2024 ᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠤᠶᠢᠮᠠᠷ ᠢ ᠰᠡᠷᠭᠡᠶᠢᠯᠡᠨ ᠤᠨᠲᠠᠷᠠᠭᠠᠬᠤ ᠲᠤᠬᠠᠶ ᠵᠠᠷᠯᠢᠭ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

  ᠣᠢ ᠰᠢᠭᠤᠢ ᠨᠤᠲᠤᠭ ᠪᠡᠯᠴᠢᠭᠡᠷ ᠤᠨ ᠭᠠᠯ ᠲᠤᠶᠢᠮᠠᠷ ᠢ ᠰᠡᠷᠭᠡᠶᠢᠯᠡᠨ ᠤᠨᠲᠠᠷᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠤᠰᠠᠳᠠ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠳᠣᠤᠷᠠᠬᠢ ᠮᠡᠲᠦ ᠵᠠᠷᠯᠢᠭ ᠢ ᠨᠡᠶᠢᠲᠡᠯᠡᠪᠡ᠄


  ᠨᠢᠭᠡ᠂ ᠭᠠᠯ ᠰᠡᠷᠭᠡᠶᠢᠯᠡᠬᠦ ᠬᠤᠭᠤᠴᠠᠭ᠎᠎ᠠ ᠪᠠ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭ᠎᠎ᠠ ᠪᠠᠨ ᠲᠣᠳᠣᠷᠬᠠᠶᠢᠯᠠᠬᠤ ᠬᠡᠷᠡᠭᠲᠡᠢ

  ᠪᠥᠬᠦ ᠣᠷᠣᠨ ᠤ ᠰᠢᠯᠢ ᠶᠢᠨ ᠭᠤᠤᠯ ᠠᠶᠢᠮᠠᠭ ᠡᠴᠠ ᠵᠡᠭᠦᠨᠰᠢᠬᠢ ᠭᠠᠵᠠᠷ ᠣᠷᠣᠨ ᠤ ᠭᠠᠯ ᠰᠡᠷᠭᠡᠶᠢᠯᠡᠬᠦ ᠬᠤᠭᠤᠴᠠᠭ᠎ᠠ ᠪᠣᠯ ᠬᠠᠪᠤᠷ ᠤᠨ ᠤᠯᠠᠷᠢᠯ ᠤᠨ 3 ᠳ᠋ᠤᠭᠠᠷ ᠰᠠᠷ᠎ᠠ ᠶᠢᠨ 15 ᠤ ᠡᠳᠦᠷ ᠡᠴᠠ 6 ᠳ᠋ᠤᠭᠠᠷ ᠰᠠᠷ᠎ᠠ ᠶᠢᠨ 15 ᠤ ᠡᠳᠦᠷ᠂ ᠨᠠᠮᠤᠷ ᠤᠨ ᠤᠯᠠᠷᠢᠯ ᠤᠨ 9 ᠳ᠋ᠤᠭᠡᠷ ᠰᠠᠷ᠎ᠠ ᠶᠢᠨ 15 ᠤ ᠡᠳᠦᠷ ᠡᠴᠠ 11 ᠳ᠋ᠤᠭᠡᠷ ᠰᠠᠷ᠎ᠠ ᠶᠢᠨ 15 ᠤ ᠡᠳᠦᠷ ᠪᠣᠯᠣᠨ᠎ᠠ᠂ ᠤᠯᠠᠭᠠᠨᠴᠠᠪ ᠬᠤᠲᠠ ᠡᠴᠠ ᠪᠠᠷᠠᠭᠤᠨᠰᠢᠬᠢ ᠭᠠᠵᠠᠷ ᠣᠷᠣᠨ ᠤ ᠭᠠᠯ ᠰᠡᠷᠭᠡᠶᠢᠯᠡᠬᠦ ᠬᠤᠭᠤᠴᠠᠭ᠎ᠠ ᠪᠣᠯ ᠲᠣᠰ ᠵᠢᠯ ᠤᠨ 9 ᠳ᠋ᠤᠭᠡᠷ ᠰᠠᠷ᠎ᠠ ᠶᠢᠨ 15 ᠤ ᠡᠳᠦᠷ ᠡᠴᠠ ᠢᠷᠡᠬᠦ ᠵᠢᠯ ᠤᠨ 6 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂ ᠡᠭᠦᠨ ᠳᠤ᠂ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠤ ᠭᠠᠯ ᠰᠡᠷᠭᠡᠶᠢᠯᠡᠬᠦ ᠬᠤᠭᠤᠴᠠᠭ᠎ᠠ ᠪᠣᠯ 3 ᠳ᠋ᠤᠭᠠᠷ ᠰᠠᠷ᠎ᠠ ᠶᠢᠨ 15 ᠤ ᠡᠳᠦᠷ ᠡᠴᠠ 11 ᠳ᠋ᠤᠭᠡᠷ ᠰᠠᠷ᠎ᠠ ᠶᠢᠨ 15 ᠤ ᠡᠳᠦᠷ ᠪᠣᠯᠣᠨ᠎ᠠ᠃ ᠪᠥᠬᠦ ᠣᠷᠣᠨ ᠤ ᠭᠠᠯ ᠰᠡᠷᠭᠡᠶᠢᠯᠡᠨ ᠤᠨᠲᠠᠷᠠᠭᠠᠬᠤ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ ᠪᠣᠯ ᠬᠠᠪᠤᠷ ᠤᠨ ᠤᠯᠠᠷᠢᠯ ᠤᠨ 4 ᠳ᠋ᠤᠭᠡᠷ ᠰᠠᠷ᠎ᠠ ᠶᠢᠨ 1 ᠤ ᠡᠳᠦᠷ ᠡᠴᠠ 5 ᠳ᠋ᠤᠭᠠᠷ ᠰᠠᠷ᠎ᠠ ᠶᠢᠨ 31 ᠤ ᠡᠳᠦᠷ᠂ ᠨᠠᠮᠤᠷ ᠤᠨ ᠤᠯᠠᠷᠢᠯ ᠤᠨ 10 ᠳ᠋ᠤᠭᠠᠷ ᠰᠠᠷ᠎ᠠ ᠶᠢᠨ 1 ᠤ ᠡᠳᠦᠷ ᠡᠴᠠ 10 ᠳ᠋ᠤᠭᠠᠷ ᠰᠠᠷ᠎ᠠ ᠶᠢᠨ 31 ᠤ ᠡᠳᠦᠷ ᠪᠣᠯᠣᠨ᠎ᠠ᠃ ᠡᠯ᠎ᠡ ᠭᠠᠵᠠᠷ ᠣᠷᠣᠨ ᠨᠢ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠤᠰ ᠭᠠᠵᠠᠷ ᠣᠷᠣᠨ ᠤ ᠪᠠᠨ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ ᠶᠢ ᠤᠷᠢᠳᠴᠢᠯᠠᠭᠤᠯᠬᠤ ᠪᠤᠶᠤ ᠬᠤᠶᠢᠰᠢᠯᠠᠭᠤᠯᠵᠤ ᠪᠣᠯᠤᠨ᠎ᠠ᠃ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ ᠬᠢᠵᠠᠭᠠᠷ ᠪᠠ ᠣᠷᠣᠨ ᠪᠦᠰᠡ ᠶᠢ ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠡᠴᠠ ᠬᠤᠪᠢᠶᠠᠷᠢᠯᠠᠨ ᠲᠣᠭᠲᠠᠭᠠᠵᠤ᠂ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠲᠤᠶᠢᠮᠠᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠲᠤ ᠳᠠᠩᠰᠠᠯᠠᠭᠤᠯᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃


  ᠬᠤᠶᠠᠷ᠂ ᠭᠠᠯ ᠲᠤᠶᠢᠮᠠᠷ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎᠎ᠠ ᠪᠠᠨ ᠪᠣᠳᠠᠲᠠᠶᠢᠵᠢᠭᠤᠯᠤᠨ ᠴᠢᠩᠭᠠᠳᠬᠠᠬᠤ ᠬᠡᠷᠡᠭᠲᠡᠢ

  ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠣᠶ ᠰᠢᠭᠤᠶ ᠨᠤᠲᠤᠭ ᠪᠡᠯᠴᠢᠭᠡᠷ ᠤᠨ ᠭᠠᠯ ᠲᠤᠶᠢᠮᠠᠷ ᠢ ᠰᠡᠷᠭᠡᠶᠢᠯᠡᠨ ᠤᠨᠲᠠᠷᠠᠭᠠᠬᠤ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠨᠢᠭᠡᠴᠢ᠂ ᠬᠤᠪᠢ ᠬᠥᠮᠦᠨ ᠤ ︽ ᠳᠥᠷᠪᠡᠨ ᠲᠠᠯ᠎ᠠ ︾ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠤᠨ ᠴᠢᠩᠭᠠᠳᠬᠠᠵᠤ᠂ ᠬᠠᠷᠢᠭᠤᠴᠠᠯᠭ᠎ᠠ ᠶᠢᠨ ᠣᠷᠣᠨ ᠢ ᠬᠤᠪᠢᠶᠠᠷᠢᠯᠠᠨ ᠲᠣᠭᠲᠠᠭᠠᠵᠤ᠂ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠨ᠂ ᠨᠢᠭᠲᠠ ᠴᠢᠩᠭ᠎ᠠ ᠲᠣᠣᠷᠵᠢᠭᠤᠯᠤᠭᠰᠠᠨ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠠᠶᠢᠭᠤᠯᠬᠤ ᠬᠡᠷᠡᠭᠲᠡᠶ᠃ ᠡᠯ᠎ᠡ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠤᠶᠢᠮᠠᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠢ ᠨᠢ ᠥᠪᠡᠷ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ ᠠᠵᠢᠯᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠤᠶᠢᠮᠠᠷ ᠢ ᠰᠡᠷᠭᠡᠶᠢᠯᠡᠨ ᠤᠨᠲᠠᠷᠠᠭᠠᠬᠤ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠬᠦ ᠬᠡᠷᠡᠭᠲᠡᠶ᠃


  ᠭᠤᠷᠪᠠ᠂ ᠤᠬᠠᠭᠤᠯᠭ᠎᠎ᠠ ᠬᠦᠮᠦᠵᠢᠯ ᠢᠶᠠᠨ ᠭᠦᠨᠵᠡᠭᠡᠶᠢᠷᠡᠭᠦᠯᠬᠦ ᠬᠡᠷᠡᠭᠲᠡᠢ

  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠨᠢ ᠣᠯᠠᠨ ᠵᠦᠢᠯ ᠤᠨ ᠬᠡᠯᠪᠡᠷᠢ ᠮᠠᠶ᠋ᠢᠭ ᠢ ᠠᠪᠴᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠤᠶᠢᠮᠠᠷ ᠢ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠣᠯᠠᠨ ᠨᠡᠶᠢᠲᠡ ᠶᠢᠨ ᠬᠠᠷᠢᠭᠤᠴᠠᠯᠭᠠᠲᠤ ᠦᠵᠡᠯ ᠤᠬᠠᠮᠰᠠᠷ᠂ ᠠᠮᠤᠷ ᠲᠦᠪᠰᠢᠨ ᠤ ᠦᠵᠡᠯ ᠤᠬᠠᠮᠰᠠᠷ ᠪᠠ ᠬᠠᠤᠯᠢᠵᠢᠯ ᠤᠨ ᠦᠵᠡᠯ ᠤᠬᠠᠮᠰᠠᠷ ᠢ ᠴᠢᠩᠭᠠᠷᠠᠭᠤᠯᠤᠨ᠂ ᠣᠯᠠᠨ ᠨᠡᠶᠢᠲᠡ ᠶᠢᠨ ᠤᠷᠢᠳᠴᠢᠯᠠᠨ ᠰᠡᠷᠭᠡᠶᠢᠯᠡᠬᠦ᠂ ᠠᠶᠤᠯ ᠡᠴᠠ ᠵᠠᠶᠢᠯᠠᠬᠤ᠂ ᠥᠪᠡᠷ ᠢ ᠪᠠᠨ ᠪᠠ ᠥᠷᠥᠭᠡᠯ ᠬᠤᠭᠤᠷᠣᠨᠳᠤ ᠪᠠᠨ ᠬᠠᠷᠢᠯᠴᠠᠨ ᠠᠪᠤᠷᠠᠬᠤ ᠵᠢᠴᠢ ᠭᠠᠮᠰᠢᠭ ᠢ ᠪᠠᠭᠠᠰᠬᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠶ᠃


  ᠳᠥᠷᠪᠡ᠂ ᠭᠠᠯ ᠲᠤᠶᠢᠮᠠᠷ ᠤᠨ ᠠᠶᠤᠯ ᠢ ᠰᠡᠷᠡᠮᠵᠢᠯᠡᠨ ᠰᠡᠷᠭᠡᠶᠢᠯᠡᠬᠦ ᠠᠵᠢᠯ ᠢ ᠴᠢᠩᠭᠠᠷᠠᠭᠤᠯᠬᠤ ᠬᠡᠷᠡᠭᠲᠡᠢ

  ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠬᠡᠷᠡᠭ ᠶᠠᠪᠤᠳᠠᠯ ᠡᠴᠠ ᠡᠮᠦᠨ᠎ᠡ ᠢᠯᠡᠭᠦᠦ ᠬᠦᠴᠦ ᠲᠠᠯᠪᠢᠨ᠂ ᠵᠠᠩᠭᠢᠯᠠᠭ᠎ᠠ ᠶᠢᠨ ᠠᠵᠢᠯ ᠢᠶᠠᠨ ᠤᠷᠢᠳᠴᠢᠯᠠᠨ ᠭᠦᠢᠴᠡᠳᠭᠡᠵᠦ᠂ ᠭᠤᠤᠯᠳᠠᠯᠭ᠎ᠠ ᠶᠢ ᠦᠨᠳᠦᠰᠦᠨ ᠱᠠᠲᠤᠨ ᠳᠤ ᠴᠢᠭᠯᠡᠭᠦᠯᠬᠦ ᠶᠢ ᠠᠬᠢᠭᠤᠯᠵᠤ᠂ ᠲᠤᠰᠠᠭᠠᠷᠯᠠᠬᠤ ᠪᠦᠰᠡ ᠶᠢᠨ ᠪᠥᠲᠥᠭᠡᠨ ᠪᠠᠶᠢᠭᠤᠯᠬᠤ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠣᠶ ᠶᠢᠨ ᠬᠤᠷᠮᠣᠶ ᠶᠢᠨ ᠰᠢᠲᠠᠮᠠᠬᠠᠶ ᠪᠣᠳᠠᠰ ᠢ ᠠᠷᠢᠯᠭᠠᠬᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠪᠠᠨ ᠴᠢᠩᠭᠠᠳᠬᠠᠨ᠂ ᠭᠠᠯ ᠲᠤᠶᠢᠮᠠᠷ ᠤᠨ ᠠᠶᠤᠯ ᠤᠨ ᠭᠡᠮ ᠰᠣᠭᠤᠭ ᠢ ᠬᠥᠳᠡᠯᠦᠩᠭᠦᠶ ᠪᠠᠷ ᠠᠷᠢᠯᠭᠠᠬᠤ ᠠᠵᠢᠯᠯᠠᠭᠠᠨ ᠢ ᠪᠠᠶᠢᠩᠭᠤᠵᠢᠭᠤᠯᠤᠨ ᠥᠷᠨᠢᠭᠦᠯᠵᠦ᠂ ᠲᠠᠷᠢᠶᠠᠯᠠᠩ ᠤᠨ ᠠᠳᠠᠯ ᠣᠶ ᠰᠢᠭᠤᠶ ᠶᠢᠨ ᠠᠳᠠᠯ ᠡᠷᠬᠢᠯᠡᠬᠦ᠂ ᠪᠠᠷᠢᠯᠭ᠎ᠠ ᠶᠢᠨ ᠠᠵᠢᠯ ᠬᠢᠬᠦ᠂ ᠦᠢᠯᠡᠳᠪᠦᠷᠢᠯᠡᠵᠦ ᠲᠡᠭᠡᠭᠡᠪᠦᠷᠢᠯᠡᠬᠦ᠂ ᠵᠤᠭᠠᠴᠠᠨ ᠨᠠᠭᠠᠳᠴᠤ ᠲᠠᠬᠢᠯᠭ᠎ᠠ ᠬᠢᠬᠦ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠴᠢᠩᠭ᠎ᠠ ᠬᠠᠮᠢᠶᠠᠷᠴᠤ᠂ ︽ ᠵᠥᠪᠰᠢᠶᠡᠷᠡᠬᠦ ᠪᠠ ᠬᠤᠷᠢᠬᠯᠠᠬᠤ ᠶᠢ ᠤᠶᠠᠯᠳᠤᠭᠤᠯᠵᠤ ︾ ᠡᠬᠢ ᠡᠭᠦᠰᠦᠯ ᠡᠴᠠ ᠨᠢ ᠬᠠᠮᠢᠶᠠᠷᠤᠨ ᠡᠵᠡᠮᠳᠡᠬᠦ ᠶᠢ ᠰᠠᠶᠢᠲᠤᠷ ᠠᠳᠬᠤᠬᠤ ᠬᠡᠷᠡᠭᠲᠡᠶ᠃

  ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭᠠᠨ ᠳᠤ᠂ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠣᠷᠣᠨ ᠳᠤ ᠳᠣᠤᠷᠠᠬᠢ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠄

  ︵ ᠨᠢᠭᠡ ︶ ᠬᠡᠭᠡᠷ᠎ᠡ ᠭᠠᠳᠠᠨ᠎ᠠ ᠲᠠᠮᠠᠬᠢ ᠲᠠᠲᠠᠬᠤ᠂ ᠬᠡᠭᠡᠷ᠎ᠡ ᠭᠠᠳᠠᠭ᠎ᠠ ᠬᠤᠭᠤᠯᠠᠯᠠᠬᠤ᠂ ᠴᠠᠭᠠᠰᠤ ᠰᠢᠲᠠᠭᠠᠬᠤ᠂ ᠬᠦᠵᠢ ᠠᠰᠠᠭᠠᠬᠤ᠂ ᠫᠤᠤᠵᠢᠩ ᠲᠠᠯᠪᠢᠬᠤ᠂ ᠭᠠᠯ ᠨᠣᠴᠣᠭᠠᠵᠤ ᠳᠤᠯᠠᠭᠠᠯᠠᠬᠤ᠂ ᠬᠤᠭ ᠨᠣᠪᠰᠢ ᠰᠢᠲᠠᠭᠠᠬᠤ ᠵᠡᠷᠭᠡ ᠦᠢᠯᠡᠳᠪᠦᠷᠢᠯᠡᠯ ᠤᠨ ᠪᠤᠰᠤ ᠬᠡᠷᠡᠭᠴᠡᠭᠡᠨ ᠳᠤ ᠭᠠᠯ ᠬᠡᠷᠡᠭᠯᠡᠬᠦ ᠪᠠ ᠠᠲᠠᠷ ᠰᠢᠲᠠᠭᠠᠬᠤ᠂ ᠡᠰᠢ ᠰᠦᠷᠡᠯ ᠰᠢᠲᠠᠭᠠᠬᠤ ᠵᠡᠷᠭᠡ ᠲᠠᠷᠢᠶᠠᠯᠠᠩ ᠤᠨ ᠠᠳᠠᠯ ᠳᠤ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃

  ︵ ᠬᠤᠶᠠᠷ ︶ ᠬᠡᠭᠡᠷ᠎ᠡ ᠭᠠᠳᠠᠨᠠᠬᠢ ᠦᠢᠯᠡᠳᠪᠦᠷᠢᠯᠡᠯ ᠳᠤ ᠭᠠᠯ ᠬᠡᠷᠡᠭᠯᠡᠬᠦ ᠳᠤ ᠪᠠᠨ ᠡᠷᠬᠡᠪᠰᠢ ᠲᠤᠬᠠᠶ ᠶᠢᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠴᠢᠯᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠡᠳ᠂ ᠴᠠᠭ ᠢᠶᠠᠨ ᠲᠣᠭᠲᠠᠭᠰᠠᠨ᠂ ᠭᠠᠵᠠᠷ ᠢᠶᠠᠨ ᠲᠣᠭᠲᠠᠭᠰᠠᠨ᠂ ᠬᠠᠷᠢᠭᠤᠴᠠᠯᠭᠠᠲᠠᠨ ᠢᠶᠠᠨ ᠲᠣᠳᠣᠷᠬᠠᠶᠢᠯᠠᠭᠰᠠᠨ᠂ ᠰᠡᠷᠭᠡᠶᠢᠯᠡᠵᠦ ᠠᠪᠤᠷᠠᠬᠤ ᠪᠡᠯᠡᠳᠬᠡᠯ ᠢᠶᠠᠨ ᠰᠠᠶᠢᠲᠤᠷ ᠬᠢᠭᠰᠡᠨ ᠤᠷᠢᠲᠠᠯ ᠳᠣᠤᠷ᠎ᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠶ᠃

  ︵ ᠭᠤᠷᠪᠠ ︶ ᠵᠠᠬᠢᠷᠤᠨ ᠬᠠᠮᠢᠶᠠᠷᠬᠤ ᠣᠷᠣᠨ ᠪᠦᠰᠡ ᠳᠤ ᠣᠷᠣᠬᠤ ᠬᠥᠮᠦᠨ ᠬᠠᠷ᠎ᠠ ᠲᠡᠷᠭᠡ ᠬᠥᠰᠬᠡ ᠶᠢᠨ ᠭᠠᠯ ᠤᠨ ᠴᠤᠭ ᠪᠤᠶᠤ ᠨᠣᠴᠣᠮᠠᠲᠠᠭᠠᠶ ᠳᠡᠯᠪᠡᠷᠡᠮᠡᠲᠡᠭᠡᠶ ᠡᠳ᠋ ᠪᠣᠳᠠᠰ ᠠᠪᠴᠤ ᠣᠷᠣᠬᠤ ᠶᠢ ᠴᠢᠩᠭ᠎ᠠ ᠴᠠᠭᠠᠵᠠᠯᠠᠵᠤ᠂ ᠴᠢᠬᠤᠯᠠ ᠲᠠᠢ ᠦᠶ᠎ᠡ ᠳᠤ ︽ ᠭᠠᠯ ᠰᠡᠷᠭᠡᠶᠢᠯᠡᠬᠦ ᠪᠦᠲᠡᠭᠡᠯᠭᠡ ︾ ᠨᠡᠮᠡᠨ ᠤᠭᠰᠠᠷᠠᠵᠤ ᠪᠠᠶᠢᠭᠠᠳ ᠪᠤᠬ᠎ᠠ ᠲᠡᠷᠭᠡ ᠭᠠᠯ ᠵᠣᠯᠭᠠᠵᠤ ᠳᠦᠷᠡᠯᠵᠡᠨ ᠨᠣᠴᠣᠬᠤ ᠶᠢ ᠰᠡᠷᠭᠡᠶᠢᠯᠡᠬᠦ᠂ ᠪᠠᠷᠠᠭᠠᠨ ᠤ ᠲᠡᠷᠭᠡ ᠶᠢᠨ ᠲᠡᠷᠭᠡᠨ ᠲᠠᠰᠤᠯᠭ᠎ᠠ ᠶᠢ ᠪᠢᠲᠡᠭᠦᠮᠵᠢᠯᠡᠵᠦ ᠪᠠᠶᠢᠭᠠᠳ ᠰᠢᠲᠠᠮᠠᠬᠠᠶ ᠪᠣᠳᠠᠰ ᠠᠰᠬᠠᠷᠠᠵᠤ ᠭᠠᠷᠬᠤ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠠᠪᠬᠤ ᠬᠡᠷᠡᠭᠲᠡᠶ᠃ ᠭᠠᠯᠲᠤ ᠲᠡᠷᠭᠡ᠂ ᠮᠠᠰᠢᠨ ᠲᠡᠷᠭᠡ ᠵᠡᠷᠭᠡ ᠶᠢᠨ ᠵᠢᠯᠣᠭᠤᠴᠢ ᠦᠢᠯᠡᠴᠢᠯᠡᠭᠴᠢ ᠪᠠ ᠠᠶᠠᠨᠴᠢᠳ ᠭᠠᠳᠠᠭᠰᠢ ᠪᠠᠨ ᠭᠠᠯ ᠵᠣᠯᠭᠠᠬᠤ ᠵᠦᠢᠯ ᠰᠢᠲᠡᠬᠦ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃

  ︵ ᠳᠥᠷᠪᠡ ︶ ᠡᠯ᠎ᠡ ᠪᠠᠶᠢᠴᠠᠭᠠᠬᠤ ᠥᠷᠲᠡᠭᠡ᠂ ᠬᠠᠷᠠᠭᠤᠯ ᠤᠨ ᠲᠠᠪᠴᠠᠩ᠂ ᠴᠠᠭᠳᠠᠨ ᠲᠣᠭᠤᠷᠢᠵᠤ ᠬᠠᠮᠠᠭᠠᠯᠠᠬᠤ ᠵᠡᠷᠭᠡ ᠠᠵᠢᠯ ᠤᠨ ᠪᠠᠶᠢᠷᠢᠨ ᠳᠠᠬᠢ ᠬᠥᠮᠥᠰ ᠨᠢ ᠪᠦᠬᠦᠯᠢ ᠡᠳᠦᠷ ᠢᠶᠠᠷ ᠵᠢᠵᠢᠭᠦᠷᠯᠡᠨ ᠰᠠᠬᠢᠵᠤ᠂ ᠰᠢᠭᠤᠶᠢᠲᠤ ᠣᠷᠣᠨ ᠪᠠ ᠨᠤᠲᠤᠭ ᠪᠡᠯᠴᠢᠭᠡᠷ ᠲᠤ ᠣᠷᠣᠬᠤ ᠬᠥᠮᠦᠨ ᠬᠠᠷ᠎ᠠ ᠪᠠ ᠲᠡᠷᠭᠡ ᠬᠥᠰᠬᠡ ᠶᠢ ᠴᠢᠩᠭ᠎ᠠ ᠵᠠᠬᠢᠷᠤᠨ ᠬᠠᠮᠢᠶᠠᠷᠬᠤ ᠬᠡᠷᠡᠭᠲᠡᠶ᠃ ᠰᠢᠭᠤᠶᠢᠲᠤ ᠣᠷᠣᠨ ᠪᠠ ᠨᠤᠲᠤᠭ ᠪᠡᠯᠴᠢᠭᠡᠷ ᠲᠤ ᠣᠷᠣᠬᠤ ᠬᠥᠮᠦᠨ ᠬᠠᠷ᠎ᠠ ᠪᠠ ᠲᠡᠷᠭᠡ ᠬᠥᠰᠬᠡ ᠨᠢ ᠡᠷᠬᠡᠪᠰᠢ ᠭᠠᠯ ᠲᠤᠶᠢᠮᠠᠷ ᠰᠡᠷᠭᠡᠶᠢᠯᠡᠨ ᠤᠨᠲᠠᠷᠠᠭᠠᠬᠤ ᠪᠠᠶᠢᠴᠠᠭᠠᠯᠲᠠ ᠶᠢ ᠬᠦᠯᠢᠶᠡᠵᠦ᠂ ᠭᠠᠯ ᠲᠤᠶᠢᠮᠠᠷ ᠰᠡᠷᠭᠡᠶᠢᠯᠡᠨ ᠤᠨᠲᠠᠷᠠᠭᠠᠬᠤ ᠲᠣᠭᠲᠠᠭᠠᠯ ᠢ ᠵᠢᠷᠤᠮᠯᠠᠨ᠂ ᠭᠠᠯ ᠲᠤᠶᠢᠮᠠᠷ ᠰᠡᠷᠭᠡᠶᠢᠯᠡᠨ ᠤᠨᠲᠠᠷᠠᠭᠠᠬᠤ ᠡᠭᠦᠷᠭᠡ ᠪᠠᠨ ᠭᠦᠢᠴᠡᠳᠬᠡᠬᠦ ᠬᠡᠷᠡᠭᠲᠡᠶ᠃

  ᠳᠡᠭᠡᠷᠡᠬᠢ ᠲᠣᠭᠲᠠᠭᠠᠯ ᠢ ᠵᠥᠷᠢᠴᠡᠭᠰᠡᠨ ᠪᠥᠬᠦᠨ ᠳᠤ ᠬᠠᠤᠯᠢ ᠶᠣᠰᠣᠭᠠᠷ ᠬᠠᠷᠠᠭᠠᠯᠵᠠᠭᠰᠠᠨ ᠰᠢᠢᠳᠭᠡᠯ ᠲᠣᠷᠭᠠᠭᠤᠯᠢ ᠥᠭᠭᠦᠨ᠎ᠡ᠃ ᠣᠷᠣᠰᠢᠵᠤ ᠪᠠᠶᠢᠭ᠎ᠠ ᠠᠰᠠᠭᠤᠳᠠᠯ ᠢᠶᠠᠨ ᠴᠡᠭᠴᠡᠯᠡᠨ ᠰᠠᠶᠢᠵᠢᠷᠠᠭᠤᠯᠬᠤ ᠶᠢ ᠲᠡᠪᠴᠢᠬᠦ᠂ ᠬᠠᠮᠢᠶᠠᠷᠤᠯᠲᠠ ᠶᠢ ᠳᠠᠭᠠᠬᠤ ᠦᠭᠡᠢ ᠪᠤᠶᠤ ᠵᠣᠷᠢᠭᠤᠳᠠ ᠵᠥᠷᠢᠴᠡᠭᠰᠡᠳ ᠢ ᠲᠣᠭᠲᠠᠭᠠᠯ ᠰᠠᠬᠢᠯᠭ᠎ᠠ ᠪᠠᠲᠤ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠨ᠎ᠡ᠃


  ᠲᠠᠪᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠰᠢᠨᠵᠢᠬᠦ ᠪᠠᠨ ᠴᠢᠩᠭᠠᠳᠬᠠᠬᠤ ᠬᠡᠷᠡᠭᠲᠡᠢ

  ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠣᠶ ᠰᠢᠭᠤᠶ ᠨᠤᠲᠤᠭ ᠪᠡᠯᠴᠢᠭᠡᠷ ᠤᠨ ᠭᠠᠯ ᠲᠤᠶᠢᠮᠠᠷ ᠤᠨ ᠠᠶᠤᠯ ᠢ ᠡᠭᠦᠰᠬᠡᠨ ᠥᠷᠪᠢᠰᠭᠡᠵᠦ ᠮᠡᠳᠡᠬᠦ ᠴᠠᠭ ᠠᠭᠤᠷ ᠤᠨ ᠤᠷᠢᠳᠴᠢᠯᠠᠭᠰᠠᠨ ᠮᠡᠳᠡᠭᠡ ᠪᠠ ᠭᠠᠯ ᠳᠦᠢᠮᠠᠷ ᠤᠨ ᠠᠶᠤᠯ ᠤᠨ ᠥᠨᠳᠥᠷ ᠳᠡᠰ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤ ᠨᠢ ᠨᠡᠶᠢᠲᠡᠯᠡᠵᠦ᠂ ᠳᠠᠭᠠᠭᠤᠯᠢ ᠣᠳᠣᠨ ᠤ ᠠᠯᠤᠰ ᠰᠡᠷᠡᠯ᠂ ᠰᠤᠪᠤᠷᠭᠠᠨ ᠬᠠᠷᠠᠭᠤᠯ ᠢᠶᠠᠷ ᠪᠠᠷᠠᠯᠠᠬᠤ᠂ ᠭᠠᠵᠠᠷ ᠳᠡᠭᠡᠷ᠎ᠡ ᠴᠠᠭᠳᠠᠨ ᠲᠣᠭᠤᠷᠢᠬᠤ᠂ ᠸᠢᠳᠢᠤ᠋ ᠪᠠᠷ ᠬᠢᠨᠠᠨ ᠡᠵᠡᠮᠳᠡᠬᠦ᠂ ᠤᠲᠠᠰᠤ ᠪᠠᠷ ᠲᠦᠭᠰᠢᠭᠦᠷᠢᠲᠦ ᠮᠡᠳᠡᠭᠡᠯᠡᠯ ᠢ ᠬᠦᠯᠢᠶᠡᠨ ᠠᠪᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠰᠢᠨᠵᠢᠬᠦ ᠵᠡᠷᠭᠡ ᠠᠷᠭ᠎ᠠ ᠬᠢᠳᠡᠯ ᠢ ᠶᠡᠷᠦᠩᠬᠡᠶᠢᠯᠡᠨ ᠬᠡᠷᠡᠭᠯᠡᠵᠦ᠂ ᠪᠦᠬᠦᠯᠢ ᠡᠳᠦᠷ ᠢᠶᠠᠷ᠂ ᠪᠡᠶᠡᠲᠦ ᠴᠣᠭᠴᠠ ᠪᠠᠷ ᠬᠢᠯᠢ ᠶᠢᠨ ᠭᠠᠳᠠᠨᠠᠬᠢ ᠭᠠᠯ ᠲᠤᠶᠢᠮᠠᠷ᠂ ᠠᠶᠤᠩᠭ᠎ᠠ ᠪᠠᠭᠤᠵᠤ ᠭᠠᠯ ᠲᠤᠶᠢᠮᠠᠷ ᠡᠭᠦᠰᠬᠦ ᠪᠠ ᠬᠢᠯᠢ ᠶᠢᠨ ᠳᠣᠲᠣᠷᠠᠬᠢ ᠡᠯ᠎ᠡ ᠲᠥᠷᠥᠯ ᠤᠨ ᠭᠠᠯ ᠲᠤᠶᠢᠮᠠᠷ ᠤᠨ ᠪᠠᠶᠢᠳᠠᠯ ᠢ ᠬᠢᠨᠠᠨ ᠰᠢᠨᠵᠢᠵᠦ᠂ ᠠᠶᠤᠯ ᠤᠨ ᠪᠠᠶᠢᠳᠠᠯ ᠳᠤ ᠲᠣᠬᠢᠷᠠᠭᠤᠯᠤᠨ ᠠᠷᠭ᠎ᠠ ᠪᠣᠳᠣᠯᠭ᠎ᠠ ᠠᠪᠴᠤ᠂ ᠠᠶᠤᠯ ᠤᠨ ᠪᠠᠶᠢᠳᠠᠯ ᠳᠤ ᠲᠣᠬᠢᠷᠠᠭᠤᠯᠤᠨ ᠰᠡᠷᠭᠡᠶᠢᠯᠡᠯᠲᠡ ᠬᠢᠬᠦ ᠬᠡᠷᠡᠭᠲᠡᠢ᠃ ᠰᠠᠯᠠᠭ᠎ᠠ ᠮᠥᠴᠢᠷ ᠬᠤᠭᠤᠷᠣ ᠬᠤᠭᠤᠷᠣᠨᠳᠤ ᠪᠠᠨ ᠭᠠᠯ ᠲᠤᠶᠢᠮᠠᠷ ᠤᠨ ᠠᠶᠤᠯ ᠤᠨ ᠪᠠᠶᠢᠳᠠᠯ ᠢ ᠵᠥᠪᠳᠡᠯᠴᠡᠵᠦ ᠰᠤᠳᠤᠯᠤᠨ ᠮᠠᠭᠠᠳᠯᠠᠬᠤ ᠪᠠ ᠬᠤᠯᠪᠣᠭᠠᠯᠠᠨ ᠵᠢᠵᠢᠭᠦᠷᠯᠡᠵᠦ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠰᠢᠨᠵᠢᠬᠦ᠂ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ᠂ ᠭᠠᠯ ᠲᠤᠶᠢᠮᠠᠷ ᠤᠨ ᠪᠠᠶᠢᠳᠠᠯ ᠢ ᠮᠡᠳᠡᠭᠦᠯᠬᠦ᠂ ᠡᠩᠨᠡᠭᠡ ᠪᠠᠨ ᠲᠣᠬᠢᠷᠠᠭᠤᠯᠤᠨ ᠵᠢᠯᠣᠭᠤᠳᠬᠤ᠂ ᠬᠤᠯᠪᠣᠭᠠᠯᠠᠨ ᠵᠢᠵᠢᠭᠦᠷᠯᠡᠬᠦ ᠵᠡᠷᠭᠡ ᠠᠵᠢᠯ ᠢ ᠨᠢᠭᠡ ᠴᠣᠭᠴᠠᠵᠢᠭᠤᠯᠤᠨ ᠥᠷᠨᠢᠭᠦᠯᠬᠦ ᠬᠡᠷᠡᠭᠲᠡᠢ᠃


  ᠵᠢᠷᠭᠤᠭ᠎᠎ᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠᠨ ᠴᠢᠩᠭᠠᠷᠠᠭᠤᠯᠬᠤ ᠬᠡᠷᠡᠭᠲᠡᠢ

  ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠨᠢ ᠰᠠᠯᠠᠭ᠎ᠠ ᠮᠥᠴᠢᠷ ᠤᠨ ᠶᠡᠷᠦᠩᠬᠡᠶᠢᠯᠡᠵᠦ ᠵᠢᠵᠢᠭᠦᠷᠯᠡᠬᠦ᠂ ᠭᠠᠯ ᠲᠤᠶᠢᠮᠠᠷ ᠰᠡᠷᠭᠡᠶᠢᠯᠡᠨ ᠤᠨᠲᠠᠷᠠᠭᠠᠬᠤ ᠪᠠᠶᠢᠭᠤᠯᠤᠮᠵᠢ ᠶᠢᠨ ᠲᠤᠰᠬᠠᠶ ᠮᠡᠷᠭᠡᠵᠢᠯ ᠤᠨ ᠠᠵᠢᠯᠲᠠᠨ ᠵᠢᠵᠢᠭᠦᠷᠯᠡᠨ ᠰᠠᠬᠢᠬᠤ ᠪᠠ ᠵᠠᠩᠭᠢᠯᠠᠭ᠎ᠠ ᠶᠢᠨ ᠬᠤᠭᠤᠴᠠᠭᠠᠨ ᠳᠤ ᠰᠠᠯᠠᠭ᠎ᠠ ᠮᠥᠴᠢᠷ ᠤᠨ ᠬᠤᠯᠪᠣᠭᠠᠯᠠᠨ ᠵᠢᠵᠢᠭᠦᠷᠯᠡᠨ ᠰᠠᠬᠢᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠮᠰᠢᠭ ᠤᠨ ᠡᠨᠳᠡᠯ ᠤᠨ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠵᠢᠷᠤᠮᠵᠢᠯ ︾ ᠵᠢᠴᠢ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ︽ ᠭᠠᠯ ᠲᠤᠶᠢᠮᠠᠷ ᠭᠠᠷᠪᠠᠯ ᠡᠷᠬᠡᠪᠰᠢ ᠮᠡᠳᠡᠭᠦᠯᠬᠦ ︾᠂ ︽ ᠮᠡᠳᠡᠭᠦᠯᠦᠯᠲᠡ ᠤᠨᠲᠠᠷᠠᠭᠠᠯᠲᠠ ᠶᠢ ᠵᠡᠷᠭᠡ ᠪᠡᠷ ᠶᠠᠪᠤᠭᠳᠠᠭᠤᠯᠬᠤ ︾ ᠪᠠ ᠭᠤᠤᠯᠳᠠᠯᠭ᠎ᠠ ᠲᠠᠢ ᠴᠠᠭ ᠬᠤᠭᠤᠴᠠᠭᠠᠨ ᠤ ︽ ᠡᠳᠦᠷ ᠤᠨ ᠮᠡᠳᠡᠭᠦᠯᠦᠯᠲᠡ ︾᠂︽ ᠭᠠᠯ ᠲᠤᠶᠢᠮᠠᠷ ᠦᠭᠡᠢ ᠮᠡᠳᠡᠭᠦᠯᠦᠯᠲᠡ ︾ ᠶᠢᠨ ᠲᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ ᠭᠠᠯ ᠲᠤᠶᠢᠮᠠᠷ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢᠶᠠᠨ ᠲᠡᠭᠦᠯᠳᠡᠷᠵᠢᠭᠦᠯᠵᠦ᠂ ᠡᠩᠨᠡᠭᠡᠨ ᠤ ᠪᠠᠶᠢᠷᠢᠯᠠᠭᠤᠯᠤᠯᠲᠠ ᠪᠠᠨ ᠰᠢᠯᠢᠳᠡᠭᠵᠢᠭᠦᠯᠦᠨ᠂ ᠶᠡᠷᠦᠩᠬᠡᠶᠢᠯᠡᠭᠰᠡᠨ ᠪᠠᠲᠤᠯᠠᠭ᠎ᠠ ᠪᠠᠨ ᠴᠢᠩᠭᠠᠳᠬᠠᠵᠤ᠂ ᠭᠡᠨᠡᠳᠲᠡ ᠶᠢᠨ ᠭᠠᠯ ᠲᠤᠶᠢᠮᠠᠷ ᠤᠨ ᠪᠠᠶᠢᠳᠠᠯ ᠳᠤ ᠦᠳᠲᠡᠷ ᠲᠦᠷᠭᠡᠨ ᠬᠥᠳᠡᠯᠦᠯᠴᠡᠵᠦ᠂ ᠥᠨᠳᠥᠷ ᠪᠦᠲᠦᠮᠵᠢᠲᠡᠶ ᠪᠠᠷ ᠰᠢᠢᠳᠪᠦᠷᠢᠯᠡᠨ᠂ ︽ ᠡᠷᠲᠡ ᠤᠨᠲᠠᠷᠠᠭᠠᠬᠤ᠂ ᠪᠠᠭ᠎ᠠ ᠳᠡᠭᠡᠷ᠎ᠡ ᠨᠢ ᠤᠨᠲᠠᠷᠠᠭᠠᠬᠤ᠂ ᠪᠦᠷᠢᠮᠦᠰᠦᠨ ᠤᠨᠲᠠᠷᠠᠭᠠᠬᠤ ︾ ᠵᠢ ᠦᠨᠡᠨ ᠬᠦ ᠪᠠᠲᠤᠯᠠᠬᠤ ᠬᠡᠷᠡᠭᠲᠡᠶ᠃ ᠬᠠᠷᠢᠶ᠎ᠠ ᠭᠠᠵᠠᠷ ᠤᠨ ᠵᠢᠯᠣᠭᠤᠳᠤᠯᠭ᠎ᠠ᠂ ᠲᠤᠰᠬᠠᠶ ᠮᠡᠷᠭᠡᠵᠢᠯ ᠤᠨ ᠵᠢᠯᠣᠭᠤᠳᠤᠯᠭ᠎ᠠ᠂ ᠨᠢᠭᠡᠳᠦᠯᠲᠡᠶ ᠵᠢᠯᠣᠭᠤᠳᠤᠯᠭ᠎ᠠ ᠶᠢ ᠪᠠᠷᠢᠮᠲᠠᠯᠠᠵᠤ᠂ ᠭᠠᠯ ᠲᠤᠶᠢᠮᠠᠷ ᠤᠨ ᠪᠠᠶᠢᠳᠠᠯ ᠭᠠᠷᠤᠮᠠᠭᠴᠠ ᠣᠯᠠᠨ ᠲᠦᠮᠡᠨ ᠢ ᠲᠠᠷᠬᠠᠭᠠᠨ ᠰᠢᠯᠵᠢᠭᠦᠯᠬᠦ ᠠᠵᠢᠯ ᠢ ᠴᠠᠭ ᠲᠤᠬᠠᠶ ᠳᠤ ᠨᠢ ᠰᠠᠶᠢᠲᠤᠷ ᠬᠢᠵᠦ᠂ ᠣᠯᠠᠨ ᠲᠦᠮᠡᠨ ᠢ ᠰᠢᠭᠤᠳ ᠭᠠᠯ ᠲᠤᠶᠢᠮᠠᠷ ᠤᠨᠲᠠᠷᠠᠭᠠᠬᠤ ᠡᠮᠦᠨ᠎ᠡ ᠹᠷᠤᠨᠲ ᠲᠤ ᠣᠴᠢᠭᠤᠯᠬᠤ ᠡᠴᠠ ᠡᠷᠡᠰ ᠬᠢᠴᠢᠶᠡᠨ ᠵᠠᠶᠢᠯᠠᠰᠭᠢᠵᠦ᠂ ᠨᠠᠰᠤᠲᠠᠶᠢᠴᠤᠳ᠂ ᠨᠠᠰᠤᠨ ᠳᠤ ᠥᠯᠥ ᠬᠦᠷᠦᠭᠰᠡᠳ᠂ ᠰᠤᠷᠤᠭᠴᠢᠳ ᠵᠡᠷᠭᠡ ᠶᠢᠨ ᠭᠠᠯ ᠲᠤᠶᠢᠮᠠᠷ ᠤᠨᠲᠠᠷᠠᠭᠠᠬᠤ ᠳᠤ ᠣᠷᠣᠯᠴᠠᠬᠤ ᠶᠢ ᠴᠠᠭᠠᠵᠠᠯᠠᠨ᠂ ᠬᠥᠮᠦᠨ ᠬᠠᠷ᠎ᠠ ᠥᠭᠦᠵᠦ ᠰᠢᠷᠬᠠᠲᠤᠭᠰᠠᠨ ᠡᠨᠳᠡᠯ ᠪᠠ ᠡᠭᠦᠰᠦᠮᠡᠯ ᠭᠠᠮᠰᠢᠭ ᠡᠭᠦᠰᠬᠦ ᠡᠴᠠ ᠴᠢᠩᠭ᠎ᠠ ᠰᠡᠷᠭᠡᠶᠢᠯᠡᠬᠦ ᠬᠡᠷᠡᠭᠲᠡᠶ᠃ ᠭᠠᠯ ᠲᠤᠶᠢᠮᠠᠷ ᠰᠡᠷᠭᠡᠶᠢᠯᠡᠨ ᠤᠨᠲᠠᠷᠠᠭᠠᠬᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠲᠣᠨᠤᠭ ᠲᠥᠬᠦᠭᠡᠷᠦᠮᠵᠢ ᠡᠳ᠋ ᠪᠠᠷᠠᠭᠠᠨ ᠤ ᠲᠣᠬᠢᠷᠠᠭᠤᠯᠤᠯᠲᠠ ᠪᠠ ᠲᠦᠷᠢᠮ ᠲᠣᠭᠲᠠᠴᠠ ᠶᠢᠨ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠤᠶᠢᠮᠠᠷ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠡᠷᠦᠩᠬᠡᠶᠢᠯᠡᠭᠰᠡᠨ ᠴᠢᠳᠠᠪᠤᠷᠢ ᠪᠠ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃


  ᠳᠣᠯᠤᠭ᠎᠎ᠠ᠂ ᠰᠢᠮᠳᠠᠭᠤᠯᠤᠨ ᠵᠢᠯᠣᠭᠤᠳᠴᠤ ᠬᠠᠷᠢᠭᠤᠴᠠᠯᠭ᠎᠎ᠠ ᠬᠡᠯᠡᠯᠴᠡᠬᠦ ᠪᠠᠨ ᠴᠢᠩᠳᠠᠯᠠᠬᠤ ᠬᠡᠷᠡᠭᠲᠡᠢ

  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠨᠢ ᠭᠠᠯ ᠲᠤᠶᠢᠮᠠᠷ ᠰᠡᠷᠭᠡᠶᠢᠯᠡᠨ ᠤᠨᠲᠠᠷᠠᠭᠠᠬᠤ ᠠᠵᠢᠯ ᠢ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠲᠥᠰᠦᠯ ᠢᠶᠠᠨ ᠨᠠᠷᠢᠯᠢᠬᠵᠢᠭᠤᠯᠤᠨ᠂ ᠠᠰᠠᠭᠤᠳᠠᠯ ᠤᠨ ᠨᠠᠷᠢᠨ ᠬᠠᠭᠤᠳᠠᠰᠤ ᠶᠢ ᠪᠠᠶᠢᠭᠤᠯᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠴᠢᠬᠤᠯᠠ ᠶᠡᠭᠡ ᠠᠰᠠᠭᠤᠳᠠᠯ ᠤᠨ ᠬᠡᠮ ᠰᠣᠭᠤᠭ ᠢ ᠨᠡᠷᠡᠯᠡᠨ ᠵᠢᠭᠠᠵᠤ ᠰᠢᠮᠳᠠᠭᠤᠯᠤᠨ ᠭᠦᠢᠴᠡᠳᠭᠡᠯᠭᠡᠵᠦ᠂ ᠦᠷ᠎ᠡ ᠪᠦᠲᠦᠮᠵᠢ ᠶᠢ ᠨᠢ ᠮᠥᠷᠳᠡᠨ ᠪᠠᠶᠢᠴᠠᠭᠠᠬᠤ ᠬᠡᠷᠡᠭᠲᠡᠶ᠃ ᠲᠣᠭᠲᠠᠭᠠᠯ ᠡᠴᠠ ᠵᠥᠷᠢᠴᠡᠨ ᠭᠠᠯ ᠬᠡᠷᠡᠭᠯᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠲᠤᠰᠬᠠᠶ ᠠᠵᠢᠯᠯᠠᠭᠠᠨ ᠢ ᠦᠷᠭᠦᠯᠵᠢᠯᠡᠨ ᠥᠷᠨᠢᠭᠦᠯᠵᠦ᠂ ᠭᠠᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠨᠡᠶᠢᠲᠡᠯᠢᠭ ᠬᠡᠷᠡᠭ ᠢ ᠢᠯᠡ ᠪᠣᠯᠭᠠᠵᠤ ᠨᠡᠶᠢᠲᠡ ᠳᠤ ᠮᠡᠳᠡᠭᠳᠡᠵᠦ᠂ ᠨᠢᠭᠡ ᠬᠡᠷᠡᠭ ᠪᠠᠶᠢᠴᠠᠭᠠᠨ ᠰᠢᠢᠳᠪᠦᠷᠢᠯᠡᠪᠡᠯ᠂ ᠨᠢᠭᠡ ᠲᠠᠯ᠎ᠠ ᠶᠢᠨ ᠬᠢᠨ ᠳᠤ ᠰᠦᠷ ᠦᠵᠡᠭᠦᠯᠵᠦ᠂ ᠬᠡᠰᠡᠭ ᠬᠥᠮᠥᠰ ᠢ ᠬᠥᠮᠦᠵᠢᠭᠦᠯᠬᠦ ᠦᠢᠯᠡᠳᠦᠯ ᠢ ᠪᠠᠳᠠᠷᠠᠭᠤᠯᠬᠤ ᠬᠡᠷᠡᠭᠲᠡᠶ᠃ ᠰᠠᠬᠢᠯᠭ᠎ᠠ ᠪᠠᠲᠤ ᠬᠡᠷᠡᠭᠵᠢᠭᠦᠯᠵᠦ ᠬᠠᠷᠢᠭᠤᠴᠠᠯᠭ᠎ᠠ ᠬᠡᠯᠡᠯᠴᠡᠬᠦ ᠡᠷᠴᠢᠮ ᠢᠶᠠᠨ ᠴᠢᠩᠭᠠᠷᠠᠭᠤᠯᠵᠤ᠂ ᠭᠠᠯ ᠲᠤᠶᠢᠮᠠᠷ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠥᠬᠡᠶ ᠪᠤᠶᠤ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠡᠴᠠ ᠪᠣᠯᠵᠣ ᠬᠦᠨᠳᠦ ᠣᠨᠴᠠ ᠶᠡᠭᠡ ᠭᠠᠯ ᠲᠤᠶᠢᠮᠠᠷ ᠭᠠᠷᠤᠭᠰᠠᠨ ᠪᠤᠶᠤ ᠬᠥᠮᠦᠨ ᠬᠠᠷ᠎ᠠ ᠥᠭᠦᠵᠦ ᠰᠢᠷᠬᠠᠲᠤᠭᠰᠠᠨ ᠡᠨᠳᠡᠯ ᠭᠠᠷᠤᠭᠰᠠᠨ ᠣᠷᠣᠨ ᠨᠤᠲᠤᠭ᠂ ᠨᠢᠭᠡᠴᠢ ᠪᠠ ᠬᠠᠷᠢᠭᠤᠴᠠᠯᠭᠠᠲᠠᠨ ᠡᠴᠠ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠬᠠᠷᠢᠭᠤᠴᠠᠯᠭ᠎ᠠ ᠴᠢᠩᠭ᠎ᠠ ᠨᠡᠬᠡᠮᠵᠢᠯᠡᠬᠦ ᠬᠡᠷᠡᠭᠲᠡᠶ᠃



ᠭᠠᠷ ᠤᠲᠠᠰᠤ ᠪᠠᠷ ᠦᠵᠡᠬᠦ