6 ᠳ᠋ᠤᠭᠠᠷ ᠰᠠᠷ᠎ᠠ ᠶᠢᠨ 1 ᠤ ᠡᠳᠦᠷ ᠪᠥᠬᠦ ᠣᠷᠣᠨ ᠤ ︽ ᠠᠶᠤᠯ ᠥᠬᠡᠶ ᠦᠶᠯᠡᠳᠪᠦᠷᠢᠯᠡᠯ ᠤᠨ ᠰᠠᠷ᠎ᠠ ︾ ᠶᠢᠨ ᠠᠵᠢᠯᠯᠠᠭ᠎ᠠ ᠬᠥᠬᠡᠬᠤᠲᠠ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠲᠣᠰ ᠠᠵᠢᠯᠯᠠᠭ᠎ᠠ ᠳᠤ ᠣᠷᠣᠯᠴᠠᠭᠰᠠᠨ ᠪᠥᠭᠡᠳ ᠲᠤᠰᠬᠠᠶ ᠠᠪᠤᠷᠠᠨ ᠲᠤᠰᠠᠯᠠᠬᠤ ᠡᠩᠨᠡᠭᠡ ᠳᠤ ᠲᠤᠭ ᠣᠯᠭᠤᠪᠠ᠃ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠲᠤᠰᠬᠠᠶ ᠠᠪᠤᠷᠠᠨ ᠲᠤᠰᠠᠯᠠᠬᠤ ᠡᠯ᠎ᠡ ᠡᠩᠨᠡᠭᠡ᠂ ᠬᠤᠯᠪᠣᠭᠳᠠᠯ ᠪᠦᠬᠦᠢ ᠰᠠᠶᠢᠨ ᠳᠤᠷ᠎ᠠ ᠶᠢᠨ ᠠᠵᠢᠯᠯᠠᠭᠰᠠᠳ ᠪᠣᠯᠤᠨ ᠠᠵᠤ ᠠᠬᠤᠶᠢᠯᠠᠯ ᠤᠨ ᠲᠥᠯᠥᠭᠡᠯᠡᠭᠴᠢᠳ ᠲᠣᠰ ᠠᠵᠢᠯᠯᠠᠭ᠎ᠠ ᠳᠤ ᠣᠷᠣᠯᠴᠠᠪᠠ᠃
6 ᠳ᠋ᠤᠭᠠᠷ ᠰᠠᠷ᠎ᠠ ᠶᠢᠨ 4 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠡᠷᠭᠡ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠲᠠᠰ ᠤᠨ ᠨᠠᠮ ᠤᠨ ᠭᠡᠰᠢᠭᠦᠨ ᠤᠳᠤᠷᠢᠳᠬᠤ ᠨᠥᠬᠦᠳ ᠥᠪᠥᠷ ᠮᠣᠩᠭᠤᠯ ᠤᠨ ᠮᠦᠽᠧᠶ ᠳᠤ ᠬᠦᠷᠴᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠵᠡᠭᠦᠯᠭᠡ ᠶᠢ ᠬᠠᠮᠲᠤ ᠪᠠᠷ ᠲᠣᠭᠤᠷᠢᠨ ᠦᠵᠡᠭᠰᠡᠨ ᠪᠥᠭᠡᠳ ᠨᠠᠮ ᠳᠤ ᠣᠷᠣᠬᠤ ᠲᠠᠩᠭᠠᠷᠢᠭ ᠢᠶᠠᠨ ᠳᠠᠬᠢᠨ ᠤᠩᠰᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠮᠤᠵᠢ ᠶᠢᠨ ᠲᠡᠰ ᠤᠨ ᠨᠠᠮ ᠤᠨ ᠭᠡᠰᠢᠭᠦᠨ ᠤᠳᠤᠷᠢᠳᠬᠤ ᠨᠥᠬᠦᠳ ᠠᠵᠢᠯᠯᠠᠭ᠎ᠠ ᠳᠤ ᠣᠷᠣᠯᠴᠠᠪᠠ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠵᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠳᠤᠮᠳᠠᠳᠤ ᠤᠯᠤᠰ ᠤᠨ ᠣᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠷᠧᠨ ᠬᠤᠩ ᠪᠢᠨ ᠲᠠᠢ ᠠᠭᠤᠯᠵᠠᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠤᠢ ᠯᠢ ᠰᠢᠨ᠂ ᠶᠠᠩ ᠶᠢᠨ ᠠᠭᠤᠯᠵᠠᠯᠲᠠ ᠳᠤ ᠣᠷᠣᠯᠴᠠᠪᠠ᠃
ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠬᠠᠩᠭᠠᠯᠭ᠎ᠠ ᠶᠢᠨ ᠬᠡᠯᠬᠢᠶ᠎ᠡ ᠶᠢ ᠠᠬᠢᠭᠤᠯᠬᠤ ᠦᠵᠡᠰᠬᠦᠯᠡᠩ ᠤᠨ ᠴᠤᠭᠯᠠᠭᠠᠨ ᠤ ᠥᠪᠥᠷ ᠮᠣᠩᠭᠤᠯ ᠳᠠᠬᠢ ᠲᠠᠨᠢᠯᠴᠠᠭᠤᠯᠬᠤ ᠬᠤᠷᠠᠯ ᠵᠢᠴᠢ ᠭᠡᠷ᠎ᠡ ᠲᠣᠭᠲᠠᠬᠤ ᠶᠣᠰᠣᠯᠠᠯ ᠬᠥᠬᠡᠬᠤᠲᠠ ᠳᠤ ᠶᠠᠪᠤᠭᠳᠠᠪᠠ᠃ ᠳᠤᠮᠳᠠᠳᠤ ᠤᠯᠤᠰ ᠤᠨ ᠣᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠷᠧᠨ ᠬᠤᠩ ᠪᠢᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃
6 ᠳ᠋ᠤᠭᠠᠷ ᠰᠠᠷ᠎ᠠ ᠶᠢᠨ 5 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠯᠤᠭ᠎ᠠ ᠬᠥᠬᠡᠬᠤᠲᠠ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠵᠠᠬᠢᠷᠤᠯ ᠵᠠᠩ ᠯᠢ ᠴᠢᠶᠦ᠋ᠨ ᠨᠠᠷ ᠲᠠᠢ ᠠᠭᠤᠯᠵᠠᠭᠰᠠᠨ ᠪᠥᠭᠡᠳ ᠵᠥᠪᠯᠡᠯᠴᠡᠭᠡᠷ ᠲᠣᠭᠲᠠᠭᠰᠠᠨ ᠢ ᠬᠠᠮᠲᠤ ᠪᠠᠷ ᠭᠡᠷᠡᠴᠢᠯᠡᠪᠡ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠰᠢᠶᠠᠨ ᠬᠤᠸᠠ᠂ ᠰᠦᠨ ᠵᠢᠶᠦ᠋ᠨ ᠴᠢᠩ ᠠᠵᠢᠯᠯᠠᠭ᠎ᠠ ᠳᠤ ᠣᠷᠣᠯᠴᠠᠪᠠ᠃
2024 ᠣᠨ ᠳᠤ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ︽ ᠥᠪᠥᠷ ᠮᠣᠩᠭᠤᠯ ᠳᠠᠬᠢ ᠠᠶᠠᠯᠠᠯ ︾ ᠤᠨ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠶᠠᠷᠢᠯᠴᠠᠭ᠎ᠠ ᠵᠢᠴᠢ ᠪᠡᠯᠡ ᠣᠷᠣᠭᠤᠯᠤᠯᠲᠠ ᠶᠢᠨ ᠶᠠᠷᠢᠯᠴᠠᠬᠤ ᠬᠤᠷᠠᠯ ᠬᠥᠬᠡᠬᠤᠲᠠ ᠳᠤ ᠶᠠᠪᠤᠭᠳᠠᠪᠠ᠃ ᠳᠤᠮᠳᠠᠳᠤ ᠤᠯᠤᠰ ᠤᠨ ᠣᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠷᠧᠨ ᠬᠤᠩ ᠪᠢᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠬᠤᠷᠠᠯ ᠳᠤ ᠣᠷᠣᠯᠴᠠᠪᠠ᠃
6 ᠳ᠋ᠤᠭᠠᠷ ᠰᠠᠷ᠎ᠠ ᠶᠢᠨ 6 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠳᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ ᠰᠢᠨ᠎ᠡ ᠴᠢᠨᠠᠷ ᠪᠦᠬᠦᠢ ᠦᠶᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ︾᠂ ᠠᠵᠤ ᠠᠬᠤᠶᠢᠯᠠᠯ ᠪᠠ ᠲᠤᠰᠬᠠᠶ ᠮᠡᠷᠭᠡᠵᠢᠯᠲᠡᠳ ᠤᠨ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠣᠶᠣᠯ ᠵᠢᠭᠤᠯᠴᠢᠯᠠᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ᠶᠠᠳᠠᠭᠤ ᠡᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠬᠢᠨᠠᠨ ᠰᠢᠯᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ ᠢ ᠰᠤᠳᠤᠯᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠳᠤᠯᠠᠭᠠᠯᠠᠭ᠎ᠠ ᠶᠢᠨ ᠢᠨᠵᠧᠨᠧᠷᠢᠩ ᠪᠠ ᠦᠨᠡᠨᠴᠢ ᠢᠲᠡᠭᠡᠮᠵᠢ ᠶᠢᠨ ᠢᠨᠵᠧᠨᠧᠷᠢᠩ ᠢ ᠠᠬᠢᠭᠤᠯᠤᠭᠰᠠᠨ ᠪᠠᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠮᠢ ᠠᠬᠤᠶ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠰᠡᠷᠡᠮᠵᠢ ᠶᠢᠨ ᠹᠢᠯᠢᠮ ᠤᠨ ᠢᠯᠡᠷᠡᠭᠦᠯᠦᠭᠰᠡᠨ ᠠᠰᠠᠭᠤᠳᠠᠯ ᠤᠳ ᠢ ᠴᠡᠭᠴᠡᠯᠡᠨ ᠰᠠᠶᠢᠵᠢᠷᠠᠭᠤᠯᠬᠤ ᠲᠥᠰᠦᠯ ᠢ ᠰᠤᠳᠤᠯᠪᠠ᠃ ᠬᠤᠷᠠᠯ ᠳᠤ ᠪᠠᠰᠠ ᠬᠤᠷᠢᠨᠭᠡᠷ ᠤᠨ ᠴᠤᠭᠯᠠᠷᠠᠯ ᠤᠨ ᠪᠣᠬᠢᠷᠲᠤᠯ ᠥᠬᠡᠶ ᠪᠣᠳᠣᠯᠲᠠ ᠶᠢᠨ ᠠᠵᠤ ᠦᠶᠯᠡᠰ ᠤᠨ ᠬᠥᠭᠵᠢᠯᠲᠡ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢᠴᠢᠯᠠᠯᠲᠠ ᠶᠢᠨ ᠲᠥᠷᠥᠯ ᠵᠦᠶᠯ ᠤᠨ ᠬᠠᠮᠢᠶᠠᠷᠤᠯᠲᠠ᠂ ᠮᠠᠰᠢᠨᠲᠤ ᠲᠡᠷᠭᠡᠨ ᠤ ᠬᠡᠷᠡᠭᠯᠡᠭᠡ᠂ ᠲᠦᠷᠭᠡᠨ ᠤ ᠵᠠᠰᠠᠮᠠᠯ ᠵᠠᠮ ᠤᠨ ᠬᠤᠷᠳᠤᠴᠠ ᠶᠢᠨ ᠬᠢᠵᠠᠭᠠᠷᠯᠠᠯ ᠤᠨ ᠲᠣᠬᠢᠷᠠᠭᠤᠯᠤᠯᠲᠠ ᠵᠡᠷᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠢᠨᠠᠨ ᠵᠥᠪᠯᠡᠵᠦ ᠪᠠᠲᠤᠯᠠᠪᠠ᠃
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠬᠠᠢ ᠴᠢᠬᠤᠯᠠ ᠥᠭᠦᠯᠡᠯᠲᠡ ᠶᠢ ᠰᠤᠳᠤᠯᠤᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ᠃ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠲᠤᠰᠬᠠᠶ ᠲᠤᠰᠢᠶᠠᠯᠲᠤ ᠭᠡᠰᠢᠭᠦᠨ ᠴᠢᠨ ᠢ ᡁᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠲᠣᠰ ᠲᠣᠰ ᠪᠠᠶᠠᠷ ᠤᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠢ ᠡᠷᠭᠢᠯᠡᠪᠡ᠃ ᠬᠤᠷᠠᠯ ᠳᠤ᠂ ᠬᠤᠤ ᠱᠢ ᠶᠤᠸᠠᠨ ᠵᠡᠷᠭᠡ 10 ᠲᠤᠰᠬᠠᠢ ᠮᠡᠷᠭᠡᠵᠢᠯᠲᠡᠨ ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠤᠳᠤᠯᠭᠠᠨ ᠤ ᠤᠶᠤᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ ᠵᠢᠨᠷ ᠤᠷᠢᠭᠳᠠᠵᠤ᠂ ᠯᠢᠦ ᠪᠣᠣ ᠮᠢᠩ ᠵᠡᠷᠭᠡ 4 ᠲᠤᠰᠬᠠᠢ ᠮᠡᠷᠭᠡᠵᠢᠯᠲᠡᠨ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ ᠬᠤᠷᠠᠯ ᠳᠤ ᠪᠠᠰᠠ ᠲᠤᠰᠬᠠᠢ ᠰᠡᠳᠦᠪ ᠬᠤᠪᠢᠶᠠᠨ ᠰᠤᠳᠤᠯᠤᠨ ᠶᠠᠷᠢᠯᠴᠠᠬᠤ ᠪᠠ ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ ᠶᠢ ᠶᠠᠪᠤᠭᠳᠠᠭᠤᠯᠪᠠ᠃
6 ᠳ᠋ᠤᠭᠠᠷ ᠰᠠᠷ᠎ᠠ ᠶᠢᠨ 7 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠬᠡᠷ ᠪᠡᠭᠡᠵᠢᠩ ᠳᠤ ︽ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ︾ ᠰᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ︽ ᠴᠢᠨᠠᠷ ᠰᠠᠶᠢᠲᠠᠢ ᠬᠥᠭᠵᠢᠯᠲᠡ ᠭᠡᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠤᠶ᠎ᠠ ︾ ᠪᠠᠷ ᠭᠤᠣᠯ ᠰᠡᠳᠦᠪ ᠪᠣᠯᠭᠠᠵᠤ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠭᠦᠩ ᠮᠢᠩ ᠵᠦ ᠲᠠᠢ ᠲᠠᠪᠤᠨ ᠶᠡᠭᠡ ᠡᠭᠦᠷᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠤᠬᠠᠶ ᠰᠠᠨᠠᠯ᠂ ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ᠂ ᠰᠢᠨ᠎ᠡ ᠡᠨᠧᠷᠭᠢ ᠶᠢᠨ ᠠᠵᠤ ᠦᠢᠯᠡᠰ᠂ ᠰᠣᠶᠣᠯ ᠵᠢᠭᠤᠯᠴᠢᠯᠠᠯ ᠤᠨ ᠠᠵᠤ ᠦᠢᠯᠡᠰ᠂ ᠠᠷᠠᠳ ᠡᠴᠠ ᠡᠵᠡᠩᠨᠡᠭᠰᠡᠨ ᠠᠵᠤ ᠠᠬᠤᠶ᠂ ᠭᠠᠳᠠᠭᠰᠢ ᠨᠡᠭᠡᠭᠡᠯᠲᠡ ᠬᠢᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠵᠡᠷᠭᠡ ᠲᠠᠯ᠎ᠠ ᠵᠢᠨ ᠠᠵᠢᠯ ᠤᠨ ᠲᠣᠭᠤᠷᠢᠨ ᠳ᠋ᠤ᠂ ᠰᠤᠷᠪᠤᠯᠵᠢᠯᠠᠭᠴᠢᠳ ᠤᠨ ᠠᠰᠠᠭᠤᠯᠲᠠ ᠵᠢ ᠬᠠᠷᠢᠭᠤᠯᠪᠠ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠠᠵᠢᠯ ᠢ ᠪᠠᠶᠢᠴᠠᠭᠠᠪᠠ᠃ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠲᠤ᠂ ᠸᠠᠩ ᠯᠢ ᠰᠢᠶᠠ ᠰᠢᠯᠭᠠᠯᠲᠠ ᠶᠢᠨ ᠲᠠᠯᠠᠪᠤᠷ ᠢ ᠠᠯᠤᠰ ᠡᠴᠠ ᠲᠣᠭᠤᠷᠢᠨ ᠪᠠᠶᠢᠴᠠᠭᠠᠵᠤ᠂ ᠠᠯᠠᠱᠠ ᠠᠶᠢᠮᠠᠭ᠂ ᠬᠥᠯᠥᠨ ᠪᠤᠶᠢᠷ ᠬᠤᠲᠠ᠂ ᠪᠠᠶᠠᠨᠨᠠᠭᠤᠷ ᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ ᠵᠡᠷᠭᠡ ᠭᠠᠵᠠᠷ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠯᠦᠭᠡ ᠬᠤᠯᠪᠣᠭ᠎ᠠ ᠠᠪᠴᠤ᠂ ᠠᠵᠢᠯᠲᠠᠳ ᠢ ᠲᠣᠬᠤᠨᠢᠭᠤᠯᠵᠤ᠂ ᠲᠤᠬᠠᠶ ᠶᠢᠨ ᠭᠠᠵᠠᠷ ᠤᠨ ᠴᠠᠭ ᠠᠭᠤᠷ᠂ ᠰᠢᠯᠭᠠᠭᠤᠯᠤᠭᠴᠢᠳ ᠤᠨ ᠲᠤᠭ᠎ᠠ᠂ ᠰᠢᠯᠭᠠᠭᠤᠯᠤᠭᠰᠠᠨ ᠨᠣᠷᠮ᠎ᠠ ᠵᠡᠷᠭᠡ ᠪᠠᠶᠢᠳᠠᠯ ᠢ ᠯᠠᠪᠯᠠᠨ ᠠᠰᠠᠭᠤᠵᠤ᠂ ᠠᠵᠢᠯᠲᠠᠳ ᠲᠤ ᠠᠵᠢᠯ ᠤᠨ ᠪᠠᠶᠢᠷᠢ ᠪᠠᠨ ᠪᠠᠲᠤ ᠰᠠᠬᠢᠵᠤ᠂ ᠠᠯᠢᠪᠠ ᠪᠦᠬᠦᠨ ᠳᠤ ᠰᠢᠯᠭᠠᠭᠤᠯᠤᠭᠴᠢ ᠶᠢᠨ ᠲᠥᠯᠥᠭᠡ ᠪᠠᠶᠢᠵᠤ᠂ ᠡᠯ᠎ᠡ ᠵᠦᠶᠯ ᠤᠨ ᠰᠢᠯᠭᠠᠯᠲᠠ ᠶᠢᠨ ᠠᠵᠢᠯ ᠢ ᠰᠠᠶᠢᠲᠤᠷ ᠬᠢᠵᠦ᠂ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠯᠠᠪᠳᠠᠭᠤᠨ ᠲᠣᠭᠲᠠᠭᠤᠨ᠂ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠠᠬᠢᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠰᠢᠶᠠᠨ ᠬᠤᠸᠠ᠂ ᠶᠠᠩ ᠵᠢᠶᠧ ᠠᠵᠢᠯᠯᠠᠭ᠎ᠠ ᠳᠤ ᠣᠷᠣᠯᠴᠠᠪᠠ᠃
ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠡᠷᠬᠢᠯᠡᠭᠰᠡᠨ ︽ ᠭᠡᠷᠡᠴᠢᠯᠡᠯ ᠬᠠᠮᠲᠤ ᠶᠢᠨ ᠠᠶᠠᠯᠠᠯ ︾ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶᠠᠨ ᠤ ᠬᠠᠷᠠᠭᠠᠨ ᠳᠠᠬᠢ ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠣᠳᠠᠲᠤ ᠲᠡᠮᠳᠡᠭᠯᠡᠯ ᠤᠨ ᠬᠡᠷᠡᠯ ᠵᠢᠷᠤᠭ ᠤᠨ ᠦᠵᠡᠭᠦᠯᠭᠡ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠳᠤ ᠶᠠᠪᠤᠭᠳᠠᠪᠠ᠃ ᠭᠤᠮᠢᠨᠳᠠᠩ ᠤᠨ ᠬᠤᠪᠢᠰᠬᠠᠯᠲᠤ ᠬᠤᠷᠢᠶᠠᠨ ᠤ ᠲᠥᠪ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠲᠡᠷᠢᠭᠦᠯᠡᠭᠴᠢ ᠪᠥᠭᠡᠳ ᠨᠠᠷᠢᠨ ᠪᠢᠴᠢᠭ ᠤᠨ ᠳᠠᠷᠤᠭ᠎ᠠ ᠯᠢ ᠬᠤᠶ ᠳ᠋ᠦᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠠᠵᠢᠯᠯᠠᠭ᠎ᠠ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠭᠤᠮᠢᠨᠳᠠᠩ ᠤᠨ ᠬᠤᠪᠢᠰᠬᠠᠯᠲᠤ ᠬᠤᠷᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠡᠷᠬᠢᠯᠡᠭᠴᠢ ᠭᠡᠰᠢᠭᠦᠨ ᠪᠠᠶ ᠴᠢᠩ ᠶᠤᠸᠠᠨ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃
6 ᠳ᠋ᠤᠭᠠᠷ ᠰᠠᠷ᠎ᠠ ᠶᠢᠨ 11 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠠᠵᠤ ᠦᠶᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ 2024 ᠣᠨ ᠤ ᠬᠤᠶᠠᠳᠤᠭᠠᠷ ᠲᠠᠯᠠᠪᠤᠷ ︽ ᠵᠠᠰᠠᠭ ᠤᠨ ᠣᠷᠳᠣᠨ ᠠᠵᠤ ᠠᠬᠤᠶᠢᠯᠠᠯ ᠤᠨ ᠰᠡᠳᠬᠢᠯ ᠨᠢᠭᠡᠳᠦᠨ ᠶᠠᠷᠢᠯᠴᠠᠬᠤ ᠬᠤᠷᠠᠯ ︾—— ᠳᠡᠭᠡᠳᠦ ᠰᠢᠨ᠎ᠡ ᠮᠡᠷᠭᠡᠵᠢᠯ ᠤᠨ ᠠᠷᠠᠳ ᠡᠴᠠ ᠡᠵᠡᠩᠨᠡᠭᠰᠡᠨ ᠠᠵᠤ ᠠᠬᠤᠶᠢᠯᠠᠯ ᠤᠨ ᠲᠤᠰᠬᠠᠶ ᠲᠠᠯᠠᠪᠤᠷ ᠤᠨ ᠠᠵᠢᠯᠯᠠᠭ᠎ᠠ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠠᠵᠢᠯᠯᠠᠭ᠎ᠠ ᠶᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠰᠢᠶᠠᠨ ᠬᠤᠸᠠ᠂ ᠠᠨ ᠷᠦᠨ ᠱᠧᠩ᠂ ᠰᠦᠨ ᠵᠢᠶᠦ᠋ᠨ ᠴᠢᠩ ᠠᠵᠢᠯᠯᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃
6 ᠳ᠋ᠤᠭᠠᠷ ᠰᠠᠷ᠎ᠠ ᠶᠢᠨ 12 ᠤᠨ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ︽ ᠰᠠᠬᠢᠯᠭ᠎ᠠ ᠪᠠᠲᠤ ᠶᠢ ᠨᠠᠷᠢᠨ ᠬᠢᠨᠠᠮᠠᠭᠠᠢ ᠪᠠᠷ ᠰᠣᠷᠣᠯᠴᠠᠨ᠂ ᠰᠠᠬᠢᠯᠭ᠎ᠠ ᠪᠠᠲᠤ ᠶᠢ ᠪᠦᠬᠦ ᠲᠠᠯ᠎ᠠ ᠪᠠᠷ ᠣᠢᠯᠠᠭᠠᠨ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠢᠯᠠᠵᠤ᠂ ᠰᠠᠬᠢᠯᠭ᠎ᠠ ᠪᠠᠲᠤ ᠶᠢ ᠪᠠᠲᠤ ᠴᠢᠩᠭ᠎ᠠ ᠰᠠᠬᠢᠵᠤ᠂ ᠤᠬᠠᠮᠰᠠᠷ ᠡᠴᠠ ᠪᠠᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠡᠷᠡᠰ ᠪᠠᠲᠤ ᠬᠠᠮᠠᠭᠠᠯᠠᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠣᠶ᠎ᠠ ︾ ᠭᠡᠬᠦ ᠰᠡᠳᠦᠪ ᠢᠶᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠪᠣᠯᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠭᠡᠰᠢᠭᠦᠨ ᠺᠠᠳ᠋ᠷᠴᠤᠳ ᠲᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠸᠢᠳᠢᠣ᠋ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠠᠶᠢᠮᠠᠭ ᠬᠤᠲᠠ ᠶᠢᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠰᠡᠷᠡᠮᠵᠢ ᠶᠢᠨ ᠹᠢᠯᠢᠮ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠰᠣᠨᠣᠰᠴᠤ᠂ ᠠᠶᠢᠮᠠᠭ ᠬᠤᠲᠠ ᠳᠠᠷᠠᠭᠠᠯᠠᠨ ᠦᠨᠡᠯᠡᠬᠦ ᠶᠢᠨ ᠬᠠᠮᠲᠤ ᠬᠠᠨᠳᠤᠯᠭᠠᠲᠤ ᠴᠢᠨᠠᠷᠲᠠᠶ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠱᠦᠵᠢ ᠮᠧᠩ ᠰᠢᠶᠠᠨ ᠳ᠋ᠦᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠥᠸᠧ ᠬᠤᠷᠠᠯ ᠳᠤ ᠣᠷᠣᠯᠴᠠᠪᠠ᠃
6 ᠳ᠋ᠤᠭᠠᠷ ᠰᠠᠷ᠎ᠠ ᠶᠢᠨ 13 ᠤ ᠡᠳᠦᠷ ᠪᠥᠬᠦ ᠣᠷᠣᠨ ᠤ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠥᠬᠡᠬᠤᠲᠠ ᠳᠤ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠬᠤᠷᠠᠯ ᠢ ᠡᠷᠬᠢᠯᠡᠭᠰᠡᠨ ᠪᠥᠭᠡᠳ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃ ᠬᠤᠷᠠᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠤᠯᠠᠮᠵᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠱᠤᠸᠠᠩ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠣᠯᠤᠨ ᠰᠠᠬᠢᠯᠭ᠎ᠠ ᠪᠠᠲᠤ ᠶᠢ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠵᠠᠳᠠᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠮᠤᠵᠢ ᠶᠢᠨ ᠲᠠᠰ ᠤᠨ ᠠᠵᠢᠯ ᠡᠴᠠ ᠪᠠᠨ ᠠᠮᠠᠷᠠᠭᠰᠠᠨ ᠬᠡᠰᠡᠭ ᠠᠬᠠᠮᠠᠳ ᠨᠥᠬᠦᠳ ᠬᠤᠷᠠᠯ ᠳᠤ ᠣᠷᠣᠯᠴᠠᠪᠠ᠃ ᠬᠤᠷᠠᠯ ᠳᠤ ᠣᠷᠣᠯᠴᠠᠭᠰᠠᠳ ︽ ᠰᠠᠬᠢᠯᠭ᠎ᠠ ᠪᠠᠲᠤ ᠪᠠ ᠶᠣᠰᠣ ᠳᠦᠷᠢᠮ ᠢ ᠲᠡᠷᠢᠭᠦᠨ ᠳᠤ ᠲᠠᠯᠪᠢᠶ᠎ᠠ ︾ ᠭᠡᠬᠦ ᠰᠡᠷᠡᠮᠵᠢᠯᠡᠭᠦᠯᠦᠨ ᠬᠥᠮᠦᠵᠢᠭᠦᠯᠬᠦ ᠹᠢᠯᠢᠮ ᠢ ᠲᠥᠪᠯᠡᠷᠡᠭᠦᠯᠦᠨ ᠦᠵᠡᠪᠡ᠃ ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠪᠣᠯᠤᠨ ᠮᠠᠨᠵᠤᠤᠷ ᠬᠤᠳᠠ᠂ ᠡᠷᠢᠶᠡᠨ ᠬᠤᠳᠠ ᠳᠤ ᠬᠤᠷᠠᠯ ᠤᠨ ᠬᠤᠪᠢᠶᠠᠷᠢ ᠲᠠᠯᠠᠪᠠᠢ ᠲᠤᠬᠢᠷᠠᠭᠤᠯᠪᠠ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠳᠤ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠪᠣᠯᠤᠨ ᠤᠯᠤᠰ ᠤᠨ ᠠᠭᠤᠷᠬᠠᠶ ᠶᠢᠨ ᠠᠶᠤᠯ ᠦᠭᠡᠢ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠰᠣᠨᠣᠰᠴᠤ᠂ ᠪᠥᠬᠦ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠰᠢᠰᠲ᠋ᠧᠮ ᠤᠨ ᠬᠢᠨᠠᠨ ᠪᠤᠳᠤᠯᠲᠠ ᠶᠢᠨ ᠲᠤᠰᠬᠠᠶ ᠴᠡᠭᠴᠡᠯᠡᠨ ᠰᠠᠶᠢᠵᠢᠷᠠᠭᠤᠯᠬᠤ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠦᠨᠳᠦ ᠶᠡᠭᠡ ᠬᠢᠵᠢᠭ᠌ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠠᠪᠤᠷᠠᠨ ᠵᠠᠰᠠᠬᠤ ᠲᠣᠭᠲᠠᠯᠴᠠᠭ᠎ᠠ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠳᠤ ᠪᠠᠰᠠ ᠪᠤᠰᠤᠳ ᠵᠦᠢᠯᠡᠰ ᠢ ᠰᠤᠳᠤᠯᠪᠠ᠃