ᠰ᠋ᠦ᠋ ᠰᠠᠭᠠᠯᠢ ᠶᠢᠨ ᠠᠵᠤ ᠦᠢᠯᠡᠰ ᠤᠨ ᠴᠢᠨᠠᠷ ᠰᠠᠢᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎᠎ᠠ ᠠᠷᠭ᠎᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

  ᠡᠳᠦᠭᠡ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰ᠋ᠦ᠋ ᠰᠠᠭᠠᠯᠢ ᠶᠢᠨ ᠠᠵᠤ ᠦᠢᠯᠡᠰ ᠤᠨ ᠴᠢᠨᠠᠷ ᠰᠠᠢᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠡᠢᠢᠳᠠᠪᠤᠷᠢᠵᠢᠭᠤᠯᠲᠤᠭᠠᠢ᠃

    ᠥᠪᠥᠷ  ᠮᠣᠩᠭᠤᠯ ᠤᠨ  ᠥᠪᠡᠷᠲᠡᠭᠡᠨ  ᠵᠠᠰᠠᠬᠤ  ᠣᠷᠣᠨ ᠤ   ᠰ᠋ᠦ᠋

     ᠰᠠᠭᠠᠯᠢ ᠶᠢᠨ  ᠠᠵᠤ ᠦᠢᠯᠡᠰ ᠤᠨ ᠴᠢᠨᠠᠷ ᠰᠠᠢᠢᠲᠠᠢ ᠬᠥᠭᠵᠢᠯᠲᠡ ᠶᠢ

  ᠠᠬᠢᠭᠤᠯᠬᠤ  ᠲᠥᠷᠥ ᠶᠢᠨ  ᠪᠣᠳᠣᠯᠭ᠎᠎ᠠ ᠠᠷᠭ᠎᠎ᠠ ᠬᠡᠮᠵᠢᠶ᠎ᠡ ᠨᠦᠭᠦᠳ

  ︽ ᠰ᠋ᠦ᠋ ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠶᠢ ᠠᠬᠢᠭᠤᠯᠵᠤ ᠰ᠋ᠦ᠋ ᠴᠠᠭᠠᠨ ᠢᠳᠡᠭᠡᠨ ᠤ ᠴᠢᠨᠠᠷ ᠴᠢᠨᠰᠠᠭ᠎ᠠ ᠶᠢᠨ ᠠᠮᠤᠷ ᠲᠦᠪᠰᠢᠨ ᠢ ᠪᠠᠲᠤᠯᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ ︾ ︵ ᠲᠥᠷᠥ ᠠᠯᠪᠠᠨ ᠲᠠᠷᠬᠠᠭᠠᠭᠰᠠᠨ 〔 2018 〕 43 ᠳ᠋ᠤᠭᠠᠷ ᠲᠣᠭᠠᠲᠤ ︶᠂ ︽ ᠮᠠᠯ ᠠᠵᠤ ᠠᠬᠤᠢ ᠶᠢᠨ ᠴᠢᠨᠠᠷ ᠰᠠᠢᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ ︾ ︵ ᠲᠥᠷᠥ ᠠᠯᠪᠠᠨ ᠲᠠᠷᠬᠠᠭᠠᠭᠰᠠᠨ 〔 2020 〕 31 ᠳ᠋ᠤᠭᠡᠷ ᠲᠣᠭᠠᠲᠤ ︶ ᠵᠡᠷᠭᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠣᠳᠣᠬᠠᠨ ᠳᠠᠬᠢ ᠰ᠋ᠦ᠋ ᠰᠠᠭᠠᠯᠢ ᠶᠢᠨ ᠦᠢᠯᠡᠰ ᠤᠨ ᠦᠢᠯᠡᠳᠪᠦᠷᠢᠯᠡᠯ ᠤᠨ ᠥᠪᠡᠷ ᠤᠨ ᠥᠷᠳᠡᠭ ᠥᠨᠳᠥᠷ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠯᠳᠤᠭᠤᠯᠬᠤ ᠨᠢ ᠠᠪᠴᠠᠯᠳᠤᠩᠭᠤᠢ ᠪᠤᠰᠤ᠂ ᠪᠦᠲᠦᠭᠡᠭᠳᠡᠭᠦᠨ ᠤ ᠪᠦᠲᠦᠴᠡ ᠵᠣᠬᠢᠰ ᠦᠭᠡᠢ᠂ ᠠᠵᠤ ᠦᠢᠯᠡᠰ ᠤᠨ ᠬᠥᠭᠵᠢᠯᠲᠡ ᠶᠢᠨ ᠴᠢᠨᠠᠷ ᠨᠢ ᠠᠨᠠᠶᠢᠬᠠᠨ ᠵᠡᠷᠭᠡ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰ᠋ᠦ᠋ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠰ᠋ᠦ᠋ ᠰᠠᠭᠠᠯᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠲᠦᠷᠭᠡᠳᠬᠡᠵᠦ᠂ ︽ ᠰᠢᠷᠬᠡᠭ ᠡᠪᠡᠰᠦ ᠡᠴᠠ ᠠᠶᠠᠭ᠎ᠠ ᠰ᠋ᠦ᠋ ᠬᠦᠷᠲᠡᠯᠡᠬᠢ ︾ ᠪᠥᠬᠦ ᠠᠵᠤ ᠦᠢᠯᠡᠰ ᠤᠨ ᠬᠡᠯᠬᠢᠶᠡᠨ ᠤ ᠴᠢᠨᠠᠷ ᠰᠠᠢᠢᠲᠠᠢ ᠬᠥᠭᠵᠢᠯᠲᠡ ᠶᠢᠨ ᠰᠢᠨ᠎ᠡ ᠪᠠᠢᠢᠷᠢᠰᠢᠯ ᠢ ᠪᠥᠬᠦ ᠬᠦᠴᠦᠨ ᠢᠶᠠᠷ ᠢᠶᠠᠨ ᠴᠣᠭᠴᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠳᠣᠣᠷᠠᠬᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠪᠠ᠃

  ᠨᠢᠭᠡ᠂ ︽ ᠡᠪᠡᠰᠦᠨ ᠤ ᠢᠷᠡᠯᠲᠡ ︾ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠷᠠᠴᠢᠯᠠᠨ ᠲᠡᠵᠢᠭᠡᠬᠦ ᠥᠪᠡᠷ ᠤᠨ ᠥᠷᠳᠡᠭ ᠢ ᠪᠠᠭᠤᠷᠠᠭᠤᠯᠤᠨ᠎ᠠ

  1. ᠮᠠᠯᠯᠠᠨ ᠲᠥᠯᠵᠢᠭᠦᠯᠬᠦ ᠳᠤ ᠵᠣᠷᠢᠭᠤᠯᠵᠤ ᠲᠠᠷᠢᠬᠤ᠂ ᠲᠠᠷᠢᠵᠤ ᠮᠠᠯᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠠᠳᠤᠨ ᠭᠤᠣᠯ᠂ ᠨᠣᠨ ᠮᠥᠷᠡᠨ᠂ ᠪᠠᠷᠠᠭᠤᠨ ᠯᠢᠶᠥᠥ ᠾᠧ ᠭᠤᠣᠯ ᠤᠨ ᠰᠠᠪᠠ ᠭᠠᠵᠠᠷ ᠪᠠ ᠬᠥᠯᠥᠨ ᠪᠦᠢᠷ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠲᠠᠪᠤᠨ ᠶᠡᠭᠡ ᠰ᠋ᠦ᠋ ᠶᠢᠨ ᠢᠷᠡᠯᠲᠡ ᠶᠢᠨ ᠰᠠᠭᠤᠷᠢᠨ ᠭᠠᠵᠠᠷ ᠲᠤ ᠴᠢᠨᠠᠷ ᠰᠠᠶᠢᠲᠠᠢ ᠲᠡᠵᠢᠭᠡᠯ ᠡᠪᠡᠰᠦ ᠲᠠᠷᠢᠵᠤ ᠤᠷᠭᠤᠭᠤᠯᠬᠤ ᠶᠢ ᠳᠡᠮᠵᠢᠵᠦ᠂ ᠳᠠᠷᠤᠰᠢᠭᠤᠯᠤᠭᠰᠠᠨ ᠡᠷᠳᠡᠨᠢ ᠰᠢᠰᠢ ᠵᠡᠷᠭᠡ ᠲᠡᠵᠢᠭᠡᠯ ᠡᠪᠡᠰᠦ ᠪᠣᠷᠳᠤᠭ᠎ᠠ ᠶᠢ ᠲᠤᠬᠠᠢ ᠶᠢᠨ ᠭᠠᠵᠠᠷ ᠲᠤ ᠨᠢ ᠣᠶᠢᠷ᠎ᠠ ᠬᠠᠪᠢ ᠡᠴᠠ ᠪᠠᠨ ᠬᠤᠷᠢᠶᠠᠨ ᠬᠠᠳᠠᠭᠠᠯᠠᠵᠤ ᠪᠠᠶᠢᠭ᠎ᠠ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠪᠠ ᠰᠠᠭᠠᠯᠢ ᠶᠢᠨ ᠲᠠᠷᠢᠶᠠᠴᠢᠳ ᠤᠨ ᠬᠤᠷᠰᠢᠶᠠᠵᠢᠯ ᠳᠤ ᠰᠠᠭᠠᠯᠢ ᠶᠢᠨ ᠦᠨᠢᠶ᠎ᠡ ᠪᠦᠷᠢ 5.5 ᠲᠣᠨ᠂ ᠲᠣᠨ ᠪᠦᠷᠢ 50 ᠲᠥᠭᠦᠷᠢᠭ ︵ ᠥᠪᠡᠷᠲᠡᠭᠡᠨ ᠵᠠᠰᠠᠬᠤ ᠣᠷᠣᠨ 30 ᠲᠥᠭᠦᠷᠢᠭ ᠤᠨ ᠨᠡᠮᠡᠭᠦᠷᠢ ᠥᠭᠴᠦ᠂ ᠠᠢᠢᠮᠠᠭ ᠬᠤᠲᠠ 20 ᠲᠥᠭᠦᠷᠢᠭ ᠤᠨ ᠨᠡᠮᠡᠭᠦᠷᠢ ᠥᠭᠭᠦᠨ᠎ᠡ ︶ ᠤᠨ ᠪᠠᠷᠢᠮᠵᠢᠶ᠎ᠠ ᠶᠣᠰᠣᠭᠠᠷ ᠳᠠᠷᠤᠰᠢᠭᠤᠯᠤᠭᠰᠠᠨ ᠡᠷᠳᠡᠨᠢ ᠰᠢᠰᠢ ᠶᠢᠨ ᠬᠤᠷᠢᠶᠠᠨ ᠬᠠᠳᠠᠭᠠᠯᠠᠬᠤ ᠨᠡᠮᠡᠭᠦᠷᠢ ᠣᠯᠭᠤᠵᠤ᠂ ᠳᠠᠷᠤᠰᠢᠭᠤᠯᠤᠭᠰᠠᠨ ᠴᠠᠷᠭᠠᠰᠤ᠂ ᠬᠠᠳᠠᠭᠠᠭᠰᠠᠨ ᠡᠪᠡᠰᠦ ᠶᠢ ᠬᠠᠷᠢᠴᠠᠯ ᠢᠶᠠᠷ ᠨᠤᠭᠤᠯᠤᠨ ᠪᠣᠳᠣᠵᠤ᠂ ᠰᠠᠭᠠᠯᠢ ᠶᠢᠨ ᠢᠮᠠᠭ᠎ᠠ᠂ ᠰᠠᠭᠠᠯᠢ ᠶᠢᠨ ᠢᠩᠭᠡ᠂ ᠰᠠᠭᠠᠯᠢ ᠶᠢᠨ ᠭᠡᠭᠦᠦ ᠶᠢ ᠬᠠᠷᠢᠴᠠᠯ ᠢᠶᠠᠷ ᠨᠤᠭᠤᠯᠤᠨ ᠪᠣᠳᠣᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠯ᠎ᠡ ᠠᠢᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠬᠤᠷᠢᠳᠤᠭᠠᠷ ᠵᠦᠢᠯ ᠡᠴᠠ ᠪᠤᠰᠤᠳ᠂ ᠳᠣᠣᠷᠠᠬᠢ ᠡᠯ᠎ᠡ ᠵᠦᠢᠯ ᠤᠨ ᠡᠭᠦᠷᠭᠡ ᠶᠢ ᠪᠦᠷ ᠡᠯ᠎ᠡ ᠠᠢᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠡᠢᠢᠳᠠᠪᠤᠷᠢᠵᠢᠭᠤᠯᠬᠤ ᠬᠡᠷᠡᠭᠲᠡᠢ ᠪᠣᠯᠬᠤᠷ ᠳᠠᠬᠢᠵᠤ ᠠᠰᠲᠠᠭᠠᠨ ᠵᠢᠭᠰᠠᠭᠠᠬᠤ ᠦᠭᠡᠢ ︶

  2. ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠳᠠᠪᠠᠭᠤᠯᠢᠭ ᠣᠷᠣᠨ ᠳᠠᠬᠢ ᠤᠯᠤᠰ ᠤᠨ ᠭᠠᠷᠤᠯᠲᠠᠲᠤ ᠰᠠᠶᠢᠨ ᠡᠭᠦᠯᠳᠡᠷ ᠤᠨ ᠴᠠᠷᠭᠠᠰᠤ ᠶᠢᠨ ᠴᠢᠨᠠᠷ ᠢ ᠨᠢ ᠰᠠᠶᠢᠵᠢᠷᠠᠭᠤᠯᠵᠤ ᠭᠠᠷᠤᠯᠲᠠ ᠶᠢ ᠨᠢ ᠨᠡᠮᠡᠭᠳᠡᠭᠦᠯᠬᠦ ᠶᠢ ᠠᠬᠢᠭᠤᠯᠵᠤ᠂ ᠲᠥᠪᠯᠡᠷᠡᠭᠦᠯᠦᠨ ᠵᠠᠯᠭᠠᠯᠳᠤᠭᠤᠯᠵᠤ ᠪᠠᠷᠢᠮᠵᠢᠶᠠᠵᠢᠭᠤᠯᠤᠨ ᠲᠠᠷᠢᠭᠰᠠᠨ ᠲᠠᠯᠠᠪᠠᠢ ᠨᠢ 500 ᠮᠦ ᠡᠴᠠ ᠳᠡᠭᠡᠭᠰᠢ ᠬᠥᠷᠥᠭᠰᠡᠨ ᠪᠥᠭᠡᠳ ᠲᠡᠵᠢᠭᠡᠨ ᠦᠷᠡᠵᠢᠭᠦᠯᠬᠦ ᠲᠠᠯᠠᠪᠠᠢ ︵ ᠡᠷᠦᠬᠡ ︶ ᠯᠤᠭ᠎ᠠ ᠲᠡᠵᠢᠭᠡᠯ ᠡᠪᠡᠰᠦ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠭᠰᠠᠨ ᠴᠠᠷᠭᠠᠰᠤ ᠲᠠᠷᠢᠭᠰᠠᠨ ᠭᠤᠣᠯ ᠴᠣᠭᠴᠠ ᠳᠤ᠂ 3 ᠵᠢᠯ ᠬᠤᠪᠢᠶᠠᠨ ᠮᠦ ᠪᠦᠷᠢ ᠳᠤ ᠨᠢ 1000 ᠲᠥᠭᠦᠷᠢᠭ ᠤᠨ ᠨᠡᠮᠡᠭᠦᠷᠢ ᠣᠯᠭᠤᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠪᠠᠢᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  3. ᠴᠠᠷᠭᠠᠰᠤᠨ ᠤ ᠦᠷ᠎ᠡ ᠦᠷᠡᠵᠢᠭᠦᠯᠦᠨ ᠪᠦᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠨᠡᠮᠡᠭᠦᠷᠢ ᠥᠭᠬᠦ ᠪᠣᠳᠣᠯᠭ᠎ᠠ ᠶᠢ ᠬᠡᠷᠡᠭᠵᠢᠭᠦᠯᠵᠦ᠂ ᠦᠷᠡᠵᠢᠭᠦᠯᠦᠨ ᠪᠦᠢᠵᠢᠭᠤᠯᠬᠤ ᠰᠠᠭᠤᠷᠢᠨ ᠭᠠᠵᠠᠷ ᠢ ᠰᠢᠨ᠎ᠡ ᠪᠠᠷ ᠪᠠᠢᠢᠭᠤᠯᠤᠭᠰᠠᠨ ᠠᠩᠬᠠᠨ ᠤ ᠵᠢᠯ ᠳᠤ ᠮᠦ ᠪᠦᠷᠢ ᠳᠤ ᠨᠢ 500 ᠲᠥᠭᠦᠷᠢᠭ ᠤᠨ ᠨᠡᠮᠡᠭᠦᠷᠢ ᠣᠯᠭᠤᠵᠤ᠂ ᠲᠣᠭᠲᠠᠭᠰᠠᠨ ᠭᠠᠷᠤᠯᠲᠠ ᠶᠢᠨ ᠬᠡᠮᠵᠢᠶ᠎ᠡ ᠳᠤ ᠬᠥᠷᠥᠭᠰᠡᠨ ᠤ ᠰᠡᠭᠦᠯᠡᠷ ᠵᠢᠯ ᠳᠤ ᠮᠦ ᠪᠦᠷᠢ ᠳᠤ ᠨᠢ 300 ᠲᠥᠭᠦᠷᠢᠭ ᠤᠨ ᠪᠠᠷᠢᠮᠵᠢᠶ᠎ᠠ ᠪᠠᠷ ᠨᠡᠮᠡᠭᠦᠷᠢ ᠣᠯᠭᠤᠨ᠎ᠠ᠃ ︽ ᠴᠢᠨᠠᠷ ᠰᠠᠶᠢᠲᠠᠢ ᠴᠠᠷᠭᠠᠰᠤ ᠶᠢᠨ ᠰᠢᠨ᠎ᠡ ᠦᠷ᠎ᠡ ᠡᠭᠦᠯᠳᠡᠷ ᠢ ᠰᠣᠩᠭᠤᠨ ᠪᠦᠢᠵᠢᠭᠤᠯᠬᠤ ᠵᠢᠴᠢ ᠠᠵᠤ ᠦᠢᠯᠡᠰ ᠤᠨ ᠵᠢᠱᠢᠶ᠎ᠡ ᠦᠵᠡᠭᠦᠯᠬᠦ ︾ ᠲᠠᠯ᠎ᠠ ᠪᠠᠷ ᠵᠠᠷᠯᠠᠯ ᠨᠡᠶᠢᠲᠡᠯᠡᠵᠦ ᠬᠤᠰᠢᠭᠤᠷᠠᠨ ᠠᠵᠢᠯᠯᠠᠬᠤ ᠲᠥᠷᠥᠯ ᠵᠦᠢᠯ ᠢ ᠬᠡᠷᠡᠭᠵᠢᠭᠦᠯᠵᠦ᠂ ᠠᠳᠠᠯᠢ ᠪᠤᠰᠤ ᠣᠷᠣᠨ ᠪᠦᠰᠡ ᠶᠢᠨ ᠣᠷᠴᠢᠨ ᠨᠦᠭᠦᠴᠡᠯ ᠳᠤ ᠲᠣᠬᠢᠷᠠᠬᠤ ᠰᠢᠨ᠎ᠡ ᠦᠷ᠎ᠡ ᠡᠭᠦᠯᠳᠡᠷ ᠪᠠ ᠥᠨᠳᠥᠷ ᠤᠭᠤᠷᠠᠭᠲᠤ ᠴᠠᠷᠭᠠᠰᠤ ᠶᠢᠨ ᠰᠢᠨ᠎ᠡ ᠦᠷ᠎ᠡ ᠡᠭᠦᠯᠳᠡᠷ ᠢ ᠪᠣᠶᠢᠵᠢᠭᠤᠯᠵᠤ᠂ ᠤᠯᠤᠰ ᠤᠨ ᠭᠠᠷᠤᠯᠲᠠᠲᠤ ᠮᠠᠭᠤᠵᠢᠷᠠᠮᠠᠯ ᠦᠷ᠎ᠡ ᠡᠭᠦᠯᠳᠡᠷ ᠤᠨ ᠴᠠᠷᠭᠠᠰᠤ ᠶᠢ ᠴᠡᠪᠡᠷᠵᠢᠭᠦᠯᠦᠨ ᠢᠳᠡᠷᠬᠡᠭᠵᠢᠭᠦᠯᠦᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  ᠬᠤᠶᠠᠷ᠂ ︽ ᠦᠷ᠎ᠡ ᠡᠭᠦᠯᠳᠡᠷ ᠤᠨ ᠢᠷᠡᠯᠲᠡ ︾ ᠶᠢᠨ ᠲᠠᠯ᠎ᠠ ᠪᠠᠷ ᠥᠪᠡᠷ ᠢ ᠪᠠᠨ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠰᠠᠭᠠᠯᠢ ᠶᠢᠨ ᠮᠠᠯ ᠤᠨ ᠰᠠᠢᠢᠨ ᠡᠭᠦᠯᠳᠡᠷ ᠢ ᠦᠷᠡᠵᠢᠭᠦᠯᠦᠨ ᠪᠦᠢᠵᠢᠭᠤᠯᠬᠤ ᠪᠠᠨ ᠴᠢᠩᠭᠠᠳᠬᠠᠨ᠎ᠠ

  4. ᠦᠵᠦᠭᠦᠷᠯᠡᠬᠦ ᠳᠡᠰ ᠤᠨ ᠦᠷ᠎ᠡ ᠡᠭᠦᠯᠳᠡᠷ ᠤᠨ ᠪᠤᠬ᠎ᠠ ᠪᠣᠶᠢᠵᠢᠭᠤᠯᠬᠤ ᠶᠢ ᠳᠡᠮᠵᠢᠵᠦ᠂ ᠡᠭᠦᠯᠳᠡᠷ ᠲᠥᠯᠵᠢᠭᠦᠯᠬᠦ ᠴᠢᠳᠠᠪᠤᠷᠢ ᠶᠢᠨ ᠦᠨᠡᠯᠡᠯᠲᠡ ᠵᠢᠴᠢ ᠬᠠᠮᠢᠶ᠎ᠠ ᠪᠦᠬᠦᠢ ᠬᠥᠬᠢᠭᠦᠯᠦᠨ ᠱᠠᠩᠨᠠᠬᠤ ᠠᠷᠭ᠎ᠠ ᠶᠢ ᠦᠨᠳᠦᠰᠦᠯᠡᠨ᠂ ᠡᠭᠦᠯᠳᠡᠷ ᠲᠥᠯᠵᠢᠭᠦᠯᠬᠦ ᠴᠢᠳᠠᠪᠤᠷᠢ ᠶᠢ ᠨᠢ ᠦᠨᠡᠯᠡᠭᠰᠡᠨ ᠦᠷ᠎ᠡ ᠳ᠋ᠦᠩ ᠨᠢ ᠰᠠᠢᠢᠨ ᠵᠡᠷᠭᠡ ᠳᠡᠰ ᠡᠴᠠ ᠳᠡᠭᠡᠭᠰᠢ ᠳᠤ ᠬᠥᠷᠥᠭᠰᠡᠨ ᠰᠠᠭᠠᠯᠢ ᠶᠢᠨ ᠦᠨᠢᠶᠡᠨ ᠤ ᠡᠭᠦᠯᠳᠡᠷ ᠲᠥᠯᠵᠢᠭᠦᠯᠬᠦ ᠠᠵᠤ ᠠᠬᠤᠢᠢᠯᠠᠯ ᠳᠤ 100 ᠲᠦᠮᠡᠨ ᠲᠥᠭᠦᠷᠢᠭ ᠤᠨ ᠰᠠᠭᠤᠷᠢ ᠶᠢᠨ ᠴᠢᠨᠠᠷᠲᠠᠢ ᠱᠠᠩᠨᠠᠯ ᠣᠯᠭᠤᠵᠤ᠂ ᠡᠭᠦᠨ ᠤ ᠰᠠᠭᠤᠷᠢᠨ ᠳᠡᠭᠡᠷ᠎ᠡ᠂ ᠵᠢᠯ ᠪᠦᠷᠢ ᠶᠢᠨ ᠨᠡᠷᠡᠰ ᠤᠨ ᠵᠢᠭᠰᠠᠭᠠᠯᠲᠠ ᠶᠢᠨ ᠳ᠋ᠦᠩ ᠢ ᠦᠨᠳᠦᠰᠦᠯᠡᠨ᠂ ᠳᠡᠯᠡᠬᠡᠢ ᠶᠢᠨ ᠡᠮᠦᠨ᠎ᠡ 200 ᠨᠡᠷᠡᠰ ᠪᠤᠶᠤ ᠤᠯᠤᠰ ᠤᠨ ᠳᠣᠲᠣᠭᠠᠳᠤ ᠳᠤ ᠪᠠᠨ ᠡᠮᠦᠨ᠎ᠡ 50 ᠨᠡᠷᠡᠰ ᠲᠤ ᠲᠣᠳᠣᠷᠠᠭᠰᠠᠨ ᠬᠤᠰᠲ᠋ᠠᠨ ᠰᠠᠭᠠᠯᠢ ᠶᠢᠨ ᠦᠨᠢᠶ᠎ᠡ ᠶᠢ ᠪᠦᠢᠵᠢᠭᠤᠯᠤᠭᠰᠠᠨ ᠡᠭᠦᠯᠳᠡᠷ ᠲᠥᠯᠵᠢᠭᠦᠯᠬᠦ ᠠᠵᠤ ᠠᠬᠤᠢᠢᠯᠠᠯ ᠳᠤ ᠲᠣᠯᠣᠭᠠᠢ ᠪᠦᠷᠢ ᠳᠤ ᠨᠢ 100 ᠲᠦᠮᠡᠨ ᠲᠥᠭᠦᠷᠢᠭ ᠱᠠᠩᠨᠠᠵᠤ᠂ 50︵ ᠪᠠᠭᠲᠠᠭᠠᠬᠤ ᠦᠭᠡᠢ ︶ — 100 ᠨᠡᠷᠡᠰ ᠲᠤ ᠲᠣᠳᠣᠷᠠᠭᠰᠠᠨ ᠪᠣᠯ ᠲᠣᠯᠣᠭᠠᠢ ᠪᠦᠷᠢ ᠳᠤ ᠨᠢ 50 ᠲᠦᠮᠡᠨ ᠲᠥᠭᠦᠷᠢᠭ ᠱᠠᠩᠨᠠᠨ᠎ᠠ︔ ᠤᠯᠤᠰ ᠤᠨ ᠳᠣᠲᠣᠭᠠᠳᠤ ᠳᠤ ᠪᠠᠨ ᠡᠮᠦᠨ᠎ᠡ 100 ᠨᠡᠷᠡᠰ ᠲᠤ ᠲᠣᠳᠣᠷᠠᠭᠰᠠᠨ ᠰᠢᠮᠧᠨ᠋ᠲᠠᠷ ᠦᠬᠡᠷ ᠢ ᠪᠣᠶᠢᠵᠢᠭᠤᠯᠤᠭᠰᠠᠨ ᠡᠭᠦᠯᠳᠡᠷ ᠲᠥᠯᠵᠢᠭᠦᠯᠬᠦ ᠠᠵᠤ ᠠᠬᠤᠢᠢᠯᠠᠯ ᠳᠤ ᠲᠣᠯᠣᠭᠠᠢ ᠪᠦᠷᠢ ᠳᠤ ᠨᠢ 50 ᠲᠦᠮᠡᠨ ᠲᠥᠭᠦᠷᠢᠭ ᠱᠠᠩᠨᠠᠨ᠎ᠠ︔ ᠤᠯᠤᠰ ᠤᠨ ᠳᠣᠲᠣᠭᠠᠳᠤ ᠳᠤ ᠪᠠᠨ ᠡᠮᠦᠨ᠎ᠡ 5 ᠨᠡᠷᠡᠰ ᠲᠤ ᠲᠣᠳᠣᠷᠠᠭᠰᠠᠨ ᠰᠠᠨ ᠾᠧ ᠦᠬᠡᠷ ᠢ ᠪᠣᠶᠢᠵᠢᠭᠤᠯᠤᠭᠰᠠᠨ ᠡᠭᠦᠯᠳᠡᠷ ᠲᠥᠯᠵᠢᠭᠦᠯᠬᠦ ᠠᠵᠤ ᠠᠬᠤᠢᠢᠯᠠᠯ ᠳᠤ ᠲᠣᠯᠣᠭᠠᠢ ᠪᠦᠷᠢ ᠳᠤ ᠨᠢ 50 ᠲᠦᠮᠡᠨ ᠲᠥᠭᠦᠷᠢᠭ ᠱᠠᠩᠨᠠᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  5. ᠰᠠᠭᠠᠯᠢ ᠶᠢᠨ ᠦᠨᠢᠶ᠎ᠡ᠂ ᠰᠠᠭᠠᠯᠢ ᠶᠢᠨ ᠢᠮᠠᠭᠠᠨ ᠤ ᠭᠤᠣᠯᠯᠠᠭᠴᠢ ᠡᠭᠦᠯᠳᠡᠷ ᠲᠥᠯᠵᠢᠭᠦᠯᠬᠦ ᠲᠠᠯᠠᠪᠠᠢ ᠶᠢ ᠪᠦᠲᠦᠭᠡᠨ ᠪᠠᠶᠢᠭᠤᠯᠬᠤ ᠶᠢ ᠳᠡᠮᠵᠢᠵᠦ᠂ ᠰᠢᠨ᠎ᠡ ᠪᠠᠷ ᠡᠭᠦᠳᠦᠨ ᠪᠠᠢᠢᠭᠤᠯᠤᠭᠰᠠᠨ ᠤᠯᠤᠰ ᠤᠨ ᠳᠡᠰ ᠤᠨ ᠭᠤᠣᠯᠯᠠᠭᠴᠢ ᠡᠭᠦᠯᠳᠡᠷ ᠲᠥᠯᠵᠢᠭᠦᠯᠬᠦ ᠲᠠᠯᠠᠪᠠᠢ ᠳᠤ ᠨᠢᠭᠡ ᠯᠡ ᠤᠳᠠᠭ᠎ᠠ ᠳᠤ 300 ᠲᠦᠮᠡᠨ ᠲᠥᠭᠦᠷᠢᠭ ᠱᠠᠩᠨᠠᠵᠤ᠂ ᠥᠪᠡᠷᠲᠡᠭᠡᠨ ᠵᠠᠰᠠᠬᠤ ᠣᠷᠣᠨ ᠤ ᠳᠡᠰ ᠲᠤ ᠨᠢᠭᠡ ᠯᠡ ᠤᠳᠠᠭ᠎ᠠ ᠳᠤ 200 ᠲᠦᠢᠮᠡᠨ ᠲᠥᠭᠦᠷᠢᠭ ᠱᠠᠩᠨᠠᠨ᠎ᠠ᠃ ᠰᠠᠭᠠᠯᠢ ᠶᠢᠨ ᠮᠣᠩᠭᠤᠯ ᠮᠣᠷᠢ᠂ ᠬᠤᠣᠰ ᠪᠥᠬᠦᠲᠦ ᠲᠡᠮᠡᠭᠡᠨ ᠤ ᠦᠷ᠎ᠡ ᠡᠭᠦᠯᠳᠡᠷ ᠢ ᠰᠣᠩᠭᠤᠨ ᠪᠦᠢᠵᠢᠭᠤᠯᠬᠤ ᠶᠢ ᠵᠣᠷᠢᠬᠵᠢᠭᠤᠯᠵᠤ᠂ ᠰ᠋ᠦ᠋ ᠭᠠᠷᠬᠤ ᠴᠢᠳᠠᠮᠵᠢ ᠶᠢ ᠳᠡᠭᠡᠭᠰᠢᠯᠡᠭᠦᠯᠦᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  6. ᠰᠢᠯᠢᠳᠡᠭ ᠡᠭᠦᠯᠳᠡᠷ ᠦᠷᠡᠵᠢᠭᠦᠯᠦᠨ ᠪᠦᠢᠵᠢᠭᠤᠯᠬᠤ ᠮᠡᠷᠭᠡᠵᠢᠯ ᠢ ᠳᠡᠯᠭᠡᠷᠡᠭᠦᠯᠦᠨ᠂ ᠰᠠᠭᠠᠯᠢ ᠶᠢᠨ ᠦᠨᠢᠶᠡᠨ ᠤ ᠬᠦᠢᠰᠦ ᠶᠢᠨ ᠢᠯᠭᠠᠯ ᠪᠦᠬᠦᠢ ᠬᠥᠪᠥᠷᠡᠯ ᠢ ᠬᠡᠷᠡᠭᠯᠡᠵᠦ᠂ ᠴᠢᠳᠠᠪᠬᠢ ᠶᠢᠨ ᠢᠯᠡᠳᠭᠡᠭᠴᠢ ᠶᠢ ᠨᠢ ᠦᠨᠳᠦᠰᠦᠯᠡᠨ᠂ ᠬᠥᠪᠥᠷᠡᠯ ᠪᠦᠷᠢ ᠳᠤ 1500 ᠲᠥᠭᠦᠷᠢᠭ᠂ 2500 ᠲᠥᠭᠦᠷᠢᠭ᠂ 3500 ᠲᠥᠭᠦᠷᠢᠭ ᠢᠶᠠᠷ ᠳᠡᠰ ᠬᠤᠪᠢᠶᠠᠨ ᠨᠡᠮᠡᠭᠦᠷᠢ ᠥᠭᠭᠦᠨ᠎ᠡ︔ ᠰᠠᠭᠠᠯᠢ ᠶᠢᠨ ᠦᠨᠢᠶᠡᠨ ᠤ ᠬᠦᠢᠰᠦ ᠶᠢᠨ ᠢᠯᠭᠠᠯ ᠪᠦᠬᠦᠢ ᠢᠴᠡᠭᠡᠯ ᠦᠷ᠎ᠡ ᠶᠢ ᠬᠡᠷᠡᠭᠯᠡᠪᠡᠯ ᠲᠣᠯᠣᠭᠠᠢ ᠪᠦᠷᠢ ᠳᠤ 120 ᠲᠥᠭᠦᠷᠢᠭ ᠤᠨ ᠨᠡᠮᠡᠭᠦᠷᠢ ᠥᠭᠭᠦᠨ᠎ᠡ︔ ᠰᠠᠭᠠᠯᠢ ᠶᠢᠨ ᠢᠮᠠᠭᠠᠨ ᠤ ᠢᠴᠡᠭᠡᠯ ᠦᠷ᠎ᠡ ᠶᠢ ᠬᠡᠷᠡᠭᠯᠡᠪᠡᠯ ᠲᠣᠯᠣᠭᠠᠢ ᠪᠦᠷᠢ ᠳᠤ 60 ᠲᠥᠭᠦᠷᠢᠭ ᠤᠨ ᠨᠡᠮᠡᠭᠦᠷᠢ ᠥᠭᠭᠦᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  7. ᠰᠠᠭᠠᠯᠢ ᠶᠢᠨ ᠦᠨᠢᠶᠡᠨ ᠤ ᠦᠢᠯᠡᠳᠪᠦᠷᠢᠯᠡᠯ ᠤᠨ ᠴᠢᠨᠰᠠᠭ᠎ᠠ ᠶᠢ ᠬᠡᠮᠵᠢᠨ ᠲᠣᠭᠲᠠᠭᠠᠬᠤ ᠲᠤᠭ᠎ᠠ ᠶᠢ ᠥᠷᠭᠡᠳᠬᠡᠵᠦ᠂ ᠦᠢᠯᠡᠳᠪᠦᠷᠢᠯᠡᠯ ᠤᠨ ᠴᠢᠨᠰᠠᠭ᠎ᠠ ᠶᠢ ᠬᠡᠮᠵᠢᠨ ᠲᠣᠭᠲᠠᠭᠠᠬᠤ ᠲᠥᠪ ᠨᠢ ᠨᠢᠭᠡ ᠰᠠᠭᠠᠯᠢ ᠶᠢᠨ ᠦᠨᠢᠶ᠎ᠡ ᠬᠡᠮᠵᠢᠨ ᠲᠣᠭᠲᠠᠭᠠᠭᠠᠳ ᠪᠦᠲᠦᠮᠵᠢᠲᠡᠢ ᠲᠤᠭ᠎ᠠ ᠪᠠᠷᠢᠮᠲᠠ ᠶᠢ ᠨᠢ ᠳᠡᠭᠡᠭᠰᠢ ᠳᠠᠮᠵᠢᠭᠤᠯᠬᠤ ᠪᠦᠷᠢ 70 ᠲᠥᠭᠦᠷᠢᠭ ᠤᠨ ᠨᠡᠮᠡᠭᠦᠷᠢ ᠥᠭᠴᠦ᠂ ᠳᠡᠭᠡᠷ᠎ᠡ ᠣᠨ ᠤ ᠬᠢ ᠲᠠᠢ ᠬᠠᠷᠢᠴᠠᠭᠤᠯᠪᠠᠯ ᠰᠢᠨ᠎ᠡ ᠪᠠᠷ ᠨᠡᠮᠡᠭᠳᠡᠭᠰᠡᠨ ᠬᠡᠮᠵᠢᠨ ᠲᠣᠭᠲᠠᠭᠠᠭᠰᠠᠨ ᠪᠦᠲᠦᠮᠵᠢᠲᠡᠢ ᠲᠤᠭ᠎ᠠ ᠪᠠᠷᠢᠮᠲᠠ ᠨᠢ 3 ᠲᠦᠮᠡᠨ ᠲᠣᠯᠣᠭᠠᠢ ᠡᠴᠠ ᠳᠠᠪᠠᠭᠰᠠᠨ ᠪᠠᠢᠢᠪᠠᠯ᠂ ᠨᠢᠭᠡ ᠯᠡ ᠤᠳᠠᠭ᠎ᠠ ᠪᠠᠷ 100 ᠲᠦᠮᠡᠨ ᠲᠥᠭᠦᠷᠢᠭ ᠱᠠᠩᠨᠠᠵᠤ᠂ ᠪᠠᠢᠢᠴᠠᠭᠠᠨ ᠬᠡᠮᠵᠢᠬᠦ ᠲᠥᠬᠦᠭᠡᠷᠦᠮᠵᠢ ᠬᠤᠳᠠᠯᠳᠤᠨ ᠠᠪᠬᠤ ᠳᠤ ᠬᠡᠷᠡᠭᠯᠡᠭᠦᠯᠦᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  ᠭᠤᠷᠪᠠ᠂ ︽ ᠰ᠋ᠦ᠋ ᠵᠢᠨ ᠢᠷᠡᠯᠲᠡ ︾ ᠵᠢᠨ ᠬᠠᠩᠭᠠᠯᠭ᠎᠎ᠠ ᠵᠢᠨ ᠪᠠᠲᠤᠯᠠᠭ᠎᠎ᠠ ᠵᠢ ᠲᠣᠭᠲᠠᠪᠤᠷᠢᠵᠢᠭᠤᠯᠵᠤ᠂ ᠠᠵᠤ ᠦᠢᠯᠡᠰ ᠤᠨ ᠬᠥᠭᠵᠢᠯᠲᠡ ᠵᠢᠨ ᠰᠠᠭᠤᠷᠢ ᠵᠢ ᠪᠠᠬᠢᠵᠢᠭᠦᠯᠦᠨ᠎ᠡ

  8. ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠳᠤ ᠨᠡᠮᠡᠭᠦᠷᠢ ᠥᠭᠬᠦ ᠲᠥᠷᠥ ᠶᠢᠨ ᠪᠣᠳᠣᠯᠭ᠎ᠠ ᠶᠢᠨ ᠦᠷᠭᠦᠯᠵᠢ ᠶᠢᠨ ᠴᠢᠨᠠᠷ ᠢ ᠪᠠᠷᠢᠮᠲᠠᠯᠠᠵᠤ᠂ ᠪᠠᠢᠢᠳᠠᠯ ᠤᠨ ᠬᠤᠪᠢᠷᠠᠯᠲᠠ ᠳᠤ ᠵᠣᠬᠢᠴᠠᠭᠤᠯᠤᠨ᠂ 2019 ᠣᠨ ᠡᠴᠠ ᠰᠡᠭᠦᠯᠡᠷ᠂ ᠲᠣᠰ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠡᠴᠠ ᠡᠮᠦᠨ᠎ᠡ ᠨᠢᠭᠡᠨᠲᠡ ᠠᠵᠢᠯ ᠡᠬᠢᠯᠡᠭᠦᠯᠦᠨ ᠪᠠᠢᠢᠭᠤᠯᠵᠤ ᠪᠠᠢᠢᠭ᠎ᠠ ᠲᠥᠷᠥᠯ ᠵᠦᠢᠯ ᠪᠠ ᠨᠢᠭᠡᠨᠲᠡ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠥᠪᠯᠡᠯᠴᠡᠭᠡᠷ ᠲᠣᠭᠲᠠᠭᠰᠠᠨ ᠬᠡᠪᠴᠢᠶᠡᠵᠢᠭᠰᠡᠨ ᠰᠠᠭᠠᠯᠢ ᠶᠢᠨ ᠦᠨᠢᠶᠡᠨ ᠤ ᠲᠡᠵᠢᠭᠡᠨ ᠦᠷᠡᠵᠢᠭᠦᠯᠬᠦ ᠲᠠᠯᠠᠪᠠᠢ ᠶᠢᠨ ᠲᠡᠵᠢᠭᠡᠵᠦ ᠪᠠᠢᠢᠭ᠎ᠠ ᠰᠠᠭᠠᠯᠢ ᠶᠢᠨ ᠦᠨᠢᠶᠡᠨ ᠤ ᠲᠤᠭ᠎ᠠ ᠲᠣᠯᠣᠭᠠᠢ ᠨᠢ 3000 ᠳᠤ ᠬᠥᠷᠥᠭᠰᠡᠨ ᠪᠣᠯ 600 ᠲᠦᠮᠡᠨ ᠲᠥᠭᠦᠷᠢᠭ ᠤᠨ ᠨᠡᠮᠡᠭᠦᠷᠢ ᠥᠭᠴᠦ᠂ 500 ᠲᠣᠯᠣᠭᠠᠢ ᠨᠡᠮᠡᠭᠳᠡᠬᠦ ᠪᠦᠷᠢ ᠠᠬᠢᠭᠠᠳ 100 ᠲᠦᠮᠡᠨ ᠲᠥᠭᠦᠷᠢᠭ ᠤᠨ ᠨᠡᠮᠡᠭᠦᠷᠢ ᠥᠭᠭᠦᠨ᠎ᠡ᠂ ᠨᠡᠮᠡᠭᠦᠷᠢ ᠪᠡᠯᠡ ᠮᠥᠩᠭᠦ ᠶᠢ ᠭᠤᠣᠯᠳᠠᠭᠤ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢᠨ ︽ ᠭᠤᠷᠪᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ ︾᠂ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠢᠢᠭᠤᠯᠤᠯᠲᠠ᠂ ᠲᠥᠬᠦᠭᠡᠷᠦᠮᠵᠢ ᠬᠤᠳᠠᠯᠳᠤᠨ ᠠᠪᠬᠤ ᠪᠠ ︽ ᠲᠣᠭᠠᠵᠢᠭᠤᠯᠤᠨ ᠣᠶᠤᠨᠴᠢᠯᠠᠭᠰᠠᠨ ︾ ᠮᠠᠯᠵᠢᠯ ᠤᠨ ᠲᠠᠯᠠᠪᠠᠢ ᠶᠢᠨ ᠪᠦᠲᠦᠭᠡᠨ ᠪᠠᠢᠢᠭᠤᠯᠤᠯᠲᠠ ᠳᠤ ᠬᠡᠷᠡᠭᠯᠡᠨ᠎ᠡ᠃ ᠭᠠᠳᠠᠭᠠᠳᠤ ᠡᠴᠠ ᠣᠷᠣᠭᠤᠯᠤᠭᠰᠠᠨ ᠰᠠᠭᠠᠯᠢ ᠶᠢᠨ ᠦᠨᠢᠶ᠎ᠡ ᠶᠢᠨ ᠲᠣᠯᠣᠭᠠᠢ ᠪᠦᠷᠢ ᠳᠤ 5000 ᠲᠥᠭᠦᠷᠢᠭ ᠤᠨ ᠨᠡᠮᠡᠭᠦᠷᠢ ᠥᠭᠭᠦᠨ᠎ᠡ᠂ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠡᠴᠠ 3000 ᠲᠥᠭᠦᠷᠢᠭ ᠤᠨ ᠨᠡᠮᠡᠭᠦᠷᠢ ᠥᠭᠴᠦ᠂ ᠠᠢᠢᠮᠠᠭ ᠬᠤᠲᠠ ᠶᠢᠨ ᠡᠳ᠋ ᠤᠨ ᠵᠠᠰᠠᠭ ᠡᠴᠠ 2000 ᠲᠥᠭᠦᠷᠢᠭ ᠤᠨ ᠨᠡᠮᠡᠭᠦᠷᠢ ᠥᠭᠭᠦᠨ᠎ᠡ᠃ ᠰᠡᠭᠦᠯᠡᠷ ᠰᠢᠨ᠎ᠡ ᠪᠠᠷ ᠪᠠᠢᠢᠭᠤᠯᠬᠤ ᠪᠤᠰᠤᠳ ᠲᠡᠵᠢᠭᠡᠨ ᠦᠷᠡᠵᠢᠭᠦᠯᠬᠦ ᠲᠠᠯᠠᠪᠠᠢ ᠳᠤ᠂ ᠠᠢᠢᠮᠠᠭ ᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠪᠠᠢᠢᠳᠠᠯ ᠢ ᠦᠨᠳᠦᠰᠦᠯᠡᠨ ︽ ᠨᠢᠭᠡ ᠲᠠᠯᠠᠪᠠᠢ ᠳᠤ ᠨᠢᠭᠡ ᠪᠣᠳᠣᠯᠭ᠎ᠠ ᠬᠡᠷᠡᠭᠵᠢᠭᠦᠯᠬᠦ ︾ ᠪᠠᠷ ᠳᠡᠮᠵᠢᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  9. ᠭᠡᠷ ᠪᠦᠯᠢ ᠶᠢᠨ ᠮᠠᠯᠵᠢᠯ ᠤᠨ ᠲᠠᠯᠠᠪᠠᠢ ᠪᠠ ᠰᠠᠭᠠᠯᠢ ᠶᠢᠨ ᠲᠠᠷᠢᠶᠠᠴᠢᠳ ᠤᠨ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠡᠵᠡᠩᠨᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠰᠲ᠋ᠠᠨ ᠵᠡᠷᠭᠡ ᠢᠪᠢᠯᠬᠦ ᠳᠤ ᠲᠤᠰᠬᠠᠢ ᠬᠡᠷᠡᠭᠯᠡᠬᠦ ᠰᠠᠭᠠᠯᠢ ᠶᠢᠨ ᠦᠨᠢᠶ᠎ᠡ ᠶᠢ ᠲᠡᠵᠢᠭᠡᠨ ᠦᠷᠡᠵᠢᠭᠦᠯᠬᠦ᠂ ᠮᠠᠯ ᠤᠨ ᠲᠤᠭ᠎ᠠ ᠲᠣᠯᠣᠭᠠᠢ ᠨᠢ 100 — 3000 ᠳᠤ ᠬᠥᠷᠥᠭᠰᠡᠨ ᠲᠡᠵᠢᠭᠡᠨ ᠦᠷᠡᠵᠢᠭᠦᠯᠬᠦ ᠭᠤᠣᠯ ᠴᠣᠭᠴᠠ ᠳᠤ᠂ ᠲᠣᠯᠣᠭᠠᠢ ᠪᠦᠷᠢ ᠳᠤ 400 ᠲᠥᠭᠦᠷᠢᠭ ᠡᠴᠠ ᠳᠠᠪᠠᠭᠤᠯᠬᠤ ᠦᠭᠡᠢ ᠪᠠᠷᠢᠮᠵᠢᠶ᠎ᠠ ᠪᠠᠷ ᠨᠡᠮᠡᠭᠦᠷᠢ ᠥᠭᠴᠦ᠂ ᠦᠢᠯᠡᠳᠪᠦᠷᠢᠯᠡᠨ ᠡᠵᠡᠩᠨᠡᠬᠦ ᠴᠢᠳᠠᠪᠤᠷᠢ ᠪᠠᠨ ᠳᠡᠭᠡᠭᠰᠢᠯᠡᠭᠦᠯᠬᠦ᠂ ᠲᠡᠵᠢᠭᠡᠬᠦ ᠪᠡᠯᠡᠳᠭᠡᠮᠵᠢ ᠲᠣᠨᠣᠭᠯᠠᠯ ᠢᠶᠠᠨ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠬᠦ᠂ ᠦᠢᠯᠡᠳᠪᠦᠷᠢᠯᠡᠯ ᠤᠨ ᠥᠪᠡᠷ ᠤᠨ ᠥᠷᠳᠡᠭ ᠢᠶᠠᠨ ᠪᠠᠭᠤᠷᠠᠭᠤᠯᠬᠤ ᠳᠤ ᠬᠡᠷᠡᠭᠯᠡᠭᠦᠯᠦᠨ᠎ᠡ᠃ ᠨᠡᠢᠢᠭᠡᠮᠴᠢᠯᠡᠭᠰᠡᠨ ᠦᠢᠯᠡᠴᠢᠯᠡᠭᠡ ᠪᠠᠷ ᠳᠠᠮᠵᠢᠭᠤᠯᠵᠤ ᠲᠡᠵᠢᠭᠡᠯ ᠪᠣᠷᠳᠣᠭᠠᠨ ᠤ ᠰᠢᠮ᠎ᠡ ᠲᠡᠵᠢᠭᠡᠯ᠂ ᠡᠭᠦᠯᠳᠡᠷ ᠰᠣᠩᠭᠤᠵᠤ ᠬᠡᠭᠡᠯᠲᠦᠭᠦᠯᠬᠦ᠂ ᠡᠷᠡᠭᠦᠯ ᠢᠶᠠᠷ ᠲᠡᠵᠢᠭᠡᠨ ᠦᠷᠡᠵᠢᠭᠦᠯᠬᠦ᠂ ᠲᠡᠵᠢᠭᠡᠨ ᠪᠣᠷᠳᠣᠬᠤ ᠬᠠᠮᠢᠶᠠᠷᠤᠯᠲᠠ᠂ ᠬᠢᠵᠢᠭ ᠡᠪᠡᠳᠴᠢᠨ ᠤ ᠰᠡᠷᠭᠡᠢᠢᠯᠡᠯᠲᠡ ᠡᠵᠡᠮᠳᠡᠯ ᠪᠠ ᠣᠷᠴᠢᠨ ᠲᠣᠭᠤᠷᠢᠨ ᠤ ᠡᠵᠡᠮᠳᠡᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  10. ᠣᠨᠴᠠᠭᠠᠢ ᠲᠥᠷᠥᠯ ᠤᠨ ᠰᠠᠭᠠᠯᠢ ᠶᠢᠨ ᠮᠠᠯ ᠢ ᠲᠡᠵᠢᠭᠡᠨ ᠦᠷᠡᠵᠢᠭᠦᠯᠬᠦ ᠶᠢ ᠳᠡᠮᠵᠢᠵᠦ᠂ 2022 ᠣᠨ ︵ ᠪᠠᠭᠲᠠᠨ᠎ᠠ ︶ ᠡᠴᠠ ᠰᠡᠭᠦᠯᠡᠷ ᠰᠢᠨ᠎ᠡ ᠪᠠᠷ ᠪᠠᠢᠢᠭᠤᠯᠤᠭᠰᠠᠨ 5000 ᠲᠣᠯᠣᠭᠠᠢ ᠡᠴᠠ ᠳᠡᠭᠡᠭᠰᠢᠬᠢ ᠰᠠᠭᠠᠯᠢ ᠶᠢᠨ ᠢᠮᠠᠭᠠᠨ ᠤ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠳᠤ 200 ᠲᠦᠮᠡᠨ ᠲᠥᠭᠦᠷᠢᠭ ᠤᠨ ᠨᠡᠮᠡᠭᠦᠷᠢ ᠥᠭᠴᠦ᠂ 5000 ᠲᠣᠯᠣᠭᠠᠢ ᠨᠡᠮᠡᠭᠳᠡᠬᠦ ᠪᠦᠷᠢ 200 ᠲᠦᠮᠡᠨ ᠲᠥᠭᠦᠷᠢᠭ ᠤᠨ ᠨᠡᠮᠡᠭᠦᠷᠢ ᠥᠭᠭᠦᠨ᠎ᠡ᠃ 2022 ᠣᠨ ︵ ᠪᠠᠭᠲᠠᠨ᠎ᠠ ︶ ᠡᠴᠠ ᠰᠡᠭᠦᠯᠡᠷ ᠰᠢᠨ᠎ᠡ ᠪᠠᠷ ᠪᠠᠢᠢᠭᠤᠯᠤᠭᠰᠠᠨ 200 ᠡᠴᠠ ᠳᠡᠭᠡᠭᠰᠢᠬᠢ ᠲᠡᠮᠡᠭᠡᠨ ᠤ ᠲᠡᠵᠢᠭᠡᠨ ᠦᠷᠡᠵᠢᠭᠦᠯᠬᠦ ᠲᠠᠯᠠᠪᠠᠢ ︵ ᠵᠢᠯ ᠤᠨ ᠰ᠋ᠦ᠋ ᠭᠠᠷᠬᠤ ᠬᠡᠮᠵᠢᠶ᠎ᠡ ᠨᠢ 50 ᠲᠣᠨ ᠡᠴᠠ ᠳᠣᠣᠷ᠎ᠠ ᠦᠭᠡᠢ ︶ ᠳᠤ 40 ᠲᠦᠮᠡᠨ ᠲᠥᠭᠦᠷᠢᠭ ᠤᠨ ᠨᠡᠮᠡᠭᠦᠷᠢ ᠥᠭᠴᠦ᠂ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠦᠭᠰᠡᠨ ᠪᠠᠶᠢᠪᠠᠯ 20 ᠲᠦᠮᠡᠨ ᠲᠥᠭᠦᠷᠢᠭ ᠤᠨ ᠨᠡᠮᠡᠭᠦᠷᠢ ᠥᠭᠭᠦᠨ᠎ᠡ᠂ ᠰᠢᠨ᠎ᠡ ᠪᠠᠷ ᠪᠠᠢᠢᠭᠤᠯᠤᠭᠰᠠᠨ 50 ᠡᠴᠠ ᠳᠡᠭᠡᠭᠰᠢ ᠠᠳᠤᠭᠤ ᠲᠠᠢ ᠮᠠᠯᠵᠢᠯ ᠤᠨ ᠲᠠᠯᠠᠪᠠᠢ ︵ ᠵᠢᠯ ᠤᠨ ᠰ᠋ᠦ᠋ ᠭᠠᠷᠬᠤ ᠬᠡᠮᠵᠢᠶ᠎ᠡ ᠨᠢ 10 ᠲᠣᠨ ᠡᠴᠠ ᠳᠣᠣᠷ᠎ᠠ ᠦᠭᠡᠢ ︶ ᠳᠤ 10 ᠲᠦᠮᠡᠨ ᠲᠥᠭᠦᠷᠢᠭ ᠤᠨ ᠨᠡᠮᠡᠭᠦᠷᠢ ᠥᠭᠴᠦ᠂ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠦᠭᠰᠡᠨ ᠪᠠᠶᠢᠪᠠᠯ 5 ᠲᠦᠮᠡᠨ ᠲᠥᠭᠦᠷᠢᠭ ᠤᠨ ᠨᠡᠮᠡᠭᠦᠷᠢ ᠥᠭᠭᠦᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  11. ᠲᠦᠭᠦᠬᠡᠢ ᠰ᠋ᠦ᠋ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠬᠤ ᠨᠣᠷᠮ᠎ᠠ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠰ᠋ᠦ᠋ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢᠢᠯᠠᠯ᠂ ᠣᠷᠣᠨ ᠨᠤᠲᠤᠭ ᠤᠨ ᠣᠨᠴᠠᠯᠢᠭ ᠲᠠᠢ ᠰ᠋ᠦ᠋ ᠴᠠᠭᠠᠨ ᠢᠳᠡᠭᠡᠨ ᠤ ᠵᠢᠵᠢᠭ ᠬᠡᠯᠪᠡᠷᠢ ᠶᠢᠨ ᠦᠢᠯᠡᠳᠭᠡᠯ ᠤᠨ ᠬᠢᠨ ᠤ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ 12 ᠰᠠᠷ᠎ᠠ ᠳᠠᠷᠠᠭᠠᠯᠠᠨ ᠬᠠᠮᠲᠤᠷᠠᠯᠴᠠᠭᠠᠨ ᠤ ᠪᠠᠲᠤᠯᠠᠭ᠎ᠠ ᠦᠭᠡᠢ ᠬᠤᠰᠲ᠋ᠠᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠯᠤᠭ᠎ᠠ 2 ᠵᠢᠯ ᠡᠴᠠ ᠳᠡᠭᠡᠭᠰᠢᠬᠢ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠬᠤ ᠶᠢ ᠵᠣᠷᠢᠬᠵᠢᠭᠤᠯᠵᠤ᠂ 1 ᠲᠡᠵᠢᠭᠡᠨ ᠦᠷᠡᠵᠢᠭᠦᠯᠬᠦ ᠲᠠᠯᠠᠪᠠᠢ ᠲᠠᠢ ᠰᠢᠨ᠎ᠡ ᠪᠠᠷ ᠭᠡᠷ᠎ᠡ ᠲᠣᠭᠲᠠᠬᠤ ᠶᠢᠨ ᠬᠠᠮᠲᠤ ᠡᠳᠦᠷ ᠲᠤ ᠲᠦᠭᠦᠬᠡᠢ ᠰ᠋ᠦ᠋ ᠶᠢ 1 ᠲᠣᠨ ᠡᠴᠠ ᠳᠡᠭᠡᠭᠰᠢ ᠬᠤᠳᠠᠯᠳᠤᠨ ᠠᠪᠬᠤ ᠪᠦᠷᠢ᠂ ︽ ᠤᠷᠢᠳ ᠢᠶᠠᠷ ᠭᠡᠷ᠎ᠡ ᠲᠣᠭᠲᠠᠵᠤ ᠳᠠᠷᠠᠭ᠎ᠠ ᠳᠤ ᠨᠢ ᠨᠡᠮᠡᠭᠦᠷᠢ ᠥᠭᠬᠦ᠂ ᠤᠷᠢᠳ ᠢᠶᠠᠷ ᠬᠤᠳᠠᠯᠳᠤᠨ ᠠᠪᠴᠤ ᠳᠠᠷᠠᠭ᠎ᠠ ᠳᠤ ᠨᠢ ᠨᠡᠮᠡᠭᠦᠷᠢ ᠥᠭᠬᠦ ︾ ᠬᠡᠯᠪᠡᠷᠢ ᠪᠠᠷ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢᠢᠯᠠᠯ ︵ ᠵᠢᠵᠢᠭ ᠬᠡᠯᠪᠡᠷᠢ ᠶᠢᠨ ᠦᠢᠯᠡᠳᠭᠡᠯ ︶ ᠳᠤ ᠨᠢᠭᠡ ᠯᠡ ᠤᠳᠠᠭ᠎ᠠ ᠪᠠᠷ 10 ᠲᠦᠮᠡᠨ ᠲᠥᠭᠦᠷᠢᠭ ᠤᠨ ᠨᠡᠮᠡᠭᠦᠷᠢ ᠥᠭᠭᠦᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  12. ᠲᠡᠵᠢᠭᠡᠨ ᠦᠷᠡᠵᠢᠭᠦᠯᠬᠦ ᠲᠠᠯᠠᠪᠠᠢ ᠶᠢᠨ ᠲᠣᠭᠠᠵᠢᠭᠤᠯᠤᠨ ᠣᠶᠤᠨᠴᠢᠯᠠᠭᠰᠠᠨ ᠪᠠ ᠪᠣᠬᠢᠷᠲᠤᠯ ᠦᠭᠡᠢ ᠬᠥᠭᠵᠢᠯᠲᠡ ᠶᠢ ᠳᠡᠮᠵᠢᠵᠦ᠂ ᠤᠯᠤᠰ ᠤᠨ ᠰ᠋ᠦ᠋ ᠶᠢᠨ ᠦᠢᠯᠡᠰ ᠤᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠵᠢᠯ ᠪᠦᠷᠢ 5000 ᠲᠦᠮᠡᠨ ᠲᠥᠭᠦᠷᠢᠭ ᠡᠴᠠ ᠳᠡᠭᠡᠭᠰᠢᠬᠢ ᠪᠡᠯᠡ ᠮᠥᠩᠭᠦ ᠲᠣᠬᠢᠷᠠᠭᠤᠯᠵᠤ᠂ ᠲᠡᠵᠢᠭᠡᠨ ᠪᠣᠷᠳᠣᠬᠤ᠂ ᠰ᠋ᠦ᠋ ᠰᠠᠭᠠᠬᠤ᠂ ᠡᠷᠡᠭᠦᠯᠵᠢᠭᠦᠯᠬᠦ᠂ ᠬᠢᠵᠢᠭ ᠢ ᠰᠡᠷᠭᠡᠢᠢᠯᠡᠬᠦ ᠵᠡᠷᠭᠡ ᠵᠠᠩᠭᠢᠯᠠᠭ᠎ᠠ ᠶᠢᠨ ᠭᠤᠭᠴᠣᠭᠠᠨ ᠤ ᠪᠡᠯᠡᠳᠭᠡᠮᠵᠢ ᠲᠥᠬᠦᠭᠡᠷᠦᠮᠵᠢ ᠶᠢ ᠳᠡᠰ ᠳᠡᠪᠰᠢᠭᠦᠯᠵᠦ ᠥᠭᠡᠷᠡᠴᠢᠯᠡᠨ ᠰᠢᠨᠡᠳᠬᠡᠵᠦ᠂ ᠨᠢᠭᠡ ᠪᠦᠯᠦᠭ ᠥᠨᠳᠥᠷ ᠲᠦᠪᠰᠢᠨ ᠪᠦᠬᠦᠢ ᠵᠣᠬᠢᠬᠤ ᠬᠡᠮᠵᠢᠶ᠎ᠡ ᠪᠠᠷ ᠬᠡᠪᠴᠢᠶᠡᠵᠢᠭᠰᠡᠨ ᠣᠳᠣᠬᠢᠴᠢ ᠣᠶᠤᠨᠯᠢᠭ ᠮᠠᠯᠵᠢᠯ ᠤᠨ ᠲᠠᠯᠠᠪᠠᠢ ᠶᠢ ᠪᠦᠲᠦᠭᠡᠨ ᠪᠠᠢᠢᠭᠤᠯᠵᠤ᠂ ᠲᠡᠵᠢᠭᠡᠨ ᠦᠷᠡᠵᠢᠭᠦᠯᠬᠦ ᠬᠠᠮᠢᠶᠠᠷᠤᠯᠲᠠ ᠶᠢᠨ ᠲᠣᠭᠠᠵᠢᠭᠤᠯᠤᠯᠲᠠ᠂ ᠣᠶᠤᠨᠴᠢᠯᠠᠯᠲᠠ ᠶᠢ ᠪᠡᠶᠡᠯᠡᠭᠦᠯᠦᠨ᠎ᠡ᠃ ᠲᠡᠵᠢᠭᠡᠨ ᠦᠷᠡᠵᠢᠭᠦᠯᠬᠦ ᠲᠠᠯᠠᠪᠠᠢ ᠶᠢᠨ ᠰᠢᠯᠢᠳᠡᠭ ᠰᠠᠢᠢᠨ ᠲᠠᠷᠢᠶᠠᠯᠠᠩ ᠤᠨ ᠵᠢᠷᠤᠮᠵᠢᠯ ᠤᠨ ᠭᠡᠷᠡᠴᠢᠯᠡᠯᠲᠡ ︵ GAP ︶ ᠵᠢ ᠥᠷᠨᠢᠭᠦᠯᠬᠦ ᠵᠢ ᠳᠡᠮᠵᠢᠵᠦ᠂ ᠭᠡᠷᠡᠴᠢᠯᠡᠯᠲᠡ ᠪᠠᠷ ᠪᠠᠲᠤᠯᠠᠭᠳᠠᠭᠰᠠᠨ ᠳᠤ ᠨᠢ ᠨᠢᠭᠡ ᠯᠡ ᠤᠳᠠᠭ᠎ᠠ ᠳᠤ 5 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  ᠳᠥᠷᠪᠡ᠂ ᠰ᠋ᠦ᠋ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠶᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠤᠨ᠎ᠠ

  13. ᠰ᠋ᠦ᠋ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢᠢᠯᠠᠯ ᠤᠨ ᠨᠠᠷᠢᠯᠢᠬ ᠭᠦᠨ ᠡᠳ᠋ᠰᠢᠭᠦᠯᠦᠨ ᠪᠣᠯᠪᠠᠰᠤᠷᠠᠭᠤᠯᠬᠤ ᠪᠠᠷ ᠬᠥᠭᠵᠢᠭᠦᠯᠬᠦ ᠶᠢ ᠳᠡᠮᠵᠢᠵᠦ᠂ ᠬᠤᠯᠢᠴᠠ ᠦᠭᠡᠢ ᠪᠢᠰᠢᠯᠠᠭ᠂ ᠰᠢᠷᠠᠰᠣ᠂ ᠰᠦᠨ ᠲᠡᠮᠦᠷᠲᠦ ᠤᠭᠤᠷᠠᠭ ᠵᠡᠷᠭᠡ ᠰ᠋ᠦ᠋ ᠴᠠᠭᠠᠨ ᠢᠳᠡᠭᠡ ᠶᠢ ᠦᠢᠯᠡᠳᠪᠦᠷᠢᠯᠡᠬᠦ ᠨᠠᠷᠢᠯᠢᠬ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠢ ᠰᠢᠨ᠎ᠡ ᠪᠠᠷ ᠪᠠᠢᠢᠭᠤᠯᠤᠭᠰᠠᠨ ᠪᠤᠶᠤ ᠥᠭᠡᠷᠡᠴᠢᠯᠡᠵᠦ ᠦᠷᠭᠡᠳᠭᠡᠨ ᠪᠠᠢᠢᠭᠤᠯᠤᠭᠰᠠᠨ ᠠᠵᠤ ᠠᠬᠤᠢᠢᠯᠠᠯ ᠳᠤ᠂ ᠲᠥᠬᠦᠭᠡᠷᠦᠮᠵᠢ ᠶᠢᠨ ᠪᠡᠯᠡ ᠣᠷᠤᠯᠠᠭᠤᠯᠤᠯᠲᠠ ᠶᠢᠨ ᠶᠡᠷᠦᠩᠬᠡᠢ ᠲᠣᠭᠠᠨ ᠤ 10% ᠪᠠᠷ ᠬᠠᠮᠤᠭ ᠶᠡᠭᠡ ᠳᠤ ᠪᠠᠨ 5000 ᠲᠦᠮᠡᠨ ᠲᠥᠭᠦᠷᠢᠭ ᠤᠨ ᠨᠡᠮᠡᠭᠦᠷᠢ ᠣᠯᠭᠤᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  14. ᠣᠷᠣᠨ ᠨᠤᠲᠤᠭ ᠤᠨ ᠣᠨᠴᠠᠯᠢᠭ ᠲᠠᠢ ᠰ᠋ᠦ᠋ ᠴᠠᠭᠠᠨ ᠢᠳᠡᠭᠡᠨ ᠤ ᠠᠵᠤ ᠦᠢᠯᠡᠰ ᠤᠨ ᠳᠡᠰ ᠳᠡᠪᠰᠢᠬᠦ ᠶᠢ ᠵᠣᠷᠢᠬᠵᠢᠭᠤᠯᠵᠤ᠂ ᠵᠢᠵᠢᠭ ᠬᠡᠯᠪᠡᠷᠢ ᠶᠢᠨ ᠦᠢᠯᠡᠳᠭᠡᠯ ᠨᠢ ᠰ᠋ᠦ᠋ ᠴᠠᠭᠠᠨ ᠢᠳᠡᠭᠡ ᠡᠳ᠋ᠰᠢᠭᠦᠯᠵᠦ ᠪᠣᠯᠪᠠᠰᠤᠷᠠᠭᠤᠯᠬᠤ ᠠᠵᠤ ᠠᠬᠤᠶᠢᠯᠠᠯ ᠪᠣᠯᠵᠤ ᠳᠡᠰ ᠳᠡᠪᠰᠢᠭᠰᠡᠨ ᠪᠣᠯ ᠨᠢᠭᠡ ᠯᠡ ᠤᠳᠠᠭ᠎ᠠ ᠪᠠᠷ 50 ᠲᠦᠮᠡᠨ ᠲᠥᠭᠦᠷᠢᠭ ᠱᠠᠩᠨᠠᠨ᠎ᠠ᠃ ᠣᠷᠣᠨ ᠨᠤᠲᠤᠭ ᠤᠨ ᠣᠨᠴᠠᠯᠢᠭ ᠲᠠᠢ ᠰ᠋ᠦ᠋ ᠴᠠᠭᠠᠨ ᠢᠳᠡᠭᠡᠨ ᠤ ᠵᠢᠵᠢᠭ ᠬᠡᠯᠪᠡᠷᠢ ᠶᠢᠨ ᠦᠢᠯᠡᠳᠭᠡᠯ ᠪᠠ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢᠢᠯᠠᠯ ᠤᠨ ᠢᠳᠡᠭᠡᠨ ᠤ ᠬᠦᠷᠢᠶᠡᠯᠡᠩ ᠲᠣᠭᠤᠷᠢᠭ ᠲᠡᠢᠢᠰᠢ ᠲᠥᠪᠯᠡᠷᠡᠬᠦ ᠶᠢ ᠳᠡᠮᠵᠢᠵᠦ᠂ ᠬᠡᠪᠴᠢᠶᠡᠵᠢᠭᠦᠯᠦᠨ ᠡᠵᠡᠩᠨᠡᠵᠦ᠂ ᠨᠢᠭᠡᠳᠦᠯᠲᠡᠢ ᠬᠠᠮᠢᠶᠠᠷᠬᠤ ᠶᠢ ᠪᠡᠶᠡᠯᠡᠭᠦᠯᠦᠨ᠎ᠡ᠃ ᠣᠷᠣᠨ ᠨᠤᠲᠤᠭ ᠤᠨ ᠣᠨᠴᠠᠯᠢᠭ ᠲᠠᠢ ᠰ᠋ᠦ᠋ ᠴᠠᠭᠠᠨ ᠢᠳᠡᠭᠡᠨ ᠤ ᠵᠢᠵᠢᠭ ᠬᠡᠯᠪᠡᠷᠢ ᠶᠢᠨ ᠦᠢᠯᠡᠳᠭᠡᠯ ᠬᠦᠷᠢᠶᠡᠯᠡᠩ ᠲᠣᠭᠤᠷᠢᠭ ᠲᠤ ᠣᠷᠣᠪᠠᠯ ᠨᠢᠭᠡ ᠯᠡ ᠤᠳᠠᠭ᠎ᠠ ᠪᠠᠷ 10 ᠲᠦᠮᠡᠨ ᠲᠥᠭᠦᠷᠢᠭ ᠱᠠᠩᠨᠠᠵᠤ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢᠢᠯᠠᠯ ᠬᠦᠷᠢᠶᠡᠯᠡᠩ ᠲᠣᠭᠤᠷᠢᠭ ᠲᠤ ᠣᠷᠣᠪᠠᠯ ᠨᠢᠭᠡ ᠯᠡ ᠤᠳᠠᠭ᠎ᠠ ᠪᠠᠷ 50 ᠲᠦᠮᠡᠨ ᠲᠥᠭᠦᠷᠢᠭ ᠱᠠᠩᠨᠠᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  15. ᠰ᠋ᠦ᠋ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢᠢᠯᠠᠯ ᠤᠨ ᠪᠢᠰᠢᠯᠠᠭ ᠦᠢᠯᠡᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠵᠦ᠂ ᠰ᠋ᠦ᠋ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢᠢᠯᠠᠯ ᠤᠨ ᠲᠦᠭᠦᠬᠡᠢ ᠰ᠋ᠦ᠋ ᠪᠠᠷ ᠬᠤᠯᠢᠴᠠ ᠦᠭᠡᠢ ᠪᠢᠰᠢᠯᠠᠭ ᠬᠢᠭᠰᠡᠨ᠂ ᠳᠡᠭᠡᠷ᠎ᠡ ᠣᠨ ᠤ ᠲᠦᠭᠦᠬᠡᠢ ᠰ᠋ᠦ᠋ ᠪᠠᠷ ᠬᠤᠯᠢᠴᠠ ᠦᠭᠡᠢ ᠪᠢᠰᠢᠯᠠᠭ ᠬᠢᠭᠰᠡᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ 1 ᠲᠣᠨ ᠨᠡᠮᠡᠭᠳᠡᠬᠦ ᠪᠦᠷᠢ 2000 ᠲᠥᠭᠦᠷᠢᠭ ᠤᠨ ᠨᠡᠮᠡᠭᠦᠷᠢ ᠥᠭᠭᠦᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  16. ᠰ᠋ᠦ᠋ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢᠢᠯᠠᠯ ᠤᠨ ᠡᠳ᠋ᠰᠢᠭᠦᠯᠦᠨ ᠪᠣᠯᠪᠠᠰᠤᠷᠠᠭᠤᠯᠬᠤ ᠬᠡᠮᠵᠢᠶ᠎ᠡ ᠪᠠᠨ ᠦᠷᠭᠡᠳᠭᠡᠬᠦ ᠶᠢ ᠳᠡᠮᠵᠢᠵᠦ᠂ ᠳᠡᠭᠡᠷ᠎ᠡ ᠣᠨ ᠤ ᠲᠦᠭᠦᠬᠡᠢ ᠰ᠋ᠦ᠋ ᠶᠢ ᠡᠳ᠋ᠰᠢᠭᠦᠯᠦᠨ ᠪᠣᠯᠪᠠᠰᠤᠷᠠᠭᠤᠯᠤᠭᠰᠠᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ 1 ᠲᠣᠨ ᠨᠡᠮᠡᠭᠳᠡᠬᠦ ᠪᠦᠷᠢ 200 ᠲᠥᠭᠦᠷᠢᠭ ᠤᠨ ᠨᠡᠮᠡᠭᠦᠷᠢ ᠥᠭᠴᠦ᠂ ᠥᠪᠡᠷᠲᠡᠭᠡᠨ ᠵᠠᠰᠠᠬᠤ ᠣᠷᠣᠨ᠂ ᠠᠢᠢᠮᠠᠭ ᠬᠤᠲᠠ ᠲᠣᠰ ᠲᠣᠰ 50% ᠶᠢ ᠨᠢ ᠡᠭᠦᠷᠬᠡᠯᠡᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  17. ᠰ᠋ᠦ᠋ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢᠢᠯᠠᠯ ᠨᠢ 3 — 5 ᠳ᠋ᠤᠭᠠᠷ ᠰᠠᠷ᠎ᠠ ᠶᠢᠨ ᠪᠣᠷᠣᠯᠠᠭᠤᠯᠭ᠎ᠠ ᠬᠥᠭᠵᠢᠶᠡᠨ ᠦᠭᠡᠢ ᠤᠯᠠᠷᠢᠯ ᠳᠤ ᠭᠦᠢᠴᠡᠳ ᠲᠤᠭ᠎ᠠ ᠪᠠᠷ ᠰ᠋ᠦ᠋ ᠬᠤᠳᠠᠯᠳᠤᠨ ᠠᠪᠴᠤ᠂ ᠲᠦᠭᠦᠬᠡᠢ ᠰ᠋ᠦ᠋ ᠶᠢ ᠰᠡᠪᠰᠡᠵᠦ ᠨᠤᠨᠳᠠᠭᠯᠠᠪᠠᠯ᠂ ᠬᠤᠳᠠᠯᠳᠤᠨ ᠠᠪᠬᠤ ᠲᠣᠭᠠᠨ ᠤ 10% ᠪᠠᠷ᠂ ᠲᠣᠨ ᠪᠦᠷᠢ ᠳᠤ ᠨᠢ 1000 ᠲᠥᠭᠦᠷᠢᠭ ᠤᠨ ᠨᠡᠮᠡᠭᠦᠷᠢ ᠥᠭᠴᠦ᠂ ᠥᠪᠡᠷᠲᠡᠭᠡᠨ ᠵᠠᠰᠠᠬᠤ ᠣᠷᠣᠨ᠂ ᠠᠢᠢᠮᠠᠭ ᠬᠤᠲᠠ ᠲᠣᠰ ᠲᠣᠰ 50% ᠶᠢ ᠨᠢ ᠡᠭᠦᠷᠬᠡᠯᠡᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  ᠲᠠᠪᠤ᠂ ᠨᠡᠷᠡᠲᠦ ᠲᠡᠮᠳᠡᠭ ᠢ ᠪᠣᠢ ᠪᠣᠯᠭᠠᠬᠤ ᠶᠢ ᠴᠢᠩᠭᠠᠳᠬᠠᠵᠤ᠂ ᠠᠵᠤ ᠦᠢᠯᠡᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ

  18. ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ ᠣᠷᠣᠨ ᠪᠦᠰᠡ ᠶᠢᠨ ᠨᠡᠢᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠴᠣᠭᠴᠠᠯᠠᠵᠤ᠂ ᠰᠢᠯᠢ ᠶᠢᠨ ᠭᠤᠣᠯ ᠤᠨ ᠪᠢᠰᠢᠯᠠᠭ᠂ ᠬᠥᠯᠥᠨ ᠪᠦᠢᠷ ᠤᠨ ᠦᠨᠢᠶᠡᠨ ᠰ᠋ᠦ᠋ ᠵᠡᠷᠭᠡ ᠣᠷᠣᠨ ᠪᠦᠰᠡ ᠶᠢᠨ ᠨᠡᠢᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ ᠪᠠᠶᠢᠭᠤᠯᠤᠯᠲᠠ ᠶᠢ ᠳᠡᠮᠵᠢᠵᠦ᠂ ᠭᠠᠵᠠᠷ ᠵᠦᠢ ᠶᠢᠨ ᠰᠢᠨᠵᠢ ᠲᠡᠮᠳᠡᠭᠲᠦ ᠰ᠋ᠦ᠋ ᠴᠠᠭᠠᠨ ᠢᠳᠡᠭᠡ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠲᠦᠭᠦᠬᠡᠢ ᠰ᠋ᠦ᠋ ᠵᠢᠴᠢ ᠲᠡᠭᠦᠨ ᠢᠶᠠᠷ ᠬᠢᠭᠰᠡᠨ ᠡᠳ᠋ᠰᠢᠭᠦᠯᠦᠨ ᠪᠣᠯᠪᠠᠰᠤᠷᠠᠭᠤᠯᠤᠭᠰᠠᠨ ᠪᠦᠲᠦᠭᠡᠭᠳᠡᠭᠦᠨ ᠤ ᠲᠣᠭᠤᠷᠢᠨ ᠳᠤ᠂ ︽ ᠥᠪᠥᠷ ᠮᠣᠩᠭᠤᠯ ︾ ᠨᠡᠷᠡᠮᠵᠢᠲᠦ ᠲᠡᠮᠳᠡᠭ ᠤᠨ ᠭᠡᠷᠡᠴᠢᠯᠡᠬᠦ ᠪᠠᠷᠢᠮᠵᠢᠶ᠎ᠠ ᠶᠢ ᠲᠣᠭᠲᠠᠭᠠᠨ᠎ᠠ︔ ︽ ᠥᠪᠥᠷ ᠮᠣᠩᠭᠤᠯ ︾ ᠨᠡᠷᠡᠮᠵᠢᠲᠦ ᠲᠡᠮᠳᠡᠭ ᠤᠨ ᠭᠡᠷᠡᠴᠢᠯᠡᠭᠡ ᠶᠢ ᠥᠷᠨᠢᠭᠦᠯᠵᠦ᠂ ᠭᠠᠵᠠᠷ ᠵᠦᠢ ᠶᠢᠨ ᠲᠡᠮᠳᠡᠭᠲᠦ ᠰ᠋ᠦ᠋ ᠴᠠᠭᠠᠨ ᠢᠳᠡᠭᠡᠨ ᠤ ᠣᠷᠣᠨ ᠪᠦᠰᠡ ᠶᠢᠨ ᠨᠡᠢᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠰᠢᠯᠢᠳᠡᠭᠵᠢᠭᠦᠯᠵᠦ ᠬᠦᠴᠦᠷᠬᠡᠭᠵᠢᠭᠦᠯᠦᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  19. ᠠᠵᠤ ᠦᠢᠯᠡᠰ ᠤᠨ ᠥᠪᠡᠷᠮᠢᠴᠡ ᠣᠨᠴᠠᠯᠢᠭ ᠲᠤ ᠲᠦᠰᠢᠭᠯᠡᠨ ᠠᠵᠤ ᠠᠬᠤᠢᠢᠯᠠᠯ ᠤᠨ ᠨᠡᠷᠡᠲᠦ ᠲᠡᠮᠳᠡᠭ ᠢ ᠴᠣᠭᠴᠠᠯᠠᠵᠤ᠂ ᠰ᠋ᠦ᠋ ᠴᠠᠭᠠᠨ ᠢᠳᠡᠭᠡᠨ ᠤ ᠦᠢᠯᠡᠳᠪᠦᠷᠢᠯᠡᠯ ᠤᠨ ᠠᠵᠤ ᠠᠬᠤᠢᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠪᠦᠲᠦᠭᠡᠭᠳᠡᠭᠦᠨ ᠤ ᠴᠢᠨᠠᠷ ᠴᠢᠨᠰᠠᠭ᠎ᠠ ᠪᠠ ᠨᠡᠷᠡᠲᠦ ᠲᠡᠮᠳᠡᠭ ᠤᠨ ᠳᠦᠷᠢ ᠲᠥᠷᠬᠦ ᠪᠠᠨ ᠴᠣᠭᠴᠠᠯᠠᠬᠤ ᠶᠢ ᠴᠢᠩᠭᠠᠳᠬᠠᠵᠤ᠂ ᠢᠮᠠᠭᠠᠨ ᠤ ᠰ᠋ᠦ᠋᠂ ᠢᠩᠭᠡᠨ ᠤ ᠰ᠋ᠦ᠋᠂ ᠰᠠᠭᠠᠮ᠎ᠠ ᠵᠡᠷᠭᠡ ᠥᠪᠡᠷᠮᠢᠴᠡ ᠣᠨᠴᠠᠯᠢᠭ ᠲᠠᠢ ᠰ᠋ᠦ᠋ ᠴᠠᠭᠠᠨ ᠢᠳᠡᠭᠡᠨ ᠤ ᠰᠢᠨ᠎ᠡ ᠨᠡᠷᠡᠲᠦ ᠲᠡᠮᠳᠡᠭ ᠢ ᠪᠣᠢ ᠪᠣᠯᠭᠠᠵᠤ᠂ ᠠᠵᠤ ᠦᠢᠯᠡᠰ ᠤᠨ ᠬᠡᠯᠬᠢᠶᠡᠨ ᠤ ᠭᠤᠣᠯᠯᠠᠬᠤ ᠠᠵᠤ ᠠᠬᠤᠢᠢᠯᠠᠯ ᠤᠨ ᠨᠡᠷ᠎ᠡ ᠠᠯᠳᠠᠷ ᠢ ᠳᠡᠯᠡᠬᠡᠢ ᠶᠢᠨ ᠬᠡᠪᠴᠢᠶᠡᠨ ᠳᠤ ᠳᠠᠭᠤᠷᠢᠰᠤᠭᠤᠯᠤᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  20. ᠳᠡᠯᠡᠬᠡᠢ ᠶᠢᠨ ᠰ᠋ᠦ᠋ ᠰᠠᠭᠠᠯᠢ ᠶᠢᠨ ᠦᠢᠯᠡᠰ ᠤᠨ ᠶᠡᠭᠡ ᠬᠤᠷᠠᠯ ᠢ ᠰᠠᠢᠢᠲᠤᠷ ᠡᠷᠬᠢᠯᠡᠵᠦ᠂ ᠥᠪᠥᠷ ᠮᠣᠩᠭᠤᠯ ᠤᠨ ᠰ᠋ᠦ᠋ ᠰᠠᠭᠠᠯᠢ ᠶᠢᠨ ᠦᠢᠯᠡᠰ ᠤᠨ ᠴᠢᠨᠠᠷ ᠰᠠᠢᠢᠲᠠᠢ ᠬᠥᠭᠵᠢᠯᠲᠡ ᠶᠢᠨ ᠠᠮᠵᠢᠯᠲᠠ ᠪᠦᠲᠦᠭᠡᠯ ᠢ ᠭᠦᠢᠴᠡᠳ ᠢᠯᠡᠷᠡᠭᠦᠯᠦᠨ᠎ᠡ᠃ ᠢᠯᠢ ᠣᠳᠣ ᠦᠶ᠎ᠡ ᠶᠢᠨ ᠣᠶᠤᠨᠯᠢᠭ ᠡᠷᠡᠭᠦᠯ ᠮᠡᠨᠳᠦ ᠶᠢᠨ ᠵᠢᠯᠠᠭ᠎ᠠ᠂ ᠮᠧᠩ ᠨᠢᠦ ᠶᠢᠨ ᠳᠤᠮᠳᠠᠳᠤ ᠤᠯᠤᠰ ᠤᠨ ᠰ᠋ᠦ᠋ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠬᠡᠮᠡᠬᠦ ᠬᠤᠶᠠᠷ ᠶᠡᠭᠡ ᠮᠢᠩᠭᠠᠨ ᠳ᠋ᠦᠩᠰᠢᠭᠤᠷ ᠤᠨ ᠳᠡᠰ ᠤᠨ ︽ ᠠᠵᠤ ᠦᠢᠯᠡᠰ ᠪᠠ ᠬᠤᠲᠠ ᠶᠢᠨ ᠠᠭᠤᠰᠤᠯᠴᠠᠭ᠎ᠠ ︾ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠪᠥᠬᠦ ᠪᠥᠮᠪᠥᠷᠴᠡᠭ ᠤᠨ ᠰ᠋ᠦ᠋ ᠰᠠᠭᠠᠯᠢ ᠶᠢᠨ ᠦᠢᠯᠡᠰ ᠤᠨ ᠴᠢᠨᠠᠷ ᠰᠠᠢᠢᠲᠠᠢ ᠬᠥᠭᠵᠢᠯᠲᠡ ᠶᠢᠨ ᠥᠨᠳᠥᠷ ᠲᠦᠪᠰᠢᠨᠲᠦ ᠭᠠᠵᠠᠷ ᠣᠷᠣᠨ ᠢ ᠴᠣᠭᠴᠠᠯᠠᠨ᠎ᠠ᠃ ︵ ᠬᠠᠷᠢᠭᠤᠴᠠᠯᠭᠠᠲᠤ ᠨᠢᠭᠡᠴᠢ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  ᠵᠢᠷᠭᠤᠭ᠎᠎ᠠ᠂ ᠬᠡᠷᠡᠭᠯᠡᠭᠡ ᠶᠢ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠰ᠋ᠦ᠋ ᠴᠠᠭᠠᠨ ᠢᠳᠡᠭᠡᠨ ᠤ ᠪᠣᠷᠣᠯᠠᠭᠤᠯᠭ᠎᠎ᠠ ᠶᠢᠨ ᠬᠡᠮᠵᠢᠶ᠎ᠡ ᠶᠢ ᠥᠷᠭᠡᠳᠬᠡᠨ᠎ᠡ

  21. ᠰ᠋ᠦ᠋ ᠰᠠᠭᠠᠯᠢ ᠶᠢᠨ ᠦᠢᠯᠡᠰ ᠢ ᠤᠬᠠᠭᠤᠯᠬᠤ ᠡᠷᠴᠢᠮ ᠢᠶᠠᠨ ᠴᠢᠩᠭᠠᠳᠬᠠᠵᠤ᠂ ᠰ᠋ᠦ᠋ ᠴᠠᠭᠠᠨ ᠢᠳᠡᠭᠡᠨ ᠤ ᠰᠢᠮ᠎ᠡ ᠲᠡᠵᠢᠭᠡᠯ ᠤᠨ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠶᠠᠩᠵᠤ ᠶᠢᠨ᠂ ᠣᠷᠣᠨ ᠨᠤᠲᠤᠭᠵᠢᠭᠰᠠᠨ ᠬᠡᠷᠡᠭᠯᠡᠭᠡᠨ ᠤ ᠳᠠᠳᠬᠠᠯ ᠢ ᠪᠣᠢ ᠪᠣᠯᠭᠠᠨ᠎ᠠ᠃ ᠰ᠋ᠦ᠋ ᠴᠠᠭᠠᠨ ᠢᠳᠡᠭᠡ ᠦᠢᠯᠡᠳᠪᠦᠷᠢᠯᠡᠵᠦ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠢᠢᠯᠠᠯ ᠤᠨ ᠬᠡᠷᠡᠭᠯᠡᠭᠡᠨ ᠤ ᠵᠦᠢᠯ ᠤᠨ ᠦᠵᠡᠰᠭᠦᠯᠡᠩ ᠤᠨ ᠴᠤᠭᠯᠠᠭᠠᠨ᠂ ᠪᠣᠬᠢᠷᠲᠤᠯ ᠦᠭᠡᠢ ᠢᠳᠡᠭᠡᠨ ᠤ ᠵᠦᠢᠯ ᠤᠨ ᠦᠵᠡᠰᠭᠦᠯᠡᠩ ᠤᠨ ᠴᠤᠭᠯᠠᠭᠠᠨ ᠵᠡᠷᠭᠡ ᠤᠯᠤᠰ ᠤᠨ ᠳᠣᠲᠣᠭᠠᠳᠤ ᠳᠠᠬᠢ ᠨᠡᠷᠡᠲᠦ ᠳᠡᠯᠭᠡᠨ ᠪᠣᠷᠣᠯᠠᠭᠤᠯᠬᠤ ᠴᠤᠭᠯᠠᠭᠠᠨ ᠳᠤ ᠣᠷᠣᠯᠴᠠᠬᠤ᠂ ᠳᠡᠯᠭᠡᠨ ᠪᠣᠷᠣᠯᠠᠭᠤᠯᠬᠤ ᠠᠵᠢᠯᠯᠠᠭ᠎ᠠ ᠥᠷᠨᠢᠭᠦᠯᠬᠦ ᠶᠢ ᠳᠡᠮᠵᠢᠵᠦ᠂ ᠰ᠋ᠦ᠋ ᠴᠠᠭᠠᠨ ᠢᠳᠡᠭᠡᠨ ᠤ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠥᠷᠭᠡᠳᠬᠡᠨ᠎ᠡ᠃ ᠶᠠᠷᠢᠶ᠎ᠠ ᠬᠡᠯᠡᠯᠴᠡᠭᠡᠨ ᠤ ᠪᠠᠢᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠨᠡᠢᠢᠭᠡᠮ ᠤᠨ ᠬᠠᠯᠠᠮᠵᠢᠯᠠᠨ ᠠᠩᠬᠠᠷᠴᠤ ᠪᠠᠶᠢᠭ᠎ᠠ ᠵᠦᠢᠯ ᠳᠤ ᠴᠠᠭ ᠲᠤᠬᠠᠢ ᠳᠤ ᠨᠢ ᠬᠠᠷᠢᠭᠤ ᠥᠭᠴᠦ᠂ ᠥᠪᠥᠷ ᠮᠣᠩᠭᠤᠯ ᠤᠨ ᠰ᠋ᠦ᠋ ᠰᠠᠭᠠᠯᠢ ᠶᠢᠨ ᠦᠢᠯᠡᠰ ᠤᠨ ᠰᠠᠢᠢᠨ ᠰᠠᠶᠢᠬᠠᠨ ᠳᠦᠷᠢ ᠲᠥᠷᠬᠦ ᠶᠢ ᠬᠠᠮᠠᠭᠠᠯᠠᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠬᠤᠷᠢᠶᠠᠨ ᠤ ᠠᠯᠪᠠᠨ ᠭᠡᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  22. ᠠᠵᠤ ᠦᠢᠯᠡᠳᠪᠦᠷᠢ ᠶᠢᠨ ᠵᠢᠭᠤᠯᠴᠢᠯᠠᠯ ᠢ ᠬᠥᠭᠵᠢᠭᠦᠯᠬᠦ ᠶᠢ ᠵᠣᠷᠢᠬᠵᠢᠭᠤᠯᠵᠤ᠂ ᠨᠦᠭᠦᠴᠡᠯ ᠳᠤ ᠨᠡᠶᠢᠴᠡᠬᠦ ᠰ᠋ᠦ᠋ ᠰᠠᠭᠠᠯᠢ ᠶᠢᠨ ᠠᠵᠤ ᠦᠢᠯᠡᠰ ᠤᠨ ᠬᠡᠯᠬᠢᠶᠡᠨ ᠤ ᠠᠵᠤ ᠠᠬᠤᠢᠢᠯᠠᠯ ᠤᠨ ᠤᠯᠤᠰ ᠤᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠢᠢᠭᠤᠯᠬᠤ ᠶᠢ ᠳᠡᠮᠵᠢᠵᠦ᠂ ᠰ᠋ᠦ᠋ ᠴᠠᠭᠠᠨ ᠢᠳᠡᠭᠡᠨ ᠤ ︽ ᠬᠡᠷᠡᠭᠯᠡᠭᠡ + ᠵᠢᠭᠤᠯᠴᠢᠯᠠᠯ ︾ ᠤᠨ ᠰᠢᠨ᠎ᠡ ᠵᠠᠭᠪᠤᠷ ᠢ ᠴᠣᠭᠴᠠᠯᠠᠨ᠎ᠠ᠃ ᠰᠡᠯᠡᠭᠦᠴᠡᠨ ᠵᠤᠭᠠᠴᠠᠬᠤ ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠠᠢ ᠶᠢ ᠡᠭᠦᠳᠦᠨ ᠪᠠᠢᠢᠭᠤᠯᠬᠤ ᠶᠢ ᠵᠣᠷᠢᠬᠵᠢᠭᠤᠯᠵᠤ᠂ ᠠᠮᠵᠢᠯᠲᠠ ᠲᠠᠢ ᠡᠭᠦᠳᠦᠨ ᠪᠠᠶᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠢ ᠶᠢ ᠲᠠᠷᠢᠶᠠᠯᠠᠩ ᠠᠵᠤ ᠠᠬᠤᠢ ᠪᠠ ᠬᠥᠳᠡᠭᠡ ᠲᠣᠰᠬᠤᠨ ᠤ ᠶᠠᠮᠤᠨ ᠤ ︽ ᠬᠦᠰᠡᠯ ᠮᠥᠷᠥᠭᠡᠳᠦᠯ ᠪᠦᠬᠦᠢ ᠬᠥᠳᠡᠭᠡ ᠨᠤᠲᠤᠭ ᠤᠨ ᠵᠤᠭᠠᠴᠠᠯ ︾ ᠬᠥᠳᠡᠭᠡ ᠲᠣᠰᠬᠤᠨ ᠤ ᠰᠡᠯᠡᠭᠦᠴᠡᠨ ᠵᠢᠭᠤᠯᠴᠢᠯᠠᠬᠤ ᠰᠦᠯᠵᠢᠶᠡᠨ ᠤ ᠲᠠᠪᠴᠠᠩ ᠳᠤ ᠭᠠᠷᠭᠠᠨ ᠳᠡᠯᠭᠡᠷᠡᠭᠦᠯᠦᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  23. ᠡᠯᠧᠺᠲ᠋ᠷᠣᠨ ᠬᠤᠳᠠᠯᠳᠤᠭᠠᠨ ᠤ ᠶᠠᠪᠤᠳᠠᠯ ᠤᠨ ᠴᠢᠳᠠᠪᠤᠷᠢᠲᠠᠨ ᠢ ᠬᠥᠮᠥᠵᠢᠭᠦᠯᠬᠦ ᠪᠠᠨ ᠴᠢᠩᠭᠠᠳᠬᠠᠵᠤ᠂ ᠰ᠋ᠦ᠋ ᠴᠠᠭᠠᠨ ᠢᠳᠡᠭᠡᠨ ᠤ ᠠᠵᠤ ᠠᠬᠤᠶᠢᠯᠠᠯ᠂ ᠡᠯ᠎ᠡ ᠲᠥᠷᠥᠯ ᠤᠨ ᠳᠡᠭᠡᠳᠦ ᠰᠤᠷᠭᠠᠭᠤᠯᠢ ᠶᠡᠭᠡ ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠵᠡᠷᠭᠡ ᠶᠢᠨ ᠡᠯᠧᠺᠲ᠋ᠷᠣᠨ ᠬᠤᠳᠠᠯᠳᠤᠭᠠᠨ ᠤ ᠶᠠᠪᠤᠳᠠᠯ ᠤᠨ ᠴᠢᠳᠠᠪᠤᠷᠢᠲᠠᠨ ᠬᠥᠮᠥᠵᠢᠭᠦᠯᠬᠦ ᠶᠢ ᠳᠡᠮᠵᠢᠵᠦ᠂ ᠰ᠋ᠦ᠋ ᠴᠠᠭᠠᠨ ᠢᠳᠡᠭᠡᠨ ᠤ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢ ᠠᠬᠢᠭᠤᠯᠤᠨ᠎ᠠ᠃ ᠰ᠋ᠦ᠋ ᠴᠠᠭᠠᠨ ᠢᠳᠡᠭᠡᠨ ᠤ ᠠᠵᠤ ᠠᠬᠤᠶᠢᠯᠠᠯ ᠪᠠ ᠬᠤᠳᠠᠯᠳᠤᠭᠠᠴᠢᠨ ᠡᠷᠦᠬᠡ ᠶᠢᠨ ᠡᠯᠧᠺᠲ᠋ᠷᠣᠨ ᠬᠤᠳᠠᠯᠳᠤᠭᠠᠨ ᠤ ᠲᠠᠪᠴᠠᠩ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠵᠣᠷᠢᠬᠵᠢᠭᠤᠯᠵᠤ᠂ ᠣᠷᠣᠨ ᠨᠤᠲᠤᠭ ᠤᠨ ᠣᠨᠴᠠᠯᠢᠭ ᠲᠠᠢ ᠣᠷᠳᠣᠨ ᠪᠠ ᠬᠤᠰᠢᠭᠤᠴᠢ ᠳᠡᠯᠭᠡᠭᠦᠷ ᠢ ᠡᠬᠢᠯᠡᠭᠦᠯᠦᠨ ᠨᠡᠭᠡᠭᠡᠯᠭᠡᠵᠦ᠂ ᠨᠡᠷᠡᠲᠦ ᠲᠡᠮᠳᠡᠭ ᠪᠠ ᠴᠢᠨᠠᠷ ᠴᠢᠨᠰᠠᠭ᠎ᠠ ᠶᠢᠨ ᠬᠡᠷᠡᠭᠯᠡᠭᠡ ᠶᠢᠨ ᠰᠦᠯᠵᠢᠶ᠎ᠡ ᠪᠠᠷ ᠬᠤᠳᠠᠯᠳᠤᠨ ᠠᠪᠬᠤ ᠴᠤᠭᠯᠠᠭᠠᠨ᠂ ᠰᠦᠯᠵᠢᠶᠡᠨ ᠳᠡᠭᠡᠷᠡᠬᠢ ᠴᠠᠭᠠᠨ ᠰᠠᠷ᠎ᠠ ᠶᠢᠨ ᠪᠠᠷᠠᠭᠠᠨ ᠤ ᠴᠤᠭᠯᠠᠭᠠᠨ ᠵᠡᠷᠭᠡ ᠭᠤᠣᠯ ᠰᠡᠳᠦᠪᠲᠦ ᠪᠠᠶᠠᠷ ᠤᠨ ᠡᠳᠦᠷ ᠢᠶᠠᠷ ᠳᠠᠮᠵᠢᠭᠤᠯᠤᠨ ᠲᠥᠪᠯᠡᠷᠡᠭᠦᠯᠵᠦ ᠳᠡᠯᠭᠡᠷᠡᠭᠦᠯᠦᠨ ᠪᠣᠷᠣᠯᠠᠭᠤᠯᠤᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  ᠳᠣᠯᠤᠭ᠎᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠴᠢᠩᠭᠠᠳᠬᠠᠵᠤ᠂ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠤᠨ᠎ᠠ

  24. ᠤᠯᠤᠰ ᠤᠨ ᠰ᠋ᠦ᠋ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠦᠢᠯᠡᠳᠦᠯ ᠢ ᠪᠠᠳᠠᠷᠠᠭᠤᠯᠵᠤ᠂ ᠵᠢᠯ ᠪᠦᠷᠢ 1 ᠳ᠋ᠦᠩᠰᠢᠭᠤᠷ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠪᠡᠯᠡ ᠮᠥᠩᠭᠦ ᠶᠢ ᠲᠣᠬᠢᠷᠠᠭᠤᠯᠵᠤ᠂ ᠰ᠋ᠦ᠋ ᠰᠠᠭᠠᠯᠢ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠨ ᠤ ᠲᠣᠭᠤᠷᠢᠨ ᠳᠤ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠥᠷᠨᠢᠭᠦᠯᠵᠦ᠂ ᠨᠢᠭᠡ ᠪᠦᠯᠦᠭ ︽ ᠪᠣᠭᠤᠮᠢ ︾ ᠪᠣᠯᠵᠤ ᠪᠠᠶᠢᠭ᠎ᠠ ᠮᠡᠷᠭᠡᠵᠢᠯ ᠤᠨ ᠬᠦᠴᠢᠷ ᠠᠰᠠᠭᠤᠳᠠᠯ ᠢ ᠰᠢᠪᠲᠤᠯᠤᠨ᠎ᠠ᠃ ᠰ᠋ᠦ᠋ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠥᠨᠳᠥᠷ ᠰᠢᠨᠵᠢᠯᠡᠭᠡ ᠮᠡᠷᠭᠡᠵᠢᠯ᠂ ᠥᠨᠳᠥᠷ ᠴᠢᠨᠠᠷ ᠴᠢᠨᠰᠠᠭ᠎ᠠ᠂ ᠥᠨᠳᠥᠷ ᠳᠠᠭᠠᠯᠲᠠ ᠥᠷᠳᠡᠭ ᠲᠠᠢ ᠳᠡᠭᠡᠳᠦ ᠳᠡᠰ ᠳᠠᠪᠬᠤᠷᠭ᠎ᠠ ᠶᠢᠨ ᠰ᠋ᠦ᠋ ᠴᠠᠭᠠᠨ ᠢᠳᠡᠭᠡ ᠨᠡᠭᠡᠭᠡᠨ ᠬᠥᠭᠵᠢᠭᠦᠯᠬᠦ ᠶᠢ ᠨᠢ ᠳᠡᠮᠵᠢᠵᠦ᠂ ᠵᠠᠬ᠎ᠠ ᠳᠡᠯᠭᠡᠭᠦᠷ ᠤᠨ ᠵᠦᠷᠢᠶᠡᠴᠢᠯᠡᠭᠰᠡᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  25. ᠡᠪᠡᠰᠦᠨ ᠦᠷ᠎ᠡ ᠶᠢᠨ ᠦᠢᠯᠡᠰ᠂ ᠰᠠᠭᠠᠯᠢ ᠶᠢᠨ ᠦᠨᠢᠶᠡᠨ ᠤ ᠡᠭᠦᠯᠳᠡᠷ ᠤᠨ ᠦᠢᠯᠡᠰ ᠤᠨ ᠰᠢᠨ᠎ᠡ ᠡᠭᠦᠳᠦᠯᠲᠡ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠯ ᠪᠦᠷᠢ ︽ ᠵᠠᠷᠯᠠᠯ ᠨᠡᠢᠢᠲᠡᠯᠡᠵᠦ ᠬᠤᠰᠢᠭᠤᠷᠠᠨ ᠠᠵᠢᠯᠯᠠᠬᠤ ︾ ᠬᠡᠯᠪᠡᠷᠢ ᠪᠠᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ᠲᠥᠷᠥᠯ ᠵᠦᠢᠯ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠲᠥᠷᠥᠯ ᠵᠦᠢᠯ ᠤᠳ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠳᠤ ᠪᠣᠳᠠᠲᠠᠶᠢᠵᠢᠭᠤᠯᠤᠨ ᠤᠯᠠᠷᠢᠭᠤᠯᠤᠭᠰᠠᠨ ᠭᠤᠣᠯᠯᠠᠬᠤ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠭᠰᠡᠨ ᠪᠣᠯ ᠱᠠᠩᠨᠠᠨ ᠬᠥᠬᠢᠭᠦᠯᠦᠨ᠎ᠡ᠃ ᠰ᠋ᠦ᠋ ᠰᠠᠭᠠᠯᠢ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠨ ᠤ ᠬᠦᠷᠢᠶᠡᠨ ᠳᠤ ᠰᠢᠪᠲᠤᠯᠤᠯᠲᠠ ᠶᠢᠨ ᠴᠢᠨᠠᠷ ᠲᠠᠢ ᠠᠬᠢᠴᠠ ᠲᠠᠢ ᠪᠣᠯᠣᠭᠰᠠᠨ ᠪᠤᠶᠤ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠳᠤ ᠰᠢᠪᠲᠤᠯᠤᠯᠲᠠ ᠬᠢᠭᠰᠡᠨ ᠭᠤᠣᠯ ᠴᠣᠭᠴᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠤᠨ ᠰᠡᠳᠦᠪ ᠲᠣᠭᠲᠠᠭᠠᠬᠤ ᠦᠶ᠎ᠡ ᠳᠤ ᠭᠤᠣᠯᠳᠠᠯᠭ᠎ᠠ ᠲᠠᠢ ᠪᠠᠷ ᠳᠡᠮᠵᠢᠯᠭᠡ ᠦᠵᠡᠭᠦᠯᠦᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  26. ᠪᠥᠬᠦ ᠠᠵᠤ ᠦᠢᠯᠡᠰ ᠤᠨ ᠬᠡᠯᠬᠢᠶᠡᠨ ᠤ ᠪᠠᠷᠢᠮᠵᠢᠶᠠᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠨᠡᠶᠢᠭᠡᠮ ᠤᠨ ᠪᠦᠯᠬᠦᠮ ᠵᠡᠷᠭᠡ ᠶᠢᠨ ᠬᠢᠨ ᠤ ᠣᠷᠣᠨ ᠨᠤᠲᠤᠭ᠂ ᠠᠵᠢᠯ ᠲᠥᠷᠥᠯ᠂ ᠪᠦᠯᠬᠦᠮ ᠨᠡᠶᠢᠲᠡ ᠵᠡᠷᠭᠡ ᠶᠢᠨ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠠᠵᠢᠯ ᠥᠷᠨᠢᠭᠦᠯᠬᠦ ᠶᠢ ᠨᠢ ᠵᠢᠯᠣᠭᠤᠳᠤᠨ᠎ᠠ᠃ ᠰ᠋ᠦ᠋ ᠴᠠᠭᠠᠨ ᠢᠳᠡᠭᠡ ᠦᠢᠯᠡᠳᠪᠦᠷᠢᠯᠡᠬᠦ ᠠᠵᠤ ᠠᠬᠤᠶᠢᠯᠠᠯ ᠤᠨ ᠢᠳᠡᠪᠬᠢᠲᠡᠢ ᠪᠠᠷ ᠤᠯᠤᠰ ᠤᠨ ᠪᠠ ᠭᠠᠵᠠᠷ ᠣᠷᠣᠨ ᠤ ᠪᠠᠷᠢᠮᠵᠢᠶ᠎ᠠ ᠲᠣᠭᠲᠠᠭᠠᠬᠤ ᠠᠵᠢᠯ ᠳᠤ ᠣᠷᠣᠯᠴᠠᠬᠤ ᠶᠢ ᠵᠣᠷᠢᠬᠵᠢᠭᠤᠯᠵᠤ᠂ ᠠᠵᠢᠯ ᠲᠥᠷᠥᠯ ᠤᠨ ᠬᠥᠭᠵᠢᠯᠲᠡ ᠶᠢᠨ ᠬᠢᠷᠢ ᠲᠦᠪᠰᠢᠨ ᠢ ᠬᠥᠲᠥᠯᠥᠨ ᠵᠢᠯᠣᠭᠤᠳᠴᠤ ᠳᠡᠭᠡᠭᠰᠢᠯᠡᠭᠦᠯᠦᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  ᠨᠠᠢᠮᠠ᠂ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠰ᠋ᠦ᠋ ᠴᠠᠭᠠᠨ ᠢᠳᠡᠭᠡᠨ ᠤ ᠴᠢᠨᠠᠷ ᠴᠢᠨᠰᠠᠭ᠎᠎ᠠ ᠶᠢᠨ ᠠᠮᠤᠷ ᠲᠦᠪᠰᠢᠨ ᠢ ᠪᠠᠲᠤᠯᠠᠨ᠎ᠠ

  27. ᠰᠠᠭᠠᠯᠢ ᠶᠢᠨ ᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ᠪᠷᠦ᠋ᠼᠧᠯ ᠡᠪᠡᠳᠴᠢᠨ ᠤ ᠸᠠᠺᠼᠢᠨ ᠢ ᠨᠢᠭᠡᠳᠦᠯᠲᠡᠢ ᠬᠤᠳᠠᠯᠳᠤᠨ ᠠᠪᠴᠤ᠂ ᠨᠢᠷᠠᠢ ᠲᠣᠭᠤᠯ᠂ ᠰᠢᠨ᠎ᠡ ᠪᠠᠷ ᠨᠡᠮᠡᠭᠳᠡᠭᠦᠯᠦᠭᠰᠡᠨ ᠰᠠᠭᠠᠯᠢ ᠶᠢᠨ ᠦᠨᠢᠶ᠎ᠡ ᠪᠠ ᠰᠠᠭᠠᠯᠢ ᠶᠢᠨ ᠢᠮᠠᠭ᠎ᠠ ᠳᠤ ᠡᠭᠡᠯᠢᠯᠡᠭᠡ ᠬᠢᠨ᠎ᠡ︔ ᠰᠠᠭᠠᠯᠢ ᠶᠢᠨ ᠦᠨᠢᠶᠡᠨ ᠤ ᠬᠡᠪᠴᠢᠶᠡᠵᠢᠭᠰᠡᠨ ᠲᠠᠯᠠᠪᠠᠢ ᠶᠢᠨ ᠰᠦᠷᠢᠶ᠎ᠡ ᠡᠪᠡᠳᠴᠢᠨ ᠢ ᠪᠠᠶᠢᠴᠠᠭᠠᠨ ᠰᠢᠨᠵᠢᠬᠦ ᠳᠤ ᠦᠨᠢᠶ᠎ᠡ ᠪᠦᠷᠢ ᠳᠤ 15 ᠲᠥᠭᠦᠷᠢᠭ ᠤᠨ ᠨᠡᠮᠡᠭᠦᠷᠢ ᠥᠭᠭᠦᠨ᠎ᠡ︔ ᠪᠷᠦ᠋ᠼᠧᠯ ᠡᠪᠡᠳᠴᠢᠨ᠂ ᠦᠬᠡᠷ ᠤᠨ ᠰᠦᠷᠢᠶ᠎ᠡ ᠡᠪᠡᠳᠴᠢᠨ ᠵᠡᠷᠭᠡ ᠶᠢ ᠠᠷᠢᠭᠤᠳᠬᠠᠬᠤ ᠥᠪᠡᠷᠲᠡᠭᠡᠨ ᠵᠠᠰᠠᠬᠤ ᠣᠷᠣᠨ ᠤ ᠳᠡᠰ ᠤᠨ ᠡᠭᠦᠳᠦᠨ ᠪᠠᠶᠢᠭᠤᠯᠤᠭᠰᠠᠨ ᠲᠠᠯᠠᠪᠠᠢ ᠪᠠᠷ ᠦᠨᠡᠯᠡᠨ ᠵᠢᠱᠢᠭᠦᠯᠵᠦ ᠪᠠᠲᠤᠯᠠᠭᠳᠠᠭᠰᠠᠨ ᠰᠠᠭᠠᠯᠢ ᠶᠢᠨ ᠮᠠᠯ ᠤᠨ ᠲᠡᠵᠢᠭᠡᠨ ᠦᠷᠡᠵᠢᠭᠦᠯᠬᠦ ᠲᠠᠯᠠᠪᠠᠢ ᠳᠤ 50 ᠲᠦᠮᠡᠨ ᠲᠥᠭᠦᠷᠢᠭ ᠱᠠᠩᠨᠠᠵᠤ᠂ ᠤᠯᠤᠰ ᠤᠨ ᠳᠡᠰ ᠤᠨ ᠠᠷᠢᠭᠤᠳᠬᠠᠬᠤ ᠲᠠᠯᠠᠪᠠᠢ ᠪᠤᠶᠤ ᠤᠯᠤᠰ ᠤᠨ ᠳᠡᠰ ᠤᠨ ᠬᠢᠵᠢᠭ ᠦᠭᠡᠢ ᠬᠤᠷᠢᠶᠠᠯᠠᠯ ᠢᠶᠠᠷ ᠦᠨᠡᠯᠡᠨ ᠵᠢᠱᠢᠭᠦᠯᠵᠦ ᠪᠠᠲᠤᠯᠠᠭᠳᠠᠭᠰᠠᠨ ᠰᠠᠭᠠᠯᠢ ᠶᠢᠨ ᠮᠠᠯ ᠤᠨ ᠲᠡᠵᠢᠭᠡᠨ ᠦᠷᠡᠵᠢᠭᠦᠯᠬᠦ ᠲᠠᠯᠠᠪᠠᠢ ᠳᠤ 100 ᠲᠦᠮᠡᠨ ᠲᠥᠭᠦᠷᠢᠭ ᠱᠠᠩᠨᠠᠨ᠎ᠠ᠃ ᠪᠷᠦ᠋ᠼᠧᠯ ᠡᠪᠡᠳᠴᠢᠨ᠂ ᠦᠬᠡᠷ ᠤᠨ ᠰᠦᠷᠢᠶ᠎ᠡ ᠡᠪᠡᠳᠴᠢᠨ ᠵᠡᠷᠭᠡ ᠬᠥᠮᠥᠨ ᠪᠠ ᠮᠠᠯ ᠳᠤ ᠴᠥᠮ ᠲᠣᠰᠳᠠᠭ ᠭᠡᠮ ᠬᠢᠵᠢᠭ ᠪᠠ ᠰᠠᠭᠠᠯᠢ ᠶᠢᠨ ᠦᠨᠢᠶᠡᠨ ᠤ ᠦᠷᠭᠦᠯᠵᠢ ᠲᠣᠬᠢᠶᠠᠯᠳᠤᠳᠠᠭ ᠡᠪᠡᠳᠴᠢᠨ ᠤ ᠸᠠᠺᠼᠢᠨ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠳᠤ ᠳᠡᠮᠵᠢᠯᠭᠡ ᠦᠵᠡᠭᠦᠯᠦᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠪᠡᠳᠴᠢᠨ ᠡᠮᠬᠡᠭ ᠢ ᠰᠡᠷᠭᠡᠶᠢᠯᠡᠨ ᠬᠤᠷᠢᠬᠯᠠᠬᠤ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  28. ᠤᠯᠤᠰ᠂ ᠥᠪᠡᠷᠲᠡᠭᠡᠨ ᠵᠠᠰᠠᠬᠤ ᠣᠷᠣᠨ ᠤ ᠲᠦᠭᠦᠬᠡᠢ ᠰ᠋ᠦ᠋ ᠶᠢᠨ ᠴᠢᠨᠠᠷ ᠴᠢᠨᠰᠠᠭ᠎ᠠ ᠶᠢᠨ ᠠᠮᠤᠷ ᠲᠦᠪᠰᠢᠨ ᠤ ᠬᠢᠨᠠᠯᠲᠠ ᠬᠡᠮᠵᠢᠯᠲᠡ ᠶᠢᠨ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠲᠦᠭᠦᠬᠡᠢ ᠰ᠋ᠦ᠋ ᠬᠤᠳᠠᠯᠳᠤᠨ ᠠᠪᠬᠤ ᠥᠷᠳᠡᠭᠡ ᠪᠠ ᠵᠥᠭᠡᠭᠡᠪᠦᠷᠢᠯᠡᠬᠦ ᠲᠡᠷᠭᠡ ᠬᠥᠰᠭᠡ ᠪᠥᠬᠦᠨ ᠳᠤ ᠬᠢᠨᠠᠯᠲᠠ ᠬᠡᠮᠵᠢᠯᠲᠡ ᠬᠢᠬᠦ ᠶᠢ ᠪᠠᠲᠤᠯᠠᠨ᠎ᠠ᠃ ᠵᠠᠬ᠎ᠠ ᠳᠡᠯᠭᠡᠭᠦᠷ ᠤᠨ ᠬᠠᠩᠭᠠᠨ ᠪᠣᠷᠣᠯᠠᠭᠤᠯᠬᠤ ᠡᠮᠬᠢ ᠳᠢᠭᠯᠢᠮ ᠢ ᠡᠪᠳᠡᠬᠦ ᠵᠡᠷᠭᠡ ᠬᠠᠤᠯᠢ ᠲᠣᠭᠲᠠᠭᠠᠯ ᠡᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠷᠢ ᠲᠡᠩᠴᠡᠬᠦ ᠦᠭᠡᠢ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢ ᠬᠠᠥᠯᠢ ᠶᠣᠰᠣᠭᠠᠷ ᠬᠦᠴᠦᠨ ᠦᠭᠡᠢ ᠪᠣᠯᠭᠠᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  ᠶᠢᠰᠦ᠂ ᠠᠵᠢᠯ ᠤᠨ ᠬᠠᠷᠢᠭᠤᠴᠠᠯᠭ᠎᠎ᠠ ᠶᠢ ᠪᠣᠳᠠᠲᠠᠶᠢᠵᠢᠭᠤᠯᠤᠨ᠂ ᠪᠠᠲᠤᠯᠠᠭ᠎᠎ᠠ ᠶᠢᠨ ᠠᠷᠭ᠎᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ

  29. ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ︽ ᠬᠡᠯᠬᠢᠶᠡᠨ ᠳᠠᠷᠤᠭ᠎ᠠ ᠶᠢᠨ ᠳᠦᠷᠢᠮ ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠠᠵᠢᠯᠯᠠᠬᠤ ᠡᠷᠴᠢᠮ ᠵᠢᠨᠨ ᠴᠢᠩᠭᠠᠷᠠᠭᠤᠯᠵᠤ᠂ ᠬᠠᠮᠵᠢᠯᠴᠠᠵᠤ ᠬᠠᠮᠲᠤᠷᠠᠬᠤ ᠪᠠᠨ ᠴᠢᠩᠭᠠᠳᠬᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠰᠠᠢᠢᠲᠤᠷ ᠬᠢᠨ᠎ᠡ᠃ ᠨᠡᠮᠡᠭᠦᠷᠢ ᠶᠢᠨ ᠲᠥᠷᠥᠯ ᠤᠨ ᠲᠥᠷᠥ ᠶᠢᠨ ᠪᠣᠳᠣᠯᠭ᠎ᠠ ᠳᠤ ᠬᠡᠷᠡᠭᠵᠢᠭᠦᠯᠬᠦ ᠨᠠᠷᠢᠨ ᠳᠦᠷᠢᠮ ︵ ᠲᠥᠰᠥᠯ ︶ ᠲᠣᠭᠲᠠᠭᠠᠵᠤ᠂ ᠡᠯ᠎ᠡ ᠬᠠᠷᠢᠭᠤᠴᠠᠯᠭᠠᠲᠤ ᠨᠢᠭᠡᠴᠢ ᠨᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠳᠠᠯᠠᠵᠤ᠂ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠴᠠᠭ ᠲᠤᠬᠠᠢ ᠳ᠋ᠤ ᠨᠢ ᠠᠵᠢᠯ ᠵᠢᠨᠨ ᠰᠤᠳᠤᠯᠵᠤ᠂ ᠡᠭᠦᠷᠭᠡ ᠪᠠᠨ ᠳᠣᠷᠣᠭᠰᠢ ᠳᠡᠯᠭᠡᠨ ᠪᠠᠶᠢᠷᠢᠯᠠᠭᠤᠯᠵᠤ᠂ ᠠᠰᠠᠭᠤᠳᠠᠯ ᠢ ᠰᠢᠢᠳᠪᠦᠷᠢᠯᠡᠨ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠳᠤ ᠳᠡᠪᠰᠢᠭᠦᠯᠵᠦ ᠰᠤᠳᠤᠯᠤᠭᠤᠯᠬᠤ ᠬᠡᠷᠡᠭᠲᠡᠢ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠯ᠎ᠡ ᠬᠠᠷᠢᠭᠤᠴᠠᠯᠭᠠᠲᠤ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  30. ᠲᠦᠭᠦᠬᠡᠢ ᠰ᠋ᠦ᠋ ᠶᠢᠨ ᠦᠢᠯᠡᠳᠪᠦᠷᠢᠯᠡᠬᠦ ᠥᠪᠡᠷ ᠤᠨ ᠥᠷᠳᠡᠭ ᠢ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠠᠷᠠᠯᠵᠢᠶᠠᠨ ᠤ ᠯᠠᠪᠯᠠᠯᠲᠠ ᠵᠢᠨ ᠦᠨ᠎ᠡ ᠬᠠᠩᠰᠢ ᠵᠢᠨ ᠬᠡᠪ ᠵᠠᠭᠪᠤᠷ ᠢ ᠰᠢᠨᠵᠢᠯᠡᠬᠦ ᠤᠬᠠᠭᠠᠨᠴᠢ ᠪᠠᠷ ᠪᠠᠶᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠦ ᠪᠠᠶᠢᠭᠠᠳ ᠲᠦᠭᠦᠬᠡᠢ ᠰ᠋ᠦ᠋ ᠶᠢᠨ ᠦᠨ᠎ᠡ ᠬᠠᠩᠰᠢ ᠵᠢ ᠵᠥᠪᠳᠡᠯᠴᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠲᠦᠭᠦᠬᠡᠢ ᠰ᠋ᠦ᠋ ᠪᠣᠷᠣᠯᠠᠭᠤᠯᠬᠤ ᠪᠠ ᠬᠤᠳᠠᠯᠳᠤᠨ ᠠᠪᠬᠤ ᠡᠮᠬᠢ ᠳᠢᠭᠯᠢᠮ ᠢ ᠲᠣᠭᠲᠠᠪᠤᠷᠢᠵᠢᠭᠤᠯᠤᠨ᠎ᠠ᠃ ᠠᠵᠤ ᠦᠢᠯᠡᠰ ᠤᠨ ᠲᠥᠷᠥ ᠵᠢᠨ ᠪᠣᠳᠣᠯᠭ᠎ᠠ ᠵᠢᠨ ᠦᠨᠡᠯᠡᠯᠲᠡ ᠵᠢᠱᠢᠯᠲᠡ ᠵᠢ ᠢᠳᠡᠪᠬᠢᠲᠡᠢ ᠪᠠᠷ ᠥᠷᠨᠢᠭᠦᠯᠵᠦ᠂ ᠵᠠᠬ᠎ᠠ ᠳᠡᠯᠭᠡᠭᠦᠷ ᠤᠨ ᠰᠡᠷᠡᠮᠵᠢᠯᠡᠭᠦᠯᠬᠦ ᠲᠣᠭᠲᠠᠴᠠ ᠵᠢ ᠰᠦᠪᠡᠭᠴᠢᠯᠡᠨ ᠪᠠᠶᠢᠭᠤᠯᠵᠤ᠂ ᠭᠡᠨᠡᠳᠲᠡ ᠶᠢᠨ ᠪᠠᠶᠢᠳᠠᠯ ᠢ ᠴᠠᠭ ᠲᠤᠬᠠᠢ ᠳᠤ ᠨᠢ ᠰᠢᠢᠳᠪᠦᠷᠢᠯᠡᠵᠦ᠂ ᠬᠡᠲᠦᠷᠡᠮᠡᠬᠡᠢ ᠪᠠᠶᠢᠳᠠᠯ ᠡᠭᠦᠰᠬᠦ ᠡᠴᠠ ᠰᠡᠷᠭᠡᠶᠢᠯᠡᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠬᠤᠷᠢᠶᠠᠨ ᠤ ᠠᠯᠪᠠᠨ ᠭᠡᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  31. ᠰᠠᠯᠭᠠᠨ ᠥᠭᠬᠦ ᠲᠣᠭᠲᠠᠴᠠ ᠳᠤ ᠰᠢᠨ᠎ᠡ ᠶᠢ ᠡᠭᠦᠳᠴᠦ᠂ ᠰ᠋ᠦ᠋ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠤᠨ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠲᠥᠷᠥᠯ ᠵᠦᠢᠯ ᠤᠨ ᠪᠡᠯᠡ ᠮᠥᠩᠭᠦ ᠶᠢ ᠠᠶᠢᠮᠠᠭ ᠬᠤᠲᠠ ᠡᠴᠠ ᠬᠡᠷᠡᠭᠵᠢᠭᠦᠯᠬᠦ ᠭᠤᠣᠯ ᠴᠣᠭᠴᠠ ᠳᠤ ᠰᠢᠭᠤᠳ ᠰᠠᠯᠭᠠᠨ ᠥᠭᠭᠦᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠡᠯ᠎ᠡ ᠲᠦᠷᠦᠭᠦᠯᠡᠨ ᠬᠠᠷᠢᠭᠤᠴᠠᠬᠤ ᠰᠠᠯᠠᠭ᠎ᠠ ᠮᠥᠴᠢᠷ ᠲᠠᠢ ᠬᠠᠮᠲᠤᠷᠠᠨ ᠪᠡᠯᠡ ᠮᠥᠩᠭᠦᠨ ᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠪᠡᠯᠡ ᠮᠥᠩᠭᠦᠨ ᠤ ᠵᠠᠷᠤᠯᠭ᠎ᠠ ᠶᠢᠨ ᠠᠬᠢᠴᠠ ᠵᠡᠷᠭᠡ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠪᠡᠯᠡ ᠮᠥᠩᠭᠦ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠭᠦᠢᠴᠡᠳ ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  32. ᠰᠠᠭᠤᠷᠢ ᠮᠥᠩᠭᠦᠨ ᠤ ᠵᠢᠭᠡᠯᠡᠯᠭᠡ ᠶᠢᠨ ᠲᠡᠮᠳᠡᠭᠲᠦ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠰᠠᠶᠢᠲᠤᠷ ᠬᠡᠷᠡᠭᠯᠡᠵᠦ ᠨᠦᠬᠡᠴᠡ ᠭᠦᠢᠴᠡᠳ ᠮᠥᠷᠲᠡᠭᠡᠨ ᠠᠵᠢᠯ ᠡᠬᠢᠯᠡᠭᠦᠯᠬᠦ ᠨᠦᠭᠦᠴᠡᠯ ᠲᠠᠢ ᠰ᠋ᠦ᠋ ᠰᠠᠭᠠᠯᠢ ᠶᠢᠨ ᠠᠵᠤ ᠦᠢᠯᠡᠰ ᠤᠨ ᠬᠡᠯᠬᠢᠶᠡᠨ ᠤ ᠴᠢᠨᠠᠷ ᠰᠠᠶᠢᠲᠠᠢ ᠬᠥᠭᠵᠢᠯᠲᠡ ᠶᠢᠨ ᠲᠥᠷᠥᠯ ᠵᠦᠢᠯ ᠢ ᠤᠷᠢᠳ ᠢᠶᠠᠷ ᠳᠡᠮᠵᠢᠨ᠎ᠡ᠃ ᠰ᠋ᠦ᠋ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠬᠢ ᠪᠡᠯᠡ ᠣᠷᠤᠭᠤᠯᠤᠯᠲᠠ ᠵᠢᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠲᠡᠵᠢᠭᠡᠨ ᠦᠷᠡᠵᠢᠭᠦᠯᠬᠦ᠂ ᠡᠪᠡᠰᠦᠨ ᠤ ᠦᠢᠯᠡᠰ ᠵᠡᠷᠭᠡ ᠭᠤᠣᠯᠳᠠᠯᠭ᠎ᠠ ᠪᠣᠯᠬᠤ ᠲᠥᠷᠥᠯ ᠵᠦᠢᠯ ᠢ ᠤᠷᠢᠳ ᠢᠶᠠᠷ ᠳᠡᠮᠵᠢᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  33. ᠮᠥᠩᠭᠦᠨ ᠭᠦᠢᠯᠭᠡᠭᠡᠨ ᠤ ᠳᠡᠮᠵᠢᠯᠭᠡ ᠶᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠵᠠᠬ᠎ᠠ ᠳᠤ ᠭᠠᠷᠴᠤ ᠫᠠᠶᠢᠰᠠ ᠡᠯᠭᠦᠬᠦ ᠶᠢ ᠱᠠᠩᠨᠠᠨ ᠨᠥᠬᠦᠪᠦᠷᠢᠯᠡᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠦᠭᠦᠴᠡᠯ ᠳᠤ ᠨᠡᠶᠢᠴᠡᠭᠰᠡᠨ ᠡᠪᠡᠰᠦᠨ ᠤ ᠦᠢᠯᠡᠰ᠂ ᠰ᠋ᠦ᠋ ᠶᠢᠨ ᠦᠢᠯᠡᠰ ᠵᠡᠷᠭᠡ ᠠᠵᠤ ᠠᠬᠤᠶᠢᠯᠠᠯ ᠤᠨ ᠫᠠᠶᠢᠰᠠ ᠡᠯᠭᠦᠬᠦ᠂ ᠵᠠᠬ᠎ᠠ ᠳᠤ ᠭᠠᠷᠴᠤ ᠪᠡᠯᠡ ᠲᠣᠬᠢᠷᠠᠭᠤᠯᠬᠤ ᠪᠠ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠳᠡᠮᠵᠢᠨ᠎ᠡ︔ ︽ ᠪᠠᠲᠤᠯᠠᠬᠤ ᠳᠤ ᠲᠤᠰᠠᠯᠠᠬᠤ ᠵᠢᠭᠡᠯᠡᠯᠭᠡ ︾᠂ ︽ ᠠᠠᠮᠢᠳᠤ ᠪᠡᠶᠡᠲᠦ ᠶᠢᠨ ᠵᠢᠭᠡᠯᠡᠯᠭᠡ ︾᠂ ︽ ᠳᠠᠭᠠᠳᠬᠠᠯ ᠤᠨ ᠬᠠᠭᠤᠳᠠᠰᠤ ᠪᠠᠷ ᠳᠠᠨᠵᠢᠯᠠᠬᠤ ︾᠂ ︽ ᠬᠥᠬᠡ ᠳᠠᠷᠤᠰᠢ ᠶᠢᠨ ᠵᠢᠭᠡᠯᠡᠯᠭᠡ ︾ ᠵᠡᠷᠭᠡ ᠮᠥᠩᠭᠦᠨ ᠭᠦᠢᠯᠭᠡᠭᠡᠨ ᠤ ᠨᠡᠷᠡᠳᠭᠦᠨ ᠢ ᠶᠡᠭᠡ ᠬᠦᠴᠦᠨ ᠢᠶᠠᠷ ᠳᠡᠯᠭᠡᠷᠡᠭᠦᠯᠦᠨ᠎ᠡ︔ ᠦᠨᠢᠶᠡᠨ ᠰ᠋ᠦ᠋ ᠶᠢᠨ ᠦᠨ᠎ᠡ ᠬᠠᠩᠰᠢ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠢ ᠰᠦᠪᠡᠭᠴᠢᠯᠡᠨ ᠥᠷᠨᠢᠭᠦᠯᠦᠨ᠎ᠡ︔ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠵᠢᠭᠡᠯᠡᠯᠭᠡ ᠶᠢᠨ ᠬᠤᠭᠤᠴᠠᠭ᠎ᠠ ᠶᠢ ᠵᠣᠬᠢᠰᠲᠠᠢ ᠲᠣᠭᠲᠠᠭᠠᠬᠤ ᠶᠢ ᠵᠣᠷᠢᠬᠵᠢᠭᠤᠯᠵᠤ᠂ ᠤᠷᠲᠤᠪᠲᠤᠷ ᠪᠠ ᠤᠷᠳᠤ ᠬᠤᠭᠤᠴᠠᠭᠠᠨ ᠤ ᠬᠠᠷᠠᠭᠠᠯᠵᠠᠯᠲᠤ ᠬᠦᠦ ᠮᠥᠩᠭᠦᠨ ᠤ ᠨᠣᠷᠮ᠎ᠠ ᠶᠢᠨ ᠵᠢᠭᠡᠯᠡᠯᠭᠡ ᠣᠯᠭᠤᠵᠤ᠂ ᠤᠷᠲᠤᠪᠲᠤᠷ ᠪᠠ ᠤᠷᠳᠤ ᠬᠤᠭᠤᠴᠠᠭᠠᠨ ᠤ ᠵᠢᠭᠡᠯᠡᠯᠭᠡ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠵᠦ᠂ ᠲᠠᠷᠢᠶᠠᠯᠠᠩ ᠲᠠᠢ ᠬᠤᠯᠪᠣᠭᠳᠠᠬᠤ ᠵᠢᠭᠡᠯᠡᠯᠭᠡ ᠶᠢᠨ ᠲᠦᠭᠰᠢᠭᠦᠷᠢ ᠶᠢᠨ ᠬᠦᠯᠢᠴᠡᠨ ᠲᠡᠰᠪᠦᠷᠢᠯᠡᠬᠦ ᠪᠠᠶᠢᠳᠠᠯ ᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  ᠳᠡᠭᠡᠷᠡᠬᠢ ᠲᠥᠷᠥ ᠶᠢᠨ ᠪᠣᠳᠣᠯᠭ᠎ᠠ ᠶᠢ 2023 ᠣᠨ ᠤ 10 ᠳ᠋ᠤᠭᠠᠷ ᠰᠠᠷ᠎ᠠ ᠶᠢᠨ 1 ᠤ ᠡᠳᠦᠷ ᠡᠴᠠ ᠡᠬᠢᠯᠡᠨ ᠬᠡᠷᠡᠭᠵᠢᠭᠦᠯᠵᠦ᠂ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠬᠦᠴᠦᠨ ᠲᠠᠢ᠃ ︽ ᠰ᠋ᠦ᠋ ᠰᠠᠭᠠᠯᠢ ᠶᠢᠨ ᠦᠢᠯᠡᠰ ᠤᠨ ᠥᠷᠨᠢᠭᠦᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ︵ ᠥᠪᠥᠷ ᠵᠠᠰᠠᠭ ᠠᠯᠪᠠᠨ ᠲᠠᠷᠬᠠᠭᠠᠭᠰᠠᠨ 〔 2019 〕 33 ᠳ᠋ᠤᠭᠠᠷ ᠲᠣᠭᠠᠲᠤ ︶᠂ ︽ ᠰ᠋ᠦ᠋ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ︵ ᠥᠪᠥᠷ ᠵᠠᠰᠠᠭ ᠠᠯᠪᠠᠨ ᠲᠠᠷᠬᠠᠭᠠᠭᠰᠠᠨ 〔 2022 〕 18 ᠳ᠋ᠤᠭᠠᠷ ᠲᠣᠭᠠᠲᠤ ︶ ᠪᠠ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠭᠦᠬᠡᠢ ᠰ᠋ᠦ᠋ ᠶᠢ ᠠᠶᠢᠮᠠᠭ ᠬᠤᠲᠠ ᠠᠯᠤᠰᠯᠠᠨ ᠰᠢᠯᠵᠢᠭᠦᠯᠦᠨ ᠵᠥᠭᠡᠭᠡᠪᠦᠷᠢᠯᠡᠬᠦ ᠨᠡᠮᠡᠭᠦᠷᠢ ᠶᠢᠨ ᠬᠡᠷᠡᠭᠵᠢᠭᠦᠯᠬᠦ ᠨᠠᠷᠢᠨ ᠳᠦᠷᠢᠮ ︾ ︵ ᠥᠪᠥᠷ ᠲᠠᠷᠢᠶᠠᠯᠠᠩ ᠮᠠᠯ ᠠᠵᠤ ᠠᠬᠤᠢ ᠲᠠᠷᠬᠠᠭᠠᠭᠰᠠᠨ 〔 2022 〕 507 ᠳ᠋ᠤᠭᠠᠷ ᠲᠣᠭᠠᠲᠤ ︶ ᠢ ᠲᠣᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠡᠳᠦᠷ ᠡᠴᠠ ᠡᠬᠢᠯᠡᠨ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃



ᠭᠠᠷ ᠤᠲᠠᠰᠤ ᠪᠠᠷ ᠦᠵᠡᠬᠦ