7 ᠳ᠋ᠤᠭᠠᠷ ᠰᠠᠷ᠎ᠠ ᠶᠢᠨ 1 ᠤ ᠡᠳᠦᠷ ᠡᠴᠡ 7 ᠳ᠋ᠤᠭᠠᠷ ᠰᠠᠷ᠎ᠠ ᠶᠢᠨ 15 ᠦ ᠡᠳᠦᠷ

  7 ᠳ᠋ᠤᠭᠠᠷ ᠰᠠᠷ᠎ᠠ ᠶᠢᠨ 2 ᠤᠨ ᠡᠳᠦᠷ   ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠠᠯᠪᠤᠷᠢ ᠱᠤᠭᠤᠮ ᠤᠨ ᠠᠭᠠᠷ ᠤᠨ ᠠᠶᠠᠯᠠᠯ ᠵᠢᠴᠢ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠡᠭᠡ ᠬᠤᠷᠠᠯ ᠬᠢᠩᠭᠠᠨ ᠠᠶᠢᠮᠠᠭ ᠲᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠶᠡᠭᠡ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃

  7 ᠳ᠋ᠤᠭᠠᠷ ᠰᠠᠷ᠎ᠠ ᠶᠢᠨ 2 ᠤᠨ ᠡᠳᠦᠷ ᠡᠴᠠ 5 ᠤ ᠡᠳᠦᠷ    ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠵᠠᠩ ᠴᠢᠩ ᠸᠧᠢ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠮᠠᠨ ᠤ ᠣᠷᠣᠨ ᠳᠤ ᠡᠨᠧᠷᠭᠢ ᠶᠢᠨ ᠬᠠᠤᠯᠢ ᠶᠢᠨ ᠬᠠᠤᠯᠢ ᠲᠣᠭᠲᠠᠭᠠᠯᠲᠠ ᠶᠢᠨ ᠪᠠᠶᠢᠴᠠᠭᠠᠨ ᠰᠤᠳᠤᠯᠤᠯᠲᠠ ᠥᠷᠨᠢᠭᠦᠯᠪᠡ᠃ 7 ᠳ᠋ᠤᠭᠠᠷ ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠣᠣ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠵᠠᠩ ᠴᠢᠩ ᠸᠧᠢ ᠨᠠᠷ ᠲᠠᠢ ᠪᠠᠷᠠᠳᠠᠨ ᠠᠭᠤᠯᠵᠠᠪᠠ᠃ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠳᠦᠷᠢᠮ ᠤᠨ ᠠᠵᠢᠯ ᠤᠨ ᠵᠥᠪᠯᠡᠯ ᠤᠨ ᠡᠷᠬᠢᠯᠡᠭᠴᠢ ᠱᠧᠨ ᠴᠦᠨ ᠶᠣᠣ᠂ ᠤᠯᠤᠰ ᠤᠨ ᠡᠨᠧᠷᠭᠢ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠵᠢᠶᠠᠨ ᠬᠤᠸᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠭᠠᠩ᠂ ᠳ᠋ᠢᠩ ᠰᠢᠤ ᠹᠧᠩ᠂ ᠢᠤᠢ ᠯᠢ ᠰᠢᠨ᠂ ᠵᠠᠩ ᠱᠣᠣ ᠴᠦᠨ᠂ ᠶᠣᠣ ᠶᠦᠩ ᠪᠦᠸᠧ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ᠃

  7 ᠳ᠋ᠤᠭᠠᠷ ᠰᠠᠷ᠎ᠠ ᠶᠢᠨ 4 ᠤ ᠡᠳᠦᠷ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠣᠣ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠳᠤᠮᠳᠠᠳᠤ ᠤᠯᠤᠰ ᠤᠨ ᠨᠡᠶᠢᠳᠡᠮ ᠬᠡᠷᠡᠭᠯᠡᠭᠡᠨ ᠤ ᠮᠡᠷᠭᠡᠵᠢᠯ ( ᠪᠦᠯᠦᠭᠯᠡᠯ ) ᠤᠨ ᠬᠤᠪᠢᠴᠠᠭ᠎ᠠ ᠡᠵᠡᠮᠳᠡᠭᠰᠡᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠢᠤᠢ ᠰᠢᠥᠢ ᠪᠦᠸᠧ ᠨᠠᠷ ᠲᠠᠢ ᠠᠭᠤᠯᠵᠠᠪᠠ᠃ ᠬᠤᠶᠠᠷ ᠲᠠᠯ᠎ᠠ ᠪᠠᠷ ᠢᠶᠠᠨ ᠣᠯᠠᠨ ᠬᠦᠷᠢᠶᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠡᠮ ᠡᠮᠨᠡᠯᠭᠡ ᠡᠷᠡᠭᠦᠯ ᠮᠡᠨᠳᠦ᠂ ᠲᠣᠨᠣᠭᠯᠠᠯ ᠦᠢᠯᠡᠳᠬᠦ ᠵᠡᠷᠭᠡ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠤᠢ ᠯᠢ ᠰᠢᠨ᠂ ᠳᠤᠮᠳᠠᠳᠤ ᠤᠯᠤᠰ ᠤᠨ ᠨᠡᠶᠢᠳᠡᠮ ᠬᠡᠷᠡᠭᠯᠡᠭᠡᠨ ᠤ ᠮᠡᠷᠭᠡᠵᠢᠯ ( ᠪᠦᠯᠦᠭᠯᠡᠯ ) ᠤᠨ ᠬᠤᠪᠢᠴᠠᠭ᠎ᠠ ᠡᠵᠡᠮᠳᠡᠭᠰᠡᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠼᠦᠢ ᡁᠢ ᠴᠧᠩ ᠲᠣᠰ ᠠᠭᠤᠯᠵᠠᠯᠲᠠ ᠳᠤ ᠣᠷᠣᠯᠴᠠᠪᠠ᠃

  ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠣᠯᠣᠳᠤᠭᠠᠷ ᠬᠤᠷᠠᠯ ᠬᠥᠬᠡᠬᠤᠲᠠ ᠳᠤ ᠡᠬᠢᠯᠡᠵᠦ᠂ ︽ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠨᠢᠳᠦᠨ ᠳᠤ ᠦᠵᠡᠭᠳᠡᠮ᠎ᠡ ᠭᠠᠷ ᠲᠤ ᠪᠠᠷᠢᠭᠳᠠᠮ᠎ᠠ ᠰᠡᠳᠬᠢᠯ ᠳᠤ ᠬᠠᠳᠠᠩᠰᠢᠲᠠᠯ᠎ᠠ ᠪᠠᠲᠤᠳᠬᠠᠬᠤ ︾ ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠲᠥᠷᠥ ᠶᠢᠨ ᠶᠠᠪᠤᠳᠠᠯ ᠢ ᠵᠥᠪᠯᠡᠬᠦ ᠴᠢᠨᠠᠷᠲᠠᠢ ᠵᠥᠪᠯᠡᠯᠭᠡ ᠬᠢᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠶᠠᠨ ᠺᠦᠨ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠤᠨᠲ ᠤᠨ ᠬᠡᠯᠲᠡᠰ ᠤᠨ ᠳᠠᠷᠤᠭ᠎ᠠ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠬᠦᠦᠳᠠᠭᠤᠯᠠ ᠬᠤᠷᠠᠯ ᠳᠤ ᠣᠷᠣᠯᠴᠠᠭᠰᠠᠨ ᠪᠥᠭᠡᠳ ᠪᠠᠶᠢᠳᠠᠯ ᠢ ᠨᠡᠪᠲᠡᠷᠡᠭᠦᠯᠦᠨ ᠮᠡᠳᠡᠭᠡᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠦᠸᠧ ᡁᠢ ᠬ᠌ᠤ᠂ ᠴᠡᠴᠡᠭ᠂ ᠠᠨ ᠷᠦᠨ ᠱᠧᠩ᠂ ᠵᠠᠩ ᠯᠧᠢ᠂ ᠵᠠᠩ ᠪᠠᠢ ᠴᠧᠩ᠂ ᠶᠠᠩ ᠵᠢᠶᠧ᠂ ᠰᠦᠨ ᠵᠢᠶᠦ᠋ᠨ ᠴᠢᠩ ᠬᠤᠷᠠᠯ ᠳᠤ ᠣᠷᠣᠯᠴᠠᠪᠠ᠃

  7 ᠳ᠋ᠤᠭᠠᠷ ᠰᠠᠷ᠎ᠠ ᠶᠢᠨ 5 ᠤ ᠡᠳᠦᠷ ᠡᠴᠠ 11 ᠤ ᠡᠳᠦᠷ   ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠯᠣᠪᠰᠠᠩᠵᠠᠯᠰᠠᠨ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠮᠠᠨ ᠤ ᠣᠷᠣᠨ ᠳᠤ ᠦᠨᠳᠦᠰᠦᠲᠡᠨ ᠤ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠡᠭᠦᠯᠳᠡᠷᠵᠢᠭᠦᠯᠦᠭᠰᠡᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ 7 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠣᠣ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠯᠣᠪᠰᠠᠩᠵᠠᠯᠰᠠᠨ ᠲᠠᠢ ᠪᠠᠷᠠᠳᠠᠨ ᠠᠭᠤᠯᠵᠠᠪᠠ᠃ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠲᠡᠨ ᠤ ᠵᠥᠪᠯᠡᠯ ᠤᠨ ᠡᠷᠬᠢᠯᠡᠭᠴᠢ ᠭᠡᠰᠢᠭᠦᠨ ᠪᠠᠶᠠᠨᠴᠢᠯᠠᠭᠤ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠳ᠋ᠤᠸᠠᠨ ᠢ ᠵᠢᠶᠦ᠋ᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠭᠠᠩ᠂ ᠳ᠋ᠢᠩ ᠰᠢᠦ ᠹᠧᠩ᠂ ᠢᠤᠢ ᠯᠢ ᠰᠢᠨ᠂ ᠠᠢ ᠯᠢ ᠬᠤᠸᠠ᠂ ᠳᠠᠶᠢᠴᠢᠨ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ᠃

  7 ᠳ᠋ᠤᠭᠠᠷ ᠰᠠᠷ᠎ᠠ ᠶᠢᠨ 8 ᠤ ᠡᠳᠦᠷ   ᠪᠥᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠣᠣ ᠴᠧᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠰᠦᠨ ᠱᠣᠣ ᠴᠧᠩ᠂ ᠸᠠᠩ ᠯᠢ ᠰᠢᠶᠠ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠴᠢ ᠵᠠᠩ ᠾᠧ ᠫᠢᠩ᠂ ᠯᠦ ᠵᠠᠨ ᠶᠤᠸᠠᠨ ᠳᠤ ᠱᠠᠩᠨᠠᠯ ᠤᠨ ᠮᠥᠩᠭᠦ ᠣᠯᠭᠤᠵᠤ᠂ ᠳᠠᠯᠠᠨ ᠬᠠᠷ᠎ᠠ ᠠᠭᠤᠯᠠ ᠲᠤᠷᠰᠢᠯᠲᠠ ᠶᠢᠨ ᠲᠠᠰᠤᠭ᠂ ᠣᠷᠳᠣᠰ ᠲᠤᠷᠰᠢᠯᠲᠠ ᠶᠢᠨ ᠲᠠᠰᠤᠭ ᠲᠤ ᠫᠠᠶᠢᠰᠠ ᠣᠯᠭᠤᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠤᠢ ᠭᠠᠩ ︽︿ ᠰᠣᠳᠣᠨ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ ﹀ ᠢᠨᠵᠧᠨᠧᠷᠢᠩ ᠢ ᠬᠡᠷᠡᠭᠵᠢᠭᠦᠯᠬᠦ ᠲᠥᠷᠥ ᠶᠢᠨ ᠪᠣᠳᠣᠯᠭ᠎ᠠ ᠨᠤᠭᠤᠳ ᠤᠨ ᠲᠤᠬᠠᠢ ᠰᠠᠨᠠᠯ ︾ ᠳᠤ ᠲᠠᠶᠢᠯᠤᠮᠵᠢ ᠬᠢᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ ︽ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠢ ᠬᠡᠷᠡᠭᠵᠢᠭᠦᠯᠬᠦ ᠰᠠᠨᠠᠯ ︾ ᠳᠤ ᠲᠠᠶᠢᠯᠤᠮᠵᠢ ᠬᠢᠪᠡ︔ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠪᠠ ᠣᠷᠳᠣᠰ ᠬᠤᠲᠠ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠤᠯᠤᠰ ᠤᠨ ᠰ᠋ᠦ᠋ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠥᠪᠥᠷ ᠮᠣᠩᠭᠤᠯ ᠤᠨ ᠴᠠᠬᠢᠯᠭᠠᠨ ᠬᠦᠴᠦᠨ ( ᠪᠦᠯᠦᠭᠯᠡᠯ ) ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠪᠤᠭᠤᠲᠤ ᠬᠤᠲᠠ ᠶᠢᠨ ᠶᠢᠩ ᠰᠧ ᠲᠧ ᠬᠤᠪᠣᠷ ᠰᠢᠷᠣᠢ ᠶᠢᠨ ᠪᠠᠶᠢᠩᠭᠤ ᠰᠣᠷᠢᠨᠵᠢᠨᠲᠤ ᠰᠢᠨ᠎ᠡ ᠮᠠᠲ᠋ᠧᠷᠢᠶᠠᠯ ᠤᠨ ᠺᠣᠮᠫᠠᠨᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠳᠡᠭᠡᠳᠦ ᠰᠤᠷᠭᠠᠭᠤᠯᠢ ᠶᠡᠭᠡ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠭᠤᠣᠯᠳᠠᠯᠭ᠎ᠠ ᠲᠠᠢ ᠠᠵᠤ ᠠᠬᠤᠶᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠵᠢᠴᠢ ᠰᠢᠨ᠎ᠡ ᠶᠢ ᠡᠭᠦᠳᠬᠦ ᠲᠠᠪᠴᠠᠩ ᠤᠨ ᠭᠤᠣᠯ ᠬᠠᠷᠢᠭᠤᠴᠠᠯᠭᠠᠲᠠᠨ ᠨᠥᠬᠦᠳ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠤᠨ ᠲᠥᠯᠥᠭᠡᠯᠡᠭᠴᠢ ᠭᠤᠣᠯ ᠲᠠᠯᠠᠪᠠᠢ ᠶᠢᠨ ᠬᠤᠷᠠᠯ ᠳᠤ ᠣᠷᠣᠯᠴᠠᠪᠠ᠃ ᠡᠯ᠎ᠡ ᠠᠶᠢᠮᠠᠭ ᠬᠤᠲᠠ ᠪᠠ ᠮᠠᠨᠵᠤᠤᠷ ᠬᠤᠲᠠ᠂ ᠡᠷᠢᠶᠡᠨ ᠬᠤᠲᠠ ᠳᠤ ᠬᠤᠷᠠᠯ ᠤᠨ ᠬᠤᠪᠢᠶᠠᠷᠢ ᠲᠠᠯᠠᠪᠠᠢ ᠲᠣᠬᠢᠷᠠᠭᠤᠯᠪᠠ᠃

  7 ᠳ᠋ᠤᠭᠠᠷ ᠰᠠᠷ᠎ᠠ ᠶᠢᠨ 8 ᠤ ᠡᠳᠦᠷ ᠡᠴᠠ 9 ᠤ ᠡᠳᠦᠷ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠳᠤ ᠭᠦᠨᠵᠡᠭᠡᠶᠢᠷᠡᠨ ᠣᠳᠣ ᠦᠶ᠎ᠡ ᠶᠢᠨ ᠲᠠᠷᠢᠶᠠᠯᠠᠩ᠂ ᠨᠤᠲᠤᠭ ᠪᠡᠯᠴᠢᠭᠡᠷ ᠤᠨ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠦᠶᠡᠷ ᠢ ᠰᠡᠷᠭᠡᠶᠢᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠤᠯᠲᠠ ᠬᠢᠪᠡ᠃

  7 ᠳ᠋ᠤᠭᠠᠷ ᠰᠠᠷ᠎ᠠ ᠶᠢᠨ 9 ᠤ ᠡᠳᠦᠷ   ᠪᠥᠬᠦ ᠣᠷᠣᠨ ᠤ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠬᠤᠷᠠᠯ ᠡᠴᠠ ᠪᠠᠰᠠ ᠠᠶᠤᠯᠲᠠᠢ ᠬᠢᠮᠢ ᠶᠢᠨ ᠪᠣᠳᠠᠰ᠂ ᠭᠠᠯ ᠰᠡᠷᠭᠡᠶᠢᠯᠡᠵᠦ ᠤᠨᠲᠠᠷᠠᠭᠠᠬᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠣᠢ ᠰᠢᠭᠤᠢ ᠲᠠᠯ᠎ᠠ ᠨᠤᠲᠤᠭ ᠤᠨ ᠭᠠᠯ ᠲᠤᠶᠢᠮᠠᠷ ᠢ ᠰᠡᠷᠭᠡᠶᠢᠯᠡᠨ ᠤᠨᠲᠠᠷᠠᠭᠠᠬᠤ ᠵᠡᠷᠭᠡ ᠠᠮᠤᠷ ᠲᠦᠪᠰᠢᠨ ᠤ ᠬᠦᠷᠢᠶᠠᠨ ᠳᠠᠬᠢ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃

  7 ᠳ᠋ᠤᠭᠠᠷ ᠰᠠᠷ᠎ᠠ ᠶᠢᠨ 10 ᠤ ᠡᠳᠦᠷ   ᠥᠪᠡᠷᠲᠡᠭᠡᠨ ᠵᠠᠰᠠᠬᠤ ᠣᠷᠣᠨ ᠪᠥᠬᠦ ᠤᠯᠤᠰ ᠤᠨ ᠣᠷᠣᠨ ᠨᠤᠲᠤᠭ ᠤᠨ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠤᠷᠢᠶᠠᠨ ᠤ ᠠᠯᠪᠠᠨ ᠭᠡᠷ ᠤᠨ ᠡᠷᠬᠢᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠬᠤᠷᠢᠶᠠᠨ ᠤ ᠠᠯᠪᠠᠨ ᠭᠡᠷ ᠤᠨ ᠡᠷᠬᠢᠯᠡᠭᠴᠢ᠂ ᠮᠥᠩᠭᠦᠨ ᠭᠦᠢᠯᠭᠡᠭᠡᠨ ᠤ ᠠᠵᠢᠯ ᠤᠨ ᠬᠤᠷᠢᠶᠠᠨ ᠤ ᠱᠦᠵᠢ ᠬᠤᠸᠠᠩ ᡁᠢ ᠴᠢᠶᠠᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠬᠤᠷᠠᠯ ᠡᠴᠠ ᠪᠠᠰᠠ ︽ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠬᠡᠯᠡᠯᠴᠡᠬᠦ ᠲᠣᠭᠲᠠᠭᠠᠯ ( ᠲᠤᠷᠰᠢᠨ ᠬᠡᠷᠡᠭᠵᠢᠭᠦᠯᠬᠦ ) ︾ ᠢ ᠰᠣᠷᠣᠯᠴᠠᠪᠠ᠃

  7 ᠳ᠋ᠤᠭᠠᠷ ᠰᠠᠷ᠎ᠠ ᠶᠢᠨ 10 ᠤ ᠡᠳᠦᠷ ᠡᠴᠠ 13 ᠤ ᠡᠳᠦᠷ    ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠬᠤᠤ ᠮᠢᠩ ᠶᠢᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠮᠠᠨ ᠤ ᠣᠷᠣᠨ ᠤ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ ︾ ᠶᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ᠃ 7 ᠳ᠋ᠤᠭᠠᠷ ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠣᠣ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠬᠤᠤ ᠮᠢᠩ ᠶᠢᠨ ᠲᠠᠢ ᠪᠠᠷᠠᠳᠠᠨ ᠠᠭᠤᠯᠵᠠᠪᠠ᠃ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠥᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠵᠧᠩ ᠸᠧᠢ ᠫᠢᠩ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠥᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠲᠢᠶᠠᠨ ᠰᠢᠥᠸᠠᠢ ᠵᠢᠶᠦ᠋ᠨ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠥᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠭᠦ᠋ ᠰᠢᠶᠣᠣ ᠢᠤᠢ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠸᠠᠩ ᠬᠤᠩ ᠵᠢᠶᠦ᠋ᠨ᠂ ᠣᠣ ᠾᠦᠢ ᠷᠠᠨ ᠪᠠᠶᠢᠴᠠᠭᠠᠯᠲᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠤᠢ ᠯᠢ ᠰᠢᠨ᠂ ᠡᠦ ᠶᠠᠨ ᠭᠠᠩ᠂ ᠶᠣᠣ ᠶᠦᠩ ᠪᠦᠸᠧ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠭᠦᠩ ᠰᠢᠥᠸᠠᠢ ᠹᠧᠩ᠂ ᠰᠢᠥᠢ ᠵᠢᠶᠠᠨ ᠰᠢᠩ᠂ ᠡᠦ ᠶᠢᠩ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ᠃

  7 ᠳ᠋ᠤᠭᠠᠷ ᠰᠠᠷ᠎ᠠ ᠶᠢᠨ 11 ᠤ ᠡᠳᠦᠷ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠣᠣ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠮᠠᠨ ᠤ ᠣᠷᠣᠨ ᠳᠤ ᠲᠣᠭᠤᠷᠢᠨ ᠦᠵᠡᠵᠦ ᠰᠤᠷᠪᠤᠯᠵᠢᠯᠠᠬᠤ ᠪᠠᠷ ᠢᠷᠡᠭᠰᠡᠨ ᠳᠤᠮᠳᠠᠳᠤ ᠤᠯᠤᠰ ᠲᠤ ᠰᠠᠭᠤᠭ᠎ᠠ ᠡᠯᠴᠢᠨ ᠤ ᠲᠥᠯᠥᠭᠡᠯᠡᠭᠴᠢᠳ ᠤᠨ ᠪᠦᠯᠬᠦᠮ ᠲᠠᠢ ᠠᠭᠤᠯᠵᠠᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠤᠢ ᠯᠢ ᠰᠢᠨ᠂ ᠠᠢ ᠯᠢ ᠬᠤᠸᠠ᠂ ᠶᠠᠩ ᠶᠢᠨ᠂ ᠸᠧᠢ ᠭᠦᠸᠧ ᠨᠠᠨ ᠲᠣᠰ ᠠᠭᠤᠯᠵᠠᠯᠲᠠ ᠳᠤ ᠣᠷᠣᠯᠴᠠᠪᠠ᠃

  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠡᠴᠠ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ᠂ ︽ ᠦᠨᠡᠨ ︾ ᠰᠡᠳᠭᠦᠯ ᠳᠤ ᠨᠡᠶᠢᠲᠡᠯᠡᠭᠰᠡᠨ ᠴᠢᠬᠤᠯᠠ ᠵᠣᠬᠢᠶᠠᠯ ︽ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ ︾ ᠵᠢᠴᠢ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠨᠡᠶᠢᠲᠡᠯᠡᠭᠳᠡᠭᠰᠡᠨ 70 ᠵᠢᠯ ᠤᠨ ᠣᠢ ᠶᠢ ᠳᠤᠷᠠᠰᠬᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠵᠢᠯ ᠢ ᠰᠤᠳᠤᠯᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠪᠡᠯᠡ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠬᠠᠮᠢᠶᠠᠷᠤᠯᠲᠠ ᠶᠢᠨ ᠠᠷᠭ᠎ᠠ ᠶᠢ ᠬᠢᠨᠠᠨ ᠵᠥᠪᠯᠡᠵᠦ ᠪᠠᠲᠤᠯᠠᠪᠠ᠃ ᠬᠤᠷᠠᠯ ᠡᠴᠠ ᠪᠠᠰᠠ ᠬᠦᠴᠦᠨ ᠦᠭᠡᠢ ᠪᠣᠯᠭᠠᠬᠤ ᠪᠤᠶᠤ ᠬᠦᠴᠦᠨ ᠦᠭᠡᠢ ᠪᠣᠯᠣᠭᠰᠠᠨ ᠢᠶᠠᠷ ᠨᠡᠶᠢᠲᠡᠯᠡᠬᠦ ᠪᠠᠷ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠬᠡᠰᠡᠭ ᠪᠢᠴᠢᠭ ᠮᠠᠲ᠋ᠧᠷᠢᠶᠠᠯ ᠢ ᠰᠤᠳᠤᠯᠪᠠ᠃

  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠤᠳᠤᠷᠢᠳᠬᠤ ᠳᠤᠭᠤᠶᠢᠯᠠᠩ ᠤᠨ ᠳᠠᠷᠤᠭ᠎ᠠ ᠵᠧᠩ ᠬᠤᠩ ᠹᠠᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠤᠳᠤᠷᠢᠳᠬᠤ ᠳᠤᠭᠤᠶᠢᠯᠠᠩ ᠤᠨ ᠳᠠᠷᠤᠭ᠎ᠠ ᠶᠠᠩ ᠶᠢᠨ ᠬᠤᠷᠠᠯ ᠢ ᠡᠷᠬᠢᠯᠡᠪᠡ᠃ ᠬᠤᠷᠠᠯ ᠢ ᠲᠧᠯᠸᠢᠰ ᠤᠲᠠᠰᠤᠲᠤ ᠬᠤᠷᠠᠯ ᠤᠨ ᠬᠡᠯᠪᠡᠷᠢ ᠪᠠᠷ ᠬᠤᠷᠠᠯᠳᠤᠭᠤᠯᠪᠠ᠃

  7 ᠳ᠋ᠤᠭᠠᠷ ᠰᠠᠷ᠎ᠠ ᠶᠢᠨ 14 ᠤ ᠡᠳᠦᠷ   ᠬᠤᠸᠠᠢ ᠷᠧᠦ ᠲᠤᠷᠰᠢᠯᠲᠠ ᠶᠢᠨ ᠲᠠᠰᠤᠭ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠲᠠᠢ ᠪᠡᠭᠡᠵᠢᠩ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠣᠣ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠪᠡᠭᠡᠵᠢᠩ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ ᠢᠤᠢ ᠶᠢᠩ ᠵᠢᠶᠧ᠂ ᠬᠤᠸᠠᠢ ᠷᠧᠦ ᠲᠤᠷᠰᠢᠯᠲᠠ ᠶᠢᠨ ᠲᠠᠰᠤᠭ ᠤᠨ ᠡᠷᠬᠢᠯᠡᠭᠴᠢ ᠳᠠᠩ ᠭᠤᠸᠠᠩ ᠹᠦ᠋ ᠬᠡᠷ᠎ᠡ ᠲᠤᠬᠲᠠᠬᠤ ᠶᠣᠰᠣᠯᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠰᠢᠶᠠᠨ ᠬᠤᠸᠠ᠂ ᠰᠦᠨ ᠵᠢᠶᠦ᠋ᠨ ᠴᠢᠩ ᠬᠡᠷ᠎ᠡ ᠲᠤᠬᠲᠠᠬᠤ ᠶᠣᠰᠣᠯᠠᠯ ᠳᠤ ᠣᠷᠣᠯᠴᠠᠪᠠ᠃

  ︽ ᠲᠠᠯ᠎ᠠ ᠨᠤᠲᠤᠭ ᠤᠨ ᠨᠠᠨᠳᠢᠨ ᠪᠣᠯᠵᠤᠭ᠎ᠠ ᠲᠠᠩᠰᠤᠭ ᠨᠠᠭᠠᠳᠤᠮ ᠤᠨ ᠪᠠᠶᠠᠷᠲᠤ ᠵᠣᠯᠭᠠᠯᠲᠠ ︾ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 34 ᠳ᠋ᠦ᠋ᠭᠡᠷ ᠬᠤᠭᠤᠴᠠᠭᠠᠨ ᠤ ᠲᠠᠯ᠎ᠠ ᠨᠤᠲᠤᠭ ᠤᠨ ᠨᠠᠭᠠᠳᠤᠮ ᠰᠢᠯᠢ ᠶᠢᠨ ᠭᠤᠣᠯ ᠠᠶᠢᠮᠠᠭ ᠤᠨ ᠰᠢᠯᠢᠩᠬᠤᠲᠠ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ ᠨᠠᠭᠠᠳᠤᠮ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠨᠠᠭᠠᠳᠤᠮ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠨᠠᠭᠠᠳᠤᠮ ᠡᠬᠢᠯᠡᠭᠰᠡᠨ ᠢ ᠵᠠᠷᠯᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠪᠠᠢ ᠴᠧᠩ ᠨᠠᠭᠠᠳᠤᠮ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠤᠭᠲᠤᠯᠭ᠎ᠠ ᠶᠢᠨ ᠦᠭᠡ ᠬᠡᠯᠡᠪᠡ᠃

  7 ᠳ᠋ᠤᠭᠠᠷ ᠰᠠᠷ᠎ᠠ ᠶᠢᠨ 15 ᠤ ᠡᠳᠦᠷ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠰᠤᠷᠭᠠᠭᠤᠯᠢ ᠶᠢᠨ ᠰᠣᠷᠣᠭᠴᠢᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠤᠯᠠᠭᠠᠨᠴᠠᠪ ᠬᠤᠲᠠ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠤᠨ ᠳᠠᠷᠤᠭ᠎ᠠ ᠶᠠᠩ ᠵᠢᠶᠧ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃


ᠭᠠᠷ ᠤᠲᠠᠰᠤ ᠪᠠᠷ ᠦᠵᠡᠬᠦ