ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

  ᠮᠠᠨ ᠤ ᠣᠷᠣᠨ ᠤ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠠᠵᠢᠯ ᠤᠨ ᠲᠤᠨᠨᠳᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠴᠢᠳᠠᠪᠤᠷᠢ ᠵᠢ ᠳᠡᠭᠡᠭᠰᠢᠯᠡᠭᠦᠯᠦᠨ᠂ ᠰᠢᠨ᠎ᠡ ᠴᠠᠭ ᠦᠶ᠎ᠡ ᠶᠢᠨ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠤᠤᠷᠠᠬᠢ ᠮᠡᠲᠦ ᠰᠠᠨᠠᠯ ᠢ ᠳᠤᠷᠠᠳᠪᠠ᠃


  ᠨᠢᠭᠡ᠂ ᠶᠡᠷᠦᠩᠬᠡᠢ ᠱᠠᠭᠠᠷᠳᠠᠯᠭ᠎᠎ᠠ


  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠬᠥᠮᠦᠨ ᠤ ᠠᠮᠢ ᠨᠠᠰᠤ ᠪᠠ ᠡᠷᠡᠭᠦᠯ ᠡᠩᠬᠡ ᠶᠢ ᠬᠠᠮᠠᠭᠠᠯᠠᠬᠤ ᠪᠠᠷ ᠵᠣᠷᠢᠯᠲᠠ ᠪᠣᠯᠭᠠᠨ᠂ ︽ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ︾ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠠᠵᠢᠯ ᠤᠨ ᠭᠤᠤᠯ ᠰᠢᠵᠢᠮ ᠪᠣᠯᠭᠠᠨ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠨᠡᠶᠢᠲᠡ ᠶᠢ ᠳᠠᠶᠢᠴᠢᠯᠠᠬᠤ ᠪᠠᠷ ᠲᠠᠮᠵᠢᠭᠤᠯᠵᠦ᠂ ︽ ᠠᠪᠤᠷᠠᠯᠲᠠ ᠳᠡᠷᠭᠡᠳᠡ ᠴᠢᠨᠢ ︾ ᠭᠡᠬᠦ 10 ᠲᠤᠰᠬᠠᠶ ᠠᠵᠢᠯᠯᠠᠭᠠᠨ ᠢ ᠯᠠᠪᠳᠠᠭᠤᠨ ᠪᠠᠲᠤᠲᠠᠶ ᠠᠬᠢᠭᠤᠯᠤᠨ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠵᠢ ᠲᠠᠰᠤᠷᠠᠯᠲᠠ ᠥᠬᠡᠶ ᠪᠦᠷᠢᠨᠰᠢᠬᠦᠯᠵᠦ᠂ ᠵᠢᠷᠦᠬᠡ ᠠᠭᠤᠰᠬᠢᠨ ᠤ ᠰᠡᠷᠭᠦᠬᠡᠯᠲᠡ ᠬᠢᠭᠡᠳ ᠪᠡᠶ᠎ᠡ ᠵᠢᠨ ᠭᠠᠳᠠᠨ᠎ᠠ ᠡᠴᠠ ᠴᠡᠴᠡᠷᠡᠬᠦ ᠶᠢ ᠠᠷᠢᠯᠭᠠᠬᠤ ᠠᠦ᠋ᠲ᠋ᠣ᠋ ᠬᠡᠮᠵᠢᠭᠦᠷᠯᠢᠭ ︵ AED ᠮᠠᠰᠢᠨ ︶ ᠤᠨ ᠬᠡᠷᠡᠭᠯᠡᠯᠲᠡ᠂ ᠠᠮᠢᠰᠬᠤᠯ ᠤᠨ ᠵᠠᠮ ᠤᠨ ᠣᠨᠳᠣᠤ ᠪᠣᠳᠠᠰ ᠤᠨ ᠲᠦᠭᠵᠢᠷᠡᠯ᠂ ᠰᠢᠷᠬᠠᠳᠤᠨᠨᠰᠠᠨ ᠢ ᠠᠪᠤᠷᠠᠬᠤ᠂ ᠭᠠᠮᠰᠢᠭ ᠢ ᠰᠡᠷᠭᠡᠶᠢᠯᠡᠵᠦ ᠠᠶᠤᠯ ᠡᠴᠠ ᠵᠠᠶᠢᠯᠠᠬᠤ ᠵᠡᠷᠭᠡ ᠥᠪᠡᠷ ᠢ ᠪᠠᠨ ᠠᠪᠤᠷᠠᠬᠤ ᠪᠠ ᠦᠷᠦᠬᠡᠯ ᠪᠤᠰᠤᠳ ᠦᠨ ᠬᠤᠭᠤᠷᠤᠨᠳᠤ ᠪᠠᠨ ᠬᠠᠷᠢᠯᠴᠠᠨ ᠠᠪᠤᠷᠠᠬᠤ ᠮᠡᠳᠡᠯᠭᠡ ᠮᠡᠷᠬᠡᠰᠢᠯ ᠢ ᠳᠡᠯᠭᠡᠷᠡᠭᠦᠯᠦᠨ ᠲᠦᠭᠡᠮᠡᠯᠵᠢᠭᠦᠯᠵᠦ᠂ ᠣᠯᠠᠨ ᠲᠦᠮᠡᠨᠴᠢ ᠴᠢᠨᠠᠷᠲᠠᠶ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠴᠢᠳᠠᠪᠤᠷᠢ ᠪᠠ ᠲᠦᠪᠰᠢᠨ ᠢ ᠲᠡᠬᠡᠭᠰᠢᠯᠡᠬᠦᠯᠦᠨ᠂ 2030 ᠤᠨ ᠪᠤᠯᠲᠠᠯ᠎ᠠ᠂ ᠪᠥᠬᠦ ᠤᠯᠤᠰ ᠤᠨ ᠳᠤᠮᠳᠠ ᠵᠡᠷᠭᠡ ᠡᠴᠠ ᠳᠡᠭᠡᠭᠰᠢᠬᠢ ᠬᠠᠷᠠᠯᠲᠠ ᠳᠤ ᠬᠦᠷᠦᠭᠦᠯᠦᠨ᠎ᠡ᠃ ᠵᠢᠯ ᠪᠦᠷᠢ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠮᠡᠳᠡᠯᠭᠡ ᠶᠢ 70 ᠲᠦᠮᠡᠨ ᠬᠥᠮᠦᠨ ᠤᠳᠠᠭ᠎ᠠ ᠡᠴᠠ ᠳᠡᠭᠡᠭᠰᠢ ᠲᠦᠭᠡᠮᠡᠯᠵᠢᠭᠦᠯᠵᠦ᠂ 2030 ᠣᠨ ᠪᠣᠯᠬᠤ ᠳᠤ ︽ ᠲᠣᠯᠣᠳᠤᠭᠠᠷ ᠨᠡᠶᠢᠳᠡᠮ ᠪᠠᠶᠢᠴᠠᠭᠠᠯᠲᠠ ︾ ᠶᠢᠨ ᠬᠥᠮᠦᠨ ᠠᠮᠠ ᠳᠠᠬᠢ ᠨᠡᠶᠢᠲᠡ ᠲᠦᠬᠡᠮᠡᠯᠵᠢᠬᠦᠯᠦᠭᠰᠡᠨ ᠨᠣᠷᠮ᠎ᠠ ᠶᠢᠨ ᠡᠵᠡᠯᠡᠬᠦ ᠬᠠᠷᠢᠴᠠᠯ ᠢ 30% ᠡᠴᠠ ᠳᠡᠭᠡᠭᠰᠢ ᠳᠤ ᠬᠦᠷᠦᠭᠦᠯᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠮᠡᠳᠡᠯᠭᠡ ᠪᠠ ᠮᠡᠷᠬᠡᠰᠢᠯ ᠤᠨ ᠲᠦᠪᠰᠢᠨ ᠢ ᠲᠠᠰᠤᠷᠠᠯᠲᠠ ᠦᠬᠡᠢ ᠲᠡᠬᠡᠭᠰᠢᠯᠡᠬᠦᠯᠦᠨ᠎ᠡ᠃ ᠵᠢᠯ ᠪᠦᠷᠢ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠦᠨᠡᠮᠯᠡᠯ ᠠᠪᠬᠤ ᠬᠥᠮᠦᠨ ᠤ ᠲᠤᠭ᠎ᠠ ᠶᠢ 8 ᠲᠦᠮᠡ ᠢᠯᠡᠬᠦᠦ ᠨᠡᠮᠡᠭᠳᠡᠭᠦᠯᠵᠦ᠂ 2030 ᠣᠨ ᠪᠣᠯᠬᠤ ᠳᠤ᠂︽ ᠳᠣᠯᠣᠳᠤᠭᠠᠷ ᠨᠡᠶᠢᠳᠡᠮ ᠪᠠᠶᠢᠴᠠᠭᠠᠯᠲᠠ ︾ ᠶᠢᠨ ᠬᠥᠮᠦᠨ ᠠᠮᠠ ᠳᠠᠬᠢ ᠦᠨᠡᠮᠯᠡᠯ ᠠᠪᠤᠨᠨᠰᠠᠨ ᠬᠥᠮᠦᠨ ᠤ ᠲᠤᠭ᠎ᠠ ᠶᠢᠨ ᠡᠵᠡᠯᠡᠬᠦ ᠬᠠᠷᠢᠴᠠᠯ ᠢ 4. 2% ᠡᠴᠠ ᠳᠡᠭᠡᠭᠰᠢ ᠳᠤ ᠬᠦᠷᠦᠭᠦᠯᠵᠦ᠂ ᠡᠮᠨᠡᠯᠭᠡ ᠳᠤ ᠰᠠᠭᠤᠬᠤ ᠡᠴᠠ ᠡᠮᠦᠨᠡᠬᠢ ᠲᠦᠷᠭᠡᠨ ᠠᠪᠤᠷᠠᠯᠲᠠ ᠳᠤ ᠣᠷᠣᠯᠴᠠᠬᠤ ᠣᠯᠠᠨ ᠨᠡᠶᠢᠲᠡ ᠶᠢᠨ ᠬᠠᠷᠢᠴᠠᠯ ᠪᠠ ᠰᠢᠢᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠲᠡᠬᠡᠭᠰᠢᠯᠡᠬᠦᠯᠦᠨ᠎ᠡ᠃ 2030 ᠤᠨ ᠪᠤᠯᠲᠠᠯ᠎ᠠ᠂ ᠣᠯᠠᠨ ᠨᠡᠶᠢᠲᠡ ᠶᠢᠨ ᠲᠠᠯᠠᠪᠤᠷ ᠭᠠᠵᠠᠷ ᠲᠠᠬᠢ AED ᠮᠠᠰᠢᠨ ᠢ 10 ᠲᠦᠮᠡᠨ ᠬᠥᠮᠦᠨ ᠪᠦᠷᠢ ᠳᠤ 30 ᠰᠠᠭᠤᠷᠢ ᠲᠣᠬᠢᠷᠠᠭᠤᠯᠤᠨ ᠤᠨᠨᠰᠠᠷᠠᠵᠦ᠂ ᠬᠥᠮᠦᠨ ᠬᠠᠷ᠎ᠠ ᠤᠯᠠᠨᠳᠠᠢ ᠣᠯᠠᠨ ᠨᠡᠶᠢᠲᠡ ᠶᠢᠨ ᠲᠠᠯᠠᠪᠤᠷ ᠭᠠᠵᠠᠷ ᠪᠣᠯᠭᠠᠨ ᠳᠤ ᠬᠠᠮᠤᠷᠤᠭᠤᠯᠬᠤ ᠶᠢ ᠪᠡᠶᠡᠯᠡᠭᠦᠯᠦᠨ᠎ᠡ᠃ A ᠲᠠᠰ ᠤᠨ ᠦᠵᠡᠮᠵᠢ ᠶᠢᠨ ᠣᠷᠣᠨ ᠳᠤ ᠠᠪᠤᠷᠠᠯᠲᠠ ᠶᠢᠨ ᠥᠷᠲᠡᠭᠡ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ 5A ᠲᠠᠰ ᠤᠨ ᠦᠵᠡᠮᠵᠢ ᠶᠢᠨ ᠣᠷᠣᠨ ᠪᠦᠭᠦᠨ ᠳᠤ ᠤᠯᠠᠭᠠᠨ ᠵᠠᠭᠠᠯᠮᠠᠶᠢᠲᠠᠨ ᠤ ᠠᠪᠤᠷᠠᠯᠲᠠ ᠶᠢᠨ ᠥᠷᠲᠡᠭᠡ ᠲᠠᠢ ᠪᠤᠯᠭᠠᠬᠤ ᠶᠢ ᠪᠡᠶᠡᠯᠡᠭᠦᠯᠦᠨ᠎ᠡ᠃ ᠥᠷᠭᠡᠨ ᠣᠯᠠᠨ ᠠᠷᠠᠳ ᠲᠦᠮᠡᠨ ᠢ ᠵᠤᠷᠢᠨᠨᠵᠢᠭᠤᠯᠬᠤ ᠪᠠ ᠬᠥᠲᠥᠯᠥᠨ ᠵᠢᠯᠣᠭᠤᠳᠴᠤ ᠪᠠᠶᠢᠭᠠᠳ ᠣᠯᠠᠨ ᠲᠦᠮᠡᠨᠴᠢ ᠴᠢᠨᠠᠷᠲᠠᠢ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠠᠵᠢᠯ ᠳᠤ ᠣᠷᠣᠯᠴᠠᠭᠤᠯᠵᠤ᠂︽ ᠠᠪᠤᠷᠠᠯᠲᠠ ᠳᠡᠷᠭᠡᠳᠡ ᠴᠢᠨᠢ ︾ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ︽ ᠬᠥᠮᠦᠨ ᠪᠦᠭᠦᠨ ᠲᠦᠷᠭᠡᠨ ᠠᠪᠤᠷᠠᠯᠲᠠ ᠬᠢᠬᠦ ᠶᠢ ᠰᠤᠷᠤᠯᠴᠠᠵᠤ᠂ ᠲᠦᠷᠭᠡᠨ ᠠᠪᠤᠷᠠᠯᠲᠠ ᠬᠢᠬᠦ ᠨᠢ ᠭᠦᠮᠦᠨ ᠪᠦᠭᠦᠨ ᠤ ᠲᠦᠯᠦᠭᠡ ︾ ᠬᠡᠭᠦ ᠭᠦᠨ ᠵᠤᠵᠠᠭᠠᠨ ᠠᠭᠤᠷ ᠠᠮᠢᠰᠬᠤᠯ ᠢ ᠶᠡᠭᠡ ᠪᠠᠷ ᠪᠣᠢ ᠪᠣᠯᠭᠠᠵᠤ᠂ ᠢᠳᠡᠪᠬᠢ ᠬᠦᠴᠦᠨ ᠢ ᠪᠠᠳᠠᠷᠠᠭᠤᠯᠤᠨ᠂ ᠰᠢᠨ᠎ᠡ ᠬᠡᠪ ᠰᠤᠷᠲᠠᠯ ᠢ ᠬᠥᠲᠥᠯᠥᠨ ᠳᠠᠭᠠᠭᠤᠯᠤᠨ᠎ᠠ᠃


  ᠬᠤᠶᠠᠷ᠂ ᠭᠤᠣᠯ ᠡᠭᠦᠷᠭᠡ


  ︵ ᠨᠢᠭᠡ ︶ ︽ ᠠᠪᠤᠷᠠᠯᠲᠠ ᠳᠡᠷᠭᠡᠳᠡ ᠴᠢᠨᠢ ︾ ᠭᠡᠬᠦ ᠲᠤᠰᠬᠠᠢ ᠠᠵᠢᠯᠯᠠᠭᠠᠨ ᠢ ᠬᠡᠷᠡᠭᠵᠢᠬᠦᠯᠦᠨ᠎ᠡ᠃

  1. ︽ ᠠᠪᠤᠷᠠᠯᠲᠠ ᠳᠡᠷᠭᠡᠳᠡ ᠴᠢᠨᠢ ᠰᠤᠷᠭᠠᠭᠤᠯᠢ ᠶᠢᠨ ᠬᠦᠷᠢᠶᠡᠨ ᠳᠤ ᠰᠠᠬᠢᠨ ᠬᠠᠮᠠᠭᠠᠯᠠᠶ᠎ᠠ ︾ ᠭᠡᠬᠦ ᠠᠵᠢᠯᠯᠠᠭᠠᠨ᠃ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠮᠡᠳᠡᠯᠭᠡ ᠶᠢ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠬᠡᠪ ᠴᠢᠨᠠᠷ ᠤᠨ ᠰᠤᠷᠭᠠᠨ ᠬᠥᠮᠦᠵᠢᠯ ᠳᠤ ᠤᠷᠤᠭᠤᠯᠵᠦ᠂ ᠰᠤᠷᠤᠭᠴᠢᠳ ᠤᠨ ᠴᠡᠷᠢᠭ ᠤᠨ ᠪᠣᠯᠪᠠᠰᠤᠷᠠᠯ ᠳᠤ ᠤᠷᠤᠭᠤᠯᠤᠨ᠂ ᠶᠡᠭᠡ ᠳᠡᠭᠡᠳᠦ ᠰᠤᠷᠭᠠᠭᠤᠯᠢ ᠨᠤᠭᠤᠳ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠬᠠᠮᠢᠶ᠎ᠠ ᠪᠦᠬᠦᠢ ᠰᠣᠩᠭᠤᠨ ᠰᠤᠷᠬᠤ ᠬᠢᠴᠢᠶᠡᠯ ᠲᠣᠬᠢᠷᠠᠭᠤᠯᠬᠤ ᠶᠢᠨ ᠬᠠᠮᠲᠤ ᠰᠤᠷᠤᠯᠭ᠎ᠠ ᠶᠢᠨ ᠬᠤᠪᠢ ᠶᠢᠨ ᠬᠠᠮᠢᠶᠠᠷᠤᠯᠲᠠ ᠳᠤ ᠣᠷᠣᠭᠤᠯᠬᠤ ᠶᠢ ᠨᠢ ᠵᠣᠷᠢᠬᠵᠢᠭᠤᠯᠵᠤ᠂ ᠨᠥᠬᠦᠴᠡᠯ ᠲᠠᠢ ᠳᠤᠮᠳᠠᠳᠤ ᠰᠤᠷᠭᠠᠭᠤᠯᠢ ᠨᠢ ᠲᠦᠷᠭᠡᠨ ᠠᠪᠤᠷᠠᠯᠲᠠ ᠬᠢᠬᠦ ᠬᠥᠮᠦᠵᠢᠯ ᠢ ᠰᠤᠷᠭᠠᠭᠤᠯᠢ ᠶᠢᠨ ᠬᠢᠴᠢᠶᠠᠯ ᠤᠨ ᠲᠡᠪᠳᠡᠷ ᠲᠤ ᠪᠠᠨ ᠤᠷᠤᠭᠤᠯᠵᠦ ᠬᠢᠴᠢᠶᠡᠯᠯᠡᠨ᠎ᠡ᠃ ᠰᠤᠷᠭᠠᠭᠤᠯᠢ ᠶᠢᠨ ᠡᠮᠴᠢ᠂ ᠪᠡᠶ᠎ᠡ ᠶᠢᠨ ᠲᠠᠮᠢᠷ ᠬᠢᠭᠡᠳ ᠡᠷᠡᠭᠦᠯ ᠡᠩᠬᠡ ᠶᠢᠨ ᠬᠢᠴᠢᠶᠡᠯ ᠤᠨ ᠪᠠᠭᠰᠢ᠂ ᠠᠩᠭᠢ ᠶᠢᠨ ᠡᠷᠬᠢᠯᠡᠭᠴᠢ ᠵᠡᠷᠭᠡ ᠭᠤᠤᠯᠳᠠᠯᠭ᠎ᠠ ᠲᠠᠢ ᠪᠠᠭᠰᠢ ᠠᠵᠢᠯᠲᠠᠨ ᠠᠵᠢᠯᠴᠢᠳ ᠲᠤ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠬᠤ ᠪᠤᠯᠪᠠᠰᠤᠷᠠᠯ ᠥᠷᠨᠢᠭᠦᠯᠵᠦ᠂ 2030 ᠣᠨ ᠪᠣᠯᠬᠤ ᠳᠤ ᠦᠨᠡᠮᠯᠡᠯ ᠠᠪᠤᠭᠰᠠᠨ ᠬᠠᠷᠢᠴᠠᠯ ᠢ 30% ᠡᠴᠠ ᠳᠡᠭᠡᠭᠰᠢ ᠳᠤ ᠬᠦᠷᠦᠭᠦᠯᠦᠨ᠎ᠡ᠃ ᠪᠠᠭᠰᠢ ᠠᠵᠢᠯᠲᠠᠨ ᠠᠵᠢᠯᠴᠢᠳ ᠲᠤ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠲᠠᠯ᠎ᠠ ᠪᠠᠷ ᠬᠢ ᠪᠠᠭᠰᠢ ᠨᠠᠷ ᠤᠨ ᠪᠣᠯᠪᠠᠰᠤᠷᠠᠯ ᠦᠷᠨᠢᠬᠦᠯᠬᠦ ᠪᠠᠨ ᠴᠢᠩᠭᠠᠳᠬᠠᠨ᠂ ᠶᠡᠭᠡ ᠳᠡᠭᠡᠳᠦ ᠰᠤᠷᠭᠠᠭᠤᠯᠢ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠳᠤᠨ ᠤ ᠰᠤᠷᠭᠠᠭᠤᠯᠢ ᠳᠤ ᠠᠳᠠᠭ ᠲᠤ ᠪᠠᠨ 1 ᠲᠤᠰᠬᠠᠶ ︵ ᠬᠠᠪᠰᠤᠷᠭᠠᠭᠰᠠᠨ ︶ ᠲᠤᠰᠢᠶᠠᠯ ᠤᠨ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠠᠭᠰᠢ ᠲᠠᠢ ᠪᠤᠯᠭᠠᠬᠤ ᠪᠠᠷ ᠭᠦᠴᠦᠯᠡᠨ ᠴᠢᠷᠮᠠᠶᠢᠨ᠎ᠠ᠃ ᠲᠦᠷᠭᠡᠨ ᠠᠪᠤᠷᠠᠯᠲᠠ ᠶᠢᠨ ᠬᠥᠮᠦᠵᠢᠯ ᠤᠨ ᠲᠤᠷᠰᠢᠯᠲᠠ ᠶᠢᠨ ᠴᠡᠭ ᠤᠨ ᠰᠤᠷᠭᠠᠭᠤᠯᠢ᠂ ᠰᠢᠶᠠᠩ ᠪᠠᠯᠭᠠᠰᠤᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠭᠠᠵᠦ ᠠᠶᠤᠯ ᠡᠴᠠ ᠵᠠᠶᠢᠯᠠᠬᠤ ᠲᠠᠯᠠᠪᠤᠷ ᠭᠠᠵᠠᠷ ᠤᠨ ᠴᠡᠭ ᠲᠤᠨᠨᠳᠠᠭᠠᠨᠨᠰᠠᠨ ᠰᠤᠷᠭᠠᠭᠤᠯᠢ ᠶᠢᠨ ᠪᠦᠳᠦᠬᠡᠨ ᠪᠠᠶᠢᠭᠤᠯᠤᠯᠲᠠ ᠵᠡᠷᠭᠡ ᠲᠠᠢ ᠤᠶᠠᠯᠳᠤᠭᠤᠯᠤᠨ ᠡᠮᠴᠢᠯᠡᠭᠡᠨ ᠤ ᠲᠦᠷᠭᠡᠨ ᠠᠪᠤᠷᠠᠯᠳᠠ ᠬᠢᠬᠦ ᠲᠥᠬᠦᠭᠡᠷᠦᠮᠵᠢ ᠶᠢ ᠳᠣᠭᠢᠷᠠᠭᠤᠯᠵᠤ᠂ ᠤᠯᠠᠭᠠᠨ ᠵᠠᠭᠠᠯᠮᠠᠶᠢᠲᠠᠨ ᠤ ᠠᠮᠢ ᠨᠠᠰᠤᠨ ᠤ ᠠᠮᠤᠷ ᠲᠦᠪᠰᠢᠨ ᠢ ᠪᠡᠶᠡᠴᠢᠯᠡᠨ ᠣᠶᠢᠯᠠᠭᠠᠬᠤ ᠣᠷᠳᠣᠨ᠂ ᠲᠦᠭᠡᠮᠡᠯ ᠬᠠᠶᠢᠷ᠎ᠠ ᠶᠢᠨ ᠰᠤᠷᠭᠠᠭᠤᠯᠢ ᠶᠢᠨ ᠡᠮᠴᠢ ᠶᠢᠨ ᠲᠠᠰᠤᠭ ᠤᠨ ᠪᠦᠳᠦᠬᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠵᠣᠬᠢᠶᠠᠨ ᠪᠠᠶᠢᠭᠤᠯᠬᠤ ᠶᠢ ᠵᠣᠷᠢᠬᠵᠢᠭᠤᠯᠤᠨ ᠳᠠᠮᠵᠢᠵᠤ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠰᠣᠷᠢᠯᠲᠠ ᠦᠷᠨᠢᠭᠦᠯᠦᠨ᠂ ᠰᠤᠷᠭᠠᠭᠤᠯᠢ ᠶᠢᠨ ᠬᠦᠷᠢᠶᠡᠨ ᠤ ᠬᠢᠨ ᠤ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠴᠢᠳᠠᠪᠤᠷᠢ ᠶᠢ ᠲᠡᠬᠡᠭᠰᠢᠯᠡᠬᠦᠯᠦᠨ᠎ᠡ᠃ ︵ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ᠂ ᠲᠡᠷᠢᠬᠦᠨ ᠳᠤ ᠵᠢᠨᠨᠰᠠᠭᠠᠨᠨᠳ᠋ᠬᠠᠰᠠᠨ ᠨᠢ ᠲᠦᠷᠦᠭᠦᠯᠡᠨ ᠬᠢᠬᠦ ᠨᠢᠭᠡᠴᠢ ᠪᠣᠯᠤᠨ᠎ᠠ᠂ ᠳᠣᠷᠣᠭᠰᠢ ᠠᠳᠠᠯᠢ ︶

  2. ︽ ᠠᠪᠤᠷᠠᠯᠲᠠ ᠳᠡᠷᠭᠡᠳᠡ ᠴᠢᠨᠢ ᠵᠠᠮ ᠬᠠᠷᠢᠯᠴᠠᠭ᠎ᠠ ᠬᠠᠨᠢ ᠪᠤᠯᠤᠶ᠎ᠡ ︾ ᠬᠡᠭᠦ ᠠᠵᠢᠯᠯᠠᠭᠠᠨ᠃ ᠲᠦᠷᠢᠶᠡᠰᠦᠨ ᠮᠠᠰᠢᠨ ᠲᠡᠷᠭᠡ ᠵᠡᠷᠭᠡ ᠡᠵᠡᠩᠨᠡᠯᠲᠡ ᠶᠢᠨ ᠲᠡᠷᠭᠡ ᠬᠥᠰᠬᠡ ᠶᠢᠨ ᠵᠢᠯᠣᠭᠤᠴᠢ᠂ ᠠᠶᠠᠨᠴᠢᠳ ᠤᠨ ᠤᠷᠤᠰᠬᠠᠯ ᠶᠡᠭᠡᠳᠡᠢ ᠲᠡᠭᠡᠭᠡᠪᠦᠷᠢ ᠶᠢᠨ ᠲᠠᠯᠠᠪᠤᠷ ᠥᠷᠲᠡᠭᠡ ᠶᠢᠨ ᠠᠵᠢᠯᠲᠠᠨ ᠪᠠ ᠵᠠᠮ ᠬᠠᠷᠢᠯᠴᠠᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠩᠨᠡᠭᠡ ᠳᠤ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠣᠯᠪᠠᠰᠤᠷᠠᠯ ᠦᠷᠨᠢᠬᠦᠯᠬᠦ ᠡᠷᠴᠢᠮ ᠢᠶᠠᠨ ᠴᠢᠩᠭᠠᠷᠠᠭᠤᠯᠤᠨ᠂ ᠨᠢᠭᠡᠳᠦᠭᠡᠷ ᠹᠷᠣᠨᠲ ᠤᠨ ᠠᠵᠢᠯᠲᠠᠨ ᠪᠦᠬᠦᠨ ᠢ ᠬᠠᠮᠤᠷᠬᠤ ᠪᠠᠷ ᠭᠦᠴᠦᠯᠡᠨ ᠴᠢᠷᠮᠠᠶᠢᠵᠤ᠂ 2030 ᠤᠨ ᠪᠣᠯᠬᠤ ᠳᠤ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠤᠨᠨᠰᠠᠨ ᠨᠣᠷᠮ᠎ᠠ ᠶᠢ 30% ᠡᠴᠠ ᠳᠣᠣᠷ᠎ᠠ ᠦᠭᠡᠢ ᠪᠤᠯᠭᠠᠨ᠎ᠠ᠃ ᠵᠢᠯᠣᠭᠤᠴᠢ ᠶᠢᠨ ᠰᠤᠷᠭᠠᠭᠤᠯᠢ ᠨᠤᠭᠤᠳ ᠤᠨ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠠᠵᠢᠯ ᠢ ᠪᠣᠯᠪᠠᠰᠤᠷᠠᠯ ᠤᠨ ᠰᠢᠯᠭᠠᠬᠤ ᠠᠭᠤᠯᠭ᠎ᠠ ᠳᠤ ᠪᠠᠨ ᠣᠷᠣᠭᠤᠯᠬᠤ ᠶᠢ ᠨᠢ ᠵᠣᠷᠢᠬᠵᠢᠭᠤᠯᠵᠤ᠂ ᠰᠢᠨ᠎ᠡ ᠪᠠᠷ ᠵᠢᠯᠣᠭᠤᠴᠢ ᠶᠢᠨ ᠦᠨᠡᠮᠯᠡᠯ ᠭᠠᠷᠳᠠᠵᠦ ᠪᠠᠶᠢᠭ᠎ᠠ ᠬᠥᠮᠦᠰ ᠲᠤ ᠬᠠᠨᠳᠤᠭᠤᠯᠤᠨᠨᠰᠠᠨ ᠪᠣᠯᠪᠠᠰᠤᠷᠠᠯ ᠪᠦᠭᠦᠨ ᠳᠤ ᠬᠠᠮᠤᠷᠤᠭᠤᠯᠬᠤ ᠪᠠᠷ ᠭᠦᠴᠦᠯᠡᠨ ᠴᠢᠷᠮᠠᠶᠢᠨ᠎ᠠ᠃ ᠠᠶᠢᠮᠠᠭ ᠬᠤᠲᠠ ᠶᠢᠨ ᠪᠠᠶᠢᠭ᠎ᠠ ᠭᠠᠵᠠᠷ ᠤᠨ ᠭᠤᠣᠯ ᠪᠣᠯᠬᠤ ᠲᠦᠷᠭᠡᠨ ᠤ ᠲᠡᠮᠦᠷ ᠵᠠᠮ ᠤᠨ ᠥᠷᠲᠡᠭᠡ᠂ ᠠᠶᠠᠨᠴᠢᠳ ᠤᠨ ᠲᠡᠭᠡᠭᠡᠪᠦᠷᠢ ᠶᠢᠨ ᠭᠦᠢᠰᠦ᠂ ᠬᠤᠲᠠ ᠶᠢᠨ ᠵᠢᠮᠲᠦ ᠵᠠᠮ ᠬᠠᠷᠢᠯᠴᠠᠭ᠎ᠠ ᠵᠡᠷᠭᠡ ᠥᠷᠲᠡᠭᠡ ᠴᠡᠭ ᠲᠤ ᠡᠮᠴᠢᠯᠡᠭᠡᠨ ᠤ ᠲᠦᠷᠭᠡᠨ ᠠᠪᠤᠷᠠᠯᠲᠠ ᠬᠢᠬᠦ ᠲᠥᠬᠦᠭᠡᠷᠦᠮᠵᠢ ᠶᠢ ᠪᠦᠬᠦ ᠲᠠᠯ᠎ᠠ ᠪᠠᠷ ᠪᠠᠶᠢᠷᠢᠯᠠᠭᠤᠯᠬᠤ ᠶᠢᠨ ᠬᠠᠮᠲᠤ᠂ ᠬᠤᠰᠢᠭᠤ ᠰᠢᠶᠠᠨ ︵ ᠬᠤᠲᠠ᠂ ᠲᠣᠭᠤᠷᠢᠭ ︶ ᠳᠤ ᠠᠯᠬᠤᠮ ᠠᠯᠬᠤᠮ ᠢᠶᠠᠷ ᠲᠡᠯᠬᠡᠷᠡᠭᠦᠯᠦᠨ᠎ᠡ᠃ ᠵᠠᠮ ᠲᠡᠭᠡᠭᠡᠪᠦᠷᠢ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠵᠡᠷᠭᠡ ᠳᠤ ᠠᠵᠢᠯᠯᠬᠠᠰᠠᠳ ᠪᠠ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠩᠨᠡᠭᠡ ᠳᠤ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠰᠠᠶᠢᠨ ᠳᠤᠷ᠎ᠠ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ ᠴᠢᠬᠤᠯᠠ ᠶᠡᠭᠡ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠰᠠᠶᠢᠨ ᠳᠤᠷ᠎ᠠ ᠶᠢᠨ ᠦᠢᠯᠡᠴᠢᠯᠡᠭᠡ ᠳᠤ ᠢᠳᠡᠪᠬᠢᠲᠡᠢ ᠤᠷᠤᠯᠴᠠᠭᠤᠯᠤᠨ᠎ᠠ᠃ ︵ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠠᠭᠠᠷ ᠤᠨ ᠲᠡᠭᠡᠭᠡᠪᠦᠷᠢ ᠶᠢᠨ ᠥᠪᠥᠷ ᠮᠣᠩᠭᠤᠯ ᠳᠠᠬᠢ ᠠᠮᠤᠷ ᠲᠦᠪᠰᠢᠨ ᠦ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯᠲᠦ ᠺᠣᠮᠫᠠᠨᠢ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶ᠎ᠠ ᠶᠢᠨ ᠪᠦᠯᠦᠭᠯᠡᠯᠲᠦ ᠬᠢᠵᠠᠭᠠᠷᠲᠤ ᠺᠣᠮᠫᠠᠨᠢ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ ︶

  3. ︽ ᠠᠪᠤᠷᠠᠯᠲᠠ ᠳᠡᠷᠭᠡᠳᠡ ᠴᠢᠨᠢ ᠪᠠᠢᠢᠭᠤᠯᠭ᠎ᠠ ᠤᠷᠢᠳ ᠢᠶᠠᠷ ᠭᠦᠳᠡᠯᠦᠯᠴᠡᠶ᠎ᠡ ︾ ᠬᠡᠭᠦ ᠠᠵᠢᠯᠯᠠᠭᠠᠨ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ ᠲᠠᠢ ᠬᠠᠮᠳᠤᠷᠠᠯᠴᠠᠨ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠮᠡᠳᠡᠯᠭᠡ ᠶᠢ ᠠᠯᠪᠠᠲᠠᠨ ᠤ ᠠᠩᠬᠠᠨ ᠤ ᠲᠤᠰᠢᠶᠠᠯ ᠳᠤ ᠭᠠᠷᠬᠤ ᠪᠤᠯᠪᠠᠰᠤᠷᠠᠯ᠂ ᠨᠠᠮ ᠤᠨ ᠰᠤᠷᠭᠠᠭᠤᠯᠢ ︵ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ︶ ᠶᠢᠨ ᠺᠠᠳ᠋ᠷ ᠤᠨ ᠪᠤᠯᠪᠠᠰᠤᠷᠠᠯ᠂ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠭᠤᠤᠯ ᠴᠤᠨᠨᠴᠠᠲᠤ ᠠᠩᠭᠢ ᠤᠳᠠᠭ᠎ᠠ ᠶᠢᠨ ᠵᠢᠭᠠᠨ ᠰᠤᠷᠭᠠᠯᠲᠠ ᠪᠠ ᠰᠦᠯᠵᠢᠶᠡᠨ ᠤ ᠳᠡᠭᠡᠳᠦ ᠰᠤᠷᠭᠠᠭᠤᠯᠢ ᠶᠢᠨ ᠰᠤᠷᠤᠯᠴᠠᠬᠤ ᠠᠭᠤᠯᠭ᠎ᠠ ᠳᠤ ᠤᠷᠤᠭᠤᠯᠬᠤ ᠲᠠᠯ᠎ᠠ ᠪᠠᠷ ᠰᠦᠪᠡᠭᠴᠢᠯᠡᠯᠲᠡ ᠬᠢᠵᠦ᠂ ︽ ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ ︾ ᠥᠪᠥᠷ ᠮᠣᠩᠭᠤᠯ ᠤᠨ ᠲᠠᠪᠴᠠᠩ ᠳᠤ ᠳᠡᠯᠭᠡᠨ ᠦᠵᠡᠭᠦᠯᠵᠦ᠂ ᠪᠠᠶᠢᠭᠤᠯᠭ᠎ᠠ ᠶᠢᠨ ᠺᠠᠳ᠋ᠷᠴᠤᠳ ᠲᠤ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠮᠡᠳᠡᠯᠭᠡ ᠶᠢ ᠲᠦᠭᠡᠮᠡᠯᠵᠢᠭᠦᠯᠦᠨ᠂ ᠥᠪᠡᠷ ᠢ ᠪᠠᠨ ᠠᠪᠤᠷᠠᠬᠤ ᠪᠠ ᠦᠷᠦᠬᠡᠯ ᠪᠤᠰᠤᠳ ᠦᠨ ᠬᠤᠭᠤᠷᠤᠨᠳᠤ ᠪᠠᠨ ᠬᠠᠷᠢᠯᠴᠠᠨ ᠠᠪᠤᠷᠠᠬᠤ ᠮᠡᠷᠬᠡᠰᠢᠯ ᠢ ᠨᠢ ᠳᠡᠭᠡᠭᠰᠢᠯᠡᠭᠦᠯᠦᠨ᠎ᠡ᠃ ᠨᠠᠮ ᠵᠠᠰᠠᠭ ᠤᠨ ᠪᠠᠢᠢᠭᠤᠯᠭ᠎ᠠ᠂ ᠠᠵᠢᠯ ᠦᠢᠯᠡᠰ ᠤᠨ ᠨᠢᠭᠡᠴᠢ ᠨᠦᠭᠦᠳ ᠢ ᠵᠢᠯ ᠪᠦᠷᠢ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠤᠯᠪᠠᠰᠤᠷᠠᠯ ᠡᠷᠬᠢᠯᠡᠬᠦᠯᠬᠦ ᠪᠠᠷ ᠰᠠᠨᠠᠭᠠᠴᠢᠯᠠᠬᠤ ᠶᠢᠨ ᠬᠠᠮᠲᠤ᠂ ᠪᠤᠯᠪᠠᠰᠤᠷᠠᠯ ᠤᠨ ᠬᠠᠮᠤᠷᠬᠤ ᠬᠡᠪᠴᠢᠶ᠎ᠡ ᠶᠢ ᠠᠯᠬᠤᠮ ᠠᠯᠬᠤᠮ ᠢᠶᠠᠷ ᠦᠷᠬᠡᠳᠬᠡᠨ᠎ᠡ᠃ ︵ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠢᠢᠭᠤᠯᠭ᠎ᠠ ᠶᠢᠨ ᠠᠵᠢᠯ ᠤᠨ ᠬᠤᠷᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠠᠷᠢᠭᠤᠴᠠᠨ᠎ᠠ ︶

  4. ︽ ᠠᠪᠤᠷᠠᠯᠲᠠ ᠳᠡᠷᠭᠡᠳᠡ ᠴᠢᠨᠢ ᠦᠵᠡᠮᠵᠢ ᠶᠢᠨ ᠣᠷᠣᠨ ᠳᠤ ᠰᠠᠬᠢᠨ ᠬᠠᠮᠠᠭᠠᠯᠠᠶ᠎ᠠ ︾ ᠭᠡᠬᠦ ᠠᠵᠢᠯᠯᠠᠭᠠᠨ᠃ A ᠲᠠᠰ ᠤᠨ ᠦᠵᠡᠮᠵᠢ ᠶᠢᠨ ᠣᠷᠣᠨ ᠤ ᠠᠵᠢᠯᠲᠠᠨ᠂ ᠵᠢᠭᠤᠯᠴᠢᠯᠠᠯ ᠤᠨ ᠭᠠᠵᠠᠷ ᠤᠨ ᠵᠢᠭᠤᠯᠴᠢᠯᠠᠯ ᠤᠨ ᠬᠥᠲᠥᠴᠢ ᠳᠤ ᠬᠠᠨᠳᠤᠭᠤᠯᠵᠦ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠤᠯᠪᠠᠰᠤᠷᠠᠯ ᠦᠷᠨᠢᠬᠦᠯᠬᠦ ᠶᠢ ᠠᠬᠢᠭᠤᠯᠵᠤ᠂ ᠦᠵᠡᠮᠵᠢ ᠶᠢᠨ ᠣᠷᠣᠨ ᠤ ᠠᠵᠢᠯᠲᠠᠨ᠂ ᠵᠢᠭᠤᠯᠴᠢᠯᠠᠯ ᠤᠨ ᠭᠠᠵᠠᠷ ᠤᠨ ᠵᠢᠭᠤᠯᠴᠢᠯᠠᠯ ᠤᠨ ᠬᠥᠲᠥᠴᠢ ᠶᠢᠨ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠭᠠᠷᠳᠠᠬᠤ ᠬᠠᠷᠢᠴᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠠᠵᠢᠯᠯᠠᠭ᠎ᠠ ᠶᠢ ᠦᠵᠡᠮᠵᠢ ᠶᠢᠨ ᠣᠷᠣᠨ ᠳᠤ ᠣᠷᠣᠭᠤᠯᠬᠤ ᠶᠢ ᠠᠬᠢᠭᠤᠯᠵᠤ᠂ ᠪᠦᠬᠦ ᠣᠷᠣᠨ ᠤ 3A ᠳᠡᠰ ᠡᠴᠠ ᠳᠡᠭᠡᠭᠰᠢᠬᠢ ᠦᠵᠡᠮᠵᠢ ᠶᠢᠨ ᠣᠷᠣᠨ ᠪᠦᠭᠦᠨ ᠳᠤ AED ᠮᠠᠰᠢᠨ ᠲᠣᠬᠢᠷᠠᠭᠤᠯᠤᠨ ᠤᠨᠨᠰᠠᠷᠠᠬᠤ ᠶᠢ ᠪᠡᠶᠡᠯᠡᠬᠦᠯᠦᠨ᠂ ᠨᠥᠬᠦᠴᠡᠯ ᠲᠠᠢ 4A ᠲᠠᠰ ᠤᠨ ᠦᠵᠡᠮᠵᠢ ᠶᠢᠨ ᠣᠷᠣᠨ ᠳᠤ ᠤᠯᠠᠭᠠᠨ ᠵᠠᠭᠠᠯᠮᠠᠶᠢᠲᠠᠨ ᠤ ᠠᠪᠤᠷᠠᠯᠲᠠ ᠶᠢᠨ ᠥᠷᠳᠡᠭᠡ ᠪᠠᠶᠢᠭᠤᠯᠬᠤ ᠶᠢ ᠠᠬᠢᠭᠤᠯᠵᠤ᠂ 5A ᠲᠠᠰ ᠤᠨ ᠦᠵᠡᠮᠵᠢ ᠶᠢᠨ ᠣᠷᠣᠨ ᠪᠦᠭᠦᠨ ᠳᠤ ᠤᠯᠠᠭᠠᠨ ᠵᠠᠭᠠᠯᠮᠠᠶᠢᠲᠠᠨ ᠤ ᠠᠪᠤᠷᠠᠯᠲᠠ ᠶᠢᠨ ᠥᠷᠲᠡᠭᠡ ᠲᠠᠢ ᠪᠣᠯᠭᠠᠬᠤ ᠶᠢ ᠪᠡᠶᠡᠯᠡᠬᠦᠯᠦᠨ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠰᠠᠶᠢᠨ ᠲᠤᠷᠠᠴᠤᠳ ᠤᠨ ᠡᠩᠨᠡᠭᠡ ᠶᠢ ᠪᠦᠷᠢᠨᠰᠢᠭᠦᠯᠵᠦ᠂ ᠤᠰᠤᠨ ᠳᠤ ᠴᠠᠴᠠᠬᠤ ᠦᠵᠡᠭᠳᠡᠯ ᠠᠮᠠᠷᠬᠠᠨ ᠡᠭᠦᠰᠬᠦ ᠭᠤᠣᠯᠳᠠᠯᠭ᠎ᠠ ᠲᠠᠢ ᠣᠷᠣᠨ ᠪᠦᠰᠡ ᠳᠤ ᠤᠰᠤᠨ ᠳᠤ ᠴᠠᠴᠠᠬᠤ ᠶᠢ ᠪᠣᠯᠭᠤᠮᠵᠢᠯᠠᠨ ᠰᠡᠷᠭᠡᠶᠢᠯᠡᠬᠦ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢ ᠬᠡᠷᠡᠭᠵᠢᠬᠦᠯᠵᠦ᠂ ︽ ᠦᠵᠡᠮᠵᠢ ᠶᠢᠨ ᠣᠷᠣᠨ ᠤ ᠠᠪᠤᠷᠠᠯᠲᠠ ᠶᠢᠨ ᠥᠷᠲᠡᠭᠡ + ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠭᠤᠷᠢᠨ ︾ ᠤ ᠠᠵᠢᠯ ᠤᠨ ᠵᠠᠭᠪᠤᠷ ᠢ ᠢᠳᠡᠪᠬᠢᠲᠡᠢ ᠪᠤᠢ ᠪᠤᠯᠭᠠᠨ᠎ᠠ᠃︵ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠲᠤᠰ ᠲᠤᠰ ᠲᠦᠷᠦᠭᠦᠯᠡᠨ ᠬᠠᠷᠢᠭᠤᠴᠠᠨ᠎ᠠ ︶

  5. ︽ ᠠᠪᠤᠷᠠᠯᠲᠠ ᠳᠡᠷᠭᠡᠳᠡ ᠴᠢᠨᠢ ᠠᠶᠤᠯ ᠦᠭᠡᠢ ᠦᠢᠯᠡᠳᠪᠦᠷᠢᠯᠡᠶ᠎ᠡ ︾ ᠭᠡᠬᠦ ᠠᠵᠢᠯᠯᠠᠭᠠᠨ᠃ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠤᠯᠪᠠᠰᠤᠷᠠᠯ ᠢ ᠠᠭᠤᠷᠬᠠᠢ᠂ ᠡᠨᠧᠷᠭᠢ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠵᠢᠨ ᠠᠵᠢᠯᠲᠠᠳ ᠲᠡᠶᠢᠰᠢ ᠬᠡᠯᠪᠠᠶᠢᠯᠭᠡᠵᠦ᠂ ᠠᠶᠤᠯ ᠶᠡᠬᠡᠲᠡᠢ ᠪᠠ ᠭᠤᠣᠯᠳᠠᠯᠭ᠎ᠠ ᠲᠠᠢ ᠠᠵᠢᠯ ᠤᠨ ᠪᠠᠢᠢᠷᠢᠨ ᠳᠠᠬᠢ ᠠᠵᠢᠯᠯᠠᠭᠰᠠᠳ ᠤᠨ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠬᠤ ᠬᠠᠷᠢᠴᠠᠯ ᠢ ᠠᠯᠬᠤᠮ ᠠᠯᠬᠤᠮ ᠢᠶᠠᠷ ᠨᠡᠮᠡᠭᠳᠡᠭᠦᠯᠦᠨ᠎ᠡ᠃︽ ᠠᠶᠤᠯ ᠦᠭᠡᠢ ᠦᠢᠯᠡᠳᠪᠦᠷᠢᠯᠡᠯ ᠤᠨ ᠰᠠᠷ᠎ᠠ ︾ ᠵᠡᠷᠭᠡ ᠴᠠᠭ ᠬᠤᠭᠤᠴᠠᠭ᠎ᠠ ᠲᠠᠢ ᠤᠶᠠᠯᠳᠤᠭᠤᠯᠤᠨ ᠪᠤᠯᠪᠠᠰᠤᠷᠠᠯ ᠪᠠ ᠰᠣᠷᠢᠯᠲᠠ ᠥᠷᠨᠢᠭᠦᠯᠵᠦ᠂ ᠠᠵᠤ ᠠᠬᠤᠶᠢᠯᠠᠯ ᠤᠨ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠤᠬᠠᠮᠰᠠᠷ ᠵᠢᠴᠢ ᠥᠪᠡᠷ ᠢ ᠪᠠᠨ ᠠᠪᠤᠷᠠᠬᠤ ᠪᠠ ᠦᠷᠦᠬᠡᠯ ᠪᠤᠰᠤᠳ ᠦᠨ ᠬᠤᠭᠤᠷᠤᠨᠳᠤ ᠪᠠᠨ ᠬᠠᠷᠢᠯᠴᠠᠨ ᠠᠪᠤᠷᠠᠬᠤ ᠮᠡᠷᠬᠡᠰᠢᠯ ᠢ ᠨᠢ ᠳᠡᠭᠡᠭᠰᠢᠯᠡᠭᠦᠯᠦᠨ᠎ᠡ᠃ ︵ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠵᠢᠯᠴᠢᠨ ᠤ ᠶᠡᠷᠦᠩᠬᠡᠢ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠳᠠᠬᠢ ᠲᠣᠪᠴᠢᠶ᠎ᠠ ᠬᠠᠷᠢᠭᠤᠴᠠᠨ᠎ᠠ ︶

  6. ︽ ᠠᠪᠤᠷᠠᠯᠲᠠ ᠳᠡᠷᠭᠡᠳᠡ ᠴᠢᠨᠢ ᠪᠡᠶ᠎ᠡ ᠶᠢᠨ ᠲᠠᠮᠢᠷ ᠬᠠᠨᠢ ᠪᠤᠯᠤᠶ᠎ᠠ ︾ ᠭᠡᠬᠦ ᠠᠵᠢᠯᠯᠠᠭᠠᠨ᠃ ᠪᠡᠶ᠎ᠡ ᠶᠢᠨ ᠲᠠᠮᠢᠷ ᠤᠨ ᠲᠠᠯᠠᠪᠤᠷ ︵ ᠣᠷᠳᠣᠨ ︶ ᠲᠠᠬᠢ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠡᠯᠡᠳᠬᠡᠮᠵᠢ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠲᠡᠭᠦᠯᠳᠡᠷᠵᠢᠭᠦᠯᠵᠦ᠂ ᠲᠠᠯᠠᠪᠤᠷ ᠣᠷᠳᠣᠨ ᠤ ᠠᠵᠢᠯᠲᠠᠳ᠂ ᠲᠠᠮᠢᠷ ᠤᠨ ᠠᠩᠭᠢ ᠶᠢᠨ ᠰᠢᠯᠢᠳᠡᠭ ᠲᠠᠰᠬᠠᠯᠵᠢᠭᠤᠯᠤᠨᠨᠴᠢ ᠪᠠ ᠲᠠᠮᠢᠷᠴᠢᠨ ᠵᠢᠴᠢ ᠲᠤᠰᠠᠯᠠᠬᠤ ᠠᠵᠢᠯᠲᠠᠳ ᠲᠤ ᠬᠠᠨᠳᠤᠭᠤᠯᠵᠦ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠤᠯᠪᠠᠰᠤᠷᠠᠯ ᠦᠷᠨᠢᠬᠦᠯᠦᠨ᠂ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠬᠤ ᠬᠠᠷᠢᠴᠠᠯ ᠢ ᠦᠷᠭᠦᠯᠵᠢᠯᠡᠨ ᠳᠡᠬᠡᠭᠰᠢᠯᠡᠬᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠮᠡᠷᠬᠡᠰᠢᠯ ᠲᠠᠢ ᠲᠤᠰᠬᠠᠢ ᠮᠡᠷᠬᠡᠵᠢᠯ ᠤᠨ ᠰᠠᠶᠢᠨ ᠳᠤᠷᠠᠴᠤᠳ ᠢ ᠴᠢᠬᠤᠯᠠ ᠶᠡᠭᠡ ᠤᠷᠤᠯᠳᠤᠭᠠᠨ ᠪᠠ ᠠᠵᠢᠯᠯᠠᠭ᠎ᠠ ᠳᠠᠬᠢ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠲᠤᠰᠠᠯᠠᠮᠵᠢ ᠦᠢᠯᠡᠴᠢᠯᠡᠬᠡᠨ ᠤ ᠪᠠᠲᠤᠯᠠᠭ᠎ᠠ ᠶᠢᠨ ᠠᠵᠢᠯ ᠳᠤ ᠤᠷᠤᠯᠴᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠢᠢᠭᠤᠯᠤᠨ᠎ᠠ᠃ ︵ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭᠠᠨ ᠢ ᠠᠬᠢᠭᠤᠯᠬᠤ ᠵᠥᠪᠯᠡᠯ ᠤᠨ ᠠᠯᠪᠠᠨ ᠭᠡᠷ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ ︶

  7. ︽ ᠠᠪᠤᠷᠠᠯᠲᠠ ᠳᠡᠷᠭᠡᠳᠡ ᠴᠢᠨᠢ ᠰᠠᠶᠢᠨ ᠲᠤᠷ᠎ᠠ ᠶᠢᠨ ᠦᠢᠯᠡᠴᠢᠯᠡᠭᠡ ᠬᠠᠮᠳᠤ ᠠᠶᠠᠯᠠᠶ᠎ᠠ ︾ ᠭᠡᠬᠦ ᠠᠵᠢᠯᠯᠠᠭᠠᠨ᠃ ᠡᠷᠡᠭᠦᠯ ᠡᠩᠬᠡ ᠳᠤᠮᠳᠠᠳᠤ ᠤᠯᠤᠰ᠂ ᠡᠷᠡᠭᠦᠯ ᠡᠩᠬᠡ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠰᠠᠶᠢᠨ ᠳᠤᠷ᠎ᠠ ᠶᠢᠨ ᠦᠢᠯᠡᠴᠢᠯᠡᠭᠡ ᠶᠢ ᠠᠬᠢᠭᠤᠯᠵᠤ᠂ ᠴᠢᠬᠤᠯᠠ ᠪᠠᠶᠠᠷ ᠳᠤᠷᠠᠰᠬᠠᠯ ᠤᠨ ᠡᠳᠦᠷ ᠵᠡᠷᠭᠡ ᠲᠣᠬᠢᠶᠠᠯ ᠢ ᠠᠮᠵᠢᠭᠤᠯᠤᠨ᠂ ᠰᠢᠷᠢᠰ ᠭᠤᠤᠯ ᠰᠡᠳᠦᠪᠲᠦ ᠤᠬᠠᠭᠤᠯᠭ᠎ᠠ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠶᠢ ᠴᠤᠤᠷᠢᠶᠠᠳᠤᠨ ᠳᠠᠭᠠᠬᠤ ᠪᠠ ᠣᠯᠠᠨ ᠲᠦᠮᠡᠨ ᠤ ᠭᠡᠨᠡᠳᠲᠡ ᠶᠢᠨ ᠬᠡᠷᠡᠭ ᠢ ᠠᠷᠭᠠᠴᠠᠭᠠᠨ ᠰᠢᠢᠳᠪᠦᠷᠢᠯᠡᠵᠦ ᠥᠪᠡᠷ ᠢ ᠪᠠᠨ ᠠᠪᠤᠷᠠᠬᠤ ᠪᠠ ᠦᠷᠦᠬᠡᠯ ᠪᠤᠰᠤᠳ ᠦᠨ ᠬᠤᠭᠤᠷᠤᠨᠳᠤ ᠪᠠᠨ ᠬᠠᠷᠢᠯᠴᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠲᠠᠢ ᠬᠠᠮᠲᠤᠷᠠᠨ ︽ ᠠᠪᠤᠷᠠᠯᠲᠠ ᠳᠡᠷᠭᠡᠳᠡ ᠴᠢᠨᠢ ︾ ᠰᠠᠶᠢᠨ ᠳᠤᠷ᠎ᠠ ᠶᠢᠨ ᠦᠢᠯᠡᠴᠢᠯᠡᠭᠡᠨ ᠤ ᠨᠠᠷᠠᠲᠤ ᠲᠡᠮᠳᠡᠭ ᠢ ᠪᠣᠶ ᠪᠣᠯᠭᠠᠵᠤ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠤᠯᠪᠠᠰᠤᠷᠠᠯ ᠢ ︽ ᠪᠣᠯᠪᠠᠰᠤᠨ ᠰᠤᠷᠲᠠᠯ ᠢ ᠤᠯᠠᠮᠵᠢᠯᠠᠨ  ᠠᠮᠢ ᠨᠠᠰᠤ ᠶᠢ ᠬᠠᠮᠠᠭᠠᠯᠠᠰᠤᠭᠠᠢ ︾ ᠭᠤᠤᠯ ᠰᠡᠳᠦᠪᠲᠦ ᠠᠵᠢᠯᠯᠠᠭ᠎ᠠ ᠳᠤ ᠤᠷᠤᠭᠤᠯᠤᠨ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠬᠦ ᠳᠤ ᠨᠢ ᠲᠡᠮᠵᠢᠯᠬᠡ ᠦᠵᠡᠬᠦᠯᠦᠨ᠎ᠡ᠃︵ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠡᠷᠡᠭᠦᠯ ᠡᠩᠬᠡ ᠥᠪᠥᠷ ᠮᠣᠩᠭᠤᠯ ᠤᠨ ᠠᠵᠢᠯᠯᠠᠭᠠᠨ ᠢ ᠠᠬᠢᠭᠤᠯᠬᠤ ᠵᠥᠪᠯᠡᠯ ᠤᠨ ᠠᠯᠪᠠᠨ ᠭᠡᠷ ᠬᠠᠷᠢᠭᠤᠴᠠᠨ᠎ᠠ ︶

  8. ︽ ᠠᠪᠤᠷᠠᠯᠲᠠ ᠳᠡᠷᠭᠡᠳᠡ ᠴᠢᠨᠢ ᠨᠠᠰᠤᠳᠠᠨ ᠢ ᠠᠰᠠᠷᠠᠨ ᠬᠠᠷᠠᠭᠠᠯᠵᠠᠵᠦ ᠬᠠᠢᠢᠷᠠᠯᠠᠨ ᠬᠠᠮᠠᠭᠠᠯᠠᠶ᠎ᠠ ︾ ᠭᠡᠬᠦ ᠠᠵᠢᠯᠯᠠᠭᠠᠨ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠠᠵᠢᠯ ᠢ ᠭᠦᠨᠵᠡᠭᠡᠢ ᠠᠬᠢᠭᠤᠯᠵᠤ᠂ ᠡᠷᠡᠭᠦᠯᠵᠢᠯ ᠰᠤᠪᠢᠯᠠᠯᠲᠠ ᠶᠢᠨ ᠬᠤᠯᠪᠣᠭᠠᠲᠤ ᠴᠣᠭᠴᠠ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠣᠯᠪᠠᠰᠤᠷᠠᠯ ᠤᠨ ᠲᠠᠯᠠᠪᠤᠷ ᠭᠠᠵᠠᠷ ᠪᠠᠢᠢᠭᠤᠯᠤᠨ᠂ ᠨᠠᠰᠤᠲᠠᠨ ᠢ ᠠᠰᠠᠷᠠᠬᠤ ᠠᠰᠠᠷᠠᠨ ᠰᠤᠪᠢᠯᠬᠠᠴᠢᠳ ᠤᠨ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠬᠤ ᠬᠠᠷᠢᠴᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ ︶

  9. ︽ ᠠᠪᠤᠷᠠᠯᠲᠠ ᠳᠡᠷᠭᠡᠳᠡ ᠴᠢᠨᠢ ᠠᠪᠤᠷᠠᠨ ᠲᠤᠰᠠᠯᠠᠬᠤ ᠬᠤᠰᠢᠭᠤᠴᠢ ᠪᠤᠯᠤᠶ᠎ᠠ ︾ ᠭᠡᠬᠦ ᠠᠵᠢᠯᠯᠠᠭᠠᠨ᠃ ᠭᠠᠯ ᠲᠦᠢᠮᠡᠷ ᠰᠡᠷᠬᠡᠢᠢᠯᠡᠨ ᠤᠨᠲᠠᠷᠠᠭᠠᠵᠤ ᠠᠪᠤᠷᠠᠨ ᠲᠤᠰᠠᠯᠠᠬᠤ᠂ ᠣᠶ ᠰᠢᠭᠤᠶ ᠶᠢᠨ ᠭᠠᠯ ᠲᠦᠢᠮᠡᠷ ᠰᠡᠷᠬᠡᠢᠢᠯᠡᠨ ᠤᠨᠲᠠᠷᠠᠭᠠᠵᠤ ᠠᠪᠤᠷᠠᠨ ᠲᠤᠰᠠᠯᠠᠬᠤ᠂ ᠠᠭᠤᠷᠬᠠᠶ ᠶᠢᠨ ᠠᠪᠤᠷᠠᠨ ᠲᠤᠰᠠᠯᠠᠬᠤ ᠬᠦᠴᠦᠨ ᠳᠤ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠤᠯᠪᠠᠰᠤᠷᠠᠯ ᠦᠷᠨᠢᠬᠦᠯᠬᠦ ᠪᠠᠨ ᠴᠢᠩᠭᠠᠳᠬᠠᠵᠤ᠂ 2030 ᠤᠨ ᠪᠣᠯᠬᠤ ᠳᠤ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠤᠭᠰᠠᠨ ᠬᠠᠷᠢᠴᠠᠯ ᠢ 80% ᠡᠴᠠ ᠳᠣᠤᠷ᠎ᠠ ᠦᠭᠡᠶ ᠪᠠᠶᠢᠯᠭᠠᠨ᠂ ᠨᠥᠬᠦᠴᠡᠯ ᠲᠠᠢ ᠨᠡᠶᠢᠭᠡᠮ ᠤᠨ ᠠᠪᠤᠷᠠᠨ ᠲᠤᠰᠠᠯᠠᠬᠤ ᠬᠦᠴᠦᠨ ᠤ ᠬᠢᠨ ᠤ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠬᠤ ᠬᠠᠷᠢᠴᠠᠯ ᠢ ᠠᠯᠬᠤᠮ ᠠᠯᠬᠤᠮ ᠢᠶᠠᠷ ᠨᠡᠮᠡᠭᠳᠡᠭᠦᠯᠦᠨ᠎ᠡ᠃ ᠠᠪᠤᠷᠠᠨ ᠲᠤᠰᠠᠯᠠᠬᠤ ᠠᠩᠭᠢ ᠶᠢᠨ ᠭᠡᠰᠢᠭᠦᠳ ᠤᠨ ᠲᠤᠳᠤᠷ᠎ᠠ ᠨᠢᠭᠡ ᠪᠦᠯᠦᠭ ᠠᠪᠤᠷᠠᠨ ᠲᠤᠰᠠᠯᠠᠬᠤ ᠪᠠᠭᠰᠢ ᠨᠠᠷ ᠢ ᠬᠥᠮᠦᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠠᠩᠬᠢ ᠶᠢᠨ ᠦᠪᠡᠷ ᠢ ᠪᠠᠨ ᠦᠪᠡᠰᠦᠪᠡᠨ ᠪᠣᠯᠪᠠᠰᠤᠷᠠᠭᠤᠯᠬᠤ ᠴᠢᠳᠠᠪᠤᠷᠢ ᠶᠢ ᠨᠢ ᠨᠡᠮᠡᠭᠳᠡᠬᠦᠯᠦᠨ᠎ᠡ᠃︵ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠥᠪᠥᠷ ᠮᠣᠩᠭᠤᠯ ᠤᠨ ᠭᠠᠯ ᠲᠦᠢᠮᠡᠷ ᠰᠡᠷᠬᠡᠢᠢᠯᠡᠨ ᠤᠨᠳᠠᠷᠠᠭᠠᠵᠦ ᠠᠪᠤᠷᠠᠨ ᠲᠤᠰᠠᠯᠠᠬᠤ ᠶᠡᠷᠦᠩᠬᠡᠶ ᠠᠩᠭᠢ᠂ ᠥᠪᠥᠷ ᠮᠣᠩᠭᠤᠯ ᠤᠨ ᠣᠶ ᠰᠢᠭᠤᠶ ᠶᠢᠨ ᠭᠠᠯ ᠲᠦᠢᠮᠡᠷ ᠰᠡᠷᠬᠡᠢᠢᠯᠡᠨ ᠤᠨᠲᠠᠷᠠᠭᠠᠬᠤ ᠶᠡᠷᠦᠩᠬᠡᠶ ᠠᠩᠭᠢ᠂ ᠤᠯᠤᠰ ᠤᠨ ᠠᠭᠤᠷᠬᠠᠶ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠳᠠᠬᠢ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ ︶

  10. ︽ ᠠᠪᠤᠷᠠᠯᠲᠠ ᠳᠡᠷᠭᠡᠳᠡ ᠴᠢᠨᠢ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠶ᠎ᠠ ︾ ᠭᠡᠬᠦ ᠠᠵᠢᠯᠯᠠᠭᠠᠨ᠃ ᠬᠢᠯᠢ ᠶᠢᠨ ᠬᠤᠰᠢᠭᠤ ᠬᠤᠲᠠ ᠳᠤ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠠᠵᠢᠯ ᠢ ᠲᠦᠬᠡᠮᠡᠯᠵᠢᠬᠦᠯᠬᠦ ᠪᠣᠯᠪᠠᠰᠤᠷᠠᠯ ᠢ ᠥᠷᠭᠡᠨ ᠢᠶᠠᠷ ᠥᠷᠨᠢᠭᠦᠯᠵᠦ᠂ ᠬᠢᠯᠢ ᠶᠢᠨ ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠶᠢᠨ ᠺᠠᠳ᠋ᠷ ᠴᠠᠭᠳᠠᠭ᠎ᠠ᠂ ᠬᠢᠯᠢ ᠬᠠᠮᠠᠭᠠᠯᠬᠠᠴᠢ᠂ ᠪᠠᠬᠢᠯᠡᠯᠲᠡᠲᠦ ᠡᠷᠦᠬᠡ ᠨᠦᠭᠦᠳ ᠤᠨ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠦᠨᠡᠮᠯᠡᠯ ᠠᠪᠬᠤ ᠬᠠᠷᠢᠴᠠᠯ ᠢ ᠭᠤᠣᠯᠳᠠᠯᠭ᠎ᠠ ᠲᠠᠢ ᠲᠡᠬᠡᠭᠰᠢᠯᠡᠬᠦᠯᠦᠨ᠎ᠡ᠃ ᠬᠢᠯᠢ ᠶᠢᠨ ᠬᠤᠰᠢᠭᠤ ᠬᠤᠲᠠ ᠳᠠᠬᠢ ᠲᠦᠷᠭᠡᠨ ᠠᠪᠤᠷᠠᠯᠲᠠ ᠶᠢᠨ ᠬᠠᠶᠢᠷᠴᠠᠭ ︵ ᠪᠣᠭᠴᠣ ︶᠂ AED ᠮᠠᠰᠢᠨ ᠤ ᠬᠠᠮᠤᠷᠬᠤ ᠨᠣᠷᠮ᠎ᠠ ᠶᠢ ᠳᠡᠭᠡᠭᠰᠢᠯᠡᠭᠦᠯᠦᠨ᠎ᠡ᠃ ︵ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ ︶

  ︵ ᠬᠤᠶᠠᠷ ︶ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠠᠭᠰᠢ ᠨᠠᠷ ᠤᠨ ᠡᠩᠨᠡᠭᠡᠨ ᠤ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠨ᠎ᠠ᠃

  1.  ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠲᠤᠰᠬᠠᠶ ᠲᠤᠰᠢᠶᠠᠯᠲᠤ ᠪᠠᠭᠰᠢ ᠨᠠᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠲᠤᠰᠬᠠᠶ ᠲᠤᠰᠢᠶᠠᠯᠲᠤ ᠪᠠᠭᠰᠢ ᠨᠠᠷ ᠤᠨ ᠡᠩᠨᠡᠭᠡ ᠶᠢ ᠪᠤᠶᠢᠵᠢᠭᠤᠯᠬᠤ ᠪᠠᠨ ᠴᠢᠩᠭᠠᠷᠠᠭᠤᠯᠤᠨ᠂ ᠠᠶᠢᠮᠠᠭ ᠬᠤᠲᠠ ᠶᠢᠨ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠦᠷᠢ ᠳᠤ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠲᠤᠰᠬᠠᠶ ᠲᠤᠰᠢᠶᠠᠯᠲᠤ ᠪᠠᠭᠰᠢ ᠶᠢ ᠠᠳᠠᠭ ᠲᠤ ᠪᠠᠨ 3 ᠪᠠᠢᠢᠯᠭᠠᠵᠦ᠂ ᠬᠤᠰᠢᠭᠤ ᠰᠢᠶᠠᠨ ᠤ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠦᠷᠢ ᠳᠤ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠲᠤᠰᠬᠠᠶ ᠲᠤᠰᠢᠶᠠᠯᠲᠤ ᠪᠠᠭᠰᠢ ᠶᠢ ᠠᠳᠠᠭ ᠲᠤ ᠪᠠᠨ 2 ᠪᠠᠢᠢᠯᠭᠠᠬᠤ ᠶᠢ ᠪᠡᠶᠡᠯᠡᠭᠦᠯᠦᠨ᠎ᠡ᠃ ︵ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ ︶

  2.  ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠲᠤᠰᠢᠶᠠᠯ ᠬᠠᠪᠰᠤᠷᠭᠠᠭᠰᠠᠨ ᠪᠠᠭᠰᠢ ᠨᠠᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠡᠩ ᠲᠡᠷᠢᠭᠦᠨ ᠳᠤ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠭᠤᠤᠯᠳᠠᠯᠭ᠎ᠠ ᠲᠠᠢ ᠰᠠᠯᠠᠭ᠎ᠠ ᠮᠥᠴᠢᠷ ᠤᠳ ᠤᠨ ᠲᠤᠰᠬᠠᠶ ᠮᠡᠷᠭᠡᠵᠢᠯ ᠤᠨ ᠠᠵᠢᠯᠲᠠᠳ ᠤᠨ ᠳᠣᠲᠣᠷ᠎ᠠ ᠡᠴᠠ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠲᠤᠰᠢᠶᠠᠯ ᠬᠠᠪᠰᠤᠷᠭᠠᠭᠰᠠᠨ ᠪᠠᠭᠰᠢ ᠶᠢ ᠬᠥᠮᠦᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠲᠤᠰᠢᠶᠠᠯ ᠬᠠᠪᠰᠤᠷᠭᠠᠭᠰᠠᠨ ᠪᠠᠭᠰᠢ ᠨᠠᠷ ᠤᠨ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠣᠯᠪᠠᠰᠤᠷᠠᠯ ᠳᠤ ᠣᠷᠣᠯᠴᠠᠬᠤ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠪᠠᠭᠰᠢ ᠨᠠᠷ ᠤᠨ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠲᠤᠰᠢᠶᠠᠯ ᠬᠠᠪᠰᠤᠷᠭᠠᠭᠰᠠᠨ ᠪᠠᠭᠰᠢ ᠨᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ︵ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ ︶

  3.  ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠠᠭᠰᠢ ᠨᠠᠷ ᠤᠨ ᠡᠩᠨᠡᠭᠡᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠠᠭᠰᠢ ᠨᠠᠷ ᠤᠨ ᠡᠩᠨᠡᠭᠡᠨ ᠳᠤ ᠤᠷᠤᠭᠤᠯᠬᠤ ᠶᠢ ᠵᠥᠪᠰᠢᠶᠡᠷᠡᠬᠦ ᠬᠢᠭᠡᠳ ᠡᠩᠨᠡᠭᠡᠨ ᠡᠴᠠ ᠪᠤᠴᠠᠭᠠᠨ ᠭᠠᠷᠭᠠᠬᠤ᠂ ᠤᠷᠮᠠᠰᠢᠭᠤᠯᠬᠤ ᠬᠢᠭᠡᠳ ᠰᠢᠯᠭᠠᠨ ᠬᠢᠨᠠᠬᠤ ᠵᠡᠷᠭᠡ ᠬᠠᠮᠢᠶ᠎ᠠ ᠪᠦᠬᠦᠢ ᠳᠦᠷᠢᠮ ᠤᠳ ᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃ ᠪᠠᠭᠰᠢ ᠶᠢᠨ ᠬᠢᠷᠢ ᠭᠡᠮ ᠢ ᠵᠡᠷᠭᠡ ᠳᠡᠰ ᠬᠤᠪᠢᠶᠠᠬᠤ ᠪᠤᠶᠤ ᠤᠳᠤᠨ ᠲᠡᠰ ᠰᠢᠯᠭᠠᠷᠠᠭᠤᠯᠵᠦ ᠦᠨᠡᠯᠡᠨ ᠬᠠᠮᠢᠶᠠᠷᠬᠤ᠂ ᠨᠡᠷᠡᠲᠦ ᠪᠠᠭᠰᠢ ᠶᠢᠨ ᠠᠵᠢᠯᠯᠠᠬᠤ ᠲᠠᠰᠤᠭ ᠪᠠᠶᠢᠭᠤᠯᠬᠤ᠂ ᠮᠡᠷᠭᠡᠰᠢᠯ ᠴᠢᠳᠠᠪᠤᠷᠢ ᠶᠢᠨ ᠤᠷᠤᠯᠳᠤᠭᠠᠨ ᠥᠷᠨᠢᠭᠦᠯᠬᠦ ᠵᠡᠷᠭᠡ ᠠᠷᠭ᠎ᠠ ᠮᠠᠶ᠋ᠢᠭ ᠢ ᠢᠳᠡᠪᠬᠢᠲᠡᠶ ᠰᠦᠪᠡᠭᠴᠢᠯᠡᠨ᠂ ᠪᠠᠭᠰᠢ ᠨᠠᠷ ᠤᠨ ᠴᠢᠳᠠᠪᠤᠷᠢ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃︵ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠠᠵᠢᠯᠴᠢᠨ ᠤ ᠶᠡᠷᠦᠩᠬᠡᠶ ᠡᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ ︶

  ︵ ᠭᠤᠷᠪᠠ ︶ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠵᠢᠭᠰᠠᠭᠠᠯ ᠤᠨ ᠭᠠᠵᠠᠷ ᠤᠨ ᠪᠦᠳᠦᠬᠡᠨ ᠪᠠᠶᠢᠭᠤᠯᠤᠯᠲᠠ ᠬᠢᠭᠡᠳ ᠪᠣᠯᠪᠠᠰᠤᠷᠠᠯ ᠤᠨ ᠬᠠᠮᠢᠶᠠᠷᠤᠯᠲᠠ ᠶᠢ ᠴᠢᠩᠭᠠᠳᠬᠠᠨ᠎ᠠ᠃

  1.  ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠣᠯᠪᠠᠰᠤᠷᠠᠯ ᠤᠨ ᠵᠢᠭᠰᠠᠭᠠᠯ ᠤᠨ ᠭᠠᠵᠠᠷ ᠤᠨ ᠪᠦᠳᠦᠬᠡᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠨᠢᠭᠡ ᠪᠦᠯᠦᠭ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠣᠯᠪᠠᠰᠤᠷᠠᠯ ᠤᠨ ᠰᠠᠭᠤᠷᠢᠨ᠂ ᠠᠮᠢ ᠨᠠᠰᠤᠨ ᠤ ᠠᠮᠤᠷ ᠲᠦᠪᠰᠢᠨ ᠢ ᠪᠡᠶᠡᠴᠢᠯᠡᠨ ᠣᠶᠢᠯᠠᠭᠠᠬᠤ ᠣᠷᠳᠣᠨ ︵ ᠪᠡᠶᠡᠴᠢᠯᠡᠨ ᠣᠶᠢᠯᠠᠭᠠᠬᠤ ᠬᠢᠴᠢᠶᠡᠯ ᠤᠨ ᠭᠡᠷ ︶ ᠢ ᠪᠠᠶᠢᠭᠤᠯᠵᠤ᠂ 2030 ᠣᠨ ᠪᠣᠯᠬᠤ ᠳᠤ ᠬᠤᠰᠢᠭᠤ ᠰᠢᠶᠠᠨ ︵ ᠬᠤᠲᠠ᠂ ᠲᠣᠭᠤᠷᠢᠭ ︶ ᠪᠦᠷᠢ ᠳᠤ ᠠᠮᠢ ᠨᠠᠰᠤᠨ ᠤ ᠠᠮᠤᠷ ᠲᠦᠪᠰᠢᠨ ᠢ ᠪᠡᠶᠡᠴᠢᠯᠡᠨ ᠣᠶᠢᠯᠠᠭᠠᠬᠤ ᠣᠷᠳᠣᠨ ︵ ᠪᠡᠶᠡᠴᠢᠯᠡᠨ ᠣᠶᠢᠯᠠᠭᠠᠬᠤ ᠬᠢᠴᠢᠶᠡᠯ ᠤᠨ ᠭᠡᠷ ︶ ᠢ ᠠᠳᠠᠭ ᠲᠤ ᠪᠠᠨ 1 ᠭᠠᠷᠭᠠᠬᠤ ᠪᠠᠷ ᠴᠢᠷᠮᠠᠶᠢᠨ᠎ᠠ᠃ ᠬᠤᠰᠢᠭᠤ ᠰᠢᠶᠠᠨ ︵ ᠬᠤᠲᠠ᠂ ᠲᠣᠭᠤᠷᠢᠭ ︶ ᠤ ᠨᠢᠭᠡᠨᠲᠡ ᠪᠠᠶᠢᠭ᠎ᠠ ᠪᠣᠯᠪᠠᠰᠤᠷᠠᠯ ᠤᠨ ᠵᠢᠭᠰᠠᠭᠠᠯ ᠤᠨ ᠭᠠᠵᠠᠷ ᠢ ᠲᠦᠪᠯᠡᠷᠡᠬᠦᠯᠦᠨ ᠵᠢᠭᠠᠨ ᠰᠤᠷᠭᠠᠬᠤ᠂ ᠪᠣᠯᠪᠠᠰᠤᠷᠠᠯ ᠬᠢᠬᠦ᠂ ᠮᠡᠳᠡᠯᠭᠡ ᠲᠦᠭᠡᠮᠡᠯᠵᠢᠭᠦᠯᠬᠦ ᠪᠠ ᠪᠡᠶᠡᠴᠢᠯᠡᠨ ᠣᠶᠢᠯᠠᠭᠠᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠰᠠᠭᠤᠷᠢᠨ ᠲᠡᠶᠢᠰᠢ ᠠᠯᠬᠤᠮ ᠠᠯᠬᠤᠮ ᠢᠶᠠᠷ ᠬᠦᠭᠵᠢᠭᠦᠯᠦᠨ ᠦᠷᠬᠡᠳᠬᠡᠨ᠎ᠡ᠃ ᠨᠥᠬᠦᠴᠡᠯ ᠲᠠᠢ ᠰᠤᠮᠤ ᠰᠢᠶᠠᠩ ᠪᠠᠯᠭᠠᠰᠤ ︵ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︶ ᠨᠢ ᠣᠳᠣ ᠵᠢᠨ ᠪᠠᠶᠢᠭ᠎ᠠ ᠲᠠᠯᠠᠪᠤᠷ ᠭᠠᠵᠠᠷ ᠢᠶᠠᠨ ᠠᠰᠢᠬᠯᠠᠨ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨ ᠤ ᠬᠠᠮᠢᠶ᠎ᠠ ᠪᠦᠬᠦᠢ ᠪᠣᠯᠪᠠᠰᠤᠷᠠᠯ ᠥᠷᠨᠢᠭᠦᠯᠬᠦ ᠳᠤ ᠲᠡᠮᠵᠢᠯᠬᠡ ᠦᠵᠡᠬᠦᠯᠦᠨ᠎ᠡ᠃︵ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠤᠷᠭᠠᠨ ᠬᠥᠮᠦᠵᠢᠯ ᠤᠨ ᠲᠢᠩᠬᠢᠮ ᠬᠠᠷᠢᠭᠤᠴᠠᠨ᠎ᠠ ︶

  2.  ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠲᠦᠷᠭᠡᠳᠬᠡᠨ ᠪᠠᠶᠢᠭᠤᠯᠤᠨ᠎ᠠ᠃ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠠᠶᠠᠨᠴᠢᠳ ᠤᠨ ᠲᠡᠭᠡᠭᠡᠪᠦᠷᠢ ᠶᠢᠨ ᠵᠠᠮ ᠬᠠᠷᠢᠯᠴᠠᠭᠠᠨ ᠤ ᠬᠦᠢᠰᠦ ᠪᠤᠶᠤ ᠦᠢᠯᠡᠴᠢᠯᠡᠭᠡᠨ ᠤ ᠲᠠᠯᠠᠪᠤᠷ ᠥᠷᠲᠡᠭᠡ ᠵᠡᠷᠭᠡ ᠳᠤ ᠠᠪᠤᠷᠠᠯᠲᠠ ᠶᠢᠨ ᠥᠷᠲᠡᠭᠡ ᠪᠠᠶᠢᠭᠤᠯᠵᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠨᠤᠭᠤᠳ ᠲᠤ ᠨᠡᠶᠢᠳᠡᠮ ᠲᠦᠷᠭᠡᠨ ᠠᠪᠤᠷᠠᠯᠲᠠ ᠶᠢᠨ ᠬᠠᠶᠢᠷᠴᠠᠭ ᠢ ᠪᠡᠯᠡᠳᠬᠡᠨ ᠲᠣᠬᠢᠷᠠᠭᠤᠯᠤᠨ᠎ᠠ᠃ ᠰᠤᠷᠭᠠᠭᠤᠯᠢ ᠨᠤᠭᠤᠳ ᠨᠢ ᠭᠦᠢᠴᠡᠳ ᠬᠡᠮᠵᠢᠶᠡᠨ ᠤ ᠪᠣᠳᠠᠲᠤ ᠬᠡᠷᠡᠭᠴᠡᠭᠡ ᠲᠠᠢ ᠲᠦᠷᠭᠡᠨ ᠠᠪᠤᠷᠠᠯᠲᠠ ᠶᠢᠨ ᠬᠠᠶᠢᠷᠴᠠᠭ ᠢ ᠪᠡᠯᠡᠳᠬᠡᠨ ᠲᠣᠬᠢᠷᠠᠭᠤᠯᠵᠤ᠂ ᠨᠥᠬᠦᠴᠡᠯ ᠲᠠᠢ ᠰᠤᠷᠭᠠᠭᠤᠯᠢ ᠨᠢ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠶᠢ ᠨᠢᠭᠡ ᠴᠣᠭᠴᠠᠵᠢᠭᠤᠯᠤᠭᠰᠠᠨ ᠮᠠᠰᠢᠨ ᠵᠡᠷᠭᠡ ᠲᠦᠷᠭᠡᠨ ᠠᠪᠤᠷᠠᠯᠲᠠ ᠶᠢᠨ ᠲᠥᠬᠦᠭᠡᠷᠦᠮᠵᠢ ᠪᠡᠯᠡᠳᠬᠡᠨ ᠲᠣᠬᠢᠷᠠᠭᠤᠯᠵᠤ᠂ ᠲᠦᠭᠡᠮᠡᠯ ᠬᠠᠶᠢᠷ᠎ᠠ ᠶᠢᠨ ᠰᠤᠷᠭᠠᠭᠤᠯᠢ ᠶᠢᠨ ᠡᠮᠴᠢ ᠶᠢᠨ ᠲᠠᠰᠤᠭ ᠤᠨ ᠪᠦᠳᠦᠬᠡᠨ ᠪᠠᠶᠢᠭᠤᠯᠤᠯᠲᠠ ᠶᠢ ᠠᠬᠢᠭᠤᠯᠤᠨ᠎ᠠ᠃︵ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ ︶

  3.  ᠬᠦᠮᠦᠨ ᠬᠠᠷ᠎ᠠ ᠤᠯᠠᠨᠲᠠᠢ ᠣᠯᠠᠨ ᠨᠡᠶᠢᠲᠡ ᠶᠢᠨ ᠲᠠᠯᠠᠪᠤᠷ ᠭᠠᠵᠠᠷ ᠲᠤ AED ᠮᠠᠰᠢᠨ ᠲᠤᠭᠢᠷᠠᠭᠤᠯᠤᠨ ᠪᠠᠶᠢᠷᠢᠯᠠᠭᠤᠯᠬᠤ ᠶᠢ ᠠᠬᠢᠭᠤᠯᠤᠨ᠎ᠠ᠃ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠢᠰᠬᠡᠯ ᠤᠨ ᠪᠠᠭᠤᠳᠠᠯ᠂ ᠲᠡᠷᠭᠡᠨ ᠥᠷᠲᠡᠭᠡ᠂ ᠭᠠᠵᠠᠷ ᠳᠣᠤᠷᠠᠬᠢ ᠲᠡᠮᠦᠷ ᠵᠠᠮ ᠤᠨ ᠥᠷᠲᠡᠭᠡ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠵᠠᠰᠠᠭ ᠵᠠᠬᠢᠷᠭᠠᠨ ᠤ ᠲᠥᠪ᠂ ᠲᠣᠮᠣ ᠬᠡᠯᠪᠡᠷᠢ ᠶᠢᠨ ᠬᠤᠳᠠᠯᠳᠤᠭᠠᠨ ᠤ ᠭᠠᠵᠠᠷ ᠬᠡᠲᠦ ᠳᠡᠯᠭᠡᠭᠦᠷ ᠵᠡᠷᠭᠡ ᠬᠥᠮᠥᠨ ᠬᠠᠷ᠎ᠠ ᠤᠯᠠᠨᠳᠠᠢ ᠣᠯᠠᠨ ᠨᠡᠶᠢᠲᠡ ᠶᠢᠨ ᠲᠠᠯᠠᠪᠤᠷ ᠭᠠᠵᠠᠷ ᠲᠤ AED ᠮᠠᠰᠢᠨ ᠤᠨᠨᠰᠠᠷᠠᠨ ᠲᠣᠬᠢᠷᠠᠭᠤᠯᠵᠤ᠂ ᠨᠥᠬᠦᠴᠡᠯ ᠲᠠᠢ ᠲᠦᠷᠭᠡᠨ ᠠᠪᠤᠷᠠᠬᠤ ᠬᠥᠮᠦᠵᠢᠯ ᠤᠨ ᠲᠤᠷᠰᠢᠯᠲᠠ ᠶᠢᠨ ᠴᠡᠭ ᠤᠨ ᠰᠤᠷᠭᠠᠭᠤᠯᠢ ᠳᠤ ᠠᠯᠬᠤᠮ ᠠᠯᠬᠤᠮ ᠢᠶᠠᠷ ᠤᠨᠨᠰᠠᠷᠠᠨ ᠲᠣᠬᠢᠷᠠᠭᠤᠯᠬᠤ ᠶᠢ ᠵᠣᠷᠢᠬᠵᠢᠭᠤᠯᠤᠨ᠎ᠠ᠃ AED ᠮᠠᠰᠢᠨ ᠤᠨᠨᠰᠠᠷᠠᠨ ᠲᠤᠬᠢᠷᠠᠭᠤᠯᠤᠨᠨᠰᠠᠨ ᠨᠢᠭᠡᠴᠢ ᠨᠢ ᠬᠠᠮᠠᠭᠠᠯᠠᠵᠤ ᠬᠠᠮᠢᠶᠠᠷᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ AED ᠮᠠᠰᠢᠨ ᠤ ᠬᠡᠷᠡᠭᠯᠡᠵᠦ ᠪᠣᠯᠬᠤ ᠪᠠ ᠬᠡᠷᠡᠭᠴᠡᠭᠡ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠳᠡᠢ᠃ AED ᠮᠠᠰᠢᠨ ᠢ ᠬᠡᠷᠡᠭᠯᠡᠬᠦ ᠪᠣᠯᠪᠠᠰᠤᠷᠠᠯ ᠢ ᠰᠠᠶᠢᠲᠤᠷ ᠠᠳᠬᠤᠵᠤ᠂ ᠠᠳᠠᠭ ᠲᠤ ᠪᠠᠨ 1᠄ 10 ᠬᠠᠷᠢᠴᠠᠯ ᠵᠢᠨᠷ ᠦᠨᠡᠮᠯᠡᠯ ᠲᠠᠢ ᠠᠪᠤᠷᠠᠯᠲᠠ ᠬᠢᠭᠴᠢ ᠶᠢ ᠪᠣᠯᠪᠠᠰᠤᠷᠠᠭᠤᠯᠤᠨ᠎ᠠ᠃ ︵ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠲᠦᠷᠦᠭᠦᠯᠡᠨ ᠬᠠᠷᠢᠭᠤᠴᠠᠨ᠎ᠠ ︶

  4.  ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠣᠯᠪᠠᠰᠤᠷᠠᠯ ᠪᠠ ᠬᠠᠮᠢᠶᠠᠷᠤᠯᠲᠠ ᠶᠢᠨ ᠬᠡᠪ ᠵᠠᠭᠪᠤᠷ ᠢ ᠵᠢᠷᠤᠮᠵᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠣᠯᠪᠠᠰᠤᠷᠠᠯ ᠢ ᠪᠠᠷᠢᠮᠵᠢᠶᠠᠵᠢᠭᠤᠯᠬᠤ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠣᠯᠪᠠᠰᠤᠷᠠᠯ ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠣᠯᠪᠠᠰᠤᠷᠠᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠪᠣᠯᠪᠠᠰᠤᠷᠠᠯ ᠤᠨ ︽ ᠵᠢᠭᠠᠬᠤ ᠰᠢᠯᠭᠠᠬᠤ ᠶᠢ ᠰᠠᠯᠭᠠᠨ ᠲᠤᠰᠠᠭᠠᠷᠯᠠᠬᠤ ︾ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠡᠴᠠ ᠰᠢᠯᠭᠠᠭᠴᠢ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ ᠠᠪᠤᠷᠠᠯᠲᠠ ᠬᠢᠭᠴᠢ ᠶᠢᠨ ᠦᠨᠡᠮᠯᠡᠯ ᠠᠪᠬᠤ ᠰᠢᠯᠭᠠᠯᠲᠠ ᠶᠢ ᠨᠢᠭᠡᠳᠦᠯᠲᠡᠶ ᠬᠠᠮᠢᠶᠠᠷᠬᠤ ᠪᠠ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠥᠷᠥᠯ ᠪᠤᠶᠤ ᠬᠢᠷᠢ ᠭᠡᠮ ᠪᠦᠬᠦᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠡᠴᠠ ᠪᠣᠯᠪᠠᠰᠤᠷᠠᠯ ᠡᠷᠬᠢᠯᠡᠬᠦ ᠵᠠᠭᠪᠤᠷ ᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠣᠯᠪᠠᠰᠤᠷᠠᠯ ᠤᠨ ᠨᠡᠶᠢᠭᠡᠮᠴᠢᠯᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ︵ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ ︶

  ︵ ᠲᠦᠷᠪᠡ ︶ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠶᠢ ᠲᠣᠭᠠᠵᠢᠭᠤᠯᠵᠤ ᠣᠶᠤᠨᠴᠢᠯᠠᠬᠤ ᠪᠠᠨ ᠠᠬᠢᠭᠤᠯᠤᠨ᠎ᠠ᠃

  1.  ᠥᠪᠥᠷ ᠮᠣᠩᠭᠤᠯ ᠤᠨ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠣᠯᠪᠠᠰᠤᠷᠠᠯ ᠤᠨ ᠰᠢᠰᠲ᠋ᠧᠮ ᠢ ᠲᠦᠷᠭᠡᠳᠬᠡᠨ ᠳᠡᠯᠭᠡᠷᠡᠭᠦᠯᠦᠨ ᠬᠡᠷᠡᠭᠯᠡᠨ᠎ᠡ᠃ ᠥᠪᠥᠷ ᠮᠣᠩᠭᠤᠯ ᠤᠨ ᠤᠯᠠᠭᠠᠨ ᠵᠠᠭᠠᠯᠮᠠᠶᠢᠲᠠᠨ ᠤ ᠮᠡᠳᠡᠭᠡ ᠵᠠᠩᠭᠢ ᠶᠢᠨ ᠨᠢᠭᠡ ᠴᠣᠭᠴᠠᠵᠢᠭᠤᠯᠤᠭᠰᠠᠨ ᠬᠡᠷᠡᠭᠯᠡᠭᠡᠨ ᠤ ᠰᠢᠰᠲ᠋ᠧᠮ ᠤᠨ ᠬᠡᠷᠡᠭᠯᠡᠯᠲᠡ ᠶᠢ ᠲᠡᠭᠦᠯᠳᠡᠷᠵᠢᠭᠦᠯᠦᠨ ᠳᠡᠯᠭᠡᠷᠡᠭᠦᠯᠵᠦ᠂ ︽ ᠮᠥᠩᠬᠡ ᠰᠤᠪᠠᠭ ︾ ᠪᠠ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷ᠎ᠡ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠣᠯᠪᠠᠰᠤᠷᠠᠯ ᠤᠨ ᠦᠢᠯᠡᠴᠢᠯᠡᠭᠡ ᠭᠠᠷᠭᠠᠵᠤ᠂ ᠣᠯᠠᠨ ᠨᠡᠶᠢᠲᠡ ᠶᠢᠨ ᠰᠦᠯᠵᠢᠶᠡᠨ ᠳᠡᠭᠡᠷ᠎ᠡ᠂ ᠠᠯᠠᠭᠠᠨ ᠳᠤ ᠪᠠᠨ ᠠᠪᠤᠨ ᠰᠤᠷᠬᠤ ᠳᠤ ᠨᠢ ᠲᠥᠬᠦᠮ ᠦᠵᠡᠭᠦᠯᠦᠨ᠎ᠡ᠃ ︵ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠢᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ ︶

  2.  ᠣᠯᠠᠨ ᠰᠢᠰᠲ᠋ᠧᠮ ᠢ ᠰᠤᠨᠳᠠᠯᠬᠠᠰᠠᠨ ᠬᠠᠮᠵᠢᠯᠴᠠᠨ ᠠᠵᠢᠯᠯᠠᠬᠤ ᠬᠡᠷᠡᠭᠯᠡᠭᠡᠨ ᠤ ᠪᠠᠢᠢᠳᠠᠯ ᠢ ᠪᠣᠢ ᠪᠣᠯᠭᠠᠨ᠎ᠠ᠃ 120 ᠲᠦᠷᠭᠡᠨ ᠠᠪᠤᠷᠠᠯᠲᠠ ᠶᠢᠨ ᠵᠢᠯᠤᠭᠤᠳᠬᠤ ᠰᠢᠰᠲ᠋ᠧᠮ᠂ ᠤᠯᠠᠭᠠᠨ ᠵᠠᠭᠠᠯᠮᠠᠶᠢᠲᠠᠨ ᠤ ᠠᠪᠤᠷᠠᠯᠲᠠ ᠬᠢᠭᠴᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠪᠠ AED ᠮᠠᠰᠢᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠬᠤᠯᠪᠣᠯᠳᠤᠨ ᠨᠡᠪᠲᠡᠷᠡᠯᠴᠡᠬᠦ᠂ ᠲᠤᠭ᠎ᠠ ᠪᠠᠷᠢᠮᠲᠠ ᠪᠠᠨ ᠬᠠᠮᠲᠤ ᠳᠤ ᠪᠠᠨ ᠬᠦᠷᠲᠡᠬᠦ ᠶᠢ ᠠᠯᠬᠤᠮ ᠠᠯᠬᠤᠮ ᠢᠶᠠᠷ ᠠᠬᠢᠭᠤᠯᠵᠤ᠂ ︽ ᠨᠢᠭᠡᠳᠦᠭᠡᠷ ᠤᠷᠢᠶᠠᠯᠠᠨ ᠳᠠᠭᠠᠨᠨᠴᠢ ︾ ᠶᠢᠨ ᠦᠢᠯᠡᠳᠦᠯ ᠢ ᠨᠡᠩ ᠪᠦᠲᠦᠮᠵᠢᠲᠡᠶ ᠪᠠᠳᠠᠷᠠᠭᠤᠯᠤᠨ᠎ᠠ᠃ A ᠳᠡᠰ ᠤᠨ ᠦᠵᠡᠮᠵᠢ ᠶᠢᠨ ᠣᠷᠣᠨ᠂ ᠳᠡᠭᠡᠳᠦ ᠰᠤᠷᠭᠠᠭᠤᠯᠢ ᠶᠡᠭᠡ ᠰᠤᠷᠭᠠᠭᠤᠯᠢ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠵᠡᠷᠭᠡ ᠬᠦᠮᠦᠨ ᠬᠠᠷ᠎ᠠ ᠤᠯᠠᠨᠲᠠᠢ ᠲᠠᠯᠠᠪᠤᠷ ᠭᠠᠵᠠᠷ ᠲᠤ ᠭᠤᠣᠯᠳᠠᠯᠭ᠎ᠠ ᠲᠠᠢ ᠳᠡᠯᠭᠡᠷᠡᠭᠦᠯᠦᠨ ᠬᠡᠷᠡᠭᠯᠡᠨ᠎ᠡ᠃ ︵ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠬᠠᠷᠢᠭᠤᠴᠠᠨ᠎ᠠ ︶

  3.  ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠲᠤᠭ᠎ᠠ ᠪᠠᠷᠢᠮᠲᠠ ᠶᠢ ᠰᠢᠰᠲ᠋ᠧᠮᠵᠢᠭᠦᠯᠦᠨ ᠬᠠᠮᠢᠶᠠᠷᠬᠤ ᠶᠢ ᠠᠬᠢᠭᠤᠯᠤᠨ᠎ᠠ᠃ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠣᠯᠪᠠᠰᠤᠷᠠᠯ ᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢ ᠬᠠᠷᠢᠭᠤᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠨᠢ ᠡᠭᠦᠷᠭᠡ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠠᠬᠢ ᠣᠯᠠᠨ ᠨᠡᠶᠢᠲᠡ ᠶᠢᠨ ᠲᠠᠯᠠᠪᠤᠷ ᠭᠠᠵᠠᠷ ᠤᠨ AED ᠮᠠᠰᠢᠨ᠂ ᠲᠦᠷᠭᠡᠨ ᠠᠪᠤᠷᠠᠯᠲᠠ ᠶᠢᠨ ᠲᠥᠬᠦᠭᠡᠷᠦᠮᠵᠢ ᠵᠡᠷᠭᠡ ᠲᠤᠭ᠎ᠠ ᠪᠠᠷᠢᠮᠲᠠ ᠶᠢᠨ ᠬᠠᠮᠢᠶᠠᠷᠤᠯᠲᠠ ᠪᠠᠨ ᠲᠤᠰ ᠲᠤᠰ ᠬᠠᠷᠢᠭᠤᠴᠠᠨ᠎ᠠ᠃ ︵ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠲᠣᠰ ᠲᠣᠰ ᠲᠦᠷᠦᠭᠦᠯᠡᠨ ᠬᠠᠷᠢᠭᠤᠴᠠᠨ᠎ᠠ ︶

  ︵ ᠲᠠᠪᠤ ︶ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠠᠵᠢᠯ ᠢ ᠴᠢᠩᠭᠠᠳᠬᠠᠨ᠎ᠠ᠃

  1.  ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠠ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠲᠠᠢ ᠬᠠᠮᠲᠤᠷᠠᠨ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠢᠶᠠᠨ ᠰᠢᠨ᠎ᠡ ᠴᠠᠭ ᠦᠶ᠎ᠡ ᠵᠢᠨ ᠤᠯᠤᠰ ᠵᠢᠨᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠳ᠋ᠤ ᠠᠭᠤᠰᠤᠯᠴᠠᠭᠤᠯᠬᠤ ᠪᠥᠭᠡᠳ ᠣᠶᠤᠨ ᠤ ᠪᠣᠯᠪᠠᠰᠤᠨ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢ ᠡᠭᠦᠳᠦᠨ ᠪᠠᠶᠢᠭᠤᠯᠬᠤ ᠠᠵᠢᠯᠯᠠᠭ᠎ᠠ ᠳᠤ ᠠᠭᠤᠰᠤᠯᠴᠠᠭᠤᠯᠤᠨ᠂ ᠰᠤᠷᠭᠠᠭᠤᠯᠢ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠡᠷᠦᠳᠡ ᠶᠢᠨ ᠤᠬᠠᠭᠤᠯᠭ᠎ᠠ ᠬᠥᠮᠦᠵᠢᠯ ᠤᠨ ᠠᠭᠤᠯᠭ᠎ᠠ ᠳᠤ ᠣᠷᠣᠭᠤᠯᠵᠤ᠂ ᠰᠤᠷᠲᠠᠯᠴᠢᠯᠠᠭ᠎ᠠ ᠤᠬᠠᠭᠤᠯᠭ᠎ᠠ ᠬᠥᠮᠦᠵᠢᠯ ᠢ ᠪᠠᠢᠢᠩᠭᠤᠵᠢᠭᠤᠯᠤᠨ ᠥᠷᠨᠢᠭᠦᠯᠦᠨ᠎ᠡ᠃ ︵ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠬᠠᠷᠢᠭᠤᠴᠠᠨ᠎ᠠ ︶

  2.  ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠤᠬᠠᠭᠠᠯᠠᠨ ᠰᠡᠳᠦᠵᠦ ᠥᠷᠨᠢᠭᠦᠯᠦᠨ᠎ᠡ᠃ ᠳᠡᠯᠡᠬᠡᠶ ᠶᠢᠨ ᠤᠯᠠᠭᠠᠨ ᠵᠠᠭᠠᠯᠮᠠᠶᠢᠲᠠᠨ ᠤ ᠡᠳᠦᠷ᠂ ᠳᠡᠯᠡᠬᠡᠶ ᠶᠢᠨ ᠲᠦᠷᠭᠡᠨ ᠠᠪᠤᠷᠠᠯᠲᠠ ᠶᠢᠨ ᠡᠳᠦᠷ᠂ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ᠂ ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ ᠡᠳᠦᠷ᠂ ᠪᠥᠬᠦ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠰᠠᠷ᠎ᠠ ᠵᠡᠷᠭᠡ ᠴᠠᠭ ᠬᠤᠭᠤᠴᠠᠭ᠎ᠠ ᠲᠠᠢ ᠤᠶᠠᠯᠳᠤᠭᠤᠯᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠤᠬᠠᠭᠠᠯᠠᠨ ᠰᠡᠳᠦᠵᠦ ᠲᠦᠪᠯᠡᠷᠡᠬᠦᠯᠦᠨ ᠥᠷᠨᠢᠭᠦᠯᠦᠨ᠎ᠡ᠃ ︵ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠰᠤᠷᠭᠠᠨ ᠬᠥᠮᠦᠵᠢᠯ ᠤᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠬᠠᠷᠢᠭᠤᠴᠠᠨ᠎ᠠ ︶

  3.  ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠠᠴᠢᠶᠠᠯᠠᠪᠤᠷᠢ ᠶᠢ ᠥᠷᠭᠡᠨ ᠢᠶᠠᠷ ᠬᠡᠷᠡᠭᠯᠡᠨ᠎ᠡ᠃ ᠡᠯ᠎ᠡ ᠱᠠᠲᠤᠨ ᠤ ᠵᠠᠭᠤᠴᠢᠯᠠᠭᠤᠷ ᠤᠨ ᠲᠠᠪᠴᠠᠩ ᠤᠳ ᠲᠤ ᠲᠦᠰᠢᠭᠯᠡᠨ᠂ ᠣᠯᠠᠨ ᠨᠡᠶᠢᠲᠡ ᠶᠢᠨ ᠲᠠᠯᠠᠪᠤᠷ ᠭᠠᠵᠠᠷ ᠲᠠᠬᠢ ᠵᠠᠷ ᠮᠡᠳᠡᠭᠡ ᠤᠬᠠᠭᠤᠯᠭ᠎ᠠ ᠶᠢᠨ ᠪᠡᠯᠡᠳᠬᠡᠮᠵᠢ ᠶᠢ ᠠᠰᠢᠬᠯᠠᠨ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠬᠢᠭᠡᠳ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠸᠢᠳᠢᠣ᠋ ᠪᠠ ᠪᠢᠴᠢᠯᠭᠡ ᠵᠢᠷᠤᠭ ᠦᠰᠦᠭ ᠪᠢᠴᠢᠭ ᠢᠶᠠᠷ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠮᠡᠳᠡᠯᠭᠡ ᠪᠠ ᠮᠡᠷᠭᠡᠰᠢᠯ ᠢ ᠲᠥᠭᠡᠮᠡᠯᠵᠢᠬᠦᠯᠦᠨ ᠳᠡᠯᠭᠡᠷᠡᠭᠦᠯᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂︽ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠶᠠᠯᠠᠯ ︾ ᠤᠨ ᠠᠵᠢᠯᠯᠠᠭ᠎ᠠ ᠪᠠ ︽ ᠡᠭᠦᠯᠡᠨ ᠳᠡᠭᠡᠷ᠎ᠡ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ︾ ᠲᠠᠪᠴᠠᠩ ᠢᠶᠠᠷ ᠳᠠᠮᠵᠢᠭᠤᠯᠤᠨ ᠣᠯᠠᠨ ᠨᠡᠶᠢᠲᠡ ᠳᠤ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠮᠡᠳᠡᠯᠭᠡ ᠶᠢ ᠲᠦᠭᠡᠮᠡᠯᠵᠢᠭᠦᠯᠦᠨ᠎ᠡ᠃︵ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠬᠠᠷᠢᠭᠤᠴᠠᠨ᠎ᠠ ︶


  ᠭᠤᠷᠪᠠ᠂ ᠪᠠᠲᠤᠯᠠᠭ᠎᠎ᠠ ᠶᠢᠨ ᠠᠷᠭ᠎᠎ᠠ ᠬᠡᠮᠵᠢᠶ᠎ᠡ


  ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠣᠯᠪᠠᠰᠤᠷᠠᠯ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠵᠣᠬᠢᠶᠠᠨ ᠪᠠᠢᠢᠭᠤᠯᠵᠦ ᠤᠳᠤᠷᠢᠳᠬᠤ ᠪᠠᠨ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠣᠯᠪᠠᠰᠤᠷᠠᠯ ᠤᠨ ᠰᠠᠯᠠᠭ᠎ᠠ ᠮᠥᠴᠢᠷ ᠤᠳ ᠤᠨ ᠬᠠᠷᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠵᠠᠷᠤᠳᠠᠯ ᠢ ᠪᠠᠲᠤᠯᠠᠬᠤ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠡᠯ᠎ᠡ ᠲᠠᠯ᠎ᠠ ᠶᠢᠨ ᠡᠬᠢ ᠪᠠᠶᠠᠯᠢᠭ ᠢ ᠳᠠᠶᠢᠴᠢᠯᠠᠵᠤ᠂ ᠡᠳ᠋ ᠤᠨ ᠵᠠᠰᠠᠭ ᠤᠨ ᠣᠷᠣᠭᠤᠯᠤᠯᠲᠠ᠂ ᠰᠠᠯᠠᠭ᠎ᠠ ᠮᠥᠴᠢᠷ ᠤᠨ ᠲᠤᠰᠬᠠᠶ ᠵᠦᠢᠯ ᠤᠨ ᠳᠡᠮᠵᠢᠯᠭᠡ᠂ ᠬᠤᠨᠵᠢᠪᠤᠷᠢᠲᠦ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦᠨ ᠤ ᠳᠡᠮᠵᠢᠯᠭᠡ᠂ ᠨᠡᠶᠢᠭᠡᠮ ᠤᠨ ᠪᠡᠯᠡ ᠮᠥᠩᠭᠦ ᠶᠢ ᠴᠤᠭᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠵᠠᠷᠤᠳᠠᠯ ᠤᠨ ᠢᠷᠡᠯᠲᠡ ᠪᠠᠨ ᠥᠷᠭᠡᠳᠬᠡᠨ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠠᠵᠢᠯ ᠥᠷᠨᠢᠭᠦᠯᠬᠦ ᠳᠤ ᠪᠠᠲᠤᠯᠠᠭ᠎ᠠ ᠬᠠᠩᠭᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠮᠢᠶ᠎ᠠ ᠪᠦᠬᠦᠢ ᠠᠵᠢᠯ ᠥᠷᠨᠢᠭᠦᠯᠬᠦ ᠳᠤ ᠨᠢ ᠲᠡᠮᠵᠢᠯᠬᠡ ᠦᠵᠡᠬᠦᠯᠬᠦ ᠪᠠ ᠬᠠᠮᠵᠢᠯᠴᠠᠨ ᠠᠵᠢᠯᠯᠠᠵᠦ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠪᠣᠯᠪᠠᠰᠤᠷᠠᠯ ᠢ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠡᠩᠨᠡᠭᠡ᠂ ᠭᠠᠯ ᠤᠨᠲᠠᠷᠠᠭᠠᠭᠴᠢ᠂ ᠠᠪᠤᠷᠠᠨ ᠲᠤᠰᠠᠯᠠᠬᠤ ᠠᠩᠬᠢ ᠶᠢᠨ ᠬᠡᠰᠢᠬᠦᠨ᠂ ᠠᠵᠤ ᠠᠬᠤᠶᠢᠯᠠᠯ ᠤᠨ ᠠᠶᠤᠯ ᠦᠭᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ᠂ ᠡᠵᠡᠩᠨᠡᠯᠲᠡ ᠶᠢᠨ ᠲᠡᠷᠭᠡ ᠬᠥᠰᠬᠡ ᠶᠢᠨ ᠵᠢᠯᠣᠭᠤᠴᠢ᠂ ᠵᠢᠭᠤᠯᠴᠢᠯᠠᠯ ᠤᠨ ᠭᠠᠵᠠᠷ ᠤᠨ ᠵᠢᠭᠤᠯᠴᠢᠯᠠᠯ ᠤᠨ ᠬᠥᠲᠥᠴᠢ ᠵᠡᠷᠭᠡ ᠬᠦᠮᠦᠰ ᠤᠨ ᠠᠵᠢᠯ ᠤᠨ ᠪᠠᠶᠢᠷᠢᠨ ᠳᠤ ᠭᠠᠷᠬᠤ ᠡᠴᠠ ᠡᠮᠦᠨᠡᠬᠢ ᠪᠣᠯᠪᠠᠰᠤᠷᠠᠯ ᠤᠨ ᠬᠢᠨᠢ ᠴᠢᠬᠤᠯᠠ ᠠᠭᠤᠯᠭ᠎ᠠ ᠪᠣᠯᠭᠠᠨ᠎ᠠ᠃ ᠲᠡᠷᠢᠭᠦᠨ ᠤ ᠨᠡᠶᠢᠲᠡᠯᠢᠭ ᠢ ᠰᠤᠩᠭᠤᠨ ᠤᠬᠠᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠲᠣᠪᠤᠶᠢᠮ᠎ᠠ ᠬᠤᠪᠢ ᠨᠡᠮᠡᠷᠢ ᠦᠵᠡᠬᠦᠯᠦᠭᠰᠡᠨ ᠠᠪᠤᠷᠠᠯᠲᠠ ᠬᠢᠬᠦ ᠪᠠᠭᠰᠢ᠂ ᠠᠪᠤᠷᠠᠯᠲᠠ ᠬᠢᠭᠴᠢ᠂ ᠵᠢᠱᠢᠶᠡᠴᠢ ᠨᠢᠭᠡᠴᠢ ᠶᠢ ᠴᠠᠭ ᠲᠤᠬᠠᠶ ᠳᠤ ᠨᠢ ᠨᠡᠪᠲᠡᠷᠡᠭᠦᠯᠦᠨ ᠰᠠᠶᠢᠰᠢᠶᠠᠨ᠎ᠠ᠃ ᠰᠢᠯᠢᠳᠡᠭ ᠠᠪᠤᠷᠠᠯᠲᠠ ᠬᠢᠬᠦ ᠪᠠᠭᠰᠢ᠂ ᠠᠪᠤᠷᠠᠯᠲᠠ ᠬᠢᠭᠴᠢ ᠶᠢ ︽ ᠳᠡᠷᠭᠡᠳᠡᠬᠢ ᠰᠠᠶᠢᠨ ᠬᠥᠮᠦᠨ ︾᠂ ︽ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠴᠢ ︾᠂ ︽ ᠶᠣᠰᠣ ᠰᠤᠷᠲᠠᠬᠤᠨ ᠤ ᠵᠢᠱᠢᠶᠡᠴᠢ ︾ ᠵᠡᠷᠭᠡ ᠶᠢᠨ ᠰᠢᠯᠭᠠᠷᠠᠭᠤᠯᠤᠯᠲᠠ ᠳᠤ ᠲᠠᠨᠢᠯᠴᠠᠭᠤᠯᠤᠨ ᠣᠷᠣᠯᠴᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠥᠪᠡᠷ ᠢ ᠪᠠᠨ ᠠᠪᠤᠷᠠᠬᠤ ᠪᠠ ᠥᠷᠥᠭᠡᠯ ᠪᠤᠰᠤᠳ ᠦᠨ ᠬᠤᠭᠤᠷᠣᠨᠳᠤ ᠪᠠᠨ ᠬᠠᠷᠢᠯᠴᠠᠨ ᠠᠪᠤᠷᠠᠭᠰᠠᠨ ᠰᠡᠳᠬᠢᠯ ᠬᠥᠳᠡᠯᠭᠡᠮ᠎ᠡ ᠠᠵᠢᠯᠯᠠᠭ᠎ᠠ ᠨᠤᠭᠤᠳ ᠢ ᠥᠷᠭᠡᠨ ᠢᠶᠠᠷ ᠤᠬᠠᠭᠤᠯᠵᠤ᠂ ᠨᠡᠩ ᠤᠯᠠᠨ ᠬᠦᠮᠦᠰ ᠢ ᠬᠥᠲᠥᠯᠥᠨ ᠳᠠᠭᠠᠭᠤᠯᠬᠤ ᠪᠠ ᠤᠷᠢᠶᠠᠯᠠᠨ ᠲᠠᠢᠢᠴᠢᠯᠠᠵᠦ ᠪᠠᠢᠢᠭᠠᠳ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠯᠲᠠ ᠬᠢᠬᠦ ᠠᠵᠢᠯ ᠳᠤ ᠣᠷᠣᠯᠴᠠᠭᠤᠯᠤᠨ᠂ ᠪᠦᠬᠦ ᠨᠡᠶᠢᠭᠡᠮ ᠳᠤ ᠢᠳᠡᠪᠬᠢ ᠬᠦᠴᠦᠨ ᠢ ᠪᠠᠳᠠᠷᠠᠭᠤᠯᠵᠤ᠂ ᠰᠢᠨ᠎ᠡ ᠬᠡᠪ ᠰᠤᠷᠲᠠᠯ ᠢ ᠬᠥᠲᠥᠯᠥᠨ ᠳᠠᠭᠠᠭᠤᠯᠤᠨ᠎ᠠ᠃



ᠭᠠᠷ ᠤᠲᠠᠰᠤ ᠪᠠᠷ ᠦᠵᠡᠬᠦ