2024 ᠣᠨ ᠳᠤ᠂ ᠬᠤᠲᠠ ᠪᠠᠯᠭᠠᠰᠤᠨ ᠤ 1200 ᠲᠦᠮᠡ ᠡᠴᠠ ᠳᠡᠭᠡᠭᠰᠢᠬᠢ ᠬᠥᠮᠥᠨ ᠰᠢᠨ᠎ᠡ ᠪᠠᠷ ᠠᠵᠢᠯ ᠣᠯᠵᠤ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠥᠮᠥᠨ ᠳᠤᠮᠳᠠᠴᠢ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ 30 ᠲᠥᠭᠦᠷᠢᠭ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠰᠠᠷ᠎ᠠ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ 20 ᠲᠥᠭᠦᠷᠢᠭ ᠳᠡᠭᠡᠭᠰᠢᠯᠡᠭᠦᠯᠪᠡ ᠁ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠢᠯᠡᠷᠡᠭᠦᠯᠦᠭᠰᠡᠨ ᠠᠷᠠᠳ ᠤᠨ ᠠᠮᠢᠳᠤᠷᠠᠯ ᠤᠨ ᠭᠦᠢᠴᠡᠳᠬᠡᠯ ᠲᠤᠭ᠎ᠠ ᠨᠢ ᠠᠷᠠᠳ ᠤᠨ ᠬᠦᠰᠡᠯ ᠡᠷᠡᠮᠡᠯᠵᠡᠯ ᠳᠤ ᠬᠠᠷᠢᠭᠤ ᠥᠭᠴᠦ᠂ ᠵᠠᠰᠠᠭ ᠶᠠᠪᠤᠭᠤᠯᠬᠤ ᠬᠠᠨᠳᠤᠰᠢ ᠶᠢ ᠲᠣᠳᠣᠷᠬᠠᠶᠢᠯᠠᠪᠠ᠃
14 ᠳ᠋ᠦᠩᠰᠢᠭᠤᠷ ᠭᠠᠷᠤᠢ ᠬᠥᠮᠥᠨ ᠠᠮᠠ ᠲᠠᠢ ᠲᠣᠮᠣ ᠤᠯᠤᠰ ᠲᠤ ᠠᠪᠴᠤ ᠬᠡᠯᠡᠪᠡᠯ᠂ ᠨᠥᠬᠦᠪᠦᠷᠢ ᠪᠠ ᠪᠠᠷᠢᠮᠵᠢᠶ᠎ᠠ ᠶᠢ 1 ᠲᠥᠭᠦᠷᠢᠭ ᠳᠡᠭᠡᠭᠰᠢᠯᠡᠭᠦᠯᠦᠭᠰᠡᠨ ᠴᠦ ︽ ᠶᠡᠭᠡ ᠲᠤᠭ᠎ᠠ ︾ ᠪᠣᠯᠳᠠᠭ᠃ ᠪᠦᠬᠦ ᠪᠥᠮᠪᠥᠷᠴᠡᠭ ᠤᠨ ᠠᠵᠤ ᠠᠬᠤᠢ ᠶᠢᠨ ᠰᠡᠷᠭᠦᠯᠲᠡ ᠶᠢᠨ ᠤᠯᠠᠨ ᠳᠠᠪᠬᠤᠷ ᠰᠢᠯᠭᠠᠯᠲᠠ ᠶᠢᠨ ᠡᠮᠦᠨ᠎ᠡ ᠮᠠᠨ ᠤ ᠤᠯᠤᠰ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠣᠷᠣᠭᠤᠯᠤᠯᠲᠠ ᠵᠢᠨ ᠡᠷᠴᠢᠮ ᠵᠢᠨᠨ ᠲᠠᠰᠤᠷᠠᠯᠲᠠ ᠦᠭᠡᠢ ᠴᠢᠩᠭᠠᠷᠠᠭᠤᠯᠤᠬᠰᠠᠭᠠᠷ ᠪᠠᠶᠢᠨ᠎ᠠ᠃ ᠵᠠᠰᠠᠭ ᠤᠨ ᠣᠷᠳᠣᠨ ᠨᠠᠷᠢᠯᠢᠭ ᠪᠤᠳᠤᠵᠤ ᠠᠷᠪᠢᠴᠢ ᠭᠠᠮᠲᠠᠢ ᠠᠮᠢᠳᠤᠷᠠᠵᠤ ᠪᠠᠶᠢᠭ᠎ᠠ ᠨᠢ ᠠᠷᠠᠳ ᠤᠯᠠᠨ ᠢ ᠰᠠᠶᠢᠨ ᠰᠠᠶᠢᠬᠠᠨ ᠠᠮᠢᠳᠤᠷᠠᠭᠤᠯᠵᠤ᠂ ᠪᠡᠯᠡ ᠮᠥᠩᠭᠦ ᠶᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠠᠩᠭᠢᠯᠠᠭ᠎ᠠ ᠳᠤ ᠬᠡᠷᠡᠭᠯᠡᠬᠦ ᠶᠢᠨ ᠲᠥᠯᠥᠭᠡ ᠶᠤᠮ᠃
ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ ᠢᠶᠠᠷ᠂ 2024 ᠣᠨ ᠳᠤ ᠬᠤᠲᠠ ᠪᠠᠯᠭᠠᠰᠤᠨ ᠤ 1200 ᠲᠦᠮᠡ ᠡᠴᠠ ᠳᠡᠭᠡᠭᠰᠢᠬᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠪᠠᠶᠢᠴᠠᠭᠠᠯᠲᠠ ᠶᠢᠨ ᠠᠵᠢᠯ ᠠᠯᠳᠠᠯᠲᠠ ᠶᠢᠨ ᠨᠣᠷᠮ᠎ᠠ ᠶᠢ 5.5% ᠣᠷᠴᠢᠮ ᠪᠠᠶᠢᠯᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠥᠮᠥᠰ ᠤᠨ ᠠᠵᠢᠯ ᠣᠯᠬᠤ ᠶᠢ ᠠᠬᠢᠭᠤᠯᠬᠤ ᠦᠢᠯᠡᠴᠢᠯᠡᠭᠡ ᠶᠢ ᠴᠢᠩᠭᠠᠳᠬᠠᠵᠤ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡ ᠵᠡᠷᠭᠡ ᠵᠢᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠳᠤ ᠦᠵᠡᠭᠦᠯᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃
ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠷᠠᠳ ᠤᠯᠠᠨ ᠳᠤ ᠠᠮᠠᠷᠬᠠᠨ ᠠᠵᠢᠯ ᠣᠯᠭᠤᠵᠤ᠂ ᠰᠠᠶᠢᠨ ᠠᠵᠢᠯ ᠣᠯᠭᠤᠨ᠎ᠠ᠃ ︽ ᠲᠥᠷᠥ ᠶᠢᠨ ᠪᠣᠳᠣᠯᠭ᠎ᠠ ᠳᠡᠮᠵᠢᠵᠦ᠂ ᠬᠤᠪᠢ ᠬᠥᠮᠥᠨ ᠴᠢᠷᠮᠠᠶᠢᠵᠤ᠂ ᠦᠢᠯᠡᠴᠢᠯᠡᠭᠡ ᠲᠤᠰᠠᠯᠠᠪᠠᠯ ᠠᠵᠢᠯ ᠣᠯᠭᠤᠯᠲᠠ ᠶᠢᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠴᠢᠳᠠᠨ᠎ᠠ᠃ ︾ ᠭᠡᠵᠦ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠳᠤᠮᠳᠠᠳᠤ ᠤᠯᠤᠰ ᠤᠨ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠮᠥᠸᠧ ᠷᠥᠩ ᠬᠡᠯᠡᠪᠡ᠃
ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠥᠮᠥᠨ ᠳᠤᠮᠳᠠᠴᠢ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ 30 ᠲᠥᠭᠦᠷᠢᠭ ᠳᠡᠭᠡᠭᠰᠢᠯᠡᠭᠦᠯᠵᠦ᠂ ᠲᠣᠮᠣ ᠤᠯᠤᠰ ᠤᠨ ᠡᠮᠴᠢᠯᠡᠭᠡᠨ ᠤ ᠳᠠᠭᠠᠳᠬᠠᠯ ᠳᠠᠬᠢᠨᠲᠠ ᠬᠦᠴᠦᠯᠡᠪᠡ᠃ ᠳᠡᠯᠡᠬᠡᠢ ᠳᠡᠭᠡᠷᠡᠬᠢ ᠬᠠᠮᠤᠭ ᠤᠨ ᠲᠣᠮᠣ ᠡᠮᠴᠢᠯᠡᠭᠡᠨ ᠤ ᠪᠠᠲᠤᠯᠠᠭ᠎ᠠ ᠶᠢᠨ ᠰᠦᠯᠵᠢᠶ᠎ᠡ ᠶᠢ ᠪᠠᠶᠢᠭᠤᠯᠤᠭᠰᠠᠨ ᠤᠯᠤᠰ ᠲᠤ ᠠᠪᠴᠤ ᠬᠡᠯᠡᠪᠡᠯ᠂ ᠣᠳᠣᠬᠠᠨ ᠳᠤ ᠮᠠᠨ ᠤ ᠤᠯᠤᠰ ᠤᠨ ᠳᠠᠭᠠᠳᠬᠠᠯ ᠳᠤ ᠣᠷᠣᠯᠴᠠᠭᠰᠠᠨ ᠬᠥᠮᠥᠨ 13 ᠳ᠋ᠦᠩᠰᠢᠭᠤᠷ ᠢ ᠳᠠᠪᠠᠪᠠ᠂ ᠡᠨᠡ ᠤᠳᠠᠭ᠎ᠠ ᠪᠠᠰᠠ ᠨᠥᠬᠦᠪᠦᠷᠢ ᠶᠢᠨ ᠰᠢᠨ᠎ᠡ ᠪᠠᠷᠢᠮᠵᠢᠶ᠎ᠠ ᠶᠢ ᠳᠤᠷᠠᠳᠤᠭᠰᠠᠨ ᠨᠢ ᠵᠠᠰᠠᠭ ᠤᠨ ᠣᠷᠳᠣᠨ ᠤ ᠠᠷᠠᠳ ᠤᠨ ᠡᠪᠡᠳᠴᠢᠨ ᠦᠵᠡᠭᠦᠯᠬᠦ ᠠᠰᠠᠭᠤᠳᠠᠯ ᠢ ᠴᠢᠳᠠᠯ ᠤᠨ ᠬᠢᠷᠢ ᠪᠠᠷ ᠢᠶᠠᠨ ᠰᠢᠢᠳᠪᠦᠷᠢᠯᠡᠬᠦ ᠵᠣᠷᠢᠭ ᠪᠠ ᠡᠷᠴᠢᠮ ᠢ ᠭᠦᠢᠴᠡᠳ ᠢᠯᠡᠷᠡᠭᠦᠯᠦᠭᠰᠡᠨ ᠪᠠᠶᠢᠨ᠎ᠠ᠃
ᠢᠯᠡᠳᠬᠡᠯ ᠳᠤ ᠪᠠᠰᠠ ᠦᠨᠳᠦᠰᠦᠨ ᠡᠮᠴᠢᠯᠡᠭᠡᠨ ᠤ ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠢ ᠲᠥᠯᠥᠪᠯᠡᠬᠦ ᠶᠢ ᠠᠬᠢᠭᠤᠯᠬᠤ᠂ ᠤᠯᠤᠰ ᠤᠨ ᠡᠮ ᠤᠨ ᠵᠦᠢᠯᠡᠰ ᠢ ᠲᠥᠪᠯᠡᠷᠡᠭᠦᠯᠦᠨ ᠬᠤᠳᠠᠯᠳᠤᠨ ᠠᠪᠬᠤ ᠳᠦᠷᠢᠮ ᠢ ᠲᠡᠭᠦᠯᠳᠡᠷᠵᠢᠭᠦᠯᠬᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠪᠠᠶᠢᠩᠭᠤᠵᠢᠭᠤᠯᠤᠬᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠣᠨᠳᠣᠣ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠬᠦ ᠁ ᠶᠢ ᠳᠤᠷᠠᠳᠪᠠ᠃ ᠵᠦᠢᠯ ᠪᠦᠬᠦᠨ ᠨᠢ ᠴᠥᠮ ᠠᠷᠠᠳ ᠲᠦᠮᠡᠨ ᠤ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠲᠠᠢ ᠨᠢᠭᠲᠠ ᠬᠤᠯᠪᠣᠭ᠎ᠠ ᠲᠠᠢ ᠪᠠᠶᠢᠨ᠎ᠠ᠃
ᠨᠠᠰᠤᠵᠢᠯ ᠥᠷᠭᠡᠵᠢᠵᠦ ᠪᠠᠶᠢᠨ᠎ᠠ᠂ ᠳᠤᠮᠳᠠᠳᠤ ᠤᠯᠤᠰ ᠤᠨ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠠᠵᠢᠯ ᠢ ᠬᠡᠷᠬᠢᠨ ᠬᠢᠬᠦ ᠪᠤᠶ ︖ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ ᠢᠶᠠᠷ᠂ ᠪᠥᠬᠦ ᠤᠯᠤᠰ ᠲᠤ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ ᠬᠡᠷᠡᠭᠵᠢᠭᠦᠯᠬᠦ᠂ ᠪᠤᠭᠤᠷᠤᠯᠴᠤᠳ ᠤᠨ ᠠᠵᠤ ᠠᠬᠤᠢ ᠶᠢ ᠶᠡᠭᠡ ᠪᠠᠷ ᠬᠥᠭᠵᠢᠭᠦᠯᠬᠦ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ ᠪᠠᠶᠢᠭᠤᠯᠬᠤ ᠶᠢ ᠠᠬᠢᠭᠤᠯᠬᠤ ᠵᠡᠷᠭᠡ ᠰᠢᠨ᠎ᠡ ᠠᠷᠭ᠎ᠠ ᠬᠡᠮᠵᠢᠶ᠎ᠡ ᠨᠦᠭᠦᠳ ᠢ ᠪᠠᠭᠲᠠᠭᠠᠵᠤ᠂ ᠨᠠᠰᠤᠵᠢᠯ ᠢ ᠠᠷᠭᠠᠴᠠᠭᠠᠬᠤ ᠠᠯᠬᠤᠮ ᠢ ᠢᠳᠡᠪᠬᠢᠲᠡᠢ ᠪᠥᠭᠡᠳ ᠯᠠᠪᠳᠠᠭᠤᠨ ᠪᠠᠶᠢᠯᠭᠠᠨ᠎ᠠ ᠭᠡᠪᠡ᠃
ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠬᠤᠲᠠ ᠬᠥᠳᠡᠭᠡ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠵᠢᠨ ᠦᠢᠯᠡᠴᠢᠯᠡᠭᠡᠨ ᠤ ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠳᠤᠲᠠᠭᠳᠠᠯ ᠢ ᠨᠥᠬᠦᠪᠦᠷᠢᠯᠡᠬᠦ ᠡᠷᠴᠢᠮ ᠵᠢᠨᠨ ᠴᠢᠩᠭᠠᠷᠠᠭᠤᠯᠤᠨ᠎ᠠ ᠭᠡᠪᠡ᠃ ᠡᠨᠡ ᠨᠢ ᠬᠥᠳᠡᠭᠡ ᠲᠣᠰᠬᠤᠨ ᠡᠴᠠ ᠢᠷᠡᠭᠰᠡᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠾᠧᠨᠠᠨ ᠮᠤᠵᠢ ᠶᠢᠨ ᠺᠠᠶᠢᠹᠧᠩ ᠬᠤᠳᠠ ᠶᠢᠨ ᠯᠠᠨᠺᠤᠤ ᠰᠢᠶᠠᠨ ᠤ ᠰᠠᠨ ᠢ ᠵᠠᠢ ᠰᠢᠶᠠᠩ ᠤᠨ ᠪᠠᠢ ᠶᠦᠨ ᠱᠠᠨ ᠲᠣᠰᠬᠤᠨ ᠤ ᠨᠠᠮ ᠤᠨ ᠡᠭᠦᠷ ᠤᠨ ᠱᠦᠵᠢ ᠴᠧᠨ ᠪᠣᠣ ᠴᠤᠤ ᠳᠤ ᠭᠦᠨ ᠲᠥᠷᠥᠭᠳᠡᠯ ᠥᠭᠭᠦᠭᠰᠡᠨ ᠪᠠᠶᠢᠨ᠎ᠠ᠃ ᠲᠡᠷᠡ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠪᠡᠯᠡᠳᠬᠡᠮᠵᠢ ᠶᠢᠨ ᠪᠡᠯᠡ ᠮᠥᠩᠭᠦ ᠶᠢᠨ ᠳᠡᠮᠵᠢᠯᠭᠡ ᠬᠦᠷᠲᠡᠭᠡᠬᠦ ᠡᠷᠴᠢᠮ ᠵᠢᠨᠨ ᠴᠢᠩᠭᠠᠷᠠᠭᠤᠯᠵᠤ᠂ ᠨᠠᠰᠤᠲᠠᠢᠴᠤᠳ ᠢ ᠲᠤᠰᠠᠯᠠᠬᠤ ᠬᠤᠭᠤᠯᠠᠨ ᠭᠡᠷ ᠤᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠬᠦ ᠵᠡᠷᠭᠡ ᠰᠠᠨᠠᠭᠤᠯᠭ᠎ᠠ ᠳᠤᠷᠠᠳᠪᠠ᠃
ᠬᠥᠮᠥᠨ ᠪᠣᠯᠭᠠᠨ ᠥᠲᠡᠯᠳᠡᠭ᠂ ᠠᠶᠢᠯ ᠪᠣᠯᠭᠠᠨ ᠳᠤ ᠬᠡᠦᠬᠡᠳ ᠲᠠᠢ ᠪᠠᠶᠢᠳᠠᠭ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠢᠯᠡᠷᠡᠭᠦᠯᠦᠭᠰᠡᠨ ᠢᠶᠠᠷ᠂ ᠨᠢᠳᠤᠨᠤᠨ ᠮᠠᠨ ᠤ ᠤᠯᠤᠰ ︽ ᠨᠢᠭᠡ ᠨᠠᠰᠤᠲᠠᠨ ᠨᠢᠭᠡ ᠬᠡᠦᠬᠡᠳ ︾ ᠤᠨ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠢ ᠨᠡᠮᠡᠯᠲᠡ ᠶᠢ ᠬᠠᠰᠤᠵᠤ ᠭᠠᠷᠭᠠᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ 6600 ᠭᠠᠷᠤᠢ ᠲᠦᠮᠡᠨ ᠭᠠᠶᠢᠯᠢ ᠲᠤᠰᠢᠶᠠᠭᠴᠢ ᠠᠰᠢᠭ ᠬᠦᠷᠲᠡᠪᠡ᠃ ᠡᠨᠡ ᠵᠢᠯ ᠭᠡᠷ ᠪᠦᠯᠢ ᠶᠢᠨ ᠬᠡᠦᠬᠡᠳ ᠠᠪᠬᠤ᠂ ᠬᠡᠦᠬᠡᠳ ᠲᠡᠵᠢᠭᠡᠬᠦ᠂ ᠰᠤᠷᠭᠠᠨ ᠬᠥᠮᠥᠵᠢᠭᠦᠯᠬᠦ ᠳᠠᠷᠤᠭᠠᠰᠤ ᠵᠢ ᠨᠢ ᠬᠥᠩᠭᠡᠷᠡᠭᠦᠯᠬᠦ ᠵᠢᠴᠢ ᠬᠡᠦᠬᠡᠳ ᠠᠪᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠪᠦᠷᠢᠨᠰᠢᠭᠦᠯᠬᠦ᠂ ᠦᠷᠡᠵᠢᠯ ᠤᠨ ᠠᠮᠠᠷᠠᠯᠲᠠ ᠶᠢᠨ ᠬᠤᠭᠤᠴᠠᠭᠠᠨ ᠤ ᠳᠦᠷᠢᠮ ᠢ ᠰᠢᠯᠢᠳᠡᠭᠵᠢᠭᠦᠯᠬᠦ ᠵᠡᠷᠭᠡ ᠶᠢ ᠳᠤᠷᠠᠳᠤᠭᠰᠠᠨ ᠨᠢ ᠲᠦᠭ ᠲᠦᠮᠡᠨ ᠭᠡᠷ ᠪᠦᠯᠢ ᠶᠢᠨ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠣᠯᠣᠨ᠎ᠠ᠃
ᠰᠤᠷᠭᠠᠨ ᠬᠥᠮᠦᠵᠢᠯ ᠮᠢᠩᠭ᠎ᠠ ᠲᠦᠮᠡᠨ ᠠᠶᠢᠯ ᠡᠷᠦᠬᠡ ᠶᠢ ᠨᠥᠯᠥᠭᠡᠯᠡᠨ᠎ᠡ᠃ ᠰᠤᠷᠭᠠᠭᠤᠯᠢ ᠳᠤ ᠪᠠᠶᠢᠭ᠎ᠠ 2.9 ᠳ᠋ᠦᠩᠰᠢᠭᠤᠷ ᠭᠠᠷᠤᠢ ᠰᠣᠷᠣᠭᠴᠢᠳ ᠲᠠᠢ ᠰᠤᠷᠭᠠᠨ ᠬᠥᠮᠦᠵᠢᠯ ᠤᠨ ᠲᠣᠮᠣ ᠤᠯᠤᠰ ᠤᠨ ᠰᠤᠷᠭᠠᠨ ᠬᠥᠮᠦᠵᠢᠯ ᠢ ᠬᠡᠷᠬᠢᠨ ᠰᠠᠶᠢᠲᠤᠷ ᠡᠷᠭᠢᠯᠡᠬᠦ ᠨᠢ ᠬᠥᠮᠥᠰ ᠤᠨ ᠠᠩᠬᠠᠷᠤᠯ ᠢ ᠶᠡᠬᠡᠳᠡ ᠲᠠᠲᠠᠵᠤ ᠪᠠᠶᠢᠨ᠎ᠠ᠃ ᠰᠠᠶ᠋ᠢᠬᠠᠨ ᠥᠩᠭᠡᠷᠡᠭᠰᠡᠨ 2023 ᠣᠨ ᠳᠤ ᠤᠯᠤᠰ ᠤᠨ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠬᠦᠦ ᠮᠥᠩᠭᠦ ᠶᠢ ᠪᠠᠭᠤᠷᠠᠭᠤᠯᠤᠨ 1100 ᠭᠠᠷᠤᠢ ᠲᠦᠮᠡᠨ ᠰᠣᠷᠣᠭᠴᠢ ᠳᠤ ᠠᠰᠢᠭ ᠬᠦᠷᠲᠡᠭᠡᠪᠡ᠃ ᠡᠨᠡ ᠵᠢᠯ ᠤᠨ ᠢᠯᠡᠳᠬᠡᠯ ᠳᠤ ᠪᠠᠰᠠ ︽ ᠰᠠᠭᠤᠷᠢ ᠰᠤᠷᠭᠠᠨ ᠬᠥᠮᠦᠵᠢᠯ ᠤᠨ ᠰᠢᠯᠢᠳᠡᠭ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ ︾ ︽ ᠬᠥᠳᠡᠭᠡ ᠲᠣᠰᠬᠤᠨ ᠤ ᠪᠠᠶᠢᠷᠢᠯᠠᠬᠤ ᠳᠦᠷᠢᠮᠲᠦ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠤᠨ᠎ᠠ ︾ ︽ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠦᠨ᠎ᠡ ︾ ᠭᠡᠬᠦ ᠵᠡᠷᠭᠡ ᠶᠢ ᠳᠤᠷᠠᠳᠤᠭᠰᠠᠨ ᠨᠢ ᠠᠷᠠᠳ ᠣᠯᠠᠨ ᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠢᠲᠡᠭᠡᠯ ᠡᠪᠦᠷᠯᠡᠭᠦᠯᠪᠡ᠃
ᠢᠯᠡᠳᠬᠡᠯ ᠳᠤ ᠳᠤᠷᠠᠳᠤᠭᠰᠠᠨ ᠳ᠋ᠢᠵᠢᠲ᠋ᠠᠯ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠬᠦ ᠳᠤ ᠴᠢᠭᠯᠡᠭᠦᠯᠦᠨ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠯᠧᠢ ᠵᠢᠶᠦ᠋ᠨ ᠥᠪᠡᠷ ᠤᠨ ᠰᠠᠨᠠᠭᠤᠯᠭ᠎ᠠ ᠪᠠᠨ ᠳᠤᠷᠠᠳᠴᠤ᠂ ᠬᠢᠮᠡᠯ ᠣᠶᠣᠨ ᠤ ᠬᠡᠪ ᠪᠣᠯᠪᠠᠰᠤᠷᠠᠯ ᠤᠨ ᠬᠥᠮᠦᠵᠢᠯ ᠢ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠳᠤ ᠣᠷᠣᠭᠤᠯᠵᠤ᠂ ᠬᠢᠮᠡᠯ ᠣᠶᠣᠨ ᠤ ᠶᠡᠷᠦᠩᠬᠡᠶᠢᠯᠡᠭᠰᠡᠨ ᠪᠣᠯᠪᠠᠰᠤᠷᠠᠯ ᠤᠨ ᠬᠢᠴᠢᠶᠡᠯ ᠲᠣᠬᠢᠷᠠᠭᠤᠯᠬᠤ ᠬᠡᠷᠡᠭᠲᠡᠢ︔ ᠶᠡᠭᠡ ᠳᠡᠭᠡᠳᠦ ᠰᠤᠷᠭᠠᠭᠤᠯᠢ ᠶᠢᠨ ᠬᠢᠮᠡᠯ ᠣᠶᠣᠨ ᠤ ᠬᠠᠮᠢᠶ᠎ᠠ ᠪᠦᠬᠦᠢ ᠮᠡᠷᠭᠡᠵᠢᠯ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠬᠢᠮᠡᠯ ᠣᠶᠣᠨ ᠤ ᠶᠡᠷᠦᠩᠬᠡᠶᠢᠯᠡᠭᠰᠡᠨ ᠪᠣᠯᠪᠠᠰᠤᠷᠠᠯ ᠤᠨ ᠬᠢᠴᠢᠶᠡᠯ ᠢ ᠨᠡᠩ ᠤᠯᠠᠨ ᠮᠡᠷᠭᠡᠵᠢᠯ ᠵᠦᠭ ᠥᠷᠭᠡᠳᠬᠡᠵᠦ᠂ ᠬᠦᠷᠢᠶ᠎ᠡ ᠠᠯᠤᠰᠯᠠᠭᠰᠠᠨ ᠴᠢᠳᠠᠪᠤᠷᠢᠲᠠᠨ ᠢ ᠨᠡᠩ ᠣᠯᠠᠨ ᠬᠥᠮᠥᠵᠢᠭᠦᠯᠦᠨ᠎ᠡ ᠭᠡᠪᠡ᠃
ᠠᠷᠠᠳ ᠤᠨ ᠠᠮᠢᠳᠤᠷᠠᠯ ᠤᠨ ᠭᠦᠢᠴᠡᠳᠬᠡᠯ ᠲᠤᠭ᠎ᠠ ᠨᠤᠭᠤᠳ ᠪᠣᠯ ᠵᠠᠰᠠᠭ ᠤᠨ ᠣᠷᠳᠣᠨ ᠤ ᠦᠨᠡᠨ ᠪᠣᠳᠠᠲᠠᠢ ᠠᠮᠠᠯᠠᠯᠲᠠ ᠮᠥᠷᠲᠡᠭᠡᠨ ᠬᠥᠭᠵᠢᠯᠲᠡ ᠶᠢᠨ ᠴᠢᠨᠠᠷ ᠴᠢᠨᠰᠠᠭ᠎ᠠ ᠶᠢ ᠰᠢᠯᠭᠠᠬᠤ ᠴᠢᠬᠤᠯᠠ ᠪᠠᠷᠢᠮᠵᠢᠶ᠎ᠠ ᠮᠥᠨ᠃