ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2024 ᠤᠨ ᠦ 9 ᠳ᠋ᠤᠭᠡᠷ ᠤᠳᠠᠭᠠᠨ ᠦ ᠪᠠᠶᠢᠩᠭᠤ ᠶᠢᠨ ᠬᠤᠷᠠᠯ

  4 ᠳ᠋ᠤᠭᠡᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ 2024 ᠤᠨ ᠦ 9 ᠳ᠋ᠤᠭᠡᠷ ᠤᠳᠠᠭᠠᠨ ᠦ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃

  ᠬᠤᠷᠠᠯ ᠡᠴᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠮᠵᠢᠯᠭᠡ ᠶᠢᠨ ᠰᠠᠨᠠᠯ ᠪᠣᠯᠣᠨ 《 ᠵᠢᠷᠭᠤᠭᠠᠨ ᠢᠨᠵᠧᠨᠧᠷᠢᠩ 》 ᠢ ᠨᠢᠭᠡᠳᠦᠯᠲᠡᠢ ᠲᠥᠯᠥᠪᠵᠢᠭᠦᠯᠵᠦ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠬᠤᠪᠢᠶᠠᠷᠢᠯᠠᠯ ᠤᠨ ᠠᠯᠢ ᠤᠯᠠᠨ ᠲᠥᠰᠥᠯ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠳᠡᠳ᠋ ᠲᠡᠷᠢᠭᠦᠯᠡᠭᠴᠢ ᠨᠠᠷ ᠳᠦᠷᠦᠭᠦᠦ ᠤᠯᠠᠷᠢᠯ ᠤᠨ ᠠᠵᠢᠯ ᠤᠨ ᠳᠤᠮᠳᠠ ᠢᠯᠡᠷᠡᠭᠰᠡᠨ ᠲᠣᠪᠣᠶᠢᠮ᠎ᠠ ᠠᠰᠠᠭᠤᠳᠠᠯ ᠢ ᠭᠦᠨᠵᠡᠭᠡᠢ ᠰᠤᠳᠤᠯᠵᠤ᠂ ᠴᠢᠭᠯᠡᠭᠦᠯᠦᠯᠲᠦ ᠴᠢᠨᠠᠷᠲᠠᠢ ᠪᠠᠷ ᠨᠢᠭᠡᠳ ᠨᠢᠭᠡ ᠪᠠᠷ ᠰᠢᠢᠳᠪᠦᠷᠢᠯᠡᠵᠦ᠂ ᠠᠵᠢᠯ ᠤᠨ ᠶᠠᠰᠤ ᠴᠢᠨᠠᠷ ᠪᠣᠯᠣᠨ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃

  ᠬᠤᠷᠠᠯ ᠡᠴᠠ ᠠᠮᠤ ᠪᠤᠳᠠᠭᠠᠨ ᠤ ᠦᠢᠯᠡᠳᠪᠦᠷᠢᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠯᠤᠰ ᠡᠴᠠ ᠪᠠᠭᠤᠯᠭᠠᠭᠰᠠᠨ ᠳᠠᠷᠢᠬᠤ ᠡᠭᠦᠷᠭᠡ ᠶᠢ ᠲᠡᠷᠡ ᠶᠣᠰᠣᠭᠠᠷ ᠨᠢ ᠪᠡᠶᠡᠯᠡᠭᠦᠯᠬᠦ ᠬᠡᠷᠡᠭᠲᠡᠢ᠃ ᠠᠵᠤ ᠦᠢᠯᠡᠰᠵᠢᠯᠲᠡ ᠶᠢᠨ ᠠᠵᠢᠯ ᠢ ᠰᠠᠶᠢᠲᠤᠷ ᠬᠢᠵᠦ᠂ ᠰ᠋ᠦ᠋ ᠶᠢᠨ ᠦᠢᠯᠡᠰ᠂ ᠮᠢᠬᠠᠨ ᠤ ᠬᠤᠨᠢ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠮᠠᠨ ᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠲᠠᠰ ᠳᠡᠪᠰᠢᠬᠦ ᠳᠤ ᠲᠤᠯᠭᠠᠭᠤᠷᠢᠯᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠡᠴᠠ ᠦᠷ᠎ᠡ ᠠᠰᠢᠭ ᠣᠯᠵᠤ᠂ ᠲᠠᠯᠠᠪᠠᠢ ᠨᠢᠭᠡᠴᠢ ᠶᠢᠨ ᠤᠨᠠᠯᠲᠠ ᠶᠢ ᠴᠢᠷᠮᠠᠶᠢᠨ ᠳᠡᠭᠡᠭᠰᠢᠯᠡᠭᠦᠯᠵᠦ᠂ ᠣᠳᠣ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

  ᠬᠤᠷᠠᠯ ᠡᠴᠠ ᠲᠤᠭ᠎ᠠ ᠪᠦᠷᠢᠳᠬᠡᠯ ᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠢᠭᠡᠨᠲᠡ ᠣᠯᠣᠭᠰᠠᠨ ᠠᠮᠵᠢᠯᠲᠠ ᠪᠦᠳᠦᠮᠵᠢ ᠪᠠᠨ ᠪᠠᠬᠢᠵᠢᠭᠦᠯᠬᠦ ᠪᠠᠷ ᠪᠠᠷᠠᠬᠤ ᠦᠭᠡᠢ ᠨᠠᠩ ᠴᠤ 《 ᠰᠡᠭᠦᠯᠴᠢ ᠶᠢᠨ ᠬᠠᠭᠠᠰ ᠠᠵᠢᠯ 》 ᠢ ᠨᠠᠷᠢᠨ ᠬᠢᠨᠠᠮᠠᠭᠠᠢ ᠰᠠᠶᠢᠲᠤᠷ ᠬᠢᠵᠦ᠂ ᠨᠢᠭᠡ ᠡᠴᠠ ᠵᠦᠢᠴᠢᠯᠡᠨ ᠨᠥᠭᠦᠭᠡ ᠶᠢ ᠮᠡᠳᠡᠵᠦ᠂ ᠪᠦᠭᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠦᠨᠡᠨ ᠪᠣᠳᠠᠲᠠᠢ ᠪᠠᠷ ᠠᠰᠠᠭᠤᠳᠠᠯ ᠢ ᠰᠢᠢᠳᠪᠦᠷᠢᠯᠡᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ ᠯᠣᠭᠢᠭ ᠴᠢᠨᠠᠷ ᠢ ᠦᠨᠡᠨ ᠬᠦ ᠪᠠᠲᠤᠯᠠᠵᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ ᠶᠢ ᠡᠷᠡᠰ ᠬᠤᠷᠢᠬᠯᠠᠬᠤ ᠬᠡᠷᠡᠭᠲᠡᠢ ᠭᠡᠵᠦ ᠴᠢᠬᠤᠯᠠᠴᠢᠯᠠᠪᠠ᠃

  ᠬᠤᠷᠠᠯ ᠡᠴᠠ ᠡᠯᠡᠰᠦᠷᠬᠡᠭᠵᠢᠯ ᠢ ᠰᠡᠷᠭᠡᠶᠢᠯᠡᠨ  ᠡᠯᠡᠰᠦ ᠶᠢ ᠵᠠᠰᠠᠬᠤ ᠰᠠᠭᠤᠷᠢ ᠮᠥᠩᠭᠦᠨ ᠤ ᠠᠵᠢᠯ ᠤᠨ ᠲᠥᠰᠥᠯ ᠢ ᠰᠤᠳᠤᠯᠵᠤ᠂ ᠰᠠᠭᠤᠷᠢ ᠮᠥᠩᠭᠦᠨ ᠤ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠵᠤ᠂ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ ᠦᠷᠭᠦᠯᠵᠢᠯᠡᠨ ᠬᠥᠲᠥᠯᠥᠨ ᠳᠠᠭᠠᠭᠤᠯᠵᠤ᠂ ᠪᠣᠳᠠᠲᠠᠢ ᠳᠤ ᠨᠡᠶᠢᠴᠡᠭᠰᠡᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠠᠭᠪᠤᠷ ᠢ ᠭᠠᠵᠠᠷ ᠣᠷᠣᠨ ᠤ ᠪᠠᠶᠢᠳᠠᠯ ᠳ᠋ᠤ ᠪᠠᠨ ᠲᠣᠬᠢᠷᠠᠭᠤᠯᠤᠨ ᠰᠦᠪᠡᠭᠴᠢᠯᠡᠵᠦ᠂ ᠲᠤᠰ ᠭᠠᠵᠠᠷ ᠤᠨ ᠴᠢᠬᠢ ᠮᠣᠳᠣ ᠶᠢ ᠪᠣᠶᠢᠵᠢᠭᠤᠯᠬᠤ ᠠᠵᠢᠯ ᠢ ᠪᠣᠳᠠᠲᠠᠢ ᠠᠳᠬᠤᠵᠤ᠂ 《 ᠤᠮᠠᠷᠠᠲᠤ ᠶᠢᠨ ᠭᠤᠷᠪᠠᠨ ᠣᠷᠣᠨ 》 ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠵᠤ ᠪᠠᠶᠢᠭᠠᠳ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠬᠦᠴᠦᠯᠡᠨ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

  ᠬᠤᠷᠠᠯ ᠡᠴᠠ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠢ ᠰᠤᠳᠤᠯᠵᠤ᠂ ᠰᠢᠢᠳᠪᠡᠯ ᠳᠠᠷᠤᠢ ᠲᠦᠷᠭᠡᠨ ᠬᠢᠵᠦ᠂ ᠲᠦᠷᠭᠡᠨ ᠡᠴᠠ ᠲᠦᠷᠭᠡᠨ ᠬᠢᠵᠦ᠂ ᠡᠷᠲᠡ ᠡᠴᠠ ᠡᠷᠲᠡ ᠬᠢᠵᠦ᠂ ᠤᠳᠤ ᠡᠴᠠ ᠡᠬᠢᠯᠡᠵᠦ ᠰᠢᠨᠵᠢᠯᠡᠬᠦ ᠤᠬᠠᠭᠠᠨ ᠤ ᠰᠤᠳᠤᠯᠭᠠᠨ ᠪᠣᠯᠣᠨ ᠴᠢᠳᠠᠪᠤᠷᠢᠲᠠᠨ ᠢ ᠬᠥᠮᠥᠵᠢᠭᠦᠯᠬᠦ ᠲᠦᠷᠦᠯ ᠵᠦᠢᠯ ᠢ ᠭᠠᠷᠳᠠᠨ ᠬᠢᠵᠦ᠂ ᠡᠷᠲᠡᠬᠡᠨ ᠪᠣᠳᠠᠲᠠᠢ ᠦᠷ᠎ᠡ ᠪᠦᠲᠦᠭᠡᠯ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃

  ᠬᠤᠷᠠᠯ ᠡᠴᠠ ᠨᠡᠶᠢᠲᠡ ᠶᠢᠨ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠤ ᠦᠢᠯᠡᠰ ᠤᠨ ᠬᠥᠭᠵᠢᠯᠲᠡ ᠶᠢᠨ ᠬᠡᠷᠡᠭᠵᠢᠭᠦᠯᠬᠦ ᠲᠥᠰᠥᠯ ᠢ ᠬᠢᠨᠠᠨ ᠵᠥᠪᠯᠡᠵᠦ ᠪᠠᠲᠤᠯᠠᠨ᠂ ᠬᠤᠲᠠ ᠶᠢᠨ ᠠᠭᠠᠷ ᠤᠨ ᠲᠡᠭᠡᠭᠡᠪᠦᠷᠢ᠂ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ᠂ ᠳᠣᠣᠷ᠎ᠠ ᠠᠭᠠᠷ ᠤᠨ ᠵᠢᠭᠤᠯᠴᠢᠯᠠᠯ ᠵᠡᠷᠭᠡ ᠭᠤᠣᠯᠳᠠᠯᠭ᠎ᠠ ᠲᠠᠢ ᠬᠦᠷᠢᠶᠡᠨ ᠤ ᠲᠣᠭᠤᠷᠢᠨ ᠳᠤ ᠠᠵᠤ ᠦᠢᠯᠡᠰ ᠢ ᠴᠣᠭᠴᠠᠯᠠᠵᠤ᠂ ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠨᠡᠶᠢᠲᠡ ᠶᠢᠨ ᠬᠡᠷᠡᠭᠯᠡᠭᠡᠨ ᠤ ᠠᠭᠠᠷ ᠤᠨ ᠠᠶᠠᠯᠠᠯ ᠤᠨ ᠦᠢᠯᠡᠳᠬᠦ ᠦᠢᠯᠡᠰ ᠤᠨ ᠲᠠᠯ᠎ᠠ ᠪᠠᠷ ᠰᠢᠪᠲᠤᠯᠤᠯᠲᠠ ᠭᠠᠷᠭᠠᠬᠤ ᠶᠢ ᠠᠬᠢᠭᠤᠯᠵᠤ᠂ ᠰᠢᠨ᠎ᠡ ᠠᠵᠤ ᠦᠢᠯᠡᠰ ᠤᠨ ᠪᠦᠯᠦᠭᠵᠢᠯ ᠢ ᠴᠢᠷᠮᠠᠶᠢᠨ ᠪᠣᠶᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃


ᠭᠠᠷ ᠤᠲᠠᠰᠤ ᠪᠠᠷ ᠦᠵᠡᠬᠦ