ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠬᠡᠰᠡᠭ ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠬᠤ ᠪᠠ ᠬᠦᠴᠦᠨ ᠦᠭᠡᠢ ᠪᠣᠯᠣᠭᠰᠠᠨ ᠢ ᠨᠢ ᠨᠡᠶᠢᠲᠡᠯᠡᠬᠦ ᠲᠤᠬᠠᠢ ᠮᠡᠳᠡᠭᠳᠡᠯ

ᠡᠯ᠎ᠡ ᠠᠶᠢᠮᠠᠭ ᠤᠨ ᠵᠠᠬᠢᠷᠭ᠎ᠠ᠂ ᠬᠣᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠦᠨ ᠨᠢᠭᠡᠴᠢ ᠳᠦ᠄

  《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠦᠴᠦᠨ ᠦᠭᠡᠢ ᠪᠣᠯᠭᠠᠬᠤ ᠪᠠ ᠬᠦᠴᠦᠨ ᠦᠭᠡᠢ ᠪᠣᠯᠣᠭᠰᠠᠨ ᠢ ᠨᠢ ᠨᠡᠶᠢᠲᠡᠯᠡᠬᠦ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ 》 ᠢ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠭᠠᠷᠴᠠᠭ ᠲᠤ ᠣᠷᠣᠭᠤᠯᠤᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠬᠦ ᠪᠠᠨ ᠵᠣᠭᠰᠣᠭᠠᠵᠤ᠂ ᠳᠠᠬᠢᠵᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠨᠢ ᠨᠡᠶᠢᠲᠡᠯᠡᠭᠰᠡᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢᠶᠠᠨ ᠴᠠᠭ ᠲᠤᠬᠠᠶ ᠳᠤ ᠨᠢ ᠢᠯᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠰᠠᠶᠢᠲᠤᠷ ᠬᠢᠬᠦ ᠬᠡᠷᠡᠭᠲᠡᠶ᠃


图片1.png


图片2.png


图片3.png

ᠭᠠᠷ ᠤᠲᠠᠰᠤ ᠪᠠᠷ ᠦᠵᠡᠬᠦ