《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠬᠠᠮᠢᠶᠠᠷᠤᠯᠲᠠ ᠶᠢᠨ ᠠᠷᠭ᠎᠎ᠠ 》 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

  ᠡᠳᠦᠭᠡ ︽  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠬᠠᠮᠢᠶᠠᠷᠤᠯᠲᠠ ᠶᠢᠨ ᠠᠷᠭ᠎ᠠ  ︾ ᠶᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠣᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃


  ᠥᠪᠥᠷ  ᠮᠣᠩᠭᠤᠯ  ᠤᠨ  ᠥᠪᠡᠷᠲᠡᠭᠡᠨ  ᠵᠠᠰᠠᠬᠤ  ᠣᠷᠣᠨ ᠤ

     ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ

ᠡᠵᠡᠩᠨᠡᠯᠲᠡ ᠶᠢᠨ ᠲᠥᠰᠦᠪ ᠤᠨ ᠬᠠᠮᠢᠶᠠᠷᠤᠯᠲᠠ ᠶᠢᠨ ᠠᠷᠭ᠎᠎ᠠ


  ᠨᠢᠭᠡᠳᠦᠭᠡᠷ ᠪᠦᠯᠦᠭ    ᠶᠡᠷᠦᠩᠬᠡᠶ ᠲᠦᠷᠢᠮ


  ᠨᠢᠭᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶ ᠶᠢᠨ ᠪᠠᠢᠢᠷᠢᠰᠢᠭᠤᠯᠤᠯᠲᠠ ᠶᠢᠨ ᠰᠢᠯᠢᠳᠡᠭᠵᠢᠯᠲᠡ ᠪᠠ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠬᠤ ᠶᠢᠨ ᠲᠤᠰᠠᠳᠠ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ ︾᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠤᠯᠢ ︾᠂︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ ᠶᠢ ᠬᠡᠷᠡᠭᠵᠢᠭᠦᠯᠬᠦ ᠲᠦᠷᠢᠮ ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ︽ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ︾ ︵ ᠲᠥᠷᠥ ᠲᠠᠷᠬᠠᠭᠠᠭᠰᠠᠨ 〔 2024 〕 2 ᠳ᠋ᠤᠭᠠᠷ ᠲᠣᠭᠠᠲᠤ ︶ ᠵᠡᠷᠭᠡ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠵᠢᠨ ᠴᠣᠭᠴᠠ ᠵᠢᠨ ᠤᠬᠠᠮᠰᠠᠷ ᠢ ᠪᠠᠲᠤᠳᠬᠠᠬᠤ ᠠᠵᠢᠯ ᠤᠨ ᠭᠤᠤᠯ ᠰᠢᠵᠢᠮ ᠢ ᠲᠤᠭᠤᠰᠢᠯᠠᠭᠤᠯᠬᠤ ᠱᠠᠭᠠᠷᠳᠠᠯᠭ᠎ᠠ ᠶᠢᠨ ᠲᠣᠭᠤᠷᠢᠨ ᠳ᠋ᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠲᠣᠰ ᠠᠷᠭ᠎ᠠ ᠵᠢ ᠲᠣᠭᠲᠠᠭᠠᠪᠠ᠃

  ᠬᠤᠶᠠᠳᠤᠭᠠᠷ ᠵᠦᠢᠯ    ᠲᠤᠰ ᠠᠷᠭ᠎ᠠ ᠳᠤ ᠬᠡᠯᠡᠵᠦ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠥᠮᠴᠢᠯᠡᠭᠴᠢ ᠶᠢᠨ ᠬᠤᠪᠢ ᠪᠠᠷ ᠤᠯᠤᠰ ᠤᠨ ᠥᠮᠴᠢᠯᠡᠯᠳᠤ ᠬᠥᠷᠥᠩᠭᠡ ᠶᠢᠨ ᠠᠰᠢᠭ ᠣᠷᠣᠯᠭ᠎ᠠ ᠶᠢ ᠬᠠᠤᠯᠢ ᠶᠣᠰᠣᠭᠠᠷ ᠤᠯᠬᠤ ᠶᠢᠨ ᠬᠠᠮᠲᠤ᠂ ᠣᠯᠤᠭᠰᠠᠨ ᠠᠰᠢᠭ ᠣᠷᠣᠯᠭ᠎ᠠ ᠶᠢ ᠬᠤᠪᠢᠶᠠᠷᠢᠯᠠᠬᠤ ᠡᠴᠠ ᠪᠣᠯᠤᠭᠰᠠᠨ ᠡᠯ᠎ᠡ ᠵᠦᠢᠯ ᠤᠨ ᠣᠷᠣᠯᠭ᠎ᠠ ᠵᠠᠷᠤᠯᠭ᠎ᠠ ᠶᠢᠨ ᠲᠥᠰᠦᠪ ᠢ ᠵᠢᠭᠠᠵᠤ ᠪᠤᠢ᠃

  ᠭᠤᠷᠪᠠᠳᠤᠭᠠᠷ ᠵᠦᠢᠯ    ᠲᠤᠰ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠨᠢᠭᠡᠴᠢ ︵ ᠳᠣᠷᠣᠭᠰᠢ ᠤᠯᠤᠰ ᠤᠨ ᠥᠮᠴᠢᠯᠡᠯᠳᠤ ᠬᠥᠷᠥᠩᠭᠡ ᠶᠢᠨ ᠲᠥᠰᠦᠪ ᠤᠨ ᠨᠢᠭᠡᠴᠢ ᠭᠡᠵᠦ ᠲᠣᠪᠴᠢᠯᠠᠨ᠎ᠠ ︶ ᠪᠠ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠠᠵᠤ ᠠᠬᠤᠶᠢᠯᠠᠯ ︵ ᠳᠣᠷᠣᠭᠰᠢ ᠤᠯᠤᠰ ᠤᠨ ᠥᠮᠴᠢᠯᠡᠯᠳᠤ ᠬᠥᠷᠥᠩᠭᠡ ᠶᠢᠨ ᠲᠥᠰᠦᠪ ᠤᠨ ᠠᠵᠤ ᠠᠬᠤᠶᠢᠯᠠᠯ ᠭᠡᠵᠦ ᠲᠣᠪᠴᠢᠯᠠᠨ᠎ᠠ ︶ ᠤᠨ ᠤᠯᠤᠰ ᠤᠨ ᠥᠮᠴᠢᠯᠡᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠨᠠᠶᠢᠷᠠᠭᠤᠯᠤᠨ ᠵᠣᠬᠢᠶᠠᠬᠤ᠂ ᠭᠦᠢᠴᠡᠳᠬᠡᠬᠦ᠂ ᠲᠣᠬᠢᠷᠠᠭᠤᠯᠬᠤ᠂ ᠲᠥᠰᠦᠪ ᠤᠨ ᠭᠦᠢᠴᠡᠳᠬᠡᠯ ᠬᠢᠬᠦ᠂ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠬᠢᠬᠦ᠂ ᠬᠢᠨᠠᠯᠲᠠ ᠲᠠᠯᠪᠢᠬᠤ ᠵᠡᠷᠭᠡ ᠵᠦᠢᠯᠡᠰ ᠲᠤ ᠲᠣᠬᠢᠷᠠᠭᠤᠯᠤᠨ ᠬᠡᠷᠡᠭᠯᠡᠨ᠎ᠡ᠃

  ᠲᠣᠰ ᠠᠷᠭ᠎ᠠ ᠳᠤ ᠬᠡᠯᠡᠵᠦ ᠪᠠᠶᠢᠭ᠎ᠠ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠦᠪ ᠤᠨ ᠨᠢᠭᠡᠴᠢ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠯᠭᠤᠭᠰᠠᠨ ᠡᠷᠬᠡ ᠪᠠᠷ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠪᠠᠶᠢᠭᠤᠯᠤᠮᠵᠢ᠂ ᠰᠠᠯᠠᠭ᠎ᠠ ᠮᠥᠴᠢᠷ ᠨᠢᠭᠡᠴᠢ ᠵᠢᠴᠢ ᠪᠠᠯᠠ ᠭᠠᠷᠭᠠᠵᠤ ᠠᠵᠤ ᠠᠬᠤᠶᠢᠯᠠᠯ ᠪᠠᠶᠢᠭᠤᠯᠤᠭᠰᠠᠨ ᠨᠠᠮ ᠵᠠᠰᠠᠭ ᠤᠨ ᠪᠠᠢᠢᠭᠤᠯᠭ᠎ᠠ ᠪᠠ ᠠᠵᠢᠯ ᠦᠢᠯᠡᠰ ᠤᠨ ᠨᠢᠭᠡᠴᠢ ᠶᠢ ᠵᠢᠭᠠᠵᠤ ᠪᠣᠶ᠃

  ᠲᠣᠰ ᠠᠷᠭ᠎ᠠ ᠳᠤ ᠬᠡᠯᠡᠵᠦ ᠪᠠᠶᠢᠭ᠎ᠠ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠦᠪ ᠤᠨ ᠠᠵᠤ ᠠᠬᠤᠶᠢᠯᠠᠯ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠬᠡᠷᠡᠭᠵᠢᠭᠦᠯᠬᠦ ᠬᠡᠪᠴᠢᠶᠡᠨ ᠳᠤ ᠣᠷᠤᠭᠰᠠᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠨᠢᠭᠡᠳᠦᠭᠡᠷ ᠳᠡᠰ ᠤᠨ ᠠᠵᠤ ᠠᠬᠤᠶᠢᠯᠠᠯ ᠢ ᠵᠢᠭᠠᠵᠤ ᠪᠣᠶ᠂ ᠡᠭᠦᠨ ᠳᠤ ᠤᠯᠤᠰ ᠤᠨ ᠥᠮᠴᠢᠯᠡᠯᠲᠦ ᠲᠤᠰᠠᠭᠠᠷ ᠪᠡᠯᠡᠲᠦ ᠠᠵᠤ ᠠᠬᠤᠶᠢᠯᠠᠯ ︵ ᠺᠣᠮᠫᠠᠨᠢ ︶᠂ ᠤᠯᠤᠰ ᠤᠨ ᠥᠮᠴᠢᠯᠡᠯᠲᠦ ᠬᠤᠪᠢᠴᠠᠭ᠎ᠠ ᠡᠵᠡᠮᠳᠡᠭᠰᠡᠨ ᠠᠵᠤ ᠠᠬᠤᠶᠢᠯᠠᠯ ᠪᠠ ᠤᠯᠤᠰ ᠤᠨ ᠥᠮᠴᠢᠯᠡᠯᠲᠦ ᠬᠤᠪᠢ ᠤᠷᠤᠭᠤᠯᠤᠬᠰᠠᠨ ᠠᠵᠤ ᠠᠬᠤᠶᠢᠯᠠᠯ ᠪᠠᠭᠲᠠᠨ᠎ᠠ᠃

  ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠪᠠᠢᠢᠭᠤᠯᠭ᠎ᠠ ᠪᠠ ᠠᠵᠢᠯ ᠦᠢᠯᠡᠰ ᠤᠨ ᠨᠢᠭᠡᠴᠢ ᠡᠴᠠ ᠰᠢᠭᠤᠳ ᠪᠡᠯᠡ ᠭᠠᠷᠭᠠᠭᠰᠠᠨ ᠵᠢᠴᠢ ᠪᠤᠰᠤᠳ ᠰᠠᠯᠠᠭ᠎ᠠ ᠮᠥᠴᠢᠷ ᠨᠢᠭᠡᠴᠢ ᠳᠤ ᠡᠷᠬᠡ ᠣᠯᠭᠤᠵᠤ ᠣᠷᠤᠯᠠᠭᠤᠯᠤᠨ ᠪᠡᠯᠡ ᠭᠠᠷᠭᠠᠭᠰᠠᠨ ᠪᠤᠶᠤ ᠬᠤᠪᠢᠴᠠᠭ᠎ᠠ ᠡᠵᠡᠮᠰᠢᠭᠰᠡᠨ ᠠᠵᠤ ᠠᠬᠤᠶᠢᠯᠠᠯ ᠢ ᠴᠥᠮ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠬᠡᠷᠡᠭᠵᠢᠭᠦᠯᠬᠦ ᠬᠡᠪᠴᠢᠶᠡᠨ ᠳᠤ ᠣᠷᠣᠭᠤᠯᠬᠤ ᠬᠡᠷᠡᠭᠲᠡᠶ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠳᠤ ᠮᠥᠩᠭᠦᠨ ᠭᠦᠢᠯᠭᠡᠭᠡᠨ ᠤ ᠠᠵᠤ ᠠᠬᠤᠶᠢᠯᠠᠯ᠂ ᠠᠵᠤ ᠠᠬᠤᠢᠢᠯᠠᠯᠴᠢᠯᠠᠨ ᠬᠠᠮᠢᠶᠠᠷᠴᠤ ᠪᠦᠬᠦᠢ ᠠᠵᠢᠯ ᠦᠢᠯᠡᠰ ᠤᠨ ᠨᠢᠭᠡᠴᠢ ᠪᠠᠭᠲᠠᠨ᠎ᠠ᠃

  ᠲᠠᠪᠤᠳᠤᠭᠠᠷ ᠵᠦᠢᠯ   ᠦᠪᠡᠷᠲᠡᠭᠡᠨ ᠵᠠᠰᠠᠬᠤ ᠣᠷᠣᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠳᠤ ᠠᠵᠤ ᠠᠬᠤᠶᠢᠯᠠᠯ ᠪᠡᠯᠡ ᠭᠠᠷᠭᠠᠵᠤ ᠪᠠᠶᠢᠭᠤᠯᠤᠭᠰᠠᠨ ᠪᠣᠯᠪᠠᠴᠤ ᠲᠡᠳᠡᠭᠡᠷ ︵ ᠪᠦᠯᠦᠭᠯᠡᠯ ︶ ᠤᠨ ᠣᠨ ᠤ ᠡᠳ᠋ ᠤᠨ ᠶᠠᠪᠤᠳᠠᠯ ᠤᠨ ᠲᠥᠰᠦᠪ ᠤᠨ ᠭᠦᠢᠴᠡᠳᠬᠡᠯ ᠤᠨ ᠨᠡᠶᠢᠯᠡᠭᠦᠯᠬᠦ ᠬᠡᠪᠴᠢᠶᠡᠨ ᠳᠤ ᠣᠷᠣᠭᠤᠯᠤᠭᠠᠳᠤᠶ ᠤᠯᠤᠰ ᠤᠨ ᠥᠮᠴᠢᠯᠡᠯᠳᠤ ᠲᠤᠰᠠᠭᠠᠷ ᠪᠡᠯᠡᠳᠤ ᠪᠠ ᠬᠤᠪᠢᠴᠠᠭ᠎ᠠ ᠡᠵᠡᠮᠳᠡᠭᠰᠡᠨ ᠠᠵᠤ ᠠᠬᠤᠶᠢᠯᠠᠯ ᠢ ᠨᠢᠭᠡᠳᠦᠭᠡᠷ ᠳᠡᠰ ᠤᠨ ᠠᠵᠤ ᠠᠬᠤᠶᠢᠯᠠᠯ ᠢᠶᠠᠷ ᠦᠵᠡᠵᠦ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠬᠡᠷᠡᠭᠵᠢᠭᠦᠯᠬᠦ ᠬᠡᠪᠴᠢᠶᠡᠨ ᠳᠤ ᠣᠷᠣᠭᠤᠯᠬᠤ ᠬᠡᠷᠡᠭᠲᠡᠶ᠃

  ᠵᠢᠷᠭᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠬᠠᠮᠢᠶᠠᠷᠤᠯᠲᠠ ᠳᠤ ᠪᠥᠬᠦ ᠲᠠᠯ᠎ᠠ ᠶᠢ ᠬᠠᠮᠤᠷᠬᠤ᠂ ᠪᠡᠶ᠎ᠡ ᠪᠠᠨ ᠳᠠᠭᠠᠭᠠᠭᠰᠠᠨ ᠪᠦᠭᠡᠳ ᠪᠦᠷᠢᠨ ᠪᠦᠲᠦᠨ ᠪᠠᠶᠢᠯᠭᠠᠬᠤ᠂ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠶ ᠪᠠᠶᠢᠯᠭᠠᠬᠤ ᠵᠠᠷᠴᠢᠮ ᠢ ᠪᠠᠷᠢᠮᠲᠠᠯᠠᠨ᠂ ᠡᠩ ᠤᠨ ᠣᠯᠠᠨ ᠨᠡᠶᠢᠲᠡ ᠶᠢᠨ ᠲᠥᠰᠦᠪ ᠯᠦᠭᠡ ᠵᠣᠯᠭᠠᠭᠤᠯᠬᠤ ᠶᠢ ᠴᠢᠩᠭᠠᠳᠬᠠᠵᠤ᠂ ᠡᠩ ᠤᠨ ᠣᠯᠠᠨ ᠨᠡᠶᠢᠲᠡ ᠶᠢᠨ ᠲᠥᠰᠦᠪ ᠲᠡᠢᠢᠰᠢ ᠰᠢᠯᠵᠢᠭᠦᠯᠦᠨ ᠭᠠᠷᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃


  ᠬᠤᠶᠠᠳᠤᠭᠠᠷ ᠪᠦᠯᠦᠭ    ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎᠎ᠠ


  ᠳᠣᠯᠣᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠬᠠᠮᠢᠶᠠᠷᠤᠯᠲᠠ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠦᠪ ᠤᠨ ᠨᠢᠭᠡᠴᠢ ᠪᠠ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠦᠪ ᠤᠨ ᠠᠵᠤ ᠠᠬᠤᠶᠢᠯᠠᠯ ᠤᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ ᠬᠠᠮᠲᠤ ᠪᠠᠷ ᠬᠠᠷᠢᠭᠤᠴᠠᠬᠤ ᠬᠡᠷᠡᠭᠲᠡᠢ᠃

  ᠨᠠᠢᠮᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠠᠵᠢᠯ ᠤᠨ ᠡᠭᠦᠷᠭᠡ ᠬᠠᠷᠢᠭᠤᠴᠠᠯᠭ᠎ᠠ᠄

  ︵ ᠨᠢᠭᠡ ︶ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠳᠤ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠶᠢ ᠬᠤᠷᠢᠶᠠᠩᠭᠤᠢᠢᠯᠠᠵᠤ ᠭᠠᠷᠭᠠᠨ᠎ᠠ︔

  ︵ ᠬᠤᠶᠠᠷ ︶ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠬᠠᠮᠢᠶᠠᠷᠤᠯᠲᠠ ᠶᠢᠨ ᠬᠠᠮᠢᠶ᠎ᠠ ᠪᠥᠬᠦᠶ ᠲᠦᠷᠢᠮ ᠢ ᠲᠣᠭᠲᠠᠭᠠᠨ᠎ᠠ︔

  ︵ ᠭᠤᠷᠪᠠ ︶ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ ᠶᠢ ᠵᠣᠬᠢᠶᠠᠨ ᠪᠠᠶᠢᠭᠤᠯᠤᠨ᠎ᠠ︔

  ︵ ᠳᠥᠷᠪᠡ ︶ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ ᠶᠢᠨ ᠬᠠᠨᠳᠤᠰᠢ ᠪᠠ ᠭᠤᠤᠯᠳᠠᠯᠭ᠎ᠠ ᠶᠢ ᠲᠤᠭᠤᠷᠪᠢᠨ ᠲᠣᠭᠲᠠᠭᠠᠨ᠎ᠠ︔

  ︵ ᠲᠠᠪᠤ ︶ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ᠂ ᠲᠥᠰᠦᠪ ᠤᠨ ᠲᠣᠬᠢᠷᠠᠭᠤᠯᠤᠯᠲᠠ ᠪᠠ ᠲᠥᠰᠦᠪ ᠤᠨ ᠬᠦᠢᠴᠡᠳᠬᠡᠯ ᠤᠨ ᠡᠬᠡ ᠲᠥᠰᠦᠯ ᠢ ᠬᠢᠨᠠᠨ ᠬᠠᠷᠭᠤᠭᠤᠯᠬᠤ ᠪᠠ ᠨᠠᠢᠢᠷᠠᠭᠤᠯᠤᠨ ᠵᠣᠬᠢᠶᠠᠬᠤ ᠶᠢ ᠬᠠᠷᠢᠭᠤᠴᠠᠬᠤ ᠶᠢᠨ ᠬᠠᠮᠲᠤ ᠲᠣᠭᠲᠠᠭᠠᠯ ᠶᠣᠰᠣᠭᠠᠷ ᠮᠡᠳᠡᠭᠦᠯᠦᠨ ᠬᠦᠷᠭᠡᠵᠦ ᠬᠢᠨᠠᠨ ᠵᠦᠪᠯᠡᠭᠦᠯᠦᠨ᠎ᠡ︔

  ︵ ᠵᠢᠷᠭᠤᠭ᠎ᠠ ︶ ᠣᠨ ᠤ ᠲᠥᠰᠦᠪ ᠤᠨ ᠪᠤᠳᠠᠳᠤ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠦᠨᠳᠦᠰᠦᠯᠡᠨ ᠲᠥᠰᠦᠪ ᠤᠨ ᠲᠤᠭᠢᠷᠠᠭᠤᠯᠤᠯᠳᠠ ᠶᠢᠨ ᠲᠥᠰᠦᠯ ᠢ ᠨᠠᠶᠢᠷᠠᠭᠤᠯᠤᠨ ᠵᠣᠬᠢᠶᠠᠵᠤ᠂ ᠲᠥᠰᠦᠪ ᠤᠨ ᠲᠤᠭᠢᠷᠠᠭᠤᠯᠤᠯᠳᠠ ᠶᠢᠨ ᠵᠢᠷᠤᠮ ᠢ ᠭᠦᠢᠴᠡᠳᠬᠡᠨ᠎ᠡ︔

  ︵ ᠲᠤᠯᠤᠭ᠎ᠠ ︶ ᠤᠯᠤᠰ ᠤᠨ ᠥᠮᠴᠢᠯᠡᠯᠲᠦ ᠬᠦᠷᠦᠩᠭᠡ ᠶᠢᠨ ᠲᠥᠰᠦᠪ ᠤᠨ ᠨᠢᠭᠡᠴᠢ ᠶᠢᠨ ᠤᠯᠤᠰ ᠤᠨ ᠥᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠲᠦᠰᠦᠪ ︵ ᠲᠦᠰᠦᠪ ᠤᠨ ᠭᠦᠢᠴᠡᠳᠭᠡᠯ ︶ ᠲᠤ ᠬᠠᠷᠢᠭᠤ ᠴᠤᠬᠤᠯᠠᠪᠤᠷᠢ ᠥᠭᠭᠦᠨ᠎ᠡ︔

  ︵ ᠨᠠᠢᠮᠠ ︶ ᠤᠯᠤᠰ ᠤᠨ ᠥᠮᠴᠢᠯᠡᠯᠲᠦ ᠬᠦᠷᠦᠩᠭᠡ ᠶᠢᠨ ᠲᠥᠰᠦᠪ ᠤᠨ ᠨᠢᠭᠡᠴᠢ ᠪᠠ ᠤᠯᠤᠰ ᠤᠨ ᠥᠮᠴᠢᠯᠡᠯᠲᠦ ᠬᠦᠷᠦᠩᠭᠡ ᠶᠢᠨ ᠲᠥᠰᠦᠪ ᠤᠨ ᠠᠵᠤ ᠠᠬᠤᠶᠢᠯᠠᠯ ᠢ ᠵᠢᠭᠠᠨ ᠵᠢᠯᠤᠭᠤᠳᠴᠤ ᠪᠠᠢᠢᠭᠠᠳ ᠪᠦᠬᠦ ᠶᠠᠪᠤᠴᠠ ᠳᠤ ᠨᠢ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ︔

  ︵ ᠶᠢᠰᠦ ︶ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠬᠠᠮᠢᠶᠠᠷᠤᠯᠲᠠ ᠶᠢᠨ ᠪᠠᠶᠢᠳᠠᠯ ᠳᠤ ᠡᠳ᠋ ᠤᠨ ᠶᠠᠪᠤᠳᠠᠯ ᠤᠨ ᠨᠢᠭᠲᠠᠯᠠᠨ ᠪᠤᠳᠤᠯᠲᠠ ᠬᠢᠵᠦ ᠬᠢᠨᠠᠯᠲᠠ ᠲᠠᠯᠪᠢᠨ᠎ᠠ᠃

  ᠶᠢᠰᠦᠳᠦᠭᠡᠷ ᠵᠦᠢᠯ    ᠤᠯᠤᠰ ᠤᠨ ᠦᠮᠴᠢᠯᠡᠯᠲᠦ ᠬᠦᠷᠦᠩᠭᠡ ᠶᠢᠨ ᠲᠥᠰᠦᠪ ᠤᠨ ᠨᠢᠭᠡᠴᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ᠄

  ︵ ᠨᠢᠭᠡ ︶ ᠪᠠᠯᠠ ᠭᠠᠷᠭᠠᠭᠰᠠᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ᠂ ᠡᠳ᠋ ᠬᠥᠷᠥᠩᠭᠡ ᠶᠢᠨ ᠡᠷᠬᠡ ᠠᠰᠢᠭ᠂ ᠣᠯᠵᠠᠪᠤᠷᠢ ᠠᠯᠳᠠᠪᠤᠷᠢ ᠵᠡᠷᠭᠡ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠦᠷᠢᠳᠬᠡᠵᠦ᠂ ᠪᠠᠯᠠ ᠭᠠᠷᠭᠠᠭᠰᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠶᠢ ᠪᠠᠶᠢᠭᠤᠯᠬᠤ ᠶᠢᠨ ᠬᠠᠮᠲᠤ᠂ ᠡᠵᠡᠩᠨᠡᠯᠲᠡ ᠶᠢᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠲᠦᠪᠯᠡᠷᠡᠩᠭᠦᠢ ᠪᠦᠭᠡᠳ ᠨᠢᠭᠡᠳᠦᠯᠲᠡᠶ ᠬᠢᠨᠠᠯᠲᠠ ᠬᠠᠮᠢᠶᠠᠷᠤᠯᠲᠠ ᠲᠠᠢ ᠨᠢ ᠤᠶᠠᠯᠳᠤᠭᠤᠯᠤᠨ ᠬᠥᠳᠡᠯᠦᠩᠭᠦᠶ ᠰᠢᠨᠡᠳᠭᠡᠨ᠎ᠡ᠂ ᠨᠡᠷᠡᠰ ᠤᠨ ᠵᠢᠭᠰᠠᠭᠠᠯᠲᠠ ᠳᠤ ᠲᠣᠬᠢᠷᠠᠭᠤᠯᠤᠯᠲᠠ ᠬᠢᠬᠦ ᠳᠤ ᠬᠤᠯᠪᠣᠭᠳᠠᠪᠠᠯ᠂ ᠴᠠᠭ ᠲᠤᠬᠠᠶ ᠳᠤ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠬᠦ ᠬᠡᠷᠡᠭᠲᠡᠶ︔

  ︵ ᠬᠤᠶᠠᠷ ︶ ᠬᠢᠨᠠᠨ ᠬᠠᠮᠢᠶᠠᠷᠴᠤ ᠪᠦᠬᠦᠢ ︵ ᠬᠠᠷᠢᠶ᠎ᠠ ︶ ᠠᠵᠤ ᠠᠬᠤᠶᠢᠯᠠᠯ ᠢ ᠵᠣᠬᠢᠶᠠᠨ ᠪᠠᠢᠢᠭᠤᠯᠵᠤ ᠪᠠᠶᠢᠭᠠᠳ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ ᠵᠠᠷᠤᠯᠭ᠎ᠠ ᠶᠢᠨ ᠲᠥᠯᠥᠪᠯᠡᠭᠡ ᠶᠢ ᠨᠠᠶᠢᠷᠠᠭᠤᠯᠤᠨ ᠮᠡᠳᠡᠭᠦᠯᠬᠦ ᠶᠢᠨ ᠬᠠᠮᠲᠤ ᠬᠢᠨᠠᠨ ᠬᠠᠷᠭᠤᠭᠤᠯᠵᠤ᠂ ᠲᠣᠰ ᠰᠠᠯᠠᠭ᠎ᠠ ᠮᠥᠴᠢᠷ ᠨᠢᠭᠡᠴᠢ ᠶᠢᠨ ᠢᠶᠠᠨ ᠣᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠰᠠᠨᠠᠭᠤᠯᠭ᠎ᠠ ᠶᠢᠨ ᠡᠬᠡ ᠲᠥᠰᠦᠯ ᠢ ᠨᠢ ᠳᠤᠷᠠᠳᠤᠨ ᠭᠠᠷᠭᠠᠯᠭᠠᠨ᠎ᠠ︔

  ︵ ᠭᠤᠷᠪᠠ ︶ ᠬᠢᠨᠠᠨ ᠬᠠᠮᠢᠶᠠᠷᠴᠤ ᠪᠦᠬᠦᠢ ︵ ᠬᠠᠷᠢᠶ᠎ᠠ ︶ ᠠᠵᠤ ᠠᠬᠤᠶᠢᠯᠠᠯ ᠤᠨ ᠮᠡᠳᠡᠭᠦᠯᠦᠨ ᠬᠦᠷᠭᠡᠭᠰᠡᠨ ᠤᠯᠤᠰ ᠤᠨ ᠥᠮᠴᠢᠯᠡᠯᠳᠤ ᠬᠥᠷᠥᠩᠭᠡ ᠶᠢᠨ ᠡᠵᠡᠩᠨᠡᠯᠲᠡ ᠶᠢᠨ ᠠᠰᠢᠭ ᠣᠷᠣᠯᠭ᠎ᠠ ᠶᠢᠨ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠲᠤᠰ ᠰᠠᠯᠠᠭ᠎ᠠ ᠮᠥᠴᠢᠷ ᠨᠢᠭᠡᠴᠢ ᠂ ᠬᠢᠨᠠᠨ ᠬᠠᠮᠢᠶᠠᠷᠴᠤ ᠪᠦᠬᠦᠢ ︵ ᠬᠠᠷᠢᠶ᠎ᠠ ︶ ᠠᠵᠤ ᠠᠬᠤᠶᠢᠯᠠᠯ ᠤᠨ ᠤᠯᠤᠰ ᠤᠨ ᠥᠮᠴᠢᠯᠡᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠭᠦᠢᠴᠡᠳᠬᠡᠬᠦ ᠠᠵᠢᠯ ᠢ ᠨᠢ ᠵᠣᠬᠢᠶᠠᠨ ᠪᠠᠢᠢᠭᠤᠯᠤᠨ᠎ᠠ︔

  ︵ ᠳᠥᠷᠪᠡ ︶ ᠬᠢᠨᠠᠨ ᠬᠠᠮᠢᠶᠠᠷᠴᠤ ᠪᠦᠬᠦᠢ ︵ ᠬᠠᠷᠢᠶ᠎ᠠ ︶ ᠠᠵᠤ ᠠᠬᠤᠶᠢᠯᠠᠯ ᠤᠨ ᠲᠥᠰᠦᠪ ᠭᠦᠢᠴᠡᠳᠬᠡᠭᠰᠡᠨ ᠪᠠᠶᠢᠳᠠᠯ ᠪᠠ ᠪᠤᠳᠠᠳᠤ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠨᠢ ᠦᠨᠳᠦᠰᠦᠯᠡᠨ᠂ ᠲᠥᠰᠦᠪ ᠤᠨ ᠲᠣᠬᠢᠷᠠᠭᠤᠯᠤᠯᠲᠠ ᠬᠢᠬᠦ ᠪᠠᠷ ᠳᠡᠪᠰᠢᠭᠦᠯᠦᠨ ᠮᠡᠳᠡᠭᠦᠯᠬᠦ ᠵᠢᠷᠤᠮ ᠢ ᠭᠦᠢᠴᠡᠳᠭᠡᠨ᠎ᠡ︔

  ︵ ᠲᠠᠪᠤ ︶ ᠲᠤᠰ ᠰᠠᠯᠠᠭ᠎ᠠ ᠮᠥᠴᠢᠷ ᠨᠢᠭᠡᠴᠢ ᠶᠢᠨ ᠢᠶᠠᠨ ᠤᠯᠤᠰ ᠤᠨ ᠥᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠲᠥᠰᠦᠪ ᠤᠨ ᠭᠦᠢᠴᠡᠳᠬᠡᠯ ᠤᠨ ᠡᠬᠡ ᠲᠥᠰᠦᠯ ᠢ ᠨᠠᠶᠢᠷᠠᠭᠤᠯᠤᠨ ᠵᠣᠬᠢᠶᠠᠨ᠎ᠠ︔

  ︵ ᠵᠢᠷᠭᠤᠭ᠎ᠠ ︶ ᠬᠢᠨᠠᠨ ᠬᠠᠮᠢᠶᠠᠷᠴᠤ ᠪᠦᠬᠦᠢ ︵ ᠬᠠᠷᠢᠶ᠎ᠠ ︶ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠲᠦᠰᠦᠪ ︵ ᠲᠦᠰᠦᠪ ᠤᠨ ᠭᠦᠢᠴᠡᠳᠭᠡᠯ ︶ ᠲᠤ ᠨᠢ ᠬᠠᠷᠢᠭᠤ ᠴᠤᠬᠤᠯᠠᠪᠤᠷᠢ ᠥᠭᠭᠦᠨ᠎ᠡ︔

  ︵ ᠳᠣᠯᠤᠭ᠎ᠠ ︶ ᠲᠣᠰ ᠰᠠᠯᠠᠭ᠎ᠠ ᠮᠥᠴᠢᠷ ᠨᠢᠭᠡᠴᠢ ᠶᠢᠨ ᠢᠶᠠᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠲᠠᠬᠢ ᠪᠥᠬᠦ ᠶᠠᠪᠤᠴᠠ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠠᠷᠢᠭᠤᠴᠠᠨ᠎ᠠ︔

  ︵ ᠨᠠᠢᠮᠠ ︶ ᠬᠢᠨᠠᠨ ᠬᠠᠮᠢᠶᠠᠷᠴᠤ ᠪᠦᠬᠦᠢ ︵ ᠬᠠᠷᠢᠶ᠎ᠠ ︶ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠬᠠᠮᠢᠶᠠᠷᠤᠯᠲᠠ ᠶᠢᠨ ᠪᠠᠶᠢᠳᠠᠯ ᠳᠤ ᠡᠳ᠋ ᠤᠨ ᠶᠠᠪᠤᠳᠠᠯ ᠤᠨ ᠨᠢᠭᠲᠠᠯᠠᠨ ᠪᠤᠳᠤᠯᠲᠠ ᠬᠢᠵᠦ ᠬᠢᠨᠠᠯᠲᠠ ᠲᠠᠯᠪᠢᠨ᠎ᠠ᠃

  ᠠᠷᠪᠠᠳᠤᠭᠠᠷ ᠵᠦᠢᠯ    ᠤᠯᠤᠰ ᠤᠨ ᠦᠮᠴᠢᠯᠡᠯᠲᠦ ᠬᠦᠷᠦᠩᠭᠡ ᠶᠢᠨ ᠲᠥᠰᠦᠪ ᠤᠨ ᠠᠵᠤ ᠠᠬᠤᠶᠢᠯᠠᠯ ᠤᠨ ᠠᠵᠢᠯ ᠤᠨ ᠡᠭᠦᠷᠭᠡ ᠬᠠᠷᠢᠭᠤᠴᠠᠯᠭ᠎ᠠ᠄

  ︵ ᠨᠢᠭᠡ ︶ ᠲᠥᠰᠦᠪ ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ ᠶᠢ ᠦᠨᠳᠦᠰᠦᠯᠡᠨ ᠤᠯᠤᠰ ᠤᠨ ᠥᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ ᠵᠠᠷᠤᠯᠭ᠎ᠠ ᠶᠢᠨ ᠲᠥᠯᠥᠪᠯᠡᠭᠡ ᠶᠢ ᠳᠤᠷᠠᠳᠤᠨ ᠭᠠᠷᠭᠠᠨ᠎ᠠ︔

  ︵ ᠬᠤᠶᠠᠷ ︶ ᠤᠯᠤᠰ ᠤᠨ ᠥᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ ᠶᠢ ᠲᠣᠭᠲᠠᠭᠠᠯ ᠶᠣᠰᠣᠭᠠᠷ ᠮᠡᠳᠡᠭᠦᠯᠵᠦ᠂ ᠳᠡᠭᠡᠭᠰᠢ ᠲᠤᠰᠢᠶᠠᠨ᠎ᠠ︔

  ︵ ᠭᠤᠷᠪᠠ ︶ ᠤᠯᠤᠰ ᠤᠨ ᠥᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠲᠥᠰᠦᠪ ᠤᠨ ᠲᠣᠬᠠᠢ ᠴᠣᠬᠤᠯᠠᠪᠤᠷᠢ ᠶᠢ ᠦᠨᠳᠦᠰᠦᠯᠡᠨ ᠵᠠᠷᠤᠯᠭ᠎ᠠ ᠪᠠᠨ ᠲᠣᠬᠢᠷᠠᠭᠤᠯᠵᠤ᠂ ᠤᠯᠤᠰ ᠤᠨ ᠥᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠲᠥᠰᠦᠪ ᠤᠨ ᠭᠦᠢᠴᠡᠳᠭᠡᠯᠲᠡ᠂ ᠲᠥᠰᠦᠪ ᠤᠨ ᠭᠦᠢᠴᠡᠳᠬᠡᠯ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠵᠡᠷᠭᠡ ᠪᠠᠶᠢᠳᠠᠯ ᠢᠶᠠᠨ ᠮᠡᠳᠡᠭᠦᠯᠵᠦ᠂ ᠬᠠᠤᠯᠢ ᠶᠣᠰᠣᠭᠠᠷ ᠬᠢᠨᠠᠯᠲᠠ ᠲᠠᠯᠪᠢᠯᠲᠠ ᠶᠢ ᠬᠦᠯᠢᠶᠡᠨ᠎ᠡ︔

  ︵ ᠳᠥᠷᠪᠡ ︶ ᠠᠵᠤ ᠠᠬᠤᠶᠢᠯᠠᠯ ᠤᠨ ᠲᠤᠳᠤᠭᠠᠳᠤᠬᠢ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠪᠠᠯᠠ ᠮᠦᠩᠭᠦᠨ ᠤ ᠬᠠᠮᠢᠶᠠᠷᠤᠯᠲᠠ ᠶᠢᠨ ᠲᠦᠷᠢᠮ ᠪᠠ ᠬᠢᠨᠠᠨ ᠪᠤᠳᠤᠬᠤ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠪᠠᠯᠠ ᠮᠦᠩᠭᠦᠨ ᠤ ᠲᠣᠭᠠᠴᠠᠭ᠎ᠠ ᠬᠢᠬᠦ ᠶᠢ ᠵᠢᠷᠤᠮᠵᠢᠭᠤᠯᠤᠨ᠂ ᠪᠠᠯᠠ ᠮᠥᠩᠭᠦ ᠶᠢ ᠲᠣᠭᠲᠠᠭᠰᠠᠨ ᠬᠡᠷᠡᠭᠴᠡᠭᠡ ᠶᠣᠰᠣᠭᠠᠷ ᠬᠡᠷᠡᠭᠯᠡᠬᠦ ᠶᠢ ᠦᠨᠡᠨ ᠬᠦ ᠪᠠᠲᠤᠯᠠᠨ᠎ᠠ᠃


  ᠭᠤᠷᠪᠠᠳᠤᠭᠠᠷ ᠪᠦᠯᠦᠭ    ᠣᠷᠣᠯᠭ᠎᠎ᠠ ᠵᠠᠷᠤᠯᠭ᠎᠎ᠠ ᠶᠢᠨ ᠬᠡᠪᠴᠢᠶ᠎ᠡ


  ᠠᠷᠪᠠᠨ ᠨᠢᠭᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ ᠪᠣᠯ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠦᠪ ᠤᠨ ᠨᠢᠭᠡᠴᠢ᠂ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠦᠪ ᠤᠨ ᠠᠵᠤ ᠠᠬᠤᠶᠢᠯᠠᠯ ᠤᠨ ᠳᠡᠭᠡᠭᠰᠢ ᠲᠤᠰᠢᠶᠠᠭᠰᠠᠨ ᠮᠦᠷᠲᠡᠭᠡᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠬᠠᠮᠢᠶᠠᠷᠤᠯᠲᠠ ᠳᠤ ᠣᠷᠣᠭᠤᠯᠤᠭᠰᠠᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠷᠣᠯᠭ᠎ᠠ ᠪᠣᠯᠤᠨ᠎ᠠ᠂ ᠡᠭᠦᠨ ᠳᠤ ᠪᠠᠭᠲᠠᠭᠳᠠᠬᠤ ᠨᠢ ᠭᠤᠤᠯᠳᠠᠭᠤ᠄

  ︵ ᠨᠢᠭᠡ ︶ ᠲᠤᠰᠢᠶᠠᠬᠤ ᠶᠣᠰᠣᠲᠠᠶ ᠠᠰᠢᠭ ᠣᠯᠵᠠᠪᠤᠷᠢ ᠶᠢᠨ ᠣᠷᠣᠯᠭ᠎ᠠ᠃ ᠦᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠲᠤᠰᠠᠭᠠᠷ ᠪᠡᠯᠡᠳᠤ ᠠᠵᠤ ᠠᠬᠤᠶᠢᠯᠠᠯ ︵ ᠺᠣᠮᠫᠠᠨᠢ ︶ ᠤᠨ ᠲᠤᠰᠢᠶᠠᠪᠠᠰᠤ ᠵᠣᠬᠢᠬᠤ ᠠᠰᠢᠭ ᠢ ᠬᠢᠨᠠᠨ ᠪᠤᠳᠤᠭᠰᠠᠨ ᠣᠨ ᠤ ᠡᠳ᠋ ᠤᠨ ᠶᠠᠪᠤᠳᠠᠯ ᠤᠨ ᠮᠡᠳᠡᠭᠦᠯᠬᠦ ᠬᠦᠰᠦᠨᠦᠭᠲᠦ ᠳᠤ ᠨᠡᠢᠢᠯᠡᠭᠦᠯᠵᠦ ᠲᠤᠰᠬᠠᠭᠰᠠᠨ ᠡᠬᠡ ᠺᠣᠮᠫᠠᠨᠢ ᠶᠢᠨ ᠥᠮᠴᠢᠯᠡᠭᠴᠢ ᠳᠤ ᠬᠠᠷᠢᠶᠠᠯᠠᠭᠳᠠᠬᠤ ᠴᠡᠪᠡᠷ ᠠᠰᠢᠭ ᠣᠯᠵᠠᠪᠤᠷᠢ ᠪᠠᠷ ᠰᠠᠭᠤᠷᠢ ᠪᠣᠯᠭᠠᠵᠤ᠂ ᠥᠩᠭᠡᠷᠡᠭᠰᠡᠨ ᠵᠢᠯ ᠤᠳ ᠤᠨ ᠨᠦᠬᠦᠪᠦᠷᠢᠯᠡᠭᠡᠳᠦᠢ ᠠᠯᠳᠠᠪᠤᠷᠢ᠂ ᠭᠠᠷᠭᠠᠨ ᠠᠪᠤᠭᠰᠠᠨ ᠬᠠᠤᠯᠢ ᠪᠠᠷ ᠲᠣᠭᠲᠠᠭᠠᠭᠰᠠᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠶᠢ ᠬᠠᠤᠯᠢ ᠶᠣᠰᠣᠭᠠᠷ ᠰᠠᠭᠤᠯᠭᠠᠨ ᠠᠪᠤᠭᠰᠠᠨ ᠤ ᠳᠠᠷᠠᠭ᠎ᠠ᠂ ᠵᠣᠬᠢᠬᠤ ᠬᠠᠷᠢᠴᠠᠯ ᠢᠶᠠᠷ ᠳᠡᠭᠡᠭᠰᠢ ᠲᠤᠰᠢᠶᠠᠨ᠎ᠠ᠃

  ︵ ᠬᠤᠶᠠᠷ ︶ ᠬᠤᠪᠢᠴᠠᠭᠠᠨ ᠤ ᠠᠰᠢᠭ᠂ ᠬᠤᠪᠢᠴᠠᠭᠠᠨ ᠤ ᠬᠦᠦ ᠮᠦᠩᠭᠦ ᠶᠢᠨ ᠣᠷᠣᠯᠭ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠤᠶᠤ ᠤᠯᠤᠰ ᠤᠨ ᠦᠮᠴᠢᠯᠡᠯᠲᠦ ᠬᠥᠷᠥᠩᠭᠡ ᠶᠢᠨ ᠲᠥᠰᠦᠪ ᠤᠨ ᠨᠢᠭᠡᠴᠢ ᠶᠢᠨ ᠡᠵᠡᠮᠰᠢᠵᠦ ᠪᠥᠬᠦᠶ ᠤᠯᠤᠰ ᠤᠨ ᠥᠮᠴᠢᠯᠡᠯᠲᠦ ᠬᠤᠪᠢᠴᠠᠭ᠎ᠠ ᠡᠵᠡᠮᠳᠡᠭᠰᠡᠨ᠂ ᠤᠯᠤᠰ ᠤᠨ ᠥᠮᠴᠢᠯᠡᠯᠲᠦ ᠬᠤᠪᠢ ᠣᠷᠣᠭᠤᠯᠤᠭᠰᠠᠨ ᠠᠵᠤ ᠠᠬᠤᠶᠢᠯᠠᠯ ᠤᠨ ᠲᠤᠰᠢᠶᠠᠪᠠᠰᠤ ᠵᠣᠬᠢᠬᠤ ᠦᠪᠡᠷᠲᠡᠭᠡᠨ ᠵᠠᠰᠠᠬᠤ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠰᠲ᠋ᠣᠺ ᠤᠨ ᠡᠷᠬᠡ ︵ ᠬᠤᠪᠢᠴᠠᠭ᠎ᠠ ︶ ᠶᠢᠨ ᠬᠤᠪᠢᠴᠠᠭᠠᠨ ᠤ ᠬᠦᠤ ᠮᠥᠩᠭᠦ ᠶᠢᠨ ᠴᠡᠪᠡᠷ ᠠᠰᠢᠭ ᠢ ᠬᠤᠪᠢ ᠣᠷᠣᠭᠤᠯᠤᠭᠴᠢᠳ ᠤᠨ ︵ ᠶᠡᠭᠡ ︶ ᠬᠤᠷᠠᠯ ︵ ᠬᠤᠪᠢ ᠣᠷᠣᠭᠤᠯᠤᠭᠴᠢᠳ ᠤᠨ ᠵᠥᠪᠯᠡᠯ ᠪᠤᠶᠤ ᠬᠤᠪᠢ ᠣᠷᠣᠭᠤᠯᠤᠭᠴᠢᠳ ᠤᠨ ᠶᠡᠭᠡ ᠬᠤᠷᠠᠯ ᠪᠠᠶᠢᠭᠤᠯᠤᠭᠰᠠᠨ ᠥᠬᠡᠶ ᠨᠢ ᠬᠡᠷᠡᠭ ᠮᠡᠳᠡᠭᠴᠢᠳ ᠤᠨ ᠬᠤᠷᠠᠯ ᠪᠣᠯᠤᠨ᠎ᠠ᠂ ᠳᠣᠷᠣᠭᠰᠢ ᠠᠳᠠᠯᠢ ︶ ᠤᠨ ᠰᠢᠢᠳᠪᠦᠷᠢ ᠪᠠᠷ ᠪᠠᠲᠤᠯᠠᠭᠰᠠᠨ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠶᠢᠨ ᠲᠥᠰᠦᠯ ᠶᠣᠰᠣᠭᠠᠷ᠂ ᠪᠦᠬᠦᠨ ᠢ ᠳᠡᠭᠡᠭᠰᠢ ᠲᠤᠰᠢᠶᠠᠨ᠎ᠠ᠃

  ︵ ᠭᠤᠷᠪᠠ ︶ ᠥᠮᠴᠢᠯᠡᠬᠦ ᠡᠷᠬᠡ ᠶᠢ ᠰᠢᠯᠵᠢᠭᠦᠯᠦᠨ ᠥᠭᠭᠦᠭᠰᠡᠨ ᠣᠷᠣᠯᠭ᠎ᠠ᠃ ᠦᠪᠡᠷᠲᠡᠭᠡᠨ ᠵᠠᠰᠠᠬᠤ ᠣᠷᠣᠨ ᠤ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠲᠤᠰᠠᠭᠠᠷ ᠪᠡᠯᠡᠳᠤ ᠠᠵᠤ ᠠᠬᠤᠶᠢᠯᠠᠯ ︵ ᠺᠣᠮᠫᠠᠨᠢ ︶ ᠤᠨ ᠥᠮᠴᠢᠯᠡᠬᠦ ᠡᠷᠬᠡ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠤᠶᠤ ᠤᠯᠤᠰ ᠤᠨ ᠦᠮᠴᠢᠯᠡᠯᠲᠦ ᠬᠥᠷᠥᠩᠭᠡ ᠶᠢᠨ ᠲᠥᠰᠦᠪ ᠤᠨ ᠨᠢᠭᠡᠴᠢ ᠶᠢᠨ ᠡᠵᠡᠮᠰᠢᠵᠦ ᠪᠦᠬᠦᠢ ᠤᠯᠤᠰ ᠤᠨ ᠥᠮᠴᠢᠯᠡᠯᠲᠦ ᠬᠤᠪᠢᠴᠠᠭ᠎ᠠ ᠡᠵᠡᠮᠳᠡᠭᠰᠡᠨ᠂ ᠤᠯᠤᠰ ᠤᠨ ᠥᠮᠴᠢᠯᠡᠯᠲᠦ ᠬᠤᠪᠢ ᠣᠷᠣᠭᠤᠯᠤᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠰᠲ᠋ᠣᠺ ᠤᠨ ᠡᠷᠬᠡ ︵ ᠬᠤᠪᠢᠴᠠᠭ᠎ᠠ ︶ ᠶᠢ ᠰᠢᠯᠵᠢᠭᠦᠯᠦᠨ ᠥᠭᠭᠦᠭᠰᠡᠨ ᠴᠡᠪᠡᠷ ᠣᠷᠣᠯᠭ᠎ᠠ ᠪᠠᠨ ᠪᠦᠬᠦᠨ ᠢ ᠳᠡᠭᠡᠭᠰᠢ ᠲᠤᠰᠢᠶᠠᠨ᠎ᠠ᠃

  ︵ ᠳᠥᠷᠪᠡ ︶ ᠢᠯᠭᠠᠷᠠᠭᠤᠯᠤᠨ ᠪᠤᠳᠤᠭᠰᠠᠨ ᠣᠷᠣᠯᠭ᠎ᠠ᠃ ᠦᠪᠡᠷᠲᠡᠭᠡᠨ ᠵᠠᠰᠠᠬᠤ ᠣᠷᠣᠨ ᠤ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠲᠤᠰᠠᠭᠠᠷ ᠪᠡᠯᠡᠳᠤ ᠠᠵᠤ ᠠᠬᠤᠶᠢᠯᠠᠯ ︵ ᠺᠣᠮᠫᠠᠨᠢ ︶ ᠤᠨ ᠢᠯᠭᠠᠷᠠᠭᠤᠯᠤᠨ ᠪᠤᠳᠤᠭᠰᠠᠨ ᠣᠷᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠤᠶᠤ ᠤᠯᠤᠰ ᠤᠨ ᠦᠮᠴᠢᠯᠡᠯᠲᠦ ᠬᠥᠷᠥᠩᠭᠡ ᠶᠢᠨ ᠲᠥᠰᠦᠪ ᠤᠨ ᠨᠢᠭᠡᠴᠢ ᠶᠢᠨ ᠡᠵᠡᠮᠰᠢᠵᠦ ᠪᠦᠬᠦᠢ ᠤᠯᠤᠰ ᠤᠨ ᠥᠮᠴᠢᠯᠡᠯᠲᠦ ᠬᠤᠪᠢᠴᠠᠭ᠎ᠠ ᠡᠵᠡᠮᠳᠡᠭᠰᠡᠨ᠂ ᠤᠯᠤᠰ ᠤᠨ ᠥᠮᠴᠢᠯᠡᠯᠲᠦ ᠬᠤᠪᠢ ᠣᠷᠣᠭᠤᠯᠤᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠰᠲ᠋ᠣᠺ ᠤᠨ ᠡᠷᠬᠡ ︵ ᠬᠤᠪᠢᠴᠠᠭ᠎ᠠ ︶ ᠶᠢᠨ ᠬᠦᠷᠲᠡᠵᠦ ᠪᠠᠢᠢᠭ᠎ᠠ ᠢᠯᠭᠠᠷᠠᠭᠤᠯᠤᠨ ᠪᠤᠳᠤᠭᠰᠠᠨ ᠣᠷᠣᠯᠭ᠎ᠠ ᠡᠴᠠ ᠢᠯᠭᠠᠷᠠᠭᠤᠯᠤᠨ ᠪᠤᠳᠤᠭᠰᠠᠨ ᠵᠠᠷᠤᠳᠠᠯ ᠢ ᠨᠢ ᠬᠠᠰᠤᠵᠤ ᠭᠠᠷᠭᠠᠭᠰᠠᠨ ᠤ ᠳᠠᠷᠠᠭᠠᠬᠢ ᠬᠡᠰᠡᠭ ᠢᠶᠠᠨ ᠪᠦᠬᠦᠨ ᠢ ᠳᠡᠭᠡᠭᠰᠢ ᠲᠤᠰᠢᠶᠠᠨ᠎ᠠ᠃

  ︵ ᠲᠠᠪᠤ ︶ ᠤᠯᠤᠰ ᠤᠨ ᠥᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠪᠤᠰᠤᠳ ᠣᠷᠣᠯᠭ᠎ᠠ᠃ ᠳᠡᠭᠡᠷ᠎ᠡ ᠳᠤᠷᠠᠳᠤᠭᠰᠠᠨ ᠣᠷᠣᠯᠭ᠎ᠠ ᠡᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠳᠡᠭᠡᠭᠰᠢ ᠲᠤᠰᠢᠶᠠᠬᠤ ᠪᠠᠷ ᠪᠣᠯᠣᠭᠰᠠᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠪᠤᠰᠤᠳ ᠣᠷᠣᠯᠭ᠎ᠠ᠃

  ᠠᠷᠪᠠᠨ ᠬᠤᠶᠠᠳᠤᠭᠠᠷ ᠵᠦᠢᠯ   ᠦᠪᠡᠷᠲᠡᠭᠡᠨ ᠵᠠᠰᠠᠬᠤ ᠣᠷᠣᠨ ᠤ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠲᠤᠰᠠᠭᠠᠷ ᠪᠡᠯᠡᠳᠤ ᠠᠵᠤ ᠠᠬᠤᠶᠢᠯᠠᠯ ︵ ᠺᠣᠮᠫᠠᠨᠢ ︶ ᠤᠨ ᠠᠰᠢᠭ ᠣᠯᠵᠠᠪᠣᠷᠢ ᠶᠢᠨ ᠣᠷᠣᠯᠭ᠎ᠠ ᠶᠢᠨ ᠳᠡᠭᠡᠭᠰᠢ ᠲᠤᠰᠢᠶᠠᠬᠤ ᠬᠠᠷᠢᠴᠠᠯ ᠢ ᠲᠥᠷᠥᠯ ᠪᠠ ᠲᠠᠰ ᠬᠤᠪᠢᠶᠠᠬᠤ ᠲᠦᠷᠢᠮ ᠢᠶᠠᠷ ᠲᠣᠭᠲᠠᠭᠠᠵᠤ᠂ ᠬᠥᠳᠡᠯᠦᠩᠭᠦᠶ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠦᠨ᠎ᠡ᠃ ᠳᠡᠭᠡᠭᠰᠢ ᠲᠤᠰᠢᠶᠠᠬᠤ ᠬᠠᠷᠢᠴᠠᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠡᠴᠠ ᠤᠯᠤᠰ ᠤᠨ ᠦᠮᠴᠢᠯᠡᠯᠲᠦ ᠬᠥᠷᠥᠩᠭᠡ ᠶᠢᠨ ᠲᠥᠰᠦᠪ ᠤᠨ ᠨᠢᠭᠡᠴᠢ ᠯᠦᠭᠡ ᠬᠠᠮᠲᠤᠷᠠᠨ ᠰᠠᠨᠠᠭᠤᠯᠭ᠎ᠠ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠤᠨ ᠬᠡᠷᠡᠭᠯᠡᠭᠳᠡᠬᠦ ᠳᠡᠭᠡᠭᠰᠢ ᠲᠤᠰᠢᠶᠠᠬᠤ ᠠᠰᠢᠭ ᠣᠷᠣᠯᠭ᠎ᠠ ᠶᠢᠨ ᠬᠠᠷᠢᠴᠠᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠡᠴᠠ ᠬᠤᠯᠪᠣᠭᠳᠠᠯ ᠪᠥᠬᠦᠶ ᠤᠯᠤᠰ ᠤᠨ ᠦᠮᠴᠢᠯᠡᠯᠲᠦ ᠬᠥᠷᠥᠩᠭᠡ ᠶᠢᠨ ᠲᠥᠰᠦᠪ ᠤᠨ ᠨᠢᠭᠡᠴᠢ ᠯᠦᠭᠡ ᠬᠠᠮᠲᠤᠷᠠᠵᠤ ᠨᠤᠲᠠᠯᠠᠨ ᠲᠣᠭᠲᠠᠭᠠᠨ᠎ᠠ᠃

  ᠠᠷᠪᠠᠨ ᠭᠤᠷᠪᠠᠳᠤᠭᠠᠷ ᠵᠦᠢᠯ   ᠦᠪᠡᠷᠲᠡᠭᠡᠨ ᠵᠠᠰᠠᠬᠤ ᠣᠷᠣᠨ ᠤ ᠬᠠᠷᠢᠶ᠎ᠠ ᠪᠥᠬᠦᠢ ᠤᠯᠤᠰ ᠤᠨ ᠥᠮᠴᠢᠯᠡᠯᠳᠤ ᠬᠤᠪᠢᠴᠠᠭ᠎ᠠ ᠡᠵᠡᠮᠳᠡᠭᠰᠡᠨ᠂ ᠤᠯᠤᠰ ᠤᠨ ᠥᠮᠴᠢᠯᠡᠯᠳᠤ ᠬᠤᠪᠢ ᠣᠷᠣᠭᠤᠯᠤᠭᠰᠠᠨ ᠠᠵᠤ ᠠᠬᠤᠶᠢᠯᠠᠯ ᠨᠢ ᠣᠨ ᠤ ᠴᠡᠪᠡᠷ ᠠᠰᠢᠭ ᠣᠯᠵᠠᠪᠤᠷᠢ ᠪᠠᠨ ᠬᠠᠤᠯᠢ ᠲᠣᠭᠲᠠᠭᠠᠯ ᠶᠣᠰᠣᠭᠠᠷ ᠬᠤᠪᠢᠶᠠᠷᠢᠯᠠᠬᠤ ᠬᠡᠷᠡᠭᠲᠡᠶ᠃ ᠤᠯᠤᠰ ᠤᠨ ᠥᠮᠴᠢᠯᠡᠯᠲᠦ ᠬᠦᠷᠦᠩᠭᠡ ᠶᠢᠨ ᠲᠥᠰᠦᠪ ᠤᠨ ᠨᠢᠭᠡᠴᠢ ᠨᠢ ᠬᠠᠤᠯᠢ ᠲᠣᠭᠲᠠᠭᠠᠯ ᠶᠣᠰᠣᠭᠠᠷ ᠬᠤᠪᠢ ᠣᠷᠣᠭᠤᠯᠤᠭᠴᠢᠳ ᠤᠨ ︵ ᠶᠡᠭᠡ ︶ ᠬᠤᠷᠠᠯ ᠳᠤ ᠰᠠᠨᠠᠯ ᠢᠶᠠᠨ ᠢᠯᠡᠳᠬᠡᠬᠦ ᠶᠢᠨ ᠬᠠᠮᠲᠤ ᠪᠠᠲᠤᠯᠠᠬᠤ ᠡᠷᠬᠡ ᠪᠠᠨ ᠬᠡᠷᠡᠭᠵᠢᠭᠦᠯᠵᠦ᠂ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠶᠢᠨ ᠰᠠᠨᠠᠯ ᠢ ᠰᠤᠳᠤᠯᠤᠨ ᠳᠤᠷᠠᠳᠬᠤ ᠳᠤ ᠪᠠᠨ᠂ ᠳᠤᠷᠠᠳᠤᠭᠰᠠᠨ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠶᠢ ᠪᠠᠨ ᠠᠳᠠᠯᠢ ᠲᠦᠷᠦᠯ ᠤᠨ ᠤᠯᠤᠰ ᠤᠨ ᠥᠮᠴᠢᠯᠡᠯᠲᠦ ᠲᠤᠰᠠᠭᠠᠷ ᠪᠡᠯᠡᠳᠤ ᠠᠵᠤ ᠠᠬᠤᠶᠢᠯᠠᠯ ︵ ᠺᠣᠮᠫᠠᠨᠢ ︶ ᠤᠨ ᠠᠰᠢᠭ ᠣᠷᠣᠯᠭ᠎ᠠ ᠶᠢᠨ ᠳᠡᠭᠡᠭᠰᠢ ᠲᠤᠰᠢᠶᠠᠬᠤ ᠲᠦᠪᠰᠢᠨ ᠡᠴᠠ ᠳᠣᠣᠷ᠎ᠠ ᠪᠠᠶᠢᠯᠭᠠᠵᠤ ᠪᠣᠯᠬᠤ ᠦᠭᠡᠢ︔ ᠤᠯᠤᠰ ᠤᠨ ᠥᠮᠴᠢᠯᠡᠯᠲᠦ ᠬᠦᠷᠦᠩᠭᠡ ᠶᠢᠨ ᠲᠥᠰᠦᠪ ᠤᠨ ᠨᠢᠭᠡᠴᠢ ᠨᠢ ᠤᠯᠤᠰ ᠤᠨ ᠥᠮᠴᠢᠯᠡᠯᠲᠦ ᠬᠤᠪᠢᠴᠠᠭ᠎ᠠ ᠡᠵᠡᠮᠳᠡᠭᠰᠡᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠶᠢᠨ ᠲᠥᠰᠦᠯ ᠢᠶᠠᠨ ᠬᠠᠤᠯᠢ ᠶᠣᠰᠣᠭᠠᠷ ᠴᠠᠭ ᠲᠤᠬᠠᠶ ᠳᠤ ᠨᠢ ᠲᠣᠭᠲᠠᠭᠠᠯᠭᠠᠬᠤ ᠬᠡᠷᠡᠭᠲᠡᠶ᠂ ᠬᠤᠪᠢ ᠣᠷᠣᠭᠤᠯᠤᠭᠴᠢᠳ ᠤᠨ ︵ ᠶᠡᠭᠡ ︶ ᠬᠤᠷᠠᠯ ᠢᠶᠠᠷ ᠳᠡᠭᠡᠷ᠎ᠡ ᠵᠢᠯ ᠤᠨ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠶᠢᠨ ᠲᠥᠰᠦᠯ ᠢ ᠬᠢᠨᠠᠨ ᠵᠦᠪᠯᠡᠵᠦ ᠲᠣᠭᠲᠠᠭᠠᠬᠤ ᠴᠠᠭ ᠢ ᠨᠢ ᠵᠠᠷᠴᠢᠮ ᠳᠡᠭᠡᠷ᠎ᠡ ᠪᠠᠨ ᠲᠣᠬᠠᠢ ᠶᠢᠨ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠡᠴᠠ ᠬᠤᠢᠢᠰᠢ ᠪᠠᠢᠢᠯᠭᠠᠵᠤ ᠪᠣᠯᠬᠤ ᠦᠭᠡᠢ᠃

  ᠠᠷᠪᠠᠨ ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠲᠠᠬᠢ ᠵᠠᠷᠤᠯᠭ᠎ᠠ ᠶᠢᠨ ᠬᠠᠨᠳᠤᠰᠢ ᠪᠠ ᠭᠤᠣᠯᠳᠠᠯᠭ᠎ᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠲᠣᠭᠲᠠᠭᠠᠭᠰᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠶᠢ ᠦᠨᠳᠦᠰᠦᠯᠡᠨ ᠴᠠᠭ ᠲᠤ ᠨᠢ ᠲᠣᠬᠢᠷᠠᠭᠤᠯᠵᠤ ᠲᠣᠬᠢᠷᠠᠭᠤᠯᠤᠯᠲᠠ ᠬᠢᠨ᠎ᠡ᠂ ᠲᠥᠰᠦᠪ ᠢ ᠲᠣᠬᠢᠷᠠᠭᠤᠯᠬᠤ ᠳᠤ ᠵᠠᠩᠭᠢᠯᠠᠭ᠎ᠠ ᠪᠣᠯᠬᠤ ᠬᠦᠷᠢᠶ᠎ᠡ ᠪᠠ ᠠᠨᠠᠢ ᠪᠠᠢᠢᠭ᠎ᠠ ᠭᠤᠭᠴᠤᠭ᠎ᠠ ᠳᠤ ᠬᠠᠨᠳᠤᠭᠤᠯᠤᠨ ᠲᠥᠪᠯᠡᠷᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢᠨ ᠡᠳ᠋ ᠤᠨ ᠬᠦᠴᠦᠨ ᠤ ᠪᠠᠲᠤᠯᠠᠭ᠎ᠠ ᠶᠢ ᠴᠢᠩᠭᠠᠳᠬᠠᠨ᠂ ᠬᠥᠷᠥᠩᠭᠡ ᠶᠢᠨ ᠮᠦᠩᠭᠦᠨ ᠤ ᠣᠷᠣᠭᠤᠯᠤᠯᠲᠠ ᠶᠢ ᠴᠢᠩᠭᠠᠷᠠᠭᠤᠯᠵᠤ᠂ ᠤᠯᠤᠰ ᠤᠨ ᠥᠮᠴᠢᠯᠡᠯᠲᠦ ᠠᠵᠤ ᠠᠬᠤᠶ ᠶᠢᠨ ᠪᠠᠶᠢᠷᠢᠰᠢᠭᠤᠯᠤᠯᠲᠠ ᠶᠢᠨ ᠰᠢᠯᠢᠳᠡᠭᠵᠢᠯᠲᠡ ᠪᠠ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ ᠳᠤ ᠬᠥᠷᠥᠩᠭᠡ ᠶᠢᠨ ᠴᠢᠨᠠᠷᠲᠠᠶ ᠵᠠᠷᠤᠯᠭ᠎ᠠ᠂ ᠵᠠᠷᠤᠳᠠᠯ ᠤᠨ ᠴᠢᠨᠠᠷᠲᠠᠶ ᠵᠠᠷᠤᠯᠭ᠎ᠠ ᠪᠠ ᠪᠤᠰᠤᠳ ᠵᠠᠷᠤᠯᠭ᠎ᠠ ᠶᠢ ᠪᠠᠭᠲᠠᠭᠠᠵᠤ᠂ ᠡᠩ ᠤᠨ ᠣᠯᠠᠨ ᠨᠡᠶᠢᠲᠡ ᠶᠢᠨ ᠲᠥᠰᠦᠪ ᠲᠤ ᠰᠢᠯᠵᠢᠭᠦᠯᠦᠨ ᠣᠷᠣᠭᠤᠯᠬᠤ ᠡᠴᠠ ᠭᠠᠳᠠᠨ᠎ᠠ᠂ ᠭᠤᠤᠯᠳᠠᠭᠤ ᠳᠣᠤᠷᠠᠬᠢ ᠬᠡᠷᠡᠭᠴᠡᠭᠡ ᠳᠤ ᠬᠡᠷᠡᠭᠯᠡᠨ᠎ᠡ᠄

  ︵ ᠨᠢᠭᠡ ︶ ᠤᠯᠤᠰ ᠤᠨ ᠥᠮᠴᠢᠯᠡᠯᠲᠦ ᠡᠳ᠋ ᠭᠦᠷᠤᠩᠭᠡ ᠶᠢᠨ ᠲᠥᠰᠦᠪ ᠤᠨ ᠠᠵᠤ ᠠᠬᠤᠶᠢᠯᠠᠯ ᠳᠤ ᠭᠦᠷᠤᠩᠭᠡ ᠶᠢᠨ ᠮᠦᠩᠭᠦᠨ ᠤ ᠣᠷᠣᠭᠤᠯᠤᠯᠲᠠ ᠬᠢᠬᠦ︔

  ︵ ᠬᠤᠶᠠᠷ ︶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠩᠭᠡᠷᠡᠭᠰᠡᠨ ᠡᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠵᠢᠴᠢ ᠬᠤᠯᠪᠣᠭᠳᠠᠯ ᠪᠦᠬᠦᠢ ᠥᠭᠡᠷᠡᠴᠢᠯᠡᠯᠲᠡ ᠶᠢᠨ ᠥᠪᠡᠷ ᠤᠨ ᠦᠷᠲᠡᠭ ᠪᠦᠬᠦᠢ ᠵᠠᠷᠤᠯᠭ᠎ᠠ ᠪᠠᠷ ᠵᠠᠷᠤᠴᠠᠭᠤᠯᠬᠤ︔

  ︵ ᠭᠤᠷᠪᠠ ︶ ᠤᠯᠤᠰ ᠤᠨ ᠥᠮᠴᠢᠯᠡᠯᠲᠦ ᠭᠦᠷᠤᠩᠭᠡ ᠶᠢᠨ ᠲᠥᠰᠦᠪ ᠤᠨ ᠠᠵᠤ ᠠᠬᠤᠶᠢᠯᠠᠯ ᠳᠤ ᠲᠦᠷᠤ ᠶᠢᠨ ᠪᠤᠳᠤᠯᠭ᠎ᠠ ᠶᠢᠨ ᠴᠢᠨᠠᠷᠲᠠᠶ ᠨᠡᠮᠡᠭᠦᠷᠢ ᠣᠯᠭᠤᠬᠤ︔

  ︵ ᠲᠦᠷᠪᠡ ︶ ᠤᠯᠤᠰ ᠤᠨ ᠥᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠲᠥᠰᠦᠪ ᠤᠨ ᠪᠤᠰᠤᠳ ᠵᠠᠷᠤᠯᠭ᠎ᠠ᠃

  ᠠᠷᠪᠠᠨ ᠲᠠᠪᠤᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠵᠢᠯ ᠪᠦᠷᠢ ᠲᠣᠬᠠᠢ ᠶᠢᠨ ᠵᠢᠯ ᠤᠨ ᠤᠯᠤᠰ ᠤᠨ ᠥᠮᠴᠢᠯᠡᠯᠳᠤ ᠬᠥᠷᠥᠩᠭᠡ ᠶᠢᠨ ᠡᠵᠡᠩᠨᠡᠯᠲᠡ ᠶᠢᠨ ᠣᠷᠣᠯᠭ᠎ᠠ ᠶᠢᠨ ᠵᠣᠬᠢᠬᠤ ᠬᠠᠷᠢᠴᠠᠯ ᠢᠶᠠᠷ ᠡᠩ ᠤᠨ ᠤᠯᠠᠨ ᠨᠡᠶᠢᠲᠡ ᠶᠢᠨ ᠲᠥᠰᠦᠪ ᠲᠤ ᠰᠢᠯᠵᠢᠭᠦᠯᠦᠨ ᠣᠷᠤᠭᠤᠯᠤᠨ᠎ᠠ᠂ ᠰᠢᠯᠵᠢᠭᠦᠯᠦᠨ ᠣᠷᠣᠭᠤᠯᠬᠤ ᠬᠠᠷᠢᠴᠠᠯ ᠢ ᠨᠢ 30% ᠡᠴᠠ ᠳᠣᠣᠷ᠎ᠠ ᠪᠠᠢᠢᠯᠭᠠᠵᠤ ᠪᠣᠯᠬᠤ ᠥᠭᠡᠢ᠃


  ᠳᠥᠷᠪᠡᠳᠦᠭᠡᠷ ᠪᠦᠯᠦᠭ    ᠲᠥᠰᠦᠪ ᠢ ᠨᠠᠶᠢᠷᠠᠭᠤᠯᠤᠨ ᠵᠣᠬᠢᠶᠠᠬᠤ


  ᠠᠷᠪᠠᠨ ᠵᠢᠷᠭᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠣᠨ ᠢᠶᠠᠷ ᠲᠤᠰᠠᠭᠠᠷ ᠨᠠᠶᠢᠷᠠᠭᠤᠯᠤᠨ ᠵᠣᠬᠢᠶᠠᠨ᠎ᠠ᠃

  ᠠᠷᠪᠠᠨ ᠳᠣᠯᠣᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠰᠦᠪ ᠢ ᠨᠠᠶᠢᠷᠠᠭᠤᠯᠤᠨ ᠵᠣᠬᠢᠶᠠᠬᠤ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂ ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠡᠬᠡ ᠲᠥᠰᠦᠯ ᠢ ᠨᠠᠶᠢᠷᠠᠭᠤᠯᠵᠤ ᠮᠡᠳᠡᠭᠦᠯᠬᠦ ᠠᠵᠢᠯ ᠢᠶᠠᠨ ᠪᠠᠢᠢᠷᠢᠯᠠᠭᠤᠯᠤᠨ ᠲᠣᠬᠢᠷᠠᠭᠤᠯᠵᠤ᠂ ᠲᠥᠰᠦᠪ ᠢ ᠨᠠᠶᠢᠷᠠᠭᠤᠯᠤᠨ ᠵᠣᠬᠢᠶᠠᠬᠤ ᠣᠨ ᠤ ᠱᠠᠭᠠᠷᠳᠠᠯᠭ᠎ᠠ ᠪᠠ ᠲᠥᠰᠦᠪ ᠤᠨ ᠮᠡᠳᠡᠭᠦᠯᠬᠦ ᠬᠦᠰᠦᠨᠦᠭᠲᠦ ᠶᠢᠨ ᠬᠡᠯᠪᠡᠷᠢ ᠶᠢ ᠨᠢ ᠲᠤᠳᠤᠷᠬᠠᠢ ᠲᠣᠭᠲᠠᠭᠠᠬᠤ ᠬᠡᠷᠡᠭᠲᠡᠶ᠃

  ᠠᠷᠪᠠᠨ ᠨᠠᠢᠮᠠᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠨᠠᠶᠢᠷᠠᠭᠤᠯᠤᠨ ᠵᠣᠬᠢᠶᠠᠬᠤ ᠪᠣᠳᠠᠲᠠᠶ ᠲᠠᠰ ᠳᠠᠷᠠᠭᠠᠯᠠᠯ ᠨᠢ ᠳᠣᠤᠷᠠᠬᠢ ᠮᠡᠲᠦ᠄

  ︵ ᠨᠢᠭᠡ ︶ ᠵᠣᠬᠢᠶᠠᠨ ᠪᠠᠢᠢᠭᠤᠯᠵᠤ ᠲᠣᠬᠢᠷᠠᠭᠤᠯᠬᠤ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠲᠥᠰᠦᠪ ᠤᠨ ᠣᠷᠣᠯᠭ᠎ᠠ ᠵᠠᠷᠤᠯᠭ᠎ᠠ ᠶᠢᠨ ᠲᠥᠯᠥᠪᠯᠡᠭᠡ ᠵᠢᠴᠢ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠰᠠᠨᠠᠭᠤᠯᠭ᠎ᠠ ᠶᠢᠨ ᠡᠬᠡ ᠲᠥᠰᠦᠯ ᠢ ᠨᠠᠶᠢᠷᠠᠭᠤᠯᠤᠨ ᠮᠡᠳᠡᠭᠦᠯᠬᠦ ᠪᠣᠳᠠᠲᠠᠶ ᠱᠠᠭᠠᠷᠳᠠᠯᠭ᠎ᠠ ᠶᠢ ᠬᠠᠷᠢᠭᠤᠴᠠᠨ ᠲᠣᠭᠲᠠᠭᠠᠨ᠎ᠠ︔ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠦᠪ ᠤᠨ ᠨᠢᠭᠡᠴᠢ ᠨᠢ ᠬᠢᠨᠠᠨ ᠬᠠᠮᠢᠶᠠᠷᠴᠤ ᠪᠦᠬᠦᠢ ︵ ᠬᠠᠷᠢᠶ᠎ᠠ ︶ ᠠᠵᠤ ᠠᠬᠤᠶᠢᠯᠠᠯ ᠤᠨ ᠲᠥᠰᠦᠪ ᠤᠨ ᠣᠷᠣᠯᠭ᠎ᠠ ᠵᠠᠷᠤᠯᠭ᠎ᠠ ᠶᠢᠨ ᠲᠥᠯᠥᠪᠯᠡᠭᠡ ᠵᠢᠴᠢ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠰᠠᠨᠠᠭᠤᠯᠭ᠎ᠠ ᠶᠢᠨ ᠡᠬᠡ ᠲᠥᠰᠦᠯ ᠢ ᠨᠠᠶᠢᠷᠠᠭᠤᠯᠤᠨ ᠵᠣᠬᠢᠶᠠᠬᠤ ᠯᠤᠭ᠎ᠠ ᠬᠠᠮᠢᠶ᠎ᠠ ᠲᠠᠢ ᠰᠠᠭᠤᠷᠢ ᠠᠵᠢᠯ ᠦᠷᠨᠢᠭᠦᠯᠬᠦ ᠶᠢ ᠬᠠᠷᠢᠭᠤᠴᠠᠨ ᠵᠣᠬᠢᠶᠠᠨ ᠪᠠᠢᠢᠭᠤᠯᠵᠤ᠂ ᠵᠣᠬᠢᠴᠠᠭᠤᠯᠵᠤ ᠰᠢᠮᠳᠠᠭᠤᠯᠤᠨ᠎ᠠ᠃

  ︵ ᠬᠤᠶᠠᠷ ︶ ᠲᠥᠯᠥᠪᠯᠡᠭᠡ ᠪᠠᠨ ᠮᠡᠳᠡᠭᠦᠯᠬᠦ᠃ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠦᠪ ᠤᠨ ᠠᠵᠤ ᠠᠬᠤᠶᠢᠯᠠᠯ ᠤᠳ ᠣᠨ ᠤ ᠣᠯᠵᠠᠪᠤᠷᠢ ᠶᠢᠨ ᠪᠠᠶᠢᠳᠠᠯ ᠢᠶᠠᠨ ᠦᠨᠳᠦᠰᠦᠯᠡᠨ᠂ ᠪᠥᠬᠦ ᠵᠢᠯ ᠤᠨ ᠪᠡᠶᠡᠯᠡᠭᠦᠯᠬᠦ ᠠᠰᠢᠭ ᠣᠯᠵᠠᠪᠤᠷᠢ ᠪᠠᠨ ᠤᠷᠢᠳᠴᠢᠯᠡᠨ ᠵᠢᠱᠢᠵᠦ᠂ ᠳᠠᠷᠠᠭ᠎ᠠ ᠵᠢᠯ ᠤᠨ ᠲᠥᠰᠦᠪ ᠤᠨ ᠣᠷᠣᠯᠭ᠎ᠠ ᠪᠠ ᠲᠥᠰᠦᠪ ᠤᠨ ᠵᠠᠷᠤᠯᠭ᠎ᠠ ᠶᠢᠨ ᠲᠥᠯᠥᠪᠯᠡᠭᠡ ᠪᠣᠯᠭᠠᠵᠤ᠂ ᠮᠠᠲ᠋ᠧᠷᠢᠶᠠᠯ ᠢᠶᠠᠨ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠦᠪ ᠤᠨ ᠨᠢᠭᠡᠴᠢ ᠳᠤ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠤᠨ᠎ᠠ᠃ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠦᠪ ᠤᠨ ᠠᠵᠤ ᠠᠬᠤᠶᠢᠯᠠᠯ ᠤᠨ ᠮᠡᠳᠡᠭᠦᠯᠬᠦ ᠣᠷᠣᠯᠭ᠎ᠠ ᠪᠠᠨ ᠣᠨ ᠤ ᠣᠯᠵᠠᠪᠤᠷᠢ ᠶᠢᠨ ᠪᠠᠶᠢᠳᠠᠯ ᠢ ᠦᠨᠳᠦᠰᠦᠯᠡᠨ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠲᠥᠰᠦᠭᠡᠯᠡᠨ ᠪᠤᠳᠤᠭᠰᠠᠨ ᠪᠠᠢᠢᠬᠤ ᠬᠡᠷᠡᠭᠲᠡᠶ᠃ ᠤᠯᠤᠰ ᠤᠨ ᠥᠮᠴᠢᠯᠡᠯᠲᠦ ᠬᠦᠷᠦᠩᠭᠡ ᠶᠢᠨ ᠲᠥᠰᠦᠪ ᠤᠨ ᠠᠵᠤ ᠠᠬᠤᠶᠢᠯᠠᠯ ᠵᠠᠷᠤᠯᠭ᠎ᠠ ᠶᠢᠨ ᠲᠦᠷᠦᠯ ᠵᠦᠢᠯ ᠢᠶᠠᠨ ᠮᠡᠳᠡᠭᠦᠯᠬᠦ ᠳᠤ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠣᠷᠤᠭᠤᠯᠤᠯᠲᠠ ᠬᠢᠬᠦ ᠪᠠᠷ ᠲᠥᠯᠥᠪᠯᠡᠵᠦ ᠪᠠᠶᠢᠭ᠎ᠠ ᠲᠦᠷᠦᠯ ᠵᠦᠢᠯ ᠤᠨ ᠦᠨᠳᠦᠰᠦᠨ ᠪᠠᠶᠢᠳᠠᠯ᠂ ᠲᠦᠷᠦᠯ ᠵᠦᠢᠯ ᠤᠨ ᠣᠷᠣᠭᠤᠯᠤᠯᠲᠠ ᠶᠢᠨ ᠴᠢᠬᠤᠯᠠ ᠴᠢᠨᠠᠷ ᠪᠠ ᠪᠣᠯᠤᠮᠵᠢᠲᠤ ᠲᠥᠰᠦᠯ ᠵᠡᠷᠭᠡ ᠮᠠᠲ᠋ᠧᠷᠢᠶᠠᠯ ᠢ ᠬᠠᠩᠭᠠᠬᠤ ᠬᠡᠷᠡᠭᠲᠡᠢ᠃

  ︵ ᠭᠤᠷᠪᠠ ︶ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ᠃ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠦᠪ ᠤᠨ ᠨᠢᠭᠡᠴᠢ ᠨᠢ ᠬᠢᠨᠠᠨ ᠬᠠᠮᠢᠶᠠᠷᠴᠤ ᠪᠦᠬᠦᠢ ︵ ᠬᠠᠷᠢᠶ᠎ᠠ ︶ ᠠᠵᠤ ᠠᠬᠤᠶᠢᠯᠠᠯ ᠤᠨ ᠢᠶᠠᠨ ᠮᠡᠳᠡᠭᠦᠯᠦᠨ ᠬᠦᠷᠭᠡᠭᠰᠡᠨ ᠣᠷᠣᠯᠭ᠎ᠠ ᠵᠠᠷᠤᠯᠭ᠎ᠠ ᠶᠢᠨ ᠲᠥᠯᠥᠪᠯᠡᠭᠡ ᠶᠢ ᠬᠠᠷᠢᠭᠤᠴᠠᠨ ᠬᠢᠨᠠᠵᠤ ᠬᠠᠷᠭᠤᠭᠤᠯᠤᠨ ᠬᠤᠷᠢᠶᠠᠩᠭᠤᠢᠢᠯᠠᠵᠤ᠂ ᠲᠣᠰ ᠰᠠᠯᠠᠭ᠎ᠠ ᠮᠥᠴᠢᠷ ᠨᠢᠭᠡᠴᠢ ᠶᠢᠨ ᠢᠶᠠᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠰᠠᠨᠠᠭᠤᠯᠭ᠎ᠠ ᠶᠢᠨ ᠡᠬᠡ ᠲᠥᠰᠦᠯ ᠢ ᠨᠠᠶᠢᠷᠠᠭᠤᠯᠤᠨ ᠵᠣᠬᠢᠶᠠᠵᠤ᠂ ᠲᠣᠭᠲᠠᠭᠰᠠᠨ ᠴᠠᠭ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠤᠨ᠎ᠠ᠃ ᠰᠠᠨᠠᠭᠤᠯᠭ᠎ᠠ ᠶᠢᠨ ᠡᠬᠡ ᠲᠥᠰᠦᠯ ᠤᠨ ᠣᠷᠣᠯᠭ᠎ᠠ ᠶᠢᠨ ᠲᠥᠰᠦᠪ ᠢ ᠨᠢᠭᠡᠳᠦᠭᠡᠷ ᠳᠡᠰ ᠤᠨ ᠠᠵᠤ ᠠᠬᠤᠶᠢᠯᠠᠯ ᠳᠤ ᠬᠦᠷᠲᠡᠯ᠎ᠡ ᠨᠠᠢᠢᠷᠠᠭᠤᠯᠤᠨ ᠵᠢᠭᠰᠠᠭᠠᠵᠤ᠂ ᠵᠠᠷᠤᠯᠭ᠎ᠠ ᠶᠢᠨ ᠲᠥᠰᠦᠪ ᠲᠠᠬᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠦᠷᠦᠩᠭᠡ ᠶᠢᠨ ᠮᠦᠩᠭᠦᠨ ᠤ ᠣᠷᠣᠭᠤᠯᠤᠯᠲᠠ ᠶᠢᠨ ᠵᠠᠷᠤᠯᠭ᠎ᠠ ᠳᠤ ᠵᠠᠷᠴᠢᠮ ᠳᠡᠭᠡᠷ᠎ᠡ ᠪᠠᠨ ᠪᠣᠳᠠᠲᠠᠶ ᠠᠵᠤ ᠠᠬᠤᠶᠢᠯᠠᠯ ᠢ ᠨᠢ ᠲᠣᠳᠣᠷᠬᠠᠶᠢᠯᠠᠵᠤ᠂ ᠪᠤᠰᠤᠳ ᠵᠠᠷᠤᠯᠭ᠎ᠠ ᠳᠤ ᠪᠣᠯ ᠵᠠᠷᠴᠢᠮ ᠳᠡᠭᠡᠷ᠎ᠡ ᠪᠠᠨ ᠪᠣᠳᠠᠲᠠᠶ ᠲᠦᠷᠦᠯ ᠵᠦᠢᠯ ᠢ ᠨᠢ ᠲᠣᠳᠣᠷᠬᠠᠶᠢᠯᠠᠬᠤ ᠬᠡᠷᠡᠭᠲᠡᠶ᠃ ᠵᠠᠷᠤᠯᠭ᠎ᠠ ᠶᠢᠨ ᠲᠥᠰᠦᠪ ᠢ ᠪᠣᠳᠠᠲᠠᠶ ᠠᠵᠤ ᠠᠬᠤᠶᠢᠯᠠᠯ ᠪᠤᠶᠤ ᠲᠦᠷᠦᠯ ᠵᠦᠢᠯ ᠬᠦᠷᠲᠡᠯ᠎ᠡ ᠨᠠᠷᠢᠯᠢᠬᠵᠢᠭᠤᠯᠬᠤ ᠶᠢᠨ ᠠᠷᠭ᠎ᠠ ᠦᠭᠡᠢ ᠪᠣᠯ᠂ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃

  ︵ ᠳᠥᠷᠪᠡ ︶ ᠨᠢᠭᠡᠳᠦᠯᠲᠡᠶ ᠲᠦᠯᠦᠪᠯᠡᠵᠦ ᠨᠠᠶᠢᠷᠠᠭᠤᠯᠤᠨ ᠵᠣᠬᠢᠶᠠᠬᠤ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠶᠢᠨ ᠰᠠᠨᠠᠭᠤᠯᠭ᠎ᠠ ᠶᠢᠨ ᠡᠬᠡ ᠲᠥᠰᠦᠯ ᠢ ᠬᠤᠷᠢᠶᠠᠩᠭᠤᠶᠢᠯᠠᠭᠰᠠᠨ ᠤ ᠳᠠᠷᠠᠭ᠎ᠠ᠂ ᠲᠤᠬᠠᠶ ᠶᠢᠨ ᠵᠢᠯ ᠳᠤ ᠳᠣᠭᠢᠷᠠᠭᠤᠯᠵᠤ ᠪᠣᠯᠬᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ ᠶᠢᠨ ᠬᠡᠪᠴᠢᠶ᠎ᠡ ᠪᠠᠨ ᠨᠢᠭᠡᠳᠦᠯᠲᠡᠶ ᠲᠥᠯᠥᠪᠯᠡᠨ᠂ ᠵᠠᠷᠤᠯᠭ᠎ᠠ ᠶᠢᠨ ᠬᠡᠪᠴᠢᠶ᠎ᠡ ᠶᠢ ᠨᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠡᠬᠡ ᠲᠥᠰᠦᠯ ᠪᠣᠯᠭᠠᠵᠤ᠂ ᠲᠣᠭᠲᠠᠭᠠᠭᠰᠠᠨ ᠲᠠᠰ ᠳᠠᠷᠠᠭᠠᠯᠠᠯ ᠢᠶᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠲᠣᠭᠲᠠᠭᠠᠯᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠵᠦ ᠵᠥᠪᠰᠢᠶᠡᠷᠡᠭᠦᠯᠦᠨ᠎ᠡ᠃

  ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠵᠢᠨ ᠲᠥᠰᠦᠪ ᠤᠨ ᠡᠬᠡ ᠲᠥᠰᠦᠯ ᠤᠨ ᠣᠷᠣᠯᠭ᠎ᠠ ᠶᠢ ᠨᠠᠶᠢᠷᠠᠭᠤᠯᠤᠨ ᠵᠣᠬᠢᠶᠠᠬᠤ ᠠᠭᠤᠯᠭ᠎ᠠ ᠳᠤ᠄ ᠲᠣᠰ ᠱᠠᠲᠤᠨ ᠤ ᠣᠷᠣᠯᠭ᠎ᠠ᠂ ᠳᠡᠭᠡᠷ᠎ᠡ ᠣᠨ ᠤ ᠦᠯᠡᠳᠡᠪᠦᠷᠢ᠂ ᠣᠷᠣᠨ ᠨᠤᠲᠤᠭ ᠤᠨ ᠳᠡᠭᠡᠭᠰᠢ ᠲᠤᠰᠢᠶᠠᠬᠤ ᠣᠷᠣᠯᠭ᠎ᠠ ᠶᠢ ᠪᠠᠭᠲᠠᠭᠠᠨ᠎ᠠ᠂ ᠡᠭᠦᠨ ᠳᠤ᠂ ᠲᠣᠰ ᠱᠠᠲᠤᠨ ᠤ ᠣᠷᠣᠯᠭ᠎ᠠ ᠶᠢ ᠨᠢᠭᠡᠳᠦᠭᠡᠷ ᠳᠡᠰ ᠤᠨ ᠠᠵᠤ ᠠᠬᠤᠶᠢᠯᠠᠯ ᠳᠤ ᠬᠦᠷᠲᠡᠯ᠎ᠡ ᠨᠠᠶᠢᠷᠠᠭᠤᠯᠤᠨ ᠵᠢᠭᠰᠠᠭᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠡᠬᠡ ᠲᠥᠰᠦᠯ ᠤᠨ ᠵᠠᠷᠤᠯᠭ᠎ᠠ ᠶᠢ ᠨᠠᠶᠢᠷᠠᠭᠤᠯᠤᠨ ᠵᠣᠬᠢᠶᠠᠬᠤ ᠠᠭᠤᠯᠭ᠎ᠠ ᠳᠤ᠄ ᠲᠣᠰ ᠱᠠᠲᠤᠨ ᠤ ᠵᠠᠷᠤᠯᠭ᠎ᠠ᠂ ᠡᠩ ᠤᠨ ᠣᠯᠠᠨ ᠨᠡᠶᠢᠲᠡ ᠶᠢᠨ ᠲᠥᠰᠦᠪ ᠡᠴᠠ ᠰᠢᠯᠵᠢᠭᠦᠯᠦᠨ ᠭᠠᠷᠭᠠᠬᠤ ᠪᠡᠯᠡ ᠮᠦᠩᠭᠦ᠂ ᠳᠣᠤᠷᠠᠳᠤ ᠱᠠᠲᠤᠨ ᠤ ᠣᠨᠴᠠᠭᠠᠢ ᠲᠣᠭᠲᠠᠭᠠᠭᠰᠠᠨ ᠵᠦᠢᠯᠡᠰ ᠲᠤ ᠰᠢᠯᠵᠢᠭᠦᠯᠦᠨ ᠥᠭᠬᠦ᠂ ᠳᠡᠭᠡᠭᠰᠢ ᠪᠠᠨ ᠳᠡᠭᠡᠳᠦ ᠱᠠᠲᠤᠨ ᠳᠤ ᠲᠤᠰᠢᠶᠠᠬᠤ ᠵᠠᠷᠤᠯᠭ᠎ᠠ ᠶᠢ ᠪᠠᠭᠲᠠᠭᠠᠨ᠎ᠠ᠃

  ᠠᠷᠪᠠ ᠶᠢᠰᠦᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠡᠬᠡ ᠲᠥᠰᠦᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ 20 ᠡᠳᠦᠷ ᠤᠨ ᠳᠣᠲᠣᠷ᠎ᠠ ᠬᠤᠯᠪᠣᠭᠳᠠᠯ ᠪᠥᠬᠦᠢ ᠤᠯᠤᠰ ᠤᠨ ᠥᠮᠴᠢᠯᠡᠯᠳᠤ ᠬᠥᠷᠥᠩᠭᠡ ᠶᠢᠨ ᠲᠥᠰᠦᠪ ᠤᠨ ᠨᠢᠭᠡᠴᠢ ᠳᠤ ᠲᠥᠰᠦᠪ ᠤᠨ ᠬᠠᠷᠢᠭᠤ ᠴᠤᠬᠤᠯᠠᠪᠤᠷᠢ ᠥᠭᠭᠦᠨ᠎ᠡ᠃ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠦᠪ ᠤᠨ ᠨᠢᠭᠡᠴᠢ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠷᠢᠭᠤ ᠴᠤᠬᠤᠯᠠᠪᠤᠷᠢ ᠲᠠᠢ ᠲᠥᠰᠦᠪ ᠢ ᠭᠥᠯᠢᠶᠡᠨ ᠠᠪᠤᠭᠰᠠᠨ ᠤ ᠳᠠᠷᠠᠭ᠎ᠠ 15 ᠡᠳᠦᠷ ᠤᠨ ᠳᠣᠲᠣᠷ᠎ᠠ ᠬᠢᠨᠠᠨ ᠬᠠᠮᠢᠶᠠᠷᠴᠤ ᠪᠦᠬᠦᠢ ︵ ᠬᠠᠷᠢᠶ᠎ᠠ ︶ ᠠᠵᠤ ᠠᠬᠤᠶᠢᠯᠠᠯ ᠳᠤ ᠲᠥᠰᠦᠪ ᠢ ᠨᠢ ᠬᠠᠷᠢᠭᠤ ᠴᠤᠬᠤᠯᠠᠪᠤᠷᠢᠯᠠᠨ ᠥᠭᠬᠦ ᠬᠡᠷᠡᠭᠲᠡᠶ᠃


  ᠲᠠᠪᠤᠳᠤᠭᠠᠷ ᠪᠦᠯᠦᠭ    ᠲᠥᠰᠦᠪ ᠤᠨ ᠭᠦᠢᠴᠡᠳᠭᠡᠯᠲᠡ


  ᠬᠤᠷᠢᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠪᠠᠯᠠ ᠮᠦᠩᠭᠦᠨ ᠤ ᠬᠤᠷᠢᠶᠠᠵᠤ ᠠᠪᠬᠤ ᠪᠠ ᠭᠠᠷᠭᠠᠵᠤ ᠥᠭᠬᠦ ᠶᠢ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠵᠤ ᠠᠪᠬᠤ ᠪᠠ ᠭᠠᠷᠭᠠᠵᠤ ᠥᠭᠬᠦ ᠲᠦᠷᠢᠮ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃

  ᠬᠤᠷᠢᠨ ᠨᠢᠭᠡᠳᠦᠭᠡᠷ ᠵᠦᠢᠯ    ᠤᠯᠤᠰ ᠤᠨ ᠦᠮᠴᠢᠯᠡᠯᠲᠦ ᠬᠦᠷᠦᠩᠭᠡ ᠶᠢᠨ ᠲᠥᠰᠦᠪ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠦᠷᠦᠩᠭᠡ ᠶᠢᠨ ᠠᠰᠢᠭ ᠣᠷᠣᠯᠭ᠎ᠠ ᠶᠢ ᠳᠡᠭᠡᠭᠰᠢ ᠲᠤᠰᠢᠶᠠᠬᠤ ᠳᠤ ᠳᠣᠣᠷᠠᠬᠢ ᠳᠡᠰ ᠳᠠᠷᠠᠭᠠᠯᠠᠯ ᠢᠶᠠᠷ ᠬᠡᠷᠡᠭᠵᠢᠭᠦᠯᠦᠨ᠎ᠡ᠄

  ︵ ᠨᠢᠭᠡ ︶ ᠮᠡᠳᠡᠭᠦᠯᠬᠦ᠃ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠦᠪ ᠤᠨ ᠨᠢᠭᠡᠴᠢ ᠨᠢ ᠬᠢᠨᠠᠨ ᠬᠠᠮᠢᠶᠠᠷᠴᠤ ᠪᠦᠬᠦᠢ ︵ ᠬᠠᠷᠢᠶ᠎ᠠ ︶ ᠠᠵᠤ ᠠᠬᠤᠶᠢᠯᠠᠯ ᠤᠨ ᠳᠡᠭᠡᠭᠰᠢ ᠮᠡᠳᠡᠭᠦᠯᠦᠭᠰᠡᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠷᠣᠯᠭ᠎ᠠ ᠶᠢᠨ ᠮᠡᠳᠡᠭᠦᠯᠬᠦ ᠬᠦᠰᠦᠨᠦᠭᠲᠦ ᠵᠢᠴᠢ ᠬᠠᠮᠢᠶ᠎ᠠ ᠪᠥᠬᠦᠶ ᠮᠠᠲ᠋ᠧᠷᠢᠶᠠᠯ ᠢ ᠣᠯᠤᠭᠰᠠᠨ ᠤ ᠳᠠᠷᠠᠭ᠎ᠠ ᠬᠢᠨᠠᠨ ᠬᠠᠷᠭᠤᠭᠤᠯᠤᠭᠰᠠᠨ ᠰᠠᠨᠠᠯ ᠢᠶᠠᠨ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠦᠨ ᠬᠦᠷᠭᠡᠨ᠎ᠡ᠃

  ︵ ᠬᠤᠶᠠᠷ ︶ ᠳᠠᠬᠢᠨᠲᠠ ᠬᠢᠨᠠᠬᠤ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠮᠡᠳᠡᠭᠦᠯᠦᠭᠰᠡᠨ ᠠᠰᠢᠭ ᠣᠷᠣᠯᠭ᠎ᠠ ᠵᠢᠴᠢ ᠬᠠᠮᠢᠶ᠎ᠠ ᠪᠥᠬᠦᠶ ᠮᠠᠲ᠋ᠧᠷᠢᠶᠠᠯ ᠢ ᠳᠠᠬᠢᠨᠲᠠ ᠬᠢᠨᠠᠵᠤ ᠨᠤᠲᠠᠯᠠᠭᠰᠠᠨ ᠤ ᠳᠠᠷᠠᠭ᠎ᠠ᠂ ᠤᠯᠤᠰ ᠤᠨ ᠦᠮᠴᠢᠯᠡᠯᠲᠦ ᠬᠥᠷᠥᠩᠭᠡ ᠶᠢᠨ ᠲᠥᠰᠦᠪ ᠤᠨ ᠨᠢᠭᠡᠴᠢ ᠳᠤ ᠳᠠᠬᠢᠨᠲᠠ ᠬᠢᠨᠠᠭᠰᠠᠨ ᠳ᠋ᠦᠩ ᠢ ᠪᠠᠭᠤᠯᠭᠠᠬᠤ ᠶᠢᠨ ᠬᠠᠮᠲᠤ ᠠᠰᠢᠭ ᠣᠷᠣᠯᠭ᠎ᠠ ᠶᠢ ᠳᠡᠭᠡᠭᠰᠢ ᠲᠤᠰᠢᠶᠠᠬᠤ ᠴᠠᠭ ᠤᠨ ᠬᠢᠵᠠᠭᠠᠷ ᠵᠢᠴᠢ ᠠᠷᠭ᠎ᠠ ᠬᠡᠯᠪᠡᠷᠢ ᠶᠢ ᠲᠣᠭᠲᠠᠭᠠᠨ᠎ᠠ᠃

  ︵ ᠭᠤᠷᠪᠠ ︶ ᠳᠡᠭᠡᠭᠰᠢ ᠲᠤᠰᠢᠶᠠᠬᠤ᠃ ᠤᠯᠤᠰ ᠤᠨ ᠥᠮᠴᠢᠯᠡᠯᠲᠦ ᠬᠦᠷᠦᠩᠭᠡ ᠶᠢᠨ ᠲᠥᠰᠦᠪ ᠤᠨ ᠠᠵᠤ ᠠᠬᠤᠶᠢᠯᠠᠯ ᠨᠢ ᠠᠰᠢᠭ ᠣᠷᠣᠯᠭ᠎ᠠ ᠶᠢᠨ ᠳᠡᠭᠡᠭᠰᠢ ᠲᠤᠰᠢᠶᠠᠬᠤ ᠮᠡᠳᠡᠭᠳᠡᠯ ᠢ ᠦᠨᠳᠦᠰᠦᠯᠡᠨ᠂ ᠲᠣᠭᠲᠠᠭᠰᠠᠨ ᠴᠠᠭ ᠤᠨ ᠳᠣᠲᠣᠷ᠎ᠠ ᠵᠣᠭᠤᠰ ᠲᠤᠰᠢᠶᠠᠬᠤ ᠭᠠᠷᠳᠠᠮ ᠢ ᠭᠦᠢᠴᠡᠳᠭᠡᠨ᠎ᠡ᠃

  ᠬᠤᠷᠢᠨ ᠬᠤᠶᠠᠳᠤᠭᠠᠷ ᠵᠦᠢᠯ    ᠤᠯᠤᠰ ᠤᠨ ᠥᠮᠴᠢᠯᠡᠯᠳᠤ ᠬᠥᠷᠥᠩᠭᠡ ᠶᠢᠨ ᠲᠥᠰᠦᠪ ᠤᠨ ᠠᠵᠤ ᠠᠬᠤᠶᠢᠯᠠᠯ ᠤᠳ ᠱᠠᠭᠠᠷᠳᠠᠯᠭ᠎ᠠ ᠶᠣᠰᠣᠭᠠᠷ᠂ ᠤᠯᠤᠰ ᠤᠨ ᠥᠮᠴᠢᠯᠡᠯᠳᠤ ᠬᠥᠷᠥᠩᠭᠡ ᠶᠢᠨ ᠠᠰᠢᠭ ᠣᠷᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠲᠤ ᠴᠠᠭ ᠲᠤᠬᠠᠶ ᠳᠤ ᠨᠢ ᠲᠤᠭ᠎ᠠ ᠶᠤᠰᠤᠭᠠᠷ ᠭᠦᠢᠴᠡᠳ ᠲᠤᠰᠢᠶᠠᠬᠤ ᠬᠡᠷᠡᠭᠲᠡᠶ᠂ ᠶᠠᠮᠠᠷᠪᠠ ᠰᠠᠯᠠᠭ᠎ᠠ ᠮᠥᠴᠢᠷ ᠪᠠ ᠨᠢᠭᠡᠴᠢ ᠭᠡᠳ ᠳᠤᠷ᠎ᠠ ᠪᠠᠷ ᠢᠶᠠᠨ ᠬᠠᠰᠤᠵᠤ ᠬᠡᠯᠲᠦᠷᠢᠭᠦᠯᠬᠦ ᠪᠤᠶᠤ ᠲᠤᠰᠢᠶᠠᠬᠤ ᠶᠢ ᠲᠡᠪᠴᠢᠵᠦ ᠪᠣᠯᠬᠤ ᠥᠭᠡᠢ᠃

  ᠬᠤᠷᠢᠨ ᠭᠤᠷᠪᠠᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ ᠶᠢ ᠬᠠᠷᠢᠭᠤ ᠴᠤᠬᠤᠯᠠᠪᠤᠷᠢᠯᠠᠭᠰᠠᠨ ᠲᠥᠰᠦᠪ ᠤᠨ ᠶᠣᠰᠣᠭᠠᠷ ᠭᠦᠢᠴᠡᠳᠬᠡᠬᠦ ᠬᠡᠷᠡᠭᠲᠡᠶ᠃ ᠵᠢᠯ ᠤᠨ ᠡᠬᠢᠨ ᠤ ᠲᠥᠰᠦᠪ ᠤᠨ ᠡᠬᠡ ᠲᠥᠰᠦᠯ ᠤᠨ ᠵᠠᠷᠤᠯᠭ᠎ᠠ ᠵᠢᠨ ᠲᠥᠰᠦᠪ ᠲᠤ ᠨᠠᠷᠢᠯᠢᠬᠵᠢᠭᠤᠯᠤᠭᠠᠳᠤᠢ ᠪᠠᠢᠢᠭ᠎ᠠ ᠬᠥᠷᠥᠩᠭᠡ ᠵᠢᠨ ᠮᠦᠩᠭᠦᠨ ᠤ ᠣᠷᠣᠭᠤᠯᠤᠯᠲᠠ ᠶᠢᠨ ᠵᠠᠷᠤᠯᠭ᠎ᠠ ᠪᠠ ᠳᠣᠷᠣᠭᠰᠢ ᠰᠢᠯᠵᠢᠭᠦᠯᠦᠨ ᠥᠭᠬᠦ ᠵᠠᠷᠤᠯᠭ᠎ᠠ ᠶᠢᠨ ᠵᠦᠢᠯᠡᠰ ᠢ ᠣᠨ ᠤ ᠲᠥᠰᠦᠪ ᠢ ᠭᠦᠢᠴᠡᠳᠬᠡᠬᠦ ᠶᠠᠪᠤᠴᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠡᠴᠠ ᠤᠯᠤᠰ ᠤᠨ ᠦᠮᠴᠢᠯᠡᠯᠲᠦ ᠬᠥᠷᠥᠩᠭᠡ ᠶᠢᠨ ᠲᠥᠰᠦᠪ ᠤᠨ ᠨᠢᠭᠡᠴᠢ ᠯᠦᠭᠡ ᠬᠠᠮᠲᠤᠷᠠᠨ ᠪᠠᠯᠠ ᠮᠥᠩᠭᠦ ᠳᠣᠭᠢᠷᠠᠭᠤᠯᠬᠤ ᠰᠠᠨᠠᠯ ᠢ ᠰᠤᠳᠤᠯᠤᠨ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃

  ᠬᠤᠷᠢᠨ ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠥᠷᠥᠩᠭᠡ ᠶᠢᠨ ᠴᠢᠨᠠᠷᠲᠠᠶ ᠵᠠᠷᠤᠯᠭ᠎ᠠ ᠳᠤ ᠴᠠᠭ ᠲᠤᠬᠠᠶ ᠳᠤ ᠨᠢ ᠬᠥᠷᠥᠩᠭᠡ ᠶᠢᠨ ᠮᠥᠩᠭᠦ ᠶᠢ ᠨᠡᠮᠡᠭᠳᠡᠭᠦᠯᠵᠦ᠂ ᠠᠵᠤ ᠠᠬᠤᠶᠢᠯᠠᠯ ᠤᠨ ᠬᠥᠷᠥᠩᠭᠡ ᠪᠠᠨ ᠨᠡᠮᠡᠭᠳᠡᠭᠦᠯᠬᠦ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠷᠬᠡ ᠠᠰᠢᠭ ᠢ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠦᠪ ᠤᠨ ᠠᠵᠤ ᠠᠬᠤᠶᠢᠯᠠᠯ ᠡᠴᠠ ᠲᠣᠭᠲᠠᠭᠰᠠᠨ ᠴᠢᠭᠯᠡᠯ ᠪᠠ ᠬᠡᠷᠡᠭᠴᠡᠭᠡ ᠶᠣᠰᠣᠭᠠᠷ ᠨᠢᠭᠡᠳᠦᠯᠲᠡᠶ ᠲᠥᠯᠥᠪᠯᠡᠨ ᠬᠡᠷᠡᠭᠯᠡᠬᠦ ᠬᠡᠷᠡᠭᠲᠡᠶ︔ ᠵᠠᠷᠤᠳᠠᠯ ᠤᠨ ᠴᠢᠨᠠᠷᠲᠠᠶ ᠵᠠᠷᠤᠯᠭ᠎ᠠ ᠪᠠᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠯᠡᠬᠦ ᠬᠡᠷᠡᠭᠲᠡᠶ᠂ ᠬᠡᠷᠡᠭᠯᠡᠬᠦ ᠬᠡᠪᠴᠢᠶ᠎ᠡ ᠶᠢ ᠥᠷᠭᠡᠳᠬᠡᠵᠦ ᠪᠣᠯᠬᠤ ᠦᠭᠡᠢ᠂ ᠦᠯᠡᠳᠡᠪᠦᠷᠢ ᠪᠡᠯᠡ ᠮᠥᠩᠭᠦ ᠶᠢ ᠰᠠᠨᠠᠭᠠᠴᠢᠯᠠᠭ᠎ᠠ ᠡᠴᠠ ᠪᠠᠨ ᠡᠳ᠋ ᠤᠨ ᠵᠠᠰᠠᠭ ᠲᠤ ᠪᠤᠴᠠᠭᠠᠨ ᠥᠭᠬᠦ ᠬᠡᠷᠡᠭᠲᠡᠶ᠃

  ᠬᠤᠷᠢᠨ ᠲᠠᠪᠤᠳᠤᠭᠠᠷ ᠵᠦᠢᠯ    ᠲᠥᠰᠦᠪ ᠢ ᠭᠦᠢᠴᠡᠳᠬᠡᠬᠦ ᠶᠠᠪᠤᠴᠠ ᠳᠤ ᠦᠨᠡᠨ ᠬᠦ ᠲᠤᠬᠢᠷᠠᠭᠤᠯᠤᠯᠳᠠ ᠬᠢᠬᠦ ︵ ᠵᠣᠬᠢᠴᠠᠭᠤᠯᠬᠤ ︶ ᠴᠢᠬᠤᠯᠠᠲᠠᠢ ᠪᠠᠶᠢᠪᠠᠯ᠂ ᠳᠣᠣᠷᠠᠬᠢ ᠳᠡᠰ ᠳᠠᠷᠠᠭᠠᠯᠠᠯ ᠢᠶᠠᠷ ᠭᠦᠢᠴᠡᠳᠬᠡᠨ᠎ᠡ᠄

  ︵ ᠨᠢᠭᠡ ︶ ᠲᠥᠰᠦᠪ ᠢ ᠲᠣᠬᠢᠷᠠᠭᠤᠯᠬᠤ᠃ ᠲᠥᠰᠦᠪ ᠢ ᠭᠦᠢᠴᠡᠳᠬᠡᠬᠦ ᠶᠠᠪᠤᠴᠠ ᠳᠤ ᠲᠥᠰᠦᠪ ᠤᠨ ᠶᠡᠷᠦᠩᠬᠡᠶ ᠵᠠᠷᠤᠯᠭ᠎ᠠ ᠶᠢ ᠨᠡᠮᠡᠭᠳᠡᠭᠦᠯᠬᠦ᠂ ᠪᠠᠭᠠᠰᠬᠠᠬᠤ ᠪᠤᠶᠤ ᠲᠥᠰᠦᠪ ᠲᠤ ᠲᠣᠬᠢᠷᠠᠭᠤᠯᠤᠭᠰᠠᠨ ᠭᠤᠣᠯᠳᠠᠯᠭ᠎ᠠ ᠪᠣᠯᠬᠤ ᠵᠠᠷᠤᠯᠭ᠎ᠠ ᠶᠢᠨ ᠲᠤᠭ᠎ᠠ ᠬᠡᠮᠵᠢᠶ᠎ᠡ ᠶᠢ ᠲᠣᠬᠢᠷᠠᠭᠤᠯᠤᠨ ᠬᠠᠰᠤᠬᠤ ᠴᠢᠬᠤᠯᠠᠲᠠᠶ ᠪᠠᠶᠢᠳᠠᠯ ᠭᠠᠷᠪᠠᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠡᠴᠠ ᠲᠥᠰᠦᠪ ᠤᠨ ᠲᠣᠬᠢᠷᠠᠭᠤᠯᠬᠤ ᠲᠥᠰᠦᠯ ᠢ ᠨᠠᠶᠢᠷᠠᠭᠤᠯᠤᠨ ᠵᠣᠬᠢᠶᠠᠵᠤ᠂ ᠲᠥᠰᠦᠪ ᠤᠨ ᠲᠣᠬᠢᠷᠠᠭᠤᠯᠤᠯᠲᠠ ᠬᠢᠬᠦ ᠤᠴᠢᠷ ᠰᠢᠯᠲᠠᠭᠠᠨ᠂ ᠲᠥᠷᠥᠯ ᠵᠦᠢᠯ ᠪᠠ ᠲᠤᠭ᠎ᠠ ᠬᠡᠮᠵᠢᠶ᠎ᠡ ᠶᠢ ᠨᠢ ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠦᠨ ᠬᠦᠷᠭᠡᠵᠦ ᠬᠢᠨᠠᠨ ᠪᠠᠶᠢᠴᠠᠭᠠᠯᠭᠠᠬᠤ ᠪᠠ ᠵᠥᠪᠰᠢᠶᠡᠷᠡᠭᠦᠯᠦᠨ᠎ᠡ᠃

  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠦᠬᠦᠷ ᠪᠠᠯᠠ ᠮᠥᠩᠭᠦ ᠬᠠᠩᠭᠠᠬᠤ ᠴᠢᠬᠤᠯᠠ ᠥᠬᠡᠶ ᠲᠤᠰᠬᠠᠶ ᠵᠦᠢᠯ ᠤᠨ ᠰᠢᠯᠵᠢᠭᠦᠯᠦᠨ ᠥᠭᠬᠦ ᠵᠢ ᠲᠥᠪ ᠡᠴᠠ ᠨᠡᠮᠡᠭᠳᠡᠭᠦᠯᠦᠭᠰᠡᠨ ᠡᠴᠠ ᠪᠣᠯᠵᠤ ᠲᠥᠰᠦᠪ ᠤᠨ ᠣᠷᠣᠯᠭ᠎ᠠ ᠵᠠᠷᠤᠯᠭ᠎ᠠ ᠳᠤ ᠬᠤᠪᠢᠷᠠᠯᠲᠠ ᠭᠠᠷᠤᠭᠰᠠᠨ ᠪᠠᠢᠢᠪᠠᠯ ᠲᠥᠰᠦᠪ ᠤᠨ ᠲᠣᠬᠢᠷᠠᠭᠤᠯᠤᠯᠲᠠ ᠬᠢᠭᠰᠡᠨ ᠳᠤ ᠲᠣᠭᠠᠴᠠᠭᠳᠠᠬᠤ ᠥᠬᠡᠶ᠃

  ︵ ᠬᠤᠶᠠᠷ ︶ ᠲᠥᠰᠦᠪ ᠢ ᠵᠣᠬᠢᠴᠠᠭᠤᠯᠬᠤ᠃︵ ᠨᠢᠭᠡ ︶ ᠳ᠋ᠤᠭᠡᠷ ᠵᠤᠷᠪᠤᠰ ᠲᠤ ᠲᠣᠭᠲᠠᠭᠠᠭᠰᠠᠨ ᠪᠠᠶᠢᠳᠠᠯ ᠡᠴᠠ ᠭᠠᠳᠠᠨ᠎ᠠ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠵᠡᠷᠭᠡ ᠣᠨᠴᠠᠭᠠᠢ ᠪᠠᠶᠢᠳᠠᠯ ᠡᠴᠠ ᠪᠣᠯᠵᠣ ᠲᠥᠰᠦᠪ ᠢ ᠵᠣᠬᠢᠴᠠᠭᠤᠯᠬᠤ ᠴᠢᠬᠤᠯᠠ ᠲᠠᠢ ᠪᠣᠯ᠂ ᠤᠯᠤᠰ ᠤᠨ ᠦᠮᠴᠢᠯᠡᠯᠲᠦ ᠬᠥᠷᠥᠩᠭᠡ ᠶᠢᠨ ᠲᠥᠰᠦᠪ ᠤᠨ ᠨᠢᠭᠡᠴᠢ ᠡᠴᠠ ᠪᠢᠴᠢᠭ ᠤᠨ ᠬᠡᠯᠪᠡᠷᠢ ᠪᠠᠷ ᠭᠤᠶᠤᠴᠢᠯᠠᠯ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠮᠡᠳᠡᠭᠦᠯᠦᠨ ᠬᠦᠷᠭᠡᠵᠦ ᠬᠢᠨᠠᠨ ᠵᠥᠪᠰᠢᠶᠡᠷᠡᠭᠦᠯᠦᠨ᠎ᠡ᠃

  ᠬᠤᠷᠢᠨ ᠵᠢᠷᠭᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠲᠣᠭᠲᠠᠭᠠᠭᠰᠠᠨ ᠤ ᠳᠠᠷᠠᠭ᠎ᠠ᠂ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠦᠪ ᠤᠨ ᠠᠵᠤ ᠠᠬᠤᠶᠢᠯᠠᠯ ᠤᠨ ᠥᠮᠴᠢᠯᠡᠬᠦ ᠡᠷᠬᠡ ᠪᠤᠶᠤ ᠡᠳ᠋ ᠤᠨ ᠶᠠᠪᠤᠳᠠᠯ ᠤᠨ ᠬᠠᠷᠢᠶᠠᠯᠠᠭᠳᠠᠬᠤ ᠬᠠᠷᠢᠴᠠᠭ᠎ᠠ ᠨᠢ ᠬᠤᠪᠢᠷᠠᠭᠰᠠᠨ ᠡᠴᠠ ᠪᠣᠯᠵᠣ ᠲᠥᠰᠦᠪ ᠤᠨ ᠵᠡᠷᠭᠡ ᠳᠡᠰ ᠪᠠ ᠬᠠᠷᠢᠴᠠᠭ᠎ᠠ ᠳᠤ ᠨᠢ ᠬᠤᠪᠢᠷᠠᠯᠲᠠ ᠭᠠᠷᠤᠭᠰᠠᠨ ᠪᠠᠶᠢᠪᠠᠯ᠂ ᠲᠥᠰᠦᠪ ᠤᠨ ᠬᠤᠪᠢᠶᠠᠷᠢᠯᠠᠨ ᠰᠢᠯᠵᠢᠭᠦᠯᠬᠦ ᠪᠠᠨ ᠳᠠᠩᠰᠠᠯᠠᠭᠤᠯᠬᠤ ᠭᠠᠷᠳᠠᠮ ᠢ ᠬᠠᠮᠲᠤ ᠳᠤ ᠨᠢ ᠭᠦᠢᠴᠡᠳᠬᠡᠬᠦ ᠬᠡᠷᠡᠭᠲᠡᠶ᠃


  ᠵᠢᠷᠭᠤᠳᠤᠭᠠᠷ ᠪᠦᠯᠦᠭ    ᠲᠦᠰᠦᠪ ᠤᠨ ᠭᠦᠢᠴᠡᠳᠭᠡᠯ


  ᠬᠤᠷᠢᠨ ᠳᠣᠯᠣᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠲᠥᠰᠦᠪ ᠤᠨ ᠬᠦᠢᠴᠡᠳᠬᠡᠯ ᠨᠠᠶᠢᠷᠠᠭᠤᠯᠤᠨ ᠵᠣᠬᠢᠶᠠᠬᠤ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂ ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠬᠦᠢᠴᠡᠳᠬᠡᠯ ᠤᠨ ᠡᠬᠡ ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠢᠶᠠᠨ ᠪᠠᠢᠢᠷᠢᠯᠠᠭᠤᠯᠬᠤ ᠬᠡᠷᠡᠭᠲᠡᠢ᠃

  ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠦᠪ ᠤᠨ ᠨᠢᠭᠡᠴᠢ ᠨᠢ ᠲᠣᠰ ᠨᠢᠭᠡᠴᠢ ᠶᠢᠨ ᠢᠶᠠᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠬᠦᠢᠴᠡᠳᠬᠡᠯ ᠤᠨ ᠡᠬᠡ ᠲᠥᠰᠦᠯ ᠢ ᠨᠠᠶᠢᠷᠠᠭᠤᠯᠤᠨ ᠵᠣᠬᠢᠶᠠᠵᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠭᠢᠮ ᠳᠤ ᠮᠡᠳᠡᠭᠦᠯᠦᠨ ᠬᠦᠷᠭᠡᠬᠦ ᠬᠡᠷᠡᠭᠲᠡᠢ᠃

  ᠬᠤᠷᠢᠨ ᠨᠠᠢᠮᠠᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠲᠤᠰ ᠵᠢᠯ ᠤᠨ ᠤᠯᠤᠰ ᠤᠨ ᠥᠮᠴᠢᠯᠡᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠭᠦᠢᠴᠡᠳᠬᠡᠭᠰᠡᠨ ᠪᠠᠶᠢᠳᠠᠯ ᠪᠠ ᠤᠯᠤᠰ ᠤᠨ ᠥᠮᠴᠢᠯᠡᠯᠳᠤ ᠬᠥᠷᠥᠩᠭᠡ ᠶᠢᠨ ᠲᠥᠰᠦᠪ ᠤᠨ ᠨᠢᠭᠡᠴᠢ ᠶᠢᠨ ᠳᠡᠭᠡᠭᠰᠢ ᠮᠡᠳᠡᠭᠦᠯᠦᠭᠰᠡᠨ ᠲᠥᠰᠦᠪ ᠤᠨ ᠭᠦᠢᠴᠡᠳᠬᠡᠯ ᠤᠨ ᠡᠬᠡ ᠲᠥᠰᠦᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠭᠦᠢᠴᠡᠳᠬᠡᠯ ᠤᠨ ᠡᠬᠡ ᠲᠥᠰᠦᠯ ᠢ ᠨᠠᠶᠢᠷᠠᠭᠤᠯᠤᠨ ᠵᠣᠬᠢᠶᠠᠬᠤ ᠬᠡᠷᠡᠭᠲᠡᠢ᠃

  ᠬᠤᠷᠢ ᠶᠢᠰᠦᠳᠦᠭᠡᠷ ᠵᠦᠢᠯ    ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠭᠦᠢᠴᠡᠳᠬᠡᠯ ᠤᠨ ᠡᠬᠡ ᠲᠥᠰᠦᠯ ᠢ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠢᠶᠠᠷ ᠬᠢᠨᠠᠨ ᠪᠣᠳᠣᠭᠤᠯᠤᠭᠰᠠᠨ ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠵᠦ ᠬᠢᠨᠠᠨ ᠲᠣᠭᠲᠠᠭᠠᠯᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠡᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠪᠠᠶᠢᠴᠠᠭᠠᠯᠭᠠᠨ᠎ᠠ᠃

  ᠭᠤᠴᠢᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠬᠦᠢᠴᠡᠳᠬᠡᠯ ᠤᠨ ᠡᠬᠡ ᠲᠥᠰᠦᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ 20 ᠡᠳᠦᠷ ᠤᠨ ᠳᠣᠲᠣᠷ᠎ᠠ ᠬᠤᠯᠪᠣᠭᠳᠠᠯ ᠪᠥᠬᠦᠶ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠦᠪ ᠤᠨ ᠨᠢᠭᠡᠴᠢ ᠳᠤ ᠲᠦᠰᠦᠪ ᠤᠨ ᠭᠦᠢᠴᠡᠳᠭᠡᠯ ᠤᠨ ᠬᠠᠷᠢᠭᠤ ᠴᠤᠬᠤᠯᠠᠪᠤᠷᠢ ᠥᠭᠬᠦ ᠬᠡᠷᠡᠭᠲᠡᠢ᠃ ᠤᠯᠤᠰ ᠤᠨ ᠥᠮᠴᠢᠯᠡᠯᠲᠦ ᠬᠥᠷᠥᠩᠭᠡ ᠶᠢᠨ ᠲᠥᠰᠦᠪ ᠤᠨ ᠨᠢᠭᠡᠴᠢ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠷᠢᠭᠤ ᠴᠤᠬᠤᠯᠠᠪᠤᠷᠢ ᠥᠭᠭᠦᠭᠰᠡᠨ ᠲᠥᠰᠦᠪ ᠤᠨ ᠬᠦᠢᠴᠡᠳᠬᠡᠯ ᠢ ᠭᠥᠯᠢᠶᠡᠨ ᠠᠪᠤᠭᠰᠠᠨ ᠤ ᠳᠠᠷᠠᠭ᠎ᠠ 15 ᠡᠳᠦᠷ ᠤᠨ ᠳᠣᠲᠣᠷ᠎ᠠ ᠬᠢᠨᠠᠨ ᠬᠠᠮᠢᠶᠠᠷᠴᠤ ᠪᠦᠬᠦᠢ ︵ ᠬᠠᠷᠢᠶ᠎ᠠ ︶ ᠠᠵᠤ ᠠᠬᠤᠶᠢᠯᠠᠯ ᠳᠤ ᠲᠥᠰᠦᠪ ᠤᠨ ᠬᠦᠢᠴᠡᠳᠬᠡᠯ ᠤᠨ ᠬᠠᠷᠢᠭᠤ ᠴᠤᠬᠤᠯᠠᠪᠤᠷᠢ ᠥᠭᠬᠦ ᠬᠡᠷᠡᠭᠲᠡᠶ᠃


  ᠳᠣᠯᠣᠳᠤᠭᠠᠷ ᠪᠦᠯᠦᠭ    ᠠᠮᠵᠢᠯᠲᠠ ᠪᠦᠲᠦᠮᠵᠢ ᠶᠢᠨ ᠬᠠᠮᠢᠶᠠᠷᠤᠯᠲᠠ


  ᠭᠤᠴᠢᠨ ᠨᠢᠭᠡᠳᠦᠭᠡᠷ ᠵᠦᠢᠯ    ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠳᠤ ᠬᠥᠷᠥᠩᠭᠡ ᠶᠢᠨ ᠡᠵᠡᠩᠨᠡᠯᠲᠡ ᠵᠢᠨ ᠲᠥᠰᠦᠪ ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠶᠢ ᠲᠦᠷᠦᠭᠦᠯᠡᠨ ᠬᠡᠷᠡᠭᠵᠢᠭᠦᠯᠬᠦ ᠶᠢᠨ ᠬᠠᠮᠲᠤ᠂ ᠤᠯᠤᠰ ᠤᠨ ᠥᠮᠴᠢᠯᠡᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ ᠶᠢᠨ ᠲᠥᠷᠥᠯ ᠵᠦᠢᠯ ᠳᠤ ᠠᠮᠵᠢᠯᠲᠠ ᠪᠦᠲᠦᠮᠵᠢ ᠶᠢᠨ ᠭᠤᠣᠯᠳᠠᠯᠭ᠎ᠠ ᠲᠠᠢ ᠦᠨᠡᠯᠡᠯᠲᠡ ᠬᠢᠬᠦ ᠬᠡᠷᠡᠭᠲᠡᠢ᠃

  ᠭᠤᠴᠢᠨ ᠬᠤᠶᠠᠳᠤᠭᠠᠷ ᠵᠦᠢᠯ   ᠤᠯᠤᠰ ᠤᠨ ᠦᠮᠴᠢᠯᠡᠯᠲᠦ ᠬᠦᠷᠦᠩᠭᠡ ᠶᠢᠨ ᠲᠥᠰᠦᠪ ᠤᠨ ᠨᠢᠭᠡᠴᠢ ᠨᠦᠭᠦᠳ ᠤᠯᠤᠰ ᠤᠨ ᠥᠮᠴᠢᠯᠡᠯᠲᠦ ᠬᠦᠷᠦᠩᠭᠡ ᠶᠢᠨ ᠡᠵᠡᠩᠨᠡᠯᠲᠡ ᠶᠢᠨ ᠲᠥᠰᠦᠪ ᠢ ᠬᠡᠷᠡᠭᠵᠢᠭᠦᠯᠬᠦ ᠪᠦᠬᠦ ᠶᠠᠪᠤᠴᠠ ᠳᠤ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠵᠢᠯ ᠶᠠᠪᠤᠳᠠᠯ ᠤᠨ ᠡᠮᠦᠨᠡᠬᠢ ᠠᠮᠵᠢᠯᠲᠠ ᠪᠦᠲᠦᠮᠵᠢ ᠶᠢᠨ ᠦᠨᠡᠯᠡᠨ ᠵᠢᠱᠢᠯᠲᠡ ᠶᠢ ᠲᠣᠭᠲᠠᠭᠠᠯ ᠶᠣᠰᠣᠭᠠᠷ ᠥᠷᠨᠢᠭᠦᠯᠵᠦ᠂ ᠠᠮᠵᠢᠯᠲᠠ ᠪᠦᠲᠦᠮᠵᠢ ᠶᠢᠨ ᠠᠵᠢᠯᠯᠠᠭᠠᠨ ᠢ ᠬᠢᠨᠠᠨ ᠡᠵᠡᠮᠳᠡᠬᠦ ᠠᠵᠢᠯ ᠪᠠ ᠠᠮᠵᠢᠯᠲᠠ ᠪᠦᠲᠦᠮᠵᠢ ᠶᠢᠨ ᠦᠨᠡᠯᠡᠯᠲᠡ ᠶᠢ ᠴᠢᠩᠭᠠᠳᠬᠠᠬᠤ ᠬᠡᠷᠡᠭᠲᠡᠢ᠃

  ᠤᠯᠤᠰ ᠤᠨ ᠦᠮᠴᠢᠯᠡᠯᠲᠦ ᠬᠥᠷᠥᠩᠭᠡ ᠶᠢᠨ ᠲᠥᠰᠦᠪ ᠤᠨ ᠨᠢᠭᠡᠴᠢ ᠨᠢ ᠬᠢᠨᠠᠨ ᠬᠠᠮᠢᠶᠠᠷᠴᠤ ᠪᠦᠬᠦᠢ ︵ ᠬᠠᠷᠢᠶ᠎ᠠ ︶ ᠠᠵᠤ ᠠᠬᠤᠶᠢᠯᠠᠯ ᠤᠨ ᠳᠡᠭᠡᠭᠰᠢ ᠲᠤᠰᠢᠶᠠᠭᠰᠠᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠷᠤᠯᠭ᠎ᠠ ᠶᠢᠨ ᠪᠠᠶᠢᠳᠠᠯ ᠢ ᠨᠢ ᠰᠢᠯᠭᠠᠨ ᠬᠢᠨᠠᠬᠤ ᠬᠦᠢᠴᠡᠳᠬᠡᠯ ᠲᠤᠭ᠎ᠠ ᠶᠢ ᠲᠣᠭᠲᠠᠭᠠᠬᠤ ᠶᠢᠨ ᠬᠠᠮᠲᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠵᠡᠩᠨᠡᠯᠲᠡ ᠶᠢᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠬᠤ ᠬᠡᠷᠡᠭᠲᠡᠶ᠃

  ᠭᠤᠴᠢᠨ ᠭᠤᠷᠪᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠳ᠋ᠦᠩ ᠢ ᠲᠥᠰᠦᠪ ᠤᠨ ᠬᠠᠮᠢᠶᠠᠷᠤᠯᠲᠠ ᠶᠢ ᠨᠢ ᠴᠢᠩᠭᠠᠳᠬᠠᠬᠤ ᠪᠠ ᠬᠤᠶᠢᠰᠢᠳᠠ ᠶᠢᠨ ᠣᠨ ᠤ ᠲᠥᠰᠦᠪ ᠤᠨ ᠵᠠᠷᠤᠯᠭ᠎ᠠ ᠶᠢ ᠨᠢ ᠲᠣᠬᠢᠷᠠᠭᠤᠯᠬᠤ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃


  ᠨᠠᠢᠮᠠᠳᠤᠭᠠᠷ ᠪᠦᠯᠦᠭ    ᠬᠢᠨᠠᠯᠲᠠ ᠲᠠᠯᠪᠢᠯᠲᠠ


  ᠭᠤᠴᠢᠨ ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠢᠨᠠᠨ ᠪᠤᠳᠤᠬᠤ ᠲᠢᠩᠬᠢᠮ ᠵᠡᠷᠭᠡ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠳᠤ ᠬᠥᠷᠥᠩᠭᠡ ᠶᠢᠨ ᠡᠵᠡᠩᠨᠡᠯᠲᠡ ᠶᠢᠨ ᠲᠥᠰᠦᠪ ᠲᠤ ᠬᠠᠤᠯᠢ ᠶᠣᠰᠣᠭᠠᠷ ᠬᠢᠨᠠᠯᠲᠠ ᠲᠠᠯᠪᠢᠬᠤ ᠬᠡᠷᠡᠭᠲᠡᠶ᠃

  ᠭᠤᠴᠢᠨ ᠲᠠᠪᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠠ ᠬᠤᠯᠪᠣᠭᠳᠠᠯ ᠪᠥᠬᠦᠢ ᠤᠯᠤᠰ ᠤᠨ ᠥᠮᠴᠢᠯᠡᠯᠳᠤ ᠬᠥᠷᠥᠩᠭᠡ ᠶᠢᠨ ᠲᠥᠰᠦᠪ ᠤᠨ ᠨᠢᠭᠡᠴᠢ ᠨᠢ ᠲᠦᠰᠦᠪ ︵ ᠲᠦᠢᠰᠦᠪ ᠤᠨ ᠭᠦᠢᠴᠡᠳᠭᠡᠯ ︶ ᠢ ᠢᠯᠡ ᠪᠣᠯᠭᠠᠬᠤ ᠲᠤᠬᠠᠶ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠢ ᠲᠣᠭᠲᠠᠭᠠᠯ ᠶᠣᠰᠣᠭᠠᠷ᠂ ᠤᠯᠤᠰ ᠤᠨ ᠥᠮᠴᠢᠯᠡᠯᠳᠤ ᠬᠥᠷᠥᠩᠭᠡ ᠶᠢᠨ ᠡᠵᠡᠩᠨᠡᠯᠲᠡ ᠶᠢᠨ ᠲᠦᠰᠦᠪ ︵ ᠲᠦᠰᠦᠪ ᠤᠨ ᠭᠦᠢᠴᠡᠳᠭᠡᠯ ︶ ᠢᠶᠠᠨ ᠢᠯᠡ ᠪᠣᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃

  ᠭᠤᠴᠢᠨ ᠵᠢᠷᠭᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠨᠠᠶᠢᠷᠠᠭᠤᠯᠤᠨ ᠵᠣᠬᠢᠶᠠᠬᠤ᠂ ᠭᠦᠢᠴᠡᠳᠬᠡᠬᠦ᠂ ᠲᠣᠬᠢᠷᠠᠭᠤᠯᠬᠤ᠂ ᠲᠥᠰᠦᠪ ᠤᠨ ᠭᠦᠢᠴᠡᠳᠬᠡᠯ ᠬᠢᠬᠦ᠂ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠬᠢᠬᠦ᠂ ᠬᠢᠨᠠᠯᠲᠠ ᠲᠠᠯᠪᠢᠬᠤ ᠵᠡᠷᠭᠡ ᠶᠠᠪᠤᠴᠠ ᠳᠤ ᠲᠤᠰ ᠠᠷᠭ᠎ᠠ ᠶᠢᠨ ᠲᠣᠭᠲᠠᠭᠠᠯ ᠡᠴᠠ ᠵᠦᠷᠢᠴᠡᠭᠰᠡᠳ ᠢ᠂  ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠦᠪ ᠤᠨ ᠬᠠᠤᠯᠢ ︾᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠤᠯᠢ ︾᠂ ︽ ᠡᠳ᠋ ᠤᠨ ᠵᠠᠰᠠᠭ ᠤᠨ ᠬᠠᠤᠯᠢ ᠡᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠭᠡᠵᠦ ᠲᠣᠷᠭᠠᠬᠤ ᠲᠦᠷᠢᠮ ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠰᠢᠢᠳᠪᠦᠷᠢᠯᠡᠬᠦ᠂ ᠲᠣᠷᠭᠠᠬᠤ ᠪᠠ ᠰᠢᠢᠳᠭᠡᠵᠦ᠂ ᠬᠤᠯᠪᠣᠭᠳᠠᠯ ᠪᠥᠬᠦᠶ ᠨᠢᠭᠡᠴᠢ ᠵᠢᠴᠢ ᠬᠠᠮᠢᠶ᠎ᠠ ᠪᠥᠬᠦᠶ ᠬᠥᠮᠦᠰ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃


  ᠶᠢᠰᠦᠳᠦᠭᠡᠷ ᠪᠦᠯᠦᠭ    ᠳᠠᠭᠠᠯᠳᠤᠭᠤᠯᠤᠯ ᠲᠦᠷᠢᠮ


  ᠭᠤᠴᠢᠨ ᠳᠣᠯᠣᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠤᠰ ᠠᠷᠭ᠎ᠠ ᠶᠢ ᠦᠨᠳᠦᠰᠦᠯᠡᠨ ᠬᠠᠮᠢᠶ᠎ᠠ ᠪᠥᠬᠦᠢ ᠲᠥᠬᠦᠷ ᠲᠥᠷᠥ ᠶᠢᠨ ᠪᠤᠳᠤᠯᠭ᠎ᠠ ᠶᠢ ᠲᠣᠭᠲᠠᠭᠠᠬᠤ ᠪᠠ ᠲᠡᠭᠦᠯᠳᠡᠷᠵᠢᠭᠦᠯᠦᠨ᠎ᠡ᠃

  ᠭᠤᠴᠢᠨ ᠨᠠᠢᠮᠠᠳᠤᠭᠠᠷ ᠵᠦᠢᠯ   ᠡᠯ᠎ᠡ ᠠᠶᠢᠮᠠᠭ ᠬᠤᠳᠠ᠂ ᠬᠤᠰᠢᠭᠤ ᠰᠢᠶᠠᠨ ︵ ᠬᠤᠳᠠ᠂ ᠲᠣᠭᠤᠷᠢᠭ ︶ ᠨᠢ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃

  ᠭᠤᠴᠢ ᠶᠢᠰᠦᠳᠦᠭᠡᠷ ᠵᠦᠢᠯ    ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠡᠴᠠ ᠡᠬᠢᠯᠡᠵᠦ ᠬᠡᠷᠡᠭᠵᠢᠭᠦᠯᠦᠨ᠎ᠡ᠃︽ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠷᠣᠯᠭ᠎ᠠ ᠶᠢ ᠬᠤᠷᠢᠶᠠᠬᠤ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠮᠡᠳᠡᠭᠳᠡᠯ ︾ ︵ ᠥᠪᠥᠷ ᠵᠠᠰᠠᠭ ᠠᠯᠪᠠᠨ ᠲᠠᠷᠬᠠᠭᠠᠭᠰᠠᠨ 〔 2014〕  78 ᠳ᠋ᠤᠭᠠᠷ ᠲᠣᠭᠠᠲᠤ ︶᠂ ︽︿ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ ᠶᠢᠨ ᠬᠠᠮᠢᠶᠠᠷᠤᠯᠲᠠ ᠶᠢᠨ ᠠᠷᠭ᠎ᠠ ﹀ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ︵ ᠥᠪᠥᠷ ᠵᠠᠰᠠᠭ ᠠᠯᠪᠠᠨ ᠲᠠᠷᠬᠠᠭᠠᠭᠰᠠᠨ 〔 2016 〕 198 ᠳ᠋ᠤᠭᠠᠷ ᠲᠣᠭᠠᠲᠤ ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃



ᠭᠠᠷ ᠤᠲᠠᠰᠤ ᠪᠠᠷ ᠦᠵᠡᠬᠦ