ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2024 ᠣᠨ ᠤ 17 ᠳ᠋ᠤᠭᠠᠷ ᠤᠳᠠᠭᠠᠨ ᠦ ᠪᠠᠶᠢᠩᠭᠤ ᠶᠢᠨ ᠬᠤᠷᠠᠯ

  6 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠦ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ 2024 ᠤᠨ ᠦ 17 ᠳ᠋ᠤᠭᠠᠷ ᠤᠳᠠᠭᠠᠨ ᠦ ᠪᠠᠶᠢᠩᠭᠤ ᠶᠢᠨ ᠬᠤᠷᠠᠯ ᠵᠢᠴᠢ ᠪᠦᠭᠦ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠤᠭᠤᠳᠬᠤ ᠭᠠᠵᠠᠷ ᠤᠨ ᠬᠤᠷᠠᠯ ᠢ ᠡᠷᠭᠢᠯᠡᠨ ᠬᠤᠷᠠᠯᠳᠤᠭᠤᠯᠪᠠ᠃

  ᠬᠤᠷᠠᠯ ᠡᠴᠠ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠲᠠᠪᠤᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 125 ᠳ᠋ᠤᠭᠠᠷ ᠤᠳᠠᠭ᠎ᠠ ᠶᠢᠨ ᠬᠤᠷᠠᠯ ᠤᠨ ᠱᠠᠭᠠᠷᠳᠠᠯᠭ᠎ᠠ ᠶᠣᠰᠣᠭᠠᠷ᠂ ᠤᠯᠤᠰ ᠤᠨ ᠥᠮᠴᠢᠯᠡᠯᠲᠤ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ᠂ ᠠᠮᠤ ᠪᠤᠳᠠᠭ᠎ᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠬᠤ ᠲᠠᠢ ᠨᠢᠭᠲᠠ ᠤᠶᠠᠯᠳᠤᠭᠤᠯᠤᠨ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠲᠣᠭᠲᠠᠭᠠᠵᠤ᠂ ᠵᠦᠢᠯ ᠳᠠᠷᠠᠭᠠᠯᠠᠨ ᠠᠩᠬᠠᠷᠴᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

  ᠬᠤᠷᠠᠯ ᠡᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢᠨ ᠱᠠᠭᠠᠷᠳᠠᠯᠭ᠎ᠠ ᠶᠢ ᠤᠯᠠᠮᠵᠢᠯᠠᠵᠤ᠂ ︽ ᠴᠠᠭ ᠢᠮᠠᠭᠲᠠ ᠰᠡᠳᠬᠢᠯ ᠲᠠᠯᠪᠢᠬᠤ ︾ ᠬᠠᠷᠢᠭᠤᠴᠠᠯᠭᠠᠲᠤ ᠰᠡᠳᠬᠢᠯᠭᠡ ᠪᠠᠷ ᠠᠶᠤᠯ ᠦᠭᠡᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠭᠤᠷᠬᠠᠢ ᠶᠢᠨ ᠠᠮᠤᠷ ᠲᠦᠪᠰᠢᠨ ᠤ ᠨᠠᠢᠮᠠᠨ ᠬᠠᠲᠠᠭᠤ ᠠᠷᠭ᠎ᠠ ᠬᠡᠮᠵᠢᠶ᠎ᠡ ᠶᠢ ᠦᠨᠡᠨ ᠬᠦ ᠴᠢᠩᠭᠠᠳᠬᠠᠨ ᠪᠣᠳᠠᠲᠠᠶᠢᠵᠢᠭᠤᠯᠵᠤ᠂ ᠣᠨᠳᠣᠣ ᠭᠠᠵᠠᠷ ᠲᠤ ᠬᠠᠤᠯᠢ ᠬᠡᠷᠡᠭᠵᠢᠭᠦᠯᠬᠦ ᠶᠢ ᠰᠠᠶᠢᠲᠤᠷ ᠬᠡᠷᠡᠭᠯᠡᠵᠦ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠨᠡᠨ ᠬᠦ ᠲᠤᠰᠠᠲᠠᠢ ᠪᠤᠯᠭᠠᠬᠤ ᠬᠡᠷᠡᠭᠲᠡᠢ᠃ ᠭᠡᠮ ᠰᠣᠭᠤᠭ ᠢ ᠡᠨᠳᠡᠯ ᠢᠶᠠᠷ ᠦᠵᠡᠵᠦ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠵᠤ᠂ ᠬᠡᠯᠪᠡᠷᠢᠴᠢ ᠦᠵᠡᠯ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

  ᠬᠤᠷᠠᠯ ᠡᠴᠠ ᠪᠦᠭᠦ ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠭᠦ ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠡᠴᠠ ᠳᠤᠷᠠᠳᠤᠭᠰᠠᠨ ︽ ᠵᠢᠷᠭᠤᠭᠠᠨ ᠭᠤᠶᠢᠪᠢᠰᠢ ᠦᠭᠡᠢ ᠪᠠᠶᠢᠬᠤ ︾ ᠴᠢᠬᠤᠯᠠ ᠱᠠᠭᠠᠷᠳᠠᠯᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠠᠷᠢᠨ ᠨᠢᠮᠪᠠᠢ ᠲᠥᠯᠥᠪᠵᠢᠭᠦᠯᠵᠦ᠂ ᠣᠨ ᠬᠤᠪᠢᠶᠠᠨ ᠪᠣᠳᠠᠲᠠᠢ ᠠᠷᠭ᠎ᠠ ᠬᠡᠮᠵᠢᠶ᠎ᠡ ᠳᠤᠷᠠᠳᠴᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠥᠪᠥᠷ ᠮᠣᠩᠭᠤᠯ ᠤᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

  ᠬᠤᠷᠠᠯ ᠡᠴᠠ ᠪᠦᠭᠦ ᠤᠯᠤᠰ ᠤᠨ ᠡᠨᠧᠷᠭᠢ  ᠬᠡᠷᠡᠭᠯᠡᠬᠦ ᠤᠷᠭᠢᠯ ᠬᠤᠭᠤᠴᠠᠭ᠎ᠠ ᠳᠤ ᠴᠢᠭᠯᠡᠭᠦᠯᠦᠨ ᠵᠣᠨ ᠤ ᠤᠯᠠᠷᠢᠯ ᠤᠨ ᠡᠨᠧᠷᠭᠢ ᠶᠢᠨ ᠬᠠᠩᠭᠠᠯᠭ᠎ᠠ ᠶᠢ  ᠪᠠᠲᠤᠯᠠᠬᠤ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠩᠭᠠᠯᠭ᠎ᠠ ᠶᠢ ᠪᠠᠲᠤᠯᠠᠬᠤ ᠠᠵᠢᠯ ᠤᠨ ᠲᠤᠶᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠠᠷᠭ᠎ᠠ ᠬᠡᠮᠵᠢᠶ᠎ᠡ ᠶᠢ ᠪᠣᠳᠠᠲᠠᠢ ᠠᠳᠬᠤᠵᠤ᠂ ᠣᠨᠣᠴᠠᠲᠠᠢ ᠲᠣᠬᠢᠷᠠᠭᠤᠯᠵᠤ᠂ ᠢᠯᠴᠢ ᠶᠢᠨ ᠴᠠᠭᠢᠯᠭᠠᠨ ᠤ ᠠᠮᠢᠳᠤᠯᠢᠭ ᠥᠭᠡᠷᠡᠴᠢᠯᠡᠯᠲᠡ ᠪᠠ ᠡᠨᠧᠷᠭᠢ ᠨᠥᠭᠡᠴᠡᠯᠡᠬᠦ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠠᠯᠬᠢᠨ ᠬᠦᠴᠦᠨ ᠤ ᠴᠠᠭᠢᠯᠭᠠᠨ ᠪᠠ ᠭᠡᠷᠡᠯᠴᠢ ᠴᠡᠨᠡᠭ ᠵᠡᠷᠭᠡ ᠰᠢᠨ᠎ᠡ ᠡᠨᠧᠷᠭᠢ ᠵᠢᠨ ᠦᠢᠯᠡᠳᠪᠦᠷᠢᠯᠡᠯ ᠤᠨ ᠴᠢᠳᠠᠪᠤᠷᠢ ᠵᠢ ᠦᠢᠯᠡᠳᠪᠦᠷᠢᠯᠡᠯ ᠤᠨ ᠬᠡᠮᠵᠢᠶ᠎ᠡ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠰᠢᠨ᠎ᠡ ᠡᠨᠧᠷᠭᠢ ᠪᠠᠷ ᠭᠤᠣᠯ ᠴᠣᠭᠴᠠ ᠪᠤᠯᠭᠠᠬᠰᠠᠨ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

  ᠬᠤᠷᠠᠯ ᠡᠴᠠ ᠪᠦᠭᠦ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠪᠠᠶᠢᠷᠢᠯᠠᠭᠤᠯᠵᠤ᠂ ᠠᠶᠤᠯ ᠲᠦᠭᠰᠢᠭᠦᠷᠢ ᠶᠢᠨ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠠᠳᠬᠤᠵᠤ᠂ ᠭᠠᠮᠰᠢᠭ ᠢ ᠰᠡᠷᠭᠡᠶᠢᠯᠡᠬᠦ᠂ ᠭᠠᠮᠰᠢᠭ ᠢ ᠪᠠᠭᠠᠰᠬᠠᠬᠤ᠂ ᠭᠠᠮᠰᠢᠭ ᠡᠴᠠ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠣᠷᠣᠨ ᠪᠦᠰᠡ ᠬᠤᠪᠢᠶᠠᠨ ᠪᠦᠷᠢᠨ ᠪᠡᠯᠡᠳᠬᠡᠯ ᠬᠢᠬᠦ ᠬᠡᠷᠡᠭᠲᠡᠢ᠃ ᠢᠯᠠᠩᠭᠤᠶ᠎ᠠ ᠡᠯ᠎ᠡ ᠱᠠᠲᠤ ᠳᠠᠪᠬᠤᠷᠭ᠎ᠠ ᠶᠢᠨ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠳᠬᠠᠵᠤ᠂ ᠲᠤᠶᠢᠯᠪᠤᠷᠢᠲᠠᠢ ᠲᠤᠭᠤᠰᠢᠯᠠᠭᠤᠯᠵᠤ᠂ ᠭᠠᠮᠰᠢᠭ ᠤᠨ ᠴᠡᠭ᠂ ᠠᠶᠤᠯ ᠲᠦᠭᠰᠢᠭᠦᠷᠢ ᠶᠢᠨ ᠣᠷᠣᠨ ᠭᠦᠷᠳᠡᠯ᠎ᠡ ᠰᠢᠭᠤᠳ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃

  ᠬᠤᠷᠠᠯ ᠡᠴᠠ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢᠵᠢᠯᠳᠠ ᠶᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠵᠤ᠂ ᠭᠠᠶᠢᠯᠢ ᠰᠦᠢᠳᠬᠡᠯ ᠤᠨ ᠪᠠᠲᠤᠯᠠᠭ᠎ᠠ ᠶᠢᠨ ᠠᠷᠭ᠎ᠠ᠂ ᠠᠵᠢᠯ ᠠᠯᠳᠠᠯᠲᠠ ᠶᠢᠨ ᠳᠠᠭᠠᠳᠬᠠᠯ ᠤᠨ ᠬᠡᠷᠡᠭᠵᠢᠭᠦᠯᠬᠦ ᠠᠷᠭ᠎ᠠ᠂ ᠭᠠᠵᠠᠷ ᠬᠥᠳᠡᠯᠦᠯᠲᠡ ᠶᠢᠨ ᠠᠮᠤᠷ ᠲᠦᠪᠰᠢᠨ ᠤ ᠴᠢᠨᠠᠷ ᠤᠨ ᠦᠨᠡᠯᠡᠯᠲᠡ ᠶᠢᠨ ᠬᠠᠮᠢᠶᠠᠷᠤᠯᠲᠠ ᠶᠢᠨ ᠠᠷᠭ᠎ᠠ ᠶᠢ ᠬᠢᠨᠠᠨ ᠵᠥᠪᠯᠡᠵᠦ ᠪᠠᠲᠤᠯᠠᠨ᠂ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ᠂ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠵᠡᠷᠭᠡ ᠳᠦᠷᠢᠮ ᠤᠨ ᠲᠥᠰᠥᠯ ᠢ ᠰᠤᠳᠤᠯᠪᠠ᠃


ᠭᠠᠷ ᠤᠲᠠᠰᠤ ᠪᠠᠷ ᠦᠵᠡᠬᠦ