5 ᠳ᠋ᠤᠭᠠᠷ ᠰᠠᠷ᠎ᠠ ᠶᠢᠨ 1 ᠤ ᠡᠳᠦᠷ ᠡᠴᠠ 5 ᠳ᠋ᠤᠭᠠᠷ ᠰᠠᠷ᠎ᠠ ᠶᠢᠨ 15 ᠤ ᠡᠳᠦᠷ

 5 ᠳ᠋ᠤᠭᠠᠷ ᠰᠠᠷ᠎ᠠ ᠶᠢᠨ 7 ᠤ ᠡᠳᠦᠷ   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠢᠨᠭᠡᠷ ᠰᠢᠨ᠎ᠡ ᠲᠣᠭᠤᠷᠢᠭ ᠲᠤ ᠭᠦᠨᠵᠡᠭᠡᠶᠢᠷᠡᠵᠦ᠂ ᠪᠣᠳᠣᠯᠲᠠ ᠶᠢᠨ ᠴᠢᠳᠠᠪᠤᠷᠢ ᠶᠢᠨ ᠠᠵᠤ ᠠᠬᠤᠶ ᠶᠢ ᠬᠥᠭᠵᠢᠭᠦᠯᠬᠦ ᠲᠤᠬᠠᠶ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠤᠬᠠᠶ ᠶᠢᠨ ᠲᠠᠯᠠᠪᠠᠶ ᠳᠤ ᠠᠯᠪᠠᠯᠠᠪᠠ᠃ ᠸᠠᠩ ᠯᠢ ᠰᠢᠶᠠ ᠤᠷᠢᠳ ᠬᠤᠵᠢᠳ ᠬᠤᠳᠠ ᠶᠢᠨ ᠶᠡᠭᠡ ᠲᠠᠷᠢᠬᠢ᠂ ᠬᠤᠸᠠ ᠳ᠋ᠢᠶᠠᠨ ᠰᠢᠨ᠎ᠡ ᠡᠨᠧᠷᠭᠢ ᠶᠢᠨ ᠣᠶᠤᠨᠯᠢᠭ ᠡᠵᠡᠩᠨᠡᠯᠲᠡ ᠶᠢᠨ ᠠᠵᠢᠯᠯᠠᠭᠠᠨ ᠤ ᠵᠢᠯᠣᠭᠤᠳᠬᠤ ᠲᠥᠪ᠂ ᠪᠢᠩ ᠰᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠪᠥᠷ ᠮᠣᠩᠭᠤᠯ ᠤᠨ ᠰᠢᠨ᠎ᠡ ᠬᠡᠯᠪᠡᠷᠢ ᠶᠢᠨ ᠪᠣᠳᠣᠯᠲᠠ ᠶᠢᠨ ᠴᠢᠳᠠᠪᠤᠷᠢ ᠶᠢᠨ ᠰᠠᠭᠤᠷᠢᠨ᠂ ᠳᠤᠮᠳᠠᠳᠤ ᠤᠯᠤᠰ ᠤᠨ ᠰᠢᠯᠵᠢᠭᠡ ᠬᠤᠯᠪᠣᠭᠠᠨ ᠤ ᠬᠥᠬᠡᠬᠤᠲᠠ ᠶᠢᠨ ᠳ᠋ᠠᠢᠲ᠋ᠠ ᠶᠢᠨ ᠲᠥᠪ ᠪᠠ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠳ᠋ᠠᠢᠲ᠋ᠠ ᠶᠢᠨ ᠲᠥᠪ ᠤᠨ ᠭᠤᠷᠪᠠᠳᠤᠭᠠᠷ ᠬᠡᠰᠡᠭ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠪᠣᠯᠤᠨ ᠦᠢᠯᠡᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠤᠳ ᠢ ᠨᠠᠷᠢᠨ ᠣᠶᠢᠯᠠᠭᠠᠵᠤ᠂ ᠬᠤᠯᠪᠣᠭᠳᠠᠯ ᠪᠦᠬᠦᠢ ᠠᠶᠢᠮᠠᠭ ᠬᠤᠳᠠ᠂ ᠰᠠᠯᠠᠭ᠎ᠠ ᠮᠥᠴᠢᠷ ᠤᠨ ᠬᠢᠨ ᠲᠠᠢ ᠬᠠᠮᠲᠤ ᠪᠠᠷ ᠠᠰᠠᠭᠤᠳᠠᠯ ᠢ ᠵᠠᠳᠠᠯᠵᠤ᠂ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠠᠷᠭ᠎ᠠ ᠬᠡᠮᠵᠢᠶ᠎ᠡ ᠶᠢ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠢ ᠴᠢᠩ ᠶᠤᠸᠠᠨ ᠲᠣᠰ ᠠᠵᠢᠯᠯᠠᠭ᠎ᠠ ᠳᠤ ᠣᠷᠣᠯᠴᠠᠪᠠ᠃

  ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭᠠᠲᠤ ᠠᠷᠠᠳ ᠡᠴᠠ ᠡᠵᠡᠩᠨᠡᠭᠰᠡᠨ ᠠᠵᠤ ᠠᠬᠤᠶᠢᠯᠠᠯ ᠤᠨ ᠬᠤᠷᠢᠶ᠎ᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠡᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠤᠪᠴᠢᠶ᠎ᠡ ᠫᠠᠶᠢᠰᠠ ᠡᠯᠭᠦᠨ ᠪᠠᠶᠢᠭᠤᠯᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠫᠠᠶᠢᠰᠠ ᠡᠯᠭᠦᠬᠦ ᠶᠣᠰᠣᠯᠠᠯ ᠳᠤ ᠣᠷᠣᠯᠴᠠᠪᠠ᠃

  5 ᠳ᠋ᠤᠭᠠᠷ ᠰᠠᠷ᠎ᠠ ᠶᠢᠨ 9 ᠤ ᠡᠳᠦᠷ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠡᠴᠠ ᠥᠪᠡᠷᠲᠡᠭᠡᠨ ᠵᠠᠰᠠᠬᠤ ᠣᠷᠣᠨ ᠤ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭᠠᠨ ᠤ ᠬᠡᠷᠡᠭᠵᠢᠭᠦᠯᠬᠦ ᠲᠥᠰᠦᠯ ᠢ ᠬᠢᠨᠠᠨ ᠵᠥᠪᠯᠡᠵᠦ ᠪᠠᠲᠤᠯᠠᠨ᠂ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ 2024 ᠣᠨ ᠤ ᠠᠶᠤᠯ ᠦᠭᠡᠢ ᠦᠶᠯᠡᠳᠪᠦᠷᠢᠯᠡᠯ ᠤᠨ ᠭᠤᠤᠯᠳᠠᠯᠭ᠎ᠠ ᠲᠠᠢ ᠡᠭᠦᠷᠭᠡ ᠶᠢᠨ ᠲᠣᠳᠣᠷᠬᠠᠢ ᠬᠠᠭᠤᠳᠠᠰᠤ᠂ ᠠᠷᠠᠳ ᠡᠴᠠ ᠡᠵᠡᠩᠨᠡᠭᠰᠡᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠰᠠᠨᠠᠯ ᠢ ᠰᠤᠳᠤᠯᠪᠠ᠃ ᠬᠤᠷᠠᠯ ᠡᠴᠠ ᠪᠠᠰᠠ ᠪᠤᠰᠤᠳ ᠵᠦᠢᠯᠡᠰ ᠢ ᠰᠤᠳᠤᠯᠪᠠ᠃

  5 ᠳ᠋ᠤᠭᠠᠷ ᠰᠠᠷ᠎ᠠ ᠶᠢᠨ 10 ᠤ ᠡᠳᠦᠷ   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠤᠯᠠᠭᠠᠨᠴᠠᠪ ᠲᠤ ᠭᠦᠨᠵᠡᠭᠡᠶᠢᠷᠡᠨ ᠠᠵᠤ ᠦᠶᠯᠡᠰ ᠤᠨ ᠬᠥᠭᠵᠢᠯᠲᠡ ᠶᠢᠨ ᠠᠵᠢᠯ ᠢ ᠪᠠᠶᠢᠴᠠᠭᠠᠨ ᠰᠤᠳᠤᠯᠪᠠ᠄ ᠥᠪᠥᠷ ᠮᠣᠩᠭᠤᠯ ᠤᠨ ᠶᠢᠨ ᠱᠠᠨ ᠶᠢᠦ ᠮᠠᠢ ᠢᠳᠡᠭᠡᠨ ᠤ ᠵᠦᠢᠯ ᠤᠨ ᠬᠢᠵᠠᠭᠠᠷᠲᠤ ᠺᠣᠮᠫᠠᠨᠢ ᠶᠢᠨ ᠡᠳ᠋ᠰᠢᠭᠦᠯᠦᠨ ᠪᠣᠯᠪᠠᠰᠤᠷᠠᠭᠤᠯᠬᠤ ᠲᠠᠰᠤᠭ ᠲᠤ ᠬᠦᠷᠴᠦ᠂ ᠨᠣᠬᠠᠶ ᠶᠢᠨ ᠬᠤᠰᠢᠭᠤ ᠶᠢᠨ ᠦᠶᠯᠡᠳᠪᠦᠷᠢᠯᠡᠯ ᠤᠨ ᠶᠠᠪᠤᠴᠠ ᠪᠠ ᠪᠣᠷᠣᠯᠠᠭᠤᠯᠭ᠎ᠠ ᠶᠢᠨ ᠪᠠᠶᠢᠳᠠᠯ ᠢ ᠨᠠᠷᠢᠨ ᠣᠶᠢᠯᠠᠭᠠᠪᠠ︔ ᠥᠪᠥᠷ ᠮᠣᠩᠭᠤᠯ ᠤᠨ ᠪᠠᠶ ᠲᠧ ᠲᠡᠮᠦᠷᠯᠢᠭ ᠬᠠᠢᠯᠤᠭᠤᠯᠬᠤ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠦᠶᠯᠡᠳᠪᠦᠷᠢᠯᠡᠯ ᠤᠨ ᠲᠠᠰᠤᠭ ᠲᠤ ᠬᠦᠷᠴᠦ᠂ ᠵᠠᠬᠢᠶᠠᠯᠠᠭ᠎ᠠ ᠶᠢᠨ ᠬᠠᠭᠤᠳᠠᠰᠤ᠂ ᠦᠨ᠎ᠡ ᠬᠠᠩᠰᠢ ᠶᠢᠨ ᠪᠠᠶᠢᠳᠠᠯ ᠢ ᠯᠠᠪᠯᠠᠨ ᠠᠰᠠᠭᠤᠪᠠ︔ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠤᠯᠠᠮᠵᠢᠯᠠᠯᠲᠤ ᠰᠠᠭᠤᠴᠠ ᠶᠢᠨ ᠪᠠᠭᠤᠳᠠᠯ ᠢᠶᠠᠷ ᠥᠩᠭᠡᠷᠡᠬᠦ ᠳᠤ ᠪᠠᠨ᠂ ᠳᠡᠯᠭᠡᠭᠦᠷ ᠤᠨ ᠡᠵᠡᠨ ᠡᠴᠠ ᠵᠢᠭᠤᠯᠴᠢᠯᠠᠭᠴᠢᠳ ᠶᠡᠷᠦ ᠳᠤ ᠪᠠᠨ ᠬᠡᠳᠦᠨ ᠡᠳᠦᠷ ᠰᠠᠭᠤᠬᠤ᠂ ᠶᠠᠭᠤ ᠬᠤᠳᠠᠯᠳᠤᠨ ᠠᠪᠴᠤ ᠪᠠᠢᠬᠤ ᠲᠤᠬᠠᠢ ᠣᠶᠢᠯᠠᠭᠠᠪᠠ︔ ᠰᠠᠨ ᠰᠢᠶᠠ ᠶᠢᠨ ᠡᠨᠧᠷᠭᠢ ᠲᠣᠣᠷ ᠳᠠᠭᠠᠭᠠᠴᠠ ᠨᠥᠭᠡᠴᠡ ᠶᠢᠨ ᠲᠤᠷᠰᠢᠯᠲᠠ ᠶᠢᠨ ᠰᠠᠭᠤᠷᠢᠨ ᠳᠤ᠂ ᠮᠡᠷᠭᠡᠵᠢᠯ ᠢ ᠰᠤᠳᠤᠯᠤᠨ ᠨᠡᠭᠡᠭᠡᠵᠦ ᠪᠠᠢᠭ᠎ᠠ ᠪᠠᠶᠢᠳᠠᠯ ᠢ ᠨᠠᠷᠢᠨ ᠣᠶᠢᠯᠠᠭᠠᠪᠠ︔ ᠠᠯᠢᠪᠠᠪᠠ ᠳ᠋ᠠᠶᠢᠲ᠋ᠠ ᠶᠢᠨ ᠲᠥᠪ ᠲᠤ ᠬᠦᠷᠴᠦ᠂ ᠪᠣᠳᠣᠯᠲᠠ ᠶᠢᠨ ᠴᠢᠳᠠᠪᠤᠷᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠃

  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠬᠥᠬᠡᠬᠤᠲᠠ ᠳᠤ ᠰᠣᠶᠣᠯ ᠪᠠ ᠵᠢᠭᠤᠯᠴᠢᠯᠠᠯ ᠤᠨ ᠶᠠᠮᠤᠨ ᠤ ᠳᠡᠳ᠋ ᠰᠠᠶᠢᠳ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶᠠᠨ ᠤ ᠳᠠᠷᠤᠭ᠎ᠠ ᠯᠢ ᠴᠢᠶᠦ᠋ᠨ ᠲᠠᠢ ᠠᠭᠤᠯᠵᠠᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠧᠩ ᠬᠤᠩ ᠹᠠᠨ᠂ ᠢᠤᠢ ᠯᠢ ᠰᠢᠨ᠂ ᠶᠠᠩ ᠶᠢᠨ ᠲᠣᠰ ᠠᠭᠤᠯᠵᠠᠯᠲᠠ ᠳᠤ ᠣᠷᠣᠯᠴᠠᠪᠠ᠃

  5 ᠳ᠋ᠤᠭᠠᠷ ᠰᠠᠷ᠎ᠠ ᠶᠢᠨ 11 ᠤ ᠡᠳᠦᠷ   ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠢᠯᠠᠩᠭᠤᠶ᠎ᠠ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ ᠶᠢ ᠰᠡᠷᠭᠡᠢᠯᠡᠨ ᠵᠠᠰᠠᠬᠤ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠮᠠᠤ ᠱᠧᠩ ᠶᠦᠩ ᠤᠷᠢᠯᠭ᠎ᠠ ᠪᠠᠷ 《 ᠵᠠᠰᠠᠭ ᠤᠨ ᠠᠵᠢᠯ ᠤᠨ ᠠᠮᠵᠢᠯᠲᠠ ᠪᠦᠲᠦᠮᠵᠢ ᠶᠢᠨ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠶ᠎ᠠ 》 ᠭᠡᠬᠦ ᠰᠡᠳᠦᠪ ᠢᠶᠠᠷ ᠬᠠᠪᠰᠤᠷᠤᠨ ᠵᠢᠯᠣᠭᠤᠳᠬᠤ ᠮᠡᠳᠡᠭᠦᠯᠦᠯᠲᠡ ᠬᠢᠪᠡ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠳᠠᠶᠢᠴᠢᠨ᠂ ᠶᠠᠩ ᠶᠢᠨ ᠪᠣᠯᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠭᠤᠤᠯ ᠬᠠᠷᠢᠭᠤᠴᠠᠯᠭᠠᠲᠠᠨ ᠨᠥᠬᠦᠳ ᠭᠤᠤᠯᠳᠠᠯᠭ᠎ᠠ ᠲᠠᠢ ᠦᠭᠡ ᠬᠡᠯᠡᠪᠡ᠃

  5 ᠳ᠋ᠤᠭᠠᠷ ᠰᠠᠷ᠎ᠠ ᠶᠢᠨ 13 ᠤ ᠡᠳᠦᠷ   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠱᠠᠨᠳᠦ᠋ᠩ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢ ᠸᠧᠶ ᠲᠠᠢ ᠠᠭᠤᠯᠵᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠤᠢ ᠯᠢ ᠰᠢᠨ ᠲᠣᠰ ᠠᠭᠤᠯᠵᠠᠯᠲᠠ ᠳᠤ ᠣᠷᠣᠯᠴᠠᠪᠠ᠃

  ᠪᠥᠬᠦ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠪᠥᠬᠦ ᠬᠡᠯᠬᠢᠶᠡᠨ ᠤ ᠠᠮᠤᠷ ᠲᠦᠪᠰᠢᠨ ᠤ ᠭᠡᠮ ᠰᠣᠭᠤᠭ ᠢ ᠴᠡᠭᠴᠡᠯᠡᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠬᠤᠷᠠᠯ ᠡᠴᠠ ᠪᠠᠰᠠ ᠠᠶᠤᠯᠲᠠᠶ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠠᠶᠤᠯ ᠦᠭᠡᠢ ᠦᠶᠯᠡᠳᠪᠦᠷᠢᠯᠡᠯ ᠪᠠ ᠭᠠᠯ ᠰᠡᠷᠭᠡᠶᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠯᠲᠠ᠂ ᠨᠡᠭᠦᠷᠡᠰᠦᠨ ᠠᠭᠤᠷᠬᠠᠶ ᠶᠢᠨ ᠭᠠᠮᠰᠢᠭ ᠢ ᠵᠠᠰᠠᠬᠤ ᠲᠥᠷᠥᠯ ᠵᠦᠶᠯ ᠢ ᠲᠤᠰᠬᠠᠶ ᠴᠡᠭᠴᠡᠯᠡᠨ ᠵᠠᠰᠠᠬᠤ᠂ ᠠᠶᠤᠯ ᠲᠠᠢ ᠤᠰᠤᠨ ᠴᠥᠭᠦᠷᠥᠮ ᠤᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠤᠨᠳᠤᠤ ᠭᠠᠵᠠᠷ ᠲᠤ ᠬᠠᠤᠯᠢ ᠬᠡᠷᠡᠭᠵᠢᠭᠦᠯᠬᠦ ᠪᠠ ᠰᠣᠯᠪᠢᠴᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠬᠤ ᠵᠡᠷᠭᠡ ᠠᠮᠤᠷ ᠲᠦᠪᠰᠢᠨ ᠤ ᠬᠦᠷᠢᠶᠡᠨ ᠤ ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠠ᠃

  ᠪᠥᠬᠦ ᠣᠷᠣᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠ ᠴᠠᠭ ᠠᠭᠤᠷ ᠤᠨ ᠭᠠᠮᠰᠢᠭ ᠢ ᠰᠡᠷᠭᠡᠢᠯᠡᠨ ᠵᠢᠯᠣᠭᠤᠳᠬᠤ ᠭᠠᠵᠠᠷ ᠤᠨ 2024 ᠣᠨ ᠤ ᠠᠩᠬᠠᠳᠤᠭᠠᠷ ᠤᠳᠠᠭᠠᠨ ᠤ ᠬᠠᠮᠲᠤᠷᠠᠭᠰᠠᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃

  5 ᠳ᠋ᠤᠭᠠᠷ ᠰᠠᠷ᠎ᠠ ᠶᠢᠨ 14 ᠤ ᠡᠳᠦᠷ   ᠪᠥᠬᠦ ᠣᠷᠣᠨ ᠤ 《 ᠤᠮᠠᠷᠠᠲᠤ ᠶᠢᠨ ᠭᠤᠷᠪᠠᠨ ᠣᠷᠣᠨ 》 ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠵᠢᠴᠢ ᠡᠯᠡᠰᠦᠷᠬᠡᠭᠵᠢᠯ ᠢ ᠰᠡᠷᠭᠡᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠲᠤᠬᠠᠶ ᠶᠢᠨ ᠲᠠᠯᠠᠪᠠᠶ ᠶᠢᠨ ᠠᠬᠢᠭᠤᠯᠬᠤ ᠬᠤᠷᠠᠯ ᠪᠠᠶᠠᠨᠨᠠᠭᠤᠷ ᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃

  5 ᠳ᠋ᠤᠭᠠᠷ ᠰᠠᠷ᠎ᠠ ᠶᠢᠨ 15 ᠤ ᠡᠳᠦᠷ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠬᠥᠬᠡᠬᠤᠲᠠ ᠳᠤ ᠵᠢᠨᠹᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠲᠤ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠡᠤ ᠭᠠᠩ ᠲᠠᠢ ᠠᠭᠤᠯᠵᠠᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠤᠢ ᠯᠢ ᠰᠢᠨ᠂ ᠶᠣᠣ ᠶᠦᠩ ᠪᠥᠸᠧ ᠲᠣᠰ ᠠᠭᠤᠯᠵᠠᠯᠲᠠ ᠳᠤ ᠣᠷᠣᠯᠴᠠᠪᠠ᠃

  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠰᠤᠷᠭᠠᠨ ᠬᠥᠮᠦᠵᠢᠯ ᠤᠨ ᠶᠠᠮᠤᠨ ᠳᠤ ᠪᠠᠷᠠᠳᠠᠨ ᠰᠤᠷᠭᠠᠨ ᠬᠥᠮᠦᠵᠢᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠬᠤᠸᠠᠢ ᠶᠢᠨ ᠫᠧᠩ ᠲᠠᠢ ᠬᠠᠮᠢᠶ᠎ᠠ ᠪᠦᠬᠦᠢ ᠵᠦᠢᠯᠡᠰ ᠢ ᠵᠥᠪᠳᠡᠯᠴᠡᠪᠡ᠃ ᠬᠤᠷᠠᠯ ᠤᠨ ᠳᠠᠷᠠᠭ᠎ᠠ ᠰᠤᠷᠭᠠᠨ ᠬᠥᠮᠦᠵᠢᠯ ᠤᠨ ᠶᠠᠮᠤᠨ ᠤ ᠳᠡᠳ᠋ ᠰᠠᠶᠢᠳ ᠦ᠋ ᠶᠠᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦ᠋ᠦ ᠰᠢᠶᠠᠨ ᠬᠤᠸᠠ ᠬᠤᠷᠠᠯ ᠳᠤ ᠣᠷᠣᠯᠴᠠᠭᠰᠠᠨ ᠪᠥᠭᠡᠳ ᠬᠤᠶᠠᠷ ᠲᠠᠯ᠎ᠠ ᠶᠢ ᠲᠥᠯᠥᠭᠡᠯᠡᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃ ᠵᠥᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠰᠤᠷᠭᠠᠨ ᠬᠥᠮᠦᠵᠢᠯ ᠤᠨ 《 ᠲᠠᠪᠤᠨ ᠶᠡᠭᠡ ᠡᠭᠦᠷᠭᠡ 》 ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ᠂ ᠴᠢᠨᠠᠷ ᠰᠠᠶᠢᠲᠠᠶ ᠪᠠᠭᠰᠢ ᠶᠢᠨ ᠡᠩᠨᠡᠭᠡ ᠶᠢ ᠪᠠᠶᠢᠭᠤᠯᠬᠤ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠵᠡᠷᠭᠡ 20 ᠲᠠᠯ᠎ᠠ ᠪᠠᠷ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠬᠦ ᠪᠣᠯᠤᠨ᠎ᠠ᠃ ᠰᠤᠷᠭᠠᠨ ᠬᠥᠮᠦᠵᠢᠯ ᠤᠨ ᠶᠠᠮᠤᠨ ᠤ ᠳᠡᠳ᠋ ᠰᠠᠶᠢᠳ ᠸᠠᠩ ᠭᠤᠸᠠᠩ ᠶᠠᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ ᠶᠠᠩ ᠵᠢᠶᠧ ᠲᠣᠰ ᠠᠵᠢᠯᠯᠠᠭ᠎ᠠ ᠳᠤ ᠣᠷᠣᠯᠴᠠᠪᠠ᠃

  5 ᠳ᠋ᠤᠭᠠᠷ ᠰᠠᠷ᠎ᠠ ᠶᠢᠨ 15 ᠤ ᠡᠳᠦᠷ ᠡᠴᠠ 16 ᠤ ᠡᠳᠦᠷ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠢᠩᠭᠤ ᠵᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠣᠷᠳᠣᠰ ᠬᠤᠲᠠ᠂ ᠦᠬᠠᠢ ᠬᠤᠲᠠ ᠳᠤ ᠭᠦᠨᠵᠡᠭᠡᠢᠷᠡᠨ ᠠᠭᠤᠷᠬᠠᠢ ᠵᠢᠨ ᠠᠮᠤᠷ ᠲᠦᠪᠰᠢᠨ ᠤ ᠴᠡᠭᠴᠡᠯᠡᠨ ᠵᠠᠰᠠᠯᠲᠠ ᠪᠠ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠢᠯᠠᠯ ᠤᠨ ᠪᠠᠴᠢᠮ ᠪᠠᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠢᠭᠤᠯᠤᠯᠲᠠ ᠵᠢ ᠰᠢᠮᠳᠠᠭᠤᠯᠤᠨ ᠵᠢᠯᠣᠭᠤᠳᠪᠠ᠃


ᠭᠠᠷ ᠤᠲᠠᠰᠤ ᠪᠠᠷ ᠦᠵᠡᠬᠦ