ᠵᠠᠰᠠᠭ ᠤᠨ ᠣᠷᠳᠣᠨ ᠤ ᠬᠡᠰᠡᠭ ᠲᠣᠭᠲᠠᠭᠠᠯ ᠲᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠥᠬᠡᠶ ᠪᠣᠯᠭᠠᠬᠤ ᠲᠤᠬᠠᠶ ᠲᠣᠭᠲᠠᠭᠠᠯ

  ᠨᠡᠶᠢᠭᠡᠮ ᠵᠢᠷᠤᠮ ᠤᠨ ᠬᠠᠤᠯᠢ ᠲᠦᠷᠢᠮ ᠤᠨ ᠨᠢᠭᠡᠳᠦᠯᠲᠡᠶ ᠪᠠᠶᠢᠬᠤ ᠶᠢ ᠬᠠᠮᠠᠭᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 4 ᠳᠤᠭᠡᠷ ᠰᠠᠷ᠎ᠠ ᠶᠢᠨ 25 ᠤ ᠡᠳᠦᠷ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠳᠣᠤᠷᠠᠬᠢ ᠵᠠᠰᠠᠭ ᠤᠨ ᠣᠷᠳᠣᠨ ᠤ ᠲᠣᠭᠲᠠᠭᠠᠯ ᠲᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠥᠬᠡᠶ ᠪᠣᠯᠭᠠᠬᠤ ᠪᠠᠷ ᠲᠣᠭᠲᠠᠪᠠ᠄

  ᠨᠢᠭᠡ᠂ 2 ᠬᠤᠪᠢ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠬᠡᠰᠡᠭ ᠵᠦᠢᠯ ᠵᠤᠷᠪᠤᠰ ᠲᠤ ᠵᠠᠰᠠᠪᠤᠷᠢ ᠣᠷᠤᠭᠤᠯᠤᠨ᠎ᠠ᠃ ︵ ᠳᠠᠭᠠᠯᠳᠤᠭᠤᠯᠤᠯ 1 ︶

  ᠬᠤᠶᠠᠷ᠂ 2 ᠬᠤᠪᠢ ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠬᠦᠴᠦᠨ ᠥᠬᠡᠶ ᠪᠣᠯᠭᠠᠨ᠎ᠠ᠃ ︵ ᠳᠠᠭᠠᠯᠳᠤᠭᠤᠯᠤᠯ 2 ︶

  ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠡᠴᠠ ᠡᠬᠢᠯᠡᠵᠦ ᠬᠡᠷᠡᠭᠵᠢᠭᠦᠯᠦᠨ᠎ᠡ᠃

  ᠲᠣᠰ ᠲᠣᠭᠲᠠᠭᠠᠯ ᠢ ᠦᠨᠳᠦᠰᠦᠯᠡᠨ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠡᠬᠡ ᠲᠦᠰᠦᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ ︾᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠵᠢᠨ ᠬᠠᠮᠢᠶᠠᠷᠤᠯᠲᠠ ᠶᠢᠨ ᠠᠷᠭ᠎ᠠ ︾ ᠳᠤ ᠬᠠᠷᠠᠭᠠᠯᠵᠠᠭᠰᠠᠨ ᠵᠠᠰᠠᠪᠤᠷᠢ ᠣᠷᠣᠭᠤᠯᠵᠤ᠂ ᠳᠠᠬᠢᠨ ᠨᠡᠢᠢᠲᠡᠯᠡᠨ᠎ᠡ᠃

  ᠳᠠᠭᠠᠯᠳᠤᠭᠤᠯᠤᠯ᠄ 1. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠡᠴᠠ ᠵᠠᠰᠠᠪᠤᠷᠢ ᠣᠷᠣᠭᠤᠯᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ                               2. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠡᠴᠠ ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ

  

ᠳᠠᠭᠠᠯᠳᠤᠭᠤᠯᠤᠯ 1

ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠡᠴᠠ  ᠵᠠᠰᠠᠪᠤᠷᠢ ᠣᠷᠣᠭᠤᠯᠬᠤ ᠪᠠᠷ  ᠲᠣᠭᠲᠠᠭᠠᠭᠰᠠᠨ  ᠵᠠᠰᠠᠭ ᠤᠨ  ᠣᠷᠳᠣᠨ ᠤ  ᠲᠣᠭᠲᠠᠭᠠᠯ ᠳᠦᠷᠢᠮ

  ᠨᠢᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠡᠭᠡ ᠲᠦᠰᠦᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ

  ᠭᠤᠷᠪᠠᠳᠤᠭᠠᠷ ᠵᠦᠢᠯ ᠢ ᠨᠠᠢᠮᠠᠳᠤᠭᠠᠷ ᠵᠦᠢᠯ ᠪᠣᠯᠭᠠᠨ ᠬᠤᠪᠢᠷᠠᠭᠤᠯᠤᠨ᠎ᠠ᠃ ᠳᠥᠷᠪᠡᠳᠦᠭᠡᠷ ᠵᠦᠢᠯ ᠢ ᠭᠤᠷᠪᠠᠳᠤᠭᠠᠷ ᠵᠦᠢᠯ ᠪᠣᠯᠭᠠᠨ ᠬᠤᠪᠢᠷᠠᠭᠤᠯᠵᠤ᠂ ︽ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠡᠬᠡ ᠲᠦᠰᠦᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠤ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠠᠤᠯᠢ ᠲᠣᠭᠲᠠᠭᠠᠬᠤ ᠬᠠᠤᠯᠢ ᠳᠤ ᠲᠣᠭᠲᠠᠭᠠᠭᠰᠠᠨ ᠬᠠᠤᠯᠢ ᠲᠣᠭᠲᠠᠭᠠᠬᠤ ᠵᠠᠷᠴᠢᠮ ᠢ ᠵᠢᠷᠤᠮᠯᠠᠵᠤ᠂ ᠦᠨᠳᠦᠰᠦᠨ ᠬᠠᠤᠯᠢ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠪᠤᠰᠤᠳ ᠳᠡᠭᠡᠳᠦ ᠪᠠᠶᠢᠷᠢ ᠶᠢᠨ ᠬᠠᠤᠯᠢ ᠶᠢᠨ ᠲᠣᠭᠲᠠᠭᠠᠯ ᠳᠤ ᠨᠡᠶᠢᠴᠡᠵᠦ᠂ ᠨᠡᠶᠢᠭᠡᠮ ᠵᠢᠷᠤᠮ ᠤᠨ ᠭᠤᠣᠯᠯᠠᠬᠤ ᠥᠷᠳᠡᠭ ᠤᠨ ᠦᠵᠡᠯᠲᠡ ᠶᠢ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠳᠤ ᠰᠠᠭᠤᠷᠢᠯᠠᠨ᠂ ᠬᠠᠨᠳᠤᠯᠭᠠᠲᠤ ᠴᠢᠨᠠᠷ ᠪᠠ ᠬᠡᠷᠡᠭᠵᠢᠭᠦᠯᠬᠦᠢᠴᠡ ᠴᠢᠨᠠᠷ ᠢ ᠨᠡᠮᠡᠭᠳᠡᠭᠦᠯᠦᠨ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠪᠠᠷᠢᠮᠲᠠᠯᠠᠨ ᠬᠥᠭᠵᠢᠭᠦᠯᠵᠦ᠂ ᠬᠠᠤᠯᠢ ᠲᠣᠭᠲᠠᠭᠠᠬᠤ ᠠᠵᠢᠯᠯᠠᠭ᠎ᠠ ᠳᠤ ᠠᠷᠠᠳ ᠲᠦᠮᠡᠨ ᠤ ᠤᠯᠠᠨ ᠵᠦᠢᠯ ᠤᠨ ᠠᠷᠭ᠎ᠠ ᠵᠠᠮ ᠢᠶᠠᠷ ᠣᠷᠣᠯᠴᠠᠬᠤ ᠶᠢ ᠨᠢ ᠪᠠᠲᠤᠯᠠᠬᠤ ᠬᠡᠷᠡᠭᠲᠡᠢ ︾ ᠭᠡᠵᠦ ᠵᠠᠰᠠᠪᠤᠷᠢ ᠣᠷᠣᠭᠤᠯᠪᠠ᠃

  ᠰᠢᠨ᠎ᠡ ᠪᠠᠷ ᠨᠢᠭᠡ ᠵᠦᠢᠯ ᠨᠡᠮᠡᠭᠡᠳ ᠶᠢᠰᠦᠳᠦᠭᠡᠷ ᠵᠦᠢᠯ ᠪᠣᠯᠭᠠᠪᠠ᠄︽ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠲᠥᠷᠥᠯ ᠵᠦᠢᠯ ᠴᠤᠭᠯᠠᠭᠤᠯᠬᠤ᠂ ᠢᠯᠡ ᠪᠠᠷ ᠰᠠᠨᠠᠯ ᠬᠤᠷᠢᠶᠠᠬᠤ᠂ ᠭᠡᠷᠡᠴᠢᠯᠡᠭᠡ ᠰᠣᠨᠣᠰᠬᠤ᠂ ᠵᠥᠪᠯᠡᠯᠭᠡ ᠥᠭᠴᠦ ᠨᠤᠲᠠᠯᠠᠬᠤ᠂ ᠦᠨᠡᠯᠡᠨ ᠵᠢᠱᠢᠬᠦ ᠵᠡᠷᠭᠡ ᠬᠠᠤᠯᠢ ᠲᠣᠭᠲᠠᠭᠠᠬᠤ ᠠᠵᠢᠯᠯᠠᠭ᠎ᠠ ᠳᠤ ᠨᠡᠢᠢᠭᠡᠮ ᠨᠡᠢᠢᠲᠡ ᠶᠢᠨ ᠬᠢᠨ ᠡᠮᠬᠢ ᠳᠠᠷᠠᠭᠠᠯᠠᠯ ᠲᠠᠢ ᠪᠠᠷ ᠣᠷᠣᠯᠴᠠᠵᠤ᠂ ᠰᠠᠨᠠᠯ ᠪᠠ ᠰᠠᠨᠠᠭᠤᠯᠭ᠎ᠠ ᠳᠤᠷᠠᠳᠬᠤ ᠶᠢ ᠨᠢ ᠵᠣᠷᠢᠬᠵᠢᠭᠤᠯᠤᠨ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠣᠳᠠᠲᠤ ᠬᠡᠷᠡᠭᠴᠡᠭᠡ ᠪᠠᠨ ᠦᠨᠳᠦᠰᠦᠯᠡᠨ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠪᠠᠶᠢᠭᠤᠯᠵᠤ᠂ ᠨᠡᠶᠢᠭᠡᠮ ᠨᠡᠶᠢᠲᠡ ᠪᠠ ᠬᠤᠯᠪᠣᠭᠳᠠᠯ ᠪᠥᠬᠦᠶ ᠲᠠᠯ᠎ᠠ ᠶᠢᠨ ᠬᠢᠨ ᠤ ᠬᠠᠤᠯᠢ ᠲᠣᠭᠲᠠᠭᠠᠬᠤ ᠠᠵᠢᠯ ᠤᠨ ᠲᠤᠬᠠᠶ ᠰᠠᠨᠠᠯ ᠪᠠ ᠰᠠᠨᠠᠭᠤᠯᠭ᠎ᠠ ᠶᠢ ᠰᠣᠨᠣᠰᠤᠨ᠎ᠠ᠃ ︾

  ᠶᠢᠰᠦᠳᠦᠭᠡᠷ ᠵᠦᠢᠯ ᠢ ᠠᠷᠪᠠᠳᠤᠭᠠᠷ ᠵᠦᠢᠯ ᠪᠣᠯᠭᠠᠨ ᠬᠤᠪᠢᠷᠠᠭᠤᠯᠤᠭᠠᠳ᠄︽ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠡᠴᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠵᠢᠭᠦᠯᠭᠡ ᠪᠠ ᠬᠠᠤᠯᠢ ᠲᠣᠭᠲᠠᠭᠠᠬᠤ ᠲᠥᠯᠥᠪᠯᠡᠭᠡ ᠶᠢᠨ ᠰᠠᠨᠠᠭᠤᠯᠭ᠎ᠠ ᠳᠤᠷᠠᠳᠬᠤ᠂ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠶᠢ ᠲᠣᠭᠲᠠᠭᠠᠬᠤ ᠳᠤ ᠪᠠᠨ ᠥᠷᠭᠡᠨ ᠢᠶᠠᠷ ᠰᠠᠨᠠᠯ ᠬᠤᠷᠢᠶᠠᠵᠤ᠂ ᠰᠢᠨᠵᠢᠯᠡᠬᠦ ᠤᠬᠠᠭᠠᠨᠴᠢ ᠪᠠᠷ ᠨᠤᠲᠠᠯᠠᠯᠲᠠ ᠬᠢᠵᠦ ᠦᠨᠡᠯᠡᠨ ᠵᠢᠱᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳᠴᠢᠯᠠᠯ ᠢ ᠬᠡᠷᠡᠭᠵᠢᠭᠦᠯᠵᠦ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠡᠷᠡᠭᠴᠡᠭᠡ ᠶᠢ ᠦᠨᠳᠦᠰᠦᠯᠡᠨ᠂ ᠨᠢᠭᠡᠳᠦᠯᠲᠡᠢ ᠲᠥᠯᠥᠪᠯᠡᠨ ᠨᠡᠢᠢᠲᠡ ᠳᠤ ᠨᠢ ᠬᠠᠷᠠᠭᠠᠯᠵᠠᠵᠤ᠂ ᠭᠤᠣᠯᠳᠠᠯᠭ᠎ᠠ ᠶᠢ ᠲᠤᠪᠤᠢᠯᠭᠠᠨ᠂ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠲᠠᠶᠢᠯᠪᠤᠷᠢᠯᠠᠬᠤ ᠶᠢ ᠵᠡᠷᠭᠡ ᠪᠠᠷ ᠴᠢᠬᠤᠯᠠᠴᠢᠯᠠᠬᠤ ᠬᠡᠷᠡᠭᠲᠡᠢ᠃

  ︽ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠶᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠵᠢᠭᠦᠯᠭᠡ᠂ ᠬᠠᠤᠯᠢ ᠲᠣᠭᠲᠠᠭᠠᠬᠤ ᠲᠥᠯᠥᠪᠯᠡᠭᠡ ᠯᠦᠭᠡ ᠵᠣᠯᠭᠠᠭᠤᠯᠬᠤ ᠬᠡᠷᠡᠭᠲᠡᠶ᠃ ︾ ᠭᠡᠵᠦ ᠵᠠᠰᠠᠪᠤᠷᠢ ᠣᠷᠣᠭᠤᠯᠪᠠ᠃

  ᠠᠷᠪᠠᠨ ᠬᠤᠶᠠᠳᠤᠭᠠᠷ ᠵᠦᠢᠯ ᠢ ᠠᠷᠪᠠᠨ ᠭᠤᠷᠪᠠᠳᠤᠭᠠᠷ ᠵᠦᠢᠯ ᠪᠣᠯᠭᠠᠨ ᠬᠤᠪᠢᠷᠠᠭᠤᠯᠤᠭᠠᠳ᠄︽ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠲᠣᠭᠲᠠᠭᠠᠯ ᠲᠦᠷᠢᠮ ᠢᠶᠠᠷ ᠰᠡᠳᠦᠪ ᠲᠣᠭᠲᠠᠭᠠᠬᠤ ᠪᠠᠷ ᠮᠡᠳᠡᠭᠦᠯᠬᠦ ᠳᠤ ᠳᠣᠣᠷ᠎ᠠ ᠵᠢᠭᠰᠠᠭᠠᠭᠰᠠᠨ ᠪᠢᠴᠢᠭᠯᠡᠭᠰᠡᠨ ᠮᠠᠲ᠋ᠧᠷᠢᠶᠠᠯ ᠵᠢᠴᠢ ᠲᠡᠭᠦᠨ ᠤ ᠡᠯᠧᠺᠲ᠋ᠷᠣᠨ ᠲᠧᠺᠰᠲ ᠢ ᠮᠡᠳᠡᠭᠦᠯᠦᠨ ᠬᠦᠷᠭᠡᠬᠦ ᠬᠡᠷᠡᠭᠲᠡᠢ᠄

  ︽︵ ᠨᠢᠭᠡ ︶ ᠰᠡᠳᠦᠪ ᠲᠣᠭᠲᠠᠭᠠᠬᠤ ᠰᠠᠨᠠᠭᠤᠯᠭ᠎ᠠ ᠶᠢᠨ ᠮᠡᠳᠡᠭᠦᠯᠦᠯᠲᠡ ᠶᠢᠨ ᠪᠢᠴᠢᠭ︔

  ︽︵ ᠬᠤᠶᠠᠷ ︶ ᠡᠬᠡ ᠲᠦᠰᠦᠯ ᠪᠠ ᠲᠤᠭᠤᠷᠪᠢᠭᠰᠠᠨ ᠲᠣᠳᠣᠷᠬᠠᠶᠢᠯᠠᠯᠲᠠ︔

  ︽︵ ᠭᠤᠷᠪᠠ ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠦᠨᠳᠦᠰᠦᠯᠡᠯ ᠵᠢᠴᠢ ᠬᠤᠯᠪᠣᠭᠳᠠᠯ ᠪᠦᠬᠦᠢ ᠬᠠᠤᠯᠢ ᠲᠣᠭᠲᠠᠭᠠᠬᠤ ᠮᠠᠲ᠋ᠧᠷᠢᠶᠠᠯ︔

  ︽︵ ᠲᠦᠷᠪᠡ ︶ ᠬᠤᠷᠢᠶᠠᠭᠰᠠᠨ ᠰᠠᠨᠠᠯ ᠤᠳ ᠤᠨ ᠬᠤᠷᠢᠶᠠᠩᠭᠤᠢᠢᠯᠠᠭᠰᠠᠨ ᠮᠠᠲ᠋ᠧᠷᠢᠶᠠᠯ ᠵᠢᠴᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︔

  ︽︵ ᠲᠠᠪᠤ ︶ ᠬᠢᠨᠠᠨ ᠵᠥᠪᠯᠡᠭᠦᠯᠬᠦ ᠪᠠᠷ ᠰᠠᠨᠠᠭᠤᠯᠤᠭᠰᠠᠨ ᠴᠠᠭ᠃

  ︽ ᠲᠤᠭᠤᠷᠪᠢᠭᠰᠠᠨ ᠲᠣᠳᠣᠷᠬᠠᠶᠢᠯᠠᠯᠲᠠ ᠳᠤ ᠬᠠᠤᠯᠢ ᠲᠣᠭᠲᠠᠭᠠᠬᠤ ᠶᠢᠨ ᠴᠢᠬᠤᠯᠠ ᠴᠢᠨᠠᠷ ᠪᠠ ᠪᠣᠯᠤᠮᠵᠢᠲᠤ ᠴᠢᠨᠠᠷ᠂ ᠲᠤᠭᠤᠷᠪᠢᠭᠰᠠᠨ ᠶᠠᠪᠤᠴᠠ᠂ ᠰᠢᠢᠳᠪᠦᠷᠢᠯᠡᠬᠦ ᠪᠠᠷ ᠵᠢᠱᠢᠵᠦ ᠪᠠᠶᠢᠭ᠎ᠠ ᠭᠤᠣᠯ ᠠᠰᠠᠭᠤᠳᠠᠯ᠂ ᠲᠣᠭᠲᠠᠭᠠᠭᠰᠠᠨ ᠭᠤᠣᠯ ᠠᠷᠭ᠎ᠠ ᠬᠡᠮᠵᠢᠶ᠎ᠡ ᠵᠢᠴᠢ ᠵᠥᠷᠢᠯᠳᠦᠭᠡᠨ ᠲᠠᠢ ᠭᠤᠣᠯ ᠰᠠᠨᠠᠯ ᠢ ᠵᠣᠬᠢᠴᠠᠭᠤᠯᠤᠨ ᠰᠢᠢᠳᠪᠦᠷᠢᠯᠡᠭᠰᠡᠨ ᠪᠠᠶᠢᠳᠠᠯ ᠢ ᠪᠠᠭᠲᠠᠭᠠᠬᠤ ᠬᠡᠷᠡᠭᠲᠡᠶ᠃

  ︽ ᠨᠤᠲᠠᠯᠠᠬᠤ ᠬᠤᠷᠠᠯ ᠪᠠ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠤᠭᠰᠠᠨ ᠪᠠᠢᠢᠪᠠᠯ᠂ ᠪᠠᠰᠠ ᠨᠤᠲᠠᠯᠠᠯᠲᠠ ᠬᠢᠭᠰᠡᠨ᠂ ᠭᠡᠷᠡᠴᠢᠯᠡᠭᠡ ᠰᠣᠨᠣᠰᠤᠭᠰᠠᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠶ ︾ ᠭᠡᠵᠦ ᠵᠠᠰᠠᠪᠤᠷᠢ ᠣᠷᠣᠭᠤᠯᠪᠠ᠃

  ᠰᠢᠨ᠎ᠡ ᠪᠠᠷ ᠨᠢᠭᠡ ᠵᠦᠢᠯ ᠨᠡᠮᠡᠭᠡᠳ ᠠᠷᠪᠠᠨ ᠲᠠᠪᠤᠳᠤᠭᠠᠷ ᠵᠦᠢᠯ ᠪᠣᠯᠭᠠᠪᠠ᠄︽ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠠᠶᠢᠮᠠᠭ ᠤᠨ ᠵᠠᠬᠢᠷᠭ᠎ᠠ ᠪᠠ ᠲᠣᠭᠤᠷᠢᠭ ᠪᠠᠢᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠨ ᠬᠦᠷᠭᠡᠭᠰᠡᠨ ᠰᠡᠳᠦᠪ ᠲᠣᠭᠲᠠᠭᠠᠬᠤ ᠭᠤᠶᠤᠴᠢᠯᠠᠯ ᠤᠨ ᠲᠥᠷᠥᠯ ᠵᠦᠢᠯ ᠪᠠ ᠢᠯᠡ ᠪᠠᠷ ᠴᠤᠭᠯᠠᠭᠤᠯᠤᠭᠰᠠᠨ ᠬᠠᠤᠯᠢ ᠲᠣᠭᠲᠠᠭᠠᠬᠤ ᠲᠥᠯᠥᠪᠯᠡᠭᠡ ᠶᠢᠨ ᠰᠠᠨᠠᠭᠤᠯᠭ᠎ᠠ ᠶᠢᠨ ᠲᠥᠷᠥᠯ ᠵᠦᠢᠯ ᠳᠤ ᠳᠣᠤᠷᠠᠬᠢ ᠪᠠᠢᠢᠳᠠᠯ ᠤᠳ ᠤᠨ ᠨᠢᠭᠡ ᠨᠢ ᠪᠠᠶᠢᠪᠠᠯ᠂ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠵᠢᠭᠦᠯᠭᠡ᠂ ᠬᠠᠤᠯᠢ ᠲᠣᠭᠲᠠᠭᠠᠬᠤ ᠲᠥᠯᠥᠪᠯᠡᠭᠡ ᠶᠢᠨ ᠰᠠᠨᠠᠭᠤᠯᠭ᠎ᠠ ᠶᠢᠨ ᠲᠥᠷᠥᠯ ᠵᠦᠢᠯ ᠪᠤᠶᠤ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠳᠤ ᠣᠷᠣᠭᠤᠯᠬᠤ ᠥᠬᠡᠶ᠄

  ︽︵ ᠨᠢᠭᠡ ︶ ᠬᠠᠤᠯᠢ ᠲᠣᠭᠲᠠᠭᠠᠬᠤ ᠵᠣᠷᠢᠯᠲᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠡᠷᠭᠡ ᠨᠠᠮ ᠪᠠ ᠤᠯᠤᠰ ᠤᠨ ᠦᠨᠳᠦᠰᠦᠨ ᠴᠢᠭᠯᠡᠯᠲᠡ᠂ ᠲᠦᠷᠦ ᠶᠢᠨ ᠪᠤᠳᠤᠯᠭ᠎ᠠ ᠳᠤ ᠦᠯᠦ ᠨᠡᠢᠢᠴᠡᠭᠰᠡᠨ︔

  ︽︵ ᠬᠤᠶᠠᠷ ︶ ᠭᠤᠣᠯ ᠠᠭᠤᠯᠭ᠎ᠠ ᠨᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠬᠥᠭᠵᠢᠯᠲᠡ ᠪᠠ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠱᠠᠭᠠᠷᠳᠠᠯᠭ᠎ᠠ ᠳᠤ ᠦᠯᠦ ᠨᠡᠢᠢᠴᠡᠭᠰᠡᠨ︔

  ︽︵ ᠭᠤᠷᠪᠠ ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢᠶᠠᠷ ᠳᠠᠮᠵᠢᠭᠤᠯᠤᠨ ᠠᠰᠠᠭᠤᠳᠠᠯ ᠢ ᠰᠢᠢᠳᠪᠦᠷᠢᠯᠡᠵᠦ ᠪᠣᠯᠬᠤ︔

  ︽︵ ᠲᠦᠷᠪᠡ ︶ ᠬᠠᠤᠯᠢ ᠲᠣᠭᠲᠠᠭᠠᠬᠤ ᠴᠢᠬᠤᠯᠠ ᠴᠢᠨᠠᠷ ᠨᠢ ᠭᠦᠢᠴᠡᠳ ᠪᠤᠰᠤ ᠪᠤᠶᠤ ᠦᠢᠯᠡᠳᠦᠯᠭᠡ ᠶᠢᠨ ᠳᠤᠮᠳᠠ ᠬᠡᠷᠡᠭᠵᠢᠭᠦᠯᠬᠦ ᠳᠤ ᠪᠡᠷᠬᠡᠲᠡᠶ ᠪᠠᠶᠢᠬᠤ︔

  ︽︵ ᠲᠠᠪᠤ ︶ ᠲᠤᠰ ᠲᠣᠭᠲᠠᠭᠠᠯ ᠤᠨ ᠠᠷᠪᠠᠨ ᠭᠤᠷᠪᠠᠳᠤᠭᠠᠷ ᠵᠦᠢᠯ ᠤᠨ ᠶᠣᠰᠣᠭᠠᠷ ᠬᠠᠮᠢᠶ᠎ᠠ ᠪᠦᠬᠦᠢ ᠮᠠᠲ᠋ᠧᠷᠢᠶᠠᠯ ᠢ ᠦᠯᠦ ᠮᠡᠳᠡᠭᠦᠯᠵᠦ ᠬᠦᠷᠭᠡᠭᠰᠡᠨ︔

  ︽︵ ᠵᠢᠷᠭᠤᠭ᠎ᠠ ︶ ᠬᠠᠤᠯᠢ ᠲᠣᠭᠲᠠᠭᠠᠬᠤ ᠨᠥᠬᠦᠴᠡᠯ ᠪᠠ ᠴᠠᠭ ᠲᠣᠬᠢᠶᠠᠯ ᠨᠢ ᠪᠣᠯᠪᠠᠰᠤᠷᠠᠩᠭᠤᠶ ᠪᠤᠰᠤ ᠪᠤᠰᠤᠳ ᠪᠠᠶᠢᠳᠠᠯ᠃ ︾

  ᠰᠢᠨ᠎ᠡ ᠪᠠᠷ ᠨᠢᠭᠡ ᠵᠦᠢᠯ ᠨᠡᠮᠡᠭᠡᠳ ᠬᠤᠷᠢᠨ ᠳᠥᠷᠪᠡᠳᠦᠭᠡᠷ ᠵᠦᠢᠯ ᠪᠣᠯᠭᠠᠪᠠ᠄︽ ᠲᠤᠭᠤᠷᠪᠢᠭᠰᠠᠨ ᠨᠢᠭᠡᠴᠢ ᠨᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠡᠬᠡ ᠲᠦᠰᠦᠯ ᠤᠨ ᠬᠢᠨᠠᠭᠤᠯᠬᠤ ᠨᠤᠤᠷᠠᠭ ᠢ ᠮᠡᠳᠡᠭᠦᠯᠦᠨ ᠬᠦᠷᠭᠡᠬᠦ ᠳ᠋ᠤ ᠪᠠᠨ ᠳᠣᠣᠷ᠎ᠠ ᠵᠢᠭᠰᠠᠭᠠᠭᠰᠠᠨ ᠪᠢᠴᠢᠭᠯᠡᠭᠰᠡᠨ ᠮᠠᠲ᠋ᠧᠷᠢᠶᠠᠯ ᠵᠢᠴᠢ ᠡᠯᠧᠺᠲ᠋ᠷᠣᠨ ᠲᠧᠺᠰᠲ ᠢ ᠮᠡᠳᠡᠭᠦᠯᠦᠨ ᠬᠦᠷᠭᠡᠬᠦ ᠬᠡᠷᠡᠭᠲᠡᠢ᠄

  ︽︵ ᠨᠢᠭᠡ ︶ ᠡᠬᠡ ᠲᠦᠰᠦᠯ ᠤᠨ ᠬᠢᠨᠠᠭᠤᠯᠬᠤ ᠨᠤᠤᠷᠠᠭ ᠪᠠ ᠲᠤᠭᠤᠷᠪᠢᠭᠰᠠᠨ ᠲᠣᠳᠣᠷᠬᠠᠶᠢᠯᠠᠯᠲᠠ︔

  ︽︵ ᠬᠤᠶᠠᠷ ︶ ᠬᠤᠷᠢᠶᠠᠭᠰᠠᠨ ᠰᠠᠨᠠᠯ ᠤᠳ ᠤᠨ ᠬᠤᠷᠢᠶᠠᠩᠭᠤᠢᠢᠯᠠᠭᠰᠠᠨ ᠪᠠᠶᠢᠳᠠᠯ ᠵᠢᠴᠢ ᠵᠥᠷᠢᠯᠳᠦᠭᠡᠨ ᠲᠠᠢ ᠰᠠᠨᠠᠯ ᠢ ᠵᠣᠬᠢᠴᠠᠭᠤᠯᠤᠨ ᠰᠢᠢᠳᠪᠦᠷᠢᠯᠡᠭᠰᠡᠨ ᠪᠠᠶᠢᠳᠠᠯ ᠤᠨ ᠮᠠᠲ᠋ᠧᠷᠢᠶᠠᠯ︔

  ︽︵ ᠭᠤᠷᠪᠠ ︶ ᠬᠠᠤᠯᠢ ᠲᠣᠭᠲᠠᠭᠠᠬᠤ ᠦᠨᠳᠦᠰᠦᠯᠡᠯ ᠵᠢᠴᠢ ᠬᠠᠤᠯᠢ ᠲᠣᠭᠲᠠᠭᠠᠬᠤ ᠳᠤ ᠯᠠᠪᠯᠠᠯᠲᠠ ᠪᠣᠯᠭᠠᠭᠰᠠᠨ ᠮᠠᠲ᠋ᠧᠷᠢᠶᠠᠯ︔

  ︽︵ ᠳᠥᠷᠪᠡ ︶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠨᠤᠲᠠᠯᠠᠯᠲᠠ ᠶᠢᠨ ᠮᠡᠳᠡᠭᠦᠯᠦᠯᠲᠡ᠂ ᠭᠡᠷᠡᠴᠢᠯᠡᠭᠡ ᠰᠣᠨᠣᠰᠤᠭᠰᠠᠨ ᠮᠡᠳᠡᠭᠦᠯᠦᠯᠲᠡ᠂ ᠠᠶᠤᠯ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠵᠡᠷᠭᠡ ᠬᠠᠩᠭᠠᠬᠤ ᠴᠢᠬᠤᠯᠠ ᠲᠠᠢ ᠪᠤᠰᠤᠳ ᠮᠠᠲ᠋ᠧᠷᠢᠶᠠᠯ᠃ ︾

  ᠰᠢᠨ᠎ᠡ ᠪᠠᠷ ᠨᠢᠭᠡ ᠵᠦᠢᠯ ᠨᠡᠮᠡᠭᠡᠳ ᠬᠤᠷᠢᠨ ᠲᠠᠪᠤᠳᠤᠭᠠᠷ ᠵᠦᠢᠯ ᠪᠣᠯᠭᠠᠪᠠ᠄︽ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠡᠬᠡ ᠲᠦᠰᠦᠯ ᠤᠨ ᠬᠢᠨᠠᠭᠤᠯᠬᠤ ᠨᠤᠤᠷᠠᠭ ᠢ ᠲᠤᠭᠤᠷᠪᠢᠭᠰᠠᠨ ᠲᠣᠳᠣᠷᠬᠠᠶᠢᠯᠠᠯᠲᠠ ᠳᠤ ᠳᠣᠣᠷᠠᠬᠢ ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠢ᠄

  ︽︵ ᠨᠢᠭᠡ ︶ ᠬᠠᠤᠯᠢ ᠲᠣᠭᠲᠠᠭᠠᠬᠤ ᠶᠢᠨ ᠴᠢᠬᠤᠯᠠ ᠴᠢᠨᠠᠷ ᠪᠠ ᠪᠣᠯᠤᠮᠵᠢᠲᠤ ᠴᠢᠨᠠᠷ︔

  ︽︵ ᠬᠤᠶᠠᠷ ︶ ᠵᠢᠷᠤᠮᠵᠢᠭᠤᠯᠬᠤ ᠪᠠᠷ ᠪᠠᠶᠢᠭ᠎ᠠ ᠵᠦᠢᠯᠡᠰ ᠤᠨ ᠣᠳᠣᠬᠢ ᠪᠠᠶᠢᠳᠠᠯ ᠪᠠ ᠦᠢᠯᠡᠳᠦᠯᠭᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ᠂ ᠡᠬᠡ ᠲᠦᠰᠦᠯ ᠤᠨ ᠬᠢᠨᠠᠭᠤᠯᠬᠤ ᠨᠤᠤᠷᠠᠭ ᠲᠤ ᠲᠣᠭᠲᠠᠭᠠᠭᠰᠠᠨ ᠠᠰᠠᠭᠤᠳᠠᠯ ᠰᠢᠢᠳᠪᠦᠷᠢᠯᠡᠬᠦ ᠠᠷᠭ᠎ᠠ ᠬᠡᠮᠵᠢᠶ᠎ᠡ ᠵᠢᠴᠢ ᠬᠠᠤᠯᠢ ᠴᠠᠭᠠᠵᠠ ᠶᠢᠨ ᠦᠨᠳᠦᠰᠦᠯᠡᠯ︔

  ︽︵ ᠭᠤᠷᠪᠠ ︶ ᠬᠢᠨᠠᠭᠤᠯᠬᠤ ᠨᠤᠤᠷᠠᠭ ᠤᠨ ᠡᠬᠡ ᠲᠦᠰᠦᠯ ᠢ ᠲᠤᠭᠤᠷᠪᠢᠭᠰᠠᠨ ᠶᠠᠪᠤᠴᠠ︔

  ︽︵ ᠲᠦᠷᠪᠡ ︶ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠵᠥᠪᠳᠡᠯᠴᠡᠭᠰᠡᠨ ᠪᠠᠶᠢᠳᠠᠯ ᠵᠢᠴᠢ ᠵᠥᠷᠢᠯᠳᠦᠭᠡᠨ ᠲᠠᠢ ᠰᠠᠨᠠᠯ ᠢ ᠰᠢᠢᠳᠪᠦᠷᠢᠯᠡᠭᠰᠡᠨ ᠪᠠᠶᠢᠳᠠᠯ︔

  ︽︵ ᠲᠠᠪᠤ ︶ ᠲᠣᠳᠣᠷᠬᠠᠶᠢᠯᠠᠬᠤ ᠴᠢᠬᠤᠯᠠ ᠲᠠᠢ ᠪᠤᠰᠤᠳ ᠠᠰᠠᠭᠤᠳᠠᠯ᠃ ︾

  ᠬᠤᠷᠢᠨ ᠭᠤᠷᠪᠠᠳᠤᠭᠠᠷ ᠵᠦᠢᠯ ᠢ ᠬᠤᠷᠢᠨ ᠳᠣᠯᠣᠳᠤᠭᠠᠷ ᠵᠦᠢᠯ ᠪᠣᠯᠭᠠᠨ ᠬᠤᠪᠢᠷᠠᠭᠤᠯᠤᠭᠠᠳ᠄︽ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠡᠬᠡ ᠲᠦᠰᠦᠯ ᠤᠨ ᠬᠢᠨᠠᠭᠤᠯᠬᠤ ᠨᠤᠤᠷᠠᠬ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠦᠰᠦᠯ ᠤᠨ ᠬᠢᠨᠠᠭᠤᠯᠬᠤ ᠨᠤᠤᠷᠠᠬ ᠲᠤ ᠳᠣᠣᠷᠠᠬᠢ ᠪᠠᠢᠢᠳᠠᠯ ᠤᠳ ᠤᠨ ᠨᠢᠭᠡ ᠨᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠨᠠᠨ ᠪᠠᠶᠢᠴᠠᠭᠠᠬᠤ ᠪᠠᠨ ᠲᠦᠷ ᠬᠤᠶᠢᠰᠢᠯᠠᠭᠤᠯᠵᠤ ᠪᠣᠯᠤᠨ᠎ᠠ᠄

  ︽︵ ᠨᠢᠭᠡ ︶ ᠲᠣᠭᠲᠠᠭᠠᠯ ᠶᠣᠰᠣᠭᠠᠷ ᠢᠯᠡ ᠪᠠᠷ ᠰᠠᠨᠠᠯ ᠬᠤᠷᠢᠶᠠᠭᠰᠠᠨ ᠦᠭᠡᠢ︔

  ︽︵ ᠬᠤᠶᠠᠷ ︶ ᠳᠡᠭᠡᠳᠦ ᠪᠠᠶᠢᠷᠢ ᠶᠢᠨ ᠬᠠᠤᠯᠢ ᠶᠢ ᠶᠠᠭ ᠲᠣᠭᠲᠠᠭᠠᠵᠤ ᠪᠠᠶᠢᠬᠤ ᠪᠤᠶᠤ ᠵᠠᠰᠠᠪᠤᠷᠢ ᠣᠷᠣᠭᠤᠯᠵᠤ ᠪᠠᠶᠢᠬᠤ︔

  ︽︵ ᠭᠤᠷᠪᠠ ︶ ᠬᠤᠯᠪᠣᠭᠳᠠᠯ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠥᠴᠢᠷ ᠤᠨ ᠬᠢᠨ ᠡᠬᠡ ᠲᠦᠰᠦᠯ ᠤᠨ ᠬᠢᠨᠠᠭᠤᠯᠬᠤ ᠨᠤᠤᠷᠠᠭ ᠤᠨ ᠲᠣᠬᠠᠢ ᠨᠡᠯᠢᠶᠡᠳ ᠶᠡᠭᠡ ᠮᠠᠷᠭᠤᠭᠠᠨ ᠲᠠᠢ ᠪᠠᠶᠢᠵᠤ᠂ ᠲᠤᠭᠤᠷᠪᠢᠭᠰᠠᠨ ᠨᠢᠭᠡᠴᠢ ᠨᠢ ᠬᠤᠯᠪᠣᠭᠳᠠᠯ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠥᠴᠢᠷ ᠯᠦᠭᠡ ᠭᠦᠢᠴᠡᠳ ᠵᠥᠪᠳᠡᠯᠴᠡᠭᠰᠡᠨ ᠦᠭᠡᠢ︔

  ︽︵ ᠳᠦᠷᠪᠡ ︶ ᠲᠤᠭᠤᠷᠪᠢᠭᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠢᠶᠠᠷ ᠭᠠᠷ ᠤᠨ ᠦᠰᠦᠭ ᠵᠢᠷᠤᠭᠤᠯᠤᠭᠰᠠᠨ ᠦᠬᠡᠢ︔

  ︽︵ ᠲᠠᠪᠤ ︶ ᠲᠤᠭᠤᠷᠪᠢᠭᠰᠠᠨ ᠨᠢᠭᠡᠴᠢ ᠨᠢ ᠬᠢᠨᠠᠨ ᠪᠠᠶᠢᠴᠠᠭᠠᠯᠭᠠᠬᠤ ᠪᠠᠨ ᠲᠦᠷ ᠬᠤᠶᠢᠰᠢᠯᠠᠭᠤᠯᠬᠤ ᠪᠢᠴᠢᠭᠯᠡᠭᠰᠡᠨ ᠭᠤᠶᠤᠴᠢᠯᠠᠯ ᠭᠠᠷᠭᠠᠭᠰᠠᠨ︔

  ︽︵ ᠵᠢᠷᠭᠤᠭ᠎ᠠ ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠬᠢᠨᠠᠨ ᠪᠠᠶᠢᠴᠠᠭᠠᠬᠤ ᠶᠢ ᠲᠦᠷ ᠬᠤᠶᠢᠰᠢᠯᠠᠭᠤᠯᠵᠤ ᠪᠣᠯᠬᠤ ᠪᠠᠷ ᠲᠣᠭᠲᠠᠭᠠᠭᠰᠠᠨ ᠪᠤᠰᠤᠳ ᠪᠠᠢᠢᠳᠠᠯ᠃ ︾ ᠭᠡᠵᠦ ᠵᠠᠰᠠᠪᠤᠷᠢ ᠣᠷᠤᠭᠤᠯᠪᠠ᠃

  ᠭᠤᠴᠢᠨ ᠳᠥᠷᠪᠡᠳᠦᠭᠡᠷ ᠵᠦᠢᠯ ᠢ ᠭᠤᠴᠢᠨ ᠨᠠᠢᠮᠠᠳᠤᠭᠠᠷ ᠵᠦᠢᠯ ᠪᠣᠯᠭᠠᠨ ᠬᠤᠪᠢᠷᠠᠭᠤᠯᠤᠭᠠᠳ᠄︽ ᠵᠠᠰᠠᠭ ᠤᠨ ᠣᠷᠳᠣᠨ ᠤ ᠲᠣᠭᠲᠠᠭᠠᠯ ᠲᠦᠷᠢᠮ ᠳᠤ ᠭᠠᠷ ᠤᠨ ᠥᠰᠥᠭ ᠵᠢᠷᠤᠵᠤ ᠨᠡᠶᠢᠲᠡᠯᠡᠭᠰᠡᠨ ᠤ ᠳᠠᠷᠠᠭ᠎ᠠ᠂︿ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ ﹀ ᠪᠠ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠠᠤᠯᠢ ᠲᠦᠷᠢᠮ ᠤᠨ ᠮᠡᠳᠡᠭᠡ ᠵᠠᠩᠭᠢ ᠶᠢᠨ ᠰᠦᠯᠵᠢᠶ᠎ᠡ ᠵᠢᠴᠢ ︿ ᠥᠪᠥᠷ ᠮᠣᠩᠭᠤᠯ ᠤᠨ ᠡᠳᠦᠷ ᠤᠨ ᠰᠣᠨᠢᠨ ﹀᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠳᠤ ᠴᠠᠭ ᠲᠤᠬᠠᠶ ᠳᠤ ᠨᠢ ᠨᠡᠶᠢᠲᠡᠯᠡᠬᠦ ᠬᠡᠷᠡᠭᠲᠡᠶ᠃

  ︽︿ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ ﹀ ᠳᠡᠭᠡᠷ᠎ᠡ ᠨᠡᠶᠢᠲᠡᠯᠡᠭᠰᠡᠨ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠲᠧᠺᠰᠲ ᠪᠣᠯ ᠪᠠᠷᠢᠮᠵᠢᠶᠠᠲᠤ ᠲᠧᠺᠰᠲ ᠪᠣᠯᠤᠨ᠎ᠠ᠃ ︾ ᠭᠡᠵᠦ ᠵᠠᠰᠠᠪᠤᠷᠢ ᠣᠷᠤᠭᠤᠯᠪᠠ᠃

  ᠭᠤᠴᠢᠨ ᠵᠢᠷᠭᠤᠳᠤᠭᠠᠷ ᠵᠦᠢᠯ ᠢ ᠳᠥᠴᠢᠳᠦᠭᠡᠷ ᠵᠦᠢᠯ ᠪᠣᠯᠭᠠᠨ ᠬᠤᠪᠢᠷᠠᠭᠤᠯᠤᠭᠠᠳ᠄︽ ᠵᠠᠰᠠᠭ ᠤᠨ ᠣᠷᠳᠣᠨ ᠤ ᠲᠣᠭᠲᠠᠭᠠᠯ ᠲᠥᠷᠢᠮ ᠢ ᠨᠡᠶᠢᠲᠡᠯᠡᠭᠰᠡᠨ ᠤ ᠳᠠᠷᠠᠭᠠᠬᠢ ᠭᠤᠴᠢᠨ ᠡᠳᠦᠷ ᠤᠨ ᠳᠣᠲᠣᠷ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠠᠩᠰᠠᠯᠠᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠲᠣᠭᠲᠠᠭᠠᠯ ᠲᠥᠷᠢᠮ ᠢ ᠳᠠᠩᠰᠠᠯᠠᠭᠤᠯᠬᠤ ᠠᠵᠢᠯ ᠢ ᠪᠣᠳᠠᠲᠠᠶ ᠬᠠᠷᠢᠭᠤᠴᠠᠨ᠎ᠠ ︾ ᠭᠡᠵᠦ ᠵᠠᠰᠠᠪᠤᠷᠢ ᠣᠷᠣᠭᠤᠯᠪᠠ᠃

  ᠳᠥᠴᠢᠨ ᠬᠤᠶᠠᠳᠤᠭᠠᠷ ᠵᠦᠢᠯ ᠢ ᠳᠥᠴᠢᠨ ᠵᠢᠷᠭᠤᠳᠤᠭᠠᠷ ᠵᠦᠢᠯ ᠪᠣᠯᠭᠠᠨ ᠬᠤᠪᠢᠷᠠᠭᠤᠯᠤᠭᠠᠳ᠄︽ ᠵᠠᠰᠠᠭ ᠤᠨ ᠣᠷᠳᠣᠨ ᠤ ᠲᠣᠭᠲᠠᠭᠠᠯ ᠲᠦᠷᠢᠮ ᠳ᠋ᠤ ᠳᠣᠣᠷ᠎ᠠ ᠵᠢᠭᠰᠠᠭᠠᠭᠰᠠᠨ ᠪᠠᠢᠢᠳᠠᠯ ᠤᠳ ᠤᠨ ᠨᠢᠭᠡ ᠨᠢ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠴᠠᠭ ᠲᠤᠬᠠᠢ ᠳᠤ ᠨᠢ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭᠠᠬᠤ ᠰᠠᠨᠠᠭᠤᠯᠭ᠎ᠠ ᠳᠤᠷᠠᠳᠬᠤ ᠬᠡᠷᠡᠭᠲᠡᠢ᠄

  ︽︵ ᠨᠢᠭᠡ ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠱᠠᠭᠠᠷᠳᠠᠯᠭ᠎ᠠ ᠯᠤᠭ᠎ᠠ ᠦᠯᠦ ᠨᠡᠢᠢᠴᠡᠭᠰᠡᠨ︔

  ︽︵ ᠬᠤᠶᠠᠷ ︶ ᠰᠢᠨ᠎ᠡ ᠪᠠᠷ ᠲᠣᠭᠲᠠᠭᠠᠭᠰᠠᠨ ᠳᠡᠭᠡᠳᠦ ᠪᠠᠶᠢᠷᠢ ᠶᠢᠨ ᠬᠠᠤᠯᠢ ᠲᠠᠢ ᠬᠠᠷᠰᠢᠯᠳᠤᠭᠰᠠᠨ ᠪᠤᠶᠤ ᠦᠨᠳᠦᠰᠦᠯᠡᠯ ᠪᠣᠯᠭᠠᠭᠰᠠᠨ ᠳᠡᠭᠡᠳᠦ ᠪᠠᠶᠢᠷᠢ ᠶᠢᠨ ᠬᠠᠤᠯᠢ ᠶᠢ ᠵᠠᠰᠠᠪᠤᠷᠢᠯᠠᠭᠰᠠᠨ᠂ ᠬᠦᠴᠦᠨ ᠦᠭᠡᠢ ᠪᠣᠯᠭᠠᠭᠰᠠᠨ︔

  ︽︵ ᠭᠤᠷᠪᠠ ︶ ᠭᠤᠣᠯ ᠠᠭᠤᠯᠭ᠎ᠠ ᠨᠢ ᠰᠢᠨ᠎ᠡ ᠪᠠᠷ ᠨᠡᠶᠢᠲᠡᠯᠡᠭᠰᠡᠨ ᠬᠠᠤᠯᠢ ᠴᠠᠭᠠᠵᠠ᠂ ᠬᠠᠤᠯᠢ ᠲᠣᠭᠲᠠᠭᠠᠯ ᠢᠶᠠᠷ ᠣᠷᠣᠯᠠᠭᠳᠠᠭᠰᠠᠨ︔

  ︽︵ ᠳᠥᠷᠪᠡ ︶ ᠲᠤᠬᠢᠷᠡᠭᠤᠯᠦᠯᠳᠠ ᠬᠢᠬᠦ ᠡᠲᠡᠭᠡᠳ ᠨᠢ ᠠᠷᠢᠯᠵᠤ ᠤᠰᠠᠳᠤᠬᠰᠠᠨ ᠪᠤᠶᠤ ᠬᠤᠪᠢᠷᠠᠯᠲᠠ ᠭᠠᠷᠤᠭᠰᠠᠨ︔

  ︽︵ ᠲᠠᠪᠤ ︶ ᠬᠡᠷᠡᠭᠵᠢᠭᠦᠯᠬᠦ ᠭᠤᠣᠯ ᠴᠣᠭᠴᠠ ᠳᠤ ᠨᠢ ᠬᠤᠪᠢᠷᠠᠯᠲᠠ ᠭᠠᠷᠤᠭᠰᠠᠨ︔

  ︽︵ ᠵᠢᠷᠭᠤᠭ᠎ᠠ ︶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠬᠤ ᠦᠭᠡᠢ ᠪᠣᠯᠣᠭᠰᠠᠨ︔

  ︽︵ ᠲᠤᠯᠤᠭ᠎ᠠ ︶ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭᠠᠬᠤ ᠶᠤᠰᠤᠲᠠᠢ ᠪᠤᠰᠤᠳ ᠪᠠᠶᠢᠳᠠᠯ ︾ ᠭᠡᠵᠦ ᠵᠠᠰᠠᠪᠤᠷᠢ ᠣᠷᠣᠭᠤᠯᠪᠠ᠃

  ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠡᠬᠡ ᠲᠦᠰᠦᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ ︾ ᠤᠨ ︽ ᠣᠨ ᠤ ᠬᠠᠤᠯᠢ ᠲᠣᠭᠲᠠᠭᠠᠬᠤ ᠲᠥᠯᠥᠪᠯᠡᠭᠡ ︾ ᠶᠢ ᠴᠥᠮ ︽ ᠬᠠᠤᠯᠢ ᠲᠣᠭᠲᠠᠭᠠᠬᠤ ᠲᠥᠯᠥᠪᠯᠡᠭᠡ ︾ ᠭᠡᠵᠦ ᠵᠠᠰᠠᠪᠤᠷᠢ ᠣᠷᠣᠭᠤᠯᠪᠠ᠃

  ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠡᠬᠡ ᠲᠦᠰᠦᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ ︾ ᠤᠨ ᠵᠦᠢᠯ ᠵᠤᠷᠪᠤᠰ ᠤᠨ ᠳ᠋ᠤᠭᠠᠷᠯᠠᠯ ᠳᠤ ᠵᠣᠬᠢᠬᠤ ᠲᠣᠬᠢᠷᠠᠭᠤᠯᠤᠯᠲᠠ ᠬᠢᠪᠡ᠃

  ᠬᠤᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ

  ᠲᠠᠪᠢᠨ ᠨᠢᠭᠡᠳᠦᠭᠡᠷ ᠵᠦᠢᠯ ᠳᠤ᠄︽ ᠳᠣᠣᠷ᠎ᠠ ᠵᠢᠭᠰᠠᠭᠠᠭᠰᠠᠨ ᠪᠠᠢᠢᠳᠠᠯ ᠤᠳ ᠤᠨ ᠨᠢᠭᠡ ᠨᠢ ᠪᠠᠶᠢᠪᠠᠯ᠂ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠦᠷᠦᠩᠭᠡ ᠶᠢ ᠢᠯᠭᠠᠷᠠᠭᠤᠯᠤᠨ ᠪᠠᠶᠢᠴᠠᠭᠠᠬᠤ ᠬᠡᠷᠡᠭᠲᠡᠶ᠄

  ︽︵ ᠨᠢᠭᠡ ︶ ᠳᠡᠭᠡᠳᠦ ᠱᠠᠳᠤ ᠪᠤᠶᠤ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠳᠦᠰᠦᠯᠡᠨ ᠡᠳ᠋ ᠬᠦᠷᠦᠩᠭᠡ ᠶᠢ ᠢᠯᠭᠠᠷᠠᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠤᠭᠰᠠᠨ︔

  ︽︵ ᠬᠤᠶᠠᠷ ︶ ᠡᠳ᠋ ᠬᠦᠷᠦᠩᠭᠡ ᠶᠢ ᠰᠢᠯᠵᠢᠭᠦᠯᠦᠨ ᠥᠭᠬᠦ᠂ ᠬᠤᠪᠢᠶᠠᠷᠢᠯᠠᠨ ᠰᠢᠯᠵᠢᠭᠦᠯᠬᠦ ᠵᠢᠴᠢ ᠨᠢᠭᠡᠴᠢ ᠶᠢ ᠰᠠᠯᠭᠠᠬᠤ᠂ ᠨᠡᠶᠢᠯᠡᠭᠦᠯᠬᠦ᠂ ᠪᠠᠶᠢᠭᠤᠯᠤᠯ ᠢ ᠥᠭᠡᠷᠡᠴᠢᠯᠡᠬᠦ᠂ ᠬᠠᠰᠤᠬᠤ᠂ ᠬᠠᠷᠢᠶᠠᠯᠠᠭᠳᠠᠬᠤ ᠬᠠᠷᠢᠴᠠᠭ᠎ᠠ ᠶᠢ ᠨᠢ ᠬᠤᠪᠢᠷᠠᠭᠤᠯᠬᠤ ᠵᠡᠷᠭᠡ ᠴᠢᠬᠤᠯᠠ ᠶᠡᠭᠡ ᠪᠠᠶᠢᠳᠠᠯ ᠭᠠᠷᠤᠭᠰᠠᠨ︔

  ︽︵ ᠭᠤᠷᠪᠠ ︶ ᠪᠠᠶᠢᠭᠠᠯᠢ ᠶᠢᠨ ᠭᠠᠮᠰᠢᠭ ᠵᠡᠷᠭᠡ ᠡᠰᠡᠷᠭᠦᠴᠡᠰᠢ ᠦᠭᠡᠢ ᠬᠦᠴᠦᠨ ᠡᠴᠠ ᠪᠤᠯᠵᠤ ᠡᠳ᠋ ᠬᠦᠷᠦᠩᠭᠡ ᠨᠢ ᠬᠤᠬᠢᠷᠠᠵᠦ ᠰᠦᠢᠳᠦᠭᠰᠡᠨ᠂ ᠤᠰᠠᠳᠴᠤ ᠭᠡᠭᠡᠭᠳᠡᠭᠰᠡᠨ︔

  ︽︵ ᠳᠥᠷᠪᠡ ︶ ᠨᠢᠭᠲᠠᠯᠠᠨ ᠪᠤᠳᠦᠯᠳᠠ ᠶᠢᠨ ᠮᠡᠳᠡᠭᠡ ᠵᠠᠩᠭᠢ ᠨᠢ ᠬᠦᠨᠳᠦ ᠨᠣᠴᠢᠲᠠᠢ ᠰᠣᠯᠣᠭᠠᠢᠢᠷᠠᠭᠰᠠᠨ︔

  ︽︵ ᠲᠠᠪᠤ ︶ ᠤᠯᠤᠰ ᠤᠨ ᠨᠢᠨᠨᠳᠠᠯᠠᠨ ᠪᠤᠳᠤᠬᠤ ᠨᠢᠭᠡᠳᠦᠯᠲᠡᠶ ᠲᠦᠷᠢᠮ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠡᠳ᠋ ᠬᠦᠷᠦᠩᠭᠡ ᠶᠢᠨ ᠲᠣᠭᠠᠴᠠᠭ᠎ᠠ ᠬᠢᠬᠦ ᠠᠷᠭ᠎ᠠ ᠳᠤ ᠴᠢᠬᠤᠯᠠ ᠬᠤᠪᠢᠷᠠᠯᠲᠠ ᠭᠠᠷᠤᠭᠰᠠᠨ ᠳᠤ ᠬᠤᠯᠪᠣᠭᠳᠠᠭᠰᠠᠨ︔

  ︽︵ ᠵᠢᠷᠭᠤᠭ᠎ᠠ ︶ ᠡᠳ᠋ ᠬᠦᠷᠦᠩᠭᠡ ᠶᠢ ᠢᠯᠭᠠᠷᠠᠭᠤᠯᠤᠨ ᠪᠠᠶᠢᠴᠠᠭᠠᠬᠤ ᠴᠢᠬᠤᠯᠠ ᠲᠠᠢ ᠪᠤᠰᠤᠳ ᠪᠠᠶᠢᠳᠠᠯ ︾ ᠭᠡᠵᠦ ᠵᠠᠰᠠᠪᠤᠷᠢ ᠣᠷᠣᠭᠤᠯᠪᠠ᠃

  

ᠳᠠᠭᠠᠯᠳᠤᠭᠤᠯᠤᠯ 2

ᠥᠪᠡᠷᠲᠡᠭᠡᠨ  ᠵᠠᠰᠠᠬᠤ  ᠣᠷᠣᠨ ᠤ  ᠠᠷᠠᠳ ᠤᠨ  ᠵᠠᠰᠠᠭ ᠤᠨ ᠣᠷᠳᠣᠨ ᠡᠴᠠ ᠬᠦᠴᠦᠨ ᠥᠬᠡᠶ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ

  ᠨᠢᠭᠡ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠨᠣᠭᠤᠭᠠᠷᠠᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ︾︵ 2015 ᠣᠨ ᠤ 3 ᠳ᠋ᠤᠭᠠᠷ ᠰᠠᠷ᠎ᠠ ᠶᠢᠨ 27 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 210 ᠳ᠋ᠤᠭᠠᠷ ᠲᠣᠭᠠᠲᠤ ᠪᠠᠷ ᠨᠡᠶᠢᠲᠡᠯᠡᠪᠡ ︶

  ᠬᠤᠶᠠᠷ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠬᠢᠨᠠᠨ ᠬᠠᠮᠢᠶᠠᠷᠬᠤ ᠠᠷᠭ᠎ᠠ ︾ ︵ 2017 ᠣᠨ ᠤ 12 ᠳ᠋ᠤᠭᠠᠷ ᠰᠠᠷ᠎ᠠ ᠶᠢᠨ 13 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 228 ᠳ᠋ᠤᠭᠠᠷ ᠲᠣᠭᠠᠲᠤ ᠪᠠᠷ ᠨᠡᠶᠢᠲᠡᠯᠡᠵᠦ᠂ 2020 ᠣᠨ ᠤ 5 ᠳ᠋ᠤᠭᠠᠷ ᠰᠠᠷ᠎ᠠ ᠶᠢᠨ 29 ᠤ ᠡᠳᠦᠷ ᠲᠤ ᠨᠡᠶᠢᠲᠡᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 246 ᠳ᠋ᠤᠭᠠᠷ ᠲᠣᠭᠠᠲᠤ ᠶᠢ ᠦᠨᠳᠦᠰᠦᠯᠡᠨ ᠵᠠᠰᠠᠪᠤᠷᠢ ᠣᠷᠣᠭᠤᠯᠪᠠ ︶


ᠥᠪᠥᠷ     ᠮᠣᠩᠭᠤᠯ  ᠤᠨ    ᠥᠪᠡᠷᠲᠡᠭᠡᠨ    ᠵᠠᠰᠠᠬᠤ   ᠣᠷᠣᠨ  ᠤ   ᠠᠷᠠᠳ  ᠤᠨ

ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ

ᠡᠬᠡ   ᠲᠦᠰᠦᠯ ᠢ     ᠲᠤᠭᠤᠷᠪᠢᠨ  ᠲᠣᠭᠲᠠᠭᠠᠬᠤ   ᠪᠠ   ᠵᠠᠰᠠᠭ  ᠤᠨ  ᠣᠷᠳᠣᠨ  ᠤ

ᠲᠣᠭᠲᠠᠭᠠᠯ    ᠲᠦᠷᠢᠮ  ᠢ   ᠲᠣᠭᠲᠠᠭᠠᠬᠤ   ᠳᠡᠰ  ᠳᠠᠷᠠᠭᠠᠯᠠᠯ  ᠤᠨ  ᠲᠣᠭᠲᠠᠭᠠᠯ


  ︵ 2019 ᠣᠨ ᠤ 12 ᠳ᠋ᠤᠭᠠᠷ ᠰᠠᠷ᠎ᠠ ᠶᠢᠨ 15 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 243 ᠳ᠋ᠤᠭᠠᠷ ᠲᠣᠭᠠᠲᠤ ᠪᠠᠷ ᠨᠡᠶᠢᠲᠡᠯᠡᠵᠦ 2024 ᠣᠨ ᠤ 5 ᠳ᠋ᠤᠭᠠᠷ ᠰᠠᠷ᠎ᠠ ᠶᠢᠨ 8 ᠤ ᠡᠳᠦᠷ ᠲᠤ ᠨᠡᠶᠢᠲᠡᠯᠡᠭᠰᠡᠨ ︽ ᠵᠠᠰᠠᠭ ᠤᠨ ᠣᠷᠳᠣᠨ ᠤ ᠬᠡᠰᠡᠭ ᠲᠣᠭᠲᠠᠭᠠᠯ ᠲᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠥᠬᠡᠶ ᠪᠣᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ︾ ᠢ ᠦᠨᠳᠦᠰᠦᠯᠡᠨ ᠵᠠᠰᠠᠪᠤᠷᠢ ᠣᠷᠣᠭᠤᠯᠪᠠ ︶


  ᠨᠢᠭᠡᠳᠦᠭᠡᠷ ᠪᠦᠯᠦᠭ    ᠶᠡᠷᠦᠩᠬᠡᠶ ᠲᠦᠷᠢᠮ


  ᠨᠢᠭᠡᠳᠦᠭᠡᠷ ᠵᠦᠢᠯ    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠡᠭᠡ ᠲᠦᠰᠦᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠡᠰ ᠳᠠᠷᠠᠭᠠᠯᠠᠯ ᠢ ᠵᠢᠷᠤᠮᠵᠢᠭᠤᠯᠵᠤ᠂ ᠬᠠᠤᠯᠢ ᠲᠣᠭᠲᠠᠭᠠᠬᠤ ᠶᠠᠰᠤ ᠴᠢᠨᠠᠷ ᠢ ᠪᠠᠲᠤᠯᠠᠨ᠂ ᠬᠠᠤᠯᠢ ᠲᠣᠭᠲᠠᠭᠠᠬᠤ ᠶᠢᠨ ᠬᠥᠲᠥᠯᠥᠨ ᠳᠠᠭᠠᠭᠤᠯᠬᠤ ᠪᠠ ᠠᠬᠢᠭᠤᠯᠬᠤ ᠦᠢᠯᠡᠳᠦᠯ ᠢ ᠪᠠᠳᠠᠷᠠᠭᠤᠯᠬᠤ ᠶᠢᠨ ᠲᠤᠰᠠᠳᠠ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠲᠣᠭᠲᠠᠭᠠᠬᠤ ᠬᠠᠤᠯᠢ ︾ ︽ ᠲᠣᠭᠲᠠᠭᠠᠯ ᠳᠦᠷᠢᠮ ᠲᠣᠭᠲᠠᠭᠠᠬᠤ ᠳᠡᠰ ᠳᠠᠷᠠᠭᠠᠯᠠᠯ ᠤᠨ ᠳᠦᠷᠢᠮ ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠲᠣᠭᠲᠠᠭᠠᠯ ᠢ ᠲᠣᠭᠲᠠᠭᠠᠪᠠ᠃

  ᠬᠤᠶᠠᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠡᠴᠠ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠡᠭᠡ ᠲᠦᠰᠦᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠤ ᠪᠠᠨ ᠲᠤᠰ ᠲᠣᠭᠲᠠᠭᠠᠯ ᠢ ᠲᠣᠬᠢᠷᠠᠭᠤᠯᠤᠨ ᠬᠡᠷᠡᠭᠯᠡᠨ᠎ᠡ᠃

  ᠭᠤᠷᠪᠠᠳᠤᠭᠠᠷ ᠵᠦᠢᠯ    ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠡᠬᠡ ᠲᠦᠰᠦᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠬᠤ ᠳᠤ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠠᠤᠯᠢ ᠲᠣᠭᠲᠠᠭᠠᠬᠤ ᠬᠠᠤᠯᠢ ᠳᠤ ᠲᠣᠭᠲᠠᠭᠠᠭᠰᠠᠨ ᠬᠠᠤᠯᠢ ᠲᠣᠭᠲᠠᠭᠠᠬᠤ ᠵᠠᠷᠴᠢᠮ ᠢ ᠵᠢᠷᠤᠮᠯᠠᠨ᠂ ᠦᠨᠳᠦᠰᠦᠨ ᠬᠠᠤᠯᠢ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠪᠤᠰᠤᠳ ᠳᠡᠭᠡᠳᠦ ᠪᠠᠶᠢᠷᠢ ᠶᠢᠨ ᠬᠠᠤᠯᠢ ᠶᠢᠨ ᠲᠣᠭᠲᠠᠭᠠᠯ ᠳᠤ ᠨᠡᠶᠢᠴᠡᠵᠦ᠂ ᠨᠡᠶᠢᠭᠡᠮ ᠵᠢᠷᠤᠮ ᠤᠨ ᠭᠤᠣᠯᠯᠠᠬᠤ ᠥᠷᠳᠡᠭ ᠤᠨ ᠦᠵᠡᠯᠲᠡ ᠶᠢ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠳᠤ ᠰᠠᠭᠤᠷᠢᠯᠠᠨ᠂ ᠬᠠᠨᠳᠤᠯᠭᠠᠲᠤ ᠴᠢᠨᠠᠷ ᠪᠠ ᠬᠡᠷᠡᠭᠵᠢᠭᠦᠯᠬᠦᠢᠴᠡ ᠴᠢᠨᠠᠷ ᠢ ᠨᠡᠮᠡᠭᠳᠡᠭᠦᠯᠦᠨ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠪᠠᠷᠢᠮᠲᠠᠯᠠᠨ ᠬᠥᠭᠵᠢᠭᠦᠯᠵᠦ᠂ ᠬᠠᠤᠯᠢ ᠲᠣᠭᠲᠠᠭᠠᠬᠤ ᠠᠵᠢᠯᠯᠠᠭ᠎ᠠ ᠳᠤ ᠠᠷᠠᠳ ᠲᠦᠮᠡᠨ ᠤ ᠤᠯᠠᠨ ᠠᠷᠭ᠎ᠠ ᠵᠠᠮ ᠢᠶᠠᠷ ᠣᠷᠣᠯᠴᠠᠬᠤ ᠶᠢ ᠨᠢ ᠪᠠᠲᠤᠯᠠᠬᠤ ᠬᠡᠷᠡᠭᠲᠡᠢ᠃

  ᠳᠥᠷᠪᠡᠳᠦᠭᠡᠷ ᠵᠦᠢᠯ    ᠤᠯᠤᠰ ᠲᠥᠷᠥ ᠶᠢᠨ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠢᠵᠢ ᠪᠥᠷᠢᠳᠦᠭᠰᠡᠨ ᠵᠠᠰᠠᠭ ᠤᠨ ᠣᠷᠳᠣᠨ ᠤ ᠲᠣᠭᠲᠠᠭᠠᠯ ᠲᠦᠷᠢᠮ ᠪᠠ ᠴᠢᠬᠤᠯᠠ ᠶᠡᠭᠡ ᠠᠵᠤ ᠠᠬᠤᠶ ᠨᠡᠶᠢᠭᠡᠮ ᠤᠨ ᠲᠠᠯ᠎ᠠ ᠶᠢᠨ ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠲᠣᠭᠲᠠᠭᠠᠬᠤ ᠳᠤ ᠪᠠᠨ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠴᠠᠭ ᠲᠤᠬᠠᠶ ᠳᠤ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠳᠤ ᠮᠡᠳᠡᠭᠦᠯᠬᠦ ᠬᠡᠷᠡᠭᠲᠡᠶ᠃

  ᠲᠠᠪᠤᠳᠤᠭᠠᠷ ᠵᠦᠢᠯ   ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠦᠰᠦᠯ ᠢ ᠲᠤᠭᠤᠷᠪᠢᠨ ᠲᠣᠭᠲᠠᠭᠠᠬᠤ ᠳᠡᠰ ᠳᠠᠷᠠᠭᠠᠯᠠᠯ ᠳᠤ ᠰᠡᠳᠦᠪ ᠲᠣᠭᠲᠠᠭᠠᠬᠤ᠂ ᠲᠤᠭᠤᠷᠪᠢᠬᠤ᠂ ᠬᠢᠨᠠᠨ ᠪᠠᠶᠢᠴᠠᠭᠠᠬᠤ᠂ ᠲᠣᠭᠲᠠᠭᠠᠬᠤ᠂ ᠬᠢᠨᠠᠨ ᠵᠥᠪᠯᠡᠭᠦᠯᠬᠦ ᠪᠠᠷ ᠳᠡᠪᠰᠢᠭᠦᠯᠬᠦ ᠪᠠᠭᠲᠠᠨ᠎ᠠ᠃

  ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠲᠣᠭᠲᠠᠭᠠᠬᠤ ᠳᠡᠰ ᠳᠠᠷᠠᠭᠠᠯᠠᠯ ᠳᠤ ᠰᠡᠳᠦᠪ ᠲᠣᠭᠲᠠᠭᠠᠬᠤ᠂ ᠲᠤᠭᠤᠷᠪᠢᠬᠤ᠂ ᠬᠢᠨᠠᠨ ᠪᠠᠶᠢᠴᠠᠭᠠᠬᠤ᠂ ᠲᠣᠭᠲᠠᠭᠠᠬᠤ᠂ ᠨᠡᠶᠢᠲᠡᠯᠡᠬᠦ᠂ ᠳᠠᠩᠰᠠᠯᠠᠬᠤ ᠪᠠ ᠲᠠᠶᠢᠯᠪᠤᠷᠢᠯᠠᠬᠤ ᠪᠠᠭᠲᠠᠨ᠎ᠠ᠃

  ᠵᠢᠷᠭᠤᠳᠤᠭᠠᠷ ᠵᠦᠢᠯ    ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠦᠰᠦᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠲᠣᠭᠲᠠᠭᠠᠬᠤ ᠳᠤ ᠬᠠᠤᠯᠢ ᠲᠣᠭᠲᠠᠭᠠᠬᠤ ᠮᠡᠷᠭᠡᠵᠢᠯ ᠤᠨ ᠵᠢᠷᠤᠮᠵᠢᠯ ᠳᠤ ᠨᠡᠶᠢᠴᠡᠵᠦ᠂ ᠯᠣᠭᠢᠭ ᠨᠢᠭᠲᠠ ᠴᠢᠩᠭ᠎ᠠ᠂ ᠡᠮᠬᠢ ᠵᠢᠷᠤᠮ ᠲᠠᠢ᠂ ᠠᠭᠤᠯᠭ᠎ᠠ ᠨᠢ ᠲᠣᠳᠣ᠂ ᠪᠣᠳᠠᠲᠠᠢ᠂ ᠦᠭᠡ ᠬᠡᠯᠡᠯᠭᠡ ᠨᠢ ᠣᠨᠣᠪᠴᠢᠲᠠᠢ᠂ ᠲᠣᠪᠴᠢ ᠠᠪᠰᠠᠷᠬᠠᠨ᠂ ᠬᠡᠷᠡᠭᠵᠢᠭᠦᠯᠬᠦᠢᠴᠡ ᠴᠢᠨᠠᠷ ᠲᠠᠢ ᠪᠠᠶᠢᠬᠤ ᠬᠡᠷᠡᠭᠲᠡᠢ᠃

  ᠳᠡᠭᠡᠳᠦ ᠪᠠᠶᠢᠷᠢ ᠶᠢᠨ ᠬᠠᠤᠯᠢ ᠳᠤ ᠲᠣᠳᠣᠷᠬᠠᠶ ᠲᠣᠭᠲᠠᠭᠠᠭᠰᠠᠨ ᠠᠭᠤᠯᠭ᠎ᠠ ᠶᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ ᠲᠦᠷᠢᠮ ᠳᠤ ᠵᠠᠷᠴᠢᠮ ᠳᠡᠭᠡᠷ᠎ᠡ ᠪᠠᠨ ᠳᠠᠪᠬᠤᠷᠳᠠᠭᠤᠯᠤᠨ ᠲᠣᠭᠲᠠᠭᠠᠬᠤ ᠦᠭᠡᠢ᠃

  ᠳᠣᠯᠣᠳᠤᠭᠠᠷ ᠵᠦᠢᠯ   ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠦᠨᠳᠦᠰᠦᠯᠡᠯ ᠪᠠᠶᠢᠬᠤ ᠦᠭᠡᠢ ᠪᠣᠯ ᠵᠠᠰᠠᠭ ᠤᠨ ᠣᠷᠳᠣᠨ ᠤ ᠲᠣᠭᠲᠠᠭᠠᠯ ᠲᠦᠷᠢᠮ ᠳᠤ ᠠᠷᠠᠳ ᠢᠷᠭᠡᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠶᠢ ᠬᠠᠰᠤᠵᠤ ᠬᠤᠬᠢᠷᠠᠭᠤᠯᠬᠤ ᠪᠤᠶᠤ ᠲᠡᠭᠦᠨ ᠤ ᠡᠭᠦᠷᠭᠡ ᠶᠢ ᠨᠡᠮᠡᠭᠳᠡᠭᠦᠯᠬᠦ ᠵᠢᠷᠤᠮᠵᠢᠯ ᠲᠣᠭᠲᠠᠭᠠᠵᠤ ᠪᠣᠯᠬᠤ ᠦᠭᠡᠢ᠃

  ᠨᠠᠢᠮᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠡᠴᠠ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠬᠠᠤᠯᠢ ᠲᠣᠭᠲᠠᠭᠠᠬᠤ ᠠᠵᠢᠯ ᠳᠤᠮᠳᠠᠬᠢ ᠴᠢᠬᠤᠯᠠ ᠶᠡᠭᠡ ᠠᠰᠠᠭᠤᠳᠠᠯ ᠤᠳ ᠢ ᠰᠤᠳᠤᠯᠤᠨ ᠰᠢᠢᠳᠪᠦᠷᠢᠯᠡᠬᠦ ᠬᠡᠷᠡᠭᠲᠡᠶ᠃

  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠡᠬᠡ ᠲᠦᠰᠦᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠲᠣᠭᠲᠠᠭᠠᠬᠤ ᠶᠢ ᠵᠣᠬᠢᠶᠠᠨ ᠪᠠᠶᠢᠭᠤᠯᠬᠤ᠂ ᠵᠢᠭᠠᠨ ᠵᠢᠯᠣᠭᠤᠳᠬᠤ᠂ ᠵᠣᠬᠢᠴᠠᠭᠤᠯᠬᠤ ᠪᠠ ᠡᠬᠡ ᠲᠦᠰᠦᠯ ᠤᠨ ᠬᠢᠨᠠᠨ ᠪᠠᠶᠢᠴᠠᠭᠠᠬᠤ ᠠᠵᠢᠯ ᠢ ᠪᠣᠳᠠᠲᠠᠢ ᠬᠠᠷᠢᠭᠤᠴᠠᠨ᠎ᠠ᠃

  ᠶᠢᠰᠦᠳᠦᠭᠡᠷ ᠵᠦᠢᠯ    ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠲᠥᠷᠥᠯ ᠵᠦᠢᠯ ᠴᠤᠭᠯᠠᠭᠤᠯᠬᠤ᠂ ᠢᠯᠡ ᠪᠠᠷ ᠰᠠᠨᠠᠯ ᠬᠤᠷᠢᠶᠠᠬᠤ᠂ ᠭᠡᠷᠡᠴᠢᠯᠡᠭᠡ ᠰᠣᠨᠣᠰᠬᠤ᠂ ᠵᠥᠪᠯᠡᠯᠭᠡ ᠥᠭᠴᠦ ᠨᠤᠲᠠᠯᠠᠬᠤ᠂ ᠦᠨᠡᠯᠡᠨ ᠵᠢᠱᠢᠬᠦ ᠵᠡᠷᠭᠡ ᠬᠠᠤᠯᠢ ᠲᠣᠭᠲᠠᠭᠠᠬᠤ ᠠᠵᠢᠯᠯᠠᠭ᠎ᠠ ᠳᠤ ᠨᠡᠢᠢᠭᠡᠮ ᠨᠡᠢᠢᠲᠡ ᠶᠢᠨ ᠬᠢᠨ ᠡᠮᠬᠢ ᠳᠠᠷᠠᠭᠠᠯᠠᠯ ᠲᠠᠢ ᠪᠠᠷ ᠣᠷᠣᠯᠴᠠᠵᠤ᠂ ᠰᠠᠨᠠᠯ ᠪᠠ ᠰᠠᠨᠠᠭᠤᠯᠭ᠎ᠠ ᠳᠤᠷᠠᠳᠬᠤ ᠶᠢ ᠨᠢ ᠵᠣᠷᠢᠬᠵᠢᠭᠤᠯᠤᠨ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠣᠳᠠᠲᠠᠢ ᠬᠡᠷᠡᠭᠴᠡᠭᠡ ᠪᠠᠨ ᠦᠨᠳᠦᠰᠦᠯᠡᠨ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠪᠠᠶᠢᠭᠤᠯᠵᠤ᠂ ᠨᠡᠶᠢᠭᠡᠮ ᠨᠡᠶᠢᠲᠡ ᠪᠠ ᠬᠤᠯᠪᠣᠭᠳᠠᠯ ᠪᠥᠬᠦᠶ ᠲᠠᠯ᠎ᠠ ᠶᠢᠨ ᠬᠢᠨ ᠤ ᠬᠠᠤᠯᠢ ᠲᠣᠭᠲᠠᠭᠠᠬᠤ ᠠᠵᠢᠯ ᠤᠨ ᠲᠤᠬᠠᠶ ᠰᠠᠨᠠᠯ ᠪᠠ ᠰᠠᠨᠠᠭᠤᠯᠭ᠎ᠠ ᠶᠢ ᠰᠣᠨᠣᠰᠤᠨ᠎ᠠ᠃


  ᠬᠤᠶᠠᠳᠤᠭᠠᠷ ᠪᠦᠯᠦᠭ    ᠰᠡᠳᠦᠪ ᠲᠣᠭᠲᠠᠭᠠᠬᠤ


  ᠠᠷᠪᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠡᠴᠠ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠵᠢᠭᠦᠯᠭᠡ ᠪᠠ ᠬᠠᠤᠯᠢ ᠲᠣᠭᠲᠠᠭᠠᠬᠤ ᠲᠥᠯᠥᠪᠯᠡᠭᠡ ᠶᠢᠨ ᠰᠠᠨᠠᠭᠤᠯᠭ᠎ᠠ ᠳᠤᠷᠠᠳᠴᠤ᠂ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠶᠢ ᠲᠣᠭᠲᠠᠭᠠᠬᠤ ᠳᠤ ᠪᠠᠨ᠂ ᠥᠷᠭᠡᠨ ᠢᠶᠠᠷ ᠰᠠᠨᠠᠯ ᠬᠤᠷᠢᠶᠠᠵᠤ᠂ ᠰᠢᠨᠵᠢᠯᠡᠬᠦ ᠤᠬᠠᠭᠠᠨᠴᠢ ᠪᠠᠷ ᠨᠤᠲᠠᠯᠠᠯᠲᠠ ᠬᠢᠵᠦ ᠦᠨᠡᠯᠡᠨ ᠵᠢᠱᠢᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳᠴᠢᠯᠠᠯ ᠢ ᠬᠡᠷᠡᠭᠵᠢᠭᠦᠯᠵᠦ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠡᠷᠡᠭᠴᠡᠭᠡ ᠶᠢ ᠦᠨᠳᠦᠰᠦᠯᠡᠨ᠂ ᠨᠢᠭᠡᠳᠦᠯᠲᠡᠶ ᠲᠥᠯᠥᠪᠯᠡᠨ ᠨᠡᠶᠢᠲᠡ ᠳᠤ ᠨᠢ ᠬᠠᠷᠠᠭᠠᠯᠵᠠᠵᠤ᠂ ᠭᠤᠤᠯᠳᠠᠯᠭ᠎ᠠ ᠶᠢ ᠳᠣᠪᠤᠶᠢᠯᠭᠠᠨ᠂ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠥᠬᠡᠶ ᠪᠣᠯᠭᠠᠬᠤ ᠲᠠᠶᠢᠯᠪᠤᠷᠢᠯᠠᠬᠤ ᠶᠢ ᠵᠡᠷᠭᠡ ᠳᠤ ᠨᠢ ᠴᠢᠬᠤᠯᠠᠴᠢᠯᠠᠬᠤ ᠬᠡᠷᠡᠭᠲᠡᠶ᠃

  ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠶᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠵᠢᠭᠦᠯᠭᠡ᠂ ᠬᠠᠤᠯᠢ ᠲᠣᠭᠲᠠᠭᠠᠬᠤ ᠲᠥᠯᠥᠪᠯᠡᠭᠡ ᠯᠦᠭᠡ ᠵᠣᠯᠭᠠᠭᠤᠯᠬᠤ ᠬᠡᠷᠡᠭᠲᠡᠶ᠃

  ᠠᠷᠪᠠᠨ ᠨᠢᠭᠡᠳᠦᠭᠡᠷ ᠵᠦᠢᠯ    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠬᠠᠤᠯᠢ ᠲᠣᠭᠲᠠᠭᠠᠬᠤ ᠣᠨ ᠤ ᠲᠥᠯᠥᠪᠯᠡᠭᠡ ᠶᠢᠨ ᠲᠥᠷᠥᠯ ᠵᠦᠢᠯ ᠤᠨ ᠰᠠᠨᠠᠭᠤᠯᠭ᠎ᠠ ᠶᠢ ᠨᠡᠶᠢᠭᠡᠮ ᠨᠡᠶᠢᠲᠡ ᠡᠴᠠ ᠢᠯᠡ ᠪᠠᠷ ᠴᠤᠭᠯᠠᠭᠤᠯᠵᠤ ᠪᠣᠯᠤᠨ᠎ᠠ᠃

  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠢᠯ ᠪᠦᠷᠢ ᠶᠢᠨ ᠳᠣᠣᠷ᠎ᠠ ᠬᠠᠭᠠᠰ ᠵᠢᠯ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠠᠶᠢᠮᠠᠭ ᠤᠨ ᠵᠠᠬᠢᠷᠭ᠎ᠠ ᠪᠠ ᠲᠣᠭᠤᠷᠢᠭ ᠪᠠᠢᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠯᠪᠣᠭᠳᠠᠯ ᠪᠦᠬᠦᠢ ᠵᠣᠬᠢᠶᠠᠨ ᠪᠠᠶᠢᠭᠤᠯᠤᠯᠲᠠ ᠡᠴᠠ ᠢᠷᠡᠬᠦ ᠵᠢᠯ ᠤᠨ ᠬᠠᠤᠯᠢ ᠲᠣᠭᠲᠠᠭᠠᠬᠤ ᠲᠥᠯᠥᠪᠯᠡᠭᠡ ᠶᠢᠨ ᠲᠥᠷᠥᠯ ᠵᠦᠢᠯ ᠤᠨ ᠰᠠᠨᠠᠭᠤᠯᠭ᠎ᠠ ᠶᠢ ᠴᠤᠭᠯᠠᠭᠤᠯᠬᠤ ᠬᠡᠷᠡᠭᠲᠡᠢ᠂ ᠮᠥᠨ ᠴᠦ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠫᠣᠷᠲ᠋ᠧᠯ ᠰᠦᠯᠵᠢᠶ᠎ᠡ ᠪᠤᠶᠤ ᠪᠤᠰᠤᠳ ᠠᠷᠭ᠎ᠠ ᠬᠡᠯᠪᠡᠷᠢ ᠪᠠᠷ ᠳᠠᠮᠵᠢᠭᠤᠯᠤᠨ ᠨᠡᠢᠢᠭᠡᠮ ᠨᠡᠢᠢᠲᠡ ᠡᠴᠠ ᠬᠠᠤᠯᠢ ᠲᠣᠭᠲᠠᠭᠠᠬᠤ ᠲᠥᠯᠥᠪᠯᠡᠭᠡ ᠶᠢᠨ ᠲᠥᠷᠥᠯ ᠵᠦᠢᠯ ᠤᠨ ᠰᠠᠨᠠᠭᠤᠯᠭ᠎ᠠ ᠶᠢ ᠢᠯᠡ ᠪᠠᠷ ᠴᠤᠭᠯᠠᠭᠤᠯᠵᠤ ᠪᠣᠯᠤᠨ᠎ᠠ᠃

  ᠠᠷᠪᠠᠨ ᠬᠤᠶᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠠᠶᠢᠮᠠᠭ ᠤᠨ ᠵᠠᠬᠢᠷᠭ᠎ᠠ ᠪᠠ ᠲᠣᠭᠤᠷᠢᠭ ᠪᠠᠢᠢᠭᠤᠯᠤᠭᠰᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠤᠶᠤ ᠵᠠᠰᠠᠭ ᠤᠨ ᠣᠷᠳᠣᠨ ᠤ ᠲᠣᠭᠲᠠᠭᠠᠯ ᠲᠥᠷᠢᠮ ᠲᠣᠭᠲᠠᠭᠠᠬᠤ ᠴᠢᠬᠤᠯᠠ ᠲᠠᠢ ᠭᠡᠵᠦ ᠦᠵᠡᠵᠦ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠰᠡᠳᠦᠪ ᠲᠣᠭᠲᠠᠭᠠᠬᠤ ᠪᠠᠷ ᠭᠤᠶᠤᠴᠢᠯᠠᠬᠤ ᠬᠡᠷᠡᠭᠲᠡᠶ᠃

  ᠠᠷᠪᠠᠨ ᠭᠤᠷᠪᠠᠳᠤᠭᠠᠷ ᠵᠦᠢᠯ   ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠲᠣᠭᠲᠠᠭᠠᠯ ᠲᠦᠷᠢᠮ ᠢᠶᠠᠷ ᠰᠡᠳᠦᠪ ᠲᠣᠭᠲᠠᠭᠠᠬᠤ ᠪᠠᠷ ᠮᠡᠳᠡᠭᠦᠯᠬᠦ ᠳᠤ ᠳᠣᠣᠷ᠎ᠠ ᠵᠢᠭᠰᠠᠭᠠᠭᠰᠠᠨ ᠪᠢᠴᠢᠭᠯᠡᠭᠰᠡᠨ ᠮᠠᠲ᠋ᠧᠷᠢᠶᠠᠯ ᠵᠢᠴᠢ ᠲᠡᠭᠦᠨ ᠤ ᠡᠯᠧᠺᠲ᠋ᠷᠣᠨ ᠲᠧᠺᠰᠲ ᠢ ᠮᠡᠳᠡᠭᠦᠯᠦᠨ ᠬᠦᠷᠭᠡᠬᠦ ᠬᠡᠷᠡᠭᠲᠡᠢ᠄

  ︵ ᠨᠢᠭᠡ ︶ ᠰᠡᠳᠦᠪ ᠲᠣᠭᠲᠠᠭᠠᠬᠤ ᠰᠠᠨᠠᠭᠤᠯᠭ᠎ᠠ ᠶᠢᠨ ᠮᠡᠳᠡᠭᠦᠯᠦᠯᠲᠡ ᠶᠢᠨ ᠪᠢᠴᠢᠭ︔

  ︵ ᠬᠤᠶᠠᠷ ︶ ᠡᠬᠡ ᠲᠦᠰᠦᠯ ᠪᠠ ᠲᠤᠭᠤᠷᠪᠢᠭᠰᠠᠨ ᠲᠣᠳᠣᠷᠬᠠᠶᠢᠯᠠᠯᠲᠠ︔

  ︵ ᠭᠤᠷᠪᠠ ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠦᠨᠳᠦᠰᠦᠯᠡᠯ ᠵᠢᠴᠢ ᠬᠤᠯᠪᠣᠭᠳᠠᠯ ᠪᠦᠬᠦᠢ ᠬᠠᠤᠯᠢ ᠲᠣᠭᠲᠠᠭᠠᠬᠤ ᠮᠠᠲ᠋ᠧᠷᠢᠶᠠᠯ︔

  ︵ ᠳᠥᠷᠪᠡ ︶ ᠬᠤᠷᠢᠶᠠᠭᠰᠠᠨ ᠰᠠᠨᠠᠯ ᠤᠳ ᠤᠨ ᠬᠤᠷᠢᠶᠠᠩᠭᠤᠢᠢᠯᠠᠭᠰᠠᠨ ᠮᠠᠲ᠋ᠧᠷᠢᠶᠠᠯ ᠵᠢᠴᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︔

  ︵ ᠲᠠᠪᠤ ︶ ᠬᠢᠨᠠᠨ ᠵᠥᠪᠯᠡᠭᠦᠯᠬᠦ ᠪᠠᠷ ᠰᠠᠨᠠᠭᠤᠯᠤᠭᠰᠠᠨ ᠴᠠᠭ᠃

  ᠲᠤᠭᠤᠷᠪᠢᠭᠰᠠᠨ ᠲᠣᠳᠣᠷᠬᠠᠶᠢᠯᠠᠯᠲᠠ ᠳᠤ ᠬᠠᠤᠯᠢ ᠲᠣᠭᠲᠠᠭᠠᠬᠤ ᠶᠢᠨ ᠴᠢᠬᠤᠯᠠ ᠴᠢᠨᠠᠷ ᠪᠠ ᠪᠣᠯᠤᠮᠵᠢᠲᠤ ᠴᠢᠨᠠᠷ᠂ ᠲᠤᠭᠤᠷᠪᠢᠬᠤ ᠶᠠᠪᠤᠴᠠ᠂ ᠰᠢᠢᠳᠪᠦᠷᠢᠯᠡᠬᠦ ᠪᠠᠷ ᠵᠢᠱᠢᠵᠦ ᠪᠠᠶᠢᠭ᠎ᠠ ᠭᠤᠣᠯ ᠠᠰᠠᠭᠤᠳᠠᠯ᠂ ᠲᠣᠭᠲᠠᠭᠠᠭᠰᠠᠨ ᠭᠤᠣᠯ ᠠᠷᠭ᠎ᠠ ᠬᠡᠮᠵᠢᠶ᠎ᠡ ᠵᠢᠴᠢ ᠵᠥᠷᠢᠯᠳᠦᠭᠡᠨ ᠲᠠᠢ ᠭᠤᠣᠯ ᠰᠠᠨᠠᠯ ᠢ ᠵᠣᠬᠢᠴᠠᠭᠤᠯᠤᠨ ᠰᠢᠢᠳᠪᠦᠷᠢᠯᠡᠭᠰᠡᠨ ᠪᠠᠶᠢᠳᠠᠯ ᠢ ᠪᠠᠭᠲᠠᠭᠠᠬᠤ ᠬᠡᠷᠡᠭᠲᠡᠶ᠃

  ᠨᠤᠲᠠᠯᠠᠬᠤ ᠬᠤᠷᠠᠯ ᠪᠠ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠤᠭᠰᠠᠨ ᠪᠠᠢᠢᠪᠠᠯ᠂ ᠪᠠᠰᠠ ᠨᠤᠲᠠᠯᠠᠯᠲᠠ ᠬᠢᠭᠰᠡᠨ᠂ ᠭᠡᠷᠡᠴᠢᠯᠡᠭᠡ ᠰᠣᠨᠣᠰᠤᠭᠰᠠᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠶ᠃

  ᠠᠷᠪᠠᠨ ᠳᠥᠷᠪᠡᠳᠦᠭᠡᠷ ᠵᠦᠢᠯ   ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠵᠢᠭᠦᠯᠭᠡ ᠶᠢᠨ ᠰᠠᠨᠠᠭᠤᠯᠭ᠎ᠠ ᠪᠠ ᠬᠠᠤᠯᠢ ᠲᠣᠭᠲᠠᠭᠠᠬᠤ ᠲᠥᠯᠥᠪᠯᠡᠭᠡ ᠶᠢᠨ ᠰᠠᠨᠠᠭᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤᠭᠤᠷᠪᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠲᠠᠷᠠᠭ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠦᠨ ᠬᠦᠷᠭᠡᠬᠦ ᠬᠡᠷᠡᠭᠲᠡᠶ᠃

  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠲᠣᠭᠲᠠᠭᠠᠬᠤ ᠰᠡᠳᠦᠪ ᠲᠣᠭᠲᠠᠭᠠᠬᠤ ᠭᠤᠶᠤᠴᠢᠯᠠᠯ ᠪᠠ ᠢᠯᠡ ᠪᠠᠷ ᠴᠤᠭᠯᠠᠭᠤᠯᠤᠭᠰᠠᠨ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠶᠢᠨ ᠲᠥᠷᠥᠯ ᠵᠦᠢᠯ ᠤᠨ ᠰᠠᠨᠠᠭᠤᠯᠭ᠎ᠠ ᠶᠢ ᠦᠨᠡᠯᠡᠨ ᠵᠢᠱᠢᠵᠦ ᠨᠤᠲᠠᠯᠠᠯᠲᠠ ᠬᠢᠵᠦ᠂ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠶᠢ ᠲᠤᠭᠤᠷᠪᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠭᠡᠮ ᠳᠤ ᠨᠡᠶᠢᠲᠡᠯᠡᠬᠦ ᠬᠡᠷᠡᠭᠲᠡᠶ᠃

  ᠠᠷᠪᠠᠨ ᠲᠠᠪᠤᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠠᠶᠢᠮᠠᠭ ᠤᠨ ᠵᠠᠬᠢᠷᠭ᠎ᠠ ᠪᠠ ᠲᠣᠭᠤᠷᠢᠭ ᠪᠠᠢᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠦᠯᠵᠦ ᠬᠦᠷᠭᠡᠭᠰᠡᠨ ᠰᠡᠳᠦᠪ ᠲᠣᠭᠲᠠᠭᠠᠬᠤ ᠭᠤᠶᠤᠴᠢᠯᠠᠯ ᠤᠨ ᠲᠥᠷᠥᠯ ᠵᠦᠢᠯ ᠪᠠ ᠢᠯᠡ ᠪᠠᠷ ᠴᠤᠭᠯᠠᠭᠤᠯᠤᠭᠰᠠᠨ ᠬᠠᠤᠯᠢ ᠲᠣᠭᠲᠠᠭᠠᠬᠤ ᠲᠥᠯᠥᠪᠯᠡᠭᠡ ᠶᠢᠨ ᠰᠠᠨᠠᠭᠤᠯᠭ᠎ᠠ ᠶᠢᠨ ᠲᠥᠷᠥᠯ ᠵᠦᠢᠯ ᠳᠤ ᠳᠣᠤᠷᠠᠬᠢ ᠪᠠᠢᠢᠳᠠᠯ ᠤᠳ ᠤᠨ ᠨᠢᠭᠡ ᠨᠢ ᠪᠠᠶᠢᠪᠠᠯ᠂ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠵᠢᠭᠦᠯᠭᠡ᠂ ᠬᠠᠤᠯᠢ ᠲᠣᠭᠲᠠᠭᠠᠬᠤ ᠲᠥᠯᠥᠪᠯᠡᠭᠡ ᠶᠢᠨ ᠰᠠᠨᠠᠭᠤᠯᠭ᠎ᠠ ᠶᠢᠨ ᠲᠥᠷᠥᠯ ᠵᠦᠢᠯ ᠪᠤᠶᠤ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠳᠤ ᠣᠷᠣᠭᠤᠯᠬᠤ ᠥᠬᠡᠶ᠄

  ︵ ᠨᠢᠭᠡ ︶ ᠬᠠᠤᠯᠢ ᠲᠣᠭᠲᠠᠭᠠᠬᠤ ᠵᠣᠷᠢᠯᠲᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠡᠷᠭᠡ ᠨᠠᠮ ᠪᠠ ᠤᠯᠤᠰ ᠤᠨ ᠦᠨᠳᠦᠰᠦᠨ ᠴᠢᠭᠯᠡᠯᠲᠡ᠂ ᠲᠦᠷᠦ ᠶᠢᠨ ᠪᠤᠳᠤᠯᠭ᠎ᠠ ᠲᠠᠢ ᠦᠯᠦ ᠨᠡᠢᠢᠴᠡᠭᠰᠡᠨ︔

  ︵ ᠬᠤᠶᠠᠷ ︶ ᠭᠤᠣᠯ ᠠᠭᠤᠯᠭ᠎ᠠ ᠨᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠬᠥᠭᠵᠢᠯᠲᠡ ᠪᠠ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠱᠠᠭᠠᠷᠳᠠᠯᠭ᠎ᠠ ᠳᠤ ᠦᠯᠦ ᠨᠡᠶᠢᠴᠡᠭᠰᠡᠨ︔

  ︵ ᠭᠤᠷᠪᠠ ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢᠶᠠᠷ ᠳᠠᠮᠵᠢᠭᠤᠯᠤᠨ ᠠᠰᠠᠭᠤᠳᠠᠯ ᠢ ᠰᠢᠢᠳᠪᠦᠷᠢᠯᠡᠵᠦ ᠪᠣᠯᠬᠤ︔

  ︵ ᠲᠦᠷᠪᠡ ︶ ᠬᠠᠤᠯᠢ ᠲᠣᠭᠲᠠᠭᠠᠬᠤ ᠴᠢᠬᠤᠯᠠ ᠴᠢᠨᠠᠷ ᠨᠢ ᠭᠦᠢᠴᠡᠳ ᠪᠤᠰᠤ ᠪᠤᠶᠤ ᠦᠢᠯᠡᠳᠦᠯᠭᠡ ᠶᠢᠨ ᠳᠤᠮᠳᠠ ᠬᠡᠷᠡᠭᠵᠢᠭᠦᠯᠬᠦ ᠳᠤ ᠪᠡᠷᠬᠡᠲᠡᠢ ᠪᠠᠶᠢᠬᠤ︔

  ︵ ᠲᠠᠪᠤ ︶ ᠲᠤᠰ ᠲᠣᠭᠲᠠᠭᠠᠯ ᠤᠨ ᠠᠷᠪᠠᠨ ᠭᠤᠷᠪᠠᠳᠤᠭᠠᠷ ᠵᠦᠢᠯ ᠤᠨ ᠶᠣᠰᠣᠭᠠᠷ ᠬᠠᠮᠢᠶ᠎ᠠ ᠪᠦᠬᠦᠢ ᠮᠠᠲ᠋ᠧᠷᠢᠶᠠᠯ ᠢ ᠦᠯᠦ ᠮᠡᠳᠡᠭᠦᠯᠵᠦ ᠬᠦᠷᠭᠡᠭᠰᠡᠨ︔

  ︵ ᠵᠢᠷᠭᠤᠭ᠎ᠠ ︶ ᠬᠠᠤᠯᠢ ᠲᠣᠭᠲᠠᠭᠠᠬᠤ ᠨᠥᠬᠦᠴᠡᠯ ᠪᠠ ᠴᠠᠭ ᠲᠣᠬᠢᠶᠠᠯ ᠨᠢ ᠪᠣᠯᠪᠠᠰᠤᠷᠠᠩᠭᠤᠶ ᠪᠤᠰᠤ ᠪᠤᠰᠤᠳ ᠪᠠᠶᠢᠳᠠᠯ᠃

  ᠠᠷᠪᠠᠨ ᠵᠢᠷᠭᠤᠳᠤᠭᠠᠷ ᠵᠦᠢᠯ   ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠬᠠᠤᠯᠢ ᠲᠣᠭᠲᠠᠭᠠᠬᠤ ᠲᠥᠯᠥᠪᠯᠡᠭᠡ ᠶᠢ ᠬᠡᠷᠡᠭᠵᠢᠭᠦᠯᠬᠦ ᠶᠠᠪᠤᠴᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠣᠳᠠᠲᠤ ᠪᠠᠶᠢᠳᠠᠯ ᠢᠶᠠᠨ ᠦᠨᠳᠦᠰᠦᠯᠡᠨ᠂ ᠬᠠᠤᠯᠢ ᠲᠣᠭᠲᠠᠭᠠᠬᠤ ᠲᠥᠯᠥᠪᠯᠡᠭᠡ ᠳᠤ ᠲᠣᠬᠢᠷᠠᠭᠤᠯᠤᠯᠲᠠ ᠬᠢᠬᠦ ᠰᠠᠨᠠᠭᠤᠯᠭ᠎ᠠ ᠳᠤᠷᠠᠳᠴᠤ ᠪᠣᠯᠤᠨ᠎ᠠ᠃


  ᠭᠤᠷᠪᠠᠳᠤᠭᠠᠷ ᠪᠦᠯᠦᠭ    ᠲᠤᠭᠤᠷᠪᠢᠬᠤ


  ᠠᠷᠪᠠᠨ ᠳᠣᠯᠣᠳᠤᠭᠠᠷ ᠵᠦᠢᠯ   ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠰᠡᠳᠦᠪ ᠲᠣᠭᠲᠠᠭᠠᠬᠤ ᠪᠠᠷ ᠭᠤᠶᠤᠴᠢᠯᠠᠭᠰᠠᠨ ᠰᠠᠯᠠᠭ᠎ᠠ ᠮᠥᠴᠢᠷ ᠪᠤᠶᠤ ᠨᠢᠭᠡᠴᠢ ᠲᠤᠭᠤᠷᠪᠢᠨ᠎ᠠ᠃ ᠬᠤᠶᠠᠷ ᠡᠴᠠ ᠳᠡᠭᠡᠭᠰᠢᠬᠢ ᠰᠠᠯᠠᠭ᠎ᠠ ᠮᠥᠴᠢᠷ ᠤᠨ ᠡᠷᠬᠡ ᠲᠤᠰᠢᠶᠠᠯ ᠳᠤ ᠬᠤᠯᠪᠣᠭᠳᠠᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠡᠴᠠ ᠨᠢᠭᠡ ᠰᠠᠯᠠᠭ᠎ᠠ ᠮᠥᠴᠢᠷ ᠪᠤᠶᠤ ᠬᠡᠳᠦᠨ ᠰᠠᠯᠠᠭ᠎ᠠ ᠮᠥᠴᠢᠷ ᠬᠠᠮᠲᠤ ᠪᠠᠷ ᠲᠤᠭᠤᠷᠪᠢᠬᠤ ᠠᠵᠢᠯ ᠢ ᠬᠠᠷᠢᠭᠤᠴᠠᠬᠤ ᠶᠢ ᠲᠣᠭᠲᠠᠭᠠᠨ᠎ᠠ︔ ᠴᠢᠬᠤᠯᠠ ᠵᠠᠰᠠᠭ ᠵᠠᠬᠢᠷᠭᠠᠨ ᠤ ᠬᠠᠮᠢᠶᠠᠷᠤᠯᠲᠠ ᠪᠤᠶᠤ ᠶᠡᠷᠦᠩᠬᠡᠶᠢᠯᠡᠭᠰᠡᠨ ᠴᠢᠨᠠᠷ ᠢᠶᠠᠷ ᠨᠡᠯᠢᠶᠡᠳ ᠴᠢᠩᠭ᠎ᠠ ᠲᠥᠷᠥᠯ ᠵᠦᠢᠯ ᠳᠤ ᠬᠤᠯᠪᠣᠭᠳᠠᠭᠰᠠᠨ ᠪᠠᠢᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤᠭᠤᠷᠪᠢᠬᠤ ᠠᠵᠢᠯ ᠢ ᠵᠣᠬᠢᠶᠠᠨ ᠪᠠᠢᠢᠭᠤᠯᠵᠤ ᠪᠣᠯᠣᠨ᠎ᠠ᠃

  ᠠᠶᠢᠮᠠᠭ ᠤᠨ ᠵᠠᠬᠢᠷᠭ᠎ᠠ ᠨᠢ ᠰᠡᠳᠦᠪ ᠲᠣᠭᠲᠠᠭᠠᠬᠤ ᠪᠠᠷ ᠭᠤᠶᠤᠴᠢᠯᠠᠭᠰᠠᠨ ᠪᠠᠢᠢᠪᠠᠯ᠂ ᠠᠶᠢᠮᠠᠭ ᠤᠨ ᠵᠠᠬᠢᠷᠭ᠎ᠠ ᠡᠴᠠ ᠲᠤᠭᠤᠷᠪᠢᠬᠤ ᠠᠵᠢᠯ ᠢ ᠵᠣᠬᠢᠶᠠᠨ ᠪᠠᠢᠢᠭᠤᠯᠤᠨ᠎ᠠ᠃

  ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠲᠤᠭᠤᠷᠪᠢᠬᠤ ᠳᠤ ᠬᠠᠮᠢᠶ᠎ᠠ ᠪᠦᠬᠦᠢ ᠬᠦᠷᠢᠶᠡᠨ ᠤ ᠲᠤᠰᠬᠠᠢ ᠮᠡᠷᠭᠡᠵᠢᠯᠲᠡᠨ ᠢ ᠲᠤᠭᠤᠷᠪᠢᠬᠤ ᠠᠵᠢᠯ ᠳᠤ ᠣᠷᠣᠯᠴᠠᠭᠤᠯᠵᠤ ᠪᠣᠯᠤᠨ᠎ᠠ᠂ ᠡᠰᠡᠬᠦᠯ᠎ᠡ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠲᠤᠭᠤᠷᠪᠢᠬᠤ ᠠᠵᠢᠯ ᠢ ᠨᠠᠶᠢᠳᠠᠵᠤ ᠪᠣᠯᠤᠨ᠎ᠠ᠃

  ᠠᠷᠪᠠᠨ ᠨᠠᠢᠮᠠᠳᠤᠭᠠᠷ ᠵᠦᠢᠯ    ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠲᠤᠭᠤᠷᠪᠢᠬᠤ ᠳᠤ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠ ᠲᠠᠢ ᠡᠴᠠ ᠭᠠᠳᠠᠨ᠎ᠠ ᠡᠬᠡ ᠲᠦᠰᠦᠯ ᠵᠢᠴᠢ ᠲᠡᠭᠦᠨ ᠤ ᠲᠣᠳᠣᠷᠬᠠᠶᠢᠯᠠᠯᠲᠠ ᠵᠡᠷᠭᠡ ᠶᠢ ᠨᠡᠶᠢᠭᠡᠮ ᠳᠤ ᠨᠡᠶᠢᠲᠡᠯᠡᠵᠦ᠂ ᠰᠠᠨᠠᠯ ᠬᠤᠷᠢᠶᠠᠬᠤ ᠬᠡᠷᠡᠭᠲᠡᠶ᠃ ᠨᠡᠶᠢᠭᠡᠮ ᠳᠤ ᠨᠡᠶᠢᠲᠡᠯᠡᠵᠦ ᠰᠠᠨᠠᠯ ᠬᠤᠷᠢᠶᠠᠬᠤ ᠬᠤᠭᠤᠴᠠᠭ᠎ᠠ ᠬᠢᠵᠠᠭᠠᠷ ᠢ ᠶᠡᠷᠦ ᠳᠤ ᠪᠠᠨ ᠭᠤᠴᠢᠨ ᠡᠳᠦᠷ ᠡᠴᠠ ᠳᠤᠲᠠᠭᠤ ᠪᠠᠢᠢᠯᠭᠠᠵᠦ ᠪᠣᠯᠬᠤ ᠦᠭᠡᠢ᠃

  ᠠᠷᠪᠠ ᠶᠢᠰᠦᠳᠦᠭᠡᠷ ᠵᠦᠢᠯ    ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠲᠤᠭᠤᠷᠪᠢᠬᠤ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠤᠰᠤᠳ ᠪᠠᠶᠢᠭᠤᠯᠤᠮᠵᠢ ᠪᠤᠶᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠭᠰᠠᠨ ᠪᠠᠢᠢᠪᠠᠯ᠂ ᠲᠤᠭᠤᠷᠪᠢᠬᠤ ᠨᠢᠭᠡᠴᠢ ᠨᠢ ᠬᠠᠮᠢᠶ᠎ᠠ ᠪᠥᠬᠦᠶ ᠪᠠᠶᠢᠭᠤᠯᠤᠮᠵᠢ ᠪᠤᠶᠤ ᠰᠠᠯᠠᠭ᠎ᠠ ᠮᠥᠴᠢᠷ ᠤᠨ ᠰᠠᠨᠠᠯ ᠢ ᠭᠦᠢᠴᠡᠳ ᠬᠤᠷᠢᠶᠠᠬᠤ ᠬᠡᠷᠡᠭᠲᠡᠶ᠃

  ᠬᠤᠷᠢᠳᠤᠭᠠᠷ ᠵᠦᠢᠯ   ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠤᠭᠤᠷᠪᠢᠬᠤ ᠳᠤ ᠨᠡᠶᠢᠭᠡᠮ ᠨᠡᠶᠢᠲᠡ ᠶᠢᠨ ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠤᠯᠭᠠᠷᠠᠭᠰᠠᠨ ᠲᠣᠪᠤᠶᠢᠮ᠎ᠠ ᠵᠥᠷᠢᠴᠡᠯ᠂ ᠠᠷᠠᠳ ᠢᠷᠭᠡᠳ᠂ ᠬᠠᠤᠯᠢ ᠶᠢᠨ ᠡᠷᠬᠡᠳᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠶᠢ ᠬᠠᠰᠤᠵᠤ ᠬᠤᠬᠢᠷᠠᠭᠤᠯᠬᠤ ᠪᠤᠶᠤ ᠡᠭᠦᠷᠭᠡ ᠶᠢ ᠨᠢ ᠨᠡᠮᠡᠭᠳᠡᠭᠦᠯᠦᠨ᠂ ᠨᠡᠶᠢᠭᠡᠮ ᠨᠡᠶᠢᠲᠡ ᠳᠤ ᠴᠢᠬᠤᠯᠠ ᠨᠥᠯᠥᠭᠡ ᠪᠣᠯᠬᠤ ᠵᠡᠷᠭᠡ ᠴᠢᠬᠤᠯᠠ ᠶᠡᠭᠡ ᠠᠰᠢᠭ ᠲᠤᠰᠠ ᠶᠢ ᠲᠣᠬᠢᠷᠠᠭᠤᠯᠬᠤ ᠵᠦᠢᠯᠡᠰ ᠲᠤ ᠬᠤᠯᠪᠣᠭᠳᠠᠭᠰᠠᠨ ᠪᠠᠢᠢᠪᠠᠯ᠂ ᠲᠤᠭᠤᠷᠪᠢᠬᠤ ᠨᠢᠭᠡᠴᠢ ᠨᠢ ᠨᠤᠲᠠᠯᠠᠨ ᠵᠥᠪᠯᠡᠯᠭᠡ ᠠᠪᠴᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠬᠤ ᠬᠡᠷᠡᠭᠲᠡᠶ᠃

  ᠬᠤᠷᠢᠨ ᠨᠢᠭᠡᠳᠦᠭᠡᠷ ᠵᠦᠢᠯ   ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ ᠲᠥᠷᠢᠮ ᠢ ᠲᠤᠭᠤᠷᠪᠢᠬᠤ ᠳᠤ ᠴᠢᠬᠤᠯᠠ ᠶᠡᠭᠡ ᠠᠰᠢᠭ ᠲᠤᠰᠠ ᠶᠢᠨ ᠲᠤᠬᠢᠷᠠᠭᠤᠯᠤᠯᠳᠠ ᠳᠤ ᠬᠤᠯᠪᠣᠭᠳᠠᠬᠤ ᠪᠤᠶᠤ ᠴᠢᠬᠤᠯᠠ ᠶᠡᠭᠡ ᠰᠠᠨᠠᠯ ᠤᠨ ᠵᠥᠷᠢᠯᠳᠦᠭᠡᠨ ᠣᠷᠤᠰᠢᠵᠤ ᠪᠠᠢᠢᠭ᠎ᠠ᠂ ᠠᠷᠠᠳ ᠢᠷᠭᠡᠳ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠡᠭᠦᠷᠭᠡ ᠳᠤ ᠨᠡᠯᠢᠶᠡᠳ ᠶᠡᠭᠡ ᠨᠥᠯᠥᠭᠡ ᠲᠠᠢ ᠪᠠᠶᠢᠵᠤ᠂ ᠠᠷᠠᠳ ᠤᠯᠠᠨ ᠨᠡᠶᠢᠳᠡᠮ ᠠᠩᠬᠠᠷᠤᠨ᠂ ᠰᠠᠨᠠᠯ ᠰᠣᠨᠣᠰᠬᠤ ᠴᠢᠬᠤᠯᠠ ᠲᠠᠢ ᠪᠣᠯ ᠲᠤᠭᠤᠷᠪᠢᠬᠤ ᠨᠢᠭᠡᠴᠢ ᠡᠴᠠ ᠭᠡᠷᠡᠴᠢᠯᠡᠭᠡ ᠰᠣᠨᠣᠰᠬᠤ ᠬᠤᠷᠠᠯ ᠢ ᠬᠤᠷᠠᠯᠳᠤᠭᠤᠯᠬᠤ ᠬᠡᠷᠡᠭᠲᠡᠶ᠃

  ᠬᠤᠷᠢᠨ ᠬᠤᠶᠠᠳᠤᠭᠠᠷ ᠵᠦᠢᠯ    ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠲᠤᠭᠤᠷᠪᠢᠬᠤ ᠳᠤ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ᠂ ᠠᠵᠤ ᠦᠢᠯᠡᠰ ᠤᠨ ᠬᠥᠭᠵᠢᠯᠲᠡ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠵᠠᠰᠠᠭ ᠤᠨ ᠣᠷᠳᠣᠨ ᠬᠤᠳᠠᠯᠳᠤᠨ ᠠᠪᠬᠤ᠂ ᠡᠵᠡᠩᠨᠡᠯᠲᠡ ᠶᠢᠨ ᠦᠢᠯᠡ ᠠᠵᠢᠯᠯᠠᠭ᠎ᠠ ᠶᠢᠨ ᠵᠢᠷᠤᠮᠵᠢᠯ᠂ ᠬᠢᠷᠢ ᠬᠡᠮ ᠤᠨ ᠪᠠᠷᠢᠮᠵᠢᠶ᠎ᠠ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠵᠤ ᠠᠬᠤᠶ ᠶᠢᠨ ᠠᠵᠢᠯᠯᠠᠭ᠎ᠠ ᠳᠤ ᠬᠤᠯᠪᠣᠭᠳᠠᠭᠰᠠᠨ ᠪᠠᠢᠢᠪᠠᠯ᠂ ᠲᠤᠭᠤᠷᠪᠢᠬᠤ ᠨᠢᠭᠡᠴᠢ ᠡᠴᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ ᠥᠷᠨᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠰᠠᠨᠠᠯ ᠢ ᠰᠣᠨᠣᠰᠬᠤ ᠬᠡᠷᠡᠭᠲᠡᠶ᠃

  ᠬᠤᠷᠢᠨ ᠭᠤᠷᠪᠠᠳᠤᠭᠠᠷ ᠵᠦᠢᠯ   ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠡᠬᠡ ᠲᠦᠰᠦᠯ ᠤᠨ ᠬᠢᠨᠠᠭᠤᠯᠬᠤ ᠨᠤᠤᠷᠠᠬ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠦᠰᠦᠯ ᠤᠨ ᠬᠢᠨᠠᠭᠤᠯᠬᠤ ᠨᠤᠤᠷᠠᠬ ᠢ ᠲᠤᠭᠤᠷᠪᠢᠭᠰᠠᠨ ᠨᠢᠭᠡᠴᠢ ᠶᠢᠨ ᠬᠠᠤᠯᠢ ᠳᠦᠷᠢᠮ ᠤᠨ ᠪᠠᠶᠢᠭᠤᠯᠤᠮᠵᠢ ᠬᠢᠨᠠᠨ ᠬᠠᠷᠭᠤᠭᠤᠯᠵᠤ᠂ ᠲᠤᠭᠤᠷᠪᠢᠭᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠢᠶᠠᠷ ᠭᠠᠷ ᠤᠨ ᠦᠰᠦᠭ ᠵᠢᠷᠤᠭᠤᠯᠤᠭᠰᠠᠨ ᠤ ᠲᠡᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠶ᠃

  ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠡᠬᠡ ᠲᠦᠰᠦᠯ ᠤᠨ ᠬᠢᠨᠠᠭᠤᠯᠬᠤ ᠨᠣᠤᠷᠠᠭ ᠪᠠ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠡᠬᠡ ᠲᠦᠰᠦᠯ ᠤᠨ ᠬᠢᠨᠠᠭᠤᠯᠬᠤ ᠨᠣᠤᠷᠠᠭ ᠢ ᠬᠡᠳᠦᠨ ᠨᠢᠭᠡᠴᠢ ᠬᠠᠮᠲᠤ ᠪᠠᠷ ᠲᠤᠭᠤᠷᠪᠢᠭᠰᠠᠨ ᠪᠠᠶᠢᠪᠠᠯ᠂ ᠲᠤᠭᠤᠷᠪᠢᠭᠰᠠᠨ ᠨᠢᠭᠡᠴᠢ ᠨᠦᠭᠦᠳ ᠤᠨ ᠭᠤᠤᠯ ᠬᠠᠷᠢᠭᠤᠴᠠᠯᠭᠠᠲᠠᠨ ᠬᠠᠮᠲᠤ ᠪᠠᠷ ᠭᠠᠷ ᠤᠨ ᠥᠰᠥᠭ ᠵᠢᠷᠤᠬᠤ ᠬᠡᠷᠡᠭᠲᠡᠶ᠃

  ᠬᠤᠷᠢᠨ ᠳᠥᠷᠪᠡᠳᠦᠭᠡᠷ ᠵᠦᠢᠯ    ᠲᠤᠭᠤᠷᠪᠢᠭᠰᠠᠨ ᠨᠢᠭᠡᠴᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠲᠥᠷᠢᠮ ᠲᠣᠭᠲᠠᠭᠠᠯ ᠤᠨ ᠡᠬᠡ ᠲᠦᠰᠦᠯ ᠤᠨ ᠬᠢᠨᠠᠭᠤᠯᠬᠤ ᠨᠤᠤᠷᠠᠭ ᠢ ᠮᠡᠳᠡᠭᠦᠯᠦᠨ ᠬᠦᠷᠭᠡᠬᠦ ᠳᠤ ᠪᠠᠨ᠂ ᠳᠣᠣᠷ᠎ᠠ ᠵᠢᠭᠰᠠᠭᠠᠭᠰᠠᠨ ᠪᠢᠴᠢᠭᠯᠡᠭᠰᠡᠨ ᠮᠠᠲ᠋ᠧᠷᠢᠶᠠᠯ ᠵᠢᠴᠢ ᠲᠡᠭᠦᠨ ᠤ ᠡᠯᠧᠺᠲ᠋ᠷᠣᠨ ᠲᠧᠺᠰᠲ ᠢ ᠮᠡᠳᠡᠭᠦᠯᠦᠨ ᠬᠦᠷᠭᠡᠬᠦ ᠬᠡᠷᠡᠭᠲᠡᠶ᠄

  ︵ ᠨᠢᠭᠡ ︶ ᠡᠬᠡ ᠲᠦᠰᠦᠯ ᠤᠨ ᠬᠢᠨᠠᠭᠤᠯᠬᠤ ᠨᠤᠤᠷᠠᠭ ᠪᠠ ᠲᠤᠭᠤᠷᠪᠢᠭᠰᠠᠨ ᠲᠣᠳᠣᠷᠬᠠᠶᠢᠯᠠᠯᠲᠠ︔

  ︵ ᠬᠤᠶᠠᠷ ︶ ᠬᠤᠷᠢᠶᠠᠭᠰᠠᠨ ᠰᠠᠨᠠᠯ ᠤᠳ ᠢ ᠬᠤᠷᠢᠶᠠᠩᠭᠤᠢᠢᠯᠠᠭᠰᠠᠨ ᠪᠠᠶᠢᠳᠠᠯ ᠵᠢᠴᠢ ᠵᠥᠷᠢᠯᠳᠦᠭᠡᠨ ᠲᠠᠢ ᠰᠠᠨᠠᠯ ᠢ ᠵᠣᠬᠢᠴᠠᠭᠤᠯᠤᠨ ᠰᠢᠢᠳᠪᠦᠷᠢᠯᠡᠭᠰᠡᠨ ᠪᠠᠶᠢᠳᠠᠯ ᠤᠨ ᠮᠠᠲ᠋ᠧᠷᠢᠶᠠᠯ︔

  ︵ ᠭᠤᠷᠪᠠ ︶ ᠬᠠᠤᠯᠢ ᠲᠣᠭᠲᠠᠭᠠᠬᠤ ᠦᠨᠳᠦᠰᠦᠯᠡᠯ ᠵᠢᠴᠢ ᠬᠠᠤᠯᠢ ᠲᠣᠭᠲᠠᠭᠠᠬᠤ ᠳᠤ ᠯᠠᠪᠯᠠᠯᠲᠠ ᠪᠣᠯᠭᠠᠭᠰᠠᠨ ᠮᠠᠲ᠋ᠧᠷᠢᠶᠠᠯ︔

  ︵ ᠳᠥᠷᠪᠡ ︶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠨᠤᠲᠠᠯᠠᠯᠲᠠ ᠶᠢᠨ ᠮᠡᠳᠡᠭᠦᠯᠦᠯᠲᠡ᠂ ᠭᠡᠷᠡᠴᠢᠯᠡᠭᠡ ᠰᠣᠨᠣᠰᠤᠭᠰᠠᠨ ᠮᠡᠳᠡᠭᠦᠯᠦᠯᠲᠡ᠂ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠵᠡᠷᠭᠡ ᠬᠠᠩᠭᠠᠬᠤ ᠴᠢᠬᠤᠯᠠ ᠲᠠᠢ ᠪᠤᠰᠤᠳ ᠮᠠᠲ᠋ᠧᠷᠢᠶᠠᠯ᠃

  ᠬᠤᠷᠢᠨ ᠲᠠᠪᠤᠳᠤᠭᠠᠷ ᠵᠦᠢᠯ   ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠡᠬᠡ ᠲᠦᠰᠦᠯ ᠤᠨ ᠬᠢᠨᠠᠭᠤᠯᠬᠤ ᠨᠤᠤᠷᠠᠭ ᠢ ᠲᠤᠭᠤᠷᠪᠢᠭᠰᠠᠨ ᠲᠣᠳᠣᠷᠬᠠᠶᠢᠯᠠᠯᠲᠠ ᠳᠤ ᠳᠣᠣᠷᠠᠬᠢ ᠠᠭᠤᠯᠭ᠎ᠠ ᠨᠤᠭᠤᠳ ᠢ ᠪᠠᠭᠲᠠᠭᠠᠬᠤ ᠬᠡᠷᠡᠭᠲᠡᠢ᠄

  ︵ ᠨᠢᠭᠡ ︶ ᠬᠠᠤᠯᠢ ᠲᠣᠭᠲᠠᠭᠠᠬᠤ ᠶᠢᠨ ᠴᠢᠬᠤᠯᠠ ᠴᠢᠨᠠᠷ ᠪᠠ ᠪᠣᠯᠤᠮᠵᠢᠲᠤ ᠴᠢᠨᠠᠷ︔

  ︵ ᠬᠤᠶᠠᠷ ︶ ᠵᠢᠷᠤᠮᠵᠢᠭᠤᠯᠬᠤ ᠪᠠᠷ ᠪᠠᠶᠢᠭ᠎ᠠ ᠵᠦᠢᠯᠡᠰ ᠤᠨ ᠣᠳᠣᠬᠢ ᠪᠠᠶᠢᠳᠠᠯ ᠪᠠ ᠦᠢᠯᠡᠳᠦᠯᠭᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ᠂ ᠡᠬᠡ ᠲᠦᠰᠦᠯ ᠤᠨ ᠬᠢᠨᠠᠭᠤᠯᠬᠤ ᠨᠤᠤᠷᠠᠭ ᠲᠤ ᠲᠣᠭᠲᠠᠭᠠᠭᠰᠠᠨ ᠠᠰᠠᠭᠤᠳᠠᠯ ᠰᠢᠢᠳᠪᠦᠷᠢᠯᠡᠬᠦ ᠠᠷᠭ᠎ᠠ ᠬᠡᠮᠵᠢᠶ᠎ᠡ ᠵᠢᠴᠢ ᠲᠡᠭᠦᠨ ᠤ ᠬᠠᠤᠯᠢ ᠴᠠᠭᠠᠵᠠ ᠶᠢᠨ ᠦᠨᠳᠦᠰᠦᠯᠡᠯ︔

  ︵ ᠭᠤᠷᠪᠠ ︶ ᠬᠢᠨᠠᠭᠤᠯᠬᠤ ᠨᠤᠤᠷᠠᠭ ᠤᠨ ᠡᠬᠡ ᠲᠦᠰᠦᠯ ᠢ ᠲᠤᠭᠤᠷᠪᠢᠭᠰᠠᠨ ᠶᠠᠪᠤᠴᠠ︔

  ︵ ᠲᠦᠷᠪᠡ ︶ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠨ ᠵᠥᠪᠳᠡᠯᠴᠡᠭᠰᠡᠨ ᠪᠠᠶᠢᠳᠠᠯ ᠵᠢᠴᠢ ᠵᠥᠷᠢᠯᠳᠦᠭᠡᠨ ᠲᠠᠢ ᠰᠠᠨᠠᠯ ᠢ ᠰᠢᠢᠳᠪᠦᠷᠢᠯᠡᠭᠰᠡᠨ ᠪᠠᠶᠢᠳᠠᠯ︔

  ︵ ᠲᠠᠪᠤ ︶ ᠲᠣᠳᠣᠷᠬᠠᠶᠢᠯᠠᠬᠤ ᠴᠢᠬᠤᠯᠠ ᠲᠠᠢ ᠪᠤᠰᠤᠳ ᠠᠰᠠᠭᠤᠳᠠᠯ᠃


  ᠳᠥᠷᠪᠡᠳᠦᠭᠡᠷ ᠪᠦᠯᠦᠭ    ᠬᠢᠨᠠᠨ ᠪᠠᠶᠢᠴᠠᠭᠠᠬᠤ


  ᠬᠤᠷᠢᠨ ᠵᠢᠷᠭᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠡᠬᠡ ᠲᠦᠰᠦᠯ ᠤᠨ ᠬᠢᠨᠠᠭᠤᠯᠬᠤ ᠨᠤᠤᠷᠠᠬ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠦᠰᠦᠯ ᠤᠨ ᠬᠢᠨᠠᠭᠤᠯᠬᠤ ᠨᠤᠤᠷᠠᠬ ᠢ ᠬᠢᠨᠠᠨ ᠪᠠᠢᠢᠴᠠᠭᠠᠬᠤ ᠶᠢ ᠬᠠᠷᠢᠭᠤᠴᠠᠨ᠎ᠠ᠃

  ᠬᠤᠷᠢᠨ ᠳᠣᠯᠣᠳᠤᠭᠠᠷ ᠵᠦᠢᠯ   ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠡᠬᠡ ᠲᠦᠰᠦᠯ ᠤᠨ ᠬᠢᠨᠠᠭᠤᠯᠬᠤ ᠨᠤᠤᠷᠠᠬ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠦᠰᠦᠯ ᠤᠨ ᠬᠢᠨᠠᠭᠤᠯᠬᠤ ᠨᠤᠤᠷᠠᠬ ᠲᠤ ᠳᠣᠣᠷ᠎ᠠ ᠵᠢᠭᠰᠠᠭᠠᠭᠰᠠᠨ ᠪᠠᠢᠢᠳᠠᠯ ᠤᠳ ᠤᠨ ᠨᠢᠭᠡ ᠨᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠨᠠᠨ ᠪᠠᠶᠢᠴᠠᠭᠠᠬᠤ ᠪᠠᠨ ᠲᠦᠷ ᠬᠤᠶᠢᠰᠢᠯᠠᠭᠤᠯᠵᠤ ᠪᠣᠯᠤᠨ᠎ᠠ᠄

  ︵ ᠨᠢᠭᠡ ︶ ᠲᠣᠭᠲᠠᠭᠠᠯ ᠶᠣᠰᠣᠭᠠᠷ ᠢᠯᠡ ᠪᠠᠷ ᠰᠠᠨᠠᠯ ᠬᠤᠷᠢᠶᠠᠭᠰᠠᠨ ᠥᠭᠡᠢ︔

  ︵ ᠬᠤᠶᠠᠷ ︶ ᠳᠡᠭᠡᠳᠦ ᠪᠠᠶᠢᠷᠢ ᠶᠢᠨ ᠬᠠᠤᠯᠢ ᠶᠢ ᠶᠠᠭ ᠲᠣᠭᠲᠠᠭᠠᠵᠤ ᠪᠠᠶᠢᠬᠤ ᠪᠤᠶᠤ ᠵᠠᠰᠠᠪᠤᠷᠢ ᠣᠷᠣᠭᠤᠯᠵᠤ ᠪᠠᠶᠢᠬᠤ︔

  ︵ ᠭᠤᠷᠪᠠ ︶ ᠬᠤᠯᠪᠣᠭᠳᠠᠯ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠥᠴᠢᠷ ᠤᠨ ᠬᠢᠨ ᠡᠬᠡ ᠲᠦᠰᠦᠯ ᠤᠨ ᠬᠢᠨᠠᠭᠤᠯᠬᠤ ᠨᠤᠤᠷᠠᠭ ᠤᠨ ᠲᠤᠬᠠᠶ ᠨᠡᠯᠢᠶᠡᠳ ᠶᠡᠭᠡ ᠮᠠᠷᠭᠤᠭᠠᠨ ᠲᠠᠢ ᠪᠠᠶᠢᠵᠤ᠂ ᠲᠤᠭᠤᠷᠪᠢᠭᠰᠠᠨ ᠨᠢᠭᠡᠴᠢ ᠨᠢ ᠬᠤᠯᠪᠣᠭᠳᠠᠯ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠥᠴᠢᠷ ᠯᠦᠭᠡ ᠭᠦᠢᠴᠡᠳ ᠵᠥᠪᠳᠡᠯᠴᠡᠭᠰᠡᠨ ᠦᠭᠡᠢ︔

  ︵ ᠲᠥᠷᠪᠡ ︶ ᠲᠤᠭᠤᠷᠪᠢᠭᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠢᠶᠠᠷ ᠭᠠᠷ ᠤᠨ ᠥᠰᠥᠭ ᠵᠢᠷᠤᠭᠤᠯᠤᠭᠰᠠᠨ ᠥᠭᠡᠢ︔

  ︵ ᠲᠠᠪᠤ ︶ ᠲᠤᠭᠤᠷᠪᠢᠭᠰᠠᠨ ᠨᠢᠭᠡᠴᠢ ᠨᠢ ᠬᠢᠨᠠᠨ ᠪᠠᠶᠢᠴᠠᠭᠠᠯᠭᠠᠬᠤ ᠪᠠᠨ ᠲᠦᠷ ᠬᠤᠶᠢᠰᠢᠯᠠᠭᠤᠯᠬᠤ ᠪᠢᠴᠢᠭᠯᠡᠭᠰᠡᠨ ᠭᠤᠶᠤᠴᠢᠯᠠᠯ ᠭᠠᠷᠭᠠᠭᠰᠠᠨ︔

  ︵ ᠵᠢᠷᠭᠤᠭ᠎ᠠ ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠬᠢᠨᠠᠨ ᠪᠠᠶᠢᠴᠠᠭᠠᠬᠤ ᠶᠢ ᠲᠦᠷ ᠬᠤᠶᠢᠰᠢᠯᠠᠭᠤᠯᠵᠤ ᠪᠣᠯᠬᠤ ᠪᠠᠷ ᠲᠣᠭᠲᠠᠭᠠᠭᠰᠠᠨ ᠪᠤᠰᠤᠳ ᠪᠠᠶᠢᠳᠠᠯ᠃

  ᠬᠤᠷᠢᠨ ᠨᠠᠢᠮᠠᠳᠤᠭᠠᠷ ᠵᠦᠢᠯ   ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠡᠬᠡ ᠲᠦᠰᠦᠯ ᠤᠨ ᠬᠢᠨᠠᠭᠤᠯᠬᠤ ᠨᠣᠤᠷᠠᠭ ᠪᠠ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠡᠬᠡ ᠲᠦᠰᠦᠯ ᠤᠨ ᠬᠢᠨᠠᠭᠤᠯᠬᠤ ᠨᠣᠤᠷᠠᠭ ᠲᠤ ᠳᠣᠣᠷ᠎ᠠ ᠵᠢᠭᠰᠠᠭᠠᠭᠰᠠᠨ ᠪᠠᠢᠢᠳᠠᠯ ᠤᠳ ᠤᠨ ᠨᠢᠭᠡ ᠨᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠤᠭᠤᠷᠪᠢᠭᠰᠠᠨ ᠨᠢᠭᠡᠴᠢ ᠳᠤ ᠪᠤᠴᠠᠭᠠᠵᠤ ᠪᠣᠯᠤᠨ᠎ᠠ᠄

  ︵ ᠨᠢᠭᠡ ︶ ᠬᠠᠤᠯᠢ ᠲᠣᠭᠲᠠᠭᠠᠬᠤ ᠨᠥᠬᠦᠴᠡᠯ ᠬᠠᠷᠠᠬᠠᠨ ᠪᠣᠯᠪᠠᠰᠤᠷᠠᠩᠭᠤᠶ ᠪᠤᠰᠤ ᠪᠤᠶᠤ ᠴᠢᠬᠤᠯᠠ ᠶᠡᠭᠡ ᠬᠤᠪᠢᠷᠠᠯᠲᠠ ᠭᠠᠷᠤᠭᠰᠠᠨ︔

  ︵ ᠬᠤᠶᠠᠷ ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢᠶᠠᠷ ᠳᠠᠮᠵᠢᠭᠤᠯᠤᠨ ᠠᠰᠠᠭᠤᠳᠠᠯ ᠢ ᠰᠢᠢᠳᠪᠦᠷᠢᠯᠡᠵᠦ ᠪᠣᠯᠬᠤ︔

  ︵ ᠭᠤᠷᠪᠠ ︶ ᠬᠠᠤᠯᠢ ᠶᠣᠰᠣᠴᠢ ᠴᠢᠨᠠᠷ᠂ ᠵᠦᠢ ᠶᠣᠰᠣᠴᠢ ᠴᠢᠨᠠᠷ ᠤᠨ ᠴᠢᠬᠤᠯᠠ ᠶᠡᠭᠡ ᠠᠰᠠᠭᠤᠳᠠᠯ ᠣᠷᠣᠰᠢᠵᠤ ᠪᠠᠶᠢᠬᠤ︔

  ︵ ᠲᠦᠷᠪᠡ ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠪᠤᠴᠠᠭᠠᠵᠤ ᠪᠣᠯᠬᠤ ᠪᠠᠷ ᠲᠣᠭᠲᠠᠭᠠᠭᠰᠠᠨ ᠪᠤᠰᠤᠳ ᠪᠠᠶᠢᠳᠠᠯ᠃

  ᠬᠤᠷᠢ ᠶᠢᠰᠦᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠢᠨᠠᠨ ᠪᠠᠶᠢᠴᠠᠭᠠᠬᠤ ᠪᠠᠨ ᠲᠥᠷ ᠬᠤᠶᠢᠰᠢᠯᠠᠭᠤᠯᠬᠤ ᠪᠤᠶᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠡᠬᠡ ᠲᠦᠰᠦᠯ ᠤᠨ ᠬᠢᠨᠠᠭᠤᠯᠬᠤ ᠨᠤᠤᠷᠠᠭ ᠪᠠ ᠵᠠᠰᠠᠭ ᠤᠨ ᠣᠷᠳᠣᠨ ᠤ ᠲᠣᠭᠲᠠᠭᠠᠯ ᠲᠥᠷᠢᠮ ᠤᠨ ᠡᠬᠡ ᠲᠦᠰᠦᠯ ᠤᠨ ᠬᠢᠨᠠᠭᠤᠯᠬᠤ ᠨᠤᠤᠷᠠᠭ ᠢ ᠪᠤᠴᠠᠭᠠᠬᠤ ᠳᠤ ᠪᠠᠨ᠂ ᠲᠤᠭᠤᠷᠪᠢᠭᠰᠠᠨ ᠨᠢᠭᠡᠴᠢ ᠳᠤ ᠪᠢᠴᠢᠭᠯᠡᠨ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃

  ᠭᠤᠴᠢᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠵᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠡᠬᠡ ᠲᠦᠰᠦᠯ ᠤᠨ ᠬᠢᠨᠠᠭᠤᠯᠬᠤ ᠨᠣᠤᠷᠠᠭ ᠪᠠ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠡᠬᠡ ᠲᠦᠰᠦᠯ ᠤᠨ ᠬᠢᠨᠠᠭᠤᠯᠬᠤ ᠨᠣᠤᠷᠠᠭ ᠵᠢᠴᠢ ᠲᠣᠳᠣᠷᠬᠠᠶᠢᠯᠠᠯᠲᠠ ᠵᠢ ᠬᠢᠨᠠᠨ ᠪᠠᠶᠢᠴᠠᠭᠠᠬᠤ ᠳ᠋ᠤ ᠪᠠᠨ᠂ ᠨᠡᠶᠢᠭᠡᠮ ᠳᠤ ᠨᠡᠶᠢᠲᠡᠯᠡᠵᠦ᠂ ᠰᠠᠨᠠᠯ ᠬᠤᠷᠢᠶᠠᠵᠤ ᠪᠣᠯᠤᠨ᠎ᠠ᠃ ᠨᠡᠶᠢᠭᠡᠮ ᠳᠤ ᠨᠡᠶᠢᠲᠡᠯᠡᠵᠦ ᠰᠠᠨᠠᠯ ᠬᠤᠷᠢᠶᠠᠬᠤ ᠬᠤᠭᠤᠴᠠᠭ᠎ᠠ ᠬᠢᠵᠠᠭᠠᠷ ᠢ ᠶᠡᠷᠦ ᠳᠤ ᠪᠠᠨ ᠭᠤᠴᠢᠨ ᠡᠳᠦᠷ ᠡᠴᠠ ᠳᠤᠲᠠᠭᠤ ᠪᠠᠶᠢᠯᠭᠠᠵᠤ ᠪᠣᠯᠬᠤ ᠦᠭᠡᠢ᠃

  ᠭᠤᠴᠢᠨ ᠨᠢᠭᠡᠳᠦᠭᠡᠷ ᠵᠦᠢᠯ   ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠡᠬᠡ ᠲᠦᠰᠦᠯ ᠤᠨ ᠬᠢᠨᠠᠭᠤᠯᠬᠤ ᠨᠤᠤᠷᠠᠭ ᠪᠠ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠡᠬᠡ ᠲᠦᠰᠦᠯ ᠤᠨ ᠬᠢᠨᠠᠭᠤᠯᠬᠤ ᠨᠤᠤᠷᠠᠭ ᠨᠢ ᠴᠢᠬᠤᠯᠠ ᠶᠡᠭᠡ ᠠᠰᠢᠭ ᠲᠤᠰᠠ ᠶᠢᠨ ᠲᠣᠬᠢᠷᠠᠭᠤᠯᠤᠯᠲᠠ ᠳᠤ ᠬᠤᠯᠪᠣᠭᠳᠠᠭᠰᠠᠨ ᠪᠠᠢᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠤᠲᠠᠯᠠᠯᠲᠠ ᠬᠢᠵᠦ ᠠᠰᠠᠭᠤᠨ ᠯᠠᠪᠯᠠᠵᠤ᠂ ᠬᠤᠯᠪᠣᠭᠳᠠᠯ ᠪᠥᠬᠦᠶ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠬᠤ ᠬᠡᠷᠡᠭᠲᠡᠶ᠃

  ᠨᠤᠲᠠᠯᠠᠯᠲᠠ ᠬᠢᠵᠦ ᠠᠰᠠᠭᠤᠨ ᠯᠠᠪᠯᠠᠬᠤ ᠳᠤ ᠰᠠᠭᠤᠳᠠᠯ ᠤᠨ ᠬᠤᠷᠠᠯ᠂ ᠨᠤᠲᠠᠯᠠᠬᠤ ᠬᠤᠷᠠᠯ᠂ ᠭᠡᠷᠡᠴᠢᠯᠡᠭᠡ ᠰᠣᠨᠣᠰᠬᠤ ᠬᠤᠷᠠᠯ᠂ ᠨᠠᠶᠢᠳᠠᠨ ᠰᠤᠳᠤᠯᠬᠤ ᠵᠡᠷᠭᠡ ᠣᠯᠠᠨ ᠬᠡᠯᠪᠡᠷᠢ ᠶᠢ ᠠᠪᠴᠤ ᠪᠣᠯᠤᠨ᠎ᠠ᠃

  ᠭᠤᠴᠢᠨ ᠬᠤᠶᠠᠳᠤᠭᠠᠷ ᠵᠦᠢᠯ   ᠬᠤᠯᠪᠣᠭᠳᠠᠯ ᠪᠥᠬᠦᠶ ᠪᠠᠶᠢᠭᠤᠯᠤᠮᠵᠢ ᠪᠤᠶᠤ ᠰᠠᠯᠠᠭ᠎ᠠ ᠮᠥᠴᠢᠷ ᠨᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠡᠬᠡ ᠲᠦᠰᠦᠯ ᠤᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠡᠬᠡ ᠲᠦᠰᠦᠯ ᠤᠨ ᠬᠢᠨᠠᠭᠤᠯᠬᠤ ᠨᠣᠣᠷᠠᠭ ᠲᠤ ᠬᠤᠯᠪᠣᠭᠳᠠᠭᠰᠠᠨ ᠭᠤᠤᠯ ᠠᠷᠭ᠎ᠠ ᠬᠡᠮᠵᠢᠶ᠎ᠡ᠂ ᠬᠠᠮᠢᠶᠠᠷᠤᠯᠲᠠ ᠶᠢᠨ ᠪᠠᠶᠢᠭᠤᠯᠤᠯ᠂ ᠡᠷᠬᠡ ᠮᠡᠳᠡᠯ ᠤᠨ ᠬᠤᠪᠢᠶᠠᠷᠢᠯᠠᠯ ᠵᠡᠷᠭᠡ ᠠᠰᠠᠭᠤᠳᠠᠯ ᠳᠤ ᠠᠳᠠᠯᠢ ᠪᠤᠰᠤ ᠰᠠᠨᠠᠯ ᠲᠠᠢ ᠪᠠᠢᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠣᠬᠢᠴᠠᠭᠤᠯᠵᠤ ᠪᠠᠶᠢᠭᠠᠳ ᠰᠠᠨᠠᠯ ᠨᠢᠭᠡᠲᠡᠶ ᠪᠣᠯᠭᠠᠬᠤ ᠪᠠᠷ ᠴᠢᠷᠮᠠᠶᠢᠬᠤ ᠬᠡᠷᠡᠭᠲᠡᠶ᠃ ᠨᠡᠯᠢᠶᠡᠳ ᠶᠡᠭᠡ ᠮᠠᠷᠭᠤᠭᠠᠨ ᠲᠠᠢ ᠴᠢᠬᠤᠯᠠ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠤᠯᠪᠣᠭᠳᠠᠯ ᠪᠥᠬᠦᠶ ᠲᠤᠰᠬᠠᠢ ᠮᠡᠷᠭᠡᠵᠢᠯᠲᠡᠨ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠦᠨᠡᠯᠡᠨ ᠵᠢᠱᠢᠭᠦᠯᠵᠦ ᠪᠣᠯᠣᠨ᠎ᠠ᠃

  ᠭᠦᠢᠴᠡᠳ ᠵᠣᠬᠢᠴᠠᠭᠤᠯᠬᠤ ᠪᠠᠷ ᠳᠠᠮᠵᠢᠭᠠᠳ ᠰᠠᠨᠠᠯ ᠨᠢᠭᠡᠳᠴᠦ ᠳᠡᠢᠢᠯᠦᠭᠰᠡᠨ ᠦᠭᠡᠶ ᠪᠠᠢᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠭᠤᠣᠯ ᠠᠰᠠᠭᠤᠳᠠᠯ᠂ ᠬᠤᠯᠪᠣᠭᠳᠠᠯ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠥᠴᠢᠷ ᠤᠨ ᠰᠠᠨᠠᠯ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠰᠠᠨᠠᠯ ᠢ ᠴᠠᠭ ᠲᠤᠬᠠᠶ ᠳᠤ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠤᠳᠤᠷᠢᠳᠤᠯᠭ᠎ᠠ ᠳᠤ ᠮᠡᠳᠡᠭᠦᠯᠦᠨ ᠵᠣᠬᠢᠴᠠᠭᠤᠯᠬᠤ ᠪᠤᠶᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠲᠣᠭᠲᠠᠭᠠᠯᠭᠠᠬᠤ ᠬᠡᠷᠡᠭᠲᠡᠶ᠃

  ᠭᠤᠴᠢᠨ ᠭᠤᠷᠪᠠᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠯ᠎ᠡ ᠲᠠᠯ᠎ᠠ ᠶᠢᠨ ᠬᠢᠨ ᠤ ᠰᠠᠨᠠᠯ ᠢ ᠬᠢᠨᠠᠮᠠᠭᠠᠶ ᠰᠤᠳᠤᠯᠵᠤ᠂ ᠲᠤᠭᠤᠷᠪᠢᠭᠰᠠᠨ ᠨᠢᠭᠡᠴᠢ ᠯᠦᠭᠡ ᠵᠥᠪᠳᠡᠯᠴᠡᠭᠰᠡᠨ ᠤ ᠳᠠᠷᠠᠭ᠎ᠠ᠂ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠡᠬᠡ ᠲᠦᠰᠦᠯ ᠤᠨ ᠬᠢᠨᠠᠭᠤᠯᠬᠤ ᠨᠤᠤᠷᠠᠭ ᠪᠠ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠡᠬᠡ ᠲᠦᠰᠦᠯ ᠤᠨ ᠬᠢᠨᠠᠭᠤᠯᠬᠤ ᠨᠤᠤᠷᠠᠭ ᠲᠤ ᠵᠠᠰᠠᠪᠤᠷᠢ ᠣᠷᠣᠭᠤᠯᠵᠤ᠂ ᠡᠬᠡ ᠲᠦᠰᠦᠯ ᠪᠠ ᠡᠬᠡ ᠲᠦᠰᠦᠯ ᠤᠨ ᠲᠣᠳᠣᠷᠬᠠᠶᠢᠯᠠᠯᠲᠠ ᠶᠢ ᠪᠦᠷᠢᠯᠳᠦᠭᠦᠯᠬᠦ ᠬᠡᠷᠡᠭᠲᠡᠶ᠃

  ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠡᠬᠡ ᠲᠦᠰᠦᠯ ᠪᠠ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠡᠬᠡ ᠲᠦᠰᠦᠯ ᠵᠢᠴᠢ ᠲᠣᠳᠣᠷᠬᠠᠶᠢᠯᠠᠯᠲᠠ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠭᠠᠷ ᠤᠨ ᠦᠰᠦᠭ ᠵᠢᠷᠤᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠬᠡᠷᠡᠭᠲᠡᠶ᠃


  ᠲᠠᠪᠤᠳᠤᠭᠠᠷ ᠪᠦᠯᠦᠭ    ᠲᠣᠭᠲᠠᠭᠠᠬᠤ ᠪᠠ ᠨᠡᠶᠢᠲᠡᠯᠡᠬᠦ


  ᠭᠤᠴᠢᠨ ᠳᠥᠷᠪᠡᠳᠦᠭᠡᠷ ᠵᠦᠢᠯ    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠡᠬᠡ ᠲᠦᠰᠦᠯ ᠪᠠ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠡᠬᠡ ᠲᠦᠰᠦᠯ ᠢ ᠬᠢᠨᠠᠨ ᠵᠥᠪᠯᠡᠬᠦ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠣᠳᠣᠷᠬᠠᠶᠢᠯᠠᠯᠲᠠ ᠬᠢᠨ᠎ᠠ᠂ ᠲᠤᠭᠤᠷᠪᠢᠨᠨᠰᠠᠨ ᠨᠢᠭᠡᠴᠢ ᠨᠢ ᠲᠣᠳᠣᠷᠬᠠᠶᠢᠯᠠᠯᠲᠠ ᠬᠢᠭᠰᠡᠨ ᠴᠦ ᠪᠣᠯᠤᠨ᠎ᠠ᠃

  ᠭᠤᠴᠢᠨ ᠲᠠᠪᠤᠳᠤᠭᠠᠷ ᠵᠦᠢᠯ    ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠦᠰᠦᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ ᠪᠥᠬᠦᠳᠡ ᠬᠤᠷᠠᠯ ᠢᠶᠠᠷ ᠳᠠᠮᠵᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠰᠠᠨᠠᠯ ᠵᠥᠪᠯᠡᠯᠭᠡ ᠳ᠋ᠤ ᠭᠠᠷ ᠤᠨ ᠦᠰᠦᠭ ᠵᠢᠷᠤᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠶᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠵᠦ ᠬᠢᠨᠠᠨ ᠵᠥᠪᠯᠡᠭᠦᠯᠦᠨ᠎ᠡ᠃

  ᠭᠤᠴᠢᠨ ᠵᠢᠷᠭᠤᠳᠤᠭᠠᠷ ᠵᠦᠢᠯ   ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ ᠪᠦᠭᠦᠳᠡ ᠬᠤᠷᠠᠯ ᠢᠶᠠᠷ ᠳᠠᠮᠵᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠵᠠᠷᠯᠢᠭ ᠲᠤ ᠭᠠᠷ ᠤᠨ ᠦᠰᠦᠭ ᠵᠢᠷᠤᠵᠤ ᠨᠡᠶᠢᠲᠡᠯᠡᠨ᠎ᠡ᠃

  ᠭᠤᠴᠢᠨ ᠳᠣᠯᠣᠳᠤᠭᠠᠷ ᠵᠦᠢᠯ    ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠨᠡᠶᠢᠲᠡᠯᠡᠬᠦ ᠵᠠᠷᠯᠢᠭ ᠲᠤ ᠲᠣᠭᠲᠠᠭᠠᠭᠰᠠᠨ ᠪᠠᠶᠢᠭᠤᠯᠭ᠎ᠠ᠂ ᠳ᠋ᠤᠭᠠᠷᠯᠠᠯ᠂ ᠲᠣᠭᠲᠠᠭᠠᠯ ᠲᠦᠷᠢᠮ ᠤᠨ ᠨᠡᠷᠡᠶᠢᠳᠦᠯ᠂ ᠪᠠᠲᠤᠯᠠᠭᠰᠠᠨ ᠡᠳᠦᠷ ᠬᠤᠭᠤᠴᠠᠭ᠎ᠠ᠂ ᠬᠡᠷᠡᠭᠵᠢᠭᠦᠯᠬᠦ ᠡᠳᠦᠷ ᠬᠤᠭᠤᠴᠠᠭ᠎ᠠ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠭᠠᠷ ᠤᠨ ᠥᠰᠥᠭ ᠵᠢᠴᠢ ᠨᠡᠶᠢᠲᠡᠯᠡᠭᠰᠡᠨ ᠡᠳᠦᠷ ᠬᠤᠭᠤᠴᠠᠭ᠎ᠠ ᠶᠢ ᠲᠣᠳᠣᠷᠬᠠᠶ ᠪᠢᠴᠢᠬᠦ ᠬᠡᠷᠡᠭᠲᠡᠶ᠃

  ᠭᠤᠴᠢᠨ ᠨᠠᠢᠮᠠᠳᠤᠭᠠᠷ ᠵᠦᠢᠯ   ᠵᠠᠰᠠᠭ ᠤᠨ ᠣᠷᠳᠣᠨ ᠤ ᠲᠣᠭᠲᠠᠭᠠᠯ ᠲᠦᠷᠢᠮ ᠳᠤ ᠭᠠᠷ ᠤᠨ ᠥᠰᠥᠭ ᠵᠢᠷᠤᠵᠤ ᠨᠡᠶᠢᠲᠡᠯᠡᠭᠰᠡᠨ ᠤ ᠳᠠᠷᠠᠭ᠎ᠠ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ ︾ ᠪᠠ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠠᠤᠯᠢ ᠲᠦᠷᠢᠮ ᠤᠨ ᠮᠡᠳᠡᠭᠡ ᠵᠠᠩᠭᠢ ᠶᠢᠨ ᠰᠦᠯᠵᠢᠶ᠎ᠡ ᠵᠢᠴᠢ ︽ ᠥᠪᠥᠷ ᠮᠣᠩᠭᠤᠯ ᠤᠨ ᠡᠳᠦᠷ ᠤᠨ ᠰᠣᠨᠢᠨ ︾᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠳᠤ ᠴᠠᠭ ᠲᠤᠬᠠᠶ ᠳᠤ ᠨᠢ ᠨᠡᠶᠢᠲᠡᠯᠡᠬᠦ ᠬᠡᠷᠡᠭᠲᠡᠶ᠃

  ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ ︾ ᠳᠤ ᠨᠡᠶᠢᠲᠡᠯᠡᠭᠰᠡᠨ ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠲᠧᠺᠰᠲ ᠪᠣᠯ ᠪᠠᠷᠢᠮᠵᠢᠶᠠᠲᠤ ᠲᠧᠺᠰᠲ ᠪᠣᠯᠤᠨ᠎ᠠ᠃

  ᠭᠤᠴᠢ ᠶᠢᠰᠦᠳᠦᠭᠡᠷ ᠵᠦᠢᠯ   ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠨᠡᠶᠢᠲᠡᠯᠡᠭᠰᠡᠨ ᠡᠳᠦᠷ ᠡᠴᠠ ᠡᠬᠢᠯᠡᠨ ᠭᠤᠴᠢᠨ ᠡᠳᠦᠷ ᠤᠨ ᠳᠠᠷᠠᠭ᠎ᠠ ᠬᠡᠷᠡᠭᠵᠢᠭᠦᠯᠬᠦ ᠬᠡᠷᠡᠭᠲᠡᠶ︔ ᠤᠯᠤᠰ ᠤᠨ ᠠᠮᠤᠷ ᠲᠦᠪᠰᠢᠨ ᠳᠤ ᠬᠤᠯᠪᠣᠭᠳᠠᠬᠤ ᠪᠤᠶᠤ ᠨᠡᠶᠢᠲᠡᠯᠡᠭᠰᠡᠨ ᠤ ᠳᠠᠷᠠᠭ᠎ᠠ ᠳᠠᠷᠤᠢᠬᠠᠨ ᠬᠡᠷᠡᠭᠵᠢᠭᠦᠯᠬᠦ ᠥᠬᠡᠶ ᠪᠣᠯ ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠬᠡᠷᠡᠭᠵᠢᠭᠦᠯᠬᠦ ᠶᠢ ᠬᠠᠷᠰᠢᠯᠠᠬᠤ ᠵᠡᠷᠭᠡ ᠬᠠᠤᠯᠢ ᠪᠠᠷ ᠲᠣᠭᠲᠠᠭᠠᠭᠰᠠᠨ ᠪᠠᠶᠢᠳᠠᠯ ᠪᠠᠶᠢᠪᠠᠯ᠂ ᠨᠡᠶᠢᠲᠡᠯᠡᠭᠰᠡᠨ ᠡᠳᠦᠷ ᠡᠴᠠ ᠡᠬᠢᠯᠡᠨ ᠬᠡᠷᠡᠭᠵᠢᠭᠦᠯᠵᠦ ᠪᠣᠯᠤᠨ᠎ᠠ᠃


  ᠵᠢᠷᠭᠤᠳᠤᠭᠠᠷ ᠪᠦᠯᠦᠭ    ᠳᠠᠩᠰᠠᠯᠠᠭᠤᠯᠬᠤ᠂ ᠲᠠᠶᠢᠯᠪᠤᠷᠢᠯᠠᠬᠤ᠂ ᠦᠨᠡᠯᠡᠨ ᠵᠢᠱᠢᠬᠦ


  ᠳᠥᠴᠢᠳᠦᠭᠡᠷ ᠵᠦᠢᠯ    ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠨᠡᠶᠢᠲᠡᠯᠡᠭᠰᠡᠨ ᠤ ᠳᠠᠷᠠᠭᠠᠬᠢ ᠭᠤᠴᠢᠨ ᠡᠳᠦᠷ ᠤᠨ ᠳᠣᠲᠣᠷ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠠᠩᠰᠠᠯᠠᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠳᠠᠩᠰᠠᠯᠠᠭᠤᠯᠬᠤ ᠠᠵᠢᠯ ᠢ ᠪᠣᠳᠠᠲᠠᠶ ᠬᠠᠷᠢᠭᠤᠴᠠᠨ᠎ᠠ᠃

  ᠳᠥᠴᠢᠨ ᠨᠢᠭᠡᠳᠦᠭᠡᠷ ᠵᠦᠢᠯ   ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠲᠠᠶᠢᠯᠪᠤᠷᠢᠯᠠᠬᠤ ᠡᠷᠬᠡ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠨ᠎ᠠ᠃

  ᠵᠠᠰᠠᠭ ᠤᠨ ᠣᠷᠳᠣᠨ ᠤ ᠲᠣᠭᠲᠠᠭᠠᠯ ᠳᠦᠷᠢᠮ ᠤᠨ ᠲᠣᠭᠲᠠᠭᠠᠯ ᠨᠢ ᠪᠣᠳᠠᠲᠠᠶ ᠠᠭᠤᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠴᠢᠬᠤᠯᠠ ᠲᠠᠢ ᠪᠤᠶᠤ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠭᠲᠠᠭᠠᠭᠰᠠᠨ ᠤ ᠳᠠᠷᠠᠭ᠎ᠠ ᠰᠢᠨ᠎ᠡ ᠪᠠᠶᠢᠳᠠᠯ ᠭᠠᠷᠴᠤ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠲᠣᠬᠢᠷᠠᠭᠤᠯᠤᠨ ᠬᠡᠷᠡᠭᠯᠡᠬᠦ ᠦᠨᠳᠦᠰᠦᠯᠡᠯ ᠢ ᠲᠣᠳᠣᠷᠬᠠᠶᠢᠯᠠᠬᠤ ᠴᠢᠬᠤᠯᠠ ᠲᠠᠢ ᠪᠣᠯ ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠬᠡᠷᠡᠭᠵᠢᠭᠦᠯᠬᠦ ᠪᠠᠢᠢᠭᠤᠯᠭ᠎ᠠ ᠡᠴᠠ ᠲᠠᠶᠢᠯᠪᠤᠷᠢᠯᠠᠬᠤ ᠰᠠᠨᠠᠯ ᠳᠤᠷᠠᠳᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠰᠢᠭᠤᠳ ᠰᠠᠨᠠᠯ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠭᠰᠡᠨ ᠴᠦ ᠪᠣᠯᠤᠨ᠎ᠠ᠃

  ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠲᠠᠶᠢᠯᠪᠤᠷᠢᠯᠠᠯᠲᠠ ᠨᠢ ᠵᠠᠰᠠᠭ ᠤᠨ ᠣᠷᠳᠣᠨ ᠤ ᠲᠣᠭᠲᠠᠭᠠᠯ ᠲᠦᠷᠢᠮ ᠲᠠᠢ ᠠᠳᠠᠯᠢᠬᠠᠨ ᠬᠦᠴᠦᠨ ᠲᠠᠢ᠃

  ᠳᠥᠴᠢᠨ ᠬᠤᠶᠠᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠡᠴᠠ ᠵᠠᠰᠠᠭ ᠤᠨ ᠣᠷᠳᠣᠨ ᠤ ᠲᠣᠭᠲᠠᠭᠠᠯ ᠲᠦᠷᠢᠮ ᠪᠤᠶᠤ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠬᠤᠯᠪᠣᠭᠳᠠᠯ ᠪᠥᠬᠦᠶ ᠲᠣᠭᠲᠠᠭᠠᠯ ᠳᠤ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠬᠢᠬᠦ ᠶᠢ ᠵᠣᠬᠢᠶᠠᠨ ᠪᠠᠶᠢᠭᠤᠯᠬᠤ ᠶᠢᠨ ᠬᠠᠮᠲᠤ ᠦᠨᠡᠯᠡᠨ ᠵᠢᠱᠢᠭᠰᠡᠨ ᠳ᠋ᠦᠩ ᠢᠶᠠᠷ ᠬᠤᠯᠪᠣᠭᠳᠠᠯ ᠪᠥᠬᠦᠶ ᠵᠠᠰᠠᠭ ᠤᠨ ᠣᠷᠳᠣᠨ ᠤ ᠲᠣᠭᠲᠠᠭᠠᠯ ᠲᠦᠷᠢᠮ ᠳᠤ ᠵᠠᠰᠠᠪᠤᠷᠢ ᠣᠷᠣᠭᠤᠯᠬᠤ᠂ ᠬᠦᠴᠦᠨ ᠥᠬᠡᠶ ᠪᠣᠯᠭᠠᠬᠤ ᠶᠢᠨ ᠴᠢᠬᠤᠯᠠ ᠯᠠᠪᠯᠠᠯᠲᠠ ᠪᠣᠯᠭᠠᠵᠤ ᠪᠣᠯᠤᠨ᠎ᠠ᠃

  ᠳᠥᠴᠢᠨ ᠭᠤᠷᠪᠠᠳᠤᠭᠠᠷ ᠵᠦᠢᠯ    ᠵᠠᠰᠠᠭ ᠤᠨ ᠣᠷᠳᠣᠨ ᠤ ᠲᠣᠭᠲᠠᠭᠠᠯ ᠲᠦᠷᠢᠮ ᠳᠤ ᠳᠣᠣᠷ᠎ᠠ ᠵᠢᠭᠰᠠᠭᠠᠭᠰᠠᠨ ᠪᠠᠢᠢᠳᠠᠯ ᠤᠳ ᠤᠨ ᠨᠢᠭᠡ ᠨᠢ ᠪᠠᠶᠢᠪᠠᠯ᠂ ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠬᠡᠷᠡᠭᠵᠢᠭᠦᠯᠬᠦ ᠪᠠᠶᠢᠭᠤᠯᠭ᠎ᠠ ᠨᠢ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠬᠢᠬᠦ ᠬᠡᠷᠡᠭᠲᠡᠶ᠃ ᠴᠢᠬᠤᠯᠠ ᠲᠠᠢ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠬᠡᠷᠡᠭᠵᠢᠭᠦᠯᠬᠦ ᠪᠠᠶᠢᠭᠤᠯᠭ᠎ᠠ ᠲᠠᠢ ᠬᠠᠮᠲᠤᠷᠠᠨ ᠦᠨᠡᠯᠡᠨ ᠵᠢᠱᠢᠯᠲᠡ ᠥᠷᠨᠢᠭᠦᠯᠵᠦ ᠪᠣᠯᠤᠨ᠎ᠠ᠄

  ︵ ᠨᠢᠭᠡ ︶ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠣᠯᠭᠠᠨ ᠳᠡᠭᠡᠭᠰᠢᠯᠡᠭᠦᠯᠬᠦ ᠪᠠᠷ ᠪᠠᠶᠢᠭ᠎ᠠ︔

  ︵ ᠬᠤᠶᠠᠷ ︶ ᠴᠢᠬᠤᠯᠠ ᠶᠡᠭᠡ ᠵᠠᠰᠠᠪᠤᠷᠢ ᠣᠷᠣᠭᠤᠯᠬᠤ ᠪᠠᠷ ᠪᠠᠶᠢᠭ᠎ᠠ︔

  ︵ ᠭᠤᠷᠪᠠ ︶ ᠬᠦᠴᠦᠨ ᠦᠭᠡᠢ ᠪᠣᠯᠭᠠᠬᠤ ᠪᠠᠷ ᠪᠠᠶᠢᠭ᠎ᠠ ᠪᠣᠯᠪᠠᠴᠤ ᠨᠡᠯᠢᠶᠡᠳ ᠶᠡᠭᠡ ᠮᠠᠷᠭᠤᠭᠠᠨ ᠲᠠᠢ ᠪᠠᠶᠢᠬᠤ︔

  ︵ ᠲᠦᠷᠪᠡ ︶ ᠠᠵᠤ ᠠᠬᠤᠢ ᠨᠡᠶᠢᠭᠡᠮ ᠤᠨ ᠬᠥᠭᠵᠢᠯᠲᠡ ᠪᠤᠶᠤ ᠤᠯᠠᠨ ᠨᠡᠶᠢᠲᠡ ᠶᠢᠨ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠮᠥᠷᠲᠡᠭᠡᠨ ᠬᠡᠷᠡᠭᠵᠢᠭᠦᠯᠦᠭᠡᠳ ᠪᠦᠬᠦᠯᠢ ᠲᠠᠪᠤᠨ ᠵᠢᠯ ᠪᠣᠯᠤᠭᠰᠠᠨ︔

  ︵ ᠲᠠᠪᠤ ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠵᠢᠴᠢ ᠨᠡᠶᠢᠭᠡᠮ ᠨᠡᠶᠢᠲᠡ ᠶᠢᠨ ᠲᠤᠰᠬᠠᠭᠰᠠᠨ ᠠᠰᠠᠭᠤᠳᠠᠯ ᠢᠶᠠᠷ ᠨᠡᠯᠢᠶᠡᠳ ᠲᠥᠪᠯᠡᠷᠡᠩᠭᠦᠢ ᠪᠠᠶᠢᠬᠤ︔

  ︵ ᠵᠢᠷᠭᠤᠭ᠎ᠠ ︶ ᠦᠨᠡᠯᠡᠨ ᠵᠢᠱᠢᠬᠦ ᠴᠢᠬᠤᠯᠠ ᠲᠠᠢ ᠪᠤᠰᠤᠳ ᠪᠠᠶᠢᠳᠠᠯ᠃

  ᠵᠠᠰᠠᠭ ᠤᠨ ᠣᠷᠳᠣᠨ ᠤ ᠲᠣᠭᠲᠠᠭᠠᠯ ᠳᠦᠷᠢᠮ ᠢ ᠬᠡᠷᠡᠭᠵᠢᠭᠦᠯᠬᠦ ᠪᠠᠢᠢᠭᠤᠯᠭ᠎ᠠ ᠪᠤᠶᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠶᠢ ᠬᠢᠯᠭᠡᠵᠦ ᠪᠣᠯᠤᠨ᠎ᠠ᠃

  ᠳᠡᠭᠡᠳᠦ ᠪᠠᠶᠢᠷᠢ ᠵᠢᠨ ᠬᠠᠤᠯᠢ ᠳ᠋ᠤ ᠲᠤᠬᠢᠷᠠᠭᠤᠯᠤᠯᠳᠠ ᠬᠢᠭᠰᠡᠨ ᠪᠤᠶᠤ ᠪᠠᠴᠢᠮ ᠪᠠᠶᠢᠳᠠᠯ ᠲᠤᠯᠭᠠᠷᠠᠭᠰᠠᠨ ᠡᠴᠠ ᠪᠤᠯᠵᠤ ᠵᠠᠰᠠᠭ ᠤᠨ ᠣᠷᠳᠣᠨ ᠤ ᠲᠣᠭᠲᠠᠭᠠᠯ ᠲᠦᠷᠢᠮ ᠳ᠋ᠤ ᠵᠠᠰᠠᠪᠤᠷᠢ ᠣᠷᠣᠭᠤᠯᠬᠤ ᠴᠢᠬᠤᠯᠠ ᠲᠠᠢ ᠪᠣᠯ᠂ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠵᠢ ᠬᠢᠬᠦ ᠦᠭᠡᠢ ᠪᠠᠢᠢᠨᠨᠰᠠᠨ ᠴᠤ ᠪᠣᠯᠤᠨ᠎ᠠ᠃

  ᠳᠥᠴᠢᠨ ᠳᠥᠷᠪᠡᠳᠦᠭᠡᠷ ᠵᠦᠢᠯ    ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠳᠤ ᠪᠠᠨ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠬᠠᠤᠯᠢ ᠲᠣᠭᠲᠠᠭᠠᠭᠰᠠᠨ ᠶᠠᠰᠤ ᠴᠢᠨᠠᠷ᠂ ᠬᠡᠷᠡᠭᠵᠢᠭᠦᠯᠦᠭᠰᠡᠨ ᠠᠮᠵᠢᠯᠲᠠ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠨᠥᠯᠥᠭᠡ ᠵᠡᠷᠭᠡ ᠶᠢ ᠪᠠᠢᠢᠴᠠᠭᠠᠬᠤ ᠪᠠ ᠦᠨᠡᠯᠡᠵᠦ᠂ ᠦᠷᠭᠦᠯᠵᠢᠯᠡᠨ ᠬᠡᠷᠡᠭᠵᠢᠭᠦᠯᠬᠦ᠂ ᠵᠠᠰᠠᠪᠤᠷᠢ ᠣᠷᠣᠭᠤᠯᠬᠤ ᠪᠤᠶᠤ ᠬᠦᠴᠦᠨ ᠥᠬᠡᠶ ᠪᠣᠯᠭᠠᠬᠤ ᠰᠠᠨᠠᠭᠤᠯᠭ᠎ᠠ ᠳᠤᠷᠠᠳᠴᠤ᠂ ᠬᠠᠤᠯᠢ ᠲᠣᠭᠲᠠᠭᠠᠭᠰᠠᠨ ᠤ ᠳᠠᠷᠠᠭᠠᠬᠢ ᠦᠨᠡᠯᠡᠨ ᠵᠢᠱᠢᠯᠲᠡ ᠶᠢᠨ ᠮᠡᠳᠡᠭᠦᠯᠦᠯᠲᠡ ᠶᠢ ᠪᠦᠷᠢᠯᠳᠦᠭᠦᠯᠬᠦ ᠬᠡᠷᠡᠭᠲᠡᠶ᠃

  ᠳᠥᠴᠢᠨ ᠲᠠᠪᠤᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠥᠭᠡᠷᠡᠴᠢᠯᠡᠯᠲᠡ ᠶᠢ ᠪᠥᠬᠦ ᠲᠠᠯ᠎ᠠ ᠪᠡᠷ ᠭᠦᠨᠵᠡᠭᠡᠶᠢᠷᠡᠭᠦᠯᠬᠦ᠂ ᠠᠵᠤ ᠠᠬᠤᠶ ᠨᠡᠶᠢᠭᠡᠮ ᠤᠨ ᠬᠥᠭᠵᠢᠯᠲᠡ ᠵᠢᠨ ᠬᠡᠷᠡᠭᠴᠡᠭᠡ ᠵᠢᠴᠢ ᠳᠡᠭᠡᠳᠦ ᠪᠠᠶᠢᠷᠢ ᠵᠢᠨ ᠬᠠᠤᠯᠢ ᠵᠢ ᠲᠣᠭᠲᠠᠭᠠᠭᠰᠠᠨ᠂ ᠵᠠᠰᠠᠪᠤᠷᠢ ᠣᠷᠣᠭᠤᠯᠤᠭᠰᠠᠨ᠂ ᠬᠦᠴᠦᠨ ᠥᠬᠡᠶ ᠪᠣᠯᠭᠠᠭᠰᠠᠨ ᠪᠠᠶᠢᠳᠠᠯ ᠢ ᠦᠨᠳᠦᠰᠦᠯᠡᠨ᠂ ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠢᠯᠭᠠᠷᠠᠭᠤᠯᠬᠤ ᠠᠵᠢᠯ ᠵᠢᠨᠨ ᠴᠠᠭ ᠲᠤᠬᠠᠶ ᠳᠤ ᠨᠢ ᠵᠣᠬᠢᠶᠠᠨ ᠪᠠᠢᠢᠭᠤᠯᠵᠤ ᠥᠷᠨᠢᠭᠦᠯᠬᠦ ᠬᠡᠷᠡᠭᠲᠡᠶ᠃

  ᠳᠥᠴᠢᠨ ᠵᠢᠷᠭᠤᠳᠤᠭᠠᠷ ᠵᠦᠢᠯ   ᠵᠠᠰᠠᠭ ᠤᠨ ᠣᠷᠳᠣᠨ ᠤ ᠲᠣᠭᠲᠠᠭᠠᠯ ᠲᠦᠷᠢᠮ ᠳᠤ ᠳᠣᠣᠷ᠎ᠠ ᠵᠢᠭᠰᠠᠭᠠᠭᠰᠠᠨ ᠪᠠᠢᠢᠳᠠᠯ ᠤᠳ ᠤᠨ ᠨᠢᠭᠡ ᠨᠢ ᠪᠠᠶᠢᠪᠠᠯ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠵᠠᠰᠠᠪᠤᠷᠢ ᠣᠷᠣᠭᠤᠯᠬᠤ ᠪᠠ ᠬᠦᠴᠦᠨ ᠥᠬᠡᠶ ᠪᠣᠯᠭᠠᠬᠤ ᠰᠠᠨᠠᠭᠤᠯᠭ᠎ᠠ ᠶᠢ ᠴᠠᠭ ᠲᠤᠬᠠᠶ ᠳᠤ ᠨᠢ ᠳᠤᠷᠠᠳᠬᠤ ᠬᠡᠷᠡᠭᠲᠡᠶ᠄

  ︵ ᠨᠢᠭᠡ ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠱᠠᠭᠠᠷᠳᠠᠯᠭ᠎ᠠ ᠯᠤᠭ᠎ᠠ ᠦᠯᠦ ᠨᠡᠢᠢᠴᠡᠭᠰᠡᠨ︔

  ︵ ᠬᠤᠶᠠᠷ ︶ ᠰᠢᠨ᠎ᠡ ᠪᠠᠷ ᠲᠣᠭᠲᠠᠭᠠᠭᠰᠠᠨ ᠳᠡᠭᠡᠳᠦ ᠪᠠᠶᠢᠷᠢ ᠶᠢᠨ ᠬᠠᠤᠯᠢ ᠯᠤᠭ᠎ᠠ ᠬᠠᠷᠰᠢᠯᠳᠤᠭᠰᠠᠨ ᠪᠤᠶᠤ ᠦᠨᠳᠦᠰᠦᠯᠡᠯ ᠪᠣᠯᠭᠠᠭᠰᠠᠨ ᠳᠡᠭᠡᠳᠦ ᠪᠠᠶᠢᠷᠢ ᠶᠢᠨ ᠬᠠᠤᠯᠢ ᠶᠢ ᠵᠠᠰᠠᠪᠤᠷᠢᠯᠠᠭᠰᠠᠨ᠂ ᠬᠦᠴᠦᠨ ᠦᠭᠡᠢ ᠪᠣᠯᠭᠠᠭᠰᠠᠨ︔

  ︵ ᠭᠤᠷᠪᠠ ︶ ᠭᠤᠣᠯ ᠠᠭᠤᠯᠭ᠎ᠠ ᠨᠢ ᠰᠢᠨ᠎ᠡ ᠪᠠᠷ ᠨᠡᠶᠢᠲᠡᠯᠡᠭᠰᠡᠨ ᠬᠠᠤᠯᠢ ᠴᠠᠭᠠᠵᠠ᠂ ᠬᠠᠤᠯᠢ ᠲᠣᠭᠲᠠᠭᠠᠯ ᠢᠶᠠᠷ ᠣᠷᠣᠯᠠᠭᠳᠠᠭᠰᠠᠨ︔

  ︵ ᠳᠥᠷᠪᠡ ︶ ᠲᠣᠬᠢᠷᠠᠭᠤᠯᠤᠯᠲᠠ ᠬᠢᠬᠦ ᠡᠲᠡᠭᠡᠳ ᠨᠢ ᠠᠷᠢᠯᠵᠤ ᠤᠰᠠᠳᠤᠬᠰᠠᠨ ᠪᠤᠶᠤ ᠬᠤᠪᠢᠷᠠᠯᠲᠠ ᠭᠠᠷᠤᠭᠰᠠᠨ︔

  ︵ ᠲᠠᠪᠤ ︶ ᠬᠡᠷᠡᠭᠵᠢᠭᠦᠯᠬᠦ ᠭᠤᠤᠯ ᠴᠣᠭᠴᠠ ᠳᠤ ᠬᠤᠪᠢᠷᠠᠯᠲᠠ ᠭᠠᠷᠤᠭᠰᠠᠨ︔

  ︵ ᠵᠢᠷᠭᠤᠭ᠎ᠠ ︶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠬᠤ ᠦᠭᠡᠢ ᠪᠣᠯᠣᠭᠰᠠᠨ︔

  ︵ ᠲᠤᠯᠤᠭ᠎ᠠ ︶ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭᠠᠬᠤ ᠶᠣᠰᠣᠲᠠᠢ ᠪᠤᠰᠤᠳ ᠪᠠᠶᠢᠳᠠᠯ᠃


  ᠳᠣᠯᠣᠳᠤᠭᠠᠷ ᠪᠦᠯᠦᠭ    ᠳᠠᠭᠠᠯᠳᠤᠭᠤᠯᠤᠯ ᠳᠦᠷᠢᠮ

  

  ᠳᠥᠴᠢᠨ ᠳᠣᠯᠣᠳᠤᠭᠠᠷ ᠵᠦᠢᠯ    ᠵᠠᠰᠠᠭ ᠤᠨ ᠣᠷᠳᠣᠨ ᠤ ᠲᠣᠭᠲᠠᠭᠠᠯ ᠲᠦᠷᠢᠮ ᠳ᠋ᠤ ᠵᠠᠰᠠᠪᠤᠷᠢ ᠣᠷᠣᠭᠤᠯᠬᠤ᠂ ᠬᠦᠴᠦᠨ ᠥᠬᠡᠶ ᠪᠣᠯᠭᠠᠬᠤ ᠳᠡᠰ ᠳᠠᠷᠠᠭᠠᠯᠠᠯ ᠳ᠋ᠤ ᠲᠣᠰ ᠲᠣᠭᠲᠠᠭᠠᠯ ᠢ ᠲᠣᠬᠢᠷᠠᠭᠤᠯᠤᠨ ᠬᠡᠷᠡᠭᠯᠡᠨ᠎ᠡ᠃

  ᠳᠥᠴᠢᠨ ᠨᠠᠢᠮᠠᠳᠤᠭᠠᠷ ᠵᠦᠢᠯ   ᠲᠣᠭᠤᠷᠢᠭ ᠪᠠᠶᠢᠭᠤᠯᠤᠭᠰᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠦᠰᠦᠯ ᠢ ᠲᠤᠭᠤᠷᠪᠢᠨ ᠲᠣᠭᠲᠠᠭᠠᠬᠤ ᠪᠠ ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠲᠣᠭᠲᠠᠭᠠᠬᠤ ᠳᠤ ᠪᠠᠨ ᠲᠤᠰ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃

  ᠳᠥᠴᠢ ᠶᠢᠰᠦᠳᠦᠭᠡᠷ ᠵᠦᠢᠯ   ᠲᠣᠰ ᠲᠣᠭᠲᠠᠭᠠᠯ ᠢ 2020 ᠣᠨ ᠤ 3 ᠳ᠋ᠤᠭᠠᠷ ᠰᠠᠷ᠎ᠠ ᠶᠢᠨ 1 ᠤ ᠡᠳᠦᠷ ᠡᠴᠠ ᠡᠬᠢᠯᠡᠵᠦ ᠬᠡᠷᠡᠭᠵᠢᠭᠦᠯᠦᠨ᠎ᠡ᠃ 1998 ᠣᠨ ᠤ 10 ᠳ᠋ᠤᠭᠠᠷ ᠰᠠᠷ᠎ᠠ ᠵᠢᠨ 29 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠡᠬᠡ ᠲᠦᠰᠦᠯ ᠢ ᠲᠤᠭᠤᠷᠪᠢᠨ ᠲᠣᠭᠲᠠᠭᠠᠬᠤ ᠪᠠ ᠲᠣᠭᠲᠠᠭᠠᠯ ᠲᠦᠷᠢᠮ ᠢ ᠲᠣᠭᠲᠠᠭᠠᠬᠤ ᠲᠣᠭᠲᠠᠭᠠᠯ ︾︵ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 91 ᠳ᠋ᠤᠭᠡᠷ ᠲᠣᠭᠠᠲᠤ ︶ ᠢ ᠬᠠᠮᠲᠤ ᠳ᠋ᠤ ᠨᠢ ᠬᠦᠴᠦᠨ ᠥᠬᠡᠶ ᠪᠣᠯᠭᠠᠨ᠎ᠠ᠃


ᠥᠪᠥᠷ ᠮᠣᠩᠭᠤᠯ ᠤᠨ  ᠥᠪᠡᠷᠲᠡᠭᠡᠨ ᠵᠠᠰᠠᠬᠤ  ᠣᠷᠣᠨ ᠤ   ᠵᠠᠰᠠᠭ

      ᠵᠠᠬᠢᠷᠭᠠᠨ     ᠠᠵᠢᠯ     ᠦᠢᠯᠡᠰ  ᠤᠨ    ᠴᠢᠨᠠᠷᠲᠠᠶ    ᠤᠯᠤᠰ        ᠤᠨ

ᠥᠮᠴᠢᠯᠡᠯᠲᠦ  ᠡᠳ᠋  ᠬᠥᠷᠥᠩᠭᠡ ᠶᠢᠨ  ᠬᠠᠮᠢᠶᠠᠷᠤᠯᠲᠠ ᠶᠢᠨ  ᠠᠷᠭ᠎᠎ᠠ


  ︵ 2022 ᠣᠨ ᠤ 12 ᠳ᠋ᠤᠭᠠᠷ ᠰᠠᠷ᠎ᠠ ᠶᠢᠨ 28 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 257 ᠳ᠋ᠤᠭᠠᠷ ᠲᠣᠭᠠᠲᠤ ᠪᠠᠷ ᠨᠡᠶᠢᠲᠡᠯᠡᠪᠡ 2024 ᠣᠨ ᠤ 5 ᠳ᠋ᠤᠭᠠᠷ ᠰᠠᠷ᠎ᠠ ᠶᠢᠨ 8 ᠤ ᠡᠳᠦᠷ ᠲᠤ ᠨᠡᠶᠢᠲᠡᠯᠡᠭᠰᠡᠨ ︽ ᠵᠠᠰᠠᠭ ᠤᠨ ᠣᠷᠳᠣᠨ ᠤ ᠬᠡᠰᠡᠭ ᠲᠣᠭᠲᠠᠭᠠᠯ ᠲᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠥᠬᠡᠶ ᠪᠣᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ︾ ᠢ ᠦᠨᠳᠦᠰᠦᠯᠡᠨ ᠵᠠᠰᠠᠪᠤᠷᠢ ᠣᠷᠣᠭᠤᠯᠪᠠ ︶


  ᠨᠢᠭᠡᠳᠦᠭᠡᠷ ᠪᠦᠯᠦᠭ    ᠶᠡᠷᠦᠩᠬᠡᠶ ᠳᠦᠷᠢᠮ


  ᠨᠢᠭᠡᠳᠦᠭᠡᠷ ᠵᠦᠢᠯ   ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠬᠢᠭᠡᠳ ᠬᠢᠨᠠᠯᠲᠠ ᠲᠠᠯᠪᠢᠯᠲᠠ ᠶᠢ ᠴᠢᠩᠭᠠᠳᠬᠠᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠮᠤᠷ ᠲᠦᠪᠰᠢᠨ ᠪᠠ ᠪᠦᠷᠢᠨ ᠪᠦᠲᠦᠨ ᠪᠠᠶᠢᠬᠤ ᠶᠢ ᠬᠠᠮᠠᠭᠠᠯᠠᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠢᠨ ᠲᠤᠰᠠᠳᠠ᠂ ︽ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠦᠷᠢᠮ ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃

  ᠬᠤᠶᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠳᠤ ᠲᠣᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃

  ᠭᠤᠷᠪᠠᠳᠤᠭᠠᠷ ᠵᠦᠢᠯ   ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠦᠷᠦᠩᠭᠡ ᠭᠡᠳᠡᠭ ᠨᠢ ᠵᠠᠰᠠᠭ ᠵᠠᠬᠢᠷᠭᠠᠨ ᠤ ᠨᠢᠭᠡᠴᠢ᠂ ᠠᠵᠢᠯ ᠦᠢᠯᠡᠰ ᠤᠨ ᠨᠢᠭᠡᠴᠢ ᠶᠢᠨ ᠳᠣᠣᠷ᠎ᠠ ᠵᠢᠭᠰᠠᠭᠠᠭᠰᠠᠨ ᠠᠷᠭ᠎ᠠ ᠬᠡᠯᠪᠡᠷᠢ ᠪᠠᠷ ᠣᠯᠤᠭᠰᠠᠨ ᠪᠤᠶᠤ ᠪᠦᠷᠢᠯᠳᠦᠭᠦᠯᠦᠭᠰᠡᠨ ᠡᠳ᠋ ᠬᠦᠷᠦᠩᠭᠡ ᠶᠢ ᠵᠢᠭᠠᠵᠤ ᠪᠣᠢ᠄

  ︵ ᠨᠢᠭᠡ ︶ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠭᠡᠳ ᠪᠦᠷᠢᠯᠳᠦᠭᠰᠡᠨ ᠡᠳ᠋ ᠬᠦᠷᠦᠩᠭᠡ︔

  ︵ ᠬᠤᠶᠠᠷ ︶ ᠰᠢᠯᠵᠢᠭᠦᠯᠦᠨ ᠥᠭᠬᠦ ᠶᠢ ᠬᠦᠯᠢᠶᠡᠨ ᠠᠪᠤᠭᠰᠠᠨ ᠪᠤᠶᠤ ᠰᠢᠯᠵᠢᠭᠦᠯᠦᠨ ᠥᠭᠭᠦᠭᠰᠡᠨ᠂ ᠰᠣᠯᠢᠭᠰᠠᠨ ᠡᠴᠠ ᠪᠤᠶ ᠪᠣᠯᠤᠭᠰᠠᠨ ᠡᠳ᠋ ᠬᠥᠷᠥᠩᠭᠡ︔

  ︵ ᠭᠤᠷᠪᠠ ︶ ᠪᠡᠯᠡᠭᠯᠡᠨ ᠬᠦᠷᠭᠡᠭᠰᠡᠨ ᠢ ᠬᠦᠯᠢᠶᠡᠨ ᠠᠪᠬᠤ ᠶᠢᠨ ᠬᠠᠮᠲᠤ ᠤᠯᠤᠰ ᠤᠨ ᠥᠮᠴᠢᠯᠡᠯᠲᠦ ᠡᠳ᠋ ᠬᠥᠷᠥᠩᠭᠡ ᠪᠠᠷ ᠨᠤᠲᠠᠯᠠᠨ ᠲᠣᠭᠲᠠᠭᠠᠭᠰᠠᠨ︔

  ︵ ᠲᠦᠷᠪᠡ ︶ ᠤᠯᠤᠰ ᠤᠨ ᠥᠮᠴᠢᠯᠡᠯᠲᠦ ᠪᠤᠰᠤᠳ ᠡᠳ᠋ ᠬᠦᠷᠦᠩᠭᠡ᠃

  ᠳᠥᠷᠪᠡᠳᠦᠭᠡᠷ ᠵᠦᠢᠯ   ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠢᠯᠡᠷᠡᠬᠦ ᠬᠡᠯᠪᠡᠷᠢ ᠨᠢ᠄ ᠭᠦᠢᠯᠭᠡᠭᠡᠨ ᠤ ᠡᠳ᠋ ᠬᠥᠷᠥᠩᠭᠡ᠂ ᠲᠣᠭᠲᠠᠮᠠᠯ ᠡᠳ᠋ ᠬᠥᠷᠥᠩᠭᠡ᠂ ᠪᠠᠶᠢᠭᠤᠯᠵᠤ ᠪᠠᠶᠢᠭ᠎ᠠ ᠪᠠᠷᠢᠯᠭ᠎ᠠ᠂ ᠳᠠᠯᠳᠠ ᠬᠥᠷᠥᠩᠭᠡ᠂ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ᠂ ᠵᠠᠰᠠᠭ ᠤᠨ ᠣᠷᠳᠣᠨ ᠤ ᠨᠥᠭᠡᠴᠡ ᠡᠳ᠋ ᠪᠠᠷᠠᠭ᠎ᠠ᠂ ᠤᠯᠤᠰ ᠤᠨ ᠥᠮᠴᠢᠯᠡᠯᠲᠦ ᠲᠡᠦᠬᠡ ᠶᠢᠨ ᠳᠤᠷᠠᠰᠬᠠᠯᠲᠤ ᠵᠦᠢᠯᠡᠰ ᠰᠣᠶᠣᠯ ᠤᠨ ᠡᠳ᠋ ᠬᠥᠷᠥᠩᠭᠡ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠵᠡᠷᠭᠡ ᠪᠣᠯᠤᠨ᠎ᠠ᠃

  ᠲᠠᠪᠤᠳᠤᠭᠠᠷ ᠵᠦᠢᠯ   ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠲᠤ ᠥᠮᠴᠢᠯᠡᠭᠳᠡᠵᠦ᠂ ᠵᠠᠰᠠᠭ ᠤᠨ ᠣᠷᠳᠣᠨ ᠱᠠᠲᠤ ᠬᠤᠪᠢᠶᠠᠨ ᠬᠢᠨᠠᠨ ᠬᠠᠮᠢᠶᠠᠷᠬᠤ᠂ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠰᠢᠭᠤᠳ ᠵᠠᠬᠢᠷᠬᠤ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠦᠨ᠎ᠡ᠃

  ᠵᠢᠷᠭᠤᠳᠤᠭᠠᠷ ᠵᠦᠢᠯ    ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠳᠤ ᠠᠮᠤᠷ ᠲᠦᠪᠰᠢᠨ ᠵᠢᠷᠤᠮᠵᠢᠯ ᠲᠠᠢ᠂ ᠠᠷᠪᠢᠲᠠᠶ ᠥᠨᠳᠥᠷ ᠪᠦᠲᠦᠮᠵᠢᠲᠡᠶ᠂ ᠢᠯᠡ ᠲᠣᠳᠣ ᠪᠠᠢᠢᠯᠭᠠᠬᠤ᠂ ᠡᠷᠬᠡ ᠬᠠᠷᠢᠭᠤᠴᠠᠯᠭ᠎ᠠ ᠨᠢᠭᠡᠳᠦᠯᠲᠡᠶ ᠪᠠᠶᠢᠬᠤ ᠵᠠᠷᠴᠢᠮ ᠢ ᠵᠢᠷᠤᠮᠯᠠᠨ᠂ ᠪᠣᠳᠠᠲᠤ ᠡᠳ᠋ ᠤᠨ ᠬᠠᠮᠢᠶᠠᠷᠤᠯᠲᠠ ᠬᠢᠭᠡᠳ ᠥᠷᠲᠡᠭ ᠤᠨ ᠬᠠᠮᠢᠶᠠᠷᠤᠯᠲᠠ ᠶᠢ ᠬᠠᠷᠢᠯᠴᠠᠨ ᠨᠢᠭᠡᠳᠦᠯᠲᠡᠶ ᠪᠠᠶᠢᠯᠭᠠᠬᠤ᠂ ᠡᠳ᠋ ᠬᠥᠷᠥᠩᠭᠡ ᠶᠢᠨ ᠬᠠᠮᠢᠶᠠᠷᠤᠯᠲᠠ ᠶᠢ ᠲᠥᠰᠦᠪ ᠤᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠯᠤᠭ᠎ᠠ ᠬᠠᠷᠢᠯᠴᠠᠨ ᠤᠶᠠᠯᠳᠤᠭᠤᠯᠬᠤ ᠶᠢ ᠪᠡᠶᠡᠯᠡᠭᠦᠯᠬᠦ ᠬᠡᠷᠡᠭᠲᠡᠶ᠃

  ᠳᠣᠯᠣᠳᠤᠭᠠᠷ ᠵᠦᠢᠯ   ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠪᠠᠨ ᠴᠢᠩᠭᠠᠳᠬᠠᠨ᠂ ᠴᠢᠬᠤᠯᠠ ᠶᠡᠭᠡ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠵᠦᠢᠯᠡᠰ ᠢ ᠬᠢᠨᠠᠨ ᠪᠠᠶᠢᠴᠠᠭᠠᠵᠤ ᠵᠥᠪᠰᠢᠶᠡᠷᠡᠬᠦ ᠬᠡᠷᠡᠭᠲᠡᠶ᠃

  ᠨᠠᠢᠮᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠶᠡᠷᠦᠩᠬᠡᠶᠢᠯᠡᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠲᠣᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠦᠷᠢᠮ ᠲᠣᠭᠲᠠᠭᠠᠯ ᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠳᠡᠯᠪᠢᠨ ᠪᠠᠶᠢᠴᠠᠭᠠᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠨ᠎ᠠ᠃

  ᠶᠢᠰᠦᠳᠦᠭᠡᠷ ᠵᠦᠢᠯ   ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠠᠤᠯᠢ ᠲᠣᠭᠲᠠᠭᠠᠯ ᠶᠣᠰᠣᠭᠠᠷ ᠭᠦᠢᠴᠡᠳᠬᠡᠵᠦ᠂ ᠲᠣᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠳᠤ ᠬᠡᠷᠡᠭᠯᠡᠬᠦ ᠬᠡᠷ ᠪᠠ ᠠᠯᠪᠠᠨ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢ ᠬᠠᠷᠢᠭᠤᠴᠠᠵᠤ᠂ ᠪᠣᠳᠠᠲᠠᠶ ᠬᠠᠮᠢᠶ᠎ᠠ ᠪᠥᠬᠦᠶ ᠬᠠᠮᠢᠶᠠᠷᠤᠯᠲᠠ ᠶᠢᠨ ᠲᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠵᠢᠯᠣᠭᠤᠳᠣᠯᠭ᠎ᠠ ᠪᠠ ᠬᠢᠨᠠᠯᠲᠠ ᠪᠠᠶᠢᠴᠠᠭᠠᠯᠲᠠ ᠶᠢ ᠬᠦᠯᠢᠶᠡᠨ᠎ᠡ᠃

  ᠠᠷᠪᠠᠳᠤᠭᠠᠷ ᠵᠦᠢᠯ   ᠡᠯ᠎ᠡ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠲᠣᠰ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ ᠶᠢᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠠᠷᠢᠶ᠎ᠠ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠵᠢᠭᠠᠨ ᠵᠢᠯᠣᠭᠤᠳᠴᠤ ᠬᠢᠨᠠᠯᠲᠠ ᠲᠠᠯᠪᠢᠬᠤ ᠬᠡᠷᠡᠭᠲᠡᠶ᠃ ᠲᠤᠰ ᠰᠠᠯᠠᠭ᠎ᠠ ᠮᠥᠴᠢᠷ ᠤᠨ ᠢᠶᠠᠨ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠦᠷᠢᠮ ᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠤᠰ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ ᠶᠢᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠵᠦᠢᠯᠡᠰ ᠢ ᠬᠢᠨᠠᠨ ᠪᠠᠶᠢᠴᠠᠭᠠᠬᠤ ᠪᠤᠶᠤ ᠵᠥᠪᠰᠢᠶᠡᠷᠡᠵᠦ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠲᠤᠰ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠳᠠᠯ ᠢᠶᠠᠨ ᠮᠡᠳᠡᠭᠦᠯᠦᠨ᠎ᠡ᠃

  ᠡᠯ᠎ᠡ ᠰᠠᠯᠠᠭ᠎ᠠ ᠮᠥᠴᠢᠷ ᠤᠨ ᠬᠠᠷᠢᠶ᠎ᠠ ᠨᠢᠭᠡᠴᠢ ᠨᠢ ᠲᠣᠰ ᠨᠢᠭᠡᠴᠢ ᠶᠢᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠣᠳᠠᠲᠠᠶ ᠬᠠᠮᠢᠶᠠᠷᠤᠯᠲᠠ ᠶᠢ ᠬᠠᠷᠢᠭᠤᠴᠠᠵᠤ᠂ ᠳᠣᠲᠣᠭᠠᠳᠤ ᠶᠢᠨ ᠡᠵᠡᠮᠳᠡᠯ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠣᠰ ᠨᠢᠭᠡᠴᠢ ᠶᠢᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠲᠣᠬᠢᠷᠠᠭᠤᠯᠤᠯᠲᠠ ᠶᠢᠨ ᠲᠥᠰᠦᠪ᠂ ᠬᠤᠳᠠᠯᠳᠤᠨ ᠠᠪᠬᠤ᠂ ᠬᠡᠷᠡᠭᠯᠡᠬᠦ᠂ ᠰᠢᠢᠳᠪᠦᠷᠢᠯᠡᠬᠦ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠵᠡᠷᠭᠡ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃

  ᠠᠷᠪᠠᠨ ᠨᠢᠭᠡᠳᠦᠭᠡᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠤᠯᠤᠰ ᠤᠨ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ᠂ ᠠᠮᠵᠢᠯᠲᠠ ᠪᠦᠲᠦᠮᠵᠢ ᠶᠢᠨ ᠵᠢᠭᠠᠯᠲᠠ ᠲᠤᠭ᠎ᠠ ᠪᠠ ᠪᠠᠷᠢᠮᠵᠢᠶ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠶ᠃


  ᠬᠤᠶᠠᠳᠤᠭᠠᠷ ᠪᠦᠯᠦᠭ    ᠡᠳ᠋ ᠬᠥᠷᠥᠩᠭᠡ ᠶᠢᠨ ᠲᠣᠬᠢᠷᠠᠭᠤᠯᠤᠯᠲᠠ ᠪᠠ ᠲᠥᠰᠦᠪ ᠤᠨ                                                                 ᠬᠠᠮᠢᠶᠠᠷᠤᠯᠲᠠ


  ᠠᠷᠪᠠᠨ ᠬᠤᠶᠠᠳᠤᠭᠠᠷ ᠵᠦᠢᠯ   ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠲᠣᠬᠢᠷᠠᠭᠤᠯᠤᠯᠲᠠ ᠳᠤ ᠲᠣᠬᠢᠷᠠᠭᠤᠯᠤᠨ ᠵᠣᠬᠢᠴᠠᠭᠤᠯᠬᠤ᠂ ᠬᠤᠳᠠᠯᠳᠤᠨ ᠠᠪᠬᠤ᠂ ᠪᠦᠲᠦᠭᠡᠨ ᠪᠠᠶᠢᠭᠤᠯᠬᠤ᠂ ᠲᠦᠷᠢᠶᠡᠰᠦᠯᠡᠨ ᠬᠡᠷᠡᠭᠯᠡᠬᠦ᠂ ᠪᠡᠯᠡᠭᠯᠡᠨ ᠬᠦᠷᠭᠡᠬᠦ ᠶᠢ ᠬᠦᠯᠢᠶᠡᠨ ᠠᠪᠬᠤ ᠵᠡᠷᠭᠡ ᠠᠷᠭ᠎ᠠ ᠮᠠᠶ᠋ᠢᠭ ᠪᠠᠭᠲᠠᠨ᠎ᠠ᠃

  ᠠᠷᠪᠠᠨ ᠭᠤᠷᠪᠠᠳᠤᠭᠠᠷ ᠵᠦᠢᠯ   ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠡᠳ᠋ ᠬᠥᠷᠥᠩᠭᠡ ᠲᠣᠬᠢᠷᠠᠭᠤᠯᠬᠤ ᠪᠠᠷᠢᠮᠵᠢᠶ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠬᠦ ᠶᠢ ᠵᠣᠬᠢᠶᠠᠨ ᠪᠠᠢᠢᠭᠤᠯᠵᠤ᠂ ᠲᠣᠬᠢᠷᠠᠭᠤᠯᠬᠤ ᠲᠤᠭ᠎ᠠ ᠬᠡᠮᠵᠢᠶ᠎ᠡ᠂ ᠥᠷᠲᠡᠭ᠂ ᠵᠡᠷᠭᠡ ᠳᠡᠰ᠂ ᠬᠠᠮᠤᠭ ᠤᠨ ᠳᠣᠣᠷ᠎ᠠ ᠬᠡᠷᠡᠭᠯᠡᠬᠦ ᠵᠢᠯ ᠬᠤᠭᠤᠴᠠᠭ᠎ᠠ ᠵᠡᠷᠭᠡ ᠪᠠᠷᠢᠮᠵᠢᠶ᠎ᠠ ᠪᠠᠨ ᠲᠣᠳᠣᠷᠬᠠᠶᠢᠯᠠᠬᠤ ᠬᠡᠷᠡᠭᠲᠡᠶ᠃

  ᠠᠷᠪᠠᠨ ᠳᠥᠷᠪᠡᠳᠦᠭᠡᠷ ᠵᠦᠢᠯ   ᠡᠳ᠋ ᠬᠥᠷᠥᠩᠭᠡ ᠶᠢ ᠳᠣᠭᠢᠷᠠᠭᠤᠯᠬᠤ ᠪᠠᠷᠢᠮᠵᠢᠶ᠎ᠠ ᠶᠢ ᠠᠷᠪᠢᠯᠠᠨ ᠭᠠᠮᠨᠠᠬᠤ᠂ ᠠᠵᠢᠯ ᠤᠨ ᠠᠮᠵᠢᠯᠲᠠ ᠪᠦᠲᠦᠮᠵᠢ ᠶᠢ ᠡᠷᠬᠢᠮᠯᠡᠬᠦ ᠪᠠ ᠪᠣᠬᠢᠷᠳᠤᠯ ᠦᠭᠡᠢ ᠪᠦᠭᠡᠳ ᠣᠷᠴᠢᠨ ᠲᠣᠭᠤᠷᠢᠨ ᠢ ᠬᠠᠮᠠᠭᠠᠯᠠᠬᠤ ᠱᠠᠭᠠᠷᠳᠠᠯᠭ᠎ᠠ ᠶᠣᠰᠣᠭᠠᠷ᠂ ᠤᠯᠤᠰ ᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ᠂ ᠵᠠᠬ᠎ᠠ ᠳᠡᠯᠭᠡᠭᠦᠷ ᠤᠨ ᠦᠨ᠎ᠡ ᠶᠢᠨ ᠬᠤᠪᠢᠷᠠᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠱᠠᠭᠠᠷᠳᠠᠯᠭ᠎ᠠ᠂ ᠡᠳ᠋ ᠤᠨ ᠬᠦᠴᠦᠨ ᠤ ᠪᠠᠶᠢᠳᠠᠯ ᠵᠡᠷᠭᠡ ᠬᠦᠴᠦᠨ ᠵᠦᠢᠯ ᠢ ᠦᠨᠳᠦᠰᠦᠯᠡᠨ ᠴᠠᠭ ᠲᠤᠬᠠᠢ ᠳᠤ ᠨᠢ ᠳᠣᠭᠢᠷᠠᠭᠤᠯᠤᠨ ᠲᠣᠬᠢᠷᠠᠭᠤᠯᠤᠯᠲᠠ ᠬᠢᠬᠦ ᠪᠠ ᠰᠢᠨᠡᠳᠬᠡᠬᠦ ᠬᠡᠷᠡᠭᠲᠡᠶ᠃

  ᠡᠯ᠎ᠡ ᠰᠠᠯᠠᠭ᠎ᠠ ᠮᠥᠴᠢᠷ ᠤᠨ ᠨᠡᠶᠢᠳᠡᠮ ᠬᠡᠷᠡᠭᠯᠡᠬᠦ ᠡᠳ᠋ ᠬᠦᠷᠦᠩᠭᠡ ᠶᠢ ᠲᠤᠬᠢᠷᠠᠭᠤᠯᠬᠤ ᠪᠠᠷᠢᠮᠵᠢᠶ᠎ᠠ ᠶᠢ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠣᠭᠲᠠᠭᠠᠵᠤ ᠨᠡᠶᠢᠲᠡᠯᠡᠬᠦ ᠬᠡᠷᠡᠭᠲᠡᠢ᠃ ᠲᠤᠰᠬᠠᠶ ᠬᠡᠷᠡᠭᠯᠡᠬᠦ ᠡᠳ᠋ ᠬᠥᠷᠥᠩᠭᠡ ᠶᠢᠨ ᠳᠣᠭᠢᠷᠠᠭᠤᠯᠬᠤ ᠪᠠᠷᠢᠮᠵᠢᠶ᠎ᠠ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠵᠢᠯ ᠲᠥᠷᠥᠯ ᠤᠨ ᠣᠨᠴᠠᠯᠢᠭ ᠢ ᠦᠨᠳᠦᠰᠦᠯᠡᠨ ᠲᠣᠭᠲᠠᠭᠠᠵᠤ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠨᠡᠶᠢᠲᠡᠯᠡᠨ᠎ᠡ᠃

  ᠠᠷᠪᠠᠨ ᠲᠠᠪᠤᠳᠤᠭᠠᠷ ᠵᠦᠢᠯ    ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠦᠯᠡᠳᠡᠭᠡᠯ ᠡᠳ᠋ ᠬᠥᠷᠥᠩᠭᠡ ᠶᠢ ᠴᠢᠯᠥᠭᠡᠲᠡᠶ ᠭᠦᠢᠯᠭᠡᠭᠡᠬᠦ ᠪᠠᠷ ᠳᠠᠮᠵᠢᠭᠤᠯᠤᠨ᠂ ᠦᠯᠡᠳᠡᠭᠡᠯ ᠡᠳ᠋ ᠬᠥᠷᠥᠩᠭᠡ ᠶᠢ ᠭᠦᠢᠴᠡᠳ ᠠᠰᠢᠬᠯᠠᠬᠤ ᠪᠠ ᠳᠣᠭᠢᠷᠠᠭᠤᠯᠵᠤ ᠬᠠᠮᠲᠤ ᠪᠠᠷ ᠭᠥᠷᠳᠡᠬᠦ ᠶᠢ ᠠᠬᠢᠭᠤᠯᠬᠤ ᠬᠡᠷᠡᠭᠲᠡᠶ᠃ ᠣᠳᠣ ᠪᠠᠶᠢᠭ᠎ᠠ ᠦᠯᠡᠳᠡᠭᠡᠯ ᠡᠳ᠋ ᠬᠥᠷᠥᠩᠭᠡ ᠨᠢ ᠴᠢᠳᠠᠮᠵᠢ ᠪᠠᠷ ᠳᠠᠯᠳᠠ ᠬᠦᠴᠦᠨ ᠢ ᠠᠭᠤᠳᠠᠯᠬᠤ᠂ ᠬᠠᠭᠤᠴᠢᠨ ᠢ ᠵᠠᠰᠠᠵᠤ ᠬᠠᠶᠠᠭᠳᠠᠮᠠᠯ ᠢ ᠠᠰᠢᠬᠯᠠᠭᠠᠳ ᠲᠤᠬᠠᠶᠢᠯᠠᠭᠰᠠᠨ ᠠᠵᠢᠯ ᠤᠨ ᠬᠡᠷᠡᠭᠴᠡᠭᠡ ᠪᠠᠨ ᠬᠠᠩᠭᠠᠵᠤ ᠳᠡᠶᠢᠯᠪᠡᠯ᠂ ᠲᠣᠬᠢᠷᠠᠭᠤᠯᠬᠤ ᠪᠠᠨ ᠪᠠᠭᠠᠰᠬᠠᠵᠤ᠂ ᠬᠡᠷᠡᠭᠯᠡᠭᠳᠡᠵᠦ ᠪᠠᠶᠢᠭ᠎ᠠ ᠡᠳ᠋ ᠬᠥᠷᠥᠩᠭᠡ ᠪᠠ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢᠨ ᠬᠡᠷᠡᠭᠯᠡᠬᠦ ᠥᠷᠲᠡᠭ᠂ ᠬᠡᠷᠡᠭᠯᠡᠬᠦ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠶ᠃

  ᠠᠷᠪᠠᠨ ᠵᠢᠷᠭᠤᠳᠤᠭᠠᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠬᠠᠤᠯᠢ ᠶᠣᠰᠣᠭᠠᠷ ᠡᠭᠦᠷᠭᠡ ᠴᠢᠳᠠᠪᠤᠷᠢ ᠪᠠᠨ ᠭᠦᠢᠴᠡᠳᠬᠡᠬᠦ ᠪᠠ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠪᠠᠨ ᠦᠨᠳᠦᠰᠦᠯᠡᠨ᠂ ᠡᠳ᠋ ᠬᠥᠷᠥᠩᠭᠡ ᠶᠢᠨ ᠦᠯᠡᠳᠡᠭᠡᠯ᠂ ᠡᠳ᠋ ᠬᠥᠷᠥᠩᠭᠡ ᠲᠣᠬᠢᠷᠠᠭᠤᠯᠬᠤ ᠪᠠᠷᠢᠮᠵᠢᠶ᠎ᠠ᠂ ᠠᠮᠵᠢᠯᠲᠠ ᠪᠦᠲᠦᠮᠵᠢ ᠵᠢᠨ ᠬᠠᠷᠠᠯᠲᠠ ᠪᠠ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠲᠠᠢ ᠪᠠᠨ ᠤᠶᠠᠯᠳᠤᠭᠤᠯᠵᠤ᠂ ᠲᠣᠬᠢᠷᠠᠭᠤᠯᠤᠨ ᠵᠣᠬᠢᠴᠠᠭᠤᠯᠬᠤ ᠠᠷᠭ᠎ᠠ ᠪᠠᠷ ᠡᠳ᠋ ᠬᠥᠷᠥᠩᠭᠡ ᠶᠢ ᠤᠷᠢᠳ ᠢᠶᠠᠷ ᠳᠣᠬᠢᠷᠠᠭᠤᠯᠤᠨ ᠳᠦᠬᠦᠷᠵᠢᠭᠦᠯᠬᠦ ᠬᠡᠷᠡᠭᠲᠡᠶ᠃ ᠲᠣᠬᠢᠷᠠᠭᠤᠯᠤᠨ ᠵᠣᠬᠢᠴᠠᠭᠤᠯᠵᠤ ᠳᠡᠶᠢᠯᠬᠦ ᠦᠭᠡᠢ ᠪᠣᠯ ᠬᠤᠳᠠᠯᠳᠤᠨ ᠠᠪᠬᠤ᠂ ᠪᠦᠳᠦᠭᠡᠨ ᠪᠠᠶᠢᠭᠤᠯᠬᠤ᠂ ᠲᠦᠷᠢᠶᠡᠰᠦᠯᠡᠨ ᠬᠡᠷᠡᠭᠯᠡᠬᠦ ᠵᠡᠷᠭᠡ ᠠᠷᠭ᠎ᠠ ᠶᠢ ᠠᠪᠴᠤ ᠪᠣᠯᠤᠨ᠎ᠠ᠃

  ᠠᠷᠪᠠᠨ ᠳᠣᠯᠣᠳᠤᠭᠠᠷ ᠵᠦᠢᠯ   ᠴᠢᠬᠤᠯᠠ ᠬᠤᠷᠠᠯ ᠬᠤᠷᠠᠯᠳᠤᠭᠤᠯᠬᠤ᠂ ᠲᠤᠮᠤ ᠬᠡᠯᠪᠡᠷᠢ ᠶᠢᠨ ᠠᠵᠢᠯᠯᠠᠭ᠎ᠠ ᠡᠷᠬᠢᠯᠡᠬᠦ ᠪᠤᠶᠤ ᠲᠦᠷ ᠴᠠᠭ ᠤᠨ ᠪᠠᠶᠢᠭᠤᠯᠤᠮᠵᠢ ᠪᠠᠶᠢᠭᠤᠯᠬᠤ ᠵᠡᠷᠭᠡ ᠳᠤ ᠡᠳ᠋ ᠬᠦᠷᠦᠩᠭᠡ ᠲᠤᠬᠢᠷᠠᠭᠤᠯᠬᠤ ᠴᠢᠬᠤᠯᠠ ᠲᠠᠢ ᠪᠣᠯ ᠲᠣᠬᠢᠷᠠᠭᠤᠯᠤᠨ ᠵᠣᠬᠢᠴᠠᠭᠤᠯᠬᠤ ᠠᠷᠭ᠎ᠠ ᠪᠠᠷ ᠰᠢᠢᠳᠪᠦᠷᠢᠯᠡᠨ᠎ᠡ᠃ ᠦᠨᠡᠨ ᠬᠦ ᠬᠤᠳᠠᠯᠳᠤᠨ ᠠᠪᠬᠤ ᠴᠢᠬᠤᠯᠠ ᠲᠠᠢ ᠪᠣᠯ ᠳᠡᠰ ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃

  ᠠᠷᠪᠠᠨ ᠨᠠᠢᠮᠠᠳᠤᠭᠠᠷ ᠵᠦᠢᠯ    ᠨᠥᠬᠦᠴᠡᠯ ᠲᠠᠢ ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠤᠨ ᠠᠯᠪᠠᠨ ᠤ ᠡᠳ᠋ ᠤᠨ ᠬᠥᠮᠥᠷᠭᠡ ᠪᠠᠶᠢᠭᠤᠯᠬᠤ ᠶᠢ ᠨᠢ ᠵᠣᠷᠢᠬᠵᠢᠭᠤᠯᠵᠤ᠂ ᠬᠤᠯᠪᠣᠭᠳᠠᠯ ᠪᠥᠬᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠠᠯᠪᠠᠨ ᠤ ᠡᠳ᠋ ᠤᠨ ᠬᠥᠮᠥᠷᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠥᠷᠢᠨᠰᠢᠬᠦᠯᠵᠤ᠂ ᠦᠷ᠎ᠡ ᠠᠰᠢᠭ ᠢᠶᠠᠷ ᠪᠠᠷᠤᠭᠲᠠᠢ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠪᠠ ᠲᠤᠮᠤ ᠬᠡᠯᠪᠡᠷᠢ ᠶᠢᠨ ᠬᠤᠷᠠᠯ ︵ ᠠᠵᠢᠯᠯᠠᠭ᠎ᠠ ︶᠂ ᠲᠥᠷ ᠴᠠᠭ ᠤᠨ ᠪᠠᠶᠢᠭᠤᠯᠤᠮᠵᠢ ᠶᠢᠨ ᠲᠣᠬᠢᠷᠠᠭᠤᠯᠤᠭᠰᠠᠨ ᠬᠥᠷᠥᠩᠭᠡ ᠵᠡᠷᠭᠡ ᠶᠢ ᠠᠯᠪᠠᠨ ᠤ ᠡᠳ᠋ ᠤᠨ ᠬᠥᠮᠥᠷᠭᠡ ᠳᠤ ᠨᠢᠭᠡᠳᠦᠯᠲᠡᠢ ᠣᠷᠣᠭᠤᠯᠵᠤ ᠲᠥᠪᠯᠡᠷᠡᠭᠦᠯᠦᠨ ᠬᠠᠮᠢᠶᠠᠷᠴᠤ᠂ ᠲᠤᠬᠢᠷᠠᠭᠤᠯᠤᠨ ᠬᠡᠷᠡᠭᠯᠡᠬᠦ ᠬᠡᠷᠡᠭᠲᠡᠢ᠃

  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠲᠣᠬᠢᠷᠠᠭᠤᠯᠬᠤ ᠳ᠋ᠤ ᠪᠠᠨ ᠡᠩ ᠲᠡᠷᠢᠭᠦᠨ ᠳᠤ ᠠᠯᠪᠠᠨ ᠤ ᠡᠳ᠋ ᠤᠨ ᠬᠥᠮᠥᠷᠭᠡ ᠡᠴᠠ ᠲᠣᠬᠢᠷᠠᠭᠤᠯᠤᠨ ᠰᠢᠢᠳᠪᠦᠷᠢᠯᠡᠬᠦ ᠶᠢ ᠪᠣᠳᠣᠯᠬᠢᠯᠠᠬᠤ ᠬᠡᠷᠡᠭᠲᠡᠶ᠃

  ᠠᠷᠪᠠ ᠶᠢᠰᠦᠳᠦᠭᠡᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠦᠷ᠎ᠡ ᠠᠰᠢᠭ ᠢᠶᠠᠷ ᠪᠠᠷᠤᠭᠲᠠᠢ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢ ᠡᠩ ᠲᠡᠷᠢᠭᠦᠨ ᠳᠤ ᠲᠤᠰ ᠰᠠᠯᠠᠭ᠎ᠠ ᠮᠥᠴᠢᠷ᠂ ᠲᠤᠰ ᠨᠢᠭᠡᠴᠢ ᠶᠢᠨ ᠳᠣᠲᠣᠭᠠᠳᠤ ᠳᠤ ᠪᠠᠨ ᠲᠣᠬᠢᠷᠠᠭᠤᠯᠤᠨ ᠠᠰᠢᠬᠯᠠᠬᠤ ᠬᠡᠷᠡᠭᠲᠡᠶ᠃ ᠬᠡᠷᠡᠭᠯᠡᠭᠡᠨ ᠤ ᠥᠷᠲᠡᠭ ᠢᠶᠠᠷ ᠶᠡᠭᠡ᠂ ᠠᠰᠢᠬᠯᠠᠬᠤ ᠬᠡᠪᠴᠢᠶ᠎ᠡ ᠪᠠᠷ ᠥᠷᠭᠡᠨ ᠪᠠᠶᠢᠭ᠎ᠠ ᠪᠥᠭᠡᠳ ᠦᠷ᠎ᠡ ᠠᠰᠢᠭ ᠢᠶᠠᠷ ᠪᠠᠷᠤᠭᠲᠠᠢ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠳᠤ ᠰᠠᠯᠠᠭ᠎ᠠ ᠮᠥᠴᠢᠷ᠂ ᠭᠠᠵᠠᠷ ᠣᠷᠣᠨ᠂ ᠵᠡᠷᠭᠡ ᠲᠠᠰ ᠠᠯᠤᠰᠯᠠᠨ ᠡᠳ᠋ ᠬᠥᠷᠥᠩᠭᠡ ᠶᠢᠨ ᠲᠣᠬᠢᠷᠠᠭᠤᠯᠤᠯᠲᠠ ᠬᠢᠬᠦ ᠶᠢ ᠢᠳᠡᠪᠬᠢᠲᠡᠶ ᠠᠬᠢᠭᠤᠯᠤᠨ᠎ᠠ︔ ᠮᠡᠷᠭᠡᠵᠢᠯ ᠤᠨ ᠰᠢᠯᠲᠠᠭᠠᠨ ᠡᠴᠠ ᠪᠣᠯᠵᠣ ᠰᠢᠨᠡᠳᠬᠡᠬᠦ ᠴᠢᠬᠤᠯᠠ ᠲᠠᠢ ᠪᠣᠯᠪᠠᠴᠤ ᠮᠥᠨ ᠴᠦ ᠬᠡᠷᠡᠭᠯᠡᠭᠡᠨ ᠤ ᠥᠷᠲᠡᠭ ᠲᠠᠢ ᠡᠳ᠋ ᠬᠥᠷᠥᠩᠭᠡ ᠶᠢ ᠬᠡᠷᠡᠭᠴᠡᠭᠡ ᠶᠢ ᠨᠢ ᠬᠤᠪᠢᠷᠠᠭᠤᠯᠬᠤ ᠪᠠᠷ ᠳᠠᠮᠵᠢᠭᠤᠯᠤᠨ ᠮᠡᠷᠭᠡᠵᠢᠯ ᠤᠨ ᠱᠠᠭᠠᠷᠳᠠᠯᠭ᠎ᠠ ᠪᠠᠷ ᠬᠠᠷᠢᠴᠠᠩᠭᠤᠶ ᠳᠤᠤᠷ᠎ᠠ ᠪᠠᠶᠢᠭ᠎ᠠ ᠰᠠᠯᠠᠭ᠎ᠠ ᠮᠥᠴᠢᠷ᠂ ᠨᠢᠭᠡᠴᠢ ᠳᠤ ᠲᠣᠬᠢᠷᠠᠭᠤᠯᠤᠨ᠎ᠠ᠃

  ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠳ᠋ ᠬᠥᠷᠥᠩᠭᠡ ᠶᠢ ᠲᠥᠪᠯᠡᠷᠡᠭᠦᠯᠦᠨ ᠡᠵᠡᠩᠨᠡᠬᠦ ᠲᠠᠪᠴᠠᠩ ᠪᠠᠶᠢᠭᠤᠯᠬᠤ ᠪᠤᠶᠤ ᠲᠤᠰᠬᠠᠶ ᠪᠠᠶᠢᠭᠤᠯᠤᠮᠵᠢ ᠳᠤ ᠨᠠᠶᠢᠳᠠᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠦᠷ᠎ᠡ ᠠᠰᠢᠭ ᠢᠶᠠᠷ ᠪᠠᠷᠤᠭᠲᠠᠢ᠂ ᠰᠤᠯᠠ ᠲᠠᠯᠪᠢᠭᠳᠠᠵᠤ ᠪᠠᠶᠢᠭ᠎ᠠ ᠡᠳ᠋ ᠬᠥᠷᠥᠩᠭᠡ ᠶᠢ ᠡᠮᠬᠢᠯᠡᠨ ᠨᠡᠶᠢᠯᠡᠭᠦᠯᠵᠦ᠂ ᠲᠤᠰᠬᠠᠶᠢᠵᠢᠭᠰᠠᠨ ᠪᠦᠭᠡᠳ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠬᠠᠮᠢᠶᠠᠷᠤᠯᠲᠠ ᠶᠢ ᠬᠡᠷᠡᠭᠵᠢᠭᠦᠯᠵᠦ᠂ ᠡᠳ᠋ ᠬᠥᠷᠥᠩᠭᠡ ᠶᠢ ᠨᠢᠭᠡᠳᠦᠯᠲᠡᠶ ᠲᠥᠯᠥᠪᠯᠡᠬᠦ ᠴᠢᠳᠠᠪᠤᠷᠢ ᠪᠠ ᠡᠵᠡᠩᠨᠡᠬᠦ ᠦᠷ᠎ᠡ ᠠᠰᠢᠭ ᠢᠶᠠᠨ ᠳᠡᠭᠡᠭᠰᠢᠯᠡᠭᠦᠯᠵᠦ ᠪᠣᠯᠤᠨ᠎ᠠ᠃

  ᠬᠤᠷᠢᠳᠤᠭᠠᠷ ᠵᠦᠢᠯ    ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠦᠭᠦᠳ ᠡᠳ᠋ ᠬᠥᠷᠥᠩᠭᠡ ᠬᠤᠳᠠᠯᠳᠤᠨ ᠠᠪᠬᠤ᠂ ᠪᠦᠲᠦᠭᠡᠨ ᠪᠠᠶᠢᠭᠤᠯᠬᠤ᠂ ᠲᠦᠷᠢᠶᠡᠰᠦᠯᠡᠨ ᠬᠡᠷᠡᠭᠯᠡᠬᠦ ᠳᠤ ᠪᠠᠨ ᠡᠳ᠋ ᠬᠥᠷᠥᠩᠭᠡ ᠳᠣᠭᠢᠷᠠᠭᠤᠯᠬᠤ ᠬᠡᠷᠡᠭᠴᠡᠭᠡ ᠱᠠᠭᠠᠷᠳᠠᠯᠭ᠎ᠠ ᠪᠠᠨ ᠳᠤᠷᠠᠳᠴᠤ᠂ ᠡᠳ᠋ ᠬᠥᠷᠥᠩᠭᠡ ᠳᠣᠭᠢᠷᠠᠭᠤᠯᠬᠤ ᠬᠠᠮᠢᠶ᠎ᠠ ᠪᠥᠬᠦᠶ ᠵᠠᠷᠤᠯᠭ᠎ᠠ ᠶᠢᠨ ᠲᠥᠰᠦᠪ ᠢ ᠨᠠᠶᠢᠷᠠᠭᠤᠯᠤᠨ ᠵᠣᠬᠢᠶᠠᠵᠤ᠂ ᠲᠥᠰᠦᠪ ᠤᠨ ᠬᠠᠮᠢᠶᠠᠷᠤᠯᠲᠠ ᠶᠢᠨ ᠲᠣᠭᠲᠠᠭᠠᠯ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠴᠣᠬᠤᠯᠠᠪᠤᠷᠢᠯᠠᠭᠰᠠᠨ ᠲᠥᠰᠦᠪ ᠶᠣᠰᠣᠭᠠᠷ ᠡᠳ᠋ ᠬᠥᠷᠥᠩᠭᠡ ᠳᠣᠭᠢᠷᠠᠭᠤᠯᠬᠤ ᠬᠡᠷᠡᠭᠲᠡᠶ᠃

  ᠬᠤᠷᠢᠨ ᠨᠢᠭᠡᠳᠦᠭᠡᠷ ᠵᠦᠢᠯ   ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠡᠳ᠋ ᠬᠥᠷᠥᠩᠭᠡ ᠶᠢ ᠴᠢᠯᠥᠭᠡᠲᠡᠶ ᠭᠦᠢᠯᠭᠡᠭᠡᠬᠦ ᠦᠷ᠎ᠡ ᠪᠦᠲᠦᠮᠵᠢ ᠶᠢ ᠰᠢᠨ᠎ᠡ ᠪᠠᠷ ᠨᠡᠮᠡᠭᠳᠡᠭᠰᠡᠨ ᠡᠳ᠋ ᠬᠥᠷᠥᠩᠭᠡ ᠶᠢ ᠳᠣᠭᠢᠷᠠᠭᠤᠯᠬᠤ ᠲᠥᠰᠦᠪ ᠯᠦᠭᠡ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠵᠤ᠂ ᠲᠥᠰᠦᠪ ᠤᠨ ᠬᠢᠵᠠᠭᠠᠷᠯᠠᠯ ᠢᠶᠠᠷ ᠡᠳ᠋ ᠬᠥᠷᠥᠩᠭᠡ ᠶᠢ ᠴᠢᠯᠥᠭᠡᠲᠡᠶ ᠭᠦᠢᠯᠭᠡᠭᠡᠵᠦ ᠠᠰᠢᠬᠯᠠᠬᠤ ᠶᠢ ᠠᠬᠢᠭᠤᠯᠬᠤ ᠬᠡᠷᠡᠭᠲᠡᠶ᠃

  ᠡᠳ᠋ ᠬᠥᠷᠥᠩᠭᠡ ᠶᠢ ᠰᠤᠯᠠ ᠳᠡᠯᠪᠢᠨ ᠪᠦᠷᠢᠯᠭᠡᠵᠦ ᠪᠠᠶᠢᠭ᠎ᠠ ᠨᠢ ᠬᠦᠨᠳᠦ ᠨᠣᠴᠢᠲᠠᠶ ᠰᠠᠯᠠᠭ᠎ᠠ ᠮᠥᠴᠢᠷ᠂ ᠨᠢᠭᠡᠴᠢ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠪᠠᠶᠢᠳᠠᠯ ᠢ ᠨᠢ ᠠᠵᠢᠵᠤ ᠪᠠᠶᠢᠭᠠᠳ ᠰᠢᠨ᠎ᠡ ᠪᠠᠷ ᠨᠡᠮᠡᠭᠳᠡᠭᠦᠯᠬᠦ ᠡᠳ᠋ ᠬᠥᠷᠥᠩᠭᠡ ᠶᠢ ᠳᠣᠭᠢᠷᠠᠭᠤᠯᠬᠤ ᠲᠥᠰᠦᠪ ᠢ ᠴᠣᠬᠤᠯᠠᠪᠤᠷᠢᠯᠠᠬᠤ ᠪᠠᠨ ᠵᠣᠭᠰᠣᠭᠠᠵᠤ ᠪᠣᠯᠤᠨ᠎ᠠ᠃

  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠨᠢᠭᠡᠨᠲᠡ ᠲᠦᠷᠢᠶᠡᠰᠦᠯᠡᠭᠦᠯᠦᠭᠰᠡᠨ᠂ ᠵᠢᠭᠡᠯᠡᠭᠦᠯᠦᠭᠰᠡᠨ ᠠᠳᠠᠯᠢ ᠲᠦᠷᠦᠯ ᠤᠨ ᠡᠳ᠋ ᠬᠦᠷᠦᠩᠭᠡ ᠶᠢ ᠬᠤᠳᠠᠯᠳᠤᠨ ᠠᠪᠴᠤ ᠪᠣᠯᠬᠤ ᠦᠭᠡᠢ᠃ ᠤᠯᠤᠰ ᠲᠤ ᠪᠤᠰᠤᠳ ᠲᠣᠭᠲᠠᠭᠠᠯ ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ᠃

  ᠬᠤᠷᠢᠨ ᠬᠤᠶᠠᠳᠤᠭᠠᠷ ᠵᠦᠢᠯ    ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢ ᠪᠠᠯᠠ ᠣᠷᠣᠭᠤᠯᠤᠨ ᠪᠥᠲᠥᠭᠡᠨ ᠪᠠᠶᠢᠭᠤᠯᠬᠤ ᠳᠤ ᠪᠠᠨ᠂ ᠪᠠᠯᠠ ᠮᠥᠩᠭᠦ ᠶᠢᠨ ᠢᠷᠡᠯᠲᠡ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂ ᠲᠥᠰᠦᠪ ᠤᠨ ᠬᠢᠵᠠᠭᠠᠷᠯᠠᠯ ᠢ ᠴᠢᠩᠭᠠᠳᠬᠠᠨ᠂ ᠵᠠᠰᠠᠭ ᠤᠨ ᠣᠷᠳᠣᠨ ᠤ ᠥᠷᠢ ᠥᠭᠴᠡᠭᠡ ᠵᠢᠨ ᠲᠦᠭᠰᠢᠭᠦᠷᠢ ᠵᠢ ᠰᠡᠷᠭᠡᠶᠢᠯᠡᠬᠦ ᠶᠢᠨ ᠬᠠᠮᠲᠤ᠂ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠬᠠᠮᠢᠶᠠᠷᠴᠤ ᠬᠠᠮᠠᠭᠠᠯᠠᠬᠤ ᠬᠠᠷᠢᠭᠤᠴᠠᠯᠭᠠᠲᠤ ᠨᠢᠭᠡᠴᠢ ᠶᠢ ᠲᠣᠳᠣᠷᠬᠠᠶᠢᠯᠠᠬᠤ ᠬᠡᠷᠡᠭᠲᠡᠶ᠃

  ᠬᠤᠷᠢᠨ ᠭᠤᠷᠪᠠᠳᠤᠭᠠᠷ ᠵᠦᠢᠯ   ᠵᠠᠰᠠᠭ ᠵᠠᠬᠢᠷᠭᠠᠨ ᠤ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠦᠷᠢᠶᠡᠰᠦᠯᠡᠭᠦᠯᠦᠭᠰᠡᠨ ᠪᠠ ᠰᠢᠢᠳᠪᠦᠷᠢᠯᠡᠭᠰᠡᠨ ᠵᠡᠷᠭᠡ ᠶᠢᠨ ᠣᠷᠣᠯᠭ᠎ᠠ ᠶᠢ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠪᠠ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠶ᠃

  ᠤᠯᠤᠰ ᠲᠤ ᠠᠰᠲᠠᠭᠠᠨ ᠲᠣᠭᠲᠠᠭᠠᠯ ᠲᠠᠢ ᠪᠠᠢᠢᠬᠤ ᠡᠴᠠ ᠭᠠᠳᠠᠨ᠎ᠠ᠂ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠭᠰᠡᠨ ᠣᠷᠣᠯᠭ᠎ᠠ ᠶᠢ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠪᠠ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠶ᠃ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠡᠷᠡᠭᠯᠡᠭᠡᠳ ᠪᠤᠶ ᠪᠣᠯᠤᠭᠰᠠᠨ ᠣᠷᠣᠯᠭ᠎ᠠ ᠳᠤ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠳᠠᠲᠠᠶ ᠬᠠᠮᠢᠶᠠᠷᠤᠯᠲᠠ ᠶᠢᠨ ᠠᠷᠭ᠎ᠠ ᠲᠣᠭᠲᠠᠭᠠᠨ᠎ᠠ᠃

  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠬᠠᠤᠯᠢ ᠶᠣᠰᠣᠭᠠᠷ ᠲᠣᠷᠭᠠᠵᠤ ᠬᠤᠷᠢᠶᠠᠭᠰᠠᠨ ᠡᠳ᠋ ᠬᠦᠷᠦᠩᠭᠡ ᠪᠠᠨ ᠤᠯᠤᠰ ᠤᠨ ᠲᠣᠭᠲᠠᠭᠠᠯ ᠶᠣᠰᠣᠭᠠᠷ ᠢᠯᠡ ᠪᠠᠷ ᠦᠨ᠎ᠡ ᠬᠠᠶᠠᠵᠤ ᠬᠤᠳᠠᠯᠳᠤᠬᠤ ᠪᠤᠶᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠭᠡᠳ᠂ ᠣᠯᠤᠭᠰᠠᠨ ᠵᠣᠭᠤᠰ ᠢᠶᠠᠨ ᠪᠦᠬᠦᠨ ᠢ ᠤᠯᠤᠰ ᠤᠨ ᠬᠥᠮᠥᠷᠭᠡ ᠳᠤ ᠲᠤᠰᠢᠶᠠᠬᠤ ᠬᠡᠷᠡᠭᠲᠡᠢ᠃

  ᠡᠳ᠋ ᠬᠦᠷᠦᠩᠭᠡ ᠶᠢ ᠴᠢᠯᠦᠭᠡᠲᠡᠢ ᠭᠦᠢᠯᠭᠡᠭᠡᠬᠦ ᠨᠡᠷ᠎ᠡ ᠪᠠᠷ᠂ ᠰᠢᠢᠳᠪᠦᠷᠢᠯᠡᠬᠦ ᠴᠢᠬᠤᠯᠠ ᠦᠭᠡᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠦᠷᠦᠩᠭᠡ ᠶᠢ ᠰᠢᠢᠳᠪᠦᠷᠢᠯᠡᠬᠦ ᠪᠤᠶᠤ ᠬᠤᠳᠠᠯ ᠬᠠᠭᠤᠷᠮᠠᠭ ᠢᠶᠠᠷ ᠠᠷᠠᠯᠵᠢᠶᠠᠯᠠᠵᠤ᠂ ᠬᠡᠯᠪᠡᠷᠢ ᠶᠢ ᠨᠢ ᠥᠭᠡᠷᠡᠲᠦᠭᠦᠯᠦᠭᠡᠳ ᠡᠳ᠋ ᠤᠨ ᠵᠠᠰᠠᠭ ᠤᠨ ᠣᠷᠣᠯᠭ᠎ᠠ ᠪᠠᠨ ᠬᠠᠭᠤᠷᠮᠠᠭ ᠢᠶᠠᠷ ᠨᠡᠮᠡᠭᠳᠡᠭᠦᠯᠬᠦ ᠶᠢ ᠴᠠᠭᠠᠵᠠᠯᠠᠨ᠎ᠠ᠃


  ᠭᠤᠷᠪᠠᠳᠤᠭᠠᠷ ᠪᠦᠯᠦᠭ    ᠰᠠᠭᠤᠷᠢ ᠬᠠᠮᠢᠶᠠᠷᠤᠯᠲᠠ ᠬᠢᠭᠡᠳ ᠡᠳ᠋ ᠬᠥᠷᠥᠩᠭᠡ ᠶᠢᠨ ᠬᠡᠷᠡᠭᠯᠡᠯᠲᠡ


  ᠬᠤᠷᠢᠨ ᠳᠥᠷᠪᠡᠳᠦᠭᠡᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠬᠡ ᠲᠠᠩᠰᠠ ᠪᠠᠶᠢᠭᠤᠯᠵᠤ᠂ ᠤᠯᠤᠰ ᠤᠨ ᠨᠢᠭᠡᠳᠦᠯᠲᠡᠶ ᠨᠢᠭᠲᠠᠯᠠᠨ ᠪᠤᠳᠤᠬᠤ ᠲᠦᠷᠢᠮ ᠶᠣᠰᠣᠭᠠᠷ ᠨᠢᠭᠲᠠᠯᠠᠨ ᠪᠤᠳᠤᠵᠤ ᠲᠣᠭᠠᠴᠠᠭ᠎ᠠ ᠬᠢᠬᠦ ᠬᠡᠷᠡᠭᠲᠡᠶ᠂ ᠪᠣᠶ ᠪᠥᠬᠦᠶ ᠬᠥᠷᠥᠩᠭᠡ ᠶᠢᠨ ᠴᠢᠨᠠᠷᠲᠠᠶ ᠵᠠᠷᠤᠯᠭ᠎ᠠ ᠶᠢ ᠡᠳ᠋ ᠬᠥᠷᠥᠩᠭᠡ ᠪᠣᠯᠭᠠᠬᠤ ᠶᠢᠨ ᠬᠠᠮᠲᠤ ᠪᠥᠬᠦ ᠶᠠᠪᠤᠴᠠ ᠶᠢ ᠲᠡᠮᠳᠡᠭᠯᠡᠵᠦ᠂ ᠲᠠᠩᠰᠠᠨ ᠡᠴᠠ ᠭᠠᠳᠠᠨᠠᠬᠢ ᠡᠳ᠋ ᠬᠥᠷᠥᠩᠭᠡ ᠪᠣᠯᠭᠠᠵᠤ ᠪᠣᠯᠬᠤ ᠥᠬᠡᠶ᠃

  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠵᠢ ᠰᠢᠢᠳᠪᠦᠷᠢᠯᠡᠬᠦ ᠳ᠋ᠤ ᠪᠠᠨ ᠬᠠᠮᠢᠶ᠎ᠠ ᠪᠥᠬᠦᠶ ᠡᠳ᠋ ᠬᠥᠷᠥᠩᠭᠡ ᠶᠢᠨ ᠡᠬᠡ ᠲᠠᠩᠰᠠ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠬᠠᠷᠭᠤᠭᠤᠯᠤᠨ ᠲᠠᠢᠢᠯᠬᠤ ᠶᠢᠨ ᠬᠠᠮᠲᠤ᠂ ᠨᠢᠭᠲᠠᠯᠠᠨ ᠪᠤᠳᠤᠵᠤ ᠰᠢᠢᠳᠪᠦᠷᠢᠯᠡᠬᠦ ᠬᠡᠷᠡᠭᠲᠡᠶ᠃

  ᠬᠤᠷᠢᠨ ᠲᠠᠪᠤᠳᠤᠭᠠᠷ ᠵᠦᠢᠯ     ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠪᠦᠲᠦᠭᠡᠨ ᠪᠠᠶᠢᠭᠤᠯᠬᠤ ᠠᠷᠭ᠎ᠠ ᠮᠠᠶ᠋ᠢᠭ ᠢ ᠬᠡᠷᠡᠭᠯᠡᠨ ᠡᠳ᠋ ᠬᠥᠷᠥᠩᠭᠡ ᠲᠣᠬᠢᠷᠠᠭᠤᠯᠬᠤ ᠳᠤ ᠪᠠᠨ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠡᠳ᠋ ᠬᠥᠷᠥᠩᠭᠡ ᠲᠤᠰᠢᠶᠠᠬᠤ ᠭᠠᠷᠳᠠᠮ ᠢ ᠴᠠᠭ ᠲᠤᠬᠠᠶ ᠳᠤ ᠨᠢ ᠭᠦᠢᠴᠡᠳᠬᠡᠬᠦ ᠶᠢᠨ ᠬᠠᠮᠲᠤ ᠲᠣᠭᠲᠠᠭᠰᠠᠨ ᠬᠤᠭᠤᠴᠠᠭᠠᠨ ᠳᠤ ᠪᠠᠷᠢᠯᠭ᠎ᠠ ᠳᠠᠭᠤᠰᠤᠭᠰᠠᠨ ᠡᠳ᠋ ᠤᠨ ᠶᠠᠪᠤᠳᠠᠯ ᠤᠨ ᠲᠥᠰᠦᠪ ᠤᠨ ᠭᠦᠢᠴᠡᠳᠬᠡᠯ ᠢ ᠭᠦᠢᠴᠡᠳᠬᠡᠵᠦ᠂ ᠴᠠᠭ ᠤᠨ ᠬᠢᠵᠠᠭᠠᠷ ᠢ ᠬᠠᠮᠤᠭ ᠤᠨ ᠤᠷᠲᠤ ᠳᠤ ᠪᠠᠨ 1 ᠵᠢᠯ ᠡᠴᠠ ᠬᠡᠲᠦᠷᠡᠭᠦᠯᠵᠦ ᠪᠣᠯᠬᠤ ᠦᠭᠡᠶ᠃

  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠲᠤᠰᠢᠶᠠᠭᠰᠠᠨ ᠪᠣᠯᠪᠠᠴᠤ ᠪᠠᠷᠢᠯᠭ᠎ᠠ ᠳᠠᠭᠤᠰᠬᠠᠭᠰᠠᠨ ᠡᠳ᠋ ᠤᠨ ᠶᠠᠪᠤᠳᠠᠯ ᠤᠨ ᠲᠥᠰᠦᠪ ᠤᠨ ᠭᠦᠢᠴᠡᠳᠬᠡᠯ ᠢ ᠬᠢᠭᠡᠳᠦᠢ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠤᠯᠤᠰ ᠤᠨ ᠨᠢᠭᠲᠠᠯᠠᠨ ᠪᠤᠳᠤᠬᠤ ᠨᠢᠭᠡᠳᠦᠯᠲᠡᠢ ᠲᠦᠷᠢᠮ ᠶᠣᠰᠣᠭᠠᠷ ᠡᠳ᠋ ᠬᠦᠷᠦᠩᠭᠡ ᠶᠢᠨ ᠦᠷᠳᠡᠭ ᠢ ᠨᠤᠲᠠᠯᠠᠬᠤ ᠬᠡᠷᠡᠭᠲᠡᠢ᠃

  ᠬᠤᠷᠢᠨ ᠵᠢᠷᠭᠤᠳᠤᠭᠠᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠷᠬᠡ ᠶᠢᠨ ᠬᠠᠷᠢᠶᠠᠯᠠᠯ ᠢ ᠳᠠᠩᠰᠠᠯᠠᠭᠤᠯᠬᠤ ᠴᠢᠬᠤᠯᠠ ᠲᠠᠢ ᠡᠳ᠋ ᠬᠦᠷᠦᠩᠭᠡ ᠶᠢ ᠬᠠᠤᠯᠢ ᠶᠣᠰᠣᠭᠠᠷ ᠴᠠᠭ ᠲᠤᠬᠠᠢ ᠳᠤ ᠨᠢ ᠭᠦᠢᠴᠡᠳᠭᠡᠬᠦ ᠬᠡᠷᠡᠭᠲᠡᠢ᠃ ᠳᠠᠩᠰᠠᠨ ᠳᠤ ᠲᠡᠮᠳᠡᠭᠯᠡᠭᠰᠡᠨ ᠴᠦ ᠡᠷᠬᠡ ᠶᠢᠨ ᠦᠨᠡᠮᠯᠡᠯ ᠤᠨ ᠭᠠᠷᠳᠠᠮ ᠨᠢ ᠪᠦᠷᠢᠨ ᠪᠤᠰᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠭᠦᠷᠦᠩᠭᠡ ᠶᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠭᠦᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠡᠳ᠋ ᠭᠦᠷᠦᠩᠭᠡ ᠶᠢᠨ ᠡᠷᠬᠡ ᠶᠢᠨ ᠬᠠᠷᠢᠶᠠᠯᠠᠯ ᠢ ᠨᠢ ᠨᠤᠲᠠᠯᠠᠭᠤᠯᠬᠤ ᠭᠤᠶᠤᠴᠢᠯᠠᠯ ᠭᠠᠷᠭᠠᠵᠤ᠂ ᠡᠷᠬᠡ ᠶᠢᠨ ᠬᠠᠷᠢᠶᠠᠯᠠᠯ ᠢ ᠳᠠᠩᠰᠠᠯᠠᠭᠤᠯᠬᠤ ᠠᠵᠢᠯ ᠢ ᠴᠠᠭ ᠲᠤᠬᠠᠢ ᠳᠤ ᠨᠢ ᠭᠦᠢᠴᠡᠳᠭᠡᠬᠦ ᠬᠡᠷᠡᠭᠲᠡᠢ᠃

  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠬᠤᠭᠤᠷᠣᠨᠳᠣ᠂ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠪᠤᠰᠤᠳ ᠨᠢᠭᠡᠴᠢ ᠪᠠ ᠬᠤᠪᠢ ᠬᠥᠮᠦᠨ ᠯᠦᠭᠡ ᠡᠳ᠋ ᠬᠦᠷᠦᠩᠭᠡ ᠶᠢᠨ ᠵᠢᠭᠤᠷᠠᠯᠳᠤᠭᠠᠨ ᠡᠭᠦᠰᠪᠡᠯ᠂ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠵᠥᠪᠳᠡᠯᠴᠡᠬᠦ ᠵᠡᠷᠭᠡ ᠠᠷᠭ᠎ᠠ ᠪᠠᠷ ᠰᠢᠢᠳᠪᠦᠷᠢᠯᠡᠬᠦ ᠬᠡᠷᠡᠭᠲᠡᠢ᠃

  ᠬᠤᠷᠢᠨ ᠳᠣᠯᠣᠳᠤᠭᠠᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠤᠬᠢᠷᠠᠯ ᠤᠨ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠣᠬᠢᠴᠠᠩᠭᠤᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃

  ᠬᠤᠷᠢᠨ ᠨᠠᠢᠮᠠᠳᠤᠭᠠᠷ ᠵᠦᠢᠯ    ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠡᠳ᠋ ᠬᠦᠷᠦᠩᠭᠡ ᠪᠠᠨ ᠲᠣᠭᠠᠯᠠᠨ ᠪᠦᠷᠢᠳᠬᠡᠵᠦ᠂ ᠲᠡᠩᠰᠠ ᠬᠠᠷᠭᠤᠭᠤᠯᠬᠤ ᠬᠡᠷᠡᠭᠲᠡᠢ᠃ ᠡᠳ᠋ ᠬᠥᠷᠥᠩᠭᠡ ᠶᠢᠨ ᠪᠦᠷᠢᠳᠬᠡᠯ ᠤᠨ ᠣᠯᠵᠠᠪᠤᠷᠢ ᠪᠠ ᠠᠯᠳᠠᠭᠳᠠᠯ ᠭᠠᠷᠤᠭᠰᠠᠨ ᠪᠣᠯ᠂ ᠡᠳ᠋ ᠤᠨ ᠶᠠᠪᠤᠳᠠᠯ᠂ ᠨᠢᠭᠲᠠᠯᠠᠨ ᠪᠣᠳᠣᠬᠤ ᠪᠠ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠳᠠᠩᠰᠠ ᠪᠣᠯᠣᠨ ᠪᠣᠳᠠᠲᠠᠶ ᠨᠢ ᠬᠠᠷᠢᠯᠴᠠᠨ ᠨᠡᠶᠢᠴᠡᠬᠦ ᠪᠠ ᠳᠠᠩᠰᠠ ᠪᠣᠯᠣᠨ ᠳᠠᠩᠰᠠ ᠨᠢ ᠬᠠᠷᠢᠯᠴᠠᠨ ᠨᠡᠶᠢᠴᠡᠭᠰᠡᠨ ᠪᠠᠶᠢᠬᠤ ᠬᠡᠷᠡᠭᠲᠡᠶ᠃

  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠵᠢᠯ ᠪᠦᠷᠢ ᠣᠨ ᠤ ᠡᠳ᠋ ᠬᠥᠷᠥᠩᠭᠡ ᠪᠠᠨ ᠲᠣᠭᠠᠯᠠᠨ ᠪᠦᠷᠢᠳᠬᠡᠬᠦ ᠠᠵᠢᠯ ᠲᠠᠢ ᠪᠠᠨ ᠤᠶᠠᠯᠳᠤᠭᠤᠯᠵᠤ ᠲᠤᠰᠬᠠᠢᠢᠯᠠᠨ ᠢᠯᠭᠠᠷᠠᠭᠤᠯᠤᠨ ᠳᠢᠭᠯᠡᠵᠦ᠂ ᠡᠳ᠋ ᠬᠥᠷᠥᠩᠭᠡ ᠬᠡᠷᠡᠭᠯᠡᠭᠰᠡᠨ ᠪᠠᠶᠢᠳᠠᠯ ᠢ ᠡᠮᠬᠢᠯᠡᠨ ᠳᠢᠭᠯᠡᠵᠦ᠂ ᠦᠷ᠎ᠡ ᠠᠰᠢᠭ ᠪᠠᠷᠤᠭᠲᠠᠢ ᠪᠠᠷ ᠠᠵᠢᠯᠯᠠᠭᠤᠯᠵᠤ ᠪᠠᠶᠢᠭ᠎ᠠ᠂ ᠰᠤᠯᠠ ᠲᠠᠯᠪᠢᠭᠳᠠᠵᠤ ᠪᠠᠶᠢᠭ᠎ᠠ ᠬᠡᠷ ᠪᠠᠶᠢᠰᠢᠩ᠂ ᠭᠠᠵᠠᠷ ᠰᠢᠷᠣᠶ᠂ ᠲᠡᠷᠭᠡ ᠬᠥᠰᠬᠡ᠂ ᠠᠯᠪᠠᠯᠠᠬᠤ ᠲᠥᠬᠦᠭᠡᠷᠦᠮᠵᠢ ᠬᠡᠷ ᠤᠨ ᠬᠡᠷᠡᠭᠰᠡᠯ᠂ ᠲᠣᠮᠣ ᠬᠡᠯᠪᠡᠷᠢ ᠶᠢᠨ ᠬᠡᠮᠵᠢᠭᠦᠷᠯᠢᠭ᠂ ᠵᠥᠭᠡᠯᠡᠨ ᠬᠡᠷᠡᠭᠰᠡᠯ ᠵᠡᠷᠭᠡ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠬᠦ ᠬᠡᠪᠴᠢᠶᠡᠨ ᠳᠤ ᠪᠠᠨ ᠣᠷᠣᠭᠤᠯᠤᠨ᠂ ᠥᠪᠡᠰᠦᠪᠡᠨ ᠬᠡᠷᠡᠭᠯᠡᠬᠦ᠂ ᠬᠠᠮᠲᠤ ᠪᠠᠷ ᠭᠥᠷᠳᠡᠬᠦ᠂ ᠲᠣᠬᠢᠷᠠᠭᠤᠯᠤᠨ ᠵᠣᠬᠢᠴᠠᠭᠤᠯᠬᠤ᠂ ᠲᠦᠷᠢᠶᠡᠰᠦᠯᠡᠭᠦᠯᠬᠦ᠂ ᠰᠢᠢᠳᠪᠦᠷᠢᠯᠡᠬᠦ ᠵᠡᠷᠭᠡ ᠣᠯᠠᠨ ᠵᠦᠢᠯ ᠤᠨ ᠠᠷᠭ᠎ᠠ ᠪᠠᠷ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠬᠦ ᠶᠢ ᠠᠬᠢᠭᠤᠯᠵᠤ᠂ ᠡᠳ᠋ ᠬᠥᠷᠥᠩᠭᠡ ᠶᠢ ᠠᠰᠢᠬᠯᠠᠬᠤ ᠦᠢᠯᠡᠳᠦᠯ ᠢ ᠪᠠᠳᠠᠷᠠᠭᠤᠯᠤᠨ᠎ᠠ᠃

  ᠬᠤᠷᠢ ᠶᠢᠰᠦᠳᠦᠭᠡᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠦᠷᠦᠩᠭᠡ ᠶᠢ ᠴᠢᠯᠦᠭᠡᠲᠡᠢ ᠭᠦᠢᠯᠭᠡᠭᠡᠬᠦ ᠡᠯ᠎ᠡ ᠵᠦᠢᠯ ᠤᠨ ᠠᠷᠭ᠎ᠠ ᠶᠢ ᠠᠰᠢᠬᠯᠠᠨ᠂ ᠲᠤᠰ ᠨᠢᠭᠡᠴᠢ ᠶᠢᠨ ᠢᠶᠠᠨ ᠬᠡᠪᠴᠢᠶᠡᠨ ᠳᠤ ᠴᠢᠯᠦᠭᠡᠲᠡᠢ ᠭᠦᠢᠯᠭᠡᠭᠡᠵᠦ ᠳᠡᠶᠢᠯᠬᠦ ᠡᠳ᠋ ᠬᠦᠷᠦᠩᠭᠡ ᠶᠢ ᠴᠢᠯᠦᠭᠡᠲᠡᠢ ᠭᠦᠢᠯᠭᠡᠭᠡᠨ ᠠᠰᠢᠬᠯᠠᠬᠤ ᠪᠠᠨ ᠲᠦᠷᠭᠡᠳᠬᠡᠬᠦ ᠬᠡᠷᠡᠭᠲᠡᠢ︔ ᠲᠤᠰ ᠨᠢᠭᠡᠴᠢ ᠳᠤ ᠪᠠᠨ ᠴᠢᠯᠦᠭᠡᠲᠡᠢ ᠭᠦᠢᠯᠭᠡᠭᠡᠬᠦ ᠶᠢᠨ ᠠᠷᠭ᠎ᠠ ᠦᠭᠡᠢ ᠡᠳ᠋ ᠬᠦᠷᠦᠩᠭᠡ ᠳᠤ᠂ ᠴᠢᠯᠦᠭᠡᠲᠡᠢ ᠭᠦᠢᠯᠭᠡᠭᠡᠬᠦ ᠪᠠᠷ ᠪᠠᠶᠢᠭ᠎ᠠ ᠡᠳ᠋ ᠬᠦᠷᠦᠩᠭᠡ ᠶᠢᠨ ᠮᠡᠳᠡᠭᠡ ᠵᠠᠩᠭᠢ ᠪᠠᠨ ᠲᠤᠰ ᠨᠢᠭᠡᠴᠢ ᠶᠢᠨ ᠢᠶᠠᠨ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃

  ᠡᠯ᠎ᠡ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠨ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠷᠢᠶ᠎ᠠ ᠨᠢᠭᠡᠴᠢ ᠨᠦᠭᠦᠳ ᠢᠶᠠᠨ ᠵᠢᠭᠠᠨ ᠵᠢᠯᠣᠭᠤᠳᠴᠤ ᠪᠠᠶᠢᠭᠠᠳ ᠡᠳ᠋ ᠬᠥᠷᠥᠩᠭᠡ ᠶᠢ ᠲᠣᠬᠢᠷᠠᠭᠤᠯᠤᠨ ᠵᠣᠬᠢᠴᠠᠭᠤᠯᠬᠤ ᠵᠡᠷᠭᠡ ᠠᠷᠭ᠎ᠠ ᠪᠠᠷ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠵᠦ᠂ ᠡᠳ᠋ ᠬᠥᠷᠥᠩᠭᠡ ᠶᠢ ᠲᠣᠰ ᠰᠠᠯᠠᠭ᠎ᠠ ᠮᠥᠴᠢᠷ ᠤᠨ ᠬᠠᠷᠢᠶ᠎ᠠ ᠨᠢᠭᠡᠴᠢ ᠨᠦᠭᠦᠳ ᠤᠨ ᠬᠤᠭᠤᠷᠣᠨᠳᠣ ᠴᠢᠯᠦᠭᠡᠲᠡᠢ ᠭᠦᠢᠯᠭᠡᠭᠡᠵᠦ ᠠᠰᠢᠬᠯᠠᠬᠤ ᠶᠢ ᠠᠬᠢᠭᠤᠯᠤᠨ᠎ᠠ︔ ᠲᠣᠰ ᠰᠠᠯᠠᠭ᠎ᠠ ᠮᠥᠴᠢᠷ ᠤᠨ ᠴᠢᠯᠦᠭᠡᠲᠡᠢ ᠭᠦᠢᠯᠭᠡᠭᠡᠵᠦ ᠳᠡᠶᠢᠯᠬᠦ ᠥᠬᠡᠶ ᠡᠳ᠋ ᠬᠥᠷᠥᠩᠭᠡ ᠳᠤ᠂ ᠡᠳ᠋ ᠬᠥᠷᠥᠩᠭᠡ ᠶᠢᠨ ᠮᠡᠳᠡᠭᠡ ᠵᠠᠩᠭᠢ ᠶᠢ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠲᠤᠰᠬᠠᠬᠤ ᠬᠡᠷᠡᠭᠲᠡᠶ᠃

  ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠪᠠᠨ ᠴᠢᠩᠭᠠᠳᠬᠠᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠴᠢᠯᠦᠭᠡᠲᠡᠢ ᠭᠦᠢᠯᠭᠡᠭᠡᠬᠦ ᠪᠠᠷ ᠪᠠᠶᠢᠭ᠎ᠠ ᠡᠳ᠋ ᠬᠥᠷᠥᠩᠭᠡ ᠶᠢᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ᠂ ᠮᠡᠳᠡᠭᠡ ᠵᠠᠩᠭᠢ ᠨᠡᠶᠢᠲᠡᠯᠡᠬᠦ ᠲᠣᠭᠲᠠᠴᠠ ᠶᠢ ᠪᠠᠨ ᠪᠠᠶᠢᠭᠤᠯᠤᠨ ᠪᠦᠷᠢᠨᠰᠢᠭᠦᠯᠵᠦ᠂ ᠴᠢᠯᠦᠭᠡᠲᠡᠢ ᠭᠦᠢᠯᠭᠡᠭᠡᠬᠦ ᠪᠠᠷ ᠪᠠᠶᠢᠭ᠎ᠠ ᠡᠳ᠋ ᠬᠥᠷᠥᠩᠭᠡ ᠶᠢ ᠰᠤᠯᠠ ᠲᠠᠯᠪᠢᠭᠳᠠᠵᠤ ᠪᠠᠢᠢᠭ᠎ᠠ ᠡᠴᠠ ᠨᠢ ᠬᠡᠷᠡᠭᠯᠡᠭᠳᠡᠵᠦ ᠪᠠᠢᠢᠭ᠎ᠠ ᠲᠡᠢᠢᠰᠢ ᠬᠤᠪᠢᠷᠠᠭᠤᠯᠬᠤ ᠶᠢ ᠠᠬᠢᠭᠤᠯᠤᠨ᠂ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠬᠦ ᠵᠠᠮ ᠢ ᠨᠡᠪᠲᠡᠷᠡᠭᠦᠯᠬᠦ ᠬᠡᠷᠡᠭᠲᠡᠢ᠃

  ᠭᠤᠴᠢᠳᠤᠭᠠᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠲᠣᠰ ᠨᠢᠭᠡᠴᠢ ᠶᠢᠨ ᠢᠶᠠᠨ ᠭᠦᠢᠯᠭᠡᠭᠡᠨ ᠤ ᠡᠳ᠋ ᠬᠥᠷᠥᠩᠭᠡ᠂ ᠲᠣᠭᠲᠠᠮᠠᠯ ᠡᠳ᠋ ᠬᠥᠷᠥᠩᠭᠡ᠂ ᠪᠠᠶᠢᠭᠤᠯᠵᠤ ᠪᠠᠶᠢᠭ᠎ᠠ ᠪᠠᠷᠢᠯᠭ᠎ᠠ᠂ ᠪᠡᠶᠡᠲᠦ ᠪᠤᠰᠤ ᠡᠳ᠋ ᠬᠥᠷᠥᠩᠭᠡ ᠵᠡᠷᠭᠡ ᠡᠯ᠎ᠡ ᠲᠥᠷᠥᠯ ᠤᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠡᠷᠡᠭᠯᠡᠬᠦ ᠴᠤᠪᠤᠷᠠᠯ ᠢ ᠵᠢᠷᠤᠮᠵᠢᠭᠤᠯᠵᠤ᠂ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠂ ᠬᠠᠮᠢᠶ᠎ᠠ ᠪᠥᠬᠦᠶ ᠡᠳ᠋ ᠬᠥᠷᠥᠩᠭᠡ ᠶᠢ ᠠᠮᠤᠷ ᠲᠦᠪᠰᠢᠨ ᠪᠦᠲᠦᠮᠵᠢᠲᠡᠶ ᠬᠡᠷᠡᠭᠯᠡᠬᠦ ᠶᠢ ᠠᠬᠢᠭᠤᠯᠬᠤ ᠬᠡᠷᠡᠭᠲᠡᠶ᠃

  ᠭᠤᠴᠢᠨ ᠨᠢᠭᠡᠳᠦᠭᠡᠷ ᠵᠦᠢᠯ    ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠶᠢ ᠬᠡᠷᠡᠭᠯᠡᠵᠦ ᠬᠠᠮᠢᠶᠠᠷᠬᠤ ᠬᠠᠷᠢᠭᠤᠴᠠᠯᠭ᠎ᠠ ᠶᠢ ᠬᠤᠪᠢ ᠬᠥᠮᠦᠨ ᠳᠤ ᠬᠦᠷᠲᠡᠯ᠎ᠡ ᠳᠠᠭᠠᠯᠭᠠᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠡᠷᠡᠭᠯᠡᠭᠴᠢ ᠪᠠ ᠬᠠᠮᠢᠶᠠᠷᠤᠭᠴᠢ ᠶᠢᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠡᠳ᠋ ᠬᠥᠷᠥᠩᠭᠡ ᠶᠢᠨ ᠠᠮᠤᠷ ᠲᠦᠪᠰᠢᠨ ᠪᠥᠭᠡᠳ ᠪᠦᠷᠢᠨ ᠪᠦᠲᠦᠨ᠂ ᠥᠨᠳᠥᠷ ᠪᠦᠲᠦᠮᠵᠢᠲᠡᠶ ᠠᠰᠢᠬᠯᠠᠬᠤ ᠶᠢ ᠦᠨᠡᠨ ᠬᠦ ᠪᠠᠲᠤᠯᠠᠬᠤ ᠬᠡᠷᠡᠭᠲᠡᠶ᠃

  ᠡᠳ᠋ ᠬᠦᠷᠦᠩᠭᠡ ᠶᠢ ᠬᠡᠷᠡᠭᠯᠡᠭᠴᠢ᠂ ᠬᠠᠮᠢᠶᠠᠷᠤᠭᠴᠢ ᠨᠢ ᠲᠦᠷᠢᠮ ᠵᠢᠷᠤᠮ ᠤᠨ ᠶᠣᠰᠣᠭᠠᠷ ᠡᠳ᠋ ᠬᠦᠷᠦᠩᠭᠡ ᠶᠢ ᠵᠦᠢ ᠵᠣᠬᠢᠰᠲᠠᠢ ᠬᠡᠷᠡᠭᠯᠡᠬᠦ ᠪᠠ ᠬᠠᠮᠢᠶᠠᠷᠴᠤ᠂ ᠡᠳ᠋ ᠬᠦᠷᠦᠩᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠡᠳ᠋ ᠬᠦᠷᠦᠩᠭᠡ ᠶᠢ ᠵᠠᠰᠠᠬᠤ᠂ ᠠᠷᠠᠴᠢᠯᠠᠬᠤ᠂ ᠲᠣᠬᠢᠷᠠᠭᠤᠯᠤᠨ ᠵᠣᠬᠢᠴᠠᠭᠤᠯᠬᠤ᠂ ᠰᠢᠨᠡᠳᠬᠡᠬᠦ᠂ ᠬᠡᠷᠡᠭᠯᠡᠭᠡᠨ ᠡᠴᠠ ᠭᠠᠷᠭᠠᠬᠤ ᠴᠢᠬᠤᠯᠠ ᠲᠠᠢ ᠪᠣᠯ᠂ ᠡᠳ᠋ ᠬᠦᠷᠦᠩᠭᠡ ᠬᠡᠷᠡᠭᠯᠡᠭᠴᠢ᠂ ᠬᠠᠮᠢᠶᠠᠷᠤᠭᠴᠢ ᠡᠴᠠ ᠴᠠᠭ ᠲᠤᠬᠠᠢ ᠳᠤ ᠨᠢ ᠳᠤᠷᠠᠳᠴᠤ ᠭᠠᠷᠭᠠᠬᠤ ᠬᠡᠷᠡᠭᠲᠡᠢ᠃

  ᠡᠳ᠋ ᠬᠦᠷᠦᠩᠭᠡ ᠬᠡᠷᠡᠭᠯᠡᠭᠴᠢ᠂ ᠬᠠᠮᠢᠶᠠᠷᠤᠭᠴᠢ ᠨᠢ ᠰᠤᠯᠢᠭᠳᠠᠭᠰᠠᠨ ᠪᠠᠢᠢᠪᠠᠯ᠂ ᠡᠳ᠋ ᠬᠦᠷᠦᠩᠭᠡ ᠲᠤᠰᠢᠶᠠᠬᠤ ᠪᠠ ᠬᠦᠯᠢᠶᠡᠨ ᠠᠪᠬᠤ ᠭᠠᠷᠳᠠᠮ ᠢ ᠴᠠᠭ ᠲᠤᠬᠠᠢ ᠳᠤ ᠨᠢ ᠭᠦᠢᠴᠡᠳᠭᠡᠬᠦ ᠬᠡᠷᠡᠭᠲᠡᠢ᠃

  ᠭᠤᠴᠢᠨ ᠬᠤᠶᠠᠳᠤᠭᠠᠷ ᠵᠦᠢᠯ    ᠵᠠᠰᠠᠭ ᠵᠠᠬᠢᠷᠭᠠᠨ ᠤ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠣᠰ ᠨᠢᠭᠡᠴᠢ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠬᠦ ᠬᠡᠷᠡᠭᠴᠡᠭᠡ ᠳᠤ ᠬᠡᠷᠡᠭᠯᠡᠬᠦ ᠬᠡᠷᠡᠭᠲᠡᠶ᠃

  ᠵᠠᠰᠠᠭ ᠵᠠᠬᠢᠷᠭᠠᠨ ᠤ ᠨᠢᠭᠡᠴᠢ ᠨᠢ ᠶᠠᠮᠠᠷᠪᠠ ᠬᠡᠯᠪᠡᠷᠢ ᠪᠠᠷ ᠤᠯᠤᠰ ᠤᠨ ᠥᠮᠴᠢᠯᠡᠯᠲᠦ ᠡᠳ᠋ ᠬᠦᠷᠦᠩᠭᠡ ᠶᠢ ᠭᠠᠳᠠᠭᠰᠢ ᠪᠠᠨ ᠪᠡᠯᠡ ᠣᠷᠣᠭᠤᠯᠬᠤ ᠪᠤᠶᠤ ᠠᠰᠢᠭ ᠣᠯᠵᠠᠪᠤᠷᠢ ᠶᠢᠨ ᠴᠢᠨᠠᠷᠲᠠᠢ ᠵᠣᠬᠢᠶᠠᠨ ᠪᠠᠶᠢᠭᠤᠯᠤᠯᠲᠠ ᠪᠠᠶᠢᠭᠤᠯᠬᠤ ᠳᠤ ᠬᠡᠷᠡᠭᠯᠡᠵᠦ ᠪᠣᠯᠬᠤ ᠦᠭᠡᠢ᠃ ᠬᠠᠤᠯᠢ ᠴᠠᠭᠠᠵᠠ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ᠃

  ᠭᠤᠴᠢᠨ ᠭᠤᠷᠪᠠᠳᠤᠭᠠᠷ ᠵᠦᠢᠯ   ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠦᠷᠦᠩᠭᠡ ᠶᠢ ᠠᠵᠢᠯ ᠦᠢᠯᠡᠰ ᠤᠨ ᠬᠥᠭᠵᠢᠯᠲᠡ ᠶᠢ ᠪᠠᠲᠤᠯᠠᠬᠤ᠂ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠤ ᠬᠡᠷᠡᠭᠯᠡᠬᠦ ᠬᠡᠷᠡᠭᠲᠡᠢ᠃

  ᠠᠵᠢᠯ ᠦᠢᠯᠡᠰ ᠤᠨ ᠨᠢᠭᠡᠴᠢ ᠨᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠠᠰᠢᠬᠯᠠᠨ ᠭᠠᠳᠠᠭᠰᠢ ᠪᠠᠨ ᠪᠡᠯᠡ ᠣᠷᠣᠭᠤᠯᠬᠤ ᠳᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠲᠠᠢ ᠨᠡᠢᠢᠴᠡᠬᠦ ᠪᠦᠭᠡᠳ ᠠᠵᠢᠯ ᠦᠢᠯᠡᠰ ᠤᠨ ᠬᠥᠭᠵᠢᠯᠲᠡ ᠪᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠳᠤ ᠠᠰᠢᠭᠲᠠᠶ ᠪᠠᠶᠢᠬᠤ ᠶᠢᠨ ᠬᠠᠮᠲᠤ᠂ ᠪᠣᠯᠤᠮᠵᠢᠲᠤ ᠰᠤᠳᠤᠯᠤᠯ ᠪᠠ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠡᠷ ᠳᠠᠮᠵᠢᠭᠤᠯᠵᠤ᠂ ᠲᠣᠭᠲᠠᠭᠰᠠᠨ ᠡᠷᠬᠡ ᠮᠡᠳᠡᠯ ᠪᠠ ᠳᠡᠰ ᠳᠠᠷᠠᠭᠠᠯᠠᠯ ᠤᠨ ᠶᠣᠰᠣᠭᠠᠷ ᠶᠠᠪᠤᠭᠳᠠᠭᠤᠯᠬᠤ ᠬᠡᠷᠡᠭᠲᠡᠶ᠃

  ᠠᠵᠢᠯ ᠦᠢᠯᠡᠰ ᠤᠨ ᠨᠢᠭᠡᠴᠢ ᠨᠢ ᠭᠠᠳᠠᠭᠰᠢ ᠪᠠᠨ ᠪᠠᠯᠠ ᠣᠷᠣᠭᠤᠯᠵᠤ ᠪᠣᠶ ᠪᠣᠯᠤᠭᠰᠠᠨ ᠰᠲ᠋ᠣᠺ ᠤᠨ ᠡᠷᠬᠡ ᠵᠢᠴᠢ ᠬᠠᠮᠢᠶ᠎ᠠ ᠪᠥᠬᠦᠶ ᠡᠷᠬᠡ ᠠᠰᠢᠭ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠣᠭᠲᠠᠭᠠᠯ ᠶᠣᠰᠣᠭᠠᠷ ᠭᠠᠳᠠᠭᠰᠢ ᠪᠠᠨ ᠪᠠᠯᠠ ᠣᠷᠣᠭᠤᠯᠵᠤ ᠪᠣᠶ ᠪᠣᠯᠤᠭᠰᠠᠨ ᠰᠲ᠋ᠣᠺ ᠤᠨ ᠡᠷᠬᠡ ᠪᠠᠨ ᠡᠵᠡᠩᠨᠡᠯᠲᠡ ᠶᠢᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠲᠥᠪᠯᠡᠷᠡᠭᠦᠯᠦᠨ ᠨᠢᠭᠡᠳᠦᠯᠲᠡᠶ ᠬᠢᠨᠠᠨ ᠬᠠᠮᠢᠶᠠᠷᠬᠤ ᠲᠣᠭᠲᠠᠯᠴᠠᠭ᠎ᠠ ᠳᠤ ᠣᠷᠣᠭᠤᠯᠬᠤ ᠬᠡᠷᠡᠭᠲᠡᠶ᠃

  ᠭᠤᠴᠢᠨ ᠳᠥᠷᠪᠡᠳᠦᠭᠡᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠶᠢᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠬᠠᠮᠢᠶᠠᠷᠤᠯᠲᠠ ᠪᠠᠨ ᠴᠢᠩᠭᠠᠳᠬᠠᠵᠤ᠂ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠵᠢᠷᠤᠮᠵᠢᠭᠤᠯᠤᠭᠰᠠᠨ ᠰᠠᠭᠤᠷᠢᠨ ᠳᠡᠭᠡᠷ᠎ᠡ᠂ ᠡᠳ᠋ ᠬᠥᠷᠥᠩᠭᠡ ᠲᠦᠷᠢᠶᠡᠰᠦᠯᠡᠭᠦᠯᠬᠦ᠂ ᠰᠢᠢᠳᠪᠦᠷᠢᠯᠡᠬᠦ ᠵᠦᠢᠯᠡᠰ ᠢ ᠲᠦᠷᠭᠡᠳᠬᠡᠨ ᠭᠦᠢᠴᠡᠳᠬᠡᠬᠦ ᠬᠡᠷᠡᠭᠲᠡᠶ᠃

  ᠭᠤᠴᠢᠨ ᠲᠠᠪᠤᠳᠤᠭᠠᠷ ᠵᠦᠢᠯ    ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠲᠤᠬᠢᠷᠠᠭᠤᠯᠤᠨ ᠠᠰᠢᠬᠯᠠᠬᠤ ᠳᠤ ᠪᠡᠷᠬᠡᠲᠡᠢ ᠠᠯᠪᠠᠨ ᠬᠡᠷᠡᠭᠯᠡᠭᠡᠨ ᠤ ᠭᠡᠷ ᠪᠠᠶᠢᠰᠢᠩ᠂ ᠬᠡᠮᠵᠢᠭᠦᠷᠯᠢᠭ ᠲᠥᠬᠦᠭᠡᠷᠦᠮᠵᠢ ᠵᠡᠷᠭᠡ ᠡᠳ᠋ ᠬᠦᠷᠦᠩᠭᠡ ᠶᠢ ᠲᠣᠭᠲᠠᠭᠰᠠᠨ ᠡᠷᠬᠡ ᠮᠡᠳᠡᠯ ᠤᠨ ᠬᠡᠪᠴᠢᠶᠡᠨ ᠳᠤ ᠬᠢᠨᠠᠨ ᠵᠥᠪᠰᠢᠶᠡᠷᠡᠭᠦᠯᠦᠭᠰᠡᠨ ᠤ ᠲᠠᠷᠠᠭ᠎ᠠ ᠭᠠᠳᠠᠭᠰᠢ ᠲᠦᠷᠢᠶᠡᠰᠦᠯᠡᠭᠦᠯᠬᠦ ᠪᠤᠶᠤ ᠰᠢᠢᠳᠪᠦᠷᠢᠯᠡᠵᠦ ᠪᠣᠯᠤᠨ᠎ᠠ᠃ ᠤᠯᠤᠰ ᠲᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ᠃

  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠤᠯᠤᠰ ᠤᠨ ᠥᠮᠴᠢᠯᠡᠯᠲᠦ ᠡᠳ᠋ ᠬᠦᠷᠦᠩᠭᠡ ᠶᠢ ᠲᠦᠷᠢᠶᠡᠰᠦᠯᠡᠭᠦᠯᠬᠦ᠂ ᠰᠢᠢᠳᠪᠦᠷᠢᠯᠡᠬᠦ ᠳᠤ ᠪᠠᠨ ᠢᠯᠡ ᠲᠣᠳᠣ᠂ ᠲᠥᠪ ᠭᠤᠣᠯᠴᠢ᠂ ᠡᠷᠬᠡ ᠲᠡᠭᠰᠢ ᠪᠠᠢᠢᠬᠤ ᠪᠠ ᠥᠷᠢᠰᠥᠯᠳᠦᠭᠡᠨ ᠵᠢᠨᠷ ᠰᠢᠯᠢᠳᠡᠭ ᠢ ᠨᠢ ᠰᠣᠩᠭᠤᠬᠤ ᠵᠠᠷᠴᠢᠮ ᠢ ᠵᠢᠷᠤᠮᠯᠠᠬᠤ ᠬᠡᠷᠡᠭᠲᠡᠢ᠃

  ᠭᠤᠴᠢᠨ ᠵᠢᠷᠭᠤᠳᠤᠭᠠᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠪᠡᠯᠡᠭᠯᠡᠨ ᠬᠦᠷᠭᠡᠭᠰᠡᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠪᠡᠯᠡᠭᠯᠡᠨ ᠬᠦᠷᠭᠡᠬᠦ ᠳᠤ ᠪᠣᠯᠵᠣᠨ ᠲᠣᠭᠲᠠᠭᠰᠠᠨ ᠬᠡᠷᠡᠭᠴᠡᠭᠡ ᠶᠣᠰᠣᠭᠠᠷ ᠬᠡᠷᠡᠭᠯᠡᠬᠦ ᠬᠡᠷᠡᠭᠲᠡᠶ᠃

  ᠪᠡᠯᠡᠭᠯᠡᠨ ᠬᠦᠷᠭᠡᠭᠴᠢ ᠶᠢᠨ ᠬᠦᠰᠡᠯ ᠪᠤᠳᠤᠯ ᠨᠢ ᠲᠣᠳᠣ ᠦᠭᠡᠢ ᠪᠤᠶᠤ ᠬᠡᠷᠡᠭᠴᠡᠭᠡ ᠶᠢ ᠪᠣᠯᠵᠣᠨ ᠲᠣᠭᠲᠠᠭᠰᠠᠨ ᠦᠭᠡᠢ ᠪᠣᠯ᠂ ᠨᠢᠭᠡᠳᠦᠯᠲᠡᠢ ᠲᠥᠯᠥᠪᠯᠡᠨ ᠲᠤᠬᠢᠷᠡᠭᠤᠯᠵᠦ ᠬᠡᠷᠡᠭᠯᠡᠬᠦ ᠬᠡᠷᠡᠭᠲᠡᠢ᠃

  ᠭᠤᠴᠢᠨ ᠳᠣᠯᠣᠳᠤᠭᠠᠷ ᠵᠦᠢᠯ    ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠷᠭ᠎ᠠ ᠬᠡᠮᠵᠢᠶ᠎ᠡ ᠠᠪᠴᠤ ᠪᠠᠶᠢᠭᠠᠳ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠶᠢ ᠬᠥᠲᠥᠯᠦᠨ ᠵᠢᠯᠣᠭᠤᠳᠬᠤ ᠪᠠ ᠵᠣᠷᠢᠬᠵᠢᠭᠤᠯᠬᠤ ᠬᠡᠷᠡᠭᠲᠡᠶ᠃

  ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ ᠪᠠ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠡᠶ᠎ᠡ ᠶᠢᠨ ᠲᠠᠮᠢᠷ ᠵᠡᠷᠭᠡ ᠰᠠᠯᠠᠭ᠎ᠠ ᠮᠥᠴᠢᠷ ᠨᠢ ᠲᠣᠰ ᠠᠵᠢᠯ ᠲᠥᠷᠥᠯ ᠤᠨ ᠢᠶᠠᠨ ᠡᠳ᠋ ᠬᠥᠷᠥᠩᠭᠡ ᠶᠢ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃

  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠠᠵᠢᠯ ᠲᠥᠷᠥᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠦᠨᠳᠦᠰᠦᠯᠡᠨ᠂ ᠨᠥᠬᠦᠴᠡᠯ ᠪᠦᠷᠢᠳᠦᠭᠰᠡᠨ ᠡᠳ᠋ ᠬᠥᠷᠥᠩᠭᠡ ᠶᠢ ᠰᠢᠯᠢᠨ ᠰᠣᠩᠭᠤᠵᠤ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠠᠵᠢᠯ ᠢ ᠥᠷᠨᠢᠭᠦᠯᠦᠨ᠎ᠡ᠂ ᠡᠭᠦᠨ ᠳᠤ ᠬᠡᠮᠵᠢᠭᠦᠷᠯᠢᠭ ᠲᠥᠬᠦᠭᠡᠷᠦᠮᠵᠢ᠂ ᠰᠣᠶᠣᠯ ᠪᠡᠶ᠎ᠡ ᠶᠢᠨ ᠲᠠᠮᠢᠷ ᠤᠨ ᠪᠡᠯᠡᠳᠬᠡᠮᠵᠢ᠂ ᠵᠥᠭᠡᠯᠡᠨ ᠲᠣᠨᠤᠭ ᠤᠨ ᠡᠳ᠋ ᠬᠥᠷᠥᠩᠭᠡ᠂ ᠳ᠋ᠠᠶᠢᠲ᠋ᠠ ᠶᠢᠨ ᠡᠬᠢ ᠪᠠᠶᠠᠯᠢᠭ ᠵᠡᠷᠭᠡ ᠪᠠᠭᠲᠠᠨ᠎ᠠ᠃

  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠠᠮᠤᠷ ᠲᠦᠪᠰᠢᠨ ᠢᠶᠠᠷ ᠬᠡᠷᠡᠭᠯᠡᠬᠦ ᠶᠢ ᠦᠨᠡᠨ ᠬᠦ ᠪᠠᠲᠤᠯᠠᠭᠰᠠᠨ ᠤᠷᠢᠲᠠᠯ ᠳᠤᠤᠷ᠎ᠠ᠂ ᠲᠣᠰ ᠨᠢᠭᠡᠴᠢ ᠶᠢᠨ ᠢᠶᠠᠨ ᠲᠣᠮᠣ ᠬᠡᠯᠪᠡᠷᠢ ᠶᠢᠨ ᠲᠥᠬᠦᠭᠡᠷᠦᠮᠵᠢ ᠵᠡᠷᠭᠡ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠠᠮᠲᠤ ᠪᠠᠷ ᠭᠥᠷᠳᠡᠵᠦ ᠬᠠᠮᠲᠤ ᠪᠠᠷ ᠬᠡᠷᠡᠭᠯᠡᠬᠦ ᠶᠢ ᠠᠬᠢᠭᠤᠯᠵᠤ᠂ ᠬᠠᠩᠭᠠᠭᠰᠠᠨ ᠲᠠᠯ᠎ᠠ ᠳᠤ ᠵᠦᠶ ᠵᠣᠬᠢᠰᠲᠠᠶ ᠨᠥᠬᠦᠪᠥᠷᠢ ᠥᠭᠴᠦ ᠪᠣᠯᠤᠨ᠎ᠠ᠃

  ᠭᠤᠴᠢᠨ ᠨᠠᠢᠮᠠᠳᠤᠭᠠᠷ ᠵᠦᠢᠯ    ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠳ᠋ ᠬᠥᠷᠥᠩᠭᠡ ᠶᠢᠨ ᠬᠠᠮᠢᠶᠠᠷᠤᠯᠲᠠ ᠶᠢ ᠲᠥᠰᠦᠪ ᠤᠨ ᠬᠠᠮᠢᠶᠠᠷᠤᠯᠲᠠ ᠶᠢᠨ ᠨᠢᠭᠡ ᠴᠣᠭᠴᠠᠵᠢᠭᠤᠯᠤᠭᠰᠠᠨ ᠰᠢᠰᠲ᠋ᠧᠮ ᠳᠤ ᠠᠭᠤᠰᠤᠯᠴᠠᠭᠤᠯᠬᠤ ᠶᠢ ᠠᠬᠢᠭᠤᠯᠵᠤ᠂ ᠲᠥᠰᠦᠪ ᠤᠨ ᠪᠠᠯᠠ ᠮᠥᠩᠭᠦ ᠪᠠᠷ ᠪᠦᠷᠢᠯᠳᠦᠭᠰᠡᠨ ᠡᠳ᠋ ᠬᠥᠷᠥᠩᠭᠡ ᠶᠢᠨ ᠪᠥᠬᠦ ᠬᠡᠯᠬᠢᠶᠡᠰᠦᠨ ᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠡᠳ᠋ ᠬᠥᠷᠥᠩᠭᠡ ᠶᠢᠨ ᠬᠠᠮᠢᠶᠠᠷᠤᠯᠲᠠ ᠶᠢ ᠰᠦᠯᠵᠢᠶ᠎ᠡ ᠪᠠᠷ ᠭᠦᠢᠴᠡᠳᠬᠡᠬᠦ ᠶᠢ ᠠᠬᠢᠭᠤᠯᠵᠤ᠂ ᠰᠦᠯᠵᠢᠶ᠎ᠡ ᠪᠠᠷ ᠬᠢᠨᠠᠨ ᠬᠠᠷᠭᠤᠭᠤᠯᠬᠤ ᠴᠤᠪᠤᠷᠠᠯ ᠢ ᠲᠡᠭᠦᠯᠳᠡᠷᠵᠢᠭᠦᠯᠦᠨ᠂ ᠡᠳ᠋ ᠬᠥᠷᠥᠩᠭᠡ ᠶᠢ ᠰᠠᠯᠠᠭ᠎ᠠ ᠮᠥᠴᠢᠷ ᠠᠯᠤᠰᠯᠠᠨ᠂ ᠭᠠᠵᠠᠷ ᠣᠷᠣᠨ ᠠᠯᠤᠰᠯᠠᠨ᠂ ᠵᠡᠷᠭᠡ ᠲᠠᠰ ᠠᠯᠤᠰᠯᠠᠨ ᠬᠠᠮᠲᠤ ᠳᠤ ᠪᠠᠨ ᠭᠥᠷᠳᠡᠵᠦ ᠳᠣᠭᠢᠷᠠᠭᠤᠯᠬᠤ ᠶᠢ ᠠᠬᠢᠭᠤᠯᠤᠨ ᠪᠡᠶᠡᠯᠡᠭᠦᠯᠬᠦ ᠬᠡᠷᠡᠭᠲᠡᠶ᠃

  ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠮᠡᠷᠭᠡᠵᠢᠯ ᠳᠤ ᠰᠠᠭᠤᠷᠢᠯᠠᠨ ᠡᠳ᠋ ᠬᠥᠷᠥᠩᠭᠡ ᠶᠢᠨ ᠬᠡᠷᠡᠭᠯᠡᠯᠲᠡ ᠬᠠᠮᠢᠶᠠᠷᠤᠯᠲᠠ ᠶᠢᠨ ᠬᠥᠳᠡᠯᠦᠩᠭᠦᠶ ᠬᠢᠨᠠᠨ ᠰᠢᠨᠵᠢᠯᠲᠡ ᠶᠢ ᠥᠷᠨᠢᠭᠦᠯᠵᠦ᠂ ᠡᠳ᠋ ᠬᠥᠷᠥᠩᠭᠡ ᠶᠢᠨ ᠬᠡᠷᠡᠭᠯᠡᠯᠲᠡ ᠶᠢᠨ ᠪᠠᠶᠢᠳᠠᠯ ᠢ ᠴᠠᠭ ᠲᠤᠬᠠᠶ ᠳᠤ ᠨᠢ ᠡᠵᠡᠮᠰᠢᠨ᠂ ᠡᠳ᠋ ᠬᠥᠷᠥᠩᠭᠡ ᠶᠢᠨ ᠬᠠᠮᠢᠶᠠᠷᠤᠯᠲᠠ ᠳᠤ ᠴᠠᠭ ᠲᠤᠬᠠᠶ ᠳᠤ ᠨᠢ ᠣᠨᠣᠪᠴᠢᠲᠠᠶ ᠰᠠᠭᠤᠷᠢ ᠮᠡᠳᠡᠭᠡ ᠵᠠᠩᠭᠢ ᠬᠠᠩᠭᠠᠨ᠎ᠠ᠃


  ᠳᠥᠷᠪᠡᠳᠦᠭᠡᠷ ᠪᠦᠯᠦᠭ    ᠡᠳ᠋ ᠬᠥᠷᠥᠩᠭᠡ ᠶᠢ ᠰᠢᠢᠳᠪᠦᠷᠢᠯᠡᠬᠦ


  ᠭᠤᠴᠢ ᠶᠢᠰᠦᠳᠦᠭᠡᠷ ᠵᠦᠢᠯ    ᠶᠠᠮᠠᠷᠪᠠ ᠰᠠᠯᠠᠭ᠎ᠠ ᠮᠥᠴᠢᠷ᠂ ᠨᠢᠭᠡᠴᠢ ᠭᠡᠳ ᠵᠥᠪᠰᠢᠶᠡᠷᠡᠭᠦᠯᠦᠭᠰᠡᠨ ᠦᠭᠡᠢ ᠪᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠦᠷᠦᠩᠭᠡ ᠶᠢ ᠥᠪᠡᠰᠦᠪᠡᠨ ᠰᠢᠢᠳᠪᠦᠷᠢᠯᠡᠵᠦ ᠪᠣᠯᠬᠤ ᠦᠭᠡᠢ᠃

  ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠭᠦᠷᠭᠡ ᠴᠢᠳᠠᠪᠤᠷᠢ ᠪᠠᠨ ᠭᠦᠢᠴᠡᠳᠭᠡᠭᠰᠡᠨ᠂ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠪᠠ ᠡᠳ᠋ ᠬᠥᠷᠥᠩᠭᠡ ᠬᠡᠷᠡᠭᠯᠡᠭᠰᠡᠨ ᠪᠠᠶᠢᠳᠠᠯ ᠢ ᠦᠨᠳᠦᠰᠦᠯᠡᠨ᠂ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠭᠦᠢᠴᠡᠳᠭᠡᠭᠡᠳ ᠰᠢᠢᠳᠪᠦᠷᠢᠯᠡᠬᠦ ᠵᠦᠢᠯᠡᠰ ᠤᠨ ᠴᠣᠬᠤᠯᠠᠪᠤᠷᠢ ᠵᠡᠷᠭᠡ ᠪᠢᠴᠢᠭ ᠮᠠᠲ᠋ᠧᠷᠢᠶᠠᠯ ᠢ ᠦᠨᠳᠦᠰᠦᠯᠡᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠴᠠᠭ ᠲᠤᠬᠠᠶ ᠳᠤ ᠨᠢ ᠰᠢᠢᠳᠪᠦᠷᠢᠯᠡᠬᠦ ᠬᠡᠷᠡᠭᠲᠡᠶ᠃

  ᠳᠥᠴᠢᠳᠦᠭᠡᠷ ᠵᠦᠢᠯ    ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠳᠤ ᠪᠠᠨ ᠳᠣᠣᠷ᠎ᠠ ᠵᠢᠭᠰᠠᠭᠠᠭᠰᠠᠨ ᠵᠠᠷᠴᠢᠮ ᠤᠳ ᠢ ᠵᠢᠷᠤᠮᠯᠠᠬᠤ ᠬᠡᠷᠡᠭᠲᠡᠶ᠄

  ︵ ᠨᠢᠭᠡ ︶ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠪᠠᠢᠢᠬᠤ︔

  ︵ ᠬᠤᠶᠠᠷ ︶ ᠡᠳ᠋ ᠬᠦᠷᠦᠩᠭᠡ ᠶᠢ ᠰᠢᠢᠳᠪᠦᠷᠢᠯᠡᠬᠦ ᠪᠠ ᠡᠳ᠋ ᠬᠦᠷᠦᠩᠭᠡ ᠶᠢ ᠲᠤᠬᠢᠷᠡᠭᠤᠯᠬᠤ᠂ ᠬᠡᠷᠡᠭᠯᠡᠬᠦ ᠶᠢ ᠤᠶᠠᠯᠳᠤᠭᠤᠯᠬᠤ︔

  ︵ ᠭᠤᠷᠪᠠ ︶ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ ᠰᠦᠢᠳᠬᠡᠬᠦ ᠶᠢ ᠲᠡᠪᠴᠢᠬᠦ᠃

  ᠳᠥᠴᠢᠨ ᠨᠢᠭᠡᠳᠦᠭᠡᠷ ᠵᠦᠢᠯ    ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠠᠷᠭ᠎ᠠ ᠬᠡᠯᠪᠡᠷᠢ ᠳᠤ ᠦᠨ᠎ᠡ ᠲᠥᠯᠥᠪᠦᠷᠢ ᠥᠬᠡᠶ ᠪᠠᠷ ᠬᠤᠪᠢᠶᠠᠷᠢᠯᠠᠨ ᠰᠢᠯᠵᠢᠭᠦᠯᠬᠦ᠂ ᠭᠠᠳᠠᠭᠰᠢ ᠪᠡᠯᠡᠭᠯᠡᠨ ᠬᠦᠷᠭᠡᠬᠦ᠂ ᠰᠢᠯᠵᠢᠭᠦᠯᠬᠦ᠂ ᠰᠣᠯᠢᠬᠤ᠂ ᠬᠡᠷᠡᠭᠯᠡᠭᠡᠨ ᠡᠴᠠ ᠭᠠᠷᠭᠠᠬᠤ᠂ ᠰᠦᠢᠳᠦᠭᠰᠡᠨ ᠢᠶᠠᠷ ᠮᠡᠳᠡᠭᠦᠯᠬᠦ ᠪᠠᠭᠲᠠᠨ᠎ᠠ᠃

  ᠳᠥᠴᠢᠨ ᠬᠤᠶᠠᠳᠤᠭᠠᠷ ᠵᠦᠢᠯ    ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠳᠣᠣᠷ᠎ᠠ ᠵᠢᠭᠰᠠᠭᠠᠭᠰᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠦᠷᠦᠩᠭᠡ ᠶᠢ ᠬᠡᠷᠡᠭᠯᠡᠭᠡᠨ ᠡᠴᠠ ᠭᠠᠷᠭᠠᠬᠤ᠂ ᠰᠦᠢᠳᠦᠭᠰᠡᠨ ᠢᠶᠠᠷ ᠮᠡᠳᠡᠭᠦᠯᠬᠦ ᠬᠡᠷᠡᠭᠲᠡᠢ᠄

  ︵ ᠨᠢᠭᠡ ︶ ᠮᠡᠷᠭᠡᠵᠢᠯ ᠤᠨ ᠰᠢᠯᠲᠠᠭᠠᠨ ᠡᠴᠠ ᠪᠣᠯᠵᠤ ᠦᠨᠡᠨ ᠬᠦ ᠰᠢᠭᠰᠢᠳᠡᠭᠦᠯᠬᠦ ᠴᠢᠬᠤᠯᠠ ᠲᠠᠢ ᠪᠤᠶᠤ ᠵᠠᠰᠠᠬᠤ ᠶᠢᠨ ᠠᠷᠭ᠎ᠠ ᠦᠭᠡᠶ᠂ ᠰᠡᠯᠪᠢᠨ ᠵᠠᠰᠠᠬᠤ ᠦᠨ᠎ᠡ ᠥᠷᠲᠡᠭ ᠦᠭᠡᠶ ᠡᠳ᠋ ᠬᠥᠷᠥᠩᠭᠡ︔

  ︵ ᠬᠤᠶᠠᠷ ︶ ᠪᠦᠷᠢᠳᠭᠡᠯ ᠤᠨ ᠠᠯᠳᠠᠪᠤᠷᠢ᠂ ᠮᠠᠭᠤ ᠳᠠᠩᠰᠠ ᠵᠢᠴᠢ ᠬᠡᠪ ᠤᠨ ᠪᠤᠰᠤ ᠪᠠᠷ ᠰᠦᠢᠳᠦᠭᠰᠡᠨ ᠳᠤ ᠬᠤᠯᠪᠣᠭᠳᠠᠭᠰᠠᠨ ᠡᠳ᠋ ᠬᠥᠷᠥᠩᠭᠡ︔

  ︵ ᠭᠤᠷᠪᠠ ︶ ᠬᠡᠷᠡᠭᠯᠡᠬᠦ ᠵᠢᠯ ᠬᠢᠵᠠᠭᠠᠷ ᠡᠴᠠ ᠬᠡᠲᠦᠷᠡᠭᠰᠡᠨ ᠪᠥᠭᠡᠳ ᠤᠳᠤ ᠶᠢᠨ ᠠᠵᠢᠯ ᠤᠨ ᠬᠡᠷᠡᠭᠴᠡᠭᠡ ᠶᠢ ᠬᠠᠩᠭᠠᠬᠤ ᠶᠢᠨ ᠠᠷᠭ᠎ᠠ ᠦᠭᠡᠢ ᠪᠣᠯᠤᠭᠰᠠᠨ ᠡᠳ᠋ ᠬᠦᠷᠦᠩᠭᠡ︔

  ︵ ᠳᠥᠷᠪᠡ ︶ ᠪᠠᠶᠢᠭᠠᠯᠢ ᠶᠢᠨ ᠭᠠᠮᠰᠢᠭ ᠵᠡᠷᠭᠡ ᠡᠰᠡᠷᠭᠦᠴᠡᠰᠢ ᠥᠬᠡᠶ ᠬᠦᠴᠦᠨ ᠡᠴᠠ ᠪᠣᠯᠵᠣ ᠡᠪᠳᠡᠭᠳᠡᠨ ᠰᠦᠢᠳᠦᠭᠰᠡᠨ᠂ ᠤᠰᠠᠳᠤᠭᠰᠠᠨ ᠡᠳ᠋ ᠬᠥᠷᠥᠩᠭᠡ᠃

  ᠳᠥᠴᠢᠨ ᠭᠤᠷᠪᠠᠳᠤᠭᠠᠷ ᠵᠦᠢᠯ    ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠳᠤ ᠰᠠᠯᠭᠠᠬᠤ᠂ ᠨᠡᠶᠢᠯᠡᠭᠦᠯᠬᠦ᠂ ᠪᠠᠶᠢᠭᠤᠯᠤᠯ ᠢ ᠥᠭᠡᠷᠡᠴᠢᠯᠡᠬᠦ᠂ ᠬᠠᠰᠤᠬᠤ᠂ ᠬᠠᠷᠢᠶᠠᠯᠠᠭᠳᠠᠬᠤ ᠬᠠᠷᠢᠴᠠᠭ᠎ᠠ ᠶᠢ ᠬᠤᠪᠢᠷᠠᠭᠤᠯᠬᠤ ᠪᠤᠶᠤ ᠬᠡᠰᠡᠭ ᠡᠭᠦᠷᠭᠡ ᠴᠢᠳᠠᠪᠤᠷᠢ᠂ ᠲᠤᠬᠠᠶᠢᠯᠠᠭᠰᠠᠨ ᠠᠵᠢᠯ ᠢ ᠲᠤᠬᠢᠷᠠᠭᠤᠯᠬᠤ ᠵᠡᠷᠭᠡ ᠪᠠᠶᠢᠳᠠᠯ ᠭᠠᠷᠪᠠᠯ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠦᠷᠦᠩᠭᠡ ᠶᠢ ᠬᠤᠪᠢᠶᠠᠷᠢᠯᠠᠨ ᠰᠢᠯᠵᠢᠭᠦᠯᠬᠦ᠂ ᠲᠤᠰᠢᠶᠠᠵᠤ ᠬᠦᠯᠢᠶᠡᠨ ᠠᠪᠬᠤ ᠭᠠᠷᠳᠠᠮ ᠭᠦᠢᠴᠡᠳᠬᠡᠬᠦ ᠬᠡᠷᠡᠭᠲᠡᠢ᠃

  ᠳᠥᠴᠢᠨ ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠪᠠᠶᠢᠭᠤᠯᠤᠭᠰᠠᠨ ᠰᠤᠳᠤᠯᠤᠨ ᠨᠡᠭᠡᠭᠡᠬᠦ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠨᠢ ᠥᠪᠡᠷ ᠤᠨ ᠢᠶᠠᠨ ᠡᠵᠡᠮᠰᠢᠵᠦ ᠪᠠᠶᠢᠭ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢᠶᠠᠨ ᠬᠡᠷᠡᠭᠯᠡᠬᠦ ᠪᠠ ᠰᠢᠢᠳᠪᠦᠷᠢᠯᠡᠬᠦ ᠳᠤ ᠪᠠᠨ᠂ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠬᠤ ᠬᠠᠤᠯᠢ ︾ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠰᠬᠠᠢ ᠠᠰᠢᠭ ᠤᠨ ᠬᠠᠤᠯᠢ ︾ ᠪᠠ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃

  ᠳᠥᠴᠢᠨ ᠲᠠᠪᠤᠳᠤᠭᠠᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠰᠢᠢᠳᠪᠦᠷᠢᠯᠡᠬᠦ ᠪᠠᠷ ᠪᠠᠶᠢᠭ᠎ᠠ ᠤᠯᠤᠰ ᠤᠨ ᠥᠮᠴᠢᠯᠡᠯᠲᠦ ᠡᠳ᠋ ᠭᠦᠷᠦᠩᠭᠡ ᠨᠢ ᠲᠣᠭᠲᠠᠭᠠᠭᠰᠠᠨ ᠬᠢᠵᠠᠭᠠᠷ ᠲᠤᠭ᠎ᠠ ᠡᠴᠠ ᠳᠡᠭᠡᠭᠰᠢ ᠪᠠᠶᠢᠪᠠᠯ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠰᠠᠨ ᠤ ᠲᠠᠷᠠᠭ᠎ᠠ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠵᠦ ᠵᠥᠪᠰᠢᠶᠡᠷᠡᠭᠦᠯᠦᠨ᠎ᠡ︔ ᠰᠢᠢᠳᠪᠦᠷᠢᠯᠡᠬᠦ ᠪᠠᠷ ᠪᠠᠶᠢᠭ᠎ᠠ ᠤᠯᠤᠰ ᠤᠨ ᠥᠮᠴᠢᠯᠡᠯᠲᠦ ᠡᠳ᠋ ᠬᠥᠷᠥᠩᠭᠡ ᠨᠢ ᠲᠣᠭᠲᠠᠭᠠᠭᠰᠠᠨ ᠬᠢᠵᠠᠭᠠᠷ ᠲᠤᠭ᠎ᠠ ᠡᠴᠠ ᠳᠣᠷᠣᠭᠰᠢ ᠪᠠᠶᠢᠪᠠᠯ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠵᠥᠪᠰᠢᠶᠡᠷᠡᠬᠦ ᠶᠢᠨ ᠬᠠᠮᠲᠤ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠢᠢᠪᠠᠯ ᠲᠡᠷᠡ ᠬᠦ ᠲᠣᠭᠲᠠᠭᠠᠯ ᠢ ᠵᠢᠷᠤᠮᠯᠠᠨ᠎ᠠ᠃

  ᠳᠥᠴᠢᠨ ᠵᠢᠷᠭᠤᠳᠤᠭᠠᠷ ᠵᠦᠢᠯ    ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠳᠤ ᠬᠤᠯᠪᠣᠭᠳᠠᠭᠰᠠᠨ ᠤᠯᠤᠰ ᠤᠨ ᠥᠮᠴᠢᠯᠡᠯᠲᠦ ᠡᠳ᠋ ᠭᠦᠷᠦᠩᠭᠡ ᠶᠢ ᠰᠢᠢᠳᠪᠦᠷᠢᠯᠡᠬᠦ ᠴᠢᠬᠤᠯᠠ ᠶᠡᠭᠡ ᠵᠦᠢᠯᠡᠰ ᠢ ᠦᠨᠡᠨ ᠬᠦ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠣᠬᠢᠴᠠᠭᠤᠯᠤᠨ ᠰᠢᠢᠳᠪᠦᠷᠢᠯᠡᠭᠦᠯᠬᠦ ᠴᠢᠬᠤᠯᠠ ᠲᠠᠢ ᠪᠣᠯ᠂ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠬᠢᠨᠠᠨ ᠬᠠᠷᠭᠤᠭᠤᠯᠤᠭᠰᠠᠨ ᠤ ᠲᠠᠷᠠᠭ᠎ᠠ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃


  ᠲᠠᠪᠤᠳᠤᠭᠠᠷ ᠪᠦᠯᠦᠭ    ᠡᠳ᠋ ᠬᠥᠷᠥᠩᠭᠡ ᠶᠢ ᠦᠨᠡᠯᠡᠨ ᠵᠢᠱᠢᠬᠦ ᠪᠠ ᠡᠳ᠋ ᠬᠥᠷᠥᠩᠭᠡ ᠶᠢ                                                                ᠢᠯᠭᠠᠷᠠᠭᠤᠯᠤᠨ ᠪᠠᠶᠢᠴᠠᠭᠠᠬᠤ


  ᠳᠥᠴᠢᠨ ᠳᠣᠯᠣᠳᠤᠭᠠᠷ ᠵᠦᠢᠯ    ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠳᠤ ᠳᠣᠣᠷ᠎ᠠ ᠵᠢᠭᠰᠠᠭᠠᠭᠰᠠᠨ ᠪᠠᠢᠢᠳᠠᠯ ᠤᠳ ᠤᠨ ᠨᠢᠭᠡ ᠨᠢ ᠪᠠᠶᠢᠪᠠᠯ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠳᠤ ᠦᠨᠡᠯᠡᠨ ᠵᠢᠱᠢᠯᠲᠡ ᠬᠢᠬᠦ ᠬᠡᠷᠡᠭᠲᠡᠶ᠄

  ︵ ᠨᠢᠭᠡ ︶ ᠤᠯᠤᠰ ᠤᠨ ᠥᠮᠴᠢᠯᠡᠯᠲᠦ ᠡᠳ᠋ ᠬᠦᠷᠦᠩᠭᠡ ᠶᠢ ᠰᠢᠯᠵᠢᠭᠦᠯᠬᠦ᠂ ᠦᠨ᠎ᠡ ᠬᠠᠶᠠᠵᠤ ᠬᠤᠳᠠᠯᠳᠤᠬᠤ᠂ ᠰᠤᠯᠢᠬᠤ᠂ ᠭᠠᠳᠠᠭᠰᠢ ᠪᠠᠨ ᠪᠡᠯᠡ ᠣᠷᠤᠭᠤᠯᠬᠤ ᠵᠡᠷᠭᠡ᠃ ᠤᠯᠤᠰ ᠲᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ︔

  ︵ ᠬᠤᠶᠠᠷ ︶ ᠠᠵᠢᠯ ᠦᠢᠯᠡᠰ ᠤᠨ ᠨᠢᠭᠡᠴᠢ ᠨᠢ ᠪᠦᠬᠦᠯᠢ ᠴᠣᠭᠴᠠ ᠪᠠᠷ ᠢᠶᠠᠨ ᠪᠤᠶᠤ ᠬᠡᠰᠡᠭ ᠨᠢ ᠪᠠᠶᠢᠭᠤᠯᠤᠯ ᠢᠶᠠᠨ ᠥᠭᠡᠷᠡᠴᠢᠯᠡᠨ ᠠᠵᠤ ᠠᠬᠤᠢᠢᠯᠠᠯ ᠪᠣᠯᠭᠠᠬᠤ ᠳᠤ ᠬᠤᠯᠪᠣᠭᠳᠠᠭᠰᠠᠨ᠂ ᠡᠰᠡᠬᠦᠯ᠎ᠡ ᠵᠣᠭᠤᠰᠣᠨ ᠤ ᠪᠤᠰᠤ ᠴᠢᠨᠠᠷᠲᠠᠢ ᠡᠳ᠋ ᠬᠦᠷᠦᠩᠭᠡ ᠪᠠᠷ ᠭᠠᠳᠠᠭᠰᠢ ᠪᠠᠨ ᠪᠡᠯᠡ ᠣᠷᠤᠭᠤᠯᠬᠤ︔

  ︵ ᠭᠤᠷᠪᠠ ︶ ᠠᠵᠢᠯ ᠦᠢᠯᠡᠰ ᠤᠨ ᠨᠢᠭᠡᠴᠢ ᠶᠢ ᠨᠡᠶᠢᠯᠡᠭᠦᠯᠬᠦ᠂ ᠰᠠᠯᠭᠠᠬᠤ᠂ ᠢᠯᠭᠠᠷᠠᠭᠤᠯᠵᠤ ᠪᠤᠳᠤᠬᠤ︔

  ︵ ᠳᠥᠷᠪᠡ ︶ ᠠᠵᠢᠯ ᠦᠢᠯᠡᠰ ᠤᠨ ᠨᠢᠭᠡᠴᠢ ᠶᠢᠨ ᠪᠦᠬᠦᠯᠢ ᠴᠣᠭᠴᠠ ᠶᠢᠨ ᠪᠤᠶᠤ ᠬᠡᠰᠡᠭ ᠡᠳ᠋ ᠬᠥᠷᠥᠩᠭᠡ ᠶᠢ ᠤᠯᠤᠰ ᠤᠨ ᠥᠮᠴᠢᠯᠡᠯᠲᠦ ᠪᠤᠰᠤ ᠨᠢᠭᠡᠴᠢ ᠳᠤ ᠲᠦᠷᠢᠶᠡᠰᠦᠯᠡᠨ ᠥᠭᠬᠦ︔

  ︵ ᠲᠠᠪᠤ ︶ ᠵᠠᠷᠭᠤ ᠳᠤ ᠬᠤᠯᠪᠣᠭᠳᠠᠭᠰᠠᠨ ᠡᠳ᠋ ᠬᠦᠷᠦᠩᠭᠡ ᠶᠢᠨ ᠦᠷᠳᠡᠭ ᠢ ᠨᠢ ᠲᠣᠭᠲᠠᠭᠠᠬᠤ︔

  ︵ ᠵᠢᠷᠭᠤᠭ᠎ᠠ ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠳ᠋ ᠬᠦᠷᠦᠩᠭᠡ ᠶᠢᠨ ᠦᠨᠡᠯᠡᠨ ᠵᠢᠱᠢᠯᠲᠡ ᠬᠢᠬᠦ ᠴᠢᠬᠤᠯᠠ ᠲᠠᠢ ᠪᠤᠰᠤᠳ ᠪᠠᠶᠢᠳᠠᠯ᠃

  ᠡᠳ᠋ ᠬᠥᠷᠥᠩᠭᠡ ᠶᠢ ᠦᠨᠡᠯᠡᠨ ᠵᠢᠱᠢᠬᠦ ᠳᠤ ᠪᠠᠨ ᠡᠳ᠋ ᠬᠥᠷᠥᠩᠭᠡ ᠶᠢ ᠦᠨᠡᠯᠡᠨ ᠵᠢᠱᠢᠬᠦ ᠬᠢᠷᠢ ᠬᠡᠮ ᠲᠠᠢ ᠪᠠᠶᠢᠭᠤᠯᠤᠮᠵᠢ ᠳᠤ ᠨᠠᠶᠢᠳᠠᠵᠤ ᠦᠨᠡᠯᠡᠨ ᠵᠢᠱᠢᠯᠲᠡ ᠬᠢᠯᠭᠡᠬᠦ ᠬᠡᠷᠡᠭᠲᠡᠶ᠃

  ᠳᠥᠴᠢᠨ ᠨᠠᠢᠮᠠᠳᠤᠭᠠᠷ ᠵᠦᠢᠯ    ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠪᠡᠶ᠎ᠡ ᠪᠠᠨ ᠳᠠᠭᠠᠭᠠᠬᠤ᠂ ᠪᠤᠰᠤᠳᠴᠢ᠂ ᠲᠥᠪ ᠭᠤᠣᠯᠴᠢ ᠪᠠᠶᠢᠬᠤ ᠵᠠᠷᠴᠢᠮ ᠶᠣᠰᠣᠭᠠᠷ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠭᠦᠷᠦᠩᠭᠡ ᠳᠤ ᠬᠠᠤᠯᠢ ᠶᠣᠰᠣᠭᠠᠷ ᠦᠨᠡᠯᠡᠨ ᠵᠢᠱᠢᠯᠲᠡ ᠬᠢᠬᠦ ᠬᠡᠷᠡᠭᠲᠡᠢ᠃

  ᠳᠥᠴᠢ ᠶᠢᠰᠦᠳᠦᠭᠡᠷ ᠵᠦᠢᠯ    ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠨᠢᠭᠲᠠᠯᠠᠨ ᠪᠤᠳᠤᠭᠴᠢ ᠶᠢᠨ ᠨᠤᠲᠠᠯᠠᠯᠲᠠ ᠬᠢᠵᠦ ᠲᠠᠩᠰᠠᠨ ᠳᠤ ᠣᠷᠣᠭᠤᠯᠬᠤ ᠶᠢᠨ ᠠᠷᠭ᠎ᠠ ᠥᠬᠡᠶ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠳᠤ᠂ ᠬᠡᠷᠡᠭᠴᠡᠭᠡ ᠪᠠᠨ ᠦᠨᠳᠦᠰᠦᠯᠡᠨ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠵᠤ ᠪᠠᠶᠢᠭᠠᠳ ᠡᠳ᠋ ᠬᠥᠷᠥᠩᠭᠡ ᠶᠢ ᠦᠨᠡᠯᠡᠨ ᠵᠢᠱᠢᠬᠦ ᠠᠷᠭ᠎ᠠ ᠪᠠᠷ ᠯᠠᠪᠯᠠᠯᠲᠠ ᠪᠣᠯᠭᠠᠨ ᠦᠨᠡᠯᠡᠨ ᠵᠢᠱᠢᠯᠲᠡ ᠬᠢᠯᠭᠡᠬᠦ ᠶᠢᠨ ᠬᠠᠮᠲᠤ ᠡᠳ᠋ ᠬᠥᠷᠥᠩᠭᠡ ᠶᠢᠨ ᠪᠠᠶᠢᠳᠠᠯ ᠢ ᠲᠤᠰᠬᠠᠬᠤ ᠦᠨᠳᠦᠰᠦᠯᠡᠯ ᠪᠣᠯᠭᠠᠵᠤ ᠪᠣᠯᠤᠨ᠎ᠠ᠃

  ᠲᠠᠪᠢᠳᠤᠭᠠᠷ ᠵᠦᠢᠯ   ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠦᠨᠡᠯᠡᠨ ᠵᠢᠱᠢᠬᠦ ᠲᠥᠷᠥᠯ ᠵᠦᠢᠯ ᠳᠤ ᠬᠢᠨᠠᠨ ᠵᠥᠪᠰᠢᠶᠡᠷᠡᠬᠦ ᠳᠦᠷᠢᠮ ᠪᠠ ᠳᠠᠩᠰᠠᠯᠠᠭᠤᠯᠬᠤ ᠳᠦᠷᠢᠮ ᠢ ᠬᠡᠷᠡᠭᠵᠢᠭᠦᠯᠦᠨ᠎ᠡ᠃

  ᠬᠢᠨᠠᠨ ᠵᠥᠪᠰᠢᠶᠡᠷᠡᠬᠦ ᠳᠦᠷᠢᠮ ᠪᠠ ᠳᠠᠩᠰᠠᠯᠠᠭᠤᠯᠬᠤ ᠳᠦᠷᠢᠮ ᠢᠶᠠᠷ ᠬᠡᠷᠡᠭᠵᠢᠭᠦᠯᠬᠦ ᠲᠥᠷᠥᠯ ᠵᠦᠢᠯ ᠤᠨ ᠬᠡᠪᠴᠢᠶ᠎ᠡ ᠵᠡᠷᠭᠡ ᠶᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃

  ᠲᠠᠪᠢᠨ ᠨᠢᠭᠡᠳᠦᠭᠡᠷ ᠵᠦᠢᠯ   ᠳᠣᠣᠷ᠎ᠠ ᠵᠢᠭᠰᠠᠭᠠᠭᠰᠠᠨ ᠪᠠᠢᠢᠳᠠᠯ ᠤᠳ ᠤᠨ ᠨᠢᠭᠡ ᠨᠢ ᠪᠠᠶᠢᠪᠠᠯ᠂ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠭᠦᠷᠦᠩᠭᠡ ᠶᠢ ᠢᠯᠭᠠᠷᠠᠭᠤᠯᠤᠨ ᠪᠠᠶᠢᠴᠠᠭᠠᠬᠤ ᠬᠡᠷᠡᠭᠲᠡᠢ᠄

  ︵ ᠨᠢᠭᠡ ︶ ᠳᠡᠭᠡᠳᠦ ᠱᠠᠲᠤ ᠪᠤᠶᠤ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠳᠦᠰᠦᠯᠡᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠤᠭᠰᠠᠨ︔

  ︵ ᠬᠤᠶᠠᠷ ︶ ᠴᠢᠬᠤᠯᠠ ᠶᠡᠭᠡ ᠡᠳ᠋ ᠬᠦᠷᠦᠩᠭᠡ ᠶᠢ ᠰᠢᠯᠵᠢᠭᠦᠯᠦᠨ ᠥᠭᠬᠦ᠂ ᠬᠤᠪᠢᠶᠠᠷᠢᠯᠠᠨ ᠰᠢᠯᠵᠢᠭᠦᠯᠬᠦ ᠵᠢᠴᠢ ᠨᠢᠭᠡᠴᠢ ᠶᠢ ᠰᠠᠯᠭᠠᠬᠤ᠂ ᠨᠡᠶᠢᠯᠡᠭᠦᠯᠬᠦ᠂ ᠪᠠᠶᠢᠭᠤᠯᠤᠯ ᠢ ᠥᠭᠡᠷᠡᠴᠢᠯᠡᠬᠦ᠂ ᠬᠠᠰᠤᠬᠤ᠂ ᠬᠠᠷᠢᠶᠠᠯᠠᠭᠳᠠᠬᠤ ᠬᠠᠷᠢᠴᠠᠭ᠎ᠠ ᠶᠢ ᠬᠤᠪᠢᠷᠠᠭᠤᠯᠬᠤ ᠵᠡᠷᠭᠡ ᠪᠠᠶᠢᠳᠠᠯ ᠡᠭᠦᠰᠦᠭᠰᠡᠨ︔

  ︵ ᠭᠤᠷᠪᠠ ︶ ᠪᠠᠶᠢᠭᠠᠯᠢ ᠶᠢᠨ ᠭᠠᠮᠰᠢᠭ ᠵᠡᠷᠭᠡ ᠡᠰᠡᠷᠭᠦᠴᠡᠰᠢ ᠦᠭᠡᠢ ᠬᠦᠴᠦᠨ ᠡᠴᠠ ᠪᠤᠯᠵᠤ ᠡᠳ᠋ ᠬᠦᠷᠦᠩᠭᠡ ᠡᠪᠳᠡᠭᠳᠡᠨ ᠰᠦᠢᠳᠦᠭᠰᠡᠨ᠂ ᠤᠰᠠᠳᠤᠭᠰᠠᠨ︔

  ︵ ᠲᠦᠷᠪᠡ ︶ ᠨᠢᠭᠲᠠᠯᠠᠨ ᠪᠤᠳᠤᠬᠤ ᠮᠡᠳᠡᠭᠡ ᠵᠠᠩᠭᠢ ᠨᠢ ᠬᠦᠨᠳᠦ ᠨᠣᠴᠢᠲᠠᠢ ᠰᠣᠯᠣᠭᠠᠢᠢᠷᠠᠭᠰᠠᠨ︔

  ︵ ᠲᠠᠪᠤ ︶ ᠤᠯᠤᠰ ᠤᠨ ᠨᠢᠨᠨᠳᠠᠯᠠᠨ ᠪᠣᠳᠣᠬᠤ ᠨᠢᠭᠡᠳᠦᠯᠲᠡᠢ ᠳᠦᠷᠢᠮ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠡᠳ᠋ ᠬᠥᠷᠥᠩᠭᠡ ᠶᠢᠨ ᠲᠣᠭᠠᠴᠠᠭ᠎ᠠ ᠬᠢᠬᠦ ᠠᠷᠭ᠎ᠠ ᠳᠤ ᠬᠤᠯᠪᠣᠭᠳᠠᠬᠤ ᠴᠢᠬᠤᠯᠠ ᠬᠤᠪᠢᠷᠠᠯᠲᠠ ᠭᠠᠷᠤᠭᠰᠠᠨ︔

  ︵ ᠵᠢᠷᠭᠤᠭ᠎ᠠ ︶ ᠡᠳ᠋ ᠬᠦᠷᠦᠩᠭᠡ ᠶᠢ ᠢᠯᠭᠠᠷᠠᠭᠤᠯᠤᠨ ᠪᠠᠶᠢᠴᠠᠭᠠᠬᠤ ᠴᠢᠬᠤᠯᠠ ᠲᠠᠢ ᠪᠤᠰᠤᠳ ᠪᠠᠶᠢᠳᠠᠯ᠃

  ᠲᠠᠪᠢᠨ ᠬᠤᠶᠠᠳᠤᠭᠠᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠳᠤ ᠲᠠᠩᠰᠠ ᠪᠠ ᠪᠣᠳᠠᠲᠠᠶ ᠨᠢ ᠨᠡᠶᠢᠴᠡᠬᠦ ᠥᠬᠡᠶ᠂ ᠲᠠᠩᠰᠠ ᠪᠠ ᠲᠠᠩᠰᠠ ᠨᠢ ᠨᠡᠶᠢᠴᠡᠬᠦ ᠥᠬᠡᠶ ᠪᠠᠶᠢᠬᠤ ᠶᠢ ᠣᠯᠵᠤ ᠮᠡᠳᠡᠪᠡᠯ᠂ ᠰᠢᠯᠲᠠᠭᠠᠨ ᠢ ᠨᠢ ᠪᠠᠶᠢᠴᠠᠭᠠᠨ ᠲᠣᠳᠣᠯᠠᠵᠤ ᠲᠣᠳᠣᠷᠬᠠᠢᠢᠯᠠᠬᠤ ᠶᠢᠨ ᠬᠠᠮᠲᠤ ᠢᠯᠭᠠᠷᠠᠭᠤᠯᠤᠨ ᠪᠠᠶᠢᠴᠠᠭᠠᠭᠰᠠᠨ ᠳ᠋ᠦᠩ ᠲᠠᠢ ᠬᠠᠮᠲᠤ ᠬᠢᠨᠠᠨ ᠵᠥᠪᠰᠢᠶᠡᠷᠡᠭᠦᠯᠬᠦ ᠳᠡᠰ ᠳᠠᠷᠠᠭᠠᠯᠠᠯ ᠢ ᠭᠦᠢᠴᠡᠳᠬᠡᠬᠦ ᠬᠡᠷᠡᠭᠲᠡᠶ᠃ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠨᠢ ᠬᠢᠨᠠᠨ ᠵᠥᠪᠰᠢᠶᠡᠷᠡᠭᠰᠡᠨ ᠳ᠋ᠦᠩ ᠢ ᠦᠨᠳᠦᠰᠦᠯᠡᠨ ᠡᠳ᠋ ᠬᠥᠷᠥᠩᠭᠡ ᠶᠢᠨ ᠡᠬᠡ ᠲᠠᠩᠰᠠ ᠶᠢᠨ ᠮᠡᠳᠡᠭᠡ ᠵᠠᠩᠭᠢ ᠳᠤ ᠴᠠᠭ ᠲᠤᠬᠠᠶ ᠳᠤ ᠨᠢ ᠲᠣᠬᠢᠷᠠᠭᠤᠯᠤᠯᠲᠠ ᠬᠢᠬᠦ ᠶᠢᠨ ᠬᠠᠮᠲᠤ᠂ ᠨᠢᠭᠲᠠᠯᠠᠨ ᠪᠤᠳᠤᠵᠤ ᠰᠢᠢᠳᠪᠦᠷᠢᠯᠡᠬᠦ ᠬᠡᠷᠡᠭᠲᠡᠶ᠃

  ᠡᠳ᠋ ᠬᠥᠷᠥᠩᠭᠡ ᠬᠡᠷᠡᠭᠯᠡᠭᠴᠢ᠂ ᠬᠠᠮᠢᠶᠠᠷᠤᠭᠴᠢ ᠶᠢᠨ ᠰᠢᠯᠲᠠᠭᠠᠨ ᠡᠴᠠ ᠪᠣᠯᠵᠣ ᠡᠳ᠋ ᠬᠥᠷᠥᠩᠭᠡ ᠡᠪᠳᠡᠭᠳᠡᠨ ᠰᠦᠢᠳᠬᠡᠭᠳᠡᠵᠦ᠂ ᠤᠰᠠᠳᠬᠠᠭᠳᠠᠭᠰᠠᠨ ᠪᠠᠶᠢᠪᠠᠯ᠂ ᠬᠠᠤᠯᠢ ᠶᠣᠰᠣᠭᠠᠷ ᠬᠠᠮᠢᠶ᠎ᠠ ᠪᠥᠬᠦᠶ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃


  ᠵᠢᠷᠭᠤᠳᠤᠭᠠᠷ ᠪᠦᠯᠦᠭ    ᠡᠳ᠋ ᠬᠥᠷᠥᠩᠭᠡ ᠵᠢᠨ ᠮᠡᠳᠡᠭᠦᠯᠦᠯᠲᠡ ᠬᠢᠭᠡᠳ ᠬᠢᠨᠠᠯᠲᠠ                                                                               ᠬᠠᠮᠢᠶᠠᠷᠤᠯᠲᠠ


  ᠲᠠᠪᠢᠨ ᠭᠤᠷᠪᠠᠳᠤᠭᠠᠷ ᠵᠦᠢᠯ    ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃

  ᠲᠠᠪᠢᠨ ᠳᠥᠷᠪᠡᠳᠦᠭᠡᠷ ᠵᠦᠢᠯ    ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠭᠦᠷᠦᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠳᠤ ᠭᠤᠣᠯᠳᠠᠭᠤ ᠳᠣᠣᠷ᠎ᠠ ᠵᠢᠭᠰᠠᠭᠠᠭᠰᠠᠨ ᠠᠭᠤᠯᠭ᠎ᠠ ᠨᠤᠭᠤᠳ ᠪᠠᠭᠲᠠᠨ᠎ᠠ᠄

  ︵ ᠨᠢᠭᠡ ︶ ᠡᠳ᠋ ᠬᠥᠷᠥᠩᠭᠡ ᠥᠷᠢ ᠥᠭᠴᠡᠭᠡ ᠶᠢᠨ ᠶᠡᠷᠦᠩᠬᠡᠶ ᠬᠡᠮᠵᠢᠶᠡᠨ ᠤ ᠪᠠᠶᠢᠳᠠᠯ︔

  ︵ ᠬᠤᠶᠠᠷ ︶ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠭᠰᠠᠨ ᠪᠠ ᠬᠡᠷᠡᠭᠵᠢᠭᠦᠯᠦᠭᠰᠡᠨ ᠪᠠᠢᠢᠳᠠᠯ︔

  ︵ ᠭᠤᠷᠪᠠ ︶ ᠡᠳ᠋ ᠬᠥᠷᠥᠩᠭᠡ ᠲᠣᠬᠢᠷᠠᠭᠤᠯᠤᠭᠰᠠᠨ᠂ ᠬᠡᠷᠡᠭᠯᠡᠭᠰᠡᠨ᠂ ᠰᠢᠢᠳᠪᠦᠷᠢᠯᠡᠭᠰᠡᠨ ᠪᠠ ᠦᠷ᠎ᠡ ᠠᠰᠢᠭ ᠤᠨ ᠪᠠᠶᠢᠳᠠᠯ︔

  ︵ ᠳᠥᠷᠪᠡ ︶ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠭᠰᠡᠨ ᠪᠠᠶᠢᠳᠠᠯ︔

  ︵ ᠲᠠᠪᠤ ︶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠭᠦᠷᠭᠡ ᠴᠢᠳᠠᠪᠤᠷᠢ ᠪᠠᠨ ᠭᠦᠢᠴᠡᠳᠭᠡᠭᠰᠡᠨ᠂ ᠠᠵᠢᠯ ᠦᠢᠯᠡᠰ ᠤᠨ ᠬᠥᠭᠵᠢᠯᠲᠡ ᠪᠠ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠶᠢ ᠪᠠᠲᠤᠯᠠᠭᠰᠠᠨ ᠪᠠᠶᠢᠳᠠᠯ︔

  ︵ ᠵᠢᠷᠭᠤᠭ᠎ᠠ ︶ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ︔

  ︵ ᠲᠤᠯᠤᠭ᠎ᠠ ︶ ᠮᠡᠳᠡᠭᠦᠯᠬᠦ ᠴᠢᠬᠤᠯᠠ ᠲᠠᠢ ᠪᠤᠰᠤᠳ ᠪᠠᠶᠢᠳᠠᠯ᠃

  ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠡᠶᠢᠭᠡᠮ ᠳᠤ ᠢᠯᠡ ᠪᠣᠯᠭᠠᠬᠤ ᠬᠡᠷᠡᠭᠲᠡᠶ᠃

  ᠲᠠᠪᠢᠨ ᠲᠠᠪᠤᠳᠤᠭᠠᠷ ᠵᠦᠢᠯ   ᠡᠯ᠎ᠡ ᠰᠠᠯᠠᠭ᠎ᠠ ᠮᠥᠴᠢᠷ ᠤᠨ ᠬᠠᠷᠢᠶ᠎ᠠ ᠨᠢᠭᠡᠴᠢ ᠨᠢ ᠵᠢᠯ ᠪᠦᠷᠢ ᠲᠣᠰ ᠨᠢᠭᠡᠴᠢ ᠶᠢᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠱᠠᠲᠤ ᠳᠠᠷᠠᠭᠠᠯᠠᠨ ᠮᠡᠳᠡᠭᠦᠯᠦᠨ ᠬᠦᠷᠭᠡᠬᠦ ᠬᠡᠷᠡᠭᠲᠡᠶ᠃

  ᠡᠯ᠎ᠡ ᠰᠠᠯᠠᠭ᠎ᠠ ᠮᠥᠴᠢᠷ ᠨᠢ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠵᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠶ᠃

  ᠲᠠᠪᠢᠨ ᠵᠢᠷᠭᠤᠳᠤᠭᠠᠷ ᠵᠦᠢᠯ   ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠢᠯ ᠪᠦᠷᠢ ᠲᠣᠰ ᠱᠠᠲᠤᠨ ᠤ ᠪᠠ ᠳᠣᠣᠷ᠎ᠠ ᠱᠠᠲᠤᠨ ᠤ ᠪᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠬᠤᠷᠢᠶᠠᠩᠭᠤᠶᠢᠯᠠᠵᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠶ᠃

  ᠲᠠᠪᠢᠨ ᠳᠣᠯᠣᠳᠤᠭᠠᠷ ᠵᠦᠢᠯ   ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠬᠤ ᠶᠢ ᠨᠢ ᠬᠦᠯᠢᠶᠡᠵᠦ᠂ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠨ ᠵᠥᠪᠯᠡᠭᠡᠳ ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ᠂ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠳᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃

  ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠬᠤ ᠶᠢ ᠨᠢ ᠬᠦᠯᠢᠶᠡᠬᠦ ᠬᠡᠷᠡᠭᠲᠡᠶ᠃

  ᠲᠠᠪᠢᠨ ᠨᠠᠢᠮᠠᠳᠤᠭᠠᠷ ᠵᠦᠢᠯ    ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠳᠤᠤᠷ᠎ᠠ ᠱᠠᠲᠤᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠶ᠃

  ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠠᠳᠠᠯᠢ ᠱᠠᠲᠤᠨ ᠤ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠢᠶᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠳᠡᠯᠪᠢᠨ ᠪᠠᠶᠢᠴᠠᠭᠠᠵᠤ᠂ ᠬᠢᠨᠠᠯᠲᠠ ᠲᠠᠯᠪᠢᠵᠤ ᠪᠠᠶᠢᠴᠠᠭᠠᠭᠰᠠᠨ ᠳ᠋ᠦᠩ ᠢᠶᠠᠨ ᠬᠠᠤᠯᠢ ᠶᠣᠰᠣᠭᠠᠷ ᠨᠡᠶᠢᠭᠡᠮ ᠨᠡᠶᠢᠲᠡ ᠳᠤ ᠢᠯᠡ ᠪᠣᠯᠭᠠᠬᠤ ᠬᠡᠷᠡᠭᠲᠡᠶ᠃

  ᠬᠤᠰᠢᠭᠤ ᠰᠢᠶᠠᠨ ᠤ ᠱᠠᠲᠤᠨ ᠡᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠢᠨᠠᠨ ᠪᠤᠳᠤᠬᠤ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠠᠤᠯᠢ ᠶᠣᠰᠣᠭᠠᠷ ᠬᠢᠨᠠᠨ ᠪᠤᠳᠤᠯᠲᠠ ᠬᠢᠵᠦ ᠬᠢᠨᠠᠯᠲᠠ ᠲᠠᠯᠪᠢᠨ᠎ᠠ᠃

  ᠲᠠᠪᠢ ᠶᠢᠰᠦᠳᠦᠭᠡᠷ ᠵᠦᠢᠯ    ᠠᠷᠠᠳ ᠢᠷᠭᠡᠳ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ︽ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠭᠦᠷᠦᠩᠭᠡ ᠶᠢᠨ ᠬᠠᠮᠢᠶᠠᠷᠤᠯᠲᠠ ᠶᠢᠨ ᠲᠦᠷᠢᠮ ︾ ᠵᠢᠴᠢ ᠲᠣᠰ ᠠᠷᠭ᠎ᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠬᠤᠯᠪᠣᠭᠳᠠᠯ ᠪᠦᠭᠦᠢ ᠰᠠᠯᠠᠭ᠎ᠠ ᠮᠥᠴᠢᠷ ᠲᠤ ᠢᠯᠡᠴᠢᠯᠡᠬᠦ᠂ ᠵᠠᠭᠠᠯᠳᠣᠬᠤ ᠡᠷᠬᠡ ᠲᠠᠢ᠃ ᠢᠯᠡᠴᠢᠯᠡᠯᠲᠡ᠂ ᠵᠠᠭᠠᠯᠳᠤᠯᠭ᠎ᠠ ᠶᠢ ᠬᠦᠯᠢᠶᠡᠨ ᠠᠪᠤᠭᠰᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠠᠤᠯᠢ ᠶᠣᠰᠣᠭᠠᠷ ᠰᠢᠢᠳᠪᠦᠷᠢᠯᠡᠬᠦ ᠶᠢᠨ ᠬᠠᠮᠲᠤ ᠢᠯᠡᠴᠢᠯᠡᠭᠴᠢ᠂ ᠵᠠᠭᠠᠯᠳᠤᠭᠴᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠢ᠃

  ᠶᠠᠮᠠᠷᠪᠠ ᠨᠢᠭᠡᠴᠢ ᠪᠤᠶᠤ ᠬᠤᠪᠢ ᠬᠥᠮᠦᠨ ᠭᠡᠳ ᠢᠯᠡᠴᠢᠯᠡᠭᠴᠢ᠂ ᠵᠠᠭᠠᠯᠳᠤᠭᠴᠢ ᠳᠤ ᠳᠠᠷᠤᠯᠲᠠ ᠦᠵᠡᠭᠦᠯᠬᠦ ᠪᠠ ᠴᠣᠬᠢᠯᠲᠠ ᠥᠭᠴᠦ ᠬᠠᠷᠢᠭᠤ ᠠᠪᠴᠤ ᠪᠣᠯᠬᠤ ᠦᠭᠡᠢ᠃


  ᠳᠣᠯᠣᠳᠤᠭᠠᠷ ᠪᠦᠯᠦᠭ    ᠬᠠᠤᠯᠢ ᠴᠠᠭᠠᠵᠠ ᠶᠢᠨ ᠬᠠᠷᠢᠭᠤᠴᠠᠯᠭ᠎᠎ᠠ


  ᠵᠢᠷᠠᠳᠤᠭᠠᠷ ᠵᠦᠢᠯ    ᠲᠣᠰ ᠠᠷᠭ᠎ᠠ ᠶᠢᠨ ᠲᠣᠭᠲᠠᠭᠠᠯ ᠡᠴᠠ ᠵᠥᠷᠢᠴᠡᠭᠰᠡᠨ ᠦᠢᠯᠡ ᠠᠵᠢᠯᠯᠠᠭ᠎ᠠ ᠳᠤ᠂ ︽ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠦᠷᠢᠮ ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠶ ᠰᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠢᠢᠪᠠᠯ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠦᠨ᠎ᠡ᠃

  ᠵᠢᠷᠠᠨ ᠨᠢᠭᠡᠳᠦᠭᠡᠷ ᠵᠦᠢᠯ   ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠷᠢᠶ᠎ᠠ ᠨᠢᠭᠡᠴᠢ ᠶᠢᠨ ᠠᠵᠢᠯᠳᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠭᠦᠷᠦᠩᠭᠡ ᠶᠢᠨ ᠬᠠᠮᠢᠶᠠᠷᠤᠯᠲᠠ ᠶᠢᠨ ᠠᠵᠢᠯ ᠤᠨ ᠳᠤᠮᠳᠠ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠤ ᠪᠠᠨ ᠠᠯᠮᠠᠢᠢᠷᠠᠨ ᠣᠰᠣᠯᠳᠠᠭᠰᠠᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠤᠶᠤ ᠤᠯᠤᠰ ᠤᠨ ᠥᠮᠴᠢᠯᠡᠯᠲᠦ ᠡᠳ᠋ ᠭᠦᠷᠦᠩᠭᠡ ᠶᠢ ᠪᠦᠷᠢᠯᠭᠡᠨ ᠰᠦᠢᠳᠬᠡᠭᠰᠡᠨ ᠵᠡᠷᠭᠡ ᠬᠠᠤᠯᠢ ᠲᠣᠭᠲᠠᠭᠠᠯ ᠡᠴᠠ ᠵᠥᠷᠢᠴᠡᠭᠰᠡᠨ ᠦᠢᠯᠡ ᠠᠵᠢᠯᠯᠠᠭ᠎ᠠ ᠪᠠᠶᠢᠪᠠᠯ᠂ ᠬᠤᠯᠪᠣᠭᠳᠠᠯ ᠪᠦᠭᠦᠢ ᠰᠠᠯᠠᠭ᠎ᠠ ᠮᠥᠴᠢᠷ ᠡᠴᠠ ᠬᠠᠤᠯᠢ ᠶᠣᠰᠣᠭᠠᠷ ᠰᠢᠢᠳᠬᠡᠯ ᠥᠭᠭᠦᠨ᠎ᠡ︔ ᠶᠠᠯ᠎ᠠ ᠳᠤ ᠭᠦᠷᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃


  ᠨᠠᠢᠮᠠᠳᠤᠭᠠᠷ ᠪᠦᠯᠦᠭ    ᠳᠠᠭᠠᠯᠳᠤᠭᠤᠯᠤᠯ ᠳᠦᠷᠢᠮ


  ᠵᠢᠷᠠᠨ ᠬᠤᠶᠠᠳᠤᠭᠠᠷ ᠵᠦᠢᠯ   ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠢᠭᠤᠳ ᠵᠠᠬᠢᠷᠴᠤ ᠪᠠᠶᠢᠭ᠎ᠠ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ︽ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ︾ ᠵᠢᠴᠢ ᠲᠤᠰ ᠠᠷᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ ᠤᠯᠤᠰ ᠲᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ᠃

  ᠵᠢᠷᠠᠨ ᠭᠤᠷᠪᠠᠳᠤᠭᠠᠷ ᠵᠦᠢᠯ   ᠵᠣᠭᠤᠰᠣᠨ ᠤ ᠬᠡᠯᠪᠡᠷᠢ ᠪᠦᠭᠦᠢ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢ ᠲᠥᠰᠦᠪ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃

  ᠠᠵᠤ ᠠᠬᠤᠶᠢᠯᠠᠯ ᠤᠨ ᠡᠳ᠋ ᠤᠨ ᠶᠠᠪᠤᠳᠠᠯ᠂ ᠨᠢᠭᠲᠠᠯᠠᠨ ᠪᠤᠳᠤᠯᠲᠠ ᠶᠢᠨ ᠲᠦᠷᠢᠮ ᠢ ᠬᠡᠷᠡᠭᠵᠢᠭᠦᠯᠵᠦ ᠪᠠᠶᠢᠭ᠎ᠠ ᠠᠵᠢᠯ ᠦᠢᠯᠡᠰ ᠤᠨ ᠨᠢᠭᠡᠴᠢ ᠵᠢᠴᠢ ᠠᠵᠢᠯ ᠦᠢᠯᠡᠰ ᠤᠨ ᠨᠢᠭᠡᠴᠢ ᠶᠢᠨ ᠭᠠᠳᠠᠭᠰᠢ ᠪᠠᠨ ᠪᠠᠯᠠ ᠣᠷᠣᠭᠤᠯᠤᠭᠰᠠᠨ ᠪᠦᠷᠢᠨ ᠪᠡᠯᠡᠲᠦ ᠠᠵᠤ ᠠᠬᠤᠶᠢᠯᠠᠯ ᠪᠤᠶᠤ ᠬᠤᠪᠢ ᠡᠵᠡᠮᠳᠡᠭᠰᠡᠨ ᠠᠵᠤ ᠠᠬᠤᠶᠢᠯᠠᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠳᠤ ᠲᠣᠰ ᠠᠷᠭ᠎ᠠ ᠶᠢ ᠲᠣᠬᠢᠷᠠᠭᠤᠯᠤᠨ ᠬᠡᠷᠡᠭᠯᠡᠬᠦ ᠥᠬᠡᠶ᠃

  ᠵᠢᠷᠠᠨ ᠳᠥᠷᠪᠡᠳᠦᠭᠡᠷ ᠵᠦᠢᠯ    ᠤᠯᠠᠨ ᠨᠡᠶᠢᠲᠡ ᠶᠢᠨ ᠰᠠᠭᠤᠷᠢ ᠪᠡᠯᠡᠳᠬᠡᠮᠵᠢ᠂ ᠵᠠᠰᠠᠭ ᠤᠨ ᠣᠷᠳᠣᠨ ᠤ ᠨᠥᠭᠡᠴᠡᠯᠡᠭᠰᠡᠨ ᠡᠳ᠋ ᠪᠣᠳᠠᠰ᠂ ᠤᠯᠤᠰ ᠤᠨ ᠥᠮᠴᠢᠯᠡᠯᠲᠦ ᠲᠡᠦᠬᠡ ᠶᠢᠨ ᠳᠤᠷᠠᠰᠬᠠᠯᠲᠤ ᠵᠦᠢᠯᠡᠰ ᠰᠣᠶᠣᠯ ᠤᠨ ᠡᠳ᠋ ᠬᠦᠷᠦᠩᠭᠡ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠵᠡᠷᠭᠡ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃

  ᠵᠢᠷᠠᠨ ᠲᠠᠪᠤᠳᠤᠭᠠᠷ ᠵᠦᠢᠯ    ᠲᠣᠰ ᠠᠷᠭ᠎ᠠ ᠶᠢ 2023 ᠣᠨ ᠤ 3 ᠳ᠋ᠤᠭᠠᠷ ᠰᠠᠷ᠎ᠠ ᠶᠢᠨ 1 ᠤ ᠡᠳᠦᠷ ᠡᠴᠠ ᠡᠬᠢᠯᠡᠵᠦ ᠬᠡᠷᠡᠭᠵᠢᠭᠦᠯᠦᠨ᠎ᠡ᠃ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ ︾ ︵ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 181 ᠳᠤᠭᠡᠷ ᠲᠣᠭᠠᠲᠤ ︶ ᠶᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃



ᠭᠠᠷ ᠤᠲᠠᠰᠤ ᠪᠠᠷ ᠦᠵᠡᠬᠦ