︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠬᠠᠮᠢᠶᠠᠷᠤᠯᠲᠠ ᠶᠢᠨ ᠠᠷᠭ᠎᠎ᠠ ︾ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

  ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠬᠠᠮᠢᠶᠠᠷᠤᠯᠲᠠ ᠶᠢᠨ ᠠᠷᠭ᠎ᠠ ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠵᠤ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃


  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠡᠯᠡ  ᠣᠷᠣᠭᠤᠯᠤᠯᠲᠠ ᠶᠢᠨ  ᠰᠠᠭᠤᠷᠢ ᠮᠦᠩᠭᠦᠨ ᠤ ᠬᠠᠮᠢᠶᠠᠷᠤᠯᠲᠠ ᠶᠢᠨ ᠠᠷᠭ᠎᠎ᠠ


  ᠨᠢᠭᠡᠳᠦᠭᠡᠷ ᠪᠦᠯᠦᠭ    ᠶᠡᠷᠦᠩᠬᠡᠢ ᠳᠦᠷᠢᠮ


  ᠨᠢᠭᠡᠳᠦᠭᠡᠷ ᠵᠦᠢᠯ    ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠠᠷᠭ᠎ᠠ ᠮᠠᠶ᠋ᠢᠭ ᠲᠤ ᠤᠯᠠᠮ ᠨᠢᠭᠡ ᠠᠯᠬᠤᠮ ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠤ ᠪᠡᠯᠡ ᠮᠥᠩᠭᠦ ᠶᠢᠨ ᠬᠥᠲᠥᠯᠥᠨ ᠵᠢᠯᠣᠭᠤᠳᠬᠤ ᠦᠢᠯᠡᠳᠦᠯ ᠪᠠ ᠳᠠᠢᠢᠴᠢᠯᠠᠨ ᠳᠠᠭᠠᠭᠤᠯᠬᠤ ᠨᠦᠯᠦᠭᠡᠯᠡᠯ ᠢ ᠨᠢ ᠪᠠᠳᠠᠷᠠᠭᠤᠯᠤᠨ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠪᠠᠶᠢᠭᠤᠯᠬᠤ᠂ ᠠᠵᠢᠯᠯᠠᠭᠤᠯᠬᠤ ᠪᠠ ᠬᠢᠨᠠᠨ ᠬᠠᠮᠢᠶᠠᠷᠬᠤ ᠠᠵᠢᠯ ᠢ ᠵᠢᠷᠤᠮᠵᠢᠭᠤᠯᠬᠤ ᠶᠢᠨ ᠲᠤᠰᠠᠳᠠ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠰᠦᠪ ᠤᠨ ᠬᠠᠤᠯᠢ ︾᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ ︾᠂ ︽ ᠪᠦᠭᠦᠳᠡ ᠨᠠᠢᠢᠷᠠᠮᠳᠠᠬᠤ ᠳᠤᠮᠳᠠᠳᠤ ᠠᠷᠠᠳ ᠤᠯᠤᠰ ᠤᠨ ᠬᠤᠷᠰᠢᠭᠰᠠᠨ ᠠᠵᠤ ᠠᠬᠤᠢᠢᠯᠠᠯ ᠤᠨ ᠬᠠᠤᠯᠢ ︾᠂ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠬᠠᠤᠯᠢ ︾᠂ ︽ ᠬᠤᠪᠢ ᠪᠠᠷ ᠢᠶᠠᠨ ᠵᠤᠭᠤᠰ ᠴᠤᠭᠯᠠᠭᠤᠯᠤᠭᠰᠠᠨ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠬᠢᠨᠠᠯᠲᠠ ᠬᠠᠮᠢᠶᠠᠷᠤᠯᠲᠠ ᠶᠢᠨ ᠳᠦᠷᠢᠮ ︾ ︵ ᠲᠥᠷᠥ ᠶᠢᠨ ᠶᠠᠪᠤᠳᠠᠯ ᠤᠨ ᠬᠤᠷᠢᠶᠠᠨ ᠤ 762 ᠳ᠋ᠤᠭᠠᠷ ᠲᠣᠭᠠᠲᠤ ᠵᠠᠷᠯᠢᠭ ︶ ᠵᠢᠴᠢ ︽︿ ᠵᠠᠰᠠᠭ ᠤᠨ ᠣᠷᠳᠣᠨ ᠡᠴᠠ ᠪᠡᠯᠡ ᠭᠠᠷᠭᠠᠭᠰᠠᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ﹀ ᠶᠢ ᠳᠠᠷᠤᠮᠠᠯᠯᠠᠨ ᠶᠠᠪᠤᠭᠤᠯᠬᠤ ᠲᠤᠬᠠᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ ︾ ︵ ᠬᠥᠭᠵᠢᠭᠦᠯᠦᠯᠲᠡ ᠥᠭᠡᠷᠡᠴᠢᠯᠡᠯᠲᠡ ᠡᠳ᠋ ᠮᠦᠩᠭᠦᠨ ᠤ ᠲᠣᠭᠲᠠᠭᠠᠯ 〔 2016 〕  2800 ᠳ᠋ᠤᠭᠠᠷ ᠲᠣᠭᠠᠲᠤ ︶᠂ ︽︿ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠲᠦᠷ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ ﹀ ᠶᠢ ᠳᠠᠷᠤᠮᠠᠯᠯᠠᠨ ᠶᠠᠪᠤᠭᠤᠯᠬᠤ ᠲᠣᠬᠠᠢ ᠡᠳ᠋ ᠤᠨ ᠵᠠᠰᠠᠭ ᠤᠨ ᠶᠠᠮᠦᠨ ᠤ ᠮᠡᠳᠡᠭᠳᠡᠯ ︾ ︵ ᠡᠳ᠋ ᠲᠦᠰᠦᠪ 〔 2015 〕  210 ᠳ᠋ᠤᠭᠠᠷ ᠲᠣᠭᠠᠲᠤ ︶᠂ ᠡᠳ᠋ ᠤᠨ ᠵᠠᠰᠠᠭ ᠤᠨ ᠶᠠᠮᠦᠨ ᠤ ︽ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠰᠠᠭᠤᠷᠢ ᠮᠦᠩᠭᠦᠨ ᠤ ᠬᠠᠮᠢᠶᠠᠷᠤᠯᠲᠠ ᠶᠢ ᠴᠢᠩᠭᠠᠳᠬᠠᠵᠤ ᠡᠳ᠋ ᠤᠨ ᠵᠠᠰᠠᠭ ᠤᠨ ᠪᠡᠯᠡ ᠭᠠᠷᠭᠠᠭᠰᠠᠨ ᠦᠷ᠎ᠡ ᠠᠰᠢᠭ ᠢ ᠳᠡᠭᠡᠭᠰᠢᠯᠡᠭᠦᠯᠬᠦ ᠲᠣᠬᠠᠢ ᠮᠡᠳᠡᠭᠳᠡᠯ ︾ ︵ ᠡᠳ᠋ ᠲᠦᠰᠦᠪ 〔 2020 〕  7 ᠳ᠋ᠤᠭᠠᠷ ᠲᠣᠭᠠᠲᠤ ︶ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃

  ᠬᠤᠶᠠᠳᠤᠭᠠᠷ ᠵᠦᠢᠯ   ᠲᠤᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠡᠴᠠ ᠲᠥᠰᠦᠪ ᠤᠨ ᠲᠣᠬᠢᠷᠠᠭᠤᠯᠤᠯᠲᠠ ᠪᠠᠷ ᠳᠠᠮᠵᠢᠭᠤᠯᠤᠨ᠂ ᠲᠤᠰᠠᠭᠠᠷ ᠪᠡᠯᠡ ᠭᠠᠷᠭᠠᠬᠤ ᠪᠤᠶᠤ ᠨᠡᠶᠢᠭᠡᠮ ᠤᠨ ᠬᠥᠷᠥᠩᠭᠡ ᠯᠦᠭᠡ ᠬᠠᠮᠲᠤ ᠪᠠᠷ ᠪᠡᠯᠡ ᠭᠠᠷᠭᠠᠵᠤ ᠪᠠᠢᠢᠭᠤᠯᠤᠨ᠂ ᠨᠡᠢᠢᠬᠡᠮ ᠤᠨ ᠡᠯ᠎ᠡ ᠲᠥᠷᠥᠯ ᠤᠨ ᠬᠥᠷᠥᠩᠭᠡ ᠶᠢ ᠬᠥᠲᠥᠯᠥᠨ ᠵᠢᠯᠣᠭᠤᠳᠴᠤ ᠪᠠᠶᠢᠭᠠᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯᠳᠠᠯᠭ᠎ᠠ ᠲᠠᠢ ᠬᠦᠷᠢᠶ᠎ᠡ ᠪᠠ ᠪᠠᠭᠤᠷᠠᠶ ᠭᠤᠭᠴᠤᠭᠠᠨ ᠳᠤ ᠪᠡᠯᠡ ᠣᠷᠤᠭᠤᠯᠤᠨ᠂ ᠬᠠᠮᠢᠶ᠎ᠠ ᠪᠦᠬᠦᠢ ᠠᠵᠤ ᠦᠢᠯᠡᠰ ᠪᠠ ᠬᠦᠷᠢᠶ᠎ᠡ ᠴᠠᠷᠠᠭᠠᠨ ᠤ ᠬᠥᠭᠵᠢᠯᠲᠡ ᠶᠢ ᠳᠡᠮᠵᠢᠵᠦ᠂ ᠭᠤᠤᠯᠳᠠᠭᠤ ᠵᠠᠬ᠎ᠠ ᠳᠤ ᠢᠯᠡ ᠪᠠᠷ ᠦᠯᠦ ᠭᠠᠷᠭᠠᠵᠤ ᠠᠷᠠᠯᠵᠢᠶᠠᠯᠠᠬᠤ ᠠᠵᠤ ᠠᠬᠤᠶᠢᠯᠠᠯ ᠤᠨ ᠰᠲ᠋ᠣᠺ ᠤᠨ ᠡᠷᠬᠡ ᠳᠤ ᠪᠡᠯᠡ ᠣᠷᠤᠭᠤᠯᠬᠤ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠪᠠ ᠦᠢᠯᠡᠰ ᠪᠣᠰᠬᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠵᠢᠭᠠᠵᠤ ᠪᠤᠶ᠃

  ᠭᠤᠷᠪᠠᠳᠤᠭᠠᠷ ᠵᠦᠢᠯ    ᠲᠤᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠤᠨ ᠣᠷᠳᠣᠨ ᠤ ᠭᠠᠷᠭᠠᠭᠰᠠᠨ ᠪᠡᠯᠡ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠩ ᠤᠨ ᠣᠯᠠᠨ ᠨᠡᠶᠢᠲᠡ ᠶᠢᠨ ᠲᠥᠰᠦᠪ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠦᠩᠭᠦᠨ ᠤ ᠲᠥᠰᠦᠪ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠵᠡᠷᠭᠡ ᠪᠠᠷ ᠳᠠᠮᠵᠢᠭᠤᠯᠤᠨ ᠰᠢᠭᠤᠳ ᠲᠣᠬᠢᠷᠠᠭᠤᠯᠤᠭᠰᠠᠨ ᠡᠳ᠋ ᠤᠨ ᠵᠠᠰᠠᠭ ᠤᠨ ᠪᠡᠯᠡ ᠮᠥᠩᠭᠦ ᠶᠢ ᠵᠢᠭᠠᠵᠤ ᠪᠤᠶ᠃

  ᠳᠥᠷᠪᠡᠳᠦᠭᠡᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠤ ᠺᠣᠮᠫᠠᠨᠢ ᠶᠢᠨ ᠳᠦᠷᠢᠮᠲᠦ᠂ ᠬᠢᠵᠠᠭᠠᠷᠲᠠᠢ ᠬᠤᠷᠰᠢᠯᠲᠠ ᠶᠢᠨ ᠳᠦᠷᠢᠮᠲᠦ᠂ ᠭᠡᠷ᠎ᠡ ᠶᠢᠨ ᠳᠦᠷᠢᠮᠲᠦ ᠵᠡᠷᠭᠡ ᠵᠣᠬᠢᠶᠠᠨ ᠪᠠᠢᠢᠭᠤᠯᠬᠤ ᠬᠡᠯᠪᠡᠷᠢ ᠶᠢ ᠠᠪᠴᠤ ᠪᠣᠯᠤᠨ᠎ᠠ᠃

  ᠲᠠᠪᠤᠳᠤᠭᠠᠷ ᠵᠦᠢᠯ    ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠬᠠᠮᠢᠶᠠᠷᠤᠯᠲᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠨᠢᠭᠡᠳᠦᠯᠲᠡᠶ ᠲᠥᠯᠥᠪᠯᠡᠨ ᠠᠬᠢᠭᠤᠯᠬᠤ᠂ ᠴᠢᠳᠠᠯ ᠤᠨ ᠬᠢᠷᠢ ᠪᠠᠷ ᠢᠶᠠᠨ ᠬᠢᠬᠦ ᠪᠠ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ᠂ ᠲᠤᠰᠬᠠᠶᠢᠵᠢᠭᠤᠯᠤᠨ ᠬᠠᠮᠢᠶᠠᠷᠬᠤ ᠵᠠᠷᠴᠢᠮ ᠢ ᠪᠠᠷᠢᠮᠲᠠᠯᠠᠨ᠂ ᠪᠠᠶᠢᠭᠤᠯᠬᠤ ᠲᠤᠭ᠎ᠠ ᠬᠡᠮᠵᠢᠶ᠎ᠡ ᠶᠢ ᠨᠢ ᠴᠢᠩᠭ᠎ᠠ ᠬᠢᠵᠠᠭᠠᠷᠯᠠᠵᠤ᠂ ᠪᠠᠶᠢᠭᠤᠯᠬᠤ ᠬᠡᠪᠴᠢᠶ᠎ᠡ ᠶᠢ ᠨᠢ ᠵᠦᠶ ᠵᠣᠬᠢᠰᠲᠠᠶ ᠲᠣᠭᠲᠠᠭᠠᠬᠤ ᠬᠡᠷᠡᠭᠲᠡᠢ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠨᠢᠭᠡᠨᠲᠡ ᠪᠠᠶᠢᠭᠤᠯᠤᠭᠰᠠᠨ ᠬᠦᠷᠢᠶ᠎ᠡ ᠴᠠᠷᠠᠭᠠᠨ ᠳᠤ ᠵᠠᠷᠴᠢᠮ ᠳᠡᠭᠡᠷ᠎ᠡ ᠪᠠᠨ ᠳᠠᠬᠢᠵᠤ ᠡᠳ᠋ ᠤᠨ ᠵᠠᠰᠠᠭ ᠤᠨ ᠲᠤᠰᠬᠠᠶ ᠵᠦᠢᠯ ᠤᠨ ᠪᠡᠯᠡ ᠮᠥᠩᠭᠦ ᠶᠢ ᠲᠣᠬᠢᠷᠠᠭᠤᠯᠬᠤ ᠦᠭᠡᠶ᠃

  ᠵᠢᠷᠭᠤᠳᠤᠭᠠᠷ ᠵᠦᠢᠯ   ᠡᠯ᠎ᠡ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠢᠲᠡᠭᠡᠮᠵᠢ ᠶᠢᠨ ᠮᠡᠳᠡᠭᠡ ᠵᠠᠩᠭᠢ ᠶᠢ ᠳᠠᠩᠰᠠᠯᠠᠨ ᠲᠡᠮᠲᠡᠭᠯᠡᠵᠦ ᠬᠠᠮᠢᠶᠠᠷᠬᠤ ᠶᠢ ᠬᠠᠷᠢᠭᠤᠴᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠢᠢᠴᠡᠬᠦ ᠴᠢᠨᠠᠷ ᠪᠠ ᠳᠦᠷᠢᠮ ᠲᠣᠭᠲᠠᠭᠠᠯ ᠵᠡᠷᠭᠡ ᠮᠠᠲ᠋ᠧᠷᠢᠶᠠᠯ ᠤᠨ ᠪᠦᠷᠢᠨ ᠭᠦᠢᠴᠡᠳ ᠴᠢᠨᠠᠷ ᠲᠤ ᠬᠢᠨᠠᠨ ᠪᠠᠶᠢᠴᠠᠭᠠᠯᠲᠠ ᠬᠢᠵᠦ᠂ ᠪᠦᠬᠦ ᠤᠯᠤᠰ ᠤᠨ ᠵᠠᠰᠠᠭ ᠤᠨ ᠣᠷᠳᠣᠨ ᠤ ᠪᠡᠯᠡ ᠭᠠᠷᠭᠠᠭᠰᠠᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠳᠠᠩᠰᠠᠯᠠᠨ ᠲᠡᠮᠲᠡᠭᠯᠡᠬᠦ ᠰᠢᠰᠲ᠋ᠧᠮ ᠳᠤ ᠲᠦᠰᠢᠭᠯᠡᠨ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠠᠮᠢᠶᠠᠷᠤᠯᠲᠠ ᠬᠢᠨ᠎ᠡ᠃

  ᠳᠣᠯᠣᠳᠤᠭᠠᠷ ᠵᠦᠢᠯ    ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠰᠠᠭᠤᠷᠢ ᠮᠥᠩᠭᠦ ᠪᠠᠶᠢᠭᠤᠯᠬᠤ᠂ ᠪᠡᠯᠡ ᠮᠥᠩᠭᠦ ᠨᠡᠮᠡᠭᠳᠡᠭᠦᠯᠬᠦ ᠪᠠᠷ ᠪᠠᠢᠢᠭ᠎ᠠ ᠵᠠᠰᠠᠭ ᠤᠨ ᠣᠷᠳᠣᠨ ᠤ ᠣᠷᠣᠭᠤᠯᠤᠯᠲᠠ ᠬᠢᠬᠦ ᠴᠢᠳᠠᠪᠤᠷᠢ ᠶᠢ ᠨᠢ ᠦᠨᠡᠯᠡᠵᠦ ᠬᠢᠨᠠᠨ ᠬᠠᠷᠭᠤᠭᠤᠯᠤᠨ᠂ ᠲᠤᠰ ᠭᠠᠵᠠᠷ ᠣᠷᠣᠨ ᠤ ᠪᠠᠨ ᠡᠳ᠋ ᠤᠨ ᠬᠦᠴᠦᠨ ᠤ ᠪᠠᠶᠢᠳᠠᠯ ᠲᠠᠢ ᠤᠶᠠᠯᠳᠤᠭᠤᠯᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠠᠬᠢ ᠵᠠᠰᠠᠭ ᠤᠨ ᠣᠷᠳᠣᠨ ᠤ ᠪᠡᠯᠡ ᠭᠠᠷᠭᠠᠬᠤ ᠬᠡᠪᠴᠢᠶᠡᠵᠢᠯ ᠵᠢᠴᠢ ᠪᠡᠯᠡ ᠮᠦᠩᠭᠦᠨ ᠤ ᠢᠷᠡᠯᠲᠡ ᠶᠢ ᠨᠢ ᠲᠣᠭᠲᠠᠭᠠᠬᠤ ᠶᠢᠨ ᠬᠠᠮᠲᠤ ᠰᠠᠭᠤᠷᠢ ᠮᠦᠩᠭᠦᠨ ᠤ ᠲᠥᠰᠦᠪ ᠤᠨ ᠲᠣᠬᠢᠷᠠᠭᠤᠯᠤᠯᠲᠠ ᠶᠢᠨ ᠬᠠᠮᠢᠶ᠎ᠠ ᠪᠦᠬᠦᠢ ᠵᠦᠢᠯᠡᠰ ᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠪᠠᠨ ᠮᠡᠳᠡᠭᠦᠯᠵᠦ ᠵᠥᠪᠰᠢᠶᠡᠷᠡᠭᠦᠯᠬᠦ ᠠᠵᠢᠯ ᠢ ᠬᠠᠷᠢᠭᠤᠴᠠᠨ᠎ᠠ︔ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠡᠴᠠ ᠡᠷᠬᠡ ᠣᠯᠭᠤᠭᠰᠠᠨ ᠪᠤᠶᠤ ᠭᠡᠷ᠎ᠡ ᠳᠦᠷᠢᠮ ᠲᠣᠭᠲᠠᠭᠠᠯ ᠤᠨ ᠲᠣᠭᠲᠠᠭᠠᠯ ᠢ ᠦᠨᠳᠦᠰᠦᠯᠡᠨ ᠵᠠᠰᠠᠭ ᠤᠨ ᠣᠷᠳᠣᠨ ᠤ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠣᠷᠤᠯᠠᠨ ᠭᠦᠢᠴᠡᠳᠭᠡᠬᠦ ᠶᠢ ᠬᠠᠷᠢᠭᠤᠴᠠᠨ᠎ᠠ︔ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠠᠭᠤᠷᠢ ᠮᠦᠩᠭᠦᠨ ᠤ ᠪᠦᠬᠦ ᠶᠠᠪᠤᠴᠠ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠠᠮᠵᠢᠯᠲᠠ ᠪᠦᠲᠦᠮᠵᠢ ᠶᠢᠨ ᠦᠨᠡᠯᠡᠯᠲᠡ ᠶᠢ ᠵᠣᠬᠢᠶᠠᠨ ᠪᠠᠢᠢᠭᠤᠯᠵᠤ ᠥᠷᠨᠢᠭᠦᠯᠬᠦ ᠠᠵᠢᠯ ᠢ ᠬᠠᠷᠢᠭᠤᠴᠠᠨ᠎ᠠ︔ ᠡᠳ᠋ ᠤᠨ ᠵᠠᠰᠠᠭ ᠤᠨ ᠪᠡᠯᠡ ᠮᠦᠩᠭᠦᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠥᠷᠢ ᠥᠭᠴᠡᠭᠡ ᠶᠢᠨ ᠲᠦᠭᠰᠢᠭᠦᠷᠢ ᠶᠢᠨ ᠰᠡᠷᠭᠡᠢᠢᠯᠡᠯᠲᠡ ᠡᠵᠡᠮᠳᠡᠯ ᠢ ᠴᠢᠩᠭᠠᠳᠬᠠᠬᠤ ᠠᠵᠢᠯ ᠢ ᠬᠠᠷᠢᠭᠤᠴᠠᠨ᠎ᠠ︔ ᠲᠤᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠠᠭᠤᠰᠬᠤ ᠦᠶ᠎ᠡ ᠳᠤ᠂ ᠰᠠᠭᠤᠷᠢ ᠮᠦᠩᠭᠦᠨ ᠤ ᠪᠡᠯᠡ ᠬᠦᠷᠦᠩᠭᠡ ᠶᠢ ᠲᠣᠭᠠᠴᠠᠯᠠᠨ ᠪᠤᠳᠤᠬᠤ ᠠᠵᠢᠯ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃

  ᠨᠠᠢᠮᠠᠳᠤᠭᠠᠷ ᠵᠦᠢᠯ    ᠰᠠᠭᠤᠷᠢ ᠮᠥᠩᠭᠦ ᠪᠠᠶᠢᠭᠤᠯᠬᠤ ᠰᠠᠯᠠᠭ᠎ᠠ ᠮᠥᠴᠢᠷ ᠨᠢ ᠰᠠᠭᠤᠷᠢ ᠮᠥᠩᠭᠦ ᠡᠭᠦᠰᠭᠡᠨ ᠪᠠᠶᠢᠭᠤᠯᠬᠤ ᠪᠣᠯᠤᠮᠵᠢᠲᠤ ᠲᠥᠰᠦᠯ ᠢ ᠲᠣᠭᠲᠠᠭᠠᠬᠤ ᠶᠢ ᠬᠠᠷᠢᠭᠤᠴᠠᠨ᠎ᠠ︔ ᠠᠵᠢᠯ ᠲᠥᠷᠥᠯ ᠤᠨ ᠲᠥᠷᠥᠯ ᠵᠦᠢᠯ ᠤᠨ ᠬᠥᠮᠥᠷᠭᠡ ᠶᠢ ᠪᠠᠶᠢᠭᠤᠯᠬᠤ᠂ ᠠᠷᠠᠴᠢᠯᠠᠵᠤ ᠬᠠᠮᠠᠭᠠᠯᠠᠬᠤ ᠪᠠ ᠲᠥᠷᠥᠯ ᠵᠦᠢᠯ ᠲᠠᠨᠢᠯᠴᠠᠭᠤᠯᠬᠤ ᠶᠢ ᠬᠠᠷᠢᠭᠤᠴᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠵᠠᠷᠴᠢᠮ ᠳᠡᠭᠡᠷ᠎ᠡ ᠪᠠᠨ ᠬᠥᠮᠥᠷᠭᠡ ᠳᠤ ᠣᠷᠤᠭᠤᠯᠤᠭᠰᠠᠨ ᠲᠥᠷᠥᠯ ᠵᠦᠢᠯ ᠳᠤ ᠤᠷᠢᠳ ᠢᠶᠠᠷ ᠣᠷᠤᠭᠤᠯᠵᠤ᠂ ᠲᠥᠷᠥᠯ ᠵᠦᠢᠯ ᠤᠨ ᠬᠥᠮᠥᠷᠭᠡ ᠳᠤ ᠡᠷᠬᠢᠯᠳᠦᠭᠦᠯᠦᠭᠰᠡᠨ ᠬᠠᠮᠢᠶᠠᠷᠤᠯᠲᠠ᠂ ᠬᠥᠳᠡᠯᠦᠩᠭᠦᠶ ᠲᠣᠬᠢᠷᠠᠭᠤᠯᠤᠯᠲᠠ ᠶᠢ ᠬᠡᠷᠡᠭᠵᠢᠭᠦᠯᠦᠨ᠎ᠡ︔ ᠰᠠᠭᠤᠷᠢ ᠮᠥᠩᠭᠦ ᠣᠷᠤᠰᠢᠨ ᠦᠷᠭᠦᠯᠵᠢᠯᠡᠵᠦ ᠪᠠᠢᠢᠭ᠎ᠠ ᠬᠤᠭᠤᠴᠠᠭᠠᠨ ᠳᠠᠬᠢ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢ ᠬᠠᠷᠢᠭᠤᠴᠠᠨ᠎ᠠ︔ ᠠᠵᠢᠯ ᠶᠠᠪᠤᠳᠠᠯ ᠡᠴᠠ ᠡᠮᠦᠨᠡᠬᠢ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠠᠵᠢᠯ ᠢ ᠰᠠᠶᠢᠲᠤᠷ ᠬᠢᠵᠦ᠂ ᠠᠮᠵᠢᠯᠲᠠ ᠪᠦᠲᠦᠮᠵᠢ ᠶᠢᠨ ᠬᠠᠷᠠᠯᠲᠠ ᠪᠠ ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠶᠢ ᠲᠣᠭᠲᠠᠭᠠᠵᠤ᠂ ᠠᠮᠵᠢᠯᠲᠠ ᠪᠦᠲᠦᠮᠵᠢ ᠶᠢ ᠬᠢᠨᠠᠨ ᠡᠵᠡᠮᠳᠡᠬᠦ ᠠᠵᠢᠯ ᠦᠷᠨᠢᠭᠦᠯᠬᠦ ᠶᠢ ᠬᠠᠷᠢᠭᠤᠴᠠᠨ᠎ᠠ︔ ᠵᠢᠯ ᠪᠦᠷᠢ ᠶᠢᠨ ᠡᠴᠦᠰ ᠲᠤ ᠰᠠᠭᠤᠷᠢ ᠮᠥᠩᠭᠦ ᠶᠢ ᠬᠡᠷᠡᠭᠵᠢᠭᠦᠯᠦᠭᠰᠡᠨ ᠠᠮᠵᠢᠯᠲᠠ ᠪᠦᠲᠦᠮᠵᠢ ᠳᠤ ᠥᠪᠡᠰᠦᠪᠡᠨ ᠦᠨᠡᠯᠡᠯᠲᠡ ᠬᠢᠬᠦ ᠶᠢ ᠬᠠᠷᠢᠭᠤᠴᠠᠵᠤ᠂ ᠥᠪᠡᠰᠦᠪᠡᠨ ᠦᠨᠡᠯᠡᠭᠰᠡᠨ ᠦᠷ᠎ᠡ ᠳ᠋ᠦᠩ ᠢᠶᠠᠨ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠠ ᠪᠤᠰᠤᠳ ᠭᠤᠣᠯ ᠪᠣᠯᠬᠤ ᠪᠡᠯᠡ ᠭᠠᠷᠭᠠᠭᠴᠢ ᠳᠤ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠤᠨ᠎ᠠ᠃


  ᠬᠤᠶᠠᠳᠤᠭᠠᠷ ᠪᠦᠯᠦᠭ    ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ


  ᠶᠢᠰᠦᠳᠦᠭᠡᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠪᠠᠶᠢᠭᠤᠯᠬᠤ ᠳᠤ᠂ ᠡᠩ ᠲᠡᠷᠢᠭᠦᠨ ᠳᠤ ᠡᠭᠦᠰᠭᠡᠨ ᠪᠠᠢᠢᠭᠤᠯᠬᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠴᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠪᠠᠶᠢᠭᠤᠯᠬᠤ ᠪᠣᠯᠤᠮᠵᠢᠲᠤ ᠴᠢᠨᠠᠷ ᠤᠨ ᠰᠤᠳᠤᠯᠤᠯ ᠨᠤᠲᠠᠯᠠᠯᠲᠠ ᠬᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠣᠯᠤᠮᠵᠢᠲᠤ ᠲᠥᠰᠦᠯ ᠢ ᠪᠣᠶ ᠪᠣᠯᠭᠠᠬᠤ ᠬᠡᠷᠡᠭᠲᠡᠶ᠃ ᠰᠠᠭᠤᠷᠢ ᠮᠥᠩᠭᠦ ᠪᠠᠶᠢᠭᠤᠯᠬᠤ ᠰᠠᠯᠠᠭ᠎ᠠ ᠮᠥᠴᠢᠷ ᠨᠢ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠢᠰᠢ ᠪᠣᠯ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠪᠣᠯᠤᠮᠵᠢᠲᠤ ᠲᠥᠰᠦᠯ ᠢ ᠪᠣᠶ ᠪᠣᠯᠭᠠᠬᠤ ᠬᠡᠷᠡᠭᠲᠡᠶ᠃

  ᠠᠵᠢᠯ ᠲᠥᠷᠥᠯ ᠤᠨ ᠲᠥᠷᠥᠯ ᠵᠦᠢᠯ ᠤᠨ ᠬᠥᠮᠥᠷᠭᠡ ᠪᠣᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠪᠠᠶᠢᠭᠤᠯᠬᠤ ᠪᠠᠷ ᠭᠤᠶᠤᠴᠢᠯᠠᠬᠤ ᠴᠢᠬᠤᠯᠠ ᠪᠦᠬᠦᠢ ᠨᠥᠬᠦᠴᠡᠯ ᠪᠠᠶᠢᠵᠤ᠂ ᠵᠠᠷᠴᠢᠮ ᠳᠡᠭᠡᠷ᠎ᠡ ᠪᠠᠨ ᠠᠵᠢᠯ ᠲᠥᠷᠥᠯ ᠤᠨ ᠲᠥᠷᠥᠯ ᠵᠦᠢᠯ ᠤᠨ ᠬᠥᠮᠥᠷᠭᠡ ᠪᠠᠶᠢᠭᠤᠯᠤᠭᠰᠠᠨ ᠦᠭᠡᠢ ᠪᠣᠯ ᠰᠠᠭᠤᠷᠢ ᠮᠦᠩᠭᠦ ᠪᠠᠶᠢᠭᠤᠯᠬᠤ ᠭᠤᠶᠤᠴᠢᠯᠠᠯ ᠳᠤᠷᠠᠳᠴᠤ ᠪᠣᠯᠬᠤ ᠦᠭᠡᠢ᠃

  ᠠᠷᠪᠠᠳᠤᠭᠠᠷ ᠵᠦᠢᠯ    ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠪᠣᠯᠤᠮᠵᠢᠲᠤ ᠲᠥᠰᠦᠯ ᠳᠤ ᠳᠣᠤᠷᠠᠬᠢ ᠠᠭᠤᠯᠭ᠎ᠠ ᠶᠢ ᠪᠠᠭᠲᠠᠭᠠᠬᠤ ᠬᠡᠷᠡᠭᠲᠡᠶ᠄

  ︵ ᠨᠢᠭᠡ ︶ ᠰᠠᠭᠤᠷᠢ ᠮᠥᠩᠭᠦ ᠪᠠᠶᠢᠭᠤᠯᠬᠤ ᠪᠣᠯᠤᠮᠵᠢᠲᠤ ᠵᠠᠳᠠᠯᠤᠯᠲᠠ ᠶᠢᠨ ᠮᠡᠳᠡᠭᠦᠯᠦᠯᠲᠡ︔

  ︵ ᠬᠤᠶᠠᠷ ︶ ᠵᠠᠰᠠᠭ ᠤᠨ ᠣᠷᠳᠣᠨ ᠤ ᠭᠠᠷᠭᠠᠭᠰᠠᠨ ᠪᠡᠯᠡ ᠶᠢᠨ ᠨᠠᠢᠢᠳᠠᠯᠭ᠎ᠠ ᠬᠦᠯᠢᠶᠡᠬᠦ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠰᠤᠩᠭᠤᠭᠤᠯᠢ ᠳᠤ ᠦᠷᠢᠰᠦᠯᠳᠦᠬᠦ ᠲᠥᠰᠦᠯ︔

  ︵ ᠭᠤᠷᠪᠠ ︶ ᠰᠠᠭᠤᠷᠢ ᠮᠥᠩᠭᠦ ᠬᠠᠮᠢᠶᠠᠷᠤᠭᠴᠢ ᠶᠢᠨ ᠰᠤᠩᠭᠤᠭᠤᠯᠢ ᠳᠤ ᠦᠷᠢᠰᠦᠯᠳᠦᠬᠦ ᠲᠥᠰᠥᠯ︔

  ︵ ᠲᠦᠷᠪᠡ ︶ ᠰᠠᠭᠤᠷᠢ ᠮᠦᠩᠭᠦ ᠶᠢ ᠨᠠᠶᠢᠳᠠᠯᠭ᠎ᠠ ᠪᠠᠷ ᠬᠠᠮᠢᠶᠠᠷᠤᠭᠴᠢ ᠶᠢᠨ ᠰᠤᠩᠭᠤᠭᠤᠯᠢ ᠳᠤ ᠦᠷᠢᠰᠦᠯᠳᠦᠬᠦ ᠲᠥᠰᠥᠯ︔

  ︵ ᠲᠠᠪᠤ ︶ ᠰᠠᠭᠤᠷᠢ ᠮᠦᠩᠭᠦᠨ ᠤ ᠳᠦᠷᠢᠮ ᠲᠣᠭᠲᠠᠭᠠᠯ᠂ ᠬᠤᠷᠰᠢᠬᠤ ᠵᠦᠪᠯᠡᠯᠴᠡᠭᠡᠷ ᠪᠤᠶᠤ ᠰᠠᠭᠤᠷᠢ ᠮᠦᠩᠭᠦᠨ ᠤ ᠵᠦᠪᠯᠡᠯᠴᠡᠭᠡᠷ᠂ ᠭᠡᠷ᠎ᠡ ᠵᠡᠷᠭᠡ︔

  ︵ ᠵᠢᠷᠭᠤᠭ᠎ᠠ ︶ ᠠᠵᠢᠯ ᠲᠥᠷᠥᠯ ᠤᠨ ᠲᠥᠷᠥᠯ ᠵᠦᠢᠯ ᠤᠨ ᠬᠥᠮᠥᠷᠭᠡ ᠶᠢᠨ ᠪᠡᠯᠡᠳᠬᠡᠯ ᠲᠥᠷᠥᠯ ᠵᠦᠢᠯ ᠤᠨ ᠲᠤᠳᠤᠷᠬᠠᠢ ᠬᠠᠭᠤᠳᠠᠰᠤ︔

  ︵ ᠳᠤᠯᠤᠭ᠎ᠠ ︶ ᠪᠤᠰᠤᠳ ᠮᠠᠲ᠋ᠧᠷᠢᠶᠠᠯ᠃

  ᠠᠷᠪᠠᠨ ᠨᠢᠭᠡᠳᠦᠭᠡᠷ ᠵᠦᠢᠯ   ᠰᠠᠭᠤᠷᠢ ᠮᠥᠩᠭᠦ ᠶᠢ ᠪᠠᠶᠢᠭᠤᠯᠬᠤ ᠪᠣᠯᠤᠮᠵᠢᠲᠤ ᠵᠠᠳᠠᠯᠤᠯᠲᠠ ᠶᠢᠨ ᠮᠡᠳᠡᠭᠦᠯᠦᠯᠲᠡ ᠶᠢᠨ ᠠᠭᠤᠯᠭ᠎ᠠ ᠳᠤ᠄ ᠰᠠᠭᠤᠷᠢ ᠮᠦᠩᠭᠦᠨ ᠤ ᠨᠡᠷᠡᠶᠢᠳᠦᠯ᠂ ᠪᠠᠶᠢᠭᠤᠯᠬᠤ ᠠᠬᠤᠢ ᠪᠠᠶᠢᠳᠠᠯ᠂ ᠪᠠᠶᠢᠭᠤᠯᠬᠤ ᠶᠢᠨ ᠴᠢᠬᠤᠯᠠ ᠪᠦᠬᠦᠢ ᠴᠢᠨᠠᠷ ᠪᠠ ᠦᠨᠳᠦᠰᠦᠯᠡᠯ᠂ ᠰᠠᠭᠤᠷᠢ ᠮᠥᠩᠭᠦ ᠪᠠᠢᠢᠭᠤᠯᠬᠤ ᠠᠵᠢᠯ ᠳᠤ ᠣᠷᠤᠯᠴᠠᠬᠤ ᠡᠯ᠎ᠡ ᠲᠠᠯ᠎ᠠ ᠶᠢᠨ ᠦᠨᠳᠦᠰᠦᠨ ᠪᠠᠶᠢᠳᠠᠯ᠂ ᠵᠠᠰᠠᠯᠲᠠ ᠶᠢᠨ ᠪᠦᠲᠦᠴᠡ ᠪᠠ ᠵᠣᠬᠢᠶᠠᠨ ᠪᠠᠶᠢᠭᠤᠯᠤᠯᠲᠠ ᠶᠢᠨ ᠪᠦᠷᠢᠯᠳᠦᠴᠡ᠂ ᠲᠦᠷᠦ ᠶᠢᠨ ᠪᠤᠳᠤᠯᠭ᠎ᠠ ᠶᠢᠨ ᠬᠠᠷᠠᠯᠲᠠ᠂ ᠠᠮᠵᠢᠯᠲᠠ ᠪᠦᠲᠦᠮᠵᠢ ᠶᠢᠨ ᠬᠠᠷᠠᠯᠲᠠ᠂ ᠪᠡᠯᠡ ᠣᠷᠣᠭᠤᠯᠤᠯᠲᠠ ᠬᠢᠬᠦ ᠠᠵᠤ ᠦᠢᠯᠡᠰ ᠤᠨ ᠬᠦᠷᠢᠶ᠎ᠡ᠂ ᠬᠠᠷᠠᠯᠲᠠ ᠶᠢᠨ ᠬᠡᠪᠴᠢᠶᠡᠵᠢᠯ᠂ ᠪᠡᠯᠡ ᠴᠤᠭᠯᠠᠭᠤᠯᠬᠤ ᠲᠥᠯᠥᠪᠯᠡᠭᠡ᠂ ᠪᠡᠯᠡ ᠭᠠᠷᠭᠠᠬᠤ ᠲᠥᠰᠦᠯ᠂ ᠪᠡᠯᠡ ᠭᠠᠷᠭᠠᠬᠤ ᠠᠮᠠᠯᠠᠯᠲᠠ᠂ ᠪᠡᠯᠡ ᠣᠷᠣᠭᠤᠯᠬᠤ ᠠᠷᠭ᠎ᠠ ᠮᠠᠶ᠋ᠢᠭ᠂ ᠣᠷᠤᠰᠢᠨ ᠦᠷᠭᠦᠯᠵᠢᠯᠡᠬᠦ ᠴᠠᠭ ᠬᠤᠭᠤᠴᠠᠭ᠎ᠠ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ᠂ ᠤᠷᠮᠠᠰᠢᠭᠤᠯᠬᠤ ᠲᠣᠭᠲᠠᠴᠠ᠂ ᠲᠦᠭᠰᠢᠭᠦᠷᠢ ᠶᠢᠨ ᠰᠡᠷᠭᠡᠢᠢᠯᠡᠯᠲᠡ᠂ ᠠᠯᠳᠠᠭ᠎ᠠ ᠪᠤᠷᠤᠭᠤ ᠶᠢ ᠪᠠᠭᠲᠠᠭᠠᠵᠤ ᠬᠠᠷᠢᠭᠤᠴᠠᠯᠭ᠎ᠠ ᠡᠴᠠ ᠬᠡᠯᠲᠦᠷᠢᠭᠦᠯᠬᠦ ᠲᠦᠷᠢᠮ᠂ ᠪᠤᠴᠠᠭᠠᠵᠤ ᠭᠠᠷᠭᠠᠬᠤ ᠲᠣᠭᠲᠠᠴᠠ᠂ ᠬᠠᠮᠢᠶᠠᠷᠤᠯᠲᠠ ᠶᠢᠨ ᠵᠠᠷᠤᠳᠠᠯ ᠪᠠ ᠠᠰᠢᠭ ᠣᠷᠣᠯᠭ᠎ᠠ ᠶᠢᠨ ᠬᠤᠪᠢᠶᠠᠷᠢᠯᠠᠯᠲᠠ᠂ ᠨᠡᠶᠢᠭᠡᠮ ᠤᠨ ᠬᠦᠷᠦᠩᠭᠡ ᠪᠠ ᠥᠷᠢᠰᠥᠯᠳᠦᠭᠡᠨ ᠤ ᠪᠠᠶᠢᠳᠠᠯ ᠳᠤ ᠦᠵᠡᠭᠦᠯᠬᠦ ᠨᠦᠯᠦᠭᠡᠨ ᠤ ᠵᠠᠳᠠᠯᠤᠯᠲᠠ᠂ ᠵᠢᠱᠢᠭᠰᠡᠨ ᠦᠷ᠎ᠡ ᠪᠦᠲᠦᠮᠵᠢ ᠵᠡᠷᠭᠡ ᠶᠢ ᠪᠠᠭᠲᠠᠭᠠᠬᠤ ᠬᠡᠷᠡᠭᠲᠡᠢ᠃

  ᠠᠷᠪᠠᠨ ᠬᠤᠶᠠᠳᠤᠭᠠᠷ ᠵᠦᠢᠯ   ᠵᠠᠰᠠᠭ ᠤᠨ ᠣᠷᠳᠣᠨ ᠤ ᠭᠠᠷᠭᠠᠭᠰᠠᠨ ᠪᠡᠯᠡ ᠶᠢᠨ ᠨᠠᠢᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ᠂ ᠰᠠᠭᠤᠷᠢ ᠮᠥᠩᠭᠦ ᠬᠠᠮᠢᠶᠠᠷᠤᠭᠴᠢ᠂ ᠰᠠᠭᠤᠷᠢ ᠮᠥᠩᠭᠦ ᠶᠢ ᠨᠠᠶᠢᠳᠠᠯᠭ᠎ᠠ ᠪᠠᠷ ᠬᠠᠮᠢᠶᠠᠷᠤᠭᠴᠢ ᠶᠢᠨ ᠰᠤᠩᠭᠤᠭᠤᠯᠢ ᠳᠤ ᠦᠷᠢᠰᠦᠯᠳᠦᠬᠦ ᠲᠥᠰᠦᠯ ᠤᠨ ᠠᠭᠤᠯᠭ᠎ᠠ ᠳᠤ᠄ ᠰᠣᠩᠭᠤᠭᠤᠯᠢ ᠳᠤ ᠦᠷᠢᠰᠦᠯᠳᠦᠬᠦ ᠬᠡᠯᠪᠡᠷᠢ ᠠᠷᠭ᠎ᠠ ᠮᠠᠶ᠋ᠢᠭ᠂ ᠰᠤᠩᠭᠤᠭᠤᠯᠢ ᠳᠤ ᠦᠷᠢᠰᠦᠯᠳᠦᠭᠴᠢ ᠶᠢᠨ ᠬᠢᠷᠢ ᠭᠡᠮ ᠤᠨ ᠨᠥᠬᠦᠴᠡᠯ᠂ ᠰᠤᠩᠭᠤᠭᠤᠯᠢ ᠶᠢᠨ ᠦᠷᠢᠰᠦᠯᠳᠦᠭᠡᠨ ᠢ ᠦᠨᠡᠯᠡᠬᠦ ᠠᠷᠭ᠎ᠠ ᠵᠡᠷᠭᠡ ᠪᠠᠭᠲᠠᠨ᠎ᠠ᠃ ᠰᠤᠩᠭᠤᠭᠤᠯᠢ ᠶᠢᠨ ᠦᠷᠢᠰᠦᠯᠳᠦᠭᠡᠨ ᠢ ᠦᠨᠡᠯᠡᠬᠦ ᠠᠷᠭ᠎ᠠ ᠶᠢᠨ ᠠᠭᠤᠯᠭ᠎ᠠ ᠳᠤ ᠬᠠᠮᠢᠶᠠᠷᠤᠯᠲᠠ ᠶᠢᠨ ᠵᠠᠷᠤᠳᠠᠯ ᠤᠨ ᠨᠣᠷᠮ᠎ᠠ᠂ ᠳᠠᠭᠠᠵᠤ ᠤᠷᠤᠭᠤᠯᠤᠯᠲᠠ ᠬᠢᠬᠦ ᠬᠠᠷᠢᠴᠠᠯ᠂ ᠠᠵᠢᠯ ᠤᠨ ᠠᠮᠵᠢᠯᠲᠠ ᠪᠦᠲᠦᠮᠵᠢ ᠵᠡᠷᠭᠡ ᠬᠦᠴᠦᠨ ᠵᠦᠢᠯ ᠢ ᠪᠠᠭᠲᠠᠭᠠᠬᠤ ᠬᠡᠷᠡᠭᠲᠡᠶ᠃


  ᠭᠤᠷᠪᠠᠳᠤᠭᠠᠷ ᠪᠦᠯᠦᠭ    ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠵᠢ ᠪᠠᠶᠢᠭᠤᠯᠬᠤ


  ᠠᠷᠪᠠᠨ ᠭᠤᠷᠪᠠᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠠᠳᠠᠯᠢ ᠨᠢᠭᠡᠨ ᠬᠦᠷᠢᠶ᠎ᠡ ᠪᠤᠶᠤ ᠠᠵᠢᠯ ᠲᠥᠷᠥᠯ ᠳᠤ ᠡᠬᠡ ᠰᠠᠭᠤᠷᠢ ᠮᠥᠩᠭᠦ ᠶᠢ ᠳᠠᠪᠬᠤᠷᠳᠠᠭᠤᠯᠤᠨ ᠪᠠᠶᠢᠭᠤᠯᠵᠤ ᠪᠣᠯᠬᠤ ᠦᠭᠡᠶ᠃

  ᠡᠳ᠋ ᠤᠨ ᠵᠠᠰᠠᠭ ᠡᠴᠠ ᠪᠡᠯᠡ ᠭᠠᠷᠭᠠᠵᠤ ᠰᠠᠭᠤᠷᠢ ᠮᠥᠩᠭᠦ ᠪᠠᠢᠢᠭᠤᠯᠬᠤ ᠪᠤᠶᠤ ᠪᠡᠯᠡ ᠮᠦᠩᠭᠦ ᠳᠠᠩᠰᠠᠯᠠᠭᠤᠯᠬᠤ ᠳᠤ ᠡᠷᠬᠡᠪᠰᠢ ᠴᠢᠩᠭ᠎ᠠ ᠬᠢᠨᠠᠨ ᠬᠠᠷᠭᠤᠭᠤᠯᠵᠤ᠂ ᠣᠨ ᠤ ᠲᠥᠰᠦᠪ ᠤᠨ ᠬᠠᠮᠢᠶᠠᠷᠤᠯᠲᠠ ᠳᠤ ᠣᠷᠣᠭᠤᠯᠤᠨ᠂ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠶᠤ ᠲᠡᠭᠦᠨ ᠤ ᠪᠠᠶᠢᠩᠭᠤ ᠶᠢᠨ ᠬᠤᠷᠢᠶ᠎ᠠ ᠳᠤ ᠮᠡᠳᠡᠭᠦᠯᠦᠨ ᠬᠦᠷᠭᠡᠵᠦ ᠵᠥᠪᠰᠢᠶᠡᠷᠡᠭᠦᠯᠬᠦ ᠬᠡᠷᠡᠭᠲᠡᠶ︔ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠠᠢᠢᠪᠠᠯ᠂ ᠰᠠᠭᠤᠷᠢ ᠮᠦᠩᠭᠦᠨ ᠤ ᠪᠡᠯᠡ ᠣᠷᠣᠭᠤᠯᠤᠯᠲᠠ ᠶᠢᠨ ᠠᠬᠢᠴᠠ ᠶᠢ ᠦᠨᠳᠦᠰᠦᠯᠡᠨ ᠣᠨ ᠬᠤᠪᠢᠶᠠᠨ ᠲᠣᠬᠢᠷᠠᠭᠤᠯᠬᠤ ᠬᠡᠷᠡᠭᠲᠡᠶ᠃ ᠰᠠᠭᠤᠷᠢ ᠮᠥᠩᠭᠦ ᠪᠠᠶᠢᠭᠤᠯᠬᠤ ᠳᠤ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠶᠢ ᠭᠦᠢᠴᠡᠳ ᠪᠣᠳᠣᠯᠬᠢᠯᠠᠵᠤ᠂ ᠰᠠᠭᠤᠷᠢ ᠮᠦᠩᠭᠦᠨ ᠤ ᠬᠡᠪᠴᠢᠶᠡᠵᠢᠯ ᠪᠣᠯᠤᠨ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠵᠦᠢ ᠵᠣᠬᠢᠰᠲᠠᠶ ᠲᠣᠭᠲᠠᠭᠠᠬᠤ ᠬᠡᠷᠡᠭᠲᠡᠶ᠃ ᠣᠨ ᠤ ᠲᠥᠰᠦᠪ ᠤᠨ ᠳᠣᠲᠣᠷ᠎ᠠ᠂︽ ᠭᠤᠷᠪᠠ ᠶᠢ ᠪᠠᠲᠤᠯᠠᠬᠤ ︾᠂ ᠥᠷᠢ ᠥᠭᠴᠡᠭᠡᠨ ᠤ ᠬᠦᠦ ᠮᠥᠩᠭᠦ ᠶᠢ ᠲᠦᠯᠦᠬᠦ ᠵᠡᠷᠭᠡ ᠵᠠᠪᠠᠯ ᠪᠠᠲᠤᠯᠠᠬᠤ ᠵᠠᠷᠤᠯᠭ᠎ᠠ ᠶᠢ ᠲᠤᠭ᠎ᠠ ᠶᠤᠰᠤᠭᠠᠷ ᠭᠦᠢᠴᠡᠳ ᠪᠠᠲᠤᠯᠠᠭᠰᠠᠨ ᠦᠭᠡᠶ ᠭᠠᠵᠠᠷ ᠣᠷᠣᠨ ᠳᠤ ᠪᠡᠯᠡ ᠮᠥᠩᠭᠦ ᠲᠣᠬᠢᠷᠠᠭᠤᠯᠤᠨ ᠰᠠᠭᠤᠷᠢ ᠮᠥᠩᠭᠦ ᠶᠢ ᠰᠢᠨ᠎ᠡ ᠪᠠᠷ ᠪᠠᠢᠢᠭᠤᠯᠵᠤ ᠪᠣᠯᠬᠤ ᠦᠭᠡᠶ᠃

  ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠠᠷᠢᠶ᠎ᠠ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶᠢᠭᠤᠯᠤᠮᠵᠢ ᠶᠢᠨ ᠪᠡᠯᠡ ᠭᠠᠷᠭᠠᠵᠤ ᠪᠠᠶᠢᠭᠤᠯᠤᠭᠰᠠᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠤ ᠲᠣᠭᠲᠠᠭᠠᠯ ᠶᠣᠰᠣᠭᠠᠷ ᠤᠯᠤᠰ ᠤᠨ ᠡᠯ᠎ᠡ ᠶᠠᠮᠤᠨ ᠵᠥᠪᠯᠡᠯ ᠪᠤᠶᠤ ᠰᠢᠭᠤᠳ ᠬᠠᠷᠢᠶ᠎ᠠ ᠪᠠᠶᠢᠭᠤᠯᠤᠮᠵᠢ ᠶᠢᠨ ᠪᠠᠶᠢᠭᠤᠯᠤᠭᠰᠠᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠡᠬᠡ ᠰᠠᠭᠤᠷᠢ ᠮᠥᠩᠭᠦ ᠶᠢ ᠨᠢ ᠴᠢᠷᠮᠠᠶᠢᠨ ᠣᠯᠵᠤ ᠪᠠᠶᠢᠭᠠᠳ ᠪᠡᠯᠡ ᠣᠷᠣᠭᠤᠯᠬᠤ᠂ ᠬᠤᠪᠢ ᠣᠷᠣᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠪᠠᠶᠢᠭᠤᠯᠵᠤ ᠪᠣᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ ᠬᠤᠲᠠ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ ᠨᠢ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠨ ᠲᠤᠰ ᠭᠠᠵᠠᠷ ᠣᠷᠣᠨ ᠤ ᠪᠠᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠲᠤᠭ᠎ᠠ ᠬᠡᠮᠵᠢᠶ᠎ᠡ ᠶᠢ ᠬᠢᠵᠠᠭᠠᠷᠯᠠᠵᠤ ᠪᠣᠯᠤᠨ᠎ᠠ᠃

  ᠠᠷᠪᠠᠨ ᠳᠥᠷᠪᠡᠳᠦᠭᠡᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠭᠠᠷᠭᠠᠭᠰᠠᠨ ᠪᠡᠯᠡ ᠶᠢ ᠨᠢ ᠨᠤᠲᠠᠯᠠᠨ ᠲᠣᠭᠲᠠᠭᠠᠬᠤ᠂ ᠰᠠᠯᠠᠭ᠎ᠠ ᠮᠥᠴᠢᠷ ᠠᠩᠬᠠᠨ ᠤ ᠬᠢᠨᠠᠯᠲᠠ ᠬᠢᠬᠦ᠂ ᠵᠠᠰᠠᠭ ᠤᠨ ᠣᠷᠳᠣᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠶᠣᠰᠣᠭᠠᠷ ᠪᠠᠶᠢᠭᠤᠯᠤᠨ᠎ᠠ᠃

  ︵ ᠨᠢᠭᠡ ︶ ᠭᠠᠷᠭᠠᠭᠰᠠᠨ ᠪᠡᠯᠡ ᠶᠢ ᠨᠢ ᠨᠤᠲᠠᠯᠠᠨ ᠲᠣᠭᠲᠠᠭᠠᠬᠤ᠃ ᠰᠠᠭᠤᠷᠢ ᠮᠥᠩᠭᠦ ᠪᠠᠶᠢᠭᠤᠯᠬᠤ ᠰᠠᠯᠠᠭ᠎ᠠ ᠮᠥᠴᠢᠷ ᠨᠢ ᠲᠤᠰ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠪᠡᠯᠡ ᠮᠥᠩᠭᠦ ᠬᠡᠷᠡᠭᠰᠡᠬᠦ ᠬᠡᠷᠡᠭᠴᠡᠭᠡ ᠱᠠᠭᠠᠷᠳᠠᠯᠭ᠎ᠠ ᠪᠠᠨ ᠳᠤᠷᠠᠳᠴᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠡᠴᠠ ᠵᠠᠰᠠᠭ ᠤᠨ ᠣᠷᠳᠣᠨ ᠡᠴᠠ ᠪᠡᠯᠡ ᠭᠠᠷᠭᠠᠬᠤ ᠲᠣᠬᠢᠷᠠᠭᠤᠯᠤᠯᠲᠠ ᠶᠢ ᠨᠤᠲᠠᠯᠠᠨ ᠲᠣᠭᠲᠠᠭᠠᠨ᠎ᠠ᠃

  ︵ ᠬᠤᠶᠠᠷ ︶ ᠰᠠᠯᠠᠭ᠎ᠠ ᠮᠥᠴᠢᠷ ᠦᠨ ᠬᠢᠨ ᠠᠩᠬᠠᠨ ᠤ ᠬᠢᠨᠠᠯᠲᠠ ᠬᠢᠬᠦ᠃ ᠰᠠᠭᠤᠷᠢ ᠮᠥᠩᠭᠦ ᠪᠠᠶᠢᠭᠤᠯᠬᠤ ᠰᠠᠯᠠᠭ᠎ᠠ ᠮᠥᠴᠢᠷ ᠨᠢ ᠲᠤᠰ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠤ ᠰᠠᠭᠤᠷᠢ ᠮᠦᠩᠭᠦᠨ ᠤ ᠳᠦᠷᠢᠮ ᠲᠣᠭᠲᠠᠭᠠᠯ ᠵᠡᠷᠭᠡ ᠮᠡᠳᠡᠭᠦᠯᠦᠨ ᠵᠥᠪᠰᠢᠶᠡᠷᠡᠭᠦᠯᠬᠦ ᠮᠠᠲ᠋ᠧᠷᠢᠶᠠᠯ ᠢᠶᠠᠨ ᠳᠡᠪᠰᠢᠭᠦᠯᠦᠨ ᠲᠤᠰᠢᠶᠠᠵᠤ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠰᠠᠭᠤᠷᠢ ᠮᠦᠩᠭᠦᠨ ᠤ ᠪᠡᠯᠡ ᠣᠷᠣᠭᠤᠯᠤᠯᠲᠠ ᠶᠢᠨ ᠬᠦᠷᠢᠶᠡᠨ ᠤ ᠠᠵᠤ ᠦᠢᠯᠡᠰ ᠤᠨ ᠲᠣᠭᠲᠠᠭᠠᠯ ᠳᠤ ᠨᠡᠶᠢᠴᠡᠬᠦ ᠴᠢᠨᠠᠷ ᠪᠣᠯᠤᠨ ᠮᠡᠳᠡᠭᠦᠯᠦᠨ ᠵᠥᠪᠰᠢᠶᠡᠷᠡᠭᠦᠯᠬᠦ ᠮᠠᠲ᠋ᠧᠷᠢᠶᠠᠯ ᠤᠨ ᠪᠦᠷᠢᠨ ᠭᠦᠢᠴᠡᠳ ᠴᠢᠨᠠᠷ ᠲᠤ ᠠᠩᠬᠠᠨ ᠤ ᠬᠢᠨᠠᠯᠲᠠ ᠬᠢᠬᠦ ᠬᠡᠷᠡᠭᠲᠡᠶ᠃ ᠴᠢᠬᠤᠯᠠ ᠲᠠᠢ ᠦᠶ᠎ᠡ ᠳᠤ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠤᠷᠢᠵᠤ ᠨᠤᠲᠠᠯᠠᠯᠲᠠ ᠳᠤ ᠣᠷᠣᠯᠴᠠᠭᠤᠯᠵᠤ ᠪᠣᠯᠤᠨ᠎ᠠ᠃

  ︵ ᠭᠤᠷᠪᠠ ︶ ᠵᠠᠰᠠᠭ ᠤᠨ ᠣᠷᠳᠣᠨ ᠰᠢᠢᠳᠪᠦᠷᠢᠲᠦ ᠪᠣᠳᠣᠯᠭ᠎ᠠ ᠲᠣᠭᠲᠠᠭᠠᠬᠤ᠃ ᠡᠳ᠋ ᠤᠨ ᠵᠠᠰᠠᠭ ᠤᠨ ᠰᠠᠯᠠᠭ᠎ᠠ ᠮᠥᠴᠢᠷ ᠪᠤᠶᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠰᠠᠭᠤᠷᠢ ᠮᠥᠩᠭᠦ ᠪᠠᠶᠢᠭᠤᠯᠬᠤ ᠰᠠᠯᠠᠭ᠎ᠠ ᠮᠥᠴᠢᠷ ᠲᠠᠢ ᠬᠠᠮᠲᠤᠷᠠᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠵᠦ ᠵᠥᠪᠰᠢᠶᠡᠷᠡᠭᠦᠯᠬᠦ ᠬᠡᠷᠡᠭᠲᠡᠶ᠃

  ᠠᠷᠪᠠᠨ ᠲᠠᠪᠤᠳᠤᠭᠠᠷ ᠵᠦᠢᠯ   ᠡᠯ᠎ᠡ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠠᠷᠢᠶ᠎ᠠ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶᠢᠭᠤᠯᠤᠮᠵᠢ ᠶᠢᠨ ᠵᠠᠰᠠᠭ ᠤᠨ ᠣᠷᠳᠣᠨ ᠤ ᠪᠡᠯᠡ ᠭᠠᠷᠭᠠᠵᠤ ᠪᠠᠶᠢᠭᠤᠯᠤᠭᠰᠠᠨ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠮᠠᠲ᠋ᠧᠷᠢᠶᠠᠯ ᠤᠨ ᠪᠦᠷᠢᠨ ᠭᠦᠢᠴᠡᠳ ᠴᠢᠨᠠᠷ ᠪᠠ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠢᠢᠴᠡᠬᠦ ᠴᠢᠨᠠᠷ ᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠡᠭᠦᠨ ᠳᠤ ᠳᠣᠤᠷᠠᠬᠢ ᠪᠠᠶᠢᠳᠠᠯ ᠢ ᠪᠠᠭᠲᠠᠭᠠᠬᠤ ᠦᠭᠡᠶ᠄

  ︵ ᠨᠢᠭᠡ ︶ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠠᠷᠢᠶ᠎ᠠ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶᠢᠭᠤᠯᠤᠮᠵᠢ ᠶᠢᠨ ᠭᠠᠷᠭᠠᠭᠰᠠᠨ ᠪᠡᠯᠡ ᠶᠢᠨ ᠲᠤᠭ᠎ᠠ ᠨᠢ ᠠᠷᠠᠳ ᠤᠨ ᠵᠣᠭᠤᠰ ᠢᠶᠠᠷ 50 ᠳ᠋ᠦᠩᠰᠢᠭᠤᠷ ᠲᠥᠭᠦᠷᠢᠭ ︵ ᠪᠤᠶᠤ ᠲᠡᠩᠴᠡᠭᠦᠦ ᠥᠷᠲᠡᠭ ᠲᠠᠢ ᠭᠠᠳᠠᠭᠠᠳᠤ ᠶᠢᠨ ᠵᠣᠭᠤᠰ ︶ ᠵᠢᠴᠢ ᠲᠡᠭᠦᠨ ᠡᠴᠠ ᠳᠡᠭᠡᠭᠰᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠡᠴᠠ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ ᠬᠦᠷᠭᠡᠵᠦ ᠮᠠᠲ᠋ᠧᠷᠢᠶᠠᠯ ᠤᠨ ᠪᠦᠷᠢᠨ ᠭᠦᠢᠴᠡᠳ ᠴᠢᠨᠠᠷ ᠪᠠ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠴᠢᠨᠠᠷ ᠲᠤ ᠬᠢᠨᠠᠨ ᠪᠠᠶᠢᠴᠠᠭᠠᠯᠲᠠ ᠬᠢᠯᠭᠡᠨ᠎ᠡ︔

  ︵ ᠬᠤᠶᠠᠷ ︶ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠠᠷᠢᠶ᠎ᠠ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶᠢᠭᠤᠯᠤᠮᠵᠢ ᠶᠢᠨ ᠭᠠᠷᠭᠠᠭᠰᠠᠨ ᠪᠡᠯᠡ ᠶᠢᠨ ᠲᠤᠭ᠎ᠠ ᠨᠢ ᠠᠷᠠᠳ ᠤᠨ ᠵᠣᠭᠤᠰ ᠢᠶᠠᠷ 50 ᠳ᠋ᠦᠩᠰᠢᠭᠤᠷ ᠲᠥᠭᠦᠷᠢᠭ ︵ ᠪᠤᠶᠤ ᠲᠡᠩᠴᠡᠭᠦᠦ ᠥᠷᠲᠡᠭ ᠲᠠᠢ ᠭᠠᠳᠠᠭᠠᠳᠤ ᠶᠢᠨ ᠵᠣᠭᠤᠰ ︶ ᠡᠴᠠ ᠳᠣᠣᠷ᠎ᠠ᠂ ᠠᠷᠠᠳ ᠤᠨ ᠵᠣᠭᠤᠰ ᠢᠶᠠᠷ 20 ᠳ᠋ᠦᠩᠰᠢᠭᠤᠷ ᠲᠦᠭᠦᠷᠢᠭ ︵ ᠪᠤᠶᠤ ᠲᠡᠩᠴᠡᠭᠦᠦ ᠥᠷᠲᠡᠭ ᠲᠠᠢ ᠭᠠᠳᠠᠭᠠᠳᠤ ᠶᠢᠨ ᠵᠣᠭᠤᠰ ︶ ᠵᠢᠴᠢ ᠲᠡᠭᠦᠨ ᠡᠴᠠ ᠳᠡᠭᠡᠭᠰᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠡᠴᠠ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠢᠢᠴᠡᠬᠦ ᠴᠢᠨᠠᠷ ᠪᠠ ᠳᠦᠷᠢᠮ ᠲᠣᠭᠲᠠᠭᠠᠯ ᠵᠡᠷᠭᠡ ᠮᠠᠲ᠋ᠧᠷᠢᠶᠠᠯ ᠤᠨ ᠪᠦᠷᠢᠨ ᠭᠦᠢᠴᠡᠳ ᠴᠢᠨᠠᠷ ᠲᠤ ᠬᠢᠨᠠᠨ ᠪᠠᠶᠢᠴᠠᠭᠠᠯᠲᠠ ᠬᠢᠬᠦ ᠠᠵᠢᠯ ᠢ ᠬᠠᠷᠢᠭᠤᠴᠠᠨ᠎ᠠ᠃

  ᠠᠷᠪᠠᠨ ᠵᠢᠷᠭᠤᠳᠣᠭᠠᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠥᠯᠳᠡ ᠶᠢᠨ ᠰᠠᠭᠤᠷᠢ ᠮᠦᠡᠭᠬᠦ ᠶᠢ ᠪᠠᠶᠢᠭᠤᠯᠬᠤ ᠪᠠᠷ ᠲᠣᠰ ᠱᠠᠳᠣᠨ ᠤ ᠠᠷᠡᠳ ᠤᠨ ᠵᠠᠰᠠᠭ ᠤᠨ ᠣᠷᠳᠣᠨ ᠳᠤ ᠮᠡᠳᠡᠬᠦᠯᠦᠨ ᠵᠦᠪᠰᠢᠶᠡᠷᠡᠬᠦᠯᠬᠦ ᠳᠤ ᠪᠠᠨ ᠲᠣᠣᠷᠡᠬᠢ ᠮᠡᠲ᠋ᠧᠷᠢᠶᠡᠯ ᠤᠳ ᠢ ᠲᠤᠰᠢᠶᠠᠬᠤ ᠭᠡᠷᠡᠭᠳᠡᠢ᠄

  ︵ ᠨᠢᠭᠡ ︶ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠭᠤᠶᠤᠴᠢᠯᠠᠨ ᠪᠠᠶᠢᠭᠤᠯᠬᠤ ᠪᠠᠷ ᠵᠢᠭᠠᠪᠤᠷᠢ ᠠᠪᠬᠤ︔

  ︵ ᠬᠤᠶᠠᠷ ︶ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠪᠣᠯᠤᠮᠵᠢᠲᠤ ᠲᠥᠰᠦᠯ︔

  ︵ ᠭᠤᠷᠪᠠ ︶ ᠪᠤᠰᠤᠳ ᠮᠠᠲ᠋ᠧᠷᠢᠶᠠᠯ᠃

  ᠠᠷᠪᠠᠨ ᠳᠣᠯᠣᠳᠤᠭᠠᠷ ᠵᠦᠢᠯ   ᠡᠯ᠎ᠡ ᠠᠶᠢᠮᠠᠭ ᠬᠤᠲᠠ᠂ ᠬᠤᠰᠢᠭᠤ ᠰᠢᠶᠠᠨ ︵ ᠬᠤᠲᠠ᠂ ᠲᠣᠭᠤᠷᠢᠭ ︶ ᠳᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠡᠬᠡ ᠰᠠᠭᠤᠷᠢ ᠮᠥᠩᠭᠦ ᠶᠢ ᠪᠠᠶᠢᠭᠤᠯᠬᠤ ᠳᠤ ᠡᠷᠬᠡᠪᠰᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ 30 ᠠᠵᠢᠯᠯᠠᠬᠤ ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃


  ᠳᠥᠷᠪᠡᠳᠦᠭᠡᠷ ᠪᠦᠯᠦᠭ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠴᠤᠭᠯᠠᠭᠤᠯᠬᠤ ᠪᠠ ᠳᠠᠩᠰᠠᠯᠠᠨ ᠲᠡᠮᠲᠡᠭᠯᠡᠵᠦ ᠬᠠᠮᠢᠶᠠᠷᠬᠤ


  ᠠᠷᠪᠠᠨ ᠨᠠᠢᠮᠠᠳᠤᠭᠠᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠨᠡᠶᠢᠭᠡᠮ ᠤᠨ ᠪᠡᠯᠡ ᠮᠥᠩᠭᠦ ᠶᠢᠨ ᠬᠡᠰᠡᠭ ᠲᠤ ᠪᠣᠯ ᠢᠯᠡ ᠪᠣᠯᠭᠠᠯᠲᠠ ᠶᠢᠨ ᠪᠤᠰᠤ ᠠᠷᠭ᠎ᠠ ᠮᠠᠶ᠋ᠢᠭ ᠠᠪᠴᠤ ᠲᠦᠭᠰᠢᠭᠦᠷᠢ ᠶᠢ ᠢᠯᠭᠠᠨ ᠲᠠᠨᠢᠬᠤ ᠴᠢᠳᠠᠪᠤᠷᠢ ᠪᠠ ᠲᠦᠭᠰᠢᠭᠦᠷᠢ ᠶᠢ ᠳᠠᠭᠠᠭᠠᠬᠤ ᠴᠢᠳᠠᠪᠤᠷᠢ ᠲᠠᠢ ᠬᠢᠷᠢ ᠲᠡᠩᠴᠡᠭᠰᠡᠨ ᠣᠨᠴᠠ ᠨᠢᠭᠡᠨ ᠪᠡᠯᠡ ᠣᠷᠣᠭᠤᠯᠤᠭᠴᠢ ᠳᠤ ᠬᠠᠨᠳᠤᠭᠤᠯᠤᠨ ᠵᠣᠭᠤᠰ ᠴᠤᠭᠯᠠᠭᠤᠯᠵᠤ᠂ ᠴᠤᠭᠯᠠᠭᠤᠯᠬᠤ ᠦᠢᠯᠡ ᠠᠵᠢᠯᠯᠠᠭ᠎ᠠ ᠨᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠣᠭᠲᠠᠭᠠᠯ ᠳᠤ ᠨᠡᠢᠢᠴᠡᠬᠦ ᠬᠡᠷᠡᠭᠲᠡᠶ᠃

  ᠠᠷᠪᠠ ᠶᠢᠰᠦᠳᠦᠭᠡᠷ ᠵᠦᠢᠯ   ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠠᠷᠢᠶ᠎ᠠ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶᠢᠭᠤᠯᠤᠮᠵᠢ ᠡᠴᠠ ᠪᠡᠯᠡ ᠭᠠᠷᠭᠠᠵᠤ ᠪᠠᠶᠢᠭᠤᠯᠤᠭᠰᠠᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠴᠤᠭᠯᠠᠭᠤᠯᠵᠤ ᠳᠠᠭᠤᠰᠤᠭᠰᠠᠨ ᠤ ᠳᠠᠷᠠᠭ᠎ᠠ 20 ᠠᠵᠢᠯᠯᠠᠬᠤ ᠡᠳᠦᠷ ᠤᠨ ᠳᠣᠲᠣᠷ᠎ᠠ᠂ ᠰᠠᠭᠤᠷᠢ ᠮᠥᠩᠭᠦ ᠬᠠᠮᠢᠶᠠᠷᠤᠭᠴᠢ ᠡᠴᠠ ᠪᠦᠬᠦ ᠤᠯᠤᠰ ᠤᠨ ᠵᠠᠰᠠᠭ ᠤᠨ ᠣᠷᠳᠣᠨ ᠤ ᠪᠡᠯᠡ ᠭᠠᠷᠭᠠᠭᠰᠠᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠳᠠᠩᠰᠠᠯᠠᠨ ᠲᠡᠮᠲᠡᠭᠯᠡᠬᠦ ᠰᠢᠰᠲ᠋ᠧᠮ ᠳᠤ ᠳᠠᠩᠰᠠᠯᠠᠭᠤᠯᠬᠤ ᠬᠡᠷᠡᠭᠲᠡᠶ᠃

  ᠬᠤᠷᠢᠳᠤᠭᠠᠷ ᠵᠦᠢᠯ    ᠬᠤᠪᠢ ᠪᠠᠷ ᠢᠶᠠᠨ ᠵᠤᠭᠤᠰ ᠴᠤᠭᠯᠠᠭᠤᠯᠬᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠬᠡᠯᠪᠡᠷᠢ ᠪᠠᠷ ᠰᠲ᠋ᠣᠺ ᠤᠨ ᠡᠷᠬᠡ ᠵᠢᠨ ᠪᠡᠯᠡ ᠣᠷᠣᠭᠤᠯᠤᠯᠲᠠ᠂ ᠪᠡᠯᠡ ᠣᠷᠣᠭᠤᠯᠤᠯᠲᠠ ᠶᠢᠨ ᠬᠠᠮᠢᠶᠠᠷᠤᠯᠲᠠ᠂ ᠡᠳ᠋ ᠬᠥᠷᠥᠩᠭᠡ ᠶᠢᠨ ᠬᠠᠮᠢᠶᠠᠷᠤᠯᠲᠠ ᠬᠢᠵᠦ ᠪᠠᠶᠢᠭ᠎ᠠ ᠰᠠᠭᠤᠷᠢ ᠮᠥᠩᠭᠦ ᠶᠢ ᠴᠤᠭᠯᠠᠭᠤᠯᠵᠤ ᠳᠠᠭᠤᠰᠤᠭᠰᠠᠨ ᠤ ᠳᠠᠷᠠᠭ᠎ᠠ 20 ᠠᠵᠢᠯᠯᠠᠬᠤ ᠡᠳᠦᠷ ᠤᠨ ᠳᠣᠲᠣᠷ᠎ᠠ᠂ ᠰᠠᠭᠤᠷᠢ ᠮᠥᠩᠭᠦ ᠬᠠᠮᠢᠶᠠᠷᠤᠭᠴᠢ ᠡᠴᠠ ᠳᠤᠮᠳᠠᠳᠤ ᠤᠯᠤᠰ ᠤᠨ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠠᠵᠢᠯ ᠲᠦᠷᠦᠯ ᠤᠨ ᠨᠡᠶᠢᠭᠡᠮᠯᠢᠭ ᠲᠤ ᠬᠠᠮᠢᠶ᠎ᠠ ᠪᠦᠬᠦᠢ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠵᠦ ᠰᠠᠭᠤᠷᠢ ᠮᠥᠩᠭᠦ ᠶᠢ ᠪᠦᠷᠢᠳᠭᠡᠨ ᠳᠠᠩᠰᠠᠯᠠᠭᠤᠯᠬᠤ ᠬᠡᠷᠡᠭᠲᠡᠶ᠃

  ᠬᠤᠷᠢᠨ ᠨᠢᠭᠡᠳᠦᠭᠡᠷ ᠵᠦᠢᠯ    ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠡᠯᠡ ᠭᠠᠷᠭᠠᠵᠤ ᠪᠠᠶᠢᠭᠤᠯᠤᠭᠰᠠᠨ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠰᠠᠭᠤᠷᠢ ᠮᠥᠩᠭᠦ ᠶᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠨ ᠲᠡᠮᠲᠡᠭᠯᠡᠭᠦᠯᠦᠭᠰᠡᠨ ᠤ ᠳᠠᠷᠠᠭᠠᠬᠢ 10 ᠠᠵᠢᠯᠯᠠᠬᠤ ᠡᠳᠦᠷ ᠤᠨ ᠳᠣᠲᠣᠷ᠎ᠠ᠂ ᠰᠠᠭᠤᠷᠢ ᠮᠥᠩᠭᠦ ᠬᠠᠮᠢᠶᠠᠷᠤᠭᠴᠢ ᠨᠢ ᠲᠤᠰ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠡᠴᠠ ᠡᠳ᠋ ᠤᠨ ᠵᠠᠰᠠᠭ ᠤᠨ ᠶᠠᠮᠤᠨ ᠤ ᠨᠢᠭᠡᠳᠦᠯᠲᠡᠶ ᠮᠡᠳᠡᠭᠦᠯᠬᠦ ᠬᠦᠰᠦᠨᠦᠭᠲᠦ ᠶᠢᠨ ᠰᠢᠰᠲ᠋ᠧᠮ ᠤᠨ ᠳᠠᠩᠰᠠᠨ ᠤ ᠳ᠋ᠤᠭᠠᠷ ᠢ ᠭᠤᠶᠤᠴᠢᠯᠠᠬᠤ ᠬᠡᠷᠡᠭᠲᠡᠶ᠃ ᠭᠤᠶᠤᠴᠢᠯᠠᠯ ᠪᠠᠲᠤᠯᠠᠭᠳᠠᠭᠰᠠᠨ ᠤ ᠳᠠᠷᠠᠭ᠎ᠠ᠂ ᠡᠳ᠋ ᠤᠨ ᠵᠠᠰᠠᠭ ᠤᠨ ᠶᠠᠮᠤᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠤᠯᠠᠷᠢᠯ ᠪᠦᠷᠢ ᠶᠢᠨ ᠳᠠᠭᠤᠰᠤᠭᠰᠠᠨ ᠤ ᠳᠠᠷᠠᠭᠠᠬᠢ 15 ᠡᠳᠦᠷ ᠤᠨ ᠳᠣᠲᠣᠷ᠎ᠠ ᠮᠡᠳᠡᠭᠦᠯᠬᠦ ᠬᠦᠰᠦᠨᠦᠭᠲᠦ ᠶᠢᠨ ᠰᠢᠰᠲ᠋ᠧᠮ ᠢᠶᠠᠷ ᠳᠠᠮᠵᠢᠭᠤᠯᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠠᠵᠢᠯᠯᠠᠭᠠᠨ ᠤ ᠪᠠᠶᠢᠳᠠᠯ ᠢ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃ ᠡᠬᠡ ᠬᠦᠦ ᠰᠠᠭᠤᠷᠢ ᠮᠦᠩᠭᠦᠨ ᠤ ᠪᠦᠷᠢᠯᠳᠦᠴᠡ ᠪᠠᠷ ᠲᠣᠬᠢᠷᠠᠭᠤᠯᠤᠭᠰᠠᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠶᠢ ᠪᠣᠯ᠂ ᠤᠯᠠᠷᠢᠯ ᠢᠶᠠᠷ ᠮᠡᠳᠡᠭᠦᠯᠬᠦ ᠬᠦᠰᠦᠨᠦᠭᠲᠦ ᠶᠢ ᠵᠠᠰᠠᠭ ᠤᠨ ᠣᠷᠳᠣᠨ ᠡᠴᠠ ᠰᠢᠭᠤᠳ ᠪᠠᠯᠠ ᠭᠠᠷᠭᠠᠵᠤ ᠪᠠᠶᠢᠭᠤᠯᠤᠭᠰᠠᠨ ᠡᠬᠡ ᠰᠠᠭᠤᠷᠢ ᠮᠥᠩᠭᠦ ᠪᠠᠷ ᠲᠠᠭᠯᠠᠨ ᠮᠡᠳᠡᠭᠦᠯᠵᠦ᠂ ᠡᠬᠡ ᠰᠠᠭᠤᠷᠢ ᠮᠥᠩᠭᠦ ᠪᠠᠷ ᠬᠤᠪᠢ ᠣᠷᠤᠭᠤᠯᠵᠤ ᠪᠠᠶᠢᠭᠤᠯᠤᠭᠰᠠᠨ ᠬᠦᠦ ᠰᠠᠭᠤᠷᠢ ᠮᠥᠩᠭᠦ ᠶᠢ ᠲᠠᠭᠯᠠᠨ ᠮᠡᠳᠡᠭᠦᠯᠬᠦ ᠴᠢᠬᠤᠯᠠ ᠦᠭᠡᠢ᠃


  ᠲᠠᠪᠤᠳᠤᠭᠠᠷ ᠪᠦᠯᠦᠭ    ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠬᠠᠮᠢᠶᠠᠷᠬᠤ ᠪᠠ ᠨᠠᠶᠢᠳᠠᠨ ᠬᠠᠮᠢᠶᠠᠷᠤᠭᠤᠯᠬᠤ


  ᠬᠤᠷᠢᠨ ᠬᠤᠶᠠᠳᠤᠭᠠᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠤ ᠥᠮᠴᠢᠯᠡᠬᠦ ᠡᠷᠬᠡ᠂ ᠬᠠᠮᠢᠶᠠᠷᠬᠤ ᠡᠷᠬᠡ᠂ ᠨᠠᠶᠢᠳᠠᠨ ᠬᠠᠮᠢᠶᠠᠷᠤᠭᠤᠯᠬᠤ ᠡᠷᠬᠡ ᠶᠢ ᠬᠠᠷᠢᠯᠴᠠᠨ ᠰᠠᠯᠭᠠᠬᠤ ᠲᠤᠰᠠᠭᠠᠷᠯᠠᠬᠤ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠨ᠎ᠡ᠃

  ᠬᠤᠷᠢᠨ ᠭᠤᠷᠪᠠᠳᠤᠭᠠᠷ ᠵᠦᠢᠯ   ᠰᠠᠭᠤᠷᠢ ᠮᠥᠩᠭᠦ ᠪᠠᠢᠢᠭᠤᠯᠤᠭᠰᠠᠨ ᠰᠠᠯᠠᠭ᠎ᠠ ᠮᠥᠴᠢᠷ ᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠵᠠᠰᠠᠭ ᠤᠨ ᠣᠷᠳᠣᠨ ᠤ ᠭᠠᠷᠭᠠᠭᠰᠠᠨ ᠪᠡᠯᠡ ᠶᠢᠨ ᠨᠠᠢᠢᠳᠠᠯᠭ᠎ᠠ ᠬᠦᠯᠢᠶᠡᠬᠦ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠰᠣᠩᠭᠤᠭᠤᠯᠢ ᠳᠤ ᠦᠷᠢᠰᠦᠯᠳᠦᠬᠦ ᠲᠥᠰᠦᠯ ᠢ ᠦᠨᠳᠦᠰᠦᠯᠡᠨ᠂ ᠵᠠᠬ᠎ᠠ ᠳᠡᠯᠭᠡᠭᠦᠷᠴᠢᠯᠡᠯᠲᠡ ᠵᠢᠨ ᠵᠠᠷᠴᠢᠮ ᠶᠣᠰᠣᠭᠠᠷ᠂ ᠨᠠᠶᠢᠳᠠᠯᠭ᠎ᠠ ᠬᠦᠯᠢᠶᠡᠬᠦ ᠬᠠᠮᠢᠶᠠᠷᠤᠯᠲᠠ ᠵᠢᠨ ᠪᠠᠶᠢᠭᠤᠯᠤᠮᠵᠢ ᠶᠢ ᠢᠯᠡ ᠪᠥᠭᠡᠳ ᠭᠤᠤᠯᠴᠢ ᠪᠠᠷ ᠰᠢᠯᠢᠳᠡᠭ ᠢ ᠨᠢ ᠰᠤᠩᠭᠤᠨ ᠲᠣᠭᠲᠠᠭᠠᠵᠤ᠂ ᠰᠠᠭᠤᠷᠢ ᠮᠦᠩᠭᠦ ᠶᠢᠨ ᠡᠷᠬᠡ ᠣᠯᠭᠤᠵᠤ ᠨᠠᠶᠢᠳᠠᠨ ᠬᠠᠮᠢᠶᠠᠷᠤᠭᠤᠯᠬᠤ ᠵᠦᠪᠯᠡᠯᠴᠡᠭᠡᠷ ᠲᠣᠭᠲᠠᠵᠤ᠂ ᠰᠠᠭᠤᠷᠢ ᠮᠦᠩᠭᠦᠨ ᠤ ᠡᠷᠬᠡ ᠣᠯᠭᠤᠬᠤ ᠬᠡᠪᠴᠢᠶᠡᠵᠢᠯ ᠪᠠ ᠡᠭᠦᠷᠭᠡ ᠬᠠᠷᠢᠭᠤᠴᠠᠯᠭ᠎ᠠ ᠶᠢ ᠲᠤᠳᠤᠷᠬᠠᠢᠢᠯᠠᠨ᠂ ᠡᠳᠦᠷ ᠲᠤᠲᠤᠮ ᠤᠨ ᠬᠠᠮᠢᠶᠠᠷᠤᠯᠲᠠ ᠶᠢᠨ ᠵᠠᠷᠤᠳᠠᠯ ᠢ ᠠᠮᠵᠢᠯᠲᠠ ᠪᠦᠲᠦᠮᠵᠢ ᠶᠢᠨ ᠦᠨᠡᠯᠡᠯᠲᠡ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠂ ᠰᠠᠭᠤᠷᠢ ᠮᠥᠩᠭᠦ ᠶᠢᠨ ᠪᠣᠳᠠᠲᠠᠶ ᠠᠵᠢᠯᠯᠠᠭᠠᠨ ᠤ ᠪᠠᠶᠢᠳᠠᠯ ᠵᠡᠷᠭᠡ ᠯᠦᠭᠡ ᠬᠤᠯᠪᠣᠭᠳᠠᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠭᠠᠷᠭᠠᠭᠰᠠᠨ ᠪᠡᠯᠡ ᠶᠢᠨ ᠨᠠᠶᠢᠳᠠᠯᠭ᠎ᠠ ᠬᠦᠯᠢᠶᠡᠬᠦ ᠬᠠᠮᠢᠶᠠᠷᠤᠯᠲᠠ ᠶᠢᠨ ᠪᠠᠶᠢᠭᠤᠯᠤᠮᠵᠢ ᠨᠢ ᠳᠣᠤᠷᠠᠬᠢ ᠦᠨᠳᠦᠰᠦᠨ ᠨᠥᠬᠦᠴᠡᠯ ᠢ ᠪᠦᠷᠢᠳᠦᠭᠦᠯᠬᠦ ᠬᠡᠷᠡᠭᠲᠡᠶ᠄

  ︵ ᠨᠢᠭᠡ ︶ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ︔

  ︵ ᠬᠤᠶᠠᠷ ︶ ᠰᠠᠭᠤᠷᠢ ᠮᠦᠩᠭᠦ ᠶᠢ ᠬᠠᠮᠢᠶᠠᠷᠤᠭᠰᠠᠨ ᠨᠡᠯᠢᠶᠡᠳ ᠪᠠᠶᠠᠯᠢᠭ ᠲᠤᠷᠰᠢᠯᠭ᠎ᠠ ᠪᠠ ᠡᠭᠦᠨ ᠯᠦᠭᠡ ᠵᠣᠬᠢᠴᠠᠭᠰᠠᠨ ᠲᠤᠰᠬᠠᠶ ᠮᠡᠷᠭᠡᠵᠢᠯ ᠤᠨ ᠬᠠᠮᠢᠶᠠᠷᠤᠯᠲᠠ ᠶᠢᠨ ᠪᠦᠯᠬᠦᠮ ᠲᠠᠢ︔

  ︵ ᠭᠤᠷᠪᠠ ︶ ᠦᠨᠡᠨᠴᠢ ᠢᠲᠡᠭᠡᠮᠵᠢᠲᠡᠶ ᠪᠠᠷ ᠡᠵᠡᠩᠨᠡᠵᠦ᠂ ᠬᠠᠤᠯᠢ ᠲᠣᠭᠲᠠᠭᠠᠯ ᠶᠤᠰᠣᠭᠠᠷ ᠠᠵᠢᠯᠯᠠᠭᠤᠯᠵᠤ ᠪᠠᠢᠢᠬᠤ᠃

  ᠬᠤᠷᠢᠨ ᠳᠥᠷᠪᠡᠳᠦᠭᠡᠷ ᠵᠦᠢᠯ    ᠵᠠᠰᠠᠭ ᠤᠨ ᠣᠷᠳᠣᠨ ᠤ ᠪᠡᠯᠡ ᠭᠠᠷᠭᠠᠭᠰᠠᠨ ᠨᠠᠢᠢᠳᠠᠯᠭ᠎ᠠ ᠶᠢ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠳᠣᠤᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠄

  ︵ ᠨᠢᠭᠡ ︶ ᠡᠳ᠋ ᠤᠨ ᠵᠠᠰᠠᠭ ᠤᠨ ᠰᠠᠯᠠᠭ᠎ᠠ ᠮᠦᠴᠢᠷ ᠤᠨ ᠡᠷᠬᠡ ᠣᠯᠭᠤᠯᠲᠠ ᠶᠢ ᠦᠨᠳᠦᠰᠦᠯᠡᠨ ᠵᠠᠰᠠᠭ ᠤᠨ ᠣᠷᠳᠤᠨ ᠤ ᠪᠡᠯᠡ ᠭᠠᠷᠭᠠᠭᠴᠢ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠣᠷᠤᠯᠠᠨ ᠭᠦᠢᠴᠡᠳᠭᠡᠵᠦ᠂ ᠵᠠᠰᠠᠭ ᠤᠨ ᠣᠷᠳᠤᠨ ᠤ ᠭᠠᠷᠭᠠᠭᠰᠠᠨ ᠪᠡᠯᠡ ᠶᠢᠨ ᠲᠤᠰᠬᠠᠢ ᠳᠠᠩᠰᠠᠨ ᠡᠷᠦᠬᠡ ︵ ᠲᠤᠰᠬᠠᠢ ᠳᠠᠩᠰᠠ ︶ ᠶᠢ ᠬᠠᠷᠢᠭᠤᠴᠠᠨ ᠬᠠᠮᠢᠶᠠᠷᠤᠨ᠎ᠠ︔

  ︵ ᠬᠤᠶᠠᠷ ︶ ᠰᠠᠭᠤᠷᠢ ᠮᠦᠩᠭᠦᠨ ᠤ ᠳᠦᠷᠢᠮ ᠲᠣᠭᠲᠠᠭᠠᠯ᠂ ᠬᠤᠷᠰᠢᠬᠤ ᠵᠥᠪᠯᠡᠯᠴᠡᠭᠡᠷ ᠵᠡᠷᠭᠡ ᠬᠠᠮᠢᠶ᠎ᠠ ᠪᠦᠬᠦᠢ ᠳᠦᠷᠢᠮ ᠢ ᠦᠨᠳᠦᠰᠦᠯᠡᠨ᠂ ᠬᠥᠮᠦᠨ ᠲᠣᠮᠢᠯᠠᠨ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠭᠦᠢᠴᠡᠳᠬᠡᠯᠭᠡᠵᠦ᠂ ᠰᠠᠭᠤᠷᠢ ᠮᠦᠩᠭᠦᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠲᠣᠭᠲᠠᠭᠠᠯ ᠳᠤ ᠨᠡᠶᠢᠴᠡᠬᠦ ᠴᠢᠨᠠᠷ ᠢ ᠨᠢ ᠬᠢᠨᠠᠨ ᠬᠠᠷᠭᠤᠭᠤᠯᠵᠤ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠲᠣᠭᠲᠠᠭᠠᠯ ᠡᠴᠠ ᠵᠦᠷᠢᠴᠡᠵᠦ ᠵᠠᠰᠠᠭ ᠤᠨ ᠣᠷᠳᠣᠨ ᠤ ᠪᠡᠯᠡ ᠭᠠᠷᠭᠠᠭᠰᠠᠨ ᠠᠰᠢᠭ ᠲᠤᠰᠠ ᠶᠢ ᠬᠤᠬᠢᠷᠠᠭᠤᠯᠤᠭᠰᠠᠨ᠂ ᠰᠠᠭᠤᠷᠢ ᠮᠦᠩᠭᠦᠨ ᠤ ᠳᠦᠷᠢᠮ ᠲᠣᠭᠲᠠᠭᠠᠯ ᠢ ᠵᠥᠷᠢᠴᠡᠭᠰᠡᠨ ᠵᠢᠴᠢ ᠰᠠᠭᠤᠷᠢ ᠮᠦᠩᠭᠦᠨ ᠤ ᠬᠠᠮᠢᠶ᠎ᠠ ᠪᠦᠬᠦᠢ ᠲᠣᠭᠲᠠᠭᠠᠯ ᠢ ᠵᠥᠷᠢᠴᠡᠭᠰᠡᠨ ᠪᠠᠶᠢᠳᠠᠯ ᠭᠠᠷᠪᠠᠯ᠂ ᠵᠠᠰᠠᠭ ᠤᠨ ᠣᠷᠳᠣᠨ ᠤ ᠭᠠᠷᠭᠠᠭᠰᠠᠨ ᠪᠡᠯᠡ ᠶᠢᠨ ᠨᠠᠢᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠡᠴᠠ ᠲᠤᠰ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠳᠠᠭᠤᠰᠬᠠᠬᠤ ᠪᠠᠷ ᠳᠡᠪᠰᠢᠭᠦᠯᠵᠦ ᠪᠣᠯᠤᠨ᠎ᠠ︔

  ︵ ᠭᠤᠷᠪᠠ ︶ ᠰᠠᠭᠤᠷᠢ ᠮᠥᠩᠭᠦ ᠬᠠᠮᠢᠶᠠᠷᠤᠭᠴᠢ ᠶᠢᠨ ᠣᠨ ᠤ ᠡᠳ᠋ ᠤᠨ ᠶᠠᠪᠤᠳᠠᠯ ᠤᠨ ᠬᠢᠨᠠᠨ ᠪᠣᠳᠣᠬᠤ᠂ ᠰᠢᠯᠭᠠᠨ ᠬᠢᠨᠠᠵᠤ ᠦᠨᠡᠯᠡᠬᠦ ᠵᠡᠷᠭᠡ ᠠᠵᠢᠯ ᠦᠷᠨᠢᠭᠦᠯᠬᠦ ᠶᠢ ᠨᠢ ᠰᠢᠮᠳᠠᠭᠤᠯᠤᠨ᠂ ᠡᠳ᠋ ᠤᠨ ᠵᠠᠰᠠᠭ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠠᠭᠤᠷᠢ ᠮᠦᠩᠭᠦᠨ ᠤ ᠠᠵᠢᠯᠯᠠᠭᠠᠨ ᠤ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠬᠤᠷᠢᠶᠠᠩᠭᠤᠢᠢᠯᠠᠵᠤ ᠮᠡᠳᠡᠭᠦᠯᠦᠨ ᠬᠦᠷᠭᠡᠬᠦ ᠠᠵᠢᠯ ᠢ ᠬᠠᠷᠢᠭᠤᠴᠠᠨ᠎ᠠ︔

  ︵ ᠲᠦᠷᠪᠡ ︶ ᠰᠠᠭᠤᠷᠢ ᠮᠥᠩᠭᠦ ᠪᠠᠢᠢᠭᠤᠯᠤᠭᠰᠠᠨ ᠰᠠᠯᠠᠭ᠎ᠠ ᠮᠥᠴᠢᠷ ᠢ ᠬᠠᠮᠵᠢᠨ ᠰᠠᠭᠤᠷᠢ ᠮᠥᠩᠭᠦ ᠬᠠᠮᠢᠶᠠᠷᠤᠭᠴᠢ ᠳᠤ ᠬᠢᠨᠠᠯᠲᠠ ᠲᠠᠯᠪᠢᠵᠤ᠂ ᠰᠠᠭᠤᠷᠢ ᠮᠥᠩᠭᠦ ᠬᠠᠮᠢᠶᠠᠷᠤᠭᠴᠢ ᠶᠢ ᠰᠢᠮᠳᠠᠭᠤᠯᠵᠤ ᠪᠠᠶᠢᠭᠠᠳ ᠬᠠᠮᠢᠶ᠎ᠠ ᠪᠦᠬᠦᠢ ᠠᠵᠢᠯ ᠢ ᠪᠡᠶᠡᠯᠡᠭᠦᠯᠦᠨ᠎ᠡ᠃

  ᠬᠤᠷᠢᠨ ᠲᠠᠪᠤᠳᠤᠭᠠᠷ ᠵᠦᠢᠯ   ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠳᠤ ᠭᠠᠷᠭᠠᠭᠰᠠᠨ ᠪᠡᠯᠡ ᠶᠢᠨ ᠨᠠᠢᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠡᠳᠦᠷ ᠲᠤᠲᠤᠮ ᠤᠨ ᠬᠠᠮᠢᠶᠠᠷᠤᠯᠲᠠ ᠶᠢᠨ ᠵᠠᠷᠤᠳᠠᠯ ᠥᠭᠴᠦ᠂ ᠬᠠᠮᠢᠶᠠᠷᠤᠯᠲᠠ ᠶᠢᠨ ᠵᠠᠷᠤᠳᠠᠯ ᠢ ᠣᠨ ᠤ ᠲᠥᠰᠦᠪ ᠲᠤ ᠪᠠᠨ ᠣᠷᠣᠭᠤᠯᠵᠤ᠂ ᠰᠠᠭᠤᠷᠢ ᠮᠥᠩᠭᠦ ᠶᠢ ᠰᠢᠯᠭᠠᠨ ᠬᠢᠨᠠᠵᠤ ᠦᠨᠡᠯᠡᠭᠰᠡᠨ ᠦᠷ᠎ᠡ ᠳ᠋ᠦᠩ ᠤᠨ ᠪᠠᠶᠢᠳᠠᠯ ᠢ ᠦᠨᠳᠦᠰᠦᠯᠡᠨ ᠴᠢᠩᠭ᠎ᠠ ᠬᠢᠨᠠᠭᠤᠷ ᠬᠠᠷᠭᠤᠭᠤᠯᠤᠨ ᠲᠣᠭᠲᠠᠭᠠᠵᠤ ᠰᠠᠯᠭᠠᠨ ᠥᠭᠭᠦᠨ᠎ᠡ᠃ ᠬᠠᠮᠢᠶᠠᠷᠤᠯᠲᠠ ᠶᠢᠨ ᠵᠠᠷᠤᠳᠠᠯ ᠢ ᠭᠠᠷᠭᠠᠨ ᠠᠪᠬᠤ ᠰᠠᠭᠤᠷᠢ ᠲᠤᠭ᠎ᠠ ᠨᠢ ᠲᠤᠬᠠᠶ ᠶᠢᠨ ᠵᠢᠯ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠨᠢᠭᠡᠨᠲᠡ ᠪᠡᠯᠡ ᠣᠷᠣᠭᠤᠯᠤᠭᠠᠳ ᠬᠠᠷᠠᠬᠠᠨ ᠬᠤᠷᠢᠶᠠᠨ ᠠᠪᠤᠭᠠᠳᠤᠢ ᠵᠣᠭᠤᠰ ᠤᠨ ᠲᠤᠭ᠎ᠠ ᠪᠠᠢᠢᠵᠤ᠂ ᠵᠠᠷᠤᠳᠠᠯ ᠤᠨ ᠨᠣᠷᠮ᠎ᠠ ᠶᠢ ᠵᠠᠷᠴᠢᠮ ᠳᠡᠭᠡᠷ᠎ᠡ ᠪᠠᠨ 1% ᠡᠴᠠ ᠥᠨᠳᠥᠷ ᠪᠠᠶᠢᠯᠭᠠᠵᠤ ᠪᠣᠯᠬᠤ ᠦᠭᠡᠢ᠃

  ᠬᠤᠷᠢᠨ ᠵᠢᠷᠭᠤᠳᠤᠭᠠᠷ ᠵᠦᠢᠯ   ᠰᠠᠭᠤᠷᠢ ᠮᠥᠩᠭᠦ ᠪᠠᠢᠢᠭᠤᠯᠤᠭᠰᠠᠨ ᠰᠠᠯᠠᠭ᠎ᠠ ᠮᠥᠴᠢᠷ ᠨᠢ ᠲᠥᠪ ᠭᠤᠤᠯᠴᠢ ᠢᠯᠡ ᠪᠠᠢᠢᠯᠭᠠᠬᠤ᠂ ᠰᠢᠯᠢᠳᠡᠭ ᠢ ᠨᠢ ᠰᠣᠩᠭᠤᠬᠤ ᠵᠠᠷᠴᠢᠮ ᠢ ᠵᠢᠷᠤᠮᠯᠠᠵᠤ᠂ ᠰᠠᠭᠤᠷᠢ ᠮᠥᠩᠭᠦ ᠬᠠᠮᠢᠶᠠᠷᠤᠭᠴᠢ ᠶᠢᠨ ᠰᠣᠩᠭᠤᠭᠤᠯᠢ ᠳᠤ ᠦᠷᠢᠰᠦᠯᠳᠦᠬᠦ ᠲᠥᠰᠦᠯ᠂ ᠨᠠᠶᠢᠳᠠᠨ ᠬᠠᠮᠢᠶᠠᠷᠤᠭᠤᠯᠤᠭᠴᠢ ᠶᠢᠨ ᠰᠣᠩᠭᠤᠭᠤᠯᠢ ᠳᠤ ᠦᠷᠢᠰᠦᠯᠳᠦᠬᠦ ᠲᠥᠰᠦᠯ ᠶᠣᠰᠣᠭᠠᠷ ᠰᠠᠭᠤᠷᠢ ᠮᠥᠩᠭᠦ ᠬᠠᠮᠢᠶᠠᠷᠤᠭᠴᠢ᠂ ᠨᠠᠶᠢᠳᠠᠨ ᠬᠠᠮᠢᠶᠠᠷᠤᠭᠤᠯᠤᠭᠴᠢ ᠶᠢ ᠰᠣᠩᠭᠤᠨ ᠤᠷᠢᠬᠤ ᠬᠡᠷᠡᠭᠲᠡᠶ᠃

  ᠬᠤᠷᠢᠨ ᠳᠣᠯᠣᠳᠤᠭᠠᠷ ᠵᠦᠢᠯ    ᠰᠠᠭᠤᠷᠢ ᠮᠥᠩᠭᠦ ᠬᠠᠮᠢᠶᠠᠷᠤᠭᠴᠢ ᠨᠢ ᠳᠣᠤᠷᠠᠬᠢ ᠨᠥᠬᠦᠴᠡᠯ ᠤᠳ ᠢ ᠪᠦᠷᠢᠳᠦᠭᠦᠯᠬᠦ ᠬᠡᠷᠡᠭᠲᠡᠶ᠄

  ︵ ᠨᠢᠭᠡ ︶ ᠳᠤᠮᠳᠠᠳᠤ ᠤᠯᠤᠰ ᠤᠨ ᠡᠬᠡ ᠬᠠᠭᠤᠷᠠᠶ ᠳᠤ ᠬᠠᠤᠯᠢ ᠶᠣᠰᠣᠭᠠᠷ ᠪᠠᠶᠢᠭᠤᠯᠤᠭᠰᠠᠨ ᠺᠣᠮᠫᠠᠨᠢ ᠪᠤᠶᠤ ᠬᠤᠷᠰᠢᠭᠰᠠᠨ ᠠᠵᠤ ᠠᠬᠤᠶᠢᠯᠠᠯ᠂ ᠪᠣᠳᠠᠲᠠᠶ ᠬᠤᠷᠢᠶᠠᠭᠰᠠᠨ ᠬᠥᠷᠥᠩᠭᠡ ᠨᠢ ᠠᠷᠠᠳ ᠤᠨ ᠵᠣᠭᠤᠰ ᠢᠶᠠᠷ 1000 ᠲᠦᠮᠡᠨ ᠲᠦᠭᠦᠷᠢᠭ ᠡᠴᠠ ᠳᠣᠤᠷ᠎ᠠ ᠦᠭᠡᠶ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠬᠤᠪᠢᠶᠠᠷᠢ ᠰᠠᠯᠪᠤᠷᠢ ᠪᠠᠶᠢᠭᠤᠯᠤᠮᠵᠢ ᠪᠠᠶᠢᠭᠤᠯᠵᠤ᠂ ᠲᠣᠭᠲᠠᠭᠰᠠᠨ ᠠᠵᠢᠯᠯᠠᠬᠤ ᠭᠠᠵᠠᠷ ᠲᠠᠢ ᠪᠠᠢᠢᠬᠤ︔

  ︵ ᠬᠤᠶᠠᠷ ︶ ᠲᠣᠭᠲᠠᠭᠤᠨ ᠬᠠᠮᠢᠶᠠᠷᠤᠯᠲᠠ ᠶᠢᠨ ᠪᠦᠯᠬᠦᠮ ᠨᠡᠶᠢᠲᠡ ᠲᠠᠢ ᠪᠠᠢᠢᠵᠤ᠂ ᠰᠠᠶᠢᠨ ᠰᠠᠶᠢᠬᠠᠨ ᠡᠷᠬᠢᠯᠡᠭᠰᠡᠨ ᠠᠵᠢᠯ ᠤᠨ ᠰᠠᠬᠢᠯᠭ᠎ᠠ ᠪᠠᠲᠤ ᠪᠠ ᠢᠲᠡᠭᠡᠯ ᠬᠦᠨᠳᠦ ᠲᠠᠢ ᠪᠥᠭᠡᠳ ᠤᠯᠤᠰ ᠡᠴᠠ ᠲᠣᠭᠲᠠᠭᠠᠭᠰᠠᠨ ᠰᠠᠭᠤᠷᠢ ᠮᠦᠩᠭᠦᠨ ᠤ ᠬᠠᠮᠢᠶᠠᠷᠤᠯᠲᠠ ᠶᠢᠨ ᠬᠢᠷᠢ ᠭᠡᠮ ᠲᠠᠢ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠠᠳᠠᠭ ᠲᠤ ᠪᠠᠨ 3 ᠬᠦᠮᠦᠨ ᠡᠴᠠ ᠢᠯᠡᠭᠦᠦ ᠲᠣᠭᠲᠠᠭᠤᠨ ᠠᠵᠢᠯᠲᠠᠨ ᠲᠠᠢ ᠪᠠᠶᠢᠬᠤ︔

  ︵ ᠭᠤᠷᠪᠠ ︶ 3 ᠵᠢᠯ ᠡᠴᠠ ᠳᠡᠭᠡᠭᠰᠢᠬᠢ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠤᠨ ᠲᠤᠷᠰᠢᠯᠭ᠎ᠠ ᠲᠠᠢ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠠᠳᠠᠭ ᠲᠤ ᠪᠠᠨ 3 ᠬᠦᠮᠦᠨ ᠪᠠᠶᠢᠬᠤ ᠬᠡᠷᠡᠭᠲᠡᠶ︔ ᠢᠲᠡᠭᠡᠮᠵᠢ ᠰᠠᠢᠢᠲᠠᠢ ᠪᠦᠭᠡᠳ ᠬᠠᠮᠢᠶᠠᠷᠤᠭᠴᠢ ᠵᠢᠴᠢ ᠬᠡᠷᠡᠭ ᠮᠡᠳᠡᠭᠴᠢ᠂ ᠬᠢᠨᠠᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠵᠢᠴᠢ ᠪᠤᠰᠤᠳ ᠠᠵᠢᠯᠯᠠᠭᠰᠠᠳ ᠨᠢ ᠣᠶᠢᠷ᠎ᠠ ᠶᠢᠨ 3 ᠵᠢᠯ ᠳᠤ ᠰᠠᠬᠢᠯᠭ᠎ᠠ ᠪᠠᠲᠤ ᠬᠠᠤᠯᠢ ᠴᠠᠭᠠᠵᠠ ᠡᠴᠠ ᠵᠥᠷᠢᠴᠡᠭᠰᠡᠨ ᠵᠡᠷᠭᠡ ᠮᠠᠭᠤ ᠮᠠᠭᠤᠬᠠᠢ ᠲᠡᠮᠳᠡᠭᠯᠡᠯ ᠪᠠᠶᠢᠬᠤ ᠦᠭᠡᠢ︔

  ︵ ᠲᠦᠷᠪᠡ ︶ ᠱᠠᠭᠠᠷᠳᠠᠯᠭ᠎ᠠ ᠳᠤ ᠨᠡᠶᠢᠴᠡᠭᠰᠡᠨ ᠡᠵᠡᠩᠨᠡᠯᠲᠡ ᠶᠢᠨ ᠲᠠᠯᠠᠪᠤᠷ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠪᠡᠯᠡᠳᠭᠡᠮᠵᠢ ᠪᠠ ᠰᠠᠭᠤᠷᠢ ᠮᠥᠩᠭᠦᠨ ᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠲᠠᠢ ᠬᠤᠯᠪᠣᠭᠳᠠᠬᠤ ᠪᠤᠰᠤᠳ ᠪᠡᠯᠡᠳᠭᠡᠮᠵᠢ ᠲᠠᠢ ᠪᠠᠢᠢᠬᠤ︔

  ︵ ᠲᠠᠪᠤ ︶ ᠴᠢᠩᠭ᠎ᠠ ᠪᠦᠭᠡᠳ ᠵᠣᠬᠢᠰᠲᠠᠢ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ᠂ ᠲᠦᠭᠰᠢᠭᠦᠷᠢ ᠶᠢ ᠡᠵᠡᠮᠳᠡᠬᠦ ᠲᠣᠭᠲᠠᠴᠠ ᠵᠢᠴᠢ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠲᠠᠢ ᠪᠠᠢᠢᠬᠤ︔

  ︵ ᠵᠢᠷᠭᠤᠭ᠎ᠠ ︶ ᠳᠤᠮᠳᠠᠳᠤ ᠤᠯᠤᠰ ᠤᠨ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠠᠵᠢᠯ ᠲᠦᠷᠦᠯ ᠤᠨ ᠨᠡᠶᠢᠭᠡᠮᠯᠢᠭ ᠤᠨ ᠲᠣᠭᠲᠠᠭᠠᠭᠰᠠᠨ ᠬᠤᠪᠢ ᠪᠠᠷ ᠢᠶᠠᠨ ᠵᠤᠭᠤᠰ ᠴᠤᠭᠯᠠᠭᠤᠯᠤᠭᠰᠠᠨ ᠰᠠᠭᠤᠷᠢ ᠮᠥᠩᠭᠦ ᠶᠢᠨ ᠬᠠᠮᠢᠶᠠᠷᠤᠭᠴᠢ ᠶᠢᠨ ᠬᠢᠷᠢ ᠭᠡᠮ ᠲᠠᠢ ᠪᠠᠶᠢᠵᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠳᠤ ᠪᠦᠷᠢᠳᠬᠡᠨ ᠳᠠᠩᠰᠠᠯᠠᠭᠤᠯᠬᠤ ᠭᠠᠷᠳᠠᠮ ᠢ ᠭᠦᠢᠴᠡᠳᠭᠡᠭᠰᠡᠨ ᠤ ᠬᠠᠮᠲᠤ ᠬᠢᠨᠠᠯᠲᠠ ᠲᠠᠯᠪᠢᠯᠲᠠ ᠶᠢ ᠬᠦᠯᠢᠶᠡᠵᠦ ᠪᠠᠢᠢᠬᠤ᠃

  ᠬᠤᠷᠢᠨ ᠨᠠᠢᠮᠠᠳᠤᠭᠠᠷ ᠵᠦᠢᠯ    ᠰᠠᠭᠤᠷᠢ ᠮᠥᠩᠭᠦ ᠬᠠᠮᠢᠶᠠᠷᠤᠭᠴᠢ ᠨᠢ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠨ᠎ᠡ᠄

  ︵ ᠨᠢᠭᠡ ︶ ᠰᠠᠭᠤᠷᠢ ᠮᠦᠩᠭᠦᠨ ᠤ ᠳᠦᠷᠢᠮ ᠲᠣᠭᠲᠠᠭᠠᠯ ᠤᠨ ᠲᠣᠭᠲᠠᠭᠠᠯ ᠶᠣᠰᠣᠭᠠᠷ᠂ ᠰᠠᠭᠤᠷᠢ ᠮᠦᠩᠭᠦᠨ ᠤ ᠰᠢᠢᠳᠪᠦᠷᠢᠲᠦ ᠪᠣᠳᠣᠯᠭ᠎ᠠ ᠶᠢᠨ ᠺᠣᠮᠢᠰ ᠤᠨ ᠵᠥᠪᠯᠡᠨ ᠲᠣᠭᠲᠠᠭᠠᠭᠰᠠᠨ ᠲᠥᠷᠥ ᠶᠢᠨ ᠪᠣᠳᠣᠯᠭ᠎ᠠ ᠶᠢᠨ ᠬᠠᠷᠠᠯᠲᠠ ᠶᠢ ᠦᠨᠳᠦᠰᠦᠯᠡᠨ᠂ ᠪᠡᠯᠡ ᠣᠷᠣᠭᠤᠯᠬᠤ ᠲᠥᠰᠦᠯ ᠢ ᠲᠣᠭᠲᠠᠭᠠᠵᠤ᠂ ᠰᠠᠭᠤᠷᠢ ᠮᠥᠩᠭᠦ ᠶᠢᠨ ᠪᠡᠯᠡ ᠴᠤᠭᠯᠠᠭᠤᠯᠬᠤ᠂ ᠪᠡᠯᠡ ᠣᠷᠤᠭᠤᠯᠬᠤ᠂ ᠬᠠᠮᠢᠶᠠᠷᠬᠤ᠂ ᠪᠤᠴᠠᠭᠠᠵᠤ ᠭᠠᠷᠭᠠᠬᠤ ᠵᠡᠷᠭᠡ ᠠᠵᠢᠯᠯᠠᠭᠤᠯᠬᠤ ᠠᠵᠢᠯ ᠢ ᠭᠦᠢᠴᠡᠳᠬᠡᠨ᠎ᠡ︔

  ︵ ᠬᠤᠶᠠᠷ ︶ ᠰᠠᠭᠤᠷᠢ ᠮᠦᠩᠭᠦᠨ ᠤ ᠳᠦᠷᠢᠮ ᠲᠣᠭᠲᠠᠭᠠᠯ ᠤᠨ ᠲᠣᠭᠲᠠᠭᠠᠯ ᠶᠣᠰᠣᠭᠠᠷ᠂ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠠᠭᠤᠷᠢ ᠮᠥᠩᠭᠦ ᠶᠢᠨ ᠬᠤᠪᠢ ᠣᠷᠣᠭᠤᠯᠤᠭᠴᠢ ᠪᠤᠶᠤ ᠬᠤᠷᠰᠢᠬᠴᠢ ᠳᠤ ᠰᠠᠭᠤᠷᠢ ᠮᠦᠩᠭᠦᠨ ᠤ ᠡᠵᠡᠩᠨᠡᠯᠲᠡ ᠶᠢᠨ ᠠᠵᠢᠯᠯᠠᠭᠠᠨ᠂ ᠰᠠᠭᠤᠷᠢ ᠮᠦᠩᠭᠦᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠦᠢᠯᠡᠴᠢᠯᠡᠭᠡ ᠵᠡᠷᠭᠡ ᠲᠠᠯ᠎ᠠ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠰᠠᠭᠤᠷᠢ ᠮᠦᠩᠭᠦᠨ ᠤ ᠵᠠᠰᠠᠯᠲᠠ᠂ ᠡᠵᠡᠩᠨᠡᠯᠲᠡ᠂ ᠡᠳ᠋ ᠤᠨ ᠶᠠᠪᠤᠳᠠᠯ ᠵᠡᠷᠭᠡ ᠲᠠᠯ᠎ᠠ ᠶᠢᠨ ᠪᠠᠶᠢᠳᠠᠯ ᠢ ᠪᠥᠬᠦ ᠲᠠᠯ᠎ᠠ ᠪᠠᠷ ᠮᠡᠳᠡᠭᠳᠡᠨ᠎ᠠ︔

  ︵ ᠭᠤᠷᠪᠠ ︶ ᠰᠠᠭᠤᠷᠢ ᠮᠦᠩᠭᠦᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠨᠠᠶᠢᠷᠠᠭᠤᠯᠤᠨ ᠵᠣᠬᠢᠶᠠᠵᠤ᠂ ᠬᠢᠷᠢ ᠭᠡᠮ ᠲᠠᠢ ᠭᠠᠳᠠᠨᠠᠬᠢ ᠬᠢᠨᠠᠨ ᠪᠤᠳᠤᠬᠤ ᠪᠠᠶᠢᠭᠤᠯᠤᠮᠵᠢ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠰᠠᠭᠤᠷᠢ ᠮᠦᠩᠭᠦᠨ ᠤ ᠬᠡᠷᠡᠭ ᠮᠡᠳᠡᠭᠴᠢᠳ ᠤᠨ ᠵᠥᠪᠯᠡᠯ ︵ ᠡᠵᠡᠮᠰᠢᠭᠴᠢᠳ ᠤᠨ ᠶᠡᠭᠡ ᠬᠤᠷᠠᠯ ︶ ᠳᠤ ᠮᠡᠳᠡᠭᠦᠯᠦᠯᠲᠡ ᠬᠢᠬᠦ ᠶᠢᠨ ᠬᠠᠮᠲᠤ ᠵᠠᠰᠠᠭ ᠤᠨ ᠣᠷᠳᠣᠨ ᠡᠴᠠ ᠭᠠᠷᠭᠠᠭᠰᠠᠨ ᠪᠡᠯᠡ ᠶᠢᠨ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠣᠨ ᠤ ᠮᠡᠳᠡᠭᠦᠯᠦᠯᠲᠡ ᠪᠠᠨ ᠲᠤᠰᠢᠶᠠᠨ᠎ᠠ︔

  ︵ ᠲᠦᠷᠪᠡ ︶ ᠰᠠᠭᠤᠷᠢ ᠮᠥᠩᠭᠦᠨ ᠤ ᠳᠦᠷᠢᠮ ᠲᠣᠭᠲᠠᠭᠠᠯ᠂ ᠰᠠᠭᠤᠷᠢ ᠮᠥᠩᠭᠦᠨ ᠤ ᠬᠠᠮᠢᠶᠠᠷᠤᠯᠲᠠ ᠶᠢᠨ ᠵᠦᠪᠯᠡᠯᠴᠡᠭᠡᠷ ᠲᠤ ᠪᠣᠯᠵᠣᠨ ᠲᠣᠭᠲᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃

  ᠬᠤᠷᠢ ᠶᠢᠰᠦᠳᠦᠭᠡᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠨᠢ ᠪᠡᠯᠡ ᠴᠤᠭᠯᠠᠭᠤᠯᠬᠤ ᠲᠣᠳᠣᠷᠬᠠᠶᠢᠯᠠᠯᠲᠠ ᠶᠢᠨ ᠪᠢᠴᠢᠭ᠂ ᠰᠠᠭᠤᠷᠢ ᠮᠦᠩᠭᠦᠨ ᠤ ᠺᠣᠮᠫᠠᠨᠢ ᠶᠢᠨ ᠳᠦᠷᠢᠮ ᠲᠣᠭᠲᠠᠭᠠᠯ ᠪᠤᠶᠤ ᠰᠠᠭᠤᠷᠢ ᠮᠦᠩᠭᠦᠨ ᠤ ᠬᠤᠷᠰᠢᠯᠴᠠᠬᠤ ᠵᠦᠪᠯᠡᠯᠴᠡᠭᠡᠷ᠂ ᠨᠠᠢᠢᠳᠠᠨ ᠬᠠᠮᠢᠶᠠᠷᠤᠭᠤᠯᠬᠤ ᠵᠦᠪᠯᠡᠯᠴᠡᠭᠡᠷ ᠵᠡᠷᠭᠡ ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ ᠳᠤ᠂ ᠰᠠᠭᠤᠷᠢ ᠮᠦᠩᠭᠦᠨ ᠤ ᠠᠰᠢᠭ ᠣᠷᠣᠯᠭ᠎ᠠ ᠶᠢᠨ ᠪᠦᠷᠢᠯᠳᠦᠯ᠂ ᠬᠤᠪᠢᠶᠠᠷᠢᠯᠠᠬᠤ ᠠᠷᠭ᠎ᠠ ᠬᠡᠯᠪᠡᠷᠢ᠂ ᠪᠤᠴᠠᠭᠠᠵᠤ ᠭᠠᠷᠭᠠᠬᠤ ᠠᠷᠭ᠎ᠠ ᠬᠡᠯᠪᠡᠷᠢ ᠶᠢ ᠲᠤᠳᠤᠷᠬᠠᠢᠢᠯᠠᠵᠤ᠂ ᠰᠠᠭᠤᠷᠢ ᠮᠥᠩᠭᠦ ᠬᠠᠮᠢᠶᠠᠷᠤᠭᠴᠢ ᠶᠢᠨ ᠬᠠᠮᠢᠶᠠᠷᠤᠯᠲᠠ ᠶᠢᠨ ᠵᠠᠷᠤᠳᠠᠯ ᠪᠠ ᠠᠮᠵᠢᠯᠲᠠ ᠪᠦᠲᠦᠮᠵᠢ ᠶᠢᠨ ᠬᠥᠯᠥᠰᠥ ᠣᠯᠭᠤᠮᠵᠢ ᠵᠡᠷᠭᠡ ᠰᠠᠭᠤᠷᠢ ᠮᠥᠩᠭᠦ ᠶᠢᠨ ᠡᠭᠦᠷᠭᠡᠯᠡᠬᠦ ᠴᠢᠬᠤᠯᠠ ᠲᠠᠢ ᠪᠤᠰᠤᠳ ᠬᠤᠯᠪᠣᠭᠳᠠᠯ ᠪᠦᠬᠦᠢ ᠵᠠᠷᠤᠳᠠᠯ ᠤᠨ ᠪᠠᠷᠢᠮᠵᠢᠶ᠎ᠠ ᠪᠠ ᠣᠨ ᠤ ᠣᠯᠭᠤᠬᠤ ᠬᠠᠷᠢᠴᠠᠯ ᠢ ᠵᠣᠬᠢᠰᠲᠠᠶ ᠲᠣᠭᠲᠠᠭᠠᠬᠤ ᠬᠡᠷᠡᠭᠲᠡᠶ᠃ ᠰᠠᠭᠤᠷᠢ ᠮᠥᠩᠭᠦ ᠬᠠᠮᠢᠶᠠᠷᠤᠭᠴᠢ ᠶᠢᠨ ᠬᠠᠮᠢᠶᠠᠷᠤᠯᠲᠠ ᠶᠢᠨ ᠵᠠᠷᠤᠳᠠᠯ ᠢ ᠠᠮᠵᠢᠯᠲᠠ ᠪᠦᠲᠦᠮᠵᠢ ᠶᠢ ᠦᠨᠡᠯᠡᠬᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠂ ᠰᠠᠭᠤᠷᠢ ᠮᠦᠩᠭᠦᠨ ᠤ ᠪᠣᠳᠠᠲᠠᠶ ᠠᠵᠢᠯᠯᠠᠭᠠᠨ ᠤ ᠪᠠᠶᠢᠳᠠᠯ᠂ ᠳᠠᠭᠠᠵᠤ ᠣᠷᠤᠭᠤᠯᠤᠯᠲᠠ ᠬᠢᠬᠦ ᠬᠠᠷᠢᠴᠠᠯ ᠵᠡᠷᠭᠡ ᠯᠦᠭᠡ ᠬᠤᠯᠪᠣᠭᠳᠠᠭᠤᠯᠵᠤ᠂ ᠡᠬᠡ ᠰᠠᠭᠤᠷᠢ ᠮᠦᠩᠭᠦᠨ ᠤ ᠪᠡᠯᠡ ᠣᠷᠣᠭᠤᠯᠤᠯᠲᠠ ᠶᠢᠨ ᠬᠤᠭᠤᠴᠠᠭᠠᠨ ᠤ ᠬᠠᠮᠢᠶᠠᠷᠤᠯᠲᠠ ᠶᠢᠨ ᠵᠠᠷᠤᠳᠠᠯ ᠤᠨ ᠪᠣᠳᠣᠵᠤ ᠠᠪᠬᠤ ᠰᠠᠭᠤᠷᠢ ᠲᠤᠭ᠎ᠠ ᠨᠢ ᠨᠢᠭᠡᠨᠲᠡ ᠣᠷᠤᠭᠤᠯᠤᠯᠲᠠ ᠬᠢᠭᠰᠡᠨ ᠪᠣᠯᠪᠠᠴᠤ ᠪᠤᠴᠠᠭᠠᠭᠠᠳᠤᠢ ᠪᠡᠯᠡ ᠣᠷᠣᠭᠤᠯᠤᠯᠲᠠ ᠶᠢᠨ ᠵᠤᠭᠤᠰᠤᠨ ᠲᠤᠭ᠎ᠠ ︵ ᠬᠦᠦ ᠰᠠᠭᠤᠷᠢ ᠮᠥᠩᠭᠦ ᠪᠠᠢᠢᠭᠤᠯᠬᠤ ᠳᠤ ᠭᠠᠷᠭᠠᠭᠰᠠᠨ ᠪᠡᠯᠡ ᠮᠦᠩᠭᠦᠨ ᠤ ᠵᠤᠭᠤᠰᠤᠨ ᠲᠤᠭ᠎ᠠ ᠪᠠᠭᠲᠠᠬᠤ ᠦᠭᠡᠶ ︶᠂ ᠵᠠᠷᠤᠳᠠᠯ ᠤᠨ ᠨᠣᠷᠮ᠎ᠠ ᠶᠢ 1% ᠡᠴᠠ ᠥᠨᠳᠥᠷ ᠪᠠᠶᠢᠯᠭᠠᠬᠤ ᠦᠭᠡᠶ︔ ᠪᠤᠴᠠᠭᠠᠵᠤ ᠭᠠᠷᠭᠠᠬᠤ ᠬᠤᠭᠤᠴᠠᠭᠠᠨ ᠤ ᠬᠠᠮᠢᠶᠠᠷᠤᠯᠲᠠ ᠶᠢᠨ ᠵᠠᠷᠤᠳᠠᠯ ᠤᠨ ᠪᠣᠳᠣᠵᠤ ᠠᠪᠬᠤ ᠰᠠᠭᠤᠷᠢ ᠲᠤᠭ᠎ᠠ ᠨᠢ ᠨᠢᠭᠡᠨᠲᠡ ᠣᠷᠤᠭᠤᠯᠤᠯᠲᠠ ᠬᠢᠭᠰᠡᠨ ᠪᠣᠯᠪᠠᠴᠤ ᠪᠤᠴᠠᠭᠠᠭᠠᠳᠤᠢ ᠪᠡᠯᠡ ᠣᠷᠣᠭᠤᠯᠤᠯᠲᠠ ᠶᠢᠨ ᠵᠤᠭᠤᠰᠤᠨ ᠲᠤᠭ᠎ᠠ ᠪᠠᠢᠢᠵᠤ᠂ ᠵᠠᠷᠤᠳᠠᠯ ᠤᠨ ᠨᠣᠷᠮ᠎ᠠ ᠶᠢᠨ ᠬᠠᠷᠢᠴᠠᠯ ᠢ ᠬᠠᠭᠠᠰ ᠢᠶᠠᠷ ᠬᠠᠰᠤᠵᠤ ᠬᠤᠷᠢᠶᠠᠨ᠎ᠠ᠃ ᠬᠦᠦ ᠰᠠᠭᠤᠷᠢ ᠮᠦᠩᠭᠦᠨ ᠤ ᠬᠠᠮᠢᠶᠠᠷᠤᠯᠲᠠ ᠶᠢᠨ ᠵᠠᠷᠤᠳᠠᠯ ᠢ ᠪᠣᠳᠣᠵᠤ ᠠᠪᠬᠤ ᠪᠠᠷᠢᠮᠵᠢᠶ᠎ᠠ ᠪᠠ ᠵᠠᠷᠤᠳᠠᠯ ᠤᠨ ᠨᠣᠷᠮ᠎ᠠ ᠶᠢ ᠵᠠᠷᠴᠢᠮ ᠳᠡᠭᠡᠷ᠎ᠡ ᠪᠠᠨ ᠡᠬᠡ ᠰᠠᠭᠤᠷᠢ ᠮᠥᠩᠭᠦ ᠡᠴᠠ ᠥᠨᠳᠥᠷ ᠪᠠᠶᠢᠯᠭᠠᠵᠤ ᠪᠣᠯᠬᠤ ᠦᠭᠡᠶ᠃ ᠡᠬᠡ ᠰᠠᠭᠤᠷᠢ ᠮᠥᠩᠭᠦᠨ ᠤ ᠤᠷᠲᠤᠳᠬᠠᠬᠤ ᠬᠤᠭᠤᠴᠠᠭᠠᠨ ᠳᠤ ᠬᠠᠮᠢᠶᠠᠷᠤᠯᠲᠠ ᠶᠢᠨ ᠵᠠᠷᠤᠳᠠᠯ ᠬᠤᠷᠢᠶᠠᠬᠤ ᠦᠭᠡᠢ᠃

  ᠭᠤᠴᠢᠳᠤᠭᠠᠷ ᠵᠦᠢᠯ    ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠤ ᠨᠠᠶᠢᠳᠠᠵᠤ ᠬᠠᠮᠢᠶᠠᠷᠤᠭᠤᠯᠬᠤ ᠵᠦᠪᠯᠡᠯᠴᠡᠭᠡᠷ ᠲᠣᠭᠲᠠᠵᠤ᠂ ᠰᠠᠭᠤᠷᠢ ᠮᠥᠩᠭᠦ ᠶᠢ ᠨᠠᠢᠢᠳᠠᠯᠭ᠎ᠠ ᠪᠠᠷ ᠬᠠᠮᠢᠶᠠᠷᠤᠭᠴᠢ ᠨᠢ ᠪᠣᠯ ᠬᠠᠤᠯᠢ ᠶᠣᠰᠣᠭᠠᠷ ᠪᠠᠶᠢᠭᠤᠯᠤᠭᠰᠠᠨ ᠬᠤᠳᠠᠯᠳᠤᠭᠠᠨ ᠤ ᠪᠠᠩᠬᠢ ᠪᠠᠢᠢᠵᠤ᠂ ᠵᠦᠪᠯᠡᠯᠴᠡᠭᠡᠷ ᠲᠤ ᠪᠣᠯᠵᠣᠭᠰᠠᠨ ᠶᠣᠰᠣᠭᠠᠷ ᠰᠠᠭᠤᠷᠢ ᠮᠥᠩᠭᠦ ᠶᠢ ᠨᠠᠶᠢᠳᠠᠨ ᠬᠠᠮᠢᠶᠠᠷᠤᠭᠤᠯᠤᠨ᠎ᠠ᠃ ᠰᠠᠭᠤᠷᠢ ᠮᠥᠩᠭᠦ ᠶᠢ ᠨᠠᠢᠢᠳᠠᠯᠭ᠎ᠠ ᠪᠠᠷ ᠬᠠᠮᠢᠶᠠᠷᠤᠭᠴᠢ ᠨᠢ ᠳᠣᠣᠷᠠᠬᠢ ᠨᠦᠬᠦᠴᠡᠯ ᠤᠳ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠄

  ︵ ᠨᠢᠭᠡ ︶ ᠴᠡᠪᠡᠷ ᠡᠳ᠋ ᠬᠥᠷᠥᠩᠭᠡ ᠪᠠ ᠲᠦᠭᠰᠢᠭᠦᠷᠢ ᠶᠢ ᠡᠵᠡᠮᠳᠡᠬᠦ ᠭᠦᠢᠴᠡᠳᠬᠡᠯ ᠲᠤᠭ᠎ᠠ ᠨᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ︔

  ︵ ᠬᠤᠶᠠᠷ ︶ ᠰᠠᠭᠤᠷᠢ ᠮᠥᠩᠭᠦ ᠶᠢ ᠨᠠᠶᠢᠳᠠᠨ ᠬᠠᠮᠢᠶᠠᠷᠤᠭᠤᠯᠬᠤ ᠲᠤᠰᠬᠠᠶ ᠰᠠᠯᠠᠭ᠎ᠠ ᠮᠥᠴᠢᠷ ᠢ ᠪᠠᠢᠢᠭᠤᠯᠤᠭᠰᠠᠨ ᠪᠠᠢᠢᠬᠤ︔

  ︵ ᠭᠤᠷᠪᠠ ︶ ᠰᠠᠭᠤᠷᠢ ᠮᠦᠩᠭᠦᠨ ᠤ ᠠᠵᠢᠯ ᠡᠷᠬᠢᠯᠡᠬᠦ ᠬᠢᠷᠢ ᠭᠡᠮ ᠣᠯᠤᠭᠰᠠᠨ ᠲᠤᠰᠬᠠᠶ ᠲᠤᠰᠢᠶᠠᠯ ᠤᠨ ᠠᠵᠢᠯᠲᠠᠨ ᠨᠢ ᠬᠠᠤᠯᠢ ᠳᠤ ᠲᠣᠭᠲᠠᠭᠠᠭᠰᠠᠨ ᠬᠥᠮᠦᠨ ᠤ ᠲᠣᠭᠠᠨ ᠳᠤ ᠬᠦᠷᠦᠭᠰᠡᠨ ᠪᠠᠶᠢᠬᠤ︔

  ︵ ᠲᠦᠷᠪᠡ ︶ ᠰᠠᠭᠤᠷᠢ ᠮᠦᠩᠭᠦᠨ ᠤ ᠡᠳ᠋ ᠬᠥᠷᠥᠩᠭᠡ ᠶᠢ ᠠᠮᠦᠷ ᠲᠦᠪᠰᠢᠨ ᠢᠶᠠᠷ ᠬᠠᠮᠢᠶᠠᠷᠬᠤ ᠨᠥᠬᠦᠴᠡᠯ ᠲᠠᠢ ᠪᠠᠢᠢᠬᠤ︔

  ︵ ᠲᠠᠪᠤ ︶ ᠠᠮᠤᠷ ᠲᠦᠪᠰᠢᠨ ᠥᠨᠳᠥᠷ ᠪᠦᠲᠦᠮᠵᠢᠲᠡᠶ ᠢᠯᠭᠠᠷᠠᠭᠤᠯᠤᠨ ᠪᠤᠳᠤᠬᠤ᠂ ᠲᠠᠰᠤᠯᠤᠨ ᠪᠤᠳᠤᠬᠤ ᠰᠢᠰᠲ᠋ᠧᠮ ᠲᠠᠢ ᠪᠠᠶᠢᠬᠤ︔

  ︵ ᠵᠢᠷᠭᠤᠭ᠎ᠠ ︶ ᠱᠠᠭᠠᠷᠳᠠᠯᠭ᠎ᠠ ᠳᠤ ᠨᠡᠶᠢᠴᠡᠭᠰᠡᠨ ᠡᠵᠡᠩᠨᠡᠯᠲᠡ ᠶᠢᠨ ᠲᠠᠯᠠᠪᠤᠷ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠪᠡᠯᠡᠳᠭᠡᠮᠵᠢ ᠪᠠ ᠰᠠᠭᠤᠷᠢ ᠮᠥᠩᠭᠦ ᠨᠠᠢᠢᠳᠠᠨ ᠬᠠᠮᠢᠶᠠᠷᠤᠭᠤᠯᠬᠤ ᠲᠤᠬᠠᠶᠢᠯᠠᠭᠰᠠᠨ ᠠᠵᠢᠯ ᠲᠠᠢ ᠬᠤᠯᠪᠣᠭᠳᠠᠬᠤ ᠪᠤᠰᠤᠳ ᠪᠡᠯᠡᠳᠭᠡᠮᠵᠢ ᠲᠠᠢ ᠪᠠᠢᠢᠬᠤ︔

  ︵ ᠳᠤᠯᠤᠭ᠎ᠠ ︶ ᠪᠦᠷᠢᠨ ᠲᠡᠭᠦᠯᠳᠡᠷ ᠪᠦᠬᠦᠢ ᠲᠤᠳᠤᠭᠠᠲᠤ ᠶᠢᠨ ᠰᠢᠯᠭᠠᠨ ᠬᠠᠷᠭᠤᠭᠤᠯᠵᠤ ᠬᠢᠨᠠᠨ ᠡᠵᠡᠮᠳᠡᠬᠦ ᠳᠦᠷᠢᠮ ᠪᠠ ᠲᠦᠭᠰᠢᠭᠦᠷᠢ ᠶᠢ ᠡᠵᠡᠮᠳᠡᠬᠦ ᠳᠦᠷᠢᠮ ᠲᠠᠢ ᠪᠠᠢᠢᠬᠤ︔

  ︵ ᠨᠠᠢᠮᠠ ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠲᠡᠮᠲᠡᠭᠲᠦ ᠶᠢ ᠬᠢᠨᠠᠨ ᠬᠠᠮᠢᠶᠠᠷᠬᠤ ᠪᠠᠶᠢᠭᠤᠯᠤᠮᠵᠢ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠩᠭᠢ ᠶᠢᠨ ᠦᠢᠯᠡᠰ ᠢ ᠬᠢᠨᠠᠨ ᠬᠠᠮᠢᠶᠠᠷᠬᠤ ᠪᠠᠶᠢᠭᠤᠯᠤᠮᠵᠢ ᠡᠴᠠ ᠲᠣᠭᠲᠠᠭᠠᠭᠰᠠᠨ ᠪᠤᠰᠤᠳ ᠨᠥᠬᠦᠴᠡᠯ᠃

  ᠭᠤᠴᠢᠨ ᠨᠢᠭᠡᠳᠦᠭᠡᠷ ᠵᠦᠢᠯ   ᠰᠠᠭᠤᠷᠢ ᠮᠦᠩᠭᠦ ᠶᠢ ᠨᠠᠶᠢᠳᠠᠯᠭ᠎ᠠ ᠪᠠᠷ ᠬᠠᠮᠢᠶᠠᠷᠤᠭᠴᠢ ᠨᠢ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠢ᠄

  ︵ ᠨᠢᠭᠡ ︶ ᠨᠠᠶᠢᠳᠠᠨ ᠬᠠᠮᠢᠶᠠᠷᠤᠭᠤᠯᠤᠭᠰᠠᠨ ᠰᠠᠭᠤᠷᠢ ᠮᠦᠩᠭᠦᠨ ᠤ ᠪᠦᠬᠦ ᠡᠳ᠋ ᠬᠥᠷᠥᠩᠭᠡ ᠶᠢ ᠠᠮᠦᠷ ᠲᠦᠪᠰᠢᠨ ᠢᠶᠠᠷ ᠬᠠᠮᠢᠶᠠᠷᠴᠤ᠂ ᠰᠠᠭᠤᠷᠢ ᠮᠦᠩᠭᠦ ᠶᠢ ᠨᠠᠶᠢᠳᠠᠯᠭ᠎ᠠ ᠪᠠᠷ ᠬᠠᠮᠢᠶᠠᠷᠤᠭᠴᠢ ᠨᠢ ᠨᠠᠶᠢᠳᠠᠯᠭ᠎ᠠ ᠪᠠᠷ ᠬᠠᠮᠢᠶᠠᠷᠤᠭᠰᠠᠨ ᠰᠠᠭᠤᠷᠢ ᠮᠦᠩᠭᠦᠨ ᠤ ᠡᠳ᠋ ᠬᠥᠷᠥᠩᠭᠡ ᠶᠢ ᠥᠪᠡᠷ ᠤᠨ ᠡᠳ᠋ ᠬᠥᠷᠥᠩᠭᠡ ᠯᠦᠭᠡ ᠴᠢᠩᠭ᠎ᠠ ᠰᠠᠯᠭᠠᠵᠤ᠂ ᠠᠳᠠᠯᠢ ᠪᠤᠰᠤ ᠰᠠᠭᠤᠷᠢ ᠮᠥᠩᠭᠦ ᠳᠤ ᠲᠤᠰ ᠲᠤᠰ ᠲᠤ ᠨᠢ ᠳᠠᠩᠰᠠᠨ ᠡᠷᠦᠬᠡ ᠪᠠᠶᠢᠭᠤᠯᠵᠤ᠂ ᠳᠠᠩᠰᠠ ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠨ᠎ᠡ︔

  ︵ ᠬᠤᠶᠠᠷ ︶ ᠰᠠᠭᠤᠷᠢ ᠮᠥᠩᠭᠦ ᠬᠠᠮᠢᠶᠠᠷᠤᠭᠴᠢ ᠶᠢᠨ ᠪᠡᠯᠡ ᠣᠷᠤᠭᠤᠯᠤᠯᠲᠠ ᠬᠢᠬᠦ ᠵᠠᠷᠯᠢᠭ ᠵᠢᠭᠠᠪᠤᠷᠢ ᠵᠢ ᠨᠢ ᠬᠡᠷᠡᠭᠵᠢᠭᠦᠯᠵᠦ᠂ ᠰᠠᠭᠤᠷᠢ ᠮᠦᠩᠭᠦᠨ ᠤ ᠨᠡᠷ᠎ᠡ ᠶᠢᠨ ᠳᠣᠣᠷᠠᠬᠢ ᠪᠡᠯᠡ ᠮᠦᠩᠭᠦᠨ ᠤ ᠬᠠᠷᠢᠯᠴᠠᠭ᠎ᠠ ᠶᠢ ᠬᠠᠷᠢᠭᠤᠴᠠᠨ᠎ᠠ︔

  ︵ ᠭᠤᠷᠪᠠ ︶ ᠨᠠᠶᠢᠲᠠᠨ ᠬᠠᠮᠢᠶᠠᠷᠤᠭᠤᠯᠬᠤ ᠵᠦᠪᠯᠡᠯᠴᠡᠭᠡᠷ ᠢ ᠦᠨᠳᠦᠰᠦᠯᠡᠨ᠂ ᠰᠠᠭᠤᠷᠢ ᠮᠥᠩᠭᠦ ᠬᠠᠮᠢᠶᠠᠷᠤᠭᠴᠢ ᠬᠠᠤᠯᠢ ᠴᠠᠭᠠᠵᠠ ᠬᠠᠤᠯᠢ ᠲᠣᠭᠲᠠᠭᠠᠯ᠂ ᠺᠤᠮᠫᠠᠨᠢ ᠶᠢᠨ ᠳᠦᠷᠢᠮ ᠲᠣᠭᠲᠠᠭᠠᠯ ᠪᠣᠶᠤ ᠬᠤᠷᠰᠢᠬᠤ ᠵᠦᠪᠯᠡᠯᠴᠡᠭᠡᠷ᠂ ᠨᠠᠶᠢᠳᠠᠯᠭ᠎ᠠ ᠪᠠᠷ ᠬᠠᠮᠢᠶᠠᠷᠬᠤ ᠵᠦᠪᠯᠡᠯᠴᠡᠭᠡᠷ᠂ ᠰᠠᠭᠤᠷᠢ ᠮᠥᠩᠭᠦᠨ ᠤ ᠬᠡᠷᠡᠭ ᠮᠡᠳᠡᠭᠴᠢᠳ ᠤᠨ ᠬᠤᠷᠠᠯ ︵ ᠡᠵᠡᠮᠰᠢᠭᠴᠢᠳ ᠤᠨ ᠶᠡᠭᠡ ᠬᠤᠷᠠᠯ ︶ ᠤᠨ ᠰᠢᠢᠳᠪᠦᠷᠢ ᠶᠢ ᠵᠦᠷᠢᠴᠡᠭᠰᠡᠨ ᠪᠡᠯᠡ ᠣᠷᠣᠭᠤᠯᠤᠯᠲᠠ ᠬᠢᠬᠦ ᠵᠠᠷᠯᠢᠭ ᠵᠢᠭᠠᠪᠤᠷᠢ ᠶᠢ ᠣᠯᠵᠤ ᠮᠡᠳᠡᠪᠡᠯ᠂ ᠭᠦᠢᠴᠡᠳᠬᠡᠬᠦ ᠶᠢ ᠲᠡᠪᠴᠢᠬᠦ ᠶᠢᠨ ᠬᠠᠮᠲᠤ ᠴᠠᠭ ᠲᠤᠬᠠᠢ ᠳᠤ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ᠎ᠡ︔ ᠨᠢᠭᠡᠨᠲᠡ ᠬᠠᠤᠯᠢ ᠴᠠᠭᠠᠵᠠ ᠬᠠᠤᠯᠢ ᠲᠣᠭᠲᠠᠭᠠᠯ ᠢ ᠵᠦᠷᠢᠴᠡᠭᠰᠡᠨ ᠦᠢᠯᠡ ᠠᠵᠢᠯᠯᠠᠭ᠎ᠠ ᠡᠭᠦᠰᠦᠭᠰᠡᠨ ᠪᠠᠢᠢᠪᠠᠯ᠂ ᠴᠠᠭ ᠲᠣᠬᠠᠢ ᠳᠤ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠮᠡᠳᠡᠭᠦᠯᠬᠦ ᠬᠡᠷᠡᠭᠲᠡᠢ︔

  ︵ ᠳᠥᠷᠪᠡ ︶ ᠰᠠᠭᠤᠷᠢ ᠮᠥᠩᠭᠦ ᠶᠢ ᠨᠠᠢᠢᠳᠠᠯᠭ᠎ᠠ ᠪᠠᠷ ᠬᠠᠮᠢᠶᠠᠷᠤᠭᠰᠠᠨ ᠮᠡᠳᠡᠭᠦᠯᠦᠯᠲᠡ ᠭᠠᠷᠭᠠᠵᠤ᠂ ᠰᠠᠭᠤᠷᠢ ᠮᠦᠩᠭᠦᠨ ᠤ ᠬᠡᠷᠡᠭ ᠮᠡᠳᠡᠭᠴᠢᠳ ᠤᠨ ᠵᠥᠪᠯᠡᠯ ︵ ᠡᠵᠡᠮᠰᠢᠭᠴᠢᠳ ᠤᠨ ᠶᠡᠭᠡ ᠬᠤᠷᠠᠯ ︶ ᠳᠤ ᠮᠡᠳᠡᠭᠦᠯᠦᠯᠲᠡ ᠬᠢᠬᠦ ᠶᠢᠨ ᠬᠠᠮᠲᠤ ᠵᠠᠰᠠᠭ ᠤᠨ ᠣᠷᠳᠣᠨ ᠡᠴᠠ ᠭᠠᠷᠭᠠᠭᠰᠠᠨ ᠪᠡᠯᠡ ᠶᠢᠨ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠣᠨ ᠤ ᠮᠡᠳᠡᠭᠦᠯᠦᠯᠲᠡ ᠪᠠᠨ ᠲᠤᠰᠢᠶᠠᠬᠤ ᠬᠡᠷᠡᠭᠲᠡᠢ︔

  ︵ ᠲᠠᠪᠤ ︶ ᠨᠠᠢᠢᠳᠠᠯᠭ᠎ᠠ ᠪᠠᠷ ᠬᠠᠮᠢᠶᠠᠷᠬᠤ ᠵᠦᠪᠯᠡᠯᠴᠡᠭᠡᠷ ᠲᠤ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃


  ᠵᠢᠷᠭᠤᠳᠤᠭᠠᠷ ᠪᠦᠯᠦᠭ    ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠠᠵᠢᠯᠯᠠᠭᠠᠨ ᠪᠠ ᠲᠦᠭᠰᠢᠭᠦᠷᠢ ᠶᠢᠨ ᠡᠵᠡᠮᠳᠡᠯ


  ᠭᠤᠴᠢᠨ ᠬᠤᠶᠠᠳᠤᠭᠠᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ︽ ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠵᠠᠬ᠎ᠠ ᠳᠡᠯᠭᠡᠭᠦᠷ ᠲᠤ ᠠᠵᠢᠯᠯᠠᠭᠤᠯᠬᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠲᠦᠭᠰᠢᠭᠦᠷᠢ ᠶᠢ ᠰᠡᠷᠭᠡᠶᠢᠯᠡᠬᠦ ︾ ᠵᠠᠷᠴᠢᠮ ᠶᠣᠰᠣᠭᠠᠷ ᠪᠡᠯᠡ ᠣᠷᠤᠭᠤᠯᠬᠤ ᠠᠵᠢᠯᠯᠠᠭᠠᠨ ᠢ ᠦᠷᠨᠢᠭᠦᠯᠵᠦ᠂ ᠦᠪᠡᠷᠲᠡᠭᠡᠨ ᠡᠵᠡᠨ ᠮᠡᠳᠡᠵᠦ ᠡᠵᠡᠩᠨᠡᠨ᠂ ᠣᠯᠵᠤ ᠠᠯᠳᠠᠬᠤ ᠪᠠᠨ ᠥᠪᠡᠷ ᠢᠶᠠᠨ ᠬᠠᠷᠢᠭᠤᠴᠠᠬᠤ ᠬᠡᠷᠡᠭᠲᠡᠶ᠃ ᠡᠳ᠋ ᠤᠨ ᠵᠠᠰᠠᠭ ᠤᠨ ᠲᠥᠰᠦᠪ ᠪᠣᠯᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ᠂ ᠳᠣᠲᠣᠭᠠᠳᠤ ᠡᠵᠡᠮᠳᠡᠯ ᠪᠠ ᠭᠠᠳᠠᠨᠠᠬᠢ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠲᠦᠭᠰᠢᠭᠦᠷᠢ ᠶᠢ ᠬᠢᠵᠠᠭᠠᠷᠯᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃

  ᠭᠤᠴᠢᠨ ᠭᠤᠷᠪᠠᠳᠤᠭᠠᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠪᠡᠯᠡ ᠮᠥᠩᠭᠦ ᠴᠤᠭᠯᠠᠭᠤᠯᠬᠤ᠂ ᠪᠡᠯᠡ ᠣᠷᠣᠭᠤᠯᠬᠤ᠂ ᠣᠷᠤᠭᠤᠯᠤᠯᠲᠠ ᠬᠢᠭᠰᠡᠨ ᠤ ᠳᠠᠷᠠᠭ᠎ᠠ ᠬᠠᠮᠢᠶᠠᠷᠬᠤ᠂ ᠢᠯᠭᠠᠷᠠᠭᠤᠯᠤᠨ ᠪᠣᠳᠣᠬᠤ᠂ ᠪᠤᠴᠠᠭᠠᠵᠤ ᠭᠠᠷᠭᠠᠬᠤ ᠵᠡᠷᠭᠡ ᠳᠤ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠠᠷᠭ᠎ᠠ ᠠᠪᠴᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠵᠠᠬ᠎ᠠ ᠳᠡᠯᠭᠡᠭᠦᠷ ᠢᠶᠠᠷ ᠰᠢᠢᠳᠪᠦᠷᠢᠯᠡᠭᠦᠯᠬᠦ ᠶᠢ ᠪᠠᠷᠢᠮᠲᠠᠯᠠᠨ᠂ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠪᠠᠷᠢᠮᠲᠠᠯᠠᠵᠤ᠂ ᠵᠠᠰᠠᠭ ᠤᠨ ᠣᠷᠳᠣᠨ ᠵᠢᠴᠢ ᠬᠠᠷᠢᠶ᠎ᠠ ᠪᠦᠬᠦᠢ ᠰᠠᠯᠠᠭ᠎ᠠ ᠮᠥᠴᠢᠷ ᠤᠳ ᠰᠠᠭᠤᠷᠢ ᠮᠦᠩᠭᠦᠨ ᠤ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠶᠠᠪᠤᠳᠠᠯ ᠳᠤ ᠣᠷᠣᠯᠴᠠᠵᠤ ᠪᠣᠯᠬᠤ ᠦᠭᠡᠶ᠃

  ᠭᠤᠴᠢᠨ ᠳᠥᠷᠪᠡᠳᠦᠭᠡᠷ ᠵᠦᠢᠯ    ᠰᠠᠭᠤᠷᠢ ᠮᠥᠩᠭᠦ ᠶᠢ ᠨᠠᠢᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ ᠨᠢ ᠨᠡᠶᠢᠭᠡᠮ ᠤᠨ ᠬᠥᠷᠥᠩᠭᠡ ᠶᠢᠨ ᠪᠡᠯᠡ ᠭᠠᠷᠭᠠᠭᠴᠢ ᠶᠢᠨ ᠬᠤᠪᠢ ᠪᠠᠷ ᠰᠠᠭᠤᠷᠢ ᠮᠥᠩᠭᠦ ᠪᠠᠶᠢᠭᠤᠯᠬᠤ ᠳᠤ ᠣᠷᠣᠯᠴᠠᠵᠤ ᠪᠣᠯᠬᠤ ᠦᠭᠡᠶ᠃ ᠰᠠᠭᠤᠷᠢ ᠮᠥᠩᠭᠦ ᠬᠠᠮᠢᠶᠠᠷᠤᠭᠴᠢ ᠬᠢᠭᠡᠳ ᠰᠠᠭᠤᠷᠢ ᠮᠥᠩᠭᠦ ᠶᠢ ᠨᠠᠢᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ ᠨᠢ ᠠᠳᠠᠯᠢ ᠨᠢᠭᠡᠨ ᠪᠠᠶᠢᠭᠤᠯᠤᠮᠵᠢ ᠪᠤᠶᠤ ᠬᠠᠷᠢᠶᠠᠯᠠᠭᠳᠠᠬᠤ ᠬᠠᠷᠢᠴᠠᠭ᠎ᠠ ᠲᠠᠢ ᠪᠠᠶᠢᠵᠤ ᠪᠣᠯᠬᠤ ᠦᠭᠡᠶ᠃

  ᠭᠤᠴᠢᠨ ᠲᠠᠪᠤᠳᠤᠭᠠᠷ ᠵᠦᠢᠯ    ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠪᠡᠯᠡ ᠣᠷᠤᠭᠤᠯᠤᠭᠰᠠᠨ ᠪᠣᠳᠠᠲᠠᠶ ᠪᠡᠯᠡ ᠮᠥᠩᠭᠦ ︵ ᠥᠪᠡᠷᠲᠡᠭᠡᠨ ᠵᠠᠰᠠᠬᠤ ᠣᠷᠣᠨ ᠤ ᠭᠠᠳᠠᠨᠠᠬᠢ ᠠᠵᠤ ᠠᠬᠤᠶᠢᠯᠠᠯ ᠳᠤ ᠪᠡᠯᠡ ᠣᠷᠤᠭᠤᠯᠵᠤ᠂ ᠲᠤᠰ ᠠᠵᠤ ᠠᠬᠤᠶᠢᠯᠠᠯ ᠨᠢ ᠰᠲ᠋ᠣᠺ ᠤᠨ ᠡᠷᠬᠡ ᠶᠢᠨ ᠠᠷᠭ᠎ᠠ ᠮᠠᠶ᠋ᠢᠭ ᠢᠶᠠᠷ ᠥᠪᠡᠷᠲᠡᠭᠡᠨ ᠵᠠᠰᠠᠬᠤ ᠣᠷᠣᠨ ᠳᠤ ᠨᠢᠭᠡᠨᠲᠡ ᠪᠠᠶᠢᠭ᠎ᠠ ᠪᠤᠶᠤ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠳᠤ ᠪᠡᠯᠡ ᠣᠷᠤᠭᠤᠯᠬᠤ ᠶᠢ ᠪᠠᠭᠲᠠᠭᠠᠨ᠎ᠠ ︶ ᠨᠢ ᠪᠣᠳᠠᠲᠠᠶ ᠲᠤᠰᠢᠶᠠᠭᠰᠠᠨ ᠪᠡᠯᠡ ᠮᠦᠩᠭᠦᠨ ᠤ ᠪᠠᠨ 80% ᠡᠴᠠ ᠳᠣᠤᠷ᠎ᠠ ᠪᠠᠶᠢᠵᠤ ᠪᠣᠯᠬᠤ ᠦᠭᠡᠶ᠃ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠳᠦᠷᠢᠮ ᠲᠣᠭᠲᠠᠭᠠᠯ᠂ ᠬᠤᠷᠰᠢᠬᠤ ᠵᠥᠪᠯᠡᠯᠴᠡᠭᠡᠷ᠂ ᠰᠠᠭᠤᠷᠢ ᠮᠦᠩᠭᠦᠨ ᠤ ᠵᠦᠪᠯᠡᠯᠴᠡᠭᠡᠷ ᠲᠤ ᠪᠣᠯᠵᠣᠵᠤ ᠲᠣᠭᠲᠠᠭᠰᠠᠨ ᠠᠵᠤ ᠦᠢᠯᠡᠰ ᠤᠨ ᠬᠦᠷᠢᠶᠡᠨ ᠤ ᠬᠠᠷᠢᠴᠠᠯ ᠨᠢ ᠰᠠᠭᠤᠷᠢ ᠮᠥᠩᠭᠦ ᠴᠤᠭᠯᠠᠭᠤᠯᠬᠤ ᠬᠡᠪᠴᠢᠶᠡᠵᠢᠯ ᠪᠤᠶᠤ ᠠᠮᠠᠯᠠᠭᠰᠠᠨ ᠪᠡᠯᠠ ᠭᠠᠷᠭᠠᠬᠤ ᠲᠣᠭᠠᠨ ᠤ 60% ᠡᠴᠠ ᠳᠣᠤᠷ᠎ᠠ ᠪᠠᠶᠢᠵᠤ ᠪᠣᠯᠬᠤ ᠦᠭᠡᠶ᠃ ᠳᠠᠩ ᠭᠠᠭᠴᠠ ᠠᠵᠤ ᠠᠬᠤᠶᠢᠯᠠᠯ ᠳᠠᠬᠢ ᠪᠡᠯᠡ ᠣᠷᠤᠭᠤᠯᠤᠯᠲᠠ ᠶᠢᠨ ᠲᠤᠭ᠎ᠠ ᠶᠢ ᠰᠠᠭᠤᠷᠢ ᠮᠥᠩᠭᠦᠨ ᠤ ᠡᠳ᠋ ᠬᠥᠷᠥᠩᠭᠡ ᠶᠢᠨ ᠶᠡᠷᠦᠩᠬᠡᠶ ᠥᠷᠲᠡᠭ ᠤᠨ 20% ᠡᠴᠠ ᠬᠡᠲᠦᠷᠡᠭᠦᠯᠵᠦ ᠪᠤᠯᠬᠤ ᠦᠭᠡᠢ᠃

  ᠭᠤᠴᠢᠨ ᠵᠢᠷᠭᠤᠳᠤᠭᠠᠷ ᠵᠦᠢᠯ    ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠨᠢ ᠨᠡᠶᠢᠭᠡᠮ ᠤᠨ ᠬᠥᠷᠥᠩᠭᠡ ᠶᠢ ᠬᠥᠲᠥᠯᠥᠨ ᠵᠢᠯᠣᠭᠤᠳᠴᠤ ᠪᠠᠶᠢᠭᠠᠳ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯᠳᠠᠯᠭ᠎ᠠ ᠲᠠᠢ ᠬᠦᠷᠢᠶ᠎ᠡ ᠪᠠ ᠪᠠᠭᠤᠷᠠᠶ ᠭᠤᠭᠴᠤᠭᠠᠨ ᠳᠤ ᠪᠡᠯᠡ ᠣᠷᠤᠭᠤᠯᠤᠯᠲᠠ ᠬᠢᠯᠭᠡᠵᠦ᠂ ᠬᠠᠮᠢᠶ᠎ᠠ ᠪᠦᠬᠦᠢ ᠠᠵᠤ ᠦᠢᠯᠡᠰ ᠪᠠ ᠬᠦᠷᠢᠶᠡᠨ ᠤ ᠬᠥᠭᠵᠢᠯᠲᠡ ᠶᠢ ᠳᠡᠮᠵᠢᠬᠦ ᠳᠤ ᠳᠣᠤᠷᠠᠬᠢ ᠲᠤᠬᠠᠶᠢᠯᠠᠭᠰᠠᠨ ᠠᠵᠢᠯ ᠢ ᠡᠷᠬᠢᠯᠡᠵᠦ ᠪᠣᠯᠬᠤ ᠦᠭᠡᠶ᠄

  ︵ ᠨᠢᠭᠡ ︶ ᠢᠯᠡ ᠬᠤᠪᠢᠴᠠᠭᠠᠲᠤ ᠣᠷᠤᠭᠤᠯᠤᠯᠲᠠ ᠨᠢ ᠦᠨᠡᠨ ᠳᠤ ᠪᠠᠨ ᠠᠪᠴᠠᠭᠠᠲᠤ ᠣᠷᠤᠭᠤᠯᠤᠯᠲᠠ ᠪᠣᠯᠬᠤ ᠵᠡᠷᠭᠡ ᠬᠡᠯᠪᠡᠷᠢ ᠶᠢ ᠨᠢ ᠦᠭᠡᠷᠡᠲᠦᠭᠦᠯᠦᠭᠰᠡᠨ ᠵᠠᠰᠠᠭ ᠤᠨ ᠣᠷᠳᠣᠨ ᠤ ᠥᠷᠢ ᠥᠭᠴᠡᠭᠡ ᠶᠢ ᠨᠡᠮᠡᠭᠳᠡᠭᠦᠯᠬᠦ ᠠᠵᠢᠯᠯᠠᠭ᠎ᠠ︔

  ︵ ᠬᠤᠶᠠᠷ ︶ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠡᠴᠠ ᠭᠠᠳᠠᠨᠠᠬᠢ ᠳᠠᠭᠠᠭᠠᠯᠲᠠ ᠬᠢᠬᠦ᠂ ᠪᠠᠷᠢᠴᠠᠭᠠᠯᠠᠬᠤ᠂ ᠨᠠᠶᠢᠳᠠᠯᠭ᠎ᠠ ᠶᠢᠨ ᠵᠢᠭᠡᠯᠡᠯᠭᠡ ᠵᠡᠷᠭᠡ ᠲᠤᠬᠠᠶᠢᠯᠠᠭᠰᠠᠨ ᠠᠵᠢᠯ︔

    ︵ ᠭᠤᠷᠪᠠ ︶ ᠢᠯᠡ ᠪᠠᠷ ᠠᠷᠠᠯᠵᠢᠶᠠᠯᠠᠬᠤ ᠲᠥᠷᠥᠯ ᠤᠨ ᠰᠲ᠋ᠣᠺ ︵ ᠨᠡᠶᠢᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶᠢᠭᠤᠯᠬᠤ ᠪᠠᠷ ᠵᠣᠷᠢᠯᠭ᠎ᠠ ᠪᠣᠯᠭᠠᠭᠰᠠᠨ ᠨᠢ ᠡᠭᠦᠨ ᠳᠤ ᠪᠠᠭᠲᠠᠬᠤ ᠦᠭᠡᠶ ︶᠂ ᠬᠤᠭᠤᠴᠠᠭᠠᠲᠤ ᠪᠠᠷᠠᠭ᠎ᠠ᠂ ᠭᠡᠷ ᠪᠠᠶᠢᠰᠢᠩ ᠭᠠᠵᠠᠷ ᠬᠥᠷᠥᠩᠭᠡ᠂ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠢᠲᠡᠭᠡᠮᠵᠢ ᠨᠠᠢᠢᠳᠠᠯᠭ᠎ᠠ ᠶᠢᠨ ᠨᠡᠷᠡᠳᠭᠦᠨ᠂ ᠪᠡᠯᠡ ᠪᠠᠨ ᠪᠠᠲᠤᠯᠠᠬᠤ ᠪᠤᠰᠤ ᠬᠡᠯᠪᠡᠷᠢ ᠶᠢᠨ ᠡᠳ᠋ ᠬᠥᠷᠥᠩᠭᠡ ᠠᠬᠤᠢᠢᠯᠠᠬᠤ ᠨᠡᠷᠡᠳᠭᠦᠨ᠂ ᠳᠠᠭᠠᠳᠬᠠᠯ ᠤᠨ ᠲᠥᠯᠥᠪᠯᠡᠭᠡ ᠵᠢᠴᠢ ᠪᠤᠰᠤᠳ ᠮᠥᠩᠭᠦᠨ ᠭᠦᠢᠯᠭᠡᠭᠡᠨ ᠤ ᠡᠭᠦᠰᠦᠮᠡᠯ ᠵᠦᠢᠯ︔

    ︵ ᠳᠥᠷᠪᠡ ︶ ᠶᠠᠮᠠᠷᠪᠠ ᠭᠤᠷᠪᠠᠳᠠᠬᠢ ᠡᠲᠡᠭᠡᠳ ᠢ ᠢᠪᠡᠭᠡᠨ ᠲᠡᠳᠭᠦᠬᠦ᠂ ᠬᠠᠨᠳᠢᠪᠯᠠᠨ ᠲᠤᠰᠠᠯᠠᠬᠤ ︵ ᠵᠥᠪᠰᠢᠶᠡᠷᠡᠭᠦᠯᠦᠭᠰᠡᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠡᠯᠡᠭᠯᠡᠨ ᠬᠦᠷᠭᠡᠭᠰᠡᠨ ᠨᠢ ᠡᠭᠦᠨ ᠳᠤ ᠪᠠᠭᠲᠠᠬᠤ ᠦᠭᠡᠶ ︶︔

  ︵ ᠲᠠᠪᠤ ︶ ᠬᠠᠳᠠᠭᠠᠯᠠᠮᠵᠢ ᠶᠢᠨ ᠵᠣᠭᠤᠰ ᠢ ᠲᠡᠳᠡᠨ ᠠᠪᠬᠤ ᠪᠣᠶᠤ ᠬᠡᠯᠪᠡᠷᠢ ᠶᠢ ᠨᠢ ᠦᠭᠡᠷᠡᠲᠦᠭᠦᠯᠦᠨ ᠴᠤᠭᠯᠠᠭᠤᠯᠵᠤ ᠬᠤᠷᠢᠶᠠᠬᠤ᠂ ᠡᠰᠡᠭᠦᠯ᠎ᠡ ᠭᠤᠷᠪᠠᠳᠤᠭᠠᠷ ᠡᠲᠡᠭᠡᠳ ᠲᠤ ᠵᠢᠭᠡᠯᠡᠯᠭᠡ ᠪᠣᠯᠣᠨ ᠪᠡᠯᠡ ᠮᠥᠩᠭᠦ ᠶᠢ ᠲᠦᠷ ᠵᠢᠭᠡᠯᠡᠭᠦᠯᠬᠦ︔

  ︵ ᠵᠢᠷᠭᠤᠭ᠎ᠠ ︶ ᠬᠢᠵᠠᠭᠠᠷ ᠦᠭᠡᠢ ᠬᠤᠯᠪᠣᠯᠳᠠᠳᠤ ᠬᠠᠷᠢᠭᠤᠴᠠᠯᠭ᠎ᠠ ᠡᠭᠦᠷᠭᠡᠯᠡᠬᠦ ᠭᠠᠳᠠᠭᠠᠳᠤ ᠪᠡᠯᠡ ᠣᠷᠣᠭᠤᠯᠤᠯᠲᠠ︔

  ︵ ᠳᠤᠯᠤᠭ᠎ᠠ ︶ ᠢᠲᠡᠭᠡᠮᠵᠢᠲᠦ ᠨᠠᠢᠢᠳᠠᠯᠭ᠎ᠠ ᠲᠠᠷᠬᠠᠭᠠᠬᠤ ᠪᠤᠶᠤ ᠬᠦᠷᠦᠩᠭᠡ ᠮᠦᠩᠭᠦ ᠠᠬᠤᠢᠢᠯᠠᠬᠤ ᠨᠡᠷᠡᠳᠭᠦᠨ ᠢ ᠨᠡᠢᠢᠯᠡᠭᠦᠯᠵᠦ ᠪᠡᠯᠡ ᠮᠦᠩᠭᠦ ᠴᠤᠭᠯᠠᠭᠤᠯᠬᠤ︔

  ︵ ᠨᠠᠢᠮᠠ ︶ ᠤᠯᠤᠰ ᠤᠨ ᠲᠥᠷᠥ ᠶᠢᠨ ᠪᠣᠳᠣᠯᠭ᠎ᠠ ᠳᠤ ᠢᠯᠡ ᠪᠠᠷ ᠵᠠᠷᠯᠢᠭᠳᠠᠨ ᠴᠠᠭᠠᠵᠠᠯᠠᠭᠰᠠᠨ ᠬᠦᠷᠢᠶ᠎ᠡ ᠴᠠᠷᠠᠭ᠎ᠠ ᠪᠣᠯᠣᠨ ᠠᠵᠢᠯ ᠲᠥᠷᠥᠯ ᠳᠤ ᠪᠡᠯᠡ ᠣᠷᠤᠭᠤᠯᠬᠤ︔

  ︵ ᠶᠢᠰᠦ ︶ ᠬᠠᠤᠯᠢ ᠴᠠᠭᠠᠵᠠ ᠬᠠᠤᠯᠢ ᠲᠣᠭᠲᠠᠭᠠᠯ ᠳᠤ ᠡᠷᠬᠢᠯᠡᠬᠦ ᠶᠢ ᠴᠠᠭᠠᠵᠠᠯᠠᠭᠰᠠᠨ ᠠᠵᠢᠯ ᠲᠦᠷᠦᠯ᠃

  ᠭᠤᠴᠢᠨ ᠳᠣᠯᠣᠳᠤᠭᠠᠷ ᠵᠦᠢᠯ   ᠰᠠᠭᠤᠷᠢ ᠮᠥᠩᠭᠦ ᠬᠠᠮᠢᠶᠠᠷᠤᠭᠴᠢ ᠵᠢᠴᠢ ᠠᠵᠢᠯ ᠡᠷᠬᠢᠯᠡᠭᠰᠡᠳ ᠨᠢ ᠰᠠᠭᠤᠷᠢ ᠮᠦᠩᠭᠦᠨ ᠤ ᠡᠳ᠋ ᠬᠥᠷᠥᠩᠭᠡ ᠪᠤᠶᠤ ᠲᠤᠰᠢᠶᠠᠯ ᠢᠶᠠᠨ ᠠᠰᠢᠬᠯᠠᠨ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠰᠠᠭᠤᠷᠢ ᠮᠦᠩᠭᠦᠨ ᠤ ᠪᠡᠯᠡ ᠣᠷᠣᠭᠤᠯᠤᠯᠲᠠ ᠶᠢᠨ ᠬᠠᠷᠠᠯᠲᠠ ᠵᠢᠴᠢ ᠡᠭᠦᠨ ᠲᠠᠢ ᠬᠤᠯᠪᠣᠭᠳᠠᠬᠤ ᠡᠲᠡᠭᠡᠳ ᠡᠴᠠ ᠠᠰᠠᠭᠤᠨ ᠯᠠᠪᠯᠠᠬᠤ ᠵᠠᠷᠤᠳᠠᠯ᠂ ᠭᠠᠷᠳᠠᠮ ᠤᠨ ᠵᠠᠷᠤᠳᠠᠯ᠂ ᠡᠳ᠋ ᠤᠨ ᠶᠠᠪᠤᠳᠠᠯ ᠤᠨ ᠵᠥᠪᠯᠡᠭᠴᠢ ᠶᠢᠨ ᠵᠠᠷᠤᠳᠠᠯ ᠬᠤᠷᠢᠶᠠᠬᠤ ᠵᠡᠷᠭᠡ ᠨᠡᠷ᠎ᠡ ᠪᠠᠷ᠂ ᠬᠤᠪᠢ ᠪᠡᠶ᠎ᠡ ᠪᠤᠶᠤ ᠪᠡᠯᠡ ᠣᠷᠣᠭᠤᠯᠤᠭᠴᠢ ᠡᠴᠠ ᠭᠠᠳᠠᠨᠠᠬᠢ ᠬᠥᠮᠦᠨ ᠳᠤ ᠬᠠᠤᠯᠢ ᠪᠤᠰᠤ ᠠᠰᠢᠭ ᠲᠤᠰᠠ ᠬᠦᠭᠡᠭᠡᠴᠡᠯᠳᠦᠨ᠂ ᠠᠰᠢᠭ ᠲᠤᠰᠠ ᠬᠦᠷᠭᠡᠬᠦ ᠦᠢᠯᠡ ᠠᠵᠢᠯᠯᠠᠭ᠎ᠠ ᠲᠠᠢ ᠪᠠᠢᠢᠵᠤ ᠪᠣᠯᠬᠤ ᠦᠭᠡᠶ᠃

  ᠭᠤᠴᠢᠨ ᠨᠠᠢᠮᠠᠳᠤᠭᠠᠷ ᠵᠦᠢᠯ   ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠢᠭᠡᠯᠡᠯᠭᠡ ᠶᠢᠨ ᠪᠡᠯᠡ ᠮᠥᠩᠭᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠲᠡᠭᠲᠦ ᠶᠢᠨ ᠪᠡᠯᠡ ᠮᠥᠩᠭᠦ ᠪᠠᠷ ᠡᠯ᠎ᠡ ᠲᠥᠷᠥᠯ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠪᠠᠶᠢᠭᠤᠯᠬᠤ ᠪᠤᠶᠤ ᠪᠡᠯᠡ ᠣᠷᠤᠭᠤᠯᠵᠤ ᠪᠣᠯᠬᠤ ᠦᠭᠡᠶ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠠᠰᠢᠬᠯᠠᠬᠤ ᠵᠡᠷᠭᠡ ᠠᠷᠭ᠎ᠠ ᠬᠡᠯᠪᠡᠷᠢ ᠪᠠᠷ ᠬᠠᠤᠯᠢ ᠲᠣᠭᠲᠠᠭᠠᠯ ᠡᠴᠠ ᠵᠦᠷᠢᠴᠡᠵᠦ ᠬᠡᠯᠪᠡᠷᠢ ᠶᠢ ᠨᠢ ᠦᠭᠡᠷᠡᠲᠦᠭᠦᠯᠦᠨ ᠵᠢᠭᠡᠯᠡᠯᠭᠡ ᠠᠪᠬᠤ ᠶᠢ ᠡᠷᠡᠰ ᠴᠠᠭᠠᠵᠠᠯᠠᠨ᠎ᠠ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠪᠡᠯᠡ ᠲᠣᠬᠢᠷᠠᠭᠤᠯᠵᠤ ᠲᠦᠷᠢᠶᠡᠰᠦᠯᠡᠭᠦᠯᠬᠦ ᠺᠣᠮᠫᠠᠨᠢ ᠵᠡᠷᠭᠡ ᠮᠥᠩᠭᠦᠨ ᠭᠦᠢᠯᠭᠡᠭᠡᠨ ᠤ ᠪᠤᠰᠤ ᠪᠠᠶᠢᠭᠤᠯᠤᠮᠵᠢ ᠳᠤ ᠪᠡᠯᠡ ᠲᠣᠬᠢᠷᠠᠭᠤᠯᠵᠤ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠰᠠᠭᠤᠷᠢ ᠮᠥᠩᠭᠦ ᠶᠢ ᠡᠭᠦᠰᠭᠡᠨ ᠪᠠᠶᠢᠭᠤᠯᠬᠤ ᠶᠢ ᠡᠷᠡᠰ ᠴᠠᠭᠠᠵᠠᠯᠠᠨ᠎ᠠ︔ ᠶᠠᠮᠠᠷᠪᠠ ᠠᠷᠭ᠎ᠠ ᠮᠠᠶ᠋ᠢᠭ ᠢᠶᠠᠷ ᠥᠭᠭᠦᠪᠡᠰᠦ ︵ ᠬᠤᠷᠢᠶᠠᠪᠠᠰᠤ ︶ ᠵᠣᠬᠢᠬᠤ ᠳᠠᠩᠰᠠᠨ ᠵᠣᠭᠤᠰ ᠤᠨ ᠭᠡᠷ᠎ᠡ ᠶᠢ ᠬᠤᠳᠠᠯ ᠢᠶᠠᠷ ᠵᠣᠬᠢᠶᠠᠬᠤ ᠪᠤᠶᠤ ᠡᠷᠬᠡ ᠮᠡᠳᠡᠯ ᠡᠴᠠ ᠪᠠᠨ ᠳᠠᠪᠠᠭᠤᠯᠤᠨ ᠲᠣᠭᠲᠠᠵᠤ ᠪᠣᠯᠬᠤ ᠦᠭᠡᠢ ᠪᠠᠢᠢᠬᠤ ᠶᠢᠨ ᠬᠠᠮᠲᠤ ᠰᠠᠭᠤᠷᠢ ᠮᠥᠩᠭᠦ ᠬᠠᠮᠢᠶᠠᠷᠤᠭᠴᠢ ᠪᠤᠶᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠪᠡᠯᠡ ᠲᠣᠬᠢᠷᠠᠭᠤᠯᠭ᠎ᠠ ᠳᠤ ᠬᠠᠪᠰᠤᠷᠴᠤ ᠪᠣᠯᠬᠤ ᠦᠭᠡᠢ᠃

  ᠭᠤᠴᠢ ᠶᠢᠰᠦᠳᠦᠭᠡᠷ ᠵᠦᠢᠯ    ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠡᠯ᠎ᠡ ᠪᠡᠯᠡ ᠭᠠᠷᠭᠠᠭᠴᠢ ᠨᠢ ︽ ᠠᠳᠠᠯᠢ ᠰᠲ᠋ᠣᠺ ᠲᠤ ᠠᠳᠠᠯᠢᠬᠠᠨ ᠡᠷᠬᠡ᠂ ᠠᠰᠢᠭ ᠲᠤᠰᠠ ᠶᠢ ᠬᠠᠮᠲᠤ ᠪᠠᠷ ᠬᠦᠷᠲᠡᠬᠦ᠂ ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ ︾ ᠵᠠᠷᠴᠢᠮ ᠶᠣᠰᠣᠭᠠᠷ᠂ ᠠᠰᠢᠭ ᠤᠷᠤᠯᠭ᠎ᠠ ᠶᠢ ᠰᠢᠢᠳᠪᠦᠷᠢᠯᠡᠬᠦ ᠪᠠ ᠠᠯᠳᠠᠭᠳᠠᠯ ᠢ ᠡᠭᠦᠷᠭᠡᠯᠡᠬᠦ ᠠᠷᠭ᠎ᠠ ᠬᠡᠯᠪᠡᠷᠢ ᠪᠠᠨ ᠲᠣᠳᠣᠷᠬᠠᠶ ᠪᠣᠯᠵᠣᠨ ᠲᠣᠭᠲᠠᠵᠤ᠂ ᠪᠡᠯᠡ ᠣᠷᠣᠭᠤᠯᠤᠯᠲᠠ ᠶᠢᠨ ᠬᠠᠷᠢᠭᠤ ᠨᠢ ᠭᠤᠤᠯᠳᠠᠭᠤ ᠲᠥᠷᠥᠯ ᠵᠦᠢᠯ ᠤᠨ ᠠᠰᠢᠭ ᠤᠷᠤᠯᠭ᠎ᠠ ᠡᠴᠠ ᠢᠷᠡᠯᠲᠡ ᠲᠠᠢ ᠪᠠᠶᠢᠬᠤ ᠪᠠᠨ ᠲᠣᠳᠣᠷᠬᠠᠶᠢᠯᠠᠬᠤ ᠬᠡᠷᠡᠭᠲᠡᠶ᠃ ᠵᠠᠰᠠᠭ ᠤᠨ ᠣᠷᠳᠣᠨ ᠳᠤ ᠬᠠᠷᠢᠶᠠᠯᠠᠭᠳᠠᠬᠤ ᠪᠡᠯᠡ ᠣᠷᠣᠭᠤᠯᠤᠯᠲᠠ ᠶᠢᠨ ᠠᠰᠢᠭ ᠤᠷᠤᠯᠭ᠎ᠠ ᠪᠣᠯᠤᠨ ᠬᠦᠦ ᠮᠥᠩᠭᠦ ᠵᠡᠷᠭᠡ ᠶᠢ ᠦᠷᠭᠦᠯᠵᠢᠯᠡᠨ ᠪᠡᠯᠡ ᠣᠷᠤᠭᠤᠯᠤᠯᠲᠠ ᠶᠢᠨ ᠰᠠᠭᠤᠷᠢ ᠮᠦᠩᠭᠦᠨ ᠳᠤ ᠡᠷᠬᠢᠯᠳᠦᠭᠦᠯᠦᠨ ᠬᠡᠷᠡᠭᠯᠡᠬᠦ ᠪᠠᠷ ᠲᠤᠳᠤᠷᠬᠠᠢ ᠪᠣᠯᠵᠣᠨ ᠲᠣᠭᠲᠠᠭᠰᠠᠨ ᠡᠴᠠ ᠪᠤᠰᠤᠳ ᠢ ᠨᠢ᠂ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ ᠲᠤᠬᠠᠶ ᠳᠤ ᠨᠢ ᠭᠦᠢᠴᠡᠳ ᠲᠤᠭ᠎ᠠ ᠪᠠᠷ ᠤᠯᠤᠰ ᠤᠨ ᠬᠥᠮᠥᠷᠭᠡ ᠳᠤ ᠲᠤᠰᠢᠶᠠᠬᠤ ᠬᠡᠷᠡᠭᠲᠡᠶ᠃ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠠᠯᠳᠠᠭᠳᠠᠯ ᠢ ᠪᠡᠯᠡ ᠭᠠᠷᠭᠠᠭᠴᠢ ᠬᠠᠮᠲᠤ ᠳᠤ ᠪᠠᠨ ᠡᠭᠦᠷᠭᠡᠯᠡᠵᠦ᠂ ᠵᠠᠰᠠᠭ ᠤᠨ ᠣᠷᠳᠣᠨ ᠨᠢ ᠪᠡᠯᠡ ᠭᠠᠷᠭᠠᠭᠰᠠᠨ ᠲᠤᠭ᠎ᠠ ᠪᠠᠷ ᠬᠡᠮᠵᠢᠶᠡᠯᠡᠨ ᠬᠢᠵᠠᠭᠠᠷᠲᠤ ᠬᠠᠷᠢᠭᠤᠴᠠᠯᠭ᠎ᠠ ᠡᠭᠦᠷᠭᠡᠯᠡᠨ᠎ᠡ᠃

  ᠳᠥᠴᠢᠳᠦᠭᠡᠷ ᠵᠦᠢᠯ   ᠵᠠᠰᠠᠭ ᠤᠨ ᠣᠷᠳᠣᠨ ᠤ ᠪᠡᠯᠡ ᠭᠠᠷᠭᠠᠬᠤ ᠶᠢᠨ ᠬᠥᠲᠥᠯᠥᠨ ᠵᠢᠯᠣᠭᠤᠳᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢᠨ ᠲᠤᠰᠠᠳᠠ᠂ ᠵᠠᠰᠠᠭ ᠤᠨ ᠣᠷᠳᠣᠨ ᠡᠴᠠ ᠵᠣᠬᠢᠰᠲᠠᠶ ᠪᠠᠷ ᠠᠰᠢᠭ ᠲᠠᠯᠪᠢᠵᠤ ᠪᠣᠯᠤᠨ᠎ᠠ᠂ ᠭᠡᠪᠡᠴᠦ ᠶᠠᠮᠠᠷᠪᠠ ᠠᠷᠭ᠎ᠠ ᠮᠠᠶ᠋ᠢᠭ ᠢᠶᠠᠷ ᠨᠡᠶᠢᠭᠡᠮ ᠤᠨ ᠬᠥᠷᠥᠩᠭᠡ ᠶᠢᠨ ᠲᠠᠯ᠎ᠠ ᠶᠢᠨ ᠪᠡᠯᠡ ᠣᠷᠣᠭᠤᠯᠤᠯᠲᠠ ᠶᠢᠨ ᠡᠬᠡ ᠮᠥᠩᠭᠦ ᠶᠢ ᠡᠭᠡᠭᠦᠯᠦᠨ ᠬᠤᠳᠠᠯᠳᠤᠵᠤ ᠠᠪᠬᠤ ᠪᠠᠷ ᠠᠮᠠᠯᠠᠵᠤ ᠪᠣᠯᠬᠤ ᠦᠭᠡᠶ᠂ ᠶᠠᠮᠠᠷᠪᠠ ᠠᠷᠭ᠎ᠠ ᠮᠠᠶ᠋ᠢᠭ ᠢᠶᠠᠷ ᠨᠡᠶᠢᠭᠡᠮ ᠤᠨ ᠬᠥᠷᠥᠩᠭᠡ ᠶᠢᠨ ᠲᠠᠯ᠎ᠠ ᠶᠢᠨ ᠪᠡᠯᠡ ᠣᠷᠣᠭᠤᠯᠤᠯᠲᠠ ᠶᠢᠨ ᠡᠬᠡ ᠮᠥᠩᠭᠦ ᠶᠢᠨ ᠬᠤᠬᠢᠷᠠᠯ ᠢ ᠡᠭᠦᠷᠭᠡᠯᠡᠵᠦ ᠪᠣᠯᠬᠤ ᠦᠭᠡᠶ᠂ ᠶᠠᠮᠠᠷᠪᠠ ᠠᠷᠭ᠎ᠠ ᠮᠠᠶ᠋ᠢᠭ ᠢᠶᠠᠷ ᠨᠡᠶᠢᠭᠡᠮ ᠤᠨ ᠬᠥᠷᠥᠩᠭᠡ ᠶᠢᠨ ᠲᠠᠯ᠎ᠠ ᠳᠤ ᠬᠠᠮᠤᠭ ᠤᠨ ᠨᠠᠭᠠᠲᠤ ᠵᠠᠬ᠎ᠠ ᠶᠢᠨ ᠠᠰᠢᠭ ᠣᠯᠵᠠᠪᠤᠷᠢ ᠶᠢ ᠠᠮᠠᠯᠠᠵᠤ ᠪᠣᠯᠬᠤ ᠦᠭᠡᠶ᠂ ᠬᠢᠵᠠᠭᠠᠷᠲᠤ ᠬᠤᠷᠰᠢᠭᠰᠠᠨ ᠳᠦᠷᠢᠮᠲᠦ ᠰᠠᠭᠤᠷᠢ ᠮᠥᠩᠭᠦ ᠵᠡᠷᠭᠡ ᠶᠠᠮᠠᠷᠪᠠ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠠᠷᠭ᠎ᠠ ᠮᠠᠶ᠋ᠢᠭ ᠲᠤ ᠢᠯᠡᠭᠦᠴᠡ ᠨᠡᠮᠡᠯᠲᠡ ᠵᠦᠢᠯ ᠵᠤᠷᠪᠤᠰ ᠨᠡᠮᠡᠵᠦ ᠬᠡᠯᠪᠡᠷᠢ ᠶᠢ ᠨᠢ ᠦᠭᠡᠷᠡᠲᠦᠭᠦᠯᠦᠨ ᠵᠢᠭᠡᠯᠡᠯᠭᠡ ᠠᠪᠴᠤ ᠪᠣᠯᠬᠤ ᠦᠭᠡᠶ᠃ ᠲᠥᠷᠥ ᠶᠢᠨ ᠶᠠᠪᠤᠳᠠᠯ ᠤᠨ ᠬᠤᠷᠢᠶᠠᠨ ᠡᠴᠠ ᠠᠰ ᠲᠤ ᠪᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃

  ᠳᠥᠴᠢᠨ ᠨᠢᠭᠡᠳᠦᠭᠡᠷ ᠵᠦᠢᠯ    ᠰᠠᠭᠤᠷᠢ ᠮᠦᠩᠭᠦᠨ ᠤ ᠳᠦᠷᠢᠮ ᠲᠣᠭᠲᠠᠭᠠᠯ ᠳᠤ ᠲᠤᠰᠢᠶᠠᠯ ᠢᠶᠠᠨ ᠴᠢᠷᠮᠠᠢᠨ ᠭᠦᠢᠴᠡᠳᠭᠡᠪᠡᠰᠤ ᠬᠠᠷᠢᠭᠤᠴᠠᠯᠭ᠎ᠠ ᠡᠴᠠ ᠬᠡᠯᠲᠦᠷᠢᠭᠦᠯᠬᠦ ᠵᠦᠢᠯ ᠵᠤᠷᠪᠤᠰ ᠪᠣᠯᠤᠨ ᠰᠢᠢᠳᠭᠡᠨ ᠲᠣᠷᠭᠠᠬᠤ ᠲᠣᠭᠲᠠᠴᠠ ᠶᠢ ᠪᠣᠯᠵᠤᠵᠤ ᠲᠣᠭᠲᠠᠭᠠᠭᠰᠠᠨ ᠪᠠᠶᠢᠬᠤ ᠬᠡᠷᠡᠭᠲᠡᠶ᠂ ᠬᠠᠤᠯᠢ ᠲᠣᠭᠲᠠᠭᠠᠯ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢᠶᠠᠨ ᠭᠦᠢᠴᠡᠳᠭᠡᠵᠦ᠂ ᠡᠭᠦᠷᠭᠡ ᠬᠠᠷᠢᠭᠤᠴᠠᠯᠭ᠎ᠠ ᠪᠠᠨ ᠨᠢᠭᠡᠨᠲᠡ ᠭᠦᠢᠴᠡᠳᠬᠡᠭᠰᠡᠨ ᠪᠣᠯᠪᠠᠴᠤ ᠲᠥᠷᠥ ᠶᠢᠨ ᠪᠣᠳᠣᠯᠭ᠎ᠠ ᠶᠢᠨ ᠬᠤᠪᠢᠷᠠᠯᠲᠠ ᠵᠡᠷᠭᠡ ᠬᠦᠴᠦᠨ ᠵᠦᠢᠯ ᠡᠴᠠ ᠪᠣᠯᠵᠤ ᠰᠠᠭᠤᠷᠢ ᠮᠦᠩᠭᠦᠨ ᠤ ᠪᠡᠯᠡ ᠣᠷᠣᠭᠤᠯᠤᠯᠲᠠ ᠪᠦᠲᠦᠭᠰᠡᠨ ᠦᠭᠡᠢ ᠪᠤᠶᠤ ᠬᠤᠬᠢᠷᠠᠯ ᠳᠤ ᠤᠴᠠᠷᠠᠭᠰᠠᠨ᠂ ᠵᠢᠱᠢᠭᠰᠡᠨ ᠬᠠᠷᠠᠯᠲᠠ ᠪᠠᠨ ᠪᠡᠶᠡᠯᠡᠭᠦᠯᠵᠦ ᠳᠡᠶᠢᠯᠦᠭᠰᠡᠨ ᠦᠭᠡᠶ ᠮᠥᠷᠲᠡᠭᠡᠨ ᠬᠤᠪᠢ ᠶᠢᠨ ᠠᠰᠢᠭ ᠲᠤᠰᠠ ᠶᠢ ᠡᠰᠡ ᠬᠦᠭᠡᠭᠡᠴᠡᠯᠳᠦᠭᠰᠡᠨ ᠪᠠᠢᠢᠪᠠᠯ᠂ ᠪᠣᠳᠠᠲᠠᠶ ᠪᠠᠶᠢᠳᠠᠯ ᠢ ᠨᠢ ᠬᠠᠷᠠᠵᠤ ᠠᠯᠳᠠᠰᠢ ᠶᠢ ᠨᠢ ᠠᠭᠤᠴᠢᠯᠠᠨ ᠬᠠᠷᠢᠭᠤᠴᠠᠯᠭ᠎ᠠ ᠡᠴᠠ ᠬᠡᠯᠲᠦᠷᠢᠭᠦᠯᠦᠨ᠎ᠡ᠃


  ᠳᠣᠯᠣᠳᠤᠭᠠᠷ ᠪᠦᠯᠦᠭ    ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠲᠥᠰᠦᠪ ᠤᠨ ᠬᠠᠮᠢᠶᠠᠷᠤᠯᠲᠠ


  ᠳᠥᠴᠢᠨ ᠬᠤᠶᠠᠳᠤᠭᠠᠷ ᠵᠦᠢᠯ   ᠵᠠᠰᠠᠭ ᠤᠨ ᠣᠷᠳᠣᠨ ᠪᠡᠯᠡ ᠭᠠᠷᠭᠠᠵᠤ ᠪᠠᠢᠢᠭᠤᠯᠤᠭᠰᠠᠨ ᠪᠡᠯᠡ ᠣᠷᠤᠭᠤᠯᠤᠯᠲᠠ ᠶᠢᠨ ᠰᠠᠭᠤᠷᠢ ᠮᠥᠩᠭᠦ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠪᠡᠯᠡ ᠣᠷᠤᠭᠤᠯᠤᠯᠲᠠ ᠶᠢᠨ ᠰᠠᠭᠤᠷᠢ ᠮᠦᠩᠭᠦᠨ ᠤ ᠳᠦᠷᠢᠮ ᠲᠣᠭᠲᠠᠭᠠᠯ ᠳᠤ ᠪᠣᠯᠵᠣᠵᠤ ᠲᠣᠭᠲᠠᠭᠰᠠᠨ ᠪᠡᠯᠡ ᠭᠠᠷᠭᠠᠬᠤ ᠲᠥᠰᠦᠯ ᠪᠣᠯᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠠᠵᠢᠯᠯᠠᠭᠠᠨ ᠤ ᠪᠠᠶᠢᠳᠠᠯ ᠢ ᠦᠨᠳᠦᠰᠦᠯᠡᠨ᠂ ᠲᠣᠬᠠᠢ ᠶᠢᠨ ᠵᠢᠯ ᠤᠨ ᠵᠠᠰᠠᠭ ᠤᠨ ᠣᠷᠳᠣᠨ ᠤ ᠪᠡᠯᠡ ᠭᠠᠷᠭᠠᠭᠰᠠᠨ ᠲᠤᠭ᠎ᠠ ᠶᠢ ᠣᠨ ᠤ ᠵᠠᠰᠠᠭ ᠤᠨ ᠣᠷᠳᠣᠨ ᠤ ᠲᠥᠰᠦᠪ ᠲᠤ ᠪᠠᠨ ᠣᠷᠣᠭᠤᠯᠬᠤ ᠶᠢᠨ ᠬᠠᠮᠲᠤ᠂ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ᠂ ᠰᠠᠭᠤᠷᠢ ᠮᠥᠩᠭᠦ ᠶᠢ ᠪᠣᠳᠠᠲᠠᠶ ᠲᠤᠰᠢᠶᠠᠬᠤ ᠵᠦᠪᠯᠡᠯᠴᠡᠭᠡᠷ ᠲᠣᠭᠲᠠᠭᠰᠠᠨ ᠪᠠᠶᠢᠳᠠᠯ᠂ ᠣᠨ ᠤ ᠲᠥᠰᠦᠪ ᠤᠨ ᠲᠣᠬᠢᠷᠠᠭᠤᠯᠤᠯᠲᠠ ᠵᠢᠨ ᠪᠠᠶᠢᠳᠠᠯ ᠢ ᠦᠨᠳᠦᠰᠦᠯᠡᠨ ᠵᠠᠰᠠᠭ ᠤᠨ ᠣᠷᠳᠣᠨ ᠡᠴᠠ ᠭᠠᠷᠭᠠᠭᠰᠠᠨ ᠪᠡᠯᠡ ᠮᠥᠩᠭᠦ ᠶᠢ ᠵᠠᠰᠠᠭ ᠤᠨ ᠣᠷᠳᠣᠨ ᠤ ᠭᠠᠷᠭᠠᠭᠰᠠᠨ ᠪᠡᠯᠡ ᠮᠦᠩᠭᠦᠨ ᠤ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠰᠠᠯᠭᠠᠨ ᠥᠭᠴᠦ᠂ ᠵᠠᠰᠠᠭ ᠤᠨ ᠣᠷᠳᠣᠨ ᠤ ᠭᠠᠷᠭᠠᠭᠰᠠᠨ ᠪᠡᠯᠡ ᠮᠦᠩᠭᠦᠨ ᠤ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠰᠠᠭᠤᠷᠢ ᠮᠦᠩᠭᠦᠨ ᠤ ᠳᠦᠷᠢᠮ ᠲᠣᠭᠲᠠᠭᠠᠯ ᠢ ᠦᠨᠳᠦᠰᠦᠯᠡᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠤ ᠰᠠᠯᠭᠠᠨ ᠥᠭᠬᠦ ᠬᠡᠷᠡᠭᠲᠡᠶ᠃ ᠵᠢᠯ ᠤᠨ ᠡᠴᠦᠰ ᠲᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠲᠥᠰᠦᠪ ᠤᠨ ᠲᠣᠬᠢᠷᠠᠭᠤᠯᠤᠯᠲᠠ ᠪᠦᠬᠦᠢ ᠬᠡᠰᠡᠭ ᠲᠤ ᠰᠤᠯᠠ ᠲᠠᠯᠪᠢᠭᠳᠠᠵᠤ ᠪᠠᠢᠢᠭ᠎ᠠ ᠬᠡᠰᠡᠭ ᠪᠠᠢᠢᠪᠠᠯ᠂ ᠡᠳ᠋ ᠤᠨ ᠵᠠᠰᠠᠭ ᠲᠤ ᠡᠭᠡᠭᠦᠯᠦᠨ ᠬᠤᠷᠢᠶᠠᠵᠤ ᠨᠢᠭᠡᠳᠦᠯᠲᠡᠶ ᠲᠦᠯᠦᠪᠯᠡᠵᠦ ᠬᠡᠷᠡᠭᠯᠡᠨ᠎ᠡ᠃

  ᠳᠥᠴᠢᠨ ᠭᠤᠷᠪᠠᠳᠤᠭᠠᠷ ᠵᠦᠢᠯ    ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠰᠢᠯᠵᠢᠭᠦᠯᠦᠨ ᠲᠦᠯᠦᠬᠦ ᠪᠠᠷ ᠳᠠᠮᠵᠢᠭᠤᠯᠤᠨ ᠳᠣᠤᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠪᠠᠢᠢᠭᠤᠯᠬᠤ ᠶᠢ ᠨᠢ ᠳᠡᠮᠵᠢᠵᠦ ᠪᠣᠯᠤᠨ᠎ᠠ᠂ ᠮᠦᠨ ᠴᠦ ᠳᠣᠤᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠯᠤᠭ᠎ᠠ ᠬᠠᠮᠲᠤ ᠪᠠᠷ ᠪᠡᠯᠡ ᠭᠠᠷᠭᠠᠵᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠪᠠᠶᠢᠭᠤᠯᠤᠭᠰᠠᠨ ᠴᠤ ᠪᠣᠯᠤᠨ᠎ᠠ᠃

  ᠳᠥᠴᠢᠨ ᠳᠥᠷᠪᠡᠳᠦᠭᠡᠷ ᠵᠦᠢᠯ    ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠵᠢᠨ ᠰᠠᠭᠤᠷᠢ ᠮᠥᠩᠭᠦ ᠳ᠋ᠤ ᠪᠡᠯᠡ ᠮᠥᠩᠭᠦ ᠰᠠᠯᠭᠠᠨ ᠥᠭᠬᠦ ᠳ᠋ᠤ ᠪᠠᠨ᠂ ᠲᠤᠰ ᠬᠤᠭᠤᠴᠠᠭᠠᠨ ᠤ ᠲᠥᠰᠦᠪ ᠤᠨ ᠵᠠᠷᠤᠯᠭ᠎ᠠ ᠵᠢ ᠨᠡᠮᠡᠵᠦ ᠵᠢᠭᠰᠠᠭᠠᠨ᠂ ᠵᠠᠷᠤᠯᠭ᠎ᠠ ᠵᠢᠨ ᠴᠢᠭᠯᠡᠯ ᠵᠢᠨᠷ ᠬᠠᠷᠠᠭᠠᠯᠵᠠᠭᠰᠠᠨ ᠵᠠᠷᠤᠯᠭ᠎ᠠ ᠵᠢᠨ ᠲᠥᠷᠥᠯ ᠠᠩᠬᠢᠯᠠᠯ ᠦᠨ ᠵᠦᠢᠯ ᠵᠢᠨᠷ ᠳᠠᠮᠵᠢᠭᠤᠯᠤᠨ ᠲᠤᠰᠬᠠᠬᠤ ᠬᠡᠷᠡᠭᠲᠡᠶ᠃

  ᠪᠡᠯᠡ ᠣᠷᠣᠭᠤᠯᠤᠯᠲᠠ ᠶᠢᠨ ᠠᠰᠢᠭ ᠣᠯᠵᠠᠪᠤᠷᠢ ᠶᠢ ᠣᠯᠬᠤ ᠳᠤ ᠪᠠᠨ᠂ ᠲᠤᠰ ᠬᠤᠭᠤᠴᠠᠭᠠᠨ ᠤ ᠲᠥᠰᠦᠪ ᠤᠨ ᠣᠷᠣᠯᠭ᠎ᠠ ᠵᠢ ᠨᠡᠮᠡᠭᠳᠡᠭᠦᠯᠬᠦ ᠪᠠᠷ ᠰᠢᠢᠳᠪᠦᠷᠢᠯᠡᠵᠦ᠂ ᠬᠠᠮᠢᠶ᠎ᠠ ᠪᠦᠬᠦᠢ ᠲᠥᠰᠦᠪ ᠤᠨ ᠣᠷᠣᠯᠭ᠎ᠠ ᠶᠢᠨ ᠵᠦᠢᠯ ᠢᠶᠠᠷ ᠳᠠᠮᠵᠢᠭᠤᠯᠤᠨ ᠲᠤᠰᠬᠠᠬᠤ ᠬᠡᠷᠡᠭᠲᠡᠶ᠃

  ᠰᠠᠭᠤᠷᠢ ᠮᠦᠩᠭᠦ ᠵᠢ ᠢᠯᠭᠠᠷᠠᠭᠤᠯᠤᠨ ᠪᠣᠳᠣᠬᠤ ᠪᠤᠶᠤ ᠪᠡᠯᠡ ᠣᠷᠣᠭᠤᠯᠤᠯᠲᠠ ᠵᠢ ᠪᠤᠴᠠᠭᠠᠨ ᠬᠤᠷᠢᠶᠠᠬᠤ ᠳ᠋ᠤ ᠪᠠᠨ ᠲᠤᠰ ᠬᠤᠭᠤᠴᠠᠭᠠᠨ ᠤ ᠡᠳ᠋ ᠤᠨ ᠵᠠᠰᠠᠭ ᠤᠨ ᠵᠠᠷᠤᠯᠭ᠎ᠠ ᠵᠢ ᠲᠤᠯᠭᠠᠨ ᠬᠠᠰᠤᠬᠤ ᠪᠠᠷ ᠰᠢᠢᠳᠪᠦᠷᠢᠯᠡᠨ᠎ᠡ᠃


  ᠨᠠᠢᠮᠠᠳᠤᠭᠠᠷ ᠪᠦᠯᠦᠭ    ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠡᠳ᠋ ᠬᠥᠷᠥᠩᠭᠡ ᠶᠢᠨ ᠬᠠᠮᠢᠶᠠᠷᠤᠯᠲᠠ


  ᠳᠥᠴᠢᠨ ᠲᠠᠪᠤᠳᠤᠭᠠᠷ ᠵᠦᠢᠯ    ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ︽ ᠡᠳ᠋ ᠤᠨ ᠵᠠᠰᠠᠭ ᠤᠨ ᠶᠡᠷᠦᠩᠬᠡᠶ ᠲᠥᠰᠦᠪ ᠤᠨ ᠨᠢᠭᠲᠠᠯᠠᠨ ᠪᠣᠳᠣᠬᠤ ᠳᠦᠷᠢᠮ ︾ ᠤᠨ ᠲᠣᠭᠲᠠᠭᠠᠯ ᠶᠣᠰᠣᠭᠠᠷ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠳᠠᠬᠢ ᠵᠠᠰᠠᠭ ᠤᠨ ᠣᠷᠳᠣᠨ ᠡᠴᠠ ᠪᠡᠯᠡ ᠭᠠᠷᠭᠠᠭᠰᠠᠨ ᠬᠡᠰᠡᠭ ᠡᠴᠠ ᠪᠤᠶ ᠪᠣᠯᠤᠭᠰᠠᠨ ᠡᠳ᠋ ᠬᠥᠷᠥᠩᠭᠡ ᠪᠠ ᠡᠷᠬᠡ ᠠᠰᠢᠭ ᠢ ᠪᠦᠷᠢᠨ ᠪᠦᠲᠦᠨ ᠣᠨᠣᠪᠴᠢᠲᠠᠶ ᠲᠤᠰᠬᠠᠬᠤ ᠬᠡᠷᠡᠭᠲᠡᠶ᠃

  ᠲᠤᠰ ᠠᠷᠭ᠎ᠠ ᠶᠢ ᠬᠡᠷᠡᠭᠵᠢᠭᠦᠯᠬᠦ ᠡᠴᠠ ᠡᠮᠦᠨ᠎ᠡ ᠨᠢᠭᠡᠨᠲᠡ ᠪᠠᠶᠢᠭᠤᠯᠤᠭᠰᠠᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠵᠠᠰᠠᠭ ᠤᠨ ᠣᠷᠳᠣᠨ ᠡᠴᠠ ᠭᠠᠷᠭᠠᠭᠰᠠᠨ ᠪᠡᠯᠡ ᠮᠦᠩᠭᠦᠨ ᠤ ᠨᠠᠢᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠤᠰ ᠠᠷᠭ᠎ᠠ ᠶᠢᠨ ᠲᠣᠭᠲᠠᠭᠠᠯ ᠶᠣᠰᠣᠭᠠᠷ᠂ ᠵᠠᠰᠠᠭ ᠤᠨ ᠣᠷᠳᠣᠨ ᠤ ᠨᠡᠶᠢᠲᠡ ᠪᠡᠯᠡ ᠣᠷᠤᠭᠤᠯᠤᠯᠲᠠ ᠡᠴᠠ ᠪᠤᠶ ᠪᠣᠯᠤᠭᠰᠠᠨ ᠡᠳ᠋ ᠬᠥᠷᠥᠩᠭᠡ᠂ ᠡᠷᠬᠡ ᠠᠰᠢᠭ ᠪᠣᠯᠤᠨ ᠬᠤᠪᠢᠶᠠᠨ ᠡᠳ᠋ᠯᠡᠪᠡᠰᠦ ᠵᠣᠬᠢᠬᠤ ᠪᠡᠯᠡ ᠣᠷᠣᠭᠤᠯᠤᠯᠲᠠ ᠶᠢᠨ ᠠᠰᠢᠭ ᠣᠷᠤᠯᠭ᠎ᠠ ᠶᠢ ᠴᠠᠭ ᠲᠤᠬᠠᠶ ᠳᠤ ᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠤᠰ ᠠᠷᠭ᠎ᠠ ᠪᠣᠯᠤᠨ ︽ ᠡᠳ᠋ ᠤᠨ ᠵᠠᠰᠠᠭ ᠤᠨ ᠶᠡᠷᠦᠩᠬᠡᠶ ᠲᠥᠰᠦᠪ ᠤᠨ ᠨᠢᠭᠲᠠᠯᠠᠨ ᠪᠣᠳᠣᠬᠤ ᠳᠦᠷᠢᠮ ︾ ᠤᠨ ᠱᠠᠭᠠᠷᠳᠠᠯᠭ᠎ᠠ ᠶᠣᠰᠣᠭᠠᠷ᠂ ᠵᠠᠰᠠᠭ ᠤᠨ ᠣᠷᠳᠣᠨ ᠤ ᠡᠳ᠋ ᠬᠥᠷᠥᠩᠭᠡ ᠪᠣᠯᠤᠨ ᠡᠷᠬᠡ ᠠᠰᠢᠭ ᠢ ᠵᠣᠬᠢᠴᠠᠩᠭᠤᠶ ᠪᠠᠷ ᠨᠡᠮᠡᠭᠳᠡᠭᠦᠯᠦᠨ᠎ᠡ᠃

  ᠳᠥᠴᠢᠨ ᠵᠢᠷᠭᠤᠳᠤᠭᠠᠷ ᠵᠦᠢᠯ   ᠵᠠᠰᠠᠭ ᠤᠨ ᠣᠷᠳᠣᠨ ᠤ ᠬᠤᠪᠢᠶᠠᠯᠴᠠᠪᠠᠰᠤ ᠵᠣᠬᠢᠬᠤ ᠪᠡᠯᠡ ᠣᠷᠣᠭᠤᠯᠤᠯᠲᠠ ᠶᠢᠨ ᠠᠰᠢᠭ ᠠᠯᠳᠠᠭᠳᠠᠯ ᠢ ᠡᠷᠬᠡ ᠠᠰᠢᠭ ᠤᠨ ᠬᠠᠤᠯᠢ ᠪᠠᠷ ᠲᠣᠭᠠᠴᠠᠭ᠎ᠠ ᠬᠢᠨ᠎ᠡ᠃ ᠰᠠᠭᠤᠷᠢ ᠮᠥᠩᠭᠦ ᠪᠠᠢᠢᠭᠤᠯᠤᠭᠰᠠᠨ ᠰᠠᠯᠠᠭ᠎ᠠ ᠮᠥᠴᠢᠷ ᠨᠢ ᠲᠣᠬᠠᠢ ᠶᠢᠨ ᠣᠨ ᠵᠢᠯ ᠳᠠᠭᠤᠰᠤᠭᠰᠠᠨ ᠤ ᠳᠠᠷᠠᠭ᠎ᠠ ᠪᠦᠬᠦ ᠵᠢᠯ ᠤᠨ ᠪᠡᠯᠡ ᠣᠷᠣᠭᠤᠯᠤᠯᠲᠠ ᠶᠢᠨ ᠠᠰᠢᠭ ᠤᠷᠤᠯᠭ᠎ᠠ ᠪᠤᠶᠤ ᠠᠯᠳᠠᠭᠳᠠᠯ ᠤᠨ ᠪᠠᠶᠢᠳᠠᠯ ᠢᠶᠠᠨ ᠴᠠᠭ ᠲᠤᠬᠠᠶ ᠳᠤ ᠨᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠬᠠᠭᠤᠯᠤᠨ ᠢᠯᠡᠭᠡᠬᠦ ᠬᠡᠷᠡᠭᠲᠡᠶ᠃

  ᠳᠥᠴᠢᠨ ᠳᠣᠯᠣᠳᠤᠭᠠᠷ ᠵᠦᠢᠯ    ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳ᠋ᠤ ᠤᠯᠠᠷᠢᠯ ᠢᠶᠠᠷ ᠡᠳ᠋ ᠬᠥᠷᠥᠩᠭᠡ ᠶᠢᠨ ᠥᠷᠢᠲᠦᠯ ᠤᠨ ᠬᠦᠰᠦᠨᠦᠭᠲᠦ᠂ ᠠᠰᠢᠭ ᠠᠯᠳᠠᠪᠤᠷᠢ ᠶᠢᠨ ᠬᠦᠰᠦᠨᠦᠭᠲᠦ ᠵᠢᠴᠢ ᠪᠡᠯᠡᠨ ᠵᠣᠭᠤᠰ ᠤᠨ ᠭᠦᠢᠯᠭᠡᠭᠡᠨ ᠤ ᠬᠡᠮᠵᠢᠶ᠎ᠡ ᠶᠢᠨ ᠬᠦᠰᠦᠨᠦᠭᠲᠦ ᠵᠡᠷᠭᠡ ᠮᠡᠳᠡᠭᠦᠯᠬᠦ ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠡᠳ᠋ ᠤᠨ ᠵᠠᠰᠠᠭ ᠤᠨ ᠶᠠᠮᠤᠨ ᠤ ᠮᠡᠳᠡᠭᠦᠯᠬᠦ ᠬᠦᠰᠦᠨᠦᠭᠲᠦ ᠶᠢᠨ ᠰᠢᠰᠲ᠋ᠧᠮ ᠢᠶᠠᠷ ᠳᠠᠮᠵᠢᠭᠤᠯᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠶ᠃


  ᠶᠢᠰᠦᠳᠦᠭᠡᠷ ᠪᠦᠯᠦᠭ    ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠠᠮᠵᠢᠯᠲᠠ ᠪᠦᠲᠦᠮᠵᠢ ᠶᠢᠨ ᠦᠨᠡᠯᠡᠯᠲᠡ ᠬᠢᠭᠡᠳ  ᠬᠢᠨᠠᠯᠲᠠ ᠬᠠᠮᠢᠶᠠᠷᠤᠯᠲᠠ


  ᠳᠥᠴᠢᠨ ᠨᠠᠢᠮᠠᠳᠤᠭᠠᠷ ᠵᠦᠢᠯ   ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠰᠠᠭᠤᠷᠢ ᠮᠦᠩᠭᠦᠨ ᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠳᠦᠷᠢᠮ ᠢ ᠪᠠᠶᠢᠭᠤᠯᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠦᠨᠡᠯᠡᠬᠦ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠡᠷᠡᠭᠴᠡᠭᠡ ᠪᠠᠨ ᠦᠨᠳᠦᠰᠦᠯᠡᠨ ᠭᠤᠷᠪᠠᠳᠠᠬᠢ ᠡᠲᠡᠭᠡᠳ ᠤᠨ ᠵᠠᠭᠤᠴᠢ ᠪᠠᠶᠢᠭᠤᠯᠤᠮᠵᠢ ᠶᠢ ᠤᠷᠢᠵᠤ ᠰᠠᠭᠤᠷᠢ ᠮᠦᠩᠭᠦᠨ ᠤ ᠲᠥᠷᠥ ᠶᠢᠨ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠦᠭᠰᠡᠨ ᠬᠡᠮᠵᠢᠶ᠎ᠡ᠂ ᠰᠠᠭᠤᠷᠢ ᠮᠥᠩᠭᠦ ᠬᠠᠮᠢᠶᠠᠷᠤᠭᠴᠢ ᠶᠢᠨ ᠪᠡᠯᠡ ᠣᠷᠣᠭᠤᠯᠤᠨ ᠡᠵᠡᠩᠨᠡᠭᠰᠡᠨ ᠪᠠᠶᠢᠳᠠᠯ᠂ ᠡᠳ᠋ ᠤᠨ ᠵᠠᠰᠠᠭ ᠤᠨ ᠪᠡᠯᠡ ᠮᠦᠩᠭᠦᠨ ᠤ ᠣᠯᠵᠠᠪᠤᠷᠢ ᠠᠯᠳᠠᠪᠤᠷᠢ ᠶᠢᠨ ᠪᠠᠶᠢᠳᠠᠯ ᠵᠡᠷᠭᠡ ᠳᠤ ᠭᠤᠤᠯᠳᠠᠯᠭ᠎ᠠ ᠲᠠᠢ ᠠᠮᠵᠢᠯᠲᠠ ᠪᠦᠲᠦᠮᠵᠢ ᠶᠢᠨ ᠦᠨᠡᠯᠡᠯᠲᠡ ᠪᠠ ᠰᠢᠯᠭᠠᠨ ᠬᠢᠨᠠᠯᠲᠠ ᠬᠢᠵᠦ᠂ ᠦᠨᠡᠯᠡᠵᠦ ᠰᠢᠯᠭᠠᠨ ᠬᠢᠨᠠᠭᠰᠠᠨ ᠪᠠ ᠠᠵᠢᠯ ᠤᠨ ᠠᠮᠵᠢᠯᠲᠠ ᠪᠦᠲᠦᠮᠵᠢ ᠶᠢ ᠥᠪᠡᠷ ᠢᠶᠠᠨ ᠦᠨᠡᠯᠡᠭᠰᠡᠨ ᠦᠷ᠎ᠡ ᠳ᠋ᠦᠩ ᠢ ᠰᠠᠭᠤᠷᠢ ᠮᠥᠩᠭᠦ ᠶᠢ ᠦᠷᠭᠦᠯᠵᠢᠯᠡᠭᠦᠯᠬᠦ᠂ ᠬᠥᠷᠥᠩᠭᠡ ᠶᠢ ᠨᠡᠮᠡᠭᠳᠡᠭᠦᠯᠦᠨ ᠰᠲ᠋ᠣᠺ ᠢ ᠥᠷᠭᠡᠳᠬᠡᠬᠦ᠂ ᠤᠷᠢᠳᠴᠢᠯᠠᠨ ᠳᠠᠭᠤᠰᠬᠠᠬᠤ ᠵᠢᠴᠢ ᠨᠠᠢᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠪᠠ ᠰᠠᠭᠤᠷᠢ ᠮᠥᠩᠭᠦ ᠬᠠᠮᠢᠶᠠᠷᠤᠭᠴᠢ ᠶᠢᠨ ᠬᠠᠮᠢᠶᠠᠷᠤᠯᠲᠠ ᠶᠢᠨ ᠵᠠᠷᠤᠳᠠᠯ ᠢ ᠪᠤᠳᠤᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃

  ᠳᠥᠴᠢ ᠶᠢᠰᠦᠳᠦᠭᠡᠷ ᠵᠦᠢᠯ   ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠷᠢᠶ᠎ᠠ ᠣᠷᠣᠨ ᠤ ᠲᠤᠳᠤᠷ᠎ᠠ ᠳᠠᠩᠰᠠᠯᠠᠭᠤᠯᠤᠭᠰᠠᠨ ᠬᠤᠪᠢ ᠪᠠᠷ ᠢᠶᠠᠨ ᠵᠤᠭᠤᠰ ᠴᠤᠭᠯᠠᠭᠤᠯᠤᠭᠰᠠᠨ ᠰᠠᠭᠤᠷᠢ ᠮᠥᠩᠭᠦ ᠬᠠᠮᠢᠶᠠᠷᠤᠭᠴᠢ ᠵᠢᠴᠢ ᠲᠡᠭᠦᠨ ᠤ ᠬᠠᠮᠢᠶᠠᠷᠴᠤ ᠪᠦᠬᠦᠢ ᠬᠤᠪᠢ ᠪᠠᠷ ᠢᠶᠠᠨ ᠵᠤᠭᠤᠰ ᠴᠤᠭᠯᠠᠭᠤᠯᠤᠭᠰᠠᠨ ᠰᠠᠭᠤᠷᠢ ᠮᠦᠩᠭᠦᠨ ᠤ ᠨᠡᠷᠡᠳᠭᠦᠨ᠂ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠦᠩᠭᠦ ᠶᠢ ᠨᠠᠢᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ ᠳᠠᠬᠢ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠲᠠᠢ ᠬᠠᠮᠵᠢᠯᠴᠠᠨ ᠬᠤᠪᠢ ᠪᠠᠷ ᠢᠶᠠᠨ ᠵᠤᠭᠤᠰ ᠴᠤᠭᠯᠠᠭᠤᠯᠬᠤ ᠰᠠᠭᠤᠷᠢ ᠮᠥᠩᠭᠦ ᠶᠢᠨ ᠬᠦᠷᠢᠶᠡᠨ ᠤ ᠲᠦᠭᠰᠢᠭᠦᠷᠢ ᠶᠢ ᠰᠢᠢᠳᠪᠦᠷᠢᠯᠡᠵᠦ ᠠᠷᠢᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃

  ᠲᠠᠪᠢᠳᠤᠭᠠᠷ ᠵᠦᠢᠯ   ᠬᠢᠨᠠᠨ ᠪᠣᠳᠣᠬᠤ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠠᠵᠢᠯᠯᠠᠭᠠᠨ ᠤ ᠪᠠᠶᠢᠳᠠᠯ ᠳᠤ ᠬᠢᠨᠠᠨ ᠪᠣᠳᠣᠯᠲᠠ ᠬᠢᠵᠦ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠢ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ ︾᠂ ︽ ᠡᠳ᠋ ᠤᠨ ᠵᠠᠰᠠᠭ ᠤᠨ ᠬᠠᠤᠯᠢ ᠡᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠭᠡᠨ ᠲᠣᠷᠭᠠᠬᠤ ᠳᠦᠷᠢᠮ ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠣᠯ ᠬᠠᠤᠯᠢ ᠴᠠᠭᠠᠵᠠ ᠶᠢᠨ ᠪᠠᠢᠢᠭᠤᠯᠭ᠎ᠠ ᠳᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃

  ᠲᠠᠪᠢᠨ ᠨᠢᠭᠡᠳᠦᠭᠡᠷ ᠵᠦᠢᠯ    ᠵᠠᠰᠠᠭ ᠤᠨ ᠣᠷᠳᠣᠨ ᠤ ᠭᠠᠷᠭᠠᠭᠰᠠᠨ ᠪᠡᠯᠡ ᠶᠢᠨ ᠨᠠᠢᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ᠂ ᠰᠠᠭᠤᠷᠢ ᠮᠥᠩᠭᠦ ᠬᠠᠮᠢᠶᠠᠷᠤᠭᠴᠢ᠂ ᠰᠠᠭᠤᠷᠢ ᠮᠥᠩᠭᠦ ᠶᠢ ᠨᠠᠶᠢᠳᠠᠯᠭ᠎ᠠ ᠪᠠᠷ ᠬᠠᠮᠢᠶᠠᠷᠤᠭᠴᠢ ᠨᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠰᠠᠭᠤᠷᠢ ᠮᠥᠩᠭᠦ ᠶᠢᠨ ᠳᠦᠷᠢᠮ ᠲᠣᠭᠲᠠᠭᠠᠯ ᠤᠨ ᠪᠣᠯᠵᠣᠯ ᠶᠣᠰᠣᠭᠠᠷ᠂ ᠴᠢᠬᠤᠯᠠ ᠶᠡᠭᠡ ᠵᠦᠢᠯᠡᠰ ᠢ ᠮᠡᠳᠡᠭᠦᠯᠬᠦ ᠡᠭᠦᠷᠭᠡ ᠬᠠᠷᠢᠭᠤᠴᠠᠯᠭ᠎ᠠ ᠪᠠᠨ ᠴᠠᠭ ᠲᠤᠬᠠᠶ ᠳᠤ ᠨᠢ ᠭᠦᠢᠴᠡᠳᠬᠡᠵᠦ᠂ ᠡᠳᠦᠷ ᠲᠤᠲᠤᠮ ᠤᠨ ᠪᠡᠯᠡ ᠣᠷᠣᠭᠤᠯᠵᠤ ᠠᠵᠢᠯᠯᠠᠭᠤᠯᠬᠤ ᠶᠠᠪᠤᠴᠠ ᠳᠤ ᠡᠭᠦᠰᠦᠭᠰᠡᠨ ᠴᠢᠬᠤᠯᠠ ᠶᠡᠭᠡ ᠵᠦᠢᠯᠡᠰ ᠢᠶᠠᠨ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠃ ᠴᠢᠬᠤᠯᠠ ᠶᠡᠭᠡ ᠵᠦᠢᠯᠡᠰ ᠲᠤ ᠺᠣᠮᠫᠠᠨᠢ ᠶᠢᠨ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ᠂ ᠬᠥᠷᠥᠩᠭᠡ ᠶᠢᠨ ᠨᠡᠮᠡᠭᠳᠡᠯ ᠬᠤᠷᠤᠭᠳᠠᠯ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠢ ᠬᠤᠪᠢᠷᠠᠭᠤᠯᠬᠤ᠂ ᠨᠡᠶᠢᠯᠡᠭᠦᠯᠬᠦ᠂ ᠢᠯᠭᠠᠷᠠᠭᠤᠯᠤᠨ ᠪᠤᠳᠤᠬᠤ ᠵᠡᠷᠭᠡ ᠪᠠᠭᠲᠠᠬᠤ ᠪᠣᠯᠪᠠᠴᠤ ᠡᠳᠡᠭᠡᠷ ᠲᠤ ᠬᠢᠵᠠᠭᠠᠷᠯᠠᠭᠳᠠᠬᠤ ᠦᠭᠡᠢ᠃ ᠵᠠᠰᠠᠭ ᠤᠨ ᠣᠷᠳᠣᠨ ᠤ ᠭᠠᠷᠭᠠᠭᠰᠠᠨ ᠪᠡᠯᠡ ᠶᠢᠨ ᠨᠠᠢᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠤᠰ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠤᠨ ᠪᠤᠰᠤᠳ ᠪᠡᠯᠡ ᠭᠠᠷᠭᠠᠭᠴᠢ ᠳᠤ ᠬᠤᠷᠢᠶᠠᠩᠭᠤᠶᠢᠯᠠᠨ ᠮᠡᠳᠡᠭᠦᠯᠵᠦ ᠬᠦᠷᠭᠡᠬᠦ ᠠᠵᠢᠯ ᠢ ᠬᠠᠷᠢᠭᠤᠴᠠᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠡᠴᠠ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ ᠶᠢᠨ ᠬᠠᠮᠲᠤ ᠲᠤᠰ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠪᠣᠯᠤᠨ ᠰᠠᠭᠤᠷᠢ ᠮᠥᠩᠭᠦ ᠪᠠᠢᠢᠭᠤᠯᠤᠭᠰᠠᠨ ᠰᠠᠯᠠᠭ᠎ᠠ ᠮᠥᠴᠢᠷ ᠲᠤ ᠬᠠᠭᠤᠯᠤᠨ ᠢᠯᠡᠭᠡᠬᠦ ᠬᠡᠷᠡᠭᠲᠡᠶ᠃

  ᠲᠠᠪᠢᠨ ᠬᠤᠶᠠᠳᠤᠭᠠᠷ ᠵᠦᠢᠯ    ᠰᠠᠭᠤᠷᠢ ᠮᠥᠩᠭᠦ ᠪᠠᠢᠢᠭᠤᠯᠤᠭᠰᠠᠨ ᠰᠠᠯᠠᠭ᠎ᠠ ᠮᠥᠴᠢᠷ ᠨᠢ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠬᠦᠷᠲᠡᠬᠦ ᠲᠣᠭᠲᠠᠴᠠ ᠶᠢ ᠪᠠᠶᠢᠭᠤᠯᠵᠤ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠬᠢᠨᠠᠨ ᠪᠣᠳᠣᠬᠤ᠂ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠯᠦᠭᠡ ᠰᠠᠭᠤᠷᠢ ᠮᠥᠩᠭᠦ ᠪᠠᠶᠢᠭᠤᠯᠬᠤ᠂ ᠪᠠᠶᠢᠴᠠᠭᠠᠵᠤ ᠬᠢᠨᠠᠨ ᠬᠡᠮᠵᠢᠬᠦ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤ ᠨᠢ ᠬᠠᠮᠲᠤ ᠳᠤ ᠪᠠᠨ ᠬᠦᠷᠲᠡᠬᠦ ᠬᠡᠷᠡᠭᠲᠡᠶ᠃ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠲᠠᠢ ᠪᠠᠨ ᠤᠶᠠᠯᠳᠤᠭᠤᠯᠤᠨ᠂ ᠳᠡᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠦᠨ᠎ᠡ᠃


  ᠠᠷᠪᠠᠳᠤᠭᠠᠷ ᠪᠦᠯᠦᠭ    ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠳᠠᠭᠤᠰᠬᠠᠬᠤ ᠪᠠ ᠪᠤᠴᠠᠭᠠᠵᠤ ᠭᠠᠷᠭᠠᠬᠤ


  ᠲᠠᠪᠢᠨ ᠭᠤᠷᠪᠠᠳᠤᠭᠠᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠡᠩ ᠤᠨ ᠪᠠᠶᠢᠳᠠᠯ ᠳᠣᠤᠷ᠎ᠠ ᠣᠷᠤᠰᠢᠨ ᠦᠷᠭᠦᠯᠵᠢᠯᠡᠬᠦ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠭᠤᠰᠬᠠᠬᠤ ᠬᠡᠷᠡᠭᠲᠡᠶ᠃ ᠬᠤᠭᠤᠴᠠᠭ᠎ᠠ ᠶᠢ ᠨᠢ ᠦᠨᠡᠨ ᠬᠦ ᠤᠷᠲᠤᠳᠬᠠᠬᠤ ᠴᠢᠬᠤᠯᠠ ᠲᠠᠢ ᠪᠣᠯ ᠰᠠᠭᠤᠷᠢ ᠮᠥᠩᠭᠦ ᠪᠠᠢᠢᠭᠤᠯᠤᠭᠰᠠᠨ ᠰᠠᠯᠠᠭ᠎ᠠ ᠮᠥᠴᠢᠷ ᠡᠴᠠ ᠰᠠᠭᠤᠷᠢ ᠮᠥᠩᠭᠦ ᠶᠢᠨ ᠬᠤᠭᠤᠴᠠᠭ᠎ᠠ ᠨᠢ ᠲᠤᠯᠬᠤ ᠡᠴᠠ ᠡᠮᠦᠨ᠎ᠡ 1 ᠵᠢᠯ ᠤᠨ ᠳᠣᠲᠣᠷ᠎ᠠ ᠭᠤᠶᠤᠴᠢᠯᠠᠯ ᠭᠠᠷᠭᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠪᠤᠰᠤᠳ ᠪᠡᠯᠡ ᠭᠠᠷᠭᠠᠭᠴᠢ ᠯᠦᠭ᠎ᠠ ᠳᠦᠷᠢᠮ ᠲᠣᠭᠲᠠᠭᠠᠯ ᠳᠤ ᠪᠣᠯᠵᠣᠨ ᠲᠣᠭᠲᠠᠭᠰᠠᠨ ᠳᠡᠰ ᠳᠠᠷᠠᠭᠠᠯᠠᠯ ᠤᠨ ᠶᠣᠰᠣᠭᠠᠷ ᠭᠦᠢᠴᠡᠳᠬᠡᠬᠦ ᠬᠡᠷᠡᠭᠲᠡᠶ᠃

  ᠲᠠᠪᠢᠨ ᠳᠥᠷᠪᠡᠳᠦᠭᠡᠷ ᠵᠦᠢᠯ   ᠳᠣᠤᠷᠠᠬᠢ ᠪᠠᠶᠢᠳᠠᠯ ᠡᠴᠠ ᠨᠢᠭᠡ ᠨᠢ ᠭᠠᠷᠪᠠᠯ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠳᠠᠭᠤᠰᠬᠠᠬᠤ ᠶᠢᠨ ᠬᠠᠮᠲᠤ ᠢᠯᠭᠠᠷᠠᠭᠤᠯᠤᠨ ᠪᠣᠳᠣᠬᠤ ᠬᠡᠷᠡᠭᠲᠡᠶ᠄

  ︵ ᠨᠢᠭᠡ ︶ ᠰᠠᠭᠤᠷᠢ ᠮᠦᠩᠭᠦᠨ ᠤ ᠭᠡᠷ᠎ᠡ ᠶᠢᠨ ᠬᠤᠭᠤᠴᠠᠭ᠎ᠠ ᠨᠢ ᠲᠤᠯᠤᠭᠰᠠᠨ ᠪᠠᠶᠢᠲᠠᠯ᠎ᠠ ᠬᠤᠢᠢᠰᠢᠯᠠᠭᠤᠯᠤᠭᠰᠠᠨ ᠦᠭᠡᠢ︔

  ︵ ᠬᠤᠶᠠᠷ ︶ ᠰᠠᠭᠤᠷᠢ ᠮᠦᠩᠭᠦᠨ ᠤ ᠬᠤᠪᠢ ᠡᠵᠡᠮᠰᠢᠭᠴᠢᠳ ᠤᠨ ᠶᠡᠭᠡ ᠬᠤᠷᠠᠯ ᠤᠨ ᠰᠢᠢᠳᠪᠦᠷᠢ ᠪᠠᠷ ᠨᠢᠭᠡᠳᠦᠯᠲᠡᠢ ᠪᠠᠲᠤᠯᠠᠭᠰᠠᠨ ᠪᠠᠢᠢᠬᠤ︔

  ︵ ᠭᠤᠷᠪᠠ ︶ ᠰᠠᠭᠤᠷᠢ ᠮᠥᠩᠭᠦᠨ ᠤ ᠭᠡᠷ᠎ᠡ᠂ ᠳᠦᠷᠢᠮ ᠲᠣᠭᠲᠠᠭᠠᠯ ᠳᠤ ᠪᠣᠯᠵᠣᠨ ᠲᠣᠭᠲᠠᠭᠰᠠᠨ ᠪᠤᠰᠤᠳ ᠪᠠᠶᠢᠳᠠᠯ᠃

  ᠲᠠᠪᠢᠨ ᠲᠠᠪᠤᠳᠤᠭᠠᠷ ᠵᠦᠢᠯ    ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠳᠠᠭᠤᠰᠬᠠᠭᠰᠠᠨ ᠤ ᠳᠠᠷᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠤᠨ ᠪᠤᠰᠤᠳ ᠪᠡᠯᠡ ᠭᠠᠷᠭᠠᠭᠴᠢ ᠶᠢᠨ ᠬᠢᠨᠠᠯᠲᠠ ᠲᠠᠯᠪᠢᠯᠲᠠ ᠳᠣᠤᠷ᠎ᠠ ᠢᠯᠭᠠᠷᠠᠭᠤᠯᠤᠨ ᠪᠣᠳᠣᠬᠤ ᠶᠢ ᠵᠣᠬᠢᠶᠠᠨ ᠪᠠᠶᠢᠭᠤᠯᠵᠤ᠂ ᠵᠠᠰᠠᠭ ᠤᠨ ᠣᠷᠳᠣᠨ ᠤ ᠭᠠᠷᠭᠠᠭᠰᠠᠨ ᠪᠡᠯᠡ ᠮᠦᠩᠭᠦᠨ ᠤ ᠲᠤᠭ᠎ᠠ ᠪᠣᠯᠤᠨ ᠵᠠᠰᠠᠭ ᠤᠨ ᠣᠷᠳᠣᠨ ᠳᠤ ᠬᠠᠷᠢᠶᠠᠯᠠᠭᠳᠠᠬᠤ ᠠᠰᠢᠭ ᠣᠯᠵᠠᠪᠤᠷᠢ ᠶᠢ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ ᠲᠤᠬᠠᠶ ᠳᠤ ᠨᠢ ᠭᠦᠢᠴᠡᠳ ᠲᠤᠭ᠎ᠠ ᠶᠤᠰᠤᠭᠠᠷ ᠤᠯᠤᠰ ᠤᠨ ᠬᠥᠮᠥᠷᠭᠡ ᠳᠤ ᠲᠤᠰᠢᠶᠠᠬᠤ ᠬᠡᠷᠡᠭᠲᠡᠶ᠃

  ᠲᠠᠪᠢᠨ ᠵᠢᠷᠭᠤᠳᠤᠭᠠᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠨᠡᠶᠢᠭᠡᠮ ᠤᠨ ᠪᠡᠯᠡ ᠭᠠᠷᠭᠠᠭᠴᠢ ᠡᠴᠠ ᠬᠤᠳᠠᠯᠳᠤᠨ ᠠᠪᠬᠤ᠂ ᠰᠲ᠋ᠣᠺ ᠤᠨ ᠡᠷᠬᠡ ᠶᠢ ᠰᠢᠯᠵᠢᠭᠦᠯᠬᠦ᠂ ᠬᠤᠭᠤᠴᠠᠭ᠎ᠠ ᠨᠢ ᠲᠤᠯᠵᠤ ᠢᠯᠭᠠᠷᠠᠭᠤᠯᠤᠨ ᠪᠣᠳᠣᠬᠤ ᠪᠤᠶᠤ ᠵᠦᠪᠯᠡᠯᠴᠡᠭᠡᠷ ᠲᠤ ᠪᠣᠯᠵᠣᠵᠤ ᠲᠣᠭᠲᠠᠭᠰᠠᠨ ᠪᠤᠰᠤᠳ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶ᠋ᠢᠭ ᠢᠶᠠᠷ ᠳᠠᠮᠵᠢᠭᠤᠯᠵᠤ ᠪᠤᠴᠠᠭᠠᠨ ᠭᠠᠷᠭᠠᠵᠤ ᠪᠣᠯᠤᠨ᠎ᠠ᠃ ᠪᠡᠯᠡ ᠭᠠᠷᠭᠠᠭᠴᠢ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠪᠣᠳᠠᠲᠠᠶ ᠪᠠᠶᠢᠳᠠᠯ ᠢ ᠦᠨᠳᠦᠰᠦᠯᠡᠨ᠂ ᠰᠠᠭᠤᠷᠢ ᠮᠦᠩᠭᠦᠨ ᠤ ᠳᠦᠷᠢᠮ ᠲᠣᠭᠲᠠᠭᠠᠯ᠂ ᠬᠤᠷᠰᠢᠬᠤ ᠵᠦᠪᠯᠡᠯᠴᠡᠭᠡᠷ ᠪᠤᠶᠤ ᠪᠡᠯᠡ ᠣᠷᠣᠭᠤᠯᠤᠯᠲᠠ ᠶᠢᠨ ᠵᠦᠪᠯᠡᠯᠴᠡᠭᠡᠷ ᠲᠤ ᠪᠤᠴᠠᠭᠠᠵᠤ ᠭᠠᠷᠭᠠᠬᠤ ᠨᠥᠬᠦᠴᠡᠯ ᠪᠠ ᠠᠷᠭ᠎ᠠ ᠬᠡᠯᠪᠡᠷᠢ ᠪᠠᠨ ᠪᠣᠯᠵᠤᠵᠤ ᠲᠣᠭᠲᠠᠨ᠎ᠠ᠃

  ᠲᠠᠪᠢᠨ ᠳᠣᠯᠣᠳᠤᠭᠠᠷ ᠵᠦᠢᠯ    ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠪᠤᠰᠤᠳ ᠪᠡᠯᠡ ᠭᠠᠷᠭᠠᠭᠴᠢ ᠲᠠᠢ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠳᠦᠷᠢᠮ ᠲᠣᠭᠲᠠᠭᠠᠯ ᠳᠤ ᠪᠠᠨ ᠳᠣᠣᠷ᠎ᠠ ᠳᠤᠷᠠᠳᠤᠭᠰᠠᠨ ᠪᠠᠢᠢᠳᠠᠯ ᠡᠴᠠ ᠨᠢᠭᠡ ᠨᠢ ᠪᠠᠢᠢᠪᠠᠯ᠂ ᠵᠠᠰᠠᠭ ᠤᠨ ᠣᠷᠳᠣᠨ ᠤ ᠭᠠᠷᠭᠠᠭᠰᠠᠨ ᠪᠡᠯᠡ ᠮᠦᠩᠭᠦ ᠪᠠᠨ ᠪᠤᠰᠤᠳ ᠪᠡᠯᠡ ᠭᠠᠷᠭᠠᠭᠴᠢ ᠪᠠᠷ ᠵᠥᠪᠰᠢᠶᠡᠷᠡᠭᠦᠯᠬᠦ ᠴᠢᠬᠤᠯᠠ ᠦᠭᠡᠢ ᠪᠠᠷ ᠤᠷᠢᠳᠴᠢᠯᠠᠨ ᠪᠤᠴᠠᠭᠠᠵᠤ ᠭᠠᠷᠭᠠᠬᠤ ᠵᠢ ᠰᠤᠩᠭᠤᠵᠤ ᠪᠣᠯᠬᠤ ᠪᠠᠷ ᠪᠣᠯᠵᠤᠵᠤ ᠲᠣᠭᠲᠠᠬᠤ ᠬᠡᠷᠡᠭᠲᠡᠢ᠄

  ︵ ᠨᠢᠭᠡ ︶ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠲᠥᠰᠦᠯ ᠢ ᠨᠤᠲᠠᠯᠠᠭᠰᠠᠨ ᠤ ᠳᠠᠷᠠᠭ᠎ᠠ 1 ᠵᠢᠯ ᠬᠡᠲᠦᠷᠡᠭᠰᠡᠨ ᠪᠠᠶᠢᠲᠠᠯ᠎ᠠ ᠲᠣᠭᠲᠠᠭᠰᠠᠨ ᠵᠢᠷᠤᠮ ᠪᠠ ᠴᠠᠭ ᠤᠨ ᠱᠠᠭᠠᠷᠳᠠᠯᠭ᠎ᠠ ᠶᠣᠰᠣᠭᠠᠷ ᠪᠠᠶᠢᠭᠤᠯᠬᠤ ᠭᠠᠷᠳᠠᠮ ᠢ ᠪᠡᠶᠡᠯᠡᠭᠦᠯᠦᠭᠰᠡᠨ ᠦᠭᠡᠢ︔

  ︵ ᠬᠤᠶᠠᠷ ︶ ᠵᠠᠰᠠᠭ ᠤᠨ ᠣᠷᠳᠣᠨ ᠤ ᠭᠠᠷᠭᠠᠭᠰᠠᠨ ᠪᠡᠯᠡ ᠶᠢ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠲᠠᠩᠰᠠᠨ ᠡᠷᠦᠬᠡ ᠳᠤ ᠰᠢᠯᠵᠢᠭᠦᠯᠦᠨ ᠥᠭᠭᠦᠭᠡᠳ 1 ᠵᠢᠯ ᠡᠴᠠ ᠳᠡᠭᠡᠭᠰᠢ ᠪᠣᠯᠣᠭᠰᠠᠨ ᠳᠤ᠂ ᠰᠠᠭᠤᠷᠢ ᠮᠥᠩᠭᠦ ᠶᠢᠨ ᠪᠡᠯᠡ ᠣᠷᠣᠭᠤᠯᠤᠯᠲᠠ ᠶᠢᠨ ᠲᠤᠬᠠᠶᠢᠯᠠᠭᠰᠠᠨ ᠠᠵᠢᠯ ᠢ ᠥᠷᠨᠢᠭᠦᠯᠦᠭᠰᠡᠨ ᠦᠭᠡᠢ︔

  ︵ ᠭᠤᠷᠪᠠ ︶ ᠰᠠᠭᠤᠷᠢ ᠮᠦᠩᠭᠦᠨ ᠤ ᠪᠡᠯᠡ ᠣᠷᠣᠭᠤᠯᠤᠯᠲᠠ ᠶᠢᠨ ᠬᠦᠷᠢᠶ᠎ᠡ ᠪᠠ ᠴᠢᠭᠯᠡᠯ ᠨᠢ ᠲᠥᠷᠥ ᠶᠢᠨ ᠪᠣᠳᠣᠯᠭ᠎ᠠ ᠶᠢᠨ ᠬᠠᠷᠠᠯᠲᠠ ᠳᠤ ᠨᠡᠶᠢᠴᠡᠬᠦ ᠦᠭᠡᠶ︔

  ︵ ᠲᠦᠷᠪᠡ ︶ ᠰᠠᠭᠤᠷᠢ ᠮᠦᠩᠭᠦ ᠶᠢ ᠳᠦᠷᠢᠮ ᠲᠣᠭᠲᠠᠭᠠᠯ ᠤᠨ ᠶᠣᠰᠣᠭᠠᠷ ᠪᠡᠯᠡ ᠣᠷᠣᠭᠤᠯᠤᠯᠲᠠ ᠬᠢᠭᠰᠡᠨ ᠦᠭᠡᠢ︔

  ︵ ᠲᠠᠪᠤ ︶ ᠳᠦᠷᠢᠮ ᠲᠣᠭᠲᠠᠭᠠᠯ ᠳᠤ ᠲᠣᠭᠲᠠᠭᠰᠠᠨ ᠵᠦᠢᠯ ᠲᠠᠢ ᠨᠡᠢᠢᠴᠡᠬᠦ ᠦᠭᠡᠢ ᠪᠤᠰᠤᠳ ᠪᠠᠢᠢᠳᠠᠯ︔

  ︵ ᠵᠢᠷᠭᠤᠭ᠎ᠠ ︶ ᠰᠠᠭᠤᠷᠢ ᠮᠦᠩᠭᠦᠨ ᠳᠤ ᠬᠠᠤᠯᠢ ᠴᠠᠭᠠᠵᠠ ᠬᠠᠤᠯᠢ ᠲᠣᠭᠲᠠᠭᠠᠯ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠵᠢᠴᠢ ᠲᠤᠰ ᠠᠷᠭ᠎ᠠ ᠶᠢ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠢᠢᠬᠤ᠃

  ᠲᠠᠪᠢᠨ ᠨᠠᠢᠮᠠᠳᠤᠭᠠᠷ ᠵᠦᠢᠯ    ᠵᠠᠰᠠᠭ ᠤᠨ ᠣᠷᠳᠣᠨ ᠭᠠᠷᠭᠠᠭᠰᠠᠨ ᠪᠡᠯᠡ ᠪᠠᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠡᠴᠠ ᠪᠤᠴᠠᠭᠠᠵᠤ ᠭᠠᠷᠭᠠᠬᠤ ᠳᠤ᠂ ᠳᠦᠷᠢᠮ ᠲᠣᠭᠲᠠᠭᠠᠯ ᠳᠤ ᠪᠣᠯᠵᠣᠨ ᠲᠣᠭᠲᠠᠭᠰᠠᠨ ᠨᠥᠬᠦᠴᠡᠯ ᠢᠶᠠᠷ ᠪᠤᠴᠠᠭᠠᠵᠤ ᠭᠠᠷᠭᠠᠬᠤ ᠬᠡᠷᠡᠭᠲᠡᠶ︔ ᠳᠦᠷᠢᠮ ᠲᠣᠭᠲᠠᠭᠠᠯ ᠳᠤ ᠪᠣᠯᠵᠣᠵᠤ ᠲᠣᠭᠲᠠᠭᠰᠠᠨ ᠦᠭᠡᠶ ᠪᠣᠯ᠂ ᠬᠢᠷᠢ ᠭᠡᠮ ᠲᠠᠢ ᠡᠳ᠋ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢ ᠤᠷᠢᠵᠤ ᠪᠡᠯᠡ ᠭᠠᠷᠭᠠᠭᠰᠠᠨ ᠡᠷᠬᠡ ᠠᠰᠢᠭ ᠲᠤ ᠦᠨᠡᠯᠡᠯᠲᠡ ᠵᠢᠱᠢᠯᠲᠡ ᠬᠢᠯᠭᠡᠵᠦ᠂ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠪᠤᠴᠠᠭᠠᠵᠤ ᠭᠠᠷᠭᠠᠬᠤ ᠦᠨ᠎ᠡ ᠬᠠᠩᠰᠢ ᠶᠢ ᠲᠣᠭᠲᠠᠭᠠᠬᠤ ᠶᠢᠨ ᠦᠨᠳᠦᠰᠦᠯᠡᠯ ᠪᠣᠯᠭᠠᠬᠤ ᠬᠡᠷᠡᠭᠲᠡᠶ᠃


  ᠠᠷᠪᠠᠨ ᠨᠢᠭᠡᠳᠦᠭᠡᠷ ᠪᠦᠯᠦᠭ    ᠳᠠᠭᠠᠯᠳᠤᠭᠤᠯᠤᠯ ᠳᠦᠷᠢᠮ


  ᠲᠠᠪᠢ ᠶᠢᠰᠦᠳᠦᠭᠡᠷ ᠵᠦᠢᠯ   ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦ ᠬᠢᠯᠢ ᠶᠢᠨ ᠭᠠᠳᠠᠨᠠᠬᠢ ᠠᠵᠤ ᠠᠬᠤᠶᠢᠯᠠᠯ ᠳᠤ ᠪᠡᠯᠡ ᠣᠷᠤᠭᠤᠯᠤᠯᠲᠠ ᠬᠢᠬᠦ ᠳᠤ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠶ᠃

  ᠵᠢᠷᠠᠳᠤᠭᠠᠷ ᠵᠦᠢᠯ    ᠲᠤᠰ ᠠᠷᠭ᠎ᠠ ᠳᠤ ᠲᠣᠳᠣᠷᠬᠠᠶᠢᠯᠠᠭᠰᠠᠨ ᠦᠭᠡᠶ ᠵᠦᠢᠯᠡᠰ ᠨᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠪᠤᠰᠤᠳ ᠲᠥᠷᠥ ᠶᠢᠨ ᠪᠣᠳᠣᠯᠭ᠎ᠠ ᠳᠤ ᠲᠣᠭᠲᠠᠭᠠᠯ ᠲᠠᠢ ᠪᠠᠢᠢᠪᠠᠯ᠂ ᠪᠤᠰᠤᠳ ᠲᠥᠷᠥ ᠶᠢᠨ ᠪᠣᠳᠣᠯᠭ᠎ᠠ ᠶᠢ ᠵᠢᠷᠤᠮᠯᠠᠨ ᠬᠡᠷᠡᠭᠵᠢᠭᠦᠯᠦᠨ᠎ᠡ᠃

  ᠵᠢᠷᠠᠨ ᠨᠢᠭᠡᠳᠦᠭᠡᠷ ᠵᠦᠢᠯ    ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠬᠰᠠᠨ ᠡᠳᠦᠷ ᠡᠴᠠ ᠡᠬᠢᠯᠡᠵᠦ ᠬᠡᠷᠡᠭᠵᠢᠭᠦᠯᠦᠨ᠎ᠡ᠃ ᠲᠤᠰ ᠠᠷᠭ᠎ᠠ ᠶᠢ ᠬᠡᠷᠡᠭᠵᠢᠭᠦᠯᠬᠦ ᠡᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠢᠭᠡᠨᠲᠡ ᠪᠠᠶᠢᠭᠤᠯᠤᠭᠰᠠᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠤ ︽ ︿ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ﹀ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ︵ ᠥᠪᠥᠷ ᠵᠠᠰᠠᠭ ᠠᠯᠪᠠᠨ ᠲᠠᠷᠬᠠᠭᠠᠭᠰᠠᠨ 〔 2018 〕 100 ᠳ᠋ᠤᠭᠠᠷ ᠲᠣᠭᠠᠲᠤ ︶ ᠢ ᠲᠣᠬᠢᠷᠠᠭᠤᠯᠤᠨ ᠬᠡᠷᠡᠭᠯᠡᠵᠦ᠂ ᠲᠡᠭᠦᠨ ᠤ ᠲᠥᠰᠦᠪ ᠤᠨ ᠬᠠᠮᠢᠶᠠᠷᠤᠯᠲᠠ᠂ ᠡᠳ᠋ ᠬᠥᠷᠥᠩᠭᠡ ᠶᠢᠨ ᠬᠠᠮᠢᠶᠠᠷᠤᠯᠲᠠ᠂ ᠠᠮᠵᠢᠯᠲᠠ ᠪᠦᠲᠦᠮᠵᠢ ᠶᠢᠨ ᠦᠨᠡᠯᠡᠯᠲᠡ ᠵᠢᠴᠢ ᠬᠢᠨᠠᠯᠲᠠ ᠬᠠᠮᠢᠶᠠᠷᠤᠯᠲᠠ᠂ ᠳᠠᠭᠤᠰᠬᠠᠬᠤ ᠪᠠ ᠪᠤᠴᠠᠭᠠᠨ ᠭᠠᠷᠭᠠᠬᠤ ᠵᠡᠷᠭᠡ ᠠᠵᠢᠯᠯᠠᠭ᠎ᠠ ᠨᠢ ᠲᠤᠰ ᠠᠷᠭ᠎ᠠ ᠶᠢ ᠬᠡᠷᠡᠭᠵᠢᠭᠦᠯᠲᠡᠯ᠎ᠡ ᠦᠷᠭᠦᠯᠵᠢᠯᠡᠭᠰᠡᠨ ᠪᠠᠢᠢᠪᠠᠯ ᠲᠤᠰ ᠠᠷᠭ᠎ᠠ ᠶᠢᠨ ᠲᠣᠭᠲᠠᠭᠠᠯ ᠢ ᠲᠣᠬᠢᠷᠠᠭᠤᠯᠤᠨ ᠬᠡᠷᠡᠭᠯᠡᠨ᠎ᠡ᠃



ᠭᠠᠷ ᠤᠲᠠᠰᠤ ᠪᠠᠷ ᠦᠵᠡᠬᠦ