ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠶᠢᠨ ᠬᠠᠮᠢᠶᠠᠷᠤᠯᠲᠠ ᠶᠢᠨ ᠠᠷᠭ᠎᠎ᠠ

  ᠨᠢᠭᠡᠳᠦᠭᠡᠷ ᠵᠦᠢᠯ   ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ᠭᠠᠯ ᠤᠨ ᠠᠶᠤᠯ ᠢ ᠡᠰᠡᠷᠭᠦᠴᠡᠨ ᠬᠤᠷᠢᠬᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠤᠰᠠᠳᠠ᠂︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠰᠡᠷᠬᠡᠢᠢᠯᠡᠵᠤ ᠤᠨᠲᠠᠷᠠᠭᠠᠬᠤ ᠬᠠᠤᠯᠢ ︾᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠬᠡᠢᠢᠯᠡᠵᠤ ᠤᠨᠲᠠᠷᠠᠭᠠᠬᠤ ᠳᠦᠷᠢᠮ ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃

  ᠬᠤᠶᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠣᠲᠣᠷᠠᠬᠢ ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠶᠢ ᠪᠠᠶᠢᠭᠤᠯᠬᠤ᠂ ᠬᠡᠷᠡᠭᠯᠡᠬᠦ᠂ ᠠᠷᠠᠴᠢᠯᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠳᠤ ᠲᠤᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃

  ᠭᠤᠷᠪᠠᠳᠤᠭᠠᠷ ᠵᠦᠢᠯ    ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠶᠢᠨ ᠬᠠᠮᠢᠶᠠᠷᠤᠯᠲᠠ ᠶᠢᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠳᠤᠮᠳᠠᠳᠤ ᠵᠢᠨ ᠦᠨᠳᠦᠰᠦᠲᠡᠨ ᠤ ᠬᠠᠮᠲᠤ ᠶᠢᠨ ᠴᠣᠭᠴᠠ ᠵᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠬᠡᠷᠡᠭᠲᠡᠶ᠃

  ᠳᠥᠷᠪᠡᠳᠦᠭᠡᠷ ᠵᠦᠢᠯ    ᠲᠤᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠳᠤ ᠭᠠᠯ ᠰᠡᠷᠬᠡᠢᠢᠯᠡᠵᠤ ᠤᠨᠲᠠᠷᠠᠭᠠᠬᠤ ᠥᠷᠲᠡᠭᠡ᠂ ᠭᠠᠯ ᠤᠨᠲᠠᠷᠠᠭᠠᠬᠤ ᠳᠤ ᠤᠰᠤ ᠬᠠᠩᠭᠠᠬᠤ ᠪᠡᠯᠡᠳᠬᠡᠮᠵᠢ᠂ ᠭᠠᠯ ᠤᠨᠲᠠᠷᠠᠭᠠᠬᠤ ᠴᠢᠮᠡᠭᠡ ᠬᠤᠯᠪᠣᠭᠠᠨ ᠤ ᠪᠡᠯᠡᠳᠬᠡᠮᠵᠢ᠂ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ᠂ ᠭᠠᠯ ᠤᠨᠲᠠᠷᠠᠭᠠᠬᠤ ᠪᠣᠯᠪᠠᠰᠤᠷᠠᠯ ᠤᠨ ᠰᠠᠭᠤᠷᠢᠨ ᠭᠠᠵᠠᠷ᠂ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ ᠨᠥᠭᠡᠴᠡᠯᠡᠬᠦ ᠰᠠᠭᠤᠷᠢᠨ ᠭᠠᠵᠠᠷ ᠵᠡᠷᠭᠡ ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠠᠮᠤᠷ ᠲᠦᠪᠰᠢᠨ ᠢ ᠪᠠᠲᠤᠯᠠᠬᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠠᠭᠤᠷᠢ ᠪᠡᠯᠡᠳᠬᠡᠮᠵᠢ ᠪᠠᠭᠲᠠᠨ᠎ᠠ᠃

  ᠲᠠᠪᠤᠳᠤᠭᠠᠷ ᠵᠦᠢᠯ    ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠳᠣᠲᠣᠷᠠᠬᠢ ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠶᠢᠨ ᠬᠠᠮᠢᠶᠠᠷᠤᠯᠲᠠ ᠶᠢᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠨ᠂ ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠤᠰ ᠱᠠᠲᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠪᠠᠨ ᠣᠷᠣᠭᠤᠯᠵᠤ᠂ ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠶᠢᠨ ᠬᠠᠮᠢᠶᠠᠷᠤᠯᠲᠠ ᠶᠢᠨ ᠠᠵᠢᠯ ᠳᠤᠮᠳᠠᠬᠢ ᠴᠢᠬᠤᠯᠠ ᠶᠡᠭᠡ ᠠᠰᠠᠭᠤᠳᠠᠯ ᠤᠳ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃

  ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠵᠠᠰᠠᠭ ᠤᠨ ᠣᠷᠳᠣᠨ ᠡᠴᠠ ᠲᠥᠯᠥᠪᠵᠢᠭᠦᠯᠵᠦ ᠪᠥᠲᠥᠭᠡᠨ ᠪᠠᠶᠢᠭᠤᠯᠤᠭᠰᠠᠨ ᠣᠯᠠᠨ ᠨᠡᠶᠢᠲᠡ ᠵᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠵᠢᠨ ᠪᠥᠲᠥᠭᠡᠨ ᠪᠠᠢᠢᠭᠤᠯᠬᠤ ᠪᠠ ᠠᠷᠠᠴᠢᠯᠠᠬᠤ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠪᠠᠨ ᠣᠷᠣᠭᠤᠯᠵᠤ᠂ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢᠨ ᠬᠡᠪᠴᠢᠶᠡᠨ ᠳ᠋ᠤ ᠬᠠᠷᠢᠶᠠᠯᠠᠭᠳᠠᠪᠠᠯ᠂ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠶᠢᠨ ᠲᠥᠯᠥᠪᠯᠡᠭᠡ ᠳ᠋ᠤ ᠪᠠᠨ ᠣᠷᠣᠭᠤᠯᠬᠤ ᠬᠡᠷᠡᠭᠲᠡᠶ᠃

  ᠵᠢᠷᠭᠤᠳᠤᠭᠠᠷ ᠵᠦᠢᠯ     ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠳᠣᠲᠣᠭᠠᠳᠤ ᠶᠢ ᠬᠠᠮᠠᠭᠠᠯᠠᠬᠤ ᠪᠠᠢᠢᠭᠤᠯᠭ᠎ᠠ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠤ ᠵᠠᠰᠠᠭ ᠵᠠᠬᠢᠷᠭᠠᠨ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠴᠢᠮᠡᠭᠡ ᠬᠤᠯᠪᠣᠭᠠᠨ ᠤ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠢ ᠲᠤᠰ ᠲᠤᠰ ᠤᠨ ᠢᠶᠠᠨ ᠡᠭᠦᠷᠭᠡ ᠬᠠᠷᠢᠭᠤᠴᠠᠯᠭ᠎ᠠ ᠶᠣᠰᠣᠭᠠᠷ ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠤᠳ ᠢ ᠰᠠᠶᠢᠲᠤᠷ ᠬᠢᠬᠦ ᠬᠡᠷᠡᠭᠲᠡᠶ᠃

  ᠳᠣᠯᠣᠳᠤᠭᠠᠷ ᠵᠦᠢᠯ   ᠤᠰᠤ ᠬᠠᠩᠭᠠᠬᠤ᠂ ᠴᠠᠬᠢᠯᠭᠠᠨ ᠬᠠᠩᠭᠠᠬᠤ᠂ ᠴᠢᠮᠡᠭᠡ ᠬᠤᠯᠪᠣᠭ᠎ᠠ ᠵᠡᠷᠭᠡ ᠨᠡᠶᠢᠲᠡ ᠶᠢᠨ ᠬᠡᠷᠡᠭᠯᠡᠭᠡᠨ ᠤ ᠠᠵᠤ ᠠᠬᠤᠶᠢᠯᠠᠯ ᠨᠢ ᠲᠤᠬᠠᠶᠢᠯᠠᠭᠰᠠᠨ ᠠᠵᠢᠯ ᠤᠨ ᠬᠡᠪᠴᠢᠶᠡᠨ ᠳᠤ ᠪᠠᠨ ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠢᠢᠭᠤᠯᠬᠤ ᠪᠠ ᠠᠷᠠᠴᠢᠯᠠᠬᠤ ᠠᠵᠢᠯ ᠢ ᠰᠠᠶᠢᠲᠤᠷ ᠬᠢᠵᠦ᠂ ᠲᠡᠭᠦᠨ ᠤ ᠪᠦᠷᠢᠨ ᠪᠦᠲᠦᠨ ᠪᠥᠭᠡᠳ ᠦᠢᠯᠡᠳᠦᠯ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃

  ᠨᠠᠢᠮᠠᠳᠤᠭᠠᠷ ᠵᠦᠢᠯ    ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠶᠢ ᠬᠤᠲᠠ ᠶᠢᠨ ᠲᠣᠭᠠᠵᠢᠭᠤᠯᠤᠭᠰᠠᠨ ᠬᠠᠮᠢᠶᠠᠷᠤᠯᠲᠠ ᠳᠤ ᠣᠷᠣᠭᠤᠯᠵᠤ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠶᠢᠨ ᠰᠢᠨᠵᠢᠯᠡᠬᠦ ᠤᠬᠠᠭᠠᠨ ᠤ ᠰᠤᠳᠤᠯᠤᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠵᠣᠷᠢᠬᠵᠢᠭᠤᠯᠤᠨ ᠳᠡᠮᠵᠢᠵᠦ᠂ ᠲᠡᠷᠢᠭᠦᠨ ᠤ ᠮᠡᠷᠭᠡᠵᠢᠯ ᠪᠠ ᠦᠢᠯᠡᠳᠬᠦᠨ ᠢ ᠳᠡᠯᠭᠡᠷᠡᠭᠦᠯᠦᠨ ᠬᠡᠷᠡᠭᠯᠡᠵᠦ᠂ ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠶᠢᠨ ᠬᠠᠮᠢᠶᠠᠷᠤᠯᠲᠠ ᠶᠢᠨ ᠠᠵᠢᠯ ᠤᠨ ᠤᠶᠤᠨᠴᠢᠯᠠᠭᠰᠠᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃

  ᠶᠢᠰᠦᠳᠦᠭᠡᠷ ᠵᠦᠢᠯ   ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠳᠤ ᠣᠷᠣᠭᠤᠯᠵᠤ᠂ ᠬᠤᠲᠠ ᠬᠥᠳᠡᠭᠡ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠯᠤᠭ᠎ᠠ ᠵᠡᠷᠭᠡ ᠪᠠᠷ ᠬᠥᠭᠵᠢᠭᠦᠯᠦᠨ᠂ ᠤᠯᠤᠰ ᠤᠨ ᠪᠠᠷᠢᠮᠵᠢᠶ᠎ᠠ ᠳᠤ ᠨᠡᠶᠢᠴᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃

  ᠬᠤᠲᠠ ᠶᠢᠨ ᠶᠠᠪᠤᠳᠠᠯ ᠤᠨ ᠭᠠᠯ ᠤᠨᠲᠠᠷᠠᠭᠠᠭᠤᠯ᠂ ᠭᠠᠯ ᠰᠡᠷᠬᠡᠢᠢᠯᠡᠵᠤ ᠤᠨᠲᠠᠷᠠᠭᠠᠬᠤ ᠤᠰᠤᠨ ᠲᠡᠭᠡᠯᠡᠢ ᠶᠢ ᠬᠤᠲᠠ ᠶᠢᠨ ᠶᠠᠪᠤᠳᠠᠯ ᠤᠨ ᠤᠰᠤ ᠬᠠᠩᠭᠠᠬᠤ ᠬᠤᠭᠤᠯᠠᠢ ᠲᠣᠣᠷ ᠯᠤᠭ᠎ᠠ ᠵᠡᠷᠭᠡ ᠪᠠᠷ ᠲᠥᠯᠥᠪᠵᠢᠭᠦᠯᠵᠦ᠂ ᠵᠡᠷᠭᠡ ᠪᠠᠷ ᠵᠢᠷᠤᠭᠯᠠᠵᠤ᠂ ᠵᠡᠷᠭᠡ ᠪᠠᠷ ᠪᠠᠶᠢᠭᠤᠯᠵᠤ᠂ ᠵᠡᠷᠭᠡ ᠪᠠᠷ ᠬᠡᠷᠡᠭᠯᠡᠬᠦ ᠬᠡᠷᠡᠭᠲᠡᠶ᠃

  ᠠᠷᠪᠠᠳᠤᠭᠠᠷ ᠵᠦᠢᠯ   ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠬᠦᠷᠦᠯᠴᠡᠬᠦ ᠦᠭᠡᠶ ᠪᠤᠶᠤ ᠪᠣᠳᠠᠲᠤ ᠬᠡᠷᠡᠭᠴᠡᠭᠡ ᠳᠤ ᠲᠣᠬᠢᠷᠠᠬᠤ ᠦᠭᠡᠶ ᠪᠣᠯ ᠨᠡᠮᠡᠵᠦ ᠪᠠᠶᠢᠭᠤᠯᠬᠤ᠂ ᠥᠭᠡᠷᠡᠴᠢᠯᠡᠵᠦ ᠪᠠᠶᠢᠭᠤᠯᠬᠤ᠂ ᠲᠥᠬᠦᠷᠵᠢᠭᠦᠯᠬᠦ ᠪᠤᠶᠤ ᠬᠠᠷᠠᠭᠠᠯᠵᠠᠭᠰᠠᠨ ᠮᠡᠷᠭᠡᠵᠢᠯ ᠤᠨ ᠥᠭᠡᠷᠡᠴᠢᠯᠡᠯᠲᠡ ᠬᠢᠬᠦ ᠬᠡᠷᠡᠭᠲᠡᠶ᠃

  ᠠᠷᠪᠠᠨ ᠨᠢᠭᠡᠳᠦᠭᠡᠷ ᠵᠦᠢᠯ   ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠯ ᠰᠡᠷᠬᠡᠢᠢᠯᠡᠵᠤ ᠤᠨᠲᠠᠷᠠᠭᠠᠬᠤ ᠥᠷᠲᠡᠭᠡ ᠪᠠᠢᠢᠭᠤᠯᠤᠨ᠂ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠭᠠᠯ ᠰᠡᠷᠬᠡᠢᠢᠯᠡᠵᠤ ᠤᠨᠲᠠᠷᠠᠭᠠᠬᠤ ᠲᠣᠨᠤᠭ ᠲᠥᠬᠦᠭᠡᠷᠦᠮᠵᠢ ᠪᠠ ᠪᠣᠯᠪᠠᠰᠤᠷᠠᠯ ᠤᠨ ᠪᠡᠯᠡᠳᠬᠡᠮᠵᠢ ᠲᠣᠬᠢᠷᠠᠭᠤᠯᠬᠤ ᠬᠡᠷᠡᠭᠲᠡᠶ᠃

  ᠠᠷᠪᠠᠨ ᠬᠤᠶᠠᠳᠤᠭᠠᠷ ᠵᠦᠢᠯ  ᠬᠤᠳᠠ ᠪᠠ ᠠᠵᠤ ᠦᠢᠯᠡᠰ ᠲᠥᠪᠯᠡᠷᠡᠭᠰᠡᠨ ᠲᠣᠭᠤᠷᠢᠭ ᠨᠢ ᠪᠠᠷᠢᠮᠵᠢᠶ᠎ᠠ ᠶᠣᠰᠣᠭᠠᠷ ᠬᠤᠳᠠ ᠶᠢᠨ ᠶᠠᠪᠤᠳᠠᠯ ᠤᠨ ᠭᠠᠯ ᠤᠨᠲᠠᠷᠠᠭᠠᠭᠤᠯ ᠲᠣᠬᠢᠷᠠᠭᠤᠯᠬᠤ ᠬᠡᠷᠡᠭᠲᠡᠢ᠃

  ᠲᠠᠷᠢᠶᠠᠯᠠᠬᠤ ᠮᠠᠯᠵᠢᠬᠤ ᠣᠷᠣᠨ ᠳᠤ ᠦᠢᠯᠡᠳᠪᠦᠷᠢᠯᠡᠯ ᠠᠮᠢᠳᠤᠷᠠᠯ ᠤᠨ ᠤᠰᠤ ᠬᠠᠩᠭᠠᠬᠤ ᠬᠤᠭᠤᠯᠠᠢ ᠲᠣᠣᠷ ᠲᠣᠬᠢᠷᠠᠭᠤᠯᠤᠭᠰᠠᠨ ᠪᠣᠯ ᠬᠡᠷ ᠤᠨ ᠭᠠᠳᠠᠨᠠᠬᠢ ᠣᠯᠠᠨ ᠨᠡᠶᠢᠲᠡ ᠶᠢᠨ ᠭᠠᠯ ᠤᠨᠲᠠᠷᠠᠭᠠᠭᠤᠯ ᠪᠤᠶᠤ ᠭᠠᠯ ᠰᠡᠷᠬᠡᠢᠢᠯᠡᠵᠤ ᠤᠨᠲᠠᠷᠠᠭᠠᠬᠤ ᠤᠰᠤᠨ ᠲᠡᠬᠡᠯᠡᠢ ᠳᠣᠭᠢᠷᠠᠭᠤᠯᠬᠤ ᠬᠡᠷᠡᠭᠲᠡᠶ︔ ᠦᠢᠯᠡᠳᠪᠦᠷᠢᠯᠡᠯ ᠠᠮᠢᠳᠤᠷᠠᠯ ᠤᠨ ᠤᠰᠤ ᠬᠠᠩᠭᠠᠬᠤ ᠬᠤᠭᠤᠯᠠᠢ ᠲᠣᠣᠷ ᠲᠣᠬᠢᠷᠠᠭᠤᠯᠤᠭᠰᠠᠨ ᠦᠭᠡᠶ ᠪᠣᠯ ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠤᠰᠤᠨ ᠲᠠᠳᠠᠭᠠᠯ ᠪᠠᠶᠢᠭᠤᠯᠬᠤ᠂ ᠮᠠᠰᠢᠨ ᠬᠤᠳᠳᠤᠭ ᠢ ᠥᠭᠡᠷᠡᠴᠢᠯᠡᠬᠦ ᠪᠤᠶᠤ ᠪᠠᠶᠢᠭᠠᠯᠢ ᠶᠢᠨ ᠤᠰᠤᠨ ᠰᠤᠷᠪᠤᠯᠵᠢ ᠶᠢ ᠠᠰᠢᠬᠯᠠᠬᠤ ᠵᠡᠷᠭᠡ ᠠᠷᠭ᠎ᠠ ᠮᠠᠶ᠋ᠢᠭ ᠢᠶᠠᠷ᠂ ᠭᠠᠯ ᠰᠡᠷᠬᠡᠢᠢᠯᠡᠵᠤ ᠤᠨᠲᠠᠷᠠᠭᠠᠬᠤ ᠳᠤ ᠤᠰᠤ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃

  ᠠᠷᠪᠠᠨ ᠭᠤᠷᠪᠠᠳᠤᠭᠠᠷ ᠵᠦᠢᠯ   ᠤᠰᠤ ᠬᠠᠩᠭᠠᠬᠤ ᠬᠤᠭᠤᠯᠠᠢ ᠲᠣᠣᠷ ᠢ ᠪᠥᠳᠥᠭᠡᠨ ᠪᠠᠶᠢᠭᠤᠯᠬᠤ᠂ ᠥᠭᠡᠷᠡᠴᠢᠯᠡᠨ ᠰᠢᠨᠡᠳᠬᠡᠬᠦ ᠳᠤ ᠪᠠᠨ᠂ ᠪᠥᠳᠥᠭᠡᠨ ᠪᠠᠶᠢᠭᠤᠯᠬᠤ ᠨᠢᠭᠡᠴᠢ ᠨᠢ ᠤᠯᠤᠰ ᠤᠨ ᠬᠤᠯᠪᠣᠭᠳᠠᠯ ᠪᠥᠬᠦᠢ ᠪᠠᠷᠢᠮᠵᠢᠶ᠎ᠠ ᠱᠠᠭᠠᠷᠳᠠᠯᠭ᠎ᠠ ᠶᠣᠰᠣᠭᠠᠷ᠂ ᠬᠤᠳᠠ ᠶᠢᠨ ᠶᠠᠪᠤᠳᠠᠯ ᠤᠨ ᠭᠠᠯ ᠤᠨᠲᠠᠷᠠᠭᠠᠭᠤᠯ᠂ ᠭᠠᠯ ᠰᠡᠷᠬᠡᠢᠢᠯᠡᠵᠤ ᠤᠨᠲᠠᠷᠠᠭᠠᠬᠤ ᠤᠰᠤᠨ ᠲᠡᠬᠡᠯᠡᠢ ᠵᠡᠷᠭᠡ ᠭᠠᠯ ᠰᠡᠷᠬᠡᠢᠢᠯᠡᠵᠤ ᠤᠨᠲᠠᠷᠠᠭᠠᠬᠤ ᠳᠤ ᠤᠰᠤ ᠬᠠᠩᠭᠠᠬᠤ ᠪᠡᠯᠡᠳᠬᠡᠮᠵᠢ ᠶᠢ ᠨᠢᠭᠡᠳᠦᠯᠲᠡᠢ ᠪᠠᠶᠢᠭᠤᠯᠬᠤ ᠬᠡᠷᠡᠭᠲᠡᠢ᠃ ᠤᠰᠤ ᠬᠠᠩᠭᠠᠬᠤ ᠬᠤᠭᠤᠯᠠᠢ ᠲᠣᠣᠷ ᠨᠢ ᠭᠠᠯ ᠰᠡᠷᠬᠡᠢᠢᠯᠡᠵᠤ ᠤᠨᠲᠠᠷᠠᠭᠠᠬᠤ ᠶᠢᠨ ᠤᠰᠤ ᠬᠡᠷᠡᠭᠯᠡᠬᠦ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠶ ᠪᠣᠯ᠂  ᠭᠠᠯ ᠰᠡᠷᠬᠡᠢᠢᠯᠡᠵᠤ ᠤᠨᠲᠠᠷᠠᠭᠠᠬᠤ ᠤᠰᠤᠨ ᠲᠠᠳᠠᠭᠠᠯ ᠵᠡᠷᠭᠡ ᠤᠰᠤ ᠬᠠᠳᠠᠭᠠᠯᠠᠬᠤ ᠪᠡᠯᠡᠳᠬᠡᠮᠵᠢ ᠵᠢ ᠥᠬᠡᠷᠡᠴᠢᠯᠡᠨ ᠰᠢᠨᠡᠳᠬᠡᠬᠦ ᠪᠤᠶᠤ ᠪᠠᠶᠢᠭᠤᠯᠬᠤ ᠬᠡᠷᠡᠭᠲᠡᠶ᠃

  ᠠᠷᠪᠠᠨ ᠳᠥᠷᠪᠡᠳᠦᠭᠡᠷ ᠵᠦᠢᠯ   ᠬᠤᠲᠠ ᠶᠢᠨ ᠵᠠᠮ ᠤᠨ ᠥᠷᠭᠡᠨ ᠤ ᠬᠡᠮᠵᠢᠶ᠎ᠡ᠂ ᠮᠤᠷᠤᠢᠢᠬᠤ ᠭᠠᠵᠠᠷ ᠤᠨ ᠷᠠᠳᠢᠦ᠋ᠰ᠂ ᠴᠡᠪᠡᠷ ᠠᠭᠠᠷ ᠦᠨ ᠥᠨᠳᠥᠷ ᠤᠨ ᠬᠡᠮᠵᠢᠶ᠎ᠡ᠂ ᠳᠠᠭᠠᠭᠠᠴᠠ ᠪᠠ ᠲᠡᠷᠭᠡ ᠪᠤᠴᠠᠬᠤ ᠲᠠᠯᠠᠪᠠᠶ ᠵᠡᠷᠭᠡ ᠨᠢ ᠤᠯᠤᠰ ᠤᠨ ᠬᠤᠯᠪᠣᠭᠳᠠᠯ ᠪᠦᠬᠦᠢ ᠪᠠᠷᠢᠮᠵᠢᠶ᠎ᠠ ᠳᠤ ᠨᠡᠶᠢᠴᠡᠵᠦ᠂ ᠭᠠᠯ ᠤᠨᠲᠠᠷᠠᠭᠠᠬᠤ ᠲᠡᠷᠭᠡ ᠨᠡᠪᠲᠡᠷᠡᠬᠦ ᠶᠢ ᠪᠠᠲᠤᠯᠠᠬᠤ ᠬᠡᠷᠡᠭᠲᠡᠶ᠃ ᠵᠠᠮ ᠤᠨ ᠬᠡᠷᠡᠰᠬᠡ ᠵᠡᠷᠭᠡ ᠬᠠᠷᠰᠢ ᠲᠣᠬᠢᠷᠠᠭᠤᠯᠤᠭᠰᠠᠨ ᠵᠠᠮ ᠳᠤ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ ᠢ ᠤᠷᠢᠳᠴᠢᠯᠠᠨ ᠦᠯᠡᠳᠡᠭᠡᠬᠦ ᠬᠡᠷᠡᠭᠲᠡᠶ᠃

  ᠣᠨᠴᠠᠭᠠᠢ ᠬᠡᠷᠡᠭᠴᠡᠭᠡ ᠡᠴᠠ ᠪᠣᠯᠵᠤ ᠥᠨᠳᠥᠷ ᠤᠨ ᠬᠡᠮᠵᠢᠶ᠎ᠡ ᠶᠢ ᠬᠢᠵᠠᠭᠠᠷᠯᠠᠬᠤ᠂ ᠥᠷᠭᠡᠨ ᠤ ᠬᠡᠮᠵᠢᠶ᠎ᠡ ᠶᠢ ᠬᠢᠵᠠᠭᠠᠷᠯᠠᠬᠤ ᠵᠡᠷᠭᠡ ᠭᠠᠯ ᠤᠨᠲᠠᠷᠠᠭᠠᠬᠤ ᠲᠡᠷᠭᠡ ᠶᠢᠨ ᠨᠡᠪᠲᠡᠷᠡᠬᠦ ᠶᠢ ᠨᠥᠯᠥᠭᠡᠯᠡᠵᠦ ᠮᠡᠳᠡᠬᠦ ᠵᠠᠮ ᠤᠨ ᠬᠡᠰᠡᠭ ᠲᠤ᠂ ᠵᠠᠮ ᠢ ᠪᠦᠲᠦᠭᠡᠨ ᠪᠠᠢᠢᠭᠤᠯᠬᠤ ᠪᠠ ᠠᠷᠠᠴᠢᠯᠠᠵᠤ ᠬᠠᠮᠢᠶᠠᠷᠬᠤ ᠨᠢᠭᠡᠴᠢ ᠨᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠭᠠᠯ ᠤᠨᠲᠠᠷᠠᠭᠠᠬᠤ ᠲᠡᠷᠭᠡ ᠶᠢᠨ ᠲᠦᠷᠭᠡᠨ ᠨᠡᠪᠲᠡᠷᠡᠬᠦ ᠶᠢ ᠪᠠᠲᠤᠯᠠᠬᠤ ᠬᠡᠷᠡᠭᠲᠡᠶ᠃

  ᠠᠷᠪᠠᠨ ᠲᠠᠪᠤᠳᠤᠭᠠᠷ ᠵᠦᠢᠯ    ᠬᠤᠳᠠᠯᠳᠤᠭᠠᠨ ᠤ ᠶᠠᠪᠠᠭᠠᠨ ᠵᠡᠭᠡᠯᠢ᠂ ᠭᠡᠷ ᠤᠨ ᠭᠠᠳᠠᠨᠠᠬᠢ ᠴᠤᠭᠯᠠᠭ᠎ᠠ ᠮᠠᠶᠢᠮᠠᠶ ᠶᠢᠨ ᠵᠠᠬ᠎ᠠ ᠵᠡᠷᠭᠡ ᠣᠯᠠᠨ ᠨᠡᠶᠢᠲᠡ ᠶᠢᠨ ᠲᠠᠯᠠᠪᠤᠷ ᠪᠠ ᠣᠷᠣᠨ ᠰᠠᠭᠤᠴᠠ ᠶᠢᠨ ᠲᠣᠭᠤᠷᠢᠭ ᠨᠢ ᠤᠯᠤᠰ ᠤᠨ ᠬᠤᠯᠪᠣᠭᠳᠠᠯ ᠪᠦᠬᠦᠢ ᠪᠠᠷᠢᠮᠵᠢᠶ᠎ᠠ ᠶᠣᠰᠣᠭᠠᠷ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ ᠪᠠᠶᠢᠭᠤᠯᠬᠤ ᠶᠢᠨ ᠬᠠᠮᠲᠤ ᠰᠠᠭᠠᠳ ᠦᠭᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃

  ᠠᠷᠪᠠᠨ ᠵᠢᠷᠭᠤᠳᠤᠭᠠᠷ ᠵᠦᠢᠯ   ᠭᠠᠯ ᠰᠡᠷᠬᠡᠢᠢᠯᠡᠵᠤ ᠤᠨᠲᠠᠷᠠᠭᠠᠬᠤ ᠴᠢᠮᠡᠭᠡ ᠬᠤᠯᠪᠣᠭᠠᠨ ᠤ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠨᠢ ᠤᠯᠤᠰ ᠤᠨ ᠬᠤᠯᠪᠣᠭᠳᠠᠯ ᠪᠦᠬᠦᠢ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃

  ᠭᠠᠯ ᠰᠡᠷᠬᠡᠢᠢᠯᠡᠵᠤ ᠤᠨᠲᠠᠷᠠᠭᠠᠬᠤ ᠠᠵᠢᠯ ᠤᠨ ᠵᠢᠯᠣᠭᠤᠳᠬᠤ ᠲᠥᠪ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠠᠮᠢ ᠠᠬᠤᠢ ᠣᠷᠴᠢᠨ ᠲᠣᠭᠤᠷᠢᠨ᠂ ᠵᠠᠮ ᠬᠠᠷᠢᠯᠴᠠᠭ᠎ᠠ ᠲᠡᠭᠡᠭᠡᠪᠦᠷᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠤᠢ ᠰᠢᠭᠤᠢ ᠪᠠ ᠨᠤᠲᠤᠭ ᠪᠡᠯᠴᠢᠭᠡᠷ᠂ ᠴᠠᠭ ᠠᠭᠤᠷ᠂ ᠲᠡᠮᠦᠷ ᠵᠠᠮ᠂ ᠠᠷᠠᠳ ᠤᠨ ᠠᠭᠠᠷ ᠠᠶᠠᠯᠠᠯ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠢ ᠬᠠᠩᠭᠠᠬᠤ᠂ ᠡᠮᠴᠢᠯᠡᠭᠡᠨ ᠤ ᠲᠦᠷᠭᠡᠨ ᠠᠪᠤᠷᠠᠯᠳᠠ ᠬᠢᠬᠦ ᠵᠡᠷᠭᠡ ᠰᠠᠯᠠᠭ᠎ᠠ ᠮᠥᠴᠢᠷ ᠪᠠ ᠨᠢᠭᠡᠴᠢ ᠯᠦᠭᠡ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠣᠬᠢᠷᠠᠭᠤᠯᠤᠯᠲᠠ ᠶᠢᠨ ᠴᠢᠮᠡᠭᠡ ᠬᠤᠯᠪᠣᠭᠠᠨ ᠤ ᠲᠤᠰᠬᠠᠢ ᠱᠤᠭᠤᠮ ᠭᠠᠷᠭᠠᠬᠤ ᠬᠡᠷᠡᠭᠲᠡᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠬᠠᠮᠵᠢᠯᠴᠠᠬᠤ ᠬᠡᠷᠡᠭᠲᠡᠢ᠃

  ᠠᠷᠪᠠᠨ ᠳᠣᠯᠣᠳᠤᠭᠠᠷ ᠵᠦᠢᠯ   ᠴᠢᠮᠡᠭᠡ ᠬᠤᠯᠪᠣᠭᠠᠨ ᠤ ᠠᠵᠢᠯᠯᠠᠬᠤ ᠨᠢᠭᠡᠴᠢ ᠨᠢ ᠭᠠᠯ ᠰᠡᠷᠬᠡᠢᠢᠯᠡᠵᠤ ᠤᠨᠲᠠᠷᠠᠭᠠᠬᠤ ᠴᠢᠮᠡᠭᠡ ᠬᠤᠯᠪᠣᠭᠠᠨ ᠤ ᠲᠤᠰᠬᠠᠶ ᠬᠡᠷᠡᠭᠯᠡᠬᠦ ᠱᠤᠭᠤᠮ ᠢ ᠪᠦᠲᠦᠭᠡᠨ ᠪᠠᠢᠢᠭᠤᠯᠬᠤ ᠪᠠ ᠠᠷᠠᠴᠢᠯᠠᠵᠤ ᠬᠠᠮᠠᠭᠠᠯᠠᠬᠤ ᠶᠢ ᠬᠠᠷᠢᠭᠤᠴᠠᠵᠤ᠂ ᠭᠠᠯ ᠰᠡᠷᠬᠡᠢᠢᠯᠡᠵᠤ ᠤᠨᠲᠠᠷᠠᠭᠠᠬᠤ ᠴᠢᠮᠡᠭᠡ ᠬᠤᠯᠪᠣᠭᠠᠨ ᠤ ᠰᠠᠭᠠᠳ ᠦᠭᠡᠶ ᠨᠡᠪᠲᠡᠷᠡᠬᠦ ᠶᠢ ᠦᠨᠡᠨ ᠬᠦ ᠪᠠᠲᠤᠯᠠᠵᠤ᠂ ᠭᠠᠯ ᠰᠡᠷᠬᠡᠢᠢᠯᠡᠵᠤ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠳᠤ ᠬᠠᠮᠢᠶ᠎ᠠ ᠪᠦᠬᠦᠢ ᠮᠡᠷᠭᠡᠵᠢᠯ ᠤᠨ ᠦᠢᠯᠡᠴᠢᠯᠡᠭᠡ ᠬᠠᠩᠭᠠᠬᠤ ᠬᠡᠷᠡᠭᠲᠡᠶ᠃

  ᠷᠠᠳᠢᠤ᠋ ᠵᠢᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠭᠠᠯ ᠰᠡᠷᠬᠡᠢᠢᠯᠡᠵᠤ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠬᠡᠷᠡᠭᠯᠡᠬᠦ ᠳᠠᠪᠲᠠᠮᠵᠢ ᠵᠢᠨ ᠬᠡᠷᠡᠭᠴᠡᠭᠡ ᠶᠢ ᠪᠠᠲᠤᠯᠠᠵᠤ᠂ ᠭᠠᠯ ᠰᠡᠷᠬᠡᠢᠢᠯᠡᠵᠤ ᠤᠨᠲᠠᠷᠠᠭᠠᠬᠤ ᠷᠠᠳᠢᠣ᠋ ᠬᠤᠯᠪᠣᠭᠠᠨ ᠤ ᠳᠠᠪᠲᠠᠮᠵᠢ ᠶᠢ ᠬᠢᠨᠠᠨ ᠰᠢᠨᠵᠢᠵᠦ ᠬᠠᠮᠠᠭᠠᠯᠠᠬᠤ ᠪᠠᠨ ᠴᠢᠩᠭᠠᠳᠬᠠᠨ᠂ ᠭᠠᠯ ᠰᠡᠷᠬᠡᠢᠢᠯᠡᠵᠤ ᠤᠨᠲᠠᠷᠠᠭᠠᠬᠤ ᠳᠠᠪᠲᠠᠮᠵᠢ ᠶᠢᠨ ᠬᠤᠳᠬᠤᠷᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃

  ᠠᠷᠪᠠᠨ ᠨᠠᠢᠮᠠᠳᠤᠭᠠᠷ ᠵᠦᠢᠯ    ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠶᠢ ᠪᠦᠲᠦᠭᠡᠨ ᠪᠠᠢᠢᠭᠤᠯᠬᠤ ᠪᠠ ᠠᠷᠠᠴᠢᠯᠠᠵᠤ ᠬᠠᠮᠢᠶᠠᠷᠬᠤ ᠨᠢᠭᠡᠴᠢ ᠨᠢ ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠳᠤ ᠢᠯᠡ ᠦᠵᠡᠭᠳᠡᠬᠦ ᠭᠠᠯ ᠰᠡᠷᠬᠡᠢᠢᠯᠡᠵᠤ ᠤᠨᠲᠠᠷᠠᠭᠠᠬᠤ ᠠᠮᠤᠷ ᠲᠦᠪᠰᠢᠨ ᠤ ᠲᠡᠮᠳᠡᠭ ᠲᠠᠯᠪᠢᠬᠤ ᠬᠡᠷᠡᠭᠲᠡᠶ᠃

  ᠠᠷᠪᠠ ᠶᠢᠰᠦᠳᠦᠭᠡᠷ ᠵᠦᠢᠯ    ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠶᠢ ᠡᠪᠳᠡᠬᠦ᠂ ᠰᠢᠯᠵᠢᠭᠦᠯᠵᠦ ᠬᠡᠷᠡᠭᠯᠡᠬᠦ ᠪᠤᠶᠤ ᠳᠤᠷ᠎ᠠ ᠪᠠᠷ ᠡᠪᠳᠡᠯᠡᠵᠦ ᠬᠠᠶᠠᠬᠤ᠂ ᠬᠡᠷᠡᠭᠯᠡᠬᠦ ᠶᠢ ᠨᠢ ᠵᠣᠭᠰᠣᠭᠠᠵᠤ ᠪᠣᠯᠬᠤ ᠦᠭᠡᠶ᠂ ᠭᠠᠯ ᠤᠨᠲᠠᠷᠠᠭᠠᠭᠤᠯ᠂ ᠭᠠᠯ ᠰᠡᠷᠬᠡᠢᠢᠯᠡᠵᠤ ᠤᠨᠲᠠᠷᠠᠭᠠᠬᠤ ᠤᠰᠤᠨ ᠲᠡᠬᠡᠯᠡᠢ ᠶᠢ ᠳᠠᠷᠤᠵᠤ ᠪᠤᠯᠠᠬᠤ᠂ ᠬᠦᠷᠢᠶᠡᠯᠡᠨ ᠡᠵᠡᠯᠡᠬᠦ᠂ ᠬᠠᠯᠬᠠᠯᠠᠬᠤ ᠪᠤᠶᠤ ᠭᠠᠯ ᠰᠡᠷᠭᠡᠶᠢᠯᠡᠬᠦ ᠣᠷᠣᠨ ᠵᠠᠶ ᠶᠢ ᠡᠵᠡᠯᠡᠵᠦ ᠪᠣᠯᠬᠤ ᠦᠭᠡᠶ᠂ ᠲᠠᠷᠬᠠᠭᠠᠬᠤ ᠵᠠᠮ᠂ ᠠᠮᠤᠷ ᠲᠦᠪᠰᠢᠨ ᠭᠠᠷᠴᠠ᠂ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ ᠢ ᠡᠵᠡᠯᠡᠵᠦ᠂ ᠪᠥᠭᠯᠡᠵᠦ᠂ ᠪᠢᠲᠡᠭᠦᠮᠵᠢᠯᠡᠵᠦ ᠪᠣᠯᠬᠤ ᠦᠭᠡᠶ᠂ ᠭᠠᠯ ᠰᠡᠷᠬᠡᠢᠢᠯᠡᠵᠤ ᠤᠨᠲᠠᠷᠠᠭᠠᠬᠤ ᠴᠢᠮᠡᠭᠡ ᠬᠤᠯᠪᠣᠭ᠎ᠠ ᠶᠢ ᠬᠠᠷᠰᠢᠯᠠᠵᠤ ᠪᠣᠯᠬᠤ ᠦᠭᠡᠶ᠃

  ᠵᠠᠮ ᠵᠠᠰᠠᠬᠤ᠂ ᠤᠰᠤ ᠬᠠᠩᠭᠠᠬᠤ ᠬᠤᠭᠤᠯᠠᠢ ᠲᠣᠣᠷ ᠢ ᠥᠭᠡᠷᠡᠴᠢᠯᠡᠬᠦ ᠰᠢᠨᠡᠳᠬᠡᠬᠦ ᠵᠢᠴᠢ ᠴᠢᠮᠡᠭᠡ ᠬᠤᠯᠪᠣᠭ᠎ᠠ᠂ ᠴᠠᠬᠢᠯᠭᠠᠨ ᠬᠠᠩᠭᠠᠬᠤ ᠤᠲᠠᠰᠤ ᠱᠤᠭᠤᠮ ᠢ ᠰᠡᠯᠪᠢᠨ ᠵᠠᠰᠠᠬᠤ ᠵᠡᠷᠭᠡ ᠡᠴᠠ ᠪᠤᠯᠵᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ ᠨᠥᠯᠥᠭᠡᠯᠡᠵᠦ ᠮᠡᠳᠡᠬᠦ ᠳᠤ ᠬᠥᠷᠪᠡᠯ᠂ ᠬᠤᠯᠪᠣᠭᠳᠠᠯ ᠪᠦᠬᠦᠢ ᠨᠢᠭᠡᠴᠢ ᠨᠢ 24 ᠴᠠᠭ ᠤᠨ ᠡᠮᠦᠨ᠎ᠡ ᠲᠤᠬᠠᠢ ᠶᠢᠨ ᠭᠠᠵᠠᠷ ᠤᠨ ᠭᠠᠯ ᠰᠡᠷᠬᠡᠢᠢᠯᠡᠵᠤ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠳᠤ ᠮᠡᠳᠡᠭᠳᠡᠬᠦ ᠶᠢᠨ ᠬᠠᠮᠲᠤ ᠪᠠᠴᠢᠮ ᠪᠠᠶᠢᠳᠠᠯ ᠢ ᠠᠷᠭᠠᠴᠠᠭᠠᠬᠤ ᠬᠠᠷᠠᠭᠠᠯᠵᠠᠭᠰᠠᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃

  ᠬᠤᠷᠢᠳᠤᠭᠠᠷ ᠵᠦᠢᠯ   ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠶᠢ ᠠᠷᠠᠴᠢᠯᠠᠵᠤ ᠬᠠᠮᠢᠶᠠᠷᠬᠤ ᠨᠢᠭᠡᠴᠢ ᠨᠢ ᠳᠣᠲᠣᠭᠠᠳᠤ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠢᠢᠯᠠᠨ᠂ ᠬᠠᠷᠢᠭᠤᠴᠠᠯᠭᠠᠲᠠᠨ ᠢᠶᠠᠨ ᠲᠣᠭᠲᠠᠭᠠᠵᠤ᠂ ᠣᠯᠠᠨ ᠨᠡᠶᠢᠲᠡ ᠶᠢᠨ ᠭᠠᠯ ᠤᠨᠲᠠᠷᠠᠭᠠᠬᠤ ᠪᠡᠯᠡᠳᠬᠡᠮᠵᠢ ᠶᠢᠨ ᠪᠦᠷᠢᠨ ᠪᠦᠲᠦᠨ ᠪᠥᠭᠡᠳ ᠦᠢᠯᠡᠳᠦᠯ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃

  ᠬᠤᠷᠢᠨ ᠨᠢᠭᠡᠳᠦᠭᠡᠷ ᠵᠦᠢᠯ   ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠳ ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠶᠢ ᠭᠠᠯ ᠰᠡᠷᠬᠡᠢᠢᠯᠡᠵᠤ ᠤᠨᠲᠠᠷᠠᠭᠠᠬᠤ ᠠᠮᠤᠷ ᠲᠦᠪᠰᠢᠨ ᠤ ᠲᠤᠤᠷᠴᠢᠯᠠᠭᠰᠠᠨ ᠬᠠᠮᠢᠶᠠᠷᠤᠯᠲᠠ ᠶᠢᠨ ᠬᠡᠪᠴᠢᠶᠡᠨ ᠳᠤ ᠪᠠᠨ ᠣᠷᠣᠭᠤᠯᠵᠤ᠂ ᠲᠤᠰ ᠬᠠᠷᠢᠶ᠎ᠠ ᠣᠷᠣᠨ ᠤ ᠪᠠᠨ ᠳᠣᠲᠣᠷᠠᠬᠢ ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠡᠪᠳᠡᠭᠳᠡᠭᠰᠡᠨ ᠢ ᠣᠯᠵᠤ ᠮᠡᠳᠡᠪᠡᠯ᠂ ᠠᠷᠠᠴᠢᠯᠠᠵᠤ ᠬᠠᠮᠢᠶᠠᠷᠬᠤ ᠨᠢᠭᠡᠴᠢ ᠳᠤ ᠮᠡᠳᠡᠭᠳᠡᠨ ᠵᠠᠰᠠᠭᠤᠯᠬᠤ ᠬᠡᠷᠡᠭᠲᠡᠶ᠃

  ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠨᠢ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠢ ᠬᠠᠮᠵᠢᠨ᠂ ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠶᠢ ᠠᠷᠠᠴᠢᠯᠠᠵᠤ ᠬᠠᠮᠢᠶᠠᠷᠬᠤ ᠵᠡᠷᠭᠡ ᠬᠠᠮᠢᠶ᠎ᠠ ᠪᠥᠬᠦᠶ ᠠᠵᠢᠯ ᠢ ᠰᠠᠶᠢᠲᠤᠷ ᠬᠢᠵᠦ᠂ ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠶᠢ ᠬᠠᠮᠠᠭᠠᠯᠠᠬᠤ ᠶᠢ ᠭᠠᠯ ᠡᠴᠠ ᠰᠡᠷᠭᠡᠶᠢᠯᠡᠬᠦ ᠠᠮᠤᠷ ᠲᠦᠪᠰᠢᠨ ᠤ ᠨᠡᠶᠢᠲᠡ ᠶᠢᠨ ᠭᠡᠷ᠎ᠡ ᠳᠤ ᠣᠷᠣᠭᠤᠯᠬᠤ ᠬᠡᠷᠡᠭᠲᠡᠶ᠃

  ᠬᠤᠷᠢᠨ ᠬᠤᠶᠠᠳᠤᠭᠠᠷ ᠵᠦᠢᠯ    ᠤᠰᠤ ᠬᠠᠩᠭᠠᠬᠤ ᠨᠢᠭᠡᠴᠢ ᠨᠢ ᠬᠤᠲᠠ ᠵᠢᠨ ᠶᠠᠪᠤᠳᠠᠯ ᠤᠨ ᠭᠠᠯ ᠤᠨᠲᠠᠷᠠᠭᠠᠭᠤᠯ᠂ ᠭᠠᠯ ᠰᠡᠷᠬᠡᠢᠢᠯᠡᠵᠤ ᠤᠨᠲᠠᠷᠠᠭᠠᠬᠤ ᠤᠰᠤᠨ ᠲᠡᠬᠡᠯᠡᠢ ᠵᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠪᠠ ᠠᠷᠠᠴᠢᠯᠠᠵᠤ᠂ ᠠᠵᠢᠯᠯᠠᠭᠠᠨ ᠢ ᠠᠷᠠᠴᠢᠯᠠᠭᠰᠠᠨ ᠲᠡᠮᠳᠡᠭᠯᠡᠯ ᠪᠠᠶᠢᠭᠤᠯᠬᠤ ᠬᠡᠷᠡᠭᠲᠡᠶ᠃ ᠭᠠᠯ ᠤᠨ ᠠᠶᠤᠯ ᠭᠠᠷᠤᠭᠰᠠᠨ ᠲᠤᠬᠠᠶ ᠵᠢᠨ ᠭᠠᠵᠠᠷ ᠲᠤ ᠲᠦᠷ ᠴᠠᠭ ᠳᠠᠷᠤᠯᠲᠠ ᠥᠭᠴᠦ ᠤᠰᠤ ᠬᠠᠩᠭᠠᠬᠤ ᠴᠢᠬᠤᠯᠠ ᠲᠠᠢ ᠪᠣᠯ ᠬᠠᠮᠵᠢᠯᠴᠠᠬᠤ ᠬᠡᠷᠡᠭᠲᠡᠶ᠃

  ᠨᠢᠭᠡᠴᠢ ᠶᠢᠨ ᠥᠪᠡᠷ ᠢᠶᠠᠨ ᠪᠡᠯᠡ ᠣᠷᠣᠭᠤᠯᠵᠤ ᠪᠦᠲᠦᠭᠡᠨ ᠪᠠᠶᠢᠭᠤᠯᠤᠭᠰᠠᠨ ᠭᠠᠯ ᠰᠡᠷᠬᠡᠢᠢᠯᠡᠵᠤ ᠤᠨᠲᠠᠷᠠᠭᠠᠬᠤ ᠤᠰᠤ ᠬᠠᠩᠭᠠᠬᠤ ᠪᠡᠯᠡᠳᠬᠡᠮᠵᠢ ᠶᠢ ᠪᠠᠷᠢᠭᠤᠯᠤᠭᠰᠠᠨ ᠨᠢᠭᠡᠴᠢ ᠪᠤᠶᠤ ᠬᠡᠷᠡᠭᠯᠡᠵᠦ ᠪᠠᠢᠢᠭ᠎ᠠ ᠨᠢᠭᠡᠴᠢ ᠡᠴᠠ ᠬᠠᠷᠢᠭᠤᠴᠠᠨ ᠠᠷᠠᠴᠢᠯᠠᠨ᠎ᠠ᠃

  ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠥᠪᠡᠷ ᠢᠶᠠᠨ ᠪᠠᠶᠢᠭᠤᠯᠤᠭᠰᠠᠨ ᠭᠠᠯ ᠰᠡᠷᠬᠡᠢᠢᠯᠡᠵᠤ ᠤᠨᠲᠠᠷᠠᠭᠠᠬᠤ ᠤᠰᠤ ᠬᠠᠩᠭᠠᠬᠤ ᠪᠡᠯᠡᠳᠬᠡᠮᠵᠢ ᠶᠢ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠡᠴᠠ ᠬᠠᠷᠢᠭᠤᠴᠠᠨ ᠠᠷᠠᠴᠢᠯᠠᠨ᠎ᠠ᠃

  ᠭᠠᠯ ᠰᠡᠷᠬᠡᠢᠢᠯᠡᠵᠤ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠨᠢ ᠭᠠᠯ ᠰᠡᠷᠬᠡᠢᠢᠯᠡᠵᠤ ᠤᠨᠲᠠᠷᠠᠭᠠᠬᠤ ᠤᠰᠤ ᠬᠠᠩᠭᠠᠬᠤ ᠪᠡᠯᠡᠳᠬᠡᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠲᠤᠷᠰᠢᠨ ᠰᠢᠯᠭᠠᠵᠤ᠂ ᠰᠠᠭᠠᠳ ᠭᠡᠮ ᠢ ᠨᠢ ᠣᠯᠵᠤ ᠮᠡᠳᠡᠪᠡᠯ ᠴᠠᠭ ᠲᠤᠬᠠᠢ ᠳᠤ ᠨᠢ ᠬᠤᠯᠪᠣᠭᠳᠠᠯ ᠪᠦᠬᠦᠢ ᠨᠢᠭᠡᠴᠢ ᠳᠤ ᠮᠡᠳᠡᠭᠳᠡᠨ ᠠᠷᠢᠯᠭᠠᠬᠤ ᠬᠡᠷᠡᠭᠲᠡᠶ᠃

  ᠬᠤᠷᠢᠨ ᠭᠤᠷᠪᠠᠳᠤᠭᠠᠷ ᠵᠦᠢᠯ   ᠤᠰᠤ ᠬᠠᠩᠭᠠᠬᠤ ᠨᠢᠭᠡᠴᠢ ᠨᠢ ᠤᠰᠤ ᠬᠠᠩᠭᠠᠬᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠠ ᠭᠠᠯ ᠰᠡᠷᠬᠡᠢᠢᠯᠡᠵᠤ ᠤᠨᠲᠠᠷᠠᠭᠠᠵᠤ ᠠᠪᠤᠷᠠᠨ ᠲᠤᠰᠠᠯᠠᠬᠤ ᠪᠠᠶᠢᠭᠤᠯᠤᠮᠵᠢ ᠳᠤ ᠬᠤᠲᠠ ᠶᠢᠨ ᠶᠠᠪᠤᠳᠠᠯ ᠤᠨ ᠭᠠᠯ ᠤᠨᠲᠠᠷᠠᠭᠠᠭᠤᠯ ᠪᠠ ᠭᠠᠯ ᠰᠡᠷᠬᠡᠢᠢᠯᠡᠵᠤ ᠤᠨᠲᠠᠷᠠᠭᠠᠬᠤ ᠤᠰᠤᠨ ᠲᠡᠬᠡᠯᠡᠢ ᠪᠠᠢᠢᠷᠢᠯᠠᠭᠤᠯᠤᠭᠰᠠᠨ ᠭᠠᠵᠠᠷ᠂ ᠲᠦᠷᠦᠯ ᠬᠡᠯᠪᠡᠷᠢ᠂ ᠲᠤᠭ᠎ᠠ ᠬᠡᠮᠵᠢᠶ᠎ᠡ᠂ ᠲᠠᠷᠬᠠᠯᠲᠠ ᠶᠢᠨ ᠵᠢᠷᠤᠭ ᠪᠠ ᠪᠠᠷᠢᠮᠵᠢᠶ᠎ᠠ᠂ ᠤᠰᠤ ᠬᠠᠩᠭᠠᠬᠤ ᠬᠤᠭᠤᠯᠠᠢ ᠶᠢᠨ ᠳ᠋ᠢᠶᠠᠮᠧᠲ᠋ᠷ᠂ ᠳᠠᠷᠤᠯᠲᠠ ᠵᠡᠷᠭᠡ ᠮᠠᠲ᠋ᠧᠷᠢᠶᠠᠯ ᠢ ᠬᠠᠩᠭᠠᠬᠤ ᠶᠢᠨ ᠬᠠᠮᠲᠤ ᠵᠢᠯ ᠪᠦᠷᠢ ᠨᠢᠭᠡ ᠤᠳᠠᠭ᠎ᠠ ᠰᠢᠨᠡᠳᠬᠡᠬᠦ ᠬᠡᠷᠡᠭᠲᠡᠢ᠃

  ᠬᠤᠷᠢᠨ ᠳᠥᠷᠪᠡᠳᠦᠭᠡᠷ ᠵᠦᠢᠯ   ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠨᠢᠭᠡᠴᠢ ᠨᠢ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ ᠤᠨ ᠡᠵᠡᠯᠡᠵᠦ ᠬᠡᠷᠡᠭᠯᠡᠭᠳᠡᠬᠦ ᠦᠭᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠂ ᠲᠡᠷᠭᠡ ᠵᠣᠭᠰᠣᠭᠠᠵᠤ ᠵᠠᠮ ᠡᠵᠡᠯᠡᠭᠡᠳ ᠭᠠᠯ ᠤᠨᠲᠠᠷᠠᠭᠠᠬᠤ ᠲᠡᠷᠭᠡ ᠨᠡᠪᠲᠡᠷᠡᠬᠦ ᠶᠢ ᠬᠠᠷᠰᠢᠯᠠᠵᠤ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠢ ᠳᠤ ᠨᠢ ᠨᠡᠪᠲᠡᠷᠡᠭᠦᠯᠬᠦ ᠪᠤᠶᠤ ᠳᠣᠲᠣᠭᠠᠳᠤ ᠶᠢ ᠬᠠᠮᠠᠭᠠᠯᠠᠬᠤ ᠪᠠᠢᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠢ ᠬᠠᠪᠰᠤᠷᠤᠨ ᠵᠠᠮ ᠢ ᠨᠡᠪᠲᠡᠷᠡᠭᠦᠯᠬᠦ ᠬᠡᠷᠡᠭᠲᠡᠶ᠃

  ᠬᠤᠷᠢᠨ ᠲᠠᠪᠤᠳᠤᠭᠠᠷ ᠵᠦᠢᠯ   ᠣᠷᠣᠨ ᠰᠠᠭᠤᠴᠠ ᠶᠢᠨ ᠠᠳᠠᠯ ᠠᠬᠤᠢ ᠶᠢᠨ ᠦᠢᠯᠡᠴᠢᠯᠡᠭᠴᠢ ᠨᠢ ᠬᠠᠮᠢᠶᠠᠷᠤᠯᠲᠠ ᠶᠢᠨ ᠣᠷᠣᠨ ᠪᠦᠰᠡ ᠳᠠᠬᠢ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ ᠢ ᠪᠠᠶᠢᠩᠭᠤ ᠲᠣᠭᠤᠷᠢᠨ ᠪᠠᠢᠢᠴᠠᠭᠠᠵᠤ᠂ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ ᠢ ᠡᠵᠡᠯᠡᠵᠦ ᠬᠡᠷᠡᠭᠯᠡᠭᠰᠡᠨ ᠢ ᠣᠯᠵᠤ ᠮᠡᠳᠡᠪᠡᠯ᠂ ᠢᠳᠬᠠᠵᠤ᠂ ᠬᠤᠷᠢᠬᠯᠠᠬᠤ ᠬᠡᠷᠡᠭᠲᠡᠢ︔ ᠢᠳᠬᠠᠵᠤ᠂ ᠬᠤᠷᠢᠬᠯᠠᠭᠠᠳ ᠦᠢᠯᠡᠳᠦᠯ ᠭᠠᠷᠬᠤ ᠦᠭᠡᠢ ᠪᠣᠯ ᠴᠠᠭ ᠲᠤᠬᠠᠢ ᠳᠤ ᠨᠢ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃

  ᠣᠷᠣᠨ ᠰᠠᠭᠤᠴᠠ ᠶᠢᠨ ᠠᠳᠠᠯ ᠠᠬᠤᠶ ᠶᠢ ᠥᠮᠴᠢᠲᠡᠨ ᠥᠪᠡᠷᠲᠡᠭᠡᠨ ᠬᠠᠮᠢᠶᠠᠷᠴᠤ ᠪᠠᠶᠢᠪᠠᠯ᠂ ᠥᠮᠴᠢᠲᠡᠨ ᠤ ᠬᠤᠷᠠᠯ᠂ ᠥᠮᠴᠢᠲᠡᠨ ᠤ ᠵᠥᠪᠯᠡᠯ ᠨᠢ ᠡᠮᠦᠨᠡᠬᠢ ᠵᠤᠷᠪᠤᠰ ᠤᠨ ᠲᠣᠭᠲᠠᠭᠠᠯ ᠢᠶᠠᠷ ᠯᠠᠪᠯᠠᠯᠲᠠ ᠪᠣᠯᠭᠠᠨ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ ᠢ ᠠᠷᠠᠴᠢᠯᠠᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠶ︔ ᠣᠷᠣᠨ ᠰᠠᠭᠤᠴᠠ ᠶᠢᠨ ᠠᠳᠠᠯ ᠠᠬᠤᠶ ᠶᠢᠨ ᠬᠠᠮᠢᠶᠠᠷᠤᠯᠲᠠ ᠶᠢᠨ ᠭᠤᠤᠯ ᠴᠣᠭᠴᠠ ᠪᠠᠶᠢᠬᠤ ᠥᠬᠡᠶ ᠪᠣᠯ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ᠂ ᠠᠳᠠᠯ ᠠᠬᠤᠶ ᠶᠢᠨ ᠬᠡᠷᠡᠭᠯᠡᠭᠴᠢ ᠶᠢᠨ ᠬᠠᠤᠯᠢ ᠶᠣᠰᠣᠭᠠᠷ ᠵᠣᠬᠢᠶᠠᠨ ᠪᠠᠶᠢᠭᠤᠯᠤᠭᠰᠠᠨ ᠠᠳᠠᠯ ᠠᠬᠤᠶ ᠶᠢᠨ ᠬᠠᠮᠢᠶᠠᠷᠤᠯᠲᠠ ᠶᠢᠨ ᠵᠥᠪᠯᠡᠯ ᠨᠢ ᠡᠮᠦᠨᠡᠬᠢ ᠵᠤᠷᠪᠤᠰ ᠤᠨ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ ᠢ ᠠᠷᠠᠴᠢᠯᠠᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠃

  ᠬᠤᠷᠢᠨ ᠵᠢᠷᠭᠤᠳᠤᠭᠠᠷ ᠵᠦᠢᠯ    ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠭᠠᠯ ᠰᠡᠷᠬᠡᠢᠢᠯᠡᠵᠤ ᠤᠨᠲᠠᠷᠠᠭᠠᠬᠤ ᠠᠵᠢᠯ ᠢ ᠰᠢᠯᠭᠠᠨ ᠬᠢᠨᠠᠵᠤ ᠦᠨᠡᠯᠡᠬᠦ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ ᠢ ᠡᠳᠦᠷ ᠲᠤᠲᠤᠮ ᠤᠨ ᠬᠢᠨᠠᠨ ᠪᠠᠶᠢᠴᠠᠭᠠᠬᠤ ᠪᠠ ᠭᠠᠯ ᠰᠡᠷᠬᠡᠢᠢᠯᠡᠵᠤ ᠤᠨᠲᠠᠷᠠᠭᠠᠬᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠭᠤᠯᠭ᠎ᠠ ᠳᠤ ᠣᠷᠣᠭᠤᠯᠬᠤ ᠬᠡᠷᠡᠭᠲᠡᠶ᠃

  ᠬᠤᠷᠢᠨ ᠳᠣᠯᠣᠳᠤᠭᠠᠷ ᠵᠦᠢᠯ    ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠶᠢ ᠡᠪᠳᠡᠬᠦ ᠦᠢᠯᠡ ᠠᠵᠢᠯᠯᠠᠭ᠎ᠠ ᠶᠢ ᠬᠤᠷᠢᠬᠯᠠᠬᠤ ᠪᠤᠶᠤ ᠭᠠᠯ ᠰᠡᠷᠬᠡᠢᠢᠯᠡᠵᠤ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠵᠠᠭᠠᠯᠳᠤᠬᠤ᠂ ᠢᠯᠡᠴᠢᠯᠡᠨ ᠮᠡᠳᠡᠭᠦᠯᠬᠦ ᠡᠷᠬᠡ ᠲᠠᠢ᠃ ᠭᠠᠯ ᠰᠡᠷᠬᠡᠢᠢᠯᠡᠵᠤ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠵᠠᠭᠠᠯᠳᠤᠯᠭ᠎ᠠ᠂ ᠢᠯᠡᠴᠢᠯᠡᠵᠦ ᠮᠡᠳᠡᠭᠦᠯᠬᠦ ᠶᠢ ᠬᠦᠯᠢᠶᠡᠨ ᠠᠪᠤᠭᠰᠠᠨ ᠤ ᠳᠠᠷᠠᠭ᠎ᠠ ᠴᠠᠭ ᠲᠤᠬᠠᠶ ᠳᠤ ᠨᠢ ᠰᠢᠢᠳᠪᠦᠷᠢᠯᠡᠬᠦ ᠬᠡᠷᠡᠭᠲᠡᠶ᠃

  ᠬᠤᠷᠢᠨ ᠨᠠᠢᠮᠠᠳᠤᠭᠠᠷ ᠵᠦᠢᠯ    ᠲᠤᠰ ᠠᠷᠭ᠎ᠠ ᠶᠢᠨ ᠲᠣᠭᠲᠠᠭᠠᠯ ᠡᠴᠠ ᠵᠥᠷᠢᠴᠡᠭᠰᠡᠨ ᠦᠢᠯᠡ ᠠᠵᠢᠯᠯᠠᠭ᠎ᠠ ᠳᠤ᠂ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠰᠡᠷᠬᠡᠢᠢᠯᠡᠵᠤ ᠤᠨᠲᠠᠷᠠᠭᠠᠬᠤ ᠬᠠᠤᠯᠢ ︾᠂︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠬᠡᠢᠢᠯᠡᠵᠤ ᠤᠨᠲᠠᠷᠠᠭᠠᠬᠤ ᠳᠦᠷᠢᠮ ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠪᠣᠳᠠᠲᠠᠶ ᠰᠢᠢᠳᠬᠡᠵᠦ ᠲᠣᠷᠭᠠᠬᠤ ᠲᠣᠭᠲᠠᠭᠠᠯ ᠭᠠᠷᠭᠠᠭᠰᠠᠨ ᠪᠣᠯ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠦᠨ᠎ᠡ᠃

  ᠬᠤᠷᠢ ᠶᠢᠰᠦᠳᠦᠭᠡᠷ ᠵᠦᠢᠯ   ᠣᠯᠠᠨ ᠨᠡᠶᠢᠲᠡ ᠶᠢᠨ ᠭᠠᠯ ᠰᠡᠷᠬᠡᠢᠢᠯᠡᠵᠤ ᠤᠨᠲᠠᠷᠠᠭᠠᠬᠤ ᠪᠡᠯᠡᠳᠬᠡᠮᠵᠢ ᠶᠢᠨ ᠪᠦᠲᠦᠭᠡᠨ ᠪᠠᠢᠢᠭᠤᠯᠬᠤ᠂ ᠬᠡᠷᠡᠭᠯᠡᠬᠦ᠂ ᠠᠷᠠᠴᠢᠯᠠᠬᠤ ᠪᠠ ᠬᠢᠨᠠᠨ ᠬᠠᠮᠢᠶᠠᠷᠬᠤ ᠠᠵᠢᠯ ᠤᠨ ᠳᠤᠮᠳᠠ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠬᠤᠪᠢ ᠶᠢᠨ ᠨᠠᠶᠢᠷ ᠲᠠᠯ᠎ᠠ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠠᠢᠢᠪᠠᠯ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭᠠᠲᠠᠨ ᠳᠤ ᠬᠠᠤᠯᠢ ᠶᠣᠰᠣᠭᠠᠷ ᠰᠢᠢᠳᠬᠡᠯ ᠣᠯᠭᠤᠨ᠎ᠠ︔ ᠶᠠᠯ᠎ᠠ ᠳᠤ ᠬᠥᠷᠥᠭᠰᠡᠨ ᠪᠠᠢᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃

  ᠭᠤᠴᠢᠳᠤᠭᠠᠷ ᠵᠦᠢᠯ    ᠲᠣᠰ ᠠᠷᠭ᠎ᠠ ᠶᠢ 2024 ᠣᠨ ᠤ 6 ᠳ᠋ᠤᠭᠠᠷ ᠰᠠᠷ᠎ᠠ ᠶᠢᠨ 1 ᠤ ᠡᠳᠦᠷ ᠡᠴᠠ ᠡᠬᠢᠯᠡᠵᠦ ᠬᠡᠷᠡᠭᠵᠢᠭᠦᠯᠦᠨ᠎ᠡ᠃



ᠭᠠᠷ ᠤᠲᠠᠰᠤ ᠪᠠᠷ ᠦᠵᠡᠬᠦ