ᠪᠦᠭᠦ ᠣᠷᠣᠨ ᠤ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠶᠢᠨ ᠪᠦᠭᠦ ᠬᠡᠯᠬᠢᠶᠡᠨ ᠤ ᠠᠮᠤᠷ ᠲᠦᠪᠰᠢᠨ ᠤ ᠭᠡᠮ ᠰᠣᠭᠤᠭ ᠢ ᠴᠡᠭᠴᠡᠯᠡᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ

  5 ᠳ᠋ᠤᠭᠠᠷ ᠰᠠᠷ᠎ᠠ ᠶᠢᠨ 13 ᠤ ᠡᠳᠦᠷ᠂ ᠪᠦᠭᠦ ᠣᠷᠣᠨ ᠤ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠶᠢᠨ ᠪᠦᠭᠦ ᠬᠡᠯᠬᠢᠶᠡᠨ ᠤ ᠠᠮᠤᠷ ᠲᠦᠪᠰᠢᠨ ᠤ ᠭᠡᠮ ᠰᠣᠭᠤᠭ ᠢ ᠴᠡᠭᠴᠡᠯᠡᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃

  ᠬᠤᠸᠠᠩ ᡁᠢ ᠴᠢᠶᠠᠩ᠂ ᠣᠶᠢᠷ᠎ᠠ ᠶᠢᠨ ᠵᠢᠯ ᠳᠤ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠶᠢ ᠠᠰᠠᠷ ᠲᠤ ᠲᠠᠯᠪᠢᠨ ᠡᠷᠦᠭᠡ ᠳᠤ ᠣᠷᠣᠭᠤᠯᠵᠤ᠂ ᠳᠦᠷᠢᠮ ᠡᠴᠠ ᠵᠥᠷᠢᠴᠡᠨ ᠴᠠᠭᠢᠯᠭᠠᠨ ᠴᠡᠨᠡᠭᠯᠡᠭᠰᠡᠨ ᠡᠴᠠ ᠪᠣᠯᠤᠭᠰᠠᠨ ᠭᠠᠯ ᠤᠨ ᠠᠶᠤᠯ ᠤᠨ ᠡᠨᠳᠡᠯ ᠤᠳᠠᠭ᠎ᠠ ᠳᠠᠷᠠᠭᠠᠯᠠᠨ ᠡᠭᠦᠰᠴᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠦᠨᠳᠦ ᠨᠣᠴᠢᠲᠠᠢ ᠬᠤᠬᠢᠷᠠᠭᠤᠯᠵᠤ ᠪᠠᠶᠢᠨ᠎ᠠ᠃ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠶᠢᠨ ᠪᠦᠭᠦ ᠬᠡᠯᠬᠢᠶᠡᠨ ᠤ ᠠᠮᠤᠷ ᠲᠦᠪᠰᠢᠨ ᠤ ᠵᠠᠰᠠᠯᠲᠠ ᠶᠢᠨ ᠲᠣᠭᠤᠷᠢᠨ ᠳᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠦᠳᠲᠡᠷ ᠲᠦᠷᠭᠡᠨ ᠬᠥᠳᠡᠯᠦᠯᠴᠡᠵᠦ᠂ ᠵᠣᠷᠢᠭ ᠰᠢᠭᠤᠳᠤᠨ᠂ ᠬᠦᠴᠦ ᠣᠷᠣᠭᠤᠯᠵᠤ ᠪᠠᠶᠢᠭᠠᠳ ᠠᠮᠤᠷ ᠲᠦᠪᠰᠢᠨ ᠢ ᠨᠥᠯᠥᠭᠡᠯᠡᠬᠦ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠦᠢᠯᠡᠳᠪᠦᠷᠢᠯᠡᠬᠦ᠂ ᠪᠣᠷᠣᠯᠠᠭᠤᠯᠬᠤ᠂ ᠬᠡᠷᠡᠭᠯᠡᠬᠦ᠂ ᠵᠣᠭᠰᠤᠭᠠᠬᠤ᠂ ᠴᠠᠭᠢᠯᠭᠠᠨ ᠴᠡᠨᠡᠭᠯᠡᠬᠦ᠂ ᠬᠡᠷᠡᠭᠯᠡᠭᠡᠨ ᠡᠴᠠ ᠭᠠᠷᠭᠠᠬᠤ᠂ ᠬᠤᠷᠢᠶᠠᠨ ᠠᠪᠬᠤ ᠵᠡᠷᠭᠡ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃

  ᠬᠤᠷᠠᠯ ᠡᠴᠠ ᠪᠠᠰᠠ ᠠᠶᠤᠯ ᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠪᠠ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠯᠲᠠ᠂ ᠨᠡᠭᠦᠷᠡᠰᠦᠨ ᠠᠭᠤᠷᠬᠠᠢ ᠶᠢᠨ ᠭᠠᠮᠰᠢᠭ ᠢ ᠵᠠᠰᠠᠬᠤ ᠲᠥᠷᠥᠯ ᠵᠦᠢᠯ ᠢ ᠲᠤᠰᠬᠠᠢ ᠴᠡᠭᠴᠡᠯᠡᠨ ᠵᠠᠰᠠᠬᠤ᠂ ᠠᠶᠤᠯ ᠲᠠᠢ ᠤᠰᠤᠨ ᠴᠥᠭᠦᠷᠥᠮ ᠤᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠣᠨᠳᠣᠣ ᠭᠠᠵᠠᠷ ᠲᠤ ᠬᠠᠤᠯᠢ ᠬᠡᠷᠡᠭᠵᠢᠭᠦᠯᠬᠦ ᠪᠠ ᠰᠣᠯᠪᠢᠴᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠬᠤ ᠵᠡᠷᠭᠡ ᠠᠮᠤᠷ ᠲᠦᠪᠰᠢᠨ ᠤ ᠬᠦᠷᠢᠶᠡᠨ ᠤ ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠡ᠃


ᠭᠠᠷ ᠤᠲᠠᠰᠤ ᠪᠠᠷ ᠦᠵᠡᠬᠦ