ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2024 ᠣᠨ ᠤ 8 ᠳ᠋ᠤᠭᠠᠷ ᠤᠳᠠᠭᠠᠨ ᠦ ᠪᠠᠶᠢᠩᠭᠤ ᠶᠢᠨ ᠬᠤᠷᠠᠯ

  3 ᠳ᠋ᠤᠭᠠᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ 2024 ᠣᠨ ᠤ 8 ᠳ᠋ᠤᠭᠠᠷ ᠤᠳᠠᠭᠠᠨ ᠦ ᠪᠠᠶᠢᠩᠭᠤ ᠶᠢᠨ ᠬᠤᠷᠠᠯ ᠵᠢᠴᠢ ︽ ᠵᠢᠷᠭᠤᠭᠠᠨ ᠢᠨᠵᠧᠨᠧᠷᠢᠩ ︾ ᠤᠨ ᠤᠳᠤᠷᠢᠳᠬᠤ ᠳᠤᠭᠤᠶᠢᠯᠠᠩ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃

  ᠬᠤᠷᠠᠯ ᠡᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ᠂ ᠳᠤᠮᠳᠠ ᠣᠷᠣᠨ ᠤ ᠬᠥᠭᠵᠢᠯ ᠮᠠᠨᠳᠤᠯ ᠢ ᠠᠬᠢᠭᠤᠯᠬᠤ ᠶᠠᠷᠢᠯᠴᠠᠬᠤ ᠬᠤᠷᠠᠯ ᠪᠣᠯᠣᠨ ᠬᠤᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ᠂ ᠲᠣᠨᠣᠭᠯᠠᠯ ᠦᠢᠯᠡᠳᠬᠦ᠂ ᠰᠢᠨ᠎ᠡ ᠭᠡᠯᠪᠡᠷᠢ ᠶᠢᠨ ᠡᠨᠧᠷᠭᠢ ᠬᠠᠳᠠᠭᠠᠯᠠᠬᠤ᠂ ᠪᠣᠬᠢᠷᠳᠤᠯ ᠦᠭᠡᠢ ᠴᠠᠭᠢᠯᠭᠠᠨ ᠢ ᠪᠠᠭᠲᠠᠭᠠᠨ ᠰᠢᠩᠭᠡᠭᠡᠬᠦ ᠲᠠᠯ᠎ᠠ ᠪᠠᠷ ᠪᠦᠭᠦ ᠲᠠᠯ᠎ᠠ ᠪᠠᠷ ᠬᠦᠴᠦᠯᠡᠵᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠲᠦᠷᠭᠡᠳᠬᠡᠨ ᠠᠬᠢᠭᠤᠯᠬᠤ ᠬᠡᠷᠡᠭᠲᠡᠢ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠪᠤᠷ ᠤᠨ ᠲᠠᠷᠢᠶᠠᠯᠠᠭ᠎ᠠ ᠶᠢ ᠰᠠᠶᠢᠲᠤᠷ ᠠᠳᠬᠤᠵᠤ᠂ ᠰᠠᠶᠢᠨ ᠦᠷ᠎ᠡ ᠶᠢ ᠪᠣᠶᠢᠵᠢᠭᠤᠯᠤᠨ ᠳᠡᠯᠭᠡᠷᠡᠭᠦᠯᠬᠦ ᠶᠢ ᠴᠢᠩᠭᠠᠳᠬᠠᠵᠤ᠂ ᠲᠠᠯᠠᠪᠠᠢ ᠨᠢᠭᠡᠴᠢ ᠶᠢᠨ ᠤᠨᠠᠯᠲᠠ ᠶᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠠᠵᠤ ᠠᠬᠤᠢ ᠶᠢᠨ ᠡᠷᠭᠢᠯᠲᠡ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠡᠯ᠎ᠡ ᠳᠡᠳ᠋ ᠲᠡᠷᠢᠭᠦᠯᠡᠭᠴᠢ ᠲᠦᠷᠦᠭᠦᠯᠡᠨ ᠠᠵᠤ ᠠᠬᠤᠶᠢᠯᠠᠯ ᠢ ᠬᠠᠪᠰᠤᠷᠤᠨ ᠲᠦᠭᠦᠬᠡᠢ ᠮᠠᠲ᠋ᠧᠷᠢᠶᠠᠯ ᠡᠷᠢᠵᠦ᠂ ᠠᠵᠢᠯᠴᠢᠨ ᠬᠡᠷᠡᠭᠯᠡᠵᠦ᠂ ᠵᠠᠬᠢᠶᠠᠯᠠᠭ᠎ᠠ ᠶᠢᠨ ᠬᠠᠭᠤᠳᠠᠰᠤ ᠡᠷᠢᠵᠦ᠂ ᠵᠠᠬ᠎ᠠ ᠳᠡᠯᠭᠡᠭᠦᠷ ᠡᠷᠢᠵᠦ᠂ ᠪᠦᠭᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

  ᠬᠤᠷᠠᠯ ᠡᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ ᠪᠦᠰᠡᠯᠡᠯᠲᠡ ᠰᠢᠪᠲᠤᠯᠬᠤ ︾ ᠢᠨᠵᠧᠨᠧᠷᠢᠩ ᠤᠨ ᠲᠥᠰᠥᠯ ᠢ ᠬᠢᠨᠠᠨ ᠵᠥᠪᠯᠡᠵᠦ ᠪᠠᠲᠤᠯᠠᠨ᠂ ᠤᠷᠤᠯᠳᠤᠭᠠᠨ ᠤ ᠵᠠᠮ ᠤᠨ ᠴᠡᠭ ᠢ ᠣᠨᠣᠪᠴᠢᠲᠠᠢ ᠡᠷᠢᠵᠦ᠂ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠂ ᠵᠠᠰᠠᠭ ᠤᠨ ᠣᠷᠳᠣᠨ᠂ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠭᠦᠮ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠨᠢᠭᠡ ᠪᠦᠯᠦᠭ ᠤᠯᠠᠷᠢᠭᠤᠯᠤᠨ ᠨᠠᠶᠢᠳᠠᠪᠤᠷᠢᠵᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠲᠦᠷᠭᠡᠨ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ᠃

  ᠬᠤᠷᠠᠯ ᠡᠴᠠ ᠢᠳᠡᠭᠡᠨ ᠤ ᠠᠮᠤᠷ ᠲᠦᠪᠰᠢᠨ ᠤ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠵᠤ᠂ ︽ ᠳᠥᠷᠪᠡᠨ ᠬᠠᠮᠤᠭ ᠤᠨ ᠴᠢᠩᠭ᠎ᠠ ︾ ᠪᠠᠶᠢᠬᠤ ᠴᠢᠬᠤᠯᠠ ᠱᠠᠭᠠᠷᠳᠠᠯᠭ᠎ᠠ ᠵᠢ ᠪᠠᠲᠤ ᠴᠡᠭᠡᠵᠢᠯᠡᠵᠦ᠂ ᠡᠬᠢ ᠡᠭᠦᠰᠦᠯ ᠡᠴᠠ ᠨᠢ ᠴᠡᠪᠡᠷᠰᠢᠭᠦᠯᠬᠦ᠂ ᠭᠤᠣᠯᠳᠠᠯᠭ᠎ᠠ ᠲᠠᠢ ᠭᠠᠵᠠᠷ ᠣᠷᠣᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭ᠎ᠠ ᠠᠳᠬᠤᠵᠤ᠂ ︽ ᠥᠷᠭᠡᠨ ᠲᠡᠨᠢᠭᠡᠷ ᠲᠠᠯ᠎ᠠ ᠨᠤᠲᠤᠭ᠂ ᠥᠩ ᠰᠢᠮᠡᠯᠢᠭ ᠮᠠᠯᠵᠢᠯ ᠤᠨ ᠲᠠᠯᠠᠪᠠᠶ᠂ ᠠᠮᠢ ᠠᠬᠤᠢ ᠶᠢᠨ ᠥᠪᠥᠷ ᠮᠣᠩᠭᠤᠯ᠂ ᠪᠣᠬᠢᠷᠳᠤᠯ ᠦᠭᠡᠢ ᠰᠠᠶᠢᠬᠠᠨ ᠦᠨᠦᠷ ᠠᠮᠲᠠ ︾ ᠶᠢᠨ ᠲᠥᠷᠥᠯ ᠲᠡᠮᠳᠡᠭ ᠤᠨ ᠳᠦᠷᠢ ᠲᠥᠷᠬᠦ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

  ᠬᠤᠷᠠᠯ ᠡᠴᠠ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠰᠤᠳᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ ᠨᠠᠢᠮᠠᠨ ᠪᠤᠯᠬᠤ ᠦᠭᠡᠢ ︾ ᠰᠠᠬᠢᠯᠭ᠎ᠠ ᠪᠠᠲᠤ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠥᠷᠢ ᠥᠭᠴᠡᠭᠡ ᠶᠢ ᠦᠨᠡᠨ ᠪᠣᠳᠠᠲᠠᠢ ᠰᠢᠢᠳᠪᠦᠷᠢᠯᠡᠵᠦ ᠳᠠᠭᠤᠰᠬᠠᠬᠤ ᠬᠡᠷᠡᠭᠲᠡᠢ ᠭᠡᠵᠦ ᠴᠢᠬᠤᠯᠠᠴᠢᠯᠠᠪᠠ᠃

  ᠬᠤᠷᠠᠯ ᠡᠴᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠪᠣᠯᠣᠨ ᠲᠦᠷᠦᠯ ᠵᠦᠢᠯ ᠢ ᠲᠣᠬᠢᠷᠠᠭᠤᠯᠬᠤ ᠲᠥᠰᠥᠯ ᠢ ᠰᠤᠳᠤᠯᠵᠤ᠂ ᠠᠵᠤ ᠦᠢᠯᠡᠰ ᠤᠨ ᠲᠦᠷᠦᠯ ᠵᠦᠢᠯ ᠢ ᠤᠨᠢᠨ ᠳᠡᠭᠡᠷ᠎ᠡ ᠨᠢ ᠬᠡᠷᠡᠭᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠶᠢᠷ᠎ᠠ ᠬᠠᠯᠠᠮᠵᠢ ᠳᠤ ᠲᠠᠯᠠᠷᠬᠠᠬᠤ ᠰᠡᠳᠬᠢᠯᠭᠡ ᠪᠠᠷ ᠬᠤᠪᠣᠷ ᠨᠠᠨᠳᠢᠨ ᠪᠡᠯᠡ ᠮᠥᠩᠭᠦ ᠶᠢ ᠰᠠᠶᠢᠲᠤᠷ ᠬᠡᠷᠡᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃

  ᠬᠤᠷᠠᠯ ᠡᠴᠠ ᠬᠤᠲᠠ ᠵᠢᠨ ᠰᠢᠲᠠᠮᠠᠬᠠᠢ ᠬᠡᠢ ᠵᠢᠨ ᠬᠤᠭᠤᠯᠠᠢ ᠵᠢᠨ ︽ ᠭᠡᠮ ᠰᠣᠭᠤᠭ ᠲᠠᠢ ᠠᠵᠢᠯᠯᠠᠬᠤ ︾ ᠵᠢ ᠲᠤᠰᠬᠠᠢ ᠴᠡᠭᠴᠡᠯᠡᠨ ᠵᠠᠰᠠᠬᠤ ᠲᠥᠰᠥᠯ ᠢ ᠬᠢᠨᠠᠨ ᠵᠥᠪᠯᠡᠵᠦ ᠪᠠᠲᠤᠯᠠᠵᠤ᠂ ᠰᠢᠰᠲ᠋ᠧᠮᠲᠦ ᠰᠡᠳᠬᠢᠬᠦᠢ ᠵᠢ ᠪᠠᠷᠢᠮᠲᠠᠯᠠᠵᠤ᠂ ︽ ᠬᠠᠶᠢᠷ᠎ᠠ ᠬᠠᠯᠠᠮᠵᠢ ᠵᠢᠨ ᠢᠨᠵᠧᠨᠧᠷᠢᠩ ︾ ᠢ ᠬᠡᠷᠡᠭᠵᠢᠭᠦᠯᠬᠦ ᠲᠠᠢ ᠤᠶᠠᠯᠳᠤᠭᠤᠯᠤᠨ᠂ ᠭᠠᠵᠠᠷ ᠳᠡᠭᠡᠷᠡᠬᠢ ᠪᠠ ᠭᠠᠵᠠᠷ ᠳᠣᠣᠷᠠᠬᠢ᠂ ᠠᠰᠠᠷ ᠤᠨ ᠳᠣᠲᠣᠷ᠎ᠠ ᠭᠠᠳᠠᠨᠠᠬᠢ᠂ ᠲᠣᠨᠤᠭ ᠲᠥᠬᠦᠭᠡᠷᠦᠮᠵᠢ ᠤᠭᠰᠠᠷᠠᠭ᠎ᠠ ᠲᠣᠨᠤᠭ ᠢ ᠨᠢᠭᠡ ᠴᠣᠭᠴᠠᠵᠢᠭᠤᠯᠤᠨ ᠵᠢᠭᠰᠠᠭᠠᠨ ᠪᠠᠶᠢᠴᠠᠭᠠᠵᠤ᠂ ᠪᠣᠯᠪᠠᠰᠤᠨ ᠵᠢᠨᠷ ᠪᠠᠷᠢᠯᠭ᠎ᠠ ᠪᠠᠷᠢᠬᠤ ᠪᠠ ᠨᠠᠷᠢᠯᠢᠭ ᠬᠠᠮᠢᠶᠠᠷᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃

  ᠬᠤᠷᠠᠯ ᠡᠴᠠ ᠪᠠᠰᠠ ᠤᠯᠤᠰ ᠤᠨ ᠥᠮᠴᠢᠯᠡᠯᠲᠤ ᠠᠵᠤ ᠠᠬᠤᠶᠢᠯᠠᠯ ᠢ ᠨᠡᠶᠢᠳᠬᠡᠨ ᠲᠠᠭᠢᠨ ᠪᠠᠶᠢᠭᠤᠯᠬᠤ ᠵᠡᠷᠭᠡ ᠵᠦᠢᠯ ᠢ ᠰᠤᠳᠤᠯᠪᠠ᠃


ᠭᠠᠷ ᠤᠲᠠᠰᠤ ᠪᠠᠷ ᠦᠵᠡᠬᠦ