢ ᠪᠠᠶᠢᠳᠠᠯ ᠤᠨ ᠨᠢᠭᠡ ᠨᠢ ᠭᠠᠷᠪᠠᠯ᠂ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ Ⅱ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠦᠨ᠎ᠡ᠄

  ︵ 1 ︶ ᠨᠡᠢᠢᠲᠡ ᠣᠯᠠᠨ ᠤ ᠴᠢᠮᠡᠭᠡ ᠬᠤᠯᠪᠣᠭᠠᠨ ᠤ ᠰᠦᠯᠵᠢᠶ᠎ᠡ ᠶᠢᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠭᠤᠤᠯ ᠵᠠᠮ ᠱᠤᠭᠤᠮ ᠤᠨ ᠲᠣᠣᠷ ᠰᠦᠯᠵᠢᠶ᠎ᠡ ᠲᠠᠰᠤᠯᠳᠠᠭᠰᠠᠨ᠂ ᠮᠤᠵᠢ ᠶᠢᠨ ᠳᠡᠰ ᠤᠨ ᠴᠢᠬᠤᠯᠠ ᠴᠢᠮᠡᠭᠡ ᠬᠤᠯᠪᠣᠭᠠᠨ ᠤ ᠭᠤᠣᠯ ᠵᠠᠩᠭᠢᠯᠠᠭ᠎ᠠ ᠶᠢᠨ ᠠᠰᠠᠷ ᠡᠪᠳᠡᠭᠳᠡᠭᠰᠡᠨ ᠵᠡᠷᠭᠡ ᠡᠴᠠ ᠪᠣᠯᠵᠣ᠂ ᠥᠪᠡᠷᠲᠡᠭᠡᠨ ᠵᠠᠰᠠᠬᠤ ᠣᠷᠣᠨ ᠤ ᠳᠣᠲᠣᠷᠠᠬᠢ 2 ᠵᠢᠴᠢ ᠲᠡᠭᠦᠨ ᠡᠴᠠ ᠳᠡᠭᠡᠭᠰᠢᠬᠢ ᠠᠶᠢᠮᠠᠭ ᠬᠤᠲᠠ ᠶᠢᠨ ᠴᠢᠮᠡᠭᠡ ᠬᠤᠯᠪᠣᠭ᠎ᠠ ᠨᠢ ᠶᠡᠭᠡ ᠬᠡᠪᠴᠢᠶ᠎ᠡ ᠪᠠᠷ ᠲᠠᠰᠤᠯᠳᠠᠬᠤ ᠶᠢ ᠪᠣᠯᠭᠠᠭᠰᠠᠨ᠃

  ︵ 2 ︶ ︽ ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠶᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ︾ ᠳᠠᠬᠢ ᠬᠦᠨᠳᠦ ᠶᠡᠭᠡ ᠭᠡᠨᠡᠳᠡᠯ ᠢ ᠬᠤᠪᠢᠶᠠᠷᠢᠯᠠᠬᠤ ᠨᠥᠬᠦᠴᠡᠯ ᠢ ᠬᠠᠩᠭᠠᠭᠰᠠᠨ᠃

  ︵ 3 ︶ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠨᠢ Ⅱ ᠳᠡᠰ ᠤᠨ ᠪᠠᠴᠢᠮ ᠪᠠᠢᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠬᠦ ᠶᠢ ᠤᠷᠢᠶᠠᠯᠠᠨ ᠳᠠᠭᠠᠬᠤ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠢ ᠬᠤᠯᠪᠣᠭᠳᠠᠭᠰᠠᠨ᠃

  4.4.2   Ⅱ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ

  ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠡᠴᠠ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ ᠵᠠᠳᠠᠯᠤᠯᠲᠠ ᠬᠢᠵᠦ ᠦᠨᠡᠯᠡᠨ ᠵᠢᠱᠢᠵᠦ᠂ ᠭᠠᠮᠰᠢᠭ ᠤᠨ ᠪᠠᠶᠢᠳᠠᠯ ᠪᠤᠶᠤ ᠬᠡᠷᠡᠭ ᠶᠠᠪᠤᠳᠠᠯ ᠨᠢ ᠡᠬᠢᠯᠡᠭᠦᠯᠬᠦ ᠪᠠᠷᠢᠮᠵᠢᠶ᠎ᠠ ᠳᠤ ᠬᠦᠷᠦᠭᠰᠡᠨ ᠢᠶᠠᠷ ᠮᠠᠭᠠᠳᠯᠠᠨ ᠲᠣᠭᠲᠠᠭᠠᠵᠤ᠂ ᠵᠢᠯᠣᠭᠤᠳᠬᠤ ᠭᠠᠵᠠᠷ ᠲᠤ Ⅱ ᠲᠠᠰ ᠤᠨ ᠤᠷᠢᠶᠠᠯᠠᠨ ᠳᠠᠭᠠᠬᠤ ᠶᠢ ᠡᠬᠢᠯᠡᠭᠦᠯᠬᠦ ᠰᠠᠨᠠᠭᠤᠯᠭ᠎ᠠ ᠳᠤᠷᠠᠳᠤᠨ᠎ᠠ᠃

  ᠵᠢᠯᠣᠭᠤᠳᠬᠤ ᠭᠠᠵᠠᠷ ᠡᠴᠠ Ⅱ ᠲᠠᠰ ᠤᠨ ᠤᠷᠢᠶᠠᠯᠠᠨ ᠳᠠᠭᠠᠬᠤ ᠶᠢ ᠡᠬᠢᠯᠡᠭᠦᠯᠬᠦ ᠪᠠᠷ ᠲᠣᠭᠲᠠᠵᠤ᠂ ᠳᠡᠳ᠋ ᠵᠢᠯᠣᠭᠤᠳᠬᠤ ᠳᠠᠷᠤᠭ᠎ᠠ ᠪᠠᠴᠢᠮ ᠪᠠᠶᠢᠳᠠᠯ ᠢ ᠠᠷᠭᠠᠴᠠᠭᠠᠬᠤ ᠶᠢ ᠤᠷᠢᠶᠠᠯᠠᠨ ᠳᠠᠭᠠᠬᠤ ᠵᠠᠷᠯᠢᠭ ᠲᠤ ᠭᠠᠷ ᠤᠨ ᠥᠰᠥᠭ ᠵᠢᠷᠤᠬᠤ ᠶᠢᠨ ᠬᠠᠮᠲᠤ ᠡᠯ᠎ᠡ ᠪᠦᠷᠢᠯᠳᠦᠭᠦᠨ ᠨᠢᠭᠡᠴᠢ ᠳᠤ ᠮᠡᠳᠡᠭᠳᠡᠨ᠎ᠡ᠃

  4.4.3   Ⅱ ᠳᠡᠰ ᠤᠨ ᠤᠷᠢᠶᠠᠯᠠᠨ ᠳᠠᠭᠠᠬᠤ ᠠᠵᠢᠯᠯᠠᠭᠠᠨ

  ᠵᠢᠯᠣᠭᠤᠳᠬᠤ ᠭᠠᠵᠠᠷ᠂ ᠬᠠᠮᠢᠶ᠎ᠠ ᠪᠥᠬᠦᠶ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ 24 ᠴᠠᠭ ᠢᠶᠠᠷ ᠵᠢᠵᠢᠭᠦᠷᠯᠡᠬᠦ ᠶᠢ ᠡᠬᠢᠯᠡᠭᠦᠯᠦᠨ᠎ᠡ᠃

  ᠵᠢᠯᠣᠭᠤᠳᠬᠤ ᠭᠠᠵᠠᠷ ᠡᠴᠠ ᠵᠣᠬᠢᠶᠠᠨ ᠪᠠᠶᠢᠭᠤᠯᠤᠨ ᠵᠥᠪᠳᠡᠯᠴᠡᠵᠦ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠤᠨ ᠬᠠᠷᠠᠯᠲᠠ ᠪᠣᠯᠤᠨ ᠲᠥᠰᠦᠯ ᠢ ᠲᠣᠭᠲᠠᠭᠠᠨ᠎ᠠ᠃ ᠠᠶᠢᠮᠠᠭ ᠬᠤᠲᠠ ᠠᠯᠤᠰᠯᠠᠭᠰᠠᠨ᠂ ᠠᠵᠤ ᠠᠬᠤᠶᠢᠯᠠᠯ ᠠᠯᠤᠰᠯᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭ᠎ᠠ ᠶᠢᠨ ᠪᠠᠲᠤᠯᠠᠭ᠎ᠠ ᠶᠢᠨ ᠡᠩᠨᠡᠭᠡ ᠵᠢᠴᠢ ᠪᠠᠴᠢᠮ ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ ᠶᠢ ᠰᠢᠯᠵᠢᠭᠦᠯᠦᠨ ᠬᠡᠷᠡᠭᠯᠡᠬᠦ ᠶᠢ ᠵᠣᠬᠢᠶᠠᠨ ᠪᠠᠢᠢᠭᠤᠯᠤᠨ ᠵᠣᠬᠢᠴᠠᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠤᠰᠤᠨ ᠠᠰᠢᠬᠯᠠᠯᠲᠠ᠂ ᠭᠠᠵᠠᠷ ᠬᠥᠳᠡᠯᠦᠯᠲᠡ᠂ ᠴᠠᠭ ᠠᠭᠤᠷ᠂ ᠳᠣᠲᠣᠭᠠᠳᠤ ᠶᠢ ᠬᠠᠮᠠᠭᠠᠯᠠᠬᠤ᠂ ᠵᠡᠪᠰᠡᠭᠲᠦ ᠴᠠᠭᠳᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠨᠢᠭᠡᠴᠢ ᠨᠦᠭᠦᠳ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠤᠬᠠᠭᠤᠯᠭ᠎ᠠ ᠶᠢᠨ ᠲᠥᠷᠥᠯᠵᠢᠯ ᠢ ᠨᠡᠢᠢᠲᠡᠯᠡᠨ᠎ᠡ᠃

  ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠡᠴᠠ ᠵᠢᠯᠣᠭᠤᠳᠬᠤ ᠭᠠᠵᠠᠷ ᠤᠨ ᠰᠢᠢᠳᠪᠦᠷᠢᠲᠦ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠳᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠭᠦᠷᠭᠡ ᠪᠠᠭᠤᠯᠭᠠᠬᠤ ᠶᠢᠨ ᠬᠠᠮᠲᠤ ᠰᠢᠮᠳᠠᠭᠤᠯᠤᠨ ᠨᠠᠢᠢᠳᠠᠪᠤᠷᠢᠵᠢᠭᠤᠯᠤᠨ᠎ᠠ᠃ ᠬᠠᠮᠢᠶ᠎ᠠ ᠪᠥᠬᠦᠶ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠳ ᠲᠣᠰ ᠠᠵᠤ ᠠᠬᠤᠶᠢᠯᠠᠯ ᠤᠨ ᠢᠶᠠᠨ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠡᠬᠢᠯᠡᠭᠦᠯᠬᠦ ᠶᠢᠨ ᠬᠠᠮᠲᠤ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂ ᠪᠠᠲᠤᠯᠠᠭ᠎ᠠ ᠶᠢᠨ ᠡᠩᠨᠡᠭᠡ ᠲᠣᠮᠢᠯᠠᠨ ᠠᠵᠤ ᠠᠬᠤᠶᠢᠯᠠᠯ ᠠᠯᠤᠰᠯᠠᠨ ᠳᠡᠮᠵᠢᠨ ᠲᠤᠰᠠᠯᠠᠨ᠎ᠠ᠃ ᠬᠠᠮᠢᠶ᠎ᠠ ᠪᠥᠬᠦᠶ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠨᠢ 4 ᠴᠠᠭ ᠠᠯᠤᠰᠯᠠᠬᠤ ᠪᠦᠷᠢ ᠵᠢᠯᠣᠭᠤᠳᠬᠤ ᠭᠠᠵᠠᠷ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠲᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠶᠢᠳᠠᠯ ᠢᠶᠠᠨ ᠮᠡᠳᠡᠭᠦᠯᠦᠨ᠎ᠡ᠃

  ᠴᠢᠬᠤᠯᠠ ᠲᠠᠢ ᠦᠶ᠎ᠡ ᠳᠤ᠂ ᠲᠤᠬᠠᠶ ᠶᠢᠨ ᠲᠠᠯᠠᠪᠤᠷ ᠤᠨ ᠲᠦᠷ ᠴᠠᠭ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠴᠢᠮᠡᠭᠡ ᠬᠤᠯᠪᠣᠭᠠᠨ ᠤ ᠲᠤᠬᠠᠶ ᠶᠢᠨ ᠲᠠᠯᠠᠪᠤᠷ ᠤᠨ ᠪᠠᠲᠤᠯᠠᠭ᠎ᠠ ᠶᠢᠨ ᠵᠣᠬᠢᠶᠠᠨ ᠪᠠᠶᠢᠭᠤᠯᠬᠤ᠂ ᠵᠣᠬᠢᠴᠠᠭᠤᠯᠬᠤ ᠠᠵᠢᠯ ᠢ ᠬᠠᠷᠢᠭᠤᠴᠠᠭᠤᠯᠤᠨ᠎ᠠ᠃

  4. 5   Ⅲ ᠲᠠᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ

  4.5.1   ᠡᠬᠢᠯᠡᠭᠦᠯᠬᠦ ᠨᠥᠬᠦᠴᠡᠯ

  ᠳᠣᠤᠷᠠᠬᠢ ᠪᠠᠶᠢᠳᠠᠯ ᠤᠨ ᠨᠢᠭᠡ ᠨᠢ ᠭᠠᠷᠪᠠᠯ᠂ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ Ⅲ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠦᠨ᠎ᠡ᠄

  ︵ 1 ︶ ᠨᠡᠢᠢᠲᠡ ᠣᠯᠠᠨ ᠤ ᠴᠢᠮᠡᠭᠡ ᠬᠤᠯᠪᠣᠭᠠᠨ ᠤ ᠰᠦᠯᠵᠢᠶ᠎ᠡ ᠶᠢᠨ ᠠᠶᠢᠮᠠᠭ ᠬᠤᠲᠠ ᠶᠢᠨ ᠳᠡᠰ ᠤᠨ ᠲᠣᠣᠷ ᠰᠦᠯᠵᠢᠶ᠎ᠡ ᠲᠠᠰᠤᠯᠳᠠᠭᠰᠠᠨ᠂ ᠠᠶᠢᠮᠠᠭ ᠬᠤᠲᠠ ᠶᠢᠨ ᠳᠡᠰ ᠤᠨ ᠴᠢᠬᠤᠯᠠ ᠴᠢᠮᠡᠭᠡ ᠬᠤᠯᠪᠣᠭᠠᠨ ᠤ ᠭᠤᠣᠯ ᠵᠠᠩᠭᠢᠯᠠᠭ᠎ᠠ ᠶᠢᠨ ᠠᠰᠠᠷ ᠡᠪᠳᠡᠭᠳᠡᠭᠰᠡᠨ ᠵᠡᠷᠭᠡ ᠡᠴᠠ ᠪᠣᠯᠵᠣ᠂ ᠲᠣᠰ ᠭᠠᠵᠠᠷ ᠣᠷᠣᠨ ᠤ ᠴᠢᠮᠡᠭᠡ ᠬᠤᠯᠪᠣᠭ᠎ᠠ ᠶᠡᠭᠡ ᠬᠡᠪᠴᠢᠶ᠎ᠡ ᠪᠠᠷ ᠲᠠᠰᠤᠯᠳᠠᠬᠤ ᠶᠢ ᠪᠣᠯᠭᠠᠭᠰᠠᠨ᠃

  ︵ 2 ︶ ︽ ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠶᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ︾ ᠳᠠᠬᠢ ᠨᠡᠯᠢᠶᠡᠳ ᠶᠡᠭᠡ ᠭᠡᠨᠡᠳᠡᠯ ᠢ ᠬᠤᠪᠢᠶᠠᠷᠢᠯᠠᠬᠤ ᠨᠥᠬᠦᠴᠡᠯ ᠢ ᠬᠠᠩᠭᠠᠭᠰᠠᠨ᠃

  ︵ 3 ︶ ᠤᠯᠤᠰ ᠡᠴᠠ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ Ⅲ ᠳᠡᠰ ᠤᠨ ᠪᠠᠴᠢᠮ ᠪᠠᠢᠢᠳᠠᠯ ᠤᠨ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠬᠦ ᠶᠢ ᠤᠷᠢᠶᠠᠯᠠᠨ ᠳᠠᠭᠠᠬᠤ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠢ ᠬᠤᠯᠪᠣᠭᠳᠠᠭᠰᠠᠨ᠃

  4.5.2   Ⅲ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ

  ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠡᠴᠠ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ ᠵᠠᠳᠠᠯᠤᠯᠲᠠ ᠬᠢᠵᠦ ᠦᠨᠡᠯᠡᠨ ᠵᠢᠱᠢᠵᠦ᠂ ᠭᠠᠮᠰᠢᠭ ᠤᠨ ᠪᠠᠶᠢᠳᠠᠯ ᠪᠤᠶᠤ ᠬᠡᠷᠡᠭ ᠶᠠᠪᠤᠳᠠᠯ ᠨᠢ ᠡᠬᠢᠯᠡᠭᠦᠯᠬᠦ ᠪᠠᠷᠢᠮᠵᠢᠶ᠎ᠠ ᠳᠤ ᠬᠦᠷᠦᠭᠰᠡᠨ ᠢ ᠮᠠᠭᠠᠳᠯᠠᠨ ᠲᠣᠭᠲᠠᠭᠠᠭᠰᠠᠨ ᠤ ᠳᠠᠷᠠᠭ᠎ᠠ᠂ Ⅲ ᠲᠠᠰ ᠤᠨ ᠤᠷᠢᠶᠠᠯᠠᠨ ᠳᠠᠭᠠᠬᠤ ᠶᠢ ᠡᠬᠢᠯᠡᠭᠦᠯᠬᠦ ᠪᠠᠷ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠤᠨ ᠡᠷᠬᠢᠯᠡᠭᠴᠢ ᠡᠴᠠ ᠪᠠᠴᠢᠮ ᠪᠠᠶᠢᠳᠠᠯ ᠢ ᠠᠷᠭᠠᠴᠠᠭᠠᠬᠤ ᠶᠢ ᠤᠷᠢᠶᠠᠯᠠᠨ ᠳᠠᠭᠠᠬᠤ ᠵᠠᠷᠯᠢᠭ ᠲᠤ ᠭᠠᠷ ᠤᠨ ᠥᠰᠥᠭ ᠵᠢᠷᠤᠬᠤ ᠶᠢᠨ ᠬᠠᠮᠲᠤ ᠡᠯ᠎ᠡ ᠪᠦᠷᠢᠯᠳᠦᠭᠦᠨ ᠨᠢᠭᠡᠴᠢ ᠳᠤ ᠮᠡᠳᠡᠭᠳᠡᠨ᠎ᠡ᠃

  4.5.3   Ⅲ ᠳᠡᠰ ᠤᠨ ᠤᠷᠢᠶᠠᠯᠠᠨ ᠳᠠᠭᠠᠬᠤ ᠠᠵᠢᠯᠯᠠᠭᠠᠨ

  ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ᠂ ᠬᠠᠮᠢᠶ᠎ᠠ ᠪᠥᠬᠦᠶ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ 24 ᠴᠠᠭ ᠢᠶᠠᠷ ᠵᠢᠵᠢᠭᠦᠷᠯᠡᠬᠦ ᠶᠢ ᠡᠬᠢᠯᠡᠭᠦᠯᠦᠨ᠎ᠡ᠃

  ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠡᠴᠠ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ ᠬᠠᠮᠢᠶ᠎ᠠ ᠪᠥᠬᠦᠶ ᠮᠡᠳᠡᠭᠡ ᠵᠠᠩᠭᠢ ᠳᠤ ᠵᠠᠳᠠᠯᠤᠯᠲᠠ ᠬᠢᠵᠦ ᠦᠨᠡᠯᠡᠨ ᠵᠢᠱᠢᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠪᠣᠳᠣᠯᠭ᠎ᠠ ᠪᠠ ᠲᠥᠰᠦᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠵᠢᠯᠣᠭᠤᠳᠬᠤ ᠭᠠᠵᠠᠷ ᠲᠤ ᠬᠤᠯᠪᠣᠭᠳᠠᠯ ᠪᠥᠬᠦᠶ ᠪᠠᠶᠢᠳᠠᠯ ᠢ ᠴᠠᠭ ᠲᠤᠬᠠᠶ ᠳᠤ ᠨᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭ᠎ᠠ ᠶᠢᠨ ᠪᠠᠲᠤᠯᠠᠭ᠎ᠠ ᠶᠢᠨ ᠤᠬᠠᠭᠤᠯᠭ᠎ᠠ ᠶᠢᠨ ᠲᠦᠷᠦᠯᠵᠢᠯ ᠢ ᠨᠡᠢᠢᠲᠡᠯᠡᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠡᠴᠠ ᠬᠠᠮᠢᠶ᠎ᠠ ᠪᠥᠬᠦᠶ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠳᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠭᠦᠷᠭᠡ ᠪᠠᠭᠤᠯᠭᠠᠬᠤ ᠶᠢᠨ ᠬᠠᠮᠲᠤ ᠰᠢᠮᠳᠠᠭᠤᠯᠤᠨ ᠨᠠᠢᠢᠳᠠᠪᠤᠷᠢᠵᠢᠭᠤᠯᠤᠨ᠎ᠠ᠃

  ᠬᠡᠷᠡᠭ ᠶᠠᠪᠤᠳᠠᠯ ᠭᠠᠷᠤᠭᠰᠠᠨ ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠤᠬᠠᠶ ᠶᠢᠨ ᠭᠠᠵᠠᠷ ᠤᠨ ᠴᠢᠮᠡᠭᠡ ᠬᠤᠯᠪᠣᠭᠠᠨ ᠤ ᠲᠣᠣᠷ ᠰᠦᠯᠵᠢᠶᠡᠨ ᠤ ᠠᠵᠢᠯᠯᠠᠭᠠᠨ ᠤ ᠪᠠᠶᠢᠳᠠᠯ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡ᠂ ᠲᠤᠨᠤᠭ ᠲᠥᠬᠦᠭᠡᠷᠦᠮᠵᠢ ᠵᠡᠷᠭᠡ ᠡᠬᠢ ᠪᠠᠶᠠᠯᠢᠭ ᠪᠣᠯᠤᠨ ᠲᠤᠬᠠᠶ ᠶᠢᠨ ᠲᠠᠯᠠᠪᠤᠷ ᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤ ᠨᠢ ᠣᠶᠢᠯᠠᠭᠠᠵᠤ᠂ ᠬᠠᠪᠰᠤᠷᠤᠯᠭ᠎ᠠ ᠳᠡᠮᠵᠢᠯᠭᠡ ᠦᠵᠡᠭᠦᠯᠦᠨ᠎ᠡ᠃ ᠬᠠᠮᠢᠶ᠎ᠠ ᠪᠥᠬᠦᠶ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠳ ᠲᠣᠰ ᠠᠵᠤ ᠠᠬᠤᠶᠢᠯᠠᠯ ᠤᠨ ᠢᠶᠠᠨ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠡᠬᠢᠯᠡᠭᠦᠯᠬᠦ ᠶᠢᠨ ᠬᠠᠮᠲᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡ ᠶᠢᠨ ᠠᠵᠤ ᠠᠬᠤᠶᠢᠯᠠᠯ ᠠᠯᠤᠰᠯᠠᠨ ᠳᠡᠮᠵᠢᠨ ᠲᠤᠰᠠᠯᠠᠬᠤ ᠪᠡᠯᠡᠳᠬᠡᠯ ᠢ ᠰᠠᠢᠢᠲᠤᠷ ᠬᠢᠨ᠎ᠡ᠃ ᠬᠠᠮᠢᠶ᠎ᠠ ᠪᠥᠬᠦᠶ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠨᠢ ᠡᠳᠦᠷ ᠪᠦᠷᠢ 2 ᠤᠳᠠᠭ᠎ᠠ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠲᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠶᠢᠳᠠᠯ ᠢᠶᠠᠨ ᠮᠡᠳᠡᠭᠦᠯᠦᠨ᠎ᠡ᠃

  4.6   Ⅳ ᠳᠡᠰ ᠤᠨ ᠪᠠᠴᠢᠮ ᠪᠠᠶᠢᠳᠠᠯ ᠤᠨ ᠠᠷᠭᠠᠴᠠᠭᠠᠯᠲᠠ ᠶᠢ ᠤᠷᠢᠶᠠᠯᠠᠨ ᠳᠠᠭᠠᠬᠤ

  4.6.1   ᠡᠬᠢᠯᠡᠭᠦᠯᠬᠦ ᠨᠥᠬᠦᠴᠡᠯ

  ᠳᠣᠤᠷᠠᠬᠢ ᠪᠠᠶᠢᠳᠠᠯ ᠤᠨ ᠨᠢᠭᠡ ᠨᠢ ᠭᠠᠷᠪᠠᠯ᠂ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ Ⅳ ᠲᠠᠰ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠦᠨ᠎ᠡ᠄

  ︵ 1 ︶ ᠨᠡᠢᠢᠲᠡ ᠣᠯᠠᠨ ᠤ ᠴᠢᠮᠡᠭᠡ ᠬᠤᠯᠪᠣᠭᠠᠨ ᠤ ᠰᠦᠯᠵᠢᠶ᠎ᠡ ᠶᠢᠨ ᠬᠤᠰᠢᠭᠤ ᠰᠢᠶᠠᠨ ᠤ ᠳᠡᠰ ᠤᠨ ᠲᠣᠣᠷ ᠰᠦᠯᠵᠢᠶ᠎ᠡ ᠲᠠᠰᠤᠯᠳᠠᠭᠰᠠᠨ ᠡᠴᠠ ᠪᠣᠯᠵᠤ ᠪᠥᠬᠦ ᠬᠤᠰᠢᠭᠤ ᠰᠢᠶᠠᠨ ︵ ᠬᠤᠲᠠ᠂ ᠲᠣᠭᠤᠷᠢᠭ ︶ ᠤ ᠴᠢᠮᠡᠭᠡ ᠬᠤᠯᠪᠣᠭ᠎ᠠ ᠶᠡᠭᠡ ᠬᠡᠪᠴᠢᠶ᠎ᠡ ᠪᠠᠷ ᠲᠠᠰᠤᠯᠳᠠᠬᠤ ᠶᠢ ᠪᠣᠯᠭᠠᠭᠰᠠᠨ᠃

  ︵ 2 ︶ ︽ ᠴᠠᠬᠢᠯᠭᠠᠨ ᠬᠤᠯᠪᠣᠭ᠎ᠠ ᠶᠢᠨ ᠲᠣᠣᠷ ᠰᠦᠯᠵᠢᠶᠡᠨ ᠤ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ︾ ᠳᠠᠬᠢ ᠡᠩ ᠤᠨ ᠭᠡᠨᠡᠳᠡᠯ ᠢ ᠬᠤᠪᠢᠶᠠᠷᠢᠯᠠᠬᠤ ᠨᠥᠬᠦᠴᠡᠯ ᠢ ᠬᠠᠩᠭᠠᠭᠰᠠᠨ᠃

  ︵ 3 ︶ ᠤᠯᠤᠰ ᠡᠴᠠ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ Ⅳ ᠳᠡᠰ ᠤᠨ ᠪᠠᠴᠢᠮ ᠪᠠᠢᠢᠳᠠᠯ ᠤᠨ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠬᠦ ᠶᠢ ᠤᠷᠢᠶᠠᠯᠠᠨ ᠳᠠᠭᠠᠬᠤ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠢ ᠬᠤᠯᠪᠣᠭᠳᠠᠭᠰᠠᠨ᠃

  4.6.2   Ⅳ ᠳᠡᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ

  ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠡᠴᠠ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠤᠨ ᠵᠠᠳᠠᠯᠤᠯᠲᠠ ᠬᠢᠵᠦ ᠦᠨᠡᠯᠡᠨ ᠵᠢᠱᠢᠵᠦ᠂ ᠭᠠᠮᠰᠢᠭ ᠤᠨ ᠪᠠᠶᠢᠳᠠᠯ ᠪᠤᠶᠤ ᠬᠡᠷᠡᠭ ᠶᠠᠪᠤᠳᠠᠯ ᠨᠢ ᠡᠬᠢᠯᠡᠭᠦᠯᠬᠦ ᠪᠠᠷᠢᠮᠵᠢᠶ᠎ᠠ ᠳᠤ ᠬᠦᠷᠦᠭᠰᠡᠨ ᠢ ᠮᠠᠭᠠᠳᠯᠠᠨ ᠲᠣᠭᠲᠠᠭᠠᠭᠰᠠᠨ ᠤ ᠳᠠᠷᠠᠭ᠎ᠠ᠂ Ⅳ ᠲᠠᠰ ᠤᠨ ᠤᠷᠢᠶᠠᠯᠠᠨ ᠳᠠᠭᠠᠬᠤ ᠠᠵᠢᠯᠯᠠᠭ᠎ᠠ ᠶᠢ ᠡᠬᠢᠯᠡᠭᠦᠯᠬᠦ ᠪᠠᠷ ᠲᠣᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠤᠨ ᠳᠡᠳ᠋ ᠡᠷᠬᠢᠯᠡᠭᠴᠢ ᠡᠴᠠ ᠪᠠᠴᠢᠮ ᠪᠠᠶᠢᠳᠠᠯ ᠢ ᠠᠷᠭᠠᠴᠠᠭᠠᠬᠤ ᠶᠢ ᠤᠷᠢᠶᠠᠯᠠᠨ ᠳᠠᠭᠠᠬᠤ ᠵᠠᠷᠯᠢᠭ ᠲᠤ ᠭᠠᠷ ᠤᠨ ᠥᠰᠥᠭ ᠵᠢᠷᠤᠬᠤ ᠶᠢᠨ ᠬᠠᠮᠲᠤ ᠡᠯ᠎ᠡ ᠪᠦᠷᠢᠯᠳᠦᠭᠦᠨ ᠨᠢᠭᠡᠴᠢ ᠳᠤ ᠮᠡᠳᠡᠭᠳᠡᠨ᠎ᠡ᠃

  4.6.3   Ⅳ ᠳᠡᠰ ᠤᠨ ᠤᠷᠢᠶᠠᠯᠠᠨ ᠳᠠᠭᠠᠬᠤ ᠠᠵᠢᠯᠯᠠᠭᠠᠨ

  ᠬᠠᠮᠢᠶ᠎ᠠ ᠪᠥᠬᠦᠶ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ 24 ᠴᠠᠭ ᠢᠶᠠᠷ ᠵᠢᠵᠢᠭᠦᠷᠯᠡᠬᠦ ᠶᠢ ᠡᠬᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠲᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠮᠡᠳᠡᠭᠦᠯᠦᠨ᠎ᠡ᠃ ᠬᠡᠷᠡᠭ ᠶᠠᠪᠤᠳᠠᠯ ᠭᠠᠷᠤᠭᠰᠠᠨ ᠭᠠᠵᠠᠷ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠬᠠᠮᠢᠶ᠎ᠠ ᠪᠥᠬᠦᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠨᠢ ᠲᠤᠬᠠᠶ ᠶᠢᠨ ᠭᠠᠵᠠᠷ ᠤᠨ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠠᠵᠤ ᠠᠬᠤᠶᠢᠯᠠᠯ ᠢ ᠵᠢᠯᠣᠭᠤᠳᠤᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢ ᠰᠠᠢᠢᠲᠤᠷ ᠬᠢᠯᠭᠡᠨ᠎ᠡ᠃ ᠬᠠᠮᠢᠶ᠎ᠠ ᠪᠥᠬᠦᠶ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠡᠳᠦᠷ ᠪᠦᠷᠢ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠲᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠶᠢᠳᠠᠯ ᠢᠶᠠᠨ ᠮᠡᠳᠡᠭᠦᠯᠦᠨ᠎ᠡ᠃

  4.7   ᠴᠢᠮᠡᠭᠡ ᠬᠤᠯᠪᠣᠭᠠᠨ ᠤ ᠪᠠᠲᠤᠯᠠᠭ᠎ᠠ ᠪᠠ ᠵᠠᠪᠳᠤᠨ ᠵᠠᠰᠠᠵᠤ ᠰᠡᠷᠭᠦᠭᠡᠬᠦ ᠵᠠᠷᠴᠢᠮ

  ᠡᠯ᠎ᠡ ᠰᠠᠯᠠᠭ᠎ᠠ ᠮᠥᠴᠢᠷ ᠨᠢᠭᠡᠴᠢ ᠨᠢ ᠴᠢᠮᠡᠭᠡ ᠬᠤᠯᠪᠣᠭᠠᠨ ᠤ ᠪᠠᠲᠤᠯᠠᠭ᠎ᠠ ᠪᠠ ᠵᠠᠪᠳᠤᠨ ᠵᠠᠰᠠᠵᠤ ᠰᠡᠷᠭᠦᠭᠡᠬᠦ ᠠᠵᠢᠯ ᠢ ᠭᠦᠢᠴᠡᠳᠬᠡᠬᠦ ᠳᠤ ᠪᠠᠨ ᠬᠥᠮᠦᠨ ᠤ ᠪᠡᠶ᠎ᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠤᠷᠢᠳ ᠢᠶᠠᠷ ᠲᠥᠪ ᠬᠤᠷᠢᠶ᠎ᠠ ᠳᠠᠷᠠᠭ᠎ᠠ ᠨᠢ ᠣᠷᠣᠨ ᠨᠤᠲᠤᠭ᠂ ᠤᠷᠢᠳ ᠢᠶᠠᠷ ᠭᠤᠣᠯᠳᠠᠯᠭ᠎ᠠ ᠲᠠᠢ ᠶᠢ ᠨᠢ ᠲᠠᠷᠠᠭ᠎ᠠ ᠨᠢ ᠡᠩ ᠤᠨ ᠬᠢ ᠶᠢ᠂ ᠤᠷᠢᠳ ᠢᠶᠠᠷ ᠵᠠᠪᠳᠤᠨ ᠨᠡᠪᠲᠡᠷᠡᠭᠦᠯᠵᠦ ᠲᠠᠷᠠᠭ᠎ᠠ ᠨᠢ ᠵᠠᠰᠠᠵᠤ ᠰᠡᠷᠭᠦᠭᠡᠬᠦ ᠵᠠᠷᠴᠢᠮ ᠶᠣᠰᠣᠭᠠᠷ ᠶᠠᠪᠤᠭᠳᠠᠭᠤᠯᠬᠤ ᠬᠡᠷᠡᠭᠲᠡᠶ᠃

  4.8   ᠲᠣᠣᠷ ᠰᠦᠯᠵᠢᠶᠡᠨ ᠤ ᠲᠦᠭᠵᠢᠷᠡᠯ ᠢ ᠰᠢᠢᠳᠪᠦᠷᠢᠯᠡᠬᠦ

  ᠭᠡᠨᠡᠳᠲᠡ ᠶᠢᠨ ᠬᠡᠷᠡᠭ ᠶᠠᠪᠤᠳᠠᠯ ᠭᠠᠷᠤᠭᠰᠠᠨ ᠦᠶ᠎ᠡ ᠳᠤ᠂ ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠦᠷᠭᠦᠯᠵᠢᠯᠡᠨ ᠶᠡᠭᠡ ᠬᠡᠮᠵᠢᠶ᠎ᠡ ᠪᠠᠷ ᠲᠦᠷᠭᠡᠨ ᠨᠡᠮᠡᠭᠳᠡᠭᠰᠡᠨ ᠡᠴᠠ ᠪᠣᠯᠵᠣ ᠲᠣᠣᠷ ᠰᠦᠯᠵᠢᠶ᠎ᠡ ᠲᠦᠭᠵᠢᠷᠡᠬᠦ ᠪᠠᠶᠢᠳᠠᠯ ᠳᠤ ᠴᠢᠭᠯᠡᠭᠦᠯᠦᠨ᠂ ᠰᠠᠭᠤᠷᠢ ᠴᠠᠬᠢᠯᠭᠠᠨ ᠬᠤᠯᠪᠣᠭ᠎ᠠ ᠶᠢᠨ ᠠᠵᠤ ᠠᠬᠤᠶᠢᠯᠠᠯ ᠤᠳ ᠲᠣᠰ ᠠᠵᠤ ᠠᠬᠤᠶᠢᠯᠠᠯ ᠤᠨ ᠢᠶᠠᠨ ᠪᠡᠯᠡᠳᠬᠡᠯ ᠲᠥᠰᠦᠯ ᠳᠤ ᠲᠤᠬᠠᠶᠢᠯᠠᠭᠰᠠᠨ ᠠᠵᠢᠯ ᠤᠨ ᠵᠠᠯᠠᠵᠤ ᠵᠢᠯᠣᠭᠤᠳᠬᠤ ᠲᠥᠰᠦᠯ ᠲᠣᠭᠲᠠᠭᠠᠬᠤ ᠶᠢᠨ ᠬᠠᠮᠲᠤ ᠥᠪᠥᠷ ᠮᠣᠩᠭᠤᠯ ᠤᠨ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠦᠨ ᠬᠦᠷᠭᠡᠵᠦ ᠳᠠᠩᠰᠠᠯᠠᠭᠤᠯᠤᠨ᠎ᠠ᠃ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠳ ᠵᠠᠪᠳᠤᠨ ᠵᠠᠰᠠᠵᠤ ᠪᠠᠶᠢᠭ᠎ᠠ ᠬᠤᠭᠤᠴᠠᠭᠠᠨ ᠳᠤ ᠪᠠ ᠵᠠᠪᠳᠤᠨ ᠵᠠᠰᠠᠵᠤ ᠳᠠᠭᠤᠰᠤᠭᠰᠠᠨ ᠤ ᠲᠠᠷᠠᠭ᠎ᠠ᠂ ᠲᠣᠣᠷ ᠰᠦᠯᠵᠢᠶᠡᠨ ᠤ ᠳᠠᠭᠠᠭᠠᠴᠠ ᠶᠢᠨ ᠪᠠᠶᠢᠳᠠᠯ ᠢ ᠴᠠᠭ ᠲᠤᠬᠠᠶ ᠳ᠋ᠤ ᠨᠢ ᠬᠢᠨᠠᠨ ᠡᠵᠡᠮᠳᠡᠬᠦ ᠶᠢᠨ ᠬᠠᠮᠲᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠲᠣᠣᠷ ᠰᠦᠯᠵᠢᠶᠡᠨ ᠤ ᠬᠤᠷᠣᠮᠬᠠᠨ ᠵᠠᠭᠤᠷ᠎ᠠ ᠳᠠᠪᠬᠤᠷᠯᠠᠬᠤ ᠲᠤᠬᠠᠶᠢᠯᠠᠭᠰᠠᠨ ᠠᠵᠢᠯ ᠤᠨ ᠬᠡᠮᠵᠢᠶ᠎ᠡ ᠵᠢ ᠵᠠᠯᠠᠵᠤ ᠵᠢᠯᠣᠭᠤᠳᠤᠨ᠂ ᠲᠤᠬᠠᠶᠢᠯᠠᠭᠰᠠᠨ ᠠᠵᠢᠯ ᠤᠨ ᠦᠷᠭᠦᠯᠵᠢᠯᠡᠨ ᠬᠡᠪ ᠤᠨ ᠪᠠᠢᠢᠬᠤ ᠵᠢ ᠦᠨᠡᠨ ᠬᠦ ᠪᠠᠲᠤᠯᠠᠬᠤ ᠬᠡᠷᠡᠭᠲᠡᠶ᠃

  ᠭᠡᠨᠡᠳᠲᠡ ᠶᠢᠨ ᠬᠡᠷᠡᠭ ᠶᠠᠪᠤᠳᠠᠯ ᠡᠴᠠ ᠪᠣᠯᠵᠣ ᠲᠣᠣᠷ ᠰᠦᠯᠵᠢᠶ᠎ᠡ ᠲᠦᠭᠵᠢᠷᠡᠬᠦ ᠦᠶ᠎ᠡ ᠳᠤ᠂ ᠬᠠᠮᠢᠶ᠎ᠠ ᠪᠥᠬᠦᠶ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠨᠢ ᠳᠠᠷᠦᠢᠬᠠᠨ ᠪᠡᠯᠡᠳᠬᠡᠯ ᠲᠥᠰᠦᠯ ᠢᠶᠠᠨ ᠡᠬᠢᠯᠡᠭᠦᠯᠬᠦ ᠶᠢᠨ ᠬᠠᠮᠲᠤ᠂ 30 ᠮᠢᠨᠦ᠋ᠲ ᠤᠨ ᠳᠣᠲᠣᠷ᠎ᠠ ᠬᠤᠯᠪᠣᠭᠳᠠᠯ ᠪᠥᠬᠦᠶ ᠪᠠᠶᠢᠳᠠᠯ ᠢᠶᠠᠨ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠶ᠃

  4.9   ᠮᠡᠳᠡᠭᠡ ᠵᠠᠩᠭᠢ ᠶᠢ ᠨᠡᠪᠲᠡᠷᠡᠭᠦᠯᠦᠨ ᠮᠡᠳᠡᠭᠡᠯᠡᠬᠦ ᠪᠠ ᠨᠡᠶᠢᠲᠡᠯᠡᠬᠦ

  ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠠᠪᠤᠴᠠ ᠳᠤ᠂ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠬᠡᠷᠡᠭ ᠶᠠᠪᠤᠳᠠᠯ ᠤᠨ ᠬᠤᠪᠢᠷᠠᠯᠲᠠ ᠵᠢᠴᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠭᠰᠡᠨ ᠪᠠᠶᠢᠳᠠᠯ ᠢ ᠴᠠᠭ ᠲᠤᠬᠠᠶ ᠳᠤ ᠨᠢ ᠨᠡᠪᠲᠡᠷᠡᠭᠦᠯᠦᠨ ᠮᠡᠳᠡᠭᠡᠯᠡᠬᠦ ᠶᠢᠨ ᠬᠠᠮᠲᠤ᠂ ᠰᠣᠨᠢᠨ ᠮᠡᠳᠡᠭᠡᠨ ᠤ ᠵᠠᠭᠤᠴᠢᠯᠠᠭᠤᠷ ᠢ ᠵᠣᠬᠢᠶᠠᠨ ᠪᠠᠶᠢᠭᠤᠯᠤᠨ ᠨᠡᠶᠢᠭᠡᠮ ᠳᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠮᠡᠳᠡᠭᠡ ᠵᠠᠩᠭᠢ ᠶᠢ ᠨᠡᠢᠢᠲᠡᠯᠡᠨ᠎ᠡ᠃

  4.10   ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠳᠠᠭᠤᠰᠬᠤ

  ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠨᠢ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠰᠡᠷᠭᠦᠭᠡᠯᠲᠡ ᠶᠢᠨ ᠪᠠᠶᠢᠳᠠᠯ ᠢ ᠦᠨᠳᠦᠰᠦᠯᠡᠨ᠂ ᠴᠠᠭ ᠲᠤ ᠨᠢ ᠳᠣᠭᠢᠷᠠᠭᠤᠯᠤᠨ ᠵᠢᠯᠣᠭᠤᠳᠬᠤ ᠭᠠᠵᠠᠷ ᠲᠤ ᠪᠠᠴᠢᠮ ᠪᠠᠶᠢᠳᠠᠯ ᠢ ᠠᠷᠭᠠᠴᠠᠭᠠᠬᠤ ᠶᠢ ᠤᠷᠢᠶᠠᠯᠠᠨ ᠳᠠᠭᠠᠬᠤ ᠠᠵᠢᠯᠯᠠᠭ᠎ᠠ ᠶᠢ ᠳᠠᠭᠤᠰᠬᠠᠬᠤ ᠰᠠᠨᠠᠭᠤᠯᠭ᠎ᠠ ᠳᠤᠷᠠᠳᠤᠨ᠎ᠠ᠃ ᠵᠢᠯᠣᠭᠤᠳᠬᠤ ᠭᠠᠵᠠᠷ ᠡᠴᠠ ᠰᠤᠳᠤᠯᠤᠨ ᠨᠤᠲᠠᠯᠠᠭᠰᠠᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠶᠢ ᠤᠷᠢᠶᠠᠯᠠᠨ ᠳᠠᠭᠠᠬᠤ ᠠᠵᠢᠯᠯᠠᠭ᠎ᠠ ᠳᠠᠭᠤᠰᠤᠭᠰᠠᠨ ᠢ ᠨᠡᠶᠢᠲᠡᠯᠡᠬᠦ ᠶᠢᠨ ᠬᠠᠮᠲᠤ ᠡᠯ᠎ᠡ ᠪᠦᠷᠢᠯᠳᠦᠭᠦᠨ ᠨᠢᠭᠡᠴᠢ ᠳᠤ ᠮᠡᠳᠡᠭᠳᠡᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠢ ᠨᠦᠭᠦᠳ ᠪᠠᠴᠢᠮ ᠪᠠᠶᠢᠳᠠᠯ ᠢ ᠠᠷᠭᠠᠴᠠᠭᠠᠬᠤ ᠶᠢ ᠤᠷᠢᠶᠠᠯᠠᠨ ᠳᠠᠭᠠᠬᠤ ᠠᠵᠢᠯᠯᠠᠭ᠎ᠠ ᠪᠠᠨ ᠵᠣᠭᠰᠣᠭᠠᠨ᠎ᠠ᠃

  5   ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ

  5.1   ᠳ᠋ᠦᠩᠨᠡᠯᠲᠡ ᠬᠢᠵᠦ ᠦᠨᠡᠯᠡᠨ ᠵᠢᠱᠢᠬᠦ

  ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠳᠠᠭᠤᠰᠤᠭᠰᠠᠨ ᠤ ᠲᠠᠷᠠᠭ᠎ᠠ᠂ ᠬᠠᠮᠢᠶ᠎ᠠ ᠪᠥᠬᠦᠢ ᠪᠦᠷᠢᠯᠳᠦᠭᠦᠨ ᠨᠢᠭᠡᠴᠢ ᠨᠦᠭᠦᠳ ᠭᠡᠨᠡᠳᠲᠡ ᠶᠢᠨ ᠬᠡᠷᠡᠭ ᠶᠠᠪᠤᠳᠠᠯ ᠳᠠᠬᠢ ᠨᠡᠢᠢᠲᠡ ᠣᠯᠠᠨ ᠤ ᠴᠠᠬᠢᠯᠭᠠᠨ ᠬᠤᠯᠪᠣᠭᠠᠨ ᠤ ᠲᠣᠣᠷ ᠰᠦᠯᠵᠢᠶ᠎ᠡ ᠶᠢᠨ ᠪᠡᠯᠡᠳᠬᠡᠮᠵᠢ ᠶᠢᠨ ᠬᠤᠬᠢᠷᠠᠯ ᠤᠨ ᠪᠠᠶᠢᠳᠠᠯ ᠢ ᠪᠦᠷᠢᠳᠬᠡᠬᠦ᠂ ᠬᠤᠷᠢᠶᠠᠩᠭᠤᠶᠢᠯᠠᠬᠤ ᠠᠵᠢᠯ ᠢ ᠰᠠᠶᠢᠲᠤᠷ ᠬᠢᠵᠦ᠂ ᠪᠠᠲᠤᠯᠠᠭ᠎ᠠ ᠵᠢᠨ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠳᠤ ᠪᠥᠬᠦ ᠲᠠᠯ᠎ᠠ ᠪᠠᠷ ᠭᠦᠨᠵᠡᠭᠡᠶ ᠪᠥᠭᠡᠳ ᠪᠤᠰᠤᠳᠴᠢ ᠲᠥᠪ ᠭᠤᠣᠯᠴᠢ ᠪᠠᠷ ᠪᠠᠶᠢᠴᠠᠭᠠᠯᠲᠠ ᠪᠠ ᠦᠨᠡᠯᠡᠨ ᠵᠢᠱᠢᠯᠲᠡ ᠬᠢᠵᠦ᠂ ᠳ᠋ᠦᠩᠨᠡᠯᠲᠡ ᠶᠢᠨ ᠮᠡᠳᠡᠭᠦᠯᠦᠯᠲᠡ ᠭᠠᠷᠭᠠᠬᠤ ᠬᠡᠷᠡᠭᠲᠡᠶ᠃

  5.2   ᠲᠠᠲᠠᠪᠤᠷᠢᠯᠠᠨ ᠬᠡᠷᠡᠭᠯᠡᠭᠰᠡᠨ ᠲᠥᠯᠥᠪᠦᠷᠢ

  ︵ 1 ︶ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠶᠠᠪᠤᠳᠠᠯ ᠤᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠪᠡᠯᠡᠳᠬᠡᠯ ᠲᠥᠰᠦᠯ ︵ ᠲᠤᠷᠰᠢᠨ ᠬᠡᠷᠡᠭᠵᠢᠭᠦᠯᠬᠦ ︶ ︾ ᠤᠨ ᠱᠠᠭᠠᠷᠳᠠᠯᠭ᠎ᠠ ᠶᠢ ᠬᠡᠷᠡᠭᠵᠢᠭᠦᠯᠦᠨ᠎ᠡ᠃

  ︵ 2 ︶ ᠲᠣᠣᠷ ᠰᠦᠯᠵᠢᠶᠡᠨ ᠤ ᠲᠤᠰ ᠪᠡᠶ᠎ᠡ ᠶᠢᠨ ᠰᠠᠭᠠᠳ᠂ ᠵᠣᠷᠢᠭᠤᠳᠠ ᠶᠢᠨ ᠬᠦᠴᠦᠨ ᠵᠦᠢᠯ ᠡᠴᠠ ᠪᠣᠯᠤᠭᠰᠠᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠰᠢᠢᠳᠪᠦᠷᠢᠯᠡᠯᠲᠡ ᠶᠢᠨ ᠵᠠᠷᠤᠳᠠᠯ ᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠡᠴᠠ ᠳᠠᠭᠠᠭᠠᠨ ᠡᠭᠦᠷᠭᠡᠯᠡᠨ᠎ᠡ᠂ ᠬᠡᠷᠪᠡ ᠭᠤᠷᠪᠠᠳᠠᠬᠢ ᠡᠲᠡᠭᠡᠳ ᠤᠨ ᠬᠠᠷᠢᠭᠤᠴᠠᠯᠭ᠎ᠠ ᠡᠴᠠ ᠪᠣᠯᠤᠭᠰᠠᠨ ᠪᠠᠶᠢᠪᠠᠯ᠂ ᠭᠤᠷᠪᠠᠳᠠᠬᠢ ᠡᠲᠡᠭᠡᠳ ᠡᠴᠠ ᠬᠠᠮᠢᠶ᠎ᠠ ᠪᠦᠬᠦᠢ ᠵᠠᠷᠤᠳᠠᠯ ᠢ ᠳᠠᠭᠠᠭᠠᠨ ᠡᠭᠦᠷᠭᠡᠯᠡᠬᠦ ᠬᠡᠷᠡᠭᠲᠡᠶ︔ ᠭᠡᠨᠡᠳᠲᠡ ᠶᠢᠨ ᠬᠡᠷᠡᠭ ᠶᠠᠪᠤᠳᠠᠯ ︵ ᠵᠢᠱᠢᠶᠡᠯᠡᠪᠡᠯ ᠦᠶᠡᠷ᠂ ᠭᠠᠵᠠᠷ ᠬᠥᠳᠡᠯᠦᠯᠲᠡ ᠵᠡᠷᠭᠡ ᠭᠠᠢ ᠭᠠᠮᠰᠢᠭ ︶ ᠢ ᠰᠢᠢᠳᠪᠦᠷᠢᠯᠡᠭᠰᠡᠨ ᠡᠴᠠ ᠡᠭᠦᠰᠦᠭᠰᠡᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠵᠠᠷᠤᠳᠠᠯ ᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠡᠴᠠ ᠬᠠᠮᠢᠶ᠎ᠠ ᠪᠥᠬᠦᠶ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠨ᠎ᠠ᠃

  ︵ 3 ︶ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠭᠰᠡᠨ ᠪᠠᠶᠢᠳᠠᠯ ᠢ ᠦᠨᠳᠦᠰᠦᠯᠡᠨ᠂ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠨ ᠠᠰᠢᠭ ᠬᠤᠨᠵᠢᠪᠣᠷᠢ ᠶᠢ ᠰᠢᠯᠭᠠᠨ ᠬᠢᠨᠠᠬᠤ ᠳᠤ ᠪᠠᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠰᠲᠠᠶ ᠪᠠᠷ ᠬᠠᠷᠭᠤᠭᠤᠯᠤᠨ ᠬᠠᠰᠤᠨ᠎ᠠ᠃

  5.3   ᠰᠡᠷᠭᠦᠭᠡᠬᠦ ᠪᠠ ᠲᠠᠬᠢᠨ ᠪᠠᠶᠢᠭᠤᠯᠬᠤ

  ᠭᠡᠨᠡᠳᠲᠡ ᠶᠢᠨ ᠬᠡᠷᠡᠭ ᠶᠠᠪᠤᠳᠠᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠳᠠᠭᠤᠰᠤᠭᠰᠠᠨ ᠤ ᠳᠠᠷᠠᠭ᠎ᠠ᠂ ᠬᠠᠮᠢᠶ᠎ᠠ ᠪᠥᠬᠦᠶ ᠪᠦᠷᠢᠯᠳᠦᠭᠦᠨ ᠨᠢᠭᠡᠴᠢ ᠨᠦᠭᠦᠳ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠲᠠᠢ ᠬᠠᠮᠵᠢᠯᠴᠠᠵᠤ ᠪᠠᠢᠢᠭᠠᠳ ᠰᠡᠷᠭᠦᠭᠡᠵᠦ ᠳᠠᠬᠢᠨ ᠪᠠᠶᠢᠭᠤᠯᠬᠤ ᠲᠥᠯᠥᠪᠯᠡᠭᠡ ᠲᠣᠭᠲᠠᠭᠠᠬᠤ ᠶᠢᠨ ᠬᠠᠮᠲᠤ ᠬᠡᠷᠡᠭᠵᠢᠭᠦᠯᠬᠦ ᠬᠡᠷᠡᠭᠲᠡᠶ᠃

  ᠬᠠᠮᠢᠶ᠎ᠠ ᠪᠦᠬᠦᠢ ᠪᠦᠷᠢᠯᠳᠦᠭᠦᠨ ᠨᠢᠭᠡᠴᠢ ᠵᠢᠴᠢ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠳ ᠭᠠᠮᠰᠢᠭ ᠤᠨ ᠳᠠᠷᠠᠭᠠᠬᠢ ᠪᠠᠶᠢᠴᠠᠭᠠᠨ ᠰᠤᠳᠤᠯᠤᠯᠲᠠ ᠶᠢ ᠴᠠᠭ ᠲᠤᠬᠠᠶ ᠳᠤ ᠨᠢ ᠵᠣᠬᠢᠶᠠᠨ ᠪᠠᠶᠢᠭᠤᠯᠵᠤ᠂ ᠴᠢᠮᠡᠭᠡ ᠬᠤᠯᠪᠣᠭᠠᠨ ᠤ ᠪᠡᠯᠡᠳᠬᠡᠮᠵᠢ ᠶᠢᠨ ᠭᠠᠮᠰᠢᠭ ᠲᠤ ᠳᠠᠭᠠᠷᠢᠭᠳᠠᠵᠤ ᠬᠤᠬᠢᠷᠠᠭᠰᠠᠨ ᠪᠠᠶᠢᠳᠠᠯ ᠳᠤ ᠦᠨᠡᠯᠡᠨ ᠵᠢᠱᠢᠯᠲᠡ ᠬᠢᠬᠦ ᠶᠢᠨ ᠬᠠᠮᠲᠤ ᠬᠠᠮᠢᠶ᠎ᠠ ᠪᠦᠬᠦᠢ ᠪᠠᠶᠢᠳᠠᠯ ᠢ ᠵᠢᠯᠣᠭᠤᠳᠬᠤ ᠭᠠᠵᠠᠷ ᠲᠤ ᠮᠡᠳᠡᠭᠦᠯᠦᠨ ᠬᠦᠷᠭᠡᠬᠦ ᠬᠡᠷᠡᠭᠲᠡᠶ᠃

  5.4   ᠱᠠᠩᠨᠠᠬᠤ ᠪᠠ ᠬᠠᠷᠢᠭᠤᠴᠠᠯᠭ᠎ᠠ ᠨᠡᠬᠡᠮᠵᠢᠯᠡᠬᠦ

  ᠡᠯ᠎ᠡ ᠬᠠᠮᠢᠶ᠎ᠠ ᠪᠥᠬᠦᠢ ᠰᠠᠯᠠᠭ᠎ᠠ ᠮᠥᠴᠢᠷ ᠨᠢᠭᠡᠴᠢ ᠨᠢ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠳᠤᠮᠳᠠ ᠳᠣᠪᠦᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠣᠯᠤᠨ ᠬᠤᠪᠢ ᠬᠥᠮᠦᠨ ᠢ ᠱᠠᠩᠨᠠᠬᠤ ᠬᠡᠷᠡᠭᠲᠡᠶ᠃

  ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠳᠤᠮᠳᠠ ᠲᠤᠰᠢᠶᠠᠯ ᠬᠠᠷᠢᠭᠤᠴᠠᠯᠭ᠎ᠠ ᠪᠠᠨ ᠤᠮᠳᠤᠭᠠᠢᠢᠯᠠᠭᠠᠳ ᠬᠤᠬᠢᠷᠠᠯ ᠤᠴᠠᠷᠠᠭᠤᠯᠤᠭᠰᠠᠨ ᠪᠠᠶᠢᠪᠠᠯ᠂ ᠤᠯᠤᠰ ᠤᠨ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠲᠤᠬᠠᠶ ᠶᠢᠨ ᠬᠥᠮᠦᠨ ᠤ ᠬᠠᠷᠢᠭᠤᠴᠠᠯᠭ᠎ᠠ ᠶᠢ ᠨᠡᠬᠡᠮᠵᠢᠯᠡᠨ᠎ᠡ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃

  6   ᠪᠠᠲᠤᠯᠠᠭ᠎᠎ᠠ ᠶᠢᠨ ᠠᠷᠭ᠎᠎ᠠ ᠬᠡᠮᠵᠢᠶ᠎ᠡ

  6.1   ᠮᠡᠳᠡᠭᠡ ᠵᠠᠩᠭᠢ ᠶᠢᠨ ᠮᠡᠷᠭᠡᠵᠢᠯ ᠤᠨ ᠲᠤᠯᠭᠠᠭᠤᠷᠢᠯᠠᠯ ᠤᠨ ᠪᠠᠲᠤᠯᠠᠭ᠎ᠠ

  ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠵᠢᠯᠣᠭᠤᠳᠤᠨ ᠳᠣᠭᠢᠷᠠᠭᠤᠯᠬᠤ ᠲᠥᠪ ᠨᠢ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠵᠢᠯᠣᠭᠤᠳᠬᠤ ᠰᠢᠰᠲ᠋ᠧᠮ ᠢ ᠠᠵᠢᠯᠯᠠᠭᠤᠯᠵᠤ ᠪᠠᠲᠤᠯᠠᠬᠤ ᠶᠢ ᠬᠠᠷᠢᠭᠤᠴᠠᠵᠤ᠂ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠬᠦᠴᠦᠨ ᠵᠦᠢᠯ ᠤᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠵᠢᠵᠢᠭᠦᠷᠯᠡᠨ ᠰᠠᠬᠢᠬᠤ᠂ ᠮᠡᠳᠡᠭᠡ ᠵᠠᠩᠭᠢ ᠮᠡᠳᠡᠭᠦᠯᠦᠨ ᠬᠦᠷᠭᠡᠬᠦ᠂ ᠪᠠᠴᠢᠮ ᠪᠠᠶᠢᠳᠠᠯ ᠢ ᠠᠷᠭᠠᠴᠠᠭᠠᠨ ᠵᠥᠪᠳᠡᠯᠴᠡᠬᠦ ᠪᠠ ᠵᠢᠯᠣᠭᠤᠳᠤᠨ ᠳᠣᠭᠢᠷᠠᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠬᠢᠨᠠᠨ ᠰᠢᠨᠵᠢᠵᠦ ᠰᠡᠷᠡᠮᠵᠢᠯᠡᠭᠦᠯᠬᠦ᠂ ᠵᠠᠳᠠᠯᠤᠯᠲᠠ ᠬᠢᠵᠦ ᠰᠣᠳᠣᠯᠤᠨ ᠮᠠᠭᠠᠳᠯᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠦᠴᠦᠨ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠳ ᠲᠤᠯᠭᠠᠭᠤᠷᠢᠯᠠᠬᠤ ᠦᠢᠯᠡᠴᠢᠯᠡᠭᠡ ᠬᠠᠩᠭᠠᠨ᠎ᠠ᠃

  6.2   ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠡᠩᠨᠡᠭᠡ ᠶᠢᠨ ᠪᠠᠲᠤᠯᠠᠭ᠎ᠠ

  ᠵᠢᠯᠣᠭᠤᠳᠬᠤ ᠭᠠᠵᠠᠷ᠂ ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠭᠡᠷ ᠨᠢ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠬᠡᠷᠡᠭ ᠶᠠᠪᠤᠳᠠᠯ ᠪᠠᠶᠢᠷᠢᠰᠢᠯ ᠳᠤ ᠴᠢᠭᠯᠡᠭᠦᠯᠦᠭᠰᠡᠨ ᠵᠦᠢ ᠵᠣᠬᠢᠰᠲᠠᠶ ᠲᠤᠬᠢᠷᠠᠭᠤᠯᠤᠯᠳᠠ ᠬᠢᠬᠦ ᠶᠢᠨ ᠬᠠᠮᠲᠤ᠂ ᠵᠣᠬᠢᠬᠤ ᠪᠣᠯᠪᠠᠰᠤᠷᠠᠯ᠂ ᠰᠣᠷᠢᠯᠲᠠ ᠵᠢᠴᠢ ᠬᠢᠨᠠᠨ ᠰᠢᠯᠭᠠᠯᠲᠠ ᠶᠢ ᠥᠷᠨᠢᠭᠦᠯᠵᠦ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡᠨ ᠤ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠪᠣᠯᠤᠨ ᠪᠤᠲᠠᠲᠠᠢ ᠦᠢᠯᠡᠳᠦᠯᠭᠡ ᠶᠢᠨ ᠴᠢᠳᠠᠪᠤᠷᠢ ᠶᠢ ᠨᠢ ᠲᠠᠰᠤᠷᠠᠯᠳᠠ ᠥᠭᠡᠢ ᠳᠡᠭᠡᠭᠰᠢᠯᠡᠭᠦᠯᠬᠦ ᠬᠡᠷᠡᠭᠲᠡᠶ᠃ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠳ ᠲᠣᠰ ᠲᠣᠰ ᠤᠨ ᠢᠶᠠᠨ ᠲᠤᠰᠬᠠᠶ ᠮᠡᠷᠭᠡᠵᠢᠯ ᠤᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡ᠂ ᠨᠡᠶᠢᠲᠡ ᠶᠢᠨ ᠬᠡᠷᠡᠭᠯᠡᠭᠡᠨ ᠤ ᠴᠢᠮᠡᠭᠡ ᠬᠤᠯᠪᠣᠭᠠᠨ ᠤ ᠰᠦᠯᠵᠢᠶ᠎ᠡ ᠶᠢ ᠠᠵᠢᠯᠯᠠᠭᠤᠯᠵᠤ ᠪᠠᠲᠤᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠦᠯᠬᠦᠮ ᠨᠡᠶᠢᠲᠡ ᠵᠢᠴᠢ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ ᠪᠠᠲᠤᠯᠠᠭ᠎ᠠ ᠶᠢᠨ ᠡᠩᠨᠡᠭᠡ ᠶᠢᠨ ᠪᠠᠶᠢᠭᠤᠯᠤᠯᠲᠠ ᠶᠢ ᠬᠠᠷᠢᠭᠤᠴᠠᠨ᠎ᠠ᠂ ᠡᠭᠦᠨ ᠳᠤ ᠤᠯᠤᠰ ᠤᠨ ᠨᠢᠭᠡᠳᠦᠭᠡᠷ ᠲᠥᠷᠥᠯ ᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡ ᠶᠢᠨ ᠪᠠᠶᠢᠭᠤᠯᠤᠯᠲᠠ ᠶᠢ ᠪᠣᠯ ᠤᠯᠤᠰ ᠤᠨ ᠨᠢᠭᠡᠳᠦᠭᠡᠷ ᠲᠥᠷᠥᠯ ᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠡᠩᠨᠡᠭᠡ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠬᠡᠷᠡᠭᠵᠢᠭᠦᠯᠦᠨ᠎ᠡ᠃

  6.3   ᠰᠠᠭᠤᠷᠢ ᠪᠡᠯᠡᠳᠬᠡᠮᠵᠢ ᠵᠢᠴᠢ ᠡᠳ᠋ ᠪᠠᠷᠠᠭᠠᠨ ᠤ ᠪᠠᠲᠤᠯᠠᠭ᠎ᠠ

  ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠨᠢ ᠭᠠᠵᠠᠷ ᠣᠷᠣᠨ ᠤ ᠣᠨᠴᠠᠯᠢᠭ ᠪᠣᠯᠤᠨ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢ ᠠᠵᠤ ᠠᠬᠤᠶᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠳᠤ ᠪᠠᠨ ᠣᠷᠤᠭᠤᠯᠵᠤ᠂ ᠵᠣᠬᠢᠬᠤ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠲᠣᠭᠲᠠᠴᠠ ᠪᠠᠢᠢᠭᠤᠯᠬᠤ ᠶᠢ ᠬᠠᠷᠢᠭᠤᠴᠠᠨ᠎ᠠ᠃

  ᠦᠨᠳᠦᠰᠦᠨ ᠬᠠᠮᠠᠭᠠᠯᠠᠯᠲᠠ ᠶᠢᠨ ᠲᠣᠨᠤᠭ ᠲᠥᠬᠦᠭᠡᠷᠦᠮᠵᠢ ᠶᠢ ᠪᠠᠭᠲᠠᠭᠠᠭᠰᠠᠨ ᠴᠢᠬᠤᠯᠠ ᠪᠦᠬᠦᠢ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ ᠶᠢ ᠬᠠᠨᠳᠤᠯᠭᠠᠲᠤ ᠴᠢᠨᠠᠷ ᠲᠠᠢ ᠪᠠᠷ ᠲᠣᠬᠢᠷᠠᠭᠤᠯᠵᠤ᠂ ᠵᠢᠵᠢᠭ ᠬᠡᠯᠪᠡᠷᠢ ᠶᠢᠨ᠂ ᠳᠥᠭᠦᠮ ᠠᠪᠰᠠᠷ᠂ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤᠢᠢᠴᠠ ᠳᠠᠭᠠᠭᠤᠯᠢ ᠣᠳᠣᠨ ᠤ ᠴᠢᠮᠡᠭᠡ ᠬᠤᠯᠪᠣᠭᠠᠨ ᠤ ᠲᠦᠬᠦᠭᠡᠷᠦᠮᠵᠢ ᠵᠡᠷᠭᠡ ᠵᠣᠬᠢᠴᠠᠬᠤ ᠴᠢᠨᠠᠷ ᠢᠶᠠᠷ ᠴᠢᠩᠭ᠎ᠠ ᠪᠦᠬᠦᠢ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠲᠣᠨᠤᠭ ᠲᠥᠬᠦᠭᠡᠷᠦᠮᠵᠢ ᠲᠣᠬᠢᠷᠠᠭᠤᠯᠬᠤ ᠪᠠᠨ ᠴᠢᠩᠭᠠᠳᠬᠠᠵᠤ᠂ ᠠᠷᠭ᠎ᠠ ᠪᠠᠷᠢᠯ ᠨᠢ ᠣᠯᠠᠨ ᠶᠠᠩᠵᠤ ᠶᠢᠨ᠂ ᠰᠠᠨᠰᠠᠷ᠂ ᠣᠭᠲᠠᠷᠭᠤᠢ᠂ ᠭᠠᠵᠠᠷ ᠢ ᠨᠢᠭᠡ ᠴᠤᠭᠴᠠᠵᠢᠭᠤᠯᠤᠭᠰᠠᠨ᠂ ᠲᠦᠷᠭᠡᠨ ᠪᠥᠭᠡᠳ ᠪᠡᠶ᠎ᠡ ᠪᠠᠨ ᠳᠠᠭᠠᠭᠠᠨ ᠲᠣᠣᠷ ᠰᠦᠯᠵᠢᠶᠡᠵᠢᠭᠦᠯᠵᠤ ᠳᠡᠶᠢᠯᠬᠦ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠲᠣᠨᠤᠭ ᠲᠥᠬᠦᠭᠡᠷᠦᠮᠵᠢ ᠵᠢᠨ ᠲᠣᠬᠢᠷᠠᠭᠤᠯᠤᠯᠲᠠ ᠵᠢᠨ ᠰᠢᠷᠢᠰ ᠢ ᠪᠣᠶ ᠪᠣᠯᠭᠠᠬᠤ ᠶᠢᠨ ᠬᠠᠮᠲᠤ᠂ ᠪᠠᠴᠢᠮ ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ ᠶᠢᠨ ᠬᠠᠮᠢᠶᠠᠷᠤᠯᠲᠠ᠂ ᠬᠠᠮᠠᠭᠠᠯᠠᠯᠲᠠ ᠪᠠ ᠠᠷᠠᠴᠢᠯᠠᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠲᠣᠨᠤᠭ ᠲᠥᠬᠦᠭᠡᠷᠦᠮᠵᠢ ᠶᠢ ᠬᠤᠳᠠᠯᠳᠤᠨ ᠠᠪᠬᠤ᠂ ᠰᠢᠯᠵᠢᠭᠦᠯᠦᠨ ᠬᠡᠷᠡᠭᠯᠡᠬᠦ᠂ ᠨᠥᠬᠦᠪᠥᠷᠢᠯᠡᠬᠦ᠂ ᠬᠡᠷᠡᠭᠯᠡᠭᠡᠨ ᠡᠴᠠ ᠭᠠᠷᠭᠠᠬᠤ ᠵᠡᠷᠭᠡ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠦᠨ᠎ᠠ᠃

  6.4   ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ

  ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠨᠢᠭᠡᠴᠢ ᠨᠦᠭᠦᠳ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠲᠤᠰᠬᠠᠶ ᠬᠡᠷᠡᠭᠯᠡᠬᠦ ᠲᠡᠷᠭᠡ ᠬᠥᠰᠬᠡ ᠳ᠋ᠤ ᠣᠨᠴᠠ ᠵᠥᠪᠰᠢᠶᠡᠷᠡᠯ ᠤᠨ ᠨᠡᠪᠲᠡᠷᠡᠬᠦ ᠦᠨᠡᠮᠯᠡᠯ ᠳᠣᠭᠢᠷᠠᠭᠤᠯᠤᠨ ᠥᠭᠴᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠡᠷᠭᠡ ᠬᠥᠰᠬᠡ ᠪᠣᠯᠤᠨ ᠣᠩᠭᠤᠴᠠ ᠰᠠᠯ ᠤᠨ ᠤᠷᠢᠳ ᠢᠶᠠᠷ ᠨᠡᠪᠲᠡᠷᠡᠬᠦ ᠶᠢ ᠪᠠᠲᠤᠯᠠᠬᠤ ᠬᠡᠷᠡᠭᠲᠡᠶ᠃ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠦᠭᠦᠳ ᠴᠢᠬᠤᠯᠠ ᠪᠦᠬᠦᠢ ᠵᠠᠮ ᠬᠠᠷᠢᠯᠴᠠᠭ᠎ᠠ ᠲᠡᠭᠡᠭᠡᠪᠦᠷᠢ ᠵᠢᠨ ᠪᠠᠭᠠᠵᠢ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭ᠎ᠠ ᠳᠤ ᠴᠢᠬᠤᠯᠠ ᠪᠦᠬᠦᠢ ᠵᠠᠮ ᠬᠠᠷᠢᠯᠴᠠᠭᠠᠨ ᠤ ᠨᠡᠪᠲᠡᠷᠡᠯᠭᠡ ᠵᠢᠨ ᠪᠠᠲᠤᠯᠠᠭ᠎ᠠ ᠶᠢ ᠬᠠᠩᠭᠠᠬᠤ ᠵᠢᠨ ᠬᠠᠮᠲᠤ ᠬᠠᠮᠢᠶ᠎ᠠ ᠪᠦᠬᠦᠢ ᠵᠠᠮ ᠬᠠᠷᠢᠯᠴᠠᠭᠠᠨ ᠤ ᠨᠡᠪᠲᠡᠷᠡᠯᠭᠡ ᠵᠢᠨ ᠵᠠᠷᠤᠳᠠᠯ ᠢ ᠨᠢ ᠬᠠᠰᠤᠵᠤ ᠬᠡᠯᠲᠦᠷᠢᠭᠦᠯᠦᠨ᠎ᠡ᠃

  6.5   ᠴᠠᠬᠢᠯᠭᠠᠨ ᠬᠦᠴᠦᠨ ᠡᠨᠧᠷᠭᠢ ᠶᠢᠨ ᠬᠠᠩᠭᠠᠯᠭ᠎ᠠ ᠶᠢᠨ ᠪᠠᠲᠤᠯᠠᠭ᠎ᠠ

  ᠭᠡᠨᠡᠳᠲᠡ ᠶᠢᠨ ᠬᠡᠷᠡᠭ ᠶᠠᠪᠤᠳᠠᠯ ᠭᠠᠷᠬᠤ ᠦᠶ᠎ᠡ ᠳᠤ᠂ ᠡᠯ᠎ᠡ ᠱᠠᠲᠤᠨ ᠤ ᠡᠨᠧᠷᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠴᠠᠬᠢᠯᠭᠠᠨ ᠬᠦᠴᠦᠨ᠂ ᠲᠣᠰᠣᠯᠢᠭ ᠵᠦᠢᠯ ᠵᠡᠷᠭᠡ ᠦᠢᠯᠡᠳᠪᠦᠷᠢᠯᠡᠯ ᠬᠠᠩᠭᠠᠯᠭ᠎ᠠ ᠶᠢᠨ ᠠᠵᠤ ᠠᠬᠤᠶᠢᠯᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠪᠠᠢᠢᠭᠠᠳ ᠴᠢᠮᠡᠭᠡ ᠬᠤᠯᠪᠣᠭᠠᠨ ᠤ ᠪᠡᠯᠡᠳᠬᠡᠮᠵᠢ ᠶᠢᠨ ᠴᠠᠬᠢᠯᠭᠠᠨ ᠬᠠᠩᠭᠠᠬᠤ ᠲᠤᠰᠤ ᠬᠠᠩᠭᠠᠬᠤ ᠵᠡᠷᠭᠡ ᠡᠨᠧᠷᠭᠢ ᠶᠢᠨ ᠬᠡᠷᠡᠭᠴᠡᠭᠡ ᠱᠠᠭᠠᠷᠳᠠᠯᠭ᠎ᠠ ᠶᠢ ᠡᠩ ᠲᠡᠷᠢᠭᠦᠨ ᠳᠤ ᠪᠠᠲᠤᠯᠠᠵᠤ᠂ ᠴᠠᠬᠢᠯᠭᠠᠨ ᠬᠦᠴᠦᠨ᠂ ᠲᠣᠰᠣᠯᠢᠭ ᠵᠦᠢᠯ᠂ ᠪᠠᠶᠢᠭᠠᠯᠢ ᠶᠢᠨ ᠰᠢᠲᠠᠮᠠᠬᠠᠶ ᠬᠡᠢ ᠵᠡᠷᠭᠡ ᠬᠠᠮᠢᠶ᠎ᠠ ᠪᠥᠬᠦᠢ ᠦᠢᠯᠡᠳᠪᠦᠷᠢᠯᠡᠯ᠂ ᠬᠠᠩᠭᠠᠯᠭ᠎ᠠ ᠶᠢᠨ ᠠᠵᠤ ᠠᠬᠤᠶᠢᠯᠠᠯ ᠤᠳ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠪᠡᠯᠡᠳᠬᠡᠮᠵᠢ ᠶᠢᠨ ᠴᠠᠬᠢᠯᠭᠠᠨ ᠬᠡᠷᠡᠭᠯᠡᠬᠦ᠂ ᠲᠤᠰᠤ ᠬᠡᠷᠡᠭᠯᠡᠬᠦ᠂ ᠰᠢᠲᠠᠮᠠᠬᠠᠶ ᠬᠡᠢ ᠬᠡᠷᠡᠭᠯᠡᠬᠦ ᠵᠡᠷᠭᠡ ᠬᠡᠷᠡᠭᠴᠡᠭᠡ ᠱᠠᠭᠠᠷᠳᠠᠯᠭ᠎ᠠ ᠶᠢ ᠡᠩ ᠲᠡᠷᠢᠭᠦᠨ ᠳᠤ ᠪᠠᠲᠤᠯᠠᠬᠤ ᠶᠢ ᠬᠠᠷᠢᠭᠤᠴᠠᠵᠤ᠂ ᠴᠢᠮᠡᠭᠡ ᠬᠤᠯᠪᠣᠭᠠᠨ ᠤ ᠭᠤᠣᠯ ᠵᠠᠩᠭᠢᠯᠠᠭ᠎ᠠ᠂ ᠴᠢᠬᠤᠯᠠ ᠲᠣᠪᠴᠢᠶ᠎ᠠ ᠭᠠᠵᠠᠷ᠂ ᠴᠢᠮᠡᠭᠡ ᠬᠤᠯᠪᠣᠭᠠᠨ ᠤ ᠰᠠᠭᠤᠷᠢ ᠥᠷᠳᠡᠭᠡ ᠵᠡᠷᠭᠡ ᠴᠢᠮᠡᠭᠡ ᠬᠤᠯᠪᠣᠭᠠᠨ ᠤ ᠪᠡᠯᠡᠳᠬᠡᠮᠵᠢ ᠶᠢᠨ ᠡᠨᠧᠷᠭᠢ ᠶᠢᠨ ᠬᠠᠩᠭᠠᠯᠭ᠎ᠠ ᠶᠢ ᠦᠨᠡᠨ ᠬᠦ ᠪᠠᠲᠤᠯᠠᠨ᠎ᠠ᠃

  6.6   ᠣᠷᠣᠨ ᠨᠤᠲᠤᠭ ᠤᠨ ᠵᠠᠰᠠᠭ ᠤᠨ ᠣᠷᠳᠣᠨ ᠤ ᠳᠡᠮᠵᠢᠯᠭᠡ ᠶᠢᠨ ᠪᠠᠲᠤᠯᠠᠭ᠎ᠠ

  ᠬᠡᠷᠡᠭ ᠶᠠᠪᠤᠳᠠᠯ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠡᠴᠠ ᠲᠤᠬᠠᠶ ᠶᠢᠨ ᠭᠠᠵᠠᠷ ᠤᠨ ᠵᠠᠮ ᠬᠠᠷᠢᠯᠴᠠᠭ᠎ᠠ ᠲᠡᠭᠡᠭᠡᠪᠦᠷᠢ᠂ ᠴᠠᠬᠢᠯᠭᠠᠨ ᠬᠦᠴᠦᠨ᠂ ᠡᠨᠧᠷᠭᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠬᠤᠯᠪᠣᠭᠳᠠᠯ ᠪᠥᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠬᠠᠷᠢᠭᠤᠴᠠᠨ ᠵᠣᠬᠢᠴᠠᠭᠤᠯᠵᠤ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠲᠠᠯ᠎ᠠ ᠪᠠᠷ ᠬᠢ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ᠂ ᠪᠠᠭᠠᠵᠢ ᠬᠡᠷᠡᠭᠰᠡᠯ᠂ ᠠᠵᠢᠯᠳᠠᠨ ᠢ ᠴᠠᠭ ᠲᠤᠬᠠᠶ ᠳ᠋ᠤ ᠨᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠲᠤᠬᠠᠶ ᠵᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠰᠢᠰᠲ᠋ᠧᠮ ᠤᠨ ᠴᠠᠬᠢᠯᠭᠠᠨ ᠬᠦᠴᠦᠨ᠂ ᠲᠣᠰᠣᠯᠢᠭ ᠵᠦᠢᠯ ᠤᠨ ᠬᠠᠩᠭᠠᠯᠭ᠎ᠠ ᠶᠢ ᠪᠠᠲᠤᠯᠠᠵᠤ᠂ ᠴᠢᠮᠡᠭᠡ ᠬᠤᠯᠪᠣᠭᠠᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠲᠤᠬᠠᠶ ᠶᠢᠨ ᠲᠠᠯᠠᠪᠤᠷ ᠲᠤ ᠰᠢᠢᠳᠪᠦᠷᠢᠯᠡᠨ ᠲᠣᠬᠢᠷᠠᠭᠤᠯᠬᠤ ᠠᠵᠢᠯᠲᠠᠨ ᠵᠢᠴᠢ ᠥᠪᠡᠰᠦᠪᠡᠨ ᠪᠡᠯᠡᠳᠬᠡᠭᠰᠡᠨ ᠡᠳ᠋ ᠪᠠᠷᠠᠭ᠎ᠠ ᠬᠦᠷᠦᠯᠴᠡᠬᠦ ᠥᠭᠡᠢ ᠦᠶ᠎ᠡ ᠳᠤ ᠴᠢᠬᠤᠯᠠ ᠪᠥᠬᠦᠢ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠶᠢ ᠬᠠᠷᠢᠭᠤᠴᠠᠨ᠎ᠠ᠃

  6.7   ᠪᠡᠯᠡ ᠮᠥᠩᠭᠦ ᠶᠢᠨ ᠪᠠᠲᠤᠯᠠᠭ᠎ᠠ

  ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠴᠢᠮᠡᠭᠡ ᠬᠤᠯᠪᠣᠭᠠᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠤᠰᠬᠠᠶ ᠵᠦᠢᠯ ᠤᠨ ᠪᠡᠯᠡ ᠮᠥᠩᠭᠦ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠳᠤ ᠵᠠᠷᠤᠳᠠᠯ ᠤᠨ ᠪᠠᠲᠤᠯᠠᠭ᠎ᠠ ᠬᠠᠩᠭᠠᠬᠤ ᠬᠡᠷᠡᠭᠲᠡᠶ᠃ ᠡᠳ᠋ ᠤᠨ ᠵᠠᠰᠠᠭ᠂ ᠬᠢᠨᠠᠨ ᠪᠤᠳᠤᠬᠤ ᠰᠠᠯᠠᠭ᠎ᠠ ᠮᠥᠴᠢᠷ ᠤᠳ ᠪᠠᠯᠠ ᠮᠥᠩᠭᠦ ᠶᠢ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠬᠦ ᠶᠢ ᠦᠨᠡᠨ ᠬᠦ ᠪᠠᠲᠤᠯᠠᠨ᠎ᠠ᠃

  7   ᠳᠠᠭᠠᠯᠳᠤᠭᠤᠯᠤᠯ ᠳᠦᠷᠢᠮ

  7.1   ᠲᠠᠶᠢᠯᠪᠤᠷᠢ ᠬᠢᠭᠡᠳ ᠲᠣᠳᠣᠷᠬᠠᠶᠢᠯᠠᠯᠲᠠ

  ︵ 1 ︶ ᠥᠪᠡᠷᠲᠡᠭᠡᠨ ᠵᠠᠰᠠᠬᠤ ᠣᠷᠣᠨ ᠤ ᠰᠠᠭᠤᠷᠢ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠭᠡᠳᠡᠭ ᠨᠢ ᠳᠤᠮᠳᠠᠳᠤ ᠤᠯᠤᠰ ᠤᠨ ᠬᠠᠮᠲᠤᠷᠠᠭᠰᠠᠨ ᠲᠣᠣᠷ ᠰᠦᠯᠵᠢᠶᠡᠨ ᠤ ᠴᠢᠮᠡᠭᠡ ᠬᠤᠯᠪᠣᠭᠠᠨ ᠤ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠰᠢᠯᠵᠢᠮᠡᠯ ᠴᠢᠮᠡᠭᠡ ᠬᠤᠯᠪᠣᠭᠠᠨ ᠤ ᠪᠦᠯᠦᠭᠯᠡᠯ ᠤᠨ ᠥᠪᠥᠷ ᠮᠣᠩᠭᠤᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠲᠢᠶᠧ ᠲᠠ ᠬᠤᠪᠢ ᠣᠷᠤᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠷᠠᠳᠢᠣ᠋ ᠲᠧᠯᠸᠢᠰ ᠤᠨ ᠥᠪᠥᠷ ᠮᠣᠩᠭᠤᠯ ᠤᠨ ᠲᠣᠣᠷ ᠰᠦᠯᠵᠢᠶᠡᠨ ᠤ ᠬᠢᠵᠠᠭᠠᠷᠲᠤ ᠺᠣᠮᠫᠠᠨᠢ ᠶᠢ ᠵᠢᠭᠠᠵᠤ ᠪᠤᠢ᠃

  ︵ 2 ︶ ᠣᠨᠴᠠ ᠬᠦᠨᠳᠦ ᠶᠡᠭᠡ ᠭᠡᠨᠡᠳᠡᠯ ᠭᠡᠵᠦ ᠳᠣᠣᠷ᠎ᠠ ᠵᠢᠭᠰᠠᠭᠠᠭᠰᠠᠨ ᠨᠥᠬᠦᠴᠡᠯ ᠤᠳ ᠤᠨ ᠨᠢᠭᠡ ᠳᠤ ᠨᠡᠶᠢᠴᠡᠭᠰᠡᠨ ᠪᠠᠶᠢᠳᠠᠯ ᠢ ᠵᠢᠭᠠᠵᠤ ᠪᠠᠶᠢᠨ᠎ᠠ᠄

  ① 3 ᠡᠴᠠ ᠳᠡᠭᠡᠭᠰᠢᠬᠢ ᠤᠯᠤᠰ ᠤᠨ ᠬᠤᠭᠤᠷᠣᠨᠳᠣᠬᠢ ᠴᠢᠮᠡᠭᠡ ᠬᠤᠯᠪᠣᠭᠠᠨ ᠤ ᠬᠠᠭᠤᠷᠠᠶ ᠲᠡᠯᠡᠢ ᠶᠢᠨ ᠭᠡᠷᠡᠯᠯᠢᠭ ︵ ᠴᠠᠬᠢᠯᠭᠠᠨ ︶ ᠳᠡᠭᠡᠰᠦ ᠲᠠᠰᠤᠷᠠᠭᠰᠠᠨ᠂ ᠡᠰᠡᠬᠦᠯ᠎ᠡ ᠶᠠᠮᠠᠷ ᠨᠢᠭᠡᠨ ᠤᠯᠤᠰ ᠲᠤ ᠨᠡᠪᠲᠡᠷᠡᠬᠦ ᠤᠯᠤᠰ ᠤᠨ ᠬᠤᠭᠤᠷᠣᠨᠳᠣᠬᠢ ᠤᠲᠠᠰᠤ ᠶᠢᠨ ᠴᠢᠮᠡᠭᠡ ᠬᠤᠯᠪᠣᠭ᠎ᠠ ᠨᠢ ᠪᠦᠬᠦᠨ ᠢᠶᠠᠷ ᠢᠶᠠᠨ ᠲᠠᠰᠤᠷᠠᠭᠠᠳ ᠦᠷᠭᠦᠯᠵᠢᠯᠡᠨ 1 ᠴᠠᠭ ᠡᠴᠠ ᠬᠡᠲᠦᠷᠡᠭᠰᠡᠨ︔

  ② 5 ᠡᠴᠠ ᠳᠡᠭᠡᠭᠰᠢᠬᠢ ᠳᠠᠭᠠᠭᠤᠯᠢ ᠳᠠᠮᠵᠢᠯᠭ᠎ᠠ ᠰᠠᠴᠤᠷᠠᠭᠤᠯᠤᠤᠷ ᠤᠨ ᠴᠢᠮᠡᠭᠡ ᠬᠤᠯᠪᠣᠭ᠎ᠠ ᠲᠠᠰᠤᠷᠠᠭᠠᠳ ᠦᠷᠭᠦᠯᠵᠢᠯᠡᠨ 1 ᠴᠠᠭ ᠡᠴᠠ ᠬᠡᠲᠦᠷᠡᠭᠰᠡᠨ︔

  ③ ᠠᠳᠠᠯᠢ ᠪᠤᠰᠤ ᠰᠠᠭᠤᠷᠢ ᠴᠠᠬᠢᠯᠭᠠᠨ ᠬᠤᠯᠪᠣᠭᠠᠨ ᠤ ᠲᠤᠬᠠᠢᠢᠯᠠᠭᠰᠠᠨ ᠠᠵᠢᠯ ᠤᠨ ᠡᠵᠡᠩᠨᠡᠭᠴᠢ ᠶᠢᠨ ᠰᠦᠯᠵᠢᠶᠡᠨ ᠤ ᠬᠤᠭᠤᠷᠣᠨᠳᠣᠬᠢ ᠤᠲᠠᠰᠤ ᠶᠢᠨ ᠴᠢᠮᠡᠭᠡ ᠬᠤᠯᠪᠣᠭ᠎ᠠ ᠨᠢ ᠪᠦᠬᠦᠨ ᠢᠶᠠᠷ ᠢᠶᠠᠨ ᠲᠠᠰᠤᠷᠠᠭᠠᠳ ᠦᠷᠭᠦᠯᠵᠢᠯᠡᠨ 5 ᠴᠠᠭ ᠡᠴᠠ ᠬᠡᠲᠦᠷᠡᠭᠰᠡᠨ︔

  ④ ᠮᠤᠵᠢ ᠶᠢᠨ ᠬᠤᠭᠤᠷᠣᠨᠳᠣᠬᠢ ᠠᠯᠤᠰ ᠤᠨ ᠤᠲᠠᠰᠤ ᠶᠢᠨ ᠴᠢᠮᠡᠭᠡ ᠬᠤᠯᠪᠣᠭᠠᠨ ᠤ 1 ᠴᠢᠭᠯᠡᠯ ᠪᠠᠶᠢᠷᠢ ᠨᠢ ᠪᠦᠬᠦᠨ ᠢᠶᠠᠷ ᠢᠶᠠᠨ ᠲᠠᠰᠤᠷᠠᠭᠠᠳ ᠦᠷᠭᠦᠯᠵᠢᠯᠡᠨ 2 ᠴᠠᠭ ᠡᠴᠠ ᠬᠡᠲᠦᠷᠡᠭᠰᠡᠨ︔

  ⑤ ᠲᠣᠭᠲᠠᠮᠠᠯ ᠤᠲᠠᠰᠤ ᠶᠢᠨ ᠴᠢᠮᠡᠭᠡ ᠬᠤᠯᠪᠣᠭᠠᠨ ᠤ ᠲᠠᠰᠤᠯᠳᠠᠯ ᠨᠢ 50 ᠲᠦᠮᠡ ᠡᠴᠠ ᠳᠠᠪᠠᠭᠰᠠᠨ ᠡᠷᠦᠬᠡ ᠶᠢ ᠨᠥᠯᠥᠭᠡᠯᠡᠭᠰᠡᠨ ᠮᠥᠷᠲᠡᠭᠡᠨ ᠦᠷᠭᠦᠯᠵᠢᠯᠡᠨ 1 ᠴᠠᠭ ᠡᠴᠠ ᠬᠡᠲᠦᠷᠡᠭᠰᠡᠨ︔

  ⑥ ᠰᠢᠯᠵᠢᠮᠡᠯ ᠤᠲᠠᠰᠤ ᠶᠢᠨ ᠴᠢᠮᠡᠭᠡ ᠬᠤᠯᠪᠣᠭᠠᠨ ᠤ ᠲᠠᠰᠤᠯᠳᠠᠯ ᠨᠢ 50 ᠲᠦᠮᠡ ᠡᠴᠠ ᠳᠠᠪᠠᠭᠰᠠᠨ ᠡᠷᠦᠬᠡ ᠶᠢ ᠨᠥᠯᠥᠭᠡᠯᠡᠭᠰᠡᠨ ᠮᠥᠷᠲᠡᠭᠡᠨ ᠦᠷᠭᠦᠯᠵᠢᠯᠡᠨ 1 ᠴᠠᠭ ᠡᠴᠠ ᠬᠡᠲᠦᠷᠡᠭᠰᠡᠨ︔

  ⑦ ᠣᠬᠤᠷ ᠮᠡᠳᠡᠭᠡᠨ ᠤ ᠲᠠᠪᠴᠠᠩ᠂ ᠣᠯᠠᠨ ᠵᠠᠭᠤᠴᠢᠳᠤ ᠮᠡᠳᠡᠭᠡᠨ ᠤ ᠲᠠᠪᠴᠠᠩ ᠵᠢᠴᠢ ᠪᠤᠰᠤᠳ ᠥᠷᠲᠡᠭ ᠨᠡᠮᠡᠭᠳᠡᠯ ᠤᠨ ᠲᠤᠬᠠᠶᠢᠯᠠᠭᠰᠠᠨ ᠠᠵᠢᠯ ᠤᠨ ᠲᠠᠪᠴᠠᠩ ᠤᠨ ᠦᠢᠯᠡᠴᠢᠯᠡᠭᠡ ᠲᠠᠰᠤᠷᠠᠭᠰᠠᠨ ᠴᠠᠭ ᠨᠢ ᠦᠷᠭᠦᠯᠵᠢᠯᠡᠨ 5 ᠴᠠᠭ ᠡᠴᠠ ᠬᠡᠲᠦᠷᠡᠭᠰᠡᠨ︔

  ⑧ ᠮᠤᠵᠢ ᠶᠢᠨ ᠱᠠᠲᠤᠨ ᠡᠴᠠ ᠳᠡᠭᠡᠭᠰᠢᠬᠢ ᠨᠠᠮ ᠵᠠᠰᠠᠭ ᠴᠡᠷᠢᠭ ᠤᠨ ᠴᠢᠬᠤᠯᠠ ᠪᠠᠶᠢᠭᠤᠯᠭ᠎ᠠ᠂ ᠤᠯᠤᠰ ᠤᠨ ᠠᠵᠤ ᠠᠬᠤᠶ ᠠᠷᠠᠳ ᠤᠨ ᠠᠮᠢᠳᠤᠷᠠᠯ ᠪᠠ ᠨᠡᠶᠢᠭᠡᠮ ᠤᠨ ᠠᠮᠤᠷ ᠲᠣᠭᠲᠠᠭᠤᠨ ᠲᠠᠢ ᠰᠢᠭᠤᠳ ᠬᠤᠯᠪᠣᠭᠳᠠᠬᠤ ᠴᠢᠬᠤᠯᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠮᠢᠶ᠎ᠠ ᠪᠦᠬᠦᠢ ᠴᠢᠮᠡᠭᠡ ᠬᠤᠯᠪᠣᠭ᠎ᠠ ᠲᠠᠰᠤᠷᠠᠭᠰᠠᠨ᠃

  ︵ 3 ︶ ᠬᠦᠨᠳᠦ ᠶᠡᠭᠡ ᠭᠡᠨᠡᠳᠡᠯ ᠭᠡᠳᠡᠭ ᠨᠢ ᠪᠣᠯ ᠳᠣᠣᠷ᠎ᠠ ᠵᠢᠭᠰᠠᠭᠠᠭᠰᠠᠨ ᠨᠥᠬᠦᠴᠡᠯ ᠤᠳ ᠤᠨ ᠨᠢᠭᠡ ᠳᠤ ᠨᠡᠶᠢᠴᠡᠬᠦ ᠮᠥᠷᠲᠡᠭᠡᠨ ᠣᠨᠴᠠ ᠬᠦᠨᠳᠦ ᠶᠡᠭᠡ ᠭᠡᠨᠡᠳᠡᠯ ᠳᠤ ᠲᠣᠭᠠᠴᠠᠭᠳᠠᠬᠤ ᠦᠭᠡᠢ ᠪᠠᠶᠢᠳᠠᠯ᠄

  ① 1 ᠡᠴᠠ ᠳᠡᠭᠡᠭᠰᠢᠬᠢ ᠤᠯᠤᠰ ᠤᠨ ᠬᠤᠭᠤᠷᠣᠨᠳᠣᠬᠢ ᠴᠢᠮᠡᠭᠡ ᠬᠤᠯᠪᠣᠭᠠᠨ ᠤ ᠬᠠᠭᠤᠷᠠᠶ ᠲᠡᠯᠡᠢ ᠶᠢᠨ ᠭᠡᠷᠡᠯᠯᠢᠭ ︵ ᠴᠠᠬᠢᠯᠭᠠᠨ ︶ ᠲᠠᠲᠠᠯᠭ᠎ᠠ ᠲᠠᠰᠤᠷᠠᠭᠰᠠᠨ︔

  ② ᠨᠢᠭᠡ ᠡᠴᠠ ᠳᠡᠭᠡᠭᠰᠢᠬᠢ ᠳᠠᠭᠠᠭᠤᠯᠢ ᠳᠠᠮᠵᠢᠯᠭ᠎ᠠ ᠰᠠᠴᠤᠷᠠᠭᠤᠯᠤᠤᠷ ᠤᠨ ᠴᠢᠮᠡᠭᠡ ᠬᠤᠯᠪᠣᠭ᠎ᠠ ᠲᠠᠰᠤᠷᠠᠭᠠᠳ ᠦᠷᠭᠦᠯᠵᠢᠯᠡᠨ 1 ᠴᠠᠭ ᠡᠴᠠ ᠬᠡᠲᠦᠷᠡᠭᠰᠡᠨ︔

  ③ ᠠᠳᠠᠯᠢ ᠪᠤᠰᠤ ᠰᠠᠭᠤᠷᠢ ᠴᠠᠬᠢᠯᠭᠠᠨ ᠬᠤᠯᠪᠣᠭᠠᠨ ᠤ ᠲᠤᠬᠠᠶᠢᠯᠠᠭᠰᠠᠨ ᠠᠵᠢᠯ ᠤᠨ ᠡᠵᠡᠩᠨᠡᠭᠴᠢ ᠶᠢᠨ ᠰᠦᠯᠵᠢᠶᠡᠨ ᠤ ᠬᠤᠭᠤᠷᠣᠨᠳᠣᠬᠢ ᠤᠲᠠᠰᠤ ᠶᠢᠨ ᠴᠢᠮᠡᠭᠡ ᠬᠤᠯᠪᠣᠭ᠎ᠠ ᠨᠢ ᠪᠦᠬᠦᠨ ᠢᠶᠠᠷ ᠢᠶᠠᠨ ᠲᠠᠰᠤᠷᠠᠭᠠᠳ ᠦᠷᠭᠦᠯᠵᠢᠯᠡᠨ 2 ᠴᠠᠭ ᠡᠴᠠ ᠬᠡᠲᠦᠷᠡᠭᠰᠡᠨ ᠪᠤᠶᠤ ᠰᠢᠭᠤᠳ ᠨᠥᠯᠥᠭᠡᠯᠡᠬᠦ ᠬᠡᠪᠴᠢᠶ᠎ᠡ ᠨᠢ 5 ᠲᠦᠮᠡ ︵ ᠬᠡᠷᠡᠭᠯᠡᠭᠴᠢ × ᠴᠠᠭ ︶ ᠡᠴᠠ ᠳᠡᠭᠡᠭᠰᠢ ᠪᠣᠯᠣᠭᠰᠠᠨ︔

  ④ ᠠᠯᠤᠰ ᠤᠨ ᠤᠲᠠᠰᠤ ᠶᠢᠨ ᠴᠢᠮᠡᠭᠡ ᠬᠤᠯᠪᠣᠭᠠᠨ ᠤ 1 ᠴᠢᠭᠯᠡᠯ ᠨᠢ ᠪᠦᠬᠦᠨ ᠢᠶᠠᠷ ᠢᠶᠠᠨ ᠲᠠᠰᠤᠷᠠᠭᠠᠳ 1 ᠴᠠᠭ ᠡᠴᠠ ᠬᠡᠲᠦᠷᠡᠭᠰᠡᠨ︔

  ⑤ ᠲᠣᠭᠲᠠᠮᠠᠯ ᠤᠲᠠᠰᠤ ᠶᠢᠨ ᠴᠢᠮᠡᠭᠡ ᠬᠤᠯᠪᠣᠭᠠᠨ ᠤ ᠲᠠᠰᠤᠯᠳᠠᠯ ᠨᠢ 10 ᠲᠦᠮᠡ ᠡᠴᠠ ᠳᠠᠪᠠᠭᠰᠠᠨ ᠡᠷᠦᠬᠡ ᠶᠢ ᠨᠥᠯᠥᠭᠡᠯᠡᠭᠰᠡᠨ ᠮᠥᠷᠲᠡᠭᠡᠨ ᠦᠷᠭᠦᠯᠵᠢᠯᠡᠨ 1 ᠴᠠᠭ ᠡᠴᠠ ᠬᠡᠲᠦᠷᠡᠭᠰᠡᠨ︔

  ⑥ ᠰᠢᠯᠵᠢᠮᠡᠯ ᠤᠲᠠᠰᠤ ᠶᠢᠨ ᠴᠢᠮᠡᠭᠡ ᠬᠤᠯᠪᠣᠭᠠᠨ ᠤ ᠲᠠᠰᠤᠯᠳᠠᠯ ᠨᠢ 10 ᠲᠦᠮᠡ ᠡᠴᠠ ᠳᠠᠪᠠᠭᠰᠠᠨ ᠡᠷᠦᠬᠡ ᠶᠢ ᠨᠥᠯᠥᠭᠡᠯᠡᠭᠰᠡᠨ ᠮᠥᠷᠲᠡᠭᠡᠨ ᠦᠷᠭᠦᠯᠵᠢᠯᠡᠨ 1 ᠴᠠᠭ ᠡᠴᠠ ᠬᠡᠲᠦᠷᠡᠭᠰᠡᠨ︔

  ⑦ ᠣᠬᠤᠷ ᠮᠡᠳᠡᠭᠡᠨ ᠤ ᠲᠠᠪᠴᠠᠩ᠂ ᠣᠯᠠᠨ ᠵᠠᠭᠤᠴᠢᠳᠤ ᠮᠡᠳᠡᠭᠡᠨ ᠤ ᠲᠠᠪᠴᠠᠩ ᠵᠢᠴᠢ ᠪᠤᠰᠤᠳ ᠥᠷᠲᠡᠭ ᠨᠡᠮᠡᠭᠳᠡᠯ ᠤᠨ ᠲᠤᠬᠠᠢᠢᠯᠠᠭᠰᠠᠨ ᠠᠵᠢᠯ ᠤᠨ ᠲᠠᠪᠴᠠᠩ ᠤᠨ ᠦᠢᠯᠡᠴᠢᠯᠡᠭᠡ ᠲᠠᠰᠤᠷᠠᠭᠰᠠᠨ ᠴᠠᠭ ᠨᠢ ᠦᠷᠭᠦᠯᠵᠢᠯᠡᠨ 1 ᠴᠠᠭ ᠡᠴᠠ ᠬᠡᠲᠦᠷᠡᠭᠰᠡᠨ︔

  ⑧ ᠠᠶᠢᠮᠠᠭ ᠬᠤᠲᠠ ᠶᠢᠨ ᠱᠠᠲᠤᠨ ᠡᠴᠠ ᠳᠡᠭᠡᠭᠰᠢᠬᠢ ᠨᠠᠮ ᠵᠠᠰᠠᠭ ᠴᠡᠷᠢᠭ ᠤᠨ ᠴᠢᠬᠤᠯᠠ ᠪᠠᠶᠢᠭᠤᠯᠭ᠎ᠠ᠂ ᠤᠯᠤᠰ ᠤᠨ ᠠᠵᠤ ᠠᠬᠤᠶ ᠠᠷᠠᠳ ᠤᠨ ᠠᠮᠢᠳᠤᠷᠠᠯ ᠪᠠ ᠨᠡᠶᠢᠭᠡᠮ ᠤᠨ ᠠᠮᠤᠷ ᠲᠣᠭᠲᠠᠭᠤᠨ ᠳᠤ ᠰᠢᠭᠤᠳ ᠬᠤᠯᠪᠣᠭᠳᠠᠬᠤ ᠴᠢᠬᠤᠯᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠮᠢᠶ᠎ᠠ ᠪᠥᠬᠦᠶ ᠴᠢᠮᠡᠭᠡ ᠬᠤᠯᠪᠣᠭ᠎ᠠ ᠲᠠᠰᠤᠷᠠᠭᠰᠠᠨ︔

  ⑨ ᠴᠢᠬᠤᠯᠠ ᠶᠡᠭᠡ ᠨᠥᠯᠥᠭᠡ ᠲᠠᠢ ᠬᠤᠷᠠᠯ ᠪᠣᠯᠣᠨ ᠠᠵᠢᠯᠯᠠᠭ᠎ᠠ ᠶᠢᠨ ᠬᠤᠭᠤᠴᠠᠭᠠᠨ ᠳᠤ ᠬᠠᠮᠢᠶ᠎ᠠ ᠪᠦᠬᠦᠢ ᠴᠢᠮᠡᠭᠡ ᠬᠤᠯᠪᠣᠭ᠎ᠠ ᠲᠠᠰᠤᠷᠠᠭᠰᠠᠨ᠃

  ︵ 4 ︶ ᠨᠡᠯᠢᠶᠡᠳ ᠶᠡᠭᠡ ᠭᠡᠨᠡᠳᠡᠯ ᠭᠡᠳᠡᠭ ᠨᠢ ᠪᠣᠯ ᠳᠣᠣᠷ᠎ᠠ ᠵᠢᠭᠰᠠᠭᠠᠭᠰᠠᠨ ᠨᠥᠬᠦᠴᠡᠯ ᠤᠳ ᠤᠨ ᠨᠢᠭᠡ ᠳᠤ ᠨᠡᠶᠢᠴᠡᠬᠦ ᠮᠥᠷᠲᠡᠭᠡᠨ ᠣᠨᠴᠠ ᠬᠦᠨᠳᠦ ᠶᠡᠭᠡ᠂ ᠬᠦᠨᠳᠦ ᠶᠡᠭᠡ ᠭᠡᠨᠡᠳᠡᠯ ᠳᠤ ᠲᠣᠭᠠᠴᠠᠭᠳᠠᠬᠤ ᠦᠭᠡᠢ ᠪᠠᠶᠢᠳᠠᠯ᠄

  ① ᠳᠠᠭᠠᠭᠤᠯᠢ ᠳᠠᠮᠵᠢᠯᠭ᠎ᠠ ᠰᠠᠴᠤᠷᠠᠭᠤᠯᠤᠤᠷ ᠤᠨ ᠴᠢᠮᠡᠭᠡ ᠬᠤᠯᠪᠣᠭ᠎ᠠ ᠲᠠᠰᠤᠷᠠᠭᠠᠳ 20 ᠮᠢᠨᠦ᠋ᠲ ᠡᠴᠠ ᠬᠡᠲᠦᠷᠡᠭᠰᠡᠨ︔

  ② ᠠᠳᠠᠯᠢ ᠪᠤᠰᠤ ᠰᠠᠭᠤᠷᠢ ᠴᠠᠬᠢᠯᠭᠠᠨ ᠬᠤᠯᠪᠣᠭᠠᠨ ᠤ ᠲᠤᠬᠠᠢᠢᠯᠠᠭᠰᠠᠨ ᠠᠵᠢᠯ ᠤᠨ ᠡᠵᠡᠩᠨᠡᠭᠴᠢ ᠶᠢᠨ ᠰᠦᠯᠵᠢᠶᠡᠨ ᠤ ᠬᠤᠭᠤᠷᠣᠨᠳᠣᠬᠢ ᠤᠲᠠᠰᠤ ᠶᠢᠨ ᠴᠢᠮᠡᠭᠡ ᠬᠤᠯᠪᠣᠭ᠎ᠠ ᠪᠦᠬᠦᠨ ᠢᠶᠠᠷ ᠢᠶᠠᠨ ᠲᠠᠰᠤᠷᠠᠭᠠᠳ ᠦᠷᠭᠦᠯᠵᠢᠯᠡᠨ 20 ᠮᠢᠨᠦ᠋ᠲ ᠡᠴᠠ ᠬᠡᠲᠦᠷᠡᠭᠰᠡᠨ ᠪᠤᠶᠤ ᠰᠢᠭᠤᠳ ᠨᠥᠯᠥᠭᠡᠯᠡᠬᠦ ᠬᠡᠪᠴᠢᠶ᠎ᠡ ᠨᠢ 1 ᠲᠦᠮᠡ ︵ ᠬᠡᠷᠡᠭᠯᠡᠭᠴᠢ × ᠴᠠᠭ ︶ ᠡᠴᠠ ᠳᠡᠭᠡᠭᠰᠢ ᠪᠣᠯᠣᠭᠰᠠᠨ︔

  ③ ᠠᠯᠤᠰ ᠤᠨ ᠤᠲᠠᠰᠤ ᠶᠢᠨ ᠴᠢᠮᠡᠭᠡ ᠬᠤᠯᠪᠣᠭᠠᠨ ᠤ 1 ᠴᠢᠭᠯᠡᠯ ᠨᠢ ᠪᠦᠬᠦᠨ ᠢᠶᠠᠷ ᠢᠶᠠᠨ ᠲᠠᠰᠤᠷᠠᠭᠠᠳ ᠦᠷᠭᠦᠯᠵᠢᠯᠡᠨ 20 ᠮᠢᠨᠦ᠋ᠲ ᠡᠴᠠ ᠬᠡᠲᠦᠷᠡᠭᠰᠡᠨ︔

  ④ ᠲᠣᠭᠲᠠᠮᠠᠯ ᠤᠲᠠᠰᠤ ᠶᠢᠨ ᠴᠢᠮᠡᠭᠡ ᠬᠤᠯᠪᠣᠭᠠᠨ ᠤ ᠲᠠᠰᠤᠯᠳᠠᠯ ᠨᠢ 3 ᠲᠦᠮᠡ ᠡᠴᠠ ᠳᠠᠪᠠᠭᠰᠠᠨ ᠡᠷᠦᠬᠡ ᠶᠢ ᠨᠥᠯᠥᠭᠡᠯᠡᠭᠰᠡᠨ ᠮᠥᠷᠲᠡᠭᠡᠨ ᠦᠷᠭᠦᠯᠵᠢᠯᠡᠨ 20 ᠮᠢᠨᠦ᠋ᠲ ᠡᠴᠠ ᠬᠡᠲᠦᠷᠡᠭᠰᠡᠨ︔

  ⑤ ᠰᠢᠯᠵᠢᠮᠡᠯ ᠤᠲᠠᠰᠤ ᠶᠢᠨ ᠴᠢᠮᠡᠭᠡ ᠬᠤᠯᠪᠣᠭᠠᠨ ᠤ ᠲᠠᠰᠤᠯᠳᠠᠯ ᠨᠢ 3 ᠲᠦᠮᠡ ᠡᠴᠠ ᠳᠠᠪᠠᠭᠰᠠᠨ ᠡᠷᠦᠬᠡ ᠶᠢ ᠨᠥᠯᠥᠭᠡᠯᠡᠭᠰᠡᠨ ᠮᠥᠷᠲᠡᠭᠡᠨ ᠦᠷᠭᠦᠯᠵᠢᠯᠡᠨ 20 ᠮᠢᠨᠦ᠋ᠲ ᠡᠴᠠ ᠬᠡᠲᠦᠷᠡᠭᠰᠡᠨ︔

  ⑥ ᠣᠬᠤᠷ ᠮᠡᠳᠡᠭᠡᠨ ᠤ ᠲᠠᠪᠴᠠᠩ᠂ ᠣᠯᠠᠨ ᠵᠠᠭᠤᠴᠢᠳᠤ ᠮᠡᠳᠡᠭᠡᠨ ᠤ ᠲᠠᠪᠴᠠᠩ ᠵᠢᠴᠢ ᠪᠤᠰᠤᠳ ᠥᠷᠲᠡᠭ ᠨᠡᠮᠡᠭᠳᠡᠯ ᠤᠨ ᠲᠤᠬᠠᠢᠢᠯᠠᠭᠰᠠᠨ ᠠᠵᠢᠯ ᠤᠨ ᠲᠠᠪᠴᠠᠩ ᠤᠨ ᠦᠢᠯᠡᠴᠢᠯᠡᠭᠡ ᠲᠠᠰᠤᠷᠠᠭᠰᠠᠨ ᠴᠠᠭ ᠨᠢ ᠦᠷᠭᠦᠯᠵᠢᠯᠡᠨ 20 ᠮᠢᠨᠦ᠋ᠲ ᠡᠴᠠ ᠬᠡᠲᠦᠷᠡᠭᠰᠡᠨ︔

  ⑦ ᠠᠶᠢᠮᠠᠭ ᠬᠤᠲᠠ ᠶᠢᠨ ᠱᠠᠲᠤᠨ ᠡᠴᠠ ᠳᠣᠷᠣᠭᠰᠢᠬᠢ ᠨᠠᠮ ᠵᠠᠰᠠᠭ ᠴᠡᠷᠢᠭ ᠤᠨ ᠴᠢᠬᠤᠯᠠ ᠪᠠᠶᠢᠭᠤᠯᠭ᠎ᠠ᠂ ᠤᠯᠤᠰ ᠤᠨ ᠠᠵᠤ ᠠᠬᠤᠶ ᠠᠷᠠᠳ ᠤᠨ ᠠᠮᠢᠳᠤᠷᠠᠯ ᠪᠠ ᠨᠡᠶᠢᠭᠡᠮ ᠤᠨ ᠠᠮᠤᠷ ᠲᠣᠭᠲᠠᠭᠤᠨ ᠳᠤ ᠰᠢᠭᠤᠳ ᠬᠤᠯᠪᠣᠭᠳᠠᠬᠤ ᠴᠢᠬᠤᠯᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠮᠢᠶ᠎ᠠ ᠪᠥᠬᠦᠶ ᠴᠢᠮᠡᠭᠡ ᠬᠤᠯᠪᠣᠭ᠎ᠠ ᠲᠠᠰᠤᠷᠠᠭᠰᠠᠨ᠃

  ︵ 5 ︶ ᠡᠩ ᠤᠨ ᠭᠡᠨᠡᠳᠡᠯ ᠭᠡᠳᠡᠭ ᠨᠢ ᠪᠣᠯ ᠳᠣᠣᠷ᠎ᠠ ᠵᠢᠭᠰᠠᠭᠠᠭᠰᠠᠨ ᠨᠥᠬᠦᠴᠡᠯ ᠤᠳ ᠤᠨ ᠨᠢᠭᠡ ᠳᠤ ᠨᠡᠶᠢᠴᠡᠬᠦ ᠮᠥᠷᠲᠡᠭᠡᠨ ᠣᠨᠴᠠ ᠬᠦᠨᠳᠦ ᠶᠡᠭᠡ᠂ ᠬᠦᠨᠳᠦ ᠶᠡᠭᠡ᠂ ᠨᠡᠯᠢᠶᠡᠳ ᠶᠡᠭᠡ ᠭᠡᠨᠡᠳᠡᠯ ᠳᠤ ᠲᠣᠭᠠᠴᠠᠭᠳᠠᠬᠤ ᠦᠭᠡᠢ ᠪᠠᠶᠢᠳᠠᠯ᠄

  ① ᠳᠠᠭᠠᠭᠤᠯᠢ ᠳᠠᠮᠵᠢᠯᠭ᠎ᠠ ᠰᠠᠴᠤᠷᠠᠭᠤᠯᠤᠤᠷ ᠤᠨ ᠬᠤᠯᠪᠣᠭ᠎ᠠ ᠲᠠᠰᠤᠷᠠᠭᠰᠠᠨ︔

  ② ᠠᠳᠠᠯᠢ ᠪᠤᠰᠤ ᠰᠠᠭᠤᠷᠢ ᠴᠠᠬᠢᠯᠭᠠᠨ ᠬᠤᠯᠪᠣᠭᠠᠨ ᠤ ᠲᠤᠬᠠᠢᠢᠯᠠᠭᠰᠠᠨ ᠠᠵᠢᠯ ᠤᠨ ᠡᠵᠡᠩᠨᠡᠭᠴᠢ ᠶᠢᠨ ᠰᠦᠯᠵᠢᠶᠡᠨ ᠤ ᠬᠤᠭᠤᠷᠣᠨᠳᠣᠬᠢ ᠤᠲᠠᠰᠤ ᠶᠢᠨ ᠴᠢᠮᠡᠭᠡ ᠬᠤᠯᠪᠣᠭ᠎ᠠ ᠪᠦᠬᠦᠨ ᠢᠶᠠᠷ ᠢᠶᠠᠨ ᠲᠠᠰᠤᠷᠠᠭᠰᠠᠨ︔

  ③ ᠠᠯᠤᠰ ᠤᠨ ᠤᠲᠠᠰᠤ ᠶᠢᠨ ᠴᠢᠮᠡᠭᠡ ᠬᠤᠯᠪᠣᠭᠠᠨ ᠤ 1 ᠴᠢᠭᠯᠡᠯ ᠨᠢ ᠪᠦᠬᠦᠨ ᠢᠶᠠᠷ ᠢᠶᠠᠨ ᠲᠠᠰᠤᠷᠠᠭᠰᠠᠨ︔

  ④ ᠲᠣᠭᠲᠠᠮᠠᠯ ᠤᠲᠠᠰᠤ ᠶᠢᠨ ᠴᠢᠮᠡᠭᠡ ᠬᠤᠯᠪᠣᠭᠠᠨ ᠤ ᠲᠠᠰᠤᠯᠳᠠᠯ ᠤᠨ ᠨᠥᠯᠥᠭᠡ ᠨᠢ ᠲᠦᠮᠡᠨ ᠡᠷᠦᠬᠡ ᠡᠴᠠ ᠬᠡᠲᠦᠷᠡᠭᠰᠡᠨ︔

  ⑤ ᠰᠢᠯᠵᠢᠮᠡᠯ ᠤᠲᠠᠰᠤ ᠶᠢᠨ ᠴᠢᠮᠡᠭᠡ ᠬᠤᠯᠪᠣᠭᠠᠨ ᠤ ᠲᠠᠰᠤᠯᠳᠠᠯ ᠤᠨ ᠨᠥᠯᠥᠭᠡ ᠨᠢ ᠲᠦᠮᠡᠨ ᠡᠷᠦᠬᠡ ᠡᠴᠠ ᠬᠡᠲᠦᠷᠡᠭᠰᠡᠨ︔

  ⑥ ᠣᠬᠤᠷ ᠮᠡᠳᠡᠭᠡᠨ ᠤ ᠲᠠᠪᠴᠠᠩ᠂ ᠣᠯᠠᠨ ᠵᠠᠭᠤᠴᠢᠳᠤ ᠮᠡᠳᠡᠭᠡᠨ ᠤ ᠲᠠᠪᠴᠠᠩ ᠵᠢᠴᠢ ᠪᠤᠰᠤᠳ ᠥᠷᠲᠡᠭ ᠨᠡᠮᠡᠭᠳᠡᠯ ᠤᠨ ᠲᠤᠬᠠᠢᠢᠯᠠᠭᠰᠠᠨ ᠠᠵᠢᠯ ᠤᠨ ᠲᠠᠪᠴᠠᠩ ᠤᠨ ᠦᠢᠯᠡᠴᠢᠯᠡᠭᠡ ᠲᠠᠰᠤᠷᠠᠭᠰᠠᠨ᠃

  ︽ ᠣᠨᠴᠠ ᠬᠦᠨᠳᠦ ᠶᠡᠭᠡ ᠭᠡᠨᠡᠳᠡᠯ᠂ ᠬᠦᠨᠳᠦ ᠶᠡᠭᠡ ᠭᠡᠨᠡᠳᠡᠯ᠂ ᠨᠡᠯᠢᠶᠡᠳ ᠶᠡᠭᠡ ᠭᠡᠨᠡᠳᠡᠯ᠂ ᠡᠩ ᠤᠨ ᠭᠡᠨᠡᠳᠡᠯ ︾ ᠢ ᠲᠣᠭᠲᠠᠭᠠᠬᠤ ᠪᠠᠷᠢᠮᠵᠢᠶ᠎ᠠ ᠶᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠡᠴᠠ ᠬᠤᠪᠢᠶᠠᠷᠢᠯᠠᠬᠤ ᠶᠢᠨ ᠬᠠᠮᠲᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠬᠢᠷᠠᠭᠤᠯᠤᠨ᠎ᠠ᠂ ᠡᠭᠦᠨ ᠳᠤ ᠬᠡᠯᠡᠵᠦ ᠪᠠᠶᠢᠭ᠎ᠠ ︽ ᠳᠡᠭᠡᠭᠰᠢ ︾ ᠭᠡᠳᠡᠭ ᠲᠤ ᠲᠤᠰ ᠲᠤᠭ᠎ᠠ ᠶᠢ ᠪᠠᠭᠲᠠᠭᠠᠨ᠎ᠠ᠂ ᠬᠡᠯᠡᠵᠦ ᠪᠠᠶᠢᠭ᠎ᠠ ︽ ᠳᠣᠷᠣᠭᠰᠢ ︾ ᠭᠡᠳᠡᠭ ᠲᠤ ᠲᠤᠰ ᠲᠤᠭ᠎ᠠ ᠶᠢ ᠪᠠᠭᠲᠠᠭᠠᠬᠤ ᠦᠭᠡᠢ᠃

  7.2   ᠪᠡᠯᠡᠳᠬᠡᠯ ᠲᠥᠰᠦᠯ ᠢ ᠬᠠᠮᠢᠶᠠᠷᠬᠤ ᠪᠠ ᠰᠢᠨᠡᠳᠬᠡᠬᠦ

  ᠲᠣᠰ ᠪᠡᠯᠡᠳᠬᠡᠯ ᠲᠥᠰᠦᠯ ᠢ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠡᠴᠠ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠭᠠᠵᠠᠷ ᠤᠨ ᠡᠯ᠎ᠡ ᠪᠦᠷᠢᠯᠳᠦᠭᠦᠨ ᠨᠢᠭᠡᠴᠢ ᠲᠠᠢ ᠬᠠᠮᠲᠤᠷᠠᠨ ᠴᠠᠭ ᠲᠤ ᠨᠢ ᠳᠣᠭᠢᠷᠠᠭᠤᠯᠤᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠨ᠎ᠡ᠃

  7.3   ᠤᠬᠠᠭᠤᠯᠬᠤ᠂ ᠪᠣᠯᠪᠠᠰᠤᠷᠠᠯ ᠬᠥᠷᠲᠡᠭᠡᠬᠦ ᠪᠠ ᠰᠣᠷᠢᠯᠲᠠ ᠬᠢᠬᠦ

  ᠪᠠᠴᠢᠮ ᠪᠠᠶᠢᠳᠠᠯ ᠢ ᠠᠷᠭᠠᠴᠠᠭᠠᠬᠤ ᠠᠯᠪᠠᠨ ᠬᠡᠷ ᠨᠢ ᠪᠠᠴᠢᠮ ᠪᠠᠶᠢᠳᠠᠯ ᠢ ᠠᠷᠭᠠᠴᠠᠭᠠᠬᠤ ᠬᠠᠷᠢᠭᠤᠴᠠᠯᠭ᠎ᠠ ᠪᠠᠨ ᠴᠢᠩᠭᠠᠷᠠᠭᠤᠯᠵᠤ᠂ ᠵᠢᠩᠬᠢᠨᠢ ᠪᠠᠢᠢᠯᠳᠤᠭᠠᠨ ᠳᠤ ᠰᠠᠭᠤᠷᠢᠯᠠᠨ᠂ ᠴᠢᠮᠡᠭᠡ ᠬᠤᠯᠪᠣᠭᠠᠨ ᠤ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ 3 ᠵᠢᠯ ᠳᠤ ᠨᠠᠭᠠᠳᠤ ᠵᠠᠬ᠎ᠠ ᠳᠤ ᠪᠠᠨ ᠨᠢᠭᠡ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠶᠠᠪᠤᠴᠠ ᠶᠢ ᠰᠠᠶᠢᠨ ᠮᠡᠳᠡᠵᠦ᠂ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠰᠢᠯᠭᠠᠨ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠪᠠᠨ ᠳᠠᠪᠲᠠᠨ ᠪᠣᠯᠪᠠᠰᠤᠷᠠᠭᠤᠯᠵᠤ᠂ ᠤᠷᠢᠶᠠᠯᠠᠨ ᠳᠠᠭᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢᠨ ᠬᠠᠮᠲᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠬᠤ ᠪᠠ ᠲᠡᠭᠦᠯᠳᠡᠷᠵᠢᠭᠦᠯᠬᠦ ᠳᠤ ᠦᠨᠳᠦᠰᠦᠯᠡᠯ ᠬᠠᠩᠭᠠᠬᠤ ᠬᠡᠷᠡᠭᠲᠡᠶ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠴᠢᠮᠡᠭᠡ ᠬᠤᠯᠪᠣᠭᠠᠨ ᠤ ᠰᠠᠭᠤᠷᠢ ᠪᠡᠯᠡᠳᠬᠡᠮᠵᠢ ᠶᠢᠨ ᠬᠠᠮᠠᠭᠠᠯᠠᠯᠲᠠ ᠶᠢᠨ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠥᠬᠦ ᠠᠵᠢᠯᠲᠠᠨ ᠤ ᠪᠠᠨ ᠠᠮᠤᠷ ᠲᠦᠪᠰᠢᠨ ᠤ ᠦᠵᠡᠯ ᠤᠬᠠᠮᠰᠠᠷ ᠢ ᠨᠢ ᠴᠢᠩᠭᠠᠷᠠᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢᠨ ᠪᠣᠯᠪᠠᠰᠤᠷᠠᠯ ᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ  ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃

  7.4   ᠪᠡᠯᠡᠳᠬᠡᠯ ᠲᠥᠰᠦᠯ ᠢ ᠬᠡᠷᠡᠭᠵᠢᠭᠦᠯᠬᠦ

  ᠲᠤᠰ ᠪᠡᠯᠡᠳᠬᠡᠯ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠡᠴᠠ ᠡᠬᠢᠯᠡᠵᠦ ᠬᠡᠷᠡᠭᠵᠢᠭᠦᠯᠦᠨ᠎ᠡ᠃

     ᠳᠠᠭᠠᠯᠳᠤᠭᠤᠯᠤᠯ᠄ ᠥᠪᠥᠷ ᠮᠣᠩᠭᠤᠯ ᠤᠨ ᠴᠢᠮᠡᠭᠡ ᠬᠤᠯᠪᠣᠭᠠᠨ ᠤ ᠲᠣᠤᠷ ᠰᠦᠯᠵᠢᠶ᠎ᠡ ᠶᠢᠨ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠣᠪᠣᠷᠠᠯ  ᠵᠢᠷᠤᠭ

图片1.png

ᠭᠠᠷ ᠤᠲᠠᠰᠤ ᠪᠠᠷ ᠦᠵᠡᠬᠦ