ᠪᠥᠬᠦ ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠤᠨᠨᠳᠠᠯᠴᠠᠭᠠᠨ ᠤ ᠪᠠᠢᠢᠭᠤᠯᠤᠯᠲᠠ ᠶᠢᠨ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠠᠵᠢᠯ ᠦᠢᠯᠡᠰ ᠤᠨ ᠨᠢᠭᠡᠴᠢ ᠳᠤ᠄

  ︽ ᠪᠥᠬᠦ ᠣᠷᠣᠨ ᠤ ᠨᠢᠭᠡ ᠴᠣᠠᠠᠴᠠᠵᠢᠭᠤᠯᠥᠠᠠᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠤᠨᠨᠳᠠᠯᠴᠠᠭᠠᠨ ᠤ ᠪᠠᠶᠢᠭᠤᠯᠤᠯᠲᠠ ᠶᠢᠨ ᠠᠵᠢᠯ ᠤᠨ ᠲᠥᠰᠦᠯ ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃

  ᠪᠥᠬᠦ ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ

  ᠳ᠋ᠠᠶᠢᠲ᠋ᠠ ᠶᠢᠨ  ᠲᠤᠨᠨᠳᠠᠯᠴᠠᠭᠠᠨ  ᠤ  ᠪᠠᠢᠢᠭᠤᠯᠤᠯᠲᠠ ᠶᠢᠨ  ᠠᠵᠢᠯ ᠤᠨ  ᠲᠦᠰᠦᠯ

  ︽ ᠲᠣᠭᠠᠵᠢᠭᠤᠯᠤᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ ︾ ︵ ᠲᠥᠷᠥ ᠲᠠᠷᠬᠠᠭᠠᠭᠰᠠᠨ 〔 2022 〕 14 ᠳ᠋ᠤᠭᠡᠷ ᠲᠣᠭᠠᠲᠤ ︶᠂ ︽ ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠤᠨᠨᠳᠠᠯᠴᠠᠭᠠᠨ ᠤ ᠪᠠᠶᠢᠭᠤᠯᠤᠯᠲᠠ ᠶᠢᠨ ᠵᠦᠭᠯᠡᠭᠦᠷ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ ︾ ︵ ᠲᠥᠷᠥ ᠠᠯᠪᠠᠨ ᠵᠠᠬᠢᠳᠠᠯ 〔 2022 〕 102 ᠳ᠋ᠤᠭᠠᠷ ᠲᠣᠭᠠᠲᠤ ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠢᠢᠳᠠᠪᠤᠷᠢᠵᠢᠭᠤᠯᠵᠤ᠂ ᠪᠠᠷᠢᠮᠵᠢᠶ᠎ᠠ ᠨᠢ ᠨᠢᠭᠡᠳᠦᠯᠲᠡᠶ᠂ ᠪᠠᠢᠢᠷᠢᠰᠢᠭᠤᠯᠤᠯᠲᠠ ᠨᠢ ᠵᠦᠶ ᠵᠣᠬᠢᠰᠲᠠᠶ᠂ ᠬᠠᠮᠵᠢᠯᠴᠠᠨ ᠬᠠᠮᠢᠶᠠᠷᠤᠨᠨᠰᠠᠨ᠂ ᠠᠮᠤᠷ ᠲᠦᠪᠰᠢᠨ ᠪᠥᠭᠡᠳ ᠨᠠᠶᠢᠳᠠᠪᠤᠷᠢᠲᠠᠶ ᠪᠥᠬᠦ ᠣᠷᠣᠨ ᠤ ᠨᠢᠭᠡ ᠴᠣᠠᠠᠴᠠᠵᠢᠭᠤᠯᠥᠠᠠᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠶᠢ ᠡᠮᠬᠢᠯᠡᠨ ᠨᠡᠶᠢᠯᠡᠭᠦᠯᠵᠦ ᠴᠤᠭᠴᠠᠯᠠᠨ ᠪᠠᠢᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃

  ᠨᠢᠭᠡ᠂ ᠨᠢᠭᠡᠳᠦᠯᠲᠡᠶ ᠲᠥᠯᠥᠪᠯᠡᠬᠦ ᠪᠠ ᠬᠠᠮᠢᠶᠠᠷᠬᠤ ᠶᠢᠨ ᠨᠢᠭᠡ ᠴᠣᠭᠴᠠᠵᠢᠭᠤᠯᠤᠯᠲᠠ ᠶᠢ ᠠᠬᠢᠭᠤᠯᠤᠨ᠎ᠠ

  ︵ ᠨᠢᠭᠡ ︶ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠳ᠋ᠠᠢᠢᠲ᠋ᠠ ᠶᠢ ᠴᠤᠭᠯᠠᠭᠤᠯᠤᠨ ᠨᠡᠢᠢᠯᠡᠭᠦᠯᠬᠦ᠂ ᠰᠢᠢᠳᠪᠦᠷᠢᠯᠡᠬᠦ᠂ ᠬᠠᠮᠲᠤ ᠪᠠᠷ ᠭᠥᠷᠳᠡᠬᠦ᠂ ᠨᠡᠭᠡᠭᠡᠯᠲᠡ ᠲᠠᠢ ᠪᠣᠯᠭᠠᠬᠤ᠂ ᠬᠡᠷᠡᠭᠯᠡᠬᠦ᠂ ᠠᠮᠤᠷ ᠲᠦᠪᠰᠢᠨ ᠪᠠᠢᠢᠯᠭᠠᠬᠤ᠂ ᠬᠠᠳᠠᠭᠠᠯᠠᠬᠤ᠂ ᠳᠠᠩᠰᠠᠨ ᠳᠤ ᠣᠷᠣᠭᠤᠯᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ᠂ ᠵᠢᠯᠣᠭᠤᠳᠴᠤ᠂ ᠵᠣᠬᠢᠴᠠᠭᠤᠯᠵᠤ᠂ ᠬᠢᠨᠠᠯᠲᠠ ᠲᠠᠯᠪᠢᠨ᠎ᠠ᠃ ︵ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ ︶ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠲᠣᠰ ᠰᠠᠯᠠᠭ᠎ᠠ ᠮᠥᠴᠢᠷ᠂ ᠲᠣᠰ ᠠᠵᠢᠯ ᠲᠥᠷᠥᠯ ᠤᠨ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠬᠠᠮᠢᠶᠠᠷᠤᠯᠲᠠ ᠶᠢᠨ ᠠᠵᠢᠯ ᠢᠶᠠᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠵᠤ᠂ ᠳ᠋ᠠᠢᠢᠲ᠋ᠠ ᠶᠢᠨ ᠡᠬᠢ ᠪᠠᠶᠠᠯᠢᠭ ᠤᠨ ᠰᠠᠭᠤᠷᠢ ᠲᠤᠭ᠎ᠠ ᠶᠢ ᠣᠢᠢᠯᠠᠭᠠᠨ ᠲᠣᠳᠣᠯᠠᠵᠤ᠂ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠢᠢᠲ᠋ᠠ ᠶᠢᠨ ᠲᠠᠪᠴᠠᠩ ᠳᠤ ᠲᠦᠰᠢᠭᠯᠡᠨ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠯᠦᠭᠡ ᠳ᠋ᠠᠢᠢᠲ᠋ᠠ ᠶᠢ ᠬᠠᠮᠲᠤ ᠪᠠᠷ ᠭᠥᠷᠳᠡᠵᠦ ᠬᠡᠷᠡᠭᠯᠡᠬᠦ ᠶᠢ ᠦᠷᠨᠢᠭᠦᠯᠬᠦ ᠬᠡᠷᠡᠭᠲᠡᠢ᠂ ᠰᠠᠯᠠᠭ᠎ᠠ ᠮᠥᠴᠢᠷ ᠠᠯᠤᠰᠯᠠᠭᠰᠠᠨ ᠳ᠋ᠠᠢᠢᠲ᠋ᠠ ᠶᠢ ᠬᠠᠮᠲᠤ ᠪᠠᠷ ᠭᠥᠷᠳᠡᠵᠦ ᠰᠣᠯᠢᠯᠴᠠᠬᠤ ᠨᠡᠪᠲᠡᠷᠡᠯ ᠵᠠᠮ ᠢ ᠠᠰᠲᠠᠭᠠᠨ ᠪᠠᠶᠢᠭᠤᠯᠵᠤ ᠪᠣᠯᠬᠤ ᠥᠬᠡᠶ᠂ ᠨᠢᠭᠡᠨᠲᠡ ᠪᠠᠶᠢᠭ᠎ᠠ ᠨᠡᠪᠲᠡᠷᠡᠯ ᠵᠠᠮ ᠢ ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠢᠢᠲ᠋ᠠ ᠶᠢᠨ ᠲᠠᠪᠴᠠᠩ ᠤᠨ ᠬᠠᠮᠲᠤ ᠪᠠᠷ ᠭᠥᠷᠳᠡᠵᠦ ᠰᠣᠯᠢᠯᠴᠠᠬᠤ ᠰᠢᠰᠲ᠋ᠧᠮ ᠤᠨ ᠬᠠᠮᠢᠶᠠᠷᠤᠯᠲᠠ ᠳᠤ ᠣᠷᠤᠭᠤᠯᠬᠤ ᠬᠡᠷᠡᠭᠲᠡᠶ᠃ ︵ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ ︶ ᠡᠯ᠎ᠡ ᠠᠢᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠭᠠᠵᠠᠷ ᠣᠷᠣᠨ ᠤ ᠪᠠᠨ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠭᠠᠷᠴᠠᠭ ᠢ ᠲᠠᠨᠢᠨ ᠮᠡᠳᠡᠵᠦ ᠠᠪᠬᠤ ᠪᠠ ᠨᠠᠶᠢᠷᠠᠭᠤᠯᠤᠨ ᠵᠣᠬᠢᠶᠠᠬᠤ ᠠᠵᠢᠯ ᠢᠶᠠᠨ ᠨᠢᠭᠡᠳᠦᠯᠲᠡᠶ ᠲᠥᠯᠥᠪᠯᠡᠬᠦ ᠶᠢ ᠬᠠᠷᠢᠭᠤᠴᠠᠵᠤ᠂ ᠬᠡᠷᠡᠭᠴᠡᠭᠡ ᠪᠠᠨ ᠦᠨᠳᠦᠰᠦᠯᠡᠵᠦ ᠲᠣᠰ ᠭᠠᠵᠠᠷ ᠣᠷᠣᠨ ᠤ ᠪᠠᠨ ᠳ᠋ᠠᠢᠢᠲ᠋ᠠ ᠶᠢ ᠴᠤᠭᠯᠠᠭᠤᠯᠤᠨ ᠨᠡᠢᠢᠯᠡᠭᠦᠯᠵᠦ᠂ ᠣᠷᠣᠨ ᠪᠦᠰᠡ ᠲᠠᠰ ᠱᠠᠲᠤ ᠠᠯᠤᠰᠯᠠᠨ ᠳ᠋ᠠᠢᠢᠲ᠋ᠠ ᠶᠢ ᠬᠠᠮᠲᠤ ᠪᠠᠷ ᠭᠥᠷᠳᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠳ᠋ᠠᠢᠢᠲ᠋ᠠ ᠶᠢᠨ ᠡᠬᠢ ᠪᠠᠶᠠᠯᠢᠭ ᠤᠨ ᠨᠡᠭᠡᠭᠡᠨ ᠠᠰᠢᠬᠯᠠᠯᠲᠠ ᠶᠢ ᠴᠢᠩᠭᠠᠳᠬᠠᠬᠤ ᠬᠡᠷᠡᠭᠲᠡᠶ᠃ ︵ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ ︶

  ︵ ᠬᠤᠶᠠᠷ ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠬᠥᠷᠲᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠦᠨ᠎ᠡ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠳ᠋ᠠᠢᠢᠲ᠋ᠠ ᠶᠢ ᠬᠠᠮᠲᠤ ᠪᠠᠷ ᠬᠥᠷᠲᠡᠬᠦ ᠠᠵᠢᠯ ᠢ ᠨᠢᠭᠡᠲᠦᠯᠲᠡᠢ ᠲᠥᠯᠥᠪᠯᠡᠨ ᠠᠬᠢᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠭᠥᠷᠳᠡᠬᠦ ᠴᠢᠬᠤᠯᠠ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ ᠵᠠᠰᠠᠭ ᠤᠨ ᠶᠠᠪᠤᠳᠠᠯ ᠤᠨ ᠳ᠋ᠠᠢᠢᠲ᠋ᠠ ᠶᠢ ᠬᠠᠮᠲᠤ ᠪᠠᠷ ᠬᠥᠷᠲᠡᠬᠦ ᠲᠠᠯ᠎ᠠ ᠶᠢᠨ ᠬᠠᠤᠯᠢ ᠲᠣᠭᠲᠠᠭᠠᠯ ᠲᠦᠷᠢᠮ ᠭᠤᠷᠢᠮ᠂ ᠪᠠᠷᠢᠮᠵᠢᠶ᠎ᠠ ᠵᠢᠷᠤᠮᠵᠢᠯ᠂ ᠠᠮᠤᠷ ᠲᠦᠪᠰᠢᠨ ᠤ ᠲᠣᠭᠲᠠᠴᠠ ᠶᠢᠨ ᠪᠠᠶᠢᠭᠤᠯᠤᠯᠲᠠ ᠪᠠ ᠲᠤᠭᠤᠰᠢᠯᠠᠭᠤᠯᠤᠨ ᠨᠠᠢᠢᠳᠠᠪᠤᠷᠢᠵᠢᠭᠤᠯᠬᠤ ᠠᠵᠢᠯ ᠢ ᠠᠬᠢᠭᠤᠯᠤᠨ᠎ᠠ︔ ᠪᠥᠬᠦ ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠪᠠ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ ᠦᠢᠯᠡᠴᠢᠯᠡᠭᠡᠨ ᠤ ᠲᠤᠨᠨᠳᠠᠯᠴᠠᠭᠠᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠣᠭᠠᠵᠢᠭᠤᠯᠤᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ ︵ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ ︶ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠨᠢ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠬᠦᠷᠲᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠮᠢᠶᠠᠷᠤᠯᠲᠠ ᠶᠢᠨ ᠪᠠᠶᠢᠭᠤᠯᠤᠮᠵᠢ ᠪᠠ ᠭᠤᠤᠯ ᠪᠣᠯᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠬᠦᠷᠲᠡᠬᠦ ᠳᠤ ᠵᠣᠬᠢᠴᠠᠭᠤᠯᠭ᠎ᠠ ᠨᠢ ᠡᠷᠴᠢᠮᠲᠡᠢ᠂ ᠡᠭᠦᠷᠭᠡ ᠬᠠᠷᠢᠭᠤᠴᠠᠯᠭ᠎ᠠ ᠨᠢ ᠲᠣᠳᠣᠷᠬᠠᠶ᠂ ᠠᠵᠢᠯᠯᠠᠭᠠᠨ ᠨᠢ ᠤᠷᠤᠭᠰᠢᠲᠠᠶ᠂ ᠬᠠᠮᠢᠶᠠᠷᠤᠯᠲᠠ ᠨᠢ ᠵᠢᠷᠤᠮᠵᠢᠭᠤᠨ᠂ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃ ︵ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ 2023 ᠣᠨ ᠤ 6 ᠳ᠋ᠤᠭᠠᠷ ᠰᠠᠷ᠎ᠠ ᠶᠢᠨ ᠰᠡᠭᠦᠯᠴᠢ ᠡᠴᠠ ᠡᠮᠦᠨ᠎ᠡ ᠪᠡᠶᠡᠯᠡᠭᠦᠯᠦᠨ᠎ᠡ ︶ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠨᠢᠭᠡ ᠴᠤᠭᠴᠠᠵᠢᠭᠤᠯᠤᠨ ᠪᠠᠶᠢᠷᠢᠰᠢᠭᠤᠯᠵᠤ᠂ ᠪᠦᠬᠦᠯᠢ ᠴᠣᠭᠴᠠᠲᠤ ᠴᠢᠨᠠᠷᠲᠠᠶ ᠪᠠᠷ ᠠᠬᠢᠭᠤᠯᠤᠨ᠂ ᠵᠠᠰᠠᠭ ᠤᠨ ᠶᠠᠪᠤᠳᠠᠯ ᠤᠨ ᠳ᠋ᠠᠢᠢᠲ᠋ᠠ ᠶᠢ ᠴᠤᠭᠯᠠᠭᠤᠯᠤᠨ ᠨᠡᠢᠢᠯᠡᠭᠦᠯᠬᠦ᠂ ᠰᠢᠢᠳᠪᠦᠷᠢᠯᠡᠬᠦ᠂ ᠬᠠᠮᠲᠤ ᠪᠠᠷ ᠭᠥᠷᠳᠡᠬᠦ᠂ ᠨᠡᠭᠡᠭᠡᠯᠲᠡ ᠲᠠᠢ ᠪᠣᠯᠭᠠᠬᠤ᠂ ᠬᠡᠷᠡᠭᠯᠡᠬᠦ᠂ ᠠᠮᠤᠷ ᠲᠦᠪᠰᠢᠨ ᠪᠠᠢᠢᠯᠭᠠᠬᠤ᠂ ᠬᠠᠳᠠᠭᠠᠯᠠᠬᠤ᠂ ᠳᠠᠩᠰᠠᠨ ᠳᠤ ᠣᠷᠣᠭᠤᠯᠬᠤ ᠡᠯ᠎ᠡ ᠭᠤᠭᠴᠤᠭ᠎ᠠ ᠪᠥᠬᠦ ᠶᠠᠪᠤᠴᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠷᠴᠠᠭ ᠤᠨ ᠬᠠᠮᠢᠶᠠᠷᠤᠯᠲᠠ᠂ ᠳ᠋ᠠᠢᠢᠲ᠋ᠠ ᠶᠢ ᠴᠤᠭᠯᠠᠭᠤᠯᠤᠨ ᠨᠡᠢᠢᠯᠡᠭᠦᠯᠬᠦ᠂ ᠳ᠋ᠠᠢᠢᠲ᠋ᠠ ᠶᠢᠨ ᠵᠠᠰᠠᠯᠲᠠ᠂ ᠲᠣᠮᠣ ᠳ᠋ᠠᠢᠢᠲ᠋ᠠ ᠪᠠᠷ ᠵᠠᠳᠠᠯᠤᠯᠲᠠ ᠬᠢᠬᠦ᠂ ᠠᠮᠤᠷ ᠲᠦᠪᠰᠢᠨ ᠢ ᠬᠠᠮᠠᠭᠠᠯᠠᠬᠤ ᠵᠡᠷᠭᠡ ᠴᠢᠳᠠᠪᠤᠷᠢ ᠶᠢ ᠦᠨᠳᠦᠰᠦᠨ ᠳᠤ ᠪᠠᠨ ᠪᠦᠷᠢᠳᠦᠭᠦᠯᠦᠭᠰᠡᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠢᠢᠲ᠋ᠠ ᠶᠢᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠦᠨ᠎ᠡ᠃ ︵ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ 2023 ᠣᠨ ᠤ ᠵᠢᠯ ᠤᠨ ᠡᠴᠦᠰ ᠡᠴᠠ ᠡᠮᠦᠨ᠎ᠡ ᠪᠡᠶᠡᠯᠡᠭᠦᠯᠦᠨ᠎ᠡ ︶

  ᠬᠤᠶᠠᠷ᠂ ᠳ᠋ᠠᠢᠢᠲ᠋ᠠ ᠶᠢᠨ ᠭᠠᠷᠴᠠᠭ ᠤᠨ ᠨᠢᠭᠡ ᠴᠣᠭᠴᠠᠵᠢᠭᠤᠯᠤᠯᠲᠠ ᠶᠢ ᠠᠬᠢᠭᠤᠯᠤᠨ᠎ᠠ

  ︵ ᠭᠤᠷᠪᠠ ︶ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠭᠠᠷᠴᠠᠭ ᠢ ᠭᠦᠢᠴᠡᠳ ᠬᠡᠮᠵᠢᠶ᠎ᠡ ᠪᠠᠷ ᠨᠠᠶᠢᠷᠠᠭᠤᠯᠤᠨ ᠵᠣᠬᠢᠶᠠᠨ᠎ᠠ᠃ ᠪᠦᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠭᠠᠷᠴᠠᠭ ᠤᠨ ᠰᠢᠰᠲ᠋ᠧᠮ ᠢ ᠪᠠᠢᠢᠭᠤᠯᠤᠨ ᠲᠡᠭᠦᠯᠳᠡᠷᠵᠢᠭᠦᠯᠵᠦ᠂ ᠪᠦᠬᠦ ᠣᠷᠣᠨ ᠤ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠭᠠᠷᠴᠠᠭ ᠢ ᠨᠢᠭᠡᠲᠦᠯᠲᠡᠢ ᠲᠦᠯᠦᠪᠯᠡᠨ ᠬᠠᠮᠢᠶᠠᠷᠴᠤ᠂ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠡᠬᠢ ᠪᠠᠶᠠᠯᠢᠭ ᠤᠨ ᠰᠠᠭᠤᠷᠢ ᠲᠤᠭ᠎ᠠ ᠶᠢ ᠪᠦᠬᠦ ᠲᠠᠯ᠎ᠠ ᠪᠠᠷ ᠣᠢᠢᠯᠠᠭᠠᠨ ᠲᠣᠳᠣᠯᠠᠵᠤ᠂ ᠥᠪᠡᠷᠲᠡᠭᠡᠨ ᠵᠠᠰᠠᠬᠤ ᠣᠷᠣᠨ ︱ ᠠᠶᠢᠮᠠᠭ ᠬᠤᠲᠠ ︱ ᠬᠤᠰᠢᠭᠤ ᠰᠢᠶᠠᠨ ︵ ᠬᠤᠲᠠ᠂ ᠲᠣᠭᠤᠷᠢᠭ ︶ ︱ ᠰᠣᠮᠣ ᠰᠢᠶᠠᠩ ᠪᠠᠯᠭᠠᠰᠤ ᠵᠡᠷᠭᠡ ᠳᠡᠰ ᠱᠠᠲᠤ ᠶᠢ ᠬᠠᠮᠤᠷᠤᠭᠰᠠᠨ ᠪᠦᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠭᠠᠷᠴᠠᠭ ᠢ ᠪᠠᠶᠢᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ ᠠᠵᠢᠯ ᠤᠨ ᠵᠢᠷᠤᠮᠵᠢᠭᠤᠯᠤᠭᠰᠠᠨ ᠪᠣᠯᠪᠠᠰᠤᠷᠠᠯ ᠢ ᠴᠢᠩᠭᠠᠳᠬᠠᠨ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ︽ ᠨᠢᠭᠡᠳᠪᠦᠷᠢ ᠲᠠᠩᠰᠠ ︾ ᠶᠢ ᠪᠣᠶ ᠪᠣᠯᠭᠠᠵᠤ᠂ ᠲᠠᠰ ᠱᠠᠲᠤ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠰᠢᠰᠲ᠋ᠧᠮ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠲᠤᠬᠠᠶᠢᠯᠠᠭᠰᠠᠨ ᠠᠵᠢᠯ ᠠᠯᠤᠰᠯᠠᠭᠰᠠᠨ ᠳ᠋ᠠᠢᠢᠲ᠋ᠠ ᠶᠢ ᠡᠮᠬᠢ ᠵᠢᠷᠤᠮ ᠲᠠᠢ ᠭᠦᠢᠯᠬᠡᠬᠡᠯᠡᠬᠦ ᠪᠠ ᠬᠠᠮᠲᠤ ᠪᠠᠷ ᠭᠥᠷᠳᠡᠵᠦ ᠬᠡᠷᠡᠭᠯᠡᠬᠦ ᠳᠤ ᠲᠤᠯᠭᠠᠭᠤᠷᠢᠯᠠᠨ᠎ᠠ᠃ ︵ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ 2023 ᠣᠨ ᠤ ᠵᠢᠯ ᠤᠨ ᠡᠴᠦᠰ ᠡᠴᠠ ᠡᠮᠦᠨ᠎ᠡ ᠪᠡᠶᠡᠯᠡᠭᠦᠯᠦᠨ᠎ᠡ ︶ ᠡᠯ᠎ᠡ ᠠᠢᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠭᠠᠵᠠᠷ ᠣᠷᠣᠨ ᠤ ᠪᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢ ᠬᠢᠨᠠᠨ ᠬᠠᠷᠭᠤᠭᠤᠯᠬᠤ᠂ ᠬᠤᠷᠢᠶᠠᠩᠭᠤᠶᠢᠯᠠᠬᠤ᠂ ᠮᠡᠳᠡᠭᠦᠯᠦᠨ ᠬᠦᠷᠭᠡᠬᠦ ᠪᠠ ᠨᠡᠶᠢᠲᠡᠯᠡᠬᠦ ᠠᠵᠢᠯ ᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠤᠨ ᠺᠣᠳ᠋ ᠤᠨ ᠲᠦᠷᠢᠮ᠂ ᠳ᠋ᠠᠶᠢᠲ᠋ᠠ ᠶᠢᠨ ᠡᠬᠢ ᠪᠠᠶᠠᠯᠢᠭ ᠢ ᠨᠤᠮᠧᠷᠯᠠᠬᠤ ᠲᠦᠷᠢᠮ᠂ ᠡᠰᠢ ᠳ᠋ᠠᠶᠢᠲ᠋ᠠ ᠶᠢᠨ ᠵᠢᠷᠤᠮᠵᠢᠯ ᠵᠡᠷᠭᠡ ᠱᠠᠭᠠᠷᠳᠠᠯᠭ᠎ᠠ ᠶᠢ ᠦᠨᠳᠦᠰᠦᠯᠡᠨ᠂ ᠲᠣᠰ ᠱᠠᠲᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ ᠶᠢ ᠬᠢᠨᠠᠨ ᠬᠠᠷᠭᠤᠭᠤᠯᠬᠤ ᠪᠠᠨ ᠴᠢᠩᠭᠠᠳᠬᠠᠬᠤ ᠬᠡᠷᠡᠭᠲᠡᠶ᠃ ︵ ᠡᠯ᠎ᠡ ᠠᠢᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠵᠤ᠂ 2023 ᠣᠨ ᠤ ᠵᠢᠯ ᠤᠨ ᠡᠴᠦᠰ ᠡᠴᠠ ᠡᠮᠦᠨ᠎ᠡ ᠪᠡᠶᠡᠯᠡᠭᠦᠯᠦᠨ᠎ᠡ ︶ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠲᠣᠰ ᠰᠠᠯᠠᠭ᠎ᠠ ᠮᠥᠴᠢᠷ ᠲᠣᠰ ᠠᠵᠢᠯ ᠲᠥᠷᠥᠯ ᠤᠨ ᠢᠶᠠᠨ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠭᠠᠷᠴᠠᠭ ᠢ ᠡᠮᠬᠢᠯᠡᠨ ᠲᠢᠭᠯᠡᠬᠦ᠂ ᠤᠷᠢᠳᠴᠢᠯᠠᠨ ᠨᠠᠶᠢᠷᠠᠭᠤᠯᠬᠤ ᠶᠢ ᠬᠠᠷᠢᠭᠤᠴᠠᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ︽ ᠭᠤᠷᠪᠠ ᠶᠢ ᠲᠣᠭᠲᠠᠭᠠᠬᠤ ︾ ᠲᠥᠰᠦᠯ ᠤᠨ ᠶᠣᠰᠣᠭᠠᠷ ᠲᠤᠰ ᠰᠠᠯᠠᠭ᠎ᠠ ᠮᠥᠴᠢᠷ ᠤᠨ ᠢᠶᠠᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠠ ᠭᠤᠣᠯ ᠪᠣᠯᠬᠤ ᠲᠤᠬᠠᠶᠢᠯᠠᠭᠰᠠᠨ ᠠᠵᠢᠯ ᠢ ᠨᠠᠷᠢᠨ ᠬᠢᠨᠠᠮᠠᠭᠠᠶ ᠡᠮᠬᠢᠯᠡᠨ ᠳᠢᠭᠯᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠪᠣᠶ ᠪᠣᠯᠤᠭᠰᠠᠨ᠂ ᠴᠤᠭᠯᠠᠭᠤᠯᠤᠭᠰᠠᠨ ᠪᠠ ᠬᠠᠮᠢᠶᠠᠷᠤᠭᠰᠠᠨ ᠵᠠᠰᠠᠭ ᠤᠨ ᠶᠠᠪᠤᠳᠠᠯ ᠤᠨ ᠳ᠋ᠠᠢᠢᠲ᠋ᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠨ ᠳ᠋ᠠᠢᠢᠲ᠋ᠠ ᠶᠢᠨ ᠭᠠᠷᠴᠠᠭ ᠤᠨ ᠠᠭᠤᠯᠭ᠎ᠠ᠂ ᠲᠥᠷᠥᠯ ᠠᠩᠬᠢᠯᠠᠵᠤ ᠲᠠᠰ ᠬᠤᠪᠢᠶᠠᠬᠤ ᠵᠡᠷᠭᠡ ᠬᠠᠮᠢᠶ᠎ᠠ ᠪᠥᠬᠦᠶ ᠪᠠᠷᠢᠮᠵᠢᠶ᠎ᠠ ᠱᠠᠭᠠᠷᠳᠠᠯᠭ᠎ᠠ ᠶᠣᠰᠣᠭᠠᠷ ᠭᠦᠢᠴᠡᠳ ᠬᠡᠮᠵᠢᠶ᠎ᠡ ᠪᠠᠷ ᠭᠠᠷᠴᠠᠭᠯᠠᠵᠤ᠂ ᠭᠠᠷᠴᠠᠭ ᠲᠠᠬᠢ ᠭᠤᠤᠯ ᠳ᠋ᠠᠢᠢᠲ᠋ᠠ᠂ ᠰᠡᠷᠭᠡᠭ ᠳ᠋ᠠᠢᠢᠲ᠋ᠠ ᠶᠢ ᠬᠠᠮᠲᠤ ᠪᠠᠷ ᠬᠦᠷᠲᠡᠬᠦ ᠲᠦᠷᠢᠮ ᠢ ᠲᠣᠳᠣᠷᠬᠠᠢ ᠲᠣᠭᠲᠠᠭᠠᠵᠤ᠂ ᠠᠳᠠᠯᠢ ᠨᠢᠭᠡᠨ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠭᠠᠷᠴᠠᠭ ᠬᠢᠭᠡᠳ ᠲᠥᠷᠥ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠨ ᠳ᠋ᠠᠢᠢᠲ᠋ᠠ ᠶᠢᠨ ᠭᠠᠷᠴᠠᠭ ᠲᠤ ᠠᠭᠤᠯᠤᠭᠳᠠᠵᠤ ᠪᠠᠶᠢᠭ᠎ᠠ ᠮᠡᠳᠡᠭᠡ ᠵᠠᠩᠭᠢ ᠶᠢ ᠦᠨᠳᠦᠰᠦᠨ ᠳᠤ ᠪᠠᠨ ᠨᠢᠭᠡᠳᠦᠯᠲᠡᠶ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ︵ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ 2023 ᠣᠨ ᠤ ᠵᠢᠯ ᠤᠨ ᠡᠴᠦᠰ ᠡᠴᠠ ᠡᠮᠦᠨ᠎ᠡ ᠪᠡᠶᠡᠯᠡᠭᠦᠯᠦᠨ᠎ᠡ ︶

  ︵ ᠳᠥᠷᠪᠡ ︶ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠭᠠᠷᠴᠠᠭ ᠢ ᠵᠢᠷᠤᠮᠵᠢᠭᠤᠯᠤᠨ ᠨᠠᠢᠢᠷᠠᠭᠤᠯᠤᠨ ᠵᠣᠬᠢᠶᠠᠨ᠎ᠠ᠃ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠭᠠᠷᠴᠠᠭ ᠤᠨ ᠵᠠᠰᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠤᠯᠤᠰ ᠡᠴᠠ ᠪᠠᠭᠤᠯᠭᠠᠭᠰᠠᠨ ᠲᠤᠷᠰᠢᠯᠲᠠ ᠶᠢᠨ ᠴᠡᠭ ᠤᠨ ᠡᠭᠦᠷᠭᠡ ᠶᠢ ᠪᠡᠶᠡᠯᠡᠭᠦᠯᠦᠨ᠂ ᠳ᠋ᠠᠢᠢᠲ᠋ᠠ ᠶᠢᠨ ᠢᠷᠡᠯᠲᠡ ᠶᠢ ᠢᠯᠭᠠᠨ ᠳᠣᠲᠣᠯᠠᠬᠤ᠂ ᠳ᠋ᠠᠢᠢᠲ᠋ᠠ ᠶᠢ ᠲᠥᠷᠥᠯ ᠠᠩᠬᠢᠯᠠᠵᠤ ᠲᠠᠰ ᠬᠤᠪᠢᠶᠠᠬᠤ᠂ ︽ ᠨᠢᠭᠡ ᠳ᠋ᠠᠢᠢᠲ᠋ᠠ ᠨᠢᠭᠡ ᠢᠷᠡᠯᠲᠡ ︾ ︽ ᠭᠠᠷᠴᠠᠭ ︱ ᠳ᠋ᠠᠢᠢᠲ᠋ᠠ ︾ ᠶᠢ ᠬᠤᠯᠪᠣᠭᠳᠠᠭᠤᠯᠬᠤ᠂ ︽ ᠳ᠋ᠠᠢᠢᠲ᠋ᠠ ︱ ᠰᠢᠰᠲ᠋ᠧᠮ ︾ ᠢ ᠬᠤᠯᠪᠣᠭᠳᠠᠭᠤᠯᠬᠤ ᠵᠡᠷᠭᠡ ᠱᠠᠭᠠᠷᠳᠠᠯᠭ᠎ᠠ ᠶᠢᠨ ᠪᠣᠳᠠᠲᠠᠶ ᠬᠡᠷᠡᠭᠵᠢᠭᠦᠯᠬᠦ ᠠᠷᠭ᠎ᠠ ᠵᠠᠮ ᠢ ᠰᠦᠪᠡᠭᠴᠢᠯᠡᠨ᠎ᠡ᠃ ︵ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠲᠣᠮᠣ ᠳ᠋ᠠᠶᠢᠲ᠋ᠠ ᠶᠢᠨ ᠲᠥᠪ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ 2023 ᠣᠨ ᠤ 9 ᠳ᠋ᠤᠭᠡᠷ ᠰᠠᠷ᠎ᠠ ᠶᠢᠨ ᠰᠡᠭᠦᠯᠴᠢ ᠡᠴᠠ ᠡᠮᠦᠨ᠎ᠡ ᠪᠡᠶᠡᠯᠡᠭᠦᠯᠦᠨ᠎ᠡ ︶ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠭᠠᠷᠴᠠᠭ ᠢ ᠨᠠᠷᠢᠨ ᠬᠠᠭᠤᠳᠠᠰᠤ ᠪᠣᠯᠭᠠᠨ ᠬᠠᠮᠢᠶᠠᠷᠬᠤ ᠱᠠᠭᠠᠷᠳᠠᠯᠭ᠎ᠠ ᠶᠣᠰᠣᠭᠠᠷ᠂ ᠳ᠋ᠠᠢᠢᠲ᠋ᠠ ᠶᠢᠨ ᠡᠬᠢ ᠪᠠᠶᠠᠯᠢᠭ ᠪᠣᠢ ᠪᠣᠯᠣᠭᠰᠠᠨ ᠤ ᠳᠠᠷᠠᠭ᠎ᠠ ᠳ᠋ᠠᠢᠢᠲ᠋ᠠ ᠶᠢᠨ ᠢᠷᠡᠯᠲᠡ ᠶᠢ ᠢᠯᠭᠠᠨ ᠳᠣᠲᠣᠯᠠᠬᠤ᠂ ᠳ᠋ᠠᠢᠢᠲ᠋ᠠ ᠶᠢ ᠲᠥᠷᠥᠯ ᠠᠩᠬᠢᠯᠠᠵᠤ ᠲᠠᠰ ᠬᠤᠪᠢᠶᠠᠬᠤ ᠵᠢᠴᠢ ᠲᠣᠭᠲᠠᠭᠠᠯ ᠳᠤ ᠨᠡᠶᠢᠴᠡᠬᠦ ᠴᠢᠨᠠᠷ᠂ ᠠᠮᠤᠷ ᠲᠦᠪᠰᠢᠨ ᠴᠢᠨᠠᠷ᠂ ᠬᠡᠷᠡᠭᠯᠡᠵᠦ ᠪᠣᠯᠬᠤᠶᠢᠴᠠ ᠴᠢᠨᠠᠷ ᠲᠤ ᠥᠪᠡᠰᠦᠪᠡᠨ ᠪᠠᠢᠢᠴᠠᠭᠠᠯᠲᠠ ᠬᠢᠵᠦ᠂ ᠳ᠋ᠠᠢᠢᠲ᠋ᠠ ᠶᠢᠨ ᠡᠬᠢ ᠪᠠᠶᠠᠯᠢᠭ ᠤᠨ ᠳᠠᠩᠰᠠᠯᠠᠯᠲᠠ ᠶᠢ ᠪᠡᠶᠡᠯᠡᠭᠦᠯᠵᠦ᠂ ︽ ᠭᠠᠷᠴᠠᠭ ︱ ᠳ᠋ᠠᠢᠢᠲ᠋ᠠ ︾ ︽ ᠳ᠋ᠠᠢᠢᠲ᠋ᠠ ︱ ᠰᠢᠰᠲ᠋ᠧᠮ ︾ ᠤᠨ ᠬᠤᠯᠪᠤᠭᠳᠠᠬᠤ ᠬᠠᠷᠢᠴᠠᠭ᠎ᠠ ᠶᠢ ᠪᠠᠶᠢᠭᠤᠯᠤᠨ᠂  ᠳᠠᠢᠢᠲ᠋ᠠ ᠶᠢᠨ ᠢᠷᠡᠯᠲᠡ ᠶᠢ ᠲᠣᠳᠣᠷᠬᠠᠢ ᠲᠣᠨᠨᠳᠠᠭᠠᠵᠦ᠂ ᠳ᠋ᠠᠢᠢᠲ᠋ᠠ ᠶᠢ ᠳᠠᠬᠢᠨ ᠳᠠᠪᠲᠠᠨ ᠴᠤᠭᠯᠠᠭᠤᠯᠬᠤ ᠡᠴᠠ ᠵᠠᠶᠢᠯᠠᠰᠬᠢᠵᠦ᠂ ᠳ᠋ᠠᠢᠢᠲ᠋ᠠ ᠶᠢᠨ ᠬᠠᠩᠭᠠᠯᠭ᠎ᠠ ᠬᠡᠷᠡᠭᠴᠡᠭᠡ ᠶᠢ ᠵᠠᠯᠭᠠᠯᠳᠤᠭᠤᠯᠬᠤ ᠳᠤ ᠲᠥᠬᠦᠮ ᠦᠵᠡᠭᠦᠯᠦᠨ᠂ ︽ ᠨᠢᠭᠡ ᠳ᠋ᠠᠢᠢᠲ᠋ᠠ ᠳᠤ ᠨᠢᠭᠡ ᠢᠷᠡᠯᠲᠡ ᠲᠠᠢ ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠥᠬᠡᠶ ᠭᠠᠷᠴᠠᠭ ᠢ ᠪᠤᠴᠠᠭᠠᠨ ᠵᠠᠯᠠᠷᠠᠭᠤᠯᠤᠭᠤᠯᠵᠤ᠂ ᠭᠠᠷᠴᠠᠭ ᠢ ᠨᠠᠶᠢᠷᠠᠭᠤᠯᠤᠨ ᠵᠣᠬᠢᠶᠠᠬᠤ ᠠᠵᠢᠯ ᠢ ᠦᠨᠡᠨ ᠬᠦ ᠵᠢᠷᠤᠮᠵᠢᠭᠤᠯᠬᠤ ᠬᠡᠷᠡᠭᠲᠡᠢ᠃ ︵ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ 2023 ᠣᠨ ᠤ ᠵᠢᠯ ᠤᠨ ᠡᠴᠦᠰ ᠡᠴᠠ ᠡᠮᠦᠨ᠎ᠡ ᠪᠡᠶᠡᠯᠡᠭᠦᠯᠦᠨ᠎ᠡ ︶

  ︵ ᠲᠠᠪᠤ ︶ ᠭᠠᠷᠴᠠᠭ ᠢ ᠵᠡᠷᠭᠡ ᠪᠠᠷ ᠰᠢᠨᠡᠳᠬᠡᠬᠦ ᠬᠠᠮᠢᠶᠠᠷᠤᠯᠲᠠ ᠶᠢ ᠴᠢᠩᠭᠠᠳᠬᠠᠨ᠎ᠠ᠃ ᠭᠠᠷᠴᠠᠭ ᠢ ᠵᠡᠷᠭᠡ ᠪᠠᠷ ᠰᠢᠨᠡᠳᠬᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠳ᠋ᠠᠶᠢᠲ᠋ᠠ ᠶᠢᠨ ᠭᠠᠷᠴᠠᠭ ᠲᠤ ᠲᠣᠬᠢᠷᠠᠭᠤᠯᠤᠯᠲᠠ ᠬᠢᠬᠦ ᠳᠤ ᠪᠠᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠳᠤ ᠴᠠᠭ ᠲᠤᠬᠠᠶ ᠳᠤ ᠨᠢ ᠵᠡᠷᠭᠡ ᠪᠠᠷ ᠰᠢᠨᠡᠳᠬᠡᠬᠦ ᠬᠡᠷᠡᠭᠲᠡᠶ᠃ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠳᠤ ᠬᠤᠪᠢᠷᠠᠯᠲᠠ ᠭᠠᠷᠪᠠᠯ᠂ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠭᠠᠷᠴᠠᠭ ᠲᠤ ᠴᠠᠭ ᠲᠤᠬᠠᠶ ᠳᠤ ᠨᠢ ᠲᠣᠬᠢᠷᠠᠭᠤᠯᠤᠯᠲᠠ ᠬᠢᠬᠦ ᠬᠡᠷᠡᠭᠲᠡᠢ︔ ᠨᠢᠭᠡᠨᠲᠡ ᠳᠠᠩᠰᠠᠯᠠᠭᠤᠯᠤᠭᠰᠠᠨ ᠳ᠋ᠠᠢᠢᠲ᠋ᠠ ᠶᠢᠨ ᠡᠬᠢ ᠪᠠᠶᠠᠯᠢᠭ ᠢ ᠴᠠᠭ ᠲᠤᠬᠠᠶ ᠳᠤ ᠨᠢ ᠰᠢᠨᠡᠳᠬᠡᠬᠦ ᠶᠢᠨ ᠬᠠᠮᠲᠤ᠂ ︽ ᠳ᠋ᠠᠢᠢᠲ᠋ᠠ ︱ ᠰᠢᠰᠲ᠋ᠧᠮ ︾ ᠤᠨ ᠬᠤᠯᠪᠣᠭᠳᠠᠬᠤ ᠬᠠᠷᠢᠴᠠᠭ᠎ᠠ ᠶᠢ ᠵᠡᠷᠭᠡ ᠪᠠᠷ ᠰᠢᠨᠡᠳᠬᠡᠬᠦ ᠬᠡᠷᠡᠭᠲᠡᠶ᠃ ᠵᠠᠷᠴᠢᠮ ᠳᠡᠭᠡᠷ᠎ᠡ ᠪᠠᠨ᠂ ᠭᠠᠷᠴᠠᠭ ᠲᠤ ᠬᠤᠯᠪᠣᠭᠳᠠᠯ ᠪᠥᠬᠦᠶ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠡᠬᠢ ᠪᠠᠶᠠᠯᠢᠭ ᠰᠢᠨ᠎ᠡ ᠪᠠᠷ ᠨᠡᠮᠡᠭᠳᠡᠭᠰᠡᠨ ᠪᠠᠶᠢᠪᠠᠯ᠂ 20 ᠠᠵᠢᠯᠯᠠᠬᠤ ᠡᠳᠦᠷ ᠤᠨ ᠳᠣᠲᠣᠷ᠎ᠠ ᠳᠡᠩᠰᠡᠯᠡᠵᠦ ᠳᠠᠭᠤᠰᠬᠠᠬᠤ ᠬᠡᠷᠡᠭᠲᠡᠶ︔ ᠭᠠᠷᠴᠠᠭ ᠤᠨ ᠮᠡᠳᠡᠭᠡ ᠵᠠᠩᠭᠢ ᠳᠤ ᠬᠤᠪᠢᠷᠠᠯᠲᠠ ᠭᠠᠷᠪᠠᠯ᠂ 20 ᠠᠵᠢᠯᠯᠠᠬᠤ ᠡᠳᠦᠷ ᠤᠨ ᠳᠣᠲᠣᠷ᠎ᠠ ᠰᠢᠨᠡᠳᠬᠡᠵᠦ ᠳᠠᠭᠤᠰᠬᠠᠬᠤ ᠬᠡᠷᠡᠭᠲᠡᠶ᠃ ︵ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ ︶

  ᠭᠤᠷᠪᠠ᠂ ᠳ᠋ᠠᠢᠢᠲ᠋ᠠ ᠶᠢᠨ ᠡᠬᠢ ᠪᠠᠶᠠᠯᠢᠭ ᠤᠨ ᠨᠢᠭᠡ ᠴᠣᠭᠴᠠᠵᠢᠭᠤᠯᠤᠯᠲᠠ ᠶᠢ ᠴᠢᠩᠭᠠᠷᠠᠭᠤᠯᠤᠨ᠎ᠠ

  ︵ ᠵᠢᠷᠭᠤᠭ᠎ᠠ ︶ ᠵᠠᠰᠠᠭ ᠤᠨ ᠶᠠᠪᠤᠳᠠᠯ ᠤᠨ ᠳ᠋ᠠᠢᠢᠲ᠋ᠠ ᠶᠢ ᠴᠤᠭᠯᠠᠭᠤᠯᠤᠨ ᠨᠡᠢᠢᠯᠡᠭᠦᠯᠬᠦ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠳᠤ ᠲᠦᠰᠢᠭᠯᠡᠨ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢᠶᠠᠷ ᠰᠠᠭᠤᠷᠢ ᠪᠣᠯᠭᠠᠵᠤ᠂ ᠳ᠋ᠠᠶᠢᠲ᠋ᠠ ᠶᠢᠨ ᠡᠬᠢ ᠪᠠᠶᠠᠯᠢᠭ ᠢ ︽ ᠬᠡᠷᠡᠭᠴᠡᠭᠡ ᠪᠠᠨ ᠦᠨᠳᠦᠰᠦᠯᠡᠵᠦ ᠴᠤᠭᠯᠠᠭᠤᠯᠤᠨ ᠨᠡᠢᠢᠯᠡᠭᠦᠯᠵᠦ᠂ ᠴᠤᠭᠯᠠᠭᠤᠯᠬᠤ ᠵᠣᠬᠢᠰᠲᠠᠢ ᠶᠢ ᠨᠢ ᠪᠦᠬᠦᠨ ᠢ ᠴᠤᠭᠯᠠᠭᠤᠯᠬᠤ ︾ ᠶᠢ ᠠᠬᠢᠭᠤᠯᠤᠨ᠂ ᠯᠣᠬᠢᠭᠲᠤ ᠵᠠᠯᠭᠠᠨ ᠣᠷᠣᠭᠤᠯᠬᠤ ᠠᠷᠭ᠎ᠠ ᠮᠠᠶ᠋ᠢᠭ ᠪᠠ ᠹᠢᠽᠢᠺ ᠴᠤᠭᠯᠠᠷᠠᠯ ᠤᠨ ᠠᠷᠭ᠎ᠠ ᠮᠠᠶ᠋ᠢᠭ ᠢᠶᠠᠷ ᠪᠥᠬᠦ ᠣᠷᠣᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠴᠤᠭᠯᠠᠭᠤᠯᠤᠨ ᠨᠡᠢᠢᠯᠡᠭᠦᠯᠬᠦ ᠶᠢᠨ ᠬᠠᠮᠲᠤ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ᠃ ᠯᠣᠭᠢᠭ ᠳᠡᠭᠡᠷ᠎ᠡ ᠪᠠᠨ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠳ᠋ᠠᠶᠢᠲ᠋ᠠ ᠶᠢᠨ ᠡᠬᠢ ᠪᠠᠶᠠᠯᠢᠭ ᠤᠨ ᠬᠥᠮᠥᠷᠭᠡ ᠶᠢ ᠪᠥᠬᠦ ᠬᠡᠮᠵᠢᠶ᠎ᠡ ᠪᠠᠷ ᠵᠠᠯᠭᠠᠨ ᠣᠷᠣᠭᠤᠯᠤᠨ᠎ᠠ︔ ᠹᠢᠽᠢᠺ ᠤᠨ ᠲᠠᠯ᠎ᠠ ᠪᠠᠷ ᠬᠡᠷᠡᠭᠴᠡᠭᠡ ᠪᠠᠨ ᠦᠨᠳᠦᠰᠦᠯᠡᠵᠦ ᠬᠥᠮᠦᠨ ᠠᠮᠠ᠂ ᠬᠠᠤᠯᠢ ᠶᠢᠨ ᠡᠷᠬᠡᠲᠡᠨ᠂ ᠢᠲᠡᠭᠡᠮᠵᠢ ᠶᠢᠨ ᠮᠡᠳᠡᠭᠡ ᠵᠠᠩᠭᠢ᠂ ᠡᠯᠧᠺᠲ᠋ᠷᠣᠨ ᠭᠡᠷᠡᠴᠢ ᠦᠨᠡᠮᠯᠡᠯ ᠵᠡᠷᠭᠡ ᠰᠠᠭᠤᠷᠢ ᠬᠥᠮᠥᠷᠭᠡ ᠶᠢ ᠴᠤᠭᠯᠠᠭᠤᠯᠤᠨ᠎ᠠ᠃ ᠬᠡᠷᠡᠭᠴᠡᠭᠡ ᠪᠠᠨ ᠦᠨᠳᠦᠰᠦᠯᠡᠵᠦ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠡᠷᠭᠡ ᠪᠠᠶᠢᠭᠤᠯᠤᠮᠵᠢ ᠶᠢᠨ ᠳ᠋ᠠᠢᠢᠲ᠋ᠠ ᠵᠢᠴᠢ ᠣᠯᠠᠨ ᠨᠡᠶᠢᠲᠡ ᠶᠢᠨ ᠳ᠋ᠠᠢᠢᠲ᠋ᠠ ᠪᠠ ᠨᠡᠶᠢᠭᠡᠮ ᠤᠨ ᠳ᠋ᠠᠢᠢᠲ᠋ᠠ ᠶᠢ ᠵᠠᠯᠭᠠᠨ ᠣᠷᠣᠭᠤᠯᠵᠤ᠂ ᠳ᠋ᠠᠢᠢᠲ᠋ᠠ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ ︶ ᠥᠪᠡᠷᠲᠡᠭᠡᠨ ᠵᠠᠰᠠᠬᠤ ᠣᠷᠣᠨ ᠤ ᠡᠭᠴᠡ ᠪᠠᠢᠢᠭᠤᠯᠤᠭᠰᠠᠨ ᠰᠢᠰᠲ᠋ᠧᠮ ᠤᠨ ᠳ᠋ᠠᠶᠢᠲ᠋ᠠ ᠶᠢ ᠦᠨᠳᠦᠰᠦᠨ ᠱᠠᠲᠤᠨ ᠳᠤ ᠪᠠᠭᠤᠯᠭᠠᠵᠤ ᠪᠤᠴᠠᠭᠠᠬᠤ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠦᠯᠢᠶᠡᠨ ᠠᠪᠴᠤ ᠰᠢᠢᠳᠪᠦᠷᠢᠯᠡᠬᠦ ᠲᠠᠪᠴᠠᠩ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠶᠡᠷᠦᠩᠬᠡᠢᠢᠯᠡᠭᠰᠡᠨ ᠭᠦᠢᠴᠡᠳᠬᠡᠬᠦ ᠲᠠᠪᠴᠠᠩ ᠵᠡᠷᠭᠡ ᠣᠷᠣᠨ ᠤ ᠡᠭᠴᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠨᠢ ᠬᠡᠷᠡᠭᠴᠡᠭᠡ ᠪᠠᠨ ᠦᠨᠳᠦᠰᠦᠯᠡᠵᠦ ᠳ᠋ᠠᠢᠢᠲ᠋ᠠ ᠶᠢᠨ ᠡᠬᠢ ᠪᠠᠶᠠᠯᠢᠭ ᠢ ᠬᠠᠮᠲᠤ ᠪᠠᠷ ᠭᠥᠷᠳᠡᠵᠦ᠂ ᠬᠤᠤᠰ ᠴᠢᠭᠯᠡᠯ ᠤᠨ ᠳ᠋ᠠᠢᠢᠲ᠋ᠠ ᠶᠢᠨ ᠵᠠᠯᠭᠠᠭᠠᠰᠤ ᠶᠢ ᠣᠨᠣᠴᠠᠲᠠᠶ ᠪᠠᠷ ᠨᠡᠢᠢᠲᠡᠯᠡᠨ᠂ ᠠᠶᠢᠮᠠᠭ ᠬᠤᠲᠠ᠂ ᠬᠤᠰᠢᠭᠤ ᠰᠢᠶᠠᠨ ︵ ᠬᠤᠲᠠ᠂ ᠲᠣᠭᠤᠷᠢᠭ ︶᠂ ᠰᠤᠮᠤ ᠰᠢᠶᠠᠩ ᠪᠠᠯᠭᠠᠰᠤ ︵ ᠵᠡᠭᠡᠯᠢ ᠭᠤᠳᠤᠮᠵᠢ ︶᠂ ᠭᠠᠴᠠᠭ᠎ᠠ ᠲᠣᠰᠬᠤᠨ ︵ ᠨᠡᠶᠢᠭᠡᠮ ᠲᠣᠭᠤᠷᠢᠭ ︶ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠪᠥᠬᠦ ᠴᠤᠪᠤᠷᠠᠯ ᠤᠨ ︽ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ ︾ ᠳᠤ ᠲᠤᠯᠭᠠᠭᠤᠷᠢᠯᠠᠨ᠎ᠠ᠃ ︵ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ ︶

  ︵ ᠳᠣᠯᠤᠭ᠎ᠠ ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠵᠠᠰᠠᠯᠲᠠ ᠶᠢ ᠴᠢᠩᠭᠠᠳᠬᠠᠨ᠎ᠠ᠃ ᠳ᠋ᠠᠢᠢᠲ᠋ᠠ ᠶᠢ ᠴᠤᠭᠯᠠᠭᠤᠯᠤᠨ ᠨᠡᠢᠢᠯᠡᠭᠦᠯᠬᠦ᠂ ᠰᠢᠢᠳᠪᠦᠷᠢᠯᠡᠬᠦ᠂ ᠬᠠᠮᠲᠤ ᠪᠠᠷ ᠬᠥᠷᠲᠡᠬᠦ᠂ ᠨᠡᠭᠡᠭᠡᠯᠲᠡ ᠲᠠᠢ ᠪᠣᠯᠭᠠᠬᠤ᠂ ᠬᠡᠷᠡᠭᠯᠡᠬᠦ᠂ ᠠᠮᠤᠷ ᠲᠦᠪᠰᠢᠨ ᠪᠠᠢᠢᠯᠭᠠᠬᠤ᠂ ᠬᠠᠳᠠᠭᠠᠯᠠᠬᠤ᠂ ᠳᠠᠩᠰᠠᠨ ᠳᠤ ᠣᠷᠣᠭᠤᠯᠬᠤ ᠵᠡᠷᠭᠡ ᠡᠯ᠎ᠡ ᠭᠤᠭᠴᠤᠭ᠎ᠠ ᠶᠢ ᠬᠠᠮᠤᠷᠤᠭᠰᠠᠨ ᠳ᠋ᠠᠢᠢᠲ᠋ᠠ ᠶᠢᠨ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠳ᠋ᠠᠢᠢᠲ᠋ᠠ ᠶᠢᠨ ᠵᠠᠰᠠᠯᠲᠠ ᠶᠢᠨ ᠲᠦᠷᠢᠮ ᠢ ᠲᠤᠳᠤᠷᠬᠠᠢ ᠲᠣᠭᠲᠠᠭᠠᠨ᠂ ᠴᠤᠭᠯᠠᠭᠤᠯᠤᠨ ᠨᠡᠢᠢᠯᠡᠭᠦᠯᠦᠭᠰᠡᠨ ᠳ᠋ᠠᠢᠢᠲ᠋ᠠ ᠳᠤ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠵᠢᠷᠤᠮᠵᠢᠭᠰᠠᠨ ᠵᠠᠰᠠᠯᠲᠠ ᠬᠢᠨ᠎ᠠ᠃ ︽ ᠬᠡᠨ ᠬᠠᠮᠢᠶᠠᠷᠪᠠᠯ ᠲᠡᠷᠡ ᠬᠠᠷᠢᠭᠤᠴᠠᠬᠤ᠂ ᠬᠡᠨ ᠬᠠᠩᠭᠠᠪᠠᠯ ᠲᠡᠷᠡ ᠬᠠᠷᠢᠭᠤᠴᠠᠬᠤ᠂ ᠬᠡᠨ ᠬᠡᠷᠡᠭᠯᠡᠪᠡᠯ ᠲᠡᠷᠡ ᠬᠠᠷᠢᠭᠤᠴᠠᠬᠤ ︾ ᠵᠠᠷᠴᠢᠮ ᠶᠣᠰᠣᠭᠠᠷ᠂ ᠳ᠋ᠠᠢᠢᠲ᠋ᠠ ᠶᠢᠨ ᠶᠠᠰᠤ ᠴᠢᠨᠠᠷ ᠢ ᠬᠠᠷᠢᠭᠤ ᠲᠤᠰᠬᠠᠨ ᠴᠡᠭᠴᠡᠯᠡᠨ ᠰᠠᠢᠢᠵᠢᠷᠠᠭᠤᠯᠬᠤ ᠬᠠᠷᠢᠭᠤᠴᠠᠯᠭ᠎ᠠ ᠶᠢᠨ ᠲᠣᠭᠲᠠᠴᠠ ᠪᠠ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠳ᠋ᠠᠢᠢᠲ᠋ᠠ ᠶᠢᠨ ᠶᠠᠰᠤ ᠴᠢᠨᠠᠷ ᠲᠤ ᠠᠵᠢᠯ ᠶᠠᠪᠤᠳᠠᠯ ᠤᠨ ᠡᠮᠦᠨ᠎ᠡ᠂ ᠠᠵᠢᠯ ᠶᠠᠪᠤᠳᠠᠯ ᠤᠨ ᠳᠤᠮᠳᠠ ᠪᠠ ᠠᠵᠢᠯ ᠶᠠᠪᠤᠳᠠᠯ ᠤᠨ ᠳᠠᠷᠠᠭ᠎ᠠ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠂ ᠠᠰᠠᠭᠤᠳᠠᠯ ᠲᠠᠢ ᠳ᠋ᠠᠢᠢᠲ᠋ᠠ ᠶᠢ ᠬᠠᠷᠢᠭᠤ ᠲᠤᠰᠬᠠᠵᠤ ᠪᠣᠯᠬᠤ᠂ ᠬᠠᠮᠲᠤ ᠪᠠᠷ ᠭᠥᠷᠳᠡᠬᠦ ᠶᠠᠪᠤᠴᠠ ᠶᠢ ᠮᠦᠷᠳᠡᠨ ᠤᠬᠤᠴᠢᠯᠠᠵᠤ ᠪᠣᠯᠬᠤ᠂ ᠳ᠋ᠠᠢᠢᠲ᠋ᠠ ᠶᠢᠨ ᠶᠠᠰᠤ ᠴᠢᠨᠠᠷ ᠤᠨ ᠠᠰᠠᠭᠤᠳᠠᠯ ᠤᠨ ᠬᠠᠷᠢᠭᠤᠴᠠᠯᠭ᠎ᠠ ᠶᠢ ᠲᠣᠭᠲᠠᠭᠠᠵᠤ ᠪᠣᠯᠬᠤ ᠶᠢ ᠪᠡᠶᠡᠯᠡᠭᠦᠯᠵᠦ᠂ ᠳ᠋ᠠᠢᠢᠲ᠋ᠠ ᠶᠢ ᠡᠬᠢ ᠡᠭᠦᠰᠦᠯ ᠡᠴᠠ ᠨᠢ ᠵᠠᠰᠠᠬᠤ᠂ ᠰᠢᠰᠲ᠋ᠧᠮ ᠲᠠᠢ ᠵᠠᠰᠠᠬᠤ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠳ᠋ᠠᠢᠢᠲ᠋ᠠ ᠶᠢ ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠵᠤ᠂ ᠳ᠋ᠠᠢᠢᠲ᠋ᠠ ᠶᠢᠨ ᠲᠤᠬᠠᠶᠢᠯᠠᠭᠰᠠᠨ ᠠᠵᠢᠯ ᠤᠨ ᠬᠠᠷᠢᠶᠠᠯᠠᠯ᠂ ᠢᠷᠡᠯᠲᠡ ᠶᠢᠨ ᠬᠠᠷᠢᠶᠠᠯᠠᠯ᠂ ᠬᠠᠮᠲᠤ ᠪᠠᠷ ᠭᠥᠷᠳᠡᠬᠦ ᠶᠢᠨ ᠬᠠᠷᠢᠶᠠᠯᠠᠯ᠂ ᠨᠡᠭᠡᠭᠡᠯᠲᠡ ᠶᠢᠨ ᠬᠠᠷᠢᠶᠠᠯᠠᠯ ᠵᠡᠷᠭᠡ ᠶᠢ ᠵᠢᠷᠤᠮᠵᠢᠭᠤᠯᠤᠨ᠎ᠠ᠃ ᠣᠯᠠᠨ ᠡᠬᠢᠲᠦ ᠬᠠᠷᠢᠴᠠᠭᠤᠯᠤᠯ᠂ ᠭᠠᠷᠤᠯ ᠬᠤᠯᠪᠣᠭ᠎ᠠ ᠶᠢᠨ ᠵᠠᠳᠠᠯᠤᠯᠲᠠ᠂ ᠵᠣᠬᠢᠶᠠᠮᠠᠯ ᠣᠶᠤᠨ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠳ᠋ᠠᠢᠢᠲ᠋ᠠ ᠶᠢᠨ ᠶᠠᠰᠤ ᠴᠢᠨᠠᠷ ᠲᠤ ᠣᠯᠠᠨ ᠡᠬᠢ ᠪᠠᠷ ᠬᠠᠷᠭᠤᠭᠤᠯᠤᠨ ᠬᠢᠨᠠᠬᠤ ᠪᠠ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠬᠢᠬᠦ ᠠᠵᠢᠯ ᠢ ᠥᠷᠨᠢᠭᠦᠯᠵᠦ᠂ ᠬᠦᠴᠦᠨ ᠥᠬᠡᠶ ᠳ᠋ᠠᠢᠢᠲ᠋ᠠ᠂ ᠪᠤᠷᠤᠭᠤ ᠳ᠋ᠠᠢᠢᠲ᠋ᠠ ᠶᠢ ᠪᠠᠭᠠᠰᠬᠠᠨ᠂ ᠳᠠᠬᠢᠨ ᠳᠠᠪᠲᠠᠨ ᠴᠤᠭᠯᠠᠭᠤᠯᠤᠭᠰᠠᠨ ᠳ᠋ᠠᠢᠢᠲ᠋ᠠ ᠶᠢ ᠢᠯᠭᠠᠨ ᠲᠠᠨᠢᠵᠤ᠂ ᠡᠷᠬᠡ ᠰᠦᠷᠲᠦ ᠳ᠋ᠠᠢᠢᠲ᠋ᠠ ᠶᠢᠨ ᠢᠷᠡᠯᠲᠡ ᠶᠢ ᠲᠣᠳᠣᠷᠬᠠᠢᠢᠯᠠᠨ᠂ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠪᠠ ᠨᠢᠭᠡᠳᠦᠯᠲᠦ ᠴᠢᠨᠠᠷ ᠢ ᠳᠡᠭᠡᠭᠰᠢᠯᠡᠭᠦᠯᠦᠨ᠎ᠡ᠃ ︵ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ ︶ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠬᠤᠯᠪᠣᠭᠳᠠᠯ ᠪᠥᠬᠦᠶ ᠪᠠᠷᠢᠮᠵᠢᠶ᠎ᠠ ᠵᠢᠷᠤᠮᠵᠢᠯ ᠶᠣᠰᠣᠭᠠᠷ᠂ ᠳ᠋ᠠᠢᠢᠲ᠋ᠠ ᠶᠢᠨ ᠵᠠᠰᠠᠯᠲᠠ ᠶᠢᠨ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠳ᠋ᠠᠢᠢᠲ᠋ᠠ ᠬᠠᠩᠭᠠᠬᠤ ᠰᠠᠯᠠᠭ᠎ᠠ ᠮᠥᠴᠢᠷ ᠨᠢ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ ᠪᠥᠬᠦᠶ ᠪᠠᠷᠢᠮᠵᠢᠶ᠎ᠠ ᠵᠢᠷᠤᠮᠵᠢᠯ ᠶᠣᠰᠣᠭᠠᠷ᠂ ᠳ᠋ᠠᠢᠢᠲ᠋ᠠ ᠶᠢ ᠴᠤᠭᠯᠠᠭᠤᠯᠤᠨ ᠨᠡᠢᠢᠯᠡᠭᠦᠯᠬᠦ᠂ ᠰᠢᠢᠳᠪᠦᠷᠢᠯᠡᠬᠦ᠂ ᠬᠠᠮᠲᠤ ᠪᠠᠷ ᠭᠥᠷᠳᠡᠬᠦ ᠵᠡᠷᠭᠡ ᠠᠵᠢᠯ ᠤᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠳ᠋ᠠᠢᠢᠲ᠋ᠠ ᠶᠢᠨ ᠦᠨᠡᠨ ᠪᠣᠳᠠᠲᠠᠶ᠂ ᠬᠡᠷᠡᠭᠯᠡᠵᠦ ᠪᠣᠯᠬᠤ᠂ ᠪᠦᠲᠦᠮᠵᠢᠲᠡᠶ ᠬᠠᠮᠲᠤ ᠪᠠᠷ ᠭᠥᠷᠳᠡᠬᠦ ᠶᠢ ᠦᠨᠡᠨ ᠬᠦ ᠪᠠᠲᠤᠯᠠᠬᠤ ᠬᠡᠷᠡᠭᠲᠡᠶ︔ ᠳ᠋ᠠᠢᠢᠲ᠋ᠠ ᠬᠡᠷᠡᠭᠯᠡᠬᠦ ᠰᠠᠯᠠᠭ᠎ᠠ ᠮᠥᠴᠢᠷ ᠨᠢ ᠳ᠋ᠠᠢᠢᠲ᠋ᠠ ᠶᠢ ᠲᠣᠭᠲᠠᠭᠠᠯ ᠳᠤ ᠨᠡᠶᠢᠴᠡᠭᠦᠯᠦᠨ ᠵᠥᠪ ᠣᠨᠣᠪᠴᠢᠲᠠᠶ ᠪᠠᠷ ᠬᠡᠷᠡᠭᠯᠡᠵᠦ᠂ ᠳ᠋ᠠᠢᠢᠲ᠋ᠠ ᠶᠢ ᠪᠦᠲᠦᠮᠵᠢᠲᠡᠶ ᠠᠰᠢᠬᠯᠠᠬᠤ᠂ ᠠᠮᠤᠷ ᠲᠦᠪᠰᠢᠨ ᠢᠶᠠᠷ ᠬᠠᠳᠠᠭᠠᠯᠠᠬᠤ᠂ ᠪᠥᠬᠦ ᠲᠠᠯ᠎ᠠ ᠪᠠᠷ ᠳᠠᠩᠰᠠᠨ ᠳᠤ ᠣᠷᠣᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︔ ᠳ᠋ᠠᠢᠢᠲ᠋ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠳ᠋ᠠᠢᠢᠲ᠋ᠠ ᠬᠠᠩᠭᠠᠬᠤ᠂ ᠬᠡᠷᠡᠭᠯᠡᠬᠦ ᠰᠠᠯᠠᠭ᠎ᠠ ᠮᠥᠴᠢᠷ ᠲᠠᠢ ᠬᠠᠮᠳᠤᠷᠠᠯᠴᠠᠨ᠂ ᠳ᠋ᠠᠢᠢᠲ᠋ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠬᠠᠮᠵᠢᠯᠴᠠᠨ ᠠᠵᠢᠯᠯᠠᠬᠤ ᠲᠣᠭᠲᠠᠴᠠ ᠶᠢ ᠪᠠᠶᠢᠭᠤᠯᠤᠨ᠂ ᠳ᠋ᠠᠢᠢᠲ᠋ᠠ ᠶᠢᠨ ᠵᠠᠰᠠᠯᠲᠠ ᠶᠢᠨ ᠲᠤᠬᠠᠶᠢᠯᠠᠭᠰᠠᠨ ᠠᠵᠢᠯ ᠤᠨ ᠴᠤᠪᠤᠷᠠᠯ ᠢ ᠨᠠᠷᠢᠯᠢᠬᠵᠢᠭᠤᠯᠵᠤ᠂ ᠳ᠋ᠠᠢᠢᠲ᠋ᠠ ᠶᠢ ᠬᠠᠮᠲᠤ ᠪᠠᠷ ᠭᠥᠷᠳᠡᠵᠦ ᠬᠡᠷᠡᠭᠯᠡᠬᠦ ᠶᠠᠪᠤᠴᠠ ᠳᠤ ᠳ᠋ᠠᠢᠢᠲ᠋ᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ︵ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ ︶

  ︵ ᠨᠠᠢᠮᠠ ︶ ᠳ᠋ᠠᠢᠢᠲ᠋ᠠ ᠶᠢᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠥᠮᠦᠨ ᠠᠮᠠ᠂ ᠪᠠᠶᠢᠭᠠᠯᠢ ᠶᠢᠨ ᠡᠬᠢ ᠪᠠᠶᠠᠯᠢᠭ᠂ ᠠᠵᠤ ᠠᠬᠤᠶ ᠵᠡᠷᠭᠡ ᠶᠢᠨ ᠰᠠᠭᠤᠷᠢ ᠬᠥᠮᠥᠷᠭᠡ ᠶᠢ ᠦᠷᠭᠦᠯᠵᠢᠯᠡᠨ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡ ᠡᠷᠡᠭᠦᠯ ᠮᠡᠨᠳᠦ᠂ ᠨᠡᠶᠢᠭᠡᠮ ᠤᠨ ᠪᠠᠲᠤᠯᠠᠭ᠎ᠠ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠢᠲᠡᠭᠡᠮᠵᠢ ᠶᠢᠨ ᠲᠣᠭᠲᠠᠯᠴᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠵᠡᠷᠭᠡ ᠭᠤᠤᠯ ᠰᠡᠳᠦᠪᠲᠦ ᠬᠥᠮᠥᠷᠭᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭᠠᠨ ᠤ ᠬᠠᠮᠢᠶᠠᠷᠤᠯᠲᠠ ᠳᠤ ᠨᠢᠭᠡᠳᠦᠯᠲᠡᠶ ᠣᠷᠣᠭᠤᠯᠤᠨ᠎ᠠ᠃ ︵ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠡᠴᠠ ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ ︶ ᠡᠯᠧᠺᠲ᠋ᠷᠣᠨ ᠭᠡᠷᠡᠴᠢ ᠦᠨᠡᠮᠯᠡᠯ ᠤᠨ ᠬᠥᠮᠥᠷᠭᠡ᠂ ᠬᠠᠤᠯᠢ ᠶᠢᠨ ᠡᠷᠬᠡᠲᠡᠨ ᠤ ᠬᠠᠮᠲᠤ ᠪᠠᠷ ᠭᠥᠷᠳᠡᠬᠦ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠤᠯ ᠰᠡᠳᠦᠪᠲᠦ ᠬᠥᠮᠥᠷᠭᠡ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠲᠡᠭᠦᠯᠳᠡᠷᠵᠢᠭᠦᠯᠵᠦ᠂ ᠬᠡᠷᠡᠭᠴᠡᠭᠡ ᠪᠠᠨ ᠦᠨᠳᠦᠰᠦᠯᠡᠵᠦ ᠰᠠᠭᠤᠷᠢ ᠳ᠋ᠠᠢᠢᠲ᠋ᠠ ᠪᠠ ᠭᠤᠤᠯ ᠰᠡᠳᠦᠪᠲᠦ ᠳ᠋ᠠᠢᠢᠲ᠋ᠠ ᠶᠢ ᠴᠤᠭᠯᠠᠭᠤᠯᠤᠨ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠯᠡᠭᠴᠢᠳ ᠢ ᠬᠠᠮᠤᠷᠤᠭᠰᠠᠨ ︽ ᠨᠢᠭᠡ ᠬᠥᠮᠦᠨ ᠳᠤ ᠨᠢᠭᠡ ᠲᠠᠩᠰᠠ ︾ ︽ ᠨᠢᠭᠡ ᠠᠵᠤ ᠠᠬᠤᠶᠢᠯᠠᠯ ᠳᠤ ᠨᠢᠭᠡ ᠲᠠᠩᠰᠠ ︾ ᠶᠢᠨ ᠭᠤᠤᠯ ᠰᠡᠳᠦᠪᠲᠦ ᠳ᠋ᠠᠢᠢᠲ᠋ᠠ ᠶᠢᠨ ᠬᠥᠮᠥᠷᠭᠡ ᠶᠢ ᠪᠦᠷᠢᠯᠳᠦᠭᠦᠯᠵᠦ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠢᠢᠲ᠋ᠠ ᠶᠢᠨ ᠲᠣᠭᠲᠠᠯᠴᠠᠭ᠎ᠠ ᠳᠤ ᠨᠢᠭᠡᠳᠦᠯᠲᠡᠶ ᠣᠷᠣᠭᠤᠯᠤᠨ᠂ ᠠᠵᠤ ᠠᠬᠤᠶᠢᠯᠠᠯ ᠪᠠ ᠬᠤᠪᠢ ᠬᠥᠮᠦᠨ ᠳᠤ ᠲᠤᠰᠬᠠᠶ ᠬᠠᠷᠢᠶᠠᠯᠠᠭᠳᠠᠬᠤ ᠣᠷᠣᠨ ᠵᠠᠶ ᠶᠢᠨ ᠦᠢᠯᠡᠴᠢᠯᠡᠭᠡᠨ ᠤ ᠴᠢᠳᠠᠪᠤᠷᠢ ᠶᠢᠨ ᠳᠡᠭᠡᠭᠰᠢᠯᠡᠯᠲᠡ ᠳᠤ ᠲᠤᠯᠭᠠᠭᠤᠷᠢᠯᠠᠨ᠎ᠠ᠃ ︵ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ 2023 ᠣᠨ ᠤ 11 ᠳ᠋ᠤᠭᠡᠷ ᠰᠠᠷ᠎ᠠ ᠶᠢᠨ ᠰᠡᠭᠦᠯᠴᠢ ᠡᠴᠠ ᠡᠮᠦᠨ᠎ᠡ ᠪᠡᠶᠡᠯᠡᠭᠦᠯᠦᠨ᠎ᠡ ︶

  ᠳᠥᠷᠪᠡ᠂ ᠬᠠᠮᠲᠤ ᠪᠠᠷ ᠬᠦᠷᠲᠡᠵᠦ ᠰᠤᠯᠢᠯᠴᠠᠬᠤ ᠶᠢᠨ ᠨᠢᠭᠡ ᠴᠣᠭᠴᠠᠵᠢᠭᠤᠯᠤᠯᠲᠠ ᠶᠢ ᠠᠬᠢᠭᠤᠯᠤᠨ᠎ᠠ

  ︵ ᠶᠢᠰᠦ ︶ ᠨᠢᠭᠡᠳᠦᠯᠲᠡᠶ ᠬᠠᠮᠲᠤ ᠪᠠᠷ ᠬᠦᠷᠲᠡᠵᠦ ᠰᠤᠯᠢᠯᠴᠠᠬᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠠ ᠤᠯᠤᠰ ᠤᠨ ᠳ᠋ᠠᠢᠢᠲ᠋ᠠ ᠶᠢ ᠬᠠᠮᠲᠤ ᠪᠠᠷ ᠬᠥᠷᠲᠡᠬᠦ ᠰᠣᠯᠢᠯᠴᠠᠭᠠᠨ ᠤ ᠲᠠᠪᠴᠠᠩ ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠤᠨ ᠳ᠋ᠠᠶᠢᠲ᠋ᠠ ᠶᠢ ᠬᠠᠮᠲᠤ ᠪᠠᠷ ᠬᠦᠷᠲᠡᠵᠦ ᠲᠤᠯᠭᠠᠭᠤᠷᠢᠯᠠᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠬᠠᠮᠲᠤ ᠪᠠᠷ ᠭᠥᠷᠳᠡᠬᠦ ᠭᠤᠶᠤᠴᠢᠯᠠᠯ ᠢ ᠨᠢᠭᠡᠳᠦᠯᠲᠡᠶ ᠭᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠦᠢᠯᠡᠴᠢᠯᠡᠭᠡ ᠬᠠᠩᠭᠠᠨ᠂ ᠥᠪᠡᠷᠲᠡᠭᠡᠨ ᠵᠠᠰᠠᠬᠤ ᠣᠷᠣᠨ ︱ ᠠᠶᠢᠮᠠᠭ ᠬᠤᠲᠠ ︱ ᠬᠤᠰᠢᠭᠤ ᠰᠢᠶᠠᠨ ︵ ᠬᠤᠲᠠ᠂ ᠲᠣᠭᠤᠷᠢᠭ ︶ ᠵᠡᠷᠭᠡ ᠳᠡᠰ ᠱᠠᠲᠤ ᠶᠢ ᠬᠠᠮᠤᠷᠤᠭᠰᠠᠨ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠬᠦᠷᠲᠡᠵᠦ ᠰᠤᠯᠢᠯᠴᠠᠬᠤ ᠲᠣᠭᠲᠠᠯᠴᠠᠭ᠎ᠠ ᠶᠢ ᠪᠣᠶ ᠪᠣᠯᠭᠠᠵᠤ᠂ ᠬᠡᠷᠡᠭᠴᠡᠭᠡ ᠪᠠᠨ ᠦᠨᠳᠦᠰᠦᠯᠡᠵᠦ ᠰᠢᠶᠠᠩ ᠪᠠᠯᠭᠠᠰᠤ ᠰᠤᠮᠤ ᠲᠡᠢᠢᠰᠢ ᠤᠷᠲᠤᠳᠬᠠᠨ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ ᠳ᠋ᠠᠶᠢᠲ᠋ᠠ ᠶᠢ ᠬᠠᠮᠲᠤ ᠪᠠᠷ ᠭᠥᠷᠳᠡᠬᠦ ᠬᠡᠷᠡᠭᠴᠡᠭᠡ ᠱᠠᠭᠠᠷᠳᠠᠯᠭ᠎ᠠ ᠶᠢ ᠨᠢ ᠥᠨᠳᠥᠷ ᠦᠷ᠎ᠡ ᠪᠦᠲᠦᠮᠵᠢᠲᠡᠶ ᠪᠠᠷ ᠬᠠᠩᠭᠠᠨ᠎ᠠ᠃ ︵ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ ︶ ᠡᠯ᠎ᠡ ᠠᠢᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠲᠠᠪᠴᠠᠩ ᠢ ᠪᠥᠬᠦ ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠳᠤ ᠨᠢᠭᠡᠳᠦᠯᠲᠡᠶ ᠣᠷᠣᠭᠤᠯᠵᠤ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠠᠯᠠᠭ᠎ᠠ ᠮᠥᠴᠢᠷ ᠤᠨ ᠬᠤᠭᠤᠷᠣᠨᠳᠣ᠂ ᠭᠠᠵᠠᠷ ᠣᠷᠣᠨ ᠤ ᠬᠤᠭᠤᠷᠣᠨᠳᠣ ᠳ᠋ᠠᠶᠢᠲ᠋ᠠ ᠶᠢ ᠭᠦᠢᠯᠬᠡᠬᠡᠯᠡᠬᠦ ᠪᠠ ᠬᠠᠮᠲᠤ ᠪᠠᠷ ᠭᠥᠷᠳᠡᠬᠦ ᠳᠤ ᠲᠤᠯᠭᠠᠭᠤᠷᠢᠯᠠᠵᠤ᠂ ᠬᠡᠷᠡᠭᠯᠡᠭᠡ ᠪᠠᠷ ᠬᠥᠲᠥᠯᠦᠮᠵᠢ ᠪᠣᠯᠭᠠᠨ᠂ ᠳ᠋ᠠᠶᠢᠲ᠋ᠠ ᠶᠢ ᠬᠠᠮᠲᠤ ᠪᠠᠷ ᠭᠥᠷᠳᠡᠬᠦ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ ᠡᠯ᠎ᠡ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠵᠤ᠂ 2023 ᠣᠨ ᠤ ᠵᠢᠯ ᠤᠨ ᠡᠴᠦᠰ ᠡᠴᠠ ᠡᠮᠦᠨ᠎ᠡ ᠪᠡᠶᠡᠯᠡᠭᠦᠯᠦᠨ᠎ᠡ ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳ᠋ᠠᠢᠢᠲ᠋ᠠ ᠶᠢ ᠴᠠᠭ ᠲᠤᠬᠠᠶ ᠳᠤ ᠨᠢ ᠰᠣᠯᠢᠯᠴᠠᠬᠤ ᠰᠢᠰᠲ᠋ᠧᠮ ᠢ ᠲᠥᠯᠥᠪᠵᠢᠭᠦᠯᠦᠨ ᠵᠣᠬᠢᠶᠠᠵᠤ᠂ ᠪᠦᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠳᠤ ᠨᠢᠭᠡᠳᠦᠯᠲᠡᠶ ᠣᠷᠣᠭᠤᠯᠤᠨ᠂ ᠶᠡᠭᠡ ᠬᠡᠮᠵᠢᠶᠡᠨ ᠤ ᠳ᠋ᠠᠢᠢᠲ᠋ᠠ ᠶᠢ ᠳᠡᠭᠡᠳᠦ ᠬᠤᠷᠳᠤᠴᠠ ᠪᠠᠷ ᠳᠠᠮᠵᠢᠭᠤᠯᠬᠤ ᠳᠤ ᠲᠡᠮᠵᠢᠯᠭᠡ ᠦᠵᠡᠬᠦᠯᠵᠦ᠂ ᠳ᠋ᠠᠢᠢᠲ᠋ᠠ ᠶᠢ ᠮᠢᠨᠦ᠋ᠲ ᠲᠤ ᠬᠠᠮᠲᠤ ᠪᠠᠷ ᠭᠥᠷᠳᠡᠬᠦ᠂ ᠳ᠋ᠠᠢᠢᠲ᠋ᠠ ᠶᠢ ᠬᠤᠤᠰ ᠴᠢᠭᠯᠡᠯ ᠢᠶᠠᠷ ᠭᠦᠢᠯᠬᠡᠬᠡᠯᠡᠬᠦ ᠶᠢ ᠪᠡᠶᠡᠯᠡᠭᠦᠯᠦᠨ᠂ ᠠᠮᠤᠷ ᠲᠦᠪᠰᠢᠨ ᠪᠦᠭᠡᠳ ᠲᠣᠭᠲᠠᠭᠤᠨ᠂ ᠠᠵᠢᠯᠯᠠᠭᠠᠨ ᠨᠢ ᠥᠨᠳᠥᠷ ᠪᠦᠲᠦᠮᠵᠢᠲᠡᠶ ᠳ᠋ᠠᠢᠢᠲ᠋ᠠ ᠶᠢᠨ ᠬᠠᠩᠭᠠᠯᠭ᠎ᠠ ᠶᠢᠨ ᠬᠡᠯᠬᠢᠶ᠎ᠡ ᠶᠢ ᠪᠣᠶ ᠪᠣᠯᠭᠠᠵᠤ᠂ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠲᠠᠰ ᠱᠠᠲᠤ ᠠᠯᠤᠰᠯᠠᠭᠰᠠᠨ ᠳ᠋ᠠᠢᠢᠲ᠋ᠠ ᠶᠢ ᠪᠦᠲᠦᠮᠵᠢᠲᠡᠶ ᠭᠦᠢᠯᠬᠡᠬᠡᠯᠡᠬᠦ ᠪᠠ ᠭᠦᠢᠴᠡᠳ ᠬᠠᠮᠲᠤ ᠪᠠᠷ ᠭᠥᠷᠳᠡᠬᠦ ᠵᠢᠴᠢ ᠡᠯ᠎ᠡ ᠱᠠᠲᠤᠨ ᠤ ᠰᠠᠯᠠᠭ᠎ᠠ ᠮᠥᠴᠢᠷ ᠤᠨ ᠡᠭᠴᠡ ᠬᠠᠮᠢᠶᠠᠷᠬᠤ ᠲᠤᠬᠠᠶᠢᠯᠠᠭᠰᠠᠨ ᠠᠵᠢᠯ ᠤᠨ ᠰᠢᠰᠲ᠋ᠧᠮ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠯᠤᠭ᠎ᠠ ᠲᠣᠰ ᠱᠠᠲᠤᠨ ᠳᠤ ᠵᠠᠯᠭᠠᠯᠳᠤᠭᠤᠯᠬᠤ ᠵᠡᠷᠭᠡ ᠠᠵᠢᠯ ᠳᠤ ᠲᠤᠯᠭᠠᠭᠤᠷᠢᠯᠠᠨ᠎ᠠ᠃ ︵ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠷᠢᠭᠤᠴᠠᠵᠤ᠂ 2023 ᠣᠨ ᠤ 9 ᠳ᠋ᠤᠭᠡᠷ ᠰᠠᠷ᠎ᠠ ᠶᠢᠨ ᠰᠡᠭᠦᠯᠴᠢ ᠡᠴᠠ ᠡᠮᠦᠨ᠎ᠡ ᠪᠡᠶᠡᠯᠡᠭᠦᠯᠦᠨ᠎ᠡ ︶

  ︵ ᠠᠷᠪᠠ ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠵᠢᠯᠴᠠᠨ ᠬᠠᠮᠲᠤ ᠪᠠᠷ ᠬᠥᠷᠲᠡᠬᠦ ᠶᠢ ᠭᠦᠨᠵᠡᠭᠡᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠢ ᠳᠡᠭᠡᠭᠰᠢ ᠤᠯᠤᠰ ᠤᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠳᠤ ᠵᠠᠯᠭᠠᠨ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠠᠯᠠᠭ᠎ᠠ ᠮᠥᠴᠢᠷ ᠤᠨ ᠬᠤᠭᠤᠷᠣᠨᠳᠣ᠂ ᠭᠠᠵᠠᠷ ᠣᠷᠣᠨ ᠤ ᠬᠤᠭᠤᠷᠣᠨᠳᠣ ᠳ᠋ᠠᠶᠢᠲ᠋ᠠ ᠶᠢ ᠭᠦᠢᠯᠬᠡᠬᠡᠯᠡᠬᠦ ᠪᠠ ᠬᠠᠮᠲᠤ ᠪᠠᠷ ᠭᠥᠷᠳᠡᠬᠦ ᠳᠤ ᠲᠤᠯᠭᠠᠭᠤᠷᠢᠯᠠᠨ᠎ᠠ᠃ ᠬᠡᠷᠡᠭᠯᠡᠭᠡ ᠪᠠᠷ ᠬᠥᠲᠥᠯᠦᠮᠵᠢ ᠪᠣᠯᠭᠠᠵᠤ᠂ ᠣᠯᠠᠨ ᠨᠡᠶᠢᠲᠡ ᠶᠢᠨ ᠳ᠋ᠠᠢᠢᠲ᠋ᠠ ᠪᠠ ᠨᠡᠶᠢᠭᠡᠮ ᠤᠨ ᠳ᠋ᠠᠢᠢᠲ᠋ᠠ ᠶᠢ ᠬᠠᠮᠲᠤ ᠪᠠᠷ ᠭᠥᠷᠳᠡᠬᠦ ᠶᠢ ᠬᠠᠮᠵᠢᠯᠴᠠᠨ ᠠᠬᠢᠭᠤᠯᠵᠤ᠂ ᠨᠡᠶᠢᠭᠡᠮ ᠤᠨ ᠳ᠋ᠠᠢᠢᠲ᠋ᠠ ᠶᠢ ︽ ᠨᠢᠭᠡᠳᠦᠯᠲᠡᠶ ᠴᠤᠭᠯᠠᠭᠤᠯᠤᠨ ᠬᠠᠮᠲᠤ ᠪᠠᠷ ᠬᠡᠷᠡᠭᠯᠡᠬᠦ ︾ ᠶᠢ ᠬᠠᠶᠢᠨ ᠰᠦᠪᠡᠭᠴᠢᠯᠡᠵᠦ᠂ ᠵᠠᠰᠠᠭ ᠤᠨ ᠣᠷᠳᠣᠨ ᠤ ᠬᠠᠮᠲᠤ ᠪᠠᠷ ᠬᠦᠷᠲᠡᠭᠡᠬᠦ ᠨᠡᠶᠢᠭᠡᠮ ᠤᠨ ᠳ᠋ᠠᠶᠢᠲ᠋ᠠ ᠳ᠋ᠠᠬᠢ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠂ ᠤᠯᠤᠰ ᠭᠦᠷᠦᠨ᠂ ᠣᠷᠣᠨ ᠨᠤᠲᠤᠭ᠂ ᠰᠠᠯᠠᠭ᠎ᠠ ᠮᠥᠴᠢᠷ᠂ ᠠᠵᠤ ᠠᠬᠤᠶᠢᠯᠠᠯ ᠵᠡᠷᠭᠡ ᠠᠳᠠᠯᠢ ᠪᠤᠰᠤ ᠱᠠᠲᠤ ᠳᠠᠪᠬᠤᠷᠭ᠎ᠠ ᠵᠢᠨ ᠳ᠋ᠠᠢᠢᠲ᠋ᠠ ᠶᠢᠨ ᠬᠠᠮᠵᠢᠯᠴᠠᠨ ᠬᠠᠮᠲᠤ ᠪᠠᠷ ᠭᠥᠷᠳᠡᠬᠦ ᠲᠣᠭᠲᠠᠴᠠ ᠶᠢ ᠪᠣᠶ ᠪᠣᠯᠭᠠᠵᠤ᠂ ᠳ᠋ᠠᠢᠢᠲ᠋ᠠ ᠵᠢᠨ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ︵ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ ︶

  ᠲᠠᠪᠤ᠂ ᠳ᠋ᠠᠶᠢᠲ᠋ᠠ ᠶᠢᠨ ᠦᠢᠯᠡᠴᠢᠯᠡᠭᠡᠨ ᠤ ᠨᠢᠭᠡ ᠴᠣᠭᠴᠠᠵᠢᠭᠤᠯᠤᠯᠲᠠ ᠶᠢ ᠠᠬᠢᠭᠤᠯᠤᠨ᠎ᠠ

  ︵ ᠠᠷᠪᠠᠨ ᠨᠢᠭᠡ ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠦᠢᠯᠡᠴᠢᠯᠡᠭᠡᠨ ᠤ ᠫᠣᠷᠲ᠋ᠧᠯ ᠢ ᠰᠢᠯᠢᠳᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠬᠥᠷᠲᠡᠬᠦ ᠲᠠᠪᠴᠠᠩ᠂ ᠣᠯᠠᠨ ᠨᠡᠶᠢᠲᠡ ᠶᠢᠨ ᠳ᠋ᠠᠢᠢᠲ᠋ᠠ ᠶᠢᠨ ᠨᠡᠭᠡᠭᠡᠯᠲᠡᠲᠦ ᠲᠠᠪᠴᠠᠩ ᠪᠠ ᠪᠦᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠢᠢᠲ᠋ᠠ ᠶᠢᠨ ᠲᠠᠪᠴᠠᠩ ᠤᠨ ᠳ᠋ᠠᠢᠢᠲ᠋ᠠ ᠶᠢᠨ ᠦᠢᠯᠡᠴᠢᠯᠡᠭᠡᠨ ᠤ ᠶᠡᠷᠦᠩᠬᠡᠢ ᠫᠤᠷᠲ᠋ᠧᠯ ᠢ ᠪᠠᠢᠢᠭᠤᠯᠵᠤ᠂ ᠭᠠᠷᠴᠠᠭ ᠤᠨ ᠬᠠᠮᠢᠶᠠᠷᠤᠯᠲᠠ᠂ ᠬᠠᠩᠭᠠᠯᠭ᠎ᠠ ᠬᠡᠷᠡᠭᠴᠡᠭᠡ ᠶᠢ ᠵᠠᠯᠭᠠᠯᠳᠤᠭᠤᠯᠬᠤ᠂ ᠡᠬᠢ ᠪᠠᠶᠠᠯᠢᠭ ᠤᠨ ᠬᠠᠮᠢᠶᠠᠷᠤᠯᠲᠠ᠂ ᠳ᠋ᠠᠢᠢᠲ᠋ᠠ ᠶᠢ ᠬᠠᠮᠲᠤ ᠪᠠᠷ ᠬᠥᠷᠲᠡᠬᠦ᠂ ᠳ᠋ᠠᠢᠢᠲ᠋ᠠ ᠶᠢ ᠨᠡᠭᠡᠭᠡᠯᠲᠡ ᠲᠠᠢ ᠪᠣᠯᠭᠠᠬᠤ᠂ ᠵᠠᠳᠠᠯᠤᠨ ᠰᠢᠢᠳᠪᠦᠷᠢᠯᠡᠬᠦ ᠵᠡᠷᠭᠡ ᠴᠢᠳᠠᠮᠵᠢ ᠶᠢ ᠡᠮᠬᠢᠯᠡᠨ ᠨᠡᠶᠢᠯᠡᠭᠦᠯᠵᠦ ᠨᠢᠭᠡᠳᠭᠡᠨ᠂ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ᠂ ᠡᠬᠢ ᠪᠠᠶᠠᠯᠢᠭ ᠢ ᠴᠤᠭᠯᠠᠭᠤᠯᠤᠨ ᠨᠡᠢᠢᠯᠡᠭᠦᠯᠬᠦ᠂ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠵᠤ ᠡᠷᠬᠡ ᠣᠯᠭᠤᠬᠤ᠂ ᠡᠬᠢ ᠪᠠᠶᠠᠯᠢᠭ ᠢ ᠬᠠᠮᠲᠤ ᠪᠠᠷ ᠭᠥᠷᠳᠡᠬᠦ᠂ ᠪᠦᠷᠢᠳᠬᠡᠨ ᠵᠠᠳᠠᠯᠬᠤ᠂ ᠦᠵᠡᠭᠳᠡᠮᠡᠯ ᠪᠣᠯᠭᠠᠨ ᠳᠡᠯᠭᠡᠨ ᠦᠵᠡᠭᠦᠯᠬᠦ ᠪᠠ ᠠᠵᠢᠯᠯᠠᠭᠤᠯᠤᠨ ᠬᠠᠮᠢᠶᠠᠷᠬᠤ ᠵᠡᠷᠭᠡ ᠦᠢᠯᠡᠴᠢᠯᠡᠭᠡ ᠶᠢ ᠬᠠᠩᠭᠠᠵᠤ᠂ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠳ᠋ᠠᠢᠢᠲ᠋ᠠ ᠶᠢ ︽ ᠨᠢᠭᠡᠳᠪᠦᠷᠢ ᠳᠠᠩᠰᠠ ︾ ᠪᠠᠷ ᠳᠡᠯᠭᠡᠨ ᠦᠵᠡᠭᠦᠯᠵᠦ᠂ ︽ ᠨᠢᠭᠡ ᠥᠷᠲᠡᠭᠡᠴᠢᠯᠡᠭᠰᠡᠨ ᠮᠠᠶ᠋ᠢᠭ ︾ ᠢᠶᠠᠷ ᠭᠤᠶᠤᠴᠢᠯᠠᠵᠤ᠂ ︽ ᠨᠢᠭᠡ ᠲᠠᠪᠴᠠᠩ ︾ ᠢᠶᠠᠷ ᠲᠣᠬᠢᠷᠠᠭᠤᠯᠬᠤ ᠶᠢ ᠪᠡᠶᠡᠯᠡᠭᠦᠯᠦᠨ᠂ ᠡᠯ᠎ᠡ ᠠᠶᠢᠮᠠᠭ ᠬᠤᠲᠠ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠭᠠᠵᠠᠷ ᠣᠷᠣᠨ ᠠᠯᠤᠰᠯᠠᠨ᠂ ᠰᠠᠯᠠᠭ᠎ᠠ ᠮᠥᠴᠢᠷ ᠠᠯᠤᠰᠯᠠᠨ᠂ ᠲᠠᠰ ᠱᠠᠲᠤ ᠠᠯᠤᠰᠯᠠᠨ ᠬᠠᠷᠢᠯᠴᠠᠨ ᠮᠡᠳᠡᠷᠡᠵᠦ ᠬᠠᠮᠲᠤ ᠪᠠᠷ ᠭᠥᠷᠳᠡᠬᠦ ᠳᠤ ᠲᠤᠯᠭᠠᠭᠤᠷᠢᠯᠠᠵᠤ᠂ ᠳ᠋ᠠᠢᠢᠲ᠋ᠠ ᠶᠢᠨ ᠡᠬᠢ ᠪᠠᠶᠠᠯᠢᠭ ᠤᠨ ᠥᠨᠳᠥᠷ ᠪᠦᠲᠦᠮᠵᠢᠲᠡᠶ ᠲᠣᠬᠢᠷᠠᠭᠤᠯᠤᠯᠲᠠ᠂ ᠴᠢᠨᠠᠷ ᠰᠠᠶᠢᠲᠠᠶ ᠬᠠᠩᠭᠠᠯᠭ᠎ᠠ ᠶᠢ ᠪᠡᠶᠡᠯᠡᠬᠦᠯᠦᠨ ᠠᠬᠢᠭᠤᠯᠤᠨ᠎ᠠ᠃ ︵ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠷᠢᠭᠤᠴᠠᠵᠤ᠂ 2023 ᠣᠨ ᠤ ᠵᠢᠯ ᠤᠨ ᠡᠴᠦᠰ ᠡᠴᠠ ᠡᠮᠦᠨ᠎ᠡ ᠪᠡᠶᠡᠯᠡᠭᠦᠯᠦᠨ᠎ᠡ ︶

  ︵ ᠠᠷᠪᠠᠨ ᠬᠤᠶᠠᠷ ︶ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠳ᠋ᠠᠢᠢᠲ᠋ᠠ ᠶᠢᠨ ᠪᠣᠳᠣᠯᠭ᠎ᠠ᠂ ᠬᠦᠷᠢᠶ᠎ᠡ ᠴᠠᠷᠠᠭ᠎ᠠ ᠬᠤᠪᠢᠶᠠᠵᠦ ᠲᠠᠰ ᠢᠯᠭᠠᠨᠨᠰᠠᠨ ᠬᠡᠷᠡᠭᠯᠡᠭᠴᠢᠳ ᠤᠨ ᠬᠠᠮᠢᠶᠠᠷᠤᠯᠲᠠ ᠪᠠ ᠳ᠋ᠠᠢᠢᠲ᠋ᠠ ᠶᠢᠨ ᠡᠯᠡᠰᠦᠨ ᠬᠠᠢᠢᠷᠴᠠᠭ ᠤᠨ ᠵᠠᠭᠪᠤᠷ ᠤᠨ ᠨᠡᠭᠡᠭᠡᠨ ᠠᠰᠢᠬᠯᠠᠯᠲᠠ ᠵᠡᠷᠭᠡ ᠴᠢᠳᠠᠪᠤᠷᠢ ᠶᠢ ᠪᠦᠷᠢᠳᠦᠭᠦᠯᠦᠭᠰᠡᠨ ᠲᠣᠮᠣ ᠳ᠋ᠠᠢᠢᠲ᠋ᠠ ᠶᠢ ᠰᠢᠢᠳᠪᠦᠷᠢᠯᠡᠨ ᠵᠠᠳᠠᠯᠬᠤ ᠰᠢᠰᠲ᠋ᠧᠮ ᠢ ᠪᠠᠶᠢᠭᠤᠯᠵᠤ᠂ ᠣᠯᠠᠨ ᠡᠰᠢᠲᠦ᠂ ᠣᠨᠳᠣᠤ ᠪᠦᠲᠦᠴᠡᠲᠦ᠂ ᠶᠡᠭᠡ ᠬᠡᠮᠵᠢᠶᠡᠨ ᠤ ᠳ᠋ᠠᠢᠢᠲ᠋ᠠ ᠶᠢ ᠠᠭᠤᠰᠤᠯᠴᠠᠭᠤᠯᠤᠨ ᠬᠡᠷᠡᠭᠯᠡᠵᠦ ᠰᠢᠨ᠎ᠡ ᠶᠢ ᠡᠭᠦᠳᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠲᠣᠮᠣ ᠳ᠋ᠠᠶᠢᠲ᠋ᠠ᠂ ᠵᠣᠬᠢᠶᠠᠮᠠᠯ ᠣᠶᠤᠨ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠨᠠᠲ᠋ᠦ᠋ᠷᠠᠯ ᠬᠡᠯᠡ ᠶᠢ ᠰᠢᠢᠳᠪᠦᠷᠢᠯᠡᠬᠦ᠂ ᠸᠢᠳᠢᠣ᠋ ᠵᠢᠷᠤᠮᠠᠭ ᠤᠨ ᠵᠠᠳᠠᠯᠤᠯᠲᠠ᠂ ᠣᠶᠤᠨᠴᠢ ᠠᠰᠠᠭᠤᠯᠲᠠ ᠬᠠᠷᠢᠭᠤᠯᠲᠠ᠂ ᠮᠠᠰᠢᠨ ᠣᠷᠴᠢᠭᠤᠯᠭ᠎ᠠ᠂ ᠳ᠋ᠠᠢᠢᠲ᠋ᠠ ᠶᠢ ᠠᠭᠤᠳᠠᠯᠤᠨ ᠵᠠᠳᠠᠯᠬᠤ᠂ ᠳ᠋ᠠᠢᠢᠲ᠋ᠠ ᠶᠢ ᠦᠵᠡᠭᠳᠡᠮᠡᠯ ᠪᠣᠯᠭᠠᠬᠤ᠂ ᠳ᠋ᠠᠢᠢᠲ᠋ᠠ ᠶᠢ ᠨᠡᠭᠡᠭᠡᠯᠲᠡ ᠲᠠᠢ ᠪᠣᠯᠭᠠᠬᠤ ᠳᠤ ᠡᠷᠬᠡ ᠣᠯᠭᠤᠬᠤ᠂ ᠳ᠋ᠠᠢᠢᠲ᠋ᠠ ᠶᠢ ᠠᠭᠤᠰᠤᠯᠴᠠᠭᠤᠯᠤᠨ ᠪᠤᠳᠤᠬᠤ ᠵᠡᠷᠭᠡ ᠴᠢᠳᠠᠮᠵᠢ ᠶᠢ ᠨᠢᠭᠡᠳᠭᠡᠭᠰᠡᠨ ᠨᠡᠶᠢᠳᠡᠮ ᠬᠡᠷᠡᠭᠯᠡᠭᠡᠨ ᠤ ᠪᠤᠳᠤᠬᠤ ᠠᠷᠭ᠎ᠠ ᠶᠢᠨ ᠵᠠᠭᠪᠤᠷ ᠪᠠ ᠡᠵᠡᠮᠰᠢᠭᠦᠷ ᠤᠨ ᠬᠥᠮᠥᠷᠭᠡ ᠶᠢ ᠪᠠᠢᠢᠭᠤᠯᠵᠤ᠂ ᠪᠠᠷᠢᠮᠵᠢᠶᠠᠵᠢᠭᠰᠠᠨ᠂ ᠤᠶᠤᠨᠴᠢᠯᠠᠭᠰᠠᠨ ᠳ᠋ᠠᠢᠢᠲ᠋ᠠ ᠶᠢᠨ ᠦᠢᠯᠡᠴᠢᠯᠡᠭᠡ ᠶᠢ ᠬᠠᠩᠭᠠᠨ᠎ᠠ᠃ ︵ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ ︶

  ︵ ᠠᠷᠪᠠᠨ ᠭᠤᠷᠪᠠ ︶ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠰᠢᠨ᠎ᠡ ᠶᠢ ᠡᠭᠦᠳᠬᠦ ᠡᠷᠴᠢᠮ ᠢ ᠴᠢᠩᠭᠠᠷᠠᠭᠤᠯᠤᠨ᠎ᠠ᠃ ᠬᠤᠲᠠ ᠶᠢᠨ ᠵᠠᠰᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠢᠳᠡᠭᠡᠨ ᠤ ᠠᠮᠤᠷ ᠲᠦᠪᠰᠢᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠠᠵᠤ ᠠᠬᠤᠶ ᠶᠢᠨ ᠠᠵᠢᠯᠯᠠᠭᠠᠨ ᠵᠡᠷᠭᠡ ᠬᠡᠷᠡᠭᠯᠡᠭᠡᠨ ᠤ ᠠᠬᠤᠢ ᠪᠠᠢᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ ᠨᠢᠭᠡ ᠬᠡᠷᠡᠭᠯᠡᠭᠡᠨ ᠳᠤ ᠨᠢᠭᠡ ᠳ᠋ᠠᠢᠢᠲ᠋ᠠ ᠶᠢᠨ ᠬᠥᠮᠥᠷᠭᠡ ︾ ᠶᠢᠨ ᠱᠠᠭᠠᠷᠳᠠᠯᠭ᠎ᠠ ᠶᠣᠰᠣᠭᠠᠷ᠂ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤ ᠪᠥᠬᠦ ᠣᠷᠣᠨ ᠤ ᠨᠢᠭᠡ ᠴᠣᠠᠠᠴᠠᠵᠢᠭᠤᠯᠥᠠᠠᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠳᠤ ᠲᠦᠰᠢᠭᠯᠡᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠥᠮᠥᠷᠭᠡ ᠪᠠᠶᠢᠭᠤᠯᠬᠤ ᠶᠢ ᠨᠢ ᠠᠬᠢᠭᠤᠯᠵᠤ᠂ ᠣᠯᠠᠨ ᠠᠵᠢᠯ ᠲᠥᠷᠥᠯ ᠪᠠ ᠣᠯᠠᠨ ᠠᠬᠤᠢ ᠪᠠᠢᠢᠳᠠᠯ ᠠᠯᠤᠰᠯᠠᠭᠰᠠᠨ ᠬᠡᠷᠡᠭᠯᠡᠭᠡᠨ ᠳᠤ ᠣᠯᠠᠨ ᠶᠠᠩᠵᠤᠳᠠᠢ ᠬᠠᠮᠲᠤ ᠪᠠᠷ ᠭᠥᠷᠳᠡᠬᠦ ᠦᠢᠯᠡᠴᠢᠯᠡᠭᠡ ᠬᠠᠩᠭᠠᠨ᠎ᠠ᠃ ︵ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ ︶

  ︵ ᠠᠷᠪᠠᠨ ᠳᠥᠷᠪᠡ ︶ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ ᠠᠰᠢᠬᠯᠠᠬᠤ ᠶᠢ ᠠᠬᠢᠭᠤᠯᠤᠨ᠎ᠠ᠃ ᠪᠦᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠳᠤ ᠰᠠᠭᠤᠷᠢᠯᠠᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠨᠡᠬᠡᠬᠡᠨ ᠠᠰᠢᠨᠨᠯᠠᠬᠤ ᠲᠣᠭᠲᠠᠯᠴᠠᠭ᠎ᠠ ᠶᠢ ᠪᠠᠢᠢᠭᠤᠯᠤᠨ᠎ᠠ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠨᠡᠬᠡᠬᠡᠨ ᠠᠰᠢᠨᠨᠯᠠᠬᠤ ᠲᠠᠪᠴᠠᠩ ᠪᠠ ᠡᠯ᠎ᠡ ᠠᠶᠢᠮᠠᠭ ᠬᠤᠲᠠ ᠶᠢᠨ ᠳ᠋ᠠᠢᠢᠲ᠋ᠠ ᠶᠢᠨ ᠨᠡᠬᠡᠬᠡᠨ ᠠᠰᠢᠨᠨᠯᠠᠬᠤ ᠲᠠᠪᠴᠠᠩ ᠢᠶᠠᠷ ᠳᠠᠮᠵᠢᠭᠤᠯᠤᠨ᠂ ᠳ᠋ᠠᠢᠢᠲ᠋ᠠ ᠶᠢ ᠠᠮᠤᠷ ᠲᠦᠪᠰᠢᠨ ᠪᠦᠭᠡᠳ ᠡᠮᠬᠢ ᠵᠢᠷᠤᠮ ᠲᠠᠢ ᠨᠡᠬᠡᠬᠡᠨ ᠠᠰᠢᠨᠨᠯᠠᠬᠤ ᠶᠢ ᠠᠬᠢᠭᠤᠯᠵᠤ᠂ ᠪᠡᠶ᠎ᠡ ᠶᠢᠨ ᠭᠠᠷᠤᠯ ᠢ ᠭᠡᠷᠡᠴᠢᠯᠡᠨ ᠡᠷᠬᠡ ᠣᠯᠭᠤᠬᠤ᠂ ᠳ᠋ᠠᠢᠢᠲ᠋ᠠ ᠶᠢᠨ ᠡᠯᠡᠰᠦᠨ ᠬᠠᠢᠢᠷᠴᠠᠭ᠂ ᠠᠮᠤᠷ ᠲᠦᠪᠰᠢᠨ ᠢᠶᠠᠷ ᠣᠯᠠᠨ ᠲᠠᠯ᠎ᠠ ᠪᠠᠷ ᠪᠤᠳᠤᠬᠤ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠰᠦᠪᠡᠭᠴᠢᠯᠡᠨ ᠠᠰᠢᠬᠯᠠᠵᠤ᠂ ᠳ᠋ᠠᠢᠢᠲ᠋ᠠ ᠶᠢᠨ ︽ ᠬᠡᠷᠡᠭᠯᠡᠵᠦ ᠪᠣᠯᠬᠤ ᠪᠣᠯᠪᠠᠴᠤ ᠥᠯᠤ ᠦᠵᠡᠭᠳᠡᠬᠦ ︾ ᠶᠢ ᠪᠡᠶᠡᠯᠡᠭᠦᠯᠦᠨ᠂ ᠳ᠋ᠠᠢᠢᠲ᠋ᠠ ᠶᠢ ᠨᠡᠬᠡᠬᠡᠨ ᠠᠰᠢᠨᠨᠯᠠᠵᠦ ᠰᠢᠨ᠎ᠡ ᠶᠢ ᠡᠭᠦᠳᠬᠦ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ︵ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ ︶ ᠡᠯ᠎ᠡ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠨᠡᠭᠡᠭᠡᠨ ᠠᠰᠢᠬᠯᠠᠬᠤ ᠲᠣᠭᠲᠠᠭᠠᠯ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠣᠨ ᠤ ᠵᠠᠰᠠᠭ ᠤᠨ ᠶᠠᠪᠤᠳᠠᠯ ᠤᠨ ᠳ᠋ᠠᠢᠢᠲ᠋ᠠ ᠶᠢ ᠨᠡᠬᠡᠬᠡᠨ ᠠᠰᠢᠨᠨᠯᠠᠬᠤ ᠭᠤᠣᠯᠳᠠᠯᠭ᠎ᠠ ᠲᠠᠢ ᠨᠠᠷᠢᠨ ᠬᠠᠭᠤᠳᠠᠰᠤ ᠶᠢ ᠲᠣᠭᠲᠠᠭᠠᠵᠤ᠂ ᠵᠠᠰᠠᠭ ᠤᠨ ᠶᠠᠪᠤᠳᠠᠯ ᠤᠨ ᠳ᠋ᠠᠢᠢᠲ᠋ᠠ ᠶᠢ ᠲᠦᠭᠰᠢᠭᠦᠷᠢ ᠶᠢ ᠨᠢ ᠡᠵᠡᠮᠳᠡᠵᠦ ᠲᠡᠢᠢᠯᠬᠦ ᠵᠠᠷᠴᠢᠮ ᠳᠣᠤᠷ᠎ᠠ ᠠᠯᠢ ᠴᠢᠳᠠᠬᠤ ᠪᠠᠷ ᠨᠡᠬᠡᠬᠡᠨ ᠠᠰᠢᠨᠨᠯᠠᠬᠤ ᠶᠢ ᠠᠬᠢᠭᠤᠯᠵᠤ᠂ ᠳ᠋ᠠᠢᠢᠲ᠋ᠠ ᠶᠢ ᠨᠡᠬᠡᠬᠡᠨ ᠠᠰᠢᠨᠨᠯᠠᠬᠤ ᠡᠷᠬᠡ ᠪᠠ ᠡᠭᠦᠷᠭᠡ ᠶᠢ ᠲᠣᠳᠣᠷᠬᠠᠢᠢᠯᠠᠵᠤ᠂ ᠳ᠋ᠠᠢᠢᠲ᠋ᠠ ᠶᠢ ᠨᠡᠬᠡᠬᠡᠨ ᠠᠰᠢᠨᠨᠯᠠᠬᠤ ᠬᠡᠪᠴᠢᠶ᠎ᠡ ᠪᠠ ᠬᠠᠷᠢᠭᠤᠴᠠᠯᠭ᠎ᠠ ᠶᠢ ᠵᠠᠭᠠᠭᠯᠠᠨ ᠲᠣᠭᠲᠠᠭᠠᠵᠤ᠂ ᠳ᠋ᠠᠢᠢᠲ᠋ᠠ ᠶᠢ ᠨᠡᠭᠡᠭᠡᠨ ᠠᠰᠢᠨᠨᠯᠠᠬᠤ ᠳᠤ ᠠᠮᠤᠷ ᠲᠦᠪᠰᠢᠨ ᠢᠶᠠᠷ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠵᠤ᠂ ᠠᠷᠠᠳ ᠤᠨ ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ᠂ ᠨᠡᠶᠢᠭᠡᠮ ᠤᠨ ᠲᠤᠯᠭᠠᠮ᠎ᠠ ᠬᠡᠷᠡᠭᠴᠡᠭᠡ ᠪᠥᠬᠦᠶ᠂ ᠠᠵᠢᠯ ᠲᠥᠷᠥᠯ ᠤᠨ ᠥᠷᠲᠡᠭ ᠤᠨ ᠨᠡᠮᠡᠭᠳᠡᠯ ᠤᠨ ᠳᠠᠯᠳᠠ ᠬᠦᠴᠦᠨ ᠢᠶᠠᠷ ᠢᠯᠡᠷᠬᠡᠶ ᠵᠠᠰᠠᠭ ᠤᠨ ᠶᠠᠪᠤᠳᠠᠯ ᠤᠨ ᠳ᠋ᠠᠢᠢᠲ᠋ᠠ ᠶᠢ ᠤᠷᠢᠳ ᠢᠶᠠᠷ ᠨᠡᠬᠡᠬᠡᠨ ᠠᠰᠢᠨᠨᠯᠠᠨ᠎ᠠ᠃ ︵ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ ︶ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠡᠷᠬᠡ ᠣᠯᠭᠤᠵᠤ ᠠᠵᠢᠯᠯᠠᠭᠤᠯᠬᠤ ᠶᠢ ᠬᠠᠤᠯᠢ ᠲᠣᠭᠲᠠᠭᠠᠯ ᠶᠣᠰᠣᠭᠠᠷ ᠥᠷᠨᠢᠭᠦᠯᠬᠦ ᠶᠢ ᠨᠢ ᠵᠣᠷᠢᠬᠵᠢᠭᠤᠯᠵᠤ᠂ ᠳ᠋ᠠᠢᠢᠲ᠋ᠠ ᠶᠢᠨ ᠡᠬᠢ ᠪᠠᠶᠠᠯᠢᠭ ᠢ ᠨᠡᠭᠡᠭᠡᠨ ᠠᠰᠢᠬᠯᠠᠬᠤ ᠶᠢ ᠢᠳᠡᠪᠬᠢᠲᠡᠶ ᠠᠬᠢᠭᠤᠯᠵᠤ᠂ ᠳ᠋ᠠᠢᠢᠲ᠋ᠠ ᠶᠢᠨ ᠬᠦᠴᠦᠨ ᠵᠦᠢᠯ ᠤᠨ ᠵᠠᠬ᠎ᠠ ᠳᠡᠯᠭᠡᠭᠦᠷ ᠢ ᠪᠤᠶᠢᠵᠢᠭᠤᠯᠤᠨ᠂ ᠪᠦᠲᠦᠮᠵᠢᠲᠡᠶ ᠬᠠᠩᠭᠠᠬᠤ᠂ ᠡᠮᠬᠢ ᠵᠢᠷᠤᠮ ᠲᠠᠢ ᠨᠡᠭᠡᠭᠡᠨ ᠠᠰᠢᠬᠯᠠᠬᠤ ᠰᠠᠶᠢᠨ ᠰᠠᠶᠢᠬᠠᠨ ᠠᠮᠢ ᠠᠬᠤᠶ ᠶᠢ ᠪᠣᠶ ᠪᠣᠯᠭᠠᠨ᠎ᠠ᠃ ︵ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠲᠦᠷᠦᠭᠦᠯᠡᠵᠦ᠂ ᠡᠯ᠎ᠡ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠵᠢᠯ ᠬᠤᠪᠢᠶᠠᠷᠢᠯᠠᠨ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ ︶

  ᠵᠢᠷᠭᠤᠭ᠎᠎ᠠ᠂ ᠪᠣᠳᠣᠬᠤ ᠬᠦᠴᠦᠨ ᠤ ᠪᠡᠯᠡᠳᠬᠡᠮᠵᠢ ᠶᠢᠨ ᠨᠢᠭᠡ ᠴᠣᠭᠴᠠᠵᠢᠭᠤᠯᠤᠯᠲᠠ ᠶᠢ ᠲᠦᠷᠭᠡᠳᠬᠡᠨ᠎ᠡ

  ︵ ᠠᠷᠪᠠᠨ ᠲᠠᠪᠤ ︶ ᠪᠣᠳᠣᠬᠤ ᠬᠦᠴᠦᠨ ᠤ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠪᠥᠬᠦ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠪᠣᠳᠣᠬᠤ ᠬᠦᠴᠦᠨ ᠤ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠪᠣᠳᠣᠬᠤ ᠬᠦᠴᠦᠨ ᠤ ᠶᠡᠷᠦᠩᠬᠡᠶ ᠬᠡᠮᠵᠢᠶ᠎ᠡ᠂ ᠪᠣᠳᠣᠬᠤ ᠬᠦᠴᠦᠨ ᠤ ᠲᠠᠷᠬᠠᠯᠲᠠ᠂ ᠪᠣᠳᠣᠬᠤ ᠬᠦᠴᠦᠨ ᠤ ᠪᠦᠷᠢᠯᠳᠦᠯ ᠪᠠ ᠮᠡᠷᠭᠡᠵᠢᠯ ᠤᠨ ᠬᠡᠯᠪᠡᠷᠢ ᠶᠢᠨ ᠰᠣᠩᠭᠤᠯᠲᠠ ᠵᠡᠷᠭᠡ ᠶᠢ ᠣᠢᠢᠯᠠᠭᠠᠨ ᠲᠣᠳᠣᠯᠠᠵᠤ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠪᠣᠳᠣᠬᠤ ᠬᠦᠴᠦᠨ ᠤ ︽ ᠨᠢᠭᠡᠳᠪᠦᠷᠢ ᠳᠠᠩᠰᠠ ︾ ᠶᠢ ᠪᠦᠷᠢᠯᠳᠦᠭᠦᠯᠦᠨ᠎ᠡ᠃ ︵ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ᠂ ᠡᠯ᠎ᠡ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠭᠤᠴᠠᠵᠤ᠂ 2023 ᠣᠨ ᠤ 9 ᠳ᠋ᠤᠭᠡᠷ ᠰᠠᠷ᠎ᠠ ᠶᠢᠨ ᠰᠡᠭᠦᠯᠴᠢ ᠡᠴᠠ ᠡᠮᠦᠨ᠎ᠡ ᠪᠡᠶᠡᠯᠡᠭᠦᠯᠦᠨ᠎ᠡ ︶ ᠥᠪᠡᠷᠲᠡᠭᠡᠨ ᠵᠠᠰᠠᠬᠤ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠡᠭᠦᠯᠡᠨ ᠬᠢᠨᠠᠨ ᠰᠢᠯᠭᠠᠵᠦ ᠵᠠᠳᠠᠯᠬᠤ ᠰᠢᠰᠲ᠋ᠧᠮ ᠢ ᠪᠠᠢᠢᠭᠤᠯᠤᠨ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠡᠭᠦᠯᠡᠨ ᠬᠢᠨᠠᠨ ᠰᠢᠯᠭᠠᠯᠲᠠ ᠵᠠᠳᠠᠯᠤᠯᠲᠠ ᠶᠢ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠡᠭᠦᠯᠡᠨ ᠡᠬᠢ ᠪᠠᠶᠠᠯᠢᠭ ᠤᠨ ᠠᠰᠢᠬᠯᠠᠯᠲᠠ᠂ ᠲᠤᠬᠠᠶᠢᠯᠠᠭᠰᠠᠨ ᠠᠵᠢᠯ ᠤᠨ ᠰᠢᠨᠵᠢ ᠴᠢᠳᠠᠮᠵᠢ ᠵᠡᠷᠭᠡ ᠳ᠋ᠠᠢᠢᠲ᠋ᠠ ᠶᠢ ᠬᠤᠷᠠᠮᠳᠤᠭᠤᠯᠤᠨ᠂ ᠵᠠᠰᠠᠭ ᠤᠨ ᠶᠠᠪᠤᠳᠠᠯ ᠤᠨ ᠡᠭᠦᠯᠡᠨ ᠡᠬᠢ ᠪᠠᠶᠠᠯᠢᠭ ᠤᠨ ᠬᠡᠷᠡᠭᠯᠡᠯᠲᠡ ᠶᠢᠨ ᠪᠠᠶᠢᠳᠠᠯ ᠢ ᠡᠵᠡᠮᠰᠢᠨ᠂ ᠡᠭᠦᠯᠡᠨ ᠡᠬᠢ ᠪᠠᠶᠠᠯᠢᠭ ᠤᠨ ᠵᠠᠳᠠᠯᠤᠯᠲᠠ ᠦᠨᠡᠯᠡᠨ ᠵᠢᠱᠢᠯᠲᠡ ᠶᠢ ᠥᠷᠨᠢᠭᠦᠯᠵᠦ᠂ ᠡᠭᠦᠯᠡᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯᠯᠠᠭᠤᠯᠤᠨ ᠡᠵᠡᠩᠨᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠠᠰᠠᠭ ᠤᠨ ᠶᠠᠪᠤᠳᠠᠯ ᠤᠨ ᠡᠭᠦᠯᠡᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠬᠠᠮᠢᠶᠠᠷᠬᠤ᠂ ᠥᠨᠳᠥᠷ ᠪᠦᠲᠦᠮᠵᠢᠲᠡᠶ ᠬᠡᠷᠡᠭᠯᠡᠬᠦ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠡᠭᠦᠯᠡᠨ ᠡᠬᠢ ᠪᠠᠶᠠᠯᠢᠭ ᠢ ᠨᠢᠭᠡᠳᠦᠯᠲᠡᠶ ᠳᠣᠭᠢᠷᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠪᠥᠬᠦ ᠣᠷᠣᠨ ᠤ ᠨᠢᠭᠡ ᠴᠣᠠᠠᠴᠠᠵᠢᠭᠤᠯᠥᠠᠠᠰᠠᠨ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠤᠨ ᠲᠣᠭᠲᠠᠯᠴᠠᠭ᠎ᠠ ᠶᠢ ᠪᠠᠶᠢᠭᠤᠯᠬᠤ ᠶᠢ ᠠᠬᠢᠭᠤᠯᠤᠨ᠎ᠠ᠃ ︵ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ 2023 ᠣᠨ ᠤ ᠵᠢᠯ ᠤᠨ ᠡᠴᠦᠰ ᠡᠴᠠ ᠡᠮᠦᠨ᠎ᠡ ᠪᠡᠶᠡᠯᠡᠭᠦᠯᠦᠨ᠎ᠡ ︶

  ︵ ᠠᠷᠪᠠᠨ ᠵᠢᠷᠭᠤᠭ᠎ᠠ ︶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠡᠭᠦᠯᠡᠨ ᠭᠤᠤᠯ ᠪᠡᠯᠡᠳᠬᠡᠯ ᠵᠠᠩᠭᠢᠶᠠᠰᠤ ᠶᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠭᠤᠤᠯ ᠪᠡᠯᠡᠳᠬᠡᠯ ᠵᠠᠩᠭᠢᠶᠠᠰᠤ ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠡᠭᠦᠯᠡᠨ ᠤ ᠥᠨᠳᠥᠷ ᠠᠰᠢᠬᠯᠠᠮᠵᠢᠲᠤ ᠬᠡᠷᠡᠭᠯᠡᠵᠦ ᠪᠣᠯᠬᠤᠶᠢᠴᠠ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠤᠨ ᠪᠣᠳᠣᠬᠤ ᠬᠦᠴᠦᠨ ᠤ ᠪᠡᠯᠡᠳᠬᠡᠮᠵᠢ ᠶᠢ ᠰᠢᠯᠢᠳᠡᠭᠵᠢᠭᠦᠯᠵᠦ᠂ ᠡᠭᠦᠯᠡᠨ ᠲᠠᠪᠴᠠᠩ᠂ ᠲᠣᠮᠣ ᠳ᠋ᠠᠶᠢᠲ᠋ᠠ ᠶᠢᠨ ᠲᠠᠪᠴᠠᠩ ᠤᠨ ᠰᠠᠭᠤᠷᠢ ︽ ᠰᠠᠭᠤᠳᠠᠯ ︾ ᠤᠨ ᠲᠤᠯᠭᠠᠭᠤᠷᠢᠯᠠᠯ ᠢ ᠴᠢᠩᠭᠠᠷᠠᠭᠤᠯᠤᠨ᠂ ᠳ᠋ᠠᠶᠢᠲ᠋ᠠ ᠶᠢ ᠴᠤᠭᠯᠠᠭᠤᠯᠬᠤ᠂ ᠬᠠᠳᠠᠭᠠᠯᠠᠬᠤ᠂ ᠪᠤᠳᠤᠬᠤ᠂ ᠵᠠᠰᠠᠬᠤ᠂ ᠵᠠᠳᠠᠯᠬᠤ᠂ ᠦᠢᠯᠡᠴᠢᠯᠡᠬᠦ ᠵᠡᠷᠭᠡ ᠰᠠᠭᠤᠷᠢ ᠴᠢᠳᠠᠮᠵᠢ ᠶᠢ ᠬᠠᠩᠭᠠᠵᠤ᠂ ᠳ᠋ᠠᠶᠢᠲ᠋ᠠ ᠶᠢᠨ ᠭᠠᠷᠴᠠᠭ᠂ ᠵᠠᠰᠠᠯᠲᠠ᠂ ᠬᠠᠮᠲᠤ ᠪᠠᠷ ᠭᠥᠷᠳᠡᠬᠦ ᠵᠡᠷᠭᠡ ᠰᠢᠰᠲ᠋ᠧᠮ ᠤᠨ ᠠᠵᠢᠯᠯᠠᠭᠠᠨ ᠢ ᠠᠴᠢᠶᠠᠯᠠᠨ᠂ ᠬᠡᠷᠡᠭᠴᠡᠭᠡ ᠪᠠᠨ ᠦᠨᠳᠦᠰᠦᠯᠡᠵᠦ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠢ ᠴᠤᠭᠯᠠᠭᠤᠯᠤᠨ ᠨᠢᠭᠡᠲᠦᠭᠦᠯᠵᠦ ᠡᠮᠬᠢᠳᠭᠡᠨ ᠨᠡᠢᠢᠯᠡᠭᠦᠯᠵᠦ ᠬᠠᠮᠲᠤ ᠪᠠᠷ ᠬᠦᠷᠲᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠤᠨ ᠠᠵᠢᠯᠯᠠᠭᠠᠨ ᠢ ᠪᠠᠲᠤᠯᠠᠨ᠎ᠠ᠃ ︽ ᠬᠤᠶᠠᠷ ᠭᠠᠵᠠᠷ ᠭᠤᠷᠪᠠᠨ ᠲᠥᠪ ︾ ᠤᠨ ᠵᠠᠭᠪᠤᠷ ᠲᠤ ᠰᠠᠭᠤᠷᠢᠯᠠᠨ ᠲᠣᠰ ᠭᠠᠵᠠᠷ᠂ ᠣᠨᠳᠣᠤ ᠭᠠᠵᠠᠷ ᠲᠤ ᠳ᠋ᠠᠶᠢᠲ᠋ᠠ ᠶᠢᠨ ᠭᠠᠢ ᠡᠴᠠ ᠰᠡᠷᠬᠡᠢᠢᠯᠡᠬᠦ ᠨᠦᠬᠡᠴᠡ ᠲᠥᠪ ᠢ ᠪᠠᠶᠢᠭᠤᠯᠵᠤ᠂ ᠲᠤᠬᠠᠶᠢᠯᠠᠭᠰᠠᠨ ᠠᠵᠢᠯ ᠤᠨ ᠥᠷᠭᠦᠯᠵᠢᠯᠡᠬᠦᠢᠴᠡ ᠴᠢᠨᠠᠷ᠂ ᠲᠣᠭᠲᠠᠪᠤᠷᠢᠲᠤ ᠴᠢᠨᠠᠷ ᠤᠨ ᠱᠠᠭᠠᠷᠳᠠᠯᠭ᠎ᠠ ᠪᠠᠷ ᠥᠨᠳᠥᠷ ᠵᠠᠩᠭᠢᠯᠠᠭ᠎ᠠ ᠶᠢᠨ ᠲᠤᠬᠠᠶᠢᠯᠠᠭᠰᠠᠨ ᠠᠵᠢᠯ ᠤᠨ ᠲᠣᠰ ᠭᠠᠵᠠᠷ ᠣᠷᠣᠨ ᠳᠠᠬᠢ ︽ ᠬᠤᠤᠰ ᠠᠵᠢᠯᠯᠠᠭᠤᠷ ︾ ᠢ ᠠᠬᠢᠭᠤᠯᠵᠤ᠂ ᠴᠢᠬᠤᠯᠠ ᠳ᠋ᠠᠶᠢᠲ᠋ᠠ ᠶᠢᠨ ᠣᠨᠳᠣᠤ ᠭᠠᠵᠠᠷ ᠲᠤ ᠲᠣᠭᠲᠠᠭᠰᠠᠨ ᠬᠤᠭᠤᠴᠠᠭ᠎ᠠ ᠪᠠᠷ ᠭᠠᠢ ᠡᠴᠠ ᠰᠡᠷᠬᠡᠢᠢᠯᠡᠵᠦ ᠨᠦᠬᠡᠴᠡᠯᠡᠬᠦ ᠶᠢ ᠪᠠᠲᠤᠯᠠᠨ᠎ᠠ᠃ ︵ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ 2023 ᠣᠨ ᠤ ᠵᠢᠯ ᠤᠨ ᠡᠴᠦᠰ ᠡᠴᠠ ᠡᠮᠦᠨ᠎ᠡ ᠪᠡᠶᠡᠯᠡᠭᠦᠯᠦᠨ᠎ᠡ ︶

  ︵ ᠠᠷᠪᠠᠨ ᠳᠣᠯᠤᠭ᠎ᠠ ︶ ᠪᠣᠳᠣᠬᠤ ᠬᠦᠴᠦᠨ ᠤ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠣᠳᠣᠬᠤ ᠬᠦᠴᠦᠨ ᠤ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠡᠭᠦᠯᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠪᠠᠢᠢᠷᠢᠰᠢᠭᠤᠯᠵᠤ᠂ ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠡᠭᠦᠯᠡᠨ ᠡᠬᠢ ᠪᠠᠶᠠᠯᠢᠭ ᠤᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ︽ ᠹᠢᠽᠢᠺ ᠲᠠᠷᠬᠠᠯᠲᠠ ᠲᠠᠢ ᠪᠠᠢᠢᠯᠭᠠᠬᠤ᠂ ᠯᠣᠭᠢᠭ ᠲᠦᠪᠯᠡᠷᠡᠯ ᠢ ᠪᠡᠶᠡᠯᠡᠭᠦᠯᠬᠦ᠂ ᠡᠬᠢ ᠪᠠᠶᠠᠯᠢᠭ ᠢ ᠬᠠᠮᠲᠤ ᠪᠠᠷ ᠭᠥᠷᠳᠡᠬᠦ᠂ ᠠᠮᠤᠷ ᠲᠦᠪᠰᠢᠨ ᠢ ᠡᠵᠡᠮᠳᠡᠵᠦ ᠪᠣᠯᠬᠤ ︾ ᠵᠠᠷᠴᠢᠮ ᠶᠣᠰᠣᠭᠠᠷ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠲᠥᠪ ᠢ ᠡᠮᠬᠢᠯᠡᠨ ᠨᠡᠢᠢᠯᠡᠭᠦᠯᠵᠦ ᠥᠭᠡᠷᠡᠴᠢᠯᠡᠬᠦ ᠶᠢ ᠠᠬᠢᠭᠤᠯᠤᠨ᠎ᠠ᠃ ᠬᠡᠷᠡᠭᠴᠡᠭᠡ ᠪᠠᠨ ᠦᠨᠳᠦᠰᠦᠯᠡᠵᠦ ᠵᠢᠷᠤᠮᠠᠭ ᠦᠵᠡᠭᠦᠯᠬᠦ ᠰᠢᠢᠳᠪᠦᠷᠢᠯᠡᠭᠦᠷ ︵ GPU ︶᠂ ᠲᠤᠰᠬᠠᠶ ᠬᠤᠷᠠᠮᠠᠯ ᠴᠠᠬᠢᠯᠭᠠᠨ ᠬᠡᠯᠬᠢᠶᠡᠨ ᠤ ᠴᠢᠫ ︵ ASIC ︶ ᠵᠡᠷᠭᠡ ᠣᠨᠳᠣᠤ ᠪᠦᠲᠦᠴᠡᠲᠦ ᠪᠣᠳᠣᠬᠤ ᠴᠢᠳᠠᠪᠤᠷᠢ ᠶᠢ ᠪᠣᠶ ᠪᠣᠯᠭᠠᠵᠤ᠂ ᠬᠠᠳᠠᠭᠠᠯᠠᠬᠤ ᠪᠠ ᠪᠤᠳᠤᠬᠤ ᠶᠢ ᠰᠠᠯᠭᠠᠬᠤ᠂ ᠵᠢᠷᠤᠭ ᠢᠶᠠᠷ ᠪᠤᠳᠤᠬᠤ᠂ ᠨᠢᠭᠤᠴᠠ ᠪᠠᠷ ᠪᠤᠳᠤᠬᠤ ᠵᠡᠷᠭᠡ ᠰᠢᠨ᠎ᠡ ᠬᠡᠯᠪᠡᠷᠢ ᠶᠢᠨ ᠳ᠋ᠠᠢᠢᠲ᠋ᠠ ᠶᠢ ᠵᠠᠳᠠᠯᠤᠨ ᠬᠠᠮᠢᠶᠠᠷᠬᠤ ᠴᠢᠳᠠᠪᠤᠷᠢ ᠶᠢ ᠴᠣᠭᠴᠠᠯᠠᠨ᠎ᠠ᠃ ︵ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ 2023 ᠣᠨ ᠤ ᠵᠢᠯ ᠤᠨ ᠡᠴᠦᠰ ᠡᠴᠠ ᠡᠮᠦᠨ᠎ᠡ ᠪᠡᠶᠡᠯᠡᠭᠦᠯᠦᠨ᠎ᠡ ︶

  ᠳᠣᠯᠤᠭ᠎᠎ᠠ᠂ ᠪᠠᠷᠢᠮᠵᠢᠶ᠎ᠠ ᠵᠢᠷᠤᠮᠵᠢᠯ ᠤᠨ ᠨᠢᠭᠡ ᠴᠣᠭᠴᠠᠵᠢᠭᠤᠯᠤᠯᠲᠠ ᠶᠢ ᠠᠬᠢᠭᠤᠯᠤᠨ᠎ᠠ

  ︵ ᠠᠷᠪᠠᠨ ᠨᠠᠢᠮᠠ ︶ ᠤᠯᠤᠰ ᠤᠨ ᠪᠠᠷᠢᠮᠵᠢᠶ᠎ᠠ ᠶᠢᠨ ᠲᠣᠭᠲᠠᠯᠴᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠎ᠠ᠃ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠬᠠᠮᠢᠶᠠᠷᠤᠯᠲᠠ᠂ ᠮᠡᠷᠭᠡᠵᠢᠯ ᠤᠨ ᠲᠠᠪᠴᠠᠩ ᠤᠨ ᠪᠠᠶᠢᠭᠤᠯᠤᠯᠲᠠ ᠪᠠ ᠳ᠋ᠠᠢᠢᠲ᠋ᠠ ᠶᠢᠨ ᠬᠡᠷᠡᠭᠯᠡᠭᠡᠨ ᠤ ᠦᠢᠯᠡᠴᠢᠯᠡᠭᠡ ᠵᠡᠷᠭᠡ ᠭᠤᠤᠯᠳᠠᠯᠭ᠎ᠠ ᠲᠠᠢ ᠲᠠᠯ᠎ᠠ ᠶᠢᠨ ᠲᠣᠭᠤᠷᠢᠨ ᠳᠤ᠂ ᠤᠯᠤᠰ ᠤᠨ ᠪᠠᠷᠢᠮᠵᠢᠶ᠎ᠠ ᠵᠢᠷᠤᠮᠵᠢᠯ ᠢ ᠪᠤᠳᠠᠳᠠᠢᠢᠵᠢᠭᠤᠯᠤᠨ ᠨᠠᠢᠢᠳᠠᠪᠤᠷᠢᠵᠢᠭᠤᠯᠬᠤ ᠶᠢ ᠠᠬᠢᠭᠤᠯᠵᠤ᠂ ᠪᠠᠷᠢᠮᠵᠢᠶ᠎ᠠ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠨ ᠨᠡᠶᠢᠲᠡᠯᠡᠵᠦ᠂ ᠣᠷᠣᠨ ᠨᠤᠲᠤᠭ ᠤᠨ ᠪᠠᠷᠢᠮᠵᠢᠶ᠎ᠠ ᠵᠢᠷᠤᠮᠵᠢᠯ ᠳᠤ ᠵᠠᠰᠠᠪᠤᠷᠢ ᠣᠷᠣᠭᠤᠯᠤᠨ᠂ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠ ᠳ᠋ᠠᠢᠢᠲ᠋ᠠ ᠶᠢ ᠬᠠᠮᠲᠤ ᠪᠠᠷ ᠭᠥᠷᠳᠡᠵᠦ ᠨᠡᠭᠡᠭᠡᠯᠲᠡ ᠲᠠᠢ ᠪᠣᠯᠭᠠᠬᠤ ᠦᠢᠯᠡᠴᠢᠯᠡᠭᠡ ᠥᠷᠨᠢᠭᠦᠯᠬᠦ ᠪᠠᠷᠢᠮᠵᠢᠶᠠᠨ ᠤ ᠦᠨᠳᠦᠰᠦᠯᠡᠯ ᠢ ᠲᠣᠳᠣᠷᠬᠠᠢ ᠲᠣᠨᠨᠳᠠᠭᠠᠨ᠎ᠠ᠃ ︵ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ ᠤᠯᠤᠰ ᠤᠨ ᠪᠠᠷᠢᠮᠵᠢᠶ᠎ᠠ ᠵᠢᠷᠤᠮᠵᠢᠯ ᠢ ᠨᠡᠢᠢᠲᠡᠯᠡᠭᠰᠡᠨ 3 ᠰᠠᠷ᠎ᠠ ᠶᠢᠨ ᠳᠣᠲᠣᠷ᠎ᠠ ︶

  ︵ ᠠᠷᠪᠠ ᠶᠢᠰᠦ ︶ ᠣᠷᠣᠨ ᠨᠤᠲᠤᠭ ᠤᠨ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠶᠢ ᠲᠦᠷᠭᠡᠳᠬᠡᠨ᠎ᠡ᠃ ᠤᠯᠤᠰ ᠤᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠪᠠᠷᠢᠮᠵᠢᠶ᠎ᠠ ᠶᠢᠨ ᠲᠤᠨᠨᠳᠠᠯᠴᠠᠭᠠᠨ ᠤ ᠪᠣᠷᠣ ᠲᠦᠰᠦᠪ ᠪᠠ ᠤᠯᠤᠰ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠣᠳᠠᠲᠠᠶ ᠳᠤ ᠲᠣᠬᠢᠷᠠᠭᠰᠠᠨ ᠣᠷᠣᠨ ᠨᠤᠲᠤᠭ ᠤᠨ ᠪᠠᠷᠢᠮᠵᠢᠶ᠎ᠠ ᠶᠢ ᠨᠠᠢᠢᠷᠠᠭᠤᠯᠤᠨ ᠵᠣᠬᠢᠶᠠᠨ᠎ᠠ᠃ ᠵᠠᠰᠠᠭ ᠤᠨ ᠶᠠᠪᠤᠳᠠᠯ ᠤᠨ ᠳ᠋ᠠᠢᠢᠲ᠋ᠠ᠂ ᠲᠠᠪᠴᠠᠩ ᠤᠨ ᠮᠡᠷᠭᠡᠵᠢᠯ᠂ ᠳ᠋ᠠᠢᠢᠲ᠋ᠠ ᠶᠢᠨ ᠦᠢᠯᠡᠴᠢᠯᠡᠭᠡᠨ ᠤ ᠬᠠᠮᠢᠶᠠᠷᠤᠯᠲᠠ ᠪᠠ ᠡᠵᠡᠩᠨᠡᠯᠲᠡ᠂ ᠵᠠᠰᠠᠭ ᠤᠨ ᠶᠠᠪᠤᠳᠠᠯ ᠤᠨ ᠡᠭᠦᠯᠡᠨ ᠲᠠᠪᠴᠠᠩ ᠤᠨ ᠪᠠᠶᠢᠭᠤᠯᠤᠯᠲᠠ ᠪᠠ ᠬᠢᠨᠠᠨ ᠰᠢᠨᠵᠢᠬᠦ ᠬᠦᠷᠢᠶ᠎ᠡ ᠴᠠᠷᠠᠭᠠᠨ ᠤ ᠪᠠᠷᠢᠮᠵᠢᠶ᠎ᠠ ᠶᠢ ᠭᠤᠤᠯᠳᠠᠯᠭ᠎ᠠ ᠲᠠᠢ ᠰᠤᠳᠤᠯᠤᠨ ᠲᠣᠭᠲᠠᠭᠠᠨ᠎ᠠ᠃ ︵ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ ᠲᠦᠷᠦᠭᠦᠯᠡᠵᠦ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠵᠢᠯᠴᠠᠨ᠂ ᠦᠷᠭᠦᠯᠵᠢᠯᠡᠨ ᠠᠬᠢᠭᠤᠯᠤᠨ᠎ᠠ ︶

  ︵ ᠬᠤᠷᠢ ︶ ᠪᠠᠷᠢᠮᠵᠢᠶ᠎ᠠ ᠵᠢᠷᠤᠮᠵᠢᠯ ᠢ ᠪᠤᠲᠠᠲᠠᠢᠢᠵᠢᠭᠤᠯᠤᠨ ᠬᠡᠷᠡᠭᠵᠢᠭᠦᠯᠬᠦ ᠶᠢ ᠬᠠᠮᠵᠢᠯᠴᠠᠨ ᠠᠬᠢᠭᠤᠯᠤᠨ᠎ᠠ᠃ ᠪᠠᠷᠢᠮᠵᠢᠶ᠎ᠠ ᠵᠢᠷᠤᠮᠵᠢᠯ ᠢ ᠪᠤᠲᠠᠲᠠᠢᠢᠵᠢᠭᠤᠯᠤᠨ ᠳᠡᠯᠭᠡᠷᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠬᠠᠮᠢᠶ᠎ᠠ ᠪᠦᠬᠦᠢ ᠤᠯᠤᠰ ᠤᠨ ᠪᠠᠷᠢᠮᠵᠢᠶ᠎ᠠ ᠵᠢᠷᠤᠮᠵᠢᠯ᠂ ᠣᠷᠣᠨ ᠨᠤᠲᠤᠭ ᠤᠨ ᠪᠠᠷᠢᠮᠵᠢᠶ᠎ᠠ ᠵᠢᠷᠤᠮᠵᠢᠯ ᠪᠠ ᠠᠵᠢᠯ ᠲᠥᠷᠥᠯ ᠤᠨ ᠪᠠᠷᠢᠮᠵᠢᠶ᠎ᠠ ᠵᠢᠷᠤᠮᠵᠢᠯ ᠢ ᠦᠨᠳᠦᠰᠦᠯᠡᠨ᠂ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠳ᠋ᠠᠢᠢᠲ᠋ᠠ ᠶᠢᠨ ᠬᠠᠮᠢᠶᠠᠷᠤᠯᠲᠠ ᠶᠢᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠵᠣᠬᠢᠴᠠᠬᠤ ᠴᠢᠨᠠᠷ ᠤᠨ ᠬᠢᠨᠠᠨ ᠪᠠᠶᠢᠴᠠᠭᠠᠯᠲᠠ ᠪᠠ ᠬᠡᠷᠡᠭᠵᠢᠭᠦᠯᠦᠯᠲᠡ ᠳᠤ ᠠᠮᠵᠢᠯᠲᠠ ᠪᠦᠲᠦᠮᠵᠢ ᠶᠢᠨ ᠦᠨᠡᠯᠡᠨ ᠵᠢᠱᠢᠯᠲᠡ ᠶᠢ ᠥᠷᠨᠢᠭᠦᠯᠵᠦ᠂ ᠵᠢᠷᠤᠮᠵᠢᠯ ᠨᠢ ᠨᠢᠭᠡᠳᠦᠯᠲᠡᠶ᠂ ᠥᠨᠳᠥᠷ ᠪᠦᠳᠦᠮᠵᠢᠳᠡᠢ ᠬᠠᠮᠵᠢᠯᠴᠠᠭᠰᠠᠨ᠂ ᠲᠤᠯᠭᠠᠭᠤᠷᠢᠯᠠᠯ ᠨᠢ ᠬᠦᠴᠦᠲᠡᠶ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠢᠢᠲ᠋ᠠ ᠶᠢᠨ ᠪᠠᠷᠢᠮᠵᠢᠶᠠᠨ ᠤ ᠲᠣᠭᠲᠠᠯᠴᠠᠭ᠎ᠠ ᠶᠢ ᠪᠣᠶ ᠪᠣᠯᠭᠠᠬᠤ ᠶᠢ ᠠᠬᠢᠭᠤᠯᠵᠤ᠂ ᠪᠠᠷᠢᠮᠵᠢᠶᠠᠨ ᠤ ᠲᠤᠨᠨᠳᠠᠯᠴᠠᠭᠠᠨ ᠤ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ︵ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ ︶

  ᠨᠠᠢᠮᠠ᠂ ᠠᠮᠤᠷ ᠲᠦᠪᠰᠢᠨ ᠤ ᠪᠠᠲᠤᠯᠠᠭ᠎᠎ᠠ ᠶᠢᠨ ᠨᠢᠭᠡ ᠴᠣᠭᠴᠠᠵᠢᠭᠤᠯᠤᠯᠲᠠ ᠶᠢ ᠲᠦᠷᠭᠡᠳᠬᠡᠨ᠎ᠡ

  ︵ ᠬᠤᠷᠢᠨ ᠨᠢᠭᠡ ︶ ᠳ᠋ᠠᠢᠢᠲ᠋ᠠ ᠶᠢᠨ ᠠᠮᠤᠷ ᠲᠦᠪᠰᠢᠨ ᠤ ᠲᠦᠷᠢᠮ ᠵᠢᠷᠤᠮᠵᠢᠯ ᠢ ᠪᠦᠷᠢᠨᠰᠢᠭᠦᠯᠦᠨ᠎ᠡ᠃ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳ᠋ᠠᠢᠢᠲ᠋ᠠ ᠶᠢᠨ ᠠᠮᠤᠷ ᠲᠦᠪᠰᠢᠨ ᠤ ᠬᠠᠤᠯᠢ ︾ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠬᠠᠤᠯᠢ ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳ᠋ᠠᠢᠢᠲ᠋ᠠ ᠶᠢ ᠲᠥᠷᠥᠯ ᠠᠩᠬᠢᠯᠠᠵᠤ ᠲᠠᠰ ᠬᠤᠪᠢᠶᠠᠬᠤ᠂ ᠠᠮᠤᠷ ᠲᠦᠪᠰᠢᠨ ᠤ ᠬᠢᠨᠠᠨ ᠪᠠᠶᠢᠴᠠᠭᠠᠯᠲᠠ ᠬᠢᠬᠦ ᠵᠡᠷᠭᠡ ᠪᠣᠳᠠᠲᠠᠶ ᠲᠦᠷᠢᠮ ᠪᠠ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠨ᠎ᠠ᠃ ᠳ᠋ᠠᠢᠢᠲ᠋ᠠ ᠶᠢᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠤ᠂ ︽ ᠬᠡᠨ ᠬᠠᠮᠢᠶᠠᠷᠪᠠᠯ ᠲᠡᠷᠡ ᠬᠠᠷᠢᠭᠤᠴᠠᠬᠤ ︾ ᠪᠠ ︽ ᠬᠡᠨ ᠬᠡᠷᠡᠭᠯᠡᠪᠡᠯ ᠲᠡᠷᠡ ᠬᠠᠷᠢᠭᠤᠴᠠᠬᠤ ︾ ᠵᠠᠷᠴᠢᠮ ᠶᠣᠰᠣᠭᠠᠷ᠂ ᠳ᠋ᠠᠢᠢᠲ᠋ᠠ ᠶᠢᠨ ᠡᠷᠭᠢᠯᠲᠡ ᠶᠢᠨ ᠪᠥᠬᠦ ᠴᠣᠪᠣᠷᠠᠯ ᠳᠠᠬᠢ ᠡᠯ᠎ᠡ ᠲᠠᠯ᠎ᠠ ᠶᠢᠨ ᠡᠷᠬᠡ ᠡᠭᠦᠷᠭᠡ ᠪᠠ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠢᠯᠭᠠᠨ ᠲᠣᠳᠣᠷᠬᠠᠢᠢᠯᠠᠨ᠎ᠠ᠃ ᠳ᠋ᠠᠶᠢᠲ᠋ᠠ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢᠨ ᠲᠣᠭᠤᠷᠢᠨ ᠳᠤ ᠰᠣᠷᠪᠣᠯᠵᠢᠯᠠᠬᠤ ᠡᠷᠬᠡ ᠬᠢᠵᠠᠭᠠᠷ ᠢ ᠡᠵᠡᠮᠳᠡᠬᠦ᠂ ᠬᠡᠪ ᠤᠨ ᠪᠤᠰᠤ ᠲᠦᠭᠰᠢᠭᠦᠷᠢ ᠶᠢ ᠢᠯᠭᠠᠨ ᠲᠠᠨᠢᠬᠤ᠂ ᠠᠮᠤᠷ ᠲᠦᠪᠰᠢᠨ ᠤ ᠲᠦᠭᠰᠢᠭᠦᠷᠢ ᠶᠢ ᠰᠢᠢᠳᠪᠦᠷᠢᠯᠡᠬᠦ᠂ ᠦᠢᠯᠡ ᠠᠵᠢᠯᠯᠠᠭ᠎ᠠ ᠶᠢ ᠬᠢᠨᠠᠨ ᠪᠤᠳᠤᠬᠤ᠂ ᠳ᠋ᠠᠶᠢᠲ᠋ᠠ ᠶᠢ ᠠᠮᠤᠷ ᠲᠦᠪᠰᠢᠨ ᠢᠶᠠᠷ ᠤᠰᠠᠳᠬᠠᠬᠤ᠂ ᠭᠦᠢᠴᠡᠳᠬᠡᠯ ᠲᠤᠭ᠎ᠠ ᠶᠢ ᠦᠨᠡᠯᠡᠨ ᠵᠢᠱᠢᠬᠦ ᠵᠡᠷᠭᠡ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠵᠢᠷᠤᠮᠵᠢᠯ ᠢ ᠲᠣᠭᠲᠠᠭᠠᠨ᠎ᠠ᠃ ︵ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ ︶

  ︵ ᠬᠤᠷᠢᠨ ᠬᠤᠶᠠᠷ ︶ ᠲᠠᠪᠴᠠᠩ ᠤᠨ ᠮᠡᠷᠭᠡᠵᠢᠯ ᠤᠨ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠳ᠋ᠠᠢᠢᠲ᠋ᠠ ᠶᠢᠨ ᠠᠮᠤᠷ ᠲᠦᠪᠰᠢᠨ ᠤ ᠪᠠᠶᠢᠳᠠᠯ ᠢ ᠰᠡᠷᠡᠵᠦ ᠮᠡᠳᠡᠷᠡᠬᠦ ᠲᠠᠪᠴᠠᠩ ᠢ ᠪᠠᠶᠢᠭᠤᠯᠵᠤ᠂ ᠳ᠋ᠠᠢᠢᠲ᠋ᠠ ᠶᠢᠨ ᠠᠮᠤᠷ ᠲᠦᠪᠰᠢᠨ ᠢ ᠪᠠᠢᠢᠩᠭᠤᠵᠢᠭᠤᠯᠤᠨ ᠪᠠᠶᠢᠴᠠᠭᠠᠨ ᠰᠢᠨᠵᠢᠬᠦ ᠪᠠ ᠮᠡᠷᠭᠡᠵᠢᠯ ᠤᠨ ᠲᠠᠯ᠎ᠠ ᠪᠠᠷ ᠰᠡᠷᠭᠡᠶᠢᠯᠡᠨ ᠬᠠᠮᠠᠭᠠᠯᠠᠬᠤ ᠪᠠᠨ ᠴᠢᠩᠭᠠᠳᠬᠠᠨ᠂ ᠳ᠋ᠠᠢᠢᠲ᠋ᠠ ᠳᠤ ᠬᠠᠨᠳᠤᠭᠤᠯᠤᠭᠰᠠᠨ ᠮᠡᠳᠡᠭᠡ ᠵᠠᠩᠭᠢ ᠶᠢᠨ ᠠᠮᠤᠷ ᠲᠦᠪᠰᠢᠨ ᠤ ᠮᠡᠷᠭᠡᠵᠢᠯ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠦ᠂ ᠠᠮᠤᠷ ᠲᠦᠪᠰᠢᠨ ᠤ ᠰᠡᠷᠭᠡᠢᠢᠯᠡᠯᠲᠡ ᠬᠠᠮᠠᠭᠠᠯᠠᠯᠲᠠ ᠶᠢᠨ ᠬᠢᠨᠠᠨ ᠰᠢᠨᠵᠢᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠯᠧᠺᠲ᠋ᠷᠣᠨ ᠢᠶᠠᠷ ᠭᠡᠷᠡᠴᠢᠯᠡᠬᠦ᠂ ᠳ᠋ᠠᠢᠢᠲ᠋ᠠ ᠶᠢ ᠨᠢᠭᠤᠴᠠᠯᠠᠨ ᠬᠠᠳᠠᠭᠠᠯᠠᠬᠤ᠂ ᠳᠠᠮᠵᠢᠭᠤᠯᠬᠤ ᠪᠠ ᠬᠡᠷᠡᠭᠯᠡᠬᠦ ᠠᠷᠭ᠎ᠠ ᠪᠠᠷᠢᠯ ᠢ ᠭᠦᠢᠴᠡᠳ ᠠᠰᠢᠬᠯᠠᠨ᠂ ᠳ᠋ᠠᠢᠢᠲ᠋ᠠ ᠶᠢ ᠥᠭᠡᠷᠡᠲᠦᠭᠦᠯᠬᠦ ᠶᠢ ᠰᠡᠷᠭᠡᠢᠢᠯᠡᠵᠦ᠂ ᠳ᠋ᠠᠢᠢᠲ᠋ᠠ ᠶᠢᠨ ᠰᠡᠷᠬᠡᠭᠴᠡ ᠦᠬᠡᠢᠢᠳᠡᠬᠦᠯᠦᠨ ᠬᠡᠷᠡᠭᠯᠡᠬᠦ ᠶᠢ ᠠᠬᠢᠭᠤᠯᠵᠤ᠂ ᠴᠢᠬᠤᠯᠠ ᠳ᠋ᠠᠢᠢᠲ᠋ᠠ ᠪᠠ ᠬᠤᠪᠢ ᠬᠥᠮᠦᠨ ᠤ ᠨᠢᠭᠤᠴᠠ᠂ ᠬᠤᠳᠠᠯᠳᠤᠭᠠᠨ ᠤ ᠨᠢᠭᠤᠴᠠ ᠶᠢᠨ ᠮᠡᠳᠡᠭᠡ ᠵᠠᠩᠭᠢ ᠶᠢᠨ ᠬᠠᠮᠠᠭᠠᠯᠠᠯᠲᠠ ᠶᠢ ᠴᠢᠩᠭᠠᠳᠬᠠᠨ᠂ ᠳ᠋ᠠᠢᠢᠲ᠋ᠠ ᠶᠢ ᠰᠤᠷᠪᠤᠯᠵᠢᠯᠠᠨ ᠦᠵᠡᠬᠦ ᠦᠢᠯᠡ ᠠᠵᠢᠯᠯᠠᠭ᠎ᠠ ᠶᠢ ᠴᠢᠩᠭ᠎ᠠ ᠬᠠᠮᠢᠶᠠᠷᠤᠨ ᠡᠵᠡᠮᠳᠡᠵᠦ᠂ ᠶᠠᠪᠤᠴᠠ ᠶᠢ ᠪᠦᠷᠢᠨ ᠲᠡᠮᠳᠡᠭᠯᠡᠬᠦ ᠪᠠ ᠡᠷᠬᠡ ᠶᠢᠨ ᠬᠢᠵᠠᠭᠠᠷ ᠢ ᠨᠠᠷᠢᠯᠢᠬᠵᠢᠭᠤᠯᠤᠨ ᠬᠠᠮᠢᠶᠠᠷᠬᠤ ᠶᠢ ᠪᠡᠶᠡᠯᠡᠭᠦᠯᠦᠨ᠎ᠡ᠃ ︵ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠲᠦᠷᠦᠭᠦᠯᠡᠨ ᠬᠠᠷᠢᠭᠤᠴᠠᠵᠤ᠂ 2023 ᠣᠨ ᠤ ᠵᠢᠯ ᠤᠨ ᠡᠴᠦᠰ ᠡᠴᠠ ᠡᠮᠦᠨ᠎ᠡ ᠪᠡᠶᠡᠯᠡᠭᠦᠯᠦᠨ᠎ᠡ ︶ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠪᠥᠬᠦ ᠣᠷᠣᠨ ᠤ ᠨᠢᠭᠡ ᠴᠣᠠᠠᠴᠠᠵᠢᠭᠤᠯᠥᠠᠠᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠲᠣᠤᠷ ᠰᠦᠯᠵᠢᠶ᠎ᠡ ᠪᠠ ᠳ᠋ᠠᠢᠢᠲ᠋ᠠ ᠶᠢᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠤᠯᠤᠰ ᠤᠨ ᠲᠠᠪᠴᠠᠩ ᠯᠤᠭ᠎ᠠ ᠵᠡᠷᠭᠡ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠥᠪ ᠢ ᠲᠠᠰ ᠳᠡᠪᠰᠢᠭᠦᠯᠬᠦ ᠶᠢᠨ ᠬᠠᠮᠲᠤ ᠳᠡᠭᠡᠭᠰᠢ ᠪᠠᠨ ᠤᠯᠤᠰ ᠤᠨ ᠲᠠᠪᠴᠠᠩ ᠳᠤ ᠵᠠᠯᠭᠠᠨ ᠣᠷᠣᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠲᠠᠰᠤᠯᠳᠠᠭᠤᠯᠬᠤ ᠥᠬᠡᠶ᠂ ᠬᠠᠭᠤᠳᠠᠰᠤ ᠨᠢᠭᠤᠷ ᠢ ᠥᠭᠡᠷᠡᠲᠦᠭᠦᠯᠬᠦ ᠥᠬᠡᠶ᠂ ᠳ᠋ᠠᠢᠢᠲ᠋ᠠ ᠶᠢ ᠵᠠᠳᠠᠷᠠᠭᠤᠯᠬᠤ ᠦᠭᠡᠢ ᠪᠠᠢᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ︵ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ ︶

  ︵ ᠬᠤᠷᠢᠨ ᠭᠤᠷᠪᠠ ︶ ᠳ᠋ᠠᠢᠢᠲ᠋ᠠ ᠶᠢᠨ ᠠᠮᠤᠷ ᠲᠦᠪᠰᠢᠨ ᠢᠶᠠᠷ ᠠᠵᠢᠯᠯᠠᠭᠤᠯᠬᠤ ᠪᠠᠲᠤᠯᠠᠭ᠎ᠠ ᠶᠢ ᠴᠢᠩᠭᠠᠷᠠᠭᠤᠯᠤᠨ᠎ᠠ᠃ ᠳ᠋ᠠᠶᠢᠲ᠋ᠠ ᠶᠢ ᠠᠮᠤᠷ ᠲᠦᠪᠰᠢᠨ ᠢᠶᠠᠷ ᠠᠵᠢᠯᠯᠠᠭᠤᠯᠵᠤ ᠬᠠᠮᠠᠭᠠᠯᠠᠬᠤ ᠪᠠ ᠡᠵᠡᠩᠨᠡᠵᠦ ᠠᠵᠢᠯᠯᠠᠭᠤᠯᠬᠤ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠲᠠᠯ᠎ᠠ ᠶᠢᠨ ᠡᠷᠬᠡ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠤ᠂ ᠳ᠋ᠠᠶᠢᠲ᠋ᠠ ᠶᠢᠨ ᠠᠮᠤᠷ ᠲᠦᠪᠰᠢᠨ ᠤ ᠲᠦᠭᠰᠢᠭᠦᠷᠢ ᠶᠢᠨ ᠮᠡᠳᠡᠭᠡ ᠵᠠᠩᠭᠢ ᠶᠢ ᠤᠯᠬᠤ᠂ ᠵᠠᠳᠠᠯᠬᠤ᠂ ᠰᠤᠳᠤᠯᠤᠨ ᠮᠠᠭᠠᠳᠯᠠᠬᠤ᠂ ᠰᠡᠷᠡᠮᠵᠢᠯᠡᠭᠦᠯᠬᠦ ᠶᠢ ᠴᠢᠩᠭᠠᠳᠬᠠᠨ᠎ᠠ᠃ ᠠᠵᠢᠯ ᠶᠠᠪᠤᠳᠠᠯ ᠤᠨ ᠡᠮᠦᠨ᠎ᠡ ᠬᠢᠨᠠᠨ ᠵᠥᠪᠰᠢᠶᠡᠷᠡᠬᠦ ᠶᠢ ᠬᠠᠮᠢᠶᠠᠷᠬᠤ᠂ ᠠᠵᠢᠯ ᠶᠠᠪᠤᠳᠠᠯ ᠤᠨ ᠳᠤᠮᠳᠠ ᠪᠦᠬᠦᠨ ᠢ ᠣᠷᠣᠮ ᠦᠯᠡᠳᠡᠭᠡᠬᠦ᠂ ᠠᠵᠢᠯ ᠶᠠᠪᠤᠳᠠᠯ ᠤᠨ ᠳᠠᠷᠠᠭ᠎ᠠ ᠮᠦᠷᠳᠡᠨ ᠤᠬᠤᠴᠢᠯᠠᠵᠤ ᠪᠣᠯᠬᠤ ᠳ᠋ᠠᠢᠢᠲ᠋ᠠ ᠶᠢᠨ ᠠᠮᠤᠷ ᠲᠦᠪᠰᠢᠨ ᠠᠵᠢᠯᠯᠠᠭᠠᠨ ᠤ ᠬᠢᠨᠠᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠳ᠋ᠠᠢᠢᠲ᠋ᠠ ᠰᠣᠯᠢᠯᠴᠠᠬᠤ ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠣᠳᠣᠷᠬᠠᠢ ᠲᠣᠭᠲᠠᠭᠠᠵᠤ᠂ ᠳ᠋ᠠᠢᠢᠲ᠋ᠠ ᠶᠢ ᠬᠡᠷᠡᠭᠯᠡᠬᠦ ᠭᠤᠶᠤᠴᠢᠯᠠᠯ ᠤᠨ ᠲᠣᠭᠲᠠᠭᠠᠯ ᠳᠤ ᠨᠡᠶᠢᠴᠡᠬᠦ ᠴᠢᠨᠠᠷ ᠤᠨ ᠬᠢᠨᠠᠨ ᠪᠠᠶᠢᠴᠠᠭᠠᠯᠲᠠ ᠪᠠ ᠳ᠋ᠠᠢᠢᠲ᠋ᠠ ᠶᠢ ᠣᠯᠤᠭᠰᠠᠨ ᠤ ᠳᠠᠷᠠᠭ᠎ᠠ ᠬᠡᠷᠡᠭᠯᠡᠯᠲᠡ ᠶᠢᠨ ᠴᠠᠭᠠᠨ ᠳᠠᠩᠰᠠ ᠶᠢᠨ ᠡᠵᠡᠮᠳᠡᠯ ᠢ ᠴᠢᠩᠭᠠᠳᠬᠠᠵᠤ᠂ ᠳ᠋ᠠᠢᠢᠲ᠋ᠠ ᠶᠢᠨ ᠬᠡᠪ ᠤᠨ ᠪᠤᠰᠤ ᠬᠡᠷᠡᠭᠯᠡᠯᠲᠡ ᠶᠢᠨ ᠦᠢᠯᠡ ᠠᠵᠢᠯᠯᠠᠭ᠎ᠠ ᠶᠢ ᠢᠯᠡᠷᠡᠭᠦᠯᠬᠦ᠂ ᠢᠷᠡᠯᠲᠡ ᠶᠢ ᠡᠷᠢᠬᠦ ᠪᠠ ᠰᠢᠢᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠂ ᠳ᠋ᠠᠢᠢᠲ᠋ᠠ ᠵᠢᠨ ᠠᠮᠤᠷ ᠲᠦᠪᠰᠢᠨ ᠤ ᠬᠠᠮᠢᠶᠠᠷᠤᠯᠲᠠ ᠶᠢᠨ ᠪᠢᠲᠡᠭᠦᠦ ᠴᠦᠷᠭᠡᠯᠡᠭᠡ ᠶᠢ ᠪᠣᠶ ᠪᠣᠯᠭᠠᠵᠤ᠂ ᠳ᠋ᠠᠢᠢᠲ᠋ᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ ︵ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠬᠠᠷᠢᠭᠤᠴᠠᠵᠤ᠂ 2023 ᠣᠨ ᠤ ᠵᠢᠯ ᠤᠨ ᠡᠴᠦᠰ ᠡᠴᠠ ᠡᠮᠦᠨ᠎ᠡ ᠪᠡᠶᠡᠯᠡᠭᠦᠯᠦᠨ᠎ᠡ ︶

  ᠶᠢᠰᠦ᠂ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠡᠯ᠎ᠡ ᠵᠦᠢᠯ ᠤᠨ ᠠᠷᠭ᠎᠎ᠠ ᠬᠡᠮᠵᠢᠶ᠎ᠡ ᠶᠢ ᠪᠤᠲᠠᠲᠠᠢᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ

  ︵ ᠬᠤᠷᠢᠨ ᠳᠥᠷᠪᠡ ︶ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠᠨ ᠴᠢᠩᠭᠠᠳᠬᠠᠨ᠎ᠠ᠃ ᠪᠥᠬᠦ ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠪᠠ ᠬᠡᠷᠡᠭᠯᠡᠭᠡᠨ ᠤ ᠦᠨᠡᠯᠡᠨ ᠵᠢᠱᠢᠯᠲᠡ ᠦᠨᠡᠯᠡᠯᠲᠡ ᠶᠢᠨ ᠲᠣᠭᠲᠠᠯᠴᠠᠭ᠎ᠠ ᠶᠢ ᠰᠤᠳᠤᠯᠤᠨ ᠲᠣᠭᠲᠠᠭᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠵᠢᠯᠣᠭᠤᠳᠤᠨ ᠵᠠᠰᠠᠭ ᠤᠨ ᠶᠠᠪᠤᠳᠠᠯ ᠤᠨ ᠳ᠋ᠠᠢᠢᠲ᠋ᠠ ᠶᠢᠨ ᠬᠠᠮᠢᠶᠠᠷᠤᠯᠲᠠ ᠪᠠ ᠬᠡᠷᠡᠭᠯᠡᠯᠲᠡ ᠶᠢ ᠴᠢᠩᠭᠠᠳᠬᠠᠵᠤ᠂ ᠡᠯ᠎ᠡ ᠭᠠᠵᠠᠷ ᠣᠷᠣᠨ ᠢ ᠰᠢᠮᠳᠠᠭᠤᠯᠵᠤ ᠪᠠᠶᠢᠭᠠᠳ ᠬᠠᠮᠢᠶ᠎ᠠ ᠪᠥᠬᠦᠶ ᠠᠵᠢᠯ ᠢ ᠵᠠᠰᠠᠭ ᠤᠨ ᠣᠷᠳᠣᠨ ᠤ ᠠᠵᠢᠯ ᠤᠨ ᠠᠮᠵᠢᠯᠲᠠ ᠪᠦᠲᠦᠮᠵᠢ ᠶᠢᠨ ᠰᠢᠯᠭᠠᠨ ᠬᠢᠨᠠᠯᠲᠠ ᠳᠤ ᠣᠷᠣᠭᠤᠯᠬᠤ ᠶᠢᠨ ᠬᠠᠮᠲᠤ᠂ ᠱᠠᠭᠠᠷᠳᠠᠯᠭ᠎ᠠ ᠶᠣᠰᠣᠭᠠᠷ ᠡᠭᠦᠷᠭᠡ ᠪᠠᠨ ᠪᠡᠶᠡᠯᠡᠭᠦᠯᠦᠭᠰᠡᠨ ᠥᠬᠡᠶ ᠶᠢ ᠨᠢ ᠭᠤᠤᠯᠳᠠᠯᠭ᠎ᠠ ᠲᠠᠢ ᠰᠢᠮᠳᠠᠭᠤᠯᠤᠨ ᠪᠠᠶᠢᠴᠠᠭᠠᠨ᠎ᠠ᠃ ︵ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ ︶

  ︵ ᠬᠤᠷᠢᠨ ᠲᠠᠪᠤ ︶ ᠬᠢᠨᠠᠯᠲᠠ ᠲᠠᠯᠪᠢᠵᠤ ᠦᠨᠡᠯᠡᠨ ᠵᠢᠱᠢᠬᠦ ᠶᠢ ᠴᠢᠩᠭᠠᠷᠠᠭᠤᠯᠤᠨ᠎ᠠ᠃ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠨᠢ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠠᠵᠢᠯ ᠳᠤ ᠬᠢᠨᠠᠯᠲᠠ ᠲᠠᠯᠪᠢᠵᠤ ᠦᠨᠡᠯᠡᠨ ᠵᠢᠱᠢᠬᠦ ᠠᠷᠭ᠎ᠠ ᠶᠢ ᠰᠤᠳᠤᠯᠤᠨ ᠲᠣᠭᠲᠠᠭᠠᠨ᠎ᠠ᠃ ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ᠂ ᠲᠤᠰᠬᠠᠶ ᠪᠠᠶᠢᠭᠤᠯᠤᠮᠵᠢ ᠶᠢᠨ ᠦᠨᠡᠯᠡᠨ ᠲᠣᠭᠲᠠᠭᠠᠯᠲᠠ᠂ ᠬᠡᠷᠡᠭᠯᠡᠭᠴᠢ ᠶᠢᠨ ᠬᠠᠨᠤᠮᠵᠢᠲᠠᠢ ᠪᠠᠢᠢᠬᠤ ᠬᠡᠮᠵᠢᠶ᠎ᠡ ᠶᠢᠨ ᠦᠨᠡᠯᠡᠯᠲᠡ ᠵᠡᠷᠭᠡ ᠠᠷᠭ᠎ᠠ ᠮᠠᠶ᠋ᠢᠭ ᠢ ᠢᠳᠡᠪᠬᠢᠲᠡᠶ ᠪᠠᠷ ᠬᠡᠷᠡᠭᠯᠡᠨ ᠦᠨᠡᠯᠡᠨ ᠵᠢᠱᠢᠯᠲᠡ ᠦᠨᠡᠯᠡᠯᠲᠡ ᠶᠢ ᠥᠷᠨᠢᠭᠦᠯᠦᠨ᠎ᠡ᠃ ︵ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ ︶

︵ ᠬᠤᠷᠢᠨ ᠵᠢᠷᠭᠤᠭ᠎ᠠ ︶ ᠵᠠᠷᠤᠳᠠᠯ ᠤᠨ ᠬᠠᠮᠢᠶᠠᠷᠤᠯᠲᠠ ᠶᠢ ᠴᠢᠩᠳᠠᠯᠠᠨ᠎ᠠ᠃ ᠪᠥᠬᠦ ᠣᠷᠣᠨ ᠤ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭᠠᠨ ᠤ ᠪᠠᠶᠢᠭᠤᠯᠤᠯᠲᠠ ᠶᠢᠨ ᠠᠵᠢᠯᠯᠠᠭᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠠᠮᠢᠶ᠎ᠠ ᠪᠥᠬᠦᠶ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠡᠯ᠎ᠡ ᠱᠠᠲᠤᠨ ᠤ ᠵᠠᠰᠠᠭ ᠤᠨ ᠣᠷᠳᠣᠨ ᠤ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠳᠤ ᠣᠷᠣᠭᠤᠯᠵᠤ᠂ ᠬᠠᠮᠢᠶ᠎ᠠ ᠪᠥᠬᠦᠶ ᠠᠵᠢᠯ ᠤᠨ ᠵᠠᠷᠤᠳᠠᠯ ᠢ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠲᠥᠰᠥᠪ ᠲᠤ ᠣᠷᠣᠭᠤᠯᠤᠨ ᠨᠢᠭᠡᠲᠦᠯᠲᠡᠢ ᠲᠦᠯᠦᠪᠯᠡᠨ ᠲᠣᠬᠢᠷᠠᠭᠤᠯᠤᠨ᠎ᠠ᠃ ᠬᠠᠮᠢᠶ᠎ᠠ ᠪᠥᠬᠦᠶ ᠵᠠᠷᠤᠳᠠᠯ ᠤᠨ ᠪᠥᠬᠦ ᠶᠠᠪᠤᠴᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠬᠠᠮᠢᠶᠠᠷᠤᠯᠲᠠ ᠶᠢ ᠰᠠᠢᠢᠵᠢᠷᠠᠭᠤᠯᠬᠤ ᠪᠠ ᠲᠥᠰᠦᠪ ᠢ ᠳᠣᠭᠢᠷᠠᠭᠤᠯᠬᠤ ᠶᠢᠨ ᠴᠢᠬᠤᠯᠠ ᠦᠨᠳᠦᠰᠦᠯᠡᠯ ᠪᠣᠯᠭᠠᠵᠤ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠤᠨᠨᠳᠠᠯᠴᠠᠭᠠᠨ ᠤ ᠪᠠᠶᠢᠭᠤᠯᠤᠯᠲᠠ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ ᠪᠦᠬᠦᠨ ᠳᠤ ᠨᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠯ ᠬᠢᠬᠦ ᠦᠭᠡᠢ᠂ ᠠᠵᠢᠯᠯᠠᠭᠤᠯᠵᠤ ᠬᠠᠮᠠᠭᠠᠯᠠᠬᠤ ᠪᠠ ᠡᠵᠡᠩᠨᠡᠵᠦ ᠠᠵᠢᠯᠯᠠᠭᠤᠯᠬᠤ ᠵᠠᠷᠤᠳᠠᠯ ᠳᠣᠭᠢᠷᠠᠭᠤᠯᠬᠤ ᠥᠬᠡᠶ᠃ ︵ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠦᠷᠭᠦᠯᠵᠢᠯᠡᠨ ᠠᠬᠢᠭᠤᠯᠤᠨ᠎ᠠ ︶


ᠭᠠᠷ ᠤᠲᠠᠰᠤ ᠪᠠᠷ ᠦᠵᠡᠬᠦ