ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠪᠠᠷ ᠤᠳᠤᠷᠢᠳᠤᠮᠵᠢ ᠪᠣᠯᠭᠠᠭᠰᠠᠨ ᠪᠠᠴᠢᠮ ᠪᠠᠶᠢᠳᠠᠯ ᠢ ᠠᠷᠭᠠᠴᠠᠭᠠᠵᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠢᠢᠭᠤᠯᠤᠨ ᠪᠦᠷᠢᠨᠰᠢᠭᠦᠯᠬᠦ ᠲᠣᠬᠠᠢ ᠮᠡᠳᠡᠭᠳᠡᠯ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

  ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠪᠠᠷ ᠤᠳᠤᠷᠢᠳᠤᠮᠵᠢ ᠪᠣᠯᠭᠠᠭᠰᠠᠨ ᠪᠠᠴᠢᠮ ᠪᠠᠶᠢᠳᠠᠯ ᠢ ᠠᠷᠭᠠᠴᠠᠭᠠᠵᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠪᠥᠷᠢᠨᠰᠢᠬᠦᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠡᠴᠠ ᠠᠪᠤᠷᠠᠬᠤ ᠳᠤ ᠦᠵᠡᠭᠦᠯᠬᠦ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠭᠡ ᠶᠢᠨ ᠮᠡᠳᠡᠭᠡ ᠵᠠᠩᠭᠢ ᠶᠢᠨ ᠰᠠᠭᠤᠷᠢᠯᠠᠬᠤ ᠴᠢᠨᠠᠷᠲᠠᠶ᠂ ᠤᠳᠤᠷᠢᠳᠤᠮᠵᠢ ᠶᠢᠨ ᠴᠢᠨᠠᠷᠲᠠᠶ ᠦᠢᠯᠡᠳᠦᠯ ᠢ ᠨᠢ ᠭᠦᠢᠴᠡᠳ ᠪᠠᠳᠠᠷᠠᠭᠤᠯᠤᠨ᠂ ᠲᠦᠢᠯᠰᠢᠷᠠᠭᠰᠠᠨ ᠴᠠᠭ ᠠᠭᠤᠷ ᠢ ᠰᠡᠷᠭᠡᠢᠢᠯᠡᠵᠦ ᠠᠷᠭᠠᠴᠠᠭᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠨᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠥᠬᠦᠢ ᠤᠴᠢᠷ ᠤᠳ ᠢ ᠳᠣᠣᠷᠠᠬᠢ ᠮᠡᠲᠦ ᠮᠡᠳᠡᠭᠳᠡᠪᠡ᠃

  ᠨᠢᠭᠡ᠂ ᠴᠠᠭ ᠠᠭᠤᠷ ᠢ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠵᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ ᠬᠡᠷᠡᠭᠲᠡᠶ

  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠨᠢ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠡᠯ᠎ᠡ ᠰᠠᠯᠠᠭ᠎ᠠ ᠮᠥᠴᠢᠷ ᠨᠢᠭᠡᠴᠢ ᠪᠠ ᠨᠡᠢᠢᠭᠡᠮ ᠤᠨ ᠬᠦᠴᠦᠨ ᠵᠡᠷᠭᠡ ᠡᠯ᠎ᠡ ᠬᠦᠷᠢᠶ᠎ᠡ ᠴᠠᠷᠠᠭᠠᠨ ᠳᠠᠬᠢ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠵᠤ᠂ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠨᠡᠢᠢᠲᠡᠯᠡᠬᠦ ᠡᠴᠠ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ᠨᠢᠭᠡᠴᠢ ᠪᠠᠴᠢᠮ ᠪᠠᠶᠢᠳᠠᠯ ᠢ ᠠᠷᠭᠠᠴᠠᠭᠠᠵᠤ ᠬᠤᠯᠪᠣᠭᠠᠯᠠᠨ ᠬᠦᠳᠡᠯᠦᠯᠴᠡᠵᠦ᠂ ᠳᠠᠬᠢᠵᠤ ᠪᠦᠬᠦ ᠨᠡᠶᠢᠭᠡᠮ ᠢᠶᠠᠷ ᠢᠶᠠᠨ ᠤᠷᠢᠶᠠᠯᠠᠨ ᠳᠠᠭᠠᠬᠤ ᠬᠦᠷᠲᠡᠯᠡᠬᠢ ᠲᠦᠷᠭᠡᠨ ᠤᠷᠢᠶᠠᠯᠠᠨ ᠳᠠᠭᠠᠬᠤ ᠲᠣᠭᠲᠠᠴᠠ ᠵᠢ ᠪᠠᠶᠢᠭᠤᠯᠤᠨ ᠪᠦᠷᠢᠨᠰᠢᠬᠦᠯᠵᠦ᠂ ᠲᠦᠢᠯᠰᠢᠷᠠᠭᠰᠠᠨ ᠴᠠᠭ ᠠᠭᠤᠷ ᠢ ᠰᠡᠷᠭᠡᠢᠢᠯᠡᠨ ᠬᠤᠷᠢᠬᠯᠠᠬᠤ ᠪᠠ ᠪᠠᠴᠢᠮ ᠰᠢᠯᠵᠢᠭᠦᠯᠵᠦ ᠲᠥᠭᠰᠢᠭᠦᠷᠢ ᠡᠴᠠ ᠵᠠᠢᠢᠯᠠᠭᠤᠯᠬᠤ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠠᠯ᠎ᠠ ᠳᠠᠬᠢ ᠴᠠᠭ ᠠᠭᠤᠷ ᠤᠨ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠨᠢ ᠭᠦᠢᠴᠡᠳ ᠪᠠᠳᠠᠷᠠᠭᠤᠯᠤᠨ᠂ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠪᠠᠷ ᠵᠠᠰᠠᠭ ᠤᠨ ᠣᠷᠳᠣᠨ᠂ ᠰᠠᠯᠠᠭ᠎ᠠ ᠮᠥᠴᠢᠷ ᠨᠢᠭᠡᠴᠢ ᠪᠠ ᠨᠡᠶᠢᠭᠡᠮ ᠨᠡᠶᠢᠲᠡ ᠶᠢᠨ ᠬᠢᠨ ᠤ ᠴᠠᠭ ᠠᠭᠤᠷ ᠤᠨ ᠭᠠᠮᠰᠢᠭ ᠢ ᠰᠡᠷᠭᠡᠢᠢᠯᠡᠵᠦ ᠠᠷᠭᠠᠴᠠᠭᠠᠬᠤ ︽ ᠳᠣᠬᠢᠶᠠᠨ ᠤ ᠫᠤᠤ ︾ ᠪᠣᠯᠭᠠᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠤᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠢ᠃

  ᠬᠤᠶᠠᠷ᠂ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠪᠠᠷ ᠤᠳᠤᠷᠢᠳᠤᠮᠵᠢ ᠪᠣᠯᠭᠠᠭᠰᠠᠨ ᠪᠠᠴᠢᠮ ᠪᠠᠶᠢᠳᠠᠯ ᠢ ᠠᠷᠭᠠᠴᠠᠭᠠᠵᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ

  ︵ ᠨᠢᠭᠡ ︶ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠢᠭᠡᠳᠦᠯᠲᠡᠶ ᠨᠡᠶᠢᠲᠡᠯᠡᠬᠦ ᠲᠣᠭᠲᠠᠴᠠ ᠪᠠᠨ ᠲᠡᠭᠦᠯᠳᠡᠷᠵᠢᠭᠦᠯᠬᠦ ᠬᠡᠷᠡᠭᠲᠡᠶ

  ᠴᠠᠭ ᠠᠭᠤᠷ ᠤᠨ ᠰᠠᠯᠠᠭ᠎ᠠ ᠮᠥᠴᠢᠷ᠄ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠨᠢᠭᠡᠳᠦᠯᠲᠡᠶ ᠨᠡᠶᠢᠲᠡᠯᠡᠨ᠎ᠡ᠂ ᠪᠤᠰᠤᠳ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠭᠡᠮ ᠳᠤ ᠨᠡᠶᠢᠲᠡᠯᠡᠵᠦ ᠪᠣᠯᠬᠤ ᠦᠭᠡᠢ᠃ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠠᠭᠤᠯᠭ᠎ᠠ ᠳᠤ ᠴᠠᠭ ᠠᠭᠤᠷ ᠤᠨ ᠭᠠᠮᠰᠢᠭ ᠤᠨ ᠲᠦᠷᠦᠯ ᠢᠯᠭᠠᠯ᠂ ᠰᠡᠷᠡᠮᠵᠢᠯᠡᠭᠦᠯᠬᠦ ᠲᠡᠰ ᠢᠯᠭᠠᠯ᠂ ᠡᠬᠢᠯᠡᠬᠦ ᠴᠠᠭ᠂ ᠨᠥᠯᠥᠭᠡᠯᠡᠵᠦ ᠮᠡᠳᠡᠬᠦ ᠬᠡᠪᠴᠢᠶ᠎ᠡ᠂ ᠰᠡᠷᠡᠮᠵᠢᠯᠡᠭᠦᠯᠬᠦ ᠵᠦᠢᠯᠡᠰ᠂ ᠠᠪᠤᠪᠠᠰᠤ ᠵᠣᠬᠢᠬᠤ ᠠᠷᠭ᠎ᠠ ᠬᠡᠮᠵᠢᠶ᠎ᠡ ᠪᠠ ᠨᠡᠢᠢᠲᠡᠯᠡᠭᠰᠡᠨ ᠪᠠᠶᠢᠭᠤᠯᠭ᠎ᠠ ᠵᠡᠷᠭᠡ ᠶᠢ ᠪᠠᠭᠲᠠᠭᠠᠵᠤ᠂ ᠡᠩ ᠤᠨ ᠪᠠᠶᠢᠳᠠᠯ ᠳᠤ ᠲᠣᠭᠲᠠᠮᠠᠯ ᠬᠡᠯᠪᠡᠷᠢ ᠪᠠᠷ ᠨᠡᠶᠢᠲᠡᠯᠡᠨ᠎ᠡ᠃ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠲᠠᠷᠠᠭ᠎ᠠ ᠰᠡᠷᠡᠮᠵᠢᠯᠡᠭᠦᠯᠬᠦ ᠠᠭᠤᠯᠭ᠎ᠠ ᠵᠢ ᠨᠢ ᠬᠤᠪᠢᠷᠠᠭᠠᠬᠤ ᠴᠢᠬᠤᠯᠠᠲᠠᠶ ᠪᠠᠶᠢᠪᠠᠯ᠂ ᠬᠤᠪᠢᠷᠠᠭᠠᠭᠰᠠᠨ ᠮᠡᠳᠡᠭᠡ ᠵᠠᠩᠭᠢ ᠪᠠᠨ ᠴᠠᠭ ᠲᠤᠬᠠᠶ ᠳᠤ ᠨᠢ ᠨᠡᠶᠢᠲᠡᠯᠡᠬᠦ ᠬᠡᠷᠡᠭᠲᠡᠶ᠃

  ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠴᠠᠭ ᠠᠭᠤᠷ ᠤᠨ ᠰᠠᠯᠠᠭ᠎ᠠ ᠮᠥᠴᠢᠷ᠄ ᠡᠯ᠎ᠡ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠲᠦᠷᠦᠭᠦᠯᠡᠨ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠮᠵᠢᠯᠴᠠᠨ᠂ ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ᠂ ᠭᠠᠮᠰᠢᠭ ᠲᠤ ᠬᠤᠯᠪᠣᠭᠳᠠᠭᠰᠠᠨ ᠭᠤᠣᠯ ᠪᠣᠯᠬᠤ ᠰᠠᠯᠠᠭ᠎ᠠ ᠮᠥᠴᠢᠷ ᠵᠢᠴᠢ ᠬᠠᠮᠢᠶ᠎ᠠ ᠪᠥᠬᠦᠢ ᠭᠤᠣᠯᠳᠠᠯᠭ᠎ᠠ ᠪᠣᠯᠬᠤ ᠨᠢᠭᠡᠴᠢ ᠳᠤ ᠵᠢᠯ ᠪᠦᠷᠢ ᠶᠢᠨ 3 ᠳ᠋ᠤᠭᠠᠷ ᠰᠠᠷ᠎ᠠ ᠶᠢᠨ ᠰᠡᠭᠦᠯᠴᠢ ᠡᠴᠠ ᠡᠮᠦᠨ᠎ᠡ ᠨᠢᠭᠡ ᠤᠳᠠᠭ᠎ᠠ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠭᠡ ᠶᠢᠨ ᠮᠡᠳᠡᠭᠡ ᠵᠠᠩᠭᠢ ᠬᠥᠯᠢᠶᠡᠨ ᠠᠪᠬᠤ ᠬᠠᠷᠢᠭᠤᠴᠠᠯᠭ᠎ᠠ ᠲᠠᠢ ᠬᠦᠮᠦᠰ ᠢ ᠰᠢᠨ᠎ᠡ ᠪᠠᠷ ᠪᠦᠷᠢᠳᠭᠡᠨ ᠳᠠᠩᠰᠠᠯᠠᠬᠤ ᠠᠵᠢᠯ ᠢᠶᠠᠨ ᠵᠣᠬᠢᠶᠠᠨ ᠪᠠᠢᠢᠭᠤᠯᠵᠤ ᠥᠷᠨᠢᠭᠦᠯᠬᠦ ᠶᠢᠨ ᠬᠠᠮᠲᠤ᠂ ᠴᠠᠭ ᠠᠭᠤᠷ ᠤᠨ ᠰᠠᠯᠠᠭ᠎ᠠ ᠮᠥᠴᠢᠷ ᠡᠴᠠ ᠤᠯᠤᠰ ᠤᠨ ᠭᠡᠨᠡᠳᠲᠡ ᠶᠢᠨ ᠬᠡᠷᠡᠭ ᠢ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠳᠤ ᠲᠡᠮᠲᠡᠭᠯᠡᠵᠦ ᠣᠷᠣᠭᠤᠯᠬᠤ ᠬᠡᠷᠡᠭᠲᠡᠶ᠃

  ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ᠂ ᠭᠠᠮᠰᠢᠭ ᠲᠤ ᠬᠤᠯᠪᠣᠭᠳᠠᠬᠤ ᠭᠤᠣᠯ ᠪᠣᠯᠬᠤ ᠰᠠᠯᠠᠭ᠎ᠠ ᠮᠥᠴᠢᠷ᠂ ᠭᠤᠣᠯᠳᠠᠯᠭ᠎ᠠ ᠪᠣᠯᠬᠤ ᠨᠢᠭᠡᠴᠢ᠄ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠭᠡ ᠶᠢᠨ ᠮᠡᠳᠡᠭᠡ ᠵᠠᠩᠭᠢ ᠬᠥᠯᠢᠶᠡᠨ ᠠᠪᠬᠤ ᠬᠠᠷᠢᠭᠤᠴᠠᠯᠭ᠎ᠠ ᠲᠠᠢ ᠬᠦᠮᠦᠨ ᠨᠢ ᠰᠣᠯᠢᠭᠳᠠᠭᠰᠠᠨ ᠪᠠᠢᠢᠪᠠᠯ᠂ ᠡᠯ᠎ᠡ ᠰᠠᠯᠠᠭ᠎ᠠ ᠮᠥᠴᠢᠷ ᠨᠢᠭᠡᠴᠢ ᠨᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠ ᠴᠠᠭ ᠠᠭᠤᠷ ᠤᠨ ᠰᠠᠯᠠᠭ᠎ᠠ ᠮᠥᠴᠢᠷ ᠲᠤ ᠰᠠᠨᠠᠭᠠᠴᠢᠯᠠᠭ᠎ᠠ ᠡᠴᠠ ᠪᠠᠨ ᠴᠠᠭ ᠲᠤᠬᠠᠶ ᠳ᠋ᠤ ᠨᠢ ᠪᠦᠷᠢᠳᠭᠡᠨ ᠳᠠᠩᠰᠠᠯᠠᠭᠤᠯᠬᠤ ᠬᠡᠷᠡᠭᠲᠡᠶ᠃

  ︵ ᠬᠤᠶᠠᠷ ︶ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠤᠯᠠᠮᠵᠢᠯᠠᠨ ᠳᠠᠮᠵᠢᠭᠤᠯᠬᠤ ᠲᠣᠭᠲᠠᠴᠠ ᠪᠠᠨ ᠪᠦᠷᠢᠨᠰᠢᠭᠦᠯᠬᠦ ᠬᠡᠷᠡᠭᠲᠡᠢ

  ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ᠄ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠨᠡᠢᠢᠲᠡᠯᠡᠬᠦ ᠬᠢᠭᠡᠳ ᠤᠯᠠᠮᠵᠢᠯᠠᠨ ᠳᠠᠮᠵᠢᠭᠤᠯᠬᠤ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠤᠯᠠᠮᠵᠢᠯᠠᠨ ᠳᠠᠮᠵᠢᠭᠤᠯᠬᠤ ᠪᠡᠯᠡᠳᠭᠡᠮᠵᠢ ᠶᠢᠨ ᠲᠥᠯᠥᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠡᠯ᠎ᠡ ᠱᠠᠲᠤᠨ ᠤ ᠭᠡᠨᠡᠳᠲᠡ ᠶᠢᠨ ᠬᠡᠷᠡᠭ ᠢ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠪᠡᠶᠡᠯᠡᠭᠦᠯᠵᠦ᠂ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠨᠡᠶᠢᠲᠡᠯᠡᠬᠦ ᠪᠠ ᠠᠵᠢᠯᠯᠠᠭᠤᠯᠵᠤ ᠪᠠᠲᠤᠯᠠᠬᠤ ᠲᠣᠭᠲᠠᠴᠠ ᠶᠢ ᠪᠦᠷᠢᠨᠰᠢᠬᠦᠯᠵᠤ᠂ ᠥᠷᠭᠡᠨ ᠪᠦᠷᠬᠦᠭᠰᠡᠨ᠂ ᠪᠣᠰᠤᠭ᠎ᠠ ᠴᠤᠭᠴᠠᠵᠢᠭᠤᠯᠤᠭᠰᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠠᠷᠭ᠎ᠠ ᠠᠪᠴᠠᠯ ᠬᠢᠭᠡᠳ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠨᠢᠭᠡᠳᠦᠯᠲᠡᠶ ᠨᠡᠶᠢᠲᠡᠯᠡᠬᠦ ᠪᠠ ᠨᠡᠶᠢᠭᠡᠮ ᠤᠨ ᠵᠠᠭᠤᠴᠢᠯᠠᠭᠤᠷ ᠢᠶᠠᠷ ᠥᠷᠭᠡᠨ ᠬᠡᠪᠴᠢᠶᠡᠨ ᠳᠤ ᠤᠯᠠᠮᠵᠢᠯᠠᠨ ᠳᠠᠮᠵᠢᠭᠤᠯᠬᠤ ᠲᠣᠭᠲᠠᠴᠠ ᠪᠠᠨ ᠲᠡᠭᠦᠯᠳᠡᠷᠵᠢᠭᠦᠯᠵᠦ᠂ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ︽ ᠰᠠᠭᠠᠳ ᠦᠭᠡᠢ ᠨᠡᠪᠲᠡᠷᠡᠬᠦ ᠵᠠᠮ ︾ ᠢ ᠨᠡᠪᠲᠡᠷᠡᠭᠦᠯᠵᠦ᠂ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠬᠠᠮᠤᠷᠬᠤ ᠬᠡᠪᠴᠢᠶ᠎ᠡ᠂ ᠴᠠᠭ ᠲᠣᠬᠠᠢᠢᠴᠢ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃

  ᠴᠠᠭ ᠠᠭᠤᠷ ᠤᠨ ᠰᠠᠯᠠᠭ᠎ᠠ ᠮᠥᠴᠢᠷ᠄ ᠤᠯᠤᠰ ᠤᠨ ᠭᠡᠨᠡᠳᠲᠡ ᠶᠢᠨ ᠬᠡᠷᠡᠭ ᠢ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ᠂ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠭᠡ ᠶᠢᠨ ᠮᠡᠳᠡᠭᠡ ᠵᠠᠩᠭᠢ ᠭᠥᠯᠢᠶᠡᠨ ᠠᠪᠬᠤ ᠬᠠᠷᠢᠭᠤᠴᠠᠯᠭ᠎ᠠ ᠲᠠᠢ ᠬᠦᠮᠦᠰ ᠲᠤ ᠬᠠᠨᠳᠤᠭᠤᠯᠤᠭᠰᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠠᠵᠢᠯ ᠢ ᠭᠦᠨᠵᠡᠭᠡᠶ ᠦᠷᠨᠢᠭᠦᠯᠬᠦ ᠬᠡᠷᠡᠭᠲᠡᠢ᠃

  ᠷᠠᠳᠢᠣ᠋ ᠲᠧᠯᠸᠢᠰ᠂ ᠰᠣᠶᠣᠯ᠂ ᠰᠣᠨᠢᠨ ᠮᠡᠳᠡᠭᠡ ᠬᠡᠪᠯᠡᠯ᠂ ᠴᠢᠮᠡᠭᠡ ᠬᠤᠯᠪᠣᠭ᠎ᠠ ᠶᠢᠨ ᠬᠠᠮᠢᠶᠠᠷᠤᠯᠲᠠ᠂ ᠠᠷᠠᠳ ᠤᠨ ᠶᠠᠪᠤᠳᠠᠯ᠂ ᠲᠠᠷᠢᠶᠠᠯᠠᠩ ᠮᠠᠯ ᠠᠵᠤ ᠠᠬᠤᠶ᠂ ᠤᠰᠤᠨ ᠠᠰᠢᠬᠯᠠᠯᠲᠠ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠤᠯᠠᠮᠵᠢᠯᠠᠨ ᠳᠠᠮᠵᠢᠭᠤᠯᠬᠤ ᠯᠤᠭ᠎ᠠ ᠬᠤᠯᠪᠣᠭᠳᠠᠭᠰᠠᠨ ᠠᠵᠢᠯ ᠤᠳ ᠢ ᠰᠠᠶᠢᠲᠤᠷ ᠬᠢᠨ᠎ᠠ︔ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ ᠵᠡᠷᠭᠡ ᠵᠠᠭᠤᠴᠢᠯᠠᠭᠤᠷ ᠵᠢᠴᠢ ᠴᠢᠮᠡᠭᠡ ᠬᠤᠯᠪᠣᠭ᠎ᠠ ᠶᠢᠨ ᠡᠵᠡᠩᠨᠡᠨ ᠠᠵᠢᠯᠯᠠᠭᠤᠯᠬᠤ ᠨᠢᠭᠡᠴᠢ ᠨᠢ ᠲᠤᠬᠠᠶ ᠶᠢᠨ ᠭᠠᠵᠠᠷ ᠤᠨ ᠴᠠᠭ ᠠᠭᠤᠷ ᠤᠨ ᠦᠷᠲᠡᠭᠡᠨ ᠤ ᠨᠡᠶᠢᠲᠡᠯᠡᠭᠰᠡᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠢ ᠭᠠᠮᠰᠢᠭ ᠲᠤ ᠨᠦᠯᠦᠭᠡᠯᠡᠭᠳᠡᠬᠦ ᠣᠷᠣᠨ ᠪᠦᠰᠡ ᠳᠤ ᠴᠠᠭ ᠲᠤᠬᠠᠶ ᠳᠤ ᠨᠢ ᠤᠯᠠᠮᠵᠢᠯᠠᠨ ᠳᠠᠮᠵᠢᠭᠤᠯᠬᠤ ᠶᠢ ᠬᠠᠷᠢᠭᠤᠴᠠᠨ᠎ᠠ᠃

  ︵ ᠭᠤᠷᠪᠠ ︶ ᠳᠡᠭᠡᠳᠦ ᠲᠠᠰ ᠢᠯᠭᠠᠯ ᠤᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠳᠤ ︽ ᠪᠠᠴᠢᠮ ᠳᠠᠭᠤᠳᠠᠯᠲᠠ ︾ ᠶᠢᠨ ᠲᠣᠭᠲᠠᠴᠠ ᠶᠢ ᠴᠢᠩᠭᠠᠷᠠᠭᠤᠯᠬᠤ ᠬᠡᠷᠡᠭᠲᠡᠢ

  ᠴᠠᠭ ᠠᠭᠤᠷ ᠤᠨ ᠰᠠᠯᠠᠭ᠎ᠠ ᠮᠥᠴᠢᠷ᠄ ᠳᠡᠭᠡᠳᠦ ᠲᠠᠰ ᠢᠯᠭᠠᠯ ᠤᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ︽ ᠪᠠᠴᠢᠮ ᠳᠠᠭᠤᠳᠠᠯᠲᠠ ︾ ᠶᠢᠨ ᠦᠢᠯᠡᠴᠢᠯᠡᠭᠡᠨ ᠤ ᠪᠠᠷᠢᠮᠵᠢᠶ᠎ᠠ ᠪᠠ ᠠᠵᠢᠯ ᠤᠨ ᠴᠤᠪᠤᠷᠠᠯ ᠤᠨ ᠶᠣᠰᠣᠭᠠᠷ᠂ ᠲᠣᠰ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠢ ᠳᠤ ᠬᠠᠨᠳᠤᠭᠤᠯᠤᠭᠰᠠᠨ ᠳᠡᠭᠡᠳᠦ ᠲᠠᠰ ᠢᠯᠭᠠᠯ ᠤᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ︽ ᠪᠠᠴᠢᠮ ᠳᠠᠭᠤᠳᠠᠯᠲᠠ ︾ ᠶᠢᠨ ᠠᠵᠢᠯ ᠢ ᠦᠷᠨᠢᠭᠦᠯᠬᠦ ᠬᠡᠷᠡᠭᠲᠡᠢ᠃

  ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ᠄ ᠴᠠᠭ ᠠᠭᠤᠷ ᠤᠨ ᠰᠠᠯᠠᠭ᠎ᠠ ᠮᠥᠴᠢᠷ ᠤᠨ ︽ ᠪᠠᠴᠢᠮ ᠳᠠᠭᠤᠳᠠᠯᠲᠠ ︾ ᠶᠢᠨ ᠳᠣᠬᠢᠶ᠎ᠠ ᠶᠢ ᠣᠯᠤᠭᠰᠠᠨ ᠤ ᠲᠠᠷᠠᠭ᠎ᠠ᠂ ᠴᠠᠭ ᠲᠤᠬᠠᠶ ᠳᠤ ᠨᠢ ᠵᠢᠯᠣᠭᠤᠳᠤᠨ ᠵᠣᠬᠢᠴᠠᠭᠤᠯᠵᠤ᠂ ᠲᠣᠬᠢᠷᠠᠭᠤᠯᠤᠨ ᠪᠠᠶᠢᠷᠢᠯᠠᠭᠤᠯᠬᠤ ᠬᠡᠷᠡᠭᠲᠡᠶ᠃

  ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠄ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ ᠵᠢᠭᠠᠪᠤᠷᠢ ᠪᠠ ᠲᠣᠬᠢᠷᠠᠭᠤᠯᠤᠯᠲᠠ ᠶᠢ ᠦᠨᠳᠦᠰᠦᠯᠡᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠳᠤ ︽ ᠪᠠᠴᠢᠮ ᠳᠠᠭᠤᠳᠠᠯᠲᠠ ︾ ᠬᠢᠬᠦ ᠪᠠ ᠭᠠᠮᠰᠢᠭ ᠢ ᠰᠡᠷᠡᠮᠵᠢᠯᠡᠨ ᠰᠡᠷᠭᠡᠶᠢᠯᠡᠬᠦ ᠪᠠᠶᠢᠷᠢᠯᠠᠭᠤᠯᠤᠯᠲᠠ ᠶᠢ ᠴᠠᠭ ᠲᠤᠬᠠᠶ ᠳᠤ ᠨᠢ ᠰᠠᠶᠢᠲᠤᠷ ᠬᠢᠬᠦ ᠬᠡᠷᠡᠭᠲᠡᠶ᠃

  ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠄ ᠰᠡᠷᠡᠮᠵᠢᠯᠡᠭᠦᠯᠬᠦ ᠮᠡᠳᠡᠭᠡ ᠵᠠᠩᠭᠢ ᠶᠢ ᠣᠯᠤᠭᠰᠠᠨ ᠤ ᠳᠠᠷᠠᠭ᠎ᠠ᠂ ᠲᠣᠰ ᠠᠵᠢᠯ ᠲᠥᠷᠥᠯ ᠤᠨ ᠢᠶᠠᠨ ᠰᠡᠷᠭᠡᠢᠢᠯᠡᠵᠦ ᠠᠷᠭᠠᠴᠠᠭᠠᠬᠤ ᠠᠵᠢᠯ ᠢ ᠵᠣᠬᠢᠶᠠᠨ ᠪᠠᠢᠢᠭᠤᠯᠵᠤ ᠰᠠᠶᠢᠲᠤᠷ ᠬᠢᠬᠦ ᠬᠡᠷᠡᠭᠲᠡᠢ᠃

  ︵ ᠲᠥᠷᠪᠡ ︶ ᠡᠯ᠎ᠡ ᠰᠠᠯᠠᠭ᠎ᠠ ᠮᠥᠴᠢᠷ ᠨᠢᠭᠡᠴᠢ ᠶᠢᠨ ᠪᠠᠴᠢᠮ ᠪᠠᠶᠢᠳᠠᠯ ᠢ ᠠᠷᠭᠠᠴᠠᠭᠠᠵᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ

  ᠴᠠᠭ ᠠᠭᠤᠷ ᠤᠨ ᠰᠠᠯᠠᠭ᠎ᠠ ᠮᠥᠴᠢᠷ ᠡᠴᠠ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠲᠡᠷᠠᠭ᠎ᠠ᠂ ᠭᠠᠮᠰᠢᠭ ᠲᠤ ᠨᠦᠯᠦᠭᠡᠯᠡᠭᠳᠡᠬᠦ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠵᠢᠴᠢ ᠪᠠᠶᠢᠭᠤᠯᠤᠮᠵᠢ ᠨᠢ ᠲᠤᠰ ᠱᠠᠲᠤᠨ ᠤ ᠪᠠᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠶᠤᠰᠤᠭᠠᠷ᠂ ᠪᠣᠳᠠᠲᠤ ᠪᠠᠶᠢᠳᠠᠯ ᠢᠶᠠᠨ ᠦᠨᠳᠦᠰᠦᠯᠡᠨ ᠳᠣᠣᠷᠠᠬᠢ ᠠᠵᠢᠯ ᠤᠳ ᠢ ᠲᠡᠷᠡ ᠳᠠᠷᠤᠶ ᠳᠤ ᠨᠢ ᠦᠷᠨᠢᠭᠦᠯᠬᠦ ᠬᠡᠷᠡᠭᠲᠡᠢ᠄

  1. ᠴᠠᠭ ᠠᠭᠤᠷ ᠤᠨ ᠭᠠᠮᠰᠢᠭ ᠤᠨ ᠨᠥᠯᠥᠭᠡ ᠵᠢᠴᠢ ᠲᠡᠭᠦᠨ ᠤ ᠬᠥᠭᠵᠢᠵᠦ ᠬᠤᠪᠢᠷᠠᠬᠤ ᠬᠠᠨᠳᠤᠰᠢ ᠳᠤ ᠵᠦᠪᠳᠡᠯᠴᠡᠵᠦ ᠰᠤᠳᠤᠯᠤᠨ ᠮᠠᠭᠠᠳᠯᠠᠬᠤ ᠠᠵᠢᠯ ᠢ ᠵᠣᠬᠢᠶᠠᠨ ᠪᠠᠶᠢᠭᠤᠯᠵᠤ᠂ ᠪᠠᠶᠢᠳᠠᠯ ᠢ ᠨᠢ ᠠᠵᠢᠵᠤ ᠪᠠᠶᠢᠭᠠᠳ ᠪᠠᠴᠢᠮ ᠪᠠᠶᠢᠳᠠᠯ ᠢ ᠠᠷᠭᠠᠴᠠᠭᠠᠵᠤ ᠤᠷᠢᠶᠠᠯᠠᠨ ᠳᠠᠭᠠᠬᠤ ᠠᠵᠢᠯ ᠢᠶᠠᠨ ᠡᠬᠢᠯᠡᠭᠦᠯᠦᠨ᠎ᠡ᠃

  2.ᠬᠤᠷᠠᠯ ᠵᠣᠬᠢᠶᠠᠨ ᠪᠠᠢᠢᠭᠤᠯᠵᠤ ᠬᠤᠷᠠᠯᠳᠤᠭᠤᠯᠤᠨ᠂ ᠠᠷᠭᠠᠴᠠᠭᠠᠬᠤ ᠠᠷᠭ᠎ᠠ ᠬᠡᠮᠵᠢᠶ᠎ᠡ ᠶᠢ ᠰᠤᠳᠤᠯᠵᠤ᠂ ᠠᠵᠢᠯ ᠤᠨ ᠪᠠᠶᠢᠷᠢᠯᠠᠭᠤᠯᠤᠯᠲᠠ ᠬᠢᠨ᠎ᠡ᠃

  3. ᠪᠠᠶᠢᠳᠠᠯ ᠢ ᠨᠢ ᠠᠵᠢᠵᠤ ᠪᠠᠶᠢᠭᠠᠳ ᠴᠠᠭ ᠠᠭᠤᠷ ᠤᠨ ᠭᠠᠮᠰᠢᠭ ᠲᠤ ᠨᠦᠯᠦᠭᠡᠯᠡᠭᠳᠡᠭᠦ ᠭᠤᠣᠯᠳᠠᠯᠭ᠎ᠠ ᠪᠣᠯᠬᠤ ᠣᠷᠣᠨ ᠪᠦᠰᠡ ᠲᠡᠢᠢᠰᠢ ᠠᠵᠢᠯᠯᠠᠬᠤ ᠳᠤᠭᠤᠶᠢᠯᠠᠩ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠪᠤᠶᠤ ᠮᠡᠷᠭᠡᠵᠢᠯ ᠤᠨ ᠠᠵᠢᠯᠳᠠᠨ ᠲᠣᠮᠢᠯᠠᠵᠤ᠂ ᠭᠠᠮᠰᠢᠭ ᠢ ᠰᠡᠷᠭᠡᠢᠢᠯᠡᠨ ᠬᠤᠷᠢᠬᠯᠠᠬᠤ ᠠᠵᠢᠯ ᠢ ᠵᠢᠭᠠᠨ ᠵᠢᠯᠣᠭᠤᠳᠣᠭᠤᠯᠤᠨ᠎ᠠ᠃

  4. ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠡᠩᠨᠡᠭᠡ᠂ ᠣᠨᠴᠠᠭᠠᠢ ᠡᠭᠦᠷᠭᠡ ᠬᠠᠷᠢᠭᠤᠴᠠᠯᠭ᠎ᠠ ᠲᠠᠢ ᠬᠥᠮᠦᠰ ᠢ ᠵᠢᠵᠢᠭᠦᠷᠯᠡᠨ ᠰᠠᠬᠢᠬᠤ ᠵᠠᠷᠯᠢᠭ ᠬᠦᠯᠢᠶᠡᠬᠦ ᠪᠠᠶᠢᠳᠠᠯ ᠳᠤ ᠪᠠᠢᠢᠯᠭᠠᠬᠤ ᠪᠠᠷ ᠵᠠᠷᠯᠢᠭᠳᠠᠬᠤ ᠶᠢᠨ ᠬᠠᠮᠲᠤ᠂ ᠪᠡᠯᠡᠳᠬᠡᠯ ᠬᠥᠮᠦᠰ ᠲᠤ ᠳᠠᠢᠢᠴᠢᠯᠠᠯᠲᠠ ᠬᠢᠵᠦ ᠪᠠᠢᠢᠭᠠᠳ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠠ ᠰᠢᠢᠳᠪᠦᠷᠢᠯᠡᠨ ᠲᠣᠬᠢᠷᠠᠭᠤᠯᠬᠤ ᠠᠵᠢᠯ ᠳᠤ ᠣᠷᠣᠯᠴᠠᠬᠤ ᠪᠡᠯᠡᠳᠬᠡᠯ ᠢ ᠨᠢ ᠰᠠᠶᠢᠲᠤᠷ ᠬᠢᠯᠭᠡᠨ᠎ᠡ᠃

  5. ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠳ᠋ᠤ ᠬᠡᠷᠡᠭᠰᠡᠬᠦ ᠡᠳ᠋ ᠪᠠᠷᠠᠭ᠎ᠠ᠂ ᠲᠥᠬᠦᠭᠡᠷᠦᠮᠵᠢ᠂ ᠪᠠᠭᠠᠵᠢ ᠬᠡᠷᠡᠭᠰᠡᠯ ᠤᠳ ᠢ ᠲᠣᠬᠢᠷᠠᠭᠤᠯᠤᠨ ᠴᠤᠭᠯᠠᠭᠤᠯᠵᠤ᠂ ᠭᠠᠮᠰᠢᠭ ᠲᠤ ᠨᠦᠯᠦᠭᠡᠯᠡᠭᠳᠡᠬᠦ ᠭᠠᠵᠠᠷ ᠣᠷᠣᠨ ᠨᠢ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠮᠵᠢ ᠪᠠ ᠠᠶᠤᠯ ᠡᠴᠠ ᠵᠠᠶᠢᠯᠠᠬᠤ ᠲᠠᠯᠠᠪᠤᠷ ᠭᠠᠵᠠᠷ ᠢ ᠡᠬᠢᠯᠡᠨ ᠬᠡᠷᠡᠭᠯᠡᠬᠦ ᠪᠡᠯᠡᠳᠬᠡᠯ ᠢᠶᠠᠨ ᠰᠠᠶᠢᠲᠤᠷ ᠬᠢᠵᠦ᠂ ᠲᠡᠳᠡᠭᠡᠷ ᠤᠨ ᠴᠢᠳᠠᠮᠵᠢ ᠰᠠᠢᠢᠲᠠᠢ ᠪᠦᠷᠢᠨ ᠳᠦᠬᠦᠷ ᠪᠠᠢᠢᠵᠤ᠂ ᠴᠠᠭ ᠢᠮᠠᠭᠲᠠ ᠬᠡᠪ ᠤᠨ ᠶᠤᠰᠤᠭᠠᠷ ᠬᠡᠷᠡᠭᠯᠡᠵᠦ ᠪᠣᠯᠬᠤ ᠶᠢ ᠨᠢ ᠦᠨᠡᠨ ᠬᠦ ᠪᠠᠲᠤᠯᠠᠨ᠎ᠠ᠃

  6. ᠢᠳᠡᠭᠡᠨ ᠤᠮᠳᠠᠭᠠᠨ᠂ ᠤᠤᠭᠤᠬᠤ ᠤᠰᠤ᠂ ᠬᠤᠪᠴᠠᠰᠤ ᠬᠤᠨᠠᠷ ᠬᠥᠨᠵᠢᠯᠡ ᠳᠡᠪᠢᠰᠬᠡᠷ᠂ ᠮᠠᠶᠢᠬᠠᠨ ᠵᠡᠷᠭᠡ ᠭᠠᠮᠰᠢᠭ ᠡᠴᠠ ᠠᠪᠤᠷᠬᠠᠤ ᠡᠳ᠋ ᠪᠠᠷᠠᠭ᠎ᠠ ᠶᠢ ᠴᠤᠭᠯᠠᠭᠤᠯᠬᠤ ᠪᠠ ᠬᠡᠷᠡᠭᠯᠡᠬᠦ ᠪᠡᠯᠡᠳᠬᠡᠯ ᠢ ᠰᠠᠶᠢᠲᠤᠷ ᠬᠢᠵᠦ᠂ ᠰᠢᠯᠵᠢᠭᠦᠯᠦᠨ ᠵᠠᠢᠢᠯᠠᠭᠰᠠᠳ ᠤᠨ ᠦᠨᠳᠦᠰᠦᠨ ᠠᠮᠢᠳᠤᠷᠠᠯ ᠢ ᠨᠢ ᠪᠠᠲᠤᠯᠠᠨ᠎ᠠ᠃

  7. ᠴᠢᠬᠤᠯᠠ ᠪᠥᠬᠦᠶ ᠠᠷᠭ᠎ᠠ ᠬᠡᠮᠵᠢᠶ᠎ᠡ ᠠᠪᠴᠤ ᠪᠠᠶᠢᠭᠠᠳ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ᠂ ᠤᠰᠤ ᠬᠠᠩᠭᠠᠬᠤ᠂ ᠤᠰᠤ ᠵᠠᠯᠠᠬᠤ᠂ ᠴᠠᠬᠢᠯᠭᠠᠨ ᠬᠠᠩᠭᠠᠬᠤ᠂ ᠬᠡᠶ ᠬᠠᠩᠭᠠᠬᠤ᠂ ᠢᠯᠴᠢ ᠬᠠᠩᠭᠠᠬᠤ ᠵᠡᠷᠭᠡ ᠣᠯᠠᠨ ᠨᠡᠶᠢᠲᠡ ᠶᠢᠨ ᠪᠡᠯᠡᠳᠬᠡᠮᠵᠢ ᠶᠢᠨ ᠠᠮᠤᠷ ᠲᠦᠪᠰᠢᠨ ᠪᠠ ᠬᠡᠪ ᠤᠨ ᠠᠵᠢᠯᠯᠠᠭᠠᠨ ᠢ ᠦᠨᠡᠨ ᠬᠦ ᠪᠠᠲᠤᠯᠠᠨ᠎ᠠ᠃

  8. ᠣᠨᠴᠠᠭᠠᠢ ᠠᠷᠭ᠎ᠠ ᠬᠡᠮᠵᠢᠶ᠎ᠡ ᠠᠪᠴᠤ ᠬᠥᠨᠥᠭᠡᠯ ᠬᠤᠬᠢᠷᠠᠯ ᠡᠴᠠ ᠵᠠᠢᠢᠯᠠᠭᠤᠯᠬᠤ ᠪᠤᠶᠤ ᠬᠥᠨᠥᠭᠡᠯ ᠬᠤᠬᠢᠷᠠᠯ ᠢ ᠪᠠᠭᠠᠰᠬᠠᠬᠤ ᠲᠤᠬᠠᠶ ᠰᠠᠨᠠᠭᠤᠯᠭ᠎ᠠ᠂ ᠢᠳᠬᠠᠯ ᠢ ᠴᠠᠭ ᠲᠤᠬᠠᠶ ᠳᠤ ᠨᠢ ᠨᠡᠢᠢᠭᠡᠮ ᠳᠤ ᠨᠡᠶᠢᠲᠡᠯᠡᠨ᠎ᠡ᠃

  9. ᠭᠤᠣᠯᠳᠠᠯᠭ᠎ᠠ ᠪᠣᠯᠬᠤ ᠨᠢᠭᠡᠴᠢ᠂ ᠴᠢᠬᠤᠯᠠ ᠣᠷᠣᠨ ᠪᠠᠶᠢᠷᠢ ᠪᠠ ᠴᠢᠬᠤᠯᠠ ᠰᠠᠭᠤᠷᠢ ᠪᠡᠯᠡᠳᠭᠡᠮᠵᠢ ᠶᠢᠨ ᠠᠮᠦᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠵᠤ᠂ ᠨᠡᠢᠢᠭᠡᠮ ᠤᠨ ᠠᠮᠤᠷ ᠲᠦᠪᠰᠢᠨ ᠤ ᠡᠮᠬᠢ ᠲᠢᠭᠯᠢᠮ ᠢ ᠬᠠᠮᠠᠭᠠᠯᠠᠨ᠎ᠠ᠃

  10. ᠰᠡᠷᠡᠮᠵᠢᠯᠡᠭᠦᠯᠬᠦ ᠮᠡᠳᠡᠭᠡ ᠵᠠᠩᠭᠢ ᠶᠢ ᠠᠶᠤᠯ ᠲᠠᠢ ᠣᠷᠣᠨ ᠪᠦᠰᠡ ᠳᠠᠬᠢ ᠬᠥᠮᠦᠰ ᠲᠤ ᠴᠠᠭ ᠲᠤᠬᠠᠶ ᠳᠤ ᠨᠢ ᠮᠡᠳᠡᠭᠳᠡᠵᠦ᠂ ᠲᠣᠭᠲᠠᠭᠠᠯ ᠶᠣᠰᠣᠭᠠᠷ ᠬᠥᠮᠦᠰ ᠢ ᠵᠣᠬᠢᠶᠠᠨ ᠪᠠᠢᠢᠭᠤᠯᠵᠤ ᠰᠢᠯᠵᠢᠭᠦᠯᠦᠨ ᠵᠠᠢᠢᠯᠠᠭᠤᠯᠤᠨ᠎ᠠ᠃

  11. ᠣᠯᠠᠨ ᠨᠡᠶᠢᠲᠡ ᠳᠤ ᠬᠤᠯᠪᠣᠭᠳᠠᠬᠤ ᠭᠠᠶ ᠭᠠᠮᠰᠢᠭ ᠤᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠨᠡᠢᠢᠭᠡᠮ ᠳᠤ ᠨᠡᠶᠢᠲᠡᠯᠡᠬᠦ ᠶᠢᠨ ᠬᠠᠮᠲᠤ᠂ ᠬᠠᠮᠢᠶ᠎ᠠ ᠪᠥᠬᠦᠶ ᠮᠡᠳᠡᠭᠡ ᠵᠠᠩᠭᠢ ᠶᠢᠨ ᠮᠡᠳᠡᠭᠡᠯᠡᠯ ᠳᠤ ᠬᠠᠮᠢᠶᠠᠷᠤᠯᠲᠠ ᠪᠠᠨ ᠴᠢᠩᠭᠠᠳᠬᠠᠨ᠎ᠠ᠃

  12. ᠴᠢᠬᠤᠯᠠ ᠲᠠᠢ ᠦᠶ᠎ᠡ ᠳᠤ᠂ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠥᠷᠰᠢ ᠵᠡᠷᠭᠡᠯᠡᠳᠡᠭᠡ ᠭᠠᠵᠠᠷ ᠣᠷᠣᠨ ᠡᠴᠠ ᠲᠤᠰᠠᠯᠠᠮᠵᠢ ᠭᠤᠶᠤᠴᠢᠯᠠᠵᠤ᠂ ᠭᠠᠮᠰᠢᠭ ᠤᠨ ᠪᠠᠶᠢᠳᠠᠯ ᠤᠨ ᠬᠠᠮᠢᠶ᠎ᠠ ᠪᠥᠬᠦᠢ ᠮᠡᠳᠡᠭᠡ ᠵᠠᠩᠭᠢ ᠪᠠᠨ ᠮᠡᠳᠡᠭᠦᠯᠦᠨ᠎ᠡ ︵ ᠨᠡᠪᠲᠡᠷᠡᠭᠦᠯᠦᠨ ᠮᠡᠳᠡᠭᠡᠯᠡᠨ᠎ᠡ ︶᠃

  ︵ ᠲᠠᠪᠤ ︶ ᠬᠦᠨᠳᠦ ᠶᠡᠭᠡ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠪᠠᠷ ᠬᠢᠴᠢᠶᠡᠯᠯᠡᠬᠦ ᠶᠢ ᠵᠤᠭᠰᠤᠭᠠᠬᠤ᠂ ᠠᠵᠢᠯᠯᠠᠬᠤ ᠶᠢ ᠵᠣᠭᠰᠤᠭᠠᠬᠤ᠂ ᠲᠡᠭᠡᠭᠡᠪᠦᠷᠢᠯᠡᠬᠦ ᠶᠢ ᠵᠤᠭᠰᠤᠭᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ

  ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢ ᠰᠡᠷᠡᠮᠵᠢᠯᠡᠭᠦᠯᠬᠦ ᠮᠡᠳᠡᠭᠡ ᠵᠠᠩᠭᠢ ᠵᠢᠨ ᠲᠠᠰ ᠵᠡᠷᠭᠡ᠂ ᠨᠥᠯᠥᠭᠡᠯᠡᠬᠦ ᠣᠷᠣᠨ ᠪᠦᠰᠡ ᠵᠢᠴᠢ ᠴᠠᠭ ᠬᠤᠭᠤᠴᠠᠭ᠎ᠠ ᠵᠢ ᠦᠨᠳᠦᠰᠦᠯᠡᠨ᠂ ᠶᠡᠷᠦᠩᠬᠡᠶᠢᠯᠡᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠴᠢᠬᠤᠯᠠ ᠲᠠᠢ ᠦᠶ᠎ᠡ ᠳ᠋ᠤ ᠬᠢᠴᠢᠶᠡᠯᠯᠡᠬᠦ ᠵᠢ ᠵᠤᠭᠰᠤᠭᠠᠬᠤ᠂ ᠠᠵᠢᠯᠯᠠᠬᠤ ᠵᠢ ᠵᠣᠭᠰᠤᠭᠠᠬᠤ᠂ ᠲᠡᠭᠡᠭᠡᠪᠦᠷᠢᠯᠡᠬᠦ ᠶᠢ ᠵᠤᠭᠰᠤᠭᠠᠬᠤ ᠠᠷᠭ᠎ᠠ ᠬᠡᠮᠵᠢᠶ᠎ᠡ ᠶᠢ ᠡᠷᠡᠰ ᠰᠢᠭᠤᠷᠬᠠᠶ ᠠᠪᠬᠤ ᠬᠡᠷᠡᠭᠲᠡᠶ᠃

  1. ᠬᠢᠴᠢᠶᠡᠯᠯᠡᠬᠦ ᠶᠢ ᠵᠣᠭᠰᠤᠭᠠᠬᠤ ᠠᠷᠭ᠎ᠠ ᠬᠡᠮᠵᠢᠶ᠎ᠡ᠃

  ᠰᠤᠷᠭᠠᠨ ᠬᠥᠮᠦᠵᠢᠯ ᠤᠨ ᠰᠠᠯᠠᠭ᠎ᠠ ᠮᠥᠴᠢᠷ᠄ ᠲᠤᠬᠠᠶ ᠶᠢᠨ ᠭᠠᠵᠠᠷ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠨᠳᠦᠰᠦᠯᠡᠨ᠂ ᠨᠥᠯᠥᠭᠡᠯᠡᠬᠦ ᠴᠠᠭ ᠬᠤᠭᠤᠴᠠᠭ᠎ᠠ ᠪᠠ ᠨᠥᠯᠥᠭᠡᠯᠡᠬᠦ ᠣᠷᠣᠨ ᠪᠦᠰᠡ ᠲᠠᠢ ᠨᠢ ᠤᠶᠠᠯᠳᠤᠭᠤᠯᠤᠨ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠰᠤᠷᠤᠭᠴᠢᠳ ᠤᠨ ᠰᠤᠷᠭᠠᠭᠤᠯᠢ ᠳᠤ ᠪᠠᠨ ᠣᠴᠢᠬᠤ᠂ ᠰᠤᠷᠭᠠᠭᠤᠯᠢ ᠡᠴᠠ ᠪᠠᠨ ᠬᠠᠷᠢᠬᠤ ᠶᠢ ᠠᠮᠢᠳᠤᠯᠢᠭ ᠳᠣᠭᠢᠷᠠᠭᠤᠯᠤᠨ᠎ᠠ︔ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠳᠣᠭᠢᠷᠠᠭᠤᠯᠤᠨ ᠬᠢᠴᠢᠶᠡᠯᠯᠡᠬᠦ ᠶᠢ ᠵᠤᠭᠰᠤᠭᠠᠬᠤ ᠠᠵᠢᠯ ᠤᠨ ᠵᠢᠯᠣᠭᠤᠳᠤᠮᠵᠢ ᠪᠠᠶᠢᠭᠤᠯᠬᠤ ᠶᠢᠨ ᠬᠠᠮᠲᠤ᠂ ᠲᠣᠰ ᠠᠵᠢᠯ ᠲᠥᠷᠥᠯ ᠪᠤᠶᠤ ᠲᠣᠰ ᠨᠢᠭᠡᠴᠢ ᠶᠢᠨ ᠢᠶᠠᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠳᠤ ᠣᠷᠣᠭᠤᠯᠬᠤ ᠬᠡᠷᠡᠭᠲᠡᠶ᠃

  ᠬᠠᠷᠢᠶ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ᠄ ᠪᠠᠴᠢᠮ ᠪᠠᠶᠢᠳᠠᠯ ᠲᠠᠢ ᠦᠶ᠎ᠡ ᠳᠤ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠪᠠ ᠶᠡᠭᠡ ᠳᠡᠭᠡᠳᠦ ᠰᠤᠷᠭᠠᠭᠤᠯᠢ ᠳ᠋ᠤ ᠬᠢᠴᠢᠶᠡᠯᠯᠡᠬᠦ ᠵᠢ ᠨᠢ ᠵᠣᠭᠰᠣᠭᠠᠬᠤ ᠠᠷᠭ᠎ᠠ ᠬᠡᠮᠵᠢᠶ᠎ᠡ ᠵᠢ ᠡᠬᠢᠯᠡᠭᠦᠯᠬᠦ ᠳ᠋ᠤ ᠪᠠᠨ᠂ ᠰᠠᠭᠠᠲᠠᠵᠤ ᠦᠯᠡᠳᠡᠭᠰᠡᠨ ᠬᠥᠮᠦᠰ ᠵᠢᠨᠨ ᠰᠢᠯᠵᠢᠭᠦᠯᠬᠦ ᠪᠠ ᠲᠥᠪᠬᠢᠨᠡᠭᠦᠯᠬᠦ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠬᠢᠴᠢᠶᠡᠯᠯᠡᠬᠦ ᠶᠢ ᠵᠤᠭᠰᠤᠭᠠᠬᠤ ᠠᠷᠭ᠎ᠠ ᠬᠡᠮᠵᠢᠶᠡᠨ ᠤ ᠪᠣᠲᠠᠲᠠᠢ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃

  2. ᠠᠵᠢᠯᠯᠠᠬᠤ ᠶᠢ ᠵᠤᠭᠰᠤᠭᠠᠬᠤ ᠠᠷᠭ᠎ᠠ ᠬᠡᠮᠵᠢᠶ᠎ᠡ᠃

  ᠠᠮᠦᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠄ ᠲᠤᠬᠠᠶ ᠶᠢᠨ ᠭᠠᠵᠠᠷ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠨᠳᠦᠰᠦᠯᠡᠨ᠂ ᠨᠥᠯᠥᠭᠡᠯᠡᠬᠦ ᠴᠠᠭ ᠬᠤᠭᠤᠴᠠᠭ᠎ᠠ ᠪᠠ ᠨᠥᠯᠥᠭᠡᠯᠡᠬᠦ ᠣᠷᠣᠨ ᠪᠦᠰᠡ ᠲᠠᠢ ᠨᠢ ᠤᠶᠠᠯᠳᠤᠭᠤᠯᠤᠨ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠴᠠᠭ ᠠᠭᠤᠷ ᠤᠨ ᠭᠠᠮᠰᠢᠭ ᠤᠨ ᠲᠥᠷᠥᠯ ᠬᠡᠯᠪᠡᠷᠢ ᠶᠢ ᠦᠨᠳᠦᠰᠦᠯᠡᠨ᠂ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠬᠤᠯᠪᠣᠭᠳᠠᠯ ᠪᠥᠬᠦᠶ ᠠᠵᠤ ᠠᠬᠤᠶᠢᠯᠠᠯ ᠤᠨ ᠳᠠᠷᠤᠢᠬᠠᠨ ᠠᠵᠢᠯᠯᠠᠬᠤ ᠪᠠᠨ ᠵᠣᠭᠰᠣᠭᠠᠬᠤ ᠶᠢ ᠨᠢ ᠬᠢᠨᠠᠨ ᠵᠢᠯᠣᠭᠤᠳᠤᠨ᠎ᠠ︔ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠳᠣᠭᠢᠷᠠᠭᠤᠯᠤᠨ ᠠᠵᠢᠯᠯᠠᠬᠤ ᠶᠢ ᠵᠣᠭᠰᠣᠭᠠᠬᠤ ᠠᠵᠢᠯ ᠤᠨ ᠵᠢᠯᠣᠭᠤᠳᠤᠮᠵᠢ ᠪᠠᠶᠢᠭᠤᠯᠬᠤ ᠶᠢᠨ ᠬᠠᠮᠲᠤ᠂ ᠲᠣᠰ ᠠᠵᠢᠯ ᠲᠥᠷᠥᠯ ᠪᠤᠶᠤ ᠲᠣᠰ ᠨᠢᠭᠡᠴᠢ ᠶᠢᠨ ᠢᠶᠠᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠳᠤ ᠣᠷᠣᠭᠤᠯᠬᠤ ᠬᠡᠷᠡᠭᠲᠡᠶ᠃

  ᠬᠠᠷᠢᠶ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ᠂ ᠠᠮᠦᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠄ ᠪᠠᠴᠢᠮ ᠪᠠᠶᠢᠳᠠᠯ ᠲᠠᠢ ᠦᠶ᠎ᠡ ᠳᠤ ᠠᠵᠤ ᠠᠬᠤᠶᠢᠯᠠᠯ ᠳᠤ ᠠᠵᠢᠯᠯᠠᠬᠤ ᠶᠢ ᠨᠢ ᠵᠣᠭᠰᠣᠭᠠᠬᠤ ᠠᠷᠭ᠎ᠠ ᠬᠡᠮᠵᠢᠶ᠎ᠡ ᠶᠢ ᠡᠬᠢᠯᠡᠭᠦᠯᠬᠦ ᠳᠤ ᠪᠠᠨ᠂ ᠰᠠᠭᠠᠲᠠᠵᠤ ᠦᠯᠡᠳᠡᠭᠰᠡᠨ ᠬᠥᠮᠦᠰ ᠢ ᠰᠢᠯᠵᠢᠭᠦᠯᠬᠦ ᠪᠠ ᠲᠥᠪᠬᠢᠨᠡᠭᠦᠯᠬᠦ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠠᠵᠢᠯᠯᠠᠬᠤ ᠶᠢ ᠵᠤᠭᠰᠤᠭᠠᠬᠤ ᠠᠷᠭ᠎ᠠ ᠬᠡᠮᠵᠢᠶ᠎ᠡ ᠪᠠᠨ ᠨᠠᠢᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃

  3. ᠲᠡᠭᠡᠭᠡᠪᠦᠷᠢᠯᠡᠬᠦ ᠶᠢ ᠵᠤᠭᠰᠤᠭᠠᠬᠤ ᠠᠷᠭ᠎ᠠ ᠬᠡᠮᠵᠢᠶ᠎ᠡ᠃

  ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠵᠡᠷᠭᠡ ᠬᠠᠮᠢᠶ᠎ᠠ ᠪᠥᠬᠦᠶ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠄ ᠲᠤᠬᠠᠶ ᠶᠢᠨ ᠭᠠᠵᠠᠷ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠨᠳᠦᠰᠦᠯᠡᠨ᠂ ᠨᠥᠯᠥᠭᠡᠯᠡᠬᠦ ᠴᠠᠭ ᠬᠤᠭᠤᠴᠠᠭ᠎ᠠ ᠪᠠ ᠨᠥᠯᠥᠭᠡᠯᠡᠬᠦ ᠣᠷᠣᠨ ᠪᠦᠰᠡ ᠲᠠᠢ ᠨᠢ ᠤᠶᠠᠯᠳᠤᠭᠤᠯᠤᠨ᠂ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠲᠡᠮᠦᠷ ᠵᠠᠮ᠂ ᠵᠠᠰᠠᠮᠠᠯ ᠵᠠᠮ᠂ ᠠᠭᠠᠷ ᠠᠶᠠᠯᠠᠯ ᠵᠡᠷᠭᠡ ᠶᠢᠨ ᠲᠡᠭᠡᠭᠡᠪᠦᠷᠢᠯᠡᠬᠦ ᠶᠢ ᠨᠢ ᠵᠣᠭᠰᠣᠭᠠᠬᠤ ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃

  ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠵᠠᠰᠠᠮᠠᠯ ᠵᠠᠮ᠂ ᠤᠰᠤᠨ ᠵᠠᠮ ᠤᠨ ᠲᠡᠭᠡᠭᠡᠪᠦᠷᠢ ᠵᠡᠷᠭᠡ ᠰᠠᠯᠠᠭ᠎ᠠ ᠮᠥᠴᠢᠷ᠄ ᠵᠠᠮ ᠬᠠᠷᠢᠯᠴᠠᠭ᠎ᠠ ᠲᠡᠭᠡᠭᠡᠪᠦᠷᠢ ᠶᠢ ᠵᠣᠭᠰᠣᠭᠠᠬᠤ ᠠᠵᠢᠯ ᠤᠨ ᠵᠢᠯᠤᠭᠤᠳᠤᠮᠵᠢ ᠶᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠲᠡᠭᠦᠯᠳᠡᠷᠵᠢᠭᠦᠯᠬᠦ ᠶᠢᠨ ᠬᠠᠮᠲᠤ᠂ ᠰᠠᠯᠠᠭ᠎ᠠ ᠮᠥᠴᠢᠷ ᠪᠠ ᠬᠤᠯᠪᠣᠭᠳᠠᠯ ᠪᠥᠬᠦᠶ ᠨᠢᠭᠡᠴᠢ ᠶᠢᠨ ᠢᠶᠠᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠳᠤ ᠣᠷᠣᠭᠤᠯᠤᠨ᠎ᠠ︔ ᠠᠭᠠᠷ ᠤᠨ ᠲᠡᠭᠡᠭᠡᠪᠦᠷᠢ ᠶᠢᠨ ᠲᠡᠭᠡᠭᠡᠪᠦᠷᠢᠯᠡᠬᠦ ᠶᠢ ᠵᠣᠭᠰᠣᠭᠠᠬᠤ ᠠᠵᠢᠯ ᠢ ᠪᠣᠯ ᠠᠷᠠᠳ ᠤᠨ ᠠᠭᠠᠷ ᠤᠨ ᠲᠡᠭᠡᠭᠡᠪᠦᠷᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡᠴᠠ ᠠᠷᠠᠳ ᠤᠨ ᠠᠭᠠᠷ ᠤᠨ ᠲᠡᠭᠡᠭᠡᠪᠦᠷᠢ ᠶᠢᠨ ᠠᠵᠤ ᠠᠬᠤᠢᠢᠯᠠᠯ ᠠᠵᠢᠯ ᠦᠢᠯᠡᠰ ᠤᠨ ᠨᠢᠭᠡᠴᠢ ᠨᠦᠭᠦᠳ ᠢ ᠰᠢᠮᠳᠠᠭᠤᠯᠤᠨ ᠵᠣᠬᠢᠴᠠᠭᠤᠯᠵᠤ ᠪᠠᠢᠢᠭᠠᠳ ᠨᠠᠢᠢᠳᠠᠪᠤᠷᠢᠵᠢᠭᠤᠯᠬᠤ ᠶᠢ ᠨᠢ ᠬᠠᠷᠢᠭᠤᠴᠠᠨ᠎ᠠ᠃

  ᠬᠠᠷᠢᠶ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠪᠠ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠄ ᠲᠡᠭᠡᠭᠡᠪᠦᠷᠢᠯᠡᠬᠦ ᠵᠢ ᠨᠢ ᠵᠣᠭᠰᠣᠭᠠᠬᠤ ᠠᠷᠭ᠎ᠠ ᠬᠡᠮᠵᠢᠶ᠎ᠡ ᠪᠠᠨ ᠡᠬᠢᠯᠡᠭᠦᠯᠬᠦ ᠳ᠋ᠤ ᠪᠠᠨ᠂ ᠡᠭᠦᠷᠭᠡ ᠬᠠᠷᠢᠭᠤᠴᠠᠯᠭ᠎ᠠ ᠵᠢᠨ ᠵᠢᠨᠨ ᠶᠣᠰᠣᠭᠠᠷ ᠡᠯ᠎ᠡ ᠲᠥᠷᠥᠯ ᠤᠨ ᠭᠤᠤᠯ ᠴᠣᠭᠴᠠ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠴᠠᠭ ᠲᠤᠬᠠᠶ ᠳᠤ ᠨᠢ ᠨᠠᠶᠢᠳᠠᠪᠤᠷᠢᠵᠢᠭᠤᠯᠵᠤ᠂ ᠰᠠᠭᠠᠲᠠᠵᠤ ᠦᠯᠡᠳᠡᠭᠰᠡᠨ ᠬᠥᠮᠦᠰ ᠢ ᠰᠢᠯᠵᠢᠭᠦᠯᠬᠦ ᠪᠠ ᠲᠥᠪᠬᠢᠨᠡᠭᠦᠯᠬᠦ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠲᠡᠭᠡᠭᠡᠪᠦᠷᠢᠯᠡᠬᠦ ᠶᠢ ᠵᠣᠭᠰᠣᠭᠠᠬᠤ ᠠᠷᠭ᠎ᠠ ᠬᠡᠮᠵᠢᠶ᠎ᠡ ᠪᠠᠨ ᠨᠠᠢᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃

  ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠢ ᠬᠠᠩᠭᠠᠬᠤ᠂ ᠴᠢᠮᠡᠭᠡ ᠬᠤᠯᠪᠣᠭ᠎ᠠ᠂ ᠡᠮᠴᠢᠯᠡᠭᠡ ᠵᠡᠷᠭᠡ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠪᠠ ᠠᠶᠤᠯ ᠭᠠᠮᠰᠢᠭ ᠡᠴᠠ ᠠᠪᠤᠷᠠᠬᠤ ᠠᠵᠢᠯ ᠳᠤ ᠣᠷᠣᠯᠴᠠᠬᠤ ᠨᠢᠭᠡᠴᠢ ᠨᠦᠭᠦᠳ ᠨᠢ ᠬᠢᠴᠢᠶᠡᠯᠯᠡᠬᠦ ᠶᠢ ᠵᠤᠭᠰᠤᠭᠠᠬᠤ᠂ ᠠᠵᠢᠯᠯᠠᠬᠤ ᠶᠢ ᠵᠤᠭᠰᠤᠭᠠᠬᠤ᠂ ᠲᠡᠭᠡᠭᠡᠪᠦᠷᠢᠯᠡᠬᠦ ᠶᠢ ᠵᠣᠭᠰᠣᠭᠠᠬᠤ ᠬᠡᠪᠴᠢᠶᠡᠨ ᠳᠤ ᠪᠠᠭᠲᠠᠬᠤ ᠦᠭᠡᠢ᠃

  ︵ ᠵᠢᠷᠭᠤᠭ᠎ᠠ ︶ ᠲᠦᠢᠯ ᠤᠨ ᠳᠣᠭᠰᠢᠨ ᠠᠵᠢᠷᠭᠠᠨ ᠪᠣᠷᠣᠭᠠᠨ᠂ ᠬᠦᠴᠦᠲᠡᠶ ᠰᠣᠯᠢᠭ ᠣᠷᠤᠰᠬᠠᠯᠲᠤ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠵᠤ ᠬᠤᠯᠪᠣᠭᠠᠯᠠᠨ ᠬᠦᠳᠡᠯᠦᠯᠴᠡᠬᠦ ᠪᠠᠨ ᠴᠢᠩᠭᠠᠷᠠᠭᠤᠯᠬᠤ ᠬᠡᠷᠡᠭᠲᠡᠢ

  ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ᠄ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠲᠣᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠲᠦᠢᠯ ᠤᠨ ᠳᠣᠭᠰᠢᠨ ᠠᠵᠢᠷᠭᠠᠨ ᠪᠣᠷᠣᠭᠠᠨ᠂ ᠬᠦᠴᠦᠲᠡᠶ ᠰᠣᠯᠢᠭ ᠣᠷᠤᠰᠬᠠᠯᠲᠤ ᠴᠠᠭ ᠠᠭᠤᠷ ᠢ ᠠᠷᠭᠠᠴᠠᠭᠠᠬᠤ ᠳᠤ ᠪᠠᠴᠢᠮ ᠪᠠᠶᠢᠳᠠᠯ ᠢ ᠠᠷᠭᠠᠴᠠᠭᠠᠵᠤ ᠬᠤᠯᠪᠣᠭᠠᠯᠠᠨ ᠬᠥᠳᠡᠯᠦᠯᠴᠡᠬᠦ ᠵᠢᠴᠢ ᠤᠷᠢᠶᠠᠯᠠᠨ ᠳᠠᠭᠠᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠵᠣᠬᠢᠬᠤ ᠰᠡᠷᠭᠡᠢᠢᠯᠡᠵᠦ ᠠᠷᠭᠠᠴᠠᠭᠠᠬᠤ ᠠᠷᠭ᠎ᠠ ᠬᠡᠮᠵᠢᠶ᠎ᠡ ᠶᠢ ᠲᠣᠭᠲᠠᠭᠠᠨ᠎ᠠ︔ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠪᠠᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠨᠢᠭᠡᠴᠢ ᠪᠠ ᠨᠡᠶᠢᠭᠡᠮ ᠨᠡᠶᠢᠲᠡ ᠶᠢ ᠬᠥᠲᠥᠯᠥᠨ ᠵᠢᠯᠣᠭᠤᠳᠴᠤ ᠪᠠᠶᠢᠭᠠᠳ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠨᠳᠦᠰᠦᠯᠡᠨ᠂ ᠥᠪᠡᠷ ᠢ ᠪᠠᠨ ᠠᠪᠤᠷᠠᠬᠤ ᠪᠠ ᠦᠷᠦᠭᠡᠯ ᠪᠤᠰᠤᠳ ᠤᠨ ᠬᠤᠭᠤᠷᠤᠨᠳᠤ ᠪᠠᠨ ᠲᠤᠰᠠᠯᠠᠨ ᠠᠪᠤᠷᠠᠬᠤ ᠵᠣᠬᠢᠴᠠᠩᠭᠤᠶ ᠠᠷᠭ᠎ᠠ ᠬᠡᠮᠵᠢᠶ᠎ᠡ ᠶᠢ ᠠᠪᠴᠤ ᠬᠡᠷᠡᠭᠯᠡᠬᠦ ᠬᠡᠷᠡᠭᠲᠡᠶ᠃

  ᠴᠠᠭ ᠠᠭᠤᠷ ᠤᠨ ᠰᠠᠯᠠᠭ᠎ᠠ ᠮᠥᠴᠢᠷ᠄ ᠴᠠᠭ ᠠᠭᠤᠷ ᠤᠨ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠠᠬᠢᠨ ᠳᠠᠪᠰᠢᠬᠤ ᠮᠠᠶ᠋ᠢᠭ ᠤᠨ ᠦᠢᠯᠡᠴᠢᠯᠡᠭᠡ ᠶᠢ ᠥᠷᠨᠢᠭᠦᠯᠵᠦ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠣᠨᠣᠪᠴᠢ ᠶᠢᠨ ᠬᠡᠮᠵᠢᠶ᠎ᠡ᠂ ᠤᠷᠢᠳᠴᠢᠯᠠᠭᠤᠯᠬᠤ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠴᠠᠭ ᠠᠭᠤᠷ ᠤᠨ ᠬᠠᠮᠤᠭ ᠤᠨ ᠰᠢᠨ᠎ᠡ ᠲᠤᠭ᠎ᠠ ᠪᠠᠷᠢᠮᠲᠠ ᠶᠢ ᠦᠨᠳᠦᠰᠦᠯᠡᠨ ᠪᠠᠢᠢᠵᠤ ᠨᠡᠶᠢᠲᠡᠯᠡᠭᠰᠡᠨ ᠠᠵᠢᠷᠭᠠᠨ ᠪᠣᠷᠣᠭᠠᠨ᠂ ᠬᠦᠴᠦᠲᠡᠶ ᠰᠣᠯᠢᠭ ᠤᠷᠤᠰᠬᠠᠯᠲᠤ ᠴᠠᠭ ᠠᠭᠤᠷ ᠢ ᠰᠡᠷᠡᠮᠵᠢᠯᠡᠭᠦᠯᠬᠦ ᠮᠡᠳᠡᠭᠡ ᠵᠠᠩᠭᠢ ᠳ᠋ᠤ ᠪᠠᠨ ᠴᠠᠭ ᠲᠤᠬᠠᠶ ᠳ᠋ᠤ ᠨᠢ ᠲᠣᠬᠢᠷᠠᠭᠤᠯᠤᠯᠲᠠ ᠬᠢᠵᠦ᠂ ᠪᠠᠴᠢᠮ ᠪᠠᠶᠢᠳᠠᠯ ᠢ ᠠᠷᠭᠠᠴᠠᠭᠠᠵᠤ ᠬᠤᠯᠪᠣᠭᠠᠯᠠᠨ ᠬᠥᠳᠡᠯᠦᠯᠴᠡᠬᠦ ᠵᠢᠨ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃

  1. ᠪᠠᠴᠢᠮ ᠪᠠᠶᠢᠳᠠᠯ ᠢ ᠠᠷᠭᠠᠴᠠᠭᠠᠬᠤ ᠳᠤ ᠤᠷᠢᠶᠠᠯᠠᠨ ᠳᠠᠭᠠᠬᠤ ᠶᠢ ᠡᠬᠢᠯᠡᠭᠦᠯᠬᠦ ᠪᠡᠯᠡᠳᠭᠡᠯ ᠱᠠᠲᠤ᠃ ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠠ ᠰᠠᠯᠠᠭ᠎ᠠ ᠮᠥᠴᠢᠷ ᠨᠢᠭᠡᠴᠢ ᠨᠦᠭᠦᠳ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠣᠯᠤᠭᠰᠠᠨ ᠤ ᠲᠠᠷᠠᠭ᠎ᠠ᠂ ᠴᠠᠭ ᠠᠭᠤᠷ ᠤᠨ ᠭᠠᠮᠰᠢᠭ ᠳᠣᠬᠢᠶᠠᠯᠳᠤᠭᠰᠠᠨ ᠣᠷᠣᠨ ᠬᠢᠭᠡᠳ ᠭᠠᠮᠰᠢᠭ ᠤᠨ ᠬᠦᠴᠦᠯᠡᠴᠡ ᠶᠢ ᠦᠨᠳᠦᠰᠦᠯᠡᠨ᠂ ᠬᠠᠮᠢᠶ᠎ᠠ ᠪᠥᠬᠦᠢ ᠨᠢᠭᠡᠴᠢ ᠶᠢ ᠵᠣᠬᠢᠶᠠᠨ ᠪᠠᠢᠢᠭᠤᠯᠵᠤ ᠬᠠᠮᠲᠤ ᠪᠠᠷ ᠰᠤᠳᠤᠯᠤᠨ ᠮᠠᠭᠠᠳᠯᠠᠵᠤ᠂ ᠲᠠᠯᠳᠠ ᠭᠡᠮ ᠢ ᠨᠢ ᠵᠢᠭᠰᠠᠭᠠᠨ ᠪᠠᠶᠢᠴᠠᠭᠠᠬᠤ ᠠᠵᠢᠯ ᠦᠷᠨᠢᠭᠦᠯᠦᠨ᠂ ᠭᠠᠮᠰᠢᠭᠲᠤ ᠲᠥᠭᠰᠢᠭᠦᠷᠢᠲᠡᠢ ᠣᠷᠣᠨ ᠢ ᠴᠠᠭ ᠲᠤᠬᠠᠶ ᠳᠤ ᠨᠢ ᠬᠢᠨᠠᠨ ᠰᠢᠨᠵᠢᠬᠦ ᠪᠠᠨ ᠴᠢᠩᠭᠠᠳᠬᠠᠬᠤ ᠶᠢᠨ ᠬᠠᠮᠲᠤ᠂ ᠴᠠᠭ ᠠᠭᠤᠷ ᠤᠨ ᠬᠤᠪᠢᠷᠠᠯᠲᠠ ᠪᠠ ᠬᠤᠷ᠎ᠠ ᠲᠤᠨᠤᠳᠠᠰᠤᠨ ᠤ ᠪᠠᠶᠢᠳᠠᠯ ᠢ ᠮᠥᠷᠳᠡᠨ ᠡᠵᠡᠮᠰᠢᠵᠦ᠂ ᠪᠠᠴᠢᠮ ᠪᠠᠶᠢᠳᠠᠯ ᠢ ᠠᠷᠭᠠᠴᠠᠭᠠᠬᠤ ᠳᠤ ᠤᠷᠢᠶᠠᠯᠠᠨ ᠲᠠᠭᠠᠬᠤ ᠠᠵᠢᠯ ᠥᠷᠨᠢᠭᠦᠯᠬᠦ ᠪᠥᠬᠦ ᠲᠠᠯ᠎ᠠ ᠶᠢᠨ ᠪᠡᠯᠡᠳᠬᠡᠯ ᠢ ᠰᠠᠶᠢᠲᠤᠷ ᠬᠢᠬᠦ ᠬᠡᠷᠡᠭᠲᠡᠶ᠃

  2. ᠪᠠᠴᠢᠮ ᠪᠠᠶᠢᠳᠠᠯ ᠢ ᠠᠷᠭᠠᠴᠠᠭᠠᠬᠤ ᠳᠤ ᠤᠷᠢᠶᠠᠯᠠᠨ ᠳᠠᠭᠠᠬᠤ ᠶᠢ ᠡᠬᠢᠯᠡᠭᠦᠯᠬᠦ ᠱᠠᠲᠤ᠃ ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠠ ᠰᠠᠯᠠᠭ᠎ᠠ ᠮᠥᠴᠢᠷ ᠨᠢᠭᠡᠴᠢ ᠨᠢ ᠴᠠᠭ ᠠᠭᠤᠷ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠠᠵᠢᠷᠭᠠᠨ ᠪᠣᠷᠣᠭᠠᠨ ᠪᠠ ᠬᠦᠴᠦᠲᠡᠢ ᠰᠣᠯᠢᠭ ᠤᠷᠤᠰᠬᠠᠯ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠣᠯᠤᠭᠰᠠᠨ ᠤ ᠲᠠᠷᠠᠭ᠎ᠠ᠂ ᠰᠡᠷᠡᠮᠵᠢᠯᠡᠭᠦᠯᠦᠭᠰᠡᠨ ᠮᠡᠳᠡᠭᠡ ᠵᠠᠩᠭᠢ ᠪᠠᠷ ᠪᠠᠴᠢᠮ ᠪᠠᠶᠢᠳᠠᠯ ᠢ ᠠᠷᠭᠠᠴᠠᠭᠠᠵᠤ ᠤᠷᠢᠶᠠᠯᠠᠨ ᠲᠠᠭᠠᠬᠤ ᠶᠢ ᠡᠬᠢᠯᠡᠭᠦᠯᠬᠦ ᠨᠥᠬᠦᠴᠡᠯ ᠪᠣᠯᠭᠠᠵᠤ᠂ ᠬᠠᠮᠲᠤᠷᠠᠨ ᠵᠥᠪᠳᠡᠯᠴᠡᠵᠦ ᠰᠤᠳᠤᠯᠤᠨ ᠮᠠᠭᠠᠳᠯᠠᠬᠤ ᠶᠢ ᠵᠣᠬᠢᠶᠠᠨ ᠪᠠᠢᠢᠭᠤᠯᠵᠤ᠂ ᠰᠤᠳᠤᠯᠤᠨ ᠮᠠᠭᠠᠳᠯᠠᠭᠰᠠᠨ ᠳ᠋ᠦᠩ ᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠭᠠᠬᠤ ᠳᠤ ᠤᠷᠢᠶᠠᠯᠠᠨ ᠲᠠᠭᠠᠬᠤ ᠪᠠᠶᠢᠳᠠᠯ ᠲᠠᠢ ᠪᠠᠢᠢᠬᠤ ᠡᠰᠡᠬᠦ ᠪᠠᠨ ᠲᠣᠭᠲᠠᠭᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠳᠤ ᠤᠷᠢᠶᠠᠯᠠᠨ ᠳᠠᠭᠠᠬᠤ ᠶᠢ ᠡᠬᠢᠯᠡᠭᠦᠯᠦᠭᠰᠡᠨ ᠤ ᠳᠠᠷᠠᠭ᠎ᠠ᠂ ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠡᠴᠠ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠢ ᠪᠠ ᠨᠦᠯᠦᠭᠡᠯᠡᠭᠳᠡᠬᠦ ᠭᠠᠵᠠᠷ ᠣᠷᠣᠨ ᠢ ᠵᠢᠯᠣᠭᠤᠳᠤᠨ ᠳᠣᠭᠢᠷᠠᠭᠤᠯᠵᠤ ᠪᠠᠢᠢᠭᠠᠳ ᠰᠡᠷᠭᠡᠢᠢᠯᠡᠵᠦ ᠠᠷᠭᠠᠴᠠᠭᠠᠬᠤ ᠠᠵᠢᠯ ᠢ ᠰᠠᠶᠢᠲᠤᠷ ᠬᠢᠯᠭᠡᠨ᠎ᠡ︔ ᠨᠦᠯᠦᠭᠡᠯᠡᠭᠳᠡᠬᠦ ᠭᠠᠵᠠᠷ ᠣᠷᠣᠨ ᠤ ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠢ ᠨᠢ ᠵᠢᠵᠢᠭᠦᠷᠯᠡᠵᠦ ᠰᠠᠬᠢᠬᠤ ᠠᠵᠢᠯ ᠢᠶᠠᠨ ᠴᠢᠩᠭᠠᠳᠬᠠᠬᠤ ᠬᠡᠷᠡᠭᠲᠡᠶ᠃

  3. ᠪᠠᠴᠢᠮ ᠪᠠᠶᠢᠳᠠᠯ ᠢ ᠠᠷᠭᠠᠴᠠᠭᠠᠵᠤ ᠬᠤᠯᠪᠣᠭᠠᠯᠠᠨ ᠬᠥᠳᠡᠯᠦᠯᠴᠡᠬᠦ᠃ ᠴᠠᠭ ᠠᠭᠤᠷ ᠤᠨ ᠰᠠᠯᠠᠭ᠎ᠠ ᠮᠥᠴᠢᠷ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠲᠡᠷᠠᠭ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠪᠠᠴᠢᠮ ᠪᠠᠶᠢᠳᠠᠯ ᠢ ᠠᠷᠭᠠᠴᠠᠭᠠᠨ ᠵᠢᠵᠢᠭᠦᠷᠯᠡᠵᠦ ᠰᠠᠬᠢᠬᠤ ᠠᠵᠢᠯ ᠢᠶᠠᠨ ᠴᠢᠩᠭᠠᠳᠬᠠᠵᠤ᠂ ᠨᠢᠭᠲᠠ ᠵᠣᠬᠢᠴᠠᠭᠤᠯᠤᠨ ᠨᠡᠪᠲᠡᠷᠡᠯᠴᠡᠵᠦ᠂ ᠭᠠᠢ ᠭᠠᠮᠰᠢᠭ ᠤᠨ ᠬᠥᠭᠵᠢᠵᠦ ᠬᠤᠪᠢᠷᠠᠬᠤ ᠪᠠᠶᠢᠳᠠᠯ ᠢ ᠴᠠᠭ ᠲᠤᠬᠠᠶ ᠳ᠋ᠤ ᠨᠢ ᠡᠵᠡᠮᠰᠢᠵᠦ᠂ ᠮᠡᠳᠡᠭᠡ ᠵᠠᠩᠭᠢ ᠶᠢ ᠬᠤᠷᠢᠶᠠᠩᠭᠤᠶᠢᠯᠠᠨ ᠮᠡᠳᠡᠭᠦᠯᠬᠦ ᠠᠵᠢᠯ ᠵᠢᠴᠢ ᠮᠡᠳᠡᠭᠡ ᠵᠠᠩᠭᠢ ᠨᠡᠶᠢᠲᠡᠯᠡᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠣᠭᠤᠳᠬᠤ ᠠᠵᠢᠯ ᠢᠶᠠᠨ ᠰᠠᠶᠢᠲᠤᠷ ᠬᠢᠬᠦ ᠬᠡᠷᠡᠭᠲᠡᠶ᠃ ᠭᠤᠣᠯᠳᠠᠯᠭ᠎ᠠ ᠪᠣᠯᠬᠤ ᠣᠷᠣᠨ ᠪᠦᠰᠡ᠂ ᠠᠨᠠᠢ ᠪᠠᠢᠢᠭ᠎ᠠ ᠭᠤᠭᠴᠤᠭ᠎ᠠ ᠶᠢ ᠨᠢ ᠲᠣᠭᠤᠷᠢᠨ ᠪᠠᠶᠢᠴᠠᠭᠠᠵᠤ ᠰᠠᠬᠢᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠭᠠᠮᠰᠢᠭ ᠡᠴᠠ ᠪᠣᠯᠵᠤ ᠰᠦᠢᠳᠭᠡᠭᠳᠡᠭᠰᠡᠨ ᠪᠠᠷᠢᠯᠭ᠎ᠠ ᠪᠡᠯᠡᠳᠭᠡᠮᠵᠢ ᠶᠢ ᠲᠦᠷᠭᠡᠨ ᠵᠠᠰᠠᠵᠤ ᠰᠡᠷᠭᠦᠭᠡᠨ᠎ᠡ᠃ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠳᠣᠤᠷᠠᠬᠢ ᠠᠵᠢᠯ ᠤᠳ ᠢ ᠦᠷᠨᠢᠭᠦᠯᠬᠦ ᠬᠡᠷᠡᠭᠲᠡᠢ᠄

  ᠴᠠᠭ ᠠᠭᠤᠷ ᠤᠨ ᠰᠠᠯᠠᠭ᠎ᠠ ᠮᠥᠴᠢᠷ᠄ ᠪᠠᠴᠢᠮ ᠪᠠᠶᠢᠳᠠᠯ ᠢ ᠠᠷᠭᠠᠴᠠᠭᠠᠬᠤ ᠠᠵᠢᠬᠯᠠᠯᠲᠠ ᠰᠢᠨᠵᠢᠯᠲᠡ ᠵᠢ ᠴᠠᠭ ᠲᠤ ᠨᠢ ᠳᠣᠭᠢᠷᠠᠭᠤᠯᠤᠨ ᠡᠬᠢᠯᠡᠭᠦᠯᠵᠦ᠂ ᠨᠠᠷᠢᠯᠢᠬᠵᠢᠭᠤᠯᠤᠭᠰᠠᠨ ᠬᠢᠨᠠᠨ ᠰᠢᠨᠵᠢᠯᠲᠡ ᠬᠢᠬᠦ᠂ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠵᠡᠷᠭᠡ ᠴᠠᠭ ᠠᠭᠤᠷ ᠤᠨ ᠦᠢᠯᠡᠴᠢᠯᠡᠭᠡᠨ ᠤ ᠮᠡᠳᠡᠭᠡ ᠵᠠᠩᠭᠢ ᠶᠢ ᠬᠠᠩᠭᠠᠨ᠎ᠠ︔ ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠪᠣᠷᠣᠭᠠᠨ ᠬᠤᠷ᠎ᠠ ᠶᠢᠨ ᠪᠣᠳᠠᠲᠤ ᠪᠠᠶᠢᠳᠠᠯ ᠵᠢᠴᠢ ᠤᠷᠢᠳᠴᠢᠯᠠᠭᠰᠠᠨ ᠮᠡᠳᠡᠭᠡ ᠶᠢ ᠴᠠᠭ ᠲᠤᠬᠠᠶ ᠳᠤ ᠨᠢ ᠲᠠᠰᠤᠯᠳᠠᠯ ᠦᠭᠡᠢ ᠪᠠᠷ ᠮᠡᠳᠡᠭᠦᠯᠬᠦ ᠬᠡᠷᠡᠭᠲᠡᠶ︔ ᠴᠠᠭ ᠠᠭᠤᠷ ᠤᠨ ᠨᠢᠭᠤᠴᠠᠯᠠᠭᠰᠠᠨ ᠵᠥᠪᠳᠡᠯᠴᠡᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠠᠭ ᠠᠭᠤᠷ ᠤᠨ ᠭᠠᠮᠰᠢᠭ ᠤᠨ ᠬᠥᠭᠵᠢᠵᠦ ᠬᠤᠪᠢᠷᠠᠬᠤ ᠬᠠᠨᠳᠤᠰᠢ ᠪᠠ ᠨᠦᠯᠦᠭᠡ ᠶᠢ ᠵᠠᠳᠠᠯᠤᠨ ᠰᠤᠳᠤᠯᠵᠤ ᠮᠠᠭᠠᠳᠯᠠᠨ᠂ ᠠᠳᠠᠯᠢ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠢᠴᠢ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠬᠠᠮᠢᠶ᠎ᠠ ᠪᠥᠬᠦᠶ ᠵᠢᠯᠣᠭᠤᠳᠬᠤ ᠪᠠᠶᠢᠭᠤᠯᠤᠮᠵᠢ ᠳᠤ ᠰᠡᠷᠡᠮᠵᠢᠯᠡᠨ ᠰᠡᠷᠭᠡᠶᠢᠯᠡᠬᠦ ᠰᠠᠨᠠᠭᠤᠯᠭ᠎ᠠ ᠳᠤᠷᠠᠳᠬᠤ ᠬᠡᠷᠡᠭᠲᠡᠶ᠃

  ᠰᠤᠷᠭᠠᠨ ᠬᠥᠮᠦᠵᠢᠯ ᠤᠨ ᠰᠠᠯᠠᠭ᠎ᠠ ᠮᠥᠴᠢᠷ᠄ ᠬᠡᠤᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠪᠠ ᠶᠡᠭᠡ ᠳᠡᠭᠡᠳᠦ ᠰᠤᠷᠭᠠᠭᠤᠯᠢ ᠶᠢ ᠵᠣᠬᠢᠶᠠᠨ ᠪᠠᠢᠢᠭᠤᠯᠵᠤ ᠵᠢᠭᠠᠨ ᠵᠢᠯᠣᠭᠤᠳᠴᠤ ᠪᠠᠶᠢᠭᠠᠳ ᠴᠠᠭ ᠠᠭᠤᠷ ᠤᠨ ᠭᠠᠮᠰᠢᠭ ᠢ ᠰᠡᠷᠭᠡᠢᠢᠯᠡᠵᠦ ᠠᠷᠭᠠᠴᠠᠭᠠᠬᠤ ᠠᠵᠢᠯ ᠢ ᠰᠠᠶᠢᠲᠤᠷ ᠬᠢᠯᠭᠡᠵᠦ᠂ ᠴᠢᠬᠤᠯᠠ ᠲᠠᠢ ᠦᠶ᠎ᠡ ᠳᠤ ᠬᠢᠴᠢᠶᠡᠯᠯᠡᠬᠦ ᠶᠢ ᠵᠤᠭᠰᠤᠭᠠᠬᠤ᠂ ᠬᠢᠴᠢᠶᠡᠯᠯᠡᠬᠦ ᠴᠠᠭ ᠢ ᠨᠢ ᠲᠣᠬᠢᠷᠠᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠬᠦᠨᠳᠦ ᠶᠡᠭᠡ ᠴᠠᠭ ᠠᠭᠤᠷ ᠤᠨ ᠭᠠᠮᠰᠢᠭ ᠡᠴᠠ ᠪᠣᠯᠬᠤ ᠠᠮᠤᠷ ᠲᠦᠪᠰᠢᠨ ᠤ ᠳᠠᠯᠳᠠ ᠬᠡᠮ ᠢ ᠰᠡᠷᠭᠡᠢᠢᠯᠡᠬᠦ ᠬᠡᠷᠡᠭᠲᠡᠢ᠃

  ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠰᠠᠯᠠᠭ᠎ᠠ ᠮᠥᠴᠢᠷ᠄ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠨᠢᠭᠡᠴᠢ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠬᠯᠠᠬᠤ ᠠᠵᠢᠯ ᠢ ᠰᠠᠶᠢᠲᠤᠷ ᠬᠢᠯᠭᠡᠬᠦ ᠬᠡᠷᠡᠭᠲᠡᠢ᠃

  ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠄ ᠴᠠᠭᠳᠠᠭᠠᠨ ᠤ ᠬᠦᠴᠦᠨ ᠤ ᠣᠷᠣᠭᠤᠯᠤᠯᠲᠠ ᠪᠠᠨ ᠨᠡᠮᠡᠭᠳᠡᠭᠦᠯᠵᠦ᠂ ᠬᠤᠲᠠ ᠶᠢᠨ ᠭᠤᠤᠯ ᠪᠣᠯᠬᠤ ᠵᠠᠮ ᠬᠥᠭᠦᠷᠭᠡ ᠭᠤᠯᠳᠤᠩ᠂ ᠲᠥᠷᠭᠡᠨ ᠤ ᠵᠠᠰᠠᠮᠠᠯ ᠵᠠᠮ᠂ ᠤᠯᠤᠰ ᠮᠤᠵᠢ ᠶᠢᠨ ᠭᠤᠤᠯ ᠱᠤᠭᠤᠮ᠂ ᠡ᠊ᠨᠳᠡᠯ ᠣᠯᠠᠨ ᠡᠭᠦᠰᠳᠡᠭ ᠵᠠᠮ ᠤᠨ ᠬᠡᠰᠡᠭ ᠵᠡᠷᠭᠡ ᠴᠠᠭ ᠠᠭᠤᠷ ᠤᠨ ᠭᠠᠮᠰᠢᠭ ᠪᠤᠶᠤ ᠡᠭᠦᠰᠦᠮᠡᠯ ᠭᠠᠮᠰᠢᠭ᠂ ᠤᠯᠠᠷᠢᠨ ᠡᠭᠦᠰᠬᠦ ᠭᠠᠮᠰᠢᠭ ᠲᠤ ᠠᠮᠠᠷᠬᠠᠨ ᠨᠥᠯᠥᠭᠡᠯᠡᠭᠳᠡᠬᠦ ᠵᠠᠮ ᠤᠨ ᠬᠡᠰᠡᠭ ᠲᠤ ᠴᠠᠭᠳᠠᠨ ᠲᠣᠭᠤᠷᠢᠵᠤ ᠬᠠᠮᠢᠶᠠᠷᠤᠨ ᠡᠵᠡᠮᠳᠡᠬᠦ ᠤᠳᠠᠭ᠎ᠠ ᠳᠠᠷᠠᠭ᠎ᠠ ᠪᠠᠨ ᠨᠡᠮᠡᠭᠳᠡᠭᠦᠯᠦᠨ᠎ᠡ︔ ᠵᠠᠮ ᠳᠡᠭᠡᠷᠡᠬᠢ ᠵᠠᠯᠠᠵᠤ ᠵᠢᠯᠤᠭᠤᠳᠬᠤ ᠠᠵᠢᠯ ᠢᠶᠠᠨ ᠴᠢᠩᠭᠠᠳᠬᠠᠵᠤ᠂ ᠴᠢᠬᠤᠯᠠ ᠲᠠᠢ ᠦᠶ᠎ᠡ ᠳᠤ ᠵᠠᠮ ᠤᠨ ᠬᠡᠰᠡᠭ ᠬᠤᠪᠢᠶᠠᠨ ᠨᠡᠪᠲᠡᠷᠡᠭᠦᠯᠬᠦ᠂ ᠵᠠᠮ ᠬᠠᠷᠢᠯᠴᠠᠭᠠᠨ ᠤ ᠵᠠᠯᠠᠵᠤ ᠰᠢᠯᠤᠭᠤᠳᠬᠠᠬᠤ᠂ ᠱᠠᠲᠤᠴᠢ ᠴᠢᠨᠠᠷᠲᠠᠶ ᠪᠤᠶᠤ ᠣᠷᠣᠨ ᠪᠦᠰᠡ ᠶᠢᠨ ᠴᠢᠨᠠᠷᠲᠠᠶ ᠪᠠᠷ ᠵᠠᠮ ᠪᠢᠲᠡᠭᠦᠮᠵᠢᠯᠡᠬᠦ ᠵᠡᠷᠭᠡ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ ᠠᠪᠬᠤ ᠬᠡᠷᠡᠭᠲᠡᠶ︔ ᠤᠰᠤ ᠲᠠᠢ ᠭᠠᠵᠠᠷ ᠢ ᠭᠠᠲᠤᠯᠤᠭᠠᠳ ᠤᠨᠲᠠᠷᠠᠭᠰᠠᠨ ᠮᠠᠰᠢᠨ ᠲᠡᠷᠭᠡᠨ ᠳᠠᠬᠢ ᠵᠢᠯᠣᠭᠤᠴᠢ ᠪᠠ ᠠᠶᠠᠨᠴᠢᠳ ᠢ ᠵᠣᠬᠢᠶᠠᠨ ᠪᠠᠢᠢᠭᠤᠯᠵᠤ ᠤᠰᠤ ᠬᠤᠷᠠᠭᠰᠠᠨ ᠭᠠᠵᠠᠷ ᠡᠴᠠ ᠦᠳᠲᠡᠷ ᠲᠦᠷᠭᠡᠨ ᠵᠠᠢᠢᠯᠠᠭᠤᠯᠬᠤ ᠬᠡᠷᠡᠭᠲᠡᠢ᠃

  ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ᠄ ᠭᠠᠵᠠᠷ ᠬᠦᠷᠦᠰᠦᠨ ᠤ ᠭᠠᠢ ᠭᠠᠮᠰᠢᠭ ᠢ ᠬᠢᠨᠠᠨ ᠰᠢᠨᠵᠢᠵᠦ ᠰᠡᠷᠡᠮᠵᠢᠯᠡᠭᠦᠯᠬᠦ ᠪᠠᠨ ᠴᠢᠩᠭᠠᠳᠬᠠᠵᠤ᠂ ᠭᠠᠵᠠᠷ ᠬᠦᠷᠦᠰᠦᠨ ᠤ ᠭᠠᠢ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠪᠠᠨ ᠴᠠᠭ ᠲᠤᠬᠠᠶ ᠳᠤ ᠨᠢ ᠨᠡᠶᠢᠲᠡᠯᠡᠵᠦ᠂ ᠠᠳᠠᠯᠢ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠳᠤ ᠭᠠᠵᠠᠷ ᠬᠦᠷᠦᠰᠦᠨ ᠤ ᠭᠠᠢ ᠭᠠᠮᠰᠢᠭ ᠢ ᠰᠡᠷᠭᠡᠢᠢᠯᠡᠵᠦ ᠠᠷᠭᠠᠴᠠᠭᠠᠬᠤ ᠰᠠᠨᠠᠭᠤᠯᠭ᠎ᠠ ᠳᠤᠷᠠᠳᠤᠨ᠎ᠠ᠃

  ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ᠄ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠭᠠᠵᠠᠷ ᠤᠨ ᠪᠠᠷᠢᠯᠭ᠎ᠠ ᠪᠠᠷᠢᠬᠤ ᠨᠢᠭᠡᠴᠢ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠨᠦᠬᠡ ᠶᠢᠨ ᠡᠷᠭᠢ ᠬᠦᠪᠡᠭᠡ ᠨᠤᠷᠠᠬᠤ ᠶᠢ ᠰᠡᠷᠭᠡᠶᠢᠯᠡᠬᠦ ᠪᠠ ᠰᠠᠭᠤᠷᠢ ᠶᠢᠨ ᠨᠦᠬᠡᠨ ᠤ ᠤᠰᠤ ᠲᠠᠲᠠᠷᠠᠭᠤᠯᠬᠤ ᠠᠵᠢᠯ ᠤᠨ ᠪᠡᠯᠡᠳᠬᠡᠯ ᠢ ᠰᠠᠶᠢᠲᠤᠷ ᠬᠢᠯᠭᠡᠨ᠎ᠡ︔ ᠥᠨᠳᠥᠷ ᠳᠡᠭᠡᠷ᠎ᠡ ᠠᠵᠢᠯᠯᠠᠬᠤ ᠵᠡᠷᠭᠡ ᠬᠡᠷ ᠤᠨ ᠭᠠᠳᠠᠭᠤᠷᠬᠢ ᠪᠠᠷᠢᠯᠭ᠎ᠠ ᠶᠢᠨ ᠠᠵᠢᠯ ᠬᠢᠬᠦ ᠨᠢᠭᠡᠴᠢ ᠶᠢ ᠵᠢᠭᠠᠨ ᠵᠢᠯᠤᠭᠤᠳᠴᠤ ᠪᠠᠢᠢᠭᠠᠳ ᠰᠡᠷᠭᠡᠶᠢᠯᠡᠬᠦ ᠪᠡᠯᠡᠳᠬᠡᠯ ᠢ ᠰᠠᠶᠢᠲᠤᠷ ᠬᠢᠯᠭᠡᠵᠦ᠂ ᠴᠢᠬᠤᠯᠠ ᠲᠠᠢ ᠦᠶ᠎ᠡ ᠳᠤ ᠠᠵᠢᠯᠯᠠᠬᠤ ᠶᠢ ᠵᠤᠭᠰᠤᠭᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ︔ ᠬᠤᠳᠠ ᠶᠢᠨ ᠤᠰᠤᠲᠤᠯ ᠢ ᠬᠢᠨᠠᠨ ᠰᠢᠨᠵᠢᠵᠦ ᠰᠡᠷᠡᠮᠵᠢᠯᠡᠭᠦᠯᠬᠦ ᠪᠠ ᠰᠡᠷᠭᠡᠢᠢᠯᠡᠵᠦ ᠠᠷᠭᠠᠴᠠᠭᠠᠬᠤ ᠠᠵᠢᠯ ᠢ ᠰᠠᠶᠢᠲᠤᠷ ᠬᠢᠨ᠎ᠠ︔ ᠬᠤᠲᠠ ᠶᠢᠨ ᠶᠠᠪᠤᠳᠠᠯ᠂ ᠤᠰᠤ ᠬᠠᠩᠭᠠᠬᠤ᠂ ᠢᠯᠴᠢ ᠬᠠᠩᠭᠠᠬᠤ᠂ ᠬᠡᠶ ᠬᠠᠩᠭᠠᠬᠤ᠂ ᠴᠡᠴᠡᠷᠯᠢᠭᠵᠢᠭᠦᠯᠦᠨ ᠨᠣᠭᠤᠭᠠᠷᠠᠭᠤᠯᠬᠤ᠂ ᠪᠣᠬᠢᠷ ᠤᠰᠤ ᠵᠢ ᠰᠢᠢᠳᠪᠦᠷᠢᠯᠡᠬᠦ ᠪᠠ ᠬᠤᠭ ᠨᠣᠪᠰᠢ ᠶᠢ ᠰᠢᠢᠳᠪᠦᠷᠢᠯᠡᠬᠦ ᠵᠡᠷᠭᠡ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠠᠵᠢᠯ ᠲᠥᠷᠥᠯ ᠢ ᠵᠢᠭᠠᠨ ᠵᠢᠯᠤᠭᠤᠳᠴᠤ ᠵᠣᠬᠢᠶᠠᠨ ᠪᠠᠶᠢᠭᠤᠯᠵᠤ ᠪᠠᠶᠢᠭᠠᠳ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠵᠤ᠂ ᠬᠤᠲᠠ ᠶᠢᠨ ᠭᠤᠤᠯ ᠪᠣᠯᠬᠤ ᠵᠠᠮ ᠪᠠ ᠬᠥᠭᠦᠷᠭᠡ ᠶᠢᠨ ᠰᠠᠭᠠᠳ ᠥᠬᠡᠶ ᠨᠡᠪᠲᠡᠷᠡᠬᠦ ᠵᠢᠴᠢ ᠨᠡᠶᠢᠲᠡ ᠶᠢᠨ ᠬᠡᠷᠡᠭᠯᠡᠭᠡᠨ ᠤ ᠠᠵᠢᠯ ᠲᠥᠷᠥᠯ ᠤᠨ ᠲᠣᠭᠲᠠᠭᠤᠨ ᠠᠵᠢᠯᠯᠠᠭᠠᠨ ᠢ ᠦᠨᠡᠨ ᠬᠦ ᠪᠠᠲᠤᠯᠠᠬᠤ ᠬᠡᠷᠡᠭᠲᠡᠶ︔ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠬᠤ ᠪᠠ ᠰᠢᠮᠳᠠᠭᠤᠯᠤᠨ ᠵᠢᠯᠣᠭᠤᠳᠴᠤ ᠪᠠᠢᠢᠭᠠᠳ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠢᠢᠳᠠᠪᠤᠷᠢᠵᠢᠭᠤᠯᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠣᠷᠣᠨ ᠪᠦᠰᠡ ᠳᠠᠬᠢ ᠤᠰᠤᠲᠤᠯ ᠢ ᠰᠠᠢᠢᠲᠤᠷ ᠠᠷᠢᠯᠭᠠᠵᠤ᠂ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ᠂ ᠲᠡᠷᠭᠡ ᠬᠥᠰᠬᠡ ᠶᠢᠨ ᠬᠡᠪ ᠤᠨ ᠪᠠᠢᠢᠳᠠᠯ ᠢᠶᠠᠷ ᠣᠷᠣᠵᠣ ᠭᠠᠷᠬᠤ ᠶᠢ ᠪᠠᠲᠤᠯᠠᠬᠤ ᠬᠡᠷᠡᠭᠲᠡᠢ᠃

  ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ᠄ ᠲᠦᠷᠭᠡᠨ ᠤ ᠵᠠᠰᠠᠮᠠᠯ ᠵᠠᠮ ᠢ ᠪᠢᠲᠡᠭᠦᠮᠵᠢᠯᠡᠭᠰᠡᠨ ᠮᠡᠳᠡᠭᠡ ᠵᠠᠩᠭᠢ ᠵᠢ ᠨᠡᠶᠢᠭᠡᠮ ᠳ᠋ᠤ ᠨᠡᠶᠢᠲᠡᠯᠡᠵᠦ᠂ ᠳᠣᠲᠣᠭᠠᠳᠤ ᠵᠢ ᠬᠠᠮᠠᠭᠠᠯᠠᠬᠤ ᠪᠠᠶᠢᠭᠤᠯᠭ᠎ᠠ ᠯᠤᠭ᠎ᠠ ᠬᠠᠮᠵᠢᠯᠴᠠᠨ ᠵᠠᠮ ᠬᠠᠷᠢᠯᠴᠠᠭᠠᠨ ᠤ ᠵᠠᠬᠢᠷᠤᠯᠲᠠ ᠵᠢ ᠬᠡᠷᠡᠭᠵᠢᠭᠦᠯᠦᠨ᠎ᠡ︔ ᠠᠶᠤᠯ ᠲᠦᠭᠰᠢᠭᠦᠷᠢ ᠶᠢᠨ ᠲᠠᠯᠳᠠ ᠭᠡᠮ ᠣᠷᠣᠰᠢᠵᠤ ᠪᠠᠶᠢᠭ᠎ᠠ ᠠᠶᠠᠨᠴᠢᠳ ᠤᠨ ᠲᠡᠭᠡᠭᠡᠪᠦᠷᠢ ᠶᠢᠨ ᠵᠠᠮ ᠱᠤᠭᠤᠮ ᠳᠤ ᠲᠡᠭᠡᠭᠡᠪᠦᠷᠢᠯᠡᠬᠦ ᠶᠢ ᠵᠣᠭᠰᠣᠭᠠᠬᠤ ᠠᠷᠭ᠎ᠠ ᠬᠡᠮᠵᠢᠶ᠎ᠡ ᠠᠪᠴᠤ᠂ ᠠᠶᠠᠨᠴᠢᠳ ᠢ ᠪᠤᠰᠤᠳ ᠵᠠᠮ ᠬᠠᠷᠢᠯᠴᠠᠭᠠᠨ ᠤ ᠪᠠᠭᠠᠵᠢ ᠬᠡᠷᠡᠭᠯᠡᠭᠦᠷ ᠢᠶᠠᠷ ᠶᠠᠪᠤᠵᠤ ᠰᠠᠭᠤᠬᠤ ᠶᠢ ᠬᠦᠲᠦᠯᠦᠨ ᠵᠢᠯᠤᠭᠤᠳᠤᠨ᠎ᠠ︔ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠠᠵᠤ ᠠᠬᠤᠶᠢᠯᠠᠯ ᠢ ᠵᠢᠭᠠᠨ ᠵᠢᠯᠣᠭᠤᠳᠴᠤ ᠪᠠᠶᠢᠭᠠᠳ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠵᠠᠮ ᠱᠤᠭᠤᠮ ᠢ ᠵᠦᠶ ᠵᠣᠬᠢᠰᠲᠠᠶ ᠳᠣᠭᠢᠷᠠᠭᠤᠯᠵᠤ᠂ ᠲᠡᠷᠭᠡ ᠬᠥᠰᠬᠡ ᠶᠢᠨ ᠠᠵᠢᠯᠯᠠᠭᠠᠨ ᠤ ᠠᠮᠤᠷ ᠲᠦᠪᠰᠢᠨ ᠪᠠᠢᠢᠬᠤ ᠤᠷᠢᠲᠠᠯ ᠳᠣᠤᠷ᠎ᠠ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠴᠦᠨ ᠤ ᠪᠠᠲᠤᠯᠠᠭ᠎ᠠ ᠶᠢ ᠰᠠᠢᠢᠲᠤᠷ ᠬᠢᠬᠦ ᠬᠡᠷᠡᠭᠲᠡᠢ︔ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠨ ᠠᠵᠢᠯᠯᠠᠭᠤᠯᠬᠤ ᠨᠢᠭᠡᠴᠢ ᠶᠢ ᠵᠢᠭᠠᠨ ᠵᠢᠯᠤᠭᠤᠳᠴᠤ ᠪᠠᠢᠢᠭᠠᠳ ᠬᠤᠲᠠ ᠶᠢᠨ ᠵᠢᠮᠲᠦ ᠵᠠᠮ ᠬᠠᠷᠢᠯᠴᠠᠭᠠᠨ ᠤ ᠠᠵᠢᠯᠯᠠᠭᠠᠨ ᠤ ᠠᠮᠤᠷ ᠲᠦᠪᠰᠢᠨ ᠢ ᠦᠨᠡᠯᠡᠨ ᠵᠢᠱᠢᠵᠦ᠂ ᠦᠨᠡᠯᠡᠨ ᠵᠢᠱᠢᠭᠰᠡᠨ ᠳ᠋ᠦᠩ ᠢ ᠨᠢ ᠦᠨᠳᠦᠰᠦᠯᠡᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠤᠷᠢᠳᠴᠢᠯᠠᠨ ᠠᠪᠴᠤ ᠬᠡᠷᠡᠭᠯᠡᠨ᠎ᠡ᠂ ᠴᠢᠬᠤᠯᠠ ᠲᠠᠢ ᠦᠶ᠎ᠡ ᠳᠤ ᠲᠡᠭᠡᠭᠡᠪᠦᠷᠢᠯᠡᠬᠦ ᠶᠢ ᠨᠢ ᠵᠣᠭᠰᠣᠭᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ︔ ᠤᠰᠤᠨ ᠳᠡᠭᠡᠷ᠎ᠡ᠂ ᠤᠰᠤᠨ ᠳᠤ ᠵᠡᠷᠭᠡ ᠭᠡᠷ ᠤᠨ ᠭᠠᠳᠠᠭᠤᠷ ᠠᠵᠢᠯᠯᠠᠬᠤ ᠨᠢᠭᠡᠴᠢ ᠳᠤ ᠮᠡᠳᠡᠭᠳᠡᠵᠦ ᠰᠡᠷᠭᠡᠶᠢᠯᠡᠬᠦ ᠪᠡᠯᠡᠳᠬᠡᠯ ᠢ ᠰᠠᠶᠢᠲᠤᠷ ᠬᠢᠯᠭᠡᠵᠦ᠂ ᠴᠢᠬᠤᠯᠠ ᠲᠠᠢ ᠦᠶ᠎ᠡ ᠳᠤ ᠠᠵᠢᠯᠯᠠᠬᠤ ᠶᠢ ᠨᠢ ᠵᠣᠭᠰᠣᠭᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃

  ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ᠄ ᠲᠠᠷᠢᠮᠠᠯ᠂ ᠲᠡᠵᠢᠭᠡᠨ ᠦᠷᠡᠵᠢᠭᠦᠯᠬᠦ ᠲᠠᠯᠠᠪᠠᠢ ᠡᠷᠦᠬᠡ ᠪᠠ ᠠᠵᠤ ᠠᠬᠤᠶᠢᠯᠠᠯ ᠢ ᠵᠣᠬᠢᠶᠠᠨ ᠪᠠᠢᠢᠭᠤᠯᠵᠤ ᠵᠢᠭᠠᠨ ᠵᠢᠯᠣᠭᠤᠳᠴᠤ ᠪᠠᠢᠢᠭᠠᠳ ᠲᠠᠷᠢᠮᠠᠯ᠂ ᠮᠠᠯ ᠠᠵᠤ ᠠᠬᠤᠶ᠂ ᠤᠰᠤᠨ ᠭᠠᠷᠤᠯᠲᠠ ᠵᠢᠨ ᠲᠡᠵᠢᠭᠡᠨ ᠦᠷᠡᠵᠢᠭᠦᠯᠬᠦ ᠳ᠋ᠤ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠲᠠᠢ ᠪᠣᠯᠭᠠᠨ᠎ᠠ︔ ᠲᠠᠷᠢᠶᠠᠯᠠᠬᠤ ᠡᠷᠦᠬᠡ ᠮᠠᠯᠴᠢᠳ ᠢ ᠵᠣᠬᠢᠶᠠᠨ ᠪᠠᠶᠢᠭᠤᠯᠤᠨ ᠠᠶᠤᠯᠲᠠᠶ ᠣᠷᠣᠨ ᠪᠦᠰᠡ ᠳᠠᠬᠢ ᠮᠠᠯ ᠤᠨᠤᠭ᠎ᠠ ᠪᠠ ᠲᠡᠵᠢᠭᠡᠨ ᠦᠷᠡᠵᠢᠭᠦᠯᠬᠦ ᠪᠡᠯᠡᠳᠬᠡᠮᠵᠢ ᠵᠢ ᠪᠠᠨ ᠨᠡᠭᠦᠯᠭᠡᠨ ᠰᠢᠯᠵᠢᠭᠦᠯᠵᠦ᠂ ᠪᠡᠯᠡᠳᠭᠡᠮᠵᠢᠲᠦ ᠬᠦᠯᠡᠮᠵᠢ ᠵᠢᠴᠢ ᠭᠤᠣᠯ ᠮᠥᠷᠡᠨ᠂ ᠤᠰᠤᠨ ᠴᠥᠭᠦᠷᠥᠮ ᠵᠡᠷᠭᠡ ᠪᠠᠶᠢᠭᠠᠯᠢ ᠶᠢᠨ ᠤᠰᠤᠨ ᠴᠣᠭᠴᠠ ᠳᠤ ᠪᠠᠶᠢᠷᠢᠯᠠᠭᠤᠯᠤᠭᠰᠠᠨ ᠲᠡᠵᠢᠭᠡᠨ ᠦᠷᠡᠵᠢᠭᠦᠯᠬᠦ ᠪᠡᠯᠡᠳᠬᠡᠮᠵᠢ ᠶᠢ ᠪᠠᠨ ᠪᠠᠬᠢᠵᠢᠭᠦᠯᠦᠨ᠎ᠡ᠃

  ᠤᠰᠤᠨ ᠠᠰᠢᠬᠯᠠᠯᠲᠠ ᠶᠢᠨ ᠰᠠᠯᠠᠭ᠎ᠠ ᠮᠥᠴᠢᠷ᠄ ᠤᠰᠤᠨ ᠤ ᠪᠠᠶᠢᠳᠠᠯ ᠢ ᠬᠢᠨᠠᠨ ᠬᠡᠮᠵᠢᠵᠦ ᠰᠢᠨᠵᠢᠭᠡᠳ ᠰᠡᠷᠡᠮᠵᠢᠯᠡᠭᠦᠯᠬᠦ ᠤᠷᠢᠳᠴᠢᠯᠠᠨ ᠮᠡᠳᠡᠭᠡᠯᠡᠬᠦ ᠠᠵᠢᠯ ᠢ ᠰᠠᠶᠢᠲᠤᠷ ᠬᠢᠵᠦ᠂ ᠴᠠᠭ ᠠᠭᠤᠷ ᠤᠨ ᠵᠡᠷᠭᠡ ᠰᠠᠯᠠᠭ᠎ᠠ ᠮᠥᠴᠢᠷ ᠯᠤᠭᠡ ᠬᠤᠯᠪᠣᠭᠠᠯᠠᠨ ᠠᠭᠤᠯᠠ ᠵᠢᠨ ᠦᠶᠡᠷ ᠤᠨ ᠭᠠᠮᠰᠢᠭ ᠭᠠᠷᠬᠤ ᠴᠠᠭ ᠠᠭᠤᠷ ᠤᠨ ᠲᠦᠭᠰᠢᠭᠦᠷᠢ ᠶᠢ ᠰᠡᠷᠡᠮᠵᠢᠯᠡᠭᠦᠯᠬᠦ ᠪᠠ ᠳᠤᠮᠳᠠ ᠵᠢᠵᠢᠭ ᠭᠤᠤᠯ ᠮᠥᠷᠡᠨ ᠤ ᠦᠶᠡᠷ ᠤᠨ ᠭᠠᠮᠰᠢᠭ ᠭᠠᠷᠬᠤ ᠴᠠᠭ ᠠᠭᠤᠷ ᠤᠨ ᠲᠦᠭᠰᠢᠭᠦᠷᠢ ᠶᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤ ᠨᠢ ᠨᠡᠶᠢᠲᠡᠯᠡᠨ᠎ᠡ︔ ᠤᠰᠤᠨ ᠠᠰᠢᠬᠯᠠᠯᠲᠠ ᠶᠢᠨ ᠪᠠᠷᠢᠯᠭ᠎ᠠ ᠳᠤ ᠲᠣᠬᠢᠷᠠᠭᠤᠯᠤᠯᠲᠠ ᠬᠢᠬᠦ ᠵᠢᠴᠢ ᠲᠣᠭᠤᠷᠢᠨ ᠬᠠᠮᠠᠭᠠᠯᠠᠬᠤ᠂ ᠠᠶᠤᠯ ᠢ ᠪᠠᠶᠢᠴᠠᠭᠠᠬᠤ᠂ ᠠᠶᠤᠯ ᠢ ᠠᠷᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠰᠢᠯᠭ᠎ᠠ᠂ ᠤᠰᠤᠨ ᠴᠥᠭᠦᠷᠥᠮ ᠤᠨ ᠠᠮᠦᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠠᠢ︔ ᠤᠰᠤᠨ ᠴᠥᠭᠦᠷᠥᠮ ᠤᠨ ᠦᠶᠡᠷ ᠢ ᠵᠠᠯᠠᠬᠤ᠂ ᠭᠤᠣᠯ ᠤᠨ ᠵᠠᠮ ᠤᠨ ᠦᠶᠡᠷ ᠢ ᠰᠠᠯᠭᠠᠬᠤ ᠪᠠ ᠦᠶᠡᠷ ᠤᠨ ᠬᠤᠷᠢᠭᠳᠠᠨ ᠬᠤᠷᠠᠭᠰᠠᠨ ᠭᠠᠵᠠᠷ ᠢ ᠠᠰᠢᠬᠯᠠᠨ ᠬᠡᠷᠡᠭᠯᠡᠬᠦ ᠵᠡᠷᠭᠡ ᠬᠤᠯᠪᠣᠭᠳᠠᠯ ᠪᠦᠬᠦᠢ ᠠᠵᠢᠯ ᠤᠨ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃

  ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ᠄ ᠰᠣᠶᠣᠯ ᠪᠠ ᠵᠢᠭᠤᠯᠴᠢᠯᠠᠯ ᠤᠨ ᠡᠵᠡᠩᠨᠡᠯᠲᠡ ᠶᠢᠨ ᠨᠢᠭᠡᠴᠢ ᠶᠢ ᠵᠢᠭᠠᠨ ᠵᠢᠯᠤᠭᠤᠳᠴᠤ ᠭᠠᠮᠰᠢᠭ ᠢ ᠰᠡᠷᠭᠡᠢᠢᠯᠡᠨ ᠬᠤᠷᠢᠬᠯᠠᠬᠤ ᠵᠢᠴᠢ ᠠᠮᠤᠷ ᠲᠦᠪᠰᠢᠨ ᠠᠵᠢᠯᠯᠠᠭᠠᠨ ᠤ ᠬᠠᠮᠢᠶᠠᠷᠤᠯᠲᠠ ᠶᠢ ᠰᠠᠶᠢᠲᠤᠷ ᠬᠢᠯᠭᠡᠵᠦ᠂ ᠴᠢᠬᠤᠯᠠ ᠲᠠᠢ ᠦᠶ᠎ᠡ ᠳᠤ ᠦᠵᠡᠮᠵᠢ ᠶᠢᠨ ᠣᠷᠣᠨ ᠢ ᠪᠢᠲᠡᠭᠦᠮᠵᠢᠯᠡᠨ ᠬᠠᠭᠠᠬᠤ᠂ ᠵᠢᠭᠤᠯᠴᠢᠯᠠᠭᠴᠢᠳ ᠢ ᠲᠠᠷᠬᠠᠭᠠᠵᠤ ᠬᠠᠷᠢᠭᠤᠯᠬᠤ ᠵᠡᠷᠭᠡ ᠪᠠᠴᠢᠮ ᠠᠷᠭ᠎ᠠ ᠬᠡᠮᠵᠢᠶ᠎ᠡ ᠶᠢ ᠴᠠᠭ ᠲᠤᠬᠠᠶ ᠳᠤ ᠨᠢ ᠠᠪᠴᠤ ᠬᠡᠷᠡᠭᠯᠡᠨ᠂ ᠵᠢᠭᠤᠯᠴᠢᠯᠠᠯ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃

  ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠄ ᠴᠠᠭ ᠠᠭᠤᠷ ᠤᠨ ᠭᠠᠮᠰᠢᠭ ᠤᠨ ᠬᠥᠭᠵᠢᠵᠦ ᠬᠤᠪᠢᠷᠠᠬᠤ ᠪᠠᠶᠢᠳᠠᠯ ᠢ ᠶᠡᠷᠦᠩᠬᠡᠶᠢᠯᠡᠨ ᠰᠤᠳᠤᠯᠵᠤ ᠮᠠᠭᠠᠳᠯᠠᠬᠤ ᠶᠢᠨ ᠬᠠᠮᠲᠤ ᠠᠷᠭᠠᠴᠠᠭᠠᠬᠤ ᠰᠠᠨᠠᠭᠤᠯᠭ᠎ᠠ ᠳᠤᠷᠠᠳᠤᠨ᠎ᠠ︔ ᠪᠡᠯᠡᠳᠬᠡᠯ ᠲᠥᠰᠦᠯ ᠢ ᠦᠨᠳᠦᠰᠦᠯᠡᠨ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠢ ᠡᠩᠨᠡᠭᠡ ᠶᠢ ᠵᠣᠬᠢᠴᠠᠭᠤᠯᠤᠨ ᠵᠢᠯᠣᠭᠤᠳᠴᠤ᠂ ᠴᠢᠯᠥᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠯᠤᠭ᠎ᠠ ᠵᠤᠯᠭᠠᠭᠤᠯᠵᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠳ᠋ᠤ ᠣᠷᠤᠯᠴᠠᠭᠤᠯᠤᠨ᠎ᠠ︔ ᠪᠠᠴᠢᠮ ᠪᠠᠶᠢᠳᠠᠯ ᠢ ᠠᠷᠭᠠᠴᠠᠭᠠᠵᠤ ᠠᠶᠤᠯ ᠭᠠᠮᠰᠢᠭ ᠡᠴᠠ ᠠᠪᠤᠷᠠᠬᠤ ᠡᠳ᠋ ᠪᠠᠷᠠᠭ᠎ᠠ ᠶᠢ ᠨᠢᠭᠡᠳᠦᠯᠲᠡᠶ ᠲᠣᠬᠢᠷᠠᠭᠤᠯᠤᠨ᠎ᠠ︔ ᠭᠠᠮᠰᠢᠭ ᠡᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠢᠢᠭᠤᠯᠵᠤ ᠵᠣᠬᠢᠴᠠᠭᠤᠯᠤᠨ᠂ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠪᠠᠶᠢᠳᠠᠯ ᠢ ᠨᠢ ᠠᠵᠢᠵᠤ ᠪᠠᠶᠢᠭᠠᠳ ᠨᠡᠭᠦᠷᠡᠰᠦᠨ ᠤ ᠪᠤᠰᠤ ᠠᠭᠤᠷᠬᠠᠶ᠂ ᠠᠶᠤᠯᠲᠠᠶ ᠬᠢᠮᠢ ᠶᠢᠨ ᠵᠦᠢᠯ ᠢ ᠦᠢᠯᠡᠳᠪᠦᠷᠢᠯᠡᠵᠦ ᠡᠵᠡᠩᠨᠡᠵᠦ ᠬᠠᠳᠠᠭᠠᠯᠠᠬᠤ ᠵᠡᠷᠭᠡ ᠠᠵᠤ ᠠᠬᠤᠶᠢᠯᠠᠯ ᠵᠢᠴᠢ ᠲᠡᠮᠦᠷᠯᠢᠭ ᠬᠠᠶᠢᠯᠤᠭᠤᠯᠬᠤ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠪᠤᠰᠤᠳ ᠠᠵᠢᠯ ᠲᠥᠷᠥᠯ ᠤᠨ ᠠᠵᠤ ᠠᠬᠤᠶᠢᠯᠠᠯ ᠳᠤ ᠮᠡᠳᠡᠭᠳᠡᠵᠦ ᠦᠢᠯᠡᠳᠪᠦᠷᠢᠯᠡᠯ ᠢ ᠨᠢ ᠵᠤᠭᠰᠤᠭᠠᠬᠤ ᠬᠡᠷᠡᠭᠲᠡᠢ᠃

  ᠷᠠᠳᠢᠣ᠋ ᠲᠧᠯᠸᠢᠰ ᠤᠨ ᠰᠠᠯᠠᠭ᠎ᠠ ᠮᠥᠴᠢᠷ᠄ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠵᠠᠭᠤᠴᠢᠯᠠᠭᠤᠷ ᠵᠢᠨᠷ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠪᠠᠨ ᠴᠠᠭ ᠲᠤᠬᠠᠶ ᠳ᠋ᠤ ᠨᠢ ᠨᠡᠪᠲᠡᠷᠡᠭᠦᠯᠦᠨ ᠨᠡᠢᠢᠲᠡᠯᠡᠬᠦ ᠵᠢ ᠵᠣᠬᠢᠴᠠᠭᠤᠯᠤᠨ ᠵᠢᠯᠣᠭᠤᠳᠴᠤ᠂ ᠨᠡᠪᠲᠡᠷᠡᠭᠦᠯᠭᠡ ᠬᠢᠬᠦ ᠤᠳᠠᠭ᠎ᠠ ᠳᠠᠷᠠᠭ᠎ᠠ ᠪᠠᠨ ᠨᠡᠮᠡᠭᠳᠡᠭᠦᠯᠦᠨ᠎ᠡ︔ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢ ᠠᠰᠢᠬᠯᠠᠨ ᠲᠠᠷᠢᠶᠠᠯᠠᠬᠤ ᠮᠠᠯᠵᠢᠬᠤ ᠣᠷᠣᠨ ᠤ ᠰᠠᠭᠤᠭᠠᠯᠢ ᠠᠷᠠᠳ ᠲᠤ ᠰᠡᠷᠡᠮᠵᠢᠯᠡᠭᠦᠯᠭᠡ ᠪᠠ ᠰᠠᠨᠠᠭᠤᠯᠤᠮᠵᠢ ᠥᠭᠬᠦ ᠬᠡᠷᠡᠭᠲᠡᠶ᠃

  ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ᠄ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠲᠠᠰ ᠢᠯᠭᠠᠯ ᠢ ᠨᠢ ᠦᠨᠳᠦᠰᠦᠯᠡᠨ᠂ ᠵᠣᠬᠢᠬᠤ ᠰᠡᠷᠭᠡᠢᠢᠯᠡᠵᠦ ᠠᠷᠭᠠᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃

  ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠄ ᠴᠠᠬᠢᠯᠭᠠᠨ ᠬᠤᠯᠪᠣᠭᠠᠨ ᠤ ᠡᠵᠡᠩᠨᠡᠨ ᠠᠵᠢᠯᠯᠠᠬᠤ ᠠᠵᠤ ᠠᠬᠤᠶᠢᠯᠠᠯ ᠢ ᠵᠢᠯᠣᠭᠤᠳᠤᠨ ᠵᠣᠬᠢᠴᠠᠭᠤᠯᠵᠤ ᠪᠠᠶᠢᠭᠠᠳ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤ ᠨᠢ ᠨᠡᠪᠲᠡᠷᠡᠭᠦᠯᠦᠨ ᠨᠡᠢᠢᠲᠡᠯᠡᠨ᠎ᠡ︔ ᠴᠠᠬᠢᠯᠭᠠᠨ ᠬᠤᠯᠪᠣᠭᠠᠨ ᠤ ᠡᠵᠡᠩᠨᠡᠨ ᠠᠵᠢᠯᠯᠠᠬᠤ ᠠᠵᠤ ᠠᠬᠤᠶᠢᠯᠠᠯ ᠢ ᠵᠣᠬᠢᠶᠠᠨ ᠪᠠᠢᠢᠭᠤᠯᠵᠤ ᠪᠠᠢᠢᠭᠠᠳ ᠡᠪᠳᠡᠭᠳᠡᠭᠰᠡᠨ ᠴᠢᠮᠡᠭᠡ ᠬᠤᠯᠪᠣᠭᠠᠨ ᠤ ᠪᠡᠯᠡᠳᠬᠡᠮᠵᠢ ᠶᠢ ᠲᠦᠷᠭᠡᠬᠡᠨ ᠵᠠᠰᠠᠨ ᠠᠵᠢᠯᠯᠠᠭᠤᠯᠵᠤ᠂ ᠡᠯ᠎ᠡ ᠵᠦᠢᠯ ᠤᠨ ᠴᠠᠭ ᠠᠭᠤᠷ ᠤᠨ ᠮᠡᠳᠡᠭᠡ ᠵᠠᠩᠭᠢ ᠶᠢ ᠳᠠᠮᠵᠢᠭᠤᠯᠬᠤ᠂ ᠮᠡᠳᠡᠭᠦᠯᠦᠨ ᠬᠦᠷᠭᠡᠬᠦ ᠪᠠ ᠠᠶᠤᠯ ᠭᠠᠮᠰᠢᠭ ᠡᠴᠠ ᠠᠪᠤᠷᠬᠠᠤ ᠠᠵᠢᠯ ᠤᠨ ᠴᠢᠮᠡᠭᠡ ᠬᠤᠯᠪᠣᠭᠠᠨ ᠤ ᠱᠤᠭᠤᠮ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃

  ᠠᠷᠠᠳ ᠤᠨ ᠠᠭᠠᠷ ᠤᠨ ᠲᠡᠭᠡᠭᠡᠪᠦᠷᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠄ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠭᠡᠴᠢ ᠶᠢ ᠰᠢᠮᠳᠠᠭᠤᠯᠵᠤ ᠪᠠᠶᠢᠭᠠᠳ ᠤᠰᠤ ᠬᠠᠩᠭᠠᠬᠤ᠂ ᠴᠠᠬᠢᠯᠭᠠᠨ ᠬᠠᠩᠭᠠᠬᠤ᠂ ᠴᠢᠮᠡᠭᠡ ᠬᠤᠯᠪᠣᠭ᠎ᠠ ᠵᠡᠷᠭᠡ ᠴᠢᠬᠤᠯᠠ ᠪᠡᠯᠡᠳᠬᠡᠮᠵᠢ ᠲᠥᠬᠦᠭᠡᠷᠦᠮᠵᠢ ᠳᠤ ᠰᠡᠷᠭᠡᠶᠢᠯᠡᠨ ᠬᠠᠮᠠᠭᠠᠯᠠᠬᠤ᠂ ᠪᠠᠬᠢᠵᠢᠭᠦᠯᠬᠦ ᠵᠡᠷᠭᠡ ᠠᠷᠭ᠎ᠠ ᠬᠡᠮᠵᠢᠶ᠎ᠡ ᠠᠪᠤᠭᠤᠯᠵᠤ᠂ ᠠᠭᠠᠷ ᠤᠨ ᠲᠡᠭᠡᠭᠡᠪᠦᠷᠢ ᠶᠢᠨ ᠺᠣᠮᠫᠠᠨᠢ᠂ ᠨᠢᠰᠬᠡᠯ ᠤᠨ ᠪᠠᠭᠤᠳᠠᠯ ᠢ ᠰᠢᠮᠳᠠᠭᠤᠯᠤᠨ ᠵᠣᠬᠢᠴᠠᠭᠤᠯᠵᠤ ᠪᠠᠶᠢᠭᠠᠳ ᠠᠭᠠᠷ ᠤᠨ ᠨᠢᠰᠦᠭᠦᠷ ᠢ ᠪᠤᠰᠤᠳ ᠲᠠᠯᠠᠪᠤᠷ ᠲᠤ ᠰᠢᠯᠵᠢᠭᠦᠯᠬᠦ ᠪᠠ ᠰᠠᠭᠠᠲᠠᠵᠤ ᠦᠯᠡᠳᠡᠭᠰᠡᠨ ᠠᠶᠠᠨᠴᠢᠳ ᠢ ᠲᠥᠪᠬᠢᠨᠡᠭᠦᠯᠬᠦ᠂ ᠵᠢᠯᠤᠭᠤᠳᠴᠤ ᠰᠢᠯᠤᠭᠤᠳᠬᠠᠬᠤ᠂ ᠳᠠᠮᠵᠢᠭᠤᠯᠤᠨ ᠲᠡᠭᠡᠭᠡᠪᠦᠷᠢᠯᠡᠬᠦ ᠵᠡᠷᠭᠡ ᠠᠵᠢᠯ ᠢ ᠰᠠᠶᠢᠲᠤᠷ ᠬᠢᠯᠭᠡᠨ᠎ᠡ᠃

  ᠡᠨᠧᠷᠭᠢ ᠶᠢᠨ ᠰᠠᠯᠠᠭ᠎ᠠ ᠮᠥᠴᠢᠷ᠄ ᠴᠠᠬᠢᠯᠭᠠᠨ ᠬᠦᠴᠦᠨ ᠤ ᠠᠵᠤ ᠠᠬᠤᠶᠢᠯᠠᠯ ᠢ ᠵᠢᠯᠣᠭᠤᠳᠤᠨ ᠰᠢᠮᠳᠠᠭᠤᠯᠵᠤ ᠪᠠᠶᠢᠭᠠᠳ ᠴᠠᠬᠢᠯᠭᠠᠨ ᠬᠦᠴᠦᠨ ᠤ ᠪᠡᠯᠡᠳᠬᠡᠮᠵᠢ ᠶᠢ ᠪᠠᠶᠢᠴᠠᠭᠠᠬᠤ ᠪᠠ ᠴᠠᠬᠢᠯᠭᠠᠨ ᠬᠦᠴᠦᠨ ᠤ ᠲᠣᠤᠷ ᠤᠨ ᠠᠵᠢᠯᠯᠠᠭᠠᠨ ᠢ ᠬᠢᠨᠠᠨ ᠡᠵᠡᠮᠳᠡᠬᠦ ᠶᠢ ᠨᠢ ᠴᠢᠩᠭᠠᠳᠬᠠᠵᠤ᠂ ᠳᠠᠯᠳᠠ ᠬᠡᠮ ᠢ ᠴᠠᠭ ᠲᠤᠬᠠᠶ ᠳᠤ ᠨᠢ ᠵᠢᠭᠰᠠᠭᠠᠨ ᠪᠠᠶᠢᠴᠠᠭᠠᠵᠤ ᠠᠷᠢᠯᠭᠠᠬᠤ ᠬᠡᠷᠡᠭᠲᠡᠶ︔ ᠴᠠᠬᠢᠯᠭᠠᠨ ᠬᠠᠩᠭᠠᠬᠤ ᠠᠵᠤ ᠠᠬᠤᠶᠢᠯᠠᠯ ᠢ ᠵᠣᠬᠢᠴᠠᠭᠤᠯᠵᠤ ᠪᠠᠢᠢᠭᠠᠳ ᠪᠠᠴᠢᠮ ᠪᠠᠶᠢᠳᠠᠯ ᠢ ᠠᠷᠭᠠᠴᠠᠭᠠᠬᠤ ᠳᠤ ᠬᠡᠷᠡᠭᠰᠡᠬᠦ ᠴᠠᠬᠢᠯᠭᠠᠨ ᠡᠭᠦᠰᠭᠡᠭᠴᠢ ᠶᠢ ᠲᠣᠬᠢᠷᠠᠭᠤᠯᠤᠨ ᠴᠤᠭᠯᠠᠭᠤᠯᠵᠤ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠡᠴᠠ ᠠᠪᠤᠷᠬᠠᠤ ᠪᠡᠯᠡᠳᠬᠡᠯ ᠢ ᠰᠠᠶᠢᠲᠤᠷ ᠬᠢᠵᠦ᠂ ᠴᠢᠬᠤᠯᠠ ᠬᠡᠷᠡᠭᠯᠡᠭᠴᠢᠳ ᠲᠤ ᠬᠠᠩᠭᠠᠬᠤ ᠴᠠᠬᠢᠯᠭᠠᠨ ᠢ ᠪᠠᠲᠤᠯᠠᠬᠤ ᠠᠵᠢᠯ ᠢᠶᠠᠨ ᠴᠢᠩᠭᠠᠳᠬᠠᠬᠤ ᠬᠡᠷᠡᠭᠲᠡᠶ᠃

  4. ᠪᠠᠴᠢᠮ ᠪᠠᠶᠢᠳᠠᠯ ᠢ ᠠᠷᠭᠠᠴᠠᠭᠠᠬᠤ ᠪᠠᠷ ᠰᠢᠯᠵᠢᠭᠦᠯᠵᠦ ᠨᠡᠭᠦᠯᠭᠡᠬᠦ᠃ ᠴᠠᠭ ᠠᠭᠤᠷ ᠤᠨ ᠰᠠᠯᠠᠭ᠎ᠠ ᠮᠥᠴᠢᠷ ᠠᠵᠢᠷᠭᠠᠨ ᠪᠣᠷᠣᠭᠠᠨ ᠤ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠢᠢᠲᠡᠯᠡᠭᠰᠡᠨ ᠤ ᠳᠠᠷᠠᠭ᠎ᠠ ᠵᠠᠳᠠᠯᠤᠯᠲᠠ ᠬᠢᠵᠦ ᠰᠤᠳᠤᠯᠤᠨ ᠮᠠᠭᠠᠳᠯᠠᠭᠠᠳ ᠬᠥᠮᠦᠨ ᠬᠠᠷ᠎ᠠ ᠡ᠊ᠨᠳᠡᠵᠦ ᠰᠢᠷᠬᠠᠲᠤᠵᠤ ᠮᠡᠳᠡᠬᠦ ᠪᠠᠶᠢᠳᠠᠯ ᠳᠣᠤᠷ᠎ᠠ᠂ ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢᠭᠡᠳᠦᠯᠲᠡᠶ ᠵᠢᠯᠣᠭᠤᠳᠴᠤ᠂ ᠡᠯ᠎ᠡ ᠲᠠᠯ᠎ᠠ ᠵᠢᠨ ᠲᠤᠰᠬᠠᠶ ᠬᠦᠴᠦᠨ ᠢ ᠳᠠᠢᠢᠴᠢᠯᠠᠨ ᠲᠦᠪᠯᠡᠷᠡᠭᠦᠯᠵᠦ᠂ ᠰᠠᠯᠠᠭ᠎ᠠ ᠮᠥᠴᠢᠷ ᠤᠳ ᠤᠨ ᠡᠭᠦᠷᠭᠡ ᠬᠠᠷᠢᠭᠤᠴᠠᠯᠭ᠎ᠠ ᠵᠢᠨ ᠶᠣᠰᠣᠭᠠᠷ᠂ ᠠᠶᠤᠯ ᠡᠴᠠ ᠪᠠᠴᠢᠮ ᠵᠠᠢᠢᠯᠠᠭᠤᠯᠬᠤ ᠪᠠ ᠰᠢᠢᠳᠪᠦᠷᠢᠯᠡᠬᠦ ᠠᠵᠢᠯ ᠢ ᠬᠠᠮᠵᠢᠯᠴᠠᠨ ᠡᠮᠬᠢ ᠵᠢᠷᠤᠮ ᠲᠠᠢ ᠥᠷᠨᠢᠭᠦᠯᠵᠦ᠂ ᠳᠠᠭᠠᠭᠠᠴᠢᠯᠠᠨ ᠬᠤᠪᠢᠶᠠᠭᠰᠠᠨ ᠳᠤᠭᠤᠢᠢᠯᠠᠩ ᠬᠡᠰᠡᠭ ᠲᠤ ᠪᠠᠨ ᠳᠠᠭᠠᠭᠠᠴᠢᠯᠠᠨ ᠪᠠᠲᠤᠯᠠᠬᠤ ᠬᠠᠷᠢᠭᠤᠴᠠᠯᠭ᠎ᠠ ᠶᠢ ᠱᠠᠲᠤ ᠳᠠᠷᠠᠭᠠᠯᠠᠨ ᠰᠠᠶᠢᠲᠤᠷ ᠨᠠᠶᠢᠳᠠᠪᠤᠷᠢᠵᠢᠭᠤᠯᠵᠤ᠂ ︽ ᠠᠯᠢ ᠶᠢ ᠨᠢ ᠨᠡᠭᠦᠯᠭᠡᠨ ᠰᠢᠯᠵᠢᠭᠦᠯᠬᠦ᠂ ᠬᠡᠨ ᠨᠢ ᠵᠣᠬᠢᠶᠠᠨ ᠪᠠᠶᠢᠭᠤᠯᠬᠤ᠂ ᠬᠡᠵᠢᠶ᠎ᠡ ᠨᠡᠭᠦᠯᠭᠡᠨ ᠰᠢᠯᠵᠢᠭᠦᠯᠬᠦ᠂ ᠬᠠᠮᠢᠭᠠᠰᠢ ᠪᠠᠨ ᠨᠡᠭᠦᠯᠭᠡᠨ ᠰᠢᠯᠵᠢᠭᠦᠯᠬᠦ᠂ ᠶᠠᠭᠠᠬᠢᠵᠤ ᠬᠠᠮᠢᠶᠠᠷᠬᠤ ︾ 5 ᠵᠠᠩᠭᠢᠯᠠᠭ᠎ᠠ ᠵᠢᠨ ᠭᠤᠭᠴᠤᠭ᠎ᠠ ᠪᠣᠯᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠠᠵᠢᠷᠭᠠᠨ ᠪᠣᠷᠣᠭᠠᠨ ᠢ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠨᠥᠯᠥᠭᠡᠯᠡᠬᠦ ᠣᠷᠣᠨ ᠪᠦᠰᠡ ᠪᠠ ᠪᠣᠷᠣᠭᠠᠨ ᠬᠤᠷ᠎ᠠ ᠶᠢᠨ ᠪᠣᠳᠠᠲᠤ ᠪᠠᠢᠢᠳᠠᠯ ᠢ ᠦᠨᠳᠦᠰᠦᠯᠡᠨ᠂ ᠠᠶᠤᠯ ᠲᠠᠢ ᠣᠷᠣᠨ ᠪᠠ ᠲᠠᠯᠳᠠ ᠭᠡᠮ ᠲᠠᠢ ᠭᠠᠵᠠᠷ ᠤᠨ ᠬᠥᠮᠦᠰ ᠢ ︽ ᠭᠤᠷᠪᠠᠨ ᠪᠠᠢᠢᠳᠠᠯ ᠳᠤ ᠪᠠᠴᠢᠮ ᠵᠠᠢᠢᠯᠠᠭᠤᠯᠬᠤ ︾ ︵ ᠠᠶᠤᠯ ᠲᠥᠭᠰᠢᠭᠦᠷᠢ ᠶᠢᠨ ᠲᠠᠯᠳᠠ ᠭᠡᠮ ᠲᠠᠢ ᠭᠠᠵᠠᠷ ᠲᠤ ᠳᠣᠭᠰᠢᠨ ᠪᠣᠷᠣᠭᠠᠨ ᠣᠷᠣᠪᠠᠯ ᠳᠠᠷᠤᠢᠬᠠᠨ ᠪᠠᠴᠢᠮ ᠵᠠᠢᠢᠯᠠᠭᠤᠯᠬᠤ᠂ ᠲᠠᠯᠳᠠ ᠭᠡᠮ ᠲᠠᠢ ᠭᠠᠵᠠᠷ ᠲᠤ ᠶᠡᠷᠦ ᠪᠤᠰᠤ ᠶᠢᠨ ᠠᠶᠤᠯ ᠲᠥᠭᠰᠢᠭᠦᠷᠢᠲᠦ ᠪᠠᠶᠢᠳᠠᠯ ᠭᠠᠷᠪᠠᠯ ᠳᠠᠷᠤᠢᠬᠠᠨ ᠪᠠᠴᠢᠮ ᠵᠠᠢᠢᠯᠠᠭᠤᠯᠬᠤ᠂ ᠲᠠᠯᠳᠠ ᠭᠡᠮ ᠲᠠᠢ ᠭᠠᠵᠠᠷ ᠤᠨ ᠠᠶᠤᠯ ᠲᠥᠭᠰᠢᠭᠦᠷᠢᠲᠦ ᠪᠠᠶᠢᠳᠠᠯ ᠢ ᠨᠢ ᠣᠨᠣᠪᠴᠢᠲᠠᠶ ᠮᠠᠭᠠᠳᠯᠠᠵᠤ ᠳᠡᠶᠢᠯᠬᠦ ᠦᠭᠡᠢ ᠦᠶ᠎ᠡ ᠳᠤ ᠳᠠᠷᠤᠢᠬᠠᠨ ᠪᠠᠴᠢᠮ ᠵᠠᠶᠢᠯᠠᠭᠤᠯᠬᠤ ︶ ᠠᠵᠢᠯ ᠢ ᠦᠳᠲᠡᠷ ᠲᠥᠷᠭᠡᠨ ᠵᠣᠬᠢᠶᠠᠨ ᠪᠠᠶᠢᠭᠤᠯᠵᠤ ᠦᠷᠨᠢᠭᠦᠯᠦᠨ᠂ ᠡᠷᠡᠰ ᠰᠢᠭᠤᠷᠬᠠᠶ ᠠᠵᠢᠯᠯᠠᠬᠤ᠂ ᠨᠡᠭᠦᠯᠭᠡᠨ ᠰᠢᠯᠵᠢᠭᠦᠯᠪᠡᠰᠦ ᠵᠣᠬᠢᠬᠤ ᠶᠢ ᠨᠢ ᠴᠥᠮ ᠨᠡᠭᠦᠯᠭᠡᠨ ᠰᠢᠯᠵᠢᠭᠦᠯᠬᠦ᠂ ᠨᠡᠭᠦᠯᠭᠡᠨ ᠰᠢᠯᠵᠢᠭᠦᠯᠪᠡᠰᠦ ᠵᠣᠬᠢᠬᠤ ᠶᠢ ᠨᠢ ᠡᠷᠲᠡ ᠡᠴᠠ ᠨᠡᠭᠦᠯᠭᠡᠨ ᠰᠢᠯᠵᠢᠭᠦᠯᠬᠦ ᠶᠢ ᠪᠡᠶᠡᠯᠡᠭᠦᠯᠵᠦ᠂ ᠠᠷᠪᠠ ᠤᠳᠠᠭ᠎ᠠ ᠰᠡᠷᠭᠡᠢᠢᠯᠡᠭᠡᠳ ᠶᠢᠰᠦ ᠨᠢ ᠲᠠᠯᠠᠭᠠᠷ ᠪᠣᠯᠣᠭᠰᠠᠨ ᠴᠦ᠂ ᠰᠡᠷᠭᠡᠢᠢᠯᠡᠯᠲᠡ ᠵᠢ ᠤᠮᠳᠤᠭᠠᠢᠢᠯᠠᠭᠰᠠᠨ ᠡᠴᠠ ᠠᠯᠳᠠᠰᠢ ᠭᠠᠷᠭᠠᠵᠤ ᠤᠭᠲᠤᠬᠠᠨ ᠴᠦ ᠪᠣᠯᠬᠤ ᠦᠭᠡᠢ︔ ᠨᠡᠭᠦᠯᠭᠡᠨ ᠰᠢᠯᠵᠢᠭᠦᠯᠦᠭᠰᠡᠨ ᠬᠥᠮᠦᠰ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠭᠠᠶ ᠭᠠᠮᠰᠢᠭ ᠤᠨ ᠲᠦᠭᠰᠢᠭᠦᠷᠢ ᠠᠷᠢᠯᠬᠤ ᠡᠴᠠ ᠤᠷᠢᠳ ᠬᠦᠮᠦᠰ ᠤᠨ ᠳᠤᠷ᠎ᠠ ᠪᠠᠷ ᠢᠶᠠᠨ ᠪᠤᠴᠠᠵᠤ ᠬᠠᠷᠢᠭᠠᠳ ᠡ᠊ᠨᠳᠡᠵᠦ ᠰᠢᠷᠬᠠᠲᠤᠬᠤ ᠶᠠᠪᠤᠳᠠᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃

    ᠭᠤᠷᠪᠠ᠂ ᠪᠠᠲᠤᠯᠠᠭ᠎᠎ᠠ ᠶᠢᠨ ᠠᠷᠭ᠎᠎ᠠ ᠬᠡᠮᠵᠢᠶ᠎ᠡ

  ︵ ᠨᠢᠭᠡ ︶ ᠵᠣᠬᠢᠶᠠᠨ ᠪᠠᠢᠢᠭᠤᠯᠵᠤ ᠤᠳᠤᠷᠢᠳᠬᠤ ᠪᠠᠨ ᠴᠢᠩᠭᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠢ ︽ ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠰᠠᠯᠠᠭ᠎ᠠ ᠮᠥᠴᠢᠷ ᠬᠠᠮᠲᠤᠷᠠᠨ ᠬᠦᠳᠡᠯᠦᠯᠴᠡᠭᠰᠡᠨ᠂ ᠨᠡᠶᠢᠭᠡᠮ ᠤᠨ ᠬᠢᠨ ᠤ ᠣᠷᠤᠯᠴᠠᠭᠰᠠᠨ ︾ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠣᠭᠲᠠᠴᠠ ᠶᠢ ᠪᠦᠷᠢᠨᠰᠢᠬᠦᠯᠵᠦ᠂ ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠪᠠ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢᠶᠠᠨ ᠬᠠᠮᠢᠶ᠎ᠠ ᠪᠥᠬᠦᠶ ᠲᠥᠯᠥᠪᠵᠢᠭᠦᠯᠭᠡ ᠳᠤ ᠣᠷᠤᠭᠤᠯᠤᠨ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠪᠠᠶᠢᠭᠤᠯᠤᠯᠲᠠ ᠶᠢᠨ ᠲᠤᠰᠬᠠᠶ ᠲᠥᠰᠦᠯ ᠪᠠ ᠣᠨ ᠤ ᠬᠡᠷᠡᠭᠵᠢᠭᠦᠯᠬᠦ ᠲᠥᠯᠥᠪᠯᠡᠭᠡ ᠶᠢ ᠲᠣᠭᠲᠠᠭᠠᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠢᠶᠠᠨ ᠢᠳᠡᠪᠬᠢᠲᠡᠶ ᠪᠠᠷ ᠲᠥᠯᠥᠪᠯᠡᠨ ᠪᠠᠶᠢᠷᠢᠯᠠᠭᠤᠯᠬᠤ ᠪᠠ ᠠᠬᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠴᠢᠬᠤᠯᠠ ᠶᠡᠭᠡ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤ ᠨᠢ ᠰᠤᠳᠤᠯᠤᠨ ᠰᠢᠢᠳᠪᠦᠷᠢᠯᠡᠬᠦ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠨᠢ ᠴᠠᠭ ᠠᠭᠤᠷ ᠤᠨ ᠭᠠᠮᠰᠢᠭ ᠢ ᠰᠡᠷᠭᠡᠢᠢᠯᠡᠨ ᠬᠤᠷᠢᠬᠯᠠᠬᠤ ᠲᠠᠯ᠎ᠠ ᠪᠠᠷ ᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠪᠠᠨ ᠴᠢᠩᠭᠠᠷᠠᠭᠤᠯᠵᠤ᠂ ᠡᠯ᠎ᠡ ᠠᠵᠢᠯ ᠲᠥᠷᠥᠯ᠂ ᠡᠯ᠎ᠡ ᠰᠠᠯᠠᠭ᠎ᠠ ᠮᠥᠴᠢᠷ ᠨᠢᠭᠡᠴᠢ ᠶᠢᠨ ᠴᠠᠭ ᠠᠭᠤᠷ ᠤᠨ ᠭᠠᠮᠰᠢᠭ ᠤᠨ ᠠᠶᠤᠯ ᠲᠦᠭᠰᠢᠭᠦᠷᠢ ᠶᠢ ᠲᠠᠨᠢᠨ ᠮᠡᠳᠡᠬᠦ ᠬᠢᠷᠢ ᠬᠡᠮᠵᠢᠶ᠎ᠡ ᠪᠠ ᠨᠡᠶᠢᠭᠡᠮ ᠨᠡᠶᠢᠲᠡ ᠶᠢᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠶᠤᠯ ᠲᠥᠭᠰᠢᠭᠦᠷᠢ ᠡᠴᠠ ᠵᠠᠶᠢᠯᠠᠬᠤ ᠴᠢᠳᠠᠪᠤᠷᠢ ᠶᠢ ᠨᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃

  ︵ ᠬᠤᠶᠠᠷ ︶ ᠳᠡᠮᠵᠢᠵᠦ ᠪᠠᠲᠤᠯᠠᠬᠤ ᠪᠠᠨ ᠴᠢᠩᠭᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠨᠢ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠵᠢᠨ ᠬᠤᠪᠢᠶᠠᠷᠢᠯᠠᠯ ᠤᠨ ᠥᠭᠡᠷᠡᠴᠢᠯᠡᠯᠲᠡ ᠵᠢᠨ ᠱᠠᠭᠠᠷᠳᠠᠯᠭ᠎ᠠ ᠶᠤᠰᠤᠭᠠᠷ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ  ᠪᠠᠭᠠᠰᠬᠠᠬᠤ ᠳᠤ ᠳᠡᠮᠵᠢᠯᠭᠡ ᠦᠵᠡᠭᠦᠯᠬᠦ ᠠᠵᠢᠯ ᠤᠨ ᠪᠠᠲᠤᠯᠠᠭ᠎ᠠ ᠶᠢᠨ ᠲᠣᠭᠲᠠᠴᠠ ᠵᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠳᠠᠬᠢ ᠲᠥᠷᠥ ᠶᠢᠨ ᠪᠣᠳᠣᠯᠭ᠎ᠠ ᠪᠠ ᠪᠠᠯᠠ ᠮᠦᠩᠭᠦᠨ ᠤ ᠳᠡᠮᠵᠢᠯᠭᠡ ᠪᠠᠨ ᠴᠢᠩᠭᠠᠳᠬᠠᠬᠤ ᠬᠡᠷᠡᠭᠲᠡᠶ᠃

  ︵ ᠭᠤᠷᠪᠠ ︶ ᠰᠢᠮᠳᠠᠭᠤᠯᠤᠨ ᠵᠢᠯᠣᠭᠤᠳᠴᠤ ᠨᠠᠶᠢᠳᠠᠪᠤᠷᠢᠵᠢᠭᠤᠯᠬᠤ ᠪᠠᠨ ᠴᠢᠩᠭᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢᠭᠡᠴᠢ ᠨᠢ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠥᠷᠥᠯ ᠵᠦᠢᠯ ᠤᠨ ᠬᠡᠷᠡᠭᠵᠢᠭᠦᠯᠦᠯᠲᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠶ᠃ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠪᠠᠨ ᠴᠠᠭ ᠠᠭᠤᠷ ᠤᠨ ᠭᠠᠮᠰᠢᠭ ᠢ ᠰᠡᠷᠭᠡᠢᠢᠯᠡᠨ ᠬᠤᠷᠢᠬᠯᠠᠬᠤ ᠠᠵᠢᠯ ᠯᠤᠭ᠎ᠠ ᠵᠡᠷᠭᠡ ᠳᠤ ᠨᠢ ᠪᠠᠶᠢᠷᠢᠯᠠᠭᠤᠯᠵᠤ᠂ ᠵᠡᠷᠭᠡ ᠳᠤ ᠨᠢ ᠪᠠᠶᠢᠴᠠᠭᠠᠨ ᠰᠤᠳᠤᠯᠵᠤ᠂ ᠵᠡᠷᠭᠡ ᠳᠤ ᠨᠢ ᠬᠢᠨᠠᠯᠲᠠ ᠲᠠᠯᠪᠢᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠡᠯ᠎ᠡ ᠵᠦᠢᠯ ᠤᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃



ᠭᠠᠷ ᠤᠲᠠᠰᠤ ᠪᠠᠷ ᠦᠵᠡᠬᠦ