ᠤᠰᠤ ᠲᠠᠲᠠᠬᠤ ᠵᠥᠪᠰᠢᠶᠡᠷᠡᠯ ᠳᠤ ᠣᠷᠣᠭᠤᠯᠪᠠᠰᠤ ᠵᠣᠬᠢᠬᠤ ᠪᠠ ᠳᠠᠩᠰᠠᠯᠠᠭᠤᠯᠬᠤ ᠶᠣᠰᠣᠲᠠᠢ ᠴᠡᠪᠡᠷᠯᠡᠨ ᠬᠠᠳᠠᠭᠠᠵᠤ ᠤᠰᠤ ᠵᠠᠯᠠᠬᠤ ᠬᠡᠮᠵᠢᠶᠡᠨ ᠤ ᠬᠡᠪᠴᠢᠶᠡᠨ ᠤ ᠪᠠᠷᠢᠮᠵᠢᠶ᠎ᠠ ᠶᠢᠨ ᠲᠤᠬᠠᠶ ᠮᠡᠳᠡᠭᠳᠡᠯ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

  《 ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ ᠳᠦᠷᠢᠮ 》 ᠤᠨ ᠬᠤᠷᠢᠨ ᠵᠢᠷᠭᠤᠳᠤᠭᠠᠷ ᠵᠦᠢᠯ᠂ ᠲᠠᠪᠢᠨ ᠬᠤᠶᠠᠳᠤᠭᠠᠷ ᠵᠦᠢᠯ ᠵᠢᠴᠢ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠳᠣᠤᠷᠠᠬᠢ ᠤᠰᠤᠨ ᠤ ᠬᠠᠮᠠᠭᠠᠯᠠᠯᠲᠠ ᠪᠠ ᠬᠠᠮᠢᠶᠠᠷᠤᠯᠲᠠ ᠶᠢᠨ ᠳᠦᠷᠢᠮ 》 ᠤᠨ ᠠᠷᠪᠠᠨ ᠨᠠᠢᠮᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠳᠠᠩᠰᠠᠯᠠᠭᠤᠯᠬᠤ ᠴᠢᠬᠤᠯᠠᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠰᠦᠯ ᠵᠢᠴᠢ ᠭᠠᠵᠠᠷ ᠳᠣᠤᠷᠠᠬᠢ ᠤᠰᠤᠨ ᠳᠤ ᠠᠰᠢᠭ ᠦᠭᠡᠶ ᠨᠥᠯᠥᠭᠡ ᠪᠣᠯᠬᠤ ᠶᠢ ᠰᠡᠷᠭᠡᠶᠢᠯᠡᠬᠦ ᠠᠷᠭ᠎ᠠ ᠬᠡᠮᠵᠢᠶᠡᠨ ᠤ ᠲᠥᠰᠦᠯ ᠳᠠᠬᠢ ᠭᠠᠵᠠᠷ ᠳᠣᠤᠷᠠᠬᠢ ᠪᠠᠷᠢᠯᠭ᠎ᠠ ᠶᠢᠨ ᠤᠰᠤ ᠵᠠᠯᠠᠬᠤ ᠬᠡᠪᠴᠢᠶ᠎ᠡ᠂ ᠤᠰᠤ ᠲᠠᠲᠠᠬᠤ ᠵᠥᠪᠰᠢᠶᠡᠷᠡᠯ ᠢ ᠬᠠᠤᠯᠢ ᠶᠣᠰᠣᠭᠠᠷ ᠭᠤᠶᠤᠴᠢᠯᠠᠨ ᠭᠦᠢᠴᠡᠳᠭᠡᠪᠡᠰᠦ ᠵᠣᠬᠢᠬᠤ ᠠᠭᠤᠷᠬᠠᠶ ᠶᠢᠨ ᠡᠬᠢ ᠪᠠᠶᠠᠯᠢᠭ ᠤᠨ ᠨᠡᠭᠡᠭᠡᠯᠲᠡ ᠮᠠᠯᠲᠠᠯᠲᠠ ᠪᠠ ᠭᠠᠵᠠᠷ ᠳᠣᠤᠷᠠᠬᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠴᠡᠪᠡᠷᠯᠡᠨ ᠬᠠᠳᠠᠭᠠᠵᠤ ᠤᠰᠤ ᠵᠠᠯᠠᠬᠤ ᠬᠡᠮᠵᠢᠶᠡᠨ ᠤ ᠬᠡᠪᠴᠢᠶᠡᠨ ᠤ ᠪᠠᠷᠢᠮᠵᠢᠶ᠎ᠠ ᠶᠢ ᠳᠣᠤᠷᠠᠬᠢ ᠮᠡᠲᠦ ᠮᠡᠳᠡᠭᠳᠡᠪᠡ᠃

  ᠨᠢᠭᠡ᠂ ᠣᠨ ᠤ ᠴᠡᠪᠡᠷᠯᠡᠨ ᠬᠠᠳᠠᠭᠠᠵᠤ ᠤᠰᠤ ᠵᠠᠯᠠᠬᠤ ᠬᠡᠮᠵᠢᠶ᠎ᠡ ᠨᠢ 1 ᠲᠦᠮᠡᠨ ᠺᠦᠪ ᠮᠧᠲ᠋ᠷ ᠵᠢᠴᠢ ᠲᠡᠭᠦᠨ ᠡᠴᠠ ᠳᠡᠭᠡᠭᠰᠢᠬᠢ ᠭᠠᠵᠠᠷ ᠳᠣᠤᠷᠠᠬᠢ ᠪᠠᠷᠢᠯᠭ᠎ᠠ ᠶᠢ ᠪᠦᠲᠦᠭᠡᠨ ᠪᠠᠶᠢᠭᠤᠯᠬᠤ ᠨᠢᠭᠡᠴᠢ ᠪᠠ ᠬᠤᠪᠢ ᠬᠥᠮᠥᠨ ᠨᠢ ᠪᠠᠷᠢᠯᠭ᠎ᠠ ᠡᠬᠢᠯᠡᠭᠦᠯᠬᠦ ᠡᠴᠠ ᠡᠮᠦᠨ᠎ᠡ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠰᠦᠯ ᠪᠠ ᠭᠠᠵᠠᠷ ᠳᠣᠤᠷᠠᠬᠢ ᠤᠰᠤᠨ ᠳᠤ ᠠᠰᠢᠭ ᠦᠭᠡᠶ ᠨᠥᠯᠥᠭᠡ ᠪᠣᠯᠬᠤ ᠶᠢ ᠰᠡᠷᠭᠡᠶᠢᠯᠡᠬᠦ ᠠᠷᠭ᠎ᠠ ᠬᠡᠮᠵᠢᠶᠡᠨ ᠤ ᠲᠥᠰᠦᠯ ᠢᠶᠠᠨ ᠬᠠᠮᠢᠶᠠᠷᠤᠯᠲᠠ ᠶᠢᠨ ᠡᠷᠬᠡ ᠮᠡᠳᠡᠯ ᠲᠠᠢ ᠤᠰᠤᠨ ᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠶ᠃

  ᠬᠤᠶᠠᠷ᠂ ᠠᠭᠤᠷᠬᠠᠶ ᠵᠢᠨ ᠡᠬᠢ ᠪᠠᠶᠠᠯᠢᠭ ᠤᠨ ᠨᠡᠭᠡᠭᠡᠯᠲᠡ ᠮᠠᠯᠲᠠᠯᠲᠠ᠂ ᠭᠠᠵᠠᠷ ᠳᠣᠤᠷᠠᠬᠢ ᠪᠠᠷᠢᠯᠭ᠎ᠠ ᠵᠢᠨ ᠪᠦᠲᠦᠭᠡᠨ ᠪᠠᠶᠢᠭᠤᠯᠤᠯᠲᠠ ᠶᠢᠨ ᠣᠨ ᠤ ᠴᠡᠪᠡᠷᠯᠡᠨ ᠬᠠᠳᠠᠭᠠᠵᠤ ᠤᠰᠤ ᠵᠠᠯᠠᠬᠤ ᠬᠡᠮᠵᠢᠶ᠎ᠡ ᠨᠢ 1 ᠲᠦᠮᠡᠨ ᠺᠦᠪ ᠮᠧᠲ᠋ᠷ ᠵᠢᠴᠢ ᠲᠡᠭᠦᠨ ᠡᠴᠠ ᠳᠡᠭᠡᠭᠰᠢ ᠪᠠᠶᠢᠪᠠᠯ᠂ ᠤᠰᠤ ᠲᠠᠲᠠᠬᠤ ᠵᠥᠪᠰᠢᠶᠡᠷᠡᠯ ᠢ ᠬᠠᠤᠯᠢ ᠶᠣᠰᠣᠭᠠᠷ ᠭᠤᠶᠤᠴᠢᠯᠠᠵᠤ᠂ ᠤᠰᠤ ᠵᠠᠯᠠᠬᠤ ᠬᠡᠮᠵᠢᠶ᠎ᠡ ᠶᠢ ᠬᠡᠮᠵᠢᠬᠦ ᠪᠡᠯᠡᠳᠬᠡᠮᠵᠢ ᠤᠭᠰᠠᠷᠠᠬᠤ ᠶᠢᠨ ᠬᠠᠮᠲᠤ᠂ ᠤᠰᠤ ᠲᠠᠲᠠᠬᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠴᠡᠪᠡᠷᠯᠡᠨ ᠬᠠᠳᠠᠭᠠᠵᠤ ᠤᠰᠤ ᠵᠠᠯᠠᠬᠤ ᠬᠡᠮᠵᠢᠶ᠎ᠡ ᠪᠠ ᠭᠠᠵᠠᠷ ᠳᠣᠤᠷᠠᠬᠢ ᠤᠰᠤᠨ ᠲᠦᠪᠰᠢᠨ ᠤ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠬᠦ ᠬᠡᠷᠡᠭᠲᠡᠶ᠃


ᠭᠠᠷ ᠤᠲᠠᠰᠤ ᠪᠠᠷ ᠦᠵᠡᠬᠦ