ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

  ︽ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠨᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃


        ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ                     ᠲᠣᠭᠲᠠᠯᠴᠠᠭ᠎᠎ᠠ ᠶᠢ  ᠤᠯᠠᠮ ᠨᠢᠭᠡ ᠠᠯᠬᠤᠮ ᠲᠡᠭᠦᠯᠳᠡᠷᠵᠢᠭᠦᠯᠬᠦ

        ᠲᠤᠬᠠᠢ ᠥᠪᠥᠷ ᠮᠣᠩᠭᠤᠯ ᠤᠨ ᠥᠪᠡᠷᠲᠡᠭᠡᠨ  ᠵᠠᠰᠠᠬᠤ  ᠣᠷᠣᠨ ᠤ           ᠬᠡᠷᠡᠭᠵᠢᠭᠦᠯᠬᠦ ᠲᠥᠰᠥᠯ


  ︽︿ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠰᠠᠨᠠᠯ ﹀ ᠢ ᠳᠠᠷᠤᠮᠠᠯᠯᠠᠨ ᠶᠠᠪᠤᠭᠤᠯᠬᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ ︾ ︵ ᠲᠥᠪ ᠠᠯᠪᠠᠨ ᠲᠠᠷᠬᠠᠭᠠᠭᠰᠠᠨ 〔 2023 〕 10 ᠳ᠋ᠤᠭᠠᠷ ᠲᠣᠭᠠᠲᠤ ︶ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠦ᠂ ᠡᠷᠡᠭᠦᠯ ᠡᠩᠬᠡ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠠᠷᠠᠳ ᠣᠯᠠᠨ ᠳᠤ ᠪᠥᠬᠦ ᠲᠠᠯ᠎ᠠ ᠶᠢᠨ ᠪᠦᠷᠢᠨ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃


  ᠨᠢᠭᠡ᠂ ᠶᠡᠷᠦᠩᠬᠡᠶ ᠱᠠᠭᠠᠷᠳᠠᠯᠭ᠎᠎ᠠ


  ︵ ᠨᠢᠭᠡ ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠠᠷᠠᠳ ᠲᠦᠮᠡᠨ ᠤ ᠡᠷᠡᠭᠦᠯ ᠴᠢᠬᠢᠷᠠᠭ ᠢ ᠪᠠᠲᠤᠯᠠᠬᠤ ᠶᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠰᠢᠨ᠎ᠡ ᠴᠠᠭ ᠦᠶ᠎ᠡ ᠶᠢᠨ ᠨᠠᠮ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠠᠵᠢᠯ ᠤᠨ ᠴᠢᠭᠯᠡᠯᠲᠡ ᠶᠢ ᠲᠤᠭᠤᠰᠢᠯᠠᠭᠤᠯᠵᠤ᠂ ᠰᠢᠨ᠎ᠡ ᠲᠢᠲᠢᠮᠯᠢᠭ᠌ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠲᠤᠷᠰᠢᠯᠭ᠎ᠠ ᠪᠠᠨ ᠳ᠋ᠦᠩᠨᠡᠵᠦ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠨ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ ᠨᠡᠶᠢᠲᠡ ᠶᠢᠨ ᠠᠰᠠᠷᠠᠮᠵᠢ ᠶᠢᠨ ᠴᠢᠨᠠᠷ ᠢ ᠪᠠᠷᠢᠮᠲᠠᠯᠠᠵᠤ᠂ ᠦᠨᠳᠦᠰᠦᠨ ᠱᠠᠲᠤ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠨ᠂ ᠡᠮᠴᠢᠯᠡᠭᠡ ᠡᠷᠡᠭᠦᠯ ᠬᠠᠮᠠᠭᠠᠯᠠᠯ ᠤᠨ ᠬᠥᠭᠵᠢᠯᠲᠡ ᠶᠢᠨ ᠠᠷᠭ᠎ᠠ ᠮᠠᠶ᠋ᠢᠭ ᠢ ᠪᠣᠯ ᠠᠭᠤᠯᠤᠬᠳᠠᠬᠤᠨ ᠮᠠᠶ᠋ᠢᠭ ᠦᠨ ᠬᠥᠭᠵᠢᠯᠲᠡ ᠶᠢ ᠨᠡᠩ ᠴᠢᠬᠤᠯᠠᠴᠢᠯᠠᠬᠤ ᠲᠡᠶᠢᠰᠢ ᠬᠤᠪᠢᠷᠠᠭᠤᠯᠬᠤ᠂ ᠦᠢᠯᠡᠴᠢᠯᠡᠭᠡᠨ ᠤ ᠵᠠᠭᠪᠤᠷ ᠢ ᠪᠣᠯ ᠰᠢᠰᠲ᠋ᠧᠮ ᠲᠠᠢ ᠦᠷᠭᠦᠯᠵᠢᠯᠡᠭᠦᠯᠬᠦ ᠶᠢ ᠨᠡᠩ ᠴᠢᠬᠤᠯᠠᠴᠢᠯᠠᠬᠤ ᠲᠡᠶᠢᠰᠢ ᠬᠤᠪᠢᠷᠠᠭᠤᠯᠬᠤ᠂ ᠬᠠᠮᠢᠶᠠᠷᠤᠯᠲᠠ ᠶᠢᠨ ᠠᠷᠭ᠎ᠠ ᠪᠠᠷᠢᠯ ᠢ ᠪᠣᠯ ᠰᠢᠨᠵᠢᠯᠡᠬᠦ ᠤᠬᠠᠭᠠᠨᠴᠢᠯᠠᠭᠰᠠᠨ ᠵᠠᠰᠠᠯᠲᠠ ᠵᠢ ᠨᠡᠩ ᠴᠢᠬᠤᠯᠠᠴᠢᠯᠠᠬᠤ ᠲᠡᠶᠢᠰᠢ ᠬᠤᠪᠢᠷᠠᠭᠤᠯᠬᠤ ᠵᠢ ᠨᠢ ᠠᠬᠢᠭᠤᠯᠤᠨ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠣᠷᠣᠨ ᠪᠦᠰᠡ ᠳᠤ ᠲᠡᠩᠴᠡᠭᠦᠷᠢᠲᠡᠶ ᠪᠠᠶᠢᠷᠢᠰᠢᠭᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ᠂ ᠠᠷᠠᠳ ᠤᠯᠠᠨ ᠤ ᠬᠦᠷᠲᠡᠭᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃

  ︵ ᠬᠤᠶᠠᠷ ︶ ᠠᠵᠢᠯ ᠤᠨ ᠬᠠᠷᠠᠯᠲᠠ

  2025 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠪᠠ ᠦᠢᠯᠡᠴᠢᠯᠡᠭᠡᠨ ᠤ ᠲᠡᠩᠴᠡᠭᠦᠷᠢᠲᠦ ᠴᠢᠨᠠᠷ ᠢ ᠠᠯᠬᠤᠮ ᠠᠯᠬᠤᠮ ᠵᠢᠨᠷ ᠳᠡᠭᠡᠭᠰᠢᠯᠡᠭᠦᠯᠦᠨ᠂ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ᠂ ᠥᠪᠡᠷᠲᠡᠭᠡᠨ ᠵᠠᠰᠠᠬᠤ ᠣᠷᠣᠨ ᠤ ᠳᠠᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠪᠠ ᠥᠨᠳᠥᠷ ᠬᠢᠷᠢ ᠲᠦᠪᠰᠢᠨ ᠪᠦᠬᠦᠢ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢ ᠠᠩᠬ᠎ᠠ ᠠᠯᠬᠤᠮ ᠬᠡᠪᠴᠢᠶᠡᠵᠢᠭᠦᠯᠵᠦ᠂ ᠬᠤᠰᠢᠭᠤ ᠰᠢᠶᠠᠨ ᠤ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠴᠢᠳᠠᠪᠤᠷᠢ ᠶᠢ ᠢᠯᠡᠳᠲᠡ ᠴᠢᠩᠭᠠᠷᠠᠭᠤᠯᠤᠨ᠂ ᠤᠯᠤᠰ ᠤᠨ ᠠᠯᠪᠠᠨ ᠡᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯ ᠤᠨ ᠠᠮᠵᠢᠯᠲᠠ ᠪᠦᠲᠦᠮᠵᠢ ᠶᠢᠨ ᠰᠢᠯᠭᠠᠨ ᠬᠢᠨᠠᠯᠲᠠ ᠳᠠᠬᠢ ᠪᠠᠶᠢᠷᠢᠯᠠᠯ ᠢ ᠢᠯᠡᠳᠲᠡ ᠳᠡᠭᠡᠭᠰᠢᠯᠡᠭᠦᠯᠵᠦ᠂ 50% ᠡᠴᠠ ᠳᠡᠭᠡᠭᠰᠢᠬᠢ ᠬᠤᠰᠢᠭᠤ ᠰᠢᠶᠠᠨ ᠤ ᠱᠠᠲᠤᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢ ᠤᠯᠤᠰ ᠤᠨ ᠰᠢᠶᠠᠨ ᠤ ᠱᠠᠲᠤᠨ ᠤ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ ᠶᠢᠨ ᠲᠠᠨᠢᠯᠴᠠᠭᠤᠯᠬᠤ ᠪᠠᠷᠢᠮᠵᠢᠶ᠎ᠠ ᠳᠤ ᠬᠦᠷᠭᠡᠵᠦ᠂ ᠭᠤᠷᠪᠠ ᠳᠥᠷᠪᠡᠳᠦᠭᠡᠷ ᠳᠡᠰ ᠤᠨ ᠮᠡᠰᠡ ᠵᠠᠰᠠᠯ ᠤᠨ ᠡᠵᠡᠯᠡᠬᠦ ᠬᠠᠷᠢᠴᠠᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠰᠢᠶᠠᠨ ᠤ ᠬᠡᠪᠴᠢᠶᠡᠨ ᠳᠠᠬᠢ ᠡᠮᠨᠡᠯᠭᠡ ᠳᠤ ᠰᠠᠭᠤᠬᠤ ᠬᠥᠮᠦᠨ ᠤᠳᠠᠭ᠎ᠠ ᠶᠢᠨ ᠡᠵᠡᠯᠡᠬᠦ ᠬᠠᠷᠢᠴᠠᠯ ᠢ 80% ᠡᠴᠠ ᠳᠡᠭᠡᠭᠰᠢ ᠳᠤ ᠬᠦᠷᠭᠡᠵᠦ᠂ ︽ ᠬᠦᠨᠳᠦ ᠡᠪᠡᠳᠴᠢᠯᠡᠭᠰᠡᠨ ᠴᠦ ᠥᠪᠡᠷᠲᠡᠭᠡᠨ ᠵᠠᠰᠠᠬᠤ ᠣᠷᠣᠨ ᠡᠴᠠ ᠪᠠᠨ ᠭᠠᠷᠬᠤ ᠥᠬᠡᠶ ︾ ᠬᠠᠷᠠᠯᠲᠠ ᠶᠢ ᠦᠨᠳᠦᠰᠦᠨ ᠳᠤ ᠪᠠᠨ ᠪᠡᠶᠡᠯᠡᠭᠦᠯᠵᠦ᠂ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠠᠪᠤᠷᠠᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠢᠯᠡᠳᠲᠡ ᠴᠢᠩᠭᠠᠷᠠᠭᠤᠯᠤᠨ᠂ ᠬᠢᠲᠠᠳ ︵ ᠮᠣᠩᠭᠤᠯ ︶ ᠧᠦ᠋ᠷᠣᠫᠠ ᠡᠮᠨᠡᠯᠭᠡ ᠶᠢᠨ ᠬᠥᠭᠵᠢᠯᠲᠡ ᠶᠢ ᠨᠠᠩ ᠵᠣᠬᠢᠴᠠᠩᠭᠤᠶ ᠪᠣᠯᠭᠠᠵᠤ᠂ ᠡᠮᠬᠢ ᠵᠢᠷᠤᠮ ᠲᠠᠢ ᠪᠠᠷ ᠡᠪᠡᠳᠴᠢᠨ ᠦᠵᠡᠭᠦᠯᠬᠦ ᠪᠠ ᠣᠨᠣᠰᠢᠯᠠᠨ ᠡᠮᠴᠢᠯᠡᠬᠦ ᠲᠣᠭᠲᠠᠯᠴᠠᠭᠠᠨ ᠤ ᠪᠠᠶᠢᠭᠤᠯᠤᠯᠲᠠ ᠶᠢ ᠢᠳᠡᠪᠬᠢᠲᠡᠶ ᠦᠷ᠎ᠡ ᠪᠦᠲᠦᠮᠵᠢ ᠲᠠᠢ ᠪᠣᠯᠭᠠᠨ᠎ᠠ᠃

  2035 ᠣᠨ ᠪᠣᠯᠬᠤ ᠳᠤ᠂ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾ ᠢ ᠪᠦᠲᠦᠭᠡᠨ ᠪᠠᠶᠢᠭᠤᠯᠬᠤ ᠪᠠ ᠨᠡᠶᠢᠭᠡᠮ ᠵᠢᠷᠤᠮᠲᠤ ᠣᠳᠣᠬᠢᠴᠢᠯᠠᠯᠲᠠ ᠶᠢ ᠦᠨᠳᠦᠰᠦᠨ ᠳᠤ ᠪᠠᠨ ᠪᠡᠶᠡᠯᠡᠭᠦᠯᠬᠦ ᠯᠦᠭᠡ ᠬᠠᠷᠢᠯᠴᠠᠨ ᠲᠣᠬᠢᠷᠠᠯᠴᠠᠭᠰᠠᠨ᠂ ᠲᠣᠭᠲᠠᠯᠴᠠᠭ᠎ᠠ ᠨᠢ ᠪᠦᠷᠢᠨ ᠪᠦᠲᠦᠨ᠂ ᠠᠵᠢᠯ ᠤᠨ ᠬᠤᠪᠢᠶᠠᠷᠢᠯᠠᠯ ᠨᠢ ᠲᠣᠳᠣᠷᠬᠠᠶ᠂ ᠴᠢᠳᠠᠮᠵᠢ ᠨᠢ ᠬᠠᠷᠢᠯᠴᠠᠨ ᠨᠥᠬᠦᠪᠥᠷᠢᠯᠡᠭᠰᠡᠨ᠂ ᠦᠷᠭᠦᠯᠵᠢᠯᠡᠨ ᠵᠣᠬᠢᠴᠠᠯᠳᠤᠭᠰᠠᠨ᠂ ᠠᠵᠢᠯᠯᠠᠭᠠᠨ ᠨᠢ ᠥᠨᠳᠥᠷ ᠪᠦᠲᠦᠮᠵᠢᠲᠡᠶ᠂ ᠤᠶᠠᠨ ᠬᠠᠲᠠᠨ ᠴᠢᠨᠠᠷ ᠢᠶᠠᠷ ᠴᠢᠩᠭ᠎ᠠ ᠨᠡᠶᠢᠯᠡᠮᠡᠯ ᠬᠡᠯᠪᠡᠷᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠵᠢ ᠦᠨᠳᠦᠰᠦᠨ ᠳ᠋ᠤ ᠪᠠᠨ ᠪᠦᠷᠢᠯᠳᠦᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠯᠲᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠪᠠ ᠵᠠᠰᠠᠯᠲᠠ ᠬᠢᠬᠦ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠥᠪᠰᠢᠨ ᠢ ᠢᠯᠡᠳᠲᠡ ᠴᠢᠩᠭᠠᠷᠠᠭᠤᠯᠤᠨ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠡᠷᠬᠡ ᠲᠡᠭᠰᠢ ᠴᠢᠨᠠᠷ᠂ ᠪᠣᠯᠤᠮᠵᠢᠲᠤ ᠴᠢᠨᠠᠷ ᠪᠠ ᠴᠢᠨᠠᠷ ᠰᠠᠶᠢᠲᠠᠶ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠠᠷᠠᠳ ᠣᠯᠠᠨ ᠤ ᠡᠷᠡᠭᠦᠯ ᠮᠡᠨᠳᠦ ᠵᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠬᠦ ᠶᠢ ᠠᠬᠢᠭᠤᠯᠤᠨ᠎ᠠ᠃


  ᠬᠤᠶᠠᠷ᠂ ᠭᠤᠣᠯᠳᠠᠯᠭ᠎᠎ᠠ ᠲᠠᠢ ᠡᠭᠦᠷᠭᠡ


  ︵ ᠨᠢᠭᠡ ︶ ᠡᠷᠬᠡ ᠲᠡᠭᠰᠢ ᠪᠣᠯᠣᠮᠵᠢᠲᠠᠢ ᠪᠠᠶᠢᠯᠭᠠᠬᠤ ᠪᠠᠷ ᠤᠳᠤᠷᠢᠳᠤᠮᠵᠢ ᠪᠣᠯᠭᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠵᠢ ᠰᠢᠯᠢᠳᠡᠭᠵᠢᠭᠦᠯᠦᠨ᠂ ᠴᠢᠳᠠᠪᠤᠷᠢ ᠵᠢᠨ ᠲᠣᠭᠲᠠᠯᠴᠠᠭᠠᠨ ᠤ ᠣᠳᠣᠬᠢᠴᠢᠯᠠᠯᠲᠠ ᠵᠢ ᠠᠬᠢᠭᠤᠯᠤᠨ᠎ᠠ᠃

  1. ᠥᠨᠳᠥᠷ ᠬᠢᠷᠢ ᠲᠦᠪᠰᠢᠨ ᠪᠥᠬᠦᠶ ᠡᠮᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ︽ ᠨᠢᠭᠡ ᠴᠣᠭᠴᠠ ᠬᠤᠶᠠᠷ ᠵᠢᠭᠦᠷ ︾ ᠤᠨ ᠪᠥᠲᠥᠭᠡᠨ ᠪᠠᠶᠢᠭᠤᠯᠤᠯᠲᠠ ᠶᠢᠨ ᠵᠠᠷᠴᠢᠮ ᠶᠣᠰᠣᠭᠠᠷ᠂ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ 4 ᠲᠥᠪ ᠪᠠ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠡᠮᠴᠢᠯᠡᠭᠡᠨ ᠤ 4 ᠲᠥᠪ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠥᠨᠳᠥᠷ ᠬᠢᠷᠢ ᠲᠦᠪᠰᠢᠨ ᠪᠥᠬᠦᠶ ᠡᠮᠨᠡᠯᠭᠡ ᠶᠢᠨ ᠬᠤᠷᠢᠶᠠᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠭᠤᠤᠯᠳᠠᠯᠭ᠎ᠠ ᠲᠠᠢ ᠡᠪᠡᠳᠴᠢᠨ ᠤ ᠲᠥᠷᠥᠯ ᠪᠠ ᠲᠤᠰᠬᠠᠶ ᠰᠠᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠲᠡᠩᠴᠡᠭᠦᠷᠢᠲᠡᠶ ᠳᠣᠭᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠬᠡᠪᠴᠢᠶᠡᠨ ᠳᠠᠬᠢ ︽ ᠡᠮᠴᠢᠯᠡᠭᠡᠨ ᠤ ᠥᠨᠳᠦᠷᠯᠢᠭ ᠭᠠᠵᠠᠷ ︾ ᠢ ᠪᠣᠶ ᠪᠣᠯᠭᠠᠨ᠎ᠠ᠃ ᠥᠨᠳᠥᠷ ᠬᠢᠷᠢ ᠲᠦᠪᠰᠢᠨ ᠪᠦᠬᠦᠢ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ︽ ᠪᠡᠭᠡᠵᠢᠩ ᠥᠪᠥᠷ ᠮᠣᠩᠭᠤᠯ ︾ ᠤᠨ ᠬᠠᠮᠵᠢᠯᠴᠠᠭ᠎ᠠ ᠪᠠ ︽ ᠥᠪᠥᠷ ᠮᠣᠩᠭᠤᠯ ᠱᠠᠩᠬᠠᠶ ︾᠂ ︽ ᠥᠪᠥᠷ ᠮᠣᠩᠭᠤᠯ ᠯᠢᠶᠣᠤᠨᠢᠩ ︾᠂ ︽ ᠥᠪᠥᠷ ᠮᠣᠩᠭᠤᠯ ᠱᠠᠨᠰᠢ ︾᠂ ︽ ᠥᠪᠥᠷ ᠮᠣᠩᠭᠤᠯ ᠨᠢᠩᠰᠢᠶᠠ ︾ ᠵᠡᠷᠭᠡ ᠭᠠᠵᠠᠷ ᠣᠷᠣᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠭᠦᠢᠴᠡᠳ ᠠᠰᠢᠬᠯᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠬᠢᠨ ᠰᠠᠯᠠᠭᠠᠨ ᠤ ᠡᠮᠨᠡᠯᠭᠡ ᠶᠢᠨ ᠬᠤᠷᠢᠶ᠎ᠠ᠂ ᠴᠡᠭᠡᠵᠢᠨ ᠰᠠᠯᠠᠭᠠᠨ ᠤ ᠡᠮᠨᠡᠯᠭᠡ ᠶᠢᠨ ᠬᠤᠷᠢᠶ᠎ᠠ ᠡᠨᠡ ᠬᠦ ᠪᠡᠯᠭᠡ ᠲᠡᠮᠳᠡᠭ ᠤᠨ ᠴᠢᠨᠠᠷᠲᠠᠶ ᠡᠮᠴᠢᠯᠡᠭᠡᠨ ᠤ ᠬᠠᠮᠲᠤᠷᠠᠯᠴᠠᠭᠠᠨ ᠤ 2 ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠪᠡᠭᠡᠵᠢᠩ ᠤᠨ 6 ᠡᠮᠨᠡᠯᠭᠡ ᠶᠢᠨ ᠬᠤᠷᠢᠶ᠎ᠠ ᠬᠢᠭᠡᠳ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ 6 ᠡᠮᠨᠡᠯᠭᠡ ᠶᠢᠨ ᠬᠤᠷᠢᠶᠠᠨ ᠤ ᠭᠤᠤᠯᠳᠠᠯᠭ᠎ᠠ ᠲᠠᠢ ᠲᠤᠰᠬᠠᠶ ᠰᠠᠯᠠᠭᠠᠨ ᠤ ︽ ᠨᠢᠭᠡ ᠳᠤ ᠨᠢᠭᠡ ᠶᠢ ᠴᠢᠭᠯᠡᠭᠦᠯᠬᠦ ︾ ᠬᠠᠪᠰᠤᠷᠤᠨ ᠲᠡᠳᠬᠦᠬᠦ ᠬᠠᠮᠵᠢᠯᠴᠠᠭ᠎ᠠ ᠪᠠᠶᠢᠭᠤᠯᠬᠤ ᠶᠢ ᠠᠬᠢᠭᠤᠯᠵᠤ᠂ ᠬᠠᠮᠢᠶ᠎ᠠ ᠪᠥᠬᠦᠶ ᠠᠯᠪᠠᠨ ᠡᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠥᠪᠡᠷᠲᠡᠭᠡᠨ ᠵᠠᠰᠠᠬᠤ ᠣᠷᠣᠨ ᠳᠤ ᠢᠵᠢᠯᠢᠰᠢᠭᠦᠯᠦᠨ ᠵᠡᠷᠭᠡᠴᠡᠭᠡ ᠪᠠᠷ ᠰᠢᠯᠵᠢᠭᠦᠯᠵᠦ ᠠᠪᠴᠢᠷᠠᠬᠤ ᠶᠢ ᠠᠬᠢᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠬᠠᠮᠢᠶᠠᠷᠤᠯᠲᠠ ᠶᠢᠨ ᠲᠦᠷᠢᠮ ᠪᠠ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠤᠷᠢᠳ ᠢᠶᠠᠷ ᠬᠥᠭᠵᠢᠵᠦ᠂ ᠥᠪᠡᠷᠮᠢᠴᠡ ᠪᠠᠷ ᠬᠥᠭᠵᠢᠬᠦ ᠶᠢ ᠬᠥᠲᠥᠯᠦᠨ ᠵᠢᠯᠣᠭᠤᠳᠴᠤ᠂ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠪᠠ ᠨᠥᠯᠥᠭᠡᠯᠡᠨ ᠳᠠᠶᠢᠴᠢᠯᠠᠬᠤ ᠦᠢᠯᠡᠳᠦᠯ ᠢ ᠨᠢ ᠰᠠᠶᠢᠲᠤᠷ ᠪᠠᠳᠠᠷᠠᠭᠤᠯᠤᠨ᠎ᠠ᠃ ᠡᠯ᠎ᠡ ᠠᠶᠢᠮᠠᠭ ᠬᠤᠲᠠ ᠶᠢᠨ ᠬᠢᠨ ᠤ ᠠᠶᠢᠮᠠᠭ ᠬᠤᠲᠠ ᠶᠢᠨ ᠳᠡᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠪᠠᠶᠢᠭᠤᠯᠬᠤ ᠶᠢ ᠵᠣᠷᠢᠬᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠳᠡᠰ ᠤᠨ ᠬᠢᠲᠠᠳ ᠡᠮᠨᠡᠯᠭᠡ ︵ ᠮᠣᠩᠭᠤᠯ ᠡᠮᠨᠡᠯᠭᠡ ︶ ᠶᠢᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢ ᠪᠠᠶᠢᠷᠢᠰᠢᠭᠤᠯᠤᠨ ᠥᠷᠨᠢᠭᠦᠯᠦᠨ᠎ᠡ᠃ ᠥᠨᠳᠥᠷ ᠬᠢᠷᠢ ᠲᠦᠪᠰᠢᠨ ᠪᠥᠬᠦᠶ ᠭᠤᠤᠯᠳᠠᠯᠭ᠎ᠠ ᠲᠠᠢ ᠲᠤᠰᠬᠠᠶ ᠰᠠᠯᠠᠭᠠᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠥᠬᠦ ᠣᠷᠣᠨ ᠳᠤ ᠤᠯᠤᠰ ᠤᠨ ᠡᠮᠴᠢᠯᠡᠭᠡᠨ ᠤ ᠭᠤᠤᠯᠳᠠᠯᠭ᠎ᠠ ᠲᠠᠢ ᠲᠤᠰᠬᠠᠶ ᠰᠠᠯᠠᠭᠠᠨ ᠤ ᠲᠥᠷᠥᠯ ᠵᠦᠢᠯ ᠢ 30 ᠡᠴᠠ ᠳᠤᠲᠠᠭᠤ ᠥᠬᠡᠶ᠂ ᠥᠪᠡᠷᠲᠡᠭᠡᠨ ᠵᠠᠰᠠᠬᠤ ᠣᠷᠣᠨ ᠤ ᠳᠡᠰ ᠤᠨ ᠡᠮᠴᠢᠯᠡᠭᠡᠨ ᠤ ᠭᠤᠤᠯᠳᠠᠯᠭ᠎ᠠ ᠲᠠᠢ ᠲᠤᠰᠬᠠᠶ ᠰᠠᠯᠠᠭᠠᠨ ᠤ ᠲᠥᠷᠥᠯ ᠵᠦᠢᠯ ᠢ 100 ᠡᠴᠠ ᠳᠤᠲᠠᠭᠤ ᠥᠬᠡᠶ᠂ ᠠᠶᠢᠮᠠᠭ ᠬᠤᠲᠠ ᠶᠢᠨ ᠳᠡᠰ ᠤᠨ ᠡᠮᠴᠢᠯᠡᠭᠡᠨ ᠤ ᠭᠤᠤᠯᠳᠠᠯᠭ᠎ᠠ ᠲᠠᠢ ᠲᠤᠰᠬᠠᠶ ᠰᠠᠯᠠᠭᠠᠨ ᠤ ᠲᠥᠷᠥᠯ ᠵᠦᠢᠯ ᠢ 300 ᠡᠴᠠ ᠳᠤᠲᠠᠭᠤ ᠦᠭᠡᠢ ᠪᠤᠶᠢᠵᠢᠭᠤᠯᠤᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠥᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ᠃ ᠳᠣᠤᠷᠠᠬᠢ ᠡᠯ᠎ᠡ ᠵᠦᠢᠯ ᠤᠨ ᠡᠭᠦᠷᠭᠡ ᠶᠢᠨ ᠬᠠᠷᠢᠭᠤᠴᠠᠯᠭᠠᠲᠤ ᠨᠢᠭᠡᠴᠢ ᠳᠤ ᠴᠥᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠪᠠᠭᠲᠠᠭᠠᠬᠤ ᠪᠣᠯᠬᠤᠷ ᠳᠠᠭᠢᠵᠤ ᠵᠢᠭᠰᠠᠭᠠᠬᠤ ᠥᠬᠡᠶ ︶

  2. ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶᠠᠨ ᠤ ᠰᠢᠶᠠᠨ ᠤ ᠬᠡᠪᠴᠢᠶᠡᠨ ᠤ ᠲᠠᠭᠠᠭᠤᠯᠤᠭᠴᠢ ᠪᠠᠶᠢᠷᠢ ᠰᠠᠭᠤᠷᠢ ᠶᠢ ᠲᠤᠪᠤᠢᠯᠭᠠᠨ᠎ᠠ᠃ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ 〔 ᠬᠢᠲᠠᠳ ᠡᠮᠨᠡᠯᠭᠡ ︵ ᠮᠣᠩᠭᠤᠯ ᠡᠮᠨᠡᠯᠭᠡ ︶ ᠶᠢᠨ ᠡᠮᠨᠡᠯᠭᠡ ᠶᠢᠨ ᠬᠤᠷᠢᠶ᠎ᠠ ᠪᠠᠭᠲᠠᠨ᠎ᠠ᠂ ᠳᠣᠷᠣᠭᠰᠢ ᠠᠳᠠᠯᠢ 〕 ᠶᠢᠨ ᠲᠠᠰ ᠳᠡᠪᠰᠢᠬᠦ ᠶᠢ ᠠᠬᠢᠭᠤᠯᠵᠤ᠂ ᠬᠤᠰᠢᠭᠤ ᠰᠢᠶᠠᠨ ᠤ ᠱᠠᠲᠤᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠬᠤᠰᠢᠭᠤ ᠰᠢᠶᠠᠨ ᠤ ᠱᠠᠲᠤᠨ ᠤ ᠬᠢᠲᠠᠳ ᠡᠮᠨᠡᠯᠭᠡ ︵ ᠮᠣᠩᠭᠤᠯ ᠡᠮᠨᠡᠯᠭᠡ ︶ ᠶᠢᠨ ᠡᠮᠨᠡᠯᠭᠡ ᠶᠢᠨ ᠬᠤᠷᠢᠶ᠎ᠠ᠂ ᠬᠤᠰᠢᠭᠤ ᠰᠢᠶᠠᠨ ᠤ ᠱᠠᠲᠤᠨ ᠤ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶᠠᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠦᠨ᠂ ᠨᠢᠭᠡ ᠪᠦᠯᠦᠭ ᠬᠢᠯᠢ ᠶᠢᠨ ᠪᠣᠭᠤᠮᠲᠠ ᠶᠢᠨ ᠬᠤᠰᠢᠭᠤ ᠰᠢᠶᠠᠨ ᠤ ᠳᠡᠰ ᠤᠨ ᠡᠮᠨᠡᠯᠭᠡ ᠶᠢᠨ ᠬᠤᠷᠢᠶ᠎ᠠ ᠶᠢ ᠲᠠᠰ ᠳᠡᠪᠰᠢᠭᠦᠯᠦᠨ ᠪᠦᠲᠦᠭᠡᠨ ᠪᠠᠶᠢᠭᠤᠯᠤᠨ᠎ᠠ᠃ ︽ ᠠᠷᠪᠠᠨ ᠳᠥᠷᠪᠡᠳᠦᠭᠡᠷ ᠲᠠᠪᠤᠨ ᠵᠢᠯ ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠤ 100 ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶᠠᠨ ᠤ ᠭᠤᠤᠯᠳᠠᠯᠭ᠎ᠠ ᠲᠠᠢ ᠲᠤᠰᠬᠠᠶ ᠰᠠᠯᠠᠭᠠᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠠᠪᠤᠳᠠᠷ᠂ ᠵᠢᠷᠦᠬᠡ ᠲᠠᠷᠢᠬᠢᠨ ᠰᠤᠳᠠᠯ ᠤᠨ ᠡᠪᠡᠳᠴᠢᠨ ᠵᠡᠷᠭᠡ ᠬᠦᠨᠳᠦ ᠶᠡᠭᠡ ᠡᠪᠡᠳᠴᠢᠨ ᠡᠮᠭᠡᠭ ᠢ ᠣᠨᠣᠰᠢᠯᠠᠨ ᠡᠮᠴᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ︽ ᠡᠮᠴᠢᠯᠡᠭᠡᠨ ᠤ ᠬᠤᠯᠪᠣᠭᠠᠲᠤ ᠴᠣᠭᠴᠠ + ︾ ᠪᠠᠷ ᠭᠠᠷᠳᠠᠴᠠ ᠪᠣᠯᠭᠠᠵᠤ᠂ ᠠᠶᠢᠮᠠᠭ ᠬᠤᠲᠠ ᠶᠢᠨ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶᠠᠨ ᠤ ᠲᠤᠰᠬᠠᠶ ᠰᠠᠯᠠᠭ᠎ᠠ ᠶᠢ ᠬᠠᠮᠲᠤ ᠪᠠᠷ ᠪᠠᠶᠢᠭᠤᠯᠬᠤ᠂ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ᠂ ᠵᠢᠭᠠᠨ ᠰᠤᠷᠭᠠᠵᠤ ᠡᠪᠡᠳᠴᠢᠲᠡᠨ ᠤ ᠥᠷᠥᠭᠡ ᠪᠠᠶᠢᠴᠠᠭᠠᠬᠤ᠂ ᠰᠢᠨᠵᠢᠯᠡᠬᠦ ᠤᠬᠠᠭᠠᠨ ᠤ ᠰᠤᠳᠤᠯᠤᠯ ᠬᠢᠭᠡᠳ ᠲᠥᠷᠥᠯ ᠵᠦᠢᠯ ᠤᠨ ᠬᠠᠮᠵᠢᠯᠴᠠᠭ᠎ᠠ ᠵᠡᠷᠭᠡ ᠬᠠᠮᠲᠤᠷᠠᠨ ᠡᠮᠨᠡᠯᠭᠡ ᠡᠷᠭᠢᠯᠡᠬᠦ ᠬᠡᠯᠪᠡᠷᠢ ᠪᠠᠷ ᠳᠠᠮᠵᠢᠭᠤᠯᠤᠨ᠂ ᠬᠤᠰᠢᠭᠤ ᠰᠢᠶᠠᠨ ︵ ᠬᠤᠲᠠ᠂ ᠲᠣᠭᠤᠷᠢᠭ ︶ ᠤ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠪᠠᠭᠤᠷᠠᠶ ᠲᠤᠰᠬᠠᠶ ᠰᠠᠯᠠᠭ᠎ᠠ ᠪᠠ ᠭᠤᠤᠯᠳᠠᠯᠭ᠎ᠠ ᠲᠠᠢ ᠲᠤᠰᠬᠠᠶ ᠰᠠᠯᠠᠭᠠᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠭᠤᠷᠪᠠᠳᠤᠭᠠᠷ ᠳᠡᠰ ᠤᠨ ᠠᠯᠪᠠᠨ ᠡᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢ ᠰᠢᠰᠲ᠋ᠧᠮ ᠢᠶᠠᠷ ᠳᠡᠮᠵᠢᠬᠦ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢ ᠡᠮᠴᠢᠯᠡᠭᠡᠨ ᠤ ᠴᠢᠳᠠᠪᠤᠷᠢᠲᠠᠨ ᠤ ᠪᠦᠯᠬᠦᠮ ᠤᠨ ᠮᠠᠶ᠋ᠢᠭ ᠢᠶᠠᠷ ᠬᠠᠪᠰᠤᠷᠤᠨ ᠲᠡᠳᠬᠦᠬᠦ ᠠᠵᠢᠯ ᠢ ᠨᠢᠭᠡᠲᠦᠯᠲᠡᠢ ᠲᠦᠯᠦᠪᠯᠡᠨ ᠠᠬᠢᠭᠤᠯᠤᠨ᠎ᠠ᠃ 2025 ᠣᠨ ᠤ ᠰᠡᠭᠦᠯᠴᠢ ᠪᠠᠷ᠂ ᠤᠯᠤᠰ ᠤᠨ ︽ ᠮᠢᠩᠭᠠᠨ ᠰᠢᠶᠠᠨ ᠤ ᠢᠨᠵᠧᠨᠧᠷᠢᠩ ︾ ᠢᠶᠠᠷ ᠬᠥᠲᠥᠯᠦᠮᠵᠢ ᠪᠣᠯᠭᠠᠵᠤ᠂ ︽ ᠮᠢᠩᠭᠠᠨ ᠰᠢᠶᠠᠨ ᠤ ᠢᠨᠵᠧᠨᠧᠷᠢᠩ ︾ ᠤᠨ ᠡᠮᠨᠡᠯᠭᠡ ᠶᠢᠨ ᠬᠤᠷᠢᠶᠠᠨ ᠤ ᠴᠡᠭᠡᠵᠢ ᠡᠪᠡᠳᠬᠦ᠂ ᠰᠠ ᠳᠠᠭᠠᠷᠢᠬᠤ᠂ ᠰᠢᠷᠬᠠᠲᠤᠬᠤ᠂ ᠬᠦᠨᠳᠦ ᠲᠦᠭᠰᠢᠭᠦᠷᠢᠲᠡᠶ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠶ ᠶᠢ ᠡᠮᠨᠡᠨ ᠠᠪᠤᠷᠠᠬᠤ᠂ ᠬᠦᠨᠳᠦ ᠲᠦᠭᠰᠢᠭᠦᠷᠢᠲᠡᠶ ᠬᠡᠤᠬᠡᠳ ᠪᠠ ᠨᠢᠷᠠᠶ ᠬᠡᠤᠬᠡᠳ ᠢ ᠡᠮᠨᠡᠨ ᠠᠪᠤᠷᠠᠬᠤ ᠵᠡᠷᠭᠡ ᠪᠠᠴᠢᠮ ᠠᠪᠤᠷᠠᠯᠲᠠ ᠲᠦᠷᠭᠡᠨ ᠠᠪᠤᠷᠠᠯᠳᠠ ᠶᠢᠨ ︽ ᠲᠠᠪᠤᠨ ᠶᠡᠭᠡ ᠲᠥᠪ ︾ ᠢ ᠰᠢᠶᠠᠨ ᠤ ᠬᠡᠪᠴᠢᠶᠡᠨ ᠳᠤ ᠪᠦᠬᠦᠨ ᠢ ᠬᠠᠮᠤᠷᠬᠤ ᠶᠢ ᠪᠡᠶᠡᠯᠡᠭᠦᠯᠬᠦ ᠪᠠᠷ ᠬᠦᠴᠦᠯᠡᠨ ᠴᠢᠷᠮᠠᠶᠢᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  3. ᠬᠤᠲᠠ ᠬᠥᠳᠡᠭᠡ ᠶᠢᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠤᠷ ᠤᠨ ᠰᠠᠭᠤᠷᠢ ᠶᠢ ᠪᠠᠬᠢᠵᠢᠭᠦᠯᠦᠨ᠎ᠡ᠃ ᠬᠥᠳᠡᠭᠡ ᠲᠣᠰᠬᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠵᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠭᠦᠨᠵᠡᠭᠡᠶ ᠡᠮᠬᠢᠯᠡᠨ ᠨᠡᠶᠢᠯᠡᠭᠦᠯᠵᠦ᠂ ᠬᠥᠮᠦᠨ ᠠᠮᠠ ᠪᠠᠷ ᠨᠡᠯᠢᠶᠡᠳ ᠣᠯᠠᠨ ᠮᠥᠷᠲᠡᠭᠡᠨ ᠬᠠᠷᠢᠴᠠᠩᠭᠤᠶ ᠪᠠᠷ ᠲᠥᠪᠯᠡᠷᠡᠭᠰᠡᠨ ᠰᠤᠮᠤ ᠰᠢᠶᠠᠩ ᠪᠠᠯᠭᠠᠰᠤᠨ ᠳᠤ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠲᠥᠪ ᠡᠷᠡᠭᠦᠯ ᠬᠠᠮᠠᠭᠠᠯᠠᠯ ᠤᠨ ᠬᠤᠷᠢᠶ᠎ᠠ ᠳᠤ ᠲᠦᠰᠢᠭᠯᠡᠨ᠂ ᠬᠤᠶᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠪᠠᠷᠢᠮᠵᠢᠶ᠎ᠠ ᠶᠣᠰᠣᠭᠠᠷ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ ᠳᠡᠳ᠋ ᠲᠥᠪ ᠪᠠᠶᠢᠭᠤᠯᠬᠤ ᠶᠢ ᠬᠠᠶᠢᠨ ᠰᠦᠪᠡᠭᠴᠢᠯᠡᠨ᠎ᠡ᠃ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠪᠠᠶᠢᠭᠤᠯᠤᠯᠲᠠ ᠬᠥᠭᠵᠢᠯᠲᠡ ᠶᠢ ᠶᠡᠭᠡ ᠪᠠᠷ ᠠᠬᠢᠭᠤᠯᠵᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢᠶᠠᠷ ᠭᠤᠣᠯᠳᠠᠯᠭ᠎ᠠ ᠪᠣᠯᠭᠠᠨ ᠨᠢᠭᠡ ᠪᠦᠯᠦᠭ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢ ᠡᠭᠦᠳᠦᠨ ᠪᠠᠶᠢᠭᠤᠯᠵᠤ᠂ ᠡᠮᠴᠢᠯᠡᠭᠡᠨ ᠤ ᠰᠠᠯᠠᠭ᠎ᠠ ᠲᠠᠰᠤᠭ ᠤᠨ ᠲᠣᠬᠢᠷᠠᠭᠤᠯᠤᠯᠲᠠ ᠪᠠ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠪᠦᠷᠢᠨᠰᠢᠭᠦᠯᠦᠨ᠎ᠡ᠃ ᠵᠠᠰᠠᠭ ᠤᠨ ᠣᠷᠳᠣᠨ ᠡᠴᠠ ᠳᠡᠮᠵᠢᠵᠦ ᠡᠷᠭᠢᠯᠡᠭᠰᠡᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠪᠠ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠬᠠᠷᠢᠭᠤᠴᠠᠯᠭ᠎ᠠ ᠶᠢ ᠴᠢᠩᠭᠠᠷᠠᠭᠤᠯᠵᠤ᠂ ᠬᠥᠮᠦᠨ ᠠᠮᠠ ᠶᠢᠨ ᠲᠠᠷᠬᠠᠯᠲᠠ ᠶᠢᠨ ᠪᠠᠶᠢᠳᠠᠯ ᠢ ᠦᠨᠳᠦᠰᠦᠯᠡᠨ᠂ ᠲᠥᠯᠥᠪᠵᠢᠭᠦᠯᠭᠡ ᠪᠠ ᠲᠣᠬᠢᠷᠠᠭᠤᠯᠤᠯᠲᠠ ᠪᠠᠨ ᠰᠢᠯᠢᠳᠡᠭᠵᠢᠭᠦᠯᠵᠦ᠂ ᠲᠥᠪ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠪᠠᠶᠢᠭᠤᠯᠤᠨ᠎ᠠ᠃ ᠬᠥᠮᠦᠨ ᠠᠮᠠ ᠪᠠᠷ ᠨᠡᠯᠢᠶᠡᠳ ᠴᠥᠭᠡᠨ ᠭᠠᠴᠠᠭ᠎ᠠ ᠲᠣᠰᠬᠤᠨ ᠳᠤ ᠲᠣᠭᠤᠷᠢᠨ ᠡᠮᠴᠢᠯᠡᠬᠦ᠂ ᠵᠡᠷᠭᠡᠯᠡᠳᠡᠭᠡ ︵ ᠬᠤᠯᠪᠣᠭ᠎ᠠ ︶ ᠭᠠᠴᠠᠭ᠎ᠠ ᠲᠣᠰᠬᠤᠨ ᠲᠡᠶᠢᠰᠢ ᠦᠢᠯᠡᠴᠢᠯᠡᠭᠡ ᠪᠠᠨ ᠤᠷᠲᠤᠳᠬᠠᠬᠤ᠂ ᠳᠡᠭᠡᠳᠦ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠡᠴᠠ ᠲᠣᠮᠢᠯᠠᠨ ᠰᠠᠭᠤᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠳᠤ ᠲᠥᠬᠦᠮ ᠦᠵᠡᠭᠦᠯᠦᠨ᠎ᠡ᠃ ᠬᠥᠮᠦᠨ ᠠᠮᠠ ᠨᠢ 500 ᠬᠥᠮᠦᠨ ᠬᠥᠷᠬᠦ ᠥᠬᠡᠶ᠂ ᠭᠠᠵᠠᠷ ᠨᠤᠲᠤᠭ ᠣᠶᠢᠷᠠᠯᠴᠠᠭ᠎ᠠ ᠪᠠᠶᠢᠭ᠎ᠠ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠦᠢᠯᠡᠴᠢᠯᠡᠬᠦ ᠳᠤ᠂ ᠣᠶᠢᠷ᠎ᠠ ᠬᠠᠪᠢ ᠶᠢᠨ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠲᠠᠢ ᠬᠠᠮᠲᠤᠷᠠᠨ ᠡᠷᠡᠭᠦᠯ ᠬᠠᠮᠠᠭᠠᠯᠠᠯ ᠤᠨ ᠲᠠᠰᠤᠭ ᠡᠷᠭᠢᠯᠡᠵᠦ ᠪᠣᠯᠤᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯᠲᠠᠨ ᠬᠦᠷᠦᠯᠴᠡᠬᠦ ᠥᠬᠡᠶ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶᠠᠨ ᠤ ᠬᠤᠪᠢᠶᠠᠷᠢ ᠬᠤᠷᠢᠶ᠎ᠠ ᠡᠴᠠ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠡᠮᠴᠢ ᠲᠣᠮᠢᠯᠠᠨ ᠰᠠᠭᠤᠯᠭᠠᠨ᠎ᠠ᠃ ᠰᠤᠮᠤ ᠰᠢᠶᠠᠩ ᠪᠠᠯᠭᠠᠰᠤ ᠪᠠᠶᠢᠭᠰᠠᠨ ᠡᠴᠠ ᠵᠡᠭᠡᠯᠢ ᠭᠤᠳᠤᠮᠵᠢ ᠪᠣᠯᠭᠠᠨ ᠬᠤᠪᠢᠷᠠᠭᠤᠯᠤᠭᠰᠠᠨ ᠭᠠᠵᠠᠷ ᠣᠷᠣᠨ ᠳᠤ᠂ ᠵᠠᠷᠴᠢᠮ ᠳᠡᠭᠡᠷ᠎ᠡ ᠪᠠᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠲᠡᠭᠡ ᠶᠢ ᠲᠥᠯᠥᠪᠵᠢᠭᠦᠯᠦᠨ ᠲᠣᠬᠢᠷᠠᠭᠤᠯᠵᠤ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠳᠠᠭᠢᠵᠤ ᠲᠣᠬᠢᠷᠠᠭᠤᠯᠬᠤ ᠥᠬᠡᠶ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  4. ᠳᠡᠰ ᠱᠠᠲᠤ ᠰᠠᠯᠪᠤᠷᠢ ᠬᠤᠪᠢᠶᠠᠭᠰᠠᠨ ᠬᠦᠨᠳᠦ ᠶᠡᠭᠡ ᠬᠢᠵᠢᠭ ᠤᠨ ᠪᠠᠶᠢᠳᠠᠯ ᠢ ᠠᠪᠤᠷᠠᠨ ᠵᠠᠰᠠᠬᠤ ᠲᠣᠭᠲᠠᠯᠴᠠᠭᠠᠨ ᠤ ᠪᠠᠶᠢᠭᠤᠯᠤᠯᠲᠠ ᠶᠢ ᠠᠬᠢᠭᠤᠯᠤᠨ᠎ᠠ᠃ ᠬᠦᠨᠳᠦ ᠶᠡᠭᠡ ᠬᠢᠵᠢᠭ ᠤᠨ ᠪᠠᠶᠢᠳᠠᠯ ᠤᠨ ᠪᠠᠴᠢᠮ ᠠᠨᠠᠭᠠᠬᠤ ᠤᠬᠠᠭᠠᠨ ᠤ ᠠᠪᠤᠷᠠᠨ ᠲᠤᠰᠠᠯᠠᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠡᠮᠨᠡᠯᠭᠡ ᠶᠢᠨ ᠬᠤᠷᠢᠶ᠎ᠠ ᠳᠤ ᠲᠦᠰᠢᠭᠯᠡᠨ ᠥᠪᠡᠷᠲᠡᠭᠡᠨ ᠵᠠᠰᠠᠬᠤ ᠣᠷᠣᠨ ᠤ ᠳᠠᠰ ᠤᠨ ᠬᠦᠴᠢᠷ ᠲᠦᠪᠡᠭᠲᠡᠶ ᠬᠦᠨᠳᠦ ᠲᠥᠭᠰᠢᠭᠦᠷᠢᠲᠡᠢ ᠬᠠᠯᠳᠠᠪᠤᠷᠢᠲᠤ ᠡᠪᠡᠳᠴᠢᠨ ᠢ ᠠᠪᠤᠷᠠᠨ ᠵᠠᠰᠠᠬᠤ ᠲᠥᠪ᠂ ᠮᠡᠷᠭᠡᠵᠢᠯ ᠤᠨ ᠵᠢᠯᠣᠭᠤᠳᠣᠯᠭ᠎ᠠ ᠶᠢᠨ ᠲᠥᠪ ᠪᠠ ᠠᠯᠤᠰ ᠡᠴᠠ ᠣᠨᠣᠰᠢᠯᠠᠬᠤ ᠲᠥᠪ ᠢ ᠪᠠᠶᠢᠭᠤᠯᠤᠨ᠎ᠠ᠃ ᠵᠡᠭᠦᠨ᠂ ᠪᠠᠷᠠᠭᠤᠨ ᠬᠡᠰᠡᠭ ᠤᠨ ᠬᠦᠴᠢᠷ ᠲᠦᠪᠡᠭᠲᠡᠶ ᠬᠦᠨᠳᠦ ᠲᠦᠭᠰᠢᠭᠦᠷᠢᠲᠡᠶ ᠬᠠᠯᠳᠠᠪᠤᠷᠢᠲᠤ ᠡᠪᠡᠳᠴᠢᠨ ᠤ ᠪᠠᠴᠢᠮ ᠠᠪᠤᠷᠠᠨ ᠲᠤᠰᠠᠯᠠᠬᠤ ᠲᠥᠪ ᠤᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠤᠨ᠎ᠠ᠃ ᠠᠶᠢᠮᠠᠭ ᠬᠤᠳᠠ ᠶᠢᠨ ᠬᠠᠯᠳᠠᠪᠤᠷᠢᠲᠤ ᠡᠪᠡᠳᠴᠢᠨ ᠤ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠪᠠ ᠬᠤᠰᠢᠭᠤ ᠰᠢᠶᠠᠨ ︵ ᠬᠤᠳᠠ᠂ ᠲᠣᠭᠤᠷᠢᠭ ︶ ᠤ ᠡᠮᠴᠢᠯᠡᠭᠡᠨ ᠤ ᠬᠠᠮᠲᠤ ᠶᠢᠨ ᠴᠣᠭᠴᠠ ᠪᠠᠷ ᠲᠦᠷᠦᠭᠦᠯᠡᠭᠦᠯᠦᠭᠰᠡᠨ ᠡᠮᠨᠡᠯᠭᠡ ᠶᠢᠨ ᠬᠤᠷᠢᠶ᠎ᠠ ᠪᠤᠶᠤ ᠶᠡᠷᠦᠩᠬᠡᠶ ᠡᠮᠨᠡᠯᠭᠡ ᠶᠢᠨ ᠬᠤᠷᠢᠶᠠᠨ ᠤ ᠬᠠᠷᠢᠴᠠᠩᠭᠤᠶ ᠲᠤᠰᠠᠭᠠᠷ ᠬᠠᠯᠳᠠᠪᠤᠷᠢᠲᠤ ᠡᠪᠡᠳᠴᠢᠨ ᠤ ᠲᠣᠭᠤᠷᠢᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠵᠣᠬᠢᠬᠤ ᠲᠤᠭ᠎ᠠ ᠬᠡᠮᠵᠢᠶᠡᠨ ᠤ ᠲᠦᠷᠭᠡᠨ ᠤᠯᠠᠷᠢᠭᠤᠯᠤᠯᠲᠠ ᠶᠢᠨ ᠬᠦᠨᠳᠦ ᠶᠡᠭᠡ ᠬᠢᠵᠢᠭ ᠤᠨ ᠪᠠᠶᠢᠳᠠᠯ ᠢ ᠠᠪᠤᠷᠠᠨ ᠵᠠᠰᠠᠬᠤ ᠪᠡᠯᠡᠳᠬᠡᠯ ᠡᠮᠨᠡᠯᠭᠡ ᠶᠢᠨ ᠬᠤᠷᠢᠶ᠎ᠠ ᠶᠢ ᠪᠠᠶᠢᠷᠢᠰᠢᠭᠤᠯᠤᠨ ᠪᠠᠶᠢᠭᠤᠯᠤᠨ᠎ᠠ᠃ ᠠᠯᠪᠠᠨ ᠡᠴᠠ ᠪᠠᠶᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ᠂ ᠬᠠᠯᠳᠠᠪᠤᠷᠢᠲᠤ ᠴᠢᠨᠠᠷᠲᠠᠶ ᠡᠪᠡᠳᠴᠢᠨ ᠤ ᠰᠠᠯᠠᠭ᠎ᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭ᠎ᠠ ᠲᠠᠰᠤᠭ᠂ ᠲᠤᠰᠠᠭᠠᠷᠯᠠᠵᠤ ᠦᠯᠡᠳᠡᠭᠡᠨ ᠠᠵᠢᠬᠯᠠᠬᠤ ᠣᠷᠣ ᠪᠠ ᠪᠠᠴᠢᠮ ᠠᠪᠤᠷᠠᠨ ᠲᠤᠰᠠᠯᠠᠬᠤ ᠪᠡᠯᠡᠳᠬᠡᠯ ᠡᠮᠨᠡᠯᠭᠡ ᠶᠢᠨ ᠬᠤᠷᠢᠶᠠᠨ ᠤ ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠶᠠᠳᠤᠭᠠᠷ ᠳᠡᠰ ᠵᠢᠴᠢ ᠲᠡᠭᠦᠨ ᠡᠴᠠ ᠳᠡᠭᠡᠭᠰᠢᠬᠢ ᠠᠯᠪᠠᠨ ᠡᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠦᠨᠳᠦ ᠡᠪᠡᠳᠴᠢᠲᠡᠨ ᠢ ᠬᠠᠷᠠᠭᠠᠯᠵᠠᠨ ᠬᠠᠮᠠᠭᠠᠯᠠᠬᠤ ᠥᠷᠥᠭᠡᠨ ᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠪᠠᠷᠢᠮᠵᠢᠶᠠᠵᠢᠭᠤᠯᠤᠭᠰᠠᠨ ᠬᠦᠨᠳᠦ ᠡᠪᠡᠳᠴᠢᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  5. ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭᠠᠨ ᠤ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠤᠯᠤᠰ ᠤᠨ ᠣᠷᠣᠨ ᠪᠦᠰᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠥᠪ ᠤᠨ ᠲᠥᠷᠥᠯ ᠵᠦᠢᠯ ᠢ ᠴᠢᠷᠮᠠᠶᠢᠨ ᠣᠯᠵᠤ᠂ ᠶᠡᠷᠦᠩᠬᠡᠶᠢᠯᠡᠭᠰᠡᠨ ᠴᠢᠳᠠᠪᠤᠷᠢ ᠪᠠᠷ ᠴᠢᠩᠭ᠎ᠠ ᠠᠶᠢᠮᠠᠭ ᠬᠤᠲᠠ ᠶᠢᠨ ᠳᠡᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ᠣᠷᠣᠨ ᠪᠦᠰᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠥᠪ ᠢ ᠪᠠᠶᠢᠷᠢᠰᠢᠭᠤᠯᠤᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠴᠢᠳᠠᠪᠤᠷᠢ᠂ ᠮᠡᠳᠡᠭᠡ ᠵᠠᠩᠭᠢ ᠶᠢ ᠵᠠᠳᠠᠯᠬᠤ ᠴᠢᠳᠠᠪᠤᠷᠢ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠴᠢᠳᠠᠪᠤᠷᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢ ᠪᠠᠨ ᠳᠡᠭᠡᠭᠰᠢᠯᠡᠭᠦᠯᠦᠨ᠂ ᠲᠤᠰᠬᠠᠶᠢᠵᠢᠭᠰᠠᠨ᠂ ᠣᠳᠣᠬᠢᠴᠢᠯᠠᠭᠰᠠᠨ ᠭᠤᠷᠪᠠᠨ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠤᠷ ᠰᠦᠯᠵᠢᠶ᠎ᠡ ᠶᠢ ᠪᠠᠶᠢᠭᠤᠯᠤᠨ᠎ᠠ᠃ ᠣᠶᠣᠨ ᠮᠡᠳᠡᠷᠡᠯ ᠤᠨ ᠡᠷᠡᠭᠦᠯ ᠬᠠᠮᠠᠭᠠᠯᠠᠯ᠂ ᠡᠷᠡᠭᠦᠯ ᠬᠠᠮᠠᠭᠠᠯᠠᠯ ᠤᠨ ᠬᠢᠨᠠᠯᠲᠠ᠂ ᠡᠷᠡᠭᠦᠯ ᠮᠡᠨᠳᠦ ᠶᠢ ᠠᠬᠢᠭᠤᠯᠬᠤ᠂ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ᠂ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠴᠢᠰᠤ ᠠᠪᠬᠤ ᠴᠢᠰᠤ ᠬᠠᠩᠭᠠᠬᠤ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠡᠮᠨᠡᠯᠭᠡ ᠶᠢᠨ ᠬᠤᠷᠢᠶ᠎ᠠ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭ᠎ᠠ ᠲᠠᠰᠤᠭ ᠤᠨ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠡᠬᠢ ᠪᠠᠶᠠᠯᠢᠭ ᠢ ᠬᠤᠯᠪᠣᠯᠳᠤᠭᠤᠯᠤᠭᠰᠠᠨ᠂ ᠶᠠᠰᠤ ᠴᠢᠨᠠᠷ ᠢ ᠨᠢᠭᠡᠳᠦᠯᠲᠡᠶ ᠡᠵᠡᠮᠳᠡᠭᠰᠡᠨ᠂ ᠮᠡᠳᠡᠭᠡ ᠵᠠᠩᠭᠢ ᠶᠢ ᠬᠠᠮᠲᠤ ᠳ᠋ᠤ ᠪᠠᠨ ᠬᠥᠷᠲᠡᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠨᠵᠢᠬᠦ ᠲᠣᠣᠷ ᠰᠦᠯᠵᠢᠶ᠎ᠡ ᠶᠢ ᠪᠠᠶᠢᠭᠤᠯᠵᠤ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠪᠠ ᠬᠤᠲᠠ ᠶᠢᠨ ᠨᠡᠶᠢᠭᠡᠮ ᠲᠣᠭᠤᠷᠢᠭ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠠᠰᠠᠯᠲᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠳᠬᠡᠨ ᠨᠥᠬᠦᠪᠥᠷᠢᠯᠡᠨ᠎ᠡ᠃ ︽ ᠡᠷᠲᠡᠬᠡᠨ ᠢᠯᠡᠷᠡᠭᠦᠯᠬᠦ᠂ ᠡᠷᠲᠡᠬᠡᠨ ᠮᠡᠳᠡᠭᠦᠯᠬᠦ᠂ ᠡᠷᠲᠡᠬᠡᠨ ᠲᠤᠰᠠᠭᠠᠷᠯᠠᠬᠤ᠂ ᠡᠷᠲᠡᠬᠡᠨ ᠡᠮᠨᠡᠨ ᠵᠠᠰᠠᠬᠤ ︾ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠬᠢᠨᠠᠨ ᠰᠢᠨᠵᠢᠬᠦ ᠬᠠᠷᠠᠭᠤᠯ ᠤᠨ ᠴᠡᠭ ᠤᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠦᠨ᠎ᠡ᠃ ᠰᠡᠷᠡᠮᠵᠢᠯᠡᠭᠦᠯᠬᠦ ᠲᠦᠷᠢᠮ ᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠦᠭᠰᠢᠭᠦᠷᠢ ᠶᠢ ᠦᠨᠡᠯᠡᠨ ᠵᠢᠱᠢᠬᠦ ᠪᠠ ᠰᠡᠷᠡᠮᠵᠢᠯᠡᠭᠦᠯᠬᠦ ᠶᠢᠨ ᠤᠷᠢᠳᠠᠴᠢ ᠴᠢᠨᠠᠷ᠂ ᠨᠠᠷᠢᠯᠢᠬ ᠣᠨᠣᠪᠴᠢᠲᠤ ᠴᠢᠨᠠᠷ᠂ ᠥᠨᠳᠥᠷ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃ ᠣᠷᠣᠨ ᠪᠦᠰᠡ ᠬᠠᠮᠵᠢᠯᠴᠠᠬᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠬᠠᠯᠳᠠᠪᠤᠷᠢᠲᠤ ᠡᠪᠡᠳᠴᠢᠨ ᠢ ᠬᠢᠨᠠᠨ ᠰᠢᠨᠵᠢᠵᠦ ᠰᠡᠷᠡᠮᠵᠢᠯᠡᠭᠦᠯᠬᠦ ᠲᠣᠭᠲᠠᠯᠴᠠᠭ᠎ᠠ ᠶᠢ ᠪᠠᠶᠢᠭᠤᠯᠤᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠬᠠᠮᠵᠢᠯᠴᠠᠬᠤ ᠪᠠ ᠰᠠᠯᠠᠭ᠎ᠠ ᠮᠥᠴᠢᠷ ᠤᠨ ᠬᠤᠷᠰᠢᠨ ᠬᠦᠳᠡᠯᠦᠯᠴᠡᠬᠦ ᠶᠢ ᠴᠢᠩᠭᠠᠳᠬᠠᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠡᠭᠡ ᠪᠠᠶᠢᠷᠢᠰᠢᠯ ᠢ ᠪᠠᠶᠢᠭᠤᠯᠤᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠡᠩᠨᠡᠭᠡ ᠶᠢ ᠱᠠᠲᠤ ᠲᠥᠷᠥᠯ ᠬᠤᠪᠢᠶᠠᠨ ᠵᠣᠬᠢᠶᠠᠨ ᠪᠠᠶᠢᠭᠤᠯᠵᠤ᠂ ᠦᠨᠳᠦᠰᠦᠨ ᠱᠠᠲᠤᠨ ᠤ ᠴᠡᠷᠢᠭ ᠤᠨ ᠡᠮᠴᠢ ᠶᠢᠨ ᠣᠷᠣᠨ ᠨᠤᠲᠤᠭ ᠤᠨ ᠪᠠᠴᠢᠮ ᠠᠪᠤᠷᠠᠯᠳᠠ ᠶᠢᠨ ᠪᠠᠶᠢᠭᠤᠯᠤᠮᠵᠢ ᠳᠤ ᠬᠦᠷᠴᠦ ᠠᠵᠢᠯ ᠡᠷᠭᠢᠯᠡᠬᠦ ᠪᠣᠯᠪᠠᠰᠤᠷᠠᠯ ᠤᠨ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  6. ᠨᠢᠭᠲᠠ ᠬᠡᠯᠪᠡᠷᠢᠲᠦ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠬᠤᠳᠠ ᠳᠤ ᠠᠶᠢᠮᠠᠭ ᠬᠤᠳᠠ ᠶᠢᠨ ᠱᠠᠲᠤᠨ ᠤ ᠡᠮᠨᠡᠯᠭᠡ ᠶᠢᠨ ᠬᠤᠷᠢᠶ᠎ᠠ᠂ ᠬᠤᠳᠠ ᠲᠣᠭᠤᠷᠢᠭ ᠤᠨ ᠱᠠᠲᠤᠨ ᠤ ᠡᠮᠨᠡᠯᠭᠡ ᠶᠢᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ᠂ ᠰᠤᠪᠢᠯᠠᠯᠲᠠ ᠶᠢᠨ ᠬᠦᠷᠢᠶᠡᠯᠡᠩ᠂ ᠲᠤᠰᠬᠠᠶ ᠮᠡᠷᠭᠡᠵᠢᠯ ᠤᠨ ᠡᠷᠡᠭᠦᠯᠵᠢᠭᠦᠯᠬᠦ ᠪᠠᠶᠢᠭᠤᠯᠤᠮᠵᠢ᠂ ᠠᠮᠤᠷᠯᠢᠩᠭᠤᠢ ᠡᠮᠴᠢᠯᠡᠭᠡ ᠰᠤᠪᠢᠯᠠᠯᠲᠠ ᠶᠢᠨ ᠪᠠᠶᠢᠭᠤᠯᠤᠮᠵᠢ ᠵᠡᠷᠭᠡ ᠪᠠᠷ ᠪᠦᠷᠢᠯᠳᠦᠭᠰᠡᠨ ᠡᠮᠴᠢᠯᠡᠭᠡᠨ ᠤ ᠬᠤᠯᠪᠣᠭᠠᠲᠤ ᠴᠣᠭᠴᠠ ᠶᠢ ᠲᠣᠣᠷᠯᠢᠬᠵᠢᠭᠤᠯᠤᠨ ᠪᠠᠶᠢᠷᠢᠰᠢᠭᠤᠯᠵᠤ ᠪᠥᠳᠥᠭᠡᠨ ᠪᠠᠶᠢᠭᠤᠯᠤᠨ᠎ᠠ᠃ ᠬᠤᠲᠠ ᠲᠣᠭᠤᠷᠢᠭ ᠤᠨ ᠱᠠᠲᠤᠨ ᠤ ᠡᠮᠨᠡᠯᠭᠡ ᠶᠢᠨ ᠬᠤᠷᠢᠶ᠎ᠠ ᠬᠢᠭᠡᠳ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠨᠢᠭᠡ ᠴᠣᠠᠠᠴᠠᠵᠢᠭᠤᠯᠥᠨ ᠬᠠᠮᠢᠶᠠᠷᠬᠤ ᠵᠡᠷᠭᠡ ᠣᠯᠠᠨ ᠵᠦᠢᠯ ᠤᠨ ᠬᠡᠯᠪᠡᠷᠢ ᠮᠠᠶ᠋ᠢᠭ ᠢ ᠬᠠᠶᠢᠨ ᠰᠦᠪᠡᠭᠴᠢᠯᠡᠵᠦ᠂ ︽ ᠬᠤᠲᠠ ᠪᠠᠷ ᠲᠣᠭᠤᠷᠢᠭ ᠢ ᠳᠠᠶᠢᠴᠢᠯᠠᠬᠤ᠂ ᠲᠣᠭᠤᠷᠢᠭ ᠨᠡᠶᠢᠭᠡᠮ ᠲᠣᠭᠤᠷᠢᠭ ᠢ ᠨᠢᠭᠡ ᠴᠣᠭᠴᠠᠵᠢᠭᠤᠯᠬᠤ ︾ ᠣᠯᠠᠨ ᠡᠰᠢᠵᠢᠭᠰᠡᠨ ᠬᠥᠭᠵᠢᠯᠲᠡ ᠶᠢᠨ ᠵᠠᠭᠪᠤᠷ ᠢ ᠪᠦᠷᠢᠯᠳᠦᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠳᠤ ᠰᠢᠶᠠᠨ ᠤ ᠬᠡᠪᠴᠢᠶ᠎ᠡ ᠪᠠᠷ ᠨᠢᠭᠡᠴᠢ ᠪᠣᠯᠭᠠᠨ ᠨᠢᠭᠲᠠ ᠬᠡᠯᠪᠡᠷᠢᠲᠦ ᠡᠮᠴᠢᠯᠡᠭᠡᠨ ᠤ ᠬᠠᠮᠲᠤ ᠶᠢᠨ ᠴᠣᠭᠴᠠ ᠶᠢ ᠬᠥᠭᠵᠢᠭᠦᠯᠵᠦ᠂ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠪᠠᠷ ᠲᠦᠷᠦᠭᠦᠯᠡᠭᠦᠯᠦᠨ᠂ ᠪᠤᠰᠤᠳ ᠬᠤᠰᠢᠭᠤ ᠰᠢᠶᠠᠨ ᠤ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠵᠢᠴᠢ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠵᠡᠷᠭᠡ ᠪᠠᠷ ᠪᠦᠷᠢᠯᠳᠦᠬᠦᠨ ᠨᠢᠭᠡᠴᠢ ᠪᠣᠯᠭᠠᠨ᠎ᠠ᠃ ᠰᠢᠶᠠᠨ ᠤ ᠬᠡᠪᠴᠢᠶᠡᠨ ᠳᠠᠬᠢ ᠪᠠᠶᠢᠩᠭᠤ ᠰᠠᠭᠤᠭ᠎ᠠ ᠬᠥᠮᠦᠨ ᠠᠮᠠ 20 ᠲᠦᠮᠡ ᠡᠴᠠ ᠳᠣᠷᠣᠭᠰᠢ ᠪᠠᠶᠢᠪᠠᠯ᠂ ᠵᠠᠷᠴᠢᠮ ᠳᠡᠭᠡᠷ᠎ᠡ ᠪᠠᠨ ᠨᠢᠭᠡ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ᠃ ᠰᠢᠶᠠᠨ ᠰᠢᠶᠠᠩ ᠤᠨ ᠨᠢᠭᠡ ᠴᠣᠭᠴᠠᠵᠢᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠵᠠᠰᠠᠭ ᠵᠠᠬᠢᠷᠭᠠᠨ᠂ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ᠂ ᠲᠤᠬᠠᠶᠢᠯᠠᠭᠰᠠᠨ ᠠᠵᠢᠯ᠂ ᠡᠮ ᠤᠨ ᠵᠦᠢᠯ ᠬᠤᠷᠣᠭᠳᠠᠯ ᠮᠠᠲ᠋ᠧᠷᠢᠶᠠᠯ᠂ ᠮᠡᠳᠡᠭᠡ ᠵᠠᠩᠭᠢ ᠶᠢᠨ ᠰᠢᠰᠲ᠋ᠧᠮ᠂ ᠠᠵᠢᠯ ᠤᠨ ᠠᠮᠵᠢᠯᠲᠠ ᠪᠦᠲᠦᠮᠵᠢ ᠶᠢᠨ ᠰᠢᠯᠭᠠᠨ ᠬᠢᠨᠠᠯᠲᠠ ᠵᠡᠷᠭᠡ ᠶᠢ ᠨᠢᠭᠡᠳᠦᠯᠲᠡᠶ ᠲᠥᠯᠥᠪᠯᠡᠨ ᠬᠠᠮᠢᠶᠠᠷᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠪᠠ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠤᠭᠤᠷᠣᠨᠳᠣᠬᠢ ᠣᠷᠣ᠂ ᠳ᠋ᠤᠭᠠᠷ᠂ ᠲᠥᠬᠦᠭᠡᠷᠦᠮᠵᠢ ᠶᠢ ᠨᠢᠭᠡᠳᠦᠯᠲᠡᠶ ᠲᠥᠯᠥᠪᠯᠡᠨ ᠬᠡᠷᠡᠭᠯᠡᠬᠦ ᠶᠢ ᠴᠢᠩᠭᠠᠳᠬᠠᠨ᠎ᠠ᠃ ᠵᠠᠰᠠᠭ ᠤᠨ ᠣᠷᠳᠣᠨ ᠡᠴᠠ ᠪᠠᠶᠢᠭᠤᠯᠤᠭᠰᠠᠨ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠴᠢᠯᠡᠭᠡᠨ ᠤ ᠬᠠᠮᠲᠤ ᠶᠢᠨ ᠴᠣᠭᠴᠠ ᠳᠤ ᠣᠷᠣᠭᠤᠯᠵᠤ᠂ ᠰᠢᠶᠠᠩ ᠲᠣᠰᠬᠤᠨ ᠤ ᠨᠢᠭᠡ ᠴᠣᠭᠴᠠᠵᠢᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠂ ᠡᠳ᠋ ᠤᠨ ᠶᠠᠪᠤᠳᠠᠯ᠂ ᠲᠤᠬᠠᠶᠢᠯᠠᠭᠰᠠᠨ ᠠᠵᠢᠯ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠵᠡᠷᠭᠡ ᠶᠢᠨ ᠨᠢᠭᠡᠳᠦᠯᠲᠡᠶ ᠬᠠᠮᠢᠶᠠᠷᠤᠯᠲᠠ ᠶᠢ ᠪᠡᠶᠡᠯᠡᠭᠦᠯᠦᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ ︶

  7. ᠬᠢᠲᠠᠳ ᠡᠮ ᠡᠮᠨᠡᠯᠭᠡ ︵ ᠮᠣᠩᠭᠤᠯ ᠡᠮ ᠡᠮᠨᠡᠯᠭᠡ ︶ ᠶᠢᠨ ᠦᠢᠯᠡᠴᠢᠯᠡᠭᠡᠨ ᠤ ᠲᠣᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠨ᠎ᠠ᠃ ︽ ᠬᠢᠲᠠᠳ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠭᠡ ᠢᠨᠵᠧᠨᠧᠷᠢᠩ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ ︾︵ ᠲᠥᠷᠥ ᠠᠯᠪᠠᠨ ᠲᠠᠷᠬᠠᠭᠠᠭᠰᠠᠨ 〔 2023 〕 3 ᠳ᠋ᠤᠭᠠᠷ ᠲᠣᠭᠠᠲᠤ ︶ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠢᠲᠠᠳ ᠡᠮ ᠡᠮᠨᠡᠯᠭᠡ ︵ ᠮᠣᠩᠭᠤᠯ ᠡᠮ ᠡᠮᠨᠡᠯᠭᠡ ︶ ᠶᠢᠨ ᠴᠢᠬᠤᠯᠠ ᠶᠡᠭᠡ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠤᠯᠤᠰ ᠤᠨ ᠣᠷᠣᠨ ᠪᠦᠰᠡ ᠶᠢᠨ ᠬᠢᠲᠠᠳ ᠡᠮᠨᠡᠯᠭᠡ ᠶᠢᠨ ᠡᠮᠴᠢᠯᠡᠭᠡᠨ ᠤ ᠲᠥᠪ 1᠂ ᠤᠯᠤᠰ ᠤᠨ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠲᠥᠪ 1᠂ ᠤᠯᠤᠰ ᠤᠨ ᠬᠢᠲᠠᠳ ᠡᠮᠨᠡᠯᠭᠡ ᠶᠢᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠰᠠᠭᠤᠷᠢᠨ ᠭᠠᠵᠠᠷ 1᠂ ᠤᠯᠤᠰ ᠤᠨ ᠬᠢᠲᠠᠳ ᠧᠦ᠋ᠷᠣᠫᠠ ᠡᠮᠨᠡᠯᠭᠡ ᠶᠢᠨ ᠬᠠᠮᠵᠢᠯᠴᠠᠭᠰᠠᠨ ︽ ᠬᠤᠰᠢᠭᠤᠴᠢ ︾ ᠡᠮᠨᠡᠯᠭᠡ ᠶᠢᠨ ᠬᠤᠷᠢᠶ᠎ᠠ 1᠂ ᠤᠯᠤᠰ ᠤᠨ ᠬᠢᠲᠠᠳ ᠡᠮᠨᠡᠯᠭᠡ ᠶᠢᠨ ᠣᠨᠴᠠᠯᠢᠭᠲᠤ ᠭᠤᠤᠯᠳᠠᠯᠭ᠎ᠠ ᠲᠠᠢ ᠡᠮᠨᠡᠯᠭᠡ ᠶᠢᠨ ᠬᠤᠷᠢᠶ᠎ᠠ 6 ᠪᠠ ᠬᠢᠲᠠᠳ ᠡᠮᠨᠡᠯᠭᠡ ︵ ᠮᠣᠩᠭᠤᠯ ᠡᠮᠨᠡᠯᠭᠡ ︶ ᠶᠢᠨ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ 30 ᠪᠠᠶᠢᠭᠤᠯᠤᠨ᠎ᠠ᠃ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠬᠢᠲᠠᠳ ᠡᠮᠨᠡᠯᠭᠡ ︵ ᠮᠣᠩᠭᠤᠯ ᠡᠮᠨᠡᠯᠭᠡ ︶ ᠶᠢᠨ ᠡᠮᠨᠡᠯᠭᠡ ᠶᠢᠨ ᠬᠤᠷᠢᠶ᠎ᠠ ᠪᠠ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ᠡᠮᠨᠡᠯᠭᠡ ︵ ᠮᠣᠩᠭᠤᠯ ᠡᠮᠨᠡᠯᠭᠡ ︶ ᠶᠢᠨ ᠰᠠᠯᠠᠭ᠎ᠠ ᠲᠠᠰᠤᠭ ᠤᠨ ᠲᠣᠬᠢᠷᠠᠭᠤᠯᠤᠯᠲᠠ ᠪᠠ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠲᠠᠳ ᠡᠮ ᠡᠮᠨᠡᠯᠭᠡ ︵ ᠮᠣᠩᠭᠤᠯ ᠡᠮ ᠡᠮᠨᠡᠯᠭᠡ ︶ ᠶᠢᠨ ᠦᠢᠯᠡᠴᠢᠯᠡᠭᠡ ᠪᠠᠷ ᠭᠤᠤᠯ ᠪᠣᠯᠭᠠᠭᠰᠠᠨ ᠡᠮᠨᠡᠯᠭᠡ ᠶᠢᠨ ᠬᠤᠷᠢᠶ᠎ᠠ ᠡᠷᠭᠢᠯᠡᠬᠦ ᠵᠠᠭᠪᠤᠷ ᠪᠠ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠤᠨ᠂ ᠠᠶᠢᠮᠠᠭ ᠬᠤᠲᠠ ᠡᠴᠠ ᠪᠠᠶᠢᠭᠤᠯᠤᠭᠰᠠᠨ ᠭᠤᠷᠪᠠᠳᠤᠭᠠᠷ ᠲᠠᠰ ᠤᠨ ᠬᠥᠬᠡ ᠳᠡᠰ ᠤᠨ ᠬᠢᠲᠠᠳ ᠡᠮᠨᠡᠯᠭᠡ ︵ ᠮᠣᠩᠭᠤᠯ ᠡᠮᠨᠡᠯᠭᠡ ︶ ᠶᠢᠨ ᠡᠮᠨᠡᠯᠭᠡ ᠶᠢᠨ ᠬᠤᠷᠢᠶ᠎ᠠ ᠶᠢ ᠪᠦᠷᠢᠨ ᠪᠦᠷᠬᠦᠭᠦᠯᠬᠦ᠂ ᠬᠤᠰᠢᠭᠤ ᠰᠢᠶᠠᠨ ᠤ ᠡᠷᠭᠢᠯᠡᠭᠰᠡᠨ ᠬᠢᠲᠠᠳ ᠡᠮᠨᠡᠯᠭᠡ ︵ ᠮᠣᠩᠭᠤᠯ ᠡᠮᠨᠡᠯᠭᠡ ︶ ᠶᠢᠨ ᠡᠮᠨᠡᠯᠭᠡ ᠶᠢᠨ ᠬᠤᠷᠢᠶ᠎ᠠ ᠶᠢ ᠪᠦᠷᠢᠨ ᠪᠦᠷᠬᠦᠭᠦᠯᠬᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ᠡᠮᠨᠡᠯᠭᠡ ᠶᠢᠨ ᠣᠷᠳᠣᠨ ︵ ᠮᠣᠩᠭᠤᠯ ᠡᠮᠨᠡᠯᠭᠡ ᠶᠢᠨ ᠣᠷᠳᠣᠨ ︶ ᠢ ᠪᠦᠷᠢᠨ ᠪᠦᠷᠬᠦᠭᠦᠯᠬᠦ ᠶᠢ ᠴᠢᠷᠮᠠᠶᠢᠨ ᠪᠡᠶᠡᠯᠡᠭᠦᠯᠦᠨ᠎ᠡ᠃ ᠬᠤᠰᠢᠭᠤ ᠰᠢᠶᠠᠨ ᠤ ᠱᠠᠲᠤ ᠵᠢᠴᠢ ᠲᠡᠭᠦᠨ ᠡᠴᠠ ᠳᠡᠭᠡᠭᠰᠢᠬᠢ ᠠᠯᠪᠠᠨ ᠡᠴᠠ ᠪᠠᠶᠢᠭᠤᠯᠤᠭᠰᠠᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠳᠤ ᠬᠢᠲᠠᠳ ᠡᠮᠨᠡᠯᠭᠡ ︵ ᠮᠣᠩᠭᠤᠯ ᠡᠮᠨᠡᠯᠭᠡ ︶ ᠶᠢᠨ ᠰᠠᠯᠠᠭ᠎ᠠ ᠶᠢ ᠪᠦᠷᠢᠨ ᠪᠥᠷᠬᠦᠭᠦᠯᠬᠦ᠂ ᠲᠤᠰᠬᠠᠶ ᠰᠠᠯᠠᠭᠠᠨ ᠤ ᠡᠮᠨᠡᠯᠭᠡ ᠶᠢᠨ ᠬᠤᠷᠢᠶ᠎ᠠ ᠪᠠ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠳᠤ ᠬᠢᠲᠠᠳ ᠡᠮ ᠡᠮᠨᠡᠯᠭᠡ ︵ ᠮᠣᠩᠭᠤᠯ ᠡᠮ ᠡᠮᠨᠡᠯᠭᠡ ︶ ᠶᠢᠨ ᠦᠢᠯᠡᠴᠢᠯᠡᠭᠡ ᠶᠢ ᠪᠦᠷᠢᠨ ᠪᠥᠷᠬᠦᠭᠦᠯᠬᠦ ᠶᠢ ᠠᠬᠢᠭᠤᠯᠤᠨ᠎ᠠ᠃ ᠬᠢᠲᠠᠳ ᠡᠮᠨᠡᠯᠭᠡ ︵ ᠮᠣᠩᠭᠤᠯ ᠡᠮᠨᠡᠯᠭᠡ ︶ ᠶᠢᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠬᠤᠯᠪᠣᠭᠠᠲᠤ ᠴᠣᠭᠴᠠ ᠲᠦᠷᠦᠭᠦᠯᠡᠨ ᠪᠠᠶᠢᠭᠤᠯᠬᠤ ᠶᠢ ᠨᠢ ᠳᠡᠮᠵᠢᠵᠦ᠂ ᠦᠨᠳᠦᠰᠦᠨ ᠱᠠᠲᠤᠨ ᠤ ᠬᠢᠲᠠᠳ ᠡᠮ ᠡᠮᠨᠡᠯᠭᠡ ︵ ᠮᠣᠩᠭᠤᠯ ᠡᠮ ᠡᠮᠨᠡᠯᠭᠡ ︶ ᠶᠢᠨ ᠣᠨᠴᠠᠯᠢᠠᠠᠳᠣ ᠡᠷᠡᠭᠦᠯ ᠮᠡᠨᠳᠦ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢ ᠵᠣᠬᠢᠶᠠᠨ ᠪᠠᠶᠢᠭᠤᠯᠵᠤ᠂ ᠬᠢᠲᠠᠳ ᠡᠮ ᠡᠮᠨᠡᠯᠭᠡ ︵ ᠮᠣᠩᠭᠤᠯ ᠡᠮ ᠡᠮᠨᠡᠯᠭᠡ ︶ ᠶᠢᠨ ᠡᠪᠡᠳᠴᠢᠯᠡᠬᠦ ᠡᠴᠠ ᠤᠷᠢᠳ ᠰᠡᠷᠭᠡᠶᠢᠯᠡᠨ ᠵᠠᠰᠠᠬᠤ᠂ ᠡᠪᠡᠳᠴᠢᠨ ᠡᠮᠭᠡᠭ ᠢ ᠡᠮᠨᠡᠨ ᠵᠠᠰᠠᠬᠤ᠂ ᠡᠷᠡᠭᠦᠯᠵᠢᠭᠦᠯᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠵᠡᠷᠭᠡ ᠪᠦᠬᠦᠯᠢ ᠴᠣᠭᠴᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠢᠲᠠᠳ ᠡᠮᠨᠡᠯᠭᠡ ︵ ᠮᠣᠩᠭᠤᠯ ᠡᠮᠨᠡᠯᠭᠡ ︶ ᠶᠢᠨ ᠳᠠᠪᠠᠭᠤᠯᠢᠭ ᠲᠤᠰᠬᠠᠶ ᠰᠠᠯᠠᠭᠠᠨ ᠤ ᠲᠤᠰᠬᠠᠶ ᠡᠪᠡᠳᠴᠢᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠭᠤᠷᠪᠠᠳᠤᠭᠠᠷ ᠳᠡᠰ ᠤᠨ ᠬᠢᠲᠠᠳ ᠡᠮᠨᠡᠯᠭᠡ ︵ ᠮᠣᠩᠭᠤᠯ ᠡᠮᠨᠡᠯᠭᠡ ︶ ᠶᠢᠨ ᠡᠮᠨᠡᠯᠭᠡ ᠶᠢᠨ ᠬᠤᠷᠢᠶᠠᠨ ᠤ ᠤᠯᠤᠰ ᠤᠨ ᠬᠢᠲᠠᠳ ᠡᠮᠨᠡᠯᠭᠡ ᠶᠢᠨ ᠳᠠᠪᠠᠭᠤᠯᠢᠭ ᠲᠤᠰᠬᠠᠶ ᠰᠠᠯᠠᠭ᠎ᠠ ᠶᠢ 30 ᠪᠠᠶᠢᠭᠤᠯᠬᠤ᠂ ᠬᠤᠶᠠᠳᠤᠭᠠᠷ ᠳᠡᠰ ᠤᠨ ᠬᠢᠲᠠᠳ ᠡᠮᠨᠡᠯᠭᠡ ︵ ᠮᠣᠩᠭᠤᠯ ᠡᠮᠨᠡᠯᠭᠡ ︶ ᠶᠢᠨ ᠡᠮᠨᠡᠯᠭᠡ ᠶᠢᠨ ᠬᠤᠷᠢᠶᠠᠨ ᠤ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠢᠲᠠᠳ ᠡᠮᠨᠡᠯᠭᠡ ︵ ᠮᠣᠩᠭᠤᠯ ᠡᠮᠨᠡᠯᠭᠡ ︶ ᠶᠢᠨ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ 100 ᠪᠠᠶᠢᠭᠤᠯᠬᠤ ᠵᠢ ᠨᠢ ᠳᠡᠮᠵᠢᠨ᠎ᠡ᠃ ᠬᠤᠶᠠᠳᠤᠭᠠᠷ ᠳᠡᠰ ᠵᠢᠴᠢ ᠲᠡᠭᠦᠨ ᠡᠴᠠ ᠳᠡᠭᠡᠭᠰᠢᠬᠢ ᠠᠯᠪᠠᠨ ᠡᠴᠠ ᠪᠠᠶᠢᠭᠤᠯᠤᠭᠰᠠᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠳᠤ ᠬᠢᠲᠠᠳ ᠧᠦ᠋ᠷᠣᠫᠠ ᠡᠮᠨᠡᠯᠭᠡ ᠶᠢᠨ ᠬᠠᠮᠵᠢᠯᠴᠠᠭᠰᠠᠨ ︽ ᠬᠤᠰᠢᠭᠤᠴᠢ ︾ ᠰᠠᠯᠠᠭ᠎ᠠ ᠲᠠᠰᠤᠭ ᠢ 20 ᠪᠠᠶᠢᠭᠤᠯᠤᠨ᠎ᠠ᠃ ᠬᠢᠲᠠᠳ ᠡᠮᠨᠡᠯᠭᠡ ︵ ᠮᠣᠩᠭᠤᠯ ᠡᠮᠨᠡᠯᠭᠡ ︶ ᠶᠢᠨ ᠡᠮᠨᠡᠯᠭᠡ ᠶᠢᠨ ᠬᠤᠷᠢᠶᠠᠨ ᠤ ᠡᠮ ᠨᠠᠶᠢᠷᠠᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠳᠡᠮᠵᠢᠵᠦ᠂ ᠣᠷᠣᠨ ᠪᠦᠰᠡ ᠶᠢᠨ ᠡᠮ ᠨᠠᠶᠢᠷᠠᠭᠤᠯᠬᠤ ᠲᠥᠪ ᠢ ᠪᠠᠶᠢᠭᠤᠯᠵᠤ᠂ ᠬᠢᠲᠠᠳ ᠡᠮ ︵ ᠮᠣᠩᠭᠤᠯ ᠡᠮ ︶ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ ︶

  8. ᠥᠷᠭᠦᠯᠵᠢᠯᠡᠬᠦ ᠴᠢᠨᠠᠷᠲᠠᠶ ᠦᠢᠯᠡᠴᠢᠯᠡᠭᠡᠨ ᠤ ᠲᠣᠭᠲᠠᠯᠴᠠᠭᠠᠨ ᠤ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠪᠠᠶᠢᠭᠤᠯᠤᠮᠵᠢ ᠪᠠᠷ ᠲᠤᠯᠭᠠᠭᠤᠷᠢᠯᠠᠯ ᠪᠣᠯᠭᠠᠭᠰᠠᠨ᠂ ᠨᠡᠶᠢᠭᠡᠮ ᠲᠣᠭᠤᠷᠢᠭ ᠢᠶᠠᠷ ᠲᠠᠪᠴᠠᠩ ᠪᠣᠯᠭᠠᠭᠰᠠᠨ᠂ ᠬᠡᠷ ᠲᠤ ᠪᠠᠨ ᠦᠢᠯᠡᠴᠢᠯᠡᠭᠦᠯᠬᠦ ᠪᠠᠷ ᠰᠠᠭᠤᠷᠢ ᠪᠣᠯᠭᠠᠭᠰᠠᠨ ᠪᠥᠬᠦ ᠣᠷᠣᠨ ᠤ ᠥᠷᠭᠦᠯᠵᠢᠯᠡᠬᠦ ᠴᠢᠨᠠᠷᠲᠠᠶ ᠦᠢᠯᠡᠴᠢᠯᠡᠭᠡᠨ ᠤ ᠲᠣᠭᠲᠠᠯᠴᠠᠭᠠᠨ ᠤ ᠪᠠᠶᠢᠭᠤᠯᠤᠯᠲᠠ ᠬᠢᠭᠡᠳ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ ᠡᠮᠨᠡᠨ ᠵᠠᠰᠠᠬᠤ —— ᠡᠷᠡᠭᠦᠯᠵᠢᠭᠦᠯᠬᠦ —— ᠣᠷᠳᠣ ᠬᠤᠭᠤᠴᠠᠭ᠎ᠠ ᠪᠠᠷ ᠰᠤᠪᠢᠯᠠᠬᠤ ᠦᠢᠯᠡᠴᠢᠯᠡᠭᠡᠨ ᠤ ᠬᠡᠯᠬᠢᠶ᠎ᠡ ᠶᠢ ᠪᠦᠷᠢᠨᠰᠢᠬᠦᠯᠵᠦ᠂ ᠡᠮᠴᠢᠯᠡᠭᠡᠨ ᠤ ᠡᠬᠢ ᠪᠠᠶᠠᠯᠢᠭ ᠢᠶᠠᠷ ᠡᠯᠪᠡᠭ ᠭᠠᠵᠠᠷ ᠣᠷᠣᠨ ᠤ ᠠᠯᠪᠠᠨ ᠡᠴᠠ ᠪᠠᠶᠢᠭᠤᠯᠤᠭᠰᠠᠨ ᠬᠡᠰᠡᠭ ᠡᠮᠴᠢᠯᠡᠭᠡᠨ ᠤ ᠪᠠᠶᠢᠭᠤᠯᠤᠮᠵᠢ ᠶᠢ ᠰᠤᠪᠢᠯᠠᠯᠲᠠ ᠶᠢᠨ ᠬᠦᠷᠢᠶᠡᠯᠡᠩ ᠪᠠ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠪᠣᠯᠭᠠᠨ ᠬᠡᠯᠪᠡᠷᠢ ᠪᠠᠨ ᠬᠤᠪᠢᠷᠠᠭᠤᠯᠬᠤ ᠶᠢ ᠳᠡᠮᠵᠢᠬᠦ᠂ ᠨᠡᠶᠢᠭᠡᠮ ᠤᠨ ᠬᠦᠴᠦᠨ ᠤ ᠡᠷᠭᠢᠯᠡᠬᠦ ᠶᠢ ᠳᠡᠮᠵᠢᠬᠦ ᠵᠡᠷᠭᠡ ᠠᠷᠭ᠎ᠠ ᠮᠠᠶ᠋ᠢᠭ ᠵᠢᠨᠷ ᠳᠠᠮᠵᠢᠭᠤᠯᠤᠨ᠂ ᠡᠷᠡᠭᠦᠯᠵᠢᠯ᠂ ᠰᠤᠪᠢᠯᠠᠯᠲᠠ ᠵᠡᠷᠭᠡ ᠲᠤᠰᠬᠠᠶ ᠰᠠᠯᠠᠭᠠᠨ ᠤ ᠡᠮᠴᠢᠯᠡᠭᠡᠨ ᠤ ᠪᠠᠶᠢᠭᠤᠯᠤᠮᠵᠢ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠵᠦ᠂ ᠡᠷᠡᠭᠦᠯᠵᠢᠭᠦᠯᠬᠦ ᠪᠠ ᠰᠤᠪᠢᠯᠠᠬᠤ ᠵᠡᠷᠭᠡ ᠥᠷᠭᠦᠯᠵᠢᠯᠡᠬᠦ ᠴᠢᠨᠠᠷᠲᠠᠶ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ᠃ ︽ ᠨᠠᠰᠤᠲᠠᠶᠢᠴᠤᠳ ᠪᠠ ᠨᠢᠯᠬᠠᠰ ︾ ᠤᠨ ᠡᠷᠡᠭᠦᠯ ᠮᠡᠨᠳᠦ ᠶᠢᠨ ᠦᠢᠯᠡᠴᠢᠯᠡᠭᠡ ᠪᠠ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠳ᠋ᠤ ᠠᠩᠬᠠᠷᠤᠯ ᠵᠢᠨᠨ ᠲᠥᠪᠯᠡᠷᠡᠭᠦᠯᠦᠨ᠂ ᠡᠷᠡᠭᠦᠯᠵᠢᠭᠦᠯᠬᠦ ᠡᠮᠴᠢᠯᠡᠭᠡ᠂ ᠨᠠᠰᠤᠲᠠᠶᠢᠴᠤᠳ ᠤᠨ ᠰᠤᠪᠢᠯᠠᠯᠲᠠ᠂ ᠵᠡᠮᠳᠡᠭᠴᠦᠳ ᠤᠨ ᠰᠤᠪᠢᠯᠠᠯᠲᠠ᠂ ᠡᠬᠡ ᠨᠢᠯᠬᠠᠰ ᠤᠨ ᠰᠤᠪᠢᠯᠠᠯᠲᠠ᠂ ᠨᠡᠶᠢᠭᠡᠮ ᠲᠣᠭᠤᠷᠢᠭ ᠤᠨ ᠰᠤᠪᠢᠯᠠᠯᠲᠠ᠂ ᠠᠮᠤᠷᠯᠢᠩᠭᠤᠢ ᠡᠮᠴᠢᠯᠡᠭᠡ ᠰᠤᠪᠢᠯᠠᠯᠲᠠ ᠵᠢᠴᠢ ᠰᠢᠮ᠎ᠡ ᠲᠡᠵᠢᠭᠡᠯ ᠤᠨ ᠳᠡᠮᠵᠢᠯᠭᠡ ᠵᠡᠷᠭᠡ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠵᠦ᠂ ᠠᠯᠪᠠᠨ ᠡᠴᠠ ᠪᠠᠶᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠠᠶᠢᠳᠠᠨ ᠰᠠᠭᠠᠲᠠᠭᠤᠯᠬᠤ ᠦᠢᠯᠡᠴᠢᠯᠡᠭᠡᠨ ᠤ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠨ᠎ᠡ᠃ ᠵᠡᠮᠳᠡᠭᠴᠦᠳ ᠢ ᠡᠷᠡᠭᠦᠯᠵᠢᠭᠦᠯᠬᠦ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠵᠡᠮᠳᠡᠭᠴᠦᠳ ᠢ ᠡᠷᠡᠭᠦᠯᠵᠢᠭᠦᠯᠬᠦ ᠪᠠ ᠨᠠᠶᠢᠳᠠᠨ ᠠᠰᠠᠷᠠᠭᠤᠯᠬᠤ ᠪᠠᠶᠢᠭᠤᠯᠤᠮᠵᠢ ᠶᠢᠨ ᠪᠡᠯᠡᠳᠬᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠡᠶᠢᠭᠡᠮ ᠡᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠬᠢᠭᠡᠳ ᠠᠯᠪᠠᠨ ᠡᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠢᠵᠢᠯᠢᠰᠢᠭᠰᠡᠨ ᠬᠠᠮᠢᠶᠠᠷᠤᠯᠲᠠ ᠶᠢ ᠪᠡᠶᠡᠯᠡᠭᠦᠯᠵᠦ᠂ ᠨᠡᠶᠢᠭᠡᠮ ᠡᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠵᠢᠨ ᠶᠠᠰᠤ ᠴᠢᠨᠠᠷ ᠤᠨ ᠡᠵᠡᠮᠳᠡᠯ ᠤᠨ ᠲᠣᠭᠲᠠᠯᠴᠠᠭᠠᠨ ᠤ ᠪᠠᠶᠢᠭᠤᠯᠤᠯᠲᠠ ᠵᠢ ᠴᠢᠩᠭᠠᠳᠬᠠᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ ︶

  ︵ ᠬᠤᠶᠠᠷ ︶ ᠠᠵᠢᠯ ᠬᠤᠪᠢᠶᠠᠷᠢᠯᠠᠨ ᠬᠠᠮᠲᠤᠷᠠᠯᠴᠠᠬᠤ ᠪᠠᠨ ᠴᠢᠩᠭᠠᠳᠬᠠᠵᠤ᠂ ᠬᠥᠳᠡᠯᠭᠡᠬᠦ ᠬᠦᠴᠦᠨ ᠢᠶᠠᠨ ᠳᠡᠭᠡᠭᠰᠢᠯᠡᠭᠦᠯᠦᠨ᠂ ᠵᠠᠰᠠᠯᠲᠠ ᠶᠢᠨ ᠲᠣᠭᠲᠠᠯᠴᠠᠭᠠᠨ ᠤ ᠣᠳᠣᠬᠢᠴᠢᠯᠠᠯᠲᠠ ᠶᠢ ᠠᠬᠢᠭᠤᠯᠤᠨ᠎ᠠ᠃

  9. ᠡᠮᠴᠢᠯᠡᠭᠡ ᠪᠠ ᠨᠠᠰᠤᠵᠢᠯ ᠢ ᠤᠶᠠᠯᠳᠤᠭᠤᠯᠬᠤ ᠶᠢ ᠠᠬᠢᠭᠤᠯᠤᠨ᠎ᠠ᠃ ᠪᠥᠬᠦ ᠣᠷᠣᠨ ᠤ ᠡᠮᠴᠢᠯᠡᠭᠡ ᠨᠠᠰᠤᠵᠢᠯ ᠢ ᠤᠶᠠᠯᠳᠤᠭᠤᠯᠤᠭᠰᠠᠨ ᠪᠠᠶᠢᠭᠤᠯᠤᠮᠵᠢ ᠵᠢᠨ ᠲᠣᠬᠢᠷᠠᠭᠤᠯᠤᠯᠲᠠ ᠵᠢᠨ ᠲᠥᠯᠥᠪᠵᠢᠭᠦᠯᠭᠡ ᠵᠢ ᠰᠤᠳᠤᠯᠤᠨ ᠲᠣᠭᠲᠠᠭᠠᠵᠤ᠂ ᠨᠠᠰᠤᠵᠢᠯ ᠤᠨ ᠪᠠᠶᠢᠭᠤᠯᠤᠮᠵᠢ ᠬᠢᠭᠡᠳ ᠡᠮᠴᠢᠯᠡᠭᠡᠨ ᠤ ᠪᠠᠶᠢᠭᠤᠯᠤᠮᠵᠢ ᠶᠢᠨ ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ᠂ ᠰᠤᠪᠢᠯᠠᠯᠲᠠ ᠶᠢᠨ ᠬᠦᠷᠢᠶᠡᠯᠡᠩ᠂ ᠡᠷᠡᠭᠦᠯᠵᠢᠯ ᠰᠤᠪᠢᠯᠠᠯᠲᠠ ᠶᠢᠨ ᠪᠠᠶᠢᠭᠤᠯᠤᠮᠵᠢ᠂ ᠠᠮᠤᠷᠯᠢᠩᠭᠤᠢ ᠡᠮᠴᠢᠯᠡᠭᠡ ᠰᠤᠪᠢᠯᠠᠯᠲᠠ ᠶᠢᠨ ᠪᠠᠶᠢᠭᠤᠯᠤᠮᠵᠢ ᠵᠡᠷᠭᠡ ᠶᠢ ᠵᠦᠶ ᠵᠣᠬᠢᠰᠲᠠᠶ ᠪᠠᠶᠢᠷᠢᠯᠠᠭᠤᠯᠤᠨ᠎ᠠ᠃ ᠡᠷᠡᠭᠦᠯ ᠮᠡᠨᠳᠦ ᠶᠢᠨ ᠬᠠᠮᠢᠶᠠᠷᠤᠯᠲᠠ᠂ ᠡᠮᠴᠢᠯᠡᠭᠡ᠂ ᠡᠷᠡᠭᠦᠯᠵᠢᠯ᠂ ᠰᠤᠪᠢᠯᠠᠯᠲᠠ ᠶᠢᠨ ᠦᠢᠯᠡᠴᠢᠯᠡᠭᠡ ᠵᠢᠴᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠤᠭᠤᠷᠣᠨᠳᠣᠬᠢ ᠵᠠᠪᠰᠠᠷ ᠥᠬᠡᠶ ᠵᠣᠯᠭᠠᠭᠤᠯᠬᠤ ᠲᠣᠭᠲᠠᠴᠠ ᠶᠢ ᠪᠠᠶᠢᠭᠤᠯᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠵᠣᠯ ᠵᠢᠷᠭᠠᠯ ᠤᠨ ᠬᠦᠷᠢᠶᠡᠯᠡᠩ ᠪᠠ ᠨᠡᠶᠢᠭᠡᠮ ᠲᠣᠭᠤᠷᠢᠭ ᠤᠨ ᠡᠳᠦᠷ ᠤᠨ ᠬᠤᠭᠤᠴᠠᠭᠠᠨ ᠤ ᠠᠰᠠᠷᠠᠨ ᠬᠠᠷᠠᠭᠠᠯᠵᠠᠬᠤ ᠲᠥᠪ ᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ ᠬᠡᠷ ᠲᠤ ᠪᠠᠨ ᠠᠰᠠᠷᠠᠭᠤᠯᠬᠤ ᠨᠠᠰᠤᠵᠢᠯ ᠤᠨ ᠠᠰᠠᠷᠠᠮᠵᠢ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢ ᠬᠡᠷᠡᠭᠵᠢᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠠᠰᠤᠲᠠᠶᠢᠴᠤᠳ ᠤᠨ ᠡᠮᠴᠢᠯᠡᠭᠡᠨ ᠤ ᠰᠤᠪᠢᠯᠠᠯᠲᠠ᠂ ᠬᠡᠷ ᠪᠦᠯᠢ ᠶᠢᠨ ᠡᠪᠡᠳᠴᠢᠲᠡᠨ ᠤ ᠣᠷᠣ᠂ ᠬᠡᠷ ᠪᠦᠯᠢ ᠶᠢᠨ ᠰᠤᠪᠢᠯᠠᠯᠲᠠ ᠵᠡᠷᠭᠡ ᠦᠢᠯᠡᠴᠢᠯᠡᠭᠡ ᠶᠢ ᠳᠡᠮᠵᠢᠬᠦ ᠶᠢ ᠨᠢ ᠠᠬᠢᠭᠤᠯᠤᠨ᠎ᠠ᠃ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠲᠤ ︽ ᠡᠷᠦᠬᠡ ᠳᠤ ᠣᠷᠣᠵᠣ ᠡᠷᠡᠭᠦᠯ ᠮᠡᠨᠳᠦ ᠶᠢ ᠨᠢ ᠬᠠᠯᠠᠮᠵᠢᠯᠠᠬᠤ ᠠᠵᠢᠯᠯᠠᠭᠠᠨ ︾ ᠢ ᠥᠷᠨᠢᠭᠦᠯᠵᠦ᠂ ᠬᠡᠷ ᠲᠤ ᠨᠢ ᠬᠦᠷᠴᠦ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠬᠢᠭᠡᠳ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠤᠷᠢᠳᠴᠢᠯᠠᠨ ᠪᠣᠯᠵᠣᠵᠤ ᠡᠮᠨᠡᠭᠦᠯᠬᠦ᠂ ᠪᠠᠴᠢᠮ ᠠᠪᠤᠷᠠᠯᠲᠠ ᠲᠦᠷᠭᠡᠨ ᠡᠮᠨᠡᠯᠭᠡ ᠵᠢᠨ ᠰᠠᠭᠠᠳ ᠥᠬᠡᠶ ᠨᠡᠪᠲᠡᠷᠡᠬᠦ ᠵᠠᠮ ᠢ ᠢᠳᠡᠪᠬᠢᠲᠡᠶ ᠨᠡᠭᠡᠭᠡᠵᠦ᠂ ᠨᠠᠰᠤᠵᠢᠯ ᠤᠨ ᠠᠰᠠᠷᠠᠮᠵᠢ ᠵᠢᠨ ᠪᠠᠶᠢᠭᠤᠯᠤᠮᠵᠢ ᠵᠢᠨ ᠡᠷᠭᠢᠯᠡᠭᠰᠡᠨ ᠡᠮᠴᠢᠯᠡᠭᠡᠨ ᠤ ᠪᠠᠶᠢᠭᠤᠯᠤᠮᠵᠢ ᠵᠢᠨ ᠡᠮᠴᠢᠯᠡᠭᠡᠨ ᠤ ᠦᠢᠯᠡᠴᠢᠯᠡᠭᠡ ᠪᠠ ᠡᠮ ᠤᠨ ᠶᠠᠪᠤᠳᠠᠯ ᠤᠨ ᠬᠠᠮᠢᠶᠠᠷᠤᠯᠲᠠ ᠦᠷᠨᠢᠭᠦᠯᠬᠦ ᠴᠢᠳᠠᠪᠤᠷᠢ ᠵᠢ ᠨᠢ ᠳᠡᠭᠡᠭᠰᠢᠯᠡᠭᠦᠯᠦᠨ᠂ ᠨᠠᠰᠤᠲᠠᠶᠢᠴᠤᠳ ᠤᠨ ᠤᠵᠢᠭ ᠡᠪᠡᠳᠴᠢᠨ ᠤ ᠬᠠᠮᠢᠶᠠᠷᠤᠯᠲᠠ᠂ ᠡᠷᠡᠭᠦᠯᠵᠢᠯ ᠪᠠ ᠰᠤᠪᠢᠯᠠᠯᠲᠠ ᠶᠢᠨ ᠦᠢᠯᠡᠴᠢᠯᠡᠭᠡ ᠶᠢ ᠬᠠᠮᠵᠢᠯᠴᠠᠨ ᠰᠠᠶᠢᠲᠤᠷ ᠬᠢᠨ᠎ᠠ᠃ ᠨᠠᠰᠤᠲᠠᠶᠢᠴᠤᠳ ᠲᠤ ᠡᠭᠡᠯᠢᠲᠡᠢ ᠡᠮᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠨᠠᠩ ᠣᠯᠠᠨ ᠨᠠᠰᠤᠲᠠᠶᠢᠴᠤᠳ ᠢ ᠬᠠᠪᠰᠤᠷᠤᠨ ᠡᠪᠡᠳᠴᠢᠨ ᠦᠵᠡᠭᠦᠯᠬᠦ ︽ ᠳ᠋ᠢᠵᠢᠲ᠋ᠠᠯ ᠦᠨ ᠵᠠᠭᠠᠭ ︾ ᠢ ᠳᠠᠪᠠᠭᠤᠯᠤᠨ᠎ᠠ᠃ ᠨᠠᠰᠤᠲᠠᠶᠢᠴᠤᠳ ᠤᠨ ᠡᠪᠡᠳᠴᠢᠨ ᠡᠮᠭᠡᠭ ᠢ ᠣᠨᠣᠰᠢᠯᠠᠨ ᠵᠠᠰᠠᠬᠤ ᠴᠢᠳᠠᠪᠤᠷᠢ ᠵᠢ ᠳᠡᠭᠡᠭᠰᠢᠯᠡᠭᠦᠯᠵᠦ᠂ 2025 ᠣᠨ ᠪᠣᠯᠬᠤ ᠳ᠋ᠤ᠂ ᠬᠤᠶᠠᠳᠤᠭᠠᠷ ᠳᠡᠰ ᠵᠢᠴᠢ ᠲᠡᠭᠦᠨ ᠡᠴᠠ ᠳᠡᠭᠡᠭᠰᠢᠬᠢ ᠠᠯᠪᠠᠨ ᠡᠴᠠ ᠪᠠᠶᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠡᠮᠨᠡᠯᠭᠡ ᠶᠢᠨ ᠬᠤᠷᠢᠶ᠎ᠠ ᠳᠤ ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ ᠲᠣᠬᠢᠷᠠᠭᠤᠯᠬᠤ ᠬᠠᠷᠢᠴᠠᠯ ᠢ 90% ᠡᠴᠠ ᠳᠡᠭᠡᠭᠰᠢ ᠳᠤ ᠬᠦᠷᠭᠡᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ ︶

  10. ᠭᠡᠷ ᠪᠦᠯᠢ ᠶᠢᠨ ᠡᠮᠴᠢ ᠶᠢᠨ ᠲᠥᠷᠢᠮ ᠢ ᠪᠥᠷᠢᠨᠰᠢᠬᠦᠯᠥᠨ᠎ᠡ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠᠷ ᠭᠤᠤᠯ ᠲᠠᠪᠴᠠᠩ ᠪᠣᠯᠭᠠᠵᠤ᠂ ᠶᠡᠷᠦᠩᠬᠡᠶ ᠰᠠᠯᠠᠭᠠᠨ ᠤ ᠡᠮᠴᠢ ᠪᠠᠷ ᠭᠤᠤᠯ ᠴᠣᠭᠴᠠ ᠪᠣᠯᠭᠠᠭᠰᠠᠨ᠂ ᠶᠡᠷᠦᠩᠬᠡᠶ ᠰᠠᠯᠠᠭ᠎ᠠ ᠲᠤᠰᠬᠠᠶ ᠰᠠᠯᠠᠭ᠎ᠠ ᠵᠢᠨ ᠪᠦᠲᠦᠮᠵᠢᠲᠡᠶ ᠬᠤᠯᠪᠣᠭᠠᠯᠠᠨ ᠬᠥᠳᠡᠯᠦᠯᠴᠡᠭᠰᠡᠨ᠂ ᠡᠮᠴᠢᠯᠡᠭᠡ ᠪᠠ ᠰᠡᠷᠭᠡᠶᠢᠯᠡᠯᠲᠡ ᠵᠢ ᠣᠷᠭᠠᠨᠢᠭ ᠵᠢᠨᠷ ᠠᠭᠤᠰᠤᠯᠴᠠᠭᠤᠯᠤᠭᠰᠠᠨ ᠬᠡᠷ ᠪᠦᠯᠢ ᠵᠢᠨ ᠡᠮᠴᠢ ᠵᠢᠨ ᠭᠡᠷ᠎ᠡ ᠲᠣᠭᠲᠠᠨ ᠦᠢᠯᠡᠴᠢᠯᠡᠬᠦ ᠵᠠᠭᠪᠤᠷ ᠢ ᠪᠠᠶᠢᠭᠤᠯᠵᠤ᠂ ᠶᠡᠷᠦᠩᠬᠡᠶᠢᠯᠡᠭᠰᠡᠨ ᠦᠷᠭᠦᠯᠵᠢᠯᠡᠭᠰᠡᠨ ᠣᠯᠠᠨ ᠨᠡᠶᠢᠲᠡ ᠵᠢᠨ ᠡᠷᠡᠭᠦᠯ ᠬᠠᠮᠠᠭᠠᠯᠠᠯ᠂ ᠦᠨᠳᠦᠰᠦᠨ ᠡᠮᠴᠢᠯᠡᠭᠡ ᠪᠠ ᠡᠷᠡᠭᠦᠯ ᠮᠡᠨᠳᠦ ᠶᠢᠨ ᠬᠠᠮᠢᠶᠠᠷᠤᠯᠲᠠ ᠵᠢᠨ ᠦᠢᠯᠡᠴᠢᠯᠡᠭᠡ ᠶᠢ ᠬᠠᠩᠭᠠᠨ᠎ᠠ᠃ ᠬᠤᠶᠠᠳᠤᠭᠠᠷ ᠳᠡᠰ ᠵᠢᠴᠢ ᠲᠡᠭᠦᠨ ᠡᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠤ ᠶᠡᠷᠦᠩᠬᠡᠶ ᠰᠠᠯᠠᠭᠠᠨ ᠤ ᠡᠮᠴᠢ ᠶᠢ ᠬᠥᠲᠥᠯᠦᠨ ᠵᠢᠯᠣᠭᠤᠳᠴᠤ ᠪᠠᠶᠢᠭᠠᠳ ᠬᠡᠷ ᠪᠦᠯᠢ ᠶᠢᠨ ᠡᠮᠴᠢ ᠶᠢᠨ ᠬᠤᠪᠢ ᠡᠴᠠ ᠪᠤᠶᠤ ᠦᠨᠳᠦᠰᠦᠨ ᠱᠠᠲᠤᠨ ᠤ ᠬᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ ᠳᠤ ᠣᠷᠣᠭᠤᠯᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠭᠡᠷ᠎ᠡ ᠲᠣᠭᠲᠠᠬᠤ᠂ ᠣᠨᠣᠰᠢᠯᠠᠨ ᠡᠮᠴᠢᠯᠡᠬᠦ ᠵᠡᠷᠭᠡ ᠦᠢᠯᠡᠴᠢᠯᠡᠭᠡ ᠬᠠᠩᠭᠠᠨ᠎ᠠ᠃ ᠭᠡᠷ᠎ᠡ ᠲᠣᠭᠲᠠᠬᠤ ᠦᠢᠯᠡᠴᠢᠯᠡᠭᠡᠨ ᠤ ᠪᠠᠯᠠ ᠴᠤᠭᠯᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠨᠥᠬᠦᠴᠡᠯ ᠲᠠᠢ ᠭᠠᠵᠠᠷ ᠣᠷᠣᠨ ᠨᠢ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠤᠶᠤ ᠬᠡᠷ ᠪᠦᠯᠢ ᠶᠢᠨ ᠡᠮᠴᠢ ᠶᠢᠨ ᠪᠦᠯᠬᠦᠮ ᠨᠡᠶᠢᠲᠡ ᠳᠤ ᠬᠥᠮᠦᠨ ᠤ ᠲᠤᠭ᠎ᠠ ᠪᠠᠷ ᠲᠦᠯᠦᠬᠦ ᠶᠢ ᠰᠦᠪᠡᠭᠴᠢᠯᠡᠵᠦ ᠪᠣᠯᠤᠨ᠎ᠠ᠃ ᠭᠡᠷ᠎ᠡ ᠲᠣᠭᠲᠠᠬᠤ ᠦᠢᠯᠡᠴᠢᠯᠡᠭᠡᠨ ᠤ ᠰᠦᠢᠳᠬᠡᠯ ᠬᠤᠷᠢᠶᠠᠵᠤ ᠲᠤᠰᠢᠶᠠᠬᠤ ᠲᠣᠭᠲᠠᠴᠠ ᠶᠢ ᠪᠦᠷᠢᠨᠰᠢᠬᠦᠯᠵᠦ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠡᠪᠡᠳᠴᠢᠨ ᠦᠵᠡᠭᠦᠯᠬᠦ᠂ ᠰᠢᠯᠵᠢᠭᠦᠯᠦᠨ ᠡᠮᠨᠡᠭᠦᠯᠬᠦ᠂ ᠡᠮ ᠬᠡᠷᠡᠭᠯᠡᠬᠦ᠂ ᠡᠮᠴᠢᠯᠡᠭᠡᠨ ᠤ ᠳᠠᠭᠠᠳᠬᠠᠯ ᠵᠡᠷᠭᠡ ᠲᠠᠯ᠎ᠠ ᠪᠠᠷ ᠬᠢ ᠵᠦᠷᠢᠶᠡᠴᠢᠯᠡᠭᠰᠡᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠬᠡᠷ ᠪᠦᠯᠢ ᠶᠢᠨ ᠡᠮᠴᠢ ᠶᠢᠨ ᠠᠩᠬ᠎ᠠ ᠡᠮᠨᠡᠭᠦᠯᠬᠦ᠂ ᠰᠢᠯᠵᠢᠭᠦᠯᠦᠨ ᠡᠮᠨᠡᠭᠦᠯᠬᠦ ᠪᠠ ᠳᠣᠷᠣᠭᠰᠢ ᠰᠢᠯᠵᠢᠭᠦᠯᠦᠨ ᠵᠠᠯᠭᠠᠵᠤ ᠡᠮᠨᠡᠭᠦᠯᠬᠦ ᠦᠢᠯᠡᠴᠢᠯᠡᠭᠡᠨ ᠤ ᠵᠠᠭᠪᠤᠷ ᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ ︶

  11. ᠣᠲᠣ ᠦᠶ᠎ᠡ ᠵᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ᠎ᠡ᠃ ᠡᠮᠨᠡᠯᠭᠡ ᠵᠢᠨ ᠬᠤᠷᠢᠶᠠᠨ ᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠵᠢ ᠪᠠᠷᠢᠮᠲᠠᠯᠠᠬᠤ ᠪᠠ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠡᠮᠨᠡᠯᠭᠡ ᠶᠢᠨ ᠬᠤᠷᠢᠶᠠᠨ ᠤ ᠵᠠᠰᠠᠯᠲᠠ ᠶᠢᠨ ᠪᠦᠬᠦ ᠶᠠᠪᠤᠴᠠ ᠡᠯ᠎ᠡ ᠲᠠᠯ᠎ᠠ ᠡᠯ᠎ᠡ ᠭᠤᠭᠴᠤᠭ᠎ᠠ ᠳᠤ ᠠᠭᠤᠰᠤᠯᠴᠠᠭᠤᠯᠤᠨ᠎ᠠ᠃ ᠠᠯᠪᠠᠨ ᠡᠴᠠ ᠪᠠᠶᠢᠭᠤᠯᠤᠭᠰᠠᠨ ᠡᠮᠨᠡᠯᠭᠡ ᠵᠢᠨ ᠬᠤᠷᠢᠶᠠᠨ ᠤ ᠵᠠᠰᠠᠯᠲᠠ ᠵᠢᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠯᠪᠠᠨ ᠡᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠬᠠᠮᠢᠶᠠᠷᠬᠤ ᠪᠠ ᠡᠷᠬᠢᠯᠡᠬᠦ ᠶᠢ ᠰᠠᠯᠭᠠᠭᠰᠠᠨ ᠣᠯᠠᠨ ᠵᠦᠢᠯ ᠤᠨ ᠪᠦᠲᠦᠮᠵᠢᠲᠡᠶ ᠪᠡᠶᠡᠯᠡᠭᠳᠡᠬᠦ ᠬᠡᠯᠪᠡᠷᠢ ᠶᠢ ᠪᠦᠷᠢᠨᠰᠢᠬᠦᠯᠦᠨ᠂ ᠵᠠᠰᠠᠭ ᠤᠨ ᠣᠷᠳᠣᠨ ᠤ ᠡᠮᠨᠡᠯᠭᠡ ᠡᠷᠬᠢᠯᠡᠬᠦ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠲᠦᠯᠦᠪᠯᠡᠨ ᠭᠦᠢᠴᠡᠳᠬᠡᠨ᠎ᠡ᠃ ᠡᠷᠬᠡ ᠬᠠᠷᠢᠭᠤᠴᠠᠯᠭ᠎ᠠ ᠶᠢ ᠨᠢᠭᠡᠳᠦᠯᠲᠡᠶ ᠪᠠᠶᠢᠯᠭᠠᠬᠤ ᠵᠠᠷᠴᠢᠮ ᠶᠣᠰᠣᠭᠠᠷ᠂ ᠶᠡᠭᠡ ᠳᠡᠭᠡᠳᠦ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠭᠰᠠᠨ ᠤ ᠬᠤᠪᠢ ᠳᠤ ᠠᠨᠠᠭᠠᠬᠤ ᠤᠬᠠᠭᠠᠨ ᠤ ᠶᠡᠭᠡ ᠳᠡᠭᠡᠳᠦ ᠰᠤᠷᠭᠠᠭᠤᠯᠢ ᠶᠢ ᠪᠠᠭᠲᠠᠭᠠᠭᠰᠠᠨ ᠶᠡᠭᠡ ᠳᠡᠭᠡᠳᠦ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠤ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠯᠲᠠ ᠶᠢᠨ ᠪᠦᠬᠦ ᠶᠠᠪᠤᠴᠠ ᠳᠤ ᠣᠷᠣᠯᠴᠠᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠣᠲᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠬᠦ ᠶᠢ ᠨᠢ ᠳᠡᠮᠵᠢᠵᠦ᠂ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠰᠠᠨ᠂ ᠠᠵᠢᠯ ᠲᠥᠷᠥᠯ ᠤᠨ ᠣᠨᠴᠠᠯᠢᠭ ᠲᠤ ᠨᠡᠶᠢᠴᠡᠭᠰᠡᠨ ᠵᠠᠰᠠᠯᠲᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠡᠯ᠎ᠡ ᠡᠮᠨᠡᠯᠭᠡ ᠶᠢᠨ ᠬᠤᠷᠢᠶᠠᠨ ᠤ ᠲᠦᠷᠢᠮ ᠢᠶᠠᠷ ᠶᠡᠷᠦᠩᠬᠡᠢ ᠬᠦᠲᠦᠯᠦᠭᠴᠢ ᠪᠣᠯᠭᠠᠵᠤ᠂ ᠠᠯᠪᠠᠨ ᠡᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠳᠣᠲᠣᠭᠠᠳᠤ ᠶᠢᠨ ᠵᠠᠰᠠᠯᠲᠠ ᠶᠢᠨ ᠪᠦᠲᠦᠴᠡ ᠪᠠ ᠡᠷᠬᠡ ᠶᠢᠨ ᠠᠵᠢᠯᠯᠠᠭᠠᠨ ᠤ ᠲᠦᠷᠢᠮ ᠢ ᠵᠢᠷᠤᠮᠵᠢᠭᠤᠯᠤᠨ᠂ ᠡᠮᠨᠡᠯᠭᠡ ᠶᠢᠨ ᠬᠤᠷᠢᠶᠠᠨ ᠤ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠪᠥᠬᠦ ᠲᠠᠯ᠎ᠠ ᠶᠢᠨ ᠲᠥᠰᠦᠪ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠠᠯᠪᠠᠨ ᠡᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯ ᠤᠨ ᠠᠮᠵᠢᠯᠲᠠ ᠪᠦᠲᠦᠮᠵᠢ ᠶᠢᠨ ᠰᠢᠯᠭᠠᠨ ᠬᠢᠨᠠᠯᠲᠠ ᠶᠢ ᠪᠥᠬᠦ ᠲᠠᠯ᠎ᠠ ᠪᠠᠷ ᠥᠷᠨᠢᠭᠦᠯᠦᠨ᠂ ᠪᠥᠬᠦ ᠣᠷᠣᠨ ᠤ ᠣᠨ ᠤ ᠳ᠋ᠠᠶᠢᠲ᠋ᠠ ᠶᠢᠨ ᠬᠥᠳᠡᠯᠦᠩᠭᠦᠶ ᠪᠠᠶᠢᠳᠠᠯ ᠢ ᠬᠢᠨᠠᠨ ᠰᠢᠨᠵᠢᠬᠦ ᠪᠠ ᠰᠢᠯᠭᠠᠨ ᠬᠢᠨᠠᠵᠤ ᠬᠢᠨᠠᠨ ᠲᠣᠭᠲᠠᠭᠠᠬᠤ ᠲᠦᠷᠢᠮ ᠢ ᠪᠠᠶᠢᠭᠤᠯᠵᠤ᠂ ᠬᠠᠮᠢᠶᠠᠷᠤᠯᠲᠠ ᠶᠢᠨ ᠲᠠᠰ ᠱᠠᠲᠤ ᠪᠠ ᠪᠠᠶᠢᠭᠤᠯᠤᠮᠵᠢ ᠶᠢᠨ ᠲᠥᠷᠥᠯ ᠬᠡᠯᠪᠡᠷᠢ ᠶᠣᠰᠣᠭᠠᠷ ᠰᠢᠯᠭᠠᠨ ᠬᠢᠨᠠᠵᠤ ᠦᠨᠡᠯᠡᠬᠦ ᠠᠵᠢᠯ ᠢ ᠱᠠᠲᠤ ᠲᠥᠷᠥᠯ ᠬᠤᠪᠢᠶᠠᠨ ᠬᠡᠷᠡᠭᠵᠢᠭᠦᠯᠵᠦ᠂ 1 ︱ 2 ᠶᠡᠷᠦᠩᠬᠡᠶᠢᠯᠡᠭᠰᠡᠨ ᠴᠢᠨᠠᠷᠲᠠᠶ ᠡᠮᠨᠡᠯᠭᠡ ᠶᠢᠨ ᠬᠤᠷᠢᠶ᠎ᠠ ᠶᠢ ᠪᠥᠬᠦ ᠤᠯᠤᠰ ᠤᠨ ᠵᠠᠭᠤᠨ ᠬᠦᠴᠦᠷᠬᠡᠭ ᠲᠤ ᠣᠷᠣᠭᠤᠯᠬᠤ ᠪᠠᠷ ᠬᠦᠴᠦᠯᠡᠨ ᠴᠢᠷᠮᠠᠶᠢᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ ︶

  12. ᠰᠡᠷᠭᠡᠶᠢᠯᠡᠬᠦ ᠵᠠᠰᠠᠬᠤ ᠶᠢ ᠤᠶᠠᠯᠳᠤᠭᠤᠯᠬᠤ ᠲᠦᠷᠢᠮ ᠢ ᠪᠦᠷᠢᠨᠰᠢᠬᠦᠯᠦᠨ᠎ᠠ᠃ ᠰᠡᠷᠭᠡᠶᠢᠯᠡᠬᠦ ᠵᠠᠰᠠᠬᠤ ᠶᠢ ᠤᠶᠠᠯᠳᠤᠭᠤᠯᠬᠤ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠮᠴᠢᠯᠡᠭᠡ ᠪᠠ ᠰᠡᠷᠭᠡᠶᠢᠯᠡᠯᠲᠡ ᠶᠢ ᠬᠠᠮᠵᠢᠯᠴᠠᠭᠤᠯᠬᠤ᠂ ᠡᠮᠴᠢᠯᠡᠭᠡ ᠪᠠ ᠰᠡᠷᠭᠡᠶᠢᠯᠡᠯᠲᠡ ᠶᠢ ᠠᠭᠤᠰᠤᠯᠴᠠᠭᠤᠯᠬᠤ ᠲᠣᠭᠲᠠᠴᠠ ᠳᠤ ᠰᠢᠨ᠎ᠡ ᠶᠢ ᠡᠭᠦᠳᠦᠨ᠎ᠡ᠃ ᠠᠯᠪᠠᠨ ᠡᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭ᠎ᠠ ᠵᠡᠷᠭᠡ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠢ ᠰᠢᠭᠤᠳ ᠡᠷᠬᠢᠯᠡᠬᠦ ᠰᠠᠯᠠᠭ᠎ᠠ ᠲᠠᠰᠤᠭ ᠢ ᠪᠠᠶᠢᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢ ᠲᠣᠭᠲᠠᠭᠠᠨ᠂ ᠡᠮᠴᠢᠯᠡᠭᠡᠨ ᠤ ᠪᠠᠶᠢᠭᠤᠯᠤᠮᠵᠢ ᠪᠠ ᠲᠤᠰᠬᠠᠶᠢᠵᠢᠭᠰᠠᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠭᠦᠨᠵᠡᠭᠡᠶ ᠬᠠᠮᠵᠢᠯᠴᠠᠭ᠎ᠠ ᠶᠢ ᠪᠥᠬᠦ ᠲᠠᠯ᠎ᠠ ᠪᠠᠷ ᠠᠬᠢᠭᠤᠯᠵᠤ᠂ ᠴᠢᠳᠠᠪᠤᠷᠢᠲᠠᠨ ᠤ ᠰᠢᠯᠵᠢᠯᠲᠡ᠂ ᠰᠣᠯᠪᠢᠴᠠᠭᠤᠯᠤᠨ ᠪᠣᠯᠪᠠᠰᠤᠷᠠᠭᠤᠯᠬᠤ᠂ ᠦᠢᠯᠡᠴᠢᠯᠡᠭᠡ ᠶᠢ ᠠᠭᠤᠰᠤᠯᠴᠠᠭᠤᠯᠬᠤ᠂ ᠮᠡᠳᠡᠭᠡ ᠵᠠᠩᠭᠢ ᠶᠢ ᠬᠠᠮᠲᠤ ᠳ᠋ᠤ ᠪᠠᠨ ᠭᠥᠷᠳᠡᠬᠦ ᠵᠡᠷᠭᠡ ᠲᠣᠭᠲᠠᠴᠠ ᠶᠢ ᠪᠠᠶᠢᠭᠤᠯᠤᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠤᠰᠬᠠᠶ ᠮᠡᠷᠭᠡᠵᠢᠯ ᠤᠨ ᠠᠵᠢᠯᠲᠠᠨ ᠤ ᠡᠮᠴᠢᠯᠡᠭᠡᠨ ᠤ ᠬᠤᠯᠪᠣᠭᠠᠲᠤ ᠴᠣᠭᠴᠠ ᠶᠢᠨ ᠠᠵᠢᠯ ᠳᠤ ᠣᠷᠣᠯᠴᠠᠭᠤᠯᠬᠤ ᠶᠢ ᠰᠦᠪᠡᠭᠴᠢᠯᠡᠵᠦ᠂ ᠨᠡᠶᠢᠭᠡᠮ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠬᠡᠰᠡᠭ ᠲᠣᠭᠤᠷᠢᠭ ᠤᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ᠂ ᠦᠨᠳᠦᠰᠦᠨ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠤᠷᠵᠢᠭᠤᠯᠤᠭᠰᠠᠨ ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠨᠡᠶᠢᠭᠡᠮ ᠲᠣᠭᠤᠷᠢᠭ ᠤᠨ ᠤᠵᠢᠭ ᠡᠪᠡᠳᠴᠢᠨ ᠤ ᠡᠮᠴᠢᠯᠡᠭᠡ ᠪᠠ ᠰᠡᠷᠭᠡᠶᠢᠯᠡᠯᠲᠡ ᠵᠢ ᠠᠭᠤᠰᠤᠯᠴᠠᠭᠤᠯᠬᠤ ᠴᠢᠳᠠᠪᠤᠷᠢ ᠵᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ︽ ᠡᠪᠡᠳᠴᠢᠯᠡᠬᠦ ᠡᠴᠠ ᠡᠮᠦᠨ᠎ᠡ ᠰᠠᠨᠠᠭᠠᠴᠢᠯᠠᠭ᠎ᠠ ᠡᠴᠠ ᠪᠠᠨ ᠰᠡᠷᠭᠡᠶᠢᠯᠡᠬᠦ᠂ ᠡᠪᠡᠳᠴᠢᠯᠡᠭᠰᠡᠨ ᠬᠤᠶᠢᠨ᠎ᠠ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ᠂ ᠮᠥᠷᠳᠡᠨ ᠦᠢᠯᠡᠴᠢᠯᠡᠬᠦ ᠶᠢ ᠲᠠᠰᠤᠯᠳᠠᠭᠤᠯᠬᠤ ᠥᠬᠡᠶ ︾ ᠨᠢᠭᠡ ᠴᠤᠭᠴᠠᠵᠢᠭᠤᠯᠤᠭᠰᠠᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠪᠣᠶ ᠪᠣᠯᠭᠠᠨ᠎ᠠ᠃ ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠨᠡᠶᠢᠭᠡᠮ ᠲᠣᠭᠤᠷᠢᠭ᠂ ᠬᠡᠷ ᠪᠦᠯᠢ ᠪᠠ ᠬᠤᠪᠢ ᠬᠥᠮᠦᠨ ᠤ ᠲᠣᠰ ᠲᠣᠰ ᠤᠨ ᠡᠷᠡᠭᠦᠯ ᠮᠡᠨᠳᠦ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠥᠲᠥᠯᠦᠨ ᠵᠢᠯᠣᠭᠤᠳᠤᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ ︶

  13. ᠣᠷᠣᠨ ᠲᠤᠭ᠎ᠠ ᠪᠠ ᠠᠵᠢᠯᠲᠠᠨ ᠤ ᠶᠠᠪᠤᠳᠠᠯ ᠤᠨ ᠲᠦᠷᠢᠮ ᠢ ᠲᠡᠭᠦᠯᠳᠡᠷᠵᠢᠭᠦᠯᠦᠨ᠎ᠡ᠃ ᠠᠯᠪᠠᠨ ᠡᠴᠠ ᠪᠠᠶᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯᠲᠠᠨ ᠤ ᠣᠷᠣᠨ ᠲᠤᠭ᠎ᠠ ᠶᠢᠨ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠵᠤ᠂ ᠬᠥᠳᠡᠯᠦᠩᠭᠦᠶ ᠪᠠᠷ ᠳᠣᠭᠢᠷᠠᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠬᠤᠯᠪᠣᠭᠠᠲᠤ ᠴᠣᠭᠴᠠ ᠳᠠᠬᠢ ᠠᠯᠪᠠᠨ ᠡᠴᠠ ᠪᠠᠶᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠷᠣᠨ ᠲᠤᠭ᠎ᠠ ᠶᠢ ᠲᠣᠰ ᠲᠣᠰ ᠲᠤ ᠨᠢ ᠬᠢᠨᠠᠨ ᠲᠣᠭᠲᠠᠭᠠᠬᠤ᠂ ᠨᠢᠭᠡᠳᠦᠯᠲᠡᠶ ᠲᠥᠯᠥᠪᠯᠡᠨ ᠬᠡᠷᠡᠭᠯᠡᠬᠦ᠂ ᠠᠵᠢᠯᠲᠠᠨ ᠢ ᠨᠢᠭᠡᠳᠦᠯᠲᠡᠶ ᠤᠷᠢᠨ ᠡᠯᠰᠡᠬᠦ ᠪᠠ ᠨᠢᠭᠡᠳᠦᠯᠲᠡᠶ ᠬᠠᠮᠢᠶᠠᠷᠬᠤ ᠵᠠᠭᠪᠤᠷ ᠢ ᠰᠦᠪᠡᠭᠴᠢᠯᠡᠨ᠎ᠡ᠃ ᠠᠯᠪᠠᠨ ᠡᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢᠨ ᠲᠦᠷᠢᠮ ᠳᠤ ᠥᠭᠡᠷᠡᠴᠢᠯᠡᠯᠲᠡ ᠬᠢᠵᠦ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠪᠢᠴᠢᠭ ᠢ ᠰᠢᠨᠵᠢᠯᠡᠬᠦ ᠤᠬᠠᠭᠠᠨᠴᠢ ᠬᠦᠳᠡᠯᠦᠩᠭᠦᠢ ᠪᠠᠷ ᠨᠠᠶᠢᠷᠠᠭᠤᠯᠤᠨ ᠲᠣᠭᠲᠠᠭᠠᠨ᠎ᠠ᠃ ᠠᠯᠪᠠᠨ ᠡᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯᠲᠠᠨ ᠬᠡᠷᠡᠭᠯᠡᠬᠦ ᠶᠢᠨ ᠡᠵᠡᠨ ᠮᠡᠳᠡᠬᠦ ᠡᠷᠬᠡ ᠶᠢ ᠨᠠᠶᠢᠳᠠᠪᠤᠷᠢᠵᠢᠭᠤᠯᠵᠤ᠂ ᠠᠵᠢᠯ ᠤᠨ ᠪᠠᠶᠢᠷᠢ ᠶᠢᠨ ᠶᠡᠷᠦᠩᠬᠡᠶ ᠬᠡᠮᠵᠢᠶ᠎ᠡ ᠪᠠ ᠠᠵᠢᠯ ᠤᠨ ᠪᠠᠶᠢᠷᠢ ᠶᠢᠨ ᠪᠠᠷᠢᠮᠵᠢᠶ᠎ᠠ ᠶᠢ ᠲᠣᠭᠲᠠᠭᠠᠯ ᠶᠣᠰᠣᠭᠠᠷ ᠥᠪᠡᠷᠲᠡᠭᠡᠨ ᠲᠣᠭᠲᠠᠭᠠᠨ᠎ᠠ᠃ ᠦᠨᠳᠦᠰᠦᠨ ᠱᠠᠲᠤᠨ ᠤ ᠡᠮᠨᠡᠯᠭᠡ ᠶᠢᠨ ᠠᠵᠢᠯᠲᠠᠨ ᠣᠷᠢᠨ ᠡᠯᠰᠡᠬᠦ ᠪᠠᠷᠢᠮᠵᠢᠶ᠎ᠠ ᠪᠠ ᠶᠠᠪᠤᠴᠠ ᠶᠢ ᠰᠢᠯᠢᠳᠡᠭᠵᠢᠭᠦᠯᠵᠦ᠂ ᠬᠤᠰᠢᠭᠤ ᠰᠢᠶᠠᠨ ᠤ ᠱᠠᠲᠤ ᠵᠢᠴᠢ ᠲᠡᠭᠦᠨ ᠡᠴᠠ ᠳᠣᠷᠣᠭᠰᠢᠬᠢ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯ ᠤᠨ ᠪᠠᠶᠢᠷᠢ ᠶᠢᠨ ᠬᠠᠮᠢᠶᠠᠷᠤᠯᠲᠠ ᠪᠠ ᠠᠵᠢᠯᠲᠠᠨ ᠢ ᠣᠷᠢᠨ ᠡᠯᠰᠡᠬᠦ ᠲᠦᠷᠢᠮ ᠢ ᠪᠦᠷᠢᠨᠰᠢᠬᠦᠯᠦᠨ᠂ ᠬᠤᠰᠢᠭᠤ ᠰᠢᠶᠠᠨ ︵ ᠬᠤᠲᠠ᠂ ᠲᠣᠭᠤᠷᠢᠭ ︶ ᠤ ᠨᠢᠭᠲᠠ ᠬᠡᠯᠪᠡᠷᠢᠲᠦ ᠡᠮᠴᠢᠯᠡᠭᠡᠨ ᠤ ᠬᠤᠯᠪᠣᠭᠠᠲᠤ ᠴᠣᠭᠴᠠ ᠪᠠᠷ ᠣᠷᠢᠨ ᠡᠯᠰᠡᠬᠦ ᠨᠢᠭᠡᠴᠢ ᠪᠣᠯᠭᠠᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯ ᠤᠨ ᠪᠠᠶᠢᠷᠢ ᠶᠢ ᠨᠢᠭᠡ ᠴᠣᠠᠠᠴᠠᠵᠢᠭᠤᠯᠥᠨ ᠳᠣᠭᠢᠷᠠᠭᠤᠯᠬᠤ ᠪᠠ ᠬᠠᠮᠢᠶᠠᠷᠤᠨ᠎ᠠ᠃ ᠶᠣᠰᠣ ᠮᠣᠷᠠᠯ᠂ ᠴᠢᠳᠠᠪᠤᠷᠢ᠂ ᠠᠵᠢᠯ ᠤᠨ ᠠᠮᠵᠢᠯᠲᠠ ᠪᠠᠷ ᠤᠳᠤᠷᠢᠳᠤᠮᠵᠢ ᠪᠣᠯᠭᠠᠭᠰᠠᠨ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠣᠨᠴᠠᠯᠢᠭ ᠲᠤ ᠲᠣᠬᠢᠷᠠᠭᠰᠠᠨ ᠮᠡᠷᠭᠡᠵᠢᠯ ᠤᠨ ᠴᠣᠯᠠ ᠳᠡᠪᠰᠢᠬᠦ ᠰᠢᠷᠢᠰ ᠪᠠ ᠬᠢᠨᠠᠨ ᠲᠣᠭᠲᠠᠭᠠᠬᠤ ᠪᠠᠷᠢᠮᠵᠢᠶ᠎ᠠ ᠶᠢ ᠪᠦᠷᠢᠨᠰᠢᠬᠦᠯᠦᠨ᠎ᠡ᠃ ᠬᠢᠨᠠᠨ ᠲᠣᠭᠲᠠᠭᠠᠬᠤ ᠴᠤᠪᠤᠷᠠᠯ ᠢ ᠦᠷᠭᠦᠯᠵᠢᠯᠡᠨ ᠰᠢᠯᠢᠳᠡᠭᠵᠢᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠮᠡᠳᠡᠭᠡ ᠵᠠᠩᠭᠢᠴᠢᠯᠠᠯᠲᠠ ᠶᠢᠨ ᠰᠢᠰᠲ᠋ᠧᠮ ᠢ ᠭᠦᠢᠴᠡᠳ ᠠᠰᠢᠬᠯᠠᠨ᠂ ᠰᠦᠯᠵᠢᠶ᠎ᠡ ᠪᠠᠷ ᠭᠤᠶᠤᠴᠢᠯᠠᠨ ᠮᠡᠳᠡᠭᠦᠯᠬᠦ᠂ ᠰᠦᠯᠵᠢᠶ᠎ᠡ ᠪᠠᠷ ᠬᠢᠨᠠᠬᠤ᠂ ᠰᠦᠯᠵᠢᠶ᠎ᠡ ᠪᠠᠷ ᠦᠨᠡᠯᠡᠬᠦ ᠪᠥᠬᠦ ᠴᠤᠪᠤᠷᠠᠯ ᠤᠨ ᠳ᠋ᠢᠵᠢᠲ᠋ᠠᠯᠴᠢᠯᠠᠬᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  14. ᠴᠠᠯᠢᠩ ᠬᠥᠯᠥᠰᠥ ᠵᠢᠨ ᠲᠦᠷᠢᠮ ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ︽ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠠᠵᠢᠯ ᠦᠢᠯᠡᠰ ᠤᠨ ᠨᠢᠭᠡᠴᠢ ᠶᠢᠨ ᠴᠠᠯᠢᠩ ᠤᠨ ᠲᠣᠬᠢᠷᠠᠭᠤᠯᠭ᠎ᠠ ᠡᠵᠡᠮᠰᠢᠯ ᠤᠨ ᠬᠢᠷᠢ ᠲᠥᠪᠰᠢᠨ ᠡᠴᠠ ᠳᠠᠪᠠᠭ᠋ᠤ ᠶᠢ ᠵᠥᠪᠰᠢᠶᠡᠷᠡᠬᠦ᠂ ᠡᠮᠴᠢᠯᠡᠭᠡᠨ ᠤ ᠦᠢᠯᠡᠴᠢᠯᠡᠭᠡᠨ ᠤ ᠣᠷᠣᠯᠭ᠎ᠠ ᠡᠴᠠ ᠥᠪᠡᠷ ᠤᠨ ᠥᠷᠲᠡᠭ ᠢ ᠬᠠᠰᠤᠭᠰᠠᠨ ᠪᠤᠶᠤ ᠲᠣᠭᠲᠠᠭᠠᠯ ᠶᠣᠰᠣᠭᠠᠷ ᠡᠯ᠎ᠡ ᠵᠦᠢᠯ ᠤᠨ ᠰᠠᠭᠤᠷᠢ ᠮᠥᠩᠭᠦ ᠶᠢ ᠭᠠᠷᠭᠠᠨ ᠠᠪᠤᠭᠰᠠᠨ ᠤ ᠳᠠᠷᠠᠭ᠎ᠠ ᠭᠤᠤᠯᠳᠠᠭᠤ ᠠᠵᠢᠯᠲᠠᠨ ᠢ ᠱᠠᠩᠨᠠᠬᠤ ᠳᠤ ᠬᠡᠷᠡᠭᠯᠡᠬᠦ ᠶᠢ ᠵᠥᠪᠰᠢᠶᠡᠷᠡᠬᠦ ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠪᠠ ᠬᠢᠷᠢ ᠲᠦᠪᠰᠢᠨ ᠢ ᠵᠦᠢ ᠵᠣᠬᠢᠰᠲᠠᠢ ᠬᠠᠷᠭᠤᠭᠤᠯᠤᠨ ᠲᠣᠭᠲᠠᠭᠠᠨ᠎ᠠ᠃ ᠠᠯᠪᠠᠨ ᠡᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠠᠯᠢᠩ ᠬᠥᠯᠥᠰᠥ ᠶᠢᠨ ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠯᠪᠠᠨ ᠡᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠨᠡᠶᠢᠲᠡ ᠶᠢᠨ ᠠᠰᠠᠷᠠᠮᠵᠢ ᠶᠢᠨ ᠴᠢᠨᠠᠷ ᠯᠤᠭ᠎ᠠ ᠵᠣᠬᠢᠴᠠᠯᠳᠤᠭᠰᠠᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠬᠥᠳᠡᠯᠦᠩᠭᠦᠶ ᠨᠡᠮᠡᠭᠳᠡᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠠᠯᠢᠩ ᠬᠥᠯᠥᠰᠥ ᠶᠢᠨ ᠬᠤᠪᠢᠶᠠᠷᠢᠯᠠᠯᠲᠠ ᠶᠢᠨ ᠠᠷᠭ᠎ᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠠᠷᠭᠤᠭᠤᠯᠤᠨ ᠲᠣᠭᠲᠠᠭᠠᠭᠰᠠᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶᠡᠨ ᠳᠣᠲᠣᠷ᠎ᠠ᠂ ᠵᠢᠯ ᠤᠨ ᠴᠠᠯᠢᠩ ᠤᠨ ᠲᠦᠷᠢᠮ᠂ ᠵᠥᠪᠯᠡᠯᠴᠡᠭᠡᠷ ᠤᠨ ᠴᠠᠯᠢᠩ ᠤᠨ ᠲᠦᠷᠢᠮ᠂ ᠲᠥᠷᠥᠯ ᠵᠦᠢᠯ ᠤᠨ ᠴᠠᠯᠢᠩ ᠵᠡᠷᠭᠡ ᠠᠮᠢᠳᠤᠯᠢᠭ ᠪᠥᠭᠡᠳ ᠣᠯᠠᠨ ᠶᠠᠩᠵᠤ ᠶᠢᠨ ᠬᠤᠪᠢᠶᠠᠷᠢᠯᠠᠯᠲᠠ ᠶᠢᠨ ᠬᠡᠯᠪᠡᠷᠢ ᠶᠢ ᠰᠦᠪᠡᠭᠴᠢᠯᠡᠨ ᠬᠡᠷᠡᠭᠵᠢᠭᠦᠯᠵᠦ᠂ ᠬᠥᠳᠡᠯᠮᠦᠷᠢ ᠶᠢᠨ ᠮᠡᠷᠭᠡᠵᠢᠯ ᠤᠨ ᠥᠷᠲᠡᠭ ᠪᠠ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠢᠯᠡᠷᠡᠭᠦᠯᠦᠨ᠎ᠡ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠰᠬᠠᠶ ᠪᠠᠶᠢᠭᠤᠯᠤᠮᠵᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠪᠠ ᠬᠢᠷᠢ ᠲᠦᠪᠰᠢᠨ ᠢ ᠵᠦᠢ ᠵᠣᠬᠢᠰᠲᠠᠶ ᠬᠠᠷᠭᠤᠭᠤᠯᠤᠨ ᠲᠣᠭᠲᠠᠭᠠᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠶᠡᠭᠡ ᠡᠮᠴᠢ ᠶᠢᠨ ᠣᠯᠭᠤᠮᠵᠢ ᠶᠢ ᠦᠨᠡᠨ ᠬᠦ ᠪᠠᠲᠤᠯᠠᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭ᠎ᠠ ᠲᠠᠰᠤᠭ ᠤᠨ ᠠᠵᠢᠯᠲᠠᠨ ᠤ ᠣᠷᠣᠯᠭ᠎ᠠ ᠶᠢ ᠪᠠᠶᠢᠭ᠎ᠠ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠲᠠᠨ ᠤ ᠳᠤᠮᠳᠠᠴᠢ ᠴᠠᠯᠢᠩ ᠤᠨ ᠬᠢᠷᠢ ᠲᠦᠪᠰᠢᠨ ᠡᠴᠠ ᠳᠣᠤᠷ᠎ᠠ ᠪᠠᠶᠢᠯᠭᠠᠬᠤ ᠥᠬᠡᠶ᠂ ᠤᠯᠤᠰ ᠤᠨ ᠵᠣᠬᠢᠬᠤ ᠨᠡᠮᠡᠯᠭᠡ ᠨᠡᠮᠡᠭᠦᠷᠢ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ᠬᠥᠳᠡᠭᠡ ᠲᠣᠰᠬᠤᠨ ᠤ ᠡᠮᠴᠢ ᠶᠢᠨ ᠣᠯᠭᠤᠮᠵᠢ ᠶᠢ ᠪᠠᠲᠤᠯᠠᠵᠤ᠂ ᠬᠥᠳᠡᠭᠡ ᠲᠣᠰᠬᠤᠨ ᠤ ᠡᠮᠴᠢ ᠶᠢᠨ ᠨᠠᠰᠤᠵᠢᠯ ᠤᠨ ᠠᠰᠠᠷᠠᠮᠵᠢ ᠪᠠ ᠡᠮᠴᠢᠯᠡᠭᠡᠨ ᠤ ᠪᠠᠲᠤᠯᠠᠭ᠎ᠠ ᠶᠢᠨ ᠠᠰᠠᠭᠤᠳᠠᠯ ᠢ ᠲᠦᠷᠦᠯ ᠬᠤᠪᠢᠶᠠᠨ ᠰᠢᠢᠳᠪᠦᠷᠢᠯᠡᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  15. ᠵᠠᠰᠠᠭ ᠤᠨ ᠣᠷᠳᠣᠨ ᠤ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠣᠷᠣᠭᠤᠯᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠳᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ᠃ ᠪᠦᠲᠦᠴᠡ ᠨᠢ ᠵᠦᠶ ᠵᠣᠬᠢᠰᠲᠠᠶ ᠵᠠᠰᠠᠭ ᠤᠨ ᠣᠷᠳᠣᠨ ᠤ ᠣᠷᠣᠭᠤᠯᠤᠯᠲᠠ ᠶᠢᠨ ᠲᠣᠭᠲᠠᠴᠠ ᠶᠢ ᠰᠤᠳᠤᠯᠤᠨ ᠪᠠᠶᠢᠭᠤᠯᠵᠤ᠂ ᠠᠯᠪᠠᠨ ᠡᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠶ ᠬᠥᠭᠵᠢᠯᠲᠡ ᠪᠠ ᠠᠵᠤ ᠠᠬᠤᠶ ᠶᠢᠨ ᠬᠥᠭᠵᠢᠯᠲᠡ ᠯᠦᠭᠡ ᠵᠣᠬᠢᠴᠠᠯᠳᠤᠭᠰᠠᠨ ᠠᠯᠪᠠᠨ ᠡᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ᠎ᠡ᠃ ᠠᠯᠪᠠᠨ ᠡᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠲᠥᠷᠥ ᠶᠢᠨ ᠪᠤᠳᠤᠯᠭ᠎ᠠ ᠶᠢᠨ ᠴᠢᠨᠠᠷᠲᠠᠶ ᠠᠯᠳᠠᠭᠳᠠᠯ ᠢ ᠨᠥᠬᠦᠪᠥᠷᠢᠯᠡᠬᠦ ᠠᠷᠭ᠎ᠠ ᠬᠢᠭᠡᠳ ᠥᠷᠢ ᠥᠭᠴᠡᠭᠡ ᠶᠢ ᠠᠷᠢᠯᠭᠠᠬᠤ ᠪᠠ ᠬᠠᠮᠢᠶᠠᠷᠬᠤ ᠠᠷᠭ᠎ᠠ ᠶᠢ ᠰᠤᠳᠤᠯᠤᠨ ᠲᠣᠭᠲᠠᠭᠠᠨ᠎ᠠ᠃ ᠭᠠᠵᠠᠷ ᠣᠷᠣᠨ ᠤ ᠬᠥᠭᠵᠢᠯᠲᠡ ᠶᠢᠨ ᠲᠣᠭᠲᠠᠭᠤᠨ ᠪᠠᠶᠢᠳᠠᠯ ᠳᠤ ᠵᠣᠬᠢᠴᠠᠭᠰᠠᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠵᠢᠯ ᠦᠢᠯᠡᠰ ᠤᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠵᠢᠯ ᠦᠢᠯᠡᠰ ᠤᠨ ᠣᠷᠣᠭᠤᠯᠤᠯᠲᠠ ᠶᠢ ᠦᠨᠳᠦᠰᠦᠨ ᠱᠠᠲᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠪᠠ ︽ ᠰᠢᠭᠤᠶᠢᠲᠤ ᠣᠷᠣᠨ ᠮᠠᠯᠵᠢᠬᠤ ᠣᠷᠣᠨ ᠬᠢᠯᠢ ᠬᠢᠵᠠᠭᠠᠷ ᠬᠦᠮᠦᠨ ᠠᠮᠠ ᠰᠡᠶᠢᠷᠡᠭ ︾ ᠣᠨᠴᠠᠭᠠᠢ ᠭᠠᠵᠠᠷ ᠣᠷᠣᠨ ᠲᠡᠶᠢᠰᠢ ᠵᠣᠬᠢᠬᠤ ᠬᠡᠮᠵᠢᠶ᠎ᠡ ᠪᠠᠷ ᠪᠦᠲᠦᠴᠡ ᠶᠢᠨ ᠴᠢᠨᠠᠷᠲᠠᠶ ᠬᠡᠯᠪᠠᠶᠢᠯᠭᠡᠨ᠎ᠡ᠃ ᠬᠢᠲᠠᠳ ᠡᠮ ᠡᠮᠨᠡᠯᠭᠡ ︵ ᠮᠣᠩᠭᠤᠯ ᠡᠮ ᠡᠮᠨᠡᠯᠭᠡ ︶ ᠶᠢᠨ ᠬᠥᠭᠵᠢᠯᠲᠡ ᠶᠢᠨ ᠣᠷᠣᠭᠤᠯᠤᠯᠲᠠ ᠶᠢᠨ ᠦᠷᠭᠦᠯᠵᠢᠯᠡᠭᠰᠡᠨ ᠲᠣᠭᠲᠠᠪᠤᠷᠢᠲᠠᠶ ᠲᠣᠭᠲᠠᠴᠠ ᠶᠢ ᠪᠠᠶᠢᠭᠤᠯᠵᠤ᠂ ᠣᠷᠣᠭᠤᠯᠤᠯᠲᠠ ᠶᠢᠨ ᠬᠡᠯᠪᠠᠶᠢᠯᠲᠡ ᠶᠢᠨ ᠡᠷᠴᠢᠮ ᠢ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠤ ᠲᠣᠮᠣ ᠬᠡᠯᠪᠡᠷᠢ ᠶᠢᠨ ᠡᠮᠴᠢᠯᠡᠭᠡᠨ ᠳᠤ ᠬᠡᠷᠡᠭᠯᠡᠬᠦ ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠵᠠᠰᠠᠭ ᠤᠨ ᠣᠷᠳᠣᠨ ᠤ ᠣᠷᠣᠭᠤᠯᠤᠯᠲᠠ᠂ ᠲᠥᠬᠦᠭᠡᠷᠦᠮᠵᠢ ᠶᠢ ᠲᠥᠪᠯᠡᠷᠡᠭᠦᠯᠦᠨ ᠬᠤᠳᠠᠯᠳᠤᠨ ᠠᠪᠬᠤ ᠵᠢᠴᠢ ᠬᠢᠨᠠᠯᠲᠠ ᠬᠠᠮᠢᠶᠠᠷᠤᠯᠲᠠ ᠶᠢᠨ ᠵᠣᠯᠭᠠᠯᠲᠠ ᠶᠢᠨ ᠲᠣᠭᠲᠠᠴᠠ ᠶᠢ ᠪᠠᠶᠢᠭᠤᠯᠤᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  16. ᠦᠢᠯᠡᠴᠢᠯᠡᠭᠡ ᠬᠤᠳᠠᠯᠳᠤᠨ ᠠᠪᠬᠤ ᠲᠣᠭᠲᠠᠴᠠ ᠶᠢ ᠪᠦᠷᠢᠨᠰᠢᠭᠦᠯᠦᠨ᠎ᠡ᠃ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠷᠥᠯ ᠬᠤᠪᠢᠶᠠᠨ ᠬᠠᠮᠢᠶᠠᠷᠬᠤ᠂ ᠡᠮᠨᠡᠯᠭᠡ ᠶᠢᠨ ᠬᠤᠷᠢᠶ᠎ᠠ ᠣᠷᠣᠯᠴᠠᠬᠤ᠂ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ᠂ ᠬᠥᠳᠡᠯᠦᠩᠭᠦᠶ ᠪᠠᠷ ᠳᠣᠭᠢᠷᠠᠭᠤᠯᠬᠤ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠲᠣᠭᠲᠠᠴᠠ ᠶᠢ ᠪᠠᠶᠢᠭᠤᠯᠤᠨ᠂ ︽ ᠢᠨᠲ᠋ᠧᠷ ᠰᠦᠯᠵᠢᠶ᠎ᠡ + ︾ ᠡᠮᠴᠢᠯᠡᠭᠡᠨ ᠤ ᠦᠢᠯᠡᠴᠢᠯᠡᠭᠡ᠂ ᠬᠡᠷ ᠲᠤ ᠨᠢ ᠬᠦᠷᠴᠦ ᠡᠮᠴᠢᠯᠡᠭᠡᠨ ᠤ ᠦᠢᠯᠡᠴᠢᠯᠡᠭᠡ ᠬᠠᠩᠭᠠᠬᠤ ᠵᠡᠷᠭᠡ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠠᠶᠢᠮᠠᠭ ᠬᠤᠲᠠ ᠶᠢᠨ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠬᠥᠳᠡᠯᠦᠩᠭᠦᠶ ᠪᠠᠷ ᠳᠣᠭᠢᠷᠠᠭᠤᠯᠬᠤ ᠶᠢ ᠦᠷᠭᠦᠯᠵᠢᠯᠡᠨ ᠠᠬᠢᠭᠤᠯᠤᠨ᠎ᠠ᠃ ᠪᠠᠶᠢᠩᠭᠤᠵᠢᠭᠰᠠᠨ ᠦᠨ᠎ᠡ ᠬᠠᠩᠰᠢ ᠶᠢᠨ ᠲᠣᠬᠢᠷᠠᠭᠤᠯᠤᠯᠲᠠ ᠶᠢᠨ ᠵᠢᠱᠢᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠵᠤ᠂ ᠠᠯᠪᠠᠨ ᠡᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯᠯᠠᠭᠠᠨ᠂ ᠤᠳᠠᠭ᠎ᠠ ᠪᠦᠷᠢ ᠶᠢᠨ ᠳᠤᠮᠳᠠᠴᠢ ᠡᠮᠴᠢᠯᠡᠭᠡᠨ ᠤ ᠵᠠᠷᠤᠳᠠᠯ ᠤᠨ ᠨᠡᠮᠡᠭᠳᠡᠯ᠂ ᠡᠮᠴᠢᠯᠡᠭᠡᠨ ᠤ ᠣᠷᠣᠯᠭ᠎ᠠ ᠶᠢᠨ ᠪᠦᠲᠦᠴᠡ ᠶᠢᠨ ᠬᠤᠪᠢᠷᠠᠯᠲᠠ ᠪᠠ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠠᠵᠢᠯᠯᠠᠭᠠᠨ ᠵᠡᠷᠭᠡ ᠭᠦᠢᠴᠡᠳᠬᠡᠯ ᠲᠤᠭ᠎ᠠ ᠶᠢᠨ ᠬᠢᠨᠠᠨ ᠰᠢᠨᠵᠢᠯᠲᠡ ᠪᠠ ᠵᠠᠳᠠᠯᠤᠯᠲᠠ ᠶᠢ ᠴᠢᠩᠭᠠᠳᠬᠠᠨ᠎ᠠ᠃ ᠣᠯᠠᠨ ᠡᠰᠢᠲᠦ ᠨᠡᠶᠢᠯᠡᠮᠡᠯ ᠬᠡᠯᠪᠡᠷᠢ ᠶᠢᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠵᠤ᠂ ᠡᠮᠨᠡᠯᠭᠡ ᠳᠤ ᠰᠠᠭᠤᠬᠤ ᠦᠢᠯᠡᠴᠢᠯᠡᠭᠡ ᠥᠷᠨᠢᠭᠦᠯᠵᠦ ᠪᠠᠶᠢᠭ᠎ᠠ ᠪᠣᠶ ᠪᠥᠬᠦᠶ ᠨᠥᠬᠦᠴᠡᠯ ᠳᠤ ᠨᠡᠶᠢᠴᠡᠭᠰᠡᠨ ᠡᠮᠴᠢᠯᠡᠭᠡᠨ ᠤ ᠪᠠᠶᠢᠭᠤᠯᠤᠮᠵᠢ ᠳᠤ ᠡᠪᠡᠳᠴᠢᠨ ᠤ ᠲᠥᠷᠥᠯ ᠢᠶᠠᠷ ᠰᠦᠢᠳᠬᠡᠯ ᠲᠤᠰᠢᠶᠠᠬᠤ ᠶᠢ ᠬᠠᠮᠤᠷᠤᠭᠤᠯᠤᠨ᠎ᠠ᠃ ᠬᠢᠲᠠᠳ ᠡᠮ ᠡᠮᠨᠡᠯᠭᠡ ︵ ᠮᠣᠩᠭᠤᠯ ᠡᠮ ᠡᠮᠨᠡᠯᠭᠡ ︶ ᠶᠢᠨ ᠣᠨᠴᠠᠯᠢᠭ ᠲᠤ ᠨᠡᠶᠢᠴᠡᠭᠰᠡᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠢ ᠪᠦᠷᠢᠨᠰᠢᠭᠦᠯᠦᠨ᠎ᠡ᠃ 2025 ᠣᠨ ᠤ ᠵᠢᠯ ᠤᠨ ᠰᠡᠭᠦᠯᠴᠢ ᠡᠴᠠ ᠡᠮᠦᠨ᠎ᠡ ᠨᠠᠭᠠᠳᠤ ᠵᠠᠬ᠎ᠠ ᠳᠤ ᠪᠠᠨ ᠪᠥᠬᠦ ᠣᠷᠣᠨ ᠤ 6 ᠬᠤᠰᠢᠭᠤ ᠰᠢᠶᠠᠨ ︵ ᠬᠤᠲᠠ᠂ ᠲᠣᠭᠤᠷᠢᠭ ︶ ᠳᠤ ᠨᠢᠭᠲᠠ ᠬᠡᠯᠪᠡᠷᠢᠲᠦ ᠡᠮᠴᠢᠯᠡᠭᠡᠨ ᠤ ᠬᠤᠯᠪᠣᠭᠠᠲᠤ ᠴᠣᠭᠴᠠ ᠶᠢᠨ ᠶᠡᠷᠦᠩᠬᠡᠶ ᠲᠤᠭ᠎ᠠ ᠪᠠᠷ ᠰᠦᠢᠳᠬᠡᠯ ᠲᠤᠰᠢᠶᠠᠬᠤ ᠳᠣᠤᠷᠠᠬᠢ ᠣᠯᠠᠨ ᠡᠰᠢᠲᠦ ᠨᠡᠶᠢᠯᠡᠮᠡᠯ ᠬᠡᠯᠪᠡᠷᠢ ᠶᠢᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠢ ᠰᠦᠪᠡᠭᠴᠢᠯᠡᠨ ᠥᠷᠨᠢᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠵᠢᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠲᠥᠷᠥ ᠵᠢᠨ ᠪᠣᠳᠣᠯᠭ᠎ᠠ ᠶᠢ ᠰᠢᠯᠢᠳᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡ ᠶᠢᠨ ᠶᠡᠷᠦᠩᠬᠡᠶ ᠬᠡᠮᠵᠢᠶ᠎ᠡ ᠪᠠ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦᠨ ᠤ ᠲᠣᠭᠠᠴᠠᠭ᠎ᠠ ᠬᠢᠬᠦ ᠳᠠᠬᠢ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠩᠭᠠᠭᠰᠠᠨ ᠦᠢᠯᠡᠴᠢᠯᠡᠭᠡ ᠶᠢᠨ ᠡᠵᠡᠯᠡᠬᠦ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠢ ᠪᠠᠶᠢᠭᠤᠯᠵᠤ᠂ ᠬᠡᠷ ᠲᠤ ᠪᠠᠨ ᠰᠠᠭᠤᠵᠤ ᠠᠯᠤᠰ ᠡᠮᠴᠢᠯᠡᠭᠡ ᠬᠢᠬᠦ ᠪᠠ ᠬᠠᠷᠠᠭᠠᠯᠵᠠᠨ ᠬᠠᠮᠠᠭᠠᠯᠠᠬᠤ᠂ ᠬᠡᠷ ᠪᠦᠯᠢ ᠶᠢᠨ ᠡᠪᠡᠳᠴᠢᠲᠡᠨ ᠤ ᠣᠷᠣ᠂ ᠬᠡᠷ ᠲᠤ ᠪᠠᠨ ᠰᠤᠪᠢᠯᠠᠭᠤᠯᠬᠤ᠂ ᠭᠡᠷ᠎ᠡ ᠲᠣᠭᠲᠠᠨ ᠦᠢᠯᠡᠴᠢᠯᠡᠬᠦ ᠵᠡᠷᠭᠡ ᠬᠡᠷ ᠪᠦᠯᠢ ᠵᠢᠨ ᠡᠮᠴᠢᠯᠡᠭᠡᠨ ᠤ ᠦᠢᠯᠡᠴᠢᠯᠡᠭᠡ ᠶᠢᠨ ᠲᠣᠭᠠᠴᠠᠭ᠎ᠠ ᠬᠢᠬᠦ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  ︵ ᠭᠤᠷᠪᠠ ︶ ᠴᠢᠨᠠᠷ ᠰᠠᠶᠢᠲᠠᠶ ᠬᠥᠭᠵᠢᠯᠲᠡ ᠶᠢ ᠪᠠᠷᠢᠮᠲᠠᠯᠠᠨ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠳᠣᠬᠢᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃

  17. ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮᠴᠢᠯᠡᠭᠡ ᠡᠷᠡᠭᠦᠯ ᠬᠠᠮᠠᠭᠠᠯᠠᠯ ᠤᠨ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠵᠤ᠂ ᠠᠵᠢᠯ ᠤᠨ ᠭᠤᠣᠯᠳᠠᠯᠭ᠎ᠠ ᠪᠠᠨ ᠲᠠᠷᠢᠶᠠᠯᠠᠬᠤ ᠮᠠᠯᠵᠢᠬᠤ ᠣᠷᠣᠨ ᠪᠠ ᠨᠡᠶᠢᠭᠡᠮ ᠲᠣᠭᠤᠷᠢᠭ ᠲᠤ ᠲᠠᠯᠪᠢᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠢ ᠬᠥᠮᠦᠵᠢᠭᠦᠯᠬᠦ ᠲᠤᠰᠬᠠᠶ ᠠᠵᠢᠯᠯᠠᠭᠠᠨ ᠢ ᠬᠡᠷᠡᠭᠵᠢᠭᠦᠯᠵᠦ᠂ ᠦᠨᠳᠦᠰᠦᠨ ᠱᠠᠲᠤ᠂ ᠬᠢᠯᠢ ᠬᠢᠵᠠᠭᠠᠷ ᠤᠨ ᠭᠠᠵᠠᠷ ᠣᠷᠣᠨ ᠪᠠ ᠪᠠᠴᠢᠮ ᠳᠤᠲᠠᠭᠳᠠᠵᠤ ᠪᠠᠶᠢᠭ᠎ᠠ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠦᠮᠦᠵᠢᠭᠦᠯᠵᠦ ᠲᠡᠳᠬᠦᠨ ᠳᠡᠮᠵᠢᠬᠦ ᠡᠷᠴᠢᠮ ᠵᠢᠨᠨ ᠴᠢᠩᠭᠠᠷᠠᠭᠤᠯᠤᠨ᠎ᠠ᠃ ᠦᠨᠳᠦᠰᠦᠨ ᠱᠠᠲᠤᠨ ᠤ ᠴᠢᠳᠠᠪᠤᠷᠢᠲᠠᠨ ᠬᠥᠮᠦᠵᠢᠭᠦᠯᠬᠦ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠵᠢ ᠥᠷᠨᠢᠭᠦᠯᠵᠦ᠂ ᠬᠥᠳᠡᠭᠡ ᠲᠣᠰᠬᠤᠨ ᠤ ᠤᠶᠤᠲᠠᠨ ᠡᠮᠴᠢ ᠶᠢ ᠬᠠᠨᠳᠤᠯᠭ᠎ᠠ ᠲᠠᠢ ᠪᠠᠷ ᠬᠥᠮᠦᠵᠢᠭᠦᠯᠬᠦ ᠲᠤᠰᠬᠠᠶ ᠲᠥᠯᠥᠪᠯᠡᠭᠡ ᠵᠢ ᠬᠡᠷᠡᠭᠵᠢᠭᠦᠯᠦᠨ᠂ ᠠᠨᠠᠭᠠᠬᠤ ᠤᠬᠠᠭᠠᠨ ᠤ ᠲᠤᠰᠬᠠᠶ ᠮᠡᠷᠭᠡᠵᠢᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠤᠷᠢᠨ ᠡᠯᠰᠡᠵᠦ ᠰᠢᠯᠭᠠᠬᠤ ᠥᠬᠡᠶ ᠪᠠᠷ ᠬᠥᠳᠡᠭᠡ ᠲᠣᠰᠬᠤᠨ ᠤ ᠡᠮᠴᠢ ᠪᠠᠷ ᠳᠠᠩᠰᠠᠯᠠᠭᠤᠯᠤᠨ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠬᠦᠷᠴᠦ ᠦᠢᠯᠡᠴᠢᠯᠡᠭᠦᠯᠦᠨ᠎ᠡ᠃ ᠡᠷᠭᠢᠯᠡᠬᠦ ᠡᠮᠴᠢ ᠶᠢᠨ ᠦᠨᠳᠦᠰᠦᠨ ᠱᠠᠲᠤᠨ ᠳᠤ ᠦᠢᠯᠡᠴᠢᠯᠡᠬᠦ ᠲᠦᠷᠢᠮ ᠢ ᠨᠠᠶᠢᠳᠠᠪᠤᠷᠢᠵᠢᠭᠤᠯᠵᠤ᠂ ︽ ᠲᠦᠮᠡᠨ ᠡᠮᠴᠢ ᠰᠤᠪᠢᠯᠠᠭᠴᠢᠳ ᠢ ᠦᠨᠳᠦᠰᠦᠨ ᠱᠠᠲᠤᠨ ᠳᠤ ᠪᠠᠭᠤᠯᠭᠠᠬᠤ ︾ ᠲᠥᠷᠥᠯ ᠵᠦᠢᠯ ᠢ ᠬᠡᠷᠡᠭᠵᠢᠭᠦᠯᠦᠨ᠂ ᠬᠤᠶᠠᠳᠤᠭᠠᠷ ᠳᠡᠰ ᠵᠢᠴᠢ ᠲᠡᠭᠦᠨ ᠡᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠵᠢᠴᠢ ᠦᠨᠡᠨ ᠬᠦ ᠮᠡᠷᠭᠡᠰᠢᠭᠰᠡᠨ ᠡᠷᠬᠢᠯᠡᠬᠦ ᠡᠮᠴᠢ ︵ ᠠᠵᠢᠯ ᠳᠤ ᠪᠠᠶᠢᠭ᠎ᠠ ᠶᠡᠭᠡ ᠡᠮᠴᠢ᠂ ᠠᠵᠢᠯ ᠡᠴᠠ ᠪᠠᠨ ᠠᠮᠠᠷᠠᠭᠰᠠᠨ ᠶᠡᠭᠡ ᠡᠮᠴᠢ ᠶᠢ ᠪᠠᠭᠲᠠᠭᠠᠨ᠎ᠠ ︶ ᠶᠢᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠦᠷᠴᠦ ᠤᠨᠴᠠᠯᠢᠬᠳᠤ ᠰᠠᠯᠠᠭ᠎ᠠ ᠲᠠᠰᠤᠭ ︵ ᠡᠭᠦᠳᠡᠨ ᠡᠮᠨᠡᠯᠭᠡ ︶ ᠨᠡᠭᠡᠭᠡᠬᠦ ᠶᠢ ᠵᠣᠷᠢᠬᠵᠢᠭᠤᠯᠤᠨ᠎ᠠ᠃ ᠬᠥᠳᠡᠭᠡ ᠲᠣᠰᠬᠤᠨ ᠤ ᠡᠮᠴᠢ ᠶᠢᠨ ᠰᠤᠷᠤᠯᠭ᠎ᠠ ᠶᠢᠨ ᠨᠠᠮᠲᠠᠷ ᠤᠨ ᠬᠥᠮᠦᠵᠢᠯ ᠳᠤ ᠣᠷᠣᠯᠴᠠᠬᠤ᠂ ᠠᠵᠢᠯ ᠡᠷᠭᠢᠯᠡᠬᠦ ︵ ᠲᠤᠰᠠᠯᠠᠭᠴᠢ ︶ ᠡᠮᠴᠢ ᠶᠢᠨ ᠬᠢᠷᠢ ᠬᠡᠮ ᠢ ᠰᠢᠯᠭᠠᠨ ᠣᠯᠬᠤ ᠶᠢ ᠵᠣᠷᠢᠬᠵᠢᠭᠤᠯᠵᠤ᠂ ᠬᠥᠳᠡᠭᠡ ᠲᠣᠰᠬᠤᠨ ᠤ ᠡᠮᠴᠢ ᠶᠢ ᠠᠵᠢᠯ ᠡᠷᠭᠢᠯᠡᠬᠦ ︵ ᠲᠤᠰᠠᠯᠠᠭᠴᠢ ︶ ᠡᠮᠴᠢ ᠲᠡᠶᠢᠰᠢ ᠤᠯᠠᠷᠢᠭᠤᠯᠬᠤ ᠶᠢ ᠠᠬᠢᠭᠤᠯᠤᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠶᠡᠷᠦᠩᠬᠡᠶ ᠰᠠᠯᠠᠭ᠎ᠠ᠂ ᠬᠡᠦᠬᠡᠳ ᠤᠨ ᠰᠠᠯᠠᠭ᠎ᠠ᠂ ᠬᠦᠨᠳᠦ ᠡᠪᠡᠳᠴᠢᠨ ᠤ ᠠᠨᠠᠭᠠᠬᠤ ᠤᠬᠠᠭᠠᠨ᠂ ᠠᠮᠢᠰᠬᠤᠯ᠂ ᠮᠡᠳᠡᠷᠡᠯ ᠤᠨ ᠰᠠᠯᠠᠭ᠎ᠠ᠂ ᠬᠠᠯᠳᠠᠪᠤᠷᠢᠲᠤ ᠡᠪᠡᠳᠴᠢᠨ᠂ ᠨᠠᠰᠤᠲᠠᠶᠢᠴᠤᠳ ᠤᠨ ᠠᠨᠠᠭᠠᠬᠤ ᠤᠬᠠᠭᠠᠨ ᠵᠡᠷᠭᠡ ᠬᠦᠷᠢᠶᠡᠨ ᠳᠤ ᠪᠠᠴᠢᠮ ᠱᠠᠭᠠᠷᠳᠠᠭᠳᠠᠨ ᠳᠤᠲᠠᠭᠳᠠᠵᠤ ᠪᠠᠶᠢᠭ᠎ᠠ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠦᠨ ᠪᠣᠯᠪᠠᠰᠤᠷᠠᠭᠤᠯᠬᠤ ᠵᠢ ᠴᠢᠩᠭᠠᠳᠬᠠᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠬᠢᠭᠡᠳ ᠡᠮᠴᠢᠯᠡᠭᠡᠨ ᠤ ᠠᠨᠠᠭᠠᠬᠤ ᠤᠬᠠᠭᠠᠨ ᠤ ᠬᠠᠮ ᠴᠢᠳᠠᠪᠤᠷᠢᠲᠠᠨ ᠢ ᠬᠥᠮᠦᠵᠢᠭᠦᠯᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃ ᠡᠮ ᠨᠠᠶᠢᠷᠠᠭᠴᠢ ᠵᠢᠨ ᠡᠩᠨᠡᠭᠡ ᠵᠢᠨ ᠪᠠᠶᠢᠭᠤᠯᠤᠯᠲᠠ ᠵᠢᠨ ᠡᠷᠴᠢᠮ ᠢ ᠴᠢᠩᠭᠠᠷᠠᠭᠤᠯᠵᠤ᠂ ᠲᠣᠭᠲᠠᠭᠠᠯ ᠶᠣᠰᠣᠭᠠᠷ ᠡᠮᠴᠢᠯᠡᠭᠡᠨ ᠤ ᠡᠮ ᠨᠠᠶᠢᠷᠠᠭᠴᠢ ᠶᠢ ᠲᠣᠬᠢᠷᠠᠭᠤᠯᠤᠨ᠎ᠠ᠃ ᠠᠨᠠᠭᠠᠬᠤ ᠤᠬᠠᠭᠠᠨ ᠤ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠤ ᠲᠥᠯᠥᠪᠯᠡᠭᠡ ᠵᠢ ᠬᠡᠷᠡᠭᠵᠢᠭᠦᠯᠵᠦ᠂ ᠨᠢᠭᠡ ᠪᠦᠯᠦᠭ ᠳᠠᠭᠠᠭᠤᠯᠤᠭᠴᠢ ᠴᠢᠳᠠᠪᠤᠷᠢᠲᠠᠨ ᠢ ᠬᠥᠮᠦᠵᠢᠭᠦᠯᠦᠨ᠂ ᠡᠮᠴᠢᠯᠡᠭᠡ ᠡᠷᠡᠭᠦᠯ ᠬᠠᠮᠠᠭᠠᠯᠠᠯ ᠤᠨ ᠠᠬᠠᠯᠠᠬᠤ ᠲᠤᠰᠬᠠᠶ ᠮᠡᠷᠭᠡᠵᠢᠯᠲᠡᠨ ᠤ ᠳᠦᠷᠢᠮ ᠢ ᠪᠠᠶᠢᠭᠤᠯᠬᠤ ᠶᠢ ᠠᠬᠢᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠤᠳᠤᠷᠢᠳᠬᠤ ᠺᠠᠳ᠋ᠷᠴᠤᠳ ᠤᠨ ᠴᠢᠳᠠᠪᠤᠷᠢ ᠵᠢ ᠳᠡᠭᠡᠭᠰᠢᠯᠡᠭᠦᠯᠬᠦ ᠢᠨᠵᠧᠨᠧᠷᠢᠩ ᠢ ᠡᠬᠢᠯᠡᠨ ᠬᠡᠷᠡᠭᠵᠢᠭᠦᠯᠦᠨ᠎ᠡ᠃ ᠬᠢᠲᠠᠳ ᠡᠮ ᠡᠮᠨᠡᠯᠭᠡ ︵ ᠮᠣᠩᠭᠤᠯ ᠡᠮ ᠡᠮᠨᠡᠯᠭᠡ ︶ ᠪᠠ ᠬᠢᠲᠠᠳ ︵ ᠮᠣᠩᠭᠤᠯ ︶ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠤᠨᠴᠠᠯᠢᠬᠳᠤ ᠴᠢᠳᠠᠪᠤᠷᠢᠲᠠᠨ ᠢ ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠬᠢᠲᠠᠳ ᠡᠮᠨᠡᠯᠭᠡ ᠶᠢᠨ ᠶᠡᠭᠡ ᠪᠠᠭᠰᠢ᠂ ᠴᠢ ᠬᠤᠸᠠᠩ ᠬᠢᠲᠠᠳ ᠡᠮᠨᠡᠯᠭᠡ ᠶᠢᠨ ᠡᠷᠳᠡᠮᠲᠡᠨ᠂ ᠨᠠᠷᠠᠲᠤ ᠠᠬᠠᠮᠠᠳ ᠬᠢᠲᠠᠳ ᠡᠮᠴᠢ ︵ ᠮᠣᠩᠭᠤᠯ ᠡᠮᠴᠢ ︶᠂ ᠠᠬᠠᠮᠠᠳ ᠡᠮ ᠨᠠᠶᠢᠷᠠᠭᠴᠢ ᠵᠡᠷᠭᠡ ᠶᠢ ᠤᠯᠠᠮᠵᠢᠯᠠᠨ ᠵᠠᠯᠭᠠᠮᠵᠢᠯᠠᠬᠤ ᠠᠵᠢᠯ ᠤᠨ ᠲᠠᠰᠤᠭ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠵᠡᠭᠦᠨ ᠪᠠᠷᠠᠭᠤᠨ ᠣᠷᠣᠨ ᠤ ᠬᠠᠮᠵᠢᠯᠴᠠᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠴᠢᠳᠠᠪᠤᠷᠢ ᠶᠢ ᠳᠡᠭᠡᠭᠰᠢᠯᠡᠭᠦᠯᠬᠦ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠵᠢᠯ ᠪᠦᠷᠢ 300 ᠨᠡᠷᠡᠰ ᠡᠴᠠ ᠳᠤᠲᠠᠭᠤ ᠦᠭᠡᠢ ᠭᠤᠤᠯᠯᠠᠭᠴᠢ ᠡᠮᠨᠡᠯᠭᠡ ᠶᠢᠨ ᠠᠵᠢᠯᠲᠠᠨ ᠢ ᠪᠡᠭᠡᠵᠢᠩ ᠱᠠᠩᠬᠠᠶ ᠭᠤᠸᠠᠩᠵᠧᠦ ᠪᠠ ᠬᠠᠷᠠᠮᠦ᠋ᠷᠡᠨ ᠭᠢᠷᠢᠨ ᠯᠢᠶᠣᠤᠨᠢᠩ ᠵᠡᠷᠭᠡ ᠭᠠᠵᠠᠷ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠰᠤᠩᠭᠤᠨ ᠲᠣᠮᠢᠯᠠᠵᠤ ᠳᠡᠭᠡᠳᠦ ᠲᠠᠰ ᠤᠨ ᠰᠤᠳᠤᠯᠤᠨ ᠰᠤᠷᠤᠯᠴᠠᠬᠤ ᠪᠠ ᠪᠣᠯᠪᠠᠰᠤᠷᠠᠯ ᠥᠷᠨᠢᠭᠦᠯᠦᠨ᠎ᠡ᠃ ᠨᠢᠭᠡ ᠪᠦᠯᠦᠭ ᠪᠡᠭᠡᠵᠢᠩ ᠱᠠᠩᠬᠠᠶ ᠭᠤᠸᠠᠩᠵᠧᠦ ᠶᠢᠨ ᠳᠡᠭᠡᠳᠦ ᠲᠠᠰ ᠳᠠᠪᠬᠤᠷᠭ᠎ᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯᠲᠡᠨ ᠢ ᠥᠪᠥᠷ ᠮᠣᠩᠭᠤᠯ ᠳᠤ ᠣᠷᠣᠭᠤᠯᠤᠨ ᠠᠪᠴᠢᠷᠠᠵᠤ ᠲᠤᠰᠢᠶᠠᠯ ᠬᠠᠷᠢᠭᠤᠴᠠᠨ ᠡᠭᠦᠷᠭᠡᠯᠡᠭᠦᠯᠦᠨ᠎ᠡ᠃ ᠡᠯ᠎ᠡ ᠲᠦᠷᠦᠯ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠰᠬᠠᠶ ᠪᠠᠶᠢᠭᠤᠯᠤᠮᠵᠢ ᠶᠢᠨ ᠠᠵᠢᠯᠳᠠᠨ ᠢ ᠲᠣᠬᠢᠷᠠᠭᠤᠯᠬᠤ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠠᠵᠢᠯ ᠤᠨ ᠪᠠᠶᠢᠷᠢ ᠶᠢ ᠱᠠᠳᠤ ᠲᠦᠷᠦᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠬᠠᠷᠢᠴᠠᠯ ᠢ ᠳᠡᠭᠡᠭᠰᠢᠯᠡᠭᠦᠯᠦᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

  18. ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡᠨ ᠤ ᠤᠨᠴᠠᠯᠢᠭᠳᠤ ᠰᠠᠯᠠᠭ᠎ᠠ ᠲᠠᠰᠤᠭ ᠤᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠪᠠᠶᠢᠩᠭᠤ ᠳᠣᠬᠢᠶᠠᠯᠳᠤᠬᠤ ᠡᠪᠡᠳᠴᠢᠨ᠂ ᠣᠯᠠᠨ ᠡᠭᠦᠰᠳᠡᠭ ᠡᠪᠡᠳᠴᠢᠨ ᠵᠡᠷᠭᠡ ᠦᠨᠳᠦᠰᠦᠨ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠬᠤᠶᠠᠳᠤᠭᠠᠷ ᠳᠡᠰ ᠵᠢᠴᠢ ᠲᠡᠭᠦᠨ ᠡᠴᠠ ᠳᠣᠷᠣᠭᠰᠢᠬᠢ ᠡᠩ ᠤᠨ ᠮᠡᠰᠡ ᠵᠠᠰᠠᠯ ᠵᠡᠷᠭᠡ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ 2025 ᠣᠨ ᠪᠣᠯᠬᠤ ᠳᠤ᠂ 50% ᠡᠴᠠ ᠳᠡᠭᠡᠭᠰᠢᠬᠢ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ︵ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︶ ᠵᠢ ᠦᠨᠳᠦᠰᠦᠨ ᠪᠠᠷᠢᠮᠵᠢᠶ᠎ᠠ ᠳᠤ ᠬᠦᠷᠭᠡᠨ᠎ᠡ᠃ ᠬᠦᠨᠳᠦ ᠶᠡᠭᠡ ᠤᠵᠢᠭ ᠡᠪᠡᠳᠴᠢᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠡᠭᠡᠳᠦ ᠱᠠᠲᠤᠨ ᠤ ᠡᠮᠴᠢᠯᠡᠭᠡᠨ ᠤ ᠪᠠᠶᠢᠭᠤᠯᠤᠮᠵᠢ ᠯᠤᠭ᠎ᠠ ᠤᠵᠢᠭ ᠡᠪᠡᠳᠴᠢᠨ ᠤ ᠬᠠᠮᠲᠤᠷᠠᠭᠰᠠᠨ ᠡᠭᠦᠳᠡᠨ ᠡᠮᠨᠡᠯᠭᠡ ᠪᠠᠶᠢᠭᠤᠯᠬᠤ ᠶᠢ ᠰᠦᠪᠡᠭᠴᠢᠯᠡᠵᠦ᠂ ᠪᠠᠶᠢᠩᠭᠤ ᠲᠣᠬᠢᠶᠠᠯᠳᠤᠬᠤ ᠤᠵᠢᠭ ᠡᠪᠡᠳᠴᠢᠨ ᠢ ᠰᠡᠷᠭᠡᠶᠢᠯᠡᠬᠦ᠂ ᠡᠮᠨᠡᠨ ᠵᠠᠰᠠᠬᠤ ᠪᠠ ᠡᠷᠡᠭᠦᠯᠵᠢᠭᠦᠯᠬᠦ ᠠᠵᠢᠯ ᠢ ᠥᠷᠨᠢᠭᠦᠯᠦᠨ᠎ᠡ᠃ ᠬᠥᠳᠡᠭᠡ ᠲᠣᠰᠬᠤᠨ ᠤ ᠬᠠᠯᠳᠠᠪᠤᠷᠢᠲᠤ ᠡᠪᠡᠳᠴᠢᠨ ᠤ ᠬᠠᠮᠢᠶᠠᠷᠤᠯᠲᠠ ᠪᠠ ᠨᠡᠶᠢᠭᠡᠮ ᠲᠣᠭᠤᠷᠢᠭ ᠤᠨ ᠰᠡᠳᠬᠢᠴᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢ ᠴᠢᠩᠭᠠᠷᠠᠭᠤᠯᠤᠨ᠎ᠠ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠦᠢᠯᠡᠴᠢᠯᠡᠭᠡᠨ ᠤ ᠣᠨᠴᠠᠯᠢᠭ ᠲᠤ ᠨᠡᠶᠢᠴᠡᠭᠰᠡᠨ ᠦᠨᠡᠯᠡᠨ ᠬᠢᠨᠠᠬᠤ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠨ᠂ ᠲᠡᠭᠦᠨ ᠢ ᠤᠯᠤᠰ ᠤᠨ ᠡᠮᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠪᠠ ᠡᠵᠡᠮᠳᠡᠯ ᠤᠨ ᠲᠣᠭᠲᠠᠯᠴᠠᠭ᠎ᠠ ᠳᠤ ᠣᠷᠣᠭᠤᠯᠤᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ ︶

  19. ᠡᠮᠴᠢᠯᠡᠭᠡ ᠡᠷᠡᠭᠦᠯ ᠬᠠᠮᠠᠭᠠᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠮᠴᠢᠯᠡᠭᠡᠨ ᠤ ᠠᠨᠠᠭᠠᠬᠤ ᠤᠬᠠᠭᠠᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠡᠮ ᠡᠮᠨᠡᠯᠭᠡ ᠶᠢᠨ ᠪᠠᠭᠠᠵᠢ ᠬᠡᠷᠡᠭᠰᠡᠯ ᠢ ᠰᠤᠳᠤᠯᠤᠨ ᠨᠡᠭᠡᠭᠡᠬᠦ ᠲᠣᠭᠲᠠᠯᠴᠠᠭ᠎ᠠ ᠬᠢᠭᠡᠳ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠬᠡᠳᠡᠰᠦ ᠶᠢᠨ ᠰᠤᠳᠤᠯᠤᠯ ᠤᠨ ᠮᠡᠷᠭᠡᠵᠢᠯ᠂ ᠭᠤᠣᠯ ᠡᠰ ᠬᠢᠭᠡᠳ ᠳᠠᠬᠢᠯᠲᠠ ᠠᠨᠠᠭᠠᠬᠤ ᠤᠬᠠᠭᠠᠨ᠂ ᠰᠢᠨ᠎ᠡ ᠬᠡᠯᠪᠡᠷᠢ ᠶᠢᠨ ᠸᠠᠺᠼᠢᠨ᠂ ᠠᠮᠢᠳᠤ ᠪᠣᠳᠠᠰ ᠤᠨ ᠡᠮᠴᠢᠯᠡᠭᠡ᠂ ᠨᠠᠷᠢᠯᠢᠬ ᠣᠨᠣᠴᠠᠲᠠᠶ ᠠᠨᠠᠭᠠᠬᠤ ᠤᠬᠠᠭᠠᠨ ᠵᠡᠷᠭᠡ ᠠᠨᠠᠭᠠᠬᠤ ᠤᠬᠠᠭᠠᠨ ᠤ ᠬᠤᠰᠢᠭᠤᠷᠠᠯ ᠮᠡᠷᠭᠡᠵᠢᠯ ᠢ ᠬᠥᠭᠵᠢᠭᠦᠯᠦᠨ᠎ᠡ᠃ ᠰᠤᠳᠤᠯᠭᠠᠨ ᠤ ᠮᠠᠶ᠋ᠢᠭ ᠤᠨ ᠡᠮᠨᠡᠯᠭᠡ ᠶᠢᠨ ᠬᠤᠷᠢᠶ᠎ᠠ ᠪᠠ ᠰᠤᠳᠤᠯᠭᠠᠨ ᠤ ᠮᠠᠶ᠋ᠢᠭ ᠤᠨ ᠡᠪᠡᠳᠴᠢᠲᠡᠨ ᠤ ᠦᠷᠦᠭᠡ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠣᠭᠲᠠᠯᠴᠠᠭᠠᠨ ᠤ ᠪᠠᠶᠢᠭᠤᠯᠤᠯᠲᠠ ᠶᠢ ᠲᠦᠷᠭᠡᠳᠬᠡᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠢᠨ᠎ᠡ ᠶᠢ ᠡᠭᠦᠳᠬᠦ ᠡᠬᠢ ᠪᠠᠶᠠᠯᠢᠭ ᠢ ᠲᠥᠪᠯᠡᠷᠡᠭᠦᠯᠬᠦ ᠲᠠᠪᠴᠠᠩ ᠤᠨ ᠦᠢᠯᠡᠳᠦᠯ ᠢ ᠨᠢ ᠳᠣᠪᠤᠶᠢᠯᠭᠠᠨ᠂ ᠣᠷᠣᠨ ᠤ ᠳᠣᠲᠣᠷ᠎ᠠ ᠭᠠᠳᠠᠨᠠᠬᠢ ᠬᠠᠮᠲᠤᠷᠠᠨ ᠠᠵᠢᠯᠯᠠᠵᠤ ᠬᠠᠮᠲᠤ ᠳ᠋ᠤ ᠪᠠᠨ ᠭᠥᠷᠳᠡᠬᠦ ᠲᠣᠭᠲᠠᠴᠠ ᠶᠢ ᠲᠡᠭᠦᠯᠳᠡᠷᠵᠢᠭᠦᠯᠵᠦ᠂ ᠣᠷᠣᠨ ᠤ ᠳᠣᠲᠣᠷᠠᠬᠢ ᠭᠤᠷᠪᠠᠳᠤᠭᠠᠷ ᠳᠡᠰ ᠤᠨ ᠬᠥᠬᠡ ᠲᠠᠰ ᠤᠨ ᠡᠮᠨᠡᠯᠭᠡ ᠶᠢᠨ ᠬᠤᠷᠢᠶ᠎ᠠ᠂ ᠰᠤᠳᠤᠯᠭᠠᠨ ᠤ ᠬᠦᠷᠢᠶᠡᠯᠡᠩ ︵ ᠭᠠᠵᠠᠷ ︶ ᠪᠠ ᠬᠤᠲᠠ ᠶᠢᠨ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠲᠦᠰᠢᠭᠯᠡᠨ᠂ ᠨᠢᠭᠡ ᠪᠦᠯᠦᠭ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯᠲᠠᠨ ᠤ ᠬᠠᠮᠵᠢᠯᠴᠠᠨ ᠰᠢᠨ᠎ᠡ ᠶᠢ ᠡᠭᠦᠳᠬᠦ ᠲᠥᠪ ᠢ ᠪᠠᠶᠢᠭᠤᠯᠤᠨ᠎ᠠ᠃ ᠥᠨᠳᠥᠷ ᠬᠢᠷᠢ ᠲᠦᠪᠰᠢᠨ ᠪᠥᠬᠦᠶ ᠡᠮᠨᠡᠯᠭᠡ ᠶᠢᠨ ᠬᠤᠷᠢᠶ᠎ᠠ ᠳᠤ ᠲᠦᠰᠢᠭᠯᠡᠨ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ᠂ ᠬᠢᠲᠠᠳ ︵ ᠮᠣᠩᠭᠤᠯ ︶ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠲᠥᠪ ᠢ ᠪᠥᠲᠥᠭᠡᠨ ᠪᠠᠶᠢᠭᠤᠯᠤᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ ︶

  20. ᠡᠮᠴᠢᠯᠡᠭᠡᠨ ᠤ ᠦᠢᠯᠡᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠨ᠎ᠠ᠃ ᠡᠮᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠬᠢᠭᠡᠳ ᠡᠵᠡᠮᠳᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠭᠤᠤᠯ ᠪᠣᠯᠬᠤ ᠲᠤᠰᠬᠠᠶ ᠮᠡᠷᠭᠡᠵᠢᠯ ᠢ ᠬᠠᠮᠤᠷᠤᠭᠰᠠᠨ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠡᠮᠴᠢᠯᠡᠭᠡᠨ ᠤ ᠶᠠᠰᠤ ᠴᠢᠨᠠᠷ ᠢ ᠡᠵᠡᠮᠳᠡᠬᠦ ᠵᠣᠬᠢᠶᠠᠨ ᠪᠠᠶᠢᠭᠤᠯᠤᠯᠲᠠ ᠶᠢ ᠪᠦᠷᠢᠨᠰᠢᠭᠦᠯᠵᠦ᠂ ᠬᠡᠰᠡᠭ ᠭᠤᠤᠯᠳᠠᠯᠭ᠎ᠠ ᠲᠠᠢ ᠲᠤᠰᠬᠠᠶ ᠮᠡᠷᠭᠡᠵᠢᠯ ᠤᠨ ᠶᠠᠰᠤ ᠴᠢᠨᠠᠷ ᠢ ᠡᠵᠡᠮᠳᠡᠬᠦ ᠵᠣᠬᠢᠶᠠᠨ ᠪᠠᠶᠢᠭᠤᠯᠤᠯᠲᠠ ᠶᠢ ᠬᠤᠰᠢᠭᠤ ᠰᠢᠶᠠᠨ ︵ ᠬᠤᠲᠠ᠂ ᠲᠣᠭᠤᠷᠢᠭ ︶ ᠳᠤ ᠬᠦᠷᠲᠡᠯ᠎ᠡ ᠤᠷᠲᠤᠳᠬᠠᠨ᠎ᠠ᠃ ᠡᠮᠴᠢᠯᠡᠭᠡᠨ ᠤ ᠪᠠᠶᠢᠭᠤᠯᠤᠮᠵᠢ ᠨᠤᠭᠤᠳ ᠪᠥᠬᠦ ᠠᠵᠢᠯᠲᠠᠨ ᠣᠷᠣᠯᠴᠠᠭᠰᠠᠨ᠂ ᠡᠮᠴᠢᠯᠡᠭᠡᠨ ᠤ ᠦᠢᠯᠡᠴᠢᠯᠡᠭᠡᠨ ᠤ ᠪᠥᠬᠦ ᠶᠠᠪᠤᠴᠠ ᠶᠢ ᠬᠠᠮᠤᠷᠤᠭᠰᠠᠨ ᠶᠠᠰᠤ ᠴᠢᠨᠠᠷ ᠤᠨ ᠬᠠᠮᠢᠶᠠᠷᠤᠯᠲᠠ ᠬᠢᠭᠡᠳ ᠡᠵᠡᠮᠳᠡᠬᠦ ᠠᠵᠢᠯ ᠤᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠪᠠ ᠵᠢᠷᠤᠮᠵᠢᠯ ᠢ ᠲᠡᠭᠦᠯᠳᠡᠷᠵᠢᠭᠦᠯᠵᠦ᠂ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠭᠤᠤᠯᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠮᠴᠢᠯᠡᠭᠡᠨ ᠤ ᠦᠢᠯᠡᠴᠢᠯᠡᠭᠡᠨ ᠤ ᠦᠢᠯᠡ ᠠᠵᠢᠯᠯᠠᠭ᠎ᠠ ᠶᠢᠨ ᠵᠢᠷᠤᠮᠵᠢᠯ ᠢ ᠲᠡᠭᠦᠯᠳᠡᠷᠵᠢᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠪᠠᠷᠢᠮᠵᠢᠶᠠᠵᠢᠭᠰᠠᠨ᠂ ᠵᠢᠷᠤᠮᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠦᠷ᠎ᠡ ᠳ᠋ᠦᠩ ᠵᠢᠨᠷ ᠤᠳᠤᠷᠢᠳᠤᠮᠵᠢ ᠪᠣᠯᠭᠠᠭᠰᠠᠨ ᠦᠢᠯᠡᠴᠢᠯᠡᠭᠡᠨ ᠤ ᠶᠠᠰᠤ ᠴᠢᠨᠠᠷ ᠤᠨ ᠳ᠋ᠠᠶᠢᠲ᠋ᠠ ᠶᠢᠨ ᠰᠢᠰᠲ᠋ᠧᠮ ᠤᠨ ᠦᠨᠡᠯᠡᠨ ᠵᠢᠱᠢᠬᠦ᠂ ᠬᠠᠷᠢᠭᠤ ᠲᠤᠰᠬᠠᠬᠤ ᠪᠠ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠦᠢᠯᠡᠴᠢᠯᠡᠭᠡ ᠶᠢ ᠦᠨᠡᠯᠡᠬᠦ ᠲᠦᠷᠢᠮ ᠢ ᠰᠦᠪᠡᠭᠴᠢᠯᠡᠨ ᠪᠠᠶᠢᠭᠤᠯᠵᠤ᠂ ᠡᠮ ᠤᠨ ᠵᠦᠢᠯ ᠤᠨ ᠬᠠᠩᠭᠠᠯᠭ᠎ᠠ ᠶᠢᠨ ᠪᠠᠲᠤᠯᠠᠭ᠎ᠠ ᠪᠠ ᠡᠮ ᠤᠨ ᠰᠤᠳᠤᠯᠤᠯ ᠤᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ ︶

  21. ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠮᠨᠡᠭᠦᠯᠬᠦ ᠣᠷᠴᠢᠨ ᠲᠣᠭᠤᠷᠢᠨ ᠢ ᠰᠠᠶᠢᠵᠢᠷᠠᠭᠤᠯᠤᠨ᠂ ᠪᠡᠯᠡᠳᠬᠡᠮᠵᠢ ᠵᠢᠨ ᠪᠠᠶᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠦᠢᠯᠡᠴᠢᠯᠡᠭᠡᠨ ᠤ ᠦᠷᠭᠦᠯᠵᠢᠯᠡᠯᠳᠦ ᠴᠢᠨᠠᠷ ᠢ ᠠᠬᠢᠭᠤᠯᠤᠨ᠂ ︽ ᠠᠮᠠᠷᠠᠯᠲᠠ ᠶᠢᠨ ᠡᠳᠦᠷ ᠤᠨ ᠡᠭᠦᠳᠡᠨ ᠡᠮᠨᠡᠯᠭᠡ ︾᠂ ︽ ᠬᠠᠷᠢᠮᠠᠬᠠᠶ ᠴᠢᠨᠠᠷᠲᠠᠶ ᠠᠵᠢᠯᠯᠠᠬᠤ ᠡᠭᠦᠳᠡᠨ ᠡᠮᠨᠡᠯᠭᠡ ︾ ᠪᠠ       ︽ ᠤᠷᠢᠳᠴᠢᠯᠠᠨ ᠡᠮᠨᠡᠯᠭᠡ ᠳᠤ ᠰᠠᠭᠤᠬᠤ ︾ ᠦᠢᠯᠡᠴᠢᠯᠡᠭᠡ ᠶᠢ ᠦᠷᠭᠦᠯᠵᠢᠯᠡᠨ ᠠᠬᠢᠭᠤᠯᠵᠤ᠂ ︽ ᠰᠥᠨᠢ ᠶᠢᠨ ᠬᠤᠭᠤᠴᠠᠭᠠᠨ ᠤ ᠡᠭᠦᠳᠡᠨ ᠡᠮᠨᠡᠯᠭᠡ ︾ ᠲᠣᠬᠢᠷᠠᠭᠤᠯᠬᠤ ᠶᠢ ᠰᠦᠪᠡᠭᠴᠢᠯᠡᠨ᠂ ᠡᠪᠡᠳᠴᠢᠲᠡᠨ ᠢ ᠰᠢᠯᠵᠢᠭᠦᠯᠦᠨ ᠡᠮᠨᠡᠭᠦᠯᠬᠦ ᠶᠢ ᠵᠢᠯᠣᠭᠤᠳᠤᠨ ᠬᠠᠪᠰᠤᠷᠤᠨ᠎ᠠ᠃ ᠡᠳᠦᠷ ᠤᠨ ᠬᠤᠭᠤᠴᠠᠭᠠᠨ ᠤ ᠡᠮᠴᠢᠯᠡᠭᠡᠨ ᠤ ᠦᠢᠯᠡᠴᠢᠯᠡᠭᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠬᠤᠯᠠ ᠵᠠᠢ ᠶᠢᠨ ᠡᠮᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠣᠯᠠᠨ ᠰᠢᠨᠵᠢᠯᠡᠭᠡᠨ ᠤ ᠰᠠᠯᠠᠭ᠎ᠠ ᠬᠠᠮᠲᠤᠷᠠᠨ ᠣᠨᠣᠰᠢᠯᠠᠨ ᠡᠮᠴᠢᠯᠡᠬᠦ ᠪᠠ ᠡᠪᠡᠳᠴᠢᠲᠡᠨ ᠤ ᠥᠷᠥᠭᠡ ᠶᠢ ᠪᠠᠶᠢᠴᠠᠭᠠᠬᠤ ᠲᠦᠷᠢᠮ ᠢ ᠪᠦᠷᠢᠨᠰᠢᠬᠦᠯᠵᠦ᠂ ᠡᠮᠨᠡᠨ ᠠᠪᠤᠷᠠᠬᠤ ᠰᠠᠭᠠᠳ ᠥᠬᠡᠶ ᠨᠡᠪᠲᠡᠷᠡᠬᠦ ᠵᠠᠮ ᠪᠠ ᠨᠢᠭᠡ ᠴᠤᠭᠴᠠᠵᠢᠭᠤᠯᠤᠭᠰᠠᠨ ᠦᠢᠯᠡᠴᠢᠯᠡᠭᠡ ᠬᠠᠩᠭᠠᠨ᠎ᠠ᠃ ᠨᠢᠯᠬ᠎ᠠ ᠬᠡᠤᠬᠡᠳ ᠤᠨ ᠬᠠᠮᠢᠶ᠎ᠠ ᠪᠥᠬᠦᠶ ᠭᠡᠷᠡᠴᠢ ᠦᠨᠡᠮᠯᠡᠯ ᠤᠨ ᠣᠯᠠᠨ ᠦᠨᠡᠮᠯᠡᠯ ᠢ ᠬᠠᠮᠲᠤᠷᠠᠨ ᠭᠦᠢᠴᠡᠳᠬᠡᠬᠦ ᠶᠢ ᠢᠳᠡᠪᠬᠢᠲᠡᠶ ᠠᠬᠢᠭᠤᠯᠤᠨ᠎ᠠ᠃ ᠡᠭᠡᠯᠢᠯᠡᠭᠡ ᠶᠢᠨ ᠲᠥᠯᠥᠪᠵᠢᠭᠦᠯᠭᠡ ᠵᠡᠷᠭᠡ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠳᠦᠭᠦᠮᠴᠢᠯᠡᠬᠦ ᠶᠢ ᠶᠡᠭᠡ ᠪᠠᠷ ᠠᠬᠢᠭᠤᠯᠤᠨ᠎ᠠ᠃ ᠮᠤᠵᠢ ᠠᠯᠤᠰᠯᠠᠨ ᠣᠨᠳᠣᠣ ᠭᠠᠵᠠᠷ ᠲᠤ ᠡᠪᠡᠳᠴᠢᠨ ᠦᠵᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠤᠳᠤᠬᠤ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠡᠮᠨᠡᠯᠭᠡ ᠶᠢᠨ ᠠᠵᠢᠯᠲᠠᠨ ᠤ ᠦᠢᠯᠡᠴᠢᠯᠡᠭᠡᠨ ᠤ ᠤᠬᠠᠮᠰᠠᠷ ᠢ ᠴᠢᠩᠭᠠᠷᠠᠭᠤᠯᠵᠤ᠂ ᠡᠮᠴᠢ ᠪᠠ ᠡᠪᠡᠳᠴᠢᠲᠡᠨ ᠤ ᠨᠡᠪᠲᠡᠷᠡᠯᠴᠡᠭᠡ ᠶᠢ ᠴᠢᠩᠭᠠᠳᠬᠠᠨ᠂ ᠬᠥᠮᠦᠯᠢᠭ ᠬᠠᠯᠠᠮᠵᠢᠯᠠᠯ ᠢ ᠠᠬᠢᠭᠤᠯᠵᠤ᠂ ᠡᠪᠡᠳᠴᠢᠲᠡᠨ ᠤ ᠬᠤᠪᠢ ᠶᠢᠨ ᠨᠢᠭᠤᠴᠠ ᠶᠢ ᠬᠠᠮᠠᠭᠠᠯᠠᠨ᠎ᠠ᠃ ᠴᠢᠨᠠᠷ ᠰᠠᠶᠢᠲᠠᠶ ᠰᠤᠪᠢᠯᠠᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠮᠴᠢᠯᠡᠭᠡᠨ ᠤ ᠰᠡᠳᠬᠢᠴᠡ᠂ ᠮᠢᠨᠴᠦᠭᠦᠷᠡᠭᠦᠯᠦᠨ ᠡᠪᠡᠳᠬᠦ ᠶᠢ ᠵᠣᠭᠰᠣᠭᠠᠬᠤ᠂ ᠡᠮ ᠬᠡᠷᠡᠭᠯᠡᠬᠦ ᠵᠢᠯᠣᠭᠤᠳᠣᠯᠭ᠎ᠠ᠂ ᠰᠢᠮ᠎ᠡ ᠲᠡᠵᠢᠭᠡᠯ ᠤᠨ ᠵᠢᠯᠣᠭᠤᠳᠣᠯᠭ᠎ᠠ ᠵᠡᠷᠭᠡ ᠦᠢᠯᠡᠴᠢᠯᠡᠭᠡ ᠶᠢ ᠦᠷᠭᠦᠯᠵᠢᠯᠡᠨ ᠴᠢᠩᠭᠠᠳᠬᠠᠨ᠎ᠠ᠃ ᠡᠮᠨᠡᠯᠭᠡ ᠶᠢᠨ ᠠᠵᠢᠯ ᠤᠨ ᠨᠡᠶᠢᠭᠡᠮ ᠤᠨ ᠠᠵᠢᠯᠲᠠᠨ ᠪᠠ ᠰᠠᠶᠢᠨ ᠳᠤᠷᠠᠴᠤᠳ ᠤᠨ ᠦᠢᠯᠡᠴᠢᠯᠡᠭᠡ ᠶᠢᠨ ᠳᠦᠷᠢᠮ ᠢ ᠪᠦᠷᠢᠨᠰᠢᠭᠦᠯᠦᠨ᠎ᠡ᠃ ᠠᠷᠠᠳ ᠤᠨ ᠡᠶᠡᠳᠡᠭᠦᠯᠭᠡ ᠶᠢᠨ ᠭᠤᠣᠯ ᠠᠷᠭ᠎ᠠ ᠵᠠᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠴᠢᠯᠡᠭᠡᠨ ᠤ ᠵᠢᠭᠤᠷᠠᠯᠳᠤᠭᠠᠨ ᠢ ᠠᠷᠢᠯᠭᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠡᠮᠴᠢ ᠪᠠ ᠡᠪᠡᠳᠴᠢᠲᠡᠨ ᠤ ᠡᠶ᠎ᠡ ᠨᠠᠶᠢᠷᠲᠠᠢ ᠬᠠᠷᠢᠴᠠᠭ᠎ᠠ ᠶᠢ ᠪᠠᠶᠢᠭᠤᠯᠤᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ ︶

  22.ᠮᠡᠳᠡᠭᠡ ᠵᠠᠩᠭᠢ ᠶᠢᠨ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ 《 ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠤ 》 ᠶᠢ ᠬᠥᠭᠵᠢᠭᠦᠯᠵᠦ᠂ ᠢᠨᠲ᠋ᠧᠷ ᠰᠦᠯᠵᠢᠶ᠎ᠡ᠂ ᠬᠡᠰᠡᠭ ᠤᠳ ᠤᠨ ᠬᠡᠯᠬᠢᠶ᠎ᠡ᠂ ᠪᠤᠳᠠᠰᠯᠢᠭ ᠬᠤᠯᠪᠣᠭᠠᠲᠤ ᠰᠦᠯᠵᠢᠶ᠎ᠡ᠂ ᠵᠣᠬᠢᠶᠠᠮᠠᠯ ᠤᠶᠤᠨ᠂ ᠡᠭᠦᠯᠡᠨ ᠪᠤᠳᠤᠯᠳᠠ᠂ ᠲᠤᠮᠤ ᠳ᠋ᠠᠶᠢᠲ᠋ᠠ ᠵᠡᠷᠭᠡ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠬᠡᠷᠡᠭᠯᠡᠯᠲᠡ ᠶᠢ ᠲᠦᠷᠭᠡᠪᠴᠢᠯᠡᠨ ᠠᠬᠢᠭᠤᠯᠤᠨ᠎ᠠ᠃ ᠢᠨᠲ᠋ᠧᠷ ᠰᠦᠯᠵᠢᠶ᠎ᠡ᠂ ᠵᠣᠬᠢᠶᠠᠮᠠᠯ ᠤᠶᠤᠨ ᠵᠡᠷᠭᠡ ᠮᠡᠷᠭᠡᠵᠢᠯ ᠢ ᠢᠳᠡᠪᠬᠢᠲᠡᠶ ᠬᠡᠷᠡᠭᠯᠡᠨ᠂ ᠦᠢᠯᠡᠴᠢᠯᠡᠭᠡᠨ ᠤ ᠴᠣᠪᠣᠷᠠᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠤᠶᠤᠨᠲᠤ ᠡᠮᠨᠡᠯᠭᠡ ᠶᠢᠨ ᠬᠤᠷᠢᠶ᠎ᠠ ᠶᠢ ᠲᠦᠷᠭᠡᠳᠬᠡᠨ ᠪᠠᠶᠢᠭᠤᠯᠵᠤ᠂ ᠴᠠᠭ ᠬᠤᠪᠢᠶᠠᠨ ᠪᠣᠯᠵᠣᠵᠤ ᠣᠨᠣᠰᠢᠯᠠᠨ ᠡᠮᠴᠢᠯᠡᠬᠦ ᠪᠠ ᠪᠠᠶᠢᠴᠠᠭᠠᠯᠲᠠ ᠰᠢᠯᠭᠠᠨ ᠪᠠᠶᠢᠴᠠᠭᠠᠯᠲᠠ ᠶᠢ ᠲᠥᠪᠯᠡᠷᠡᠭᠦᠯᠦᠨ ᠪᠣᠯᠵᠣᠬᠤ ᠦᠢᠯᠡᠴᠢᠯᠡᠭᠡ ᠶᠢ ᠬᠡᠷᠡᠭᠵᠢᠭᠦᠯᠦᠨ᠂ ᠡᠮᠴᠢᠯᠡᠭᠡᠨ ᠤ ᠲᠠᠰᠤᠭ ᠲᠤ ᠲᠠᠰᠤᠯᠤᠨ ᠪᠤᠳᠤᠬᠤ᠂ ᠰᠦᠯᠵᠢᠶ᠎ᠡ ᠪᠠᠷ ᠲᠣᠭᠠᠴᠠᠭ᠎ᠠ ᠬᠢᠬᠦ᠂ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ᠂ ᠡᠮ ᠢ ᠳᠣᠭᠢᠷᠠᠭᠤᠯᠤᠨ ᠬᠦᠷᠭᠡᠬᠦ ᠵᠡᠷᠭᠡ ᠦᠢᠯᠡᠴᠢᠯᠡᠭᠡ ᠶᠢ ᠳᠡᠯᠭᠡᠷᠡᠭᠦᠯᠦᠨ᠎ᠡ᠃ ᠰᠠᠯᠠᠭ᠎ᠠ ᠮᠥᠴᠢᠷ ᠠᠯᠤᠰᠯᠠᠭᠰᠠᠨ᠂ ᠪᠠᠶᠢᠭᠤᠯᠤᠮᠵᠢ ᠠᠯᠤᠰᠯᠠᠭᠰᠠᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠳ᠋ᠠᠶᠢᠲ᠋ᠠ ᠶᠢ ᠬᠠᠮᠲᠤ ᠪᠠᠷ ᠭᠥᠷᠳᠡᠵᠦ ᠳᠣᠭᠢᠷᠠᠭᠤᠯᠬᠤ ᠲᠣᠭᠲᠠᠴᠠ ᠪᠠ ᠣᠶᠤᠨᠴᠢᠯᠠᠭᠰᠠᠨ ᠰᠡᠷᠡᠮᠵᠢᠯᠡᠭᠦᠯᠬᠦ ᠣᠯᠠᠨ ᠲᠠᠯ᠎ᠠ ᠶᠢ ᠬᠦᠨᠳᠡᠭᠰᠡᠨ ᠲᠣᠭᠲᠠᠴᠠ ᠶᠢ ᠪᠠᠶᠢᠭᠤᠯᠤᠨ᠎ᠠ᠃ ᠡᠮᠴᠢᠯᠡᠭᠡᠨ ᠤ ᠬᠤᠯᠪᠣᠭᠠᠲᠤ ᠴᠣᠭᠴᠠ ᠶᠢᠨ ᠳᠣᠲᠣᠭᠠᠳᠤ ᠶᠢᠨ ᠮᠡᠳᠡᠭᠡ ᠵᠠᠩᠭᠢ ᠶᠢᠨ ᠰᠢᠰᠲ᠋ᠧᠮ ᠢ ᠨᠢᠭᠡᠳᠦᠯᠲᠡᠶ ᠠᠵᠢᠯᠯᠠᠭᠤᠯᠤᠨ ᠡᠵᠡᠩᠨᠡᠬᠦ ᠪᠠ ᠬᠤᠯᠪᠣᠭᠠᠯᠠᠨ ᠨᠡᠪᠲᠡᠷᠡᠭᠦᠯᠬᠦ ᠶᠢ ᠠᠬᠢᠭᠤᠯᠵᠤ᠂ ᠳ᠋ᠢᠵᠢᠲ᠋ᠠᠯᠴᠢᠯᠠᠬᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠡᠷᠡᠭᠦᠯ ᠮᠡᠨᠳᠦ ᠶᠢᠨ ᠡᠮᠴᠢᠯᠡᠭᠡᠨ ᠤ ᠳ᠋ᠠᠶᠢᠲ᠋ᠠ ᠶᠢᠨ ᠠᠮᠤᠷ ᠲᠦᠪᠰᠢᠨ ᠤ ᠲᠣᠭᠲᠠᠯᠴᠠᠭᠠᠨ ᠤ ᠪᠠᠶᠢᠭᠤᠯᠤᠯᠲᠠ ᠶᠢ ᠲᠦᠷᠭᠡᠳᠬᠡᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠳ᠋ᠠᠶᠢᠲ᠋ᠠ ᠶᠢᠨ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲ᠋ᠷᠣᠨ ᠲᠠᠩᠰᠠ ᠡᠪᠬᠡᠮᠡᠯ ᠤᠨ ᠬᠡᠷᠡᠭᠯᠡᠭᠡᠨ ᠢ ᠠᠬᠢᠭᠤᠯᠵᠤ᠂ ᠡᠷᠬᠡ ᠣᠯᠭᠤᠵᠤ ᠰᠢᠯᠵᠢᠭᠦᠯᠦᠨ ᠦᠵᠡᠬᠦ ᠪᠠ ᠦᠢᠯᠡᠴᠢᠯᠡᠭᠡᠨ ᠤ ᠠᠷᠭ᠎ᠠ ᠵᠠᠮ ᠵᠢᠴᠢ ᠬᠠᠷᠢᠯᠴᠠᠨ ᠰᠣᠯᠢᠯᠴᠠᠬᠤ ᠠᠷᠭ᠎ᠠ ᠮᠠᠶ᠋ᠢᠭ ᠢ ᠴᠢᠯᠦᠭᠡᠲᠡᠢ ᠪᠣᠯᠭᠠᠬᠤ ᠶᠢ ᠲᠡᠭᠦᠯᠳᠡᠷᠵᠢᠭᠦᠯᠦᠨ᠎ᠡ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ ︶

  23. ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ 《 ᠲᠠᠯᠪᠢᠬᠤ ᠬᠠᠮᠢᠶᠠᠷᠬᠤ ᠦᠢᠯᠡᠴᠢᠯᠡᠬᠦ 》 ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠪᠠ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠦᠢᠯᠡᠴᠢᠯᠡᠭᠡᠨ ᠤ ᠬᠦᠴᠦᠨ ᠵᠦᠢᠯ ᠢ ᠵᠥᠪᠰᠢᠶᠡᠷᠡᠨ ᠣᠷᠣᠭᠤᠯᠬᠤ᠂ ᠶᠠᠰᠤ ᠴᠢᠨᠠᠷ ᠪᠠ ᠠᠮᠤᠷ ᠲᠦᠪᠰᠢᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠪᠠᠶᠢᠭᠤᠯᠤᠮᠵᠢ ᠶᠢᠨ ᠠᠵᠢᠯᠯᠠᠭᠠᠨ᠂ ᠠᠵᠢᠯ ᠡᠷᠭᠢᠯᠡᠭᠰᠡᠳ᠂ ᠦᠢᠯᠡᠴᠢᠯᠡᠭᠡᠨ ᠤ ᠠᠵᠢᠯᠯᠠᠭ᠎ᠠ᠂ ᠡᠮᠴᠢᠯᠡᠭᠡᠨ ᠤ ᠵᠠᠷᠤᠳᠠᠯ᠂ ᠠᠵᠢᠯ ᠲᠥᠷᠥᠯ ᠤᠨ ᠡᠮᠬᠢ ᠵᠢᠷᠤᠮ ᠪᠠ ᠡᠷᠡᠭᠦᠯ ᠮᠡᠨᠳᠦ ᠶᠢᠨ ᠠᠵᠤ ᠦᠢᠯᠡᠰ ᠤᠨ ᠬᠢᠨᠠᠯᠲᠠ ᠬᠠᠮᠢᠶᠠᠷᠤᠯᠲᠠ ᠶᠢ ᠭᠤᠤᠯᠳᠠᠯᠭ᠎ᠠ ᠲᠠᠢ ᠴᠢᠩᠭᠠᠳᠬᠠᠨ᠎ᠠ᠃ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠪᠠᠷ ᠤᠳᠤᠷᠢᠳᠤᠮᠵᠢ ᠪᠣᠯᠭᠠᠵᠤ᠂ ᠭᠤᠷᠪᠠᠳᠠᠬᠢ ᠡᠲᠡᠭᠡᠳ ᠥᠷᠭᠡᠨ ᠢᠶᠠᠷ ᠣᠷᠣᠯᠴᠠᠭᠰᠠᠨ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠪᠡᠷ ᠢ ᠪᠠᠨ ᠬᠠᠮᠢᠶᠠᠷᠬᠤ ᠪᠠ ᠨᠡᠶᠢᠭᠡᠮ ᠤᠨ ᠬᠢᠨᠠᠯᠲᠠ ᠪᠠᠷ ᠨᠥᠬᠦᠪᠥᠷᠢ ᠪᠣᠯᠭᠠᠭᠰᠠᠨ ᠤᠯᠠᠨ ᠡᠰᠢᠲᠦ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠦᠷᠢᠨᠰᠢᠬᠦᠯᠦᠨ ᠲᠡᠭᠦᠯᠳᠡᠷᠵᠢᠭᠦᠯᠦᠨ᠎ᠡ᠃ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠵᠢᠨ ᠠᠵᠢᠯ ᠤᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠦ᠂ ᠡᠮ ᠡᠮᠨᠡᠯᠭᠡ ᠶᠢᠨ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠠᠷᠢᠭᠤᠨ ᠴᠢᠭᠡᠴᠢ ᠪᠠᠷ ᠠᠵᠢᠯ ᠡᠷᠬᠢᠯᠡᠬᠦ ᠲᠤᠰᠬᠠᠶ ᠠᠵᠢᠯᠯᠠᠭᠠᠨ ᠢ ᠥᠷᠨᠢᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠯᠪᠠᠨ ᠡᠴᠠ ᠪᠠᠶᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷ ᠢ ᠬᠠᠮᠠᠭᠠᠯᠠᠨ᠂ ᠨᠡᠶᠢᠭᠡᠮ ᠡᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠬᠦ ᠠᠵᠢᠯᠯᠠᠭ᠎ᠠ ᠶᠢ ᠬᠠᠤᠯᠢ ᠶᠣᠰᠣᠭᠠᠷ ᠵᠢᠷᠤᠮᠵᠢᠭᠤᠯᠤᠨ᠎ᠠ᠃ ︵ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ᠬᠠᠷᠢᠭᠤᠴᠠᠨ᠎ᠠ ︶


  ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ


  ︵ ᠨᠢᠭᠡ ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭᠠᠨ ᠤ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠲᠡᠭᠦᠨ ᠢ ᠵᠠᠰᠠᠭ ᠤᠨ ᠣᠷᠳᠣᠨ ᠤ ᠠᠵᠢᠯ ᠤᠨ ᠬᠠᠷᠠᠯᠲᠠ ᠪᠠ ᠰᠢᠯᠭᠠᠨ ᠬᠢᠨᠠᠬᠤ ᠬᠠᠷᠠᠯᠲᠠ ᠳᠤ ᠵᠢᠭᠰᠠᠭᠠᠨ ᠣᠷᠣᠭᠤᠯᠵᠤ᠂ ᠪᠣᠳᠠᠲᠠᠶ ᠬᠡᠷᠡᠭᠵᠢᠭᠦᠯᠬᠦ ᠲᠥᠰᠦᠯ ᠲᠣᠭᠲᠠᠭᠠᠨ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ ᠳᠣᠭᠢᠷᠠᠭᠤᠯᠤᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠬᠤ ᠬᠡᠷᠡᠭᠲᠡᠶ᠃

  ︵ ᠬᠤᠶᠠᠷ ︶ ᠰᠠᠯᠠᠭ᠎ᠠ ᠮᠥᠴᠢᠷ ᠤᠳ ᠤᠨ ᠬᠠᠮᠵᠢᠯᠴᠠᠭ᠎ᠠ ᠪᠠᠨ ᠴᠢᠩᠭᠠᠷᠠᠭᠤᠯᠤᠨ᠎ᠠ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠢᠵᠢ ᠲᠥᠬᠦᠷ ᠲᠥᠷᠥ ᠶᠢᠨ ᠪᠣᠳᠣᠯᠭ᠎ᠠ ᠶᠢ ᠨᠠᠷᠢᠯᠢᠬᠵᠢᠭᠤᠯᠤᠨ᠂ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭᠠᠨ ᠤ ᠪᠠᠶᠢᠭᠤᠯᠤᠯᠲᠠ ᠶᠢᠨ ᠠᠵᠢᠯ ᠢ ᠬᠠᠮᠵᠢᠯᠴᠠᠨ ᠠᠬᠢᠭᠤᠯᠬᠤ ᠬᠡᠷᠡᠭᠲᠡᠶ᠃

  ︵ ᠭᠤᠷᠪᠠ ︶ ᠰᠢᠮᠳᠠᠭᠤᠯᠤᠨ ᠪᠠᠶᠢᠴᠠᠭᠠᠵᠤ ᠦᠨᠡᠯᠡᠨ ᠵᠢᠱᠢᠬᠦ ᠪᠠᠨ ᠴᠢᠩᠭᠠᠷᠠᠭᠤᠯᠤᠨ᠎ᠠ᠃ ᠡᠮᠴᠢᠯᠡᠭᠡᠨ ᠤ ᠦᠢᠯᠡᠴᠢᠯᠡᠭᠡᠨ ᠤ ᠲᠣᠭᠲᠠᠯᠴᠠᠭ᠎ᠠ ᠶᠢ ᠥᠭᠡᠷᠡᠴᠢᠯᠡᠨ ᠲᠡᠭᠦᠯᠳᠡᠷᠵᠢᠭᠦᠯᠬᠦ ᠠᠵᠢᠯ ᠢ ᠰᠢᠮᠳᠠᠭᠤᠯᠤᠨ ᠪᠠᠶᠢᠴᠠᠭᠠᠵᠤ ᠦᠨᠡᠯᠡᠨ ᠵᠢᠱᠢᠬᠦ ᠪᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨᠴᠢ᠂ ᠵᠢᠷᠤᠮᠵᠢᠭᠤᠨ᠂ ᠵᠦᠶ ᠵᠣᠬᠢᠰᠲᠠᠶ ᠰᠢᠮᠳᠠᠭᠤᠯᠤᠨ ᠪᠠᠶᠢᠴᠠᠭᠠᠵᠤ ᠦᠨᠡᠯᠡᠨ ᠵᠢᠱᠢᠬᠦ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠣᠷᠣᠨ ᠪᠦᠰᠡ ᠪᠠᠷ ᠨᠢᠭᠡᠴᠢ ᠪᠣᠯᠭᠠᠨ᠂ ᠪᠦᠬᠦᠯᠢ ᠴᠣᠭᠴᠠ ᠶᠢᠨ ᠠᠵᠢᠯ ᠤᠨ ᠠᠮᠵᠢᠯᠲᠠ ᠪᠦᠲᠦᠮᠵᠢ ᠪᠠᠷ ᠭᠤᠤᠯᠳᠠᠯᠭ᠎ᠠ ᠪᠣᠯᠭᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭᠠᠨ ᠤ ᠬᠢᠨᠠᠨ ᠰᠢᠨᠵᠢᠵᠦ ᠦᠨᠡᠯᠡᠬᠦ ᠲᠣᠭᠲᠠᠴᠠ ᠶᠢ ᠪᠠᠶᠢᠭᠤᠯᠤᠨ᠎ᠠ᠃

  ︵ ᠳᠥᠷᠪᠡ ︶ ᠤᠬᠠᠭᠤᠯᠵᠤ ᠬᠥᠲᠥᠯᠦᠨ ᠵᠢᠯᠣᠭᠤᠳᠬᠤ ᠪᠠᠨ ᠴᠢᠩᠭᠠᠳᠬᠠᠨ᠎ᠠ᠃ ᠥᠭᠡᠷᠡᠴᠢᠯᠡᠯᠲᠡ ᠵᠢᠨ ᠬᠠᠷᠠᠯᠲᠠ ᠪᠠ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠠᠵᠢᠯ ᠤᠨ ᠠᠬᠢᠴᠠ ᠪᠠ ᠦᠷ᠎ᠡ ᠪᠦᠲᠦᠮᠵᠢ ᠶᠢ ᠢᠳᠡᠪᠬᠢᠲᠡᠶ ᠤᠬᠠᠭᠤᠯᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠬᠠᠮᠢᠶ᠎ᠠ ᠪᠥᠬᠦᠶ ᠪᠣᠯᠪᠠᠰᠤᠷᠠᠯ ᠢ ᠰᠠᠶᠢᠲᠤᠷ ᠬᠢᠵᠦ᠂ ᠰᠠᠶᠢᠨ ᠠᠷᠭ᠎ᠠ ᠬᠢᠳᠡᠯ ᠪᠠ ᠲᠤᠷᠰᠢᠯᠭ᠎ᠠ ᠶᠢ ᠴᠠᠭ ᠲᠤᠬᠠᠶ ᠳᠤ ᠨᠢ ᠳ᠋ᠦᠩᠨᠡᠨ ᠳᠡᠯᠭᠡᠷᠡᠭᠦᠯᠵᠦ᠂ ᠨᠡᠶᠢᠭᠡᠮ ᠤᠨ ᠠᠩᠬᠠᠷᠤᠯ ᠳᠤ ᠰᠠᠨᠠᠭᠠᠴᠢᠯᠠᠭ᠎ᠠ ᠡᠴᠠ ᠪᠠᠨ ᠬᠠᠷᠢᠭᠤ ᠥᠭᠴᠦ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭᠠᠨ ᠤ ᠥᠭᠡᠷᠡᠴᠢᠯᠡᠯᠲᠡ ᠬᠥᠭᠵᠢᠯᠲᠡ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠦᠬᠦᠴᠡᠯ ᠢ ᠪᠣᠶ ᠪᠣᠯᠭᠠᠬᠤ ᠬᠡᠷᠡᠭᠲᠡᠶ᠃


ᠭᠠᠷ ᠤᠲᠠᠰᠤ ᠪᠠᠷ ᠦᠵᠡᠬᠦ