《 ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ 》 ᠤᠨ ᠲᠠᠶᠢᠯᠤᠮᠵᠢ

  ᠨᠢᠭᠡ᠂ ᠲᠥᠷᠥ ᠶᠢᠨ ᠪᠣᠳᠣᠯᠭ᠎ᠠ ᠶᠢᠨ ᠲᠡᠦᠬᠡᠲᠦ ᠠᠬᠤᠢ

  2022 ᠣᠨ ᠳᠤ ︽ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠠᠷᠪᠠᠨ ᠨᠢᠭᠡᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ︵ ᠳᠣᠷᠣᠭᠰᠢ ︽ ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ ︾ ᠭᠡᠵᠦ ᠲᠣᠪᠴᠢᠯᠠᠪᠠ ︶ ᠢ ᠨᠡᠶᠢᠲᠡᠯᠡᠭᠰᠡᠨ ᠤ ᠳᠠᠷᠠᠭ᠎ᠠ᠂ ᠮᠠᠨ ᠤ ᠣᠷᠣᠨ ᠢ ᠤᠳᠤᠷᠢᠳᠤᠨ ᠳᠠᠭᠠᠭᠤᠯᠵᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠭᠤᠯᠤᠭᠠᠳ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠭᠦᠢᠴᠡᠳ ᠨᠤᠲᠠᠯᠠᠯᠲᠠ ᠶᠢ ᠣᠯᠵᠠᠢ᠃ ᠡᠭᠦᠨ ᠤ ᠬᠠᠮᠲᠤ᠂ ᠨᠠᠮ ᠤᠨ ᠲᠥᠪ ᠬᠤᠷᠢᠶ᠎ᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠤ ᠰᠢᠨ᠎ᠡ ᠱᠠᠭᠠᠷᠳᠠᠯᠭ᠎ᠠ ᠳᠤᠷᠠᠳᠴᠤ᠂ ᠮᠠᠨ ᠤ ᠣᠷᠣᠨ ᠤ ᠠᠵᠢᠯ ᠤᠨ ᠳᠤᠮᠳᠠ ᠪᠠᠰᠠ ᠮᠠᠰᠢ ᠣᠯᠠᠨ ᠰᠢᠨ᠎ᠡ ᠵᠠᠭᠪᠤᠷ ᠤᠳ ᠢ ᠳ᠋ᠦᠩᠨᠡᠨ᠂ ᠵᠠᠷᠢᠮ ᠰᠢᠨ᠎ᠡ ᠠᠰᠠᠭᠤᠳᠠᠯ ᠤᠳ ᠢ ᠢᠯᠡᠷᠡᠭᠦᠯᠦᠭᠰᠡᠨ ᠪᠠᠶᠢᠨ᠎ᠠ᠃ ︽ ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ ︾ ᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠦᠨᠡᠯᠡᠨ ᠵᠢᠱᠢᠭᠰᠡᠨ ᠰᠠᠭᠤᠷᠢᠨ ᠳᠡᠭᠡᠷ᠎ᠡ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ ᠤᠷᠢᠳ ᠢᠶᠠᠷ ᠲᠤᠬᠲᠠᠭᠠᠵᠤ ᠳᠠᠷᠠᠭ᠎ᠠ ᠨᠢ ᠥᠭᠡᠷᠡᠴᠢᠯᠡᠬᠦ ︾ ᠵᠠᠷᠴᠢᠮ ᠶᠣᠰᠣᠭᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠲᠤᠬᠠᠢ ᠮᠡᠳᠡᠭᠳᠡᠯ ︾ ︵ ᠳᠣᠷᠣᠭᠰᠢ ︽ ᠮᠡᠳᠡᠭᠳᠡᠯ ︾ ᠭᠡᠵᠦ ᠲᠣᠪᠴᠢᠯᠠᠪᠠ ︶ ᠢ ᠳᠠᠷᠤᠮᠠᠯᠯᠠᠨ ᠲᠠᠷᠬᠠᠭᠠᠭᠠᠳ᠂ ︽ ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ ︾ ᠢ ᠰᠢᠨᠡᠳᠬᠡᠨ ᠲᠡᠭᠦᠯᠳᠡᠷᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠰᠠᠭᠤᠷᠢ ᠪᠣᠯᠭᠠᠨ᠂ ︽ ᠡᠷᠭᠢᠯᠳᠦᠭᠦᠯᠬᠦ —— ᠳᠠᠷᠢᠬᠤ —— ᠪᠣᠯᠪᠠᠰᠤᠷᠠᠭᠤᠯᠬᠤ —— ᠦᠢᠯᠡᠴᠢᠯᠡᠬᠦ —— ᠡᠵᠡᠩᠨᠡᠨ ᠪᠣᠷᠣᠯᠠᠭᠤᠯᠬᠤ ︾ ᠪᠥᠬᠦ ᠬᠡᠯᠬᠢᠶ᠎ᠡ ᠶᠢ ᠨᠠᠪᠲᠠᠷᠡᠭᠦᠯᠵᠦ᠂ ᠲᠠᠷᠢᠶᠠᠯᠠᠩ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢᠨ ᠶᠡᠭᠡ ᠬᠤᠪᠢᠰᠤᠯᠲᠠ ᠶᠢ ᠠᠬᠢᠭᠤᠯᠵᠠᠢ᠃

   ᠬᠤᠶᠠᠷ᠂ ︽ ᠲᠠᠷᠢᠶᠠᠨ    ᠭᠠᠵᠠᠷ   ᠤᠨ    ᠠᠷᠪᠠᠨ    ᠨᠢᠭᠡᠨ    ᠵᠤᠷᠪᠤᠰ ︾ ᠲᠠᠢ ᠬᠠᠷᠢᠴᠠᠭᠤᠯᠪᠠᠯ ᠶᠠᠮᠠᠷ ᠶᠠᠮᠠᠷ ᠬᠤᠪᠢᠷᠠᠯᠲᠠ ᠲᠠᠢ ᠪᠤᠢ︖

  ︽ ᠮᠡᠳᠡᠭᠳᠡᠯ ︾ ᠳᠤ 11 ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠭ᠎ᠠ ᠶᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠭᠤᠣᠯᠳᠠᠭᠤ ᠲᠥᠷᠥ ᠶᠢᠨ ᠪᠣᠳᠣᠯᠭ᠎ᠠ ᠶᠢᠨ ᠲᠥᠰᠥᠪᠯᠡᠯ ᠤᠨ ᠲᠠᠯ᠎ᠠ ᠪᠠᠷ ᠰᠢᠯᠢᠳᠡᠭᠵᠢᠭᠦᠯᠪᠡ᠃ ᠨᠢᠭᠡ ᠳᠤ ᠦᠨᠡᠯᠡᠨ ᠵᠢᠱᠢᠯᠲᠡ ᠳᠤ ᠣᠷᠣᠰᠢᠵᠤ ᠪᠠᠶᠢᠭ᠎ᠠ 30 ᠵᠦᠢᠯ ᠤᠨ ᠠᠰᠠᠭᠤᠳᠠᠯ ᠢ ᠦᠨᠳᠦᠰᠦᠯᠡᠨ᠂ 34 ᠵᠦᠢᠯ ᠤᠨ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠶᠢ ᠨᠡᠮᠡᠪᠡ᠃ ᠬᠤᠶᠠᠷ ᠲᠤ ᠡᠯ᠎ᠡ ᠭᠠᠵᠠᠷ ᠤᠨ ᠨᠡᠶᠢᠲᠡᠯᠢᠭ ᠲᠤᠷᠰᠢᠯᠭ᠎ᠠ ᠨᠤᠭᠤᠳ ᠲᠠᠢ ᠤᠶᠠᠯᠳᠤᠭᠤᠯᠤᠨ᠂ ᠠᠵᠢᠯ ᠬᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ᠂ ᠪᠠᠶᠢᠭᠤᠯᠬᠤ ᠬᠠᠮᠢᠶᠠᠷᠬᠤ ᠡᠵᠡᠩᠨᠡᠬᠦ ᠶᠢ ᠨᠢᠭᠡ ᠴᠣᠭᠴᠠᠵᠢᠭᠤᠯᠬᠤ ᠵᠡᠷᠭᠡ ᠨᠡᠶᠢᠲᠡᠯᠢᠭ ᠵᠠᠭᠪᠤᠷ ᠤᠳ ᠤᠨ ᠣᠯᠠᠰᠢᠷᠠᠬᠤ ᠶᠢ ᠠᠬᠢᠭᠤᠯᠪᠠ᠃ ᠭᠤᠷᠪᠠ ᠳᠤ ᠲᠥᠷᠥ ᠶᠢᠨ ᠪᠣᠳᠣᠯᠭ᠎ᠠ ᠶᠢᠨ ᠬᠤᠭᠤᠴᠠᠭᠠᠲᠤ ᠴᠢᠨᠠᠷ ᠢ ᠳᠡᠭᠡᠭᠰᠢᠯᠡᠭᠦᠯᠦᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠪᠢᠴᠢᠭ ᠮᠠᠲ᠋ᠧᠷᠢᠶᠠᠯ ᠳᠠᠬᠢ ᠬᠤᠯᠪᠣᠭᠠᠲᠤ ᠴᠣᠭᠴᠠ ᠶᠢᠨ ᠳᠠᠭᠠᠭᠠᠴᠢᠯᠠᠯᠲᠠ ᠬᠦᠯᠢᠶᠡᠬᠦ ᠶᠢ ᠴᠠᠭᠠᠵᠠᠯᠠᠬᠤ ᠵᠡᠷᠭᠡ ᠬᠤᠶᠠᠷ ᠵᠦᠢᠯ ᠤᠨ ᠠᠷᠭ᠎ᠠ ᠬᠡᠮᠵᠢᠶ᠎ᠡ ᠶᠢ ᠬᠠᠰᠤᠵᠤ᠂ ᠬᠡᠰᠡᠭ ᠬᠠᠷᠢᠭᠤᠴᠠᠬᠤ ᠨᠢᠭᠡᠴᠢ ᠶᠢ ᠲᠣᠬᠢᠷᠠᠭᠤᠯᠪᠠ᠃

  ᠭᠤᠷᠪᠠ᠂ ᠭᠤᠣᠯ ᠠᠭᠤᠯᠭ᠎ᠠ

  ︽ ᠮᠡᠳᠡᠭᠳᠡᠯ ︾ ᠳᠤ ᠨᠡᠶᠢᠲᠡ ᠠᠷᠪᠠᠨ ᠨᠢᠭᠡᠨ ᠲᠠᠯ᠎ᠠ ᠶᠢ ᠪᠠᠭᠲᠠᠭᠠᠵᠤ᠂ ︽ ᠳᠥᠷᠪᠡ ᠶᠢ ᠲᠣᠭᠲᠠᠭᠠᠬᠤ ᠳᠥᠷᠪᠡ ᠶᠢ ᠠᠳᠬᠤᠬᠤ ᠭᠤᠷᠪᠠ ᠶᠢ ᠪᠠᠲᠤᠯᠠᠬᠤ ︾ ᠶᠢ ᠢᠯᠡᠷᠡᠭᠦᠯᠪᠡ᠃ ︽ ᠲᠥᠷᠪᠡ ᠶᠢ ᠲᠣᠭᠲᠠᠭᠠᠬᠤ ︾ ᠪᠣᠯ ︽ ᠪᠠᠷᠢᠮᠵᠢᠶ᠎ᠠ ᠶᠢ ᠲᠣᠭᠲᠠᠭᠠᠬᠤ᠂ ᠵᠠᠭᠪᠤᠷ ᠢ ᠲᠣᠭᠲᠠᠭᠠᠬᠤ᠂ ᠬᠠᠷᠢᠭᠤᠴᠠᠯᠭ᠎ᠠ ᠶᠢ ᠲᠣᠭᠲᠠᠭᠠᠬᠤ᠂ ᠱᠠᠩᠨᠠᠯ ᠢ ᠲᠣᠭᠲᠠᠭᠠᠬᠤ ︾᠂ ︽ ᠲᠥᠷᠪᠡ ᠶᠢ ᠠᠳᠬᠤᠬᠤ ︾ ᠪᠣᠯ ︽ ᠲᠥᠰᠥᠪᠯᠡᠯ ᠢ ᠠᠳᠬᠤᠬᠤ᠂ ᠳᠠᠭᠠᠭᠠᠴᠢᠯᠠᠯᠲᠠ ᠵᠠᠷᠯᠠᠬᠤ ᠶᠢ ᠠᠳᠬᠤᠬᠤ᠂ ᠰᠢᠯᠭᠠᠨ ᠠᠪᠬᠤ ᠶᠢ ᠠᠳᠬᠤᠬᠤ᠂ ᠬᠠᠮᠢᠶᠠᠷᠤᠨ ᠬᠠᠮᠠᠭᠠᠯᠠᠬᠤ ᠶᠢ ᠠᠳᠬᠤᠬᠤ ︾᠂ ︽ ᠭᠤᠷᠪᠠ ᠶᠢ ᠪᠠᠲᠤᠯᠠᠬᠤ ︾ ᠪᠣᠯ ︽ ᠪᠡᠯᠡ ᠮᠥᠩᠭᠦᠨ ᠤ ᠪᠠᠲᠤᠯᠠᠭ᠎ᠠ᠂ ᠶᠠᠰᠤ ᠴᠢᠨᠠᠷ ᠤᠨ ᠪᠠᠲᠤᠯᠠᠭ᠎ᠠ᠂ ᠲᠣᠭᠲᠠᠴᠠ ᠶᠢᠨ ᠪᠠᠲᠤᠯᠠᠭ᠎ᠠ ︾ ᠪᠣᠯᠣᠨ᠎ᠠ᠃

  ︵ ᠨᠢᠭᠡ ︶ ᠳᠥᠷᠪᠡ ᠶᠢ ᠲᠣᠭᠲᠠᠭᠠᠬᠤ᠃ ᠨᠢᠭᠡ ᠳᠤ ᠪᠠᠷᠢᠮᠵᠢᠶ᠎ᠠ ᠶᠢ ᠲᠣᠭᠲᠠᠭᠠᠬᠤ᠂ ᠲᠤᠬᠠᠶᠢᠯᠠᠪᠠᠯ ︽ ᠨᠥᠬᠦᠪᠦᠷᠢ ᠥᠭᠬᠦ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠵᠤ ︾᠂ ᠨᠢᠭᠡᠳᠦᠯᠲᠡᠢ ᠲᠥᠯᠥᠪᠯᠡᠬᠦ ᠪᠡᠯᠡ ᠮᠥᠩᠭᠦᠨ ᠤ ᠠᠷᠭ᠎ᠠ ᠵᠠᠮ ᠢ ᠲᠣᠳᠣᠷᠬᠠᠶᠢᠯᠠᠨ᠂ ᠬᠤᠲᠠ ᠰᠢᠶᠠᠨ ᠤ ᠢᠵᠢ ᠲᠥᠬᠦᠷ ᠬᠠᠷᠢᠭᠤᠴᠠᠯᠭ᠎ᠠ ᠶᠢ ᠬᠦᠴᠦᠨ ᠦᠭᠡᠢ ᠪᠣᠯᠭᠠᠵᠤ᠂ ᠵᠦᠷᠢᠶᠡᠴᠢᠯᠡᠭᠰᠡᠨ ᠨᠥᠬᠦᠪᠦᠷᠢ ᠪᠠ ᠪᠡᠯᠡ ᠴᠤᠭᠯᠠᠭᠤᠯᠤᠨ ᠬᠥᠳᠡᠯᠮᠦᠷᠢ ᠣᠷᠣᠭᠤᠯᠬᠤ ᠶᠢ ᠬᠡᠷᠡᠭᠵᠢᠭᠦᠯᠦᠨ᠂ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠪᠠ ᠨᠡᠶᠢᠭᠡᠮ ᠤᠨ ᠬᠥᠷᠥᠩᠭᠡ ᠶᠢ ᠨᠡᠶᠢᠯᠡᠭᠦᠯᠦᠨ᠎ᠡ᠃ ᠬᠤᠶᠠᠷ ᠲᠤ ᠵᠠᠭᠪᠤᠷ ᠢ ᠲᠣᠭᠲᠠᠭᠠᠬᠤ᠂ ᠲᠤᠬᠠᠶᠢᠯᠠᠪᠠᠯ ︽ ᠨᠡᠮᠡᠭᠳᠡᠯ ᠭᠠᠵᠠᠷ ᠤᠨ ᠳᠠᠯᠳᠠ ᠬᠦᠴᠦᠨ ᠢ ᠠᠭᠤᠳᠠᠯᠵᠤ ︾᠂ ︽ ᠭᠤᠷᠪᠠ ᠶᠢ ᠬᠦᠴᠦᠨ ᠦᠭᠡᠢ ᠪᠣᠯᠭᠠᠬᠤ ᠲᠠᠪᠤ ᠶᠢ ᠨᠢᠭᠡᠳᠬᠡᠬᠦ ᠨᠢᠭᠡ ᠶᠢ ᠰᠢᠨᠡᠳᠬᠡᠬᠦ ︾ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠲᠣᠳᠣᠷᠬᠠᠢ ᠳᠡᠯᠭᠡᠷᠡᠭᠦᠯᠦᠨ᠂ ︽ ᠪᠠᠭ᠎ᠠ ᠲᠠᠷᠢᠶ᠎ᠠ ᠶᠢ ᠶᠡᠭᠡ ᠲᠠᠷᠢᠶ᠎ᠠ ᠪᠣᠯᠭᠠᠬᠤ ︾ ᠶᠢ ᠪᠡᠶᠡᠯᠡᠭᠦᠯᠦᠨ᠎ᠡ᠃ ᠭᠤᠷᠪᠠ ᠳᠤ ᠬᠠᠷᠢᠭᠤᠴᠠᠯᠭ᠎ᠠ ᠶᠢ ᠲᠣᠭᠲᠠᠭᠠᠬᠤ᠂ ᠲᠤᠬᠠᠶᠢᠯᠠᠪᠠᠯ ︽ ᠠᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ︾᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠭᠤᠣᠯ ᠴᠣᠭᠴᠠ ᠪᠣᠯᠭᠠᠬᠤ ᠶᠢ ᠲᠣᠳᠣᠷᠬᠠᠶᠢᠯᠠᠨ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠠᠵᠢᠯ ᠲᠥᠷᠥᠯ ᠢ ᠬᠢᠨᠠᠨ ᠬᠠᠮᠢᠶᠠᠷᠴᠤ᠂ ᠣᠯᠠᠨ ᠲᠦᠮᠡᠨ ᠢ ᠤᠳᠤᠷᠢᠳᠤᠨ ᠵᠢᠯᠤᠭᠤᠳᠴᠤ ᠣᠷᠣᠯᠴᠠᠭᠤᠯᠤᠨ᠎ᠠ᠃ ᠳᠥᠷᠪᠡ ᠳᠤ ᠱᠠᠩᠨᠠᠯ ᠢ ᠲᠣᠭᠲᠠᠭᠠᠬᠤ᠂ ᠲᠤᠬᠠᠶᠢᠯᠠᠪᠠᠯ ︽ ᠱᠠᠩᠨᠠᠬᠤ ᠲᠣᠭᠲᠠᠴᠠ ᠶᠢ ᠪᠠᠶᠢᠭᠤᠯᠵᠤ ︾᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤ ᠵᠢᠯ ᠪᠦᠷᠢ 2000 ᠲᠦᠮᠡᠨ ᠲᠥᠭᠦᠷᠢᠭ ᠲᠣᠬᠢᠷᠠᠭᠤᠯᠤᠨ᠂ ᠪᠦᠲᠦᠭᠡᠨ ᠪᠠᠶᠢᠭᠤᠯᠤᠭᠰᠠᠨ ᠦᠷ᠎ᠡ ᠪᠦᠲᠦᠮᠵᠢ ᠪᠠᠷ ᠰᠠᠶᠢᠨ ᠬᠤᠰᠢᠭᠤ ᠰᠢᠶᠠᠨ ᠪᠠ ᠬᠠᠮᠢᠶᠠᠷᠴᠤ ᠬᠠᠮᠠᠭᠠᠯᠠᠭᠰᠠᠨ ᠦᠷ᠎ᠡ ᠪᠦᠲᠦᠮᠵᠢ ᠪᠠᠷ ᠰᠠᠶᠢᠨ ᠭᠠᠴᠠᠭ᠎ᠠ ᠲᠣᠰᠬᠤᠨ ᠤ ᠬᠠᠮᠲᠤ ᠨᠡᠶᠢᠲᠡ ᠶᠢ ᠱᠠᠩᠨᠠᠨ᠎ᠠ᠃

    ︵ ᠬᠤᠶᠠᠷ ︶ ᠳᠥᠷᠪᠡ ᠶᠢ ᠠᠳᠬᠤᠬᠤ᠃ ᠨᠢᠭᠡ ᠳᠤ ᠲᠥᠰᠥᠪᠯᠡᠯ ᠢ ᠠᠳᠬᠤᠬᠤ᠂ ᠲᠤᠬᠠᠶᠢᠯᠠᠪᠠᠯ ︽ ᠡᠮᠦᠨᠡᠬᠢ ᠬᠤᠭᠤᠴᠠᠭᠠᠨ ᠤ ᠠᠵᠢᠯ ᠢ ᠰᠢᠯᠢᠳᠡᠭᠵᠢᠭᠦᠯᠵᠦ ︾᠂ ᠤᠷᠢᠳ ᠢᠶᠠᠷ ᠪᠦᠲᠦᠭᠡᠨ ᠪᠠᠶᠢᠭᠤᠯᠬᠤ ᠳᠠᠷᠠᠭᠠᠯᠠᠯ ᠢ ᠲᠣᠳᠣᠷᠬᠠᠶᠢᠯᠠᠨ᠂ ᠤᠷᠢᠳᠴᠢᠯᠠᠨ ᠲᠥᠰᠥᠪᠯᠡᠬᠦ ᠶᠢ ᠠᠬᠢᠭᠤᠯᠵᠤ᠂ ︽ ᠤᠰᠤ ᠠᠷᠪᠢᠯᠠᠬᠤ ᠶᠢ ᠤᠷᠢᠳ ᠢᠶᠠᠷ ᠪᠣᠳᠣᠯᠬᠢᠯᠠᠬᠤ ︾ ᠶᠢ ᠪᠠᠷᠢᠮᠲᠠᠯᠠᠵᠤ᠂ ᠵᠥᠪᠰᠢᠶᠡᠷᠡᠯ ᠢ ᠬᠢᠨᠠᠨ ᠵᠥᠪᠰᠢᠶᠡᠷᠡᠬᠦ ᠰᠠᠭᠠᠳ ᠦᠭᠡᠢ ᠨᠡᠪᠲᠡᠷᠡᠯ ᠢ ᠨᠡᠭᠡᠭᠡᠵᠦ᠂ ᠭᠠᠵᠠᠷ ᠰᠣᠩᠭᠤᠬᠤ ᠲᠥᠰᠥᠪᠯᠡᠯ ᠢ ᠲᠣᠰᠬᠤᠨ ᠤ ᠠᠷᠠᠳ ᠤᠨ ᠬᠤᠷᠠᠯ ᠢᠶᠠᠷ ᠬᠢᠨᠠᠨ ᠲᠣᠭᠲᠠᠭᠠᠯᠭᠠᠬᠤ ᠶᠢ ᠱᠠᠭᠠᠷᠳᠠᠨ᠎ᠠ᠃ ᠬᠤᠶᠠᠷ ᠲᠤ ᠳᠠᠭᠠᠭᠠᠴᠢᠯᠠᠯᠲᠠ ᠵᠠᠷᠯᠠᠬᠤ ᠶᠢ ᠠᠳᠬᠤᠬᠤ᠂ ᠲᠤᠬᠠᠶᠢᠯᠠᠪᠠᠯ ︽ ᠲᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠵᠢᠷᠤᠮᠵᠢᠭᠤᠯᠵᠤ ︾᠂ ᠪᠠᠷᠢᠯᠭ᠎ᠠ ᠶᠢᠨ ᠠᠵᠢᠯ ᠤᠨ ᠳᠠᠭᠠᠭᠠᠴᠢᠯᠠᠯᠲᠠ ᠶᠢᠨ ᠬᠡᠰᠡᠭ ᠤᠨ ᠳᠣᠣᠷᠠᠳᠤ ᠬᠢᠵᠠᠭᠠᠷ ᠢ ᠲᠣᠳᠣᠷᠬᠠᠶᠢᠯᠠᠨ᠂ ᠡᠯᠧᠺᠲ᠋ᠷᠣᠨ ᠳᠠᠭᠠᠭᠠᠴᠢᠯᠠᠯᠲᠠ ᠵᠠᠷᠯᠠᠬᠤ᠂ ᠣᠨᠳᠣᠣ ᠭᠠᠵᠠᠷ ᠲᠤ ᠳᠠᠭᠠᠭᠠᠴᠢᠯᠠᠯᠲᠠ ᠦᠨᠡᠯᠡᠬᠦ ᠪᠠ ᠥᠯᠢᠭᠡᠷ ᠬᠡᠪ ᠠᠪᠴᠤ ᠳᠠᠭᠠᠭᠠᠴᠢᠯᠠᠯᠲᠠ ᠵᠠᠷᠯᠠᠬᠤ ᠶᠢ ᠬᠡᠷᠡᠭᠵᠢᠭᠦᠯᠵᠦ᠂ ᠬᠠᠤᠯᠢ ᠲᠣᠭᠲᠠᠭᠠᠯ ᠡᠴᠠ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠲᠤ ᠴᠣᠬᠢᠯᠲᠠ ᠥᠭᠭᠦᠨ᠎ᠡ᠃ ᠭᠤᠷᠪᠠ ᠳᠤ ᠰᠢᠯᠭᠠᠨ ᠠᠪᠬᠤ ᠶᠢ ᠠᠳᠬᠤᠬᠤ᠂ ᠲᠤᠬᠠᠶᠢᠯᠠᠪᠠᠯ ︽ ᠰᠢᠯᠭᠠᠨ ᠠᠪᠴᠤ ᠬᠥᠮᠥᠷᠭᠡᠯᠡᠬᠦ ᠶᠢ ᠵᠢᠷᠤᠮᠵᠢᠭᠤᠯᠵᠤ ︾᠂ ᠡᠯ᠎ᠡ ᠱᠠᠲᠤᠨ ᠤ ᠰᠢᠯᠭᠠᠨ ᠠᠪᠬᠤ ᠬᠠᠷᠢᠴᠠᠯ ᠢ ᠨᠡᠮᠡᠭᠳᠡᠭᠦᠯᠦᠨ᠂ ᠱᠠᠲᠤ ᠬᠤᠪᠢᠶᠠᠨ ᠵᠢᠷᠤᠭᠴᠢᠯᠠᠨ ᠬᠥᠮᠥᠷᠭᠡᠯᠡᠵᠦ᠂ ᠬᠢᠷᠢ ᠲᠡᠩᠴᠡᠬᠦ ᠦᠭᠡᠢ ᠶᠢ ᠨᠢ ᠬᠤᠰᠢᠭᠤ ᠰᠢᠶᠠᠨ ᠥᠪᠡᠷ ᠢᠶᠠᠨ ᠨᠥᠬᠦᠵᠦ ᠪᠠᠶᠢᠭᠤᠯᠤᠨ᠎ᠠ᠃ ᠳᠥᠷᠪᠡ ᠳᠤ ᠬᠠᠮᠢᠶᠠᠷᠴᠤ ᠬᠠᠮᠠᠭᠠᠯᠠᠬᠤ ᠶᠢ ᠠᠳᠬᠤᠬᠤ᠂ ᠲᠤᠬᠠᠶᠢᠯᠠᠪᠠᠯ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ ᠶᠢ ᠲᠣᠳᠣᠷᠬᠠᠶᠢᠯᠠᠵᠤ᠂ ︽ ᠬᠡᠨ ᠬᠡᠷᠡᠭᠯᠡᠪᠡᠯ ᠲᠡᠷᠡ ᠬᠠᠮᠢᠶᠠᠷᠴᠤ ᠬᠠᠮᠠᠭᠠᠯᠠᠨ ︾᠂ ᠬᠠᠮᠢᠶᠠᠷᠴᠤ ᠬᠠᠮᠠᠭᠠᠯᠠᠬᠤ ᠪᠡᠯᠡ ᠮᠥᠩᠭᠦ ᠶᠢ ᠣᠯᠠᠨ ᠬᠡᠯᠪᠡᠷᠢ ᠪᠠᠷ ᠴᠤᠭᠯᠠᠭᠤᠯᠵᠤ᠂ ᠬᠤᠳᠳᠤᠭ ᠤᠨ ᠳᠠᠷᠤᠭ᠎ᠠ ᠶᠢᠨ ᠳᠦᠷᠢᠮ᠂ ᠲᠠᠷᠢᠶᠠᠨ ᠭᠠᠵᠠᠷ ᠤᠨ ᠳᠠᠷᠤᠭ᠎ᠠ ᠶᠢᠨ ᠳᠦᠷᠢᠮ᠂ ᠴᠠᠬᠢᠯᠭᠠᠨ ᠬᠦᠴᠦᠨ ᠤ ᠪᠡᠯᠡᠳᠬᠡᠮᠵᠢ ᠶᠢ ᠲᠥᠪᠯᠡᠷᠡᠭᠦᠯᠦᠨ ᠬᠠᠮᠢᠶᠠᠷᠴᠤ ᠬᠠᠮᠠᠭᠠᠯᠠᠬᠤ ᠵᠡᠷᠭᠡ ᠬᠠᠮᠢᠶᠠᠷᠴᠤ ᠬᠠᠮᠠᠭᠠᠯᠠᠬᠤ ᠵᠠᠭᠪᠤᠷ ᠤᠳ ᠢ ᠳᠡᠯᠭᠡᠷᠡᠭᠦᠯᠦᠨ᠎ᠡ᠃

  ︵ ᠭᠤᠷᠪᠠ ︶ ᠭᠤᠷᠪᠠᠨ ᠪᠠᠲᠤᠯᠠᠭ᠎ᠠ᠃ ᠨᠢᠭᠡ ᠳᠤ ᠪᠡᠯᠡ ᠮᠥᠩᠭᠦᠨ ᠤ ᠪᠠᠲᠤᠯᠠᠭ᠎ᠠ᠂ ᠳᠠᠷᠤᠢ ︽ ᠪᠡᠯᠡ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠵᠤ ︾᠂ ᠲᠥᠰᠥᠯ ᠤᠨ ᠪᠡᠯᠡ ᠣᠷᠣᠭᠤᠯᠤᠯᠲᠠ ᠶᠢ ︽ ᠨᠢᠭᠡ ᠭᠠᠵᠠᠷ ᠢ ᠨᠢᠭᠡ ᠵᠥᠪᠯᠡᠵᠦ ︾᠂ ᠠᠷᠭ᠎ᠠ ᠬᠡᠮᠵᠢᠶᠡᠨ ᠤ ᠲᠣᠬᠢᠷᠠᠭᠤᠯᠤᠯᠲᠠ ᠳᠤ ︽ ᠶᠠᠭᠤ ᠳᠤᠲᠠᠪᠠᠯ ᠶᠠᠭᠤ ᠶᠢ ᠨᠥᠬᠦᠪᠦᠷᠢᠯᠡᠵᠦ ︾᠂ ᠲᠤᠰᠠᠭᠠᠷ ᠵᠠᠷᠤᠳᠠᠯ ᠤᠨ ᠳᠡᠭᠡᠳᠦ ᠬᠢᠵᠠᠭᠠᠷ ᠢ ᠴᠢᠩᠭ᠎ᠠ ᠡᠵᠡᠮᠳᠡᠨ᠂ ᠠᠬᠢᠴᠠ ᠶᠢᠨ ᠶᠣᠰᠣᠭᠠᠷ ᠪᠠᠷᠢᠯᠭ᠎ᠠ ᠶᠢᠨ ᠵᠣᠭᠤᠰ ᠢ ᠱᠠᠲᠤ ᠬᠤᠪᠢᠶᠠᠨ ᠥᠭᠭᠦᠨ᠎ᠡ᠃ ᠬᠤᠶᠠᠷ ᠲᠤ ᠶᠠᠰᠤ ᠴᠢᠨᠠᠷ ᠤᠨ ᠪᠠᠲᠤᠯᠠᠭ᠎ᠠ᠂ ᠲᠤᠬᠠᠶᠢᠯᠠᠪᠠᠯ ︽ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠵᠤ ︾᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ᠂ ᠠᠵᠢᠯ ᠲᠥᠷᠥᠯ ᠤᠨ ᠥᠪᠡᠷ ᠤᠨ ᠱᠠᠭᠠᠷᠳᠠᠯᠭ᠎ᠠ ᠪᠠ ᠣᠯᠠᠨ ᠲᠦᠮᠡᠨ ᠤ ᠬᠢᠨᠠᠯᠲᠠ ᠲᠠᠯᠪᠢᠯᠲᠠ ᠪᠠᠷ ᠳᠠᠮᠵᠢᠭᠤᠯᠤᠨ ︽ ᠨᠢᠭᠡ ᠶᠢ ᠪᠠᠶᠢᠭᠤᠯᠪᠠᠯ ᠨᠢᠭᠡ ᠶᠢ ᠪᠦᠲᠦᠭᠡᠨ᠎ᠡ ︾᠃ ᠭᠤᠷᠪᠠ ᠳ᠋ᠤ ᠲᠣᠭᠲᠠᠴᠠ ᠵᠢᠨ ᠪᠠᠲᠤᠯᠠᠭ᠎ᠠ᠂ ᠲᠤᠬᠠᠶᠢᠯᠠᠪᠠᠯ ︽ ᠥᠭᠡᠷᠡᠴᠢᠯᠡᠯᠲᠡ ᠰᠢᠨᠡᠴᠢᠯᠡᠯᠲᠡ ᠵᠢ ᠭᠦᠨᠵᠡᠭᠡᠶᠢᠷᠡᠭᠦᠯᠵᠦ ︾᠂ ᠲᠠᠷᠢᠶᠠᠨ ᠭᠠᠵᠠᠷ ᠲᠤ ᠴᠠᠬᠢᠯᠭᠠᠨ ᠬᠠᠩᠭᠠᠬᠤ ᠢᠨᠵᠧᠨᠧᠷᠢᠩ ᠤᠨ ︽ ᠪᠠᠶᠢᠭᠤᠯᠬᠤ ᠬᠠᠮᠢᠶᠠᠷᠬᠤ ᠡᠵᠡᠩᠨᠡᠬᠦ ︾ ᠶᠢ ᠨᠢᠭᠡ ᠴᠣᠭᠴᠠᠵᠢᠭᠤᠯᠬᠤ ᠶᠢ ᠳᠡᠯᠭᠡᠷᠡᠭᠦᠯᠵᠦ᠂ ᠠᠵᠢᠯ ᠬᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ ᠶᠢ ᠬᠡᠷᠡᠭᠵᠢᠭᠦᠯᠦᠨ᠂ ︽ ᠤᠷᠢᠳ ᠵᠢᠨᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ︾ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠳᠡᠯᠭᠡᠷᠡᠭᠦᠯᠵᠦ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠤᠨ ᠣᠯᠠᠰᠢᠷᠠᠬᠤ ᠶᠢ ᠠᠬᠢᠭᠤᠯᠤᠨ᠎ᠠ᠃

  ︽ ᠮᠡᠳᠡᠭᠳᠡᠯ ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ︽ ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ ︾ ᠢ ᠵᠡᠷᠭᠡ ᠳᠤ ᠨᠢ ᠬᠦᠴᠦᠨ ᠦᠭᠡᠢ ᠪᠣᠯᠭᠠᠨ᠎ᠠ᠃


ᠭᠠᠷ ᠤᠲᠠᠰᠤ ᠪᠠᠷ ᠦᠵᠡᠬᠦ