6 ᠳ᠋ᠤᠭᠠᠷ ᠰᠠᠷ᠎ᠠ ᠶᠢᠨ 16 ᠤ ᠡᠳᠦᠷ ᠡᠴᠠ 6 ᠳ᠋ᠤᠭᠠᠷ ᠰᠠᠷ᠎ᠠ ᠶᠢᠨ 30 ᠤ ᠡᠳᠦᠷ

  6 ᠳ᠋ᠤᠭᠠᠷ ᠰᠠᠷ᠎ᠠ ᠶᠢᠨ 17 ᠤ ᠡᠳᠦᠷ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠦᠨ ᠶᠢᠨ ᠯᠦᠩ ᠲᠠᠢ ᠠᠭᠤᠯᠵᠠᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠧᠩ ᠬᠤᠩ ᠹᠠᠨ᠂ ᠢᠤᠢ ᠯᠢ ᠰᠢᠨ᠂ ᠶᠣᠣ ᠶᠦᠩ ᠪᠥᠸᠧ ᠠᠭᠤᠯᠵᠠᠯᠲᠠ ᠳᠤ ᠣᠷᠣᠯᠴᠠᠪᠠ᠃

  6 ᠳ᠋ᠤᠭᠠᠷ ᠰᠠᠷ᠎ᠠ ᠶᠢᠨ 18 ᠤ ᠡᠳᠦᠷ    ᠠᠮᠢ ᠠᠬᠤᠶ ᠣᠷᠴᠢᠨ ᠲᠣᠭᠤᠷᠢᠨ ᠤ ᠶᠠᠮᠤᠨ ᠬᠢᠭᠡᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠬᠥᠬᠡᠬᠤᠲᠠ ᠳᠤ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭᠠᠨ ᠤ ᠥᠪᠥᠷ ᠮᠣᠩᠭᠤᠯ ᠤᠨ ᠶᠠᠷᠢᠶᠠᠨ ᠤ ᠲᠠᠪᠴᠠᠩ ᠢ ᠬᠠᠮᠲᠤ ᠪᠠᠷ ᠭᠤᠣᠯᠯᠠᠨ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ᠂ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠦᠨ ᠶᠢᠨ ᠯᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠬᠢᠯᠡᠯᠲᠡ ᠶᠢᠨ ᠶᠣᠰᠣᠯᠠᠯ ᠢ ᠡᠷᠬᠢᠯᠡᠪᠡ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ ︽ ᠤᠮᠠᠷᠠᠲᠤ ᠬᠢᠯᠢ ᠶᠢᠨ ᠨᠣᠮᠢᠨ ᠨᠣᠭᠤᠭᠠᠨ ᠢ ᠥᠳᠬᠡᠷᠡᠭᠦᠯᠵᠦ    ᠳᠤᠮᠳᠠᠳᠤ ᠤᠯᠤᠰ ᠤᠨ ᠬᠥᠬᠡ ᠴᠡᠩᠬᠡᠷ ᠲᠤ ᠥᠩᠭᠡ ᠪᠣᠳᠤᠭ ᠨᠡᠮᠡᠷᠢᠯᠡᠨᠡᠮ ︾ ᠭᠡᠬᠦ ᠤᠬᠠᠭᠤᠯᠭ᠎ᠠ ᠶᠢᠨ ᠹᠢᠯᠢᠮ ᠢ ᠰᠣᠨᠢᠷᠬᠠᠵᠠᠭᠠᠪᠠ᠃ ᠤᠰᠤᠨ ᠠᠰᠢᠬᠯᠠᠯᠲᠠ ᠶᠢᠨ ᠶᠠᠮᠤᠨ ᠤ ᠶᠡᠷᠦᠩᠬᠡᠶ ᠢᠨᠵᠧᠨᠧᠷ ᠵᠥᠩ ᡁᠢ ᠢᠤᠶ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠮᠢ ᠠᠬᠤᠶ ᠣᠷᠴᠢᠨ ᠲᠣᠭᠤᠷᠢᠨ ᠤ ᠰᠤᠳᠤᠯᠭᠠᠨ ᠤ ᠲᠥᠪ ᠤᠨ ᠡᠷᠳᠡᠮ ᠰᠢᠨᠵᠢᠯᠡᠭᠡᠨ ᠤ ᠵᠥᠪᠯᠡᠯ ᠤᠨ ᠡᠷᠬᠢᠯᠡᠭᠴᠢ ᠹᠦ᠋ ᠪᠥᠸᠧ ᠵᠢᠶᠧ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠴᠢᠩᠬᠤᠸᠠ ᠶᠡᠭᠡ ᠰᠤᠷᠭᠠᠭᠤᠯᠢ ᠵᠢᠨ ᠨᠡᠭᠦᠷᠡᠰᠦᠲᠥ᠋ᠷᠥᠭᠴᠢ ᠵᠢ ᠰᠠᠭᠠᠷᠮᠠᠭᠵᠢᠭᠤᠯᠬᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠾᠧ ᠺᠧ ᠪᠢᠨ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠧᠩ ᠬᠤᠩ ᠹᠠᠨ᠂ ᠢᠤᠶ ᠯᠢ ᠰᠢᠨ᠂ ᠶᠤᠤ ᠶᠦᠩ ᠪᠥᠸᠧ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠠᠮᠢ ᠠᠬᠤᠶ ᠣᠷᠴᠢᠨ ᠲᠣᠭᠤᠷᠢᠨ ᠤ ᠶᠠᠮᠤᠨ᠂ ᠡᠳ᠋ ᠤᠨ ᠵᠠᠰᠠᠭ ᠤᠨ ᠶᠠᠮᠤᠨ᠂ ᠪᠠᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠰᠤᠨ ᠠᠰᠢᠬᠯᠠᠯᠲᠠ ᠶᠢᠨ ᠶᠠᠮᠤᠨ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠵᠤᠷᠭᠠᠨ ᠲᠣᠪᠴᠢᠶᠠᠨ ᠤ ᠬᠠᠷᠢᠭᠤᠴᠠᠯᠭᠠᠲᠠᠨ ᠨᠥᠬᠦᠳ᠂ ᠡᠯ᠎ᠡ ᠮᠤᠵᠢ ︵ ᠣᠷᠣᠨ᠂ ᠬᠤᠲᠠ ︶ ᠶᠢᠨ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠬᠡᠰᠡᠭ ᠰᠢᠨᠵᠢᠯᠡᠬᠦ ᠤᠬᠠᠭᠠᠨ ᠤ ᠰᠤᠳᠤᠯᠭᠠᠨ ᠤ ᠪᠠᠢᠭᠤᠯᠤᠮᠵᠢ᠂ ᠶᠡᠭᠡ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ ᠪᠣᠯᠤᠨ ᠲᠤᠰᠬᠠᠶ ᠮᠡᠷᠭᠡᠵᠢᠯᠲᠡᠨ ᠡᠷᠳᠡᠮᠲᠡᠨ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠵᠠᠭᠤᠴᠢᠯᠠᠭᠤᠷ ᠤᠨ ᠲᠥᠯᠥᠭᠡᠯᠡᠭᠴᠢᠳ ᠶᠠᠷᠢᠶᠠᠨ ᠤ ᠲᠠᠪᠴᠠᠩ ᠳᠤ ᠣᠷᠣᠯᠴᠠᠪᠠ᠃

  ᠪᠥᠬᠦ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢᠵᠢᠯ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ 2024 ᠣᠨ ᠤ ᠬᠤᠶᠠᠳᠤᠭᠠᠷ ᠤᠳᠠᠭᠠᠨ ᠤ ᠪᠥᠬᠦᠳᠡ ︵ ᠥᠷᠭᠡᠳᠬᠡᠭᠰᠡᠨ ︶ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ ᠬᠤᠷᠠᠯᠳᠤᠭᠤᠯᠤᠭᠴᠢ ᠵᠧᠩ ᠭᠤᠸᠠᠩ ᠵᠤᠤ ᠲᠤᠰ ᠬᠤᠷᠠᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃

  6 ᠳ᠋ᠤᠭᠠᠷ ᠰᠠᠷ᠎ᠠ ᠶᠢᠨ 18 ᠤ ᠡᠳᠦᠷ ᠡᠴᠠ 19 ᠤ ᠡᠳᠦᠷ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠣᠷᠳᠣᠰ ᠬᠤᠲᠠ ᠳᠤ ᠬᠦᠷᠴᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠵᠢᠯᠣᠭᠤᠳᠴᠤ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠳᠤ ᠪᠠᠢᠴᠠᠭᠠᠨ ᠰᠤᠳᠤᠯᠤᠯᠳᠠ ᠬᠢᠪᠡ᠃ ᠸᠠᠩ ᠯᠢ ᠰᠢᠶᠠ ᠳ᠋ᠦᠩᠱᠧᠩ ᠲᠣᠭᠤᠷᠢᠭ ᠤᠨ ᠠᠨᠳᠠ ᠨᠡᠢᠭᠡᠮ ᠲᠣᠭᠤᠷᠢᠭ ᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠪᠠᠢᠭ᠎ᠠ ᠪᠠᠢᠳᠠᠯ ᠢ ᠪᠠᠢᠴᠠᠭᠠᠵᠤ᠂ ᠨᠡᠢᠭᠡᠮ ᠲᠣᠭᠤᠷᠢᠭ ᠤᠨ ᠨᠠᠮ ᠤᠨ ᠡᠭᠦᠷ ᠪᠠ ᠰᠠᠭᠤᠭᠠᠯᠢ ᠠᠷᠠᠳ ᠤᠨ ᠵᠥᠪᠯᠡᠯ ᠤᠨ ᠤᠳᠤᠷᠢᠳᠬᠤ ᠪᠠᠭ ᠪᠣᠯᠤᠨ ᠨᠡᠭᠦᠳᠡᠯ ᠨᠠᠮ ᠤᠨ ᠭᠡᠰᠢᠭᠦᠨ ᠤ ᠬᠢᠨ ᠤ ᠵᠣᠬᠢᠶᠠᠨ ᠪᠠᠢᠭᠤᠯᠤᠯᠲᠠ ᠶᠢᠨ ᠠᠮᠢᠳᠤᠷᠠᠯ ᠳᠤ ᠣᠷᠣᠯᠴᠠᠭᠰᠠᠨ ᠪᠠᠢᠳᠠᠯ ᠢ ᠨᠢ ᠣᠶᠢᠯᠠᠭᠠᠪᠠ︔ ᠥᠪᠥᠷ ᠮᠣᠩᠭᠤᠯ ᠤᠨ ᠨᠡᠭᠦᠷᠡᠰᠦᠨ ᠤ ᠠᠷᠠᠯᠵᠢᠶᠠᠨ ᠤ ᠲᠥᠪ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠶᠢ ᠡᠭᠦᠳᠬᠦ ᠮᠡᠷᠭᠡᠵᠢᠯ ᠤᠨ ᠵᠠᠪᠰᠠᠷ ᠲᠤᠷᠰᠢᠯᠲᠠ ᠶᠢᠨ ᠰᠠᠭᠤᠷᠢᠨ ᠭᠠᠵᠠᠷ ᠪᠣᠯᠤᠨ ᠥᠪᠥᠷ ᠮᠣᠩᠭᠤᠯ ᠤᠨ ᠪᠣᠣ ᠹᠧᠩ ᠨᠡᠭᠦᠷᠡᠰᠦ ᠪᠠᠷ ᠠᠯᠺᠧᠨ ᠦᠢᠯᠡᠳᠬᠦ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠦ ᠪᠠᠢᠴᠠᠭᠠᠨ ᠰᠤᠳᠤᠯᠤᠯᠲᠠ ᠬᠢᠵᠦ᠂ ᠲᠠᠪᠴᠠᠩ ᠤᠨ ᠪᠦᠳᠦᠭᠡᠨ ᠪᠠᠢᠭᠤᠯᠤᠯᠲᠠ᠂ ᠲᠦᠷᠦᠯ ᠵᠦᠢᠯ ᠤᠨ ᠠᠬᠢᠴᠠ ᠪᠣᠯᠤᠨ ᠣᠷᠣᠰᠢᠵᠤ ᠪᠠᠢᠭ᠎ᠠ ᠠᠰᠠᠭᠤᠳᠠᠯ ᠤᠳ ᠢ ᠨᠠᠷᠢᠨ ᠣᠶᠢᠯᠠᠭᠠᠪᠠ᠃ ᠡᠨᠡ ᠬᠦ ᠬᠤᠭᠤᠴᠠᠭᠠᠨ ᠳᠤ᠂ ᠪᠠᠰᠠ ᠵᠠᠬᠢᠳᠠᠯ ᠰᠤᠷᠪᠤᠯᠵᠢᠯᠠᠯ ᠤᠨ ᠬᠡᠷᠡᠭ ᠢ ᠳᠠᠭᠠᠭᠠᠴᠢᠯᠠᠨ ᠰᠢᠢᠳᠪᠦᠷᠢᠯᠡᠭᠰᠡᠨ ᠪᠠᠢᠳᠠᠯ ᠢ ᠲᠤᠬᠠᠶ ᠶᠢᠨ ᠭᠠᠵᠠᠷ ᠲᠤ ᠨᠢ ᠳᠣᠭᠢᠷᠠᠭᠤᠯᠪᠠ᠃

  6 ᠳ᠋ᠤᠭᠠᠷ ᠰᠠᠷ᠎ᠠ ᠶᠢᠨ 19 ᠤ ᠡᠳᠦᠷ   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠣᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠥᠬᠡᠬᠤᠲᠠ ᠳᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠳᠤᠮᠳᠠᠳᠤ ᠤᠯᠤᠰ ᠤᠨ ᠠᠷᠠᠳᠴᠢᠯᠠᠯ ᠢ ᠠᠬᠢᠭᠤᠯᠬᠤ ᠬᠤᠷᠠᠯ ᠤᠨ ᠲᠥᠪ ᠬᠤᠷᠢᠶᠠᠨ ᠤ ᠲᠡᠷᠢᠭᠦᠯᠡᠭᠴᠢ ᠼᠠᠢ ᠳ᠋ᠡ ᠹᠧᠩ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠷᠠᠳᠴᠢᠯᠠᠯ ᠢ ᠠᠬᠢᠭᠤᠯᠬᠤ ᠬᠤᠷᠠᠯ ᠤᠨ ᠲᠥᠪ ᠬᠤᠷᠢᠶᠠᠨ ᠤ ᠪᠠᠢᠩᠭᠤ ᠶᠢᠨ ᠳᠡᠳ᠋ ᠲᠡᠷᠢᠭᠦᠯᠡᠭᠴᠢ ᠵᠦ ᠶᠦᠩ ᠰᠢᠨ ᠲᠠᠢ ᠪᠠᠷᠠᠳᠠᠨ ᠠᠭᠤᠯᠵᠠᠪᠠ᠃ ᠳᠤᠮᠳᠠᠳᠤ ᠤᠯᠤᠰ ᠤᠨ ᠠᠷᠠᠳᠴᠢᠯᠠᠯ ᠢ ᠠᠬᠢᠭᠤᠯᠬᠤ ᠬᠤᠷᠠᠯ ᠤᠨ ᠲᠥᠪ ᠬᠤᠷᠢᠶᠠᠨ ᠤ ᠳᠡᠳ᠋ ᠲᠡᠷᠢᠭᠦᠯᠡᠭᠴᠢ ᠵᠠᠩ ᠢᠤᠢ ᠳ᠋ᠦᠩ᠂ ᠸᠠᠩ ᠭᠠᠩ᠂ ᠲᠤᠤ ᠺᠠᠢ ᠶᠤᠸᠠᠨ᠂ ᠬᠤᠸᠠᠩ ᠵᠧᠨ᠂ ᠯᠢ ᠮᠠ ᠯᠢᠨ᠂ ᠯᠢᠦ ᠺᠤᠸᠠᠨ ᠷᠧᠨ᠂ ᠾᠧ ᡁᠢ ᠮᠢᠨ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠦᠦᠳᠠᠭᠤᠯᠠ᠂ ᠢᠤᠢ ᠯᠢ ᠰᠢᠨ᠂ ᠵᠠᠩ ᠱᠤᠤ ᠴᠦᠨ᠂ ᠰᠦᠨ ᠵᠢᠶᠦ᠋ᠨ ᠴᠢᠩ ᠠᠵᠢᠯᠯᠠᠭ᠎ᠠ ᠳᠤ ᠣᠷᠣᠯᠴᠠᠪᠠ᠃

  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠳᠤ ᠬᠦᠷᠴᠦ᠂ ︽ ᠭᠡᠷᠡᠴᠢᠯᠡᠯ ᠬᠠᠮᠲᠤ ᠶᠢᠨ ᠠᠶᠠᠯᠠᠯ ︾ ᠭᠡᠬᠦ ᠰᠡᠳᠦᠪᠲᠦ ᠭᠤᠮᠢᠨᠳᠠᠩ ᠤᠨ ᠬᠤᠪᠢᠰᠬᠠᠯᠲᠤ ᠬᠤᠷᠢᠶᠠᠨ ᠤ ᠬᠠᠷᠠᠭᠠᠨ ᠳᠠᠬᠢ ︽ ᠤᠮᠠᠷᠠᠲᠤ ᠶᠢᠨ ᠭᠤᠷᠪᠠᠨ ᠣᠷᠣᠨ ︾ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠣᠳᠠᠲᠤ ᠲᠡᠮᠳᠡᠭᠯᠡᠯ ᠤᠨ ᠳᠦᠷᠰᠦ ᠰᠢᠩᠭᠡᠭᠡᠯᠲᠡ ᠭᠡᠷᠡᠯ ᠵᠢᠷᠤᠭ ᠤᠨ ᠦᠵᠡᠭᠦᠯᠭᠡ ᠶᠢ ᠲᠣᠭᠤᠷᠢᠨ ᠦᠵᠡᠪᠡ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠤᠢ ᠯᠢ ᠰᠢᠨ᠂ ᠪᠠᠢ ᠴᠢᠩ ᠶᠤᠸᠠᠨ ᠠᠵᠢᠯᠯᠠᠭ᠎ᠠ ᠳᠤ ᠣᠷᠣᠯᠴᠠᠪᠠ᠃

  6 ᠳ᠋ᠤᠭᠠᠷ ᠰᠠᠷ᠎ᠠ ᠶᠢᠨ 20 ᠤ ᠡᠳᠦᠷ   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ︽ ᠲᠠᠪᠤᠨ ᠶᠡᠭᠡ ᠡᠭᠦᠷᠭᠡ ︾ ᠵᠢᠴᠢ ︽ ᠵᠢᠷᠭᠤᠭᠠᠨ ᠢᠨᠵᠧᠨᠧᠷᠢᠩ ︾ ᠢ ᠠᠬᠢᠭᠤᠯᠤᠭᠰᠠᠨ ᠪᠠᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠤᠳ ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠸᠠᠩ ᠯᠢ ᠰᠢᠶᠠ᠂ ᠯᠢᠦ ᠱᠤᠸᠠᠩ᠂ ᠬᠤᠸᠠᠩ ᡁᠢ ᠴᠢᠶᠠᠩ᠂ ᠯᠢ ᠢᠤᠢ ᠭᠠᠩ᠂ ᠢᠤᠢ ᠯᠢ ᠰᠢᠨ᠂ ᠪᠣᠣ ᠰᠢᠶᠠᠨ ᠬᠤᠸᠠ᠂ ᠵᠧᠩ ᠭᠤᠸᠠᠩ ᠵᠤᠤ᠂ ᠶᠤᠤ ᠶᠦᠩ ᠪᠥᠸᠧ ᠬᠤᠷᠠᠯ ᠳᠤ ᠣᠷᠣᠯᠴᠠᠪᠠ᠃

  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠢᠩᠭᠤ ᠵᠢᠨ ᠬᠤᠷᠠᠯ ᠵᠢᠴᠢ ᠪᠦᠬᠦ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠵᠢᠯᠣᠭᠤᠳᠬᠤ ᠭᠠᠵᠠᠷ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠡᠴᠠ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠲᠠᠪᠤᠳᠤᠭᠠᠷ ᠤᠳᠠᠭ᠎ᠠ ᠵᠢᠨ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠵᠢᠨ ᠱᠠᠭᠠᠷᠳᠠᠯᠭ᠎ᠠ᠂ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠡᠨᠧᠷᠭᠢ ᠬᠡᠷᠡᠭᠯᠡᠬᠦ ᠣᠷᠭᠢᠯ ᠬᠤᠭᠤᠴᠠᠭᠠᠨ ᠳᠤ ᠴᠢᠭᠯᠡᠭᠦᠯᠦᠨ ᠵᠤᠨ ᠤ ᠤᠯᠠᠷᠢᠯ ᠤᠨ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠷᠠᠯ ᠳᠤ ᠪᠦᠬᠦ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠪᠠᠢᠷᠢᠯᠠᠭᠤᠯᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢᠵᠢᠯ ᠢ ᠠᠬᠢᠭᠤᠯᠬᠤ ᠬᠤᠯᠪᠣᠭᠳᠠᠯ ᠪᠦᠬᠦᠢ ᠠᠵᠢᠯ ᠤᠳ ᠢ ᠰᠤᠳᠤᠯᠤᠨ ᠪᠠᠢᠷᠢᠯᠠᠭᠤᠯᠵᠤ᠂ ᠭᠠᠶᠢᠯᠢ ᠰᠦᠢᠳᠬᠡᠯ ᠤᠨ ᠪᠠᠲᠤᠯᠠᠭ᠎ᠠ ᠶᠢᠨ ᠠᠷᠭ᠎ᠠ᠂ ᠠᠵᠢᠯ ᠠᠯᠳᠠᠯᠲᠠ ᠶᠢᠨ ᠳᠠᠭᠠᠳᠬᠠᠯ ᠤᠨ ᠬᠡᠷᠡᠭᠵᠢᠭᠦᠯᠬᠦ ᠠᠷᠭ᠎ᠠ᠂ ᠭᠠᠵᠠᠷ ᠬᠥᠳᠡᠯᠦᠯᠲᠡ ᠶᠢᠨ ᠠᠮᠤᠷ ᠲᠦᠪᠰᠢᠨ ᠴᠢᠨᠠᠷ ᠤᠨ ᠦᠨᠡᠯᠡᠯᠲᠡ ᠶᠢᠨ ᠬᠠᠮᠢᠶᠠᠷᠤᠯᠲᠠ ᠶᠢᠨ ᠠᠷᠭ᠎ᠠ ᠵᠢ ᠬᠢᠨᠠᠨ ᠵᠥᠪᠯᠡᠵᠦ ᠪᠠᠲᠤᠯᠠᠨ᠂ ᠲᠥᠰᠦᠪ ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ᠂ ᠵᠡᠷᠡᠮᠳᠡᠭ ᠲᠥᠷᠥᠬᠦ ᠶᠢ ᠰᠡᠷᠭᠡᠶᠢᠯᠡᠨ ᠵᠠᠰᠠᠬᠤ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠵᠡᠷᠭᠡ ᠲᠦᠷᠢᠮ ᠤᠨ ᠲᠥᠰᠦᠯ ᠢ ᠰᠤᠳᠤᠯᠪᠠ᠃

  6 ᠳ᠋ᠤᠭᠠᠷ ᠰᠠᠷ᠎ᠠ ᠶᠢᠨ 21 ᠤ ᠡᠳᠦᠷ   ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ᠨᠠᠮ ᠤᠨ ᠰᠠᠬᠢᠯᠭ᠎ᠠ ᠪᠠᠲᠤ ᠶᠢᠨ ᠪᠠᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠠᠮᠲᠤ ᠶᠢᠨ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠳ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠢᠳᠠᠯ ᠲᠠᠢ ᠪᠠᠨ ᠤᠶᠠᠯᠳᠤᠭᠤᠯᠤᠨ ᠦᠭᠡ ᠬᠡᠯᠡᠵᠡᠭᠡᠪᠡ᠃

  6 ᠳ᠋ᠤᠭᠠᠷ ᠰᠠᠷ᠎ᠠ ᠶᠢᠨ 24 ᠤ ᠡᠳᠦᠷ   ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ︽ ᠪᠡᠭᠡᠵᠢᠩ ᠲᠢᠶᠠᠨᠵᠢᠨ ᠾᠧᠪᠧᠶ ᠶᠢᠨ ᠬᠠᠮᠵᠢᠯᠴᠠᠨ ᠬᠥᠭᠵᠢᠬᠦ ᠳᠤ ᠥᠪᠥᠷ ᠮᠣᠩᠭᠤᠯ ᠤᠨ ᠭᠦᠨᠵᠡᠭᠡᠶ ᠠᠭᠤᠰᠤᠯᠴᠠᠬᠤ ᠶᠢ ᠠᠬᠢᠭᠤᠯᠬᠤ ︾ ᠲᠤᠰᠬᠠᠶ ᠰᠡᠳᠦᠪᠲᠦ ᠵᠥᠪᠳᠡᠯᠴᠡᠬᠦ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠶᠠᠨ ᠺᠦᠨ ᠲᠤᠰ ᠬᠤᠷᠠᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠲᠤᠰ ᠬᠤᠷᠠᠯ ᠳᠤ ᠣᠷᠣᠯᠴᠠᠭᠰᠠᠨ ᠪᠥᠭᠡᠳ ᠪᠠᠢᠳᠠᠯ ᠢᠶᠠᠨ ᠨᠡᠪᠳᠡᠷᠡᠭᠦᠯᠦᠨ ᠮᠡᠳᠡᠭᠡᠯᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠠᠨ ᠷᠦᠨ ᠱᠧᠩ ᠬᠤᠷᠠᠯ ᠢ ᠡᠷᠭᠢᠯᠡᠭᠰᠡᠨ ᠪᠥᠭᠡᠳ ᠪᠠᠢᠴᠠᠭᠠᠨ ᠰᠤᠳᠤᠯᠤᠯᠲᠠ ᠶᠢᠨ ᠪᠠᠢᠳᠠᠯ ᠤᠨ ᠲᠣᠳᠣᠷᠬᠠᠶᠢᠯᠠᠯᠲᠠ ᠬᠢᠪᠠ᠃ ᠬᠤᠷᠠᠯ ᠲᠡᠭᠡᠷ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠦᠷᠦ ᠶᠢᠨ ᠪᠤᠳᠤᠯᠭ᠎ᠠ ᠰᠤᠳᠤᠯᠬᠤ ᠲᠠᠰᠤᠭ᠂ ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠢᠩᠬᠢᠮ ᠤᠨ ᠬᠠᠷᠢᠭᠤᠴᠠᠯᠭᠠᠳᠠᠨ ᠨᠦᠬᠦᠳ ᠪᠠᠢᠳᠠᠯ ᠢᠶᠠᠨ ᠨᠡᠪᠲᠡᠷᠡᠭᠦᠯᠦᠨ ᠮᠡᠳᠡᠭᠡᠯᠡᠵᠦ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ᠂ ᠤᠶᠤᠨ ᠤ ᠬᠦᠮᠦᠷᠭᠡ ᠶᠢᠨ ᠲᠤᠰᠬᠠᠢ ᠮᠡᠷᠭᠡᠵᠢᠯᠳᠡᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠭᠦᠳ ᠦᠭᠡ ᠬᠡᠯᠡᠭᠰᠡᠨ ᠪᠦᠭᠡᠳ ᠰᠠᠨᠠᠯ ᠢᠶᠠᠨ ᠰᠤᠯᠢᠯᠴᠠᠪᠠ᠃

  6 ᠳ᠋ᠤᠭᠠᠷ ᠰᠠᠷ᠎ᠠ ᠶᠢᠨ 24 ᠤ ᠡᠳᠦᠷ ᠡᠴᠠ 25 ᠤ ᠡᠳᠦᠷ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠰᠢᠯᠢ ᠶᠢᠨ ᠭᠤᠤᠯ ᠠᠶᠢᠮᠠᠭ ᠲᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠡᠴᠠ ᠠᠪᠤᠷᠬᠠᠤ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠠᠵᠤ ᠦᠶᠯᠡᠰ ᠤᠨ ᠬᠥᠭᠵᠢᠯᠲᠡ ᠵᠡᠷᠭᠡ ᠪᠠᠢᠳᠠᠯ ᠳᠤ ᠪᠠᠢᠴᠠᠭᠠᠨ ᠰᠤᠳᠤᠯᠤᠯᠳᠠ ᠬᠢᠪᠡ᠃ ᠸᠠᠩ ᠯᠢ ᠰᠢᠶᠠ ᠰᠥᠨᠢᠳ ᠵᠡᠭᠦᠨ ᠬᠤᠰᠢᠭᠤᠨ ᠤ ᠴᠠᠭᠠᠨ ᠤᠪᠤᠭ᠎ᠠ ᠪᠠᠯᠭᠠᠰᠤᠨ ᠳᠤ ᠬᠦᠷᠴᠦ ᠲᠤᠬᠠᠶ ᠶᠢᠨ ᠲᠠᠯᠠᠪᠠᠶ ᠳᠤ ᠠᠯᠪᠠᠯᠠᠨ ᠲᠠᠯ᠎ᠠ ᠨᠤᠲᠤᠭ ᠲᠤ ᠭᠦᠨᠵᠡᠭᠡᠢᠷᠡᠨ ᠮᠠᠯᠵᠢᠬᠤ ᠡᠷᠦᠬᠡ ᠲᠠᠢ ᠬᠠᠮᠲᠤ ᠭᠠᠩᠳᠠᠭᠰᠠᠨ ᠪᠠᠢᠳᠠᠯ ᠢ ᠪᠠᠢᠴᠠᠭᠠᠨ ᠦᠵᠡᠪᠡ︔ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠲᠤᠬᠠᠢ ᠶᠢᠨ ᠲᠠᠯᠠᠪᠠᠢ ᠳᠤ ᠬᠦᠷᠴᠦ᠂ ᠡᠯᠡᠰᠦ ᠶᠢ ᠵᠠᠰᠠᠵᠤ ᠪᠠᠢᠭᠰᠠᠨ ᠣᠯᠠᠨ ᠲᠦᠮᠡᠨ ᠲᠠᠢ ᠬᠠᠮᠲᠤ ᠪᠠᠷ ᠡᠯᠡᠰᠦᠨ ᠬᠠᠯᠬᠠᠪᠴᠢ ᠶᠢ ᠳᠡᠪᠢᠰᠪᠡ︔ ︽ 7.1 ᠤ ᠭᠠᠪᠢᠶᠠᠨ ᠲᠡᠮᠳᠡᠭ ︾ ᠬᠦᠷᠲᠡᠭᠴᠢ ᠲᠢᠩ  ᠪᠠᠭᠠᠲᠤᠷ ᠢ ᠲᠤᠰᠬᠠᠢᠯᠠᠨ ᠪᠣᠯᠭᠤᠭᠠᠨ ᠦᠵᠡᠵᠦ᠂ ᠪᠡᠯᠴᠢᠭᠡᠷ᠂ ᠬᠠᠰᠢᠶ᠎ᠠ ᠰᠠᠷᠠᠪᠴᠢ᠂ ᠡᠪᠡᠰᠦ ᠪᠣᠷᠳᠣᠭᠠᠨ ᠤ ᠬᠥᠮᠥᠷᠭᠡ ᠳᠤ ᠬᠦᠷᠴᠦ᠂ ᠭᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ︔ ᠤᠷᠢᠳᠴᠢᠯᠠᠨ ᠮᠡᠳᠡᠭᠳᠡᠭᠰᠡᠨ ᠦᠭᠡᠢ ᠪᠠᠷ ᠵᠠᠬᠢᠳᠠᠯ ᠰᠤᠷᠪᠤᠯᠵᠢᠯᠠᠯ ᠤᠨ ᠲᠠᠩᠬᠢᠮ ᠳᠤ ᠬᠦᠷᠴᠦ᠂ ᠵᠠᠬᠢᠳᠠᠯ ᠰᠤᠷᠪᠤᠯᠵᠢᠯᠠᠯ ᠬᠢᠬᠦ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠴᠤ᠂ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠤᠭᠰᠠᠨ ᠲᠠᠩᠰᠠ ᠡᠪᠬᠡᠮᠡᠯ ᠢ ᠪᠠᠢᠴᠠᠭᠠᠨ ᠦᠵᠡᠪᠡ᠃ ᠸᠠᠩ ᠯᠢ ᠰᠢᠶᠠ ᠪᠠᠰᠠ ᠥᠪᠥᠷ ᠮᠣᠩᠭᠤᠯ ᠤᠨ ᠡᠨᠧᠷᠭᠢ ᠪᠠᠷ ᠴᠠᠬᠢᠯᠭᠠᠨ ᠭᠠᠷᠭᠠᠬᠤ ᠰᠥᠨᠢᠳ ᠵᠡᠭᠦᠨ ᠬᠤᠰᠢᠭᠤᠨ ᠤ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ᠂ ᠪᠢᠰᠢᠯᠠᠭ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠬᠦᠷᠴᠦ ᠪᠠᠢᠴᠠᠭᠠᠨ ᠰᠤᠳᠤᠯᠤᠯᠲᠠ ᠬᠢᠪᠠ︔ ᠨᠢᠭᠡᠨ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠳᠠᠷᠤᠭ᠎ᠠ ᠪᠠᠢᠯᠳᠤᠭᠴᠢ ᠪᠣᠯᠤᠨ ᠬᠢᠯᠢ ᠬᠠᠮᠠᠭᠠᠯᠠᠭᠴᠢ ᠶᠢ ᠲᠣᠬᠤᠨᠢᠭᠤᠯᠪᠠ᠃

  6 ᠳ᠋ᠤᠭᠠᠷ ᠰᠠᠷ᠎ᠠ ᠶᠢᠨ 25 ᠤ ᠡᠳᠦᠷ    ︽ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠰᠢᠨ᠎ᠡ ᠠᠶᠠᠨ ᠵᠠᠮ ᠳᠤ ᠭᠠᠷ ᠬᠤᠯᠪᠣᠨ ᠰᠢᠨ᠎ᠡ ᠴᠠᠭ ᠦᠶ᠎ᠡ ᠶᠢᠨ ᠬᠤᠣᠷᠲᠤ ᠡᠳ᠋ ᠦᠭᠡᠢ ᠤᠮᠠᠷᠠᠲᠤ ᠬᠢᠯᠢ ᠶᠢ ᠬᠠᠮᠲᠤ ᠪᠠᠷ ᠴᠣᠭᠴᠠᠯᠠᠶ᠎ᠠ ︾ ᠬᠡᠬᠦ 2024 ᠣᠨ ᠤ ︽ 6.26 ︾  ᠤ ᠣᠯᠠᠨ ᠤᠯᠤᠰ ᠤᠨ ᠬᠤᠤᠷ ᠴᠠᠭᠠᠵᠠᠯᠠᠬᠤ ᠡᠳᠦᠷ ᠤᠨ ᠥᠪᠥᠷ ᠮᠣᠩᠭᠤᠯ ᠤᠨ ᠬᠤᠤᠷ ᠴᠠᠭᠠᠵᠠᠯᠠᠬᠤ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠬᠥᠬᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠤᠤᠷ ᠴᠠᠭᠠᠵᠠᠯᠠᠬᠤ ᠵᠥᠪᠯᠡᠯ ᠤᠨ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠣᠣ ᠠᠵᠢᠯᠯᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃

  6 ᠳ᠋ᠤᠭᠠᠷ ᠰᠠᠷ᠎ᠠ ᠶᠢᠨ 26 ᠤ ᠡᠳᠦᠷ   ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠬᠤᠯᠪᠣᠭ᠎ᠠ ᠵᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠪᠥᠬᠦᠳᠡ ᠬᠤᠷᠠᠯ ᠪᠠ ᠰᠤᠷᠤᠭᠴᠢᠳ ᠤᠨ ᠬᠤᠯᠪᠣᠭ᠎ᠠ ᠶᠢᠨ ᠠᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠥᠬᠡᠬᠤᠲᠠ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠢᠩᠭᠤ ᠶᠢᠨ ᠭᠡᠰᠢᠭᠦᠨ᠂ ᠵᠣᠬᠢᠶᠠᠨ ᠪᠠᠢᠭᠤᠯᠬᠤ ᠬᠡᠯᠲᠡᠰ ᠤᠨ ᠳᠠᠷᠤᠭ᠎ᠠ ᠯᠢ ᠢᠤᠢ ᠭᠠᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠦ᠋ ᠶᠠᠨ ᠭᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ ᠶᠠᠩ ᠵᠢᠶᠧ ᠲᠤᠰ ᠬᠤᠷᠠᠯ ᠳᠤ ᠣᠷᠣᠯᠴᠠᠪᠠ᠃

  6 ᠳ᠋ᠤᠭᠠᠷ ᠰᠠᠷ᠎ᠠ ᠶᠢᠨ 28 ᠤ ᠡᠳᠦᠷ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠡᠴᠠ ᠶᠡᠷᠦᠩᠬᠡᠢ ᠱᠦᠵᠢ ᠰᠢ ᠶᠢᠨ ᠫᠢᠩ ᠤᠨ ᠣᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠳᠠᠬᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ ᠢ ᠰᠤᠳᠤᠯᠪᠠ᠃ ᠬᠤᠷᠠᠯ ᠡᠴᠠ ᠪᠠᠰᠠ ᠵᠠᠰᠠᠭ ᠤᠨ ᠣᠷᠳᠣᠨ ᠪᠣᠯᠤᠨ ᠨᠡᠢᠭᠡᠮ ᠤᠨ ᠬᠦᠷᠦᠩᠭᠡ ᠶᠢᠨ ᠬᠠᠮᠲᠤᠷᠠᠯᠴᠠᠭᠠᠨ ᠤ ᠲᠦᠷᠦᠯ ᠵᠦᠢᠯ ᠢ ᠵᠢᠷᠤᠮᠵᠢᠭᠤᠯᠬᠤ ᠲᠤᠬᠠᠢ ᠬᠡᠷᠡᠭᠵᠢᠭᠦᠯᠬᠦ ᠰᠠᠨᠠᠯ ᠢ ᠬᠢᠨᠠᠨ ᠵᠥᠪᠯᠡᠵᠦ ᠪᠠᠲᠤᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠶᠡᠭᠡ ᠪᠠᠷ ᠠᠬᠢᠭᠤᠯᠬᠤ᠂ ᠰᠢᠨ᠎ᠡ ᠶᠢ ᠡᠭᠦᠳᠬᠦ ᠬᠡᠯᠪᠡᠷᠢ ᠶᠢᠨ ᠥᠪᠥᠷ ᠮᠣᠩᠭᠤᠯ ᠢ ᠪᠦᠳᠦᠭᠡᠨ ᠪᠠᠢᠭᠤᠯᠬᠤ ᠲᠤᠬᠠᠢ ᠬᠡᠷᠡᠭᠵᠢᠭᠦᠯᠬᠦ ᠰᠠᠨᠠᠯ ᠢ ᠰᠤᠳᠤᠯᠪᠠ᠃

  ᠪᠡᠭᠡᠵᠢᠩ ᠥᠪᠥᠷ ᠮᠣᠩᠭᠤᠯ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠬᠠᠮᠲᠤᠷᠠᠭᠰᠠᠨ ᠬᠤᠷᠠᠯ ᠤᠨ 2024 ᠣᠨ ᠤ ᠬᠤᠶᠠᠳᠤᠭᠠᠷ ᠤᠳᠠᠭᠠᠨ ᠤ ᠬᠤᠷᠠᠯ ᠬᠥᠬᠡᠬᠤᠲᠠ ᠳᠤ ᠬᠤᠷᠠᠯᠳᠤᠪᠠ᠃ ᠪᠡᠭᠡᠵᠢᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠧᠶ ᠰᠢᠶᠤᠤ ᠳ᠋ᠦᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠭᠰᠠᠨ ᠪᠥᠭᠡᠳ ᠳᠡᠭᠡᠷ᠎ᠡ ᠬᠠᠭᠠᠰ ᠵᠢᠯ ᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠪᠠᠢᠳᠠᠯ ᠢ ᠲᠠᠨᠢᠯᠴᠠᠭᠤᠯᠪᠠ᠃ ᠪᠡᠭᠡᠵᠢᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠼᠦᠢ ᠱ᠌ᠤ ᠴᠢᠶᠠᠩ᠂ ᠯᠦ ᠶᠠᠨ ᠵᠢᠴᠢ ᠨᠠᠷᠢᠨ ᠪᠢᠴᠢᠭ ᠤᠨ ᠳᠠᠷᠤᠭ᠎ᠠ ᠬᠠᠨ ᠢᠤᠶ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠡᠴᠡᠭ᠂ ᠸᠧᠶ ᠭᠦᠸᠧ ᠨᠠᠨ᠂ ᠠᠨ ᠷᠦᠨ ᠱᠧᠩ᠂ ᠰᠦᠨ ᠵᠢᠶᠦ᠋ᠨ ᠴᠢᠩ ᠵᠢᠴᠢ ᠨᠠᠷᠢᠨ ᠪᠢᠴᠢᠭ ᠤᠨ ᠳᠠᠷᠤᠭ᠎ᠠ ᠶᠠᠩ ᠯᠢ ᠮᠢᠨ ᠬᠤᠷᠠᠯ ᠳᠤ ᠣᠷᠣᠯᠴᠠᠪᠠ᠃

  6 ᠳ᠋ᠤᠭᠠᠷ ᠰᠠᠷ᠎ᠠ ᠶᠢᠨ 29 ᠤ ᠡᠳᠦᠷ   2024 ᠳᠤᠮᠳᠠᠳᠤ ᠤᠯᠤᠰ ᠤᠨ ᠪᠣᠬᠢᠷᠲᠤᠯ ᠥᠬᠡᠶ ᠪᠣᠳᠣᠯᠲᠠ ᠶᠢᠨ ᠬᠦᠴᠦᠨ ︵ ᠵᠣᠬᠢᠶᠠᠮᠠᠯ ᠣᠶᠤᠨ ︶ ᠤ ᠶᠡᠭᠡ ᠬᠤᠷᠠᠯ ᠬᠥᠬᠡᠬᠤᠲᠠ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠨᠥᠬᠦᠷ ᠤᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠲᠤᠬᠠᠢ ᠶᠢᠨ ᠲᠠᠯᠠᠪᠠᠢ ᠳᠤ ᠬᠦᠷᠴᠦ ᠪᠠᠶᠠᠷ ᠤᠨ ᠦᠭᠡ ᠬᠡᠯᠡᠪᠡ᠃ ᠠᠵᠤ ᠦᠶᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠶᠡᠷᠦᠩᠬᠡᠶ ᠢᠨᠵᠧᠨᠧᠷ ᠵᠣᠣ ᡁᠢ ᠭᠦᠸᠧ᠂ ᠤᠯᠤᠰ ᠤᠨ ᠳ᠋ᠠᠢᠲ᠋ᠠ ᠶᠢᠨ ᠲᠣᠪᠴᠢᠶᠠᠨ ᠤ ᠳᠡᠳ᠋ ᠳᠠᠷᠤᠭ᠎ᠠ ᠰᠢᠶᠠ ᠪᠢᠩ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠭᠠᠩ᠂ ᠰᠦᠨ ᠵᠢᠶᠦ᠋ᠨ ᠴᠢᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠡᠬᠢᠯᠡᠯᠲᠡ ᠶᠢᠨ ᠶᠣᠰᠣᠯᠠᠯ ᠢ ᠡᠷᠭᠢᠯᠡᠭᠰᠡᠨ ᠪᠥᠭᠡᠳ ᠭᠤᠤᠯ ᠰᠡᠳᠦᠪᠲᠦ ᠲᠠᠨᠢᠯᠴᠠᠭᠤᠯᠭ᠎ᠠ ᠬᠢᠪᠠ᠃

  6 ᠳ᠋ᠤᠭᠠᠷ ᠰᠠᠷ᠎ᠠ ᠶᠢᠨ 30 ᠤ ᠡᠳᠦᠷ   2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠴᠡᠯᠡᠭᠡᠷ ᠲᠠᠯ᠎ᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ ᠲᠤᠰ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠲᠣᠰ ᠬᠤᠷᠠᠯ ᠢ ᠡᠷᠭᠢᠯᠡᠪᠡ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠳᠡᠯᠡᠬᠡᠶ ᠶᠢᠨ ᠵᠢᠭᠤᠯᠴᠢᠯᠠᠯ ᠤᠨ ᠬᠤᠯᠪᠣᠭᠠᠨ ᠤ ᠲᠡᠷᠢᠭᠦᠯᠡᠭᠴᠢ᠂ ᠰᠣᠶᠣᠯ ᠪᠠ ᠵᠢᠭᠤᠯᠴᠢᠯᠠᠯ ᠤᠨ ᠶᠠᠮᠤᠨ ᠤ ᠤᠤᠯ ᠤᠨ ᠳᠡᠳ᠋ ᠰᠠᠢᠳ ᠵᠠᠩ ᠰᠢᠤᠢ᠂ ᠳᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠢᠭᠡᠮᠯᠢᠭ ᠤᠨ ᠳᠠᠷᠤᠭ᠎ᠠ᠂ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠤᠯ ᠤᠨ ᠪᠦᠷᠢᠯᠳᠦᠬᠦᠨ᠂ ᠤᠤᠯ ᠤᠨ ᠤᠯᠤᠰ ᠤᠨ ᠵᠢᠭᠤᠯᠴᠢᠯᠠᠯ ᠤᠨ ᠲᠣᠪᠴᠢᠶᠠᠨ ᠤ ᠳᠡᠳ᠋ ᠳᠠᠷᠤᠭ᠎ᠠ ᠸᠠᠩ ᠰᠢᠶᠤᠤ ᠹᠧᠩ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃ ᠥᠪᠥᠷ ᠮᠣᠩᠭᠤᠯ ᠤᠨ ᠠᠶᠠᠯᠠᠯ ᠵᠢᠭᠤᠯᠴᠢᠯᠠᠯ ᠤᠨ ᠳᠦᠷᠢ ᠲᠥᠷᠬᠦ ᠶᠢᠨ ᠡᠯᠴᠢ ᠰᠠᠷᠠᠨ᠎ᠠ ᠥᠪᠥᠷ ᠮᠣᠩᠭᠤᠯ ᠤᠨ ᠠᠶᠠᠯᠠᠯ ᠵᠢᠭᠤᠯᠴᠢᠯᠠᠯ ᠢ ᠣᠷᠣᠯᠠᠨ ᠥᠭᠦᠯᠡᠭᠴᠢ ᠪᠤᠯᠤᠬᠰᠠᠨ ᠪᠥᠭᠡᠳ ᠲᠠᠨᠢᠯᠴᠠᠭᠤᠯᠭ᠎ᠠ ᠬᠢᠪᠡ᠃ ᠰᠢᠶᠧ ᠴᠧᠩ᠂ ᠲᠥᠩ ᠴᠧᠩ᠂ ᠮᠠ ᠹᠧᠩ ᠸᠧ᠂ ᠰᠢᠶᠣᠣ ᠬᠤᠩ ᠱᠦ ᠵᠡᠷᠭᠡ ᠠᠵᠤ ᠠᠬᠤᠶᠢᠯᠠᠯ ᠥᠪᠥᠷ ᠮᠣᠩᠭᠤᠯ ᠤᠨ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠰᠠᠨᠠᠭᠠᠴᠢᠯᠠᠭ᠎ᠠ ᠭᠠᠷᠭᠠᠵᠤ᠂ ︽ ᠭᠤᠤ ᠳ᠋ᠧ ᠨᠢᠭᠡ ᠳᠠᠷᠤᠪᠴᠢ ᠪᠠᠷ ᠥᠪᠥᠷ ᠮᠣᠩᠭᠤᠯ ᠢᠶᠠᠷ ᠵᠢᠭᠤᠯᠴᠢᠯᠠᠬᠤ ︾ ᠪᠠ ᠥᠪᠥᠷ ᠮᠣᠩᠭᠤᠯ ᠤᠨ ᠵᠣᠨ ᠤ ᠤᠯᠠᠷᠢᠯ ᠤᠨ ᠵᠢᠭᠤᠯᠴᠢᠯᠠᠯ ᠤᠨ ᠰᠣᠳᠣᠨ ᠵᠠᠮ ᠱᠤᠭᠤᠮ ᠢ ᠨᠡᠶᠢᠲᠡᠯᠡᠵᠦ᠂ ︽ ᠪᠢ ᠲᠠᠯ᠎ᠠ ᠨᠤᠲᠤᠭ ᠲᠠᠢ ᠪᠣᠯᠵᠤᠭ᠎ᠠ ᠲᠠᠢ ︾ ᠭᠡᠬᠦ ᠥᠪᠥᠷ ᠮᠣᠩᠭᠤᠯ ᠢᠶᠠᠷ ᠵᠢᠭᠤᠯᠴᠢᠯᠠᠬᠤ ᠠᠵᠢᠯᠯᠠᠭ᠎ᠠ ᠶᠢ ᠡᠬᠢᠯᠡᠭᠦᠯᠪᠡ᠃



ᠭᠠᠷ ᠤᠲᠠᠰᠤ ᠪᠠᠷ ᠦᠵᠡᠬᠦ