ᠠᠩᠬᠠᠳᠤᠭᠠᠷ ᠬᠤᠭᠤᠴᠠᠭᠠᠨ ᠤ ︽ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠷ᠎ᠠ ᠮᠡᠷᠬᠡᠰᠢᠯ ᠤᠨ ᠱᠠᠩᠨᠠᠯ ︾ ᠭᠦᠷᠳᠡᠭᠰᠡᠳ ᠢ ᠰᠠᠢᠢᠰᠢᠶᠠᠨ ᠭᠦᠬᠢᠬᠦᠯᠬᠦ ᠲᠤᠬᠠᠢ ᠨᠡᠪᠳᠡᠷᠡᠬᠦᠯᠭᠡ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

  ᠤᠷ᠎ᠠ ᠮᠡᠷᠭᠡᠰᠢᠯᠳᠦ ᠴᠢᠳᠠᠪᠤᠷᠢᠲᠠᠨ ᠪᠣᠯ ᠴᠢᠳᠠᠪᠤᠷᠢᠲᠠᠨ ᠤ ᠡᠩᠨᠡᠭᠡ ᠶᠢᠨ ᠴᠢᠬᠤᠯᠠ ᠪᠦᠷᠢᠯᠳᠦᠬᠦᠨ ᠬᠡᠰᠡᠭ ᠮᠦᠨ᠂ ᠳᠤᠮᠳᠠᠳᠤ ᠤᠯᠤᠰ ᠤᠨ ᠦᠢᠯᠡᠳᠬᠡᠯ᠂ ᠳᠤᠮᠳᠠᠳᠤ ᠤᠯᠤᠰ ᠤᠨ ᠡᠭᠦᠳᠦᠯᠲᠡ ᠵᠢ ᠲᠤᠯᠭᠠᠭᠤᠷᠢᠯᠠᠬᠤ ᠴᠢᠬᠤᠯᠠ ᠭᠦᠴᠦᠨ ᠪᠣᠯᠣᠨ᠎ᠠ᠃ ᠰᠢᠨ᠎ᠡ ᠴᠠᠭ ᠦᠶ᠎ᠡ ᠵᠢᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠂ ᠨᠢᠭᠡ ᠪᠦᠯᠦᠭ ᠳᠡᠭᠡᠳᠦ ᠤᠷ᠎ᠠ ᠮᠡᠷᠬᠡᠰᠢᠯᠲᠦ ᠴᠢᠳᠠᠪᠤᠷᠢᠲᠠᠨ ᠤ ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ᠂ ᠬᠥᠳᠡᠯᠮᠦᠷᠢ ᠢᠷᠠᠭᠤ ᠠᠯᠳᠠᠷᠲᠠᠶ᠂ ᠤᠷ᠎ᠠ ᠮᠡᠷᠬᠡᠰᠢᠯ ᠡᠷᠬᠢᠮ ᠨᠠᠨᠳᠢᠨ᠂ ᠡᠭᠦᠳᠦᠯᠲᠡ ᠠᠭᠤᠤ ᠶᠡᠭᠡ ᠬᠡᠮᠡᠭᠰᠡᠨ ᠴᠠᠭ ᠦᠶ᠎ᠡ ᠶᠢᠨ ᠬᠡᠪ ᠰᠤᠷᠲᠠᠯ ᠢ ᠪᠠᠳᠠᠷᠠᠭᠤᠯᠤᠨ᠂ ᠪᠥᠬᠦ ᠣᠷᠣᠨ ᠤ ᠤᠷ᠎ᠠ ᠮᠡᠷᠬᠡᠰᠢᠯᠲᠦ ᠴᠢᠳᠠᠪᠤᠷᠢᠲᠠᠨ ᠤ ᠡᠷᠡᠮᠡᠬᠡᠶᠢᠯᠡᠨ ᠤᠷᠤᠭᠰᠢᠯᠠᠵᠤ᠂ ᠭᠠᠪᠢᠶ᠎ᠠ ᠪᠠᠶᠢᠭᠤᠯᠤᠨ ᠦᠢᠯᠡᠰ ᠴᠣᠭᠴᠠᠯᠠᠬᠤ ᠶᠢ ᠬᠥᠲᠥᠯᠦᠨ ᠵᠢᠯᠣᠭᠤᠳᠬᠤ ᠶᠢᠨ ᠲᠤᠰᠠᠲᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠡᠴᠠ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷ᠎ᠠ ᠮᠡᠷᠬᠡᠰᠢᠯ ᠤᠨ ᠱᠠᠩᠨᠠᠯ 》 ᠢ ᠲᠣᠬᠢᠷᠠᠭᠤᠯᠵᠦ᠂ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠳᠡᠭᠡᠳᠦ ᠤᠷ᠎ᠠ ᠮᠡᠷᠭᠡᠰᠢᠯᠳᠦ ᠴᠢᠳᠠᠪᠤᠷᠢᠲᠠᠨ ᠢ ᠰᠠᠢᠢᠰᠢᠶᠠᠨ ᠭᠦᠬᠢᠬᠦᠯᠬᠦ ᠳᠤ ᠲᠣᠬᠢᠷᠠᠭᠤᠯᠤᠨ ᠬᠡᠷᠡᠭᠯᠡᠬᠦ ᠪᠠᠷ ᠪᠣᠯᠪᠠ᠃ ᠬᠢᠨᠠᠨ ᠦᠨᠡᠯᠡᠵᠦ ᠵᠠᠷᠯᠠᠨ ᠨᠡᠶᠢᠲᠡᠯᠡᠬᠦ ᠵᠡᠷᠭᠡ ᠭᠤᠭᠴᠤᠭ᠎ᠠ ᠪᠠᠷ ᠳᠠᠮᠵᠢᠭᠠᠳ᠂ ᠵᠠᠩ ᠸᠧᠨ ᠪᠢᠨ ᠵᠡᠷᠭᠡ 10 ᠬᠥᠮᠦᠨ ᠢ ᠰᠠᠢᠢᠰᠢᠶᠠᠨ ᠬᠦᠬᠢᠭᠦᠯᠵᠦ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷ᠎ᠠ ᠮᠡᠷᠬᠡᠰᠢᠯ ᠤᠨ ᠱᠠᠩᠨᠠᠯ 》 ᠤᠨ ᠴᠣᠯᠠ ᠣᠯᠭᠤᠬᠤ ᠪᠠᠷ ᠲᠣᠭᠲᠠᠪᠠ᠃

  ᠰᠠᠢᠢᠰᠢᠶᠠᠨ ᠭᠦᠬᠢᠭᠦᠯᠦᠭᠳᠡᠭᠰᠡᠨ ᠬᠥᠮᠦᠰ ᠢᠷᠠᠭᠤ ᠠᠯᠳᠠᠷ ᠢᠶᠠᠨ ᠨᠠᠨᠳᠢᠩᠨᠠᠵᠤ᠂ ᠴᠤᠴᠠᠯᠲᠠ ᠦᠬᠡᠢ ᠴᠢᠷᠮᠠᠢᠢᠨ᠂ ᠤᠷᠠᠨ ᠳᠠᠷᠬᠠᠨ ᠤ ᠵᠣᠷᠢᠭ ᠰᠠᠨᠠᠭ᠎ᠠ ᠵᠢ ᠦᠢᠯᠡᠳᠦᠯᠭᠡᠵᠢᠭᠦᠯᠵᠦ᠂ ᠵᠣᠷᠢᠭᠲᠠᠢ ᠪᠠᠷ ᠰᠢᠨ᠎ᠡ ᠶᠢ ᠡᠭᠦᠳᠦᠨ᠂ ᠮᠡᠷᠬᠡᠰᠢᠯ ᠤᠯᠠᠮᠵᠢᠯᠠᠨ ᠬᠥᠮᠦᠨ ᠬᠥᠮᠦᠵᠢᠭᠦᠯᠬᠦ ᠳ᠋ᠤ ᠪᠠᠨ ᠴᠢᠳᠠᠮᠠᠭᠠᠢᠢᠷᠠᠨ᠂ ᠰᠢᠨ᠎ᠡ ᠡᠭᠦᠷᠭᠡ ᠬᠠᠷᠢᠭᠤᠴᠠᠯᠭ᠎ᠠ ᠵᠢ ᠡᠭᠦᠷᠬᠡᠯᠡᠵᠦ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠂ ᠰᠢᠨ᠎ᠡ ᠦᠷ᠎ᠡ ᠪᠦᠲᠦᠮᠵᠢ ᠤᠯᠬᠤ ᠵᠢ ᠬᠦᠰᠡᠵᠦ ᠪᠠᠶᠢᠨ᠎ᠠ᠃ ᠡᠭᠦᠨ ᠤ ᠬᠠᠮᠲᠤ᠂ ᠪᠥᠬᠦ ᠣᠷᠣᠨ ᠤ ᠥᠷᠭᠡᠨ ᠣᠯᠠᠨ ᠬᠥᠳᠡᠯᠮᠦᠷᠢᠴᠢᠳ ᠢ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷ᠎ᠠ ᠮᠡᠷᠬᠡᠰᠢᠯ ᠤᠨ ᠱᠠᠩᠨᠠᠯ 》 ᠬᠦᠷᠲᠡᠭᠴᠢ ᠪᠠᠷ ᠳᠠᠭᠤᠷᠢᠶᠠᠯ ᠪᠣᠯᠭᠠᠵᠤ᠂ ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠵᠦ᠂ ᠭᠠᠪᠰᠢᠭᠠᠢᠢᠯᠠᠵᠦ ᠭᠠᠷᠮᠠᠭᠠᠢᠢᠯᠠᠬᠤ ᠵᠢ ᠭᠦᠬᠡᠬᠡᠴᠡᠯᠳᠦᠨ᠂ ᠤᠷ᠎ᠠ ᠮᠡᠷᠬᠡᠰᠢᠯ ᠵᠢᠨᠷ ᠵᠢᠨᠨ ᠴᠢᠳᠠᠪᠤᠷᠢᠵᠢᠵᠦ᠂ ᠤᠷ᠎ᠠ ᠮᠡᠷᠬᠡᠰᠢᠯ ᠵᠢᠨᠷ ᠵᠢᠨᠨ ᠤᠯᠤᠰ ᠲᠤ ᠪᠠᠨ ᠵᠢᠳᠭᠦᠯ ᠭᠠᠷᠭᠠᠬᠤ ᠵᠠᠮ ᠢᠶᠠᠷ ᠵᠠᠮᠨᠠᠭᠤᠯᠬᠤ ᠪᠠᠷ ᠤᠷᠢᠶᠠᠯᠠᠵᠦ ᠪᠠᠢᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠨᠢ ᠤᠷ᠎ᠠ ᠮᠡᠷᠭᠡᠰᠢᠯᠳᠦ ᠴᠢᠳᠠᠪᠤᠷᠢᠲᠠᠨ ᠢ ᠬᠥᠮᠦᠵᠢᠭᠦᠯᠬᠦ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠡᠩ ᠤᠯᠠᠨ ᠥᠨᠳᠥᠷ ᠬᠡᠪ ᠪᠣᠯᠪᠠᠰᠤᠷᠠᠯ ᠲᠠᠢ ᠮᠡᠷᠬᠡᠵᠢᠯ ᠤᠨ ᠤᠷ᠎ᠠ ᠮᠡᠷᠭᠡᠰᠢᠯᠳᠦ ᠴᠢᠳᠠᠪᠤᠷᠢᠲᠠᠨ᠂ ᠬᠠᠰᠢᠷ ᠭᠠᠷ ᠤᠷᠠᠨ ᠳᠠᠷᠬᠠᠳ ᠪᠠ ᠲᠤᠮᠤ ᠤᠯᠤᠰ ᠤᠨ ᠤᠷᠠᠨ ᠳᠠᠷᠬᠠᠳ ᠢ ᠬᠥᠮᠦᠵᠢᠭᠦᠯᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠷ᠎ᠠ ᠮᠡᠷᠭᠡᠰᠢᠯᠳᠦ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ︕

  ᠲᠠᠭᠠᠯᠳᠤᠭᠤᠯᠤᠯ᠄ ᠠᠩᠬᠠᠳᠤᠭᠠᠷ ᠬᠤᠭᠤᠴᠠᠭᠠᠨ ᠤ 《 ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ   ᠤᠷ᠎ᠠ ᠮᠡᠷᠬᠡᠰᠢᠯ ᠤᠨ ᠱᠠᠩᠨᠠᠯ 》 ᠭᠦᠷᠳᠡᠭᠰᠡᠳ ᠤᠨ   ᠨᠡᠷᠡᠰ

图片1.png  


ᠭᠠᠷ ᠤᠲᠠᠰᠤ ᠪᠠᠷ ᠦᠵᠡᠬᠦ